ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2022/11/25
ᠨᠢᠭᠡ᠂ ᠭᠤᠤᠯ ᠳᠤᠰᠢᠶᠠᠯ ᠬᠠᠷᠢᠭᠤᠴᠠᠯᠭ᠎ᠠ     ︵ᠨᠢᠬᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠲᠠᠯ᠎ᠠ ᠪᠠᠷ ᠬᠠᠤᠯᠢ ᠪᠠᠷ ᠳᠤᠭᠤᠷᠢᠭ ᠢᠶᠠᠨ ᠵᠠᠰᠠᠬᠤ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢ ᠰᠤᠳᠤᠯᠬᠤ ᠡᠭᠦᠷᠬᠡ ᠶᠢ ᠡᠭᠦᠷᠭᠡᠯᠡᠵᠦ᠂ ᠬᠤᠯᠪᠣᠭᠳᠠᠯ ᠪᠥᠬᠦᠶ ᠲᠠᠯ᠎ᠠ ᠶᠢᠨ ᠬᠢᠨ ᠢ ᠵᠣᠬᠢᠴᠠᠭᠤᠯᠤᠨ ᠪᠥᠬᠦ ᠲᠠᠯ᠎ᠠ ᠪᠠᠷ ᠬᠠᠤᠯᠢ ᠪᠠᠷ ᠳᠤᠭᠤᠷᠢᠭ ᠢᠶᠠᠨ ᠵᠠᠰᠠᠬᠤ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢᠨ ᠰᠠᠨᠠᠭᠤᠯᠭ᠎ᠠ ᠶᠢ ᠳᠤᠷᠠᠳᠴᠤ᠂ ᠬᠠᠮᠢᠶ᠎ᠠ ᠪᠥᠬᠦᠶ ᠰᠢᠢᠳᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃     ︵ᠬᠤᠶᠠᠷ︶ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠡᠶᠢᠳᠡᠯᠡᠬᠦ ᠪᠤᠶᠤ ᠴᠤᠬᠤᠯᠠᠪᠤᠷᠢᠯᠠᠨ ᠳᠠᠮᠵᠢᠭᠤᠯᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠡᠯ᠎ᠡ ᠬᠦᠷᠢᠶᠡᠯᠡᠩ ᠲᠣᠭᠤᠷᠢᠭ᠂ ᠡᠯ᠎ᠡ ᠪᠠᠯᠭᠠᠰᠤ ᠵᠡᠭᠡᠯᠢ ᠭᠤᠳᠤᠮᠵᠢ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠬᠤ᠂ ᠨᠠᠶᠢᠷᠠᠭᠤᠯᠬᠤ ᠠᠵᠢᠯ ᠢ ᠳᠠᠭᠠᠭᠠᠨ ᠬᠢᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠠᠴᠠ ᠳᠣᠷᠣᠭᠰᠢ ᠪᠠᠭᠤᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ  ᠤᠨ ᠲᠥᠰᠦᠯ ᠤᠨ ᠰᠠᠨᠠᠯ ᠬᠤᠷᠢᠶᠠᠵᠤ  ᠶᠡᠷᠦᠩᠬᠡᠶᠢᠯᠡᠨ ᠬᠠᠷᠢᠭᠤ ᠮᠡᠳᠡᠬᠦᠯᠬᠦ ᠶᠢᠨ ᠠᠵᠢᠯ ᠢ ᠬᠠᠷᠢᠭᠤᠴᠠᠨ᠎ᠠ᠃      ︵ᠭᠤᠷᠪᠠ︶ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠤᠨ ᠡᠯ᠎ᠡ ᠬᠦᠷᠢᠶᠡᠯᠡᠩ ᠲᠣᠭᠤᠷᠢᠭ᠂ ᠡᠯ᠎ᠡ ᠪᠠᠯᠭᠠᠰᠤ ᠵᠡᠭᠡᠯᠢ ᠭᠤᠳᠤᠮᠵᠢ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠵᠢᠴᠢ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠵᠢᠯᠣᠭᠤᠳᠤᠨ᠂ ᠬᠢᠨᠠᠯᠲᠠ ᠲᠠᠯᠪᠢᠨ᠎ᠠ᠃ ᠳ᠋ᠦᠩᠱᠧᠩ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠬᠤᠯᠪᠣᠭᠳᠠᠯ ᠪᠥᠬᠦᠶ ᠠᠵᠢᠯ ᠢ ᠡᠭᠦᠷᠭᠡᠯᠡᠵᠦ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ ᠳ᠋ᠦᠩᠱᠧᠩ ᠲᠣᠭᠤᠷᠢᠭ ᠤᠨ ᠵᠠᠰᠠᠭ ᠵᠠᠬᠢᠷᠭᠠᠨ ᠤ ᠳᠠᠬᠢᠨ ᠵᠦᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠢᠶᠠᠷ ᠳᠠᠬᠢᠨ  ᠵᠦᠪᠯᠡᠬᠦ ᠪᠠ ᠵᠠᠷᠭᠤ ᠬᠦᠯᠢᠶᠡᠭᠰᠡᠨ ᠬᠡᠷᠡᠭ ᠢ ᠰᠢᠶᠳᠪᠦᠷᠢᠯᠡᠬᠦ ᠠᠵᠢᠯ ᠢ ᠬᠠᠷᠢᠭᠤᠴᠠᠨ᠎ᠠ᠃      ︵ᠲᠦᠷᠪᠡ︶ ᠬᠠᠤᠯᠢᠵᠢᠯ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠳ᠋ᠦᠩᠱᠧᠩ ᠲᠣᠭᠤᠷᠢᠭ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ ᠶᠢ ᠳᠤᠭᠤᠷᠪᠢᠨ ᠳᠤᠭᠳᠠᠭᠠᠬᠤ ᠶᠢ ᠬᠠᠷᠢᠭᠤᠴᠠᠵᠤ᠂ ᠬᠠᠤᠯᠢ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠲᠦᠮᠡᠨ ᠢ ᠬᠠᠤᠯᠢ ᠪᠠᠷ ᠵᠠᠰᠠᠬᠤ ᠪᠠᠶᠢᠭᠤᠯᠤᠯᠲᠠ ᠳᠤ ᠤᠷᠤᠯᠴᠠᠭᠤᠯᠬᠤ ᠪᠠ ᠬᠠᠤᠯᠢ ᠪᠠᠷ ᠵᠠᠰᠠᠬᠤ ᠪᠠᠶᠢᠭᠤᠯᠤᠯᠳᠠ ᠶᠢᠨ ᠠᠬᠢᠯᠳᠠ ᠶᠢ ᠠᠬᠢᠭᠤᠯᠤᠨ᠎ᠠ᠃ ᠳ᠋ᠦᠩᠱᠧᠩ ᠲᠣᠭᠤᠷᠢᠭ ᠤᠨ ᠬᠠᠤᠯᠢ ᠪᠠᠷ ᠵᠠᠰᠠᠬᠤ ᠪᠠ ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ ᠡᠶᠡᠳᠡᠭᠦᠯᠬᠦ ᠠᠵᠢᠯ ᠪᠠ ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ  ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠬᠠᠤᠯᠢ ᠴᠠᠭᠠᠵᠠ ᠶᠢᠨ ᠭᠠᠵᠠᠷ ᠤᠨ ᠪᠦᠳᠦᠬᠡᠨ ᠪᠠᠶᠢᠭᠤᠯᠤᠯᠲᠠ ᠶᠢ ᠠᠬᠢᠭᠤᠯᠤᠨ᠎ᠠ᠃      ︵ᠳᠠᠪᠤ︶ ᠳ᠋ᠦᠩᠱᠧᠩ ᠲᠣᠭᠤᠷᠢᠭ ᠤᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠢ ᠬᠠᠷᠢᠭᠤᠴᠠᠨ ᠵᠢᠯᠣᠭᠤᠳᠴᠤ ᠬᠠᠮᠢᠶᠠᠷᠤᠨ᠎ᠠ᠃ ᠳ᠋ᠦᠩᠱᠧᠩ ᠲᠣᠭᠤᠷᠢᠭ ᠤᠨ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ ᠢ ᠬᠠᠪᠰᠤᠷᠤᠨ ᠬᠥᠮᠦᠵᠢᠭᠦᠯᠵᠦ ᠲᠥᠪᠬᠢᠨᠡᠭᠦᠯᠬᠦ ᠠᠵᠢᠯ ᠢ ᠵᠢᠯᠣᠭᠤᠳᠤᠨ᠎ᠠ᠃      ︵ᠵᠢᠷᠭᠤᠭ᠎ᠠ︶ ᠳ᠋ᠦᠩᠱᠧᠩ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠳᠤᠭᠳᠠᠯᠴᠠᠭᠠᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠳᠤᠭᠤᠷᠪᠢᠨ ᠳᠤᠭᠳᠠᠭᠠᠬᠤ ᠶᠢ ᠬᠠᠷᠢᠭᠤᠴᠠᠬᠤ ᠶᠢᠨ ᠬᠠᠮᠲᠤ ᠵᠢᠯᠣᠭᠤᠳᠤᠨ ᠬᠡᠷᠡᠭᠵᠢᠬᠦᠯᠵᠤ᠂ ᠬᠤᠲᠠ ᠬᠥᠳᠡᠭᠡ᠂ ᠣᠷᠣᠨ ᠪᠦᠰᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠪᠠ ᠪᠠᠶᠢᠷᠢᠯᠠᠭᠤᠯᠤᠨ᠎ᠠ᠃ ᠳ᠋ᠦᠩᠱᠧᠩ ᠲᠣᠭᠤᠷᠢᠭ ᠤᠨ ᠬᠠᠤᠯᠢᠴᠢ᠂ ᠬᠠᠤᠯᠢ ᠴᠠᠭᠠᠵᠠ  ᠶᠢᠨ ᠲᠤᠰᠠᠯᠠᠮᠵᠢ᠂ ᠠᠯᠪᠠᠨ ᠭᠡᠷᠡᠴᠢᠯᠡᠭᠡ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠶᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠭᠤᠶᠤᠴᠢᠯᠠᠯ ᠢ ᠬᠦᠯᠢᠶᠡᠨ ᠠᠪᠴᠤ ᠰᠢᠶᠳᠪᠦᠷᠢᠯᠡᠬᠦ ᠪᠠ ᠬᠢᠨᠠᠨ ᠪᠠᠶᠢᠴᠠᠭᠠᠬᠤ ᠶᠢ ᠬᠠᠷᠢᠭᠤᠴᠠᠵᠤ᠂ ᠳᠤᠬᠠᠢ ᠶᠢᠨ ᠬᠥᠮᠦᠨ ᠳᠤ ᠲᠤᠰᠠᠯᠠᠬᠤ ᠬᠠᠤᠯᠢᠴᠢ ᠲᠣᠮᠢᠯᠠᠨ᠎ᠠ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠬᠡᠷᠡᠭᠵᠢᠭᠦᠯᠬᠦ ᠶᠢ ᠬᠠᠷᠢᠭᠤᠴᠠᠵᠤ᠂ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ᠂ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠨ ᠤᠷᠢᠬᠤ᠂ ᠵᠣᠬᠢᠶᠠᠨ ᠪᠠᠶᠢᠭᠤᠯᠬᠤ᠂ ᠬᠠᠮᠢᠶᠠᠷᠬᠤ ᠠᠵᠢᠯ ᠢ ᠡᠭᠦᠷᠭᠡᠯᠡᠨ᠎ᠡ᠃ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ ᠶᠢᠨ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃      ︵ᠳᠤᠯᠤᠭ᠎ᠠ︶ ᠳ᠋ᠦᠩᠱᠧᠩ ᠲᠣᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠲᠣᠨᠤᠭ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠳ᠋ᠦᠩᠱᠧᠩ ᠲᠣᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ᠂ ᠲᠠᠯᠠᠪᠤᠷ ᠵᠡᠷᠭᠡ ᠪᠠᠲᠤᠯᠠᠭ᠎ᠠ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃      ︵ᠨᠠᠢᠮᠠ︶ ᠳ᠋ᠦᠩᠱᠧᠩ ᠲᠣᠭᠤᠷᠢᠭ ᠤᠨ ᠬᠠᠤᠯᠢ ᠪᠠᠷ ᠵᠠᠰᠠᠬᠤ ᠴᠢᠳᠠᠪᠤᠷᠢᠲᠠᠨ ᠤ  ᠡᠩᠨᠡᠬᠡᠨ ᠤ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠲᠦᠯᠦᠪᠵᠢᠬᠦᠯᠬᠦ᠂ ᠵᠤᠬᠢᠴᠠᠭᠤᠯᠬᠤ᠂ ᠵᠢᠯᠤᠭᠤᠳᠬᠤ ᠶᠢ ᠬᠠᠷᠢᠭᠤᠴᠠᠵᠤ᠂ ᠳ᠋ᠦᠩᠱᠧᠩ ᠲᠣᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠬᠡᠨ ᠤ ᠪᠠᠶᠢᠭᠤᠯᠤᠯᠲᠠ ᠶᠢ ᠵᠢᠯᠣᠭᠤᠳᠴᠤ᠂ ᠬᠢᠨᠠᠯᠲᠠ ᠲᠠᠯᠪᠢᠨ᠎ᠠ᠃ ᠳ᠋ᠦᠩᠱᠧᠩ ᠲᠣᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠪᠠ ᠴᠠᠭᠳᠠᠭᠠᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃      ︵ᠶᠢᠰᠤ︶ ᠳ᠋ᠦᠩᠱᠧᠩ ᠲᠣᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠴᠢᠯᠠᠯᠲᠠ ᠶᠢᠨ ᠠᠵᠢᠯ ᠢ ᠲᠥᠯᠥᠪᠵᠢᠭᠦᠯᠵᠦ᠂ ᠬᠡᠷᠡᠭᠵᠢᠭᠦᠯᠵᠦ᠂ ᠵᠢᠯᠣᠭᠤᠳᠤᠨ᠎ᠠ᠃      ︵ᠠᠷᠪᠠ︶ ᠳᠤᠭᠤᠷᠢᠭ ᠤᠨ ᠨᠠᠮ ᠤᠨ ᠬᠤᠷᠢᠶ᠎ᠠ᠂ ᠳᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠶᠯᠡᠰ ᠢ ᠪᠡᠶᠡᠯᠡᠭᠦᠯᠦᠨ᠎ᠡ᠃ ᠬᠤᠶᠠᠷ᠂ ᠪᠠᠶᠢᠭᠤᠯᠤᠮᠵᠢ ᠶᠢᠨ ᠳᠤᠬᠢᠷᠠᠭᠤᠯᠤᠯᠳᠠ ᠶᠢᠨ ᠪᠠᠶᠢᠳᠠᠯ      ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠪᠣᠯ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ  ᠤ ᠠᠵᠢᠯ ᠤᠨ ᠰᠠᠯᠠᠭ᠎ᠠ ᠮᠥᠴᠢᠷ ᠪᠣᠯᠤᠨ᠎ᠠ︔ ᠪᠠᠶᠢᠭᠤᠯᠭ᠎ᠠ ᠶᠢᠨ ᠳᠣᠲᠣᠭᠠᠳᠤ ᠳᠤ ᠤᠯᠤᠰ ᠲᠦᠷᠦ ᠶᠢᠨ ᠬᠡᠯᠲᠡᠰ᠂ ᠠᠯᠪᠠᠨ ᠬᠡᠷ᠂ ᠬᠠᠤᠯᠢ ᠲᠦᠷᠢᠮ ᠤᠨ ᠳᠠᠰᠤᠭ᠂ ᠬᠠᠤᠯᠢ ᠲᠦᠭᠡᠮᠡᠯᠵᠢᠭᠦᠯᠬᠦ ᠪᠠ ᠬᠠᠤᠯᠢ ᠪᠠᠷ ᠵᠠᠰᠠᠬᠤ ᠲᠠᠰᠤᠭ᠂ ᠠᠷᠠᠳ ᠲᠦᠮᠡᠨ ᠣᠷᠣᠯᠴᠠᠬᠤ ᠪᠠ ᠬᠠᠤᠯᠢ ᠪᠠᠷ ᠵᠠᠰᠠᠬᠤ ᠶᠢ ᠠᠬᠢᠭᠤᠯᠬᠤ ᠲᠠᠰᠤᠭ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠬᠠᠮᠢᠶᠠᠷᠤᠯᠲᠠ ᠶᠢᠨ ᠲᠠᠰᠤᠭ᠂ ᠬᠠᠤᠯᠢᠴᠢ ᠠᠯᠪᠠᠨ ᠭᠡᠷᠡᠴᠢᠯᠡᠭᠡ ᠶᠢᠨ ᠬᠠᠮᠢᠶᠠᠷᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠬᠢᠴᠢᠯᠠᠯᠳᠠ ᠶᠢᠨ ᠲᠠᠰᠤᠭ ᠵᠡᠷᠬᠡ 7 ᠰᠠᠯᠠᠭ᠎ᠠ ᠲᠠᠰᠤᠭ ᠲᠠᠢ᠃ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ 15 ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠢ ᠳᠤᠮᠢᠯᠠᠵᠤ ᠪᠤᠢ᠂ ᠲᠣᠰ ᠲᠣᠰ ᠪᠤᠷᠵᠠᠩ ᠨᠠᠭᠤᠷ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠬᠠᠨᠲᠠᠶ ᠪᠠᠯᠭᠠᠰᠤᠨ  ᠤ ᠬᠠᠤᠯᠢ ᠴᠠᠭᠠᠵᠠ ᠶᠢᠨ ᠭᠠᠵᠠᠷ᠂ ᠲᠦᠩᠴᠦᠸᠠᠨ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠪᠠᠶᠠᠨᠮᠥ᠋ᠩᠬᠡ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ᠂ ᠥᠭᠡᠯᠦᠨ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ᠂ ᠲᠢᠶᠠᠨ ᠵᠢᠶᠤᠤ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ᠂ ᠵᠠᠮ ᠬᠠᠷᠢᠯᠴᠠᠭᠠᠨ ᠤ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ᠂ ᠪᠦᠳᠦᠬᠡᠨ ᠪᠠᠶᠢᠭᠤᠯᠤᠯᠳᠠ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ᠂ ᠴᠡᠴᠡᠷᠯᠢᠭ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ᠂ ᠯᠢᠨ ᠶᠢᠨ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ᠂ ᠹᠦ᠋ ᠰᠢᠩ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ᠂ ᠨᠡᠬᠡᠮᠡᠯ ᠤᠨ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ᠂ ᠰᠢᠩ ᠹᠦ᠋ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ᠂ ᠰᠢᠩ ᠱᠧᠩ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ᠂ ᠦᠨᠳᠦᠰᠦᠲᠡᠨ ᠤ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ ᠪᠤᠯᠤᠨ᠎ᠠ᠃ ᠳᠣᠤᠷ᠎ᠠ ᠨᠢ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠪᠠ ᠵᠦᠩ ᠰᠢᠨ ᠠᠯᠪᠠᠨ ᠭᠡᠷᠡᠴᠢᠯᠡᠭᠡ ᠶᠢᠨ ᠭᠠᠵᠠᠷ ᠬᠡᠬᠦ 2 ᠬᠤᠶᠠᠳᠤᠭᠠᠷ ᠳᠡᠰ ᠤᠨ  ᠪᠠᠶᠢᠭᠤᠯᠭ᠎ᠠ ᠨᠢᠬᠡᠴᠡ ᠲᠠᠢ᠃ ᠭᠤᠷᠪᠠ᠂ ᠠᠵᠢᠯᠯᠠᠬᠤ ᠭᠠᠵᠠᠷ      ᠳ᠋ᠦᠩᠱᠧᠩ ᠲᠣᠭᠤᠷᠢᠭ ᠤᠨ ᠡᠵᠡᠨ ᠬᠤᠷᠤᠭ᠎ᠠ ᠪᠠᠷᠠᠭᠤᠨ ᠵᠡᠭᠡᠯᠢ ᠶᠢᠨ 39 ᠳ᠋ᠦ᠋ᠭᠡᠷ ᠨᠣᠮᠧᠷ ᠲᠦᠷᠪᠡ᠂ ᠠᠵᠢᠯᠯᠠᠬᠤ ᠴᠠᠭ      ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ( ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ )      ᠵᠣᠨ ᠤ ᠤᠯᠠᠷᠢᠯ᠄ 8᠄ 30 — 12᠄ 00︔ 15᠄ 00 — 18᠄ 00      ᠡᠪᠦᠯ ᠤᠨ ᠤᠯᠠᠷᠢᠯ᠄ 8᠄ 30 — 12᠄ 00︔ 14᠄ 30 — 17᠄ 30 ᠳᠠᠪᠤ᠂ ᠬᠠᠷᠢᠯᠴᠠᠬᠤ ᠤᠲᠠᠰᠤ      0477 — 8328375
ᠢᠷᠡᠯᠲᠡ᠄ ᠳᠤᠰ ᠰᠦᠯᠵᠢᠶ᠎ᠡ