ᠳ᠋ᠦᠩᠱᠧᠩ ᠲᠣᠭᠤᠷᠢᠭ ᠤᠨ ᠨᠣᠮ ᠤᠨ ᠰᠠᠩ
ᠨᠡᠶᠢᠲᠡᠯᠡᠭᠰᠡᠨ ᠴᠠᠭ᠄
2022/11/29
      ᠤᠷᠳᠤᠰ ᠬᠤᠳᠠ ᠶᠢᠨ ᠳ᠋ᠦᠩᠱᠧᠩ ᠲᠣᠭᠤᠷᠢᠭ ᠤᠨ ᠨᠣᠮ ᠤᠨ ᠰᠠᠩ 1987 ᠣᠨ ᠤ 6 ᠰᠠᠷ᠎ᠠ ᠳᠤ ᠪᠠᠶᠢᠭᠤᠯᠤᠭᠳᠠᠵᠤ᠂ ᠦᠵᠡᠰᠬᠦᠯᠡᠩᠲᠦ ᠰᠠᠶᠢᠬᠠᠨ ᠡᠵᠢ ᠴᠡᠴᠡᠷᠯᠢᠭ ᠤᠨ ᠵᠡᠭᠦᠨ ᠡᠮᠦᠨ᠎ᠡ ᠲᠠᠯ᠎ᠠ ᠳᠤ ᠪᠠᠶᠢᠷᠢᠯᠠᠵᠤ᠂ ᠪᠠᠷᠢᠯᠭ᠎ᠠ ᠶᠢᠨ ᠲᠠᠯᠠᠪᠠᠢ ᠨᠢ 3.3 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠴᠦ᠂ 2018 ᠣᠨ ᠤ 4 ᠰᠠᠷ᠎ᠠ ᠳᠤ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠣᠶᠣᠯ ᠤᠨ ᠶᠠᠮᠤᠨ ᠠᠴᠠ ᠨᠢᠭᠡᠳᠦᠭᠡᠷ ᠳᠡᠰ ᠤᠨ ᠤᠯᠠᠨ ᠨᠡᠶᠢᠲᠡ ᠶᠢᠨ ᠨᠣᠮ ᠤᠨ ᠰᠠᠩ ᠢᠶᠠᠷ ᠦᠨᠡᠯᠡᠪᠡ᠃ ᠳ᠋ᠦᠩᠱᠧᠩ ᠲᠣᠭᠤᠷᠢᠭ ᠤᠨ ᠨᠣᠮ ᠤᠨ ᠰᠠᠩ ᠳᠤ ᠲᠡᠮᠦᠷ ᠵᠠᠮ ᠤᠨ ᠪᠠᠷᠠᠭᠤᠨᠳᠡᠬᠢ ᠶᠢᠨ ᠶᠡᠷᠦᠩᠬᠡᠢ ᠨᠤᠮ ᠤᠨ ᠰᠠᠩ᠂ ᠲᠡᠮᠦᠷ ᠵᠠᠮ ᠤᠨ ᠵᠡᠬᠦᠨᠳᠡᠬᠢ ᠶᠢᠨ ᠬᠤᠪᠢᠶᠠᠷᠢ ᠨᠤᠮ ᠤᠨ ᠰᠠᠩ᠂ ᠵᠡᠭᠡᠯᠢ ᠲᠣᠭᠤᠷᠢᠭ ᠤᠨ 24 ᠴᠠᠭ ᠤᠨ ᠠᠦ᠋ᠲ᠋ᠤ᠋ ᠤᠶᠢᠯᠡᠴᠢᠯᠡᠬᠡᠨ ᠤ ᠨᠣᠮ ᠤᠨ ᠰᠠᠩ ᠵᠢᠴᠢ 30 ᠬᠤᠪᠢᠶᠠᠷᠢ ᠦᠷᠦᠬᠡ᠂ 15 ︽ᠬᠠᠮᠲᠤᠪᠠᠷ ᠡᠳ᠋ᠯᠡᠬᠦ ᠢᠨᠵᠧᠨᠧᠷᠢᠩ︾ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠭᠠᠵᠠᠷ᠂ 58 ᠤᠯᠠᠨ ᠨᠡᠶᠢᠲᠡ ᠶᠢᠨ ᠡᠯᠧᠺᠲᠷᠣᠨ ᠤᠩᠰᠢᠯᠭ᠎ᠠ ᠶᠢᠨ ᠦᠷᠦᠭᠡ᠂ 1 ᠮᠠᠰᠢᠨ ᠲᠡᠷᠭᠡᠨ ᠤ ᠨᠣᠮ ᠤᠨ ᠰᠠᠩ᠂ 26 ᠲᠠᠯ᠎ᠠ ᠨᠤᠲᠤᠭ ᠤᠨ ᠨᠣᠮ ᠤᠨ ᠦᠷᠦᠭᠡ᠂ 4 ᠲᠦᠮᠡᠨ ᠲᠣᠰᠬᠤᠨ ᠤ ᠨᠣᠮ ᠤᠨ ᠬᠥᠮᠥᠷᠭᠡ ᠲᠠᠢ᠃ ᠪᠦᠬᠦ ᠨᠣᠮ ᠤᠨ ᠰᠠᠩ ᠳᠤ ᠣᠳᠣ 80 ᠲᠦᠮᠡᠨ ᠳᠡᠪᠲᠡᠷ ᠨᠣᠮ ᠰᠡᠳᠬᠦᠯ᠂ ᠹᠠᠩ ᠯᠢᠤᠸᠠᠢ᠂ ᡁᠢ ᠸᠠᠩ᠂ ᠯᠧ ᠡᠯ᠂ ᠢ ᠴᠢᠦᠶ ᠵᠡᠷᠭᠡ 20 ᠭᠠᠷᠤᠶ ᠲᠣᠭᠠᠨ ᠤ ᠡᠬᠢ ᠪᠠᠶᠠᠯᠢᠭ ᠤᠨ ᠬᠥᠮᠥᠷᠭᠡ ᠲᠠᠢ᠂ ᠡᠬᠦᠨ ᠳᠤ 6 ᠲᠦᠮᠡ ᠭᠠᠷᠤᠶ ᠡᠯᠧᠺᠲᠷᠣᠨ ᠨᠣᠮ᠂ 1000 ᠭᠠᠷᠤᠶ ᠵᠦᠢᠯ ᠤᠨ ᠡᠯᠧᠺᠲᠷᠣᠨ ᠰᠡᠳᠬᠦᠯ ᠲᠠᠢ ᠪᠠᠶᠢᠵᠤ ᠤᠯᠤᠰ ᠤᠨ ᠰᠢᠶᠠᠨ ᠤ ᠲᠡᠰ ᠤᠨ ᠨᠢᠭᠡᠳᠦᠭᠡᠷ ᠳᠡᠰ ᠤᠨ ᠨᠣᠮ ᠤᠨ ᠰᠠᠩ ᠪᠣᠯᠤᠨ᠎ᠠ᠃       ᠳ᠋ᠦᠩᠱᠧᠩ ᠲᠣᠭᠤᠷᠢᠭ ᠤᠨ ᠨᠣᠮ ᠤᠨ ᠰᠠᠩ ᠤᠨ ᠪᠠᠷᠢᠯᠭ᠎ᠠ ᠶᠢᠨ ᠬᠡᠯᠪᠡᠷᠢ ᠳᠦᠷᠰᠦ ᠨᠢ ᠥᠪᠡᠷᠮᠢᠴᠡ ᠣᠨᠴᠠᠯᠢᠭ ᠲᠠᠢ ᠪᠠᠶᠢᠵᠤ᠂ ᠤᠷᠳᠤᠰ ᠬᠤᠳᠠ ᠶᠢᠨ ᠬᠤᠳᠠ ᠶᠢᠨ ᠴᠡᠴᠡᠭ ᠴᠠᠬᠢᠷᠮ᠎ᠠ ᠴᠡᠴᠡᠭ ᠢᠶᠠᠷ ᠤᠤᠯ ᠬᠡᠯᠪᠡᠷᠢ ᠪᠣᠯᠭᠠᠵᠤ᠂ ᠵᠢᠷᠤᠭ ᠲᠦᠰᠦᠪᠯᠡᠭᠡ ᠨᠢ ᠣᠷᠣᠨ ᠨᠤᠲᠤᠭ ᠤᠨ ᠤᠨᠴᠠᠯᠢᠭ ᠲᠠᠢ ᠪᠠᠶᠢᠵᠤ᠂ ᠬᠦᠬᠡ ᠣᠭᠲᠠᠷᠭᠤᠢ᠂ ᠴᠠᠭᠠᠨ ᠡᠭᠦᠯᠡ᠂ ᠬᠤᠨᠢᠨ ᠰᠦᠷᠦᠭ᠂ ᠲᠠᠯ᠎ᠠ ᠨᠤᠲᠤᠭ ᠢᠶᠠᠷ ᠵᠢᠷᠤᠭ ᠲᠦᠰᠦᠪᠯᠡᠭᠡ ᠶᠢᠨ ᠱᠤᠭᠤᠮ ᠪᠣᠯᠭᠠᠵᠤ᠂ ᠲᠠᠯ᠎ᠠ ᠨᠤᠲᠤᠭ ᠤᠨ ᠨᠣᠮ ᠤᠨ ᠰᠠᠩ ᠭᠡᠬᠦ ᠤᠢᠢᠯᠠᠭᠠᠭᠳᠠᠬᠤᠨ ᠢ ᠪᠦᠷᠢᠯᠳᠦᠭᠦᠯᠵᠡᠢ᠃ ᠲᠡᠭᠦᠨ ᠤ ᠪᠠᠶᠢᠭᠤᠯᠤᠭᠳᠠᠭᠰᠠᠨ ᠨᠢ ᠳ᠋ᠦᠩᠱᠧᠩ ᠤᠨ ᠡᠨᠡ ᠬᠦ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠵᠠᠯᠠᠭᠤ ᠬᠤᠲᠠ ᠳᠤ ᠥᠪᠡᠷᠮᠢᠴᠡ ᠣᠨᠴᠠᠯᠢᠭ ᠪᠦᠬᠦᠢ ᠰᠣᠶᠣᠯ ᠤᠨ ᠦᠵᠡᠮᠵᠢ ᠶᠢ ᠨᠡᠮᠡᠷᠢᠯᠡᠭᠰᠡᠨ ᠪᠠᠶᠢᠨ᠎ᠠ᠃ 
src=http___5b0988e595225.cdn.sohucs.com_images_20190827_b1614956364e4a8998b3631e5d70432d.jpeg&refer=http___5b0988e595225.cdn.sohucs.webp.jpg
 
src=http___www.dcjg.com_upLoad_product_month_1512_201512301554371733.jpg&refer=http___www.dcjg.webp.jpg
 
src=http___inews.gtimg.com_newsapp_bt_0_10335462487_1000.jpg&refer=http___inews.gtimg.webp.jpg
src=http___5b0988e595225.cdn.sohucs.com_q_70,c_zoom,w_640_images_20190827_e4c0ff575b28412e8fbc4621ad18ee98.jpeg&refer=http___5b0988e595225.cdn.sohucs.webp.jpg
    
ᠢᠷᠡᠯᠲᠡ᠄ ᠲᠤᠰ ᠰᠦᠯᠵᠢᠶ᠎ᠠ