ᠳ᠋ᠦᠩᠱᠧᠩ ᠲᠣᠭᠤᠷᠢᠭ ᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ 2022 ᠣᠨ ᠤ 28 ᠳ᠋ᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/27
     11 ᠰᠠᠷ᠎ᠠ ᠶᠢᠨ 26 ᠤ ᠡᠳᠦᠷ᠂ ᠳ᠋ᠦᠩᠱᠧᠩ ᠲᠣᠭᠤᠷᠢᠭ ᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ‌ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ 2022 ᠣᠨ ᠤ 28 ᠳ᠋ᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠣᠳᠣᠬᠠᠨ ᠤ ᠮᠠᠨ ᠤ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠪᠠᠶᠢᠭ᠎ᠠ ᠪᠠᠶᠢᠳᠠᠯ ᠢ ᠭᠦᠨᠵᠡᠭᠡᠢ ᠵᠠᠳᠠᠯᠤᠨ ᠰᠤᠳᠤᠯᠵᠤ ᠮᠠᠭᠠᠳᠯᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠲᠤᠬᠠᠢ ᠳᠠᠬᠢᠨ ᠲᠣᠬᠢᠷᠠᠭᠤᠯᠤᠯᠲᠠ᠂ ᠪᠠᠶᠢᠷᠢᠯᠠᠭᠤᠯᠤᠯᠲᠠ ᠬᠢᠪᠡ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠬᠠᠨ ᠲᠤᠸ ᠬᠤᠷᠠᠯ ᠢ ᠡᠷᠭᠢᠯᠡᠪᠡ᠃     ᠬᠠᠨ ᠲᠤᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠰᠡᠷᠭᠡᠭ ᠢᠶᠠᠷ ᠲᠠᠨᠢᠵᠤ᠂ ᠢᠲᠡᠭᠡᠯ ᠵᠣᠷᠢᠭ ᠢᠶᠠᠨ ᠪᠠᠲᠤᠳᠬᠠᠨ᠂ ᠡᠷᠴᠢ ᠵᠣᠷᠢᠭ ᠢᠶᠠᠨ ᠬᠥᠪᠴᠢᠯᠡᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠢ ᠪᠥᠭᠡᠳ ᠨᠠᠷᠢᠯᠢᠭ ᠠᠳᠬᠤᠵᠤ᠂ ᠨᠡᠶᠢᠭᠡᠮ ᠤᠨ ᠲᠠᠯ᠎ᠠ ᠠᠴᠠ ᠴᠡᠪᠡᠷᠯᠡᠨ ᠠᠷᠢᠯᠭᠠᠬᠤ ᠬᠠᠷᠠᠯᠲᠠ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠢ᠃ ᠪᠥᠭᠡᠮ ᠬᠦᠴᠢᠯ ᠤᠨ ᠥᠯᠢᠭᠡᠷ ᠠᠪᠴᠤ ᠪᠠᠶᠢᠴᠠᠭᠠᠨ ᠰᠢᠯᠭᠠᠬᠤ ᠴᠢᠳᠠᠪᠤᠷᠢ ᠶᠢ ᠲᠦᠷᠭᠡᠳᠬᠡᠨ ᠳᠡᠭᠡᠭᠰᠢᠯᠡᠭᠦᠯᠵᠦ᠂ ᠪᠥᠭᠡᠮ ᠬᠦᠴᠢᠯ ᠤᠨ ᠥᠯᠢᠭᠡᠷ ᠠᠪᠬᠤ ᠶᠢ ᠵᠢᠷᠤᠮᠵᠢᠭᠤᠯᠤᠨ ᠥᠷᠨᠢᠭᠦᠯᠵᠦ᠂ ᠥᠯᠢᠭᠡᠷ ᠠᠪᠬᠤ ᠲᠤᠬᠠᠢ ᠶᠢᠨ ᠲᠠᠯᠠᠪᠤᠷ ᠤᠨ ᠡᠮᠬᠢ ᠳᠢᠭᠯᠢᠮ ᠢ ᠰᠠᠶᠢᠲᠤᠷ ᠬᠠᠮᠠᠭᠠᠯᠠᠨ᠂ ︽ᠴᠤᠭᠯᠠᠭᠤᠯᠬᠤ ᠬᠦᠷᠭᠡᠬᠦ ᠪᠠᠶᠢᠴᠠᠭᠠᠨ ᠮᠡᠳᠡᠭᠦᠯᠬᠦ︾ ᠴᠤᠪᠤᠷᠠᠯ ᠢ ᠰᠢᠯᠢᠳᠡᠭᠵᠢᠭᠦᠯᠵᠦ᠂ ᠬᠦᠴᠦᠨ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠪᠠᠶᠢᠴᠠᠭᠠᠨ ᠰᠢᠯᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠮᠤᠷ ᠲᠦᠪᠰᠢᠨ ᠢ ᠵᠢᠷᠤᠮᠵᠢᠭᠤᠯᠤᠨ᠂ ᠲᠦᠷᠭᠡᠨ ᠪᠠᠶᠢᠴᠠᠭᠠᠵᠤ ᠲᠦᠷᠭᠡᠨ ᠭᠠᠷᠭᠠᠬᠤ ᠶᠢ ᠪᠡᠶᠡᠯᠡᠭᠦᠯᠬᠦ ᠬᠡᠷᠡᠭᠲᠡᠢ᠃ ︽ᠨᠢᠭᠡ ᠲᠠᠯᠠᠪᠤᠷ ᠬᠤᠶᠠᠷ ᠥᠷᠲᠡᠭᠡ︾᠂ ᠵᠠᠮ ᠬᠠᠷᠢᠯᠴᠠᠭᠠᠨ ᠤ ᠪᠣᠭᠤᠮᠲᠠ ᠶᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠦᠷᠦᠭᠰᠡᠨ ᠭᠠᠵᠠᠷ ᠳᠠᠬᠢ ᠰᠢᠯᠭᠠᠭᠤᠯᠬᠤ᠂ ᠪᠠᠶᠢᠴᠠᠭᠠᠬᠤ᠂ ᠬᠠᠮᠢᠶᠠᠷᠬᠤ ᠵᠡᠷᠭᠡ ᠡᠯ᠎ᠡ ᠵᠦᠢᠯ ᠤᠨ ᠠᠵᠢᠯ ᠢ ᠴᠢᠩᠭ᠎ᠠ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠵᠤ᠂ ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠷᠲᠡᠭᠡ᠂ ᠦᠢᠯᠡᠴᠢᠯᠡᠭᠡᠨ ᠤ ᠲᠣᠭᠤᠷᠢᠭ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠠᠵᠢᠯᠲᠠᠨ ᠤ ᠪᠢᠳᠡᠬᠦᠮᠵᠢᠯᠡᠭᠰᠡᠨ ᠬᠠᠮᠢᠶᠠᠷᠤᠯᠲᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠨ ᠤᠷᠤᠬᠤ  ᠶᠢ ᠰᠡᠷᠬᠡᠶᠢᠯᠡᠬᠦ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ ᠬᠤᠳᠠ ᠶᠢᠨ ᠲᠡᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠢᠨᠠᠨ ᠵᠢᠯᠤᠭᠤᠳᠴᠤ ᠭᠠᠵᠠᠷ ᠤᠨ ᠬᠠᠷᠢᠭᠤ ᠳᠤᠰᠬᠠᠭᠰᠠᠨ ᠠᠰᠠᠭᠤᠳᠠᠯ ᠢ ᠳᠠᠷᠤᠶᠢᠬᠠᠨ ᠬᠡᠷᠡᠭᠵᠢᠭᠦᠯᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠪᠦᠬᠦ ᠲᠠᠯ᠎ᠠ ᠪᠠᠷ ᠳᠤᠲᠠᠭᠤ ᠶᠢ ᠪᠠᠶᠢᠴᠠᠭᠠᠨ ᠨᠥᠬᠦᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠳᠤᠷ ᠬᠢᠬᠦ ᠬᠡᠷᠡᠭᠲᠡᠢ᠃ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠠᠳᠬᠤᠵᠤ᠂ ᠲᠦᠭᠰᠢᠭᠦᠷᠢ ᠲᠠᠢ ᠬᠥᠮᠥᠰ ᠢ ᠲᠦᠷᠦᠯ ᠬᠤᠪᠢᠶᠠᠨ ᠬᠠᠮᠢᠶᠠᠷᠤᠨ ᠡᠵᠡᠮᠳᠡᠵᠦ᠂ ᠡᠬᠢ ᠡᠬᠦᠰᠦᠯ ᠢ ᠨᠢ ᠡᠷᠢᠬᠦ᠂ ᠲᠤᠰᠠᠭᠠᠷᠯᠠᠵᠤ ᠰᠢᠯᠵᠢᠭᠦᠯᠦᠨ ᠲᠡᠭᠡᠭᠡᠪᠦᠷᠢᠯᠡᠬᠦ ᠵᠡᠷᠭᠡ ᠠᠵᠢᠯ ᠤᠨ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠵᠦ᠂ ᠲᠥᠪᠯᠡᠷᠡᠭᠦᠯᠦᠨ ᠲᠤᠰᠠᠭᠠᠷᠯᠠᠬᠤ᠂ ᠭᠡᠷ  ᠲᠤᠨᠢ ᠲᠤᠰᠠᠭᠠᠷᠯᠠᠬᠤ᠂ ᠭᠡᠷ ᠲᠤᠨᠢ ᠡᠷᠡᠭᠦᠯ ᠮᠡᠨᠳᠤ ᠶᠢᠨ ᠬᠢᠨᠠᠨ ᠪᠠᠶᠢᠴᠠᠭᠠᠯᠳᠠ ᠬᠢᠬᠦ ᠵᠡᠷᠭᠡ ᠠᠵᠢᠯ ᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ᠂ ᠬᠠᠮᠵᠢᠯᠴᠠᠬᠤ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ ᠭᠡᠵᠤ ᠬᠡᠯᠡᠪᠡ᠃     ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃
ᠢᠷᠡᠯᠲᠡ᠄ ᠲᠤᠰ ᠰᠦᠯᠵᠢᠶ᠎ᠠ