ᠸᠠᠩ ᠶᠢᠩ ᠴᠤᠤ ᠨᠦᠬᠦᠷ
ᠨᠡᠶᠢᠲᠡᠯᠡᠭᠰᠡᠨ ᠴᠠᠭ᠄
2022/11/30
    ᠬᠤᠪᠢᠶᠠᠨ ᠬᠠᠮᠢᠶᠠᠷᠴᠤ ᠪᠠᠶᠢᠭ᠎ᠠ ᠠᠵᠢᠯ᠄ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠠᠵᠢᠯ ᠢ ᠡᠷᠬᠢᠯᠡᠵᠤ᠂ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠠᠵᠢᠯ ᠢ ᠬᠠᠷᠢᠭᠤᠴᠠᠨ᠎ᠠ᠃      ᠨᠠᠮᠲᠠᠷ᠄      ᠸᠠᠩ ᠶᠢᠩ ᠴᠤᠤ᠂ ᠡᠮᠡᠭᠲᠡᠢ᠂ ᠬᠢᠲᠠᠳ ᠦᠨᠳᠦᠰᠦᠲᠡᠨ᠂ 1987 ᠣᠨ ᠤ 1 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠡᠵᠡᠨ ᠬᠤᠷᠤᠭ᠎ᠠ ᠬᠤᠰᠢᠭᠤᠨ ᠤ ᠬᠥᠮᠥᠨ᠂ 2010 ᠣᠨ ᠤ 7 ᠰᠠᠷ᠎ᠠ ᠳᠤ ᠠᠵᠢᠯ ᠳᠤ ᠣᠷᠣᠵᠤ᠂ 2013 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠬᠠᠤᠯᠢ ᠶᠢᠨ ᠤᠬᠠᠭᠠᠨ ᠤ ᠮᠠᠰᠲ᠋ᠧᠷ᠃ ᠤᠳᠤ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠶᠢᠨ ᠲᠤᠰᠢᠶᠠᠯ ᠢ ᠡᠬᠦᠷᠭᠡᠯᠡᠵᠦ ᠪᠠᠶᠢᠨ᠎ᠠ᠃      2007.09 — 2010.03 ᠬᠠᠷᠠᠮᠥ᠋ᠷᠡᠨ ᠮᠤᠵᠢ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠡᠶᠢᠭᠡᠮ ᠤᠨ ᠤᠬᠠᠭᠠᠨ ᠤ ᠲᠤᠰᠬᠠᠢ ᠮᠡᠷᠭᠡᠵᠢᠯ ᠤᠨ ᠠᠰᠫᠢᠷᠠᠨᠲ ᠢᠶᠠᠷ ᠰᠤᠷᠤᠯᠴᠠᠪᠠ︔      2010.03 — 2010.07 ᠠᠵᠢᠯ ᠬᠦᠯᠢᠶᠡᠵᠤ ᠪᠠᠶᠢᠪᠠ︔      2010.07 — 2013.06 ᠣᠷᠳᠣᠰ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠪᠠᠭᠰᠢ ᠪᠠᠷ ᠠᠵᠢᠯᠯᠠᠵᠤ ᠪᠠᠶᠢᠪᠠ︔      2013.06 — 2017.11 ᠣᠷᠳᠣᠰ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠵᠢᠭᠠᠨ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠪᠠᠷ ᠠᠵᠢᠯᠯᠠᠵᠤ ᠪᠠᠶᠢᠪᠠ︔      2017.11 — 2019.11 ᠣᠷᠳᠣᠰ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠮᠡᠳᠡᠭᠡ ᠵᠠᠩᠭᠢ ᠮᠠᠲ᠋ᠧᠷᠢᠶᠠᠯ ᠤᠨ ᠲᠥᠪ ᠤᠨ ᠡᠷᠬᠢᠯᠡᠭᠴᠢ ︵ᠡᠨᠡ ᠬᠤᠭᠤᠴᠠᠭᠠᠨ ᠳᠤ᠄ 2018.12 ᠰᠠᠷ᠎ᠠ ᠳᠤ ᠣᠯᠠᠨ ᠨᠡᠶᠢᠲᠡ ᠶᠢᠨ ᠬᠠᠮᠢᠶᠠᠷᠤᠯᠲᠠ ᠶᠢᠨ ᠳᠡᠳ᠋ ᠫᠷᠤᠹᠧᠰᠰᠤᠷ ᠢᠶᠠᠷ ᠦᠨᠡᠯᠡᠭᠳᠡᠪᠡ︔2019.03 — 2019.06 ᠣᠷᠳᠣᠰ ᠬᠤᠳᠠ ᠶᠢᠨ 22 ᠳ᠋ᠤᠭᠠᠷ ᠬᠤᠭᠤᠴᠠᠭᠠᠨ ᠤ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠳᠤ ᠰᠤᠷᠤᠯᠴᠠᠪᠠ︶ ᠪᠠᠷ ᠠᠵᠢᠯᠯᠠᠵᠤ ᠪᠠᠶᠢᠪᠠ      2019.11 — 2021.06 ᠣᠷᠳᠣᠰ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠬᠤᠳᠠ ᠶᠢᠨ ᠪᠠᠶᠢᠳᠠᠯ ᠢ ᠵᠢᠭᠠᠨ ᠰᠤᠳᠤᠯᠬᠤ ᠬᠡᠯᠲᠡᠰ ᠤᠨ ᠡᠷᠬᠢᠯᠡᠭᠴᠢ ᠪᠠᠷ ᠠᠵᠢᠯᠯᠠᠵᠤ ᠪᠠᠶᠢᠪᠠ      2021.06 — ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠪᠠᠷ ᠠᠵᠢᠯᠯᠠᠵᠤ ᠪᠠᠶᠢᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ