︽9 · 19︾ ᠤ ᠪᠣᠰᠣᠯᠭ᠎ᠠ ᠶᠢᠨ ᠡᠮᠦᠨ᠎ᠡ ᠬᠤᠶᠢᠨᠠᠬᠢ ᠳ᠋ᠦᠩᠱᠧᠩ ᠰᠢᠶᠠᠨ ︵ᠭᠤᠷᠪᠠ︶
ᠨᠡᠶᠢᠲᠡᠯᠡᠭᠰᠡᠨ ᠴᠠᠭ᠄
2022/12/12
     1950 ᠣᠨ ᠤ 3 ᠰᠠᠷ᠎ᠠ ᠶᠢᠨ 15 ᠤ ᠡᠳᠦᠷ᠂ ᠮᠠᠨ ᠤ ᠨᠠᠮ ᠠᠴᠠ ᠲᠤᠮᠢᠯᠠᠨ ᠢᠷᠡᠬᠦᠯᠦᠭᠰᠡᠨ ᠭᠠᠷᠳᠠᠨ ᠠᠪᠴᠤ ᠬᠠᠮᠢᠶᠠᠷᠬᠤ ᠠᠵᠢᠯᠳᠠᠨ ᠹᠧᠩ ᠺᠠᠶ ᠰᠢᠤᠸᠠᠨ᠂ ᠰᠢᠤᠢ ᠹᠧᠩ ᠢ᠂ ᠶᠦᠨ ᠺᠠᠶ ᠯᠸᠢ ᠵᠡᠷᠭᠡ ᠨᠥᠬᠦᠳ ᠳ᠋ᠦᠩᠱᠧᠩ ᠳᠤ ᠬᠦᠷᠪᠡ᠃ ᠪᠤᠳᠠᠳᠠᠢ ᠰᠢᠯᠵᠢᠭᠦᠯᠦᠨ ᠲᠤᠰᠢᠶᠠᠬᠤ ᠠᠵᠢᠯ ᠢ ᠬᠢᠭᠰᠡᠨ ᠬᠦᠮᠦᠨ ᠪᠤᠯ ᠤᠤᠯ ᠤᠨ ᠰᠢᠶᠠᠨ ᠤ ᠳᠠᠷᠤᠭ᠎ᠠ ᠮᠥ ᠶᠢᠦ ᠱᠧᠩ ᠪᠠᠶᠢᠵᠤ᠂ ᠭᠤᠤᠯᠯᠠᠨ ᠬᠢᠭᠰᠡᠨ ᠬᠦᠮᠦᠨ ᠪᠤᠯ ᠤᠤᠯ ᠤᠨ ᠰᠢᠶᠠᠨ ᠤ ᠵᠠᠰᠠᠭ ᠤᠨ ᠣᠷᠳᠣᠨ ᠤ ᠨᠠᠷᠢᠨ ᠪᠢᠴᠢᠭᠡᠴᠢ ᠵᠢᠶᠤᠤ ᠵᠥᠩ ᠬᠠᠨ ᠪᠤᠯᠤᠨ᠎ᠠ᠃ ᠲᠤᠰᠢᠶᠠᠬᠤ ᠶᠢ ᠬᠦᠯᠢᠶᠡᠨ ᠠᠪᠤᠬᠰᠠᠨ ᠬᠥᠮᠦᠨ ᠪᠣᠯ ᠠᠶᠢᠮᠠᠭ ᠤᠨ ᠵᠠᠬᠢᠷᠭ᠎ᠠ ᠠᠴᠠ ᠲᠣᠮᠢᠯᠠᠵᠤ ᠢᠷᠡᠭᠦᠯᠦᠭᠰᠡᠨ ᠰᠢᠶᠠᠨ ᠤ ᠳᠠᠷᠤᠭ᠎ᠠ ᠹᠧᠩ ᠺᠠᠶ ᠰᠢᠤᠸᠠᠨ ᠪᠣᠯᠤᠨ᠎ᠠ᠂ ᠲᠤᠰᠢᠶᠠᠬᠤ ᠶᠢ ᠬᠢᠨᠠᠬᠰᠠᠨ ᠬᠥᠮᠦᠨ ᠪᠣᠯ ᠴᠡᠷᠢᠭ ᠤᠨ ᠲᠣᠭᠤᠷᠢᠭ ᠤᠨ ᠳᠡᠳ᠋ ᠤᠯᠤᠰ ᠲᠦᠷᠦ ᠶᠢᠨ ᠭᠡᠰᠢᠭᠦᠨ ᠬᠠᠨ ᠮᠢᠩ ᠵᠧᠩ ᠪᠣᠯᠤᠨ᠎ᠠ᠃     ᠲᠠᠩᠰᠠ ᠡᠪᠬᠡᠮᠡᠯ ᠪᠠᠶᠢᠭᠤᠯᠵᠤ ᠳᠠᠩᠰᠠᠯᠠᠭᠤᠯᠤᠭᠰᠠᠨ ᠤ ᠳᠠᠷᠠᠭ᠎ᠠ 1 ᠰᠠᠷ᠎ᠠ ᠦᠡᠭᠭᠡᠷᠡᠭᠡᠳ ᠰᠠᠶ᠋ᠢ ᠲᠤᠰᠢᠶᠠᠵᠤ ᠥᠭᠬᠦ ᠪᠠ ᠬᠦᠯᠢᠶᠡᠨ ᠠᠪᠬᠤ ᠶᠢ ᠲᠣᠳᠣᠷᠬᠠᠶ ᠪᠣᠯᠭᠠᠪᠠ᠃ ᠳ᠋ᠦᠩᠱᠧᠩ ᠰᠢᠶᠠᠨ ᠤ ᠠᠷᠠᠳ ᠲᠦᠮᠡᠨ ᠵᠢᠩᠬᠢᠨᠢ ᠠᠷᠠᠳ ᠲᠦᠮᠡᠨ ᠤ ᠰᠢᠶᠠᠨ ᠤ ᠳᠠᠷᠤᠭ᠎ᠠ ᠶᠢ ᠲᠣᠮᠢᠯᠠᠬᠤ᠂ ᠵᠢᠩᠬᠢᠨᠢ ᠠᠷᠠᠳ ᠲᠦᠮᠡᠨ ᠤ ᠴᠡᠷᠢᠭ ᠢ ᠲᠣᠮᠢᠯᠠᠬᠤ ᠪᠠᠷ ᠱᠠᠭᠠᠷᠳᠠᠭᠰᠠᠨ ᠬᠦᠰᠡᠯ ᠡᠴᠦᠰ ᠲᠡᠭᠡᠨ ᠪᠡᠶᠡᠯᠡᠭᠳᠡᠵᠡᠶ᠃ ᠡᠭᠦᠨ ᠤ ᠬᠠᠮᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠳ᠋ᠦᠩᠱᠧᠩ ᠰᠢᠶᠠᠨ ᠤ ᠬᠤᠷᠢᠶ᠎ᠠ ᠡᠬᠢᠯᠡᠨ ᠪᠦᠷᠢᠯᠳᠦᠪᠡ᠃ ᠡᠭᠦᠨ ᠠᠴᠠ ᠠᠪᠤᠭᠠᠳ ᠳ᠋ᠦᠩᠱᠧᠩ ᠰᠢᠶᠠᠨ ᠤ 2 ᠲᠦᠮᠡᠨ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠳ᠋ᠦᠩᠱᠧᠩ ᠰᠢᠶᠠᠨ ᠤ ᠬᠤᠷᠢᠶ᠎ᠠ ᠵᠢᠴᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ ᠠᠮᠤᠷ ᠲᠠᠶᠢᠪᠤᠩ ᠠᠵᠤ ᠲᠦᠷᠦᠵᠤ᠂ ᠦᠢᠯᠡᠳᠪᠦᠷᠢᠯᠡᠯ ᠢᠶᠠᠨ ᠬᠥᠭᠵᠢᠭᠦᠯᠵᠦ᠂ ᠡᠮᠬᠢ ᠵᠢᠷᠤᠮ ᠲᠠᠢ ᠪᠠᠷ ᠠᠵᠢᠯ ᠢᠶᠠᠨ ᠡᠬᠢᠯᠡᠭᠦᠯᠦᠭᠰᠡᠨ ᠪᠠᠶᠢᠨ᠎ᠠ᠃     ᠭᠠᠷᠳᠠᠨ ᠠᠪᠤᠭᠰᠠᠨ ᠤ ᠳᠠᠷᠠᠭᠠᠬᠢ ᠨᠢᠭᠡᠳᠦᠬᠡᠷ ᠶᠡᠭᠡ ᠶᠠᠪᠤᠳᠠᠯ ᠪᠣᠯ ᠮᠠᠨ ᠤ ᠨᠠᠮ ᠤᠨ ︽ᠥᠩᠭᠡᠷᠡᠭᠰᠡᠨ ᠢ ᠦᠯᠤ ᠨᠡᠬᠡᠮᠵᠢᠯᠡᠬᠦ︾ ᠪᠣᠰᠣᠯᠭ᠎ᠠ ᠶᠢᠨ ᠲᠦᠷᠤ ᠶᠢᠨ ᠪᠤᠳᠤᠯᠭ᠎ᠠ ᠶᠢᠨ ᠶᠣᠰᠣᠭᠠᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠮᠵᠢ ᠪᠠ ᠠᠵᠢᠯᠳᠠᠨ ᠢ ᠥᠭᠡᠷᠡᠴᠢᠯᠡᠨ ᠪᠠᠶᠢᠭᠤᠯᠬᠤ ᠪᠠ ᠲᠣᠬᠢᠷᠠᠭᠤᠯᠬᠤ ᠶᠠᠪᠤᠳᠠᠯ ᠪᠣᠯᠤᠨ᠎ᠠ᠂ ᠵᠠᠩ ᠳ᠋ᠦᠸᠧ ᠮᠡᠲᠦ ᠶᠢᠨ ᠣᠨᠴᠠ ᠵᠠᠷᠢᠮ ᠲᠡᠷᠰᠯᠡᠭᠦᠴᠦᠳ ᠬᠤᠯᠭᠤᠨ ᠳᠤᠲᠠᠭᠠᠭᠰᠠᠨ ᠢ ᠭᠠᠷᠭᠠᠪᠠᠯ᠂ ᠬᠠᠭᠤᠴᠢᠨ ᠠᠵᠢᠯᠳᠠᠨ ᠳᠤ ᠴᠥᠮ ᠵᠣᠬᠢᠰᠲᠠᠶ ᠪᠠᠷ ᠠᠵᠢᠯ ᠣᠯᠭᠤᠵᠠᠢ᠃ ᠤᠤᠯ ᠤᠨ 3 ᠰᠠᠯᠠᠭ᠎ᠠ ᠪᠠᠶᠢᠬᠰᠠᠨ ᠢ ᠨᠢᠭᠡ ᠲᠠᠰᠤᠭ ᠳᠦᠷᠪᠡᠨ ᠰᠠᠯᠠᠭ᠎ᠠ ᠪᠣᠯᠭᠠᠨ ᠲᠣᠬᠢᠷᠠᠭᠤᠯᠪᠠ᠂ ᠲᠠᠷᠤᠢ ᠨᠠᠷᠢᠨ ᠪᠢᠴᠢᠭ ᠤᠨ ᠲᠠᠰᠤᠭ᠂ ᠠᠷᠠᠳ ᠤᠨ ᠶᠠᠪᠤᠳᠠᠯ ᠤᠨ ᠰᠠᠯᠠᠭ᠎ᠠ᠂ ᠡᠳ᠋ ᠤᠨ ᠵᠠᠰᠠᠭ ᠤᠨ ᠰᠠᠯᠠᠭ᠎ᠠ᠂ ᠪᠦᠳᠦᠭᠡᠨ ᠪᠠᠶᠢᠭᠤᠯᠤᠯᠲᠠ ᠶᠢᠨ ᠰᠠᠯᠠᠭ᠎ᠠ᠂ ᠰᠣᠶᠣᠯ ᠰᠤᠷᠭᠠᠨ ᠬᠥᠮᠦᠵᠢᠯ ᠤᠨ ᠰᠠᠯᠠᠭ᠎ᠠ ᠪᠣᠯᠤᠨ᠎ᠠ᠃     ᠬᠤᠶᠠᠳᠤᠭᠠᠷ ᠶᠡᠭᠡ ᠶᠠᠪᠤᠳᠠᠯ ᠪᠤᠯ ᠬᠠᠷ᠎ᠠ ᠲᠠᠮᠠᠬᠢ ᠶᠢ ᠴᠠᠭᠠᠵᠠᠯᠠᠵᠤ ᠬᠤᠣᠷ ᠢ ᠠᠷᠢᠯᠭᠠᠬᠤ ᠬᠥᠳᠡᠯᠭᠡᠭᠡᠨ ᠢ ᠦᠷᠨᠢᠬᠦᠯᠪᠡ᠃ ᠭᠠᠷᠳᠠᠨ ᠠᠪᠤᠭᠰᠠᠨ ᠤ ᠲᠠᠷᠠᠭ᠎ᠠ ᠶᠠᠭ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠬᠢᠬᠦ ᠰᠠᠶᠢᠬᠠᠨ ᠤᠯᠠᠷᠢᠯ ᠪᠤᠯᠵᠤ᠂ ᠵᠠᠷᠢᠮ ᠲᠠᠷᠢᠶᠠᠴᠢᠳ ᠴᠢᠨᠠᠷ ᠰᠠᠶᠢᠲᠠᠢ ᠭᠠᠵᠠᠷ ᠲᠠᠭᠠᠨ ︽ᠬᠠᠷ᠎ᠠ ᠲᠠᠮᠠᠬᠢ︾ ᠲᠠᠷᠢᠵᠠᠢ᠃ ᠰᠢᠶᠠᠨ ᠤ ᠠᠷᠠᠳ ᠤᠨ ᠵᠠᠰᠠᠭ ᠤᠨ ᠣᠷᠳᠣᠨ ᠡᠨᠡ ᠬᠦ ᠪᠠᠶᠢᠳᠠᠯ ᠢ ᠣᠯᠵᠤ ᠮᠡᠳᠡᠭᠰᠡᠨ ᠤ ᠳᠠᠷᠠᠭ᠎ᠠ᠂ 4 ᠰᠠᠷ᠎ᠠ ᠶᠢᠨ ᠡᠬᠢ ᠪᠠᠷ ᠳ᠋ᠦᠩᠱᠧᠩ ᠤᠨ ᠠᠭᠤᠳᠠᠮ ᠲᠠᠯᠠᠪᠠᠢ ᠳᠤ ᠠᠵᠢᠯᠴᠢᠨ᠂ ᠲᠠᠷᠢᠶᠠᠴᠢᠨ᠂ ᠴᠡᠷᠢᠭ᠂ ᠰᠤᠷᠤᠭᠴᠢ᠂ ᠬᠤᠳᠠᠯᠳᠤᠭᠠᠴᠢᠨ ᠣᠷᠣᠯᠴᠠᠭᠰᠠᠨ ᠬᠡᠳᠦᠨ ᠵᠠᠭᠤᠨ ᠬᠥᠮᠦᠨ ᠤ ᠶᠡᠭᠡ ᠬᠤᠷᠠᠯ ᠢ ᠬᠤᠷᠠᠯᠳᠤᠭᠤᠯᠵᠤ ᠂ ᠰᠢᠶᠠᠨ ᠤ ᠳᠠᠷᠤᠭ᠎ᠠ ᠹᠧᠩ ᠺᠠᠶ ᠰᠢᠤᠸᠠᠨ ᠠᠴᠠ ᠲᠠᠮᠠᠬᠢ ᠶᠢ ᠴᠠᠭᠠᠵᠠᠯᠠᠬᠤ ᠵᠠᠷᠯᠢᠭ ︵ᠲᠠᠷᠢᠬᠤ ᠶᠢ ᠴᠠᠭᠠᠵᠠᠯᠠᠬᠤ᠂ ᠲᠠᠲᠠᠬᠤ ᠶᠢ ᠴᠠᠭᠠᠵᠠᠯᠠᠬᠤ᠂ ᠠᠷᠠᠯᠵᠢᠶᠠᠯᠠᠬᠤ ᠶᠢ ᠴᠠᠭᠠᠵᠠᠯᠠᠬᠤ︶ ᠢ ᠨᠡᠶᠢᠲᠡᠯᠡᠵᠦ᠂ ᠡᠯ᠎ᠡ ᠠᠵᠢᠯ ᠲᠦᠷᠦᠯ ᠤᠨ ᠬᠢᠨ ᠢ ᠳᠠᠶᠢᠴᠢᠯᠠᠨ ᠢᠳᠡᠪᠬᠢᠲᠡᠶ ᠬᠥᠳᠡᠯᠦᠯᠴᠡᠵᠦ᠂ ᠰᠠᠷ᠎ᠠ ᠪᠣᠯᠤᠯ ᠦᠭᠡᠢ ᠪᠠᠷ 508 ᠲᠠᠷᠢᠶᠠᠴᠢᠨ ᠡᠷᠦᠬᠡ ᠶᠢᠨ ᠲᠠᠷᠢᠭᠰᠠᠨ 5120 ᠰᠠᠭᠤᠷᠢ ᠬᠠᠷ᠎ᠠ ᠲᠠᠮᠠᠬᠢᠨ ᠤ ᠰᠤᠶᠤᠭ᠎ᠠ ᠶᠢ ᠪᠦᠬᠦᠨ ᠢ ᠮᠠᠯᠳᠠᠵᠤ ᠠᠷᠢᠯᠭᠠᠪᠠ᠃     ᠭᠤᠷᠪᠠᠳᠤᠭᠠᠷ ᠶᠡᠭᠡ ᠶᠠᠪᠤᠳᠠᠯ ᠪᠣᠯ ᠳᠠᠷᠤᠶ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠠᠰᠠᠭ ᠤᠨ ᠡᠷᠬᠡ ᠶᠢ ᠪᠠᠶᠢᠭᠤᠯᠵᠤ᠂ ︽ᠪᠤᠤ ᠵᠢᠶᠠ ᠶᠢᠨ ᠪᠠᠶᠢᠭᠤᠯᠤᠯ ᠢ ᠬᠦᠴᠦᠨ ᠦᠭᠡᠢ ᠪᠣᠯᠭᠠᠠ ᠵᠠᠰᠠᠭ ᠤᠨ ᠡᠷᠬᠡ ᠶᠢ ᠪᠠᠶᠢᠭᠤᠯᠬᠤ︾ ᠠᠵᠢᠯ ᠢ ᠪᠦᠬᠦ ᠲᠠᠯ᠎ᠠ ᠪᠠᠷ ᠥᠷᠨᠢᠭᠦᠯᠦᠭᠰᠡᠨ ᠶᠠᠪᠤᠳᠠᠯ ᠪᠣᠯᠤᠨ᠎ᠠ᠃ ᠤᠤᠯ ᠤᠨ ᠵᠥᠩ ᠱᠤ᠋᠂ ᠰᠢᠶᠤᠤ ᠶᠢᠦ᠂ ᠷᠧᠨ ᠯᠧ᠂ ᠾᠧ ᠮᠦ᠂ ᠢ ᠶᠦᠩ᠂ ᠫᠢᠩ ᡁᠢ ᠵᠡᠷᠭᠡ 6 ᠰᠢᠶᠠᠩ ᠢ ᠭᠠᠵᠠᠷ ᠵᠦᠢ ᠶᠢᠨ ᠨᠥᠬᠦᠴᠡᠯ ᠵᠢᠴᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠳᠥᠭᠦᠮ ᠢ ᠦᠨᠳᠦᠰᠦᠯᠡᠨ 4 ᠲᠤᠭᠤᠷᠢᠭ ᠪᠣᠯᠭᠠᠨ ᠬᠤᠪᠢᠶᠠᠪᠠ᠂ ᠲᠤᠬᠠᠶᠢᠯᠠᠪᠠᠯ ᠵᠥᠩ ᠱᠤ᠋᠂ ᠷᠧᠨ ᠯᠧ ᠬᠤᠶᠠᠷ ᠰᠢᠶᠠᠩ ᠢ ᠨᠢᠭᠡᠳᠦᠭᠡᠷ ᠲᠤᠭᠤᠷᠢᠭ ᠪᠣᠯᠭᠠᠨ ᠬᠤᠪᠢᠶᠠᠪᠡ︔ ᠰᠢᠶᠤᠤ ᠶᠢᠤ ᠰᠢᠶᠠᠩ ᠪᠣᠯ ᠬᠤᠶᠠᠳᠤᠭᠠᠷ ᠲᠤᠭᠤᠷᠢᠭ ᠪᠣᠯᠤᠨ᠎ᠠ︔ ᠾᠧ ᠮᠦ᠂ ᠢ ᠶᠦᠩ ᠬᠤᠶᠠᠷ ᠰᠢᠶᠠᠩ ᠢ ᠭᠤᠷᠪᠠᠳᠤᠭᠠᠷ ᠲᠤᠭᠤᠷᠢᠭ ᠪᠤᠯᠭᠠᠨ ᠬᠤᠪᠢᠶᠠᠪᠠ︔ ᠫᠢᠩ ᡁᠢ ᠰᠢᠶᠠᠩ ᠢ ᠳᠥᠷᠪᠡᠳᠦᠭᠡᠷ ᠲᠤᠭᠤᠷᠢᠭ ᠪᠣᠯᠭᠠᠨ ᠬᠤᠪᠢᠶᠠᠪᠠ᠃ ᠡᠯ᠎ᠡ ᠲᠣᠭᠤᠷᠢᠭ ᠲᠤ ᠴᠥᠮ ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ᠂ ᠪᠢᠴᠢᠭᠡᠴᠢ᠂ ᠢᠷᠭᠡᠨ ᠤ ᠰᠤᠷᠭᠠᠨ ᠬᠦᠮᠦᠵᠢᠯ᠂ ᠡᠳ᠋ ᠤᠨ ᠵᠠᠰᠠᠭ ᠠᠮᠤ ᠪᠤᠳᠠᠭ᠎ᠠ᠂ ᠳᠣᠲᠣᠭᠠᠳᠤ ᠶᠢ ᠬᠠᠮᠠᠭᠠᠯᠠᠬᠤ ᠵᠡᠷᠭᠡ ᠲᠤᠰᠠᠯᠠᠭᠴᠢ ᠶᠢ ᠲᠣᠬᠢᠷᠠᠭᠤᠯᠵᠠᠶ᠃ 30 ᠪᠦᠦ᠂ 289 ᠵᠢᠶᠠ ᠶᠢ ᠬᠦᠴᠦᠨ ᠦᠭᠡᠢ ᠪᠣᠯᠭᠠᠵᠤ᠂ 19 ᠵᠠᠰᠠᠭ ᠵᠠᠬᠢᠷᠭᠠᠨ ᠤ ᠲᠤᠰᠬᠤᠨ ︵ᠡᠭᠦᠨ ᠳᠤ 1 ᠵᠡᠭᠡᠯᠢ ᠭᠤᠳᠤᠮᠵᠢ ᠶᠢᠨ ᠠᠯᠪᠠᠨ ᠭᠠᠵᠠᠷ ᠲᠠᠢ︶᠂ 102 ᠲᠣᠰᠬᠤᠨ ᠢ ᠪᠠᠶᠢᠭᠤᠯᠪᠠ᠃     ᠳᠥᠷᠪᠡᠳᠦᠭᠡᠷ ᠶᠡᠭᠡ ᠶᠠᠪᠤᠳᠠᠯ ᠪᠤᠯ 1950 ᠣᠨ ᠤ 7 ᠰᠠᠷ᠎ᠠ ᠶᠢᠨ 15 ᠤ ᠡᠳᠦᠷ ᠠᠴᠠ 20 ᠤ ᠡᠳᠦᠷ ᠪᠣᠯᠲᠠᠯ᠎ᠠ 6 ᠡᠳᠦᠷ ᠦᠷᠬᠦᠯᠵᠢᠯᠡᠨ ᠳ᠋ᠦᠩᠱᠧᠩ ᠰᠢᠶᠠᠨ ᠤ ᠠᠩᠬᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠪᠠ᠃ ᠬᠤᠷᠠᠯ ᠤᠨ ᠭᠤᠣᠯ ᠠᠭᠤᠯᠭ᠎ᠠ ᠪᠣᠯ᠄ ᠳᠡᠭᠡᠷᠡᠮ ᠢ ᠤᠰᠠᠳᠬᠠᠨ ᠲᠠᠩᠨᠠᠭᠤᠯ ᠢ ᠠᠷᠢᠯᠭᠠᠵᠦ᠂ ᠲᠦᠷᠢᠶᠡᠰᠦ ᠶᠢ ᠬᠥᠩᠭᠡᠷᠡᠭᠦᠯᠦᠨ ᠬᠠᠷᠭᠢᠰᠴᠤᠳ ᠢ ᠡᠰᠡᠷᠭᠦᠴᠡᠡ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢ ᠪᠠᠶᠢᠭᠤᠯᠬᠤ ᠶᠠᠪᠤᠳᠠᠯ ᠪᠣᠯᠤᠨ᠎ᠠ᠃ ᠲᠥᠯᠦᠭᠡᠯᠡᠭᠴᠢᠳ ᠤᠨ ᠬᠤᠷᠠᠯ ᠢᠶᠠᠷ ᠳᠠᠮᠵᠢᠭᠤᠯᠤᠨ ᠨᠠᠮ ᠪᠠ ᠵᠠᠰᠠᠭ ᠤᠨ ᠣᠷᠳᠣᠨ ᠤ ᠡᠯ᠎ᠡ ᠲᠦᠷᠦᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠨᠡᠶᠢᠭᠡᠮ ᠤᠨ ᠡᠮᠬᠢ ᠳᠢᠭᠯᠢᠮ ᠢ ᠪᠠᠳᠤᠯᠠᠨ᠂ ᠮᠣᠩᠭᠤᠯ ᠬᠢᠲᠠᠳ ᠠᠷᠠᠳ ᠲᠦᠮᠡᠨ ᠤ ᠪᠦᠯᠬᠦᠮᠳᠡᠯ ᠢ ᠴᠢᠩᠭᠠᠳᠬᠠᠬᠰᠠᠨ ᠪᠠᠶᠢᠨ᠎ᠠ᠃     ᠲᠠᠪᠤᠳᠤᠭᠠᠷ ᠶᠡᠭᠡ ᠶᠠᠪᠤᠳᠠᠯ ᠪᠣᠯ ᠠᠮᠧᠷᠢᠺᠠ ᠶᠢᠨ ᠡᠵᠡᠷᠭᠡᠭ ᠲᠦᠷᠢᠮᠡᠭᠡᠶᠢᠳᠡᠨ ᠰᠣᠯᠣᠩᠭᠤᠰ ᠢ ᠲᠦᠷᠢᠮᠡᠬᠡᠶᠢᠯᠡᠬᠦ ᠲᠠᠶᠢᠨ ᠢ ᠳᠡᠭᠳᠡᠭᠡᠵᠦ᠂ ᠳᠤᠮᠳᠠᠳᠤ ᠰᠣᠯᠣᠩᠭᠤᠰ ᠤᠨ ᠬᠢᠯᠢ ᠳᠠᠬᠢ ᠶᠠᠯᠤ ᠮᠦᠷᠡᠨ ᠢ ᠰᠢᠭᠤᠳ ᠰᠦᠷᠳᠡᠭᠦᠯᠥᠭᠰᠡᠨ ᠠᠴᠠ᠂ ᠪᠦᠬᠦ ᠰᠢᠶᠠᠨ ᠤ ᠠᠷᠠᠳ ᠲᠦᠮᠡᠨ ᠢ ᠲᠠᠶᠢᠴᠢᠯᠠᠨ ᠪᠦᠬᠦ ᠤᠯᠤᠰ ᠲᠠᠢ ᠬᠠᠮᠲᠦ ᠪᠠᠷ ︽ᠠᠮᠧᠷᠢᠺᠠ ᠶᠢ ᠡᠰᠡᠷᠭᠦᠴᠡᠨ ᠰᠣᠯᠤᠩᠭᠤᠰ ᠢ ᠲᠤᠰᠠᠯᠠᠨ᠂ ᠬᠡᠷ ᠤᠷᠤᠨ ᠢᠶᠠᠨ ᠪᠠᠳᠤᠯᠠᠨ ᠬᠠᠮᠠᠭᠠᠯᠠᠬᠤ︾ ᠬᠦᠳᠡᠯᠭᠡᠭᠡᠨ ᠢ ᠰᠦᠷ ᠳᠠᠯᠠᠶᠢᠴᠠᠲᠠᠶ ᠦᠷᠨᠢᠬᠦᠯᠪᠡ᠃ ᠪᠦᠬᠦ ᠰᠢᠶᠠᠨ ᠤ 8000 ᠭᠠᠷᠤᠶ ᠬᠥᠮᠦᠨ ︽ᠨᠠᠶᠢᠷᠠᠮᠳᠠᠯ ᠢᠶᠠᠷ ᠭᠠᠷ ᠤᠨ ᠦᠰᠦᠭ ᠵᠢᠷᠤᠭᠰᠠᠨ︾ ᠪᠠᠶᠢᠨ᠎ᠠ᠃                    ︵ᠣᠷᠳᠣᠰ ᠬᠤᠲᠠ ᠶᠢᠨ ᠳᠠᠩᠰᠠ ᠡᠪᠬᠡᠮᠡᠯ ᠲᠡᠤᠬᠡ ᠣᠶᠢᠯᠠᠯᠭ᠎ᠠ ᠶᠢᠨ                      ᠣᠷᠳᠣᠨ ᠠᠴᠠ ᠡᠬᠡ ᠪᠢᠴᠢᠭ ᠢ ᠬᠠᠨᠭ᠍ᠭᠠᠪᠠ᠃ ᠵᠣᠬᠢᠶᠠᠭᠴᠢ᠄ ᠪᠢᠶᠠᠨ ᠮᠧᠶ ᠱᠠᠨ︶ 
ᠢᠷᠡᠯᠲᠡ᠄ ᠤᠷᠳᠤᠰ ᠤᠨ ᠡᠳᠤᠷ ᠤᠨ ᠰᠤᠨᠢᠨ