ᠤᠷᠳᠤᠰ ᠤᠨ ᠤᠳᠤ ᠦᠶ᠎ᠡ ᠶᠢᠨ ᠢᠮᠠᠭᠠᠨ ᠨᠣᠯᠤᠤᠷ ᠤᠨ ᠠᠵᠤ ᠦᠢᠯᠡᠰ ᠤᠨ ᠬᠦᠷᠢᠶᠡᠯᠡᠩ
ᠨᠡᠶᠢᠲᠡᠯᠡᠭᠰᠡᠨ ᠴᠠᠭ᠄
2022/11/29
   ︽ᠤᠷᠳᠤᠰ ᠪᠦᠬᠦ ᠲᠡᠯᠡᠭᠡᠢ ᠶᠢ ᠲᠤᠯᠠᠭᠠᠴᠠᠭᠤᠯᠤᠨ᠎ᠠ︾ ᠬᠡᠳᠡᠭ ᠦᠭᠡ ᠨᠢ ᠪᠢᠳᠡᠨ ᠳᠤ ᠲᠤᠩ ᠲᠠᠨᠢᠯ ᠲᠠᠰᠤᠯ ᠲᠠᠢ ᠪᠤᠯᠵᠤ᠂ ᠤᠷᠳᠤᠰ ᠤᠨ ᠣᠳᠣ ᠦᠶ᠎ᠡ ᠶᠢᠨ ᠢᠮᠠᠭᠠᠨ ᠨᠣᠯᠤᠤᠷ ᠤᠨ ᠠᠵᠤ ᠦᠢᠯᠡᠰ ᠤᠨ ᠬᠦᠷᠢᠶᠡᠯᠡᠩ ᠪᠣᠯ ᠣᠷᠳᠣᠰ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠬᠤᠣᠰ ᠵᠠᠭᠤᠨ ᠳ᠋ᠥᠩᠰᠢᠭᠤᠷ ᠤᠨ ᠢᠨᠵᠧᠨᠧᠷᠢᠩ︾ ᠢ ᠬᠡᠷᠡᠭᠵᠢᠭᠦᠯᠬᠦ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ︽ᠪᠦᠲᠦᠴᠡ ᠶᠢᠨ ᠬᠡᠯᠪᠡᠷᠢ ᠪᠠᠨ ᠬᠤᠪᠢᠷᠠᠭᠤᠯᠬᠤ᠂ ᠰᠢᠨ᠎ᠡ ᠶᠢ ᠡᠭᠦᠳᠦᠨ ᠬᠤᠲᠠ ᠪᠠᠨ ᠬᠦᠴᠦᠷᠬᠡᠭᠵᠢᠭᠦᠯᠬᠦ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠢᠮᠠᠭᠠᠨ ᠨᠣᠯᠤᠤᠷ ᠤᠨ ᠨᠡᠬᠡᠮᠡᠯ᠂ ᠠᠷᠢᠬᠢᠨ ᠤ ᠦᠢᠯᠡᠰ᠂ ᠢᠳᠡᠭᠡᠨ ᠡᠳ᠋ᠰᠢᠬᠦᠯᠬᠦ᠂ ᠡᠮ ᠦᠢᠯᠡᠳᠬᠦ ᠵᠢᠴᠢ ᠡᠮ ᠤᠨ ᠵᠤᠶᠢᠯᠡᠰ ᠤᠨ ᠪᠠᠷᠠᠭᠠᠨ ᠤ ᠬᠦᠢᠯᠬᠡᠬᠡ᠂ ᠣᠨᠴᠠᠯᠢᠭᠲᠤ ᠢᠳᠡᠭᠡᠨ ᠤᠮᠳᠠᠭᠠᠨ ᠤ ᠰᠣᠶᠣᠯ ᠵᠢᠴᠢ ᠺᠢᠨᠤ᠋ ᠲᠧᠯᠸᠢᠰ ᠰᠣᠶᠣᠯ ᠤᠨ ᠬᠤᠲᠠ ᠵᠡᠷᠭᠡ ᠣᠯᠠᠨ ᠠᠵᠤ ᠦᠢᠯᠡᠰ ᠢ ᠨᠢᠭᠡ ᠴᠤᠭᠴᠠᠵᠢᠭᠤᠯᠤᠭᠰᠡᠨ ᠬᠥᠩᠭᠡᠨ ᠠᠵᠤ ᠦᠢᠯᠡᠳᠪᠦᠷᠢ ᠬᠢᠭᠡᠳ ᠢᠵᠢ ᠪᠦᠷᠢᠳᠦᠬᠦᠯᠦᠭᠰᠡᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠣᠯᠤᠨ᠎ᠠ᠃        ᠤᠷᠳᠤᠰ ᠤᠨ ᠤᠳᠤ ᠦᠶ᠎ᠡ ᠶᠢᠨ ᠢᠮᠠᠭᠠᠨ ᠨᠣᠯᠤᠤᠷ ᠤᠨ ᠠᠵᠤ ᠦᠢᠯᠡᠰ ‍ᠤᠨ‌‍ᠬᠦ᠋ᠷᠢᠶᠡᠯᠡᠩ ᠲᠣᠭᠤᠷᠢᠭ ᠤᠨ ᠶᠡᠷᠦᠩᠬᠡᠶ ᠲᠠᠯᠠᠪᠠᠢ 18 . 6 ᠲᠡᠭᠰᠢ ᠳᠥᠷᠪᠡᠯᠵᠢᠨ ᠺᠢᠯᠤᠮᠧᠲᠷ ᠪᠠᠶᠢᠵᠤ᠂ ᠠᠵᠤ ᠦᠢᠯᠡᠰ ᠤᠨ ᠲᠥᠷᠥᠯ ᠵᠦᠢᠯ ᠳᠤ ᠣᠷᠳᠣᠰ ᠤᠨ ᠣᠳᠣ ᠦᠶ᠎ᠡ ᠶᠢᠨ ᠢᠮᠠᠭᠠᠨ ᠨᠣᠯᠤᠤᠷ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠳᠤᠮᠳᠠ ᠵᠢᠵᠢᠭ ᠢᠮᠠᠭᠠᠨ ᠨᠣᠯᠤᠤᠷ ᠤᠨ ᠨᠡᠬᠡᠮᠡᠯ ᠤᠨ ᠪᠦᠲᠦᠭᠡᠭᠳᠡᠬᠦᠨ ᠤ ᠠᠷᠠᠯᠵᠢᠶᠠᠨ ᠤ ᠲᠥᠪ᠂ ᠣᠷᠳᠣᠰ ᠠᠷᠢᠬᠢᠨ ᠤ ᠦᠢᠯᠡᠰ ᠤᠨ ᠬᠦᠷᠢᠶᠡᠯᠡᠩ ᠲᠣᠭᠤᠷᠢᠭ᠂ ᠢᠳᠡᠭᠡᠨ ᠡᠳ᠋ᠰᠢᠬᠦᠯᠬᠦ ᠬᠦᠷᠢᠶᠡᠯᠡᠩ᠂ ᠣᠨᠴᠠᠯᠢᠭᠲᠤ ᠢᠳᠡᠭᠡᠨ ᠤᠮᠳᠠᠭᠠᠨ ᠤ ᠬᠤᠲᠠ᠂ ᠢ ᠯᠢ ᠡᠮ ᠦᠢᠯᠡᠳᠬᠦ ᠵᠢᠴᠢ ᠡᠮ ᠤᠨ ᠵᠤᠶᠢᠯᠡᠰ ᠤᠨ ᠪᠠᠷᠠᠭᠠᠨ  ᠤ ᠭᠦᠢᠯᠭᠡᠭᠡᠨ ᠤ ᠬᠦᠷᠢᠶᠡᠯᠡᠩ᠂ ᠬᠤᠶᠠᠷ ᠨᠠᠰᠤᠵᠢᠯ ᠤᠨ ᠨᠡᠶᠢᠭᠡᠮ ᠲᠣᠭᠤᠷᠢᠭ ᠵᠢᠴᠢ ᠢᠵᠢ ᠪᠦᠷᠢᠳᠦᠬᠦᠯᠦᠭᠰᠡᠨ ᠠᠮᠢᠳᠤᠷᠠᠯ ᠤᠨ ᠰᠠᠭᠤᠷᠢ ᠲᠦᠬᠦᠬᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠬᠡᠷᠦᠮᠵᠢ ᠵᠡᠷᠭᠡ ᠪᠤᠶ᠃
11_副本.jpg
755.jpg
856_副本.jpg
微信图片_20220907094002.jpg
微信图片_20220907094016.jpg
ᠢᠷᠡᠯᠲᠡ᠄ ᠲᠤᠰ ᠰᠦᠯᠵᠢᠶ᠎ᠠ