ᠤᠷᠳᠤᠰ ᠬᠦᠷᠡᠯ ᠪᠠᠭᠠᠵᠢ ᠶᠢᠨ ᠮᠦᠽᠸᠢ ᠶᠢᠨ ᠳᠠᠨᠢᠯᠴᠠᠭᠤᠯᠭ᠎ᠠ
ᠨᠡᠶᠢᠲᠡᠯᠡᠭᠰᠡᠨ ᠴᠠᠭ᠄
2022/11/29
未标题-2.jpg
    ᠤᠷᠳᠤᠰ ᠬᠦᠷᠡᠯ ᠪᠠᠭᠠᠵᠢ ᠶᠢᠨ ᠮᠦᠽᠸᠢ ᠨᠢ 1963 ᠤᠨ ᠳᠤ ᠪᠠᠶᠢᠭᠤᠯᠤᠭᠳᠠᠵᠤ᠂ ᠤᠷᠳᠤᠰ ᠬᠤᠳᠠ ᠶᠢᠨ ᠳ᠋ᠦᠩᠱᠧᠩ ᠲᠤᠭᠤᠷᠢᠭ ᠤᠨ ᠰᠢᠩ ᠱᠧᠩ ᠵᠠᠮ  ᠤᠨ 2 ᠳ᠋ᠤᠭᠠᠷ ᠨᠤᠮᠧᠷ ᠲᠤ ᠪᠠᠶᠢᠷᠢᠯᠠᠵᠤ᠂ ᠶᠡᠷᠦᠩᠬᠡᠢ ᠡᠵᠡᠯᠡᠬᠦ ᠲᠠᠯᠠᠪᠠᠢ ᠨᠢ 55915 ᠳᠡᠭᠰᠢ ᠳᠦᠷᠪᠡᠯᠵᠢᠨ ᠮᠧᠲᠷ ᠪᠠᠶᠢᠵᠤ᠂ ᠮᠦᠽᠸᠢ ᠶᠢᠨ ᠪᠠᠷᠢᠯᠭ᠎ᠠ ᠶᠢᠨ ᠲᠠᠯᠠᠪᠠᠢ ᠨᠢ 30089 ᠳᠡᠭᠰᠢ ᠳᠦᠷᠪᠡᠯᠵᠢᠨ ᠮᠧᠲᠷ᠂ ᠪᠠᠷᠢᠯᠭ᠎ᠠ ᠶᠢᠨ ᠶᠡᠷᠦᠩᠬᠡᠢ ᠦᠨᠳᠦᠷᠴᠡ ᠨᠢ 58.1 ᠮᠧᠲᠷ᠂ ᠭᠤᠤᠯ ᠴᠤᠭᠴᠠ ᠶᠢᠨ ᠭᠡᠷ ᠪᠠᠷᠢᠯᠭ᠎ᠠ ᠨᠢ ᠭᠠᠵᠠᠷ ᠠᠴᠠ ᠳᠡᠭᠡᠭᠰᠢ ᠵᠢᠷᠭᠤᠭᠠᠨ ᠳᠠᠪᠬᠤᠷᠭ᠎ᠠ᠂ ᠭᠠᠵᠠᠷ ᠠᠴᠠ ᠳᠤᠷᠤᠭᠰᠢ ᠨᠢᠭᠡ ᠳᠠᠪᠬᠤᠷᠭ᠎ᠠ ᠪᠠᠶᠢᠵᠤ᠂ ᠦᠵᠡᠭᠦᠯᠦᠯᠭᠡ ᠶᠢᠨ ᠲᠢᠩᠬᠢᠮ ᠤᠨ ᠳᠠᠯᠠᠪᠠᠢ ᠨᠢ 7000 ᠭᠠᠷᠤᠢ ᠳᠡᠭᠰᠢ ᠳᠦᠷᠪᠡᠯᠵᠢᠨ ᠮᠧᠲᠷ ᠪᠤᠢ᠃ ᠲᠡᠷᠢᠬᠦᠨ ᠳᠡᠰ ᠤᠨ ᠵᠢᠷᠤᠭ ᠲᠦᠯᠦᠪᠯᠡᠭᠡ ᠲᠠᠢ᠂ ᠬᠦᠨ ᠵᠤᠵᠠᠭᠠᠨ ᠦᠨᠳᠦᠰᠦᠳᠡᠨ ᠤ ᠰᠤᠶᠤᠯ ᠤᠨ ᠤᠨᠴᠠᠯᠢᠭ ᠲᠠᠢ ᠪᠠᠶᠢᠵᠤ᠂ ᠤᠷᠳᠤᠰ ᠭᠠᠵᠠᠷ ᠤᠷᠤᠨ ᠤ ᠬᠤᠳᠠ ᠶᠢᠨ ᠰᠤᠶᠤᠯ ᠤᠨ ᠴᠢᠬᠤᠯᠠ ᠪᠡᠯᠭᠡ ᠳᠡᠮᠳᠡᠭ ᠤᠨ ᠴᠢᠨᠠᠷᠳᠠᠢ ᠪᠠᠷᠢᠯᠭ᠎ᠠ ᠶᠢᠨ ᠨᠢᠭᠡ ᠪᠤᠯᠤᠨ᠎ᠠ᠃    ᠤᠷᠳᠤᠰ ᠤᠨ ᠬᠦᠷᠡᠯ ᠪᠠᠭᠠᠵᠢ ᠶᠢᠨ ᠮᠦᠽᠸᠢ ᠨᠢ ᠤᠷᠳᠤᠰ ᠤᠨ ᠤᠯᠠᠮᠵᠢᠯᠠᠯᠳᠤ ᠰᠢᠨᠵᠢᠳᠠᠢ᠂ ᠦᠷᠭᠦᠯᠵᠢᠯᠡᠬᠦ ᠴᠢᠨᠠᠷᠳᠠᠢ ᠲᠤᠮᠤ ᠬᠡᠯᠪᠡᠷᠢ ᠶᠢᠨ ᠴᠤᠭᠯᠠᠭᠤᠯᠵᠤ ᠬᠠᠳᠠᠭᠠᠯᠠᠬᠤ᠂ ᠳᠡᠯᠭᠡᠨ ᠦᠵᠡᠭᠦᠯᠬᠦ ᠪᠠ ᠰᠤᠳᠤᠯᠭᠠᠨ ᠬᠢᠬᠦ ᠶᠢ ᠲᠦᠪᠯᠡᠷᠡᠭᠦᠯᠦᠭᠰᠡᠨ ᠲᠤᠰᠬᠠᠢ ᠰᠡᠳᠤᠪᠳᠤ ᠮᠦᠽᠸᠢ ᠪᠤᠯᠤᠨ᠎ᠠ᠃ ᠮᠦᠨᠴᠤ ᠪᠦᠬᠦ ᠤᠯᠤᠰ ᠤᠨ ᠨᠡᠶᠢᠬᠡᠮ ᠤᠨ ᠰᠤᠷᠭᠠᠨ ᠬᠦᠮᠦᠵᠢᠯ ᠤᠨ ᠰᠢᠯᠢᠳᠡᠭ ᠰᠠᠭᠤᠷᠢᠨ ᠭᠠᠵᠠᠷ ᠪᠠ ᠪᠦᠬᠦ ᠤᠷᠤᠨ᠂ ᠪᠦᠬᠦ ᠬᠤᠳᠠ ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠰᠤᠷᠭᠠᠨ ᠬᠦᠮᠦᠵᠢᠯ ᠤᠨ ᠰᠠᠭᠤᠷᠢᠨ ᠭᠠᠵᠠᠷ ᠪᠤᠯᠬᠤ ᠪᠦᠭᠡᠳ ᠤᠯᠤᠰ ᠤᠨ ᠬᠤᠶᠠᠳᠤᠭᠠᠷ ᠳᠡᠰ ᠤᠨ ᠮᠦᠽᠸᠢ ᠪᠤᠯᠤᠨ᠎ᠠ᠃ ᠤᠳᠤᠬᠠᠨ ᠤ ᠪᠠᠶᠢᠩᠭᠤ ᠶᠢᠨ ᠳᠡᠯᠭᠡᠨ ᠦᠵᠡᠭᠦᠯᠦᠯᠳᠡ ᠳᠤ ︽ᠦᠨᠢ ᠤᠳᠠᠭᠠᠨ ᠤᠯᠠᠮᠵᠢᠯᠠᠯ ᠲᠠᠢ ᠲᠠᠯ᠎ᠠ ᠨᠤᠳᠤᠭ ᠤᠨ ᠪᠤᠯᠪᠠᠰᠤᠨ︾᠂ ︽ᠮᠤᠷᠢᠨ ᠨᠢᠷᠤᠭᠤᠨ ᠳᠡᠭᠡᠷᠡᠬᠢ ᠬᠦᠷᠡᠯ ᠬᠠᠭᠠᠨᠳᠤ ᠤᠯᠤᠰ︾᠂ ︽ᠤᠭ ᠰᠠᠨᠠᠭ᠎ᠠ ᠪᠠᠨ ᠦᠯᠦ ᠮᠠᠷᠳᠠᠨ᠂ ᠦᠨᠡᠨᠴᠢ ᠰᠢᠳᠤᠷᠭᠤ ᠪᠠᠷ ᠡᠳ᠋ ᠤᠨ ᠶᠠᠪᠤᠳᠠᠯ ᠢ ᠬᠠᠮᠢᠶᠠᠷᠤᠭᠰᠠᠨ ᠬᠡᠬᠦ ᠰᠡᠳᠤᠪᠳᠤ ᠤᠷᠳᠤᠰ ᠬᠤᠳᠠ ᠶᠢᠨ ᠡᠳ᠋ ᠤᠨ ᠵᠠᠰᠠᠭ  ᠤᠨ ᠲᠡᠤᠬᠡᠨ ᠦᠵᠡᠬᠦᠯᠦᠯᠭᠡ︾ ︵ᠤᠷᠳᠤᠰ ᠬᠦᠷᠡᠯ ᠪᠠᠭᠠᠵᠢ ᠶᠢᠨ ᠬᠤᠪᠢᠶᠠᠷᠢ ᠮᠦᠽᠸᠢ ᠪᠤᠯᠬᠤ ᠤᠷᠳᠤᠰ ᠡᠳ᠋ ᠤᠨ ᠵᠠᠰᠠᠭ ᠤᠨ ᠲᠡᠤᠬᠡᠨ ᠦᠵᠡᠭᠦᠯᠦᠯᠭᠡ ᠶᠢᠨ ᠮᠦᠽᠸᠢ ᠨᠢ ᠤᠷᠳᠤᠰ ᠬᠤᠳᠠ ᠶᠢᠨ ᠬᠢᠶ᠎ᠠ ᠪᠠᠭᠰᠢ ᠲᠤᠭᠤᠷᠢᠭ ᠤᠨ ᠤᠷᠳᠤᠰ ᠡᠳ᠋ ᠤᠨ ᠵᠠᠰᠠᠭ ᠤᠨ ᠠᠰᠠᠷ ᠤᠨ ᠨᠢᠭᠡᠳᠤᠭᠡᠷ ᠳᠠᠪᠬᠤᠷᠯᠢᠭ ᠲᠤ ᠪᠠᠶᠢᠷᠢᠯᠠᠵᠤ᠂ ᠪᠠᠷᠢᠯᠭ᠎ᠠ ᠶᠢᠨ ᠳᠠᠯᠠᠪᠠᠢ ᠨᠢ 1100 ᠳᠡᠭᠰᠢ ᠳᠦᠷᠪᠡᠯᠵᠢᠨ ᠮᠧᠲᠷ︶᠂ ᠭᠤᠷᠪᠠᠨ ᠲᠦᠷ ᠴᠠᠭ ᠤᠨ ᠳᠡᠯᠬᠡᠨ ᠦᠵᠡᠭᠦᠯᠦᠯᠭᠡ ᠶᠢᠨ ᠳᠢᠩᠬᠢᠮ ᠲᠠᠢ᠂ ᠵᠢᠯ ᠳᠤ 4 — 10 ᠲᠦᠷ ᠴᠠᠭ ᠤᠨ ᠳᠡᠯᠬᠡᠨ ᠦᠵᠡᠭᠦᠯᠦᠯᠭᠡ ᠶᠢ ᠡᠷᠬᠢᠯᠡᠵᠤ ᠪᠠᠶᠢᠨ᠎ᠠ᠃ 2 ᠨᠡᠷᠡᠳᠤ ᠬᠦᠮᠦᠰ ᠤᠨ ᠨᠤᠮ ᠤᠨ ᠦᠵᠡᠭᠦᠯᠦᠯᠭᠡ ᠶᠢᠨ ᠦᠷᠦᠭᠡ ᠲᠠᠢ ︵ᠲᠢᠶᠠᠨ ᠭᠤᠸᠠᠩ ᠶᠢᠨ᠂ ᠭᠥᠸᠧ ᠰᠤ᠋ ᠰᠢᠨ ᠨᠤᠮ ᠤᠨ ᠦᠷᠦᠭᠡ᠂ ᠦᠨᠡᠨᠶᠤᠰᠤᠳᠤ ᠨᠤᠮ ᠤᠨ ᠦᠷᠦᠭᠡ︶᠂ ᠪᠦᠬᠦ ᠵᠢᠯ ᠢᠶᠠᠷ ᠢᠶᠠᠨ ᠨᠡᠬᠡᠬᠡᠯᠳᠡᠳᠠᠢ ᠪᠠᠶᠢᠳᠠᠭ᠃ ᠬᠦᠮᠦᠷᠬᠡ  ᠶᠢᠨ ᠳᠠᠯᠠᠪᠠᠢ ᠨᠢ 10000 ᠭᠠᠷᠤᠢ ᠳᠡᠭᠰᠢ ᠳᠦᠷᠪᠡᠯᠵᠢᠨ ᠮᠧᠲᠷ᠂ ᠬᠠᠳᠠᠭᠠᠯᠠᠭᠳᠠᠵᠤ ᠪᠠᠶᠢᠭ᠎ᠠ ᠲᠡᠤᠬᠡ ᠶᠢᠨ ᠳᠤᠷᠠᠰᠬᠠᠯᠳᠤ ᠵᠤᠶᠢᠯᠡᠰ 2 ᠲᠦᠮᠡ ᠭᠠᠷᠤᠢ ᠪᠠᠶᠢᠵᠤ᠂ ᠡᠬᠦᠨ ᠳᠤ ᠤᠯᠤᠰ ᠤᠨ ᠨᠢᠭᠡᠳᠦᠭᠡᠷ ᠳᠡᠰ ᠤᠨ ᠲᠡᠤᠬᠡᠨ ᠳᠤᠷᠠᠰᠬᠠᠯᠳᠤ ᠵᠤᠶᠢᠯᠡᠰ 53 ᠭᠡᠰᠡᠭ ︵ᠢᠵᠢ︶᠂ ᠳᠤᠮᠳᠠᠳᠤ ᠤᠯᠤᠰ ᠤᠨ ᠤᠮᠠᠷᠠᠳᠤ ᠤᠷᠤᠨ ᠤ ᠨᠡᠷᠡᠳᠤ ᠬᠦᠮᠦᠰ ᠤᠨ ᠲᠤᠬᠠᠢ ᠬᠤᠪᠤᠷ ᠨᠠᠨᠳᠢᠨ ᠨᠤᠮ ᠰᠤᠳᠤᠷ᠂ ᠪᠢᠴᠢᠭ ᠮᠠᠲ᠋ᠧᠷᠢᠶᠠᠯ᠂ ᠭᠠᠷ ᠪᠢᠴᠢᠮᠡᠯ᠂ ᠳᠦᠷᠰᠤ ᠰᠢᠩᠭᠡᠭᠡᠯᠳᠡ ᠵᠡᠷᠭᠡ ᠪᠠᠷᠤᠭ 10000 ᠤᠷᠴᠢᠮ ᠭᠡᠰᠡᠭ ︵ᠢᠵᠢ︶ ᠬᠠᠳᠠᠭᠠᠯᠠᠭᠳᠠᠵᠤ ᠪᠤᠢ᠃    ᠨᠢᠭᠡ ᠤᠯᠤᠰ ᠨᠢᠭᠡ ᠦᠨᠳᠦᠰᠦᠳᠡᠨ ᠤ ᠬᠦᠴᠦᠷᠬᠡᠭᠵᠢᠯ ᠨᠢ ᠶᠡᠷᠦ ᠠᠴᠠ ᠰᠤᠶᠤᠯ ᠤᠨ ᠬᠦᠭᠵᠢᠯ ᠴᠡᠴᠡᠭᠯᠡᠯ ᠢᠶᠠᠷ ᠳᠦᠰᠢᠭ ᠲᠤᠯᠭᠠᠭᠤᠷᠢ ᠪᠤᠯᠭᠠᠳᠠᠭ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠨᠢ ᠳᠤᠮᠳᠠᠳᠤ ᠶᠢᠨ ᠰᠤᠶᠤᠯ ᠤᠨ ᠬᠦᠭᠵᠢᠯᠳᠡ ᠴᠡᠴᠡᠭᠯᠡᠯᠳᠡ ᠪᠠᠷ ᠰᠠᠭᠤᠷᠢ ᠨᠦᠬᠦᠴᠡᠯ ᠪᠤᠯᠭᠠᠬᠤ ᠴᠢᠬᠤᠯᠠᠳᠠᠢ ᠶᠤᠮ᠃ ᠤᠷᠳᠤᠰ ᠬᠦᠷᠡᠯ ᠪᠠᠭᠠᠵᠢ ᠨᠢ ᠬᠡᠷᠡᠯ ᠰᠠᠴᠤᠷᠠᠩᠭᠤᠢ ᠪᠤᠯᠪᠠᠰᠤᠨ ᠢ ᠠᠴᠢᠶᠠᠯᠠᠨ᠂ ᠳᠡᠤᠬᠡ ᠰᠤᠶᠤᠯ ᠢ ᠤᠯᠠᠮᠵᠢᠯᠠᠨ ᠵᠠᠯᠭᠠᠮᠵᠢᠯᠠᠵᠤ᠂ ᠦᠨᠳᠦᠰᠦᠳᠡᠨ ᠤ ᠤᠶᠤᠨ ᠰᠠᠨᠠᠭ᠎ᠠ ᠶᠢ ᠬᠤᠯᠪᠤᠵᠤ ᠪᠠᠶᠢᠳᠠᠭ᠂ ᠲᠡᠷᠡ ᠨᠢ ᠡᠪᠦᠭᠡ ᠳᠡᠭᠡᠳᠤᠰ ᠤᠨ ᠪᠢᠳᠠᠨ ᠳᠤ ᠦᠯᠡᠳᠡᠭᠡᠭᠰᠡᠨ ᠬᠤᠪᠤᠷ ᠨᠠᠨᠳᠢᠨ ᠦᠪ ᠬᠦᠷᠦᠩᠭᠡ ᠪᠤᠯᠬᠤ ᠪᠠᠷ ᠪᠠᠷᠠᠬᠤ ᠦᠭᠡᠢ ᠨᠡᠶᠢᠬᠡᠮ ᠵᠢᠷᠦᠮ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠬᠤ ᠰᠢᠮ᠎ᠡ ᠳᠡᠵᠢᠭᠡᠯᠳᠤ ᠬᠦᠷᠦᠰᠦ ᠪᠤᠯᠤᠨ᠎ᠠ᠃ ᠲᠡᠤᠬᠡ  ᠶᠢᠨ ᠳᠤᠷᠠᠰᠬᠠᠯᠳᠤ ᠵᠤᠶᠢᠯᠡᠰ ᠢ ᠬᠠᠮᠠᠭᠠᠯᠠᠬᠤ ᠨᠢᠭᠡᠨ ᠦᠶ᠎ᠡ ᠶᠢᠨ ᠴᠢᠷᠮᠠᠶᠢᠯᠭ᠎ᠠ ᠨᠢ ᠮᠢᠩᠭᠠᠨ ᠦᠶ᠎ᠡ ᠶᠢᠨ ᠬᠦᠮᠦᠰ ᠲᠤ ᠠᠰᠢᠭ ᠬᠦᠷᠳᠡᠭᠡᠳᠡᠭ᠃
1.2.jpg
1.3.jpg
1.4.jpg
ᠢᠷᠡᠯᠲᠡ᠄ ᠲᠤᠰ ᠰᠦᠯᠵᠢᠶ᠎ᠠ