ᠳ᠋ᠦᠩᠱᠧᠩ ᠲᠤᠭᠤᠷᠢᠭ ᠨᠠᠮ ᠤᠨ ᠬᠡᠰᠢᠬᠦᠳ ᠤᠨ ︽ᠬᠦᠬᠦᠷᠬᠡ ᠬᠤᠯᠪᠤᠭᠠᠰᠤ ᠶᠢᠨ ᠤᠶᠢᠯᠡᠳᠤᠯ︾ ᠢ ᠰᠠᠶᠢᠳᠤᠷ ᠪᠠᠳᠠᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/11/29
     ᠤᠶᠢᠷ᠎ᠠ ᠶᠢᠨ ᠵᠢᠯ ᠤᠳ ᠠᠴᠠ᠂ ᠳ᠋ᠦᠩᠱᠧᠩ ᠲᠤᠭᠤᠷᠢᠭ ᠤᠨ ᠨᠠᠮ ᠤᠨ ᠬᠡᠰᠢᠬᠦᠨ ᠤ ᠤᠯᠠᠨ ᠲᠦᠮᠡᠨ ᠲᠠᠢ ᠬᠠᠷᠢᠯᠴᠠᠬᠤ ᠪᠠ ᠤᠯᠠᠨ ᠲᠦᠮᠡᠨ ᠳᠤ ᠤᠶᠢᠯᠡᠴᠢᠯᠡᠬᠦ ︽ᠵᠢᠷᠭᠤᠭᠠᠨ ᠨᠢᠬᠡ︾ ᠶᠢᠨ ᠠᠵᠢᠯ ᠤᠨ ᠲᠤᠭᠳᠠᠴᠠ ᠶᠢ ᠦᠷᠬᠦᠯᠵᠢᠯᠡᠨ ᠬᠦᠨᠵᠡᠬᠡᠶᠢᠷᠡᠬᠦᠯᠵᠤ᠂ ︽ᠨᠠᠶᠢᠬᠡᠮ ᠲᠤᠭᠤᠷᠢᠭ ᠲᠤᠯᠤᠭᠠᠶᠢᠯᠠᠬᠤ᠂ ᠰᠠᠯᠠᠭ᠎ᠠ ᠮᠦᠴᠢᠷ ᠤᠨ ᠬᠢᠨ ᠴᠤᠤᠷᠢᠶᠠᠳᠤᠨ ᠲᠠᠭᠠᠬᠤ᠂ ᠨᠠᠮ ᠤᠨ ᠬᠡᠰᠢᠬᠦᠳ ᠤᠷᠤᠯᠴᠠᠬᠤ︾ ᠶᠢ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠤᠯᠠᠨ ᠲᠦᠮᠡᠨ ᠤ ᠬᠦᠴᠢᠷᠳᠠᠯ ᠢ ᠰᠡᠳᠬᠢᠯ ᠲᠠᠯᠪᠢᠨ ᠬᠦᠴᠦ ᠤᠷᠤᠭᠤᠯᠤᠨ ᠰᠠᠶᠢᠳᠤᠷ ᠰᠢᠢᠳᠪᠤᠷᠢᠯᠡᠵᠤ᠂ ᠠᠷᠠᠳ ᠤᠨ ᠲᠦᠯᠦᠬᠡ ᠪᠤᠳᠠᠳᠤ ᠶᠠᠪᠤᠳᠠᠯ ᠬᠢᠭᠰᠡᠨ ᠦᠨᠡᠨ ᠪᠤᠳᠠᠳᠠᠢ ᠦᠷ᠎ᠠ ᠪᠦᠳᠦᠮᠵᠢ ᠪᠠᠷ ᠳ᠋ᠦᠩᠱᠧᠩ ᠲᠤᠭᠤᠷᠢᠭ ᠤᠨ ᠨᠠᠮ ᠤᠨ ᠪᠠᠶᠢᠭᠤᠯᠤᠯᠳᠠ ᠶᠢ ᠠᠬᠢᠭᠤᠯᠵᠤ᠂ ᠨᠠᠮ ᠤᠨ ᠬᠡᠰᠢᠬᠦᠳ ᠤᠨ ᠲᠠᠶᠢᠴᠢᠯᠠᠨ ᠲᠠᠭᠠᠭᠤᠯᠬᠤ ᠤᠶᠢᠯᠡᠳᠤᠯ ᠢ ᠰᠠᠶᠢᠳᠤᠷ ᠪᠠᠳᠠᠷᠠᠭᠤᠯᠵᠤ ᠪᠠᠶᠢᠨ᠎ᠠ᠃      ᠪᠠᠶᠢᠩᠭᠤᠵᠢᠭᠰᠡᠨ ᠪᠠ ᠤᠷᠳᠤ ᠬᠤᠭᠤᠴᠠᠭᠠᠨ ᠤ ᠪᠦᠳᠦᠮᠵᠢᠳᠠᠢ ᠪᠠᠶᠢᠬᠤ ᠶᠢ ᠪᠤᠳᠤᠯᠬᠢᠯᠠᠵᠤ᠂ ᠨᠠᠮ ᠤᠨ ᠬᠡᠰᠢᠬᠦᠳ ᠤᠨ ᠨᠠᠷ᠎ᠠ ᠮᠡᠳᠡᠬᠦᠯᠦᠨ ᠤᠷᠤᠯᠴᠠᠬᠤ ᠶᠢ ᠲᠠᠶᠢᠴᠢᠯᠠᠵᠤ ᠪᠠᠶᠢᠨ᠎ᠠ᠃ ᠳ᠋ᠦᠩᠱᠧᠩ ᠲᠤᠭᠤᠷᠢᠭ ᠤᠨ ᠬᠢᠨ ᠨᠠᠮ ᠤᠨ ᠪᠠᠶᠢᠭᠤᠯᠤᠯᠳᠠ ᠪᠠᠷ ᠬᠤᠳᠠ ᠶᠢᠨ ᠦᠨᠳᠦᠰᠳ ᠱᠠᠳᠤᠨ ᠤ ᠨᠠᠷᠢᠯᠢᠭᠵᠢᠭᠤᠯᠤᠭᠰᠡᠨ ᠵᠠᠰᠠᠯᠳᠠ ᠶᠢ ᠬᠦᠳᠦᠯᠦᠨ ᠲᠠᠭᠠᠭᠤᠯᠬᠤ ᠠᠵᠢᠯ ᠢ ᠬᠦᠨᠵᠡᠬᠡᠢ ᠠᠬᠢᠭᠤᠯᠵᠤ᠂ 81 ᠵᠠᠰᠠᠭ ᠵᠠᠬᠢᠷᠭᠠᠨ ᠤ ᠠᠵᠤ ᠠᠬᠤᠶᠢᠯᠠᠯ ᠠᠵᠢᠯ ᠤᠶᠢᠯᠡᠰ ᠤᠨ ᠨᠢᠬᠡᠴᠢ ᠨᠢ 79 ᠨᠡᠶᠢᠬᠡᠮ ᠲᠤᠭᠤᠷᠢᠭ ᠲᠠᠢ ᠬᠤᠯᠪᠤᠭᠠᠯᠠᠨ ᠬᠠᠷᠢᠯᠴᠠᠪᠠ᠃ ᠲᠤᠭᠤᠷᠢᠭ ᠤᠨ ᠤᠳᠤᠷᠢᠳᠤᠯᠭ᠎ᠠ ᠶᠢᠨ ᠲᠠᠭᠤᠷᠢᠶᠠᠯ ᠨᠡᠷ᠎ᠡ ᠮᠡᠳᠡᠬᠦᠯᠬᠦ᠂ ᠪᠠᠶᠢᠭᠤᠯᠭ᠎ᠠ ᠠᠴᠠ ᠱᠠᠭᠠᠷᠳᠠᠨ ᠨᠡᠷ᠎ᠡ ᠮᠡᠳᠡᠬᠦᠯᠬᠦ᠂ ᠨᠠᠶᠢᠬᠡᠮ ᠲᠤᠭᠤᠷᠢᠭ ᠠᠴᠠ ᠬᠦᠳᠦᠯᠦᠨ ᠵᠢᠯᠤᠭᠤᠳᠴᠦ ᠨᠡᠷ᠎ᠡ ᠮᠡᠳᠡᠬᠦᠯᠬᠦ ᠠᠷᠭ᠎ᠠ ᠮᠠᠶ᠋ᠢᠭ ᠢ ᠠᠪᠴᠦ᠂ ᠳ᠋ᠦᠩᠱᠧᠩ ᠲᠤᠭᠤᠷᠢᠭ  ᠤᠨ ᠠᠵᠢᠯ ᠤᠨ ᠪᠠᠶᠢᠷᠢᠨ ᠳᠤ ᠪᠠᠶᠢᠭ᠎ᠠ ᠨᠠᠮ ᠤᠨ ᠬᠡᠰᠢᠬᠦᠳ ᠢ ᠲᠠᠶᠢᠴᠢᠯᠠᠨ ᠰᠠᠭᠤᠭ᠎ᠠ ᠭᠠᠵᠡᠷ ᠤᠨ ᠨᠠᠶᠢᠬᠡᠮ ᠲᠤᠭᠤᠷᠢᠭ ᠲᠤ ᠨᠠᠷ᠎ᠠ ᠮᠡᠳᠡᠬᠦᠯᠵᠤ᠂ ᠰᠠᠨᠠᠭᠠᠴᠢᠯᠠᠭ᠎ᠠ ᠠᠴᠠ ᠪᠠᠨ ᠲᠤᠤᠷᠵᠢᠭᠤᠯᠤᠭᠰᠡᠨ ᠨᠠᠮ ᠤᠨ ᠲᠤᠭᠤᠶᠢᠯᠠᠩ ᠤᠨ ᠲᠠᠷᠤᠭ᠎ᠠ᠂ ᠨᠠᠮ ᠤᠨ ᠬᠡᠰᠢᠬᠦᠨ ᠭᠤᠤᠯᠳᠠᠯᠭᠠᠳᠤ ᠡᠷᠦᠬᠡ᠂ ᠠᠰᠠᠷ ᠤᠨ ᠲᠠᠷᠤᠭ᠎ᠠ ᠶᠢᠨ ᠲᠤᠰᠢᠶᠠᠯ ᠢ ᠡᠬᠦᠷᠬᠡᠯᠡᠵᠤ᠂ ᠨᠠᠮ ᠤᠨ ᠬᠡᠰᠢᠬᠦᠳ ᠤᠨ ᠪᠠᠶᠢᠭᠤᠯᠭ᠎ᠠ ᠨᠢᠬᠡᠴᠢ ᠳᠡᠭᠡᠨ ᠠᠵᠢᠯᠯᠠᠬᠤ ᠪᠠᠷ ᠪᠠᠷᠠᠬᠤ ᠦᠬᠡᠢ ᠪᠠᠰᠠ ᠨᠡᠶᠢᠬᠡᠮ ᠲᠤᠭᠤᠷᠢᠭ  ᠲᠤ ᠠᠵᠢᠯᠯᠠᠭ᠎ᠠ ᠬᠢᠬᠦ᠂ ᠬᠤᠤᠰ ᠠᠵᠢᠯ ᠤᠨ ᠪᠠᠶᠢᠷᠢᠨ ᠳᠤ ᠬᠤᠪᠢ ᠨᠡᠮᠡᠷᠢ ᠦᠵᠡᠬᠦᠯᠬᠦ ᠶᠢ ᠠᠬᠢᠭᠤᠯᠪᠠ᠃        ᠠᠷᠠᠳ ᠲᠦᠮᠡᠨ ᠳᠤ ᠤᠶᠢᠯᠡᠴᠢᠯᠡᠬᠦ ᠶᠢ ᠪᠤᠳᠤᠯᠬᠢᠯᠠᠵᠤ᠂ ᠨᠠᠮ ᠤᠨ ᠬᠡᠰᠢᠬᠦᠳ ᠤᠨ ᠬᠡᠷ ᠤᠨ ᠡᠬᠦᠳᠡᠨ  ᠳᠤᠨᠢ ᠬᠦᠷᠳᠡᠯ᠎ᠠ ᠤᠶᠢᠯᠡᠴᠢᠯᠡᠬᠦ ᠶᠢ ᠠᠬᠢᠭᠤᠯᠪᠠ᠃ ᠳ᠋ᠦᠩᠱᠧᠩ ᠲᠤᠭᠤᠷᠢᠭ ᠤᠨ ᠵᠡᠬᠡᠯᠢ ᠭᠤᠳᠤᠮᠵᠢ ᠶᠢᠨ ᠨᠠᠶᠢᠬᠡᠮ ᠲᠤᠭᠤᠷᠢᠭ ᠤᠨ ᠬᠢᠨ ᠤᠷᠤᠨ ᠪᠦᠰᠠ ᠶᠢ ᠲᠤᠭᠳᠠᠭᠠᠬᠤ᠂ ᠠᠵᠢᠯᠳᠠᠨ ᠢ ᠲᠤᠭᠳᠠᠭᠠᠬᠤ᠂ ᠡᠬᠦᠷᠬᠡ ᠬᠠᠷᠢᠭᠤᠴᠠᠯᠭ᠎ᠠ ᠶᠢ ᠲᠤᠭᠳᠠᠭᠠᠬᠤ ︽ᠭᠤᠷᠪᠠ ᠶᠢ ᠲᠤᠭᠳᠠᠭᠠᠬᠤ︾ ᠠᠵᠢᠯ ᠢ ᠤᠷᠢᠳᠴᠢᠯᠠᠨ ᠰᠠᠶᠢᠳᠤᠷ ᠬᠢᠵᠤ᠂ ︽ᠡᠪ ᠬᠠᠮᠳᠤ ᠨᠠᠮ ᠤᠨ ᠬᠡᠰᠢᠬᠦᠨ ᠤ ᠡᠷᠦᠬᠡ︾ ᠶᠢ ᠭᠠᠷᠭᠠᠬᠤ᠂ ᠦᠴᠦᠬᠡᠨ ᠬᠦᠰᠡᠯ ᠢ ᠨᠢ ᠲᠤᠷᠠᠳᠬᠤ ᠵᠡᠷᠬᠡ ᠠᠵᠢᠯᠯᠠᠭ᠎ᠠ ᠪᠠᠷ ᠲᠤ ᠲᠠᠮᠵᠢᠭᠤᠯᠵᠤ᠂ ᠨᠠᠮ ᠤᠨ ᠬᠡᠰᠢᠬᠦᠳ ᠢ ᠲᠤᠤᠷᠵᠢᠭᠤᠯᠤᠭᠰᠡᠨ ᠬᠠᠮᠢᠶᠠᠷᠤᠯᠳᠠ ᠳᠤ ᠤᠷᠤᠯᠴᠠᠭᠤᠯᠵᠠᠢ᠃ 10 ᠰᠠᠷ᠎ᠠ  ᠶᠢᠨ ᠰᠡᠬᠦᠯᠴᠢ ᠪᠤᠯᠳᠠᠯ᠎ᠠ᠂ ᠳ᠋ᠦᠩᠱᠧᠩ ᠲᠤᠭᠤᠷᠢᠭ ᠤᠨ ᠠᠵᠢᠯ ᠤᠨ ᠪᠠᠶᠢᠷᠢᠨ ᠳᠤ ᠪᠠᠶᠢᠭ᠎ᠠ 7300 ᠭᠠᠷᠤᠢ ᠨᠠᠮ  ᠤᠨ ᠬᠡᠰᠢᠬᠦᠨ ᠨᠡᠶᠢᠬᠡᠮ ᠲᠤᠭᠤᠷᠢᠭ ᠲᠤ ᠬᠦᠷᠴᠦ ᠨᠠᠷ᠎ᠠ ᠮᠡᠳᠡᠬᠦᠯᠵᠤ᠂ ᠨᠠᠶᠢᠳᠠ 2.2 ᠲᠦᠮᠡᠨ ᠭᠠᠷᠤᠢ ᠤᠯᠠᠨ ᠲᠦᠮᠡᠨ ᠲᠠᠢ ᠬᠠᠷᠢᠯᠴᠠᠨ᠂ 8400 ᠭᠠᠷᠤᠢ ᠤᠳᠠᠭ᠎ᠠ ᠶᠢᠨ ᠠᠷᠠᠳ ᠲᠦᠮᠡᠨ ᠳᠤ ᠤᠶᠢᠯᠡᠴᠢᠯᠡᠬᠦ ᠠᠵᠢᠯᠯᠠᠭ᠎ᠠ ᠶᠢ ᠦᠷᠨᠢᠬᠦᠯᠵᠠᠢ᠃       ᠴᠢᠨᠠᠷᠵᠢᠯ ᠢ ᠲᠡᠬᠡᠭᠰᠢᠯᠡᠬᠦᠯᠦᠨ ᠦᠷ᠎ᠠ ᠠᠰᠢᠭ ᠢ ᠨᠡᠮᠡᠭᠳᠡᠬᠦᠯᠬᠦ ᠶᠢ ᠪᠤᠳᠤᠯᠬᠢᠯᠠᠵᠤ᠂ ᠨᠠᠷ᠎ᠠ ᠪᠠᠨ ᠮᠡᠳᠡᠬᠦᠯᠬᠦ ᠤᠶᠢᠯᠡᠴᠢᠯᠡᠬᠡᠨ ᠤ ᠦᠷ᠎ᠠ ᠪᠦᠳᠦᠮᠵᠢ ᠲᠠᠢ ᠪᠠᠶᠢᠬᠤ ᠶᠢ ᠠᠬᠢᠭᠤᠯᠪᠠ᠃ ᠳ᠋ᠦᠩᠱᠧᠩ ᠲᠤᠭᠤᠷᠢᠭ ︽ᠬᠤᠶᠡᠷ ᠢ ᠬᠠᠮᠢᠶᠠᠷᠴᠦ ᠭᠤᠷᠪᠠ ᠶᠢ ᠦᠨᠡᠯᠡᠬᠦ︾ ᠮᠦᠷᠳᠡᠨ ᠬᠠᠮᠢᠶᠠᠷᠬᠤ ᠲᠤᠭᠳᠠᠴᠠ ᠶᠢ ᠬᠡᠷᠡᠭᠵᠢᠬᠦᠯᠵᠤ᠂ ᠨᠡᠶᠢᠬᠡᠮ ᠲᠤᠭᠤᠷᠢᠭ  ᠤᠨ ᠨᠠᠮ ᠤᠨ ᠵᠤᠬᠢᠶᠠᠨ ᠪᠠᠶᠢᠭᠤᠯᠤᠯᠳᠠ ᠠᠵᠢᠯ ᠤᠨ ᠪᠠᠶᠢᠷᠢᠨ ᠳᠤ ᠪᠠᠶᠢᠭ᠎ᠠ ᠨᠠᠮ ᠤᠨ ᠬᠡᠰᠢᠬᠦᠨ ᠨᠠᠶᠢᠬᠡᠮ ᠲᠤᠭᠤᠷᠢᠭ  ᠲᠤ ᠤᠴᠢᠵᠤ ᠤᠶᠢᠯᠡᠴᠢᠯᠡᠬᠦ ᠡᠬᠡ ᠲᠠᠩᠰᠠ ᠶᠢ ᠪᠠᠶᠢᠭᠤᠯᠵᠤ᠂ ᠠᠵᠢᠯ ᠤᠨ ᠪᠠᠶᠢᠷᠢᠨ ᠳᠤ ᠪᠠᠶᠢᠭ᠎ᠠ ᠨᠠᠮ ᠤᠨ ᠬᠡᠰᠢᠬᠦᠨ  ᠤ ᠤᠶᠢᠯᠡᠴᠢᠯᠡᠬᠡᠨ ᠤ ᠪᠠᠶᠢᠳᠠᠯ ᠳᠤ ᠬᠤᠪᠢ ᠪᠤᠳᠤᠵᠤ᠂ ᠰᠠᠷ᠎ᠠ ᠲᠠᠷᠠᠭᠠᠯᠠᠨ ᠬᠦᠮᠦᠨ ᠲᠠᠷᠠᠭᠠᠯᠠᠨ ᠲᠠᠩᠰᠠᠯᠠᠨ ᠲᠡᠮᠳᠡᠭᠯᠡᠬᠦ ᠶᠢ ᠪᠡᠶᠡᠯᠡᠬᠦᠯᠵᠤ᠂ ᠰᠠᠭᠤᠷᠢ ᠲᠤᠭ᠎ᠠ ᠨᠢ ᠲᠤᠳᠤᠷᠬᠠᠢ᠂ ᠬᠤᠷᠠᠮᠳᠤᠯ ᠬᠤᠪᠢ ᠲᠤᠳᠤᠷᠬᠠᠢ ᠪᠠᠶᠢᠬᠤ ᠶᠢ ᠦᠨᠡᠨ ᠬᠦ ᠪᠠᠳᠤᠯᠠᠪᠠ᠃ ᠠᠵᠢᠯ ᠤᠨ ᠪᠠᠶᠢᠷᠢᠨ ᠳᠤ ᠪᠠᠶᠢᠭ᠎ᠠ ᠨᠠᠮ ᠤᠨ ᠬᠡᠰᠢᠬᠦᠨ ᠨᠠᠶᠢᠬᠡᠮ ᠲᠤᠭᠤᠷᠢᠭ ᠲᠤ ᠤᠴᠢᠵᠤ ᠤᠯᠠᠨ ᠲᠦᠮᠡᠨ ᠳᠤ ᠤᠶᠢᠯᠡᠴᠢᠯᠡᠬᠦ ᠠᠵᠢᠯ ᠢ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠶᠢᠨ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠮᠡᠳᠡᠬᠦᠯᠦᠯᠳᠠ ᠶᠢ ᠠᠳᠬᠤᠵᠤ ᠦᠨᠡᠯᠡᠨ ᠬᠢᠨᠠᠨ ᠰᠢᠯᠭᠠᠬᠤ ᠠᠭᠤᠯᠭ᠎ᠠ ᠤᠷᠤᠭᠤᠯᠵᠤ᠂ ᠺᠠᠳ᠋ᠷ ᠢ ᠬᠢᠨᠠᠨ ᠪᠠᠶᠢᠴᠠᠭᠠᠬᠤ᠂ ᠨᠠᠮ ᠤᠨ ᠲᠤᠳᠤᠭᠠᠳᠤ ᠳᠤ ᠬᠦᠬᠢᠬᠦᠯᠦᠨ ᠰᠠᠶᠢᠰᠢᠶᠠᠬᠤ᠂ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠵᠡᠷᠬᠡ ᠠᠵᠢᠯ ᠤᠨ ᠲᠤᠮᠳᠠ ᠨᠡᠶᠢᠬᠡᠮ ᠲᠤᠭᠤᠷᠢᠭ ᠤᠨ ᠨᠠᠮ  ᠤᠨ ᠵᠤᠬᠢᠶᠠᠨ ᠪᠠᠶᠢᠭᠤᠯᠤᠯᠳᠠ ᠶᠢᠨ ᠬᠠᠷᠢᠭᠤ ᠲᠤᠰᠬᠠᠭᠰᠡᠨ ᠰᠠᠨᠠᠯ ᠢ ᠬᠤᠷᠢᠶᠠᠵᠤ᠂ ᠬᠤᠤᠰ ᠰᠢᠯᠭᠠᠨ ᠦᠨᠡᠯᠡᠬᠦ ᠬᠠᠮᠢᠶᠠᠷᠤᠯᠳᠠ ᠶᠢᠨ ᠲᠤᠭᠳᠠᠴᠠ ᠪᠠᠷ ᠲᠠᠮᠵᠢᠭᠤᠯᠤᠨ ᠨᠠᠮ ᠤᠨ ᠬᠡᠰᠢᠬᠦᠨ ᠺᠠᠳ᠋ᠷᠴᠤᠳ ᠤᠨ ᠤᠯᠠᠨ ᠲᠦᠮᠡᠨ ᠳᠤ ᠤᠶᠢᠯᠡᠴᠢᠯᠡᠬᠦ ᠶᠢ ᠱᠠᠯᠠᠪᠳᠠᠭᠤᠯᠤᠨ ᠵᠢᠯᠤᠭᠤᠳᠴᠦ ᠪᠠᠶᠢᠭᠠᠳ ᠬᠦᠨᠵᠡᠬᠡᠶᠢᠷᠡᠬᠦᠯᠦᠨ ᠪᠤᠳᠠᠳᠠᠶᠢᠵᠢᠭᠤᠯᠪᠠ᠃        ᠳ᠋ᠦᠩᠱᠧᠩ ᠲᠤᠭᠤᠷᠢᠭ ᠤᠨ ᠨᠠᠮ ᠤᠨ ᠬᠡᠰᠢᠬᠦᠨ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠤᠶᠢᠯᠡᠴᠢᠯᠡᠬᠦ ︽ᠵᠢᠷᠭᠤᠭᠠᠨ ᠨᠢᠬᠡ︾ ᠶᠢᠨ ᠠᠵᠢᠯ ᠤᠨ ᠲᠤᠭᠳᠠᠴᠠ ᠶᠢ ᠦᠷᠬᠦᠯᠵᠢᠯᠡᠨ ᠬᠦᠨᠵᠡᠬᠡᠶᠢᠷᠡᠬᠦᠯᠦᠨ᠂ ᠨᠠᠮ  ᠤᠨ ᠠᠵᠢᠯ ᠢ ᠲᠦᠭ ᠲᠦᠮᠡᠨ ᠠᠶᠢᠯ ᠡᠷᠦᠬᠡ ᠳᠤ ᠬᠦᠷᠬᠡᠵᠤ᠂ ᠠᠷᠠᠳ ᠤᠨ ᠲᠦᠯᠦᠬᠡ ᠪᠤᠳᠠᠳᠤ ᠶᠠᠪᠤᠳᠠᠯ ᠬᠢᠭᠰᠡᠨ ᠦᠨᠡᠨ ᠪᠤᠳᠠᠳᠠᠢ ᠦᠷ᠎ᠠ ᠪᠦᠳᠦᠮᠵᠢ ᠪᠠᠷ ᠳ᠋ᠦᠩᠱᠧᠩ ᠤᠨ ︽ᠬᠦᠴᠦ ᠪᠠᠨ ᠲᠦᠪᠯᠡᠷᠡᠬᠦᠯᠦᠨ ᠨᠠᠮ ᠤᠨ ᠪᠠᠶᠢᠭᠤᠯᠤᠯᠳᠠ  ᠶᠢ ᠠᠳᠬᠤᠬᠤ︾ ᠲᠦᠷᠦᠯ ᠲᠡᠮᠳᠡᠭᠳᠤ ᠶᠢ ᠬᠦᠴᠦᠨ ᠨᠡᠮᠡᠷᠢᠯᠠᠵᠤ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠤᠯᠠᠨ ᠲᠦᠮᠡᠨ ᠤ ᠬᠠᠮᠤᠭ ᠤᠨ ᠰᠠᠨᠠᠭ᠎ᠠ ᠠᠮᠦᠷ᠂ ᠬᠠᠮᠤᠭ ᠤᠨ ᠨᠠᠶᠢᠳᠠᠪᠤᠷᠢᠳᠠᠢ ᠭᠠᠷᠠᠮ ᠪᠤᠯᠭᠠᠬᠤ  ᠶᠢ ᠠᠬᠢᠭᠤᠯᠪᠠ᠃
ᠢᠷᠡᠯᠲᠡ᠄ ᠳᠤᠰ ᠰᠦᠯᠵᠢᠶ᠎ᠡ