ᠳ᠋ᠦᠩᠱᠧᠩ ᠲᠤᠭᠤᠷᠢᠭ᠄ ᠤᠨᠴᠠᠯᠢᠭᠳᠤ ᠠᠵᠢᠯᠯᠠᠭ᠎ᠠ ᠪᠠᠷ ᠰᠤᠶᠤᠯ ᠵᠤᠭᠠᠴᠠᠯ ᠤᠨ ᠬᠦᠭᠵᠢᠯᠳᠠ ᠶᠢᠨ ᠰᠢᠨ᠎ᠠ ᠪᠠᠶᠢᠷᠢᠰᠢᠯ ᠢ ᠡᠬᠦᠳᠦᠨ᠎ᠠ
ᠨᠡᠶᠢᠲᠡᠯᠡᠭᠰᠡᠨ ᠴᠠᠭ᠄
2022/11/30
      ᠡᠨᠡ ᠵᠢᠯ ᠳ᠋ᠦᠩᠱᠧᠩ ᠲᠣᠭᠤᠷᠢᠭ ᠤᠨ ᠬᠢᠨ ᠰᠣᠶᠣᠯ ᠢᠶᠠᠷ ᠬᠦᠳᠦᠯᠤᠨ ᠳᠠᠭᠠᠭᠤᠯᠵᠤ᠂ ᠵᠠᠰᠠᠭ ᠠᠵᠤ ᠠᠬᠤᠶᠢᠯᠠᠯ ᠬᠤᠷᠰᠢᠨ᠂ ᠠᠭᠤᠰᠤᠯᠴᠠᠭᠤᠯᠤᠨ ᠬᠦᠭᠵᠢᠭᠦᠯᠭᠦ ᠪᠠᠷ ᠰᠣᠶᠣᠯ ᠵᠤᠭᠠᠴᠠᠯ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠵᠤ᠂ ᠳᠠᠪᠠᠭᠤᠯᠢᠭ ᠡᠬᠢ ᠪᠠᠶᠠᠯᠢᠭ ᠢ ᠨᠡᠶᠢᠳᠭᠡᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠣᠶᠣᠯ ᠵᠤᠭᠠᠴᠠᠯ ᠤᠨ ᠢᠲᠡᠭᠡᠯ ᠢᠶᠠᠨ ᠪᠠᠲᠤᠳᠬᠠᠨ᠂ ᠰᠣᠶᠣᠯ ᠵᠤᠭᠠᠴᠠᠯ ᠤᠨ ᠲᠦᠷᠦᠯ ᠵᠦᠢᠯ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠤᠨ᠂ ᠲᠦᠷᠪᠡᠨ ᠶᠡᠭᠡ ᠣᠨᠴᠠᠯᠢᠭ ᠲᠠᠢ ᠬᠢᠯᠠᠰ ᠴᠡᠭ ᠤᠨ ᠠᠵᠢᠯ ᠢ ᠥᠷᠨᠢᠭᠦᠯᠵᠠᠢ᠃          ᠨᠢᠭᠡ ᠳᠤ᠂ ᠣᠷᠳᠣᠰ ᠤᠨ ᠬᠦᠷᠢᠶ᠎ᠡ ᠬᠡᠪᠴᠢᠶᠡᠨ ᠳᠤ ᠬᠡᠷᠡᠭᠯᠡᠬᠦ ᠵᠤᠭᠠᠴᠠᠯ ᠤᠨ ᠺᠠᠷᠲ ᠲᠠᠷᠬᠠᠭᠠᠪᠠ᠃ ᠲᠤᠰ ᠺᠠᠷᠲ ᠢ ᠣᠷᠳᠣᠰ ᠬᠤᠲᠠ ᠶᠢᠨ ᠰᠣᠶᠣᠯ ᠵᠤᠭᠠᠴᠠᠯ ᠤᠨ ᠲᠤᠪᠴᠢᠶ᠎ᠠ 7 ᠰᠠᠷ᠎ᠠ ᠶᠢᠨ 15 ᠤ ᠡᠳᠦᠷ ᠰᠦᠯᠵᠢᠶᠡᠨ ᠲᠡᠭᠡᠷ᠎ᠡ ᠲᠠᠷᠬᠠᠭᠠᠵᠤ᠂ ᠵᠤᠭᠠᠴᠠᠬᠰᠠᠳ ᠺᠠᠷᠲ ᠢ ᠬᠡᠷᠡᠭᠯᠡᠨ ᠪᠢᠯᠧᠲ ᠠᠪᠬᠤ ᠥᠬᠡᠶ ᠪᠠᠷ ᠳ᠋ᠦᠩᠱᠧᠩ ᠲᠣᠭᠤᠷᠢᠭ ᠲᠠᠬᠢ ᠦᠵᠡᠮᠵᠢ ᠶᠢᠨ ᠣᠷᠣᠨ ᠳᠤ ᠲᠤᠭᠤᠷᠢᠨ ᠵᠤᠭᠠᠴᠠᠬᠤ ᠬᠠᠷᠠᠭᠠᠯᠵᠠᠯ ᠦᠵᠡᠭᠦᠯᠦᠭᠰᠡᠨ ᠪᠠᠶᠢᠨ᠎ᠠ᠃ ᠵᠤᠭᠠᠴᠠᠯ ᠤᠨ ᠺᠠᠷᠲ ᠢ ᠲᠠᠷᠬᠠᠭᠠᠬᠰᠠᠨ ᠨᠢ ᠬᠢᠵᠢᠭ ᠤᠨ ᠬᠤᠭᠤᠴᠠᠭᠠᠨ ᠳᠠᠬᠢ ᠰᠣᠶᠣᠯ ᠵᠤᠭᠠᠴᠠᠯ ᠤᠨ ᠠᠵᠤ ᠦᠢᠯᠡᠰ ᠤᠨ ᠪᠥᠬᠦ ᠲᠠᠯ᠎ᠠ ᠶᠢᠨ ᠰᠡᠷᠭᠦᠯᠲᠡ ᠶᠢ ᠲᠦᠷᠭᠡᠳᠭᠡᠬᠦ ᠶᠢᠨ ᠬᠠᠮᠲᠤ ᠦᠵᠡᠮᠵᠢ ᠶᠢᠨ ᠣᠷᠣᠨ ᠢ ᠬᠦᠳᠦᠯᠤᠨ ᠵᠢᠯᠣᠭᠤᠳᠴᠤ ︽ᠡᠭᠦᠳᠡᠨ ᠪᠢᠯᠧᠲ ᠤᠨ ᠠᠵᠤ ᠠᠬᠤᠶ︾ ᠠᠴᠠ ︽ᠶᠡᠷᠦᠩᠬᠡᠶᠢᠯᠡᠭᠰᠡᠨ ᠠᠵᠤ ᠠᠬᠤᠶ︾ ᠳᠠᠶᠢᠰᠢ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠠᠬᠢᠭᠤᠯᠤᠨ᠂ ᠰᠣᠶᠣᠯ ᠵᠤᠭᠠᠴᠠᠯ ᠢᠶᠠᠷ ᠠᠷᠠᠳ ᠲᠤ ᠠᠰᠢᠭ ᠬᠦᠷᠲᠡᠭᠡᠬᠦ ᠶᠢᠨ ᠦᠢᠯᠡᠳᠦᠯᠭᠡ ᠪᠠ ᠬᠦᠴᠦᠲᠡᠶ ᠠᠷᠭ᠎ᠠ ᠬᠡᠮᠵᠢᠶ᠎ᠡ ᠪᠤᠯᠵᠤ᠂ ᠠᠷᠠᠳ ᠲᠤ ᠵᠢᠩᠭᠢᠨᠢ ᠠᠰᠢᠭ ᠬᠦᠷᠲᠡᠭᠡᠪᠡ ᠃ ᠺᠠᠷᠲ ᠢ ᠲᠠᠷᠬᠠᠭᠠᠬᠰᠠᠨ ᠤ ᠲᠠᠷᠠᠭ᠎ᠠ ᠡᠨᠡ ᠵᠢᠯ ᠤᠨ ᠳ᠋ᠦᠩᠱᠧᠩ ᠲᠣᠭᠤᠷᠢᠭ ᠤᠨ ᠡᠯ᠎ᠡ ᠦᠵᠡᠮᠵᠢ ᠶᠢᠨ ᠣᠷᠣᠨ ᠳᠤ ᠢᠷᠡᠭᠰᠡᠨ ᠵᠤᠭᠠᠴᠠᠭᠰᠠᠳ ᠨᠢ ᠨᠢᠳᠤᠨᠤᠨ ᠤ ᠬᠢ ᠠᠴᠠ ᠨᠡᠮᠡᠭᠳᠡᠵᠦ᠂ ᠵᠤᠭᠠᠴᠠᠭᠰᠠᠳ ᠤᠨ ᠪᠦᠬᠦ ᠵᠢᠯ ᠳᠤ ᠤᠯᠠᠨ ᠤᠳᠠᠭ᠎ᠠ ᠵᠤᠭᠠᠴᠠᠬᠤ ᠶᠢ ᠠᠬᠢᠭᠤᠯᠵᠤ᠂ ᠬᠤᠶᠠᠳᠠᠬᠢ ᠤᠳᠠᠭᠠᠨ ᠤ ᠬᠡᠷᠡᠭᠯᠡᠭᠡ ᠶᠢ ᠳᠠᠮ ᠢᠶᠠᠷ ᠲᠠᠶᠢᠴᠢᠯᠠᠵᠤ᠂ ᠰᠤᠶᠤᠯ ᠵᠤᠭᠠᠴᠠᠯ ᠤᠨ ᠦᠢᠯᠡᠰ ᠤᠨ ᠬᠢᠵᠢᠭ ᠤᠨ ᠳᠠᠷᠠᠭᠠᠬᠢ ᠢᠯᠢᠮ ᠵᠢᠯᠢᠮ ᠪᠠᠶᠢᠳᠠᠯ ᠢ ᠡᠪᠳᠡᠵᠦ᠂ ᠤᠯᠠᠨ ᠲᠦᠮᠡᠨ ᠤ ᠵᠤᠭᠠᠴᠠᠬᠤ ᠤᠷᠮ᠎ᠠ ᠵᠣᠷᠢᠭ ᠢ ᠳᠠᠬᠢᠨᠲᠠ ᠰᠡᠷᠭᠦᠭᠡᠵᠦ᠂ ᠵᠠᠰᠠᠭ ᠠᠵᠤ ᠠᠬᠤᠶᠢᠯᠠᠯ ᠭᠠᠷ ᠬᠤᠯᠪᠣᠨ ᠬᠠᠮᠲᠤᠷᠠᠯᠴᠠᠵᠤ᠂ ᠰᠤᠶᠤᠯ ᠵᠤᠭᠠᠴᠠᠯ ᠤᠨ ᠰᠡᠷᠭᠦᠯᠲᠡ ᠳᠤ ᠬᠦᠴᠦᠨ ᠨᠡᠮᠡᠷᠢᠯᠡᠵᠡᠢ᠃ 
2.1.jpg
        ᠬᠤᠶᠠᠷ ᠲᠤ᠂ ᠳ᠋ᠦᠩᠱᠧᠩ ᠲᠣᠭᠤᠷᠢᠭ ᠤᠨ ᠰᠣᠶᠣᠯ ᠤᠨ ᠣᠷᠳᠣᠨ ᠤ ᠬᠤᠲᠠ ᠶᠢᠨ ᠠᠷᠠᠳ ᠤᠨ ᠤᠷᠠᠯᠢᠭ ᠤᠨ ᠰᠤᠷᠭᠠᠭᠤᠯᠢ ᠰᠦᠢᠳᠭᠡᠯ ᠬᠤᠷᠢᠶᠠᠬᠤ ᠥᠬᠡᠶ ᠪᠠᠷ ᠤᠯᠠᠨ ᠲᠦᠮᠡᠨ ᠳᠤ ᠰᠤᠶᠤᠯ ᠤᠷᠠᠯᠢᠭ ᠤᠨ ᠪᠣᠯᠪᠠᠰᠤᠷᠠᠯ ᠬᠢᠪᠡ᠃ ᠳ᠋ᠦᠩᠱᠧᠩ ᠲᠣᠭᠤᠷᠢᠭ ᠤᠨ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠶᠢᠨ ᠲᠦᠷᠦᠯ ᠲᠡᠮᠳᠡᠭ ᠪᠣᠯᠬᠤ ᠬᠤᠳᠠ ᠶᠢᠨ ᠠᠷᠠᠳ ᠤᠨ ᠤᠷᠠᠯᠢᠭ ᠤᠨ ᠰᠤᠷᠭᠠᠭᠤᠯᠢ ᠶᠢᠨ ᠰᠦᠢᠳᠭᠡᠯ ᠬᠤᠷᠢᠶᠠᠬᠤ ᠦᠭᠡᠢ ᠪᠣᠯᠪᠠᠰᠤᠷᠠᠯ 2022 ᠣᠨ ᠤ 4 ᠰᠠᠷ᠎ᠠ ᠶᠢᠨ 17 ᠤ ᠡᠳᠦᠷ ᠵᠢᠩᠬᠢᠨᠢ ᠪᠠᠷ ᠡᠬᠢᠯᠡᠵᠡᠢ᠃ ᠲᠤᠰ ᠰᠤᠷᠭᠠᠭᠤᠯᠢ ᠪᠣᠯ ᠳ᠋ᠦᠩᠱᠧᠩ ᠲᠣᠭᠤᠷᠢᠭ ᠤᠨ ᠰᠣᠶᠣᠯ ᠤᠨ ᠣᠷᠳᠣᠨ ᠤ ᠭᠤᠤᠯᠳᠠᠯᠭ᠎ᠠ ᠲᠠᠢ ᠪᠠᠶᠢᠭᠤᠯᠤᠭᠰᠠᠨ ᠰᠦᠢᠳᠭᠡᠯ ᠬᠤᠷᠢᠶᠠᠬᠤ ᠥᠬᠡᠶ ᠪᠠᠷ ᠨᠡᠭᠡᠭᠡᠨ ᠬᠥᠭᠵᠢᠭᠦᠯᠬᠦ ᠦᠢᠯᠡᠴᠢᠯᠡᠭᠡᠨ ᠤ ᠲᠥᠷᠥᠯ ᠵᠦᠢᠯ ᠪᠣᠯᠤᠨ᠎ᠠ᠂ ᠰᠤᠷᠭᠠᠭᠤᠯᠢ ᠨᠢ ᠰᠤᠷᠤᠬᠴᠢ ᠡᠯᠰᠡᠬᠦ ᠳᠤ ᠨᠠᠰᠤᠨ ᠤ ᠬᠢᠵᠠᠭᠠᠷᠯᠠᠯ ᠦᠭᠡᠢ ᠪᠠᠶᠢᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠤᠯᠠᠨ ᠲᠦᠮᠡᠨ ᠤ ᠳᠤᠮᠳᠠ ᠠᠳᠠᠯᠢ ᠲᠡᠭᠰᠢ ᠲᠦᠪ ᠭᠤᠤᠯᠴᠢ ᠪᠠᠷ ᠲᠦᠭᠡᠮᠡᠯᠵᠢᠭᠦᠯᠤᠨ ᠤᠷᠠᠨ ᠪᠢᠴᠢᠯᠭᠡ᠂ ᠤᠷᠠᠨ ᠵᠢᠷᠤᠭ᠂ ᠲᠠᠭᠤᠤ ᠪᠥᠵᠢᠭ᠂ ᠰᠢ ᠵᠦᠴᠦᠭᠡ᠂ ᠪᠣᠳᠠᠰ ᠤᠨ ᠪᠤᠰᠤ ᠰᠣᠶᠣᠯ ᠤᠨ ᠥᠪ ᠤᠨ ᠬᠢᠴᠢᠶᠡᠯ ᠵᠡᠷᠭᠡ 40 ᠭᠠᠷᠤᠶ ᠲᠤᠰᠬᠠᠶ ᠮᠡᠷᠭᠡᠵᠢᠯ ᠤᠨ ᠲᠥᠷᠥᠯ ᠤᠨ 86 ᠪᠣᠯᠪᠠᠰᠤᠷᠠᠯ ᠤᠨ ᠠᠩᠭᠢ ᠲᠠᠢ ᠪᠠᠶᠢᠵᠤ᠂ 3000 ᠭᠠᠷᠤᠶ ᠰᠣᠷᠣᠭᠴᠢ ᠡᠯᠰᠡᠵᠦ᠂ ᠵᠢᠯ ᠳᠤ 15 ᠲᠦᠮᠡᠨ ᠬᠥᠮᠦᠨ ᠤᠳᠠᠭ᠎ᠠ ᠪᠤᠯᠪᠠᠰᠤᠷᠠᠯ ᠬᠦᠷᠳᠡᠭᠡᠵᠤ ᠪᠤᠢ᠃ ᠣᠶᠢᠷ᠎ᠠ ᠶᠢᠨ ᠵᠢᠯ ᠤᠳ ᠲᠤ ᠳ᠋ᠦᠩᠱᠧᠩ ᠲᠣᠭᠤᠷᠢᠭ ᠤᠨ ᠰᠣᠶᠣᠯ ᠤᠨ ᠣᠷᠳᠣᠨ ᠡᠯ᠎ᠡ ᠵᠦᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠬᠤᠲᠠ ᠶᠢᠨ ᠠᠷᠠᠳ ᠤᠨ ᠤᠷᠠᠯᠢᠭ ᠤᠨ ᠪᠣᠯᠪᠠᠰᠤᠷᠠᠯ ᠢ ᠡᠷᠬᠢᠯᠡᠬᠦ ᠪᠠᠷ ᠳᠡᠮᠵᠢᠨ ᠨᠠᠮ ᠤᠨ ᠣᠯᠠᠨ ᠲᠦᠮᠡᠨᠴᠢ ᠱᠤᠭᠤᠮ ᠢ ᠢᠳᠡᠪᠬᠢᠲᠡᠶ ᠦᠢᠯᠡᠳᠦᠯᠭᠡᠵᠢᠭᠦᠯᠵᠦ᠂ ᠠᠵᠢᠯ ᠤᠨ ᠡᠬᠢᠯᠡᠯᠲᠡ ᠶᠢᠨ ᠴᠡᠭ ᠢᠶᠠᠨ ᠤᠯᠠᠨ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠳᠡᠭᠡᠷ᠎ᠡ ᠪᠠᠶᠢᠷᠢᠰᠢᠭᠤᠯᠤᠨ᠂ ᠰᠣᠶᠣᠯ ᠢ ᠤᠯᠠᠮᠵᠢᠯᠠᠨ ᠵᠠᠯᠭᠠᠮᠵᠢᠯᠠᠵᠤ ᠤᠯᠠᠨ ᠲᠦᠮᠡᠨ ᠳᠤ ᠦᠢᠯᠡᠴᠢᠯᠡᠬᠦ ᠶᠢ ᠥᠷᠭᠡᠨ ᠢᠶᠠᠷ ᠥᠷᠨᠢᠭᠦᠯᠵᠦ᠂ ᠨᠡᠶᠢᠭᠡᠮ ᠤᠨ ᠴᠢᠩᠭ᠎ᠠ ᠬᠠᠷᠢᠭᠤᠴᠠᠯᠭᠠᠲᠤ ᠰᠡᠳᠭᠢᠯᠭᠡ ᠪᠠᠷ ᠰᠣᠶᠣᠯ ᠤᠨ ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠶᠢ ᠡᠭᠦᠳᠴᠦ᠂ ᠰᠣᠶᠣᠯ ᠤᠨ ᠰᠢᠯᠢᠳᠡᠭ ᠦᠷ᠎ᠡ ᠪᠦᠲᠦᠭᠡᠯ ᠢ ᠤᠯᠠᠮᠵᠢᠯᠠᠨ ᠳᠡᠯᠭᠡᠷᠡᠭᠦᠯᠵᠦ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠬᠵᠢᠭᠤᠯᠪᠠ᠃      ᠭᠤᠷᠪᠠ ᠳᠤ᠂ ᠨᠡᠭᠦᠳᠡᠯ ᠨᠣᠮ ᠤᠨ ᠰᠠᠩ ᠤᠨ ᠦᠢᠯᠡᠴᠢᠯᠡᠭᠡ ᠶᠢ ᠰᠠᠶᠢᠲᠤᠷ ᠥᠷᠨᠢᠭᠦᠯᠪᠡ᠃ ᠡᠨᠡ ᠵᠢᠯ ᠨᠡᠭᠦᠳᠡᠯ ᠨᠣᠮ ᠤᠨ ᠰᠠᠩ ᠢ ᠳᠡᠰ ᠲᠡᠪᠰᠢᠭᠦᠯᠤᠨ ᠥᠭᠡᠷᠡᠴᠢᠯᠡᠵᠦ᠂ ᠠᠭᠤᠳᠠᠮ ᠲᠠᠯᠠᠪᠠᠶ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠲᠤ ᠨᠣᠮ ᠰᠡᠳᠬᠦᠯ ᠪᠠ ᠲᠤᠭᠠᠵᠢᠭᠤᠯᠤᠬᠰᠠᠨ ᠮᠠᠲ᠋ᠧᠷᠢᠶᠠᠯ ᠢ ᠲᠠᠷᠬᠠᠭᠠᠬᠤ᠂ ᠺᠢᠨᠤ᠋ ᠭᠠᠷᠭᠠᠬᠤ᠂ ᠪᠠᠭᠠᠴᠤᠳ ᠬᠡᠤᠬᠡᠳ ᠤᠨ ᠭᠠᠷ ᠤᠷᠠᠯᠠᠯ ᠤᠨ ᠪᠦᠲᠦᠭᠡᠯ ᠬᠢᠬᠦ ᠵᠡᠷᠭᠡ ᠦᠢᠯᠡᠴᠢᠯᠡᠭᠡ ᠶᠢ ᠥᠷᠨᠢᠭᠦᠯᠵᠦ᠂ ᠨᠣᠮ ᠤᠨ ᠰᠠᠩ ᠤᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠭᠡᠨ᠂ ᠬᠤᠳᠠ ᠶᠢᠨ ᠠᠷᠠᠳ ᠤᠨ ᠨᠣᠮ ᠤᠩᠰᠢᠬᠤ ᠶᠢ ᠲᠠᠶᠢᠴᠢᠯᠠᠨ ᠵᠤᠷᠢᠬᠵᠢᠭᠤᠯᠪᠠ᠃ 
2.2.jpg
      ᠲᠦᠷᠪᠡ ᠳᠤ ᠰᠢᠯᠢᠳᠡᠭ ᠤᠷᠠᠯᠢᠭ ᠤᠨ ᠵᠣᠬᠢᠶᠠᠨ ᠪᠦᠲᠦᠭᠡᠯᠭᠡ ᠬᠢᠪᠡ᠃ ᠡᠨᠡ ᠵᠢᠯ ᠳ᠋ᠦᠡᠭᠱᠸᠡᠭ ᠲᠤᠭᠤᠷᠢᠭ ᠤᠨ ᠤᠯᠠᠭᠠᠨᠮᠥ᠋ᠴᠢᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ᠂ ᠬᠠᠲᠤᠨ ᠭᠤᠣᠯ ᠤᠨ ᠰᠣᠶᠣᠯ ᠢ ᠤᠯᠠᠮᠵᠢᠯᠠᠨ ᠲᠡᠯᠭᠡᠷᠡᠭᠦᠯᠭᠦ᠂ ᠬᠥᠳᠡᠭᠡ ᠲᠣᠰᠬᠤᠨ ᠢ ᠬᠥᠭᠵᠢᠭᠦᠯᠬᠦ᠂ ᠠᠮᠢ ᠠᠬᠤᠢ ᠶᠢᠨ ᠪᠣᠯᠪᠠᠰᠤᠨ ᠢ ᠦᠢᠯᠡᠳᠦᠯᠬᠡᠵᠢᠭᠦᠯᠭᠦ᠂ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠭᠤᠣᠯ ᠰᠡᠳᠦᠪ ᠤᠨ ᠲᠣᠭᠤᠷᠢᠨ ᠳᠤ ᠤᠷᠠᠯᠢᠭ ᠤᠨ ᠵᠤᠬᠢᠶᠠᠨ ᠪᠦᠲᠦᠭᠡᠯᠭᠡ ᠬᠢᠵᠤ᠂ ᠨᠢᠭᠡ ᠪᠦᠯᠦᠭ ᠳᠤᠮᠳᠠᠳᠤ ᠶᠢᠨ ᠰᠣᠶᠣᠯ ᠤᠨ ᠠᠭᠤᠯᠤᠭᠳᠠᠬᠤᠨ ᠲᠠᠢ᠂ ᠡᠯ᠎ᠡ ᠦᠨᠳᠦᠰᠦᠲᠡᠨ ᠤ ᠰᠣᠶᠣᠯ ᠤᠨ ᠤᠬᠢ ᠶᠢ ᠠᠭᠤᠰᠬᠠᠨ ᠰᠢᠩᠭᠡᠭᠡᠭᠰᠡᠨ᠂ ᠤᠳᠤ ᠦᠶ᠎ᠡ ᠶᠢᠨ ᠪᠣᠯᠪᠠᠰᠤᠨ ᠢ ᠠᠭᠤᠰᠤᠯᠴᠠᠭᠤᠯᠤᠭᠰᠠᠨ ᠤᠷᠠᠯᠢᠭ ᠤᠨ ᠪᠦᠲᠦᠭᠡᠯ ᠢ ᠡᠭᠦᠳᠴᠦ᠂ ᠦᠨᠳᠦᠰᠦᠨ ᠱᠠᠲᠤᠨ ᠳᠤ ᠤᠯᠠᠨᠳᠠ ᠤᠷᠠᠨ ᠰᠠᠶᠢᠬᠠᠨ ᠤ ᠦᠳᠡᠰᠢᠯᠡᠭᠡ ᠶᠢ ᠦᠷᠨᠢᠭᠦᠯᠵᠡᠢ᠃ ᠡᠭᠦᠨ ᠤ ᠬᠠᠮᠲᠤ ᠪᠣᠯᠪᠠᠰᠤᠨ ᠤ ᠪᠠᠶᠢᠭᠤᠯᠤᠯᠲᠠ ᠶᠢᠨ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠤᠨ᠂ ᠨᠡᠶᠢᠲᠡ ᠶᠢᠨ ᠠᠰᠠᠷᠠᠮᠵᠢ ᠶᠢᠨ ᠠᠷᠠᠳ ᠲᠤ ᠵᠣᠷᠢᠭᠤᠯᠤᠭᠰᠠᠨ ᠲᠣᠭᠯᠠᠯᠲᠠ ᠶᠢ ᠨᠡᠢᠳᠡ 68 ᠲᠠᠯᠠᠪᠤᠷ ᠤᠳᠠᠭ᠎ᠠ ᠥᠷᠨᠢᠭᠦᠯᠪᠡ᠃     ᠳᠠᠷᠠᠭᠠᠴᠢ ᠶᠢᠨ ᠠᠯᠬᠤᠮ ᠳᠤ᠂ ᠳ᠋ᠦᠩᠱᠧᠩ ᠲᠣᠭᠤᠷᠢᠭ ᠤᠨ ᠬᠢᠨ ᠤᠷᠠᠯᠢᠭ ᠤᠨ ᠵᠣᠬᠢᠶᠠᠨ ᠪᠦᠲᠦᠭᠡᠯᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠡᠬᠢ ᠪᠠᠶᠠᠯᠢᠭ ᠢ ᠨᠡᠶᠢᠳᠭᠡᠵᠦ ᠨᠡᠭᠡᠭᠡᠨ ᠬᠥᠭᠵᠢᠭᠦᠯᠬᠦ᠂ ᠤᠬᠠᠭᠤᠯᠭ᠎ᠠ ᠬᠢᠵᠦ ᠪᠣᠷᠣᠯᠠᠭᠤᠯᠭ᠎ᠠ ᠶᠢ ᠠᠬᠢᠭᠤᠯᠬᠤ᠂ ᠳ᠋ᠦᠡᠭᠱᠸᠡᠭ ᠲᠤᠭᠤᠷᠢᠭ ᠤᠨ ᠰᠣᠶᠣᠯ ᠵᠤᠭᠠᠴᠠᠯ ᠤᠨ ᠤᠬᠠᠭᠤᠯᠭ᠎ᠠ ᠶᠢᠨ ᠹᠢᠯᠢᠮ ᠢ ᠰᠡᠭᠦᠳᠡᠷᠯᠡᠨ ᠰᠢᠩᠭᠡᠭᠡᠬᠦ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠦᠢᠯᠡᠳᠬᠦ ᠪᠠᠷ ᠲᠦᠯᠦᠪᠯᠡᠵᠤ᠂ ᠦᠨᠳᠦᠰᠦᠲᠡᠨ ᠤ ᠳᠠᠭᠤᠤ ᠪᠥᠵᠢᠭ ᠪᠣᠯᠤᠨ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠨ᠎ᠡ᠃ ᠬᠠᠮ ᠵᠠᠭᠤᠴᠢᠯᠠᠭᠤᠷ ᠤᠨ ᠤᠬᠠᠭᠤᠯᠭ᠎ᠠ ᠶᠢ ᠦᠷᠭᠡᠳᠬᠡᠵᠤ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠰᠣᠶᠣᠯ ᠵᠤᠭᠠᠴᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠤᠨ᠂ ᠰᠤᠶᠤᠯ ᠵᠤᠭᠠᠴᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠵᠤ ᠵᠠᠬ᠎ᠠ ᠲᠡᠯᠭᠡᠭᠦᠷ ᠢ ᠦᠷᠭᠡᠳᠬᠡᠨ᠂ ᠰᠣᠶᠣᠯ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠣᠶᠣᠯ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠡᠭᠦᠳᠴᠤ ᠰᠢᠨ᠎ᠡ ᠲᠡᠭᠳᠡᠷ ᠲᠤ ᠭᠠᠷᠬᠤ ᠶᠢ ᠴᠢᠷᠮᠠᠶᠢᠨ ᠪᠡᠶᠡᠯᠡᠭᠦᠯᠤᠨ᠎ᠡ᠃
ᠢᠷᠡᠯᠲᠡ᠄ ᠲᠤᠰ ᠰᠦᠯᠵᠢᠶ᠎ᠠ