︽9 · 19︾ ᠤ ᠪᠣᠰᠣᠯᠭ᠎ᠠ ᠶᠢᠨ ᠡᠮᠦᠨ᠎ᠡ ᠬᠤᠶᠢᠨᠠᠬᠢ ᠳ᠋ᠦᠩᠱᠧᠩ ᠰᠢᠶᠠᠨ ︵ᠨᠢᠭᠡ︶
ᠨᠡᠶᠢᠲᠡᠯᠡᠭᠰᠡᠨ ᠴᠠᠭ᠄
2022/12/12
     1949 ᠣᠨ ᠤ 3 ᠰᠠᠷ᠎ᠠ ᠳᠤ᠂ ᠶᠡᠭᠡ ᠵᠤᠤ ᠶᠢᠨ ᠴᠢᠭᠤᠯᠭᠠᠨ ᠤ ᠰᠠᠯᠪᠤᠷᠢ ᠠᠩᠭᠢ ᠳ᠋ᠦᠩᠱᠧᠩ ᠰᠢᠶᠠᠨ ᠤ ᠣᠷᠣᠨ ᠨᠤᠲᠤᠭ ᠤᠨ ᠠᠮᠤᠷ ᠢ ᠬᠠᠮᠠᠭᠠᠯᠠᠬᠤ ᠠᠷᠪᠠᠨ ᠵᠢᠷᠭᠤᠳᠤᠭᠠᠷ ᠬᠤᠷᠢᠶ᠎ᠠ ᠶᠢ ᠰᠥᠨᠥᠭᠡᠪᠡ᠃ 4 ᠰᠠᠷ᠎ᠠ ᠶᠢᠨ ᠡᠬᠢ ᠪᠠᠷ᠂ ᠬᠠᠳᠤᠨ ᠭᠤᠣᠯ ᠬᠠᠶᠢᠯᠤᠭᠰᠠᠨ ᠳᠤ᠂ ᠰᠦᠢᠶᠤᠸᠠᠨ ᠮᠤᠵᠢ ᠠᠴᠠ ᠭᠤᠴᠢᠨ ᠲᠠᠪᠤᠳᠤᠭᠠᠷ ᠠᠷᠮᠢ ᠶᠢᠨ ᠳᠠᠷᠤᠭ᠎ᠠ ᠯᠢᠦ ᠸᠠᠨ ᠴᠦᠨ ᠢ ᠲᠣᠮᠢᠯᠠᠵᠤ᠂ ᠳ᠋ᠦᠩᠱᠧᠩ ᠢ ᠡᠵᠡᠯᠡᠭᠦᠯᠪᠡ᠃ ᠡᠨᠡ ᠦᠶ᠎ᠡ ᠳᠤ ᠳ᠋ᠦᠩᠱᠧᠩ ᠤᠨ ᠡᠯ᠎ᠡ ᠪᠠᠶᠢᠭᠤᠯᠭ᠎ᠠ ᠨᠢᠭᠡᠴᠢ ᠪᠤᠯᠤᠨ ᠳ᠋ᠦᠩᠱᠧᠩ ᠰᠢᠶᠠᠨ ᠤ ᠳᠠᠷᠤᠭ᠎ᠠ ᠵᠢᠶᠠ ᠺᠧ ᠷᠠᠩ᠂ ᠠᠷᠪᠠᠨ ᠵᠢᠷᠭᠤᠳᠤᠭᠠᠷ ᠬᠤᠷᠢᠶ᠎ᠠ ᠶᠢᠨ ᠳᠡᠳ᠋ ᠳᠠᠷᠤᠭ᠎ᠠ ᠯᠢ ᠴᠧᠩ ᠨᠡᠷ ᠬᠤᠶᠢᠨ᠎ᠠ ᠬᠤᠶᠢᠨ᠎ᠠ ᠠᠴᠠ ᠪᠠᠨ ᠳ᠋ᠦᠩᠱᠧᠩ ᠳᠡᠭᠡᠨ ᠪᠤᠴᠠᠵᠠᠶ᠃ ᠵᠢᠰᠤᠷ ᠬᠤᠯᠵᠢᠨ ᠵᠢᠶᠠ ᠺᠧ ᠷᠠᠩ ᠶᠠᠯ᠎ᠠ ᠠᠴᠠ ᠪᠠᠨ ᠵᠠᠶᠢᠯᠠᠬᠤ ᠶᠢᠨ ᠲᠥᠯᠥᠭᠡ᠂ ᠶᠠᠩ ᠺᠠᠩ ᠬᠤᠸᠠᠨ ᠢ ᠡᠪ ᠬᠠᠮᠲᠤ ᠨᠠᠮ ᠤᠨ ᠬᠠᠮᠰᠠᠭᠠᠲᠠᠨ ᠤ ᠶᠠᠯ᠎ᠠ ᠪᠠᠷ ᠫᠤᠤᠳᠠᠨ ᠠᠯᠠᠵᠤ᠂ ᠲᠡᠭᠦᠨ ᠤ ᠵᠣᠯᠢᠶᠠᠰᠤ ᠪᠣᠯᠭᠠᠪᠠ᠃ ᠠᠷᠪᠠᠨ ᠵᠢᠷᠭᠤᠳᠤᠭᠠᠷ ᠬᠤᠷᠢᠶ᠎ᠠ ᠶᠢᠨ ᠳᠡᠳ᠋ ᠳᠠᠷᠤᠭ᠎ᠠ ᠯᠢ ᠴᠧᠩ ᠢ ︽ᠪᠠᠶᠢᠯᠳᠤᠭᠠᠨ ᠤ ᠲᠠᠯᠠᠪᠤᠷ ᠠᠴᠠ ᠪᠠᠯᠢᠳᠠᠨ ᠳᠤᠲᠠᠭᠠᠭᠰᠠᠨ︾ ᠶᠠᠯ᠎ᠠ ᠪᠠᠷ ᠪᠠᠷᠢᠪᠴᠢᠯᠠᠵᠤ᠂ ᠠᠯᠠᠬᠤ ᠪᠠᠷ ᠪᠡᠯᠡᠳᠬᠡᠪᠡ᠃ ᠰᠡᠭᠦᠯᠡᠷ ᠤᠯᠠᠨ ᠲᠠᠯ᠎ᠠ ᠪᠠᠷ ᠠᠪᠤᠷᠠᠭᠰᠠᠨ ᠠᠴᠠ ᠪᠤᠯᠤᠭᠠᠳ ᠯᠢ ᠴᠧᠡᠭ ᠰᠠᠶ᠋ᠢ ᠦᠬᠦᠯ ᠠᠴᠠ ᠬᠡᠯᠲᠦᠷᠢᠪᠡ᠃      ᠶᠠᠩ ᠺᠠᠩ ᠢ ᠠᠯᠠᠭᠠᠳ ᠯᠢ ᠴᠧᠩ ᠢ ᠪᠠᠷᠢᠪᠴᠢᠯᠠᠭᠰᠠᠨ ᠤ ᠲᠠᠷᠠᠭ᠎ᠠ ᠳ᠋ᠦᠩᠱᠧᠩ ᠪᠠᠰᠠ ᠶᠠᠮᠠᠷ ᠪᠠᠶᠢᠳᠠᠯ ᠲᠠᠢ ᠪᠣᠯᠤᠭᠰᠠᠨ ᠪᠤᠯ︖ ᠡᠦ ᠰᠧ ᠡᠯ ᠤᠨ ᠳᠡᠭᠡᠷᠡᠮ ᠤᠨ ᠴᠡᠷᠢᠭ ᠤᠨ ᠬᠡᠳᠦᠨ ᠵᠠᠭᠤᠨ ᠬᠥᠮᠦᠨ ᠳ᠋ᠦᠩᠱᠧᠩ ᠳᠤ ᠡᠭᠦᠷᠯᠡᠨ ᠠᠷᠠᠳ ᠢᠷᠭᠡᠳ ᠤᠨ ᠭᠠᠵᠠᠷ ᠢ ᠡᠵᠡᠯᠡᠵᠦ ᠪᠠᠶᠢᠪᠠ︔ ᠬᠤᠷᠢᠨ ᠬᠤᠶᠠᠳᠤᠭᠠᠷ ᠠᠷᠮᠢ ᠪᠠᠰᠠ ᠱᠢ ᠫᠸᠢ ᠵᠢᠦ ᠶᠢᠨ ᠨᠢᠭᠡ ᠬᠤᠷᠢᠶ᠎ᠠ ᠶᠢ ᠲᠣᠮᠢᠯᠠᠨ ᠢᠷᠡᠭᠦᠯᠵᠦ᠂ ᠲᠤᠰ ᠭᠠᠵᠠᠷ ᠤᠨ ᠨᠢᠭᠡ ᠪᠦᠯᠦᠭ ᠢ ᠭᠤᠸᠠᠨ ᠳ᠋ᠤᠤ ᠱᠠᠰᠢᠨ ᠤ ᠶᠡᠭᠡ ᠪᠠᠭ᠎ᠠ ᠲᠦᠷᠦᠭᠦᠦ ᠲᠠᠢ ᠬᠠᠮᠵᠢᠯᠴᠠᠨ ᠭᠠᠵᠠᠷ ᠪᠣᠯᠭᠠᠨ ᠳᠤ ᠱᠠᠪᠢ ᠡᠯᠰᠡᠵᠦ ᠪᠠᠶᠢᠪᠠ᠃ ︽9 · 19︾ ᠤ ᠪᠣᠰᠣᠯᠭ᠎ᠠ ᠠᠴᠠ ᠡᠮᠦᠨᠡᠬᠢ ᠬᠡᠳᠦᠨ ᠰᠠᠷ᠎ᠠ ᠳᠤ ᠳ᠋ᠦᠩᠱᠧᠩ ᠰᠢᠶᠠᠨ ᠳᠤ ᠢ ᠭᠤᠸᠠᠨ ᠳ᠋ᠤᠦ ᠱᠠᠰᠢᠨ ᠶᠡᠭᠡ ᠪᠠᠷ ᠲᠡᠯᠭᠡᠷᠡᠪᠡ᠃ ᠰᠡᠭᠦᠯᠡᠷ ᠨᠢ ᠸᠠᠩ ᠵᠧᠨ ᠺᠠᠶ᠂ ᠴᠧᠨ ᠪᠦ᠋ ᠶᠦᠨ ᠲᠦᠷᠦᠭᠦᠲᠡᠶ ᠬᠦᠮᠦᠰ ᠪᠠᠰᠠ ᠴᠡᠷᠢᠭ ᠮᠣᠷᠢ ᠡᠯᠰᠡᠵᠤ᠂ ᠠᠮᠤᠷ ᠢ ᠬᠠᠮᠠᠭᠠᠯᠠᠬᠤ ᠠᠷᠪᠠᠨ ᠵᠢᠷᠭᠤᠳᠤᠭᠠᠷ ᠬᠤᠷᠢᠶ᠎ᠠ ᠶᠢ ᠲᠠᠬᠢᠨ ᠰᠢᠨ᠎ᠡ ᠪᠠᠷ ᠪᠠᠶᠢᠭᠤᠯᠪᠠ᠃ ᠰᠢᠶᠠᠨ ᠤ ᠳᠠᠷᠤᠭ᠎ᠠ ᠵᠢᠶᠠ ᠺᠧ ᠷᠠᠩ ᠪᠤᠭᠤᠳᠤ ᠳᠤ ᠪᠡᠶ ᠎ᠠ ᠳᠠᠯᠳᠠᠯᠠᠨ ᠮᠠᠶᠢᠮᠠᠶ ᠬᠢᠵᠦ᠂ ᠤᠷᠲᠤ ᠬᠤᠭᠤᠴᠠᠭ᠎ᠠ ᠪᠠᠷ ᠳ᠋ᠦᠩᠱᠧᠩ ᠳᠡᠭᠡᠨ ᠬᠠᠷᠢᠵᠦ ᠢᠷᠡᠬᠦ ᠦᠭᠡᠶ ᠪᠣᠯᠬᠤᠷ ᠲᠤᠬᠠᠶ ᠶᠢᠨ ᠭᠠᠵᠠᠷ ᠤᠨ ᠬᠥᠮᠦᠨ ᠴᠢᠶᠣᠤ ᠵᠠᠨ ᠶᠢᠩ ᠢ ᠰᠢᠶᠠᠨ ᠤ ᠤᠷᠤᠯᠠᠭᠴᠢ ᠳᠠᠷᠤᠭ᠎ᠠ ᠪᠠᠷ ᠲᠦᠷ ᠠᠵᠢᠯᠯᠠᠭᠤᠯᠵᠠᠶ᠃     ︽9 · 19︾ ᠤ ᠪᠣᠰᠣᠯᠭ᠎ᠠ ᠶᠢᠨ ᠲᠠᠷᠠᠭ᠎ᠠ᠂ ᠵᠢᠶᠠ ᠺᠧ ᠷᠠᠩ ᠮᠥᠨ ᠯᠡ ᠬᠠᠷᠢᠵᠤ ᠢᠷᠡᠬᠦ ᠦᠭᠡᠢ ᠪᠣᠯᠬᠤᠷ ᠰᠦᠢᠶᠤᠸᠠᠨ ᠮᠤᠵᠢ ᠶᠢᠨ ᠵᠠᠰᠠᠭ ᠤᠨ ᠣᠷᠳᠣᠨ ᠠᠴᠠ ᠭᠤᠷᠪᠠᠳᠤᠭᠠᠷ ᠲᠤᠰᠬᠠᠶ ᠲᠤᠰᠢᠶᠠᠯᠲᠠᠨ ᠤ ᠵᠠᠬᠢᠷᠭ᠎ᠠ ᠶᠢᠨ ᠲᠤᠰᠬᠠᠶ ᠲᠤᠰᠢᠶᠠᠯᠲᠠᠨ᠂ ᠳ᠋ᠦᠩᠱᠧᠩ᠂ ᠲᠤᠭᠤᠷᠢᠮ᠂ ᠲᠠᠯᠠᠳ ᠤᠨ ᠠᠮᠤᠷ ᠢ ᠬᠠᠮᠠᠭᠠᠯᠠᠬᠤ ᠰᠧᠯᠢᠩ ᠮᠦ ᠶᠢᠤ ᠱᠧᠩ ᠢᠶᠠᠷ ᠳ᠋ᠦᠩᠱᠧᠩ ᠰᠢᠶᠠᠨ ᠤ ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠭᠤᠯᠬᠤ ᠪᠠᠷ ᠲᠤᠭᠳᠠᠵᠠᠢ᠃      1949 ᠣᠨ ᠤ 10 ᠰᠠᠷ᠎ᠠ ᠶᠢᠨ 1 ᠤ ᠡᠳᠦᠷ᠂ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠢ ᠪᠡᠯᠭᠡᠯᠡᠬᠦ ᠶᠢᠨ ᠲᠥᠯᠥᠭᠡ᠂ ᠳ᠋ᠦᠩᠱᠧᠩ ᠰᠢᠶᠠᠨ ᠤ ᠠᠭᠤᠳᠠᠮ ᠲᠠᠯᠠᠪᠠᠶ ︵ᠣᠳᠣ ᠶᠢᠨ ᠰᠢᠶᠠᠨ ᠤ ᠪᠠᠩᠬᠢ ᠶᠢᠨ ᠲᠣᠮᠣ ᠠᠰᠠᠷ︶ ᠳᠤ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠳᠠᠭᠤᠯᠵᠠᠢ᠃ ᠡᠨᠡ ᠪᠤᠯ ᠲᠠᠪᠤᠨ ᠣᠳᠣᠲᠤ ᠤᠯᠠᠭᠠᠨ ᠲᠤᠭ ᠳ᠋ᠦᠩᠱᠧᠩ ᠰᠢᠶᠠᠨ ᠳᠤ ᠠᠩᠬ᠎ᠠ ᠤᠳᠠᠭ᠎ᠠ ᠨᠠᠮᠢᠷᠠᠵᠦ ᠪᠠᠶᠢᠭ᠎ᠠ ᠶᠤᠮ᠃ ᠳ᠋ᠦᠩᠱᠧᠩ ᠬᠡᠳᠦ᠋ᠢᠪᠡᠷ ᠴᠢᠯᠥᠭᠡᠯᠡᠭᠳᠡᠭᠰᠡᠨ ᠪᠣᠯᠪᠠᠴᠤ ᠰᠢᠨ᠎ᠡ ᠬᠠᠭᠤᠴᠢᠨ ᠵᠠᠰᠠᠭ ᠪᠠᠰᠠ ᠬᠦᠯᠢᠶᠡᠨ ᠠᠪᠴᠤ ᠲᠤᠰᠢᠶᠠᠬᠤ ᠭᠠᠷ ᠭᠦᠢᠴᠡᠳᠬᠡᠯ ᠢᠶᠠᠨ ᠬᠢᠭᠡᠳᠦᠶ ᠪᠠᠶᠢᠭᠰᠠᠭᠠᠷ᠃ ᠬᠠᠭᠤᠴᠢᠨ ᠵᠠᠰᠠᠭ ᠤᠨ ᠣᠷᠳᠣᠨ᠂ ᠬᠠᠭᠤᠴᠢᠨ ᠴᠡᠷᠢᠭ ᠤᠨ ᠳᠣᠲᠣᠷᠠᠬᠢ ᠲᠡᠷᠰᠯᠡᠭᠦᠦ ᠵᠣᠭᠰᠣᠯᠲᠠ ᠪᠠᠨ ᠪᠠᠷᠢᠮᠲᠠᠯᠠᠳᠠᠭ ᠬᠥᠮᠦᠰ ᠵᠣᠷᠢᠭᠤᠳᠠ ᠬᠡᠷᠡᠭ ᠡᠭᠦᠰᠭᠡᠵᠦ᠂ ᠪᠡᠯᠭᠡᠯᠡᠬᠦ ᠠᠵᠢᠯᠯᠠᠭ᠎ᠠ ᠶᠢᠨ ᠵᠠᠪᠰᠢᠶᠠᠨ ᠢ ᠳᠠᠯᠢᠮᠳᠠᠭᠤᠯᠤᠨ ᠨᠢᠭᠡᠳᠤᠭᠡᠷ ᠪᠠᠭ᠎ᠠ ᠰᠤᠷᠭᠠᠭᠤᠯᠢ ᠶᠢᠨ ᠰᠤᠷᠤᠭᠴᠢᠳ ᠢ ᠪᠦᠰᠡᠯᠡᠨ ᠲᠠᠭᠠᠷᠢᠵᠤ ᠴᠤᠬᠢᠭᠰᠠᠨ ᠪᠠᠶᠢᠨ᠎ᠠ᠃ ᠡᠭᠦᠨ ᠤ ᠲᠠᠷᠠᠭ᠎ᠠ᠂ ᠡᠨᠡ ᠤᠳᠠᠭ᠎ᠠ ᠶᠢᠨ ᠬᠡᠷᠡᠭ ᠢ ᠡᠶᠡᠳᠡᠭᠦᠯᠬᠦ ︽ᠠᠮᠢᠳᠤᠷᠠᠯ ᠤᠨ ᠪᠠᠶᠢᠴᠠᠭᠠᠯᠲᠠ ᠶᠢᠨ ᠬᠤᠷᠠᠯ︾ ᠳᠡᠭᠡᠷ᠎ᠡ᠂ ᠬᠠᠭᠤᠷᠮᠠᠭ ᠰᠢᠶᠠᠨ ᠤ ᠵᠠᠰᠠᠭ ᠤᠨ ᠣᠷᠳᠣᠨ ᠤ ᠠᠵᠢᠯᠲᠠᠳ ᠪᠠᠰᠠ ᠰᠤᠷᠭᠠᠭᠤᠯᠢ ᠶᠢᠨ ᠵᠠᠬᠢᠷᠤᠯ ᠯᠢ ᡁᠢ ᠽᠠᠢ ᠪᠣᠯᠤᠨ ᠪᠠᠭᠰᠢ ᠰᠣ᠋ ᠪᠢᠩ ᠬᠤᠸᠠᠢ ᠶᠢ ᠴᠣᠬᠢᠵᠤ ᠰᠢᠷᠬᠠᠲᠤᠭᠤᠯᠤᠭᠰᠠᠨ ᠠᠴᠠ ᠨᠢᠭᠡᠳᠤᠭᠡᠷ ᠪᠠᠭ᠎ᠠ ᠰᠤᠷᠭᠠᠭᠤᠯᠢ ᠶᠢᠨ ᠶᠡᠷᠦᠩᠬᠡᠶ ᠬᠢᠴᠢᠶᠡᠯ ᠬᠠᠶᠠᠯᠲᠠ ᠶᠢ ᠡᠭᠦᠰᠭᠡᠪᠡ᠃ ᠰᠤᠷᠤᠭᠴᠢᠳ ᠵᠡᠭᠡᠯᠢ ᠳᠤ ᠭᠠᠷᠴᠤ ᠰᠦᠷᠲᠦ ᠵᠢᠭᠰᠠᠭᠠᠯ ᠶᠠᠪᠤᠭᠤᠯᠤᠨ᠂ ︽ᠲᠤᠩᠬᠠᠭ ᠤᠨ ᠪᠢᠴᠢᠭ︾ ᠪᠢᠴᠢᠪᠡ᠃ ᠲᠤᠩᠬᠠᠭ ᠤᠨ ᠪᠢᠴᠢᠭ ᠤᠨ ᠭᠤᠣᠯ ᠠᠭᠤᠯᠭ᠎ᠠ ᠨᠢ᠄ ︽ᠮᠠᠨ ᠤ ᠳ᠋ᠦᠩᠱᠧᠩ ᠰᠢᠶᠠᠨ ᠵᠢᠩᠬᠢᠨᠢ ᠠᠷᠠᠳ ᠲᠦᠮᠡᠨ ᠤ ᠰᠢᠶᠠᠨ ᠤ ᠳᠠᠷᠤᠭ᠎ᠠ ᠪᠤᠯᠤᠨ ᠠᠷᠠᠳ ᠲᠦᠮᠡᠨ ᠢ ᠬᠠᠮᠠᠭᠠᠯᠠᠳᠠᠭ ᠴᠢᠯᠦᠭᠡᠯᠡᠬᠦ ᠴᠡᠷᠢᠭ ᠢ ᠠᠪᠤᠨ᠎ᠠ︾ ᠭᠡᠰᠡᠨ ᠠᠭᠤᠯᠭ᠎ᠠ ᠲᠠᠢ᠃ ᠲᠤᠩᠬᠠᠭ ᠤᠨ ᠪᠢᠴᠢᠭ ᠢ ᠨᠢᠭᠡ ᠬᠡᠯᠪᠡᠷᠢ ᠶᠢᠨ ᠭᠤᠷᠪᠠᠨ ᠬᠤᠪᠢ ᠪᠢᠴᠢᠵᠦ᠂ ᠨᠢᠭᠡ ᠬᠤᠪᠢ ᠶᠢ ᠨᠢ ᠲᠦᠪ ᠤᠨ ᠠᠷᠡᠦᠠ ᠤᠨ ᠵᠡᠰᠠᠬ ᠤᠨ ᠤᠷᠳᠦᠠ ᠤ ᠲᠡᠷᠢᠭᠦᠯᠡᠭᠴᠢ ᠮᠠᠤ ᠽᠧ ᠳ᠋ᠦᠩ ᠳᠤ ᠢᠯᠡᠭᠡᠵᠦ᠂ ᠨᠢᠭᠡ ᠬᠤᠪᠢ ᠶᠢ ᠨᠢ ᠰᠦᠢᠶᠤᠸᠠᠨ ᠮᠤᠵᠢ ᠶᠢᠨ ᠵᠠᠰᠠᠭ ᠤᠨ ᠣᠷᠳᠣᠨ ᠳᠤ ᠢᠯᠡᠭᠡᠵᠦ᠂ ᠪᠠᠰᠠ ᠨᠢᠭᠡ ᠬᠤᠪᠢ ᠶᠢ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠶᠡᠭᠡ ᠵᠤᠤ ᠶᠢᠨ ᠴᠢᠭᠤᠯᠭᠠᠨ ᠤ ᠠᠵᠢᠯᠯᠠᠬᠤ ᠬᠤᠷᠢᠶ᠎ᠠ ᠳᠤ ᠢᠯᠡᠭᠡᠪᠡ᠃      ᠡᠨᠡ ᠬᠦ ᠲᠤᠩᠬᠠᠭ ᠤᠨ ᠪᠢᠴᠢᠭ ᠢ ᠲᠠᠷᠬᠠᠭᠠᠮᠠᠭᠴᠠ ᠡᠯ᠎ᠡ ᠱᠠᠲᠤᠨ ᠤ ᠤᠳᠤᠷᠢᠳᠤᠯᠭ᠎ᠠ ᠶᠢᠨ ᠠᠩᠬᠠᠷᠤᠯ ᠢ ᠭᠦᠢᠴᠡᠳ ᠲᠠᠲᠠᠭᠰᠠᠨ ᠪᠠᠶᠢᠨ᠎ᠠ᠃ ᠴᠠᠭᠠᠨ ᠰᠠᠷ᠎ᠠ ᠶᠢᠨ ᠡᠮᠦᠨ᠎ᠠ ᠤᠤᠯ ᠤᠨ ᠰᠦᠢᠶᠤᠸᠠᠨ ᠮᠤᠵᠢ ᠶᠢᠨ ᠵᠠᠰᠠᠭ ᠤᠨ ᠣᠷᠳᠣᠨ ᠠᠴᠠ ᠭᠤᠴᠢᠨ ᠨᠢᠭᠡᠳᠦᠭᠡᠷ ᠳ᠋ᠢᠸᠢᠽᠢ ᠶᠢᠨ ᠲᠠᠷᠤᠭ᠎ᠠ ᠠᠨ ᠴᠦᠨ ᠱᠠᠨ ᠢ ᠲᠤᠮᠢᠯᠠᠨ ᠡᠦ ᠼᠠᠨᠮᠤᠵᠠᠩ ᠨᠠᠷ ᠢ ᠳᠠᠭᠠᠭᠤᠯᠤᠨ ᠳ᠋ᠦᠩᠱᠧᠩ ᠳᠤ ᠢᠷᠡᠵᠦ ᠡᠨᠡ ᠤᠳᠠᠭ᠎ᠠ ᠶᠢᠨ ᠬᠡᠷᠡᠭ ᠢ ᠪᠠᠶᠢᠴᠠᠭᠠᠨ ᠰᠢᠢᠳᠪᠤᠷᠢᠯᠠᠵᠠᠢ᠃ ᠲᠡᠳᠡ ᠮᠤ᠋ ᠶᠢᠤ ᠱᠧᠩ ᠤᠨ ᠲᠠᠯ᠎ᠠ ᠳᠤ ᠭᠠᠷᠴᠤ ᠲᠥᠪ ᠭᠤᠣᠯᠴᠢ ᠪᠠᠷ ᠰᠢᠢᠳᠪᠤᠷᠢᠯᠡᠵᠤ ᠴᠢᠳᠠᠭᠰᠠᠨ ᠦᠭᠡᠢ ᠶᠢᠨ ᠳᠡᠭᠡᠷ᠎ᠡ ᠰᠢᠭᠦᠬᠦ ᠬᠤᠷᠢᠶ᠎ᠠ ᠠᠴᠠ ᠪᠠᠰᠠ ᠭᠤᠣᠯᠴᠢ ᠪᠤᠰᠤ ᠪᠠᠷ ᠰᠢᠭᠦᠨ ᠲᠠᠰᠤᠯᠤᠭᠰᠠᠨ ᠠᠴᠠ ᠨᠢᠭᠡᠳᠤᠭᠡᠷ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠠᠭᠤᠷᠯᠠᠬᠤ ᠳᠠᠭᠠᠨ ᠰᠢᠭᠦᠬᠦ ᠬᠤᠷᠢᠶᠠᠨ ᠤ ᠰᠢᠭᠦᠨ ᠲᠠᠰᠤᠯᠤᠯᠲᠠ ᠶᠢᠨ ᠪᠢᠴᠢᠭ ᠢ ᠤᠷᠠᠵᠦ ᠬᠠᠶᠠᠭᠰᠠᠨ ᠪᠠᠶᠢᠨ᠎ᠠ᠂ ᠡᠨᠡ ᠦᠶᠡᠰ ᠠᠨ ᠴᠦᠨ ᠱᠠᠨ ᠵᠡᠷᠭᠡ ᠬᠥᠮᠦᠰ ᠰᠡᠮᠡᠭᠡᠷ ᠭᠦᠢᠰᠦᠢ ᠳᠡᠭᠡᠨ ᠬᠠᠷᠢᠵᠠᠢ᠃( ᠤᠷᠳᠤᠰ ᠤᠨ ᠡᠳᠦᠷ ᠤᠨ ᠰᠤᠨᠢᠨ  ᠠᠴᠠ ᠪᠠᠭᠤᠯᠭᠠᠵᠠᠢ)             ︵ᠣᠷᠳᠣᠰ ᠬᠤᠲᠠ ᠶᠢᠨ ᠳᠠᠩᠰᠠ ᠡᠪᠬᠡᠮᠡᠯ ᠲᠡᠤᠬᠡ ᠣᠶᠢᠯᠠᠯᠭ᠎ᠠ ᠶᠢᠨ               ᠣᠷᠳᠣᠨ ᠠᠴᠠ ᠡᠬᠡ ᠪᠢᠴᠢᠭ ᠢ ᠬᠠᠩᠭᠠᠪᠠ᠃               ᠵᠣᠬᠢᠶᠠᠭᠴᠢ᠄ ᠪᠢᠶᠠᠨ ᠮᠧᠶ ᠱᠠᠨ︶  
ᠢᠷᠡᠯᠲᠡ᠄ ᠤᠷᠳᠤᠰ ᠤᠨ ᠡᠳᠤᠷ ᠤᠨ ᠰᠤᠨᠢᠨ