11 ᠰᠠᠷ᠎ᠠ ᠶᠢᠨ 23 ᠤ ᠡᠳᠦᠷ᠂ ᠳ᠋ᠦᠩᠱᠧᠩ ᠲᠣᠭᠤᠷᠢᠭ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ | ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ | ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠤᠭᠤᠷᠢᠭ ᠤᠨ ᠤᠯᠤᠰ ᠲᠦᠷᠦ ᠶᠢᠨ | ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠤᠭᠤᠷᠢᠭ ᠤᠨ ᠳᠦᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ | ᠨᠠᠷ ᠬᠤᠷᠠᠯ ᠳᠤ ᠣᠷᠣᠯᠴᠠᠪᠠ᠃ | ᠬᠤᠷᠠᠯ ᠠᠴᠠ᠂ ᠬᠤᠲᠠ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠵᠤ᠂ ᠪᠥᠬᠦ ᠲᠤᠭᠤᠷᠢᠭ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ᠂ ᠣᠳᠣᠬᠠᠨ ᠳᠤ ᠪᠦᠬᠦ ᠲᠤᠭᠤᠷᠢᠭ ᠤᠨ ᠬᠢᠵᠢᠭ ᠤᠨ ᠪᠠᠶᠢᠳᠠᠯ ᠳᠤ ᠳᠠᠯᠳᠠ ᠠᠶᠤᠯ ᠲᠦᠭᠰᠢᠭᠦᠷᠢ ᠮᠥᠨᠬᠦ ᠣᠷᠣᠰᠢᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠳᠠᠯ ᠮᠥᠨᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ᠂ ᠭᠠᠳᠠᠨ᠎ᠠ ᠠᠴᠠ ᠬᠠᠯᠳᠠᠪᠤᠷᠢᠯᠠᠨ ᠤᠷᠤᠬᠤ ᠶᠢ ᠰᠡᠷᠭᠡᠶᠢᠯᠡᠬᠦ ᠳᠠᠷᠤᠯᠲᠠ | ᠦᠷᠭᠦᠯᠵᠢᠯᠡᠨ ᠨᠡᠮᠡᠭᠳᠡᠵᠦ ᠪᠠᠶᠢᠨ᠎ᠠ᠃ ᠪᠦᠬᠦ ᠲᠤᠭᠤᠷᠢᠭ ᠢᠶᠠᠷ ᠢᠶᠠᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠡᠷᠡᠰ ᠭᠤᠶᠢᠪᠢᠰᠢ ᠦᠭᠡᠢ | ᠪᠠᠷᠢᠮᠳᠠᠯᠠᠨ᠂ ︽ᠭᠠᠳᠠᠨ᠎ᠠ ᠠᠴᠠ ᠬᠠᠯᠳᠠᠪᠤᠷᠢᠯᠠᠨ ᠤᠷᠤᠬᠤ ᠶᠢ ᠰᠡᠷᠬᠡᠶᠢᠯᠡᠵᠤ᠂ ᠳᠣᠲᠣᠭᠠᠳᠤ ᠳᠠᠭᠠᠨ ᠳᠠᠬᠢᠨ ᠳᠠᠷᠬᠠᠬᠤ ᠶᠢ ᠰᠡᠷᠭᠡᠶᠢᠯᠡᠬᠦ︾ ᠶᠡᠷᠦᠩᠬᠡᠢ ᠠᠷᠭ᠎ᠠ | ᠪᠣᠳᠣᠯᠭ᠎ᠠ ᠪᠠ ︽ᠬᠥᠳᠡᠯᠦᠩᠭᠦᠢ ᠪᠠᠷ ᠦᠬᠡᠶᠢᠰᠬᠡᠬᠦ︾ ᠶᠡᠷᠦᠩᠬᠡᠢ ᠴᠢᠭᠯᠡᠯᠲᠡ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠪᠠᠨ | ᠰᠠᠶᠢᠳᠤᠷ ᠰᠠᠬᠢᠵᠤ᠂ ᠰᠠᠶᠢᠳᠤᠷ ᠭᠦᠢᠴᠡᠳᠬᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠡᠯ᠎ᠡ ᠪᠠᠶᠢᠭᠤᠯᠭ᠎ᠠ ᠨᠢᠭᠡᠴᠡ ᠡᠯ᠎ᠡ ᠰᠠᠯᠠᠭ᠎ᠠ ᠮᠥᠴᠢᠷ ᠤᠨ ᠬᠢᠨ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠤᠯᠪᠣᠭᠳᠠᠯ ᠪᠦᠬᠦᠢ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠨ᠂ ᠡᠯ᠎ᠡ ᠵᠦᠢᠯ ᠤᠨ ᠠᠵᠢᠯ ᠤᠨ | ᠬᠠᠷᠢᠭᠤᠴᠠᠯᠭ᠎ᠠ ᠪᠠᠨ ᠴᠢᠩᠭ᠎ᠠ ᠪᠤᠳᠠᠳᠠᠶᠢᠵᠢᠭᠤᠯᠵᠤ᠂ ᠬᠢᠯᠪᠡᠷ ᠪᠤᠰᠤ ᠪᠠᠷ ᠣᠯᠣᠭᠰᠠᠨ ᠰᠡᠷᠭᠡᠶᠢᠯᠡᠯᠲᠡ ᠶᠢᠨ ᠦᠷ᠎ᠡ ᠪᠦᠲᠦᠭᠡᠯ ᠢ ᠬᠦᠴᠦ ᠪᠠᠨ ᠬᠠᠮᠲᠤᠳᠬᠠᠵᠤ | ᠰᠠᠶᠢᠲᠤᠷ ᠰᠠᠬᠢᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠳᠠᠭᠠᠬᠤ ᠲᠣᠭᠲᠠᠴᠠ ᠶᠢ ᠪᠦᠬᠦ ᠲᠠᠯ᠎ᠠ ᠪᠠᠷ ᠡᠬᠢᠯᠡᠭᠦᠯᠵᠦ᠂ ᠥᠨᠳᠥᠷ | ᠪᠦᠲᠦᠮᠵᠢᠲᠡᠢ ᠠᠵᠢᠯᠯᠠᠬᠤ ᠶᠢ ᠪᠠᠳᠤᠯᠠᠨ᠂ ᠡᠯ᠎ᠡ ᠠᠵᠢᠯ ᠤᠨ ᠲᠤᠰᠬᠠᠢ ᠠᠩᠭᠢ 24 ᠴᠠᠭ ᠢᠶᠠᠷ ᠠᠵᠢᠯ ᠤᠨ ᠪᠠᠶᠢᠷᠢ ᠳᠠᠭᠠᠨ ᠵᠢᠵᠢᠭᠦᠷᠯᠡᠵᠦ᠂ ᠮᠡᠳᠡᠭᠡ ᠵᠠᠩᠭᠢ ᠶᠢ | ᠳᠡᠭᠡᠳᠤ ᠱᠠᠳᠤᠨ ᠳᠤ ᠮᠡᠳᠡᠬᠦᠯᠬᠦ ᠪᠠ ᠲᠤᠷᠤᠭᠰᠢ ᠳᠠᠮᠵᠢᠭᠤᠯᠬᠤ ᠶᠢ ᠪᠦᠲᠦᠮᠵᠢᠲᠡᠢ ᠰᠠᠶᠢᠲᠤᠷ ᠬᠢᠵᠦ᠂ ᠡᠮᠬᠢ ᠵᠢᠷᠤᠮ ᠲᠠᠢ ᠳᠤᠬᠢᠷᠠᠭᠤᠯᠤᠨ᠂ ᠡᠷᠴᠢᠮᠲᠡᠢ | ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠠᠵᠢᠯ ᠲᠥᠷᠥᠯ ᠭᠤᠣᠯᠳᠠᠯᠭ᠎ᠠ ᠲᠠᠢ ᠭᠠᠵᠠᠷ ᠤᠨ ᠬᠢᠵᠢᠭ ᠢ ᠰᠡᠷᠭᠡᠶᠢᠯᠡᠬᠦ ᠬᠠᠮᠢᠶᠠᠷᠤᠯᠲᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠰᠢᠶᠠᠨ ᠭᠠᠵᠠᠷ ᠤᠨ ᠳᠡᠰ ᠤᠨ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠵᠢᠯ ᠲᠥᠷᠥᠯ ᠢ ᠬᠠᠮᠢᠶᠠᠷᠬᠤ ᠳᠠᠭᠠᠨ ᠡᠷᠬᠡᠪᠰᠢ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠠᠮᠢᠶᠠᠷᠴᠤ᠂ ᠨᠡᠭᠦᠷᠡᠰᠦᠨ ᠤ ᠲᠡᠭᠡᠭᠡᠪᠦᠷᠢ᠂ ᠲᠦᠷᠭᠡᠨ ᠬᠦᠷᠭᠡᠯᠳᠡ ᠶᠢᠨ ᠪᠠᠷᠠᠭᠠᠨ ᠤ ᠬᠦᠢᠯᠬᠡᠬᠡ᠂ ᠠᠷᠠᠯᠵᠢᠶ᠎ᠠ | ᠬᠤᠳᠠᠯᠳᠤᠭᠠᠨ ᠤ ᠭᠦᠢᠯᠭᠡᠭᠡᠨ ᠵᠡᠷᠭᠡ ᠠᠵᠢᠯ ᠡᠷᠬᠢᠯᠡᠭᠰᠡᠳ ᠤᠨ ᠪᠠᠶᠢᠩᠭᠤ ᠶᠢᠨ ᠴᠢᠨᠠᠷᠲᠠᠢ ᠪᠥᠭᠡᠮ ᠬᠦᠴᠢᠯ ᠤᠨ ᠪᠠᠶᠢᠴᠠᠭᠠᠯᠳᠠ ᠶᠢᠨ ᠠᠵᠢᠯ ᠢ ᠴᠢᠩᠭ᠎ᠠ | ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠥᠮᠥᠰ ᠢ ᠪᠠᠶᠢᠴᠠᠭᠠᠵᠤ ᠬᠠᠮᠢᠶᠠᠷᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠡᠷ | ᠲᠤ ᠨᠢ ᠳᠤᠰᠭᠠᠷᠯᠠᠭᠤᠯᠬᠤ ᠪᠠ ᠳᠤᠰᠭᠠᠷᠯᠠᠭᠰᠠᠨ ᠬᠤᠭᠤᠴᠠᠭᠠᠨ ᠳᠠᠬᠢ ᠡᠷᠡᠭᠦᠯ ᠮᠡᠨᠳᠦ ᠶᠢ ᠬᠢᠨᠠᠨ ᠬᠡᠮᠵᠢᠵᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ᠂ ᠠᠳᠠᠯ ᠠᠬᠤᠢ ᠶᠢᠨ ᠤᠶᠢᠯᠡᠴᠢᠯᠡᠭᠡ᠂ ᠠᠵᠢᠯ ᠦᠢᠯᠡᠰ ᠤᠨ ᠵᠥᠪᠯᠡᠯ ᠤᠨ ᠦᠢᠯᠡᠳᠦᠯ ᠢ ᠭᠦᠢᠴᠡᠳ ᠵᠣᠬᠢᠶᠠᠨ | ᠪᠠᠶᠢᠭᠤᠯᠤᠨ ᠪᠠᠳᠠᠷᠠᠭᠤᠯᠵᠤ᠂ ᠲᠣᠥᠷᠵᠢᠭᠤᠯᠤᠭᠰᠠᠨ ᠬᠠᠮᠢᠶᠠᠷᠤᠯᠲᠠ ᠶᠢᠨ ᠳᠠᠪᠠᠭᠤᠯᠢᠭ ᠢ ᠠᠰᠢᠭᠯᠠᠨ᠂ ᠰᠠᠭᠤᠭᠠᠯᠢ ᠠᠷᠠᠳ ᠨᠠᠮ ᠤᠨ ᠭᠡᠰᠢᠭᠦᠳ ᠢ ᠳᠠᠶᠢᠴᠢᠯᠠᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠣᠷᠣᠯᠴᠠᠭᠤᠯᠵᠤ᠂ ᠪᠥᠭᠡᠮ ᠬᠦᠴᠢᠯ ᠤᠨ ᠥᠯᠢᠭᠡᠷ ᠠᠪᠬᠤ᠂ ᠨᠡᠶᠢᠭᠡᠮ ᠲᠣᠭᠤᠷᠢᠭ ᠠᠴᠠ | ᠬᠠᠮᠢᠶᠠᠷᠤᠨ ᠡᠵᠡᠮᠳᠡᠬᠦ ᠵᠡᠷᠭᠡ ᠠᠵᠢᠯ ᠢ ᠳᠠᠬᠢᠨ ᠳᠡᠭᠡᠭᠰᠢᠯᠡᠭᠦᠯᠬᠦ ᠶᠢ ᠠᠬᠢᠭᠤᠯᠬᠤ ᠶᠢᠨ ᠬᠠᠮᠲᠤ᠂ ᠨᠠᠰᠤᠳᠠᠶᠢᠴᠤᠳ᠂ ᠪᠠᠭᠠᠴᠤᠳ ᠬᠡᠤᠬᠡᠳ᠂ ᠡᠪᠡᠳᠴᠢᠨ ᠡᠮᠬᠡᠭ ᠲᠠᠢ | ᠬᠦᠮᠦᠰ᠂ ᠵᠡᠮᠲᠡᠭᠴᠤᠳ᠂ ᠵᠢᠷᠮᠦᠰᠦᠨ ᠵᠡᠷᠭᠡ ᠣᠨᠴᠠᠭᠠᠶ ᠬᠦᠮᠦᠰ ᠬᠠᠯᠠᠮᠵᠢᠯᠠᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠪᠦᠳᠦᠮᠵᠢᠳᠠᠢ ᠪᠦᠬᠡᠳ ᠬᠠᠷᠠᠭᠠᠯᠵᠠᠯ ᠬᠠᠯᠠᠮᠵᠢᠳᠠᠢ ᠬᠦᠢᠴᠡᠳᠬᠡᠬᠦ ᠬᠡᠷᠡᠭᠳᠠᠢ᠃ ᠡᠳᠦᠷ ᠤᠨ ᠲᠣᠬᠢᠷᠠᠭᠤᠯᠤᠯᠲᠠ ᠶᠢᠨ ᠲᠣᠭᠲᠠᠴᠠ ᠶᠢ | ᠴᠢᠩᠭᠠᠳᠬᠠᠵᠤ᠂ ᠡᠳᠦᠷ ᠪᠦᠷᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠶᠢᠨ ᠪᠠᠶᠢᠳᠠᠯ ᠢ ᠰᠤᠳᠤᠯᠤᠨ ᠮᠠᠭᠠᠳᠯᠠᠵᠤ ᠳ᠋ᠦᠩᠨᠡᠨ᠂ ᠠᠰᠠᠭᠤᠳᠠᠯ ᠢ | ᠰᠢᠢᠳᠪᠦᠷᠢᠯᠡᠵᠦ᠂ ᠵᠢᠯᠤᠭᠤᠳᠤᠯᠭ᠎ᠠ ᠳᠤᠬᠢᠷᠠᠭᠤᠯᠤᠯᠳᠠ ᠶᠢ ᠰᠢᠯᠤᠭᠤᠳᠬᠠᠵᠤ᠂ ᠬᠠᠮᠵᠢᠯᠴᠠᠭ᠎ᠠ ᠶᠢ ᠴᠢᠩᠭᠠᠳᠬᠠᠨ᠂ ᠬᠡᠷᠡᠭᠵᠢᠭᠦᠯᠦᠯᠲᠡ ᠶᠢ ᠪᠣᠳᠠᠲᠠᠶᠢᠵᠢᠭᠤᠯᠬᠤ | ᠬᠡᠷᠡᠭᠲᠡᠢ᠃ ᠣᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠨᠡᠶᠢᠭᠡᠮ ᠤᠨ ᠳᠠᠶᠢᠴᠢᠯᠠᠯᠲᠠ ᠪᠠ | ᠤᠬᠠᠭᠤᠯᠭ᠎ᠠ ᠶᠢ ᠴᠢᠩᠭᠠᠳᠬᠠᠨ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ᠂ ᠣᠯᠠᠨ ᠲᠦᠮᠡᠨ ᠢ ᠬᠥᠲᠥᠯᠥᠨ | ᠵᠢᠯᠤᠭᠤᠳᠴᠤ ᠪᠠᠶᠢᠭᠠᠳ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠬᠦᠯᠦᠨ᠂ ᠪᠥᠬᠦ ᠨᠡᠶᠢᠭᠡᠮ ᠢᠶᠠᠷ ᠢᠶᠠᠨ ᠬᠢᠵᠢᠭ ᠲᠠᠢ ᠲᠡᠮᠡᠴᠡᠬᠦ ᠬᠦᠴᠦᠷᠬᠡᠭ ᠶᠡᠭᠡ | ᠬᠠᠮᠳᠤᠷᠠᠯ ᠬᠦᠴᠦᠨ ᠢ ᠪᠤᠢ ᠪᠤᠯᠭᠠᠬᠤ ᠬᠡᠷᠡᠭᠳᠠᠢ᠃ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠡᠬᠢ ᠪᠠᠶᠠᠯᠢᠭ ᠢ ᠨᠢᠭᠡᠳᠬᠡᠵᠤ᠂ ᠬᠤᠯᠪᠤᠭᠠᠯᠠᠨ | ᠬᠥᠳᠡᠯᠦᠯᠴᠡᠵᠦ ᠱᠠᠯᠠᠪᠳᠠᠭᠤᠯᠤᠨ ᠪᠠᠶᠢᠴᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭ᠎ᠠ | ᠪᠣᠳᠠᠲᠠᠶᠢᠵᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠪᠠᠶᠢᠭ᠎ᠠ ᠨᠢᠭᠡᠳᠦᠭᠡᠷ ᠹᠷᠣᠨᠲ ᠤᠨ ᠬᠥᠮᠥᠰ ᠢ ᠬᠠᠯᠠᠮᠵᠢᠯᠠᠨ ᠬᠠᠶᠢᠷᠠᠯᠠᠵᠤ᠂ | ᠡᠬᠡᠯᠵᠢᠯᠡᠨ ᠵᠢᠵᠢᠬᠦᠷᠯᠡᠬᠦ ᠶᠢ ᠵᠤᠬᠢᠰᠳᠠᠢ ᠪᠠᠷ ᠳᠤᠬᠢᠷᠠᠭᠤᠯᠤᠨ᠂ ᠲᠡᠳᠡᠨ ᠤ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠵᠤ᠂ ᠢᠲᠡᠭᠡᠯ ᠵᠣᠷᠢᠭ ᠢ ᠨᠢ ᠬᠥᠪᠴᠢᠯᠡᠬᠦ | ᠬᠡᠷᠡᠭᠳᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠶᠢᠨ ᠬᠠᠮᠲᠤ ᠠᠶᠤᠯᠭᠦᠢ ᠦᠢᠯᠡᠳᠪᠦᠷᠢᠯᠡᠯ ᠤᠨ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠭᠠᠯ ᠤᠨᠲᠠᠷᠠᠭᠠᠬᠤ᠂ ᠠᠭᠤᠷᠬᠠᠢ᠂ ᠰᠢᠲᠠᠮᠠᠬᠠᠢ ᠬᠡᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠴᠠᠷᠠᠨ ᠤ ᠠᠶᠤᠯᠭᠦᠢ | ᠦᠢᠯᠡᠳᠪᠦᠷᠢᠯᠡᠯ ᠢ ᠲᠣᠪᠣᠶᠢᠮ᠎ᠠ ᠰᠠᠶᠢᠲᠤᠷ ᠠᠳᠬᠤᠨ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ | ᠬᠠᠮᠠᠭᠠᠯᠠᠬᠤ ᠬᠡᠷᠡᠭᠲᠡᠢ ᠭᠡᠵᠤ ᠴᠢᠬᠤᠯᠠᠴᠢᠯᠠᠪᠠ᠃ | | | |