ᠤᠷᠳᠤᠰ ᠤᠨ ᠬᠡᠬᠡᠷ᠎ᠡ ᠶᠢᠨ ᠠᠮᠢᠳᠠᠨ ᠤ ᠬᠦᠷᠢᠶᠠᠯᠠᠩ
ᠨᠡᠶᠢᠲᠡᠯᠡᠭᠰᠡᠨ ᠴᠠᠭ᠄
2022/11/29
       ᠤᠷᠳᠤᠰ ᠤᠨ ᠬᠡᠬᠡᠷ᠎ᠡ ᠶᠢᠨ ᠠᠮᠢᠳᠠᠨ ᠤ ᠬᠦᠷᠢᠶᠠᠯᠠᠩ ᠨᠢ ᠦᠪᠦᠷ ᠮᠤᠩᠭᠤᠯ  ᠤᠨ ᠦᠪᠡᠷᠳᠡᠬᠡᠨ ᠵᠠᠰᠠᠬᠤ ᠤᠷᠤᠨ ᠤ ᠤᠷᠳᠤᠰ ᠬᠤᠳᠠ ᠶᠢᠨ ᠳ᠋ᠦᠩᠱᠧᠩ ᠲᠤᠭᠤᠷᠢᠭ ᠤᠨ ᠬᠢᠵᠠᠭᠠᠷ ᠲᠤ ᠪᠠᠶᠢᠷᠢᠰᠢᠵᠤ ᠪᠠᠶᠢᠭ᠎ᠠ ᠤᠯᠤᠰ ᠤᠨAAAA ᠲᠡᠰ ᠤᠨ ᠵᠤᠭᠠᠴᠠᠯ ᠤᠨ ᠤᠷᠤᠨ ᠪᠤᠯᠤᠨ᠎ᠠ᠃ ᠶᠡᠷᠦᠩᠬᠡᠢ ᠲᠠᠯᠠᠪᠠᠢ ᠨᠢ 12 ᠲᠡᠭᠰᠢ ᠲᠦᠷᠪᠡᠯᠵᠢᠨ ᠺᠢᠯᠤᠮᠧᠲᠷ ᠪᠠᠶᠢᠵᠤ᠂ 2010 ᠤᠨ ᠠᠴᠠ ᠪᠠᠷᠢᠯᠭ᠎ᠠ ᠡᠬᠢᠯᠡᠬᠦᠯᠦᠨ2012 ᠤᠨ ᠤ 7 ᠰᠠᠷ᠎ᠠ ᠳᠤ ᠲᠠᠭᠤᠰᠬᠠᠵᠤ ᠵᠤᠭᠠᠴᠠᠯ ᠤᠨ ᠡᠵᠡᠩᠨᠡᠯᠳᠠ ᠪᠠᠨ ᠡᠬᠢᠯᠡᠬᠦᠯᠵᠠᠢ᠃       ᠠᠮᠢᠳᠠᠨ ᠤ ᠬᠦᠷᠢᠶᠠᠯᠡᠩ ᠨᠢ ᠤᠤᠭᠠᠯ ᠭᠠᠵᠡᠷ ᠤᠨ ᠪᠠᠶᠢᠴᠠ ᠶᠢ ᠬᠦᠢᠴᠡᠳ ᠠᠰᠢᠭᠯᠠᠨ ᠲᠤᠬᠠᠢ ᠶᠢᠨ ᠭᠠᠵᠡᠷ ᠲᠤ ᠨᠢ ᠲᠤᠬᠢᠷᠠᠭᠤᠯᠤᠨ ᠴᠢᠳᠠᠮᠵᠢᠳᠤ ᠪᠠᠶᠢᠷᠢᠰᠢᠭᠤᠯᠤᠯᠳᠠ ᠬᠢᠵᠤ᠂ ᠭᠤᠤᠯᠯᠠᠭᠴᠢ ᠲᠡᠯᠬᠡᠨ ᠦᠵᠡᠬᠦᠯᠬᠡ ᠶᠢᠨ ᠲᠤᠭᠤᠷᠢᠭ ᠪᠠ ᠤᠶᠢᠷ᠎ᠠ ᠬᠠᠪᠢ ᠶᠢᠨ ᠠᠮᠢ ᠠᠬᠤᠢ ᠶᠢᠨ ᠨᠤᠭᠤᠭᠠᠷᠠᠭᠤᠯᠤᠯᠳᠠ ᠶᠢᠨ ᠲᠤᠭᠤᠷᠢᠭ ᠬᠡᠬᠦ ᠬᠤᠶᠡᠷ ᠶᠡᠭᠡ ᠤᠷᠤᠨ ᠪᠦᠰᠡ ᠪᠠᠷ ᠪᠦᠷᠢᠯᠳᠦᠵᠠᠢ᠃ ᠠᠮᠢᠳᠠᠨ ᠤ ᠦᠰᠦᠯᠳᠠ ᠪᠤᠶᠢᠵᠢᠯᠳᠠ ᠶᠢᠨ ᠲᠠᠳᠬᠠᠯ ᠢᠶᠠᠷ ᠨᠢ ᠠᠮᠢᠳᠠᠨ ᠤ ᠲᠡᠯᠬᠡᠨ ᠦᠵᠡᠬᠦᠯᠬᠡ ᠶᠢᠨ ᠲᠤᠭᠤᠷᠢᠭ ᠢ ᠰᠢᠨᠵᠢᠯᠡᠭᠡ ᠮᠡᠷᠬᠡᠵᠢᠯ ᠢ ᠲᠦᠬᠡᠮᠡᠯᠵᠢᠬᠦᠯᠬᠦ ᠲᠤᠭᠤᠷᠢᠭ᠂ ᠤᠨᠴᠠᠯᠢᠭᠳᠤ ᠠᠮᠢᠳᠠᠨ ᠤ ᠲᠤᠭᠤᠷᠢᠭ᠂ ᠲᠡᠷᠬᠡ ᠪᠠᠷ ᠠᠶᠠᠯᠠᠵᠤ ᠠᠮᠢᠳᠠᠨ ᠢ ᠰᠤᠨᠢᠷᠬᠠᠬᠤ ᠲᠤᠭᠤᠷᠢᠭ᠂ ᠶᠠᠪᠠᠭᠠᠨ ᠢᠶᠠᠷ ᠰᠤᠨᠢᠷᠬᠠᠬᠤ ᠲᠤᠭᠤᠷᠢᠭ ᠵᠡᠷᠬᠡ ᠲᠦᠷᠪᠡᠨ ᠲᠦᠷᠦᠯ ᠬᠤᠪᠢᠶᠠᠵᠠᠢ᠃ ︽ᠴᠢᠨ᠋ᠸ᠎ᠠ ᠶᠢᠨ ᠭᠤᠤ︾ ᠶᠢᠨ ᠭᠤᠤᠯᠯᠠᠭᠴᠢ ᠰᠤᠶᠤᠯ ᠤᠨ ᠲᠡᠯᠬᠡᠨ ᠦᠵᠡᠬᠦᠯᠬᠡ ᠶᠢᠨ ᠬᠦᠷᠢᠶᠡᠯᠡᠩ᠂ ᠲᠠᠯᠠᠢ ᠶᠢᠨ ᠠᠮᠢᠳᠠᠨ ᠤ ᠤᠷᠳᠤᠨ᠂ ᠵᠢᠵᠢᠭ ᠠᠮᠢᠳᠠᠨ ᠤ ᠬᠦᠷᠢᠶᠠᠯᠠᠩ᠂ ᠪᠠᠷᠰ ᠢᠷᠪᠢᠰ ᠤᠨ ᠬᠦᠷᠢᠶᠠᠯᠠᠩ᠂ ᠠᠯ ᠰᠠᠬᠦᠯ ᠤᠨ ᠲᠡᠯᠬᠡᠨ ᠦᠵᠡᠬᠦᠯᠬᠡ ᠶᠢᠨ ᠲᠤᠭᠤᠷᠢᠭ᠂ ᠲᠤᠮᠦ ᠮᠠᠯᠤᠷ ᠦᠳᠡᠭᠡ ᠶᠢᠨ ᠤᠷᠳᠤᠨ᠂ ᠰᠢᠪᠠᠭᠤᠨ ᠤ ᠬᠦᠷᠢᠶᠠᠯᠠᠩ ᠵᠡᠷᠬᠡ 25 ᠠᠮᠢᠳᠠᠨ ᠤ ᠤᠷᠳᠤᠨ ᠬᠦᠷᠢᠶᠠᠯᠠᠩ ᠪᠠ ᠠᠮᠢᠳᠠᠨ ᠤ ᠡᠮᠨᠡᠯᠬᠡ᠂ ᠮᠦᠰᠦ ᠴᠠᠰᠤᠨ ᠤ ᠴᠡᠩᠬᠡᠯ ᠤᠨ ᠭᠠᠵᠡᠷ᠂ ᠵᠤᠭᠠᠴᠠᠭᠰᠠᠳ ᠤᠨ ᠤᠶᠢᠯᠠᠴᠢᠯᠠᠬᠡᠨ ᠤ ᠲᠦᠪ ᠵᠡᠷᠬᠡ ᠢᠵᠢ ᠪᠦᠷᠢᠨ ᠪᠠᠷᠢᠯᠭ᠎ᠠ  ᠨᠤᠭᠤᠳ ᠢ ᠪᠦᠳᠦᠬᠡᠨ ᠪᠠᠶᠢᠭᠤᠯᠵᠤ᠂ ᠤᠳᠤᠬᠠᠨ ᠳᠤ ᠰᠤᠨᠢᠷᠬᠠᠭᠤᠯᠤᠨ ᠦᠵᠡᠬᠦᠯᠵᠤ ᠪᠠᠶᠢᠭ᠎ᠠ ᠠᠮᠢᠳᠠᠨ ᠨᠠᠶᠢᠳᠠ 174 ᠲᠦᠷᠦᠯ 2100 ᠭᠠᠷᠤᠢ ᠳᠤ ᠬᠦᠷᠴᠦ᠂ ᠵᠢᠯ ᠤᠨ ᠲᠦᠷᠪᠡᠨ ᠤᠯᠠᠷᠢᠯ ᠢᠶᠠᠷ ᠨᠡᠬᠡᠬᠡᠨ ᠡᠵᠡᠩᠨᠡᠵᠤ ᠪᠠᠶᠢᠨ᠎ᠠ᠃ ᠬᠦᠷᠢᠶᠠᠯᠠᠩ ᠳᠤ ᠠᠮᠢᠳᠠᠨ ᠢ ᠠᠷᠠᠴᠢᠯᠠᠵᠤ ᠲᠡᠵᠢᠬᠡᠬᠦ ᠳᠤ ᠲᠦᠬᠦᠮ ᠢ ᠨᠢ ᠤᠷᠢᠳᠠ ᠪᠠᠷ᠂ ᠬᠦᠴᠢᠷ ᠢ ᠨᠢ ᠰᠡᠬᠦᠯᠡᠷ᠂ ᠪᠦᠯᠦᠭ ᠬᠤᠪᠢᠶᠠᠨ ᠤᠷᠤᠭᠤᠯᠬᠤ  ᠵᠡᠷᠴᠢᠮ ᠢ ᠪᠠᠷᠢᠮᠳᠠᠯᠠᠨ᠂ ᠤᠳᠤ ᠪᠤᠯᠳᠠᠯ᠎ᠠ 500 ᠭᠠᠷᠤᠢ ᠲᠦᠷᠦᠯ ᠵᠤᠶᠢᠯ ᠤᠨ 4000 ᠭᠠᠷᠤᠢ ᠠᠮᠢᠳᠠᠨ ᠢ ᠤᠷᠤᠭᠤᠯᠵᠤ ᠠᠪᠴᠢᠷᠠᠭᠰᠠᠨ ᠪᠠᠶᠢᠨ᠎ᠠ᠃     ᠤᠷᠳᠤᠰ ᠤᠨ ᠬᠡᠬᠡᠷ᠎ᠡ ᠶᠢᠨ ᠠᠮᠢᠳᠠᠨ ᠤ ᠬᠦᠷᠢᠶᠠᠯᠠᠩ ᠨᠢ ᠤᠷᠢᠳ ᠬᠤᠵᠢᠳ ᠲᠤᠮᠳᠠᠳᠤ ᠤᠯᠤᠰ ᠤᠨ ᠵᠤᠭᠠᠴᠠᠯ ᠤᠨ ᠰᠠᠶᠢᠨ ᠲᠤᠷᠠᠴᠤᠣᠯ ᠤᠨ ᠤᠶᠢᠯᠡᠴᠢᠯᠡᠬᠡᠨ ᠤ ᠦᠷᠳᠡᠭᠡ᠂ ᠤᠷᠤᠨ ᠤ ᠲᠡᠰ ᠤᠨ ᠤᠶᠢᠯᠡᠴᠢᠯᠡᠬᠡᠨ ᠤ ᠤᠶᠢᠯᠡᠰ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠬᠦᠯᠬᠦ ᠲᠤᠷᠰᠢᠯᠳᠠ ᠶᠢᠨ ᠴᠡᠭ ᠤᠨ ᠨᠢᠬᠡᠴᠡ᠂ ᠳ᠋ᠦᠩᠱᠧᠩ ᠲᠤᠭᠤᠷᠢᠭ ᠤᠨ ᠵᠤᠭᠠᠴᠠᠯ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠬᠦᠯᠬᠦ ᠲᠤᠷᠰᠢᠯᠳᠠ ᠶᠢᠨ ᠴᠡᠭ ᠤᠨ ᠦᠵᠡᠮᠵᠢ ᠶᠢᠨ ᠤᠷᠤᠨ ᠵᠡᠷᠬᠡ ᠢᠷᠠᠭᠤ ᠠᠯᠳᠠᠷ ᠢ  ᠬᠦᠷᠳᠡᠭᠰᠡᠨ ᠪᠦᠬᠡᠳ ᠲᠤᠮᠳᠠᠳᠤ ᠤᠯᠤᠰ ᠤᠨ ᠤᠮᠠᠷᠠᠳᠤ ᠤᠷᠤᠨ ᠤ ᠬᠠᠮᠤᠭ ᠤᠨ ᠲᠤᠮᠤ ᠠᠮᠢᠳᠠᠨ ᠤ ᠬᠦᠷᠢᠶᠠᠯᠠᠩ ᠪᠠ ᠤᠯᠤᠰ ᠤᠨ ᠬᠠᠮᠤᠭ ᠤᠨ ᠰᠠᠶᠢᠨ AAAA ᠲᠡᠰ ᠤᠨ ᠵᠤᠭᠠᠴᠠᠯ ᠤᠨ ᠤᠷᠤᠨ ᠢ ᠴᠤᠭᠴᠠᠯᠠᠬᠤ ᠪᠠᠷ ᠴᠢᠷᠮᠠᠶᠢᠵᠤ ᠪᠠᠶᠢᠨ᠎ᠠ᠃
微信图片_20220906111323.gif
微信图片_20220906111508.gif
微信图片_20220906112339.gif
微信图片_20220906111505.gif
微信图片_20220906111516.jpg
微信图片_20220906111519.jpg
微信图片_20220906111531.jpg
微信图片_20220906112257.jpg
微信图片_20220906111524.png
微信图片_20220906112538.jpg
ᠢᠷᠡᠯᠲᠡ᠄ ᠲᠤᠰ ᠰᠦᠯᠵᠢᠶ᠎ᠠ