ᠰᠤᠷᠪᠤᠯᠵᠢᠯᠠᠭᠴᠢ ᠳᠡᠭᠡᠷᠮ᠎ᠡ ᠶᠢᠨ ᠰᠢᠯᠢ ᠶᠢᠨ ᠭᠡᠰᠡᠭ ᠲᠤ ᠬᠦᠷᠬᠦ ᠳᠤ ᠠᠵᠢᠯᠴᠢᠳ ᠶᠠᠭ ᠰᠠᠶᠢᠬᠠᠨ LED | ᠵᠠᠮ ᠤᠨ ᠳ᠋ᠧᠩ ᠢ ᠤᠭᠰᠠᠷᠠᠵᠤ ᠪᠠᠶᠢᠪᠠ᠃ ᠣᠶᠢᠯᠠᠭᠠᠭᠰᠠᠨ ᠢᠶᠠᠷ᠂ ᠲᠣᠰ ᠵᠠᠮ ᠤᠨ ᠬᠡᠰᠡᠭ ᠲᠤ ᠤᠭᠰᠠᠷᠠᠭᠰᠠᠨ | LED ᠵᠠᠮ ᠤᠨ ᠳ᠋ᠧᠩ ᠨᠢ ᠠᠮᠤᠷ ᠲᠦᠪᠰᠢᠨ᠂ ᠡᠨᠧᠷᠭᠢ ᠠᠷᠪᠢᠯᠠᠬᠤ᠂ ᠣᠷᠴᠢᠨ ᠠᠬᠤᠢ ᠶᠢ ᠬᠠᠮᠠᠭᠠᠯᠠᠬᠤ᠂ | ᠬᠡᠷᠡᠭᠯᠡᠬᠦ ᠴᠠᠭ ᠨᠢ ᠤᠷᠳᠤ᠂ ᠵᠤᠬᠢᠴᠠᠯᠳᠤᠬᠤ ᠨᠢ ᠲᠦᠷᠭᠡᠨ ᠵᠡᠷᠭᠡ ᠳᠠᠪᠠᠭᠤᠯᠢᠭ ᠲᠠᠯ᠎ᠠ ᠲᠠᠢ᠃ | | | | | | | | | | | | ︽ᠠᠷᠠᠳ ᠤᠨ ᠠᠮᠢᠳᠤᠷᠠᠯ ᠢ ᠬᠠᠯᠠᠮᠵᠢᠯᠠᠬᠤ ᠶᠢᠨ ᠲᠤᠭᠤᠷᠢᠨ ᠳᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠨ᠎ᠠ᠃ | ᠲᠡᠭᠡᠷᠮ᠎ᠡ ᠶᠢᠨ ᠰᠢᠯᠢ ᠶᠢᠨ ᠭᠡᠰᠡᠭ ᠪᠠ ᠰᠢᠨ ᠲᠦᠩ ᠬᠦᠷᠢᠶᠡᠯᠡᠩ ᠲᠣᠭᠤᠷᠢᠭ ᠲᠤ ᠵᠠᠮ ᠤᠨ ᠳ᠋ᠧᠩ ᠤᠭᠰᠠᠷᠠᠬᠤ ᠶᠢ | ᠳ᠋ᠦᠩᠱᠧᠩ ᠲᠣᠭᠤᠷᠢᠭ ᠤᠨ 2022 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠪᠢᠯᠧᠲ ᠢᠶᠠᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠲᠤᠭᠳᠠᠭᠠᠬᠤ ᠲᠥᠷᠥᠯ | ᠵᠦᠢᠯ ᠤᠨ ᠨᠢᠭᠡ ᠪᠣᠯᠭᠠᠵᠤ᠂ ᠬᠤᠲᠠ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠬᠠᠷᠢᠭᠤᠴᠠᠵᠤ᠂ ᠨᠡᠶᠢᠲᠡ 589 | ᠰᠠᠭᠤᠷᠢ ᠵᠠᠮ ᠤᠨ ᠳ᠋ᠧᠩ ᠪᠠ 5 ᠬᠦᠴᠦᠳᠡᠯ ᠥᠭᠡᠷᠡᠴᠢᠯᠡᠭᠴᠢ ᠤᠭᠰᠠᠷᠠᠵᠤ᠂ ᠢᠨᠵᠧᠨᠧᠷᠢᠩ ᠢ 11 ᠰᠠᠷ᠎ᠠ ᠶᠢᠨ | ᠰᠡᠭᠦᠯᠴᠢ ᠪᠠᠷ ᠳᠠᠭᠤᠰᠬᠠᠵᠠᠢ︾ ᠭᠡᠵᠡᠢ᠃ | — ᠳ᠋ᠦᠩᠱᠧᠩ ᠲᠣᠭᠤᠷᠢᠭ ᠤᠨ ᠬᠤᠲᠠ ᠶᠢᠨ | ᠶᠠᠪᠤᠳᠠᠯ ᠤᠨ ᠠᠵᠢᠯ ᠦᠢᠯᠡᠰ ᠤᠨ ᠦᠢᠯᠡᠴᠢᠯᠡᠭᠡᠨ ᠤ ᠲᠥᠪ ᠤᠨ ᠳᠠᠩᠬᠢᠰ | | | | | | ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠨᠢ ᠲᠡᠭᠡᠷᠮ᠎ᠡ ᠶᠢᠨ ᠰᠢᠯᠢ ᠶᠢᠨ ᠭᠡᠰᠡᠭ ᠲᠤ 344᠂ ᠹᠦ᠋ ᠰᠢᠩ | ᠵᠠᠮ ᠳᠤ 181 ᠵᠠᠮ ᠤᠨ ᠳ᠋ᠧᠩ ᠢ ᠰᠢᠨ᠎ᠡ ᠪᠠᠷ ᠤᠭᠰᠠᠷᠠᠵᠤ᠂ ᠸᠧᠢ ᠰᠧ ᠯᠤ᠋ ᠳᠤ 64 ᠵᠠᠮ ᠤᠨ ᠳ᠋ᠧᠩ ᠢ | ᠰᠢᠨ᠎ᠡ ᠪᠠᠷ ᠤᠭᠰᠠᠷᠠᠵᠠᠢ᠃ ᠲᠥᠷᠥᠯ ᠵᠦᠢᠯ ᠤᠨ ᠬᠡᠷᠡᠭᠵᠢᠭᠦᠯᠦᠯᠲᠡ ᠨᠢ ᠬᠤᠲᠠ ᠶᠢᠨ ᠦᠢᠯᠡᠴᠢᠯᠡᠭᠡᠨ ᠤ | ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠨᠧᠷᠭᠢ ᠠᠷᠪᠢᠯᠠᠵᠤ ᠪᠣᠬᠢᠷᠳᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠠᠬᠢᠭᠤᠯᠵᠤ᠂ ᠣᠯᠠᠨ ᠲᠦᠮᠡᠨ ᠤ ᠰᠥᠨᠢ ᠪᠠᠷ ᠶᠠᠪᠤᠵᠤ | ᠰᠠᠭᠤᠬᠤ ᠳᠤ ᠨᠠᠩ ᠠᠮᠤᠷ ᠲᠦᠪᠰᠢᠨ ᠨᠠᠩ ᠳᠥᠭᠦᠮ ᠳᠥᠲᠡ ᠪᠤᠯᠭᠠᠵᠠᠢ᠃ | | |