ᠳ᠋ᠦᠩᠱᠧᠩ ᠲᠣᠭᠤᠷᠢᠭ ᠤᠨ ᠰᠣᠶᠣᠯ ᠤᠨ ᠣᠷᠳᠣᠨ
ᠨᠡᠶᠢᠲᠡᠯᠡᠭᠰᠡᠨ ᠴᠠᠭ᠄
2022/11/30
    ᠳ᠋ᠦᠩᠱᠧᠩ ᠲᠣᠭᠤᠷᠢᠭ ᠤᠨ ᠰᠣᠶᠣᠯ ᠤᠨ ᠣᠷᠳᠣᠨ 1950 ᠣᠨ ᠳᠤ ᠪᠠᠶᠢᠭᠤᠯᠤᠭᠳᠠᠵᠤ᠂ ᠤᠬᠠᠭᠤᠯᠤᠨ ᠬᠥᠮᠦᠵᠢᠭᠦᠯᠬᠦ᠂ ᠮᠡᠳᠡᠯᠭᠡ ᠶᠢ ᠲᠦᠭᠡᠮᠡᠯᠵᠢᠭᠦᠯᠬᠦ᠂ ᠰᠣᠶᠣᠯ ᠢ ᠤᠯᠠᠮᠵᠢᠯᠠᠬᠤ᠂ ᠤᠳᠬ᠎ᠠ ᠤᠷᠠᠯᠢᠭ ᠤᠨ ᠭᠤᠸ᠎ᠠ ᠰᠠᠶᠢᠬᠠᠨ ᠤ ᠲᠠᠭᠠᠰᠢᠶᠠᠯ ᠪᠠ ᠵᠤᠭ᠎ᠠ ᠴᠡᠩᠭᠡᠯ ᠵᠡᠷᠭᠡ ᠴᠢᠳᠠᠪᠬᠢ ᠲᠠᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠠᠶᠢᠭᠤᠯᠤᠮᠵᠢ᠂ ᠤᠯᠤᠰ ᠤᠨ ᠰᠢᠶᠠᠨ ᠤ ᠲᠠᠰ ᠤᠨ ᠨᠢᠭᠡᠳᠦᠭᠡᠷ ᠲᠠᠰ ᠤᠨ ᠰᠣᠶᠣᠯ ᠤᠨ ᠣᠷᠳᠣᠨ ᠪᠠᠶᠢᠵᠤ᠂ 2015 - 2016 ᠣᠨ ᠳᠤ ᠥᠪᠡᠷᠲᠡᠭᠡᠨ ᠵᠠᠰᠠᠬᠤ ᠣᠷᠣᠨ ᠤ ᠠᠷᠪᠠᠨ ᠰᠢᠯᠢᠳᠡᠭ ᠰᠣᠶᠣᠯ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠳᠤ ᠤᠶᠢᠯᠡᠴᠢᠯᠡᠵᠤ ᠮᠠᠯᠴᠢᠨ ᠲᠠᠷᠢᠶᠠᠴᠢᠨ ᠳᠤ ᠤᠶᠢᠯᠡᠴᠢᠯᠡᠭᠰᠡᠨ ᠲᠡᠷᠢᠭᠦᠨ ᠤ ᠬᠠᠮᠲᠤ ᠨᠢᠭᠡᠴᠢ ᠪᠠᠷ ᠦᠨᠡᠯᠡᠭᠳᠡᠪᠠ᠃ ᠲᠣᠰ ᠣᠷᠳᠣᠨ ᠨᠢ ᠣᠷᠳᠣᠰ ᠬᠤᠲᠠ ᠶᠢᠨ ᠪᠣᠷᠣᠲᠣᠬᠤᠶ ᠵᠡᠭᠦᠨ ᠵᠡᠭᠡᠯᠢ ᠳᠤ ᠪᠠᠶᠢᠷᠢᠯᠠᠵᠤ᠂   ᠪᠠᠷᠢᠯᠭ᠎ᠠ ᠶᠢᠨ ᠲᠠᠯᠠᠪᠠᠶ ᠨᠢ 4390 ᠲᠡᠭᠰᠢ ᠳᠥᠷᠪᠡᠯᠵᠢᠨ ᠮᠧᠲᠷ᠃ ᠳᠣᠲᠣᠷ᠎ᠠ ᠨᠢ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠲᠢᠩᠬᠢᠮ᠂ ᠡᠯᠧᠺᠲᠷᠣᠨ ᠤᠩᠰᠢᠯᠭ᠎ᠠ ᠶᠢᠨ ᠲᠠᠰᠤᠭ᠂ ᠤᠷᠠᠨ ᠪᠢᠴᠢᠯᠭᠡ ᠤᠷᠠᠨ ᠵᠢᠷᠤᠭ ᠬᠥᠭᠵᠢᠮ ᠪᠥᠵᠢᠭ ᠤᠨ ᠪᠣᠯᠪᠠᠰᠤᠷᠠᠯ ᠤᠨ ᠲᠠᠰᠤᠭ ᠵᠢᠴᠢ ᠪᠣᠯᠪᠠᠰᠤᠷᠠᠬᠤ ᠲᠢᠩᠬᠢᠮ᠂ ᠰᠢᠲᠠᠷ᠎ᠠ ᠶᠢᠨ ᠲᠠᠰᠤᠭ᠂ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠬᠢᠴᠢᠶᠡᠯ ᠤᠨ ᠭᠡᠷ ᠵᠡᠷᠭᠡ ᠲᠠᠯᠠᠪᠤᠷ ᠲᠠᠢ᠃ ᠮᠡᠳᠡᠭᠡ ᠵᠠᠩᠭᠢᠵᠢᠯᠲᠠ ᠶᠢᠨ ᠰᠠᠭᠤᠷᠢ ᠲᠥᠬᠦᠭᠡᠷᠦᠮᠵᠢ᠂ ᠡᠬᠢ ᠪᠠᠶᠠᠯᠢᠭ ᠢ ᠪᠣᠯᠪᠠᠰᠤᠷᠠᠭᠤᠯᠬᠤ ᠲᠥᠬᠦᠭᠡᠷᠦᠮᠵᠢ᠂ ᠲᠤᠭᠠᠵᠢᠯᠳᠠ ᠦᠢᠯᠡᠴᠢᠯᠡᠭᠡᠨ ᠤ ᠲᠥᠬᠦᠭᠡᠷᠦᠮᠵᠢ᠂ ᠦᠵᠡᠰᠬᠦᠯᠡᠩ ᠪᠠ ᠲᠣᠭᠯᠠᠯᠲᠠ ᠶᠢᠨ ᠲᠥᠬᠦᠭᠡᠷᠦᠮᠵᠢ ᠶᠢ ᠴᠥᠮ ᠲᠣᠬᠢᠷᠠᠭᠤᠯᠤᠭᠰᠠᠨ ᠪᠥᠭᠡᠳ ᠨᠢᠭᠡᠨᠲᠡ ᠪᠠᠷᠢᠮᠵᠢᠶ᠎ᠠ ᠳᠤ ᠬᠦᠷᠪᠡ᠃
src=http___5b0988e595225.cdn.sohucs.com_images_20171212_8470346b67d8462e801eb363242a3b30.jpeg&refer=http___5b0988e595225.cdn.sohucs.jpg
微信图片_20220907094451.jpg
 
微信图片_20220907094503.jpg
22339812.jpg
223416625.jpg
微信图片_20220907094508.jpg
微信图片_20220907094512.jpg
微信图片_20220907094514.jpg
ᠢᠷᠡᠯᠲᠡ᠄ ᠲᠤᠰ ᠰᠦᠯᠵᠢᠶ᠎ᠠ