ᠳ᠋ᠦᠩᠱᠧᠩ ᠤᠨ ᠺᠤᠸᠠ ᠵᠢᠶᠧ ᠪᠡᠶ᠎ᠡ ᠶᠢᠨ ᠲᠠᠮᠢᠷ ᠤᠨ ᠴᠡᠴᠡᠷᠯᠢᠭ
ᠨᠡᠶᠢᠲᠡᠯᠡᠭᠰᠡᠨ ᠴᠠᠭ᠄
2022/11/29
     ᠺᠤᠸᠠ ᠵᠢᠶᠧ ᠪᠡᠶ᠎ᠡ ᠶᠢᠨ ᠲᠠᠮᠢᠷ ᠤᠨ ᠴᠡᠴᠡᠷᠯᠢᠭ ᠨᠢ ᠳᠠᠯᠠᠳ ᠡᠮᠦᠨ᠎ᠡ ᠵᠠᠮ ᠤᠤᠯ ᠤᠨ ᠨᠡᠬᠡᠮᠡᠯ ᠤᠨ ᠬᠤᠲᠠ ᠶᠢᠨ ᠬᠦᠷᠢᠶᠡᠨ ᠳᠤ ᠪᠠᠶᠢᠷᠢᠯᠠᠵᠤ᠂ 19 ᠳ᠋ᠦ᠋ᠬᠡᠷ ᠨᠤᠮᠧᠷᠳᠤ ᠵᠡᠭᠡᠯᠢ ᠶᠢᠨ ᠲᠣᠭᠤᠷᠢᠭ ᠲᠠᠬᠢ ᠺᠤᠸᠠ ᠵᠢᠶᠧ ᠪᠡᠶ᠎ᠡ ᠶᠢᠨ ᠲᠠᠮᠢᠷ ᠤᠨ ᠤᠶᠢᠯᠡᠳᠪᠤᠷᠢ ᠶᠢᠨ ᠬᠤᠪᠢᠶᠠᠷᠢ ᠣᠷᠳᠣᠨ ᠪᠣᠯᠤᠨ᠎ᠠ᠃ ᠺᠤᠸᠠ ᠵᠢᠶᠧ ᠪᠡᠶ᠎ᠡ ᠶᠢᠨ ᠲᠠᠮᠢᠷ ᠤᠨ ᠴᠡᠴᠡᠷᠯᠢᠭ ᠨᠢ 6500 ᠲᠡᠭᠰᠢ ᠳᠥᠷᠪᠡᠯᠵᠢᠨ ᠮᠧᠲᠷ ᠭᠠᠵᠠᠷ ᠡᠵᠡᠯᠡᠵᠦ᠂ ᠪᠡᠶ᠎ᠡ ᠴᠢᠭᠢᠷᠠᠭᠵᠢᠭᠤᠯᠵᠤ ᠰᠡᠯᠡᠭᠦᠴᠡᠨ ᠵᠤᠭᠠᠯᠠᠬᠤ ᠪᠠ ᠬᠤᠳᠠᠯᠳᠤᠭᠠᠨ ᠤ ᠤᠶᠢᠯᠡᠴᠢᠯᠡᠭᠡ ᠶᠢ ᠠᠭᠤᠰᠤᠯᠴᠠᠭᠤᠯᠤᠨ ᠬᠥᠭᠵᠢᠭᠦᠯᠦᠭᠰᠡᠨ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠴᠣᠭᠴᠠ ᠪᠣᠯᠤᠨ᠎ᠠ᠃ ᠭᠤᠤᠯᠳᠠᠭᠤ ᠰᠠᠭᠰᠤᠨ ᠪᠥᠮᠪᠦᠭᠡ᠂ ᠥᠲᠥᠨ ᠪᠥᠮᠪᠦᠭᠡ᠂ ᠬᠥᠯ ᠪᠥᠮᠪᠦᠭᠡ᠂ ᠪᠡᠶ᠎ᠡ ᠴᠢᠬᠢᠷᠠᠭᠵᠢᠭᠤᠯᠬᠤ᠂ ᠶᠤᠭ᠎ᠠ᠂ ᠪᠥᠵᠢᠭ᠂ ᠫᠦᠯᠠᠲ᠋ᠢ᠂ 5 - 16 ᠨᠠᠰᠤᠨ ᠤ ᠪᠠᠭᠠᠴᠤᠳ ᠬᠡᠦᠬᠡᠳ ᠤᠨ ᠰᠠᠭᠰᠤᠨ ᠪᠥᠮᠪᠦᠭᠡ᠂ ᠬᠥᠯ ᠪᠥᠮᠪᠦᠭᠡ ᠪᠠ ᠥᠲᠥᠨ ᠪᠥᠮᠪᠦᠭᠡ ᠶᠢᠨ ᠪᠣᠯᠪᠠᠰᠤᠷᠠᠭᠤᠯᠤᠯ᠂ ᠨᠠᠰᠤᠨ ᠳᠤ ᠬᠦᠷᠦᠭᠰᠡᠳ ᠤᠨ ᠥᠲᠥᠨ ᠪᠥᠮᠪᠦᠭᠡ ᠶᠢᠨ ᠪᠣᠯᠪᠠᠰᠤᠷᠠᠭᠤᠯᠤᠯ᠂ ᠪᠡᠶ᠎ᠡ ᠪᠤᠯᠪᠠᠰᠤᠷᠠᠬᠤ ᠬᠤᠪᠢ ᠶᠢᠨ ᠰᠤᠷᠭᠠᠭᠴᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠪᠡᠶ᠎ᠡ ᠶᠢᠨ ᠲᠠᠮᠢᠷ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠠᠪᠰᠢᠬᠤ ᠰᠢᠯᠭᠠᠯᠲᠠ ᠶᠢᠨ ᠰᠠᠭᠰᠤᠨ ᠪᠥᠮᠪᠦᠭᠡ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠠᠪᠰᠢᠬᠤ ᠰᠢᠯᠭᠠᠯᠲᠠ ᠶᠢᠨ ᠠᠯᠠᠭᠠᠳᠠᠬᠤ ᠪᠥᠮᠪᠦᠭᠡ ᠶᠢᠨ ᠪᠣᠯᠪᠠᠰᠤᠷᠠᠭᠤᠯᠤᠯ ᠵᠡᠷᠭᠡ ᠲᠥᠷᠥᠯ ᠵᠤᠶᠢᠯ ᠢ ᠡᠷᠭᠢᠯᠡᠨ᠎ᠡ᠃ ᠣᠷᠳᠣᠨ ᠤ ᠬᠡᠷᠡᠭᠴᠡᠭᠡ ᠨᠢ ᠭᠤᠣᠯᠳᠠᠭᠤ ᠡᠯ᠎ᠡ ᠳᠡᠰ ᠤᠨ ᠰᠠᠭᠰᠤᠨ ᠪᠥᠮᠪᠦᠭᠡ ᠶᠢᠨ ᠤᠷᠤᠯᠳᠤᠭᠠᠨ ᠵᠢᠴᠢ ᠵᠠᠯᠠᠭᠤᠴᠤᠳ ᠪᠠᠭᠠᠴᠤᠳ ᠨᠠᠰᠤᠨ ᠳᠤ ᠬᠦᠷᠦᠭᠰᠡᠳ ᠤᠨ ᠰᠠᠭᠰᠤᠨ ᠪᠥᠮᠪᠦᠭᠡ ᠶᠢᠨ ᠪᠤᠯᠪᠠᠰᠤᠷᠠᠭᠤᠯᠤᠯ ᠢ ᠡᠷᠬᠢᠯᠡᠬᠦ ᠪᠤᠯᠤᠨ᠎ᠠ᠃  ᠺᠤᠸᠠ ᠵᠢᠶᠧ ᠪᠡᠶ᠎ᠡ ᠶᠢᠨ ᠲᠠᠮᠢᠷ ᠤᠨ ᠴᠡᠴᠡᠷᠯᠢᠭ ᠨᠢ ᠡᠷᠭᠢᠨ ᠲᠣᠭᠤᠷᠢᠨ ᠤ ᠰᠠᠭᠤᠭᠠᠯᠢ ᠠᠷᠠᠳ ᠤᠨ ᠠᠮᠢᠳᠤᠷᠠᠯ ᠳᠠᠬᠢ ᠰᠣᠶᠣᠯ᠂ ᠪᠡᠶ᠎ᠡ ᠴᠢᠭᠢᠷᠠᠭᠵᠢᠭᠤᠯᠬᠤ᠂ ᠵᠤᠭ᠎ᠠ ᠴᠡᠩᠭᠡᠯ ᠤᠨ ᠠᠭᠤᠯᠤᠭᠳᠠᠬᠤᠨ ᠢ ᠶᠡᠭᠡ ᠪᠠᠷ ᠪᠠᠶᠠᠯᠢᠭᠵᠢᠭᠤᠯᠵᠤ ᠪᠠᠶᠢᠨ᠎ᠠ᠃    ᠬᠠᠶ᠋ᠢᠭ᠄ ᠳ᠋ᠦᠩᠱᠧᠩ ᠲᠣᠭᠤᠷᠢᠭ ᠤᠨ ᠳᠠᠯᠠᠳ ᠡᠮᠦᠨ᠎ᠡ ᠵᠠᠮ ᠤᠨ ᠨᠡᠬᠡᠮᠡᠯ ᠤᠨ ᠬᠤᠲᠠ ᠶᠢᠨ ᠬᠦᠷᠢᠶᠡᠨ ᠳᠤ  
0.1.jpg
0.2.jpg
3.jpg
5.jpg
4.jpg
6.jpg
7.jpg
8.jpg
 
ᠢᠷᠡᠯᠲᠡ᠄ ᠲᠤᠰ ᠰᠦᠯᠵᠢᠶ᠎ᠠ