ᠳ᠋ᠦᠩᠱᠧᠩ ᠲᠣᠭᠤᠷᠢᠭ ᠤᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2022/11/28
    ᠳ᠋ᠦᠩᠱᠧᠩ ᠲᠣᠭᠤᠷᠢᠭ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠡᠮᠦᠨ᠎ᠡ ᠪᠡᠶ᠎ᠡ ᠳᠤ ᠪᠠᠶᠢᠷᠢᠯᠠᠵᠤ᠂ ᠬᠠᠳᠤᠨ ᠭᠤᠤᠯ ᠤᠨ ︽几︾ ᠦᠰᠦᠭ ᠤᠨ ᠲᠤᠬᠤᠢ ᠳᠤ ᠤᠷᠤᠰᠢᠵᠤ ᠪᠤᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠥᠬᠡᠬᠤᠲᠠ ᠪᠤᠭᠤᠲᠤ ᠣᠷᠳᠣᠰ︾ ᠤᠨ ᠠᠵᠤ ᠠᠬᠤᠶ ᠶᠢᠨ ᠠᠯᠲᠠᠨ ᠭᠤᠷᠪᠠᠯᠵᠢᠨ ᠤᠷᠤᠨ ᠤ ᠨᠢᠭᠡ ᠦᠨᠴᠦᠭ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠬᠤᠲᠠ ᠶᠢᠨ ᠴᠤᠭᠯᠠᠷᠠᠯ ᠤᠨ ᠭᠤᠤᠯ ᠵᠠᠩᠭᠢᠯᠠᠭ᠎ᠠ ᠴᠡᠭ ᠤᠨ ᠬᠤᠲᠠ ᠪᠣᠯᠤᠨ᠎ᠠ᠃ ᠮᠥᠨ ᠴᠦ ᠪᠦᠬᠦ ᠬᠤᠲᠠ ᠶᠢᠨ  ᠭᠤᠤᠯᠳᠠᠯᠭᠠᠳᠤ ᠬᠤᠲᠠ ᠲᠣᠭᠤᠷᠢᠭ ᠤᠨ ᠭᠤᠣᠯ ᠲᠣᠭᠤᠷᠢᠭ ᠪᠣᠯᠤᠨ᠎ᠠ᠃    ᠳ᠋ᠦᠩᠱᠧᠩ ᠲᠤᠭᠤᠷᠢᠭ ᠤᠨ ᠶᠡᠷᠦᠩᠬᠡᠶ ᠲᠠᠯᠠᠪᠠᠢ ᠨᠢ 2160 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠬᠠᠷᠢᠶᠠᠨ ᠳᠤ ᠨᠢ 3 ᠪᠠᠯᠭᠠᠰᠤ᠂ 12 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ 3 ᠬᠦᠷᠢᠶᠡᠯᠡᠩ ᠲᠣᠭᠤᠷᠢᠭ ᠲᠠᠢ ᠪᠠᠶᠢᠵᠤ᠂ 60 ᠲᠦᠮᠡᠨ ᠬᠦᠮᠦᠨ ᠠᠮᠠ ᠲᠠᠢ᠂ ᠡᠬᠦᠨ ᠳᠤ ᠬᠢᠲᠠᠳ᠂ ᠮᠣᠩᠭᠤᠯ᠂ ᠬᠤᠲᠣᠩ ᠵᠡᠷᠭᠡ 21 ᠦᠨᠳᠦᠰᠦᠲᠡᠨ ᠪᠤᠢ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 712.6 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 47.2 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠨᠡᠶᠢᠬᠡᠮ ᠤᠨ ᠬᠡᠷᠡᠭᠯᠡᠭᠡᠨ ᠤ ᠲᠦᠷᠦᠯ ᠤᠨ ᠵᠢᠵᠢᠭᠯᠡᠨ ᠪᠤᠷᠤᠯᠠᠭᠤᠯᠤᠭᠰᠡᠨ ᠶᠡᠷᠦᠩᠬᠡᠶ ᠲᠤᠭ᠎ᠠ 260.9 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠤᠷᠤᠯᠭ᠎ᠠ ᠨᠢ 51483 ᠲᠥᠭᠦᠷᠢᠭ᠂ ᠭᠤᠷᠪᠠᠨ ᠠᠵᠤ ᠤᠶᠢᠯᠡᠰ ᠤᠨ ᠪᠦᠲᠦᠴᠡ ᠶᠢᠨ ᠬᠠᠷᠢᠴᠠᠯ ᠨᠢ 0.2᠄ 36.5 ᠄ 63.3 ᠪᠠᠶᠢᠵᠤ᠂ ᠭᠠᠵᠠᠷ ᠣᠷᠣᠨ ᠤ ᠶᠠᠷᠦᠩᠬᠡᠶᠢᠯᠡᠭᠰᠡᠨ ᠪᠣᠳᠠᠲᠤ ᠬᠦᠴᠦᠨ ᠨᠢ ᠪᠥᠬᠦ ᠤᠯᠤᠰ ᠤᠨ ᠬᠤᠲᠠ ᠶᠢᠨ ᠬᠠᠷᠢᠶᠠᠨ ᠤ ᠵᠠᠭᠤᠨ ᠬᠦᠴᠦᠷᠬᠡᠭ ᠬᠤᠳᠠ ᠶᠢᠨ 45 ᠳ᠋ᠤᠭᠠᠷ ᠲᠤ ᠪᠠᠶᠢᠷᠢᠯᠠᠵᠤ᠂ ᠤᠷᠢᠳ ᠬᠤᠵᠢᠳ ᠪᠥᠬᠦ ᠤᠯᠤᠰ ᠤᠨ ᠪᠣᠯᠪᠠᠰᠤᠨ ᠬᠤᠲᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ᠂ ᠲᠤᠮᠳᠠᠳᠤ ᠶᠢᠨ ᠣᠷᠣᠰᠢᠨ ᠰᠠᠭᠤᠬᠤ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠵᠡᠷᠬᠡ ᠠᠷᠪᠠ ᠭᠠᠷᠤᠶ ᠢᠷᠠᠭᠤ ᠠᠯᠳᠠᠷ ᠢ ᠬᠦᠷᠳᠡᠪᠡ᠃ ᠬᠤᠳᠠ ᠶᠢᠨ ᠢᠷᠠᠭᠤ ᠠᠯᠳᠠᠷ    2017 ᠣᠨ ᠤ 12 ᠰᠠᠷ᠎ᠠ ᠶᠢᠨ 12 ᠤᠨ ᠡᠳᠦᠷ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠯᠪᠠᠨ ᠲᠢᠩᠬᠢᠮ ᠠᠴᠠ ᠳ᠋ᠦᠩᠱᠧᠩ ᠲᠤᠭᠤᠷᠢᠭ ᠢ ᠭᠤᠷᠪᠠᠳᠤᠭᠠᠷ ᠪᠦᠯᠦᠭ ᠤᠨ ︽ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠦᠨ ᠠᠮᠠ ᠶᠢᠨ ᠤᠶᠢᠯᠡᠴᠢᠯᠡᠬᠡᠨ ᠤ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠬᠤᠲᠠ︾ ᠪᠠᠷ ᠲᠣᠭᠲᠠᠭᠠᠪᠠ᠃    2017 ᠣᠨ ᠤ 12 ᠰᠠᠷ᠎ᠠ ᠶᠢᠨ 14 ᠤ ᠡᠳᠦᠷ᠂ ᠳ᠋ᠦᠩᠱᠧᠩ ᠲᠣᠭᠤᠷᠢᠭ 2017 ᠣᠨ ᠤ ᠠᠵᠤ ᠦᠢᠯᠡᠳᠪᠦᠷᠢ ᠶᠢᠨ ᠵᠠᠭᠤᠨ ᠬᠦᠴᠦᠷᠬᠡᠭ ᠰᠢᠶᠠᠨ ᠲᠣᠭᠤᠷᠢᠭ ᠢᠶᠠᠷ ᠦᠨᠡᠯᠡᠭᠳᠡᠪᠡ᠃    2018 ᠣᠨ ᠤ 10 ᠰᠠᠷ᠎ᠠ ᠳᠤ᠂ 2018 ᠣᠨ ᠤ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠵᠠᠭᠤᠨ ᠬᠦᠴᠦᠷᠬᠡᠭ ᠲᠤᠭᠤᠷᠢᠭ᠂ ᠪᠥᠬᠦ ᠤᠯᠤᠰ ᠤᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠴᠢᠨᠠᠷ ᠲᠡᠰᠳᠤ ᠵᠠᠭᠤᠨ ᠬᠦᠴᠦᠷᠬᠡᠭ ᠲᠤᠭᠤᠷᠢᠭ᠂ ᠪᠥᠬᠦ ᠤᠯᠤᠰ ᠤᠨ ᠪᠣᠬᠢᠷᠲᠤᠯ ᠥᠬᠡᠶ ᠬᠥᠭᠵᠢᠯᠲᠡ ᠶᠢᠨ ᠵᠠᠭᠤᠨ ᠬᠦᠴᠦᠷᠬᠡᠭ ᠲᠤᠭᠤᠷᠢᠭ ᠢᠶᠠᠷ ᠰᠣᠩᠭᠤᠭᠳᠠᠪᠠ᠃     2019 ᠣᠨ ᠤ 10 ᠰᠠᠷ᠎ᠠ ᠳᠤ᠂ ᠪᠥᠬᠦ ᠤᠯᠤᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠵᠠᠭᠤᠨ ᠬᠦᠴᠦᠷᠬᠡᠭ ᠲᠤᠭᠤᠷᠢᠭ ᠤᠨ ᠨᠡᠷᠡᠰ ᠤᠨ ᠵᠢᠭᠰᠠᠭᠠᠯᠲᠠ ︵ᠪᠥᠬᠦ ᠤᠯᠤᠰ ᠤᠨ ᠵᠠᠭᠤᠨ ᠬᠦᠴᠦᠷᠬᠡᠭ ᠲᠤᠭᠤᠷᠢᠭ︶ ᠶᠢᠨ 45 ᠳ᠋ᠤᠭᠠᠷ ᠲᠤ ᠪᠠᠶᠢᠷᠢᠯᠠᠪᠠ᠃   2019 ᠣᠨ ᠤ 10 ᠰᠠᠷ᠎ᠠ ᠳᠤ᠂ 2019 ᠣᠨ ᠤ ᠪᠥᠬᠦ ᠤᠯᠤᠰ ᠤᠨ ᠪᠣᠬᠢᠷᠲᠤᠯ ᠥᠬᠡᠶ ᠬᠥᠭᠵᠢᠯᠲᠡ ᠶᠢᠨ ᠵᠠᠭᠤᠨ ᠬᠦᠴᠦᠷᠬᠡᠭ ᠲᠤᠭᠤᠷᠢᠭ᠂ 2019 ᠣᠨ ᠤ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠠᠭᠤᠨ ᠬᠦᠴᠦᠷᠬᠡᠭ ᠲᠤᠭᠤᠷᠢᠭ᠂ 2019 ᠣᠨ ᠤ ᠪᠥᠬᠦ ᠤᠯᠤᠰ ᠤᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠴᠢᠨᠡᠷ ᠲᠡᠰᠳᠤ ᠵᠠᠭᠤᠨ ᠬᠦᠴᠦᠷᠬᠡᠭ ᠲᠤᠭᠤᠷᠢᠭ ᠢᠶᠠᠷ ᠦᠨᠡᠯᠡᠭᠳᠡᠪᠡ᠃    2019 ᠣᠨ ᠤ 11 ᠰᠠᠷ᠎ᠠ ᠶᠢᠨ 13 ᠤ ᠡᠳᠦᠷ᠂ 2019 ᠣᠨ ᠤ ᠠᠵᠤ ᠤᠶᠢᠯᠡᠳᠪᠤᠷᠢ ᠶᠢᠨ ᠵᠠᠭᠤᠨ ᠬᠦᠴᠦᠷᠬᠡᠭ ᠲᠤᠭᠤᠷᠢᠭ ᠢᠶᠠᠷ ᠰᠣᠩᠭᠤᠭᠳᠠᠪᠠ᠃    2020 ᠣᠨ ᠤ 4 ᠰᠠᠷ᠎ᠠ ᠳᠤ᠂ 2020 ᠣᠨ ᠤ ᠳᠤᠮᠳᠠᠳᠤ ᠤᠯᠤᠰ ᠤᠨ ᠵᠣᠨ ᠤ ᠤᠯᠠᠷᠢᠯ ᠤᠨ ᠰᠡᠯᠡᠭᠦᠴᠡᠯ ᠤᠨ ᠵᠠᠭᠤᠨ ᠰᠢᠯᠢᠳᠡᠭ ᠬᠤᠳᠠ ᠰᠢᠶᠠᠨ ᠢᠶᠠᠷ ᠰᠣᠩᠭᠤᠭᠳᠠᠪᠠ︔ 2020 ᠣᠨ ᠤ ᠳᠤᠮᠳᠠᠳᠤ ᠤᠯᠤᠰ ᠤᠨ ᠰᠥᠨᠢ ᠶᠢᠨ ᠠᠵᠤ ᠠᠬᠤᠶ ᠴᠡᠴᠡᠭᠯᠡᠨ ᠬᠥᠭᠵᠢᠭᠰᠡᠨ ᠵᠠᠭᠤᠨ ᠰᠢᠯᠢᠳᠡᠭ ᠬᠤᠳᠠ ᠰᠢᠶᠠᠨ ᠢᠶᠠᠷ ᠰᠣᠩᠭᠤᠭᠳᠠᠪᠠ᠃ 
1.0.gif
1.1.gif

1.2.gif

1.4.gif

1.3.gif

1.5.gif

 

ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ