ᠬᠠᠨ ᠲᠤᠤ ᠪᠠᠷᠠᠭ᠎ᠠ ᠲᠡᠭᠡᠭᠡᠪᠦᠷᠢ ᠶᠢᠨ ᠵᠢᠯᠤᠭᠤᠴᠢ ᠠᠶᠠᠨᠴᠢᠨ ᠦᠶᠯᠡᠴᠢᠯᠡᠭᠡᠨ ᠤ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2022/11/29
      11 ᠰᠠᠷ᠎ᠠ ᠶᠢᠨ 28 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠦᠩᠴᠤᠸᠠᠨ ᠪᠠᠯᠭᠠᠰᠤᠨ ᠤ ᠲᠢᠶᠠᠨ ᠵᠢᠶᠦ᠋ᠨ ᠮᠠᠰᠢᠨ ᠲᠡᠷᠬᠡ ᠤᠷᠤᠯᠳᠤᠭᠠᠨ ᠤ ᠲᠡᠷᠬᠡ ᠶᠢᠨ ᠬᠤᠳᠠ ᠳᠠᠬᠢ ︽ᠵᠢᠯᠣᠭᠤᠴᠢ ᠶᠢᠨ ᠠᠮᠠᠷᠠᠬᠤ ᠭᠠᠵᠡᠷ︾ ᠪᠣᠯᠤᠨ ᠵᠡᠷᠬᠡᠨᠡᠬᠡᠳᠤ ᠶᠢᠨ ᠲᠤᠬᠤᠢ ᠶᠢᠨ ︽ᠵᠢᠯᠣᠭᠤᠴᠢ ᠶᠢᠨ ᠥᠷᠲᠡᠭᠡ︾ ᠵᠢᠴᠢ ᠵᠠᠰᠠᠮᠠᠯ ᠵᠠᠮ ᠳᠠᠭᠠᠤ ᠶᠢᠨ ᠬᠡᠰᠡᠭ ᠬᠤᠭᠤᠯᠠᠨ ᠬᠡᠷ᠂ ᠰᠡᠯᠪᠢᠨ ᠵᠠᠰᠠᠬᠤ ᠦᠶᠯᠡᠳᠪᠦᠷᠢ ᠵᠡᠷᠭᠡ ᠬᠤᠳᠠᠯᠳᠤᠭᠠᠨ  ᠤ ᠳᠡᠯᠭᠡᠭᠦᠷ ᠲᠤ ᠬᠦᠷᠴᠦ᠂ ︽ᠵᠢᠯᠣᠭᠤᠴᠢ ᠶᠢᠨ ᠠᠮᠠᠷᠠᠬᠤ ᠭᠠᠵᠡᠷ︾ ︽ᠵᠢᠯᠣᠭᠤᠴᠢ ᠶᠢᠨ ᠥᠷᠲᠡᠭᠡ︾ ᠶᠢᠨ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ᠂ ᠠᠵᠢᠯᠯᠠᠭᠠᠨ ᠤ ᠪᠠᠶᠢᠳᠠᠯ ᠪᠣᠯᠤᠨ ᠭᠤᠤᠯᠳᠠᠯᠭ᠎ᠠ ᠲᠠᠢ ᠠᠵᠢᠯ ᠲᠥᠷᠥᠯ ᠤᠨ ᠠᠵᠢᠯᠲᠠᠨ ᠤ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠴᠤ ᠪᠠᠶᠢᠴᠠᠭᠠᠪᠠ᠃       ᠬᠠᠨ ᠲᠤᠤ᠂ ᠣᠳᠣᠬᠠᠨ ᠳᠤ ᠪᠥᠬᠦ ᠤᠯᠤᠰ ᠲᠤ ᠬᠢᠵᠢᠭ ᠤᠨ ᠪᠠᠶᠢᠳᠠᠯ ᠣᠯᠠᠨ ᠤᠳᠠᠭ᠎ᠠ᠂  ᠦᠷᠬᠡᠨ ᠬᠡᠪᠴᠢᠶ᠎ᠠ ᠪᠠᠷ ᠪᠠᠶᠢᠨ ᠳᠠᠬᠢᠨ ᠡᠭᠦᠰᠴᠦ ᠪᠠᠶᠢᠨ᠎ᠠ᠂ ᠮᠠᠨ ᠤ ᠲᠤᠭᠤᠷᠢᠭ ᠪᠠᠰᠠ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ᠂ ᠪᠠᠷᠠᠭᠠᠨ ᠤ ᠭᠦᠶᠯᠭᠡᠭᠡ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠨ᠎ᠠ᠂ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠶᠢᠨ ᠬᠦᠷᠢᠶ᠎ᠡ ᠬᠡᠪᠴᠢᠶ᠎ᠠ ᠶᠢ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠭᠤᠤᠯᠳᠠᠯᠭ᠎ᠠ ᠪᠤᠯᠭᠠᠨ ᠠᠳᠬᠤᠬᠤ ᠬᠡᠷᠡᠭᠲᠡᠶ᠃ ᠪᠠᠷᠠᠭ᠎ᠠ ᠲᠡᠭᠡᠭᠡᠪᠦᠷᠢ ᠶᠢᠨ ᠵᠢᠯᠣᠭᠤᠴᠢ ᠪᠠ ᠠᠶᠠᠨᠴᠢᠳ᠂ ᠵᠠᠰᠠᠮᠠᠯ ᠵᠠᠮ ᠤᠨ ᠰᠦᠶᠳᠬᠡᠯ ᠬᠤᠷᠢᠶᠠᠬᠤ ᠥᠷᠲᠡᠭᠡ᠂ ᠦᠶᠯᠡᠴᠢᠯᠡᠭᠡᠨ ᠤ ᠲᠣᠭᠤᠷᠢᠭ᠂ ᠵᠡᠭᠡᠯᠢ ᠳᠠᠭᠠᠤ ᠬᠤᠳᠠᠯᠳᠤᠭ᠎ᠠ  ᠳᠡᠯᠭᠡᠭᠦᠷ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠠᠵᠢᠯ ᠡᠷᠭᠢᠯᠡᠭᠰᠡᠳ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ᠂ ᠲᠣᠤᠷᠵᠢᠭᠤᠯᠤᠨ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠵᠡᠷᠭᠡ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠣᠷᠣᠵᠤ ᠢᠷᠡᠬᠦ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ︽ᠵᠢᠯᠣᠭᠤᠴᠢ ᠶᠢᠨ ᠠᠮᠠᠷᠠᠬᠤ ᠭᠠᠵᠡᠷ︾᠂ ︽ᠵᠢᠯᠣᠭᠤᠴᠢ ᠶᠢᠨ ᠦᠷᠳᠡᠭᠡ︾ ᠶᠢ ᠰᠠᠶᠢᠲᠤᠷ ᠪᠠᠶᠢᠭᠤᠯᠵᠤ᠂ ᠰᠠᠶᠢᠲᠤᠷ ᠬᠡᠷᠡᠭᠯᠡᠵᠦ᠂ ᠰᠠᠶᠢᠲᠤᠷ ᠬᠠᠮᠢᠶᠠᠷᠴᠤ᠂ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠮᠵᠢ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠷᠢᠯᠢᠬᠵᠢᠭᠤᠯᠤᠭᠰᠠᠨ ᠨᠡᠶᠢᠬᠡᠮ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢ ᠨᠡᠩ ᠲᠤᠯᠠᠭᠠᠨ ᠪᠠᠶᠢᠯᠭᠠᠬᠤ ᠬᠡᠷᠡᠭᠲᠡᠢ᠃ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠬᠦᠳᠦᠯᠥᠨ ᠵᠢᠯᠣᠭᠤᠳᠬᠤ᠂ ᠪᠠᠲᠤᠯᠠᠬᠤ᠂ ᠵᠠᠯᠬᠠᠭᠠᠨ ᠴᠡᠭᠡᠷᠯᠡᠭᠦᠯᠬᠦ ᠰᠢᠷᠢᠰ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠣᠨᠣᠴᠠᠲᠠᠢ ᠪᠠᠷ ᠬᠢᠵᠢᠭ ᠢ ᠰᠡᠷᠭᠡᠶᠢᠯᠡᠬᠦ ᠪᠠ ᠬᠠᠮᠢᠶᠠᠷᠬᠤ ᠦᠢᠯᠡᠴᠢᠯᠡᠭᠡᠨ ᠤ ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠡᠷᠡᠰ ᠰᠠᠬᠢᠬᠤ ᠬᠡᠷᠡᠭᠲᠡᠢ ᠬᠡᠵᠡᠢ᠃        ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠪᠠ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠷ ᠬᠢᠨᠠᠨ ᠵᠢᠯᠣᠭᠤᠳᠴᠤ ᠪᠠᠶᠢᠴᠠᠭᠠᠪᠠ᠃
ᠢᠷᠡᠯᠲᠡ᠄ ᠲᠤᠰ ᠰᠦᠯᠵᠢᠶ᠎ᠠ