ᠵᠢᠦ ᠴᠧᠩ ᠬᠦᠩ ᠲᠠᠯ᠎ᠠ ᠨᠤᠳᠤᠭ ᠤᠨ ᠮᠠᠩᠬᠠᠨ ᠠᠶᠠᠯᠭᠤ ᠰᠤᠶᠤᠯ ᠵᠢᠭᠤᠯᠴᠢᠯᠠᠯ ᠤᠨ ᠤᠷᠤᠨ
ᠨᠡᠶᠢᠲᠡᠯᠡᠭᠰᠡᠨ ᠴᠠᠭ᠄
2022/11/29
      ᠵᠢᠦ ᠴᠧᠩ ᠬᠥᠩ ᠲᠠᠯ᠎ᠠ ᠨᠤᠲᠤᠭ ᠤᠨ ᠮᠠᠩᠬᠠᠨ ᠠᠶᠠᠯᠭᠤ ᠰᠣᠶᠣᠯ ᠵᠢᠭᠤᠯᠴᠢᠯᠠᠯ ᠤᠨ ᠤᠷᠤᠨ ᠪᠣᠯ ᠳ᠋ᠦᠩᠱᠧᠩ ᠲᠣᠭᠤᠷᠢᠭ ᠤᠨ ᠪᠠᠷᠠᠭᠤᠨ ᠬᠡᠰᠡᠭ᠂ ᠬᠠᠨᠲᠠᠶ ᠪᠠᠯᠭᠠᠰᠤᠨ ᠤ ᠪᠠᠷᠠᠭᠤᠨ ᠡᠮᠦᠨ᠎ᠡ ᠬᠡᠰᠡᠭ ᠲᠤ ᠪᠠᠶᠢᠷᠢᠯᠠᠵᠤ᠂ ᠡᠵᠡᠯᠡᠬᠦ ᠲᠠᠯᠠᠪᠠᠶ ᠨᠢ 6.2 ᠺᠢᠯᠤᠮᠧᠲᠷ᠂ ᠣᠷᠳᠣᠰ ᠤᠨ ᠮᠠᠩᠬᠠᠨ ᠠᠶᠠᠯᠭᠤ ᠶᠢᠨ ᠰᠣᠶᠣᠯ ᠢᠶᠠᠷ ᠭᠤᠤᠯ ᠰᠡᠳᠦᠪ ᠪᠤᠯᠭᠠᠭᠰᠡᠨ᠂ ᠮᠠᠩᠬᠠᠨ ᠠᠶᠠᠯᠭᠤ ᠰᠣᠶᠣᠯ ᠵᠢᠭᠤᠯᠴᠢᠯᠠᠯ ᠤᠨ ᠰᠤᠳᠤᠯᠭᠠᠨ ᠪᠠ ᠬᠡᠷᠡᠭᠯᠡᠭᠡ ᠤᠶᠢᠯᠡᠴᠢᠯᠡᠬᠡᠨ ᠤ ᠰᠠᠭᠤᠷᠢᠨ ᠭᠠᠵᠠᠷ ᠮᠥᠨ᠂ ᠤᠯᠤᠰ ᠤᠨ AAAA ᠲᠠᠰ ᠤᠨ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ᠂ ᠪᠥᠬᠦ ᠤᠯᠤᠰ ᠤᠨ ᠰᠡᠯᠡᠭᠦᠴᠡᠯ ᠲᠠᠷᠢᠶᠠᠯᠠᠩ ᠤᠨ ᠵᠢᠱᠢᠶ᠎ᠡ ᠦᠵᠡᠭᠦᠯᠬᠦ ᠴᠡᠭ᠂ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠨᠴᠠᠯᠢᠭᠳᠤ ᠲᠣᠰᠬᠤᠨ᠂ ᠳᠤᠮᠳᠠᠳᠤ ᠤᠯᠤᠰ ᠤᠨ ᠲᠠᠯ᠎ᠠ ᠨᠤᠲᠤᠭ ᠤᠨ ᠮᠠᠩᠬᠠᠨ ᠠᠶᠠᠯᠭᠤᠨ ᠰᠣᠶᠣᠯ ᠤᠨ ᠵᠢᠵᠢᠭ ᠪᠠᠯᠭᠠᠰᠤ ᠪᠤᠯᠤᠨ᠎ᠠ᠃      ᠵᠢᠦ ᠴᠧᠩ ᠬᠥᠩ ᠲᠠᠯ᠎ᠠ ᠨᠤᠲᠤᠭ ᠤᠨ ᠮᠠᠩᠬᠠᠨ ᠠᠶᠠᠯᠭᠤ ᠰᠣᠶᠣᠯ ᠵᠢᠭᠤᠯᠴᠢᠯᠠᠯ ᠤᠨ ᠤᠷᠤᠨ ᠳᠤ ︽ᠮᠣᠩᠭᠤᠯ ᠨᠡᠭᠦᠳᠡᠯ ᠮᠠᠯᠵᠢᠯ ᠤᠨ ᠠᠮᠢᠳᠤᠷᠠᠯ ᠢ ᠡᠳ᠋ᠯᠡᠬᠦ ᠂ ᠰᠡᠯᠡᠬᠦᠴᠡᠨ ᠵᠤᠭᠠᠴᠠᠬᠤ᠂ ᠮᠠᠩᠬᠠᠨ ᠠᠶᠠᠯᠭᠤ ᠶᠢᠨ ᠵᠠᠩ ᠤᠶᠢᠯᠡ ᠶᠢ ᠪᠡᠶᠡᠴᠢᠯᠡᠨ ᠤᠶᠢᠯᠠᠭᠠᠬᠤ᠂ ᠰᠤᠳᠤᠯᠤᠨ ᠰᠤᠷᠤᠯᠴᠠᠬᠤ ᠦᠷᠬᠡᠳᠬᠡᠭᠰᠡᠨ ᠪᠤᠯᠪᠠᠰᠤᠷᠠᠯ᠂ ᠮᠥᠰᠥ ᠴᠠᠰᠤᠨ ᠤ ᠪᠠᠶ᠎ᠠ ᠶᠢᠨ ᠲᠠᠮᠢᠷ ᠤᠨ ᠬᠥᠳᠡᠯᠭᠡᠭᠡᠨ ᠬᠢᠭᠡᠳ ᠮᠥᠰᠥ ᠴᠠᠰᠤᠨ ᠤ ᠨᠠᠭᠠᠳᠤᠮ︾ ᠵᠡᠷᠬᠡ ᠲᠠᠪᠤᠨ ᠶᠡᠭᠡ ᠭᠤᠤᠯᠯᠠᠬᠤ ᠲᠦᠷᠦᠯ ᠵᠤᠶᠢᠯ ᠪᠠ ᠤᠰᠤ ᠬᠠᠭᠤᠷᠠᠶ ᠶᠢᠨ ᠵᠤᠭ᠎ᠠ ᠴᠡᠩᠭᠡᠯ ᠤᠨ ᠲᠤᠭᠤᠷᠢᠭ᠂ ᠵᠤᠤ ᠵᠢᠶᠦ᠋ᠨ ᠰᠣᠶᠣᠯ ᠤᠨ ᠠᠷᠠᠯ᠂ ᠣᠶ ᠰᠢᠭᠤᠶ ᠶᠢᠨ ᠰᠡᠯᠡᠭᠦᠴᠡᠯ ᠤᠨ ᠲᠤᠭᠤᠷᠢᠭ᠂ ᠦᠷᠬᠡᠳᠬᠡᠯ ᠪᠣᠯᠪᠠᠰᠤᠷᠠᠯ ᠤᠨ ᠰᠠᠭᠤᠷᠢᠨ ᠭᠠᠵᠠᠷ᠂ ᠲᠠᠷᠢᠶᠠᠯᠠᠬᠤ ᠰᠣᠶᠣᠯ ᠤᠨ ᠳᠡᠯᠭᠡᠨ ᠦᠵᠡᠭᠦᠯᠬᠦ ᠲᠣᠭᠤᠷᠢᠭ᠂ ᠠᠷᠠᠳ ᠤᠨ ᠲᠣᠭᠯᠠᠯᠲᠠ ᠶᠢᠨ ᠲᠣᠭᠤᠷᠢᠭ᠂ ᠢᠳᠡᠬᠡᠨ ᠤᠮᠳᠠᠭᠠᠨ ᠬᠤᠨᠤᠭ ᠤᠨ ᠭᠠᠵᠡᠷ ᠬᠤᠷᠠᠯ ᠴᠤᠭᠯᠠᠭᠠᠨ ᠬᠢᠬᠦ ᠲᠣᠭᠤᠷᠢᠭ᠂ ᠭᠦᠸᠧ ᠵᠢᠶᠤᠤ ᠠᠷᠢᠬᠢ ᠶᠢᠨ ᠰᠣᠶᠣᠯ ᠢ ᠪᠡᠶᠡᠴᠢᠯᠡᠨ ᠣᠶᠢᠯᠠᠭᠠᠬᠤ ᠲᠣᠭᠤᠷᠢᠭ᠂ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠬᠦᠷᠢᠶᠡᠯᠡᠩ᠂ ᠮᠣᠩᠭᠤᠯ ᠤᠨ ᠨᠡᠭᠦᠳᠡᠯᠴᠢᠨ ᠠᠶᠢᠮᠠᠭ᠂ ᠨᠦᠬᠡᠨ ᠭᠡᠷ ᠤᠨ ᠠᠮᠠᠷᠠᠯᠲᠠ ᠶᠢᠨ ᠲᠤᠭᠤᠷᠢᠭ᠂ ᠮᠥᠰᠥ ᠴᠠᠰᠤᠨ ᠤ ᠶᠢᠷᠲᠢᠨᠴᠦ᠂ ᠠᠭᠤᠯᠠᠷᠬᠠᠭ ᠭᠠᠵᠡᠷ ᠤᠨ ᠲᠠᠮᠢᠷ ᠤᠨ ᠬᠦᠳᠡᠯᠬᠡᠬᠡᠨ ᠤ ᠲᠤᠭᠤᠷᠢᠭ᠂ ᠲᠠᠷᠢᠶᠠᠯᠠᠩ ᠤᠨ ᠦᠵᠡᠬᠦᠯᠦᠯᠬᠡ ᠶᠢᠨ ᠲᠤᠭᠤᠷᠢᠭ᠂ ᠬᠤᠷᠢᠮ ᠤᠨ ᠰᠡᠭᠦᠳᠡᠷ ᠰᠡᠬᠦᠳᠡᠷᠯᠡᠬᠦ ᠰᠠᠭᠤᠷᠢᠨ ᠭᠠᠵᠠᠷ ᠵᠡᠷᠭᠡ 15 ᠶᠡᠭᠡ ᠭᠤᠤᠯ ᠰᠡᠳᠦᠪᠲᠦ ᠲᠤᠭᠤᠷᠢᠭ ᠢᠶᠠᠷ ᠪᠦᠷᠢᠯᠳᠦᠭᠰᠡᠨ ᠰᠡᠯᠡᠬᠦᠴᠡᠯ ᠵᠤᠭᠠᠴᠠᠯ᠂ ᠰᠣᠶᠣᠯ ᠴᠡᠩᠭᠡᠯ᠂ ᠪᠡᠶᠡᠴᠢᠯᠡᠨ ᠤᠶᠢᠯᠠᠭᠠᠬᠤ ᠵᠡᠷᠬᠡ ᠶᠢ ᠨᠢᠭᠡ ᠴᠣᠭᠴᠠᠵᠢᠭᠤᠯᠤᠭᠰᠠᠨ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠶ ᠵᠢᠭᠤᠯᠴᠢᠯᠠᠯ ᠤᠨ ᠣᠷᠣᠨ ᠪᠠᠶᠢᠵᠤ᠂ ᠳᠥᠷᠪᠡᠨ ᠤᠯᠠᠷᠢᠯ ᠢᠶᠠᠷ ᠴᠥᠮ ᠵᠤᠭᠠᠴᠠᠵᠤ ᠪᠣᠯᠬᠤ ᠰᠣᠶᠣᠯ ᠵᠢᠭᠤᠯᠴᠢᠯᠠᠯ ᠤᠨ ᠪᠦᠳᠦᠴᠡ ᠶᠢ ᠪᠦᠷᠢᠯᠳᠦᠬᠦᠯᠵᠠᠢ᠃
微信图片_20220906153008.jpg
微信图片_20220906153125.jpg
微信图片_20220906153143.jpg
微信图片_20220906153240.jpg
微信图片_20220906153254.jpg
微信图片_20220906153249.png
微信图片_20220906153252.png
微信图片_20220906153424.jpg
微信图片_20220906153257.png
微信图片_20220906153427.jpg
微信图片_20220906153433.jpg
微信图片_20220906153439.jpg
微信图片_20220906153446.jpg
微信图片_20220906153455.jpg
微信图片_20220906153557.jpg
微信图片_20220906153635.jpg
微信图片_20220906153820.png
ᠢᠷᠡᠯᠲᠡ᠄ ᠳᠤᠰ ᠰᠦᠯᠵᠢᠶ᠎ᠡ