ᠳ᠋ᠦᠩᠱᠧᠩ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠶᠢᠨ ᠠᠶᠤᠯᠬᠦᠢ ᠦᠢᠯᠡᠳᠪᠦᠷᠢᠯᠡᠯ ᠤᠨ ᠠᠵᠢᠯ ᠤᠨ ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠳᠠᠷᠤᠮᠠᠯᠯᠠᠨ ᠳᠠᠷᠬᠠᠭᠠᠬᠤ ᠲᠤᠬᠠᠢ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/12/14
                        ᠳ᠋ᠦᠩᠱᠧᠩ ᠵᠠᠰᠠᠭ ᠳᠠᠷᠬᠠᠭᠠᠬᠤ〔2022〕38 ᠳ᠋ᠤᠭᠠᠷ ᠲᠣᠭᠠᠲᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ ᠳᠤ᠄      ︽ᠳ᠋ᠦᠩᠱᠧᠩ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠶᠢᠨ ᠠᠶᠤᠯᠬᠦᠢ ᠦᠢᠯᠡᠳᠪᠦᠷᠢᠯᠡᠯ ᠤᠨ ᠠᠵᠢᠯ ᠤᠨ ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ︾ ᠢ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2022 ᠣᠨ ᠤ 11 ᠳ᠋ᠤᠬᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠳᠠᠷᠬᠠᠭᠠᠯ᠎ᠠ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ ︕                        ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                                      2022 ᠣᠨ ᠤ 8 ᠰᠠᠷ᠎ᠠ ᠶᠢᠨ 15  ᠳ᠋ᠦᠩᠱᠧᠩ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ ᠴᠢᠭᠯᠡᠯᠲᠡ ᠶᠢ ᠪᠠᠷᠢᠮᠲᠠᠯᠠᠵᠤ᠂ ᠠᠮᠤᠷ ᠲᠦᠪᠰᠢᠨ ᠢᠶᠠᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠮᠤᠷ ᠲᠦᠪᠰᠢᠨ ᠤ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠠᠶᠤᠯᠬᠦᠢ ᠦᠢᠯᠡᠳᠪᠦᠷᠢᠯᠡᠯ ᠤᠨ ᠵᠠᠰᠠᠯᠲᠠ ᠶᠢᠨ ᠳᠤᠭᠳᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠪᠴᠢᠯᠡᠨ ᠠᠬᠢᠭᠤᠯᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠶᠡᠭᠡ ᠣᠨᠴᠠ ᠶᠡᠭᠡ ᠡ᠊ᠨᠳᠡᠯ ᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃      ︵ᠬᠤᠶᠠᠷ︶ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷ᠊ ᠳᠤ ᠬᠤᠤᠰ ᠬᠠᠷᠢᠭᠤᠴᠠᠯᠭ᠎ᠠ ᠲᠠᠢ᠂   ᠵᠡᠷᠬᠡᠪᠡᠷ ᠠᠳᠬᠤᠵᠤ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ︽ᠠᠵᠢᠯ ᠲᠥᠷᠥᠯ  ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ᠂ ᠬᠡᠨ ᠬᠢᠨᠠᠨ ᠵᠥᠪᠰᠢᠶᠡᠷᠡᠪᠡᠯ ᠬᠡᠨ ᠬᠠᠷᠢᠭᠤᠴᠠᠬᠤ᠂ ᠬᠡᠨ ᠬᠢᠨᠠᠨ ᠬᠠᠮᠢᠶᠠᠷᠪᠠᠯ ᠬᠡᠨ ᠬᠠᠷᠢᠭᠤᠴᠠᠬᠤ︾ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠡᠬᠦᠷᠬᠡᠯᠡᠵᠤ᠂ ᠬᠠᠷᠢᠯᠴᠠᠨ ᠬᠠᠮᠵᠢᠯᠴᠠᠵᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠨᠵᠢᠯᠡᠬᠦ ᠤᠬᠠᠭᠠᠨᠴᠢ ᠪᠦᠷᠢᠨ ᠲᠡᠭᠦᠯᠳᠡᠷ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠤᠭᠳᠠᠯᠴᠠᠭ᠎ᠠ ᠶᠢ ᠪᠠᠶᠢᠭᠤᠯᠤᠨ᠎ᠠ᠃      ︵ᠭᠤᠷᠪᠠ︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠥᠬᠦ ᠳᠤᠭᠤᠷᠢᠭ ᠤᠨ ᠠᠶᠤᠯᠬᠦᠢ ᠦᠢᠯᠡᠳᠪᠦᠷᠢᠯᠡᠯ ᠤᠨ ᠠᠵᠢᠯ ᠳᠤ ᠶᠡᠷᠦᠩᠬᠡᠶᠢᠯᠡᠨ ᠬᠢᠨᠠᠯᠲᠠ ᠳᠠᠯᠪᠢᠨ ᠬᠠᠮᠢᠶᠠᠷᠤᠯᠲᠠ ᠬᠢᠬᠦ ᠶᠢ ᠬᠠᠤᠯᠢ ᠶᠣᠰᠣᠭᠠᠷ ᠬᠡᠷᠡᠭᠵᠢᠭᠦᠯᠵᠦ᠂  ᠳᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤᠳᠤᠷᠠᠬᠢ ᠠᠵᠢᠯ ᠲᠥᠷᠥᠯ ᠤᠨ ᠬᠦᠷᠢᠶ᠎ᠡ ᠴᠠᠷ᠎ᠠ ᠶᠢᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃      ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠳᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠳ ᠲᠤᠰ ᠲᠤᠰ ᠤᠨ ᠳᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠲᠤᠰ ᠠᠵᠢᠯ ᠲᠥᠷᠥᠯ ᠤᠨ ᠬᠦᠷᠢᠶ᠎ᠡ ᠴᠠᠷᠠᠨ ᠤ ᠠᠶᠤᠯᠬᠦᠢ ᠦᠢᠯᠡᠳᠪᠦᠷᠢᠯᠡᠯ ᠤᠨ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠵᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ  ᠴᠢᠩᠭᠠᠳᠬᠠᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ  ᠰᠢᠢᠳᠪᠤᠷᠢᠯᠡᠨ᠎ᠡ᠃ ᠠᠵᠢᠯ ᠲᠥᠷᠥᠯ ᠤᠨ ᠬᠠᠮᠢᠶᠠᠷᠤᠯᠲᠠ ᠶᠢᠨ ᠳᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠳ ᠠᠵᠢᠯ ᠲᠥᠷᠥᠯ ᠤᠨ  ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠠᠶᠤᠯᠬᠦᠢ ᠦᠢᠯᠡᠳᠪᠦᠷᠢᠯᠡᠯ ᠤᠨ ᠠᠵᠢᠯ ᠢ ᠲᠤᠰ ᠠᠵᠢᠯ ᠲᠥᠷᠥᠯ ᠤᠨ ᠬᠦᠷᠢᠶᠡᠨ ᠤ ᠬᠠᠮᠢᠶᠠᠷᠤᠯᠲᠠ ᠶᠢᠨ ᠠᠵᠢᠯ ᠤᠨ ᠴᠢᠬᠤᠯᠠ ᠠᠭᠤᠯᠭ᠎ᠠ ᠪᠣᠯᠭᠠᠵᠤ᠂ ᠠᠵᠢᠯ ᠲᠥᠷᠥᠯ ᠤᠨ ᠲᠥᠯᠦᠪᠵᠢᠭᠦᠯᠭᠡ᠂ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠤᠨ ᠪᠠᠷᠢᠮᠵᠢᠶ᠎ᠠ᠂ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠲᠠᠯ᠎ᠠ ᠪᠠᠷ ᠠᠶᠤᠯᠬᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠶᠤᠯᠬᠦᠢ ᠶᠢᠨ ᠬᠠᠮᠢᠶᠠᠷᠤᠯᠲᠠ ᠪᠠᠨ ᠴᠢᠩᠭᠠᠳᠬᠠᠬᠤ ᠶᠢ ᠵᠢᠯᠤᠭᠤᠳᠴᠤ᠂ ᠪᠠᠶᠢᠴᠠᠭᠠᠬᠤ ᠪᠠ ᠰᠢᠮᠳᠠᠭᠤᠯᠤᠨ᠎ᠠ᠃      ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯ ᠤᠨ ᠳᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂  ᠠᠶᠤᠯᠬᠦᠢ ᠦᠢᠯᠡᠳᠪᠦᠷᠢᠯᠡᠯ  ᠤᠨ ᠠᠵᠢᠯ ᠳᠤ ᠳᠡᠮᠵᠢᠯᠭᠡ ᠪᠠᠲᠤᠯᠠᠭ᠎ᠠ ᠬᠠᠩᠭᠠᠵᠤ᠂ ᠠᠮᠤᠷ ᠲᠦᠪᠰᠢᠨ ᠬᠥᠭᠵᠢᠯᠲᠡ ᠶᠢ ᠬᠠᠮᠲᠤᠪᠠᠷ  ᠠᠬᠢᠭᠤᠯᠤᠨ᠎ᠠ᠃ᠬᠤᠶᠠᠷ᠂ ᠦᠨᠳᠦᠰᠦᠨ ᠳᠤᠰᠢᠶᠠᠯ ᠬᠠᠷᠢᠭᠤᠴᠠᠯᠭ᠎ᠠ      ︵ᠨᠢᠭᠡ︶ ᠠᠶᠤᠯᠬᠦᠢ ᠦᠢᠯᠡᠳᠪᠦᠷᠢᠯᠡᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠳᠤᠭᠳᠠᠭᠠᠯ ᠤᠨ ᠪᠠᠷᠢᠮᠵᠢᠶ᠎ᠠ ᠵᠡᠷᠭᠡ ᠶᠢ ᠤᠬᠠᠭᠤᠯᠵᠤ ᠲᠤᠤᠱᠯᠠᠭᠤᠯᠤᠨ ᠬᠡᠷᠡᠭᠵᠢᠭᠦᠯᠵᠦ᠂ ᠠᠶᠤᠯᠬᠦᠢ ᠦᠢᠯᠡᠳᠪᠦᠷᠢᠯᠡᠯ ᠤᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠴᠢᠩᠭᠠᠳᠬᠠᠨ᠎ᠠ᠃      ︵ᠬᠤᠶᠠᠷ︶ ᠲᠤᠰ ᠠᠵᠢᠯ ᠲᠥᠷᠥᠯ ᠤᠨ ᠬᠦᠷᠢᠶᠡᠨ ᠤ ᠠᠶᠤᠯᠬᠦᠢ ᠦᠢᠯᠡᠳᠪᠦᠷᠢᠯᠡᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠮᠡᠷᠭᠡᠵᠢᠯ ᠤᠨ ᠪᠠᠷᠢᠮᠵᠢᠶ᠎ᠠ᠂ ᠲᠥᠯᠦᠪᠵᠢᠭᠦᠯᠭᠡ ᠲᠥᠯᠥᠪᠯᠡᠭᠡ᠂ ᠠᠵᠢᠯ ᠤᠨ ᠲᠥᠰᠥᠯ ᠵᠡᠷᠭᠡ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠠᠵᠢᠯ ᠲᠥᠷᠥᠯ ᠤᠨ ᠵᠥᠪᠰᠢᠶᠡᠷᠡᠨ ᠣᠷᠣᠭᠤᠯᠬᠤ ᠶᠢ ᠴᠢᠩᠳᠠᠯᠠᠵᠤ᠂ ᠠᠵᠢᠯ ᠲᠥᠷᠥᠯ ᠤᠨ ᠲᠥᠯᠦᠪᠵᠢᠭᠦᠯᠭᠡ᠂ ᠠᠵᠤ ᠦᠢᠯᠡᠰ  ᠤᠨ ᠲᠥᠷᠥ ᠶᠢᠨ ᠪᠣᠳᠣᠯᠭ᠎ᠠ᠂ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠲᠠᠯ᠎ᠠ ᠪᠠᠷ ᠲᠤᠰ ᠠᠵᠢᠯ ᠲᠥᠷᠥᠯ ᠤᠨ ᠬᠦᠷᠢᠶᠡᠨ ᠤ ᠠᠶᠤᠯᠬᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠨ᠎ᠠ᠃      ︵ᠭᠤᠷᠪᠠ︶ ᠲᠤᠰ ᠠᠵᠢᠯ ᠲᠥᠷᠥᠯ ᠤᠨ ᠬᠦᠷᠢᠶᠡᠨ ᠳᠠᠬᠢ ᠠᠶᠤᠯᠬᠦᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠵᠤ᠂ ᠠᠶᠤᠯᠬᠦᠢ ᠦᠢᠯᠡᠳᠪᠦᠷᠢᠯᠡᠯ ᠤᠨ ᠠᠵᠢᠯ ᠬᠢᠭᠡᠳ ᠲᠤᠬᠠᠶᠢᠯᠠᠭᠰᠠᠨ ᠠᠵᠢᠯ ᠢ ᠵᠡᠷᠭᠡ ᠳᠤᠨᠢ ᠲᠣᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠬᠦᠯᠦᠨ ᠬᠢᠨᠠᠯᠲᠠ ᠲᠠᠯᠪᠢᠵᠤ ᠪᠠᠶᠢᠴᠠᠭᠠᠨ᠂ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠢ ᠴᠠᠭ ᠲᠤᠬᠠᠢ  ᠳᠤᠨᠢ ᠵᠠᠳᠠᠯᠤᠨ ᠤᠷᠢᠳᠴᠢᠯᠠᠨ ᠮᠠᠭᠠᠳᠯᠠᠵᠤ᠂ ᠠᠶᠤᠯᠬᠦᠢ ᠦᠢᠯᠡᠳᠪᠦᠷᠢᠯᠡᠯ ᠤᠨ ᠠᠵᠢᠯ  ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠤᠰ ᠠᠵᠢᠯ ᠲᠥᠷᠥᠯ ᠤᠨ ᠬᠦᠷᠢᠶᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯᠬᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠵᠢᠯᠤᠭᠤᠳᠴᠤ᠂ ᠰᠢᠮᠳᠠᠭᠤᠯᠤᠨ ᠪᠠᠶᠢᠴᠠᠭᠠᠨ᠎ᠠ᠃ ᠲᠣᠰ ᠰᠠᠯᠠᠭ᠎ᠠ ᠮᠥᠴᠢᠷ ᠤᠨ ᠢᠶᠠᠨ ᠠᠶᠤᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠬᠤ ᠡᠷᠬᠡ ᠶᠢᠨ ᠨᠠᠷᠢᠨ  ᠳᠠᠩᠰᠠ ᠪᠠ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠨᠠᠶᠢᠷᠠᠭᠤᠯᠤᠨ ᠳᠤᠭᠤᠷᠪᠢᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ  ᠳᠤᠳᠤᠷᠬᠠᠶᠢᠯᠠᠨ᠎ᠠ᠃       ︵ᠳᠥᠷᠪᠡ︶ ᠲᠤᠰ ᠠᠵᠢᠯ ᠲᠥᠷᠥᠯ ᠤᠨ ᠬᠦᠷᠢᠶᠡᠨ ᠤ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠨᠠᠶᠢᠳᠠᠪᠤᠷᠢᠵᠢᠭᠤᠯᠤᠨ᠂ ᠠᠶᠤᠯᠬᠦᠢ ᠦᠢᠯᠡᠳᠪᠦᠷᠢᠯᠡᠯ ᠤᠨ ᠠᠵᠢᠯ ᠤᠨ ᠪᠠᠶᠢᠭᠤᠯᠤᠮᠵᠢ ᠶᠢ ᠪᠦᠷᠢᠨᠰᠢᠭᠦᠯᠦᠨ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠬᠢᠭᠡᠳ ᠠᠵᠢᠯ ᠤᠨ ᠵᠠᠷᠤᠳᠠᠯ ᠢ ᠨᠠᠶᠢᠳᠠᠪᠤᠷᠢᠵᠢᠭᠤᠯᠤᠨ᠎ᠠ᠃      ︵ᠲᠠᠪᠤ︶ ᠲᠣᠰ ᠠᠵᠢᠯ ᠲᠥᠷᠥᠯ ᠤᠨ ᠬᠦᠷᠢᠶᠡᠨ ᠳᠠᠬᠢ ᠠᠵᠢᠯ ᠡᠷᠬᠢᠯᠡᠭᠰᠡᠳ ᠤᠨ ᠠᠶᠤᠯᠬᠦᠢ ᠶᠢᠨ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠭᠤᠯᠤᠯ ᠪᠠ ᠰᠢᠯᠭᠠᠨ ᠬᠢᠨᠠᠬᠤ ᠵᠡᠷᠭᠡ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃      ︵ᠵᠢᠷᠭᠤᠭ᠎ᠠ︶ ᠲᠣᠰ ᠠᠵᠢᠯ ᠲᠥᠷᠥᠯ ᠤᠨ ᠬᠦᠷᠢᠶᠡᠨ ᠳᠠᠬᠢ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡᠳᠪᠦᠷᠢᠯᠡᠯ ᠡᠵᠡᠩᠨᠡᠯᠲᠡ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠣᠬᠢᠯᠲᠠ ᠥᠭᠭᠦᠨ᠎ᠡ᠃      ︵ᠳᠣᠯᠤᠭ᠎ᠠ︶ ᠲᠤᠰ ᠠᠵᠢᠯ ᠲᠥᠷᠥᠯ ᠤᠨ ᠬᠦᠷᠢᠶᠡᠨ ᠳᠠᠬᠢ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠰᠣᠷᠢᠯᠲᠠ ᠶᠢ ᠵᠣᠬᠢᠶᠠᠨ ᠪᠠᠶᠢᠭᠤᠯᠵᠤ᠂ ᠲᠣᠰ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠢᠶᠠᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠬᠠᠤᠯᠢ ᠶᠣᠰᠣᠭᠠᠷ ᠵᠢᠯᠣᠭᠤᠳᠤᠨ ᠵᠣᠬᠢᠶᠠᠨ ᠪᠠᠶᠢᠭᠤᠯᠵᠤ᠂ ᠬᠠᠮᠢᠶ᠎ᠠ ᠪᠦᠬᠦᠢ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠬᠤ᠂ ᠬᠠᠮᠵᠢᠯᠴᠠᠬᠤ ᠪᠤᠶᠤ ᠣᠷᠣᠯᠴᠠᠵᠤ᠂ ᠲᠣᠰ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠢᠶᠠᠨ ᠠᠳᠡᠯ ᠢ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃      ︵ᠨᠠᠢᠮᠠ︶ ᠲᠣᠰ ᠠᠵᠢᠯ ᠲᠥᠷᠥᠯ ᠤᠨ ᠬᠦᠷᠢᠶᠡᠨ ᠳᠠᠬᠢ ᠠᠶᠤᠯᠬᠦᠢ ᠦᠢᠯᠡᠳᠪᠦᠷᠢᠯᠡᠯ ᠤᠨ ᠵᠠᠰᠠᠯᠳᠠ ᠶᠢᠨ ᠳᠤᠭᠳᠠᠯᠴᠠᠭ᠎ᠠ ᠪᠠ  ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠢᠳᠡᠪᠬᠢᠲᠡᠢ ᠪᠠᠷ ᠠᠬᠢᠭᠤᠯᠵᠤ᠂ ᠠᠶᠤᠯᠬᠦᠢ ᠦᠢᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠣᠰ ᠠᠵᠢᠯ ᠲᠥᠷᠥᠯ ᠤᠨ ᠬᠦᠷᠢᠶᠡᠨ ᠳᠠᠬᠢ ᠦᠢᠯᠡᠳᠪᠦᠷᠢᠯᠡᠯ  ᠤᠨ ᠠᠮᠤᠷ ᠲᠦᠪᠰᠢᠨ ᠤ ᠠᠳᠡᠯ ᠢ ᠮᠡᠳᠡᠭᠦᠯᠬᠦ ᠪᠠ ᠪᠦᠷᠢᠳᠬᠡᠨ ᠵᠠᠳᠠᠯᠬᠤ ᠠᠵᠢᠯ ᠢ ᠡᠭᠦᠷᠭᠡᠯᠡᠨ᠎ᠡ᠃      ︵ᠶᠢᠰᠦ︶ ᠳᠤᠭᠤᠷᠢᠭ ᠤᠨ ᠨᠠᠮ ᠤᠨ ᠬᠤᠷᠢᠶ᠎ᠠ᠂ ᠳᠤᠭᠤᠷᠢᠭ ᠤᠨ ᠵᠠᠰᠠᠭ ᠤᠨ ᠣᠷᠳᠣᠨ ᠵᠢᠴᠢ ᠳᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃

ᠭᠤᠷᠪᠠ᠂ ᠪᠣᠳᠠᠲᠠᠢ ᠳᠤᠰᠢᠶᠠᠯ ᠬᠠᠷᠢᠭᠤᠴᠠᠯᠭ᠎ᠠ

      ︵ᠨᠢᠭᠡ︶ ᠳᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ

      1. ᠠᠶᠤᠯᠬᠦᠢ ᠦᠢᠯᠡᠳᠪᠦᠷᠢᠯᠡᠯ ᠤᠨ ᠠᠵᠢᠯ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ

ᠣᠷᠣᠭᠤᠯᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠳᠤᠭᠳᠠᠯᠴᠠᠭᠠᠨ ᠤ ᠪᠠᠶᠢᠭᠤᠯᠤᠯᠲᠠ ᠶᠢᠨ ᠲᠥᠯᠦᠪᠵᠢᠭᠦᠯᠭᠡ ᠪᠣᠯᠣᠨ

ᠠᠶᠤᠯᠬᠦᠢ ᠦᠢᠯᠡᠳᠪᠦᠷᠢᠯᠡᠯ ᠤᠨ ᠲᠥᠯᠦᠪᠵᠢᠭᠦᠯᠭᠡ ᠶᠢ ᠳᠤᠭᠤᠷᠢᠭ ᠤᠨ ᠲᠤᠰᠬᠠᠢ ᠲᠥᠯᠦᠪᠵᠢᠭᠦᠯᠭᠡ ᠳᠤ ᠣᠷᠣᠭᠤᠯᠵᠤ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ

ᠲᠥᠷᠥᠯ ᠵᠦᠢᠯ ᠢ ᠬᠢᠨᠠᠨ ᠵᠥᠪᠰᠢᠶᠡᠷᠡᠬᠦ᠂ ᠳᠠᠩᠰᠠᠯᠠᠬᠤ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠬᠦ᠂ ᠥᠷᠭᠡᠳᠬᠡᠨ ᠪᠠᠶᠢᠭᠤᠯᠬᠤ᠂ ᠠᠮᠤᠷ ᠲᠦᠪᠰᠢᠨ ᠤ

ᠲᠦᠭᠰᠢᠭᠦᠷᠢ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠵᠦ᠂ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠰᠠᠭᠤᠷᠢ ᠲᠦᠬᠦᠬᠡᠷᠦᠮᠵᠢ᠂ ᠬᠠᠤᠯᠢ

ᠬᠡᠷᠡᠭᠵᠢᠭᠦᠯᠬᠦ ᠲᠤᠨᠤᠭ ᠲᠥᠬᠦᠭᠡᠷᠦᠮᠵᠢ᠂ ᠡᠳ᠋ ᠪᠠᠷᠠᠭᠠᠨ ᠤ ᠨᠦᠬᠡᠴᠡᠯᠡᠯᠳᠡ᠂ ᠪᠠᠴᠢᠮ ᠪᠠᠶᠢᠳᠠᠯ ᠢ ᠠᠷᠭᠠᠴᠠᠬᠤ ᠬᠦᠴᠦᠨ ᠪᠣᠯᠣᠨ ᠪᠠᠴᠢᠮ ᠪᠠᠶᠢᠳᠠᠯ ᠢ ᠠᠷᠭᠠᠴᠠᠬᠤ

ᠬᠠᠮᠢᠶᠠᠷᠤᠯᠲᠠ ᠶᠢᠨ ᠮᠡᠳᠡᠭᠡ ᠵᠠᠩᠭᠢᠵᠢᠭᠤᠯᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠳᠡᠮᠵᠢᠨ᠎ᠡ᠃

      2. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠶᠤᠯᠬᠦᠢ ᠦᠢᠯᠡᠳᠪᠦᠷᠢᠯᠡᠯ ᠤᠨ ᠬᠦᠷᠢᠶᠡᠨ ᠳᠠᠬᠢ ᠬᠦᠨᠳᠦ ᠨᠣᠴᠢᠲᠠᠢ ᠢᠲᠡᠭᠡᠯ ᠠᠯᠳᠠᠭᠰᠠᠨ

ᠭᠤᠣᠯ ᠴᠣᠭᠴᠠ ᠳᠤ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃

      3. ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠠᠭᠤᠷᠬᠠᠢ ᠶᠢᠨ ᠠᠵᠤ ᠦᠢᠯᠡᠳᠪᠦᠷᠢ ᠶᠢᠨ ᠬᠥᠭᠵᠢᠯᠲᠡ ᠶᠢᠨ  ᠬᠠᠮᠢᠶ᠎ᠠ ᠪᠦᠬᠦᠢ

ᠲᠥᠯᠦᠪᠵᠢᠭᠦᠯᠭᠡ ᠪᠣᠯᠣᠨ ᠶᠡᠷᠦᠩᠬᠡᠢ ᠲᠥᠯᠦᠪᠵᠢᠭᠦᠯᠭᠡ ᠲᠠᠢ ᠨᠡᠶᠢᠴᠡᠬᠦ ᠦᠭᠡᠢ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠲᠠᠢ ᠨᠡᠶᠢᠴᠡᠬᠦ ᠦᠭᠡᠢ᠂

ᠪᠠᠶᠢᠷᠢᠰᠢᠭᠤᠯᠤᠯᠳᠠ ᠨᠢ ᠵᠦᠢ ᠵᠣᠬᠢᠰ ᠦᠭᠡᠢ ᠵᠡᠷᠭᠡ ᠠᠴᠠ ᠪᠤᠯᠵᠤ ᠠᠭᠤᠷᠬᠠᠢ ᠶᠢᠨ ᠬᠤᠳᠳᠤᠭ ᠢᠶᠠᠨ ᠬᠠᠭᠠᠭᠰᠠᠨ ᠪᠠᠶᠢᠳᠠᠯ ᠳᠤ ᠬᠢᠨᠠᠯᠲᠠ ᠲᠠᠯᠪᠢᠵᠤ

ᠪᠠᠶᠢᠴᠠᠭᠠᠬᠤ ᠳᠤ ᠣᠷᠣᠯᠴᠠᠨ᠎ᠠ᠃ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠭᠰᠡᠨ᠂ ᠳᠠᠩᠰᠠᠯᠠᠭᠤᠯᠤᠭᠰᠠᠨ ᠦᠭᠡᠢ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ

ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠨ᠎ᠡ᠃

      4. ᠠᠵᠤ ᠠᠬᠤᠢ ᠶᠢᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ᠂ ᠡᠬᠢ ᠪᠠᠶᠠᠯᠢᠭ ᠤᠨ ᠠᠮᠤᠷ ᠲᠦᠪᠰᠢᠨ᠂ ᠰᠢᠨᠵᠢᠯᠡᠬᠦ ᠤᠬᠠᠭᠠᠨ

ᠮᠡᠷᠭᠡᠵᠢᠯ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠵᠡᠷᠭᠡ ᠳᠤ ᠬᠤᠯᠪᠣᠭᠳᠠᠬᠤ ᠡᠯ᠎ᠡ ᠲᠥᠷᠥᠯ ᠤᠨ ᠲᠦᠭᠰᠢᠭᠦᠷᠢ ᠶᠢᠨ ᠳᠠᠯᠳᠠ ᠬᠡᠮ ᠢ ᠮᠥᠷᠳᠡᠨ

ᠰᠤᠳᠤᠯᠤᠨ ᠮᠠᠭᠠᠳᠯᠠᠵᠤ᠂ ᠬᠠᠮᠢᠶ᠎ᠠ ᠪᠦᠬᠦᠢ ᠠᠵᠢᠯ ᠤᠨ ᠰᠠᠨᠠᠭᠤᠯᠭ᠎ᠠ ᠳᠤᠷᠠᠳᠤᠨ᠎ᠠ᠃

      5. ᠳᠡᠭᠡᠳᠦ ᠱᠠᠲᠤᠨ ᠤ ᠲᠡᠮᠦᠷ ᠵᠠᠮ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠪᠥᠬᠦ  ᠳᠤᠭᠤᠷᠢᠭ ᠤᠨ ᠲᠡᠮᠦᠷ ᠵᠠᠮ ᠤᠨ

ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ᠂ ᠲᠡᠭᠡᠭᠡᠪᠦᠷᠢ ᠡᠵᠡᠩᠨᠡᠯᠲᠡ ᠶᠢᠨ ᠲᠡᠮᠦᠷ ᠵᠠᠮ ᠵᠢᠴᠢ ᠲᠡᠷᠭᠡᠨ ᠦᠷᠳᠡᠬᠡᠨ ᠤ ᠠᠶᠤᠯᠬᠦᠢ ᠦᠢᠯᠡᠳᠪᠦᠷᠢᠯᠡᠯ ᠳᠤ ᠬᠢᠨᠠᠯᠲᠠ

ᠳᠠᠯᠪᠢᠨ ᠬᠠᠮᠢᠶᠠᠷᠤᠯᠲᠠ ᠬᠢᠬᠦ ᠶᠢ ᠬᠡᠷᠡᠭᠵᠢᠭᠦᠯᠦᠨ᠎ᠡ︔ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠳᠤ ᠵᠠᠰᠠᠯᠲᠠ ᠬᠢᠬᠦ ᠠᠵᠢᠯ ᠢ

ᠲᠦᠷᠦᠭᠦᠯᠡᠨ ᠬᠠᠷᠢᠭᠤᠴᠠᠨ᠎ᠠ︔ ᠲᠡᠮᠦᠷ ᠵᠠᠮ ᠤᠨ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠠᠯ᠎ᠠ ᠶᠢᠨ ᠮᠡᠷᠭᠡᠵᠢᠯ ᠤᠨ

ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ︔ ᠲᠡᠮᠦᠷ ᠵᠠᠮ ᠤᠨ ᠠᠶᠤᠯᠭᠦᠢ ᠦᠢᠯᠡᠳᠪᠦᠷᠢᠯᠡᠯ ᠤᠨ ᠲᠠᠯ᠎ᠠ ᠪᠠᠷ ᠬᠢ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠤᠨ

ᠠᠵᠢᠯ ᠢ ᠥᠷᠨᠢᠭᠦᠯᠦᠨ᠎ᠡ︔ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠤᠯᠭᠠᠯᠴᠠᠨ ᠬᠠᠷᠢᠯᠴᠠᠵᠤ ᠲᠡᠮᠦᠷ ᠵᠠᠮ ᠤᠨ ᠪᠠᠷᠢᠯᠭ᠎ᠠ ᠶᠢᠨ ᠶᠠᠰᠤ

ᠴᠢᠨᠠᠷ ᠤᠨ ᠠᠮᠤᠷ ᠲᠦᠪᠰᠢᠨ ᠤ ᠬᠠᠮᠢᠶ᠎ᠠ ᠪᠦᠬᠦᠢ ᠠᠵᠢᠯ ᠢ ᠰᠠᠶᠢᠳᠤᠷ ᠬᠢᠨ᠎ᠡ︔ ᠠᠶᠤᠯᠲᠠᠢ ᠬᠢᠮᠢ ᠶᠢᠨ ᠪᠣᠳᠠᠰ ᠤᠨ ᠲᠡᠮᠦᠷ ᠵᠠᠮ ᠤᠨ ᠲᠡᠭᠡᠭᠡᠪᠦᠷᠢ ᠶᠢᠨ ᠠᠮᠤᠷ

ᠲᠦᠪᠰᠢᠨ ᠤ ᠬᠠᠮᠢᠶᠠᠷᠤᠯᠳᠠ ᠶᠢ ᠬᠠᠷᠢᠭᠤᠴᠠᠨ᠎ᠠ᠃

      6. ᠠᠮᠤ ᠪᠤᠳᠠᠭᠠᠨ ᠤ ᠭᠦᠢᠯᠭᠡᠭᠡᠨ᠂ ᠡᠳ᠋ᠰᠢᠭᠦᠯᠬᠦ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

ᠳᠤᠭᠤᠷᠢᠭ ᠤᠨ ᠱᠠᠲᠤᠨ ᠤ ᠠᠮᠤ ᠪᠤᠳᠠᠭ᠎ᠠ᠂ ᠡᠮ ᠤᠨ ᠵᠦᠢᠯ ᠢ ᠨᠥᠭᠡᠴᠡᠯᠡᠬᠦ ᠪᠠ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ ᠨᠦᠬᠡᠴᠡᠯᠡᠬᠦ ᠳᠠᠭᠠᠭᠠᠨ ᠨᠥᠭᠡᠴᠡᠯᠡᠬᠦ

ᠨᠢᠭᠡᠴᠡ ᠶᠢᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠳᠤᠭᠤᠷᠢᠭ ᠤᠨ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ

ᠬᠤᠷᠢᠶᠠᠨ ᠬᠠᠳᠠᠭᠠᠯᠠᠬᠤ᠂ ᠡᠭᠡᠯᠵᠢᠯᠡᠨ ᠰᠣᠯᠢᠬᠤ ᠪᠠ ᠰᠢᠯᠵᠢᠭᠦᠯᠦᠨ ᠲᠡᠭᠡᠭᠡᠪᠦᠷᠢᠯᠡᠬᠦ ᠶᠠᠪᠤᠴᠠ ᠳᠠᠬᠢ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ

ᠬᠠᠷᠢᠭᠤᠴᠠᠨ᠎ᠠ︔ ᠨᠥᠭᠡᠴᠡᠯᠡᠬᠦ ᠰᠠᠭᠤᠷᠢ ᠲᠦᠬᠦᠬᠡᠷᠦᠮᠵᠢ᠂ ᠠᠮᠤ ᠪᠤᠳᠠᠭᠠᠨ ᠤ ᠭᠦᠢᠯᠭᠡᠭᠡᠨ ᠤ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ᠂ ᠡᠵᠡᠩᠨᠡᠯᠲᠡ ᠶᠢᠨ

ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃

      ︵ᠬᠤᠶᠠᠷ︶ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ

      1. ᠰᠤᠷᠭᠠᠨ ᠬᠥᠮᠦᠵᠢᠯ ᠤᠨ ᠰᠢᠰᠲ᠋ᠧᠮ ︵ᠰᠢᠨᠵᠢᠯᠡᠭᠡᠨ ᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠪᠠᠭᠲᠠᠨ᠎ᠠ︶

 ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      2. ᠠᠮᠤᠷ ᠲᠦᠪᠰᠢᠨ ᠤ ᠬᠥᠮᠦᠵᠢᠯ ᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠭᠤᠯᠭ᠎ᠠ ᠳᠤ ᠣᠷᠣᠭᠤᠯᠬᠤ ᠶᠢ ᠬᠠᠷᠢᠭᠤᠴᠠᠵᠤ᠂ ᠰᠤᠷᠭᠠᠭᠤᠯᠢ ᠶᠢ

ᠵᠢᠯᠣᠭᠤᠳᠤᠨ ᠰᠢᠮᠳᠠᠭᠤᠯᠵᠤ ᠪᠠᠶᠢᠭᠠᠳ ᠠᠮᠤᠷ ᠲᠦᠪᠰᠢᠨ ᠤ ᠬᠥᠮᠦᠵᠢᠯ ᠪᠠ ᠪᠠᠴᠢᠮ ᠪᠠᠶᠢᠳᠠᠯ ᠢ ᠠᠷᠭᠠᠴᠠᠵᠤ ᠠᠶᠤᠯ  ᠠᠴᠠ ᠵᠠᠶᠢᠯᠠᠬᠤ ᠰᠣᠷᠢᠯᠲᠠ ᠶᠢ

ᠥᠷᠨᠢᠭᠦᠯᠦᠨ᠎ᠡ᠃

      3. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠲᠡᠷᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ

ᠨᠠᠶᠢᠳᠠᠪᠤᠷᠢᠵᠢᠭᠤᠯᠵᠤ᠂ ᠰᠤᠷᠭᠠᠭᠤᠯᠢ ᠶᠢ ᠵᠢᠯᠣᠭᠤᠳᠤᠨ ᠬᠢᠨᠠᠯᠲᠠ ᠲᠠᠯᠪᠢᠵᠤ ᠪᠠᠶᠢᠭᠠᠳ  ᠰᠤᠷᠭᠠᠭᠤᠯᠢ ᠶᠢᠨ ᠳᠡᠷᠬᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ

ᠳᠦᠷᠢᠮ ᠢ ᠪᠠᠶᠢᠭᠤᠯᠤᠨ ᠪᠦᠷᠢᠨᠰᠢᠬᠦᠯᠦᠨ᠎ᠡ᠃

      4. ᠠᠮᠤᠷ ᠲᠦᠪᠰᠢᠨ ᠤ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ ᠬᠠᠮᠢᠶ᠎ᠠ ᠪᠦᠬᠦᠢ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠵᠣᠬᠢᠴᠠᠭᠤᠯᠤᠨ

ᠠᠬᠢᠭᠤᠯᠵᠤ᠂ ᠠᠶᠤᠯᠬᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠲᠦᠷᠭᠡᠳᠬᠡᠨ ᠬᠥᠮᠥᠵᠢᠭᠦᠯᠦᠨ᠎ᠡ᠃

      5. ᠰᠤᠷᠭᠠᠭᠤᠯᠢ ᠠᠴᠠ ᠵᠣᠬᠢᠶᠠᠨ ᠪᠠᠶᠢᠭᠤᠯᠤᠭᠰᠠᠨ ᠲᠣᠮᠣ ᠬᠡᠯᠪᠡᠷᠢ ᠶᠢᠨ ᠰᠤᠷᠭᠠᠭᠤᠯᠢ ᠶᠢᠨ ᠭᠠᠳᠠᠨᠠᠬᠢ ᠠᠵᠢᠯᠯᠠᠭ᠎ᠠ ᠵᠢᠴᠢ ᠨᠡᠶᠢᠭᠡᠮ ᠤᠨ ᠦᠢᠯᠡᠳᠦᠯᠭᠡ ᠶᠢᠨ

ᠠᠵᠢᠯᠯᠠᠭ᠎ᠠ ᠳᠤ ᠬᠢᠨᠠᠯᠲᠠ ᠬᠠᠮᠢᠶᠠᠷᠤᠯᠲᠠ ᠬᠢᠨ᠎ᠡ᠃

      6. ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠤᠨ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠳᠠ ᠶᠢ

ᠬᠠᠷᠢᠭᠤᠴᠠᠨ᠎ᠠ᠃

      7. ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠠᠶᠤᠯ ᠲᠦᠭᠰᠢᠭᠦᠷᠢ

ᠶᠡᠬᠡᠲᠡᠢ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠡᠵᠡᠩᠨᠡᠯᠲᠡ ᠶᠢᠨ ᠠᠵᠢᠯᠯᠠᠭᠠᠨ ᠤ ᠵᠠᠬ᠎ᠠ ᠳᠡᠯᠭᠡᠭᠦᠷ ᠤᠨ ᠵᠦᠪᠰᠢᠶᠡᠷᠡᠯᠳᠡ ᠶᠢ ᠬᠡᠷᠡᠭᠵᠢᠬᠦᠯᠦᠨ᠎ᠡ︔ ᠤᠮᠪᠠᠭ᠋ᠤ᠂

ᠴᠠᠰᠤᠨ ᠳᠤ ᠭᠤᠯᠭᠤᠬᠤ᠂ ᠱᠤᠮᠪᠠᠭ᠋ᠤ᠂ ᠬᠠᠳᠠ ᠠᠪᠠᠷᠢᠬᠤ ᠵᠡᠷᠭᠡ ᠠᠶᠤᠯ ᠲᠦᠭᠰᠢᠬᠦᠷᠢ ᠶᠡᠬᠡᠳᠡᠢ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠡᠵᠡᠩᠨᠡᠯᠲᠡ ᠶᠢᠨ

ᠨᠢᠭᠡᠴᠡ ︵ᠲᠠᠯᠠᠪᠤᠷ︶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠪᠡᠶ᠎ᠡ ᠴᠢᠭᠢᠷᠠᠭᠵᠢᠭᠤᠯᠬᠤ ᠺᠯᠦ᠋ᠪ ᠵᠡᠷᠭᠡ ᠰᠡᠯᠡᠭᠦᠴᠡᠯ ᠪᠡᠶ᠎ᠡ

ᠴᠢᠭᠢᠷᠠᠭᠵᠢᠭᠤᠯᠬᠤ ᠭᠠᠵᠠᠷ ᠲᠠᠯᠠᠪᠤᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      8. ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠬᠡᠷᠦᠮᠵᠢ ᠶᠢᠨ ᠠᠵᠢᠯᠯᠠᠭᠠᠨ᠂ ᠴᠢᠬᠤᠯᠠ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠠᠵᠢᠯᠯᠠᠭ᠎ᠠ᠂

ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠲᠠᠷᠬᠠᠭᠠᠯᠲᠠ ᠵᠢᠴᠢ ᠪᠣᠷᠤᠯᠠᠭᠤᠯᠭ᠎ᠠ ᠶᠢᠨ ᠲᠣᠣᠷ ᠴᠢᠭ ᠪᠠ ᠡᠵᠡᠩᠨᠡᠯᠲᠡ ᠶᠢᠨ ᠠᠮᠤᠷ ᠲᠦᠪᠰᠢᠨ ᠤ

ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃

      9. ᠤᠯᠤᠰ ᠤᠨ ᠳᠣᠲᠣᠭᠠᠳᠤ ᠪᠠ ᠣᠯᠠᠨ ᠤᠯᠤᠰ ᠤᠨ ᠴᠢᠬᠤᠯᠠ ᠶᠡᠭᠡ ᠪᠡᠶ᠎ᠡ ᠶᠢᠨ ᠲᠠᠮᠢᠷ ᠤᠨ ᠤᠷᠤᠯᠳᠤᠭᠠᠨ ᠵᠢᠴᠢ ᠭᠠᠳᠠᠭᠠᠳᠤ ᠯᠤᠭ᠎ᠠ ᠶᠢᠨ ᠪᠡᠶ᠎ᠡ ᠶᠢᠨ

ᠲᠠᠮᠢᠷ ᠤᠨ ᠬᠠᠮᠲᠤᠷᠠᠯᠴᠠᠭ᠎ᠠ ᠬᠢᠭᠡᠳ ᠰᠤᠯᠢᠯᠴᠠᠭ᠎ᠠ ᠶᠢ ᠳᠠᠭᠠᠭᠠᠨ ᠡᠷᠬᠢᠯᠡᠬᠦ ᠪᠠ ᠤᠷᠤᠯᠴᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃

      ︵ᠭᠤᠷᠪᠠ︶ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠬᠢᠵᠢᠯᠳᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ

      1. ᠠᠶᠤᠯᠬᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢ ᠪᠥᠬᠦ ᠳᠤᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ

ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠶᠤᠯᠭᠦᠢ ᠦᠢᠯᠡᠳᠪᠦᠷᠢᠯᠡᠯ ᠤᠨ

ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ᠂ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠤᠳᠤᠯᠭᠠᠨ ᠢ ᠵᠣᠬᠢᠶᠠᠨ

ᠪᠠᠶᠢᠭᠤᠯᠵᠤ ᠵᠢᠯᠤᠭᠤᠳᠬᠤ ᠠᠵᠢᠯ ᠢ ᠬᠠᠷᠢᠭᠤᠴᠠᠨ᠎ᠠ᠃

      2. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠶᠤᠯᠬᠦᠢ ᠦᠢᠯᠡᠳᠪᠦᠷᠢᠯᠡᠯ ᠤᠨ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ

ᠡᠭᠦᠳᠬᠦ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠡᠶᠢᠭᠡᠮ ᠤᠨ ᠬᠦᠴᠦᠨ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯᠬᠦᠢ

ᠦᠢᠯᠡᠳᠪᠦᠷᠢᠯᠡᠯ ᠤᠨ ᠰᠤᠳᠤᠯᠤᠨ ᠨᠡᠭᠡᠭᠡᠬᠦ ᠶᠢ ᠵᠣᠷᠢᠭᠵᠢᠭᠤᠯᠤᠨ ᠳᠡᠮᠵᠢᠬᠦ ᠪᠠ ᠬᠥᠲᠥᠯᠥᠨ ᠵᠢᠯᠤᠭᠤᠳᠴᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ

ᠠᠯᠬᠤᠮ ᠠᠯᠬᠤᠮ ᠢᠶᠠᠷ ᠠᠶᠤᠯᠬᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠪᠣᠯᠣᠨ ᠮᠡᠷᠭᠡᠵᠢᠯ ᠤᠨ ᠪᠠᠲᠤᠯᠠᠭ᠎ᠠ ᠶᠢᠨ ᠭᠤᠣᠯ

ᠴᠣᠭᠴᠠ ᠪᠣᠯᠭᠠᠬᠤ ᠶᠢ ᠠᠬᠢᠭᠤᠯᠵᠤ᠂ ᠠᠶᠤᠯᠬᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ

ᠠᠬᠢᠭᠤᠯᠤᠨ᠎ᠠ᠃

       3. ᠬᠠᠷᠢᠶ᠎ᠠ ᠣᠷᠣᠨ ᠤ ᠫᠷᠣᠭ᠍ᠷᠠᠮ ᠨᠠᠶᠢᠷᠠᠭᠤᠯᠬᠤ᠂ ᠮᠠᠰᠢᠨ ᠬᠥᠮᠥᠨ᠂ ᠰᠢᠨ᠎ᠡ ᠶᠢ ᠡᠭᠦᠳᠦᠭᠴᠢ᠂ ᠰᠢᠳᠢᠲᠦ ᠳᠥᠷᠪᠡᠯᠵᠢᠨ᠂ ᠰᠢᠨᠵᠢᠯᠡᠬᠦ ᠤᠬᠠᠭᠠᠨ ᠤ ᠬᠠᠶᠢᠨ

ᠰᠦᠪᠡᠭᠴᠢᠯᠡᠯᠲᠡ ᠵᠡᠷᠭᠡ ᠰᠢᠨᠵᠢᠯᠡᠭᠡᠨ ᠤ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ  ᠤᠨ ᠪᠠᠶᠢᠭᠤᠯᠤᠮᠵᠢ ᠶᠢᠨ ᠠᠮᠤᠷ ᠲᠦᠪᠰᠢᠨ ᠤ

ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      4. ᠪᠥᠬᠦ ᠳᠤᠭᠤᠷᠢᠭ ᠤᠨ ᠠᠵᠤ ᠦᠢᠯᠡᠳᠪᠦᠷᠢ ᠪᠣᠯᠣᠨ ᠮᠡᠳᠡᠭᠡ ᠵᠠᠩᠬᠢᠵᠢᠯᠳᠡ ᠶᠢᠨ ᠬᠤᠯᠪᠣᠭᠳᠠᠯ ᠪᠦᠬᠦᠢ ᠠᠵᠢᠯ ᠲᠥᠷᠥᠯ ᠤᠨ ᠠᠮᠤᠷ ᠲᠦᠪᠰᠢᠨ ᠤ

ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃

      5.ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠦᠢᠯᠡᠳᠪᠦᠷᠢᠯᠡᠬᠦ᠂ ᠪᠣᠷᠣᠯᠠᠭᠤᠯᠬᠤ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ

ᠬᠠᠮᠢᠶᠠᠷᠤᠯᠲᠠ ᠶᠢ ᠬᠠᠷᠢᠭᠤᠴᠠᠵᠤ᠂ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠬᠠᠤᠯᠢ

ᠪᠤᠰᠤ ᠪᠠᠷ ᠦᠢᠯᠡᠳᠪᠦᠷᠢᠯᠡᠭᠰᠡᠨ᠂ ᠪᠣᠷᠣᠯᠠᠭᠤᠯᠤᠭᠰᠠᠨ ︵ᠬᠠᠳᠠᠭᠠᠯᠠᠭᠰᠠᠨ ᠢ ᠪᠠᠭᠲᠠᠭᠠᠨ᠎ᠠ︶ ᠦᠢᠯᠡ ᠠᠵᠢᠯᠯᠠᠭ᠎ᠠ ᠶᠢ ᠪᠠᠶᠢᠴᠠᠭᠠᠬᠤ ᠠᠵᠢᠯ ᠢ ᠵᠣᠬᠢᠶᠠᠨ

ᠪᠠᠶᠢᠭᠤᠯᠤᠨ᠎ᠠ᠃

      6. ᠢᠳᠡᠰᠢᠨ ᠳᠠᠪᠤᠰᠤᠨ ᠤ ᠴᠢᠭ ᠲᠣᠭᠲᠠᠭᠠᠨ ᠦᠢᠯᠡᠳᠪᠦᠷᠢᠯᠡᠬᠦ᠂ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠤᠨ ᠠᠮᠤᠷ ᠲᠦᠪᠰᠢᠨ ᠤ

ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃

      7. ᠠᠶᠤᠯᠲᠠᠢ ᠬᠢᠮᠢ ᠶᠢᠨ ᠪᠣᠳᠠᠰ ᠢ ᠦᠢᠯᠡᠳᠪᠦᠷᠢᠯᠡᠬᠦ᠂ ᠬᠠᠳᠠᠭᠠᠯᠠᠬᠤ ᠠᠵᠢᠯ ᠲᠥᠷᠥᠯ ᠤᠨ ᠲᠥᠯᠦᠪᠵᠢᠭᠦᠯᠭᠡ ᠪᠠ ᠪᠠᠶᠢᠷᠢᠰᠢᠭᠤᠯᠤᠯᠲᠠ ᠶᠢ

ᠨᠠᠶᠢᠳᠠᠪᠤᠷᠢᠵᠢᠭᠤᠯᠬᠤ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠮᠠᠭᠠᠳᠯᠠᠨ ᠳᠤᠭᠳᠠᠭᠠᠬᠤ ᠠᠵᠢᠯ ᠢ ᠬᠠᠷᠢᠭᠤᠴᠠᠨ᠎ᠠ᠃

      8. ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ ᠲᠥᠷᠥᠯ ᠤᠨ ᠬᠥᠭᠵᠢᠯᠲᠡ ᠶᠢᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠬᠠᠤᠯᠢ

ᠲᠣᠭᠲᠠᠭᠠᠯ᠂ ᠪᠠᠷᠢᠮᠵᠢᠶᠠᠨ ᠤ ᠵᠢᠷᠤᠮᠵᠢᠯ ᠪᠠ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠠᠯ᠎ᠠ ᠪᠠᠷ ᠠᠶᠤᠯᠬᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠯᠡᠨ

ᠪᠣᠳᠣᠯᠬᠢᠯᠠᠵᠤ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠦᠨ᠂ ᠠᠶᠤᠯᠬᠦᠢ ᠦᠢᠯᠡᠳᠪᠦᠷᠢᠯᠡᠯ ᠤᠨ ᠲᠡᠷᠢᠭᠦᠨ ᠤ

ᠤᠷᠠᠯᠠᠯ ᠤᠨ ᠮᠡᠷᠭᠡᠵᠢᠯ ᠪᠠ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃

      9. ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠴᠢᠮᠡᠭᠡ ᠬᠤᠯᠪᠣᠭᠠᠨ ᠤ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ

ᠲᠠᠯᠪᠢᠵᠤ ᠬᠠᠮᠢᠶᠠᠷᠤᠯᠳᠠ ᠬᠢᠬᠦ ᠬᠠᠷᠢᠶ᠎ᠠ ᠤᠷᠤᠨ ᠤ ᠳᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ ᠶᠢ ᠬᠠᠷᠢᠭᠤᠴᠠᠨ᠎ᠠ︔ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ

ᠬᠠᠮᠵᠢᠯᠴᠠᠨ ᠴᠢᠮᠡᠭᠡ ᠬᠤᠯᠪᠣᠭᠠᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠪᠠ ᠴᠢᠮᠡᠭᠡ ᠬᠤᠯᠪᠣᠭᠠᠨ ᠤ ᠲᠦᠬᠦᠬᠡᠷᠦᠮᠵᠢ ᠶᠢᠨ ᠠᠶᠤᠯᠬᠦᠢ

ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠴᠢᠮᠡᠭᠡ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ ᠢ ᠬᠠᠷᠢᠭᠤᠴᠠᠨ ᠵᠣᠬᠢᠴᠠᠭᠤᠯᠵᠤ

ᠪᠠᠶᠢᠭᠠᠳ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠴᠢᠮᠡᠭᠡ ᠬᠤᠯᠪᠣᠭᠠᠨ ᠤ ᠪᠠᠲᠤᠯᠠᠭ᠎ᠠ

ᠬᠠᠩᠭᠠᠨ᠎ᠠ᠃

      10. ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠬᠤᠳᠠᠯᠳᠤᠭᠠᠨ ᠤ ᠬᠦᠷᠢᠶᠡᠯᠡᠩ ᠲᠣᠭᠤᠷᠢᠭ ᠪᠠᠭᠲᠠᠨ᠎ᠠ︶ ᠤᠨ ᠠᠮᠤᠷ ᠲᠦᠪᠰᠢᠨ ᠤ ᠬᠢᠨᠠᠨ

ᠬᠠᠮᠢᠶᠠᠷᠤᠯᠲᠠ ᠶᠢᠨ ᠠᠵᠢᠯ ᠢ ᠵᠣᠬᠢᠴᠠᠭᠤᠯᠵᠤ᠂ ᠤᠷᠢᠳᠴᠢᠯᠠᠨ ᠬᠤᠯᠢᠭᠰᠠᠨ ᠪᠧᠲ᠋ᠤᠨ᠂ ᠤᠷᠢᠳᠴᠢᠯᠠᠨ ᠬᠤᠯᠢᠭᠰᠠᠨ ᠡᠯᠡᠰᠦᠨ ᠡᠭᠡᠳᠡᠩ ᠢ ᠳᠡᠯᠭᠡᠷᠡᠭᠦᠯᠦᠨ ᠬᠡᠷᠡᠭᠯᠡᠬᠦ

ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      ︵ᠳᠥᠷᠪᠡ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ

ᠠᠵᠢᠯ ᠤᠨ ᠬᠡᠯᠲᠡᠰ ︵ᠳᠤᠭᠤᠷᠢᠭ ᠤᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ︶

      ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠠᠵᠢᠯᠯᠠᠭᠠᠨ ᠤ ᠲᠠᠯᠠᠪᠤᠷ ᠭᠠᠵᠠᠷ ︵ᠰᠦᠮ᠎ᠡ ᠳᠤᠭᠠᠩ ᠪᠣᠯᠣᠨ ᠪᠤᠰᠤᠳ ᠲᠣᠭᠲᠠᠮᠠᠯ ᠱᠠᠰᠢᠨ ᠰᠤᠷᠲᠠᠬᠤᠨ ᠤ

ᠠᠵᠢᠯᠯᠠᠭᠠᠨ ᠤ ᠭᠠᠵᠠᠷ ᠪᠠᠭᠲᠠᠨ᠎ᠠ︶ ᠪᠣᠯᠣᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ  ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ

ᠬᠠᠷᠢᠭᠤᠴᠠᠨ᠎ᠠ᠃

      ︵ᠲᠠᠪᠤ︶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳ᠋ᠦᠩᠱᠧᠩ ᠳᠠᠬᠢ ᠬᠤᠪᠢᠶᠠᠷᠢ ᠲᠣᠪᠴᠢᠶ᠎ᠠ

      1. ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠪᠦᠬᠦ ᠳᠤᠭᠤᠷᠢᠭ ᠤᠨ ᠵᠠᠮ ᠬᠠᠷᠢᠯᠴᠠᠭᠠᠨ ᠤ ᠠᠮᠤᠷ

ᠲᠦᠪᠰᠢᠨ ᠤ ᠬᠠᠮᠢᠶᠠᠷᠤᠯᠲᠠ ᠶᠢᠨ ᠲᠦᠷᠦ ᠶᠢᠨ ᠪᠣᠳᠣᠯᠭ᠎ᠠ᠂ ᠲᠣᠭᠲᠠᠭᠠᠯ ᠢ ᠲᠤᠭᠤᠷᠪᠢᠨ ᠲᠣᠭᠲᠠᠭᠠᠵᠤ᠂ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠨ

ᠰᠢᠢᠳᠪᠦᠷᠢᠯᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ

ᠰᠢᠢᠳᠪᠦᠷᠢᠯᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠨ᠂ ᠵᠠᠮ ᠬᠠᠷᠢᠯᠴᠠᠭᠠᠨ ᠤ ᠠᠳᠡᠯ ᠤᠨ ᠪᠠᠴᠢᠮ

ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠵᠤ᠂ ᠬᠤᠳᠠ ᠶᠢᠨ ᠵᠠᠮ ᠬᠠᠷᠢᠯᠴᠠᠭᠠᠨ ᠤ ᠳᠤᠬᠢᠶᠠᠨ ᠳ᠋ᠧᠩ᠂ ᠵᠠᠮ ᠬᠠᠷᠢᠯᠴᠠᠭᠠᠨ ᠤ ᠲᠡᠮᠳᠡᠭ

ᠵᠢᠷᠤᠭᠠᠰᠤ ᠪᠣᠯᠣᠨ ᠬᠠᠮᠢᠶᠠᠷᠤᠯᠲᠠ ᠶᠢᠨ ᠬᠠᠯᠬᠠᠪᠴᠢ ᠵᠡᠷᠭᠡ ᠵᠠᠮ ᠬᠠᠷᠢᠯᠴᠠᠭᠠᠨ ᠤ ᠠᠮᠤᠷ ᠲᠦᠪᠰᠢᠨ ᠤ ᠲᠦᠬᠦᠬᠡᠷᠦᠮᠵᠢ ᠶᠢ ᠪᠠᠶᠢᠷᠢᠯᠠᠭᠤᠯᠬᠤ ᠪᠠ ᠬᠠᠮᠠᠭᠠᠯᠠᠨ᠎ᠠ᠃

      2. ᠳᠤᠰᠢᠶᠠᠯ ᠬᠠᠷᠢᠭᠤᠴᠠᠯᠭ᠎ᠠ ᠶᠢᠨ ᠳᠣᠲᠣᠷᠠᠬᠢ ᠮᠠᠰᠢᠨ ᠲᠡᠷᠭᠡ ︵ᠲᠷᠠᠺᠲ᠋ᠣᠷ ᠪᠠᠭᠲᠠᠬᠤ ᠦᠭᠡᠢ︶᠂ ᠵᠢᠯᠣᠭᠤᠴᠢ ᠶᠢᠨ ᠬᠠᠮᠢᠶᠠᠷᠤᠯᠲᠠ ᠶᠢᠨ ᠠᠵᠢᠯ ᠢ

ᠬᠠᠷᠢᠭᠤᠴᠠᠨ᠎ᠠ︔ ᠲᠡᠷᠭᠡ ᠬᠥᠰᠬᠡ ᠶᠢᠨ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠪᠠ ᠫᠠᠶᠢᠰᠠ ᠦᠭᠡᠢ᠂ ᠦᠨᠡᠮᠯᠡᠯ ᠦᠭᠡᠢ᠂ ᠬᠡᠷᠡᠭᠯᠡᠭᠡᠨ ᠠᠴᠠ ᠭᠠᠷᠭᠠᠭᠰᠠᠨ

ᠲᠡᠷᠭᠡ ᠬᠥᠰᠬᠡ ᠶᠢᠨ ᠡᠵᠡᠩᠨᠡᠯᠲᠡ ᠶᠢᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠨ᠎ᠡ᠃

       3.ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠪᠠ ᠬᠤᠸᠠᠷ ᠫᠤᠤᠵᠢᠩ ᠤᠨ ᠤᠯᠠᠨ ᠨᠡᠶᠢᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ

ᠬᠠᠷᠢᠭᠤᠴᠠᠵᠤ᠂ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠬᠤᠳᠠᠯᠳᠤᠨ ᠠᠪᠬᠤ᠂ ᠲᠡᠭᠡᠭᠡᠪᠦᠷᠢᠯᠡᠬᠦ᠂ ᠳᠡᠯᠪᠡᠴᠢᠬᠦ ᠠᠵᠢᠯ ᠵᠢᠴᠢ ᠬᠤᠸᠠᠷ ᠫᠤᠤᠵᠢᠩ ᠢ ᠵᠠᠮ

ᠱᠤᠭᠤᠮ ᠢᠶᠠᠷ ᠲᠡᠭᠡᠭᠡᠪᠦᠷᠢᠯᠡᠬᠦ᠂ ᠳᠠᠯᠪᠢᠬᠤ ᠭᠤᠭᠴᠤᠭ᠎ᠠ ᠳᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠠᠷᠠᠳ ᠤᠨ ᠬᠡᠷᠡᠭᠯᠡᠭᠡᠨ ᠤ

ᠳᠡᠯᠪᠡᠷᠡᠬᠦ ᠡᠳ᠋ ᠪᠣᠳᠠᠰ ᠤᠨ ᠭᠦᠢᠯᠭᠡᠭᠡᠨ ᠤ ᠬᠠᠨᠳᠤᠰᠢ ᠶᠢ ᠬᠢᠨᠠᠨ ᠡᠵᠡᠮᠳᠡᠨ᠎ᠡ︔ ᠬᠠᠤᠯᠢ ᠪᠤᠰᠤ᠂ ᠬᠠᠤᠯᠢ ᠶᠢ ᠵᠦᠷᠢᠴᠡᠨ ᠦᠢᠯᠡᠳᠪᠦᠷᠢᠯᠡᠯ ᠡᠵᠡᠩᠨᠡᠯᠲᠡ ᠬᠢᠵᠤ 

ᠪᠠᠶᠢᠭ᠎ᠠ ᠨᠢᠬᠡᠴᠡ ᠳᠤ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠬᠠᠩᠭᠠᠬᠤ ᠶᠢ ᠬᠢᠨᠠᠨ ᠵᠥᠪᠰᠢᠶᠡᠷᠡᠬᠦ ᠶᠢ ᠵᠤᠭᠰᠤᠭᠠᠨ᠎ᠠ︔ ᠲᠤᠰᠢᠶᠠᠯ ᠬᠠᠷᠢᠭᠤᠴᠠᠯᠭ᠎ᠠ

ᠠᠵᠢᠯ ᠤᠨ ᠬᠤᠪᠢᠶᠠᠷᠢᠯᠠᠯ ᠶᠣᠰᠣᠭᠠᠷ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠬᠠᠤᠯᠢ ᠪᠤᠰᠤ ᠪᠠᠷ ᠬᠤᠳᠠᠯᠳᠤᠨ ᠠᠪᠬᠤ᠂ ᠲᠡᠭᠡᠭᠡᠪᠦᠷᠢᠯᠡᠬᠦ᠂

ᠰᠢᠤᠳᠠᠨ ᠢᠶᠠᠷ ᠢᠯᠡᠭᠡᠬᠦ ᠬᠡᠷᠡᠭᠯᠡᠬᠦ ︵ᠬᠠᠳᠠᠭᠠᠯᠠᠬᠤ ᠶᠢ ᠪᠠᠭᠲᠠᠭᠠᠨ᠎ᠠ︶  ᠦᠢᠯᠡ ᠠᠵᠢᠯᠯᠠᠭ᠎ᠠ ᠪᠠ ᠬᠤᠸᠠᠷ ᠫᠤᠤᠵᠢᠩ ᠢ ᠬᠠᠤᠯᠢ ᠪᠤᠰᠤ ᠪᠠᠷ ᠦᠢᠯᠡᠳᠪᠦᠷᠢᠯᠡᠬᠦ᠂

ᠡᠵᠡᠩᠨᠡᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠰᠢᠤᠳᠠᠨ ᠢᠶᠠᠷ ᠢᠯᠡᠭᠡᠬᠦ᠂ ᠬᠤᠸᠠᠷ ᠫᠤᠤᠵᠢᠩ ᠲᠠᠯᠪᠢᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ

ᠰᠢᠢᠳᠪᠦᠷᠢᠯᠡᠨ᠎ᠡ᠃

      4.ᠠᠶᠤᠯᠲᠠᠢ ᠬᠢᠮᠢ ᠶᠢᠨ ᠪᠤᠳᠠᠰ ᠤᠨ ᠤᠯᠠᠨ ᠨᠡᠶᠢᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠵᠤ᠂ ᠠᠶᠤᠯᠲᠠᠢ ᠬᠢᠮᠢ ᠶᠢᠨ ᠪᠤᠳᠠᠰ ᠢ

ᠲᠡᠭᠡᠭᠡᠪᠦᠷᠢᠯᠡᠬᠦ ᠲᠡᠷᠭᠡ ᠬᠥᠰᠬᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠵᠤ᠂ ᠬᠤᠣᠷᠲᠠᠢ ᠬᠢᠮᠢ ᠶᠢᠨ ᠪᠤᠳᠠᠰ᠂ ᠳᠡᠯᠪᠡᠷᠡᠬᠦ ᠳᠤ

ᠬᠢᠯᠪᠠᠷ᠂ ᠬᠤᠣᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ  ᠪᠤᠳᠠᠰ ᠤᠨ ᠭᠦᠢᠯᠭᠡᠭᠡᠨ ᠤ ᠬᠠᠨᠳᠤᠰᠢ ᠶᠢ ᠬᠢᠨᠠᠨ ᠡᠵᠡᠮᠳᠡᠨ᠎ᠡ︔ ᠬᠤᠣᠷᠲᠠᠢ ᠬᠢᠮᠢ ᠶᠢᠨ ᠪᠤᠳᠠᠰ᠂

ᠳᠡᠯᠪᠡᠷᠡᠬᠦ ᠳᠤ ᠬᠢᠯᠪᠠᠷ᠂ ᠬᠤᠣᠷᠲᠤ ᠡᠳ᠋ ᠦᠢᠯᠡᠳᠬᠦ ᠳᠤ ᠬᠢᠯᠪᠡᠷ ᠠᠶᠤᠯᠲᠠᠢ ᠬᠢᠮᠢ ᠶᠢᠨ ᠪᠤᠳᠠᠰ ᠢ ᠬᠤᠳᠠᠯᠳᠤᠭᠠᠯᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠶᠢ

ᠬᠠᠷᠢᠭᠤᠴᠠᠨ᠎ᠠ᠃

      5. ᠨᠦᠬᠡ ᠴᠣᠭᠤᠯᠵᠤ ᠲᠣᠰᠣ ᠬᠡᠢ ᠬᠤᠯᠠᠭᠠᠶᠢᠯᠠᠬᠤ ᠵᠡᠷᠭᠡ ᠲᠣᠰᠣ ᠬᠡᠢ ᠳᠠᠮᠵᠢᠭᠤᠯᠬᠤ ᠬᠤᠭᠤᠯᠠᠢ ᠶᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ

ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃

       6.ᠤᠯᠠᠨ ᠲᠦᠮᠡᠨᠴᠢ ᠴᠢᠨᠠᠷᠲᠠᠢ ᠲᠣᠮᠣ ᠬᠡᠯᠪᠡᠷᠢ ᠶᠢᠨ ᠠᠵᠢᠯᠯᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠲᠣᠮᠣ

ᠬᠡᠯᠪᠡᠷᠢ ᠶᠢᠨ ᠣᠯᠠᠨ ᠲᠦᠮᠡᠨᠴᠢ ᠴᠢᠨᠠᠷᠲᠠᠢ ᠠᠵᠢᠯᠯᠠᠭ᠎ᠠ ᠳᠤ ᠠᠮᠤᠷ ᠲᠦᠪᠰᠢᠨ ᠤ ᠵᠥᠪᠰᠢᠶᠡᠷᠡᠯ ᠢ ᠬᠡᠷᠡᠭᠵᠢᠭᠦᠯᠵᠦ᠂ ᠵᠤᠬᠢᠴᠠᠯᠳᠤᠭᠰᠠᠨ ᠠᠮᠤᠷ ᠲᠦᠪᠰᠢᠨ ᠤ ᠬᠢᠨᠠᠯᠲᠠ

ᠬᠠᠮᠢᠶᠠᠷᠤᠯᠲᠠ ᠶᠢᠨ ᠲᠥᠰᠥᠯ ᠪᠠ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠡᠯᠡᠳᠬᠡᠯ ᠲᠥᠰᠥᠯ ᠢ ᠲᠣᠭᠲᠠᠭᠠᠵᠤ᠂ ᠠᠮᠤᠷ ᠲᠦᠪᠰᠢᠨ ᠤ ᠬᠢᠨᠠᠯᠲᠠ

ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠠᠵᠢᠯᠯᠠᠭᠠᠨ ᠤ ᠲᠤᠬᠠᠢ ᠶᠢᠨ ᠲᠠᠯᠠᠪᠤᠷ ᠤᠨ

ᠠᠮᠤᠷ ᠲᠦᠪᠰᠢᠨ ᠤ ᠪᠠᠶᠢᠳᠠᠯ ᠳᠤ  ᠪᠠᠶᠢᠴᠠᠭᠠᠯᠲᠠ ᠬᠢᠨ᠎ᠡ᠃

      7. ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ

ᠬᠠᠷᠢᠭᠤᠴᠠᠨ᠎ᠠ︔ ᠰᠤᠷᠭᠠᠭᠤᠯᠢ ᠶᠢᠨ ᠡᠷᠬᠢᠨ ᠲᠣᠭᠤᠷᠢᠨ ᠤ ︽ᠰᠤᠷᠤᠭᠴᠢ ᠶᠢ ᠬᠠᠮᠠᠭᠠᠯᠠᠬᠤ ᠠᠵᠢᠯ ᠤᠨ ᠪᠠᠶᠢᠷᠢ︾ ᠶᠢᠨ ᠪᠠᠶᠢᠭᠤᠯᠤᠯᠲᠠ ᠶᠢ ᠴᠢᠩᠭᠠᠳᠬᠠᠬᠤ ᠶᠢ

ᠬᠠᠷᠢᠭᠤᠴᠠᠵᠤ᠂ ᠣᠷᠭᠢᠯ ᠦᠶ᠎ᠡ ᠶᠢᠨ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠦᠨ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠢ ᠤᠷᠢᠳᠠᠪᠠᠷ

ᠪᠠᠶᠢᠷᠢᠯᠠᠭᠤᠯᠤᠨ᠎ᠠ︔ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠮ ᠵᠢᠴᠢ ᠰᠤᠷᠤᠭᠴᠢ ᠵᠥᠭᠡᠭᠡᠪᠦᠷᠢᠯᠡᠬᠦ ᠲᠡᠷᠭᠡ ᠶᠢᠨ ᠶᠠᠪᠤᠬᠤ ᠵᠠᠮ ᠱᠤᠭᠤᠮ ᠤᠨ ᠵᠠᠮ

ᠬᠠᠷᠢᠯᠴᠠᠭᠠᠨ ᠤ ᠡᠮᠬᠢ ᠳᠢᠭᠯᠢᠮ ᠤᠨ ᠬᠠᠮᠠᠭᠠᠯᠠᠯᠲᠠ ᠶᠢ ᠴᠢᠩᠭᠠᠳᠬᠠᠵᠤ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ

ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ  ᠲᠦᠬᠦᠬᠡᠷᠦᠮᠵᠢ ᠶᠢ ᠳᠡᠬᠦᠯᠳᠡᠷᠵᠢᠬᠦᠯᠦᠨ᠎ᠡ᠃

       8. ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠡᠳᠦᠷ ᠲᠤᠲᠤᠮ ᠤᠨ ᠭᠠᠯ ᠤᠨᠲᠠᠷᠠᠭᠠᠬᠤ ᠠᠵᠢᠯ ᠤᠨ ᠬᠢᠨᠠᠯᠲᠠ ᠪᠠᠶᠢᠴᠠᠭᠠᠯᠲᠠ᠂ ᠵᠢᠵᠢᠭ

ᠡᠮᠨᠡᠯᠭᠡ ᠶᠢᠨ ᠬᠤᠷᠢᠶ᠎ᠠ᠂ ᠵᠢᠵᠢᠭ ᠢᠳᠡᠭᠡᠨ ᠤᠮᠳᠠᠭᠠᠨ ᠤ ᠲᠠᠯᠠᠪᠤᠷ᠂ ᠵᠢᠵᠢᠭ ᠪᠠᠭᠤᠳᠠᠯ᠂ ᠵᠢᠵᠢᠭ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ᠂ ᠵᠢᠵᠢᠭ

ᠰᠦᠯᠵᠢᠶᠡᠨ ᠤ ᠪᠠᠭᠠᠷ᠂ ᠵᠢᠵᠢᠭ ᠵᠢᠰᠦ ᠭᠤᠶᠣᠯᠠᠬᠤ ᠤᠬᠢᠶᠠᠯᠭ᠎ᠠ ᠶᠢᠨ ᠲᠠᠯᠠᠪᠤᠷ᠂ ᠵᠢᠵᠢᠭ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠵᠡᠷᠭᠡ ︽ᠶᠢᠰᠦᠨ

ᠵᠢᠵᠢᠭ︾ ᠲᠠᠯᠠᠪᠤᠷ ᠭᠠᠵᠠᠷ ᠤᠨ ᠡᠳᠦᠷ ᠲᠤᠲᠤᠮ ᠤᠨ ᠭᠠᠯ ᠤᠨᠲᠠᠷᠠᠭᠠᠬᠤ ᠠᠵᠢᠯ ᠤᠨ ᠬᠢᠨᠠᠯᠲᠠ ᠪᠠᠶᠢᠴᠠᠭᠠᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃

      9.ᠠᠶᠤᠯᠭᠦᠢ ᠦᠢᠯᠡᠳᠪᠦᠷᠢᠯᠡᠯ ᠳᠤ ᠬᠤᠯᠪᠣᠭᠳᠠᠭᠰᠠᠨ ᠠᠮᠤᠷ ᠢ ᠬᠠᠮᠠᠭᠠᠯᠠᠬᠤ᠂ ᠡᠷᠡᠭᠦᠦ ᠶᠢᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃

      10.ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠶᠤᠯᠭᠦᠢ ᠦᠢᠯᠡᠳᠪᠦᠷᠢᠯᠡᠯ ᠳᠤ ᠬᠠᠤᠯᠢ ᠬᠡᠷᠡᠭᠵᠢᠬᠦᠯᠦᠨ ᠪᠠᠶᠢᠴᠠᠭᠠᠯᠲᠠ ᠬᠢᠬᠦ ᠶᠢ

ᠥᠷᠨᠢᠭᠦᠯᠵᠦ᠂ ᠲᠤᠬᠠᠢ ᠶᠢᠨ ᠬᠥᠮᠥᠨ ᠤ ᠬᠦᠴᠦᠷᠬᠡᠭᠯᠡᠯ᠂ ᠰᠦᠷᠳᠡᠭᠦᠯᠦᠯ ᠤᠨ ᠠᠷᠭ᠎ᠠ ᠮᠠᠶ᠋ᠢᠭ ᠢᠶᠠᠷ ᠪᠠᠶᠢᠴᠠᠭᠠᠬᠤ ᠶᠢ ᠲᠡᠪᠴᠢᠭᠰᠡᠨ᠂ ᠬᠠᠤᠯᠢ ᠬᠡᠷᠡᠭᠵᠢᠬᠦᠯᠦᠨ

ᠪᠠᠶᠢᠴᠠᠭᠠᠯᠲᠠ ᠬᠢᠬᠦ ᠵᠠᠷᠯᠢᠭ ᠢ ᠬᠡᠷᠡᠭᠵᠢᠭᠦᠯᠬᠦ ᠶᠢ ᠲᠡᠪᠴᠢᠭᠰᠡᠨ᠂ ᠬᠠᠮᠢᠶ᠎ᠠ ᠪᠦᠬᠦᠢ ᠮᠡᠷᠭᠡᠵᠢᠯ ᠤᠨ ᠮᠠᠲ᠋ᠧᠷᠢᠶᠠᠯ ᠬᠠᠩᠭᠠᠬᠤ ᠶᠢ ᠲᠡᠪᠴᠢᠭᠰᠡᠨ ᠵᠡᠷᠭᠡ ᠠᠯᠪᠠᠨ

ᠶᠠᠪᠤᠳᠠᠯ ᠢ ᠬᠠᠷᠰᠢᠯᠠᠭᠰᠠᠨ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠢ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ︔ ᠣᠯᠵᠤ ᠮᠡᠳᠡᠭᠰᠡᠨ ᠵᠢᠴᠢ

ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠢᠯᠵᠢᠭᠦᠯᠦᠨ ᠲᠤᠰᠢᠶᠠᠭᠰᠠᠨ ᠶᠠᠯ᠎ᠠ ᠪᠣᠯᠵᠤ ᠪᠦᠷᠢᠯᠳᠦᠭᠰᠡᠨ ᠦᠢᠯᠡᠳᠪᠦᠷᠢᠯᠡᠯ ᠡᠵᠡᠩᠨᠡᠯᠲᠡ ᠶᠢᠨ ᠦᠢᠯᠡ ᠠᠵᠢᠯᠯᠠᠭ᠎ᠠ ᠶᠢ

ᠪᠠᠶᠢᠴᠠᠭᠠᠨ ᠰᠢᠢᠳᠪᠦᠷᠢᠯᠡᠨ᠎ᠡ︔ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ ᠤᠨ ᠲᠤᠬᠠᠢ ᠶᠢᠨ ᠲᠠᠯᠠᠪᠤᠷ ᠢ ᠬᠠᠤᠯᠢ ᠶᠣᠰᠣᠭᠠᠷ ᠬᠠᠮᠠᠭᠠᠯᠠᠨ᠎ᠠ᠃

      ︵ᠵᠢᠷᠭᠤᠭ᠎ᠠ︶ ᠳᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ

      1. ᠠᠷᠠᠳ ᠤᠨ ᠶᠠᠪᠤᠳᠠᠯ ᠤᠨ ᠰᠢᠰᠲ᠋ᠧᠮ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      2.ᠣᠷᠤᠭ ᠤᠨ ᠳᠠᠩᠰᠠᠯᠠᠯᠲᠠ ᠶᠢᠨ ᠪᠠᠶᠢᠭᠤᠯᠤᠮᠵᠢ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ᠂

ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ᠂ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠵᠤ ᠬᠠᠮᠢᠶᠠᠷᠬᠤ

ᠪᠠᠶᠢᠭᠤᠯᠤᠮᠵᠢ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ᠂ ᠣᠶᠣᠨ ᠮᠡᠳᠡᠷᠡᠯ ᠡᠷᠡᠭᠦᠯ ᠬᠠᠮᠠᠭᠠᠯᠠᠯ ᠤᠨ ᠠᠰᠠᠷᠠᠮᠵᠢ ᠶᠢᠨ ᠪᠠᠶᠢᠭᠤᠯᠤᠮᠵᠢ ᠪᠠ ᠭᠡᠷ ᠲᠡᠭᠡᠨ

ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠪ ︵ᠥᠷᠲᠡᠭᠡ︶ ᠵᠡᠷᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ

ᠬᠠᠷᠢᠭᠤᠴᠠᠵᠤ᠂ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠪᠣᠷᠤᠯᠠᠭᠤᠯᠭ᠎ᠠ ᠶᠢᠨ ᠰᠢᠰᠲ᠋ᠧᠮ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ

ᠰᠠᠶᠢᠲᠤᠷ ᠬᠢᠨ᠎ᠡ᠃

      3.ᠣᠷᠣᠰᠢᠭᠤᠯᠭ᠎ᠠ ᠶᠢᠨ ᠡᠵᠡᠩᠨᠡᠯᠲᠡ ᠶᠢᠨ ᠠᠵᠢᠯᠯᠠᠭᠠᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

       ︵ᠲᠤᠯᠤᠭ᠎ᠠ︶ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ

      1. ᠠᠶᠤᠯᠬᠦᠢ ᠦᠢᠯᠡᠳᠪᠦᠷᠢᠯᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠠᠷᠠᠳ ᠢᠷᠭᠡᠳ ᠤᠨ ᠬᠠᠤᠯᠢ ᠲᠦᠭᠡᠮᠡᠯᠵᠢᠭᠦᠯᠬᠦ ᠴᠢᠬᠤᠯᠠ ᠠᠭᠤᠯᠭ᠎ᠠ ᠳᠤ

ᠣᠷᠣᠭᠤᠯᠬᠤ ᠶᠢ ᠬᠠᠷᠢᠭᠤᠴᠠᠵᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ

ᠵᠣᠬᠢᠴᠠᠭᠤᠯᠤᠨ ᠠᠬᠢᠭᠤᠯᠵᠤ᠂ ᠠᠶᠤᠯᠬᠦᠢ ᠦᠢᠯᠡᠳᠪᠦᠷᠢᠯᠡᠯ ᠤᠨ ᠳᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠥᠷᠭᠡᠨ ᠢᠶᠠᠷ ᠤᠬᠠᠭᠤᠯᠤᠨ

ᠲᠦᠭᠡᠮᠡᠯᠵᠢᠭᠦᠯᠦᠨ᠎ᠡ᠃

      2. ᠪᠥᠬᠦ ᠳᠤᠭᠤᠷᠢᠭ ᠤᠨ ᠠᠶᠤᠯᠬᠦᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠲᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ

ᠵᠢᠯᠣᠭᠤᠳᠤᠨ ᠬᠢᠨᠠᠯᠲᠠ ᠲᠠᠯᠪᠢᠵᠤ᠂ ᠠᠶᠤᠯᠬᠦᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠠᠮᠢᠶ᠎ᠠ ᠪᠦᠬᠦᠢ ᠲᠠᠬᠢᠨ ᠵᠥᠪᠯᠡᠬᠦ ᠬᠡᠷᠡᠭ ᠪᠣᠯᠣᠨ ᠬᠤᠯᠪᠣᠭᠳᠠᠯ ᠪᠦᠬᠦᠢ

ᠵᠠᠷᠭᠤ ᠬᠦᠯᠢᠶᠡᠬᠦ ᠬᠡᠷᠡᠭ ᠢ ᠳᠠᠭᠠᠭᠠᠨ ᠭᠦᠢᠴᠡᠳᠬᠡᠨ᠎ᠡ᠃

      3.ᠬᠠᠤᠯᠢᠴᠢ᠂ ᠠᠯᠪᠠᠨ ᠭᠡᠷᠡᠴᠢᠯᠡᠭᠡ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠵᠢᠯᠤᠭᠤᠳᠴᠤ᠂ ᠦᠢᠯᠡᠳᠪᠦᠷᠢᠯᠡᠯ

ᠡᠵᠡᠩᠨᠡᠯᠲᠡ ᠶᠢᠨ ᠨᠢᠬᠡᠴᠡ ᠳᠤ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃

      4.ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠶᠢᠨ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠭᠰᠡᠨ

ᠠᠶᠤᠯᠬᠦᠢ ᠦᠢᠯᠡᠳᠪᠦᠷᠢᠯᠡᠯ ᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠲᠥᠰᠥᠯ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃

      ︵ᠨᠠᠢᠮᠠ︶ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ

      1. ᠠᠶᠤᠯᠬᠦᠢ ᠦᠢᠯᠡᠳᠪᠦᠷᠢᠯᠡᠯ ᠤᠨ ᠠᠵᠢᠯ ᠤᠨ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ᠠᠶᠤᠯᠬᠦᠢ

ᠦᠢᠯᠡᠳᠪᠦᠷᠢᠯᠡᠯ ᠤᠨ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂  ᠠᠶᠤᠯᠬᠦᠢ ᠦᠢᠯᠡᠳᠪᠦᠷᠢᠯᠡᠯ ᠤᠨ ᠲᠦᠭᠰᠢᠭᠦᠷᠢ ᠶᠢ ᠰᠡᠷᠭᠡᠶᠢᠯᠡᠨ

ᠡᠵᠡᠮᠳᠡᠬᠦ᠂ ᠬᠦᠨᠳᠦ ᠶᠡᠭᠡ ᠠᠮᠤᠷ ᠲᠦᠪᠰᠢᠨ ᠤ ᠲᠠᠯᠳᠠ ᠭᠡᠮ ᠢ ᠵᠠᠰᠠᠬᠤ ᠪᠠ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠳᠡᠮᠵᠢᠬᠦ ᠪᠠᠨ

ᠴᠢᠩᠭᠠᠳᠬᠠᠨ᠎ᠠ᠃

      2. ᠳᠤᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠶᠤᠯᠬᠦᠢ ᠦᠢᠯᠡᠳᠪᠦᠷᠢᠯᠡᠯ ᠳᠤ ᠬᠡᠷᠡᠭᠰᠡᠬᠦ ᠠᠵᠢᠯ ᠤᠨ ᠵᠠᠷᠤᠳᠠᠯ  ᠢ ᠬᠠᠷᠢᠭᠤᠴᠠᠨ

ᠲᠣᠬᠢᠷᠠᠭᠤᠯᠬᠤ ᠶᠢᠨ ᠬᠠᠮᠲᠤ ᠵᠠᠷᠤᠳᠠᠯ ᠤᠨ ᠬᠡᠷᠡᠭᠯᠡᠯᠲᠡ ᠳᠤ ᠬᠢᠨᠠᠯᠲᠠ ᠲᠠᠯᠪᠢᠨ᠎ᠠ᠃

      3. ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠠᠷᠤᠳᠠᠯ ᠢ ᠪᠠᠲᠤᠯᠠᠬᠤ ᠲᠣᠭᠲᠠᠴᠠ ᠶᠢ ᠪᠦᠷᠢᠨᠰᠢᠭᠦᠯᠵᠦ᠂

ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠠᠷᠤᠳᠠᠯ ᠢ ᠠᠳᠠᠯᠢ ᠱᠠᠲᠤᠨ  ᠤ ᠡᠳ᠋ ᠤᠨ ᠵᠠᠰᠠᠭ ᠤᠨ ᠪᠠᠲᠤᠯᠠᠭ᠎ᠠ ᠶᠢᠨ

ᠬᠡᠪᠴᠢᠶᠡᠨ ᠳᠤ ᠣᠷᠣᠭᠤᠯᠤᠨ᠎ᠠ᠃

      ︵ᠶᠢᠰᠦ︶ ᠳᠤᠭᠤᠷᠢᠭ ᠤᠨ ᠬᠦᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ

       1. ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠳᠡᠭᠡᠳᠦ ᠰᠤᠷᠭᠠᠭᠤᠯᠢ ᠪᠠ

ᠪᠠᠶᠢᠭᠤᠯᠤᠮᠵᠢ ᠵᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠴᠢᠳᠠᠪᠤᠷᠢᠲᠠᠨ ᠤ ᠵᠠᠬ᠎ᠠ ᠳᠡᠯᠭᠡᠭᠦᠷ ᠪᠠ ᠬᠥᠳᠡᠯᠮᠦᠷᠢ ᠬᠦᠴᠦᠨ ᠤ

ᠵᠠᠬ᠎ᠠ ᠳᠡᠯᠭᠡᠭᠦᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃

      2. ᠠᠶᠤᠯᠬᠦᠢ ᠦᠢᠯᠡᠳᠪᠦᠷᠢᠯᠡᠯ᠂ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠬᠢᠭᠡᠳ

ᠮᠡᠳᠡᠯᠭᠡ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠬᠥᠮᠦᠵᠢᠯ ᠤᠨ ᠠᠭᠤᠯᠭ᠎ᠠ  ᠳᠤ ᠣᠷᠣᠭᠤᠯᠬᠤ ᠶᠢ ᠬᠠᠷᠢᠭᠤᠴᠠᠵᠤ᠂ ᠠᠶᠤᠯᠬᠦᠢ

ᠦᠢᠯᠡᠳᠪᠦᠷᠢᠯᠡᠯ ᠤᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠬᠥᠮᠦᠵᠢᠯ ᠤᠨ ᠠᠵᠢᠯ ᠢ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ

ᠮᠥᠴᠢᠷ ᠲᠠᠢ ᠬᠠᠮᠵᠢᠯᠴᠠᠨ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠳᠠᠬᠢ ᠡᠯ᠎ᠡ ᠲᠦᠷᠦᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ ᠤᠷ᠎ᠠ ᠴᠢᠳᠠᠪᠤᠷᠢ ᠶᠢᠨ

ᠴᠢᠳᠠᠪᠤᠷᠢᠲᠠᠨ ᠤ ᠲᠥᠯᠦᠪᠵᠢᠭᠦᠯᠭᠡ᠂ ᠬᠥᠮᠥᠵᠢᠭᠦᠯᠦᠯ᠂ ᠦᠷᠭᠦᠯᠵᠢᠯᠡᠨ ᠬᠥᠮᠥᠵᠢᠭᠦᠯᠬᠦ᠂ ᠬᠢᠨᠠᠨ ᠰᠢᠯᠭᠠᠬᠤ᠂ ᠱᠠᠩᠨᠠᠵᠤ ᠲᠣᠷᠭᠠᠬᠤ ᠵᠡᠷᠭᠡ ᠬᠠᠮᠢᠶ᠎ᠠ ᠪᠦᠬᠦᠢ

ᠲᠦᠷᠦ ᠶᠢᠨ ᠪᠣᠳᠣᠯᠭ᠎ᠠ ᠶᠢᠨ ᠲᠣᠭᠲᠠᠭᠠᠯ ᠢ ᠲᠣᠭᠲᠠᠭᠠᠨ ᠬᠡᠷᠡᠭᠵᠢᠭᠦᠯᠦᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠶᠤᠯᠬᠦᠢ ᠦᠢᠯᠡᠳᠪᠦᠷᠢᠯᠡᠯ

 ᠤᠨ ᠬᠦᠷᠢᠶᠡᠨ ᠤ ᠠᠵᠢᠯ ᠮᠡᠷᠭᠡᠵᠢᠯ ᠤᠨ ᠬᠢᠷᠢ ᠬᠡᠮ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠰᠢᠶᠠᠯ

ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ  ᠳᠠᠩᠰᠠᠯᠠᠭᠤᠯᠬᠤ ᠠᠮᠤᠷ ᠲᠦᠪᠰᠢᠨ ᠤ ᠢᠨᠵᠧᠨᠧᠷ ᠢ ᠬᠠᠮᠢᠶᠠᠷᠬᠤ ᠠᠵᠢᠯ ᠢ ᠦᠷᠨᠢᠬᠦᠯᠦᠨ᠎ᠡ᠃

      3. ᠠᠵᠤ ᠠᠬᠤᠶᠢᠯᠠᠯ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠤᠯᠴᠠᠬᠤ᠂ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ

ᠰᠡᠷᠭᠡᠶᠢᠯᠡᠬᠦ ᠠᠵᠢᠯ ᠢ ᠦᠷᠨᠢᠬᠦᠯᠬᠦ ᠳᠤ ᠬᠠᠤᠯᠢ ᠶᠤᠰᠤᠭᠠᠷ ᠬᠢᠨᠠᠯᠳᠠ ᠳᠠᠯᠪᠢᠵᠤ᠂ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠳᠤᠭᠳᠠᠭᠠᠬᠤ ᠶᠢ ᠬᠠᠷᠢᠭᠤᠴᠠᠬᠤ

 ᠶᠢᠨ ᠬᠠᠮᠲᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠯᠭᠤᠮᠵᠢ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃

      4.ᠡᠮᠡᠭᠲᠡᠢ ᠠᠵᠢᠯᠴᠢᠨ ᠪᠠ ᠨᠠᠰᠤᠨ ᠳᠤ ᠬᠦᠷᠦᠭᠡᠳᠦᠢ ᠠᠵᠢᠯᠴᠢᠨ ᠤ ᠬᠠᠮᠠᠭᠠᠯᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠢᠨᠠᠯᠳᠠ ᠳᠠᠯᠪᠢᠨ ᠪᠠᠶᠢᠴᠠᠭᠠᠯᠳᠠ

ᠬᠢᠬᠦ ᠶᠢ ᠬᠡᠷᠡᠭᠵᠢᠭᠦᠯᠦᠨ᠂ ᠠᠵᠢᠯᠴᠢᠨ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠡᠮᠡᠭᠲᠡᠢ ᠠᠵᠢᠯᠴᠢᠨ᠂ ᠨᠠᠰᠤᠨ ᠳᠤ ᠬᠦᠷᠦᠭᠡᠳᠦᠢ ᠠᠵᠢᠯᠴᠢᠨ ᠤ

ᠬᠥᠳᠡᠯᠮᠦᠷᠢ ᠶᠢᠨ ᠬᠠᠮᠠᠭᠠᠯᠠᠯᠲᠠ ᠶᠢ ᠬᠤᠬᠢᠷᠠᠭᠤᠯᠤᠭᠰᠠᠨ ᠪᠠ ᠬᠡᠦᠬᠡᠳ ᠠᠵᠢᠯᠴᠢᠨ ᠬᠡᠷᠡᠭᠯᠡᠭᠰᠡᠨ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ

ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠳᠡᠯᠮᠦᠷᠢ ᠶᠢᠨ

ᠪᠠᠲᠤᠯᠠᠭ᠎ᠠ ᠶᠢᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃

      ︵ᠠᠷᠪᠠ︶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩᠱᠧᠩ ᠳᠤᠭᠤᠷᠢᠭ ᠤᠨ ᠬᠤᠪᠢᠶᠠᠷᠢ ᠲᠣᠪᠴᠢᠶ᠎ᠠ

      1.ᠦᠨᠡᠮᠯᠡᠯ ᠦᠭᠡᠢ ᠪᠠᠷ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ᠂ ᠬᠠᠶᠢᠨ ᠪᠠᠶᠢᠴᠠᠭᠠᠬᠤ ᠦᠨᠡᠮᠯᠡᠯ ᠢᠶᠠᠷ ᠢᠶᠠᠨ ᠠᠭᠤᠷᠬᠠᠢ ᠮᠠᠯᠲᠠᠬᠤ᠂ ᠵᠠᠭᠠᠭ ᠳᠠᠪᠠᠵᠤ

ᠬᠠᠶᠢᠨ ᠪᠠᠶᠢᠴᠠᠭᠠᠬᠤ᠂ ᠵᠠᠭᠠᠭ ᠳᠠᠪᠠᠵᠤ ᠠᠭᠤᠷᠬᠠᠢ ᠮᠠᠯᠲᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠬᠦ

 ᠶᠢ ᠬᠠᠷᠢᠭᠤᠴᠠᠨ᠂ ᠬᠠᠤᠯᠢ ᠪᠤᠰᠤ ᠠᠭᠤᠷᠬᠠᠢ ᠪᠣᠯᠣᠨ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠭᠠᠬᠤ ᠪᠠᠷ ᠲᠣᠭᠲᠠᠭᠠᠭᠰᠠᠨ ᠠᠭᠤᠷᠬᠠᠢ ᠶᠢ

ᠴᠠᠭᠠᠵᠠᠯᠠᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠳᠤᠭᠤᠷᠭ ᠤᠨ ᠬᠠᠶᠠᠭᠳᠠᠮᠠᠯ ᠠᠭᠤᠷᠬᠠᠢ ᠶᠢᠨ ᠬᠤᠳᠳᠤᠭ ᠢ

ᠵᠠᠰᠠᠬᠤ ᠠᠵᠢᠯ ᠢ ᠵᠢᠯᠣᠭᠤᠳᠤᠨ ᠵᠣᠬᠢᠶᠠᠨ ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠨ᠎ᠠ᠃

      2.ᠭᠠᠵᠠᠷ ᠰᠢᠨᠵᠢᠯᠡᠭᠡᠨ ᠤ ᠬᠠᠶᠢᠨ ᠰᠢᠨᠵᠢᠬᠦ ︵ᠲᠡᠮᠦᠷᠯᠢᠭ ᠪᠤᠰᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠯᠡᠬᠦ ᠠᠴᠠ ᠭᠠᠳᠠᠨ᠎ᠠ︶

ᠪᠠ ᠬᠡᠮᠵᠢᠨ ᠵᠢᠷᠤᠬᠤ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃

      3.ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠶᠡᠷᠦᠩᠬᠡᠶᠢᠯᠡᠨ ᠵᠠᠰᠠᠬᠤ᠂ ᠭᠠᠵᠠᠷ ᠰᠢᠷᠣᠢ ᠶᠢ ᠡᠮᠬᠢᠯᠡᠨ ᠳᠠᠬᠢᠨ ᠬᠠᠭᠠᠯᠪᠤᠷᠢᠯᠠᠬᠤ᠂ ᠭᠠᠵᠠᠷ ᠰᠢᠨᠵᠢᠯᠡᠬᠡᠨ

 ᠤ ᠭᠠᠢ ᠭᠠᠮᠰᠢᠭ ᠢ ᠰᠡᠷᠭᠡᠶᠢᠯᠡᠬᠦ ᠪᠠ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ  ᠠᠶᠤᠯᠬᠦᠢ ᠦᠢᠯᠡᠳᠪᠦᠷᠢᠯᠡᠯ ᠤᠨ ᠬᠢᠨᠠᠯᠲᠠ

ᠬᠠᠮᠢᠶᠠᠷᠤᠯᠲᠠ ᠶᠢ ᠬᠠᠷᠢᠭᠤᠴᠠᠨ᠎ᠠ︔ ᠭᠠᠵᠠᠷ ᠰᠢᠨᠵᠢᠯᠡᠬᠡᠨ ᠤ ᠭᠠᠢ ᠭᠠᠮᠰᠢᠭ ᠢ ᠵᠠᠰᠠᠬᠤ ᠪᠠᠷᠢᠯᠭ᠎ᠠ ᠶᠢ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ

ᠪᠠᠷᠢᠬᠤ ᠪᠠ ᠬᠢᠨᠠᠨ ᠬᠠᠮᠢᠶᠠᠷᠬᠤ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃

      4. ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠦᠶ᠎ᠡ ᠳᠤ᠂ ᠠᠶᠤᠯᠲᠠᠢ ᠬᠢᠮᠢ ᠶᠢᠨ ᠪᠤᠳᠠᠰ ᠵᠡᠷᠭᠡ ᠨᠡᠯᠢᠶᠡᠳ ᠶᠡᠭᠡ ᠠᠶᠤᠯᠲᠠᠢ ᠬᠤᠣᠷ

ᠬᠥᠨᠥᠭᠡᠯ ᠲᠠᠢ ᠬᠦᠴᠦᠨ ᠵᠦᠢᠯ ᠢ ᠦᠢᠯᠡᠳᠪᠦᠷᠢᠯᠡᠵᠦ ᠬᠠᠳᠠᠭᠠᠯᠠᠬᠤ ᠲᠠᠯᠠᠪᠤᠷ ᠭᠠᠵᠠᠷ ᠪᠤᠶᠤ ᠲᠥᠬᠦᠭᠡᠷᠦᠮᠵᠢ ᠶᠢ  ᠬᠠᠮᠢᠶ᠎ᠠ ᠪᠦᠬᠦᠢ ᠲᠣᠭᠲᠠᠭᠠᠯ ᠶᠣᠰᠣᠭᠠᠷ ᠵᠣᠬᠢᠰᠲᠠᠢ

ᠣᠷᠣᠨ ᠪᠦᠰᠡ ᠳᠤ ᠲᠥᠯᠥᠪᠵᠢᠭᠦᠯᠦᠨ᠎ᠡ︔ ᠠᠶᠤᠯᠲᠠᠢ ᠬᠢᠮᠢ ᠶᠢᠨ ᠪᠤᠳᠠᠰ ᠦᠢᠯᠡᠳᠪᠦᠷᠢᠯᠡᠬᠦ᠂ ᠬᠠᠳᠠᠭᠠᠯᠠᠬᠤ ᠠᠵᠢᠯ ᠲᠦᠷᠦᠯ ᠤᠨ ᠲᠥᠯᠦᠪᠵᠢᠭᠦᠯᠭᠡ ᠪᠠ

ᠪᠠᠶᠢᠷᠢᠯᠠᠭᠤᠯᠤᠯᠲᠠ ᠶᠢ ᠬᠠᠷᠢᠭᠤᠴᠠᠨ᠎ᠠ᠃

      ︵ᠠᠷᠪᠠᠨ ᠨᠢᠭᠡ︶ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳ᠋ᠦᠩᠱᠧᠩ ᠳᠤᠭᠤᠷᠢᠭ ᠤᠨ ᠬᠤᠪᠢᠶᠠᠷᠢ ᠲᠣᠪᠴᠢᠶ᠎ᠠ

      1. ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ︔ ᠣᠶ

ᠰᠢᠭᠤᠢ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠤᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ

ᠬᠠᠷᠢᠭᠤᠴᠠᠨ᠎ᠠ︔ ᠤᠢ ᠮᠣᠳᠣ ᠣᠭᠲᠣᠯᠬᠤ ᠪᠠ ᠲᠡᠭᠡᠭᠡᠪᠦᠷᠢᠯᠡᠬᠦ᠂ ᠤᠢ ᠰᠢᠭᠤᠢ ᠶᠢᠨ ᠭᠠᠷᠤᠯᠲᠠ ᠶᠢ ᠪᠣᠯᠪᠠᠰᠤᠷᠠᠭᠤᠯᠬᠤ ᠵᠢᠴᠢ ᠤᠢ ᠰᠢᠭᠤᠢ ᠶᠢᠨ ᠡᠬᠢ ᠪᠠᠶᠠᠯᠢᠭ ᠢ

ᠶᠡᠷᠦᠩᠬᠡᠶᠢᠯᠡᠨ ᠠᠰᠢᠭᠯᠠᠬᠤ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      2. ᠪᠥᠬᠦ ᠳᠤᠭᠤᠷᠢᠭ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠯᠳᠠᠷᠲᠤ ᠦᠵᠡᠮᠵᠢ ᠶᠢᠨ ᠣᠷᠣᠨ᠂ ᠭᠠᠵᠠᠷ ᠰᠢᠨᠵᠢᠯᠡᠭᠡᠨ ᠤ ᠴᠡᠴᠡᠷᠯᠢᠭ᠂

ᠪᠠᠶᠢᠭᠠᠯᠢ ᠶᠢᠨ ᠥᠪ ᠬᠥᠷᠥᠩᠭᠡ᠂ ᠣᠶ ᠰᠢᠭᠤᠢ ᠶᠢᠨ ᠴᠡᠴᠡᠷᠯᠢᠭ᠂ ᠴᠢᠭᠢᠭᠯᠢᠭ ᠭᠠᠵᠠᠷ ᠤᠨ ᠴᠡᠴᠡᠷᠯᠢᠭ᠂ ᠡᠯᠡᠰᠦᠨ ᠴᠥᠯ ᠤᠨ ᠴᠡᠴᠡᠷᠯᠢᠭ ᠵᠡᠷᠭᠡ ᠡᠯ᠎ᠡ ᠲᠥᠷᠥᠯ ᠤᠨ

ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃

      ︵ᠠᠷᠪᠠᠨ ᠬᠤᠶᠠᠷ︶ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠳ᠋ᠦᠩᠱᠧᠩ ᠳᠤᠭᠤᠷᠢᠭ ᠤᠨ ᠬᠤᠪᠢᠶᠠᠷᠢ ᠲᠣᠪᠴᠢᠶ᠎ᠠ

      1. ᠴᠥᠮ᠎ᠡ ᠶᠢᠨ ᠠᠮᠤᠷ ᠲᠦᠪᠰᠢᠨ ᠪᠠ ᠰᠠᠴᠤᠷᠠᠭ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠪᠥᠬᠦ  ᠳᠤᠭᠤᠷᠢᠭ ᠤᠨ

ᠰᠠᠴᠤᠷᠠᠭ ᠴᠢᠨᠠᠷᠲᠠᠢ ᠬᠠᠶᠠᠭᠳᠠᠮᠠᠯ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃

      2. ᠬᠠᠶᠠᠭᠳᠠᠮᠠᠯ ᠠᠶᠤᠯᠲᠠᠢ ᠬᠢᠮᠢ ᠶᠢᠨ ᠪᠤᠳᠠᠰ ᠵᠡᠷᠬᠡ ᠠᠶᠤᠯᠲᠠᠢ ᠬᠠᠶᠠᠭᠳᠠᠮᠠᠯ ᠪᠣᠳᠠᠰ ᠢ ᠴᠤᠭᠯᠠᠭᠤᠯᠬᠤ᠂ ᠬᠠᠳᠠᠭᠠᠯᠠᠬᠤ᠂ ᠠᠰᠢᠭᠯᠠᠬᠤ᠂ ᠰᠢᠢᠳᠪᠦᠷᠢᠯᠡᠬᠦ

ᠵᠡᠷᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      3. ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃

      4. ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠣᠷᠴᠢᠨ ᠲᠣᠭᠤᠷᠢᠨ ᠤ ᠡᠬᠦᠰᠦᠮᠡᠯ ᠪᠣᠬᠢᠷᠳᠤᠯ ᠪᠣᠯᠣᠨ ᠣᠷᠴᠢᠨ ᠲᠣᠭᠤᠷᠢᠨ ᠤ  ᠪᠤᠰᠤᠳ

ᠬᠠᠮᠢᠶ᠎ᠠ ᠪᠦᠬᠦᠢ ᠬᠡᠨᠡᠳᠳᠡ ᠶᠢᠨ ᠬᠡᠷᠡᠭ ᠢ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃

      5. ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠳᠠᠯᠭ᠎ᠠ ᠲᠠᠢ ᠲᠦᠬᠦᠬᠡᠷᠦᠮᠵᠢ ᠪᠠ ᠲᠥᠷᠥᠯ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ

ᠦᠨᠡᠯᠡᠨ ᠵᠢᠱᠢᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠦᠷᠨᠢᠬᠦᠯᠬᠦ ᠶᠢ ᠵᠢᠯᠤᠭᠤᠳᠤᠨ ᠬᠢᠨᠠᠯᠳᠠ ᠳᠠᠯᠪᠢᠨ᠎ᠠ᠃

      ︵ᠠᠷᠪᠠᠨ ᠭᠤᠷᠪᠠ︶ ᠲᠣᠭᠤᠷᠢᠭ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ

      1. ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ  ᠳᠤ ᠬᠢᠨᠠᠯᠲᠠ

ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃

      2. ᠪᠠᠷᠢᠯᠭ᠎ᠠ ᠪᠠᠷᠢᠬᠤ᠂ ᠤᠭᠰᠠᠷᠠᠬᠤ᠂ ᠵᠠᠰᠠᠵᠤ ᠴᠢᠮᠡᠬᠦ ︵ᠰᠢᠯ ᠬᠥᠰᠢᠭᠡᠲᠦ ᠬᠡᠷᠡᠮ ᠤᠨ ᠪᠠᠷᠢᠯᠭ᠎ᠠ ᠪᠠᠭᠲᠠᠨ᠎ᠠ︶᠂ ᠬᠠᠶᠢᠨ ᠪᠠᠶᠢᠴᠠᠭᠠᠵᠤ ᠵᠢᠷᠤᠭᠯᠠᠨ

ᠲᠥᠯᠥᠪᠯᠡᠬᠦ᠂ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ᠂ ᠪᠠᠷᠢᠯᠭ᠎ᠠ ᠶᠢᠨ ᠡᠨᠧᠷᠭᠢ ᠠᠷᠪᠢᠯᠠᠬᠤ᠂ ᠪᠠᠷᠢᠯᠭ᠎ᠠ ᠶᠢ ᠥᠭᠡᠷᠡᠴᠢᠯᠡᠬᠦ᠂ ᠪᠠᠷᠢᠯᠭ᠎ᠠ ᠶᠢ

ᠨᠤᠷᠠᠭᠠᠬᠤ ᠵᠡᠷᠭᠡ ᠪᠠᠷᠢᠯᠭ᠎ᠠ ᠶᠢᠨ ᠦᠢᠯᠡᠰ ᠵᠢᠴᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ

ᠬᠠᠮᠢᠶᠠᠷᠬᠤ ᠶᠢ ᠬᠠᠷᠢᠭᠤᠴᠠᠨ᠎ᠠ︔ ᠡᠯ᠎ᠡ ᠲᠥᠷᠥᠯ ᠤᠨ ᠭᠡᠷ ᠪᠠᠶᠢᠰᠢᠩ ᠤᠨ ᠪᠠᠷᠢᠯᠭ᠎ᠠ ᠵᠢᠴᠢ ᠳᠠᠭᠠᠯᠲᠠ ᠲᠦᠬᠦᠬᠡᠷᠦᠮᠵᠢ ᠶᠢᠨ ᠪᠠᠷᠢᠯᠭ᠎ᠠ ᠶᠢᠨ ᠠᠮᠤᠷ ᠲᠦᠪᠰᠢᠨ ᠤ

ᠬᠢᠨᠠᠯᠲᠠ ᠬᠠᠮᠢᠶᠠᠷᠤᠯᠳᠠ ᠶᠢ ᠬᠠᠷᠢᠭᠤᠴᠠᠨ᠎ᠠ᠃

      3. ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ︵ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂

ᠴᠠᠬᠢᠯᠭᠠᠨ ᠬᠦᠴᠦᠨ᠂ ᠴᠢᠮᠡᠭᠡ ᠬᠤᠯᠪᠣᠭ᠎ᠠ ᠵᠡᠷᠭᠡ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠲᠤᠰᠬᠠᠢ ᠮᠡᠷᠭᠡᠵᠢᠯ ᠤᠨ ᠪᠦᠲᠦᠭᠡᠨ

ᠪᠠᠶᠢᠭᠤᠯᠤᠯᠲᠠ ᠶᠢᠨ ᠪᠠᠷᠢᠯᠭ᠎ᠠ ᠠᠴᠠ ᠭᠠᠳᠠᠨ᠎ᠠ︶ ᠶᠢᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠰᠢᠨ᠎ᠡ ᠪᠠᠷ ᠪᠠᠶᠢᠭᠤᠯᠬᠤ᠂

ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠵᠡᠷᠭᠡ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠮᠤᠷ ᠲᠦᠪᠰᠢᠨ ᠤ ᠬᠢᠨᠠᠯᠳᠠ  ᠬᠠᠮᠢᠶᠠᠷᠤᠯᠲᠠ ᠶᠢ

ᠬᠠᠷᠢᠭᠤᠴᠠᠨ᠎ᠠ᠃

      4. ︽ᠳᠥᠷᠪᠡ ᠦᠭᠡᠢ︾ ᠪᠦᠲᠦᠭᠡᠨ ᠪᠠᠶᠢᠭᠤᠯᠤᠯᠲᠠ ︵ᠵᠢᠩᠬᠢᠨᠢ ᠪᠠᠷ ᠬᠢᠨᠠᠨ ᠵᠥᠪᠰᠢᠶᠡᠷᠡᠭᠰᠡᠨ ᠦᠭᠡᠢ᠂  ᠵᠢᠷᠤᠭᠯᠠᠨ ᠲᠦᠯᠦᠪᠯᠡᠬᠦ ᠬᠢᠷᠢ ᠬᠡᠮᠵᠢᠶ᠎ᠡ ᠦᠬᠡᠢ᠂

ᠪᠠᠷᠢᠯᠭ᠎ᠠ ᠪᠠᠷᠢᠬᠤ ᠬᠢᠷᠢ ᠬᠡᠮᠵᠢᠶ᠎ᠡ ᠦᠬᠡᠢ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠤᠭᠰᠠᠨ ᠦᠭᠡᠢ︶᠂  ᠬᠡᠷᠡᠭᠯᠡᠬᠡᠨ ᠤ ᠴᠢᠳᠠᠮᠵᠢ ᠶᠢ ᠳᠤᠷ᠎ᠠ ᠪᠠᠷ ᠢᠶᠠᠨ

ᠬᠤᠪᠢᠷᠠᠭᠤᠯᠤᠭᠰᠠᠨ ᠪᠠᠷᠢᠯᠭ᠎ᠠ ︵ᠲᠦᠷᠭᠡᠨ ᠪᠠᠭᠤᠳᠠᠯ ᠵᠡᠷᠭᠡ ᠪᠠᠭᠲᠠᠨ᠎ᠠ︶᠂ ᠭᠡᠷ ᠪᠠᠶᠢᠰᠢᠩ ᠤᠨ ᠪᠦᠲᠦᠴᠡ ᠪᠣᠯᠣᠨ ᠪᠠᠶᠢᠷᠢᠰᠢᠭᠤᠯᠤᠯ ᠢ ᠳᠤᠷ᠎ᠠ ᠪᠠᠷ ᠢᠶᠠᠨ

ᠬᠤᠪᠢᠷᠠᠭᠤᠯᠤᠭᠰᠠᠨ ᠪᠠᠷᠢᠯᠭ᠎ᠠ ︵ᠪᠥᠭᠡᠮ ᠢᠶᠠᠷ ᠲᠦᠷᠢᠶᠡᠰᠦᠯᠡᠭᠰᠡᠨ ᠭᠡᠷ ᠪᠠᠶᠢᠰᠢᠩ ᠵᠡᠷᠭᠡ ᠪᠠᠭᠲᠠᠨ᠎ᠠ︶ ᠵᠡᠷᠭᠡ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃

      5. ᠬᠤᠲᠠ ᠶᠢᠨ ᠭᠠᠵᠠᠷ ᠳᠣᠣᠷᠠᠬᠢ ᠲᠡᠮᠦᠷ ᠵᠠᠮ᠂ ᠵᠠᠮᠲᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ

ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃

      6. ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠦᠬᠦᠬᠡᠷᠦᠮᠵᠢ ᠶᠢᠨ ᠪᠠᠷᠢᠯᠭ᠎ᠠ ᠳᠤ ᠬᠡᠷᠡᠭᠯᠡᠬᠦ ᠡᠷᠬᠦᠬᠦᠷ ᠮᠠᠰᠢᠨ᠂ ᠲᠤᠰᠬᠠᠢ

ᠬᠡᠷᠡᠭᠯᠡᠬᠦ ᠮᠠᠰᠢᠨ ᠲᠡᠷᠭᠡ ᠵᠡᠷᠭᠡ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠠᠷᠢᠯᠭ᠎ᠠ ᠶᠢᠨ ᠭᠠᠵᠠᠷ ᠤᠨ ᠴᠠᠬᠢᠯᠭᠠᠨ ᠱᠠᠲᠤ

ᠤᠭᠰᠠᠷᠠᠬᠤ ᠬᠤᠭᠤᠴᠠᠭᠠᠨ ᠤ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠮᠵᠢᠯᠴᠠᠨ ᠰᠠᠶᠢᠲᠤᠷ ᠬᠢᠨ᠎ᠡ᠃

      7. ᠤᠷᠢᠳᠴᠢᠯᠠᠨ ᠬᠤᠯᠢᠭᠰᠠᠨ ᠪᠧᠲ᠋ᠤᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠵᠢᠴᠢ ᠤᠷᠢᠳᠴᠢᠯᠠᠨ ᠬᠤᠯᠢᠭᠰᠠᠨ ᠪᠧᠲ᠋ᠤᠨ ᠤ ᠠᠵᠤ

ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢ ᠬᠠᠷᠢᠭᠤᠴᠠᠨ᠎ᠠ᠃

      8. ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠰᠢᠲᠠᠮᠠᠬᠠᠢ ᠬᠡᠢ ᠶᠢᠨ

ᠡᠵᠡᠩᠨᠡᠯᠲᠡ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠢᠴᠢ ᠬᠠᠮᠢᠶ᠎ᠠ ᠪᠦᠬᠦᠢ ᠰᠢᠲᠠᠮᠠᠬᠠᠢ ᠬᠡᠢ ᠶᠢᠨ ᠲᠦᠬᠦᠬᠡᠷᠦᠮᠵᠢ ᠶᠢᠨ ᠪᠦᠲᠦᠭᠡᠨ

ᠪᠠᠶᠢᠭᠤᠯᠤᠯᠲᠠ᠂ ᠬᠠᠮᠢᠶᠠᠷᠴᠤ ᠬᠠᠮᠠᠭᠠᠯᠠᠬᠤ᠂ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠢ ᠤᠭᠰᠠᠷᠠᠬᠤ᠂ ᠰᠡᠯᠪᠢᠨ ᠵᠠᠰᠠᠬᠤ ᠵᠢᠴᠢ ᠬᠠᠮᠢᠶ᠎ᠠ ᠪᠦᠬᠦᠢ ᠬᠠᠮᠢᠶᠠᠷᠤᠯᠲᠠ ᠶᠢᠨ

ᠠᠵᠢᠯᠯᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      9. ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠢ

ᠬᠠᠷᠢᠭᠤᠴᠠᠨ᠎ᠠ᠃

      10. ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠣᠷᠣᠨ ᠰᠠᠭᠤᠴᠠ ᠶᠢᠨ ᠠᠮᠤᠷ ᠲᠦᠪᠰᠢᠨ ᠪᠠ ᠨᠤᠷᠠᠬᠤ

ᠠᠶᠤᠯᠲᠠᠢ ᠭᠡᠷ ᠪᠠᠶᠢᠰᠢᠩ ᠤᠨ ᠥᠭᠡᠷᠡᠴᠢᠯᠡᠯᠲᠡ ᠵᠢᠴᠢ ᠰᠢᠲᠠᠮᠠᠬᠠᠢ ᠬᠡᠢ ᠶᠢᠨ ᠢᠨᠵᠧᠨᠧᠷᠢᠩ ᠤᠨ ᠶᠠᠰᠤ ᠴᠢᠨᠠᠷ ᠪᠠ ᠠᠵᠢᠯᠯᠠᠭᠠᠨ ᠤ ᠠᠮᠤᠷ ᠲᠦᠪᠰᠢᠨ ᠤ

ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃

      11. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠭᠤᠴᠠᠯᠭᠠᠲᠠᠨ ᠲᠠᠢ ᠬᠠᠮᠵᠢᠯᠴᠠᠨ ᠠᠷᠠᠳ ᠤᠨ ᠠᠭᠠᠷ ᠤᠨ ᠰᠡᠷᠬᠡᠶᠢᠯᠡᠯᠳᠡ ᠶᠢᠨ ᠪᠠᠷᠢᠯᠭ᠎ᠠ ᠶᠢᠨ

ᠪᠦᠲᠦᠭᠡᠨ ᠪᠠᠶᠢᠭᠤᠯᠤᠯᠲᠠ᠂ ᠠᠷᠠᠴᠢᠯᠠᠨ ᠬᠠᠮᠠᠭᠠᠯᠠᠯᠲᠠ ᠪᠠ ᠬᠡᠷᠡᠭᠯᠡᠯᠲᠡ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔

ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠳᠣᠲᠣᠷ᠎ᠠ ᠪᠠᠶᠢᠭᠤᠯᠤᠭᠰᠠᠨ ᠦᠢᠯᠡᠳᠪᠦᠷᠢᠯᠡᠯ

ᠡᠵᠡᠩᠨᠡᠯᠲᠡ ᠶᠢᠨ ᠭᠠᠵᠠᠷ ᠲᠠᠯᠠᠪᠤᠷ ᠤᠨ ᠠᠶᠤᠯᠬᠦᠢ ᠦᠢᠯᠡᠳᠪᠦᠷᠢᠯᠡᠯ ᠤᠨ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃

      12. ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠠᠵᠢᠯ ᠲᠥᠷᠥᠯ ︵ᠬᠤᠲᠠ ᠶᠢᠨ ᠵᠠᠮ ᠬᠥᠭᠦᠷᠭᠡ ᠶᠢᠨ ᠨᠦᠬᠡᠨ ᠵᠠᠮ᠂ ᠬᠤᠲᠠ ᠶᠢᠨ

ᠭᠡᠷᠡᠯᠲᠦᠭᠦᠯᠭᠡ᠂ ᠤᠰᠤ ᠬᠠᠩᠭᠠᠬᠤ ᠤᠰᠤ ᠵᠠᠯᠠᠬᠤ᠂ ᠢᠯᠴᠢ ᠬᠠᠩᠭᠠᠬᠤ᠂ ᠬᠤᠲᠠ ᠶᠢᠨ ᠦᠵᠡᠮᠵᠢ ᠣᠷᠴᠢᠨ ᠲᠣᠭᠤᠷᠢᠨ ᠢ ᠵᠠᠰᠠᠬᠤ᠂ ᠴᠡᠴᠡᠷᠯᠢᠭᠵᠢᠭᠦᠯᠦᠨ

ᠨᠣᠭᠤᠭᠠᠷᠠᠭᠤᠯᠬᠤ᠂ ᠬᠤᠲᠠ ᠶᠢᠨ ᠭᠠᠵᠠᠷ ᠳᠣᠣᠷᠠᠬᠢ ᠣᠷᠣᠨ ᠵᠠᠢ ᠶᠢ ᠨᠡᠭᠡᠭᠡᠨ ᠠᠰᠢᠭᠯᠠᠬᠤ᠂ ᠬᠤᠲᠠ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ

ᠲᠦᠬᠦᠬᠡᠷᠦᠮᠵᠢ ᠪᠠ ᠬᠤᠭᠤᠯᠠᠢ ᠲᠣᠣᠷ ᠵᠡᠷᠭᠡ ᠶᠢ ᠪᠠᠭᠲᠠᠭᠠᠨ᠎ᠠ︶ ᠪᠣᠯᠣᠨ ᠠᠳᠠᠯ ᠠᠬᠤᠢ ᠶᠢᠨ ᠦᠢᠯᠡᠴᠢᠯᠡᠭᠡ᠂ ᠭᠡᠷ ᠪᠠᠶᠢᠰᠢᠩ ᠲᠠᠲᠠᠪᠤᠷᠢᠯᠠᠨ ᠨᠤᠷᠠᠭᠠᠵᠤ ᠨᠡᠭᠦᠯᠭᠡᠬᠦ

ᠵᠡᠷᠭᠡ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠵᠢᠯᠤᠭᠤᠳᠬᠤ ᠶᠢ ᠬᠠᠷᠢᠭᠤᠴᠠᠨ᠎ᠠ᠃

      ︵ᠠᠷᠪᠠᠨ ᠳᠥᠷᠪᠡ︶ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ

      1. ᠵᠠᠰᠠᠮᠠᠯ ᠵᠠᠮ᠂ ᠤᠰᠤᠨ ᠵᠠᠮ ᠤᠨ ᠲᠡᠭᠡᠭᠡᠪᠦᠷᠢ ᠶᠢᠨ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ

ᠬᠠᠷᠢᠭᠤᠴᠠᠨ᠎ᠠ᠃

      2. ᠵᠠᠰᠠᠮᠠᠯ ᠵᠠᠮ᠂ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ

ᠬᠠᠷᠢᠭᠤᠴᠠᠨ᠎ᠠ᠃ ᠬᠠᠷᠢᠶ᠎ᠠ ᠣᠷᠣᠨ ᠤ ᠵᠠᠰᠠᠮᠠᠯ ᠵᠠᠮ᠂ ᠬᠥᠭᠦᠷᠭᠡ᠂ ᠨᠦᠬᠡᠨ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯᠬᠦᠢ ᠦᠢᠯᠡᠳᠪᠦᠷᠢᠯᠡᠯ

ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ᠃

      3. ᠭᠤᠣᠯ ᠤᠨ ᠵᠠᠮ ᠠᠴᠠ ᠬᠠᠶᠢᠷ ᠮᠠᠯᠳᠠᠵᠤ ᠠᠶᠠᠯᠠᠯ ᠤᠨ ᠠᠮᠤᠷ ᠲᠦᠪᠰᠢᠨ ᠢ ᠨᠦᠯᠦᠬᠡᠯᠡᠬᠦ ᠪᠠᠶᠢᠳᠠᠯ ᠳᠤ ᠬᠢᠨᠠᠯᠳᠠ ᠳᠠᠯᠪᠢᠨ  ᠬᠠᠮᠢᠶᠠᠷᠬᠤ ᠶᠢ

ᠬᠠᠷᠢᠭᠤᠴᠠᠨ᠎ᠠ᠃

      4. ᠳᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠲᠦᠬᠦᠬᠡᠷᠦᠮᠵᠢ᠂ ᠲᠦᠬᠦᠬᠡᠷᠦᠮᠵᠢ᠂ ᠲᠡᠮᠳᠡᠭ

ᠵᠡᠷᠭᠡ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠰᠢᠶᠠᠨ ᠤ ᠵᠠᠮ ᠬᠢᠭᠡᠳ ᠬᠥᠭᠦᠷᠭᠡ ᠶᠢᠨ ᠠᠮᠤᠷ ᠲᠦᠪᠰᠢᠨ ᠲᠠᠯᠳᠠ ᠭᠡᠮ ᠤᠨ ᠵᠠᠰᠠᠯᠳᠠ

 ᠶᠢᠨ ᠠᠵᠢᠯ ᠢ ᠵᠣᠬᠢᠶᠠᠨ ᠪᠠᠶᠢᠭᠤᠯᠵᠤ᠂ ᠬᠢᠨᠠᠯᠲᠠ ᠲᠠᠯᠪᠢᠨ᠎ᠠ᠃

      5. ᠰᠢᠶᠠᠨ ᠤ ᠵᠠᠮ ᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠵᠠᠮ ᠬᠠᠷᠢᠯᠴᠠᠭ᠎ᠠ ᠶᠢ ᠬᠥᠲᠥᠯᠥᠨ ᠵᠢᠯᠤᠭᠤᠳᠬᠤ ᠵᠡᠷᠭᠡ ᠬᠠᠮᠢᠶᠠᠷᠤᠯᠲᠠ ᠶᠢᠨ

ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠶᠢ ᠬᠠᠷᠢᠭᠤᠴᠠᠨ᠎ᠠ᠃

      6. ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠰᠠᠮᠠᠯ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ

ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠠᠶᠠᠨᠴᠢᠳ ᠲᠡᠭᠡᠭᠡᠪᠦᠷᠢᠯᠡᠬᠦ᠂ ᠪᠠᠷᠠᠭ᠎ᠠ ᠲᠡᠭᠡᠭᠡᠪᠦᠷᠢᠯᠡᠬᠦ᠂ ᠠᠶᠠᠨᠴᠢᠳ ᠪᠠ ᠪᠠᠷᠠᠭ᠎ᠠ ᠲᠡᠭᠡᠭᠡᠪᠦᠷᠢᠯᠡᠬᠦ ᠲᠠᠯᠠᠪᠤᠷ

ᠥᠷᠳᠡᠭᠡ ᠶᠢᠨ ᠡᠵᠡᠩᠨᠡᠯᠲᠡ ᠵᠢᠴᠢ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ ︵ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠪᠣᠯᠣᠨ

ᠰᠦᠯᠵᠢᠶ᠎ᠡ ᠪᠠᠷ ᠪᠣᠯᠵᠣᠭᠰᠠᠨ ᠲᠦᠷᠢᠶᠡᠰᠦᠨ ᠮᠠᠰᠢᠨ ᠲᠡᠷᠭᠡ ᠪᠠᠭᠲᠠᠨ᠎ᠠ︶᠂ ᠮᠠᠰᠢᠨ ᠲᠡᠷᠭᠡ ᠲᠦᠷᠢᠶᠡᠰᠦᠯᠡᠬᠦ ᠵᠡᠷᠭᠡ ᠠᠵᠢᠯ ᠲᠥᠷᠥᠯ ᠤᠨ ᠠᠶᠤᠯᠬᠦᠢ

ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃

      7. ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠵᠡᠩᠨᠡᠯᠳᠡ ᠶᠢᠨ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠴᠢᠨᠠᠷᠲᠠᠢ ᠴᠢᠳᠠᠮᠵᠢ ᠶᠢ ᠪᠠᠶᠢᠴᠠᠭᠠᠨ

ᠬᠡᠮᠵᠢᠬᠦ ᠪᠠ ᠮᠠᠰᠢᠨ ᠲᠡᠷᠭᠡ ᠰᠡᠯᠪᠢᠨ ᠵᠠᠰᠠᠬᠤ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠂ ᠮᠠᠰᠢᠨ ᠲᠡᠷᠭᠡᠨ ᠤ

ᠵᠢᠯᠣᠭᠤᠴᠢ ᠶᠢᠨ ᠪᠣᠯᠪᠠᠰᠤᠷᠠᠭᠤᠯᠤᠯ᠂ ᠮᠠᠰᠢᠨ ᠲᠡᠷᠭᠡᠨ ᠤ ᠶᠡᠷᠦᠩᠬᠡᠶᠢᠯᠡᠭᠰᠡᠨ ᠴᠢᠨᠠᠷᠲᠠᠢ ᠴᠢᠳᠠᠮᠵᠢ ᠶᠢ ᠪᠠᠶᠢᠴᠠᠭᠠᠨ ᠬᠡᠮᠵᠢᠵᠤ ᠠᠮᠤᠷ ᠲᠦᠪᠰᠢᠨ ᠤ ᠶᠡᠷᠦᠩᠬᠡᠶᠢᠯᠡᠭᠰᠡᠨ

ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      8. ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠳᠡᠷᠬᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔

ᠠᠶᠠᠨᠴᠢᠳ ᠤᠨ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ ᠢ ᠬᠠᠤᠯᠢ ᠶᠣᠰᠣᠭᠠᠷ ᠣᠯᠣᠭᠰᠠᠨ ᠪᠦᠬᠡᠳ ᠰᠤᠷᠤᠭᠴᠢ ᠵᠥᠭᠡᠭᠡᠪᠦᠷᠢᠯᠡᠬᠦ ᠲᠡᠷᠭᠡ ᠶᠢᠨ

ᠵᠥᠪᠰᠢᠶᠡᠷᠡᠯ ᠢ ᠣᠯᠣᠭᠰᠠᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃

      9. ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠ ᠫᠠᠶᠢᠰᠠ

ᠦᠭᠡᠢ᠂ ᠦᠨᠡᠮᠯᠡᠯ ᠦᠭᠡᠢ᠂ ᠬᠡᠷᠡᠭᠯᠡᠭᠡᠨ ᠠᠴᠠ ᠭᠠᠷᠭᠠᠭᠰᠠᠨ ᠲᠡᠷᠭᠡ ᠬᠥᠰᠬᠡ ᠶᠢᠨ ᠲᠡᠭᠡᠭᠡᠪᠦᠷᠢ ᠡᠵᠡᠩᠨᠡᠯᠲᠡ ᠵᠡᠷᠭᠡ ᠬᠠᠤᠯᠢ  ᠠᠴᠠ ᠵᠥᠷᠢᠴᠡᠭᠰᠡᠨ ᠦᠶᠯᠡ

ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃

      10. ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠰᠤᠨ ᠳᠡᠭᠡᠷᠡᠬᠢ ᠵᠠᠮ ᠬᠠᠷᠢᠯᠴᠠᠭ᠎ᠠ ᠪᠠ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ

ᠳᠡᠯᠭᠡᠭᠦᠷ ᠤᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠣᠩᠭᠤᠴᠠ ᠰᠠᠯ ᠤᠨ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ

ᠦᠵᠡᠭᠳᠡᠯ ᠢ ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠡᠬᠦ ᠪᠠ ᠫᠠᠶᠢᠰᠠ ᠦᠭᠡᠢ᠂ ᠦᠨᠡᠮᠯᠡᠯ ᠦᠭᠡᠢ᠂ ᠬᠡᠷᠡᠭᠯᠡᠭᠡᠨ ᠠᠴᠠ ᠭᠠᠷᠭᠠᠭᠰᠠᠨ ᠣᠩᠭᠤᠴᠠ ᠰᠠᠯ ᠤᠨ

ᠲᠡᠭᠡᠭᠡᠪᠦᠷᠢ ᠡᠵᠡᠩᠨᠡᠯᠲᠡ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠴᠤᠬᠢᠯᠳᠠ ᠦᠭᠬᠦᠨ᠎ᠡ᠃

      11. ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠶᠤᠯᠲᠠᠢ ᠬᠢᠮᠢ ᠶᠢᠨ ᠪᠣᠳᠠᠰ ᠤᠨ ᠵᠠᠮ ᠳᠡᠬᠡᠬᠡᠪᠤᠷᠢ᠂ ᠤᠰᠤᠨ ᠵᠠᠮ ᠤᠨ ᠲᠡᠭᠡᠭᠡᠪᠦᠷᠢ ᠶᠢᠨ ᠪᠠᠭᠠᠵᠢ

ᠪᠠ ᠬᠠᠮᠢᠶ᠎ᠠ ᠪᠦᠬᠦᠢ ᠠᠵᠢᠯ ᠡᠷᠬᠢᠯᠡᠭᠰᠡᠳ ᠤᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      12. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠤᠳᠠᠨ᠂ ᠲᠦᠷᠬᠡᠨ ᠭᠤᠪᠢᠭᠤᠯᠭ᠎ᠠ ᠶᠢᠨ ᠠᠵᠢᠯ ᠲᠦᠷᠦᠯ ᠤᠨ ᠠᠶᠤᠯᠭᠦᠢ

ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠰᠢᠤᠳᠠᠨ᠂ ᠲᠦᠷᠭᠡᠨ ᠭᠤᠪᠢᠭᠤᠯᠭ᠎ᠠ ᠶᠢᠨ ᠠᠵᠢᠯ ᠲᠦᠷᠦᠯ ᠤᠨ ᠠᠵᠢᠯᠯᠠᠭᠠᠨ ᠤ ᠠᠮᠤᠷ

ᠲᠦᠪᠰᠢᠨ ᠤ ᠪᠠᠶᠢᠳᠠᠯ ᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠨ᠎ᠡ︔ ᠬᠠᠮᠢᠶ᠎ᠠ ᠪᠦᠬᠦᠢ ᠰᠠᠯᠠᠭ᠎ᠠ

ᠮᠥᠴᠢᠷ ᠲᠠᠢ ᠬᠠᠮᠲᠤᠷᠠᠨ ᠠᠶᠤᠯᠲᠠᠢ ᠬᠢᠮᠢ ᠶᠢᠨ ᠪᠣᠳᠠᠰ᠂ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠢ ᠬᠦᠷᠭᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ

ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃

      ︵ᠠᠷᠪᠠᠨ ᠲᠠᠪᠤ︶ ᠳᠤᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ

      1. ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠤᠰᠤᠨ

ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ᠂ ᠤᠰᠤᠨ ᠴᠥᠭᠦᠷᠥᠮ᠂ ᠭᠤᠣᠯ ᠮᠥᠷᠡᠨ

ᠨᠠᠭᠤᠷ ᠲᠣᠭᠤᠷᠢᠮ ᠤᠨ ᠬᠠᠰᠢᠯᠭ᠎ᠠ ᠳᠠᠯᠠᠩ ᠵᠡᠷᠭᠡ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ

ᠬᠠᠷᠢᠭᠤᠴᠠᠨ᠎ᠠ᠃

      2. ᠭᠤᠣᠯ ᠤᠨ ᠵᠠᠮ ᠠᠴᠠ ᠬᠠᠶᠢᠷ ᠮᠠᠯᠲᠠᠬᠤ ᠠᠶᠤᠯᠬᠦᠢ ᠦᠢᠯᠡᠳᠪᠦᠷᠢᠯᠡᠯ ᠳᠤ ᠬᠢᠨᠠᠯᠳᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠬᠠᠶᠢᠷ ᠮᠠᠯᠲᠠᠬᠤ ᠶᠢᠨ

ᠦᠶᠡᠷ ᠢ ᠰᠡᠷᠭᠡᠶᠢᠯᠡᠬᠦ ᠠᠮᠤᠷ ᠲᠦᠪᠰᠢᠨ᠂ ᠭᠤᠣᠯ ᠤᠨ ᠪᠠᠶᠢᠳᠠᠯ ᠤᠨ ᠲᠣᠭᠲᠠᠭᠤᠨ ᠪᠠᠶᠢᠬᠤ᠂ ᠬᠠᠰᠢᠯᠭ᠎ᠠ ᠲᠠᠯᠠᠩ ᠤᠨ ᠠᠮᠤᠷ ᠲᠦᠪᠰᠢᠨ ᠳᠤ ᠦᠵᠡᠬᠦᠯᠬᠦ

ᠨᠦᠯᠦᠬᠡᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠦᠨ᠎ᠡ᠃

      3. ᠤᠰᠤ ᠭᠠᠩ ᠤᠨ ᠭᠠᠮᠰᠢᠭ ᠢ ᠵᠠᠰᠠᠬᠤ ᠢᠨᠵᠧᠨᠧᠷᠢᠩ ᠤᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      4. ᠬᠥᠷᠥᠰᠥ ᠰᠢᠷᠣᠢ ᠶᠢᠨ ᠢᠳᠡᠭᠳᠡᠯ ᠢ ᠬᠠᠮᠠᠭᠠᠯᠠᠬᠤ ᠬᠦᠷᠢᠶᠡᠨ ᠤ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃

      5. ᠪᠥᠬᠦ ᠳᠤᠭᠤᠷᠢᠭ ᠤᠨ ᠴᠢᠬᠤᠯᠠ ᠰᠠᠪᠠ ᠭᠠᠵᠠᠷ᠂ ᠣᠷᠣᠨ ᠪᠦᠰᠡ ᠵᠢᠴᠢ ᠴᠢᠬᠤᠯᠠ ᠶᠡᠭᠡ ᠤᠰᠤ ᠲᠠᠲᠠᠬᠤ ᠢᠨᠵᠧᠨᠧᠷᠢᠩ ᠤᠨ ᠤᠰᠤᠨ ᠤ ᠡᠬᠢ

ᠪᠠᠶᠠᠯᠢᠭ ᠤᠨ ᠲᠣᠬᠢᠷᠠᠭᠤᠯᠤᠯᠲᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      6. ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠶᠤᠯᠬᠦᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ

ᠠᠵᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠵᠢᠯᠣᠭᠤᠳᠤᠨ᠎ᠠ᠃

      ︵ᠠᠷᠪᠠᠨ ᠵᠢᠷᠭᠤᠭ᠎ᠠ︶ ᠳᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ

       1.ᠲᠠᠷᠢᠶᠠᠯᠠᠩ ᠮᠠᠯ ᠠᠵᠤ ᠠᠬᠤᠢ ᠵᠢᠭᠠᠰᠤᠨ ᠠᠵᠤ ᠠᠬᠤᠢ ᠵᠢᠴᠢ ᠲᠤᠰᠠᠯᠠᠬᠤ ᠴᠢᠨᠠᠷᠲᠠᠢ ᠠᠵᠢᠯᠯᠠᠭ᠎ᠠ ᠪᠣᠯᠣᠨ ᠮᠠᠯ ᠵᠢᠭᠦᠷᠲᠡᠨ ᠨᠢᠲᠤᠯᠬᠤ ᠠᠵᠢᠯ ᠲᠥᠷᠥᠯ

 ᠤᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃

      2. ᠪᠥᠬᠦ ᠳᠤᠭᠤᠷᠢᠭ ᠤᠨ ᠳᠠᠷᠢᠬᠤ᠂ ᠲᠡᠵᠢᠭᠡᠨ ᠦᠷᠡᠵᠢᠭᠦᠯᠬᠦ ᠡᠵᠡᠩᠨᠡᠯᠲᠡ ᠶᠢᠨ ᠠᠵᠢᠯᠯᠠᠭ᠎ᠠ ᠡᠷᠭᠢᠯᠡᠵᠦ ᠪᠠᠶᠢᠭ᠎ᠠ ᠠᠵᠤ ᠠᠬᠤᠶᠢᠯᠠᠯ ︵ᠳᠠᠷᠢᠬᠤ᠂ ᠲᠡᠵᠢᠭᠡᠨ

ᠦᠷᠡᠵᠢᠭᠦᠯᠬᠦ ᠲᠠᠷᠢᠶᠠᠯᠠᠩ ᠤᠨ ᠲᠠᠯᠠᠪᠠᠶ ᠪᠠᠭᠲᠠᠨ᠎ᠠ︶ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠬᠦ ᠶᠢ ᠬᠠᠷᠢᠭᠤᠴᠠᠨ᠎ᠠ︔ ᠠᠮᠢᠲᠠᠨ ᠢ ᠲᠡᠵᠢᠭᠡᠬᠦ᠂

ᠨᠢᠲᠤᠯᠬᠤ᠂ ᠡᠵᠡᠩᠨᠡᠬᠦ᠂ ᠲᠤᠰᠠᠭᠠᠷᠯᠠᠬᠤ᠂ ᠲᠡᠭᠡᠭᠡᠪᠦᠷᠢᠯᠡᠬᠦ ᠵᠢᠴᠢ ᠠᠮᠢᠲᠠᠨ ᠤ ᠠᠰᠢᠭ ᠰᠢᠮ᠎ᠡ ᠶᠢ ᠦᠢᠯᠡᠳᠪᠦᠷᠢᠯᠡᠬᠦ᠂ ᠲᠡᠭᠡᠭᠡᠪᠦᠷᠢᠯᠡᠬᠦ᠂ ᠡᠵᠡᠩᠨᠡᠬᠦ ᠵᠡᠷᠭᠡ

ᠠᠵᠢᠯᠯᠠᠭᠠᠨ ᠤ ᠳᠤᠮᠳᠠᠬᠢ ᠠᠮᠢᠲᠠᠨ ᠤ ᠬᠢᠵᠢᠭ ᠢ ᠰᠡᠷᠭᠡᠶᠢᠯᠡᠬᠦ ᠪᠠ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      3. ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠲᠷᠠᠺᠲ᠋ᠣᠷ᠂

ᠬᠠᠳᠤᠵᠤ ᠬᠤᠷᠢᠶᠠᠬᠤ ᠮᠠᠰᠢᠨ ᠤ ᠫᠠᠶᠢᠰᠠ ᠦᠨᠡᠮᠯᠡᠯ ᠢ ᠬᠢᠨᠠᠨ ᠬᠠᠷᠭᠤᠭᠤᠯᠵᠤ ᠣᠯᠭᠤᠬᠤ ᠪᠠ ᠵᠢᠯᠣᠭᠤᠴᠢ ᠶᠢᠨ ᠪᠣᠯᠪᠠᠰᠤᠷᠠᠭᠤᠯᠤᠯ᠂ ᠰᠢᠯᠭᠠᠯᠲᠠ᠂ ᠦᠨᠡᠮᠯᠡᠯ

ᠣᠯᠭᠤᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃

       4. ᠲᠠᠷᠢᠶᠠᠨ ᠡᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠲᠠᠷᠢᠶᠠᠨ ᠡᠮ ᠤᠨ ᠡᠵᠡᠩᠨᠡᠯᠲᠡ ᠪᠠ ᠬᠡᠷᠡᠭᠯᠡᠯᠲᠡ ᠶᠢᠨ ᠬᠢᠨᠠᠯᠲᠠ

ᠬᠠᠮᠢᠶᠠᠷᠤᠯᠲᠠ ᠶᠢ ᠬᠠᠷᠢᠭᠤᠴᠠᠵᠤ᠂ ᠲᠠᠷᠢᠶᠠᠨ ᠡᠮ ᠤᠨ ᠬᠡᠷᠡᠭᠯᠡᠯᠲᠡ ᠶᠢᠨ ᠭᠤᠭᠴᠤᠭ᠎ᠠ ᠶᠢᠨ ᠠᠮᠤᠷ ᠲᠦᠪᠰᠢᠨ ᠢ ᠵᠢᠯᠤᠭᠤᠳᠬᠤ ᠠᠵᠢᠯ ᠢ ᠡᠭᠦᠷᠭᠡᠯᠡᠨ᠎ᠡ︔ ᠮᠠᠯ ᠤᠨ

ᠡᠮ᠂ ᠲᠡᠵᠢᠭᠡᠯ ᠪᠣᠷᠳᠤᠭ᠎ᠠ ᠪᠠ ᠲᠡᠵᠢᠭᠡᠯ ᠪᠣᠷᠳᠣᠭᠠᠨ ᠤ ᠨᠡᠮᠡᠯᠲᠡ ᠡᠳ᠋ ᠦᠢᠯᠡᠳᠪᠦᠷᠢᠯᠡᠬᠦ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ

ᠵᠢᠯᠣᠭᠤᠳᠤᠨ᠎ᠠ᠃

      5. ᠮᠠᠯᠵᠢᠬᠤ ᠲᠠᠷᠢᠶᠠᠯᠠᠬᠤ ᠣᠷᠣᠨ ᠤ ᠳᠠᠬᠢᠨ ᠡᠭᠦᠰᠴᠦ ᠪᠣᠯᠬᠤ ᠡᠨᠧᠷᠭᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠠᠮᠤᠷ ᠲᠦᠪᠰᠢᠨ ᠤ ᠬᠠᠮᠢᠶᠠᠷᠤᠯᠲᠠ ᠶᠢᠨ

ᠠᠵᠢᠯ ᠢ ᠬᠠᠷᠢᠭᠤᠴᠠᠨ᠎ᠠ︔ ᠬᠥᠳᠡᠭᠡ ᠲᠣᠰᠬᠤᠨ ᠤ ᠨᠠᠮᠤᠭ ᠤᠨ ᠬᠡᠢ ᠶᠢᠨ ᠠᠶᠤᠯᠬᠦᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃

      6. ᠡᠩᠬᠦᠷᠡᠢ ᠠᠮᠢᠲᠠᠨ ᠤ ᠳᠡᠯᠭᠡᠭᠦᠷ᠂ ᠡᠩᠬᠦᠷᠡᠢ ᠠᠮᠢᠲᠠᠨ ᠤ ᠡᠮᠨᠡᠯᠭᠡ ᠶᠢᠨ ᠬᠤᠷᠢᠶ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ

ᠬᠠᠷᠢᠭᠤᠴᠠᠨ᠎ᠠ᠃

      ︵ᠠᠷᠪᠠᠨ ᠲᠤᠯᠤᠭ᠎ᠠ︶ ᠳᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ

      1. ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡᠨ᠂ ᠬᠠᠭᠤᠴᠢᠨ ᠪᠠᠷᠠᠭᠠᠨ ᠤ ᠭᠦᠢᠯᠭᠡᠭᠡᠨ᠂ ᠮᠠᠰᠢᠨ ᠲᠡᠷᠭᠡᠨ ᠤ ᠭᠦᠢᠯᠭᠡᠭᠡᠨ ᠪᠠ ᠳᠠᠬᠢᠨ

ᠡᠬᠦᠰᠬᠦ ᠡᠬᠢ ᠪᠠᠶᠠᠯᠢᠭ ᠢ ᠡᠭᠡᠭᠦᠯᠦᠨ ᠬᠤᠷᠢᠶᠠᠬᠤ ᠵᠡᠷᠭᠡ ᠠᠵᠢᠯ ᠲᠥᠷᠥᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠦᠨ᠎ᠡ ᠬᠠᠶᠠᠵᠤ

ᠬᠤᠳᠠᠯᠳᠤᠬᠤ ᠠᠵᠢᠯ ᠲᠥᠷᠥᠯ ᠤᠨ ᠬᠠᠷᠢᠶ᠎ᠠ ᠤᠷᠤᠨ ᠤ ᠬᠢᠨᠠᠯᠲᠠ ᠬᠠᠮᠢᠶᠠᠷᠤᠯᠲᠠ ᠶᠢᠨ ᠳᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠃

      2. ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ︵ᠢᠳᠡᠭᠡᠨ ᠤᠮᠳᠠᠭᠠᠨ ᠤ ᠦᠢᠯᠡᠰ᠂ ᠬᠤᠨᠤᠭ ᠪᠠᠭᠤᠳᠠᠯ ᠤᠨ ᠦᠢᠯᠡᠰ ᠪᠠᠭᠲᠠᠨ᠎ᠠ︶᠂ ᠲᠣᠮᠣ

ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ︵ᠬᠤᠷᠠᠯ ᠦᠵᠡᠰᠬᠦᠯᠡᠩ︶ ᠠᠵᠢᠯᠯᠠᠭᠠᠨ ᠤ ᠲᠠᠯᠠᠪᠤᠷ ︵ᠬᠤᠳᠠᠯᠳᠤᠭᠠᠨ ᠤ ᠲᠠᠯᠠᠪᠤᠷ᠂ ᠭᠡᠳᠤ ᠳᠡᠯᠭᠡᠭᠦᠷ᠂ ᠪᠥᠭᠡᠮ ᠢᠶᠠᠷ

ᠬᠤᠳᠠᠯᠳᠤᠬᠤ ᠵᠠᠬ᠎ᠠ ᠳᠡᠯᠭᠡᠭᠦᠷ︶ ᠤᠨ ᠠᠶᠤᠯᠬᠦᠢ ᠦᠢᠯᠡᠳᠪᠦᠷᠢᠯᠡᠯ  ᠤᠨ ᠠᠵᠢᠯ ᠢ ᠵᠢᠯᠤᠭᠤᠳᠬᠤ᠂ ᠪᠠᠶᠢᠴᠠᠭᠠᠬᠤ᠂ ᠰᠢᠮᠳᠠᠭᠤᠯᠬᠤ ᠶᠢ ᠬᠠᠷᠢᠭᠤᠴᠠᠨ᠎ᠠ᠃

      3. ᠬᠥᠮᠥᠷᠭᠡᠯᠡᠨ ᠬᠠᠳᠠᠭᠠᠯᠠᠬᠤ᠂ ᠬᠡᠯᠬᠢᠶᠡᠵᠢᠭᠦᠯᠦᠨ ᠡᠵᠡᠩᠨᠡᠬᠦ᠂ ᠬᠤᠳᠠᠯᠳᠤᠭᠠᠨ ᠤ ᠣᠨᠴᠠ ᠵᠥᠪᠰᠢᠶᠡᠷᠡᠯ ᠢᠶᠠᠷ ᠡᠵᠡᠩᠨᠡᠬᠦ᠂ ᠪᠠᠷᠠᠭᠠᠨ ᠤ ᠭᠦᠢᠯᠭᠡᠭᠡᠨ ᠤ

ᠲᠣᠬᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠢᠨᠠᠯᠲᠠ

ᠬᠠᠮᠢᠶᠠᠷᠤᠯᠲᠠ ᠶᠢ ᠬᠠᠷᠢᠭᠤᠴᠠᠨ᠎ᠠ᠃

      4. ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠠᠶᠤᠯᠬᠦᠢ ᠦᠢᠯᠡᠳᠪᠦᠷᠢᠯᠡᠯ ᠤᠨ ᠠᠵᠢᠯ  ᠢ ᠵᠢᠯᠤᠭᠤᠳᠬᠤ᠂

ᠪᠠᠶᠢᠴᠠᠭᠠᠬᠤ᠂ ᠰᠢᠮᠳᠠᠭᠤᠯᠬᠤ ᠶᠢ ᠬᠠᠷᠢᠭᠤᠴᠠᠨ᠎ᠠ᠃

      5. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠳᠤ ᠪᠡᠯᠡ ᠣᠷᠣᠭᠤᠯᠵᠤ ᠬᠤᠷᠰᠢᠭᠰᠠᠨ ᠠᠵᠤ ᠠᠬᠤᠶᠢᠯᠠᠯ ᠤᠨ ᠬᠢᠯᠢ ᠶᠢᠨ

ᠳᠣᠲᠣᠷᠠᠬᠢ ᠭᠤᠣᠯ ᠴᠣᠭᠴᠠ ᠶᠢ ᠵᠢᠯᠤᠭᠤᠳᠴᠤ᠂ ᠪᠠᠶᠢᠴᠠᠭᠠᠵᠤ᠂ ᠰᠢᠮᠳᠠᠭᠤᠯᠵᠤ ᠪᠠᠶᠢᠭᠠᠳ ᠬᠢᠯᠢ ᠶᠢᠨ ᠭᠠᠳᠠᠨᠠᠬᠢ ᠪᠡᠯᠡ ᠣᠷᠣᠭᠤᠯᠵᠤ ᠬᠤᠷᠰᠢᠭᠰᠠᠨ ᠲᠥᠷᠥᠯ

ᠵᠦᠢᠯ ᠤᠨ ᠠᠶᠤᠯᠬᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠨ᠎ᠠ᠃

       ︵ᠠᠷᠪᠠᠨ ᠨᠠᠢᠮᠠ︶ ᠳᠤᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ

      1. ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠰᠣᠶᠣᠯ ᠤᠨ

ᠰᠢᠰᠲ᠋ᠧᠮ ᠤᠨ ᠬᠠᠷᠢᠶ᠎ᠠ ᠨᠢᠭᠡᠴᠡ ︵ᠨᠣᠮ ᠤᠨ ᠰᠠᠩ᠂ ᠰᠣᠶᠣᠯ ᠤᠨ ᠣᠷᠳᠣᠨ ᠵᠡᠷᠭᠡ︶᠂ ᠰᠣᠶᠣᠯ ᠴᠡᠩᠭᠡᠯ ᠤᠨ ᠲᠠᠯᠠᠪᠤᠷ ︵ᠶᠣᠰᠣᠯᠠᠯ ᠤᠨ ᠲᠠᠩᠬᠢᠮ ᠵᠡᠷᠭᠡ

ᠲᠣᠭᠯᠠᠯᠲᠠ ᠭᠠᠷᠭᠠᠬᠤ ᠲᠠᠯᠠᠪᠤᠷ ᠪᠠᠭᠲᠠᠨ᠎ᠠ᠂ ᠪᠥᠵᠢᠭ ᠤᠨ ᠲᠢᠩᠬᠢᠮ᠂  ᠺᠠ ᠯᠠOK ᠲᠢᠩᠬᠢᠮ ᠵᠡᠷᠭᠡ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ᠂ ᠵᠤᠭ᠎ᠠ

ᠴᠡᠩᠭᠡᠯ ᠤᠨ ᠴᠢᠳᠠᠪᠬᠢ ᠲᠠᠢ ᠰᠥᠨᠢ ᠶᠢᠨ ᠴᠡᠩᠭᠡᠯ ᠤᠨ ᠭᠠᠵᠠᠷ᠂ ᠳᠠᠭᠤᠤ ᠬᠥᠭᠵᠢᠮᠲᠦ ᠴᠠᠢ ᠶᠢᠨ ᠦᠷᠦᠭᠡ᠂ ᠨᠠᠭᠠᠳᠤᠮ ᠲᠣᠭᠯᠠᠭᠠᠮ ᠤᠨ ᠭᠠᠵᠠᠷ᠂ ᠲᠦᠷ ᠴᠠᠭ ᠤᠨ

ᠲᠠᠶᠢᠰᠠ ᠪᠠᠶᠢᠭᠤᠯᠤᠭᠰᠠᠨ ᠲᠣᠮᠣ ᠬᠡᠯᠪᠡᠷᠢ ᠶᠢᠨ ᠲᠣᠭᠯᠠᠯᠲᠠ ᠶᠢᠨ ᠠᠵᠢᠯᠯᠠᠭ᠎ᠠ ᠵᠡᠷᠭᠡ︶᠂ ᠡᠵᠡᠩᠨᠡᠯᠲᠡ ᠶᠢᠨ ᠴᠢᠨᠠᠷᠲᠠᠢ ᠲᠣᠭᠯᠠᠯᠲᠠ ᠶᠢᠨ ᠲᠠᠯᠠᠪᠤᠷ᠂ ᠤᠷᠠᠯᠢᠭ ᠤᠨ

ᠪᠦᠲᠦᠭᠡᠯ ᠤᠨ ᠡᠵᠡᠩᠨᠡᠯᠲᠡ ᠶᠢᠨ ᠲᠠᠯᠠᠪᠤᠷ᠂ ᠢᠨᠲ᠋ᠧᠷ ᠰᠦᠯᠵᠢᠶᠡᠨ ᠳᠤ ᠭᠠᠷᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠵᠢᠴᠢ ᠰᠣᠶᠣᠯ ᠤᠨ ᠠᠵᠢᠯᠯᠠᠭᠠᠨ ᠤ

ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      2. ᠬᠠᠷᠢᠶ᠎ᠠ ᠣᠷᠣᠨ ᠤ ᠳᠣᠲᠣᠷᠠᠬᠢ ᠳᠠᠭᠤᠤ ᠬᠥᠭᠵᠢᠮ᠂ ᠪᠥᠵᠢᠭ᠂ ᠤᠷᠠᠨ ᠵᠢᠷᠤᠭ ᠤᠷᠠᠨ ᠪᠢᠴᠢᠯᠭᠡ᠂ ᠬᠡᠯᠡᠨ ᠤ ᠠᠪᠢᠶᠠᠰ ᠤᠨ ᠲᠣᠭᠯᠠᠯᠲᠠ᠂ ᠰᠢ

ᠵᠦᠴᠦᠭᠡ᠂ ᠺᠢᠨᠣ᠋ ᠲᠧᠯᠸᠢᠰ ᠤᠨ ᠠᠪᠢᠶ᠎ᠠ ᠲᠠᠭᠠᠷᠠᠭᠤᠯᠬᠤ ᠵᠡᠷᠭᠡ ᠰᠢᠨᠵᠢᠯᠡᠭᠡᠨ ᠤ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ

ᠪᠠᠶᠢᠭᠤᠯᠤᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      3. ᠵᠢᠭᠤᠯᠴᠢᠯᠠᠯ ᠤᠨ ᠭᠠᠵᠠᠷ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠣᠳᠣᠨ ᠲᠠᠰ ᠤᠨ ᠪᠠᠭᠤᠳᠠᠯ ᠤᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ

ᠬᠠᠮᠢᠶᠠᠷᠤᠯᠲᠠ ᠶᠢ ᠬᠠᠷᠢᠭᠤᠴᠠᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠵᠢᠭᠤᠯᠴᠢᠯᠠᠯ ᠤᠨ ᠠᠶᠠᠨᠴᠢᠳ ᠤᠨ ᠲᠡᠭᠡᠭᠡᠪᠦᠷᠢ᠂ ᠵᠢᠭᠤᠯᠴᠢᠯᠠᠯ ᠤᠨ

ᠲᠥᠬᠦᠭᠡᠷᠦᠮᠵᠢ ᠶᠢᠨ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠰᠠᠶᠢᠲᠤᠷ ᠬᠢᠨ᠎ᠡ︔ ᠰᠢᠯ ᠬᠥᠭᠦᠷᠭᠡᠨ ᠵᠠᠮ ᠵᠡᠷᠭᠡ ᠲᠦᠭᠰᠢᠭᠦᠷᠢ

ᠶᠡᠬᠡᠲᠡᠢ ᠵᠢᠭᠤᠯᠴᠢᠯᠠᠯ ᠤᠨ ᠲᠥᠷᠥᠯ ᠵᠦᠢᠯ ᠤᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      4. ᠪᠠᠭᠤᠴᠠ᠂ ᠳᠠᠷᠢᠶᠠᠴᠢᠨ ︵ᠮᠠᠯᠴᠢᠨ︶ ᠠᠶᠢᠯ ᠤᠨ ᠪᠠᠶᠠᠰᠤᠯ ᠤᠨ ᠭᠠᠵᠠᠷ᠂ ᠡᠯᠧᠺᠲᠷᠤᠨ ᠥᠷᠢᠰᠦᠯᠳᠦᠭᠡᠨ ᠤ ᠵᠣᠴᠢᠳ ᠤᠨ ᠪᠠᠭᠤᠳᠠᠯ᠂ ᠬᠦᠳᠡᠯᠬᠡᠬᠦ

ᠬᠦᠴᠦᠨ ᠤ ᠪᠤᠰᠤ ᠵᠤᠭᠠᠴᠠᠯ ᠤᠨ ᠣᠩᠭᠤᠴᠠ ᠵᠡᠷᠭᠡ ᠰᠢᠨ᠎ᠡ ᠰᠣᠶᠣᠯ ᠵᠢᠭᠤᠯᠴᠢᠯᠠᠯ ᠤᠨ ᠦᠢᠯᠡᠰ ᠤᠨ ᠬᠡᠯᠪᠡᠷᠢ ᠶᠢᠨ ᠲᠥᠷᠥᠯ ᠵᠦᠢᠯ ᠤᠨ ᠠᠶᠤᠯᠬᠦᠢ

ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      5. ᠲᠣᠮᠣ ᠬᠡᠯᠪᠡᠷᠢ ᠶᠢᠨ ᠭᠠᠳᠠᠭᠰᠢ ᠨᠡᠬᠡᠬᠡᠯᠳᠡᠢ ᠰᠣᠶᠣᠯ ᠪᠠ ᠵᠢᠭᠤᠯᠴᠢᠯᠠᠯ ᠤᠨ ᠰᠣᠯᠢᠯᠴᠠᠭᠠᠨ ᠤ ᠠᠵᠢᠯᠯᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ

ᠠᠵᠢᠯ ᠢ ᠬᠠᠷᠢᠭᠤᠴᠠᠨ᠎ᠠ

      6. ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠲᠥᠷᠥᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂

ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠢᠨᠵᠧᠨᠧᠷᠢᠩ ᠪᠣᠯᠣᠨ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠢᠨᠵᠧᠨᠧᠷᠢᠩ᠂ ᠲᠡᠦᠬᠡ ᠶᠢᠨ ᠳᠤᠷᠠᠰᠬᠠᠯᠲᠤ

ᠵᠦᠢᠯ ᠤᠨ ᠪᠠᠷᠢᠯᠭ᠎ᠠ ᠶᠢᠨ ᠠᠶᠤᠯ ᠠᠴᠠ ᠠᠪᠤᠷᠠᠬᠤ᠂ ᠰᠡᠯᠪᠢᠨ ᠵᠠᠰᠠᠬᠤ ᠢᠨᠵᠧᠨᠧᠷᠢᠩ ᠤᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ

ᠬᠠᠷᠢᠭᠤᠴᠠᠨ᠎ᠠ᠃

      7. ᠨᠡᠬᠡᠬᠡᠯᠳᠡᠢ ᠪᠣᠯᠭᠠᠭᠰᠠᠨ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠬᠡᠴᠡ ᠵᠢᠴᠢ ᠮᠦᠽᠧᠢ᠂ ᠳᠤᠷᠠᠰᠬᠠᠯ ᠤᠨ ᠣᠷᠳᠣᠨ ᠤ ᠠᠮᠤᠷ

ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      ︵ᠠᠷᠪᠠ ᠶᠢᠰᠦ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠤᠷᠢᠶ᠎ᠠ ᠶᠢᠨ ᠤᠬᠠᠭᠤᠯᠬᠤ ᠬᠡᠯᠲᠡᠰ

︵ᠳᠤᠭᠤᠷᠢᠭ ᠤᠨ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ︶

      1. ᠷᠠᠳᠢᠤ᠋ ᠨᠡᠪᠲᠡᠷᠡᠭᠦᠯᠭᠡ ᠺᠢᠨᠤ᠋ ᠲᠧᠯᠸᠢᠰ ᠤᠨ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃

      2. ᠷᠠᠳᠢᠤ᠋ ᠨᠡᠪᠲᠡᠷᠡᠭᠦᠯᠭᠡ ᠲᠧᠯᠸᠢᠰ ᠤᠨ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ ᠲᠠᠢ ᠰᠠᠭᠤᠷᠢ ᠲᠦᠬᠦᠬᠡᠷᠦᠮᠵᠢ ᠶᠢᠨ ᠢᠨᠵᠧᠨᠧᠷᠢᠩ ᠤᠨ ᠠᠶᠤᠯᠬᠦᠢ

ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃

       3. ᠬᠡᠪᠯᠡᠯ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠰᠣᠨᠢᠨ ᠰᠡᠳᠬᠦᠯ᠂ ᠷᠠᠳᠢᠤ᠋ ᠨᠡᠪᠲᠡᠷᠡᠭᠦᠯᠭᠡ᠂ ᠲᠧᠯᠸᠢᠰ᠂ ᠲᠣᠣᠷ

ᠰᠦᠯᠵᠢᠶ᠎ᠡ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠤᠨ ᠠᠶᠤᠯᠬᠦᠢ ᠦᠢᠯᠡᠳᠪᠦᠷᠢᠯᠡᠯ ᠤᠨ ᠤᠬᠠᠭᠤᠯᠭ᠎ᠠ ᠥᠷᠨᠢᠭᠦᠯᠬᠦ ᠶᠢ ᠵᠢᠯᠤᠭᠤᠳᠴᠤ᠂ ᠤᠬᠠᠭᠤᠯᠬᠤ ᠲᠤᠰᠬᠠᠢ

ᠪᠤᠯᠤᠩ ᠭᠠᠷᠭᠠᠨ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠨᠡᠶᠢᠲᠡᠯᠡᠵᠦ᠂ ᠠᠶᠤᠯᠬᠦᠢ ᠦᠢᠯᠡᠳᠪᠦᠷᠢᠯᠡᠯ ᠤᠨ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ  ᠤᠷᠴᠢᠨ

ᠠᠬᠤᠢ ᠶᠢ ᠪᠤᠢ ᠪᠣᠯᠭᠠᠨ᠎ᠠ᠃

       4. ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠶᠢ ᠵᠢᠯᠤᠭᠤᠳᠴᠤ᠂ ᠦᠢᠯᠡᠳᠪᠦᠷᠢᠯᠡᠯ ᠤᠨ

ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠮᠡᠳᠡᠭᠡᠯᠡᠬᠦ ᠪᠠ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠨ᠎ᠡ᠃

      ︵ᠬᠤᠷᠢ︶ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠦᠪᠯᠡᠯ

      1. ᠡᠮᠴᠢᠯᠡᠭᠡ ᠡᠷᠡᠭᠦᠯ ᠬᠠᠮᠠᠭᠠᠯᠠᠯ ︵ᠵᠢᠵᠢᠭ ᠡᠮᠴᠢᠯᠡᠭᠡᠨ ᠤ ᠭᠠᠵᠠᠷ ᠪᠠᠭᠲᠠᠨ᠎ᠠ︶᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠲᠥᠯᠥᠪᠯᠡᠭᠡᠲᠦ

ᠦᠷᠡᠵᠢᠯ᠂ ᠡᠬᠡ ᠨᠢᠯᠬᠠᠰ ᠤᠨ ᠡᠷᠡᠭᠦᠯ ᠮᠡᠨᠳᠦ᠂ ᠠᠵᠢᠯ ᠮᠡᠷᠭᠡᠵᠢᠯ ᠤᠨ ᠡᠷᠡᠭᠦᠯ ᠮᠡᠨᠳᠦ ᠵᠡᠷᠭᠡ ᠨᠡᠶᠢᠲᠡ ᠶᠢᠨ ᠠᠰᠠᠷᠠᠮᠵᠢ ᠶᠢᠨ ᠦᠢᠯᠡᠰ ᠪᠠ ᠦᠢᠯᠡᠴᠢᠯᠡᠭᠡᠨ ᠤ ᠠᠵᠢᠯ

ᠲᠥᠷᠥᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      2. ᠠᠵᠢᠯ ᠲᠦᠷᠦᠯ ᠤᠨ ᠡᠷᠡᠭᠦᠯ ᠬᠠᠮᠠᠭᠠᠯᠠᠯ᠂ ᠰᠠᠴᠤᠷᠠᠭ ᠤᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      3. ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠶᠤᠯᠲᠠᠢ ᠬᠢᠮᠢ ᠶᠢᠨ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠵᠡᠷᠭᠡ ᠶᠢᠨ ᠠᠮᠤᠷ

ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      4. ᠣᠯᠠᠨ ᠬᠥᠮᠥᠨ ᠦᠬᠦᠵᠦ ᠣᠯᠠᠨ ᠬᠥᠮᠥᠨ ᠰᠢᠷᠬᠠᠲᠤᠬᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠡᠮᠴᠢᠯᠡᠭᠡ ᠡᠷᠡᠭᠦᠯ ᠬᠠᠮᠠᠭᠠᠯᠠᠯ ᠤᠨ

ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃

      5. ᠨᠠᠶᠢᠳᠠᠨ ᠬᠥᠮᠥᠵᠢᠭᠦᠯᠬᠦ ᠪᠠᠶᠢᠭᠤᠯᠤᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      ︵ᠬᠤᠷᠢᠨ ᠨᠢᠭᠡ︶ ᠳᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ

      1. ᠪᠥᠬᠦ ᠳᠤᠭᠤᠷᠢᠭ ᠤᠨ ᠠᠶᠤᠯᠬᠦᠢ ᠦᠢᠯᠡᠳᠪᠦᠷᠢᠯᠡᠯ ᠤᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠳᠤᠭᠤᠷᠪᠢᠬᠤ ᠶᠢ ᠬᠠᠷᠢᠭᠤᠴᠠᠵᠤ᠂

ᠬᠤᠯᠪᠣᠭᠳᠠᠯ ᠪᠦᠬᠦᠢ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠤᠷᠪᠢᠨ᠎ᠠ᠃

      2. ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠬᠤ ᠪᠠ ᠲᠥᠰᠥᠭᠡᠯᠡᠬᠦ᠂ ᠠᠶᠤᠯᠭᠦᠢ ᠦᠢᠯᠡᠳᠪᠦᠷᠢᠯᠡᠯ ᠤᠨ ᠮᠡᠳᠡᠭᠡ ᠵᠠᠩᠭᠢ ᠶᠢ ᠨᠡᠶᠢᠲᠡᠯᠡᠬᠦ᠂ ᠠᠶᠤᠯᠭᠦᠢ

ᠦᠢᠯᠡᠳᠪᠦᠷᠢᠯᠡᠯ ᠤᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠨ᠎ᠠ︔  ᠠᠶᠤᠯᠬᠦᠢ ᠦᠢᠯᠡᠳᠪᠦᠷᠢᠯᠡᠯ ᠤᠨ

ᠪᠠᠷᠢᠮᠵᠢᠶᠠᠵᠢᠭᠤᠯᠤᠯᠲᠠ᠂ ᠮᠡᠳᠡᠭᠡ ᠵᠠᠩᠭᠢᠵᠢᠯᠲᠠ᠂ ᠠᠮᠤᠷ ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠵᠢᠭᠰᠠᠭᠠᠨ

ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠲᠣᠭᠲᠠᠴᠠ ᠶᠢᠨ ᠪᠠᠶᠢᠭᠤᠯᠤᠯᠲᠠ᠂ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ

ᠳᠠᠭᠠᠳᠬᠠᠯ ᠤᠨ ᠬᠡᠷᠡᠭᠵᠢᠭᠦᠯᠬᠦ ᠠᠵᠢᠯ ᠢ ᠵᠣᠬᠢᠴᠠᠭᠤᠯᠤᠨ ᠠᠬᠢᠭᠤᠯᠤᠨ᠎ᠠ᠃

      3. ᠠᠶᠤᠯᠬᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠲᠠᠯᠪᠢᠵᠤ ᠬᠠᠮᠢᠶᠠᠷᠬᠤ ᠡᠷᠬᠡ ᠲᠤᠰᠢᠶᠠᠯ ᠢᠶᠠᠨ ᠬᠠᠤᠯᠢ ᠶᠣᠰᠣᠭᠠᠷ ᠬᠡᠷᠡᠭᠵᠢᠭᠦᠯᠵᠦ᠂

ᠲᠣᠭᠤᠷᠢᠭ  ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠶᠤᠯᠬᠦᠢ ᠶᠢᠨ

ᠦᠢᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠵᠤ᠂ ᠬᠢᠨᠠᠯᠳᠠ ᠳᠠᠯᠪᠢᠨ ᠪᠠᠶᠢᠴᠠᠭᠠᠵᠤ᠂ ᠳᠤᠭᠤᠷᠢᠨ ᠪᠠᠶᠢᠴᠠᠭᠠᠨ ᠰᠢᠯᠭᠠᠨ ᠬᠢᠨᠠᠵᠤ᠂ ᠪᠥᠬᠦ ᠳᠤᠭᠤᠷᠢᠭ

 ᠤᠨ ᠴᠢᠨᠠᠷᠲᠠᠢ ᠠᠶᠤᠯᠬᠦᠢ ᠦᠢᠯᠡᠳᠪᠦᠷᠢᠯᠡᠯ ᠤᠨ ᠲᠤᠰᠬᠠᠢ ᠰᠢᠮᠳᠠᠭᠤᠯᠤᠨ ᠪᠠᠶᠢᠴᠠᠭᠠᠬᠤ᠂ ᠲᠤᠰᠬᠠᠢ ᠴᠡᠭᠴᠡᠯᠡᠨ ᠵᠠᠰᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ

ᠵᠣᠬᠢᠴᠠᠭᠤᠯᠬᠤ ᠶᠢ ᠬᠠᠷᠢᠭᠤᠴᠠᠨ᠎ᠠ᠃

      4. ᠠᠶᠤᠯᠲᠠᠢ ᠬᠢᠮᠢ ᠶᠢᠨ ᠪᠤᠳᠠᠰ᠂ ᠬᠤᠸᠠᠷ ᠫᠤᠤᠵᠢᠩ ᠤᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠳᠤᠰᠢᠶᠠᠯ

ᠬᠠᠷᠢᠭᠤᠴᠠᠯᠭ᠎ᠠ ᠶᠢᠨ ᠬᠡᠪᠴᠢᠶᠡᠨ ᠳᠠᠬᠢ ᠡᠮ ᠤᠨ ᠵᠦᠢᠯ ᠤᠨ ᠪᠤᠰᠤ ᠲᠥᠷᠥᠯ ᠤᠨ ᠬᠤᠣᠷᠲᠤ ᠡᠳ᠋ ᠦᠶᠯᠡᠳᠬᠦ ᠳᠤ ᠬᠢᠯᠪᠠᠷ ᠬᠢᠮᠢ ᠶᠢᠨ ᠪᠤᠳᠠᠰ ᠤᠨ ᠦᠢᠯᠡᠳᠪᠦᠷᠢᠯᠡᠯ

ᠡᠵᠡᠩᠨᠡᠯᠲᠡ ᠶᠢᠨ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠵᠢᠴᠢ ᠠᠶᠤᠯᠲᠠᠢ ᠬᠢᠮᠢ ᠶᠢᠨ ᠪᠤᠳᠠᠰ ᠤᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ

ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠢ ᠬᠠᠷᠢᠭᠤᠴᠠᠨ᠎ᠠ᠃

      5.ᠨᠡᠭᠦᠷᠡᠰᠦᠨ ᠤ ᠪᠤᠰᠤ ᠠᠭᠤᠷᠬᠠᠢ ᠶᠢᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠲᠡᠮᠦᠷᠯᠢᠭ ᠬᠢᠭᠡᠳ

ᠲᠡᠮᠦᠷᠯᠢᠭ ᠤᠨ ᠪᠤᠰᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠡᠬᠡ ᠬᠠᠭᠤᠷᠠᠢ ᠶᠢᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠵᠠᠷ

ᠰᠢᠨᠵᠢᠯᠡᠭᠡᠨ ᠤ ᠬᠠᠶᠢᠨ ᠰᠢᠨᠵᠢᠬᠦ ᠠᠵᠢᠯ ᠤᠨ ᠠᠶᠤᠯᠬᠦᠢ ᠦᠢᠯᠡᠳᠪᠦᠷᠢᠯᠡᠯ ᠤᠨ ᠠᠵᠢᠯ  ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃

      6. ᠲᠡᠮᠦᠷᠯᠢᠭ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ᠂ ᠬᠥᠩᠭᠡᠨ ᠠᠵᠤ ᠦᠢᠯᠡᠳᠪᠦᠷᠢ᠂ ᠨᠡᠬᠡᠮᠡᠯ᠂ ᠨᠠᠪᠴᠢᠨ ᠳᠠᠮᠠᠬᠢᠨ ᠤ ᠠᠵᠢᠯ

ᠲᠥᠷᠥᠯ ᠤᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃

      7. ᠳᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ

ᠲᠥᠷᠥᠯ ᠵᠦᠢᠯ ᠤᠨ ᠠᠮᠤᠷ ᠲᠦᠪᠰᠢᠨ ᠤ ᠲᠦᠬᠦᠬᠡᠷᠦᠮᠵᠢ ᠶᠢ ᠭᠤᠣᠯ ᠴᠣᠭᠴᠠᠲᠤ ᠪᠠᠷᠢᠯᠭ᠎ᠠ ᠯᠤᠭ᠎ᠠ ᠬᠠᠮᠲᠤ ᠳᠤᠨᠢ ᠵᠢᠷᠤᠭᠯᠠᠨ ᠲᠥᠯᠥᠪᠯᠡᠭᠰᠡᠨ᠂ ᠬᠠᠮᠲᠤ ᠳᠤᠨᠢ

ᠪᠠᠷᠢᠯᠭ᠎ᠠ ᠪᠠᠷᠢᠭᠰᠠᠨ᠂ ᠬᠠᠮᠲᠤ ᠳᠤᠨᠢ ᠠᠰᠢᠭᠯᠠᠯᠲᠠ ᠳᠤ ᠣᠷᠣᠭᠤᠯᠤᠨ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃

      8. ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠳᠤᠭᠳᠠᠯᠴᠠᠭᠠᠨ ᠤ ᠪᠠᠶᠢᠭᠤᠯᠤᠯᠲᠠ ᠶᠢ ᠵᠢᠯᠤᠭᠤᠳᠴᠤ᠂ ᠦᠢᠯᠡᠳᠪᠦᠷᠢᠯᠡᠯ ᠤᠨ ᠠᠮᠤᠷ

ᠲᠦᠪᠰᠢᠨ ᠤ ᠠᠳᠡᠯ ᠢ ᠱᠠᠲᠤ ᠬᠤᠪᠢᠶᠠᠨ ᠠᠷᠭᠠᠴᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ

ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠳᠤᠭᠤᠷᠪᠢᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠪᠠᠴᠢᠮ ᠪᠠᠶᠢᠳᠠᠯ ᠢ

ᠠᠷᠭᠠᠴᠠᠬᠤ ᠪᠡᠯᠡᠳᠬᠡᠯ ᠲᠥᠰᠥᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠪᠡᠯᠡᠳᠬᠡᠯ ᠲᠥᠰᠥᠯ ᠤᠨ ᠰᠣᠷᠢᠯᠲᠠ ᠶᠢ ᠵᠣᠬᠢᠴᠠᠭᠤᠯᠤᠨ ᠵᠣᠬᠢᠶᠠᠨ

ᠪᠠᠶᠢᠭᠤᠯᠵᠤ ᠥᠷᠨᠢᠭᠦᠯᠦᠨ᠎ᠡ᠃

      9. ᠠᠶᠤᠯᠬᠦᠢ ᠦᠢᠯᠡᠳᠪᠦᠷᠢᠯᠡᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠢᠯᠣᠭᠤᠳᠤᠨ ᠵᠣᠬᠢᠴᠠᠭᠤᠯᠵᠤ

ᠵᠣᠬᠢᠶᠠᠨ ᠪᠠᠶᠢᠭᠤᠯᠵᠤ᠂ ᠪᠥᠬᠦ ᠳᠤᠭᠤᠷᠢᠭ ᠤᠨ ᠠᠶᠤᠯᠬᠦᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤᠭᠳᠠᠯᠴᠠᠭ᠎ᠠ ᠶᠢ

ᠪᠦᠷᠢᠨᠰᠢᠭᠦᠯᠦᠨ ᠲᠡᠭᠦᠯᠳᠡᠷᠵᠢᠭᠦᠯᠵᠦ᠂ ᠳᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠢ

ᠬᠦᠴᠦᠨ ᠤ ᠪᠠᠶᠢᠭᠤᠯᠤᠯᠲᠠ ᠶᠢ ᠬᠠᠷᠢᠭᠤᠴᠠᠨ᠎ᠠ᠃

      10. ᠦᠢᠯᠡᠳᠪᠦᠷᠢᠯᠡᠯ ᠤᠨ ᠠᠮᠤᠷ ᠲᠦᠪᠰᠢᠨ ᠤ ᠡᠩ ᠤᠨ ᠠᠳᠡᠯ ︵ᠨᠡᠭᠦᠷᠡᠰᠦᠨ ᠠᠭᠤᠷᠬᠠᠢ ᠵᠢᠴᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ

ᠠᠳᠡᠯ ᠪᠠᠭᠲᠠᠬᠤ ᠦᠭᠡᠢ︶ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠤᠬᠢᠶᠠᠨ ᠪᠠᠶᠢᠭᠤᠯᠬᠤ ᠵᠢᠴᠢ ᠪᠥᠬᠦ ᠳᠤᠭᠤᠷᠢᠭ ᠤᠨ ᠦᠢᠯᠡᠳᠪᠦᠷᠢᠯᠡᠯ ᠤᠨ ᠠᠮᠤᠷ ᠲᠦᠪᠰᠢᠨ ᠤ

ᠠᠳᠡᠯ ᠢ ᠪᠦᠷᠢᠳᠬᠡᠨ ᠵᠠᠳᠠᠯᠬᠤ ᠠᠵᠢᠯ ᠢ ᠬᠠᠷᠢᠭᠤᠴᠠᠨ᠎ᠠ᠃

      11. ᠠᠮᠤᠷ ᠲᠦᠪᠰᠢᠨ ᠢ ᠦᠨᠡᠯᠡᠵᠦ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      12. ᠪᠥᠬᠦ ᠳᠤᠭᠤᠷᠢᠭ ᠤᠨ ᠠᠶᠤᠯᠬᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠠ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠵᠤ᠂ ᠠᠶᠤᠯᠬᠦᠢ

ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ᠂ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃

      13. ᠳᠤᠭᠤᠷᠢᠭ ᠤᠨ ᠠᠶᠤᠯᠬᠦᠢ ᠦᠢᠯᠡᠳᠪᠦᠷᠢᠯᠡᠯ ᠤᠨ ᠵᠥᠪᠯᠡᠯ ᠵᠢᠴᠢ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃

      ︵ᠬᠤᠷᠢᠨ ᠬᠤᠶᠠᠷ︶ ᠳᠤᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ

      1.ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠡᠯᠡ ᠭᠠᠷᠭᠠᠭᠴᠢ ᠶᠢᠨ ᠳᠤᠰᠢᠶᠠᠯ ᠬᠠᠷᠢᠭᠤᠴᠠᠯᠭ᠎ᠠ ᠶᠢᠨ ᠶᠣᠰᠣᠭᠠᠷ᠂ ᠪᠡᠯᠡ  ᠭᠠᠷᠭᠠᠭᠰᠠᠨ ᠬᠢᠨᠠᠨ

ᠬᠠᠮᠢᠶᠠᠷᠬᠤ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠪᠠᠨ ᠴᠢᠩᠭᠠᠳᠬᠠᠬᠤ ᠶᠢ  ᠪᠠᠶᠢᠴᠠᠭᠠᠬᠤ ᠪᠠ ᠰᠢᠮᠳᠠᠭᠤᠯᠬᠤ ᠶᠢ ᠬᠠᠷᠢᠭᠤᠴᠠᠵᠤ᠂

ᠠᠶᠤᠯᠬᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃

      2. ᠠᠶᠤᠯᠬᠦᠢ ᠦᠢᠯᠡᠳᠪᠦᠷᠢᠯᠡᠯ ᠢ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠵᠢᠯ ᠤᠨ ᠠᠮᠵᠢᠯᠲᠠ ᠪᠦᠳᠦᠮᠵᠢ ᠶᠢ ᠬᠢᠨᠠᠨ

ᠰᠢᠯᠭᠠᠬᠤ ᠳᠤ ᠣᠷᠣᠭᠤᠯᠬᠤ ᠶᠢ ᠬᠠᠷᠢᠭᠤᠴᠠᠨ᠎ᠠ᠃

      ︵ᠬᠤᠷᠢᠨ ᠭᠤᠷᠪᠠ︶ ᠳᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ

      1. ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠦᠢᠯᠡᠳᠪᠦᠷᠢᠯᠡᠬᠦ ︵ᠵᠢᠷᠤᠵᠤ ᠲᠥᠯᠥᠪᠯᠡᠬᠦ᠂ ᠦᠢᠯᠡᠳᠬᠦ᠂ ᠤᠭᠰᠠᠷᠠᠬᠤ᠂ ᠥᠭᠡᠷᠡᠴᠢᠯᠡᠬᠦ᠂ ᠰᠡᠯᠪᠢᠨ

ᠵᠠᠰᠠᠬᠤ ᠪᠠᠭᠲᠠᠨ᠎ᠠ︶᠂ ᠡᠵᠡᠩᠨᠡᠬᠦ᠂ ᠬᠡᠷᠡᠭᠯᠡᠬᠦ᠂ ᠰᠢᠯᠭᠠᠨ ᠪᠠᠶᠢᠴᠠᠭᠠᠬᠤ᠂ ᠰᠢᠯᠭᠠᠨ ᠬᠡᠮᠵᠢᠬᠦ ᠪᠠ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ

ᠲᠦᠪᠰᠢᠨ ᠤ ᠬᠢᠨᠠᠯᠳᠠ ᠬᠠᠮᠢᠶᠠᠷᠤᠯᠳᠠ ᠶᠢ ᠬᠠᠷᠢᠭᠤᠴᠠᠨ᠎ᠠ᠃

      2. ᠴᠠᠬᠢᠯᠭᠠᠨ ᠱᠠᠳᠤᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠬᠠᠷᠢᠭᠤᠴᠠᠵᠤ᠂ ᠪᠠᠷᠢᠯᠭ᠎ᠠ ᠶᠢᠨ ᠭᠠᠵᠠᠷ ᠤᠨ ᠴᠠᠬᠢᠯᠭᠠᠨ

ᠱᠠᠲᠤ ᠤᠭᠰᠠᠷᠠᠬᠤ ᠭᠤᠭᠴᠤᠭᠠᠨ ᠤ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      3. ᠬᠥᠳᠡᠯᠮᠦᠷᠢ ᠶᠢᠨ ᠠᠮᠤᠷ ᠲᠦᠪᠰᠢᠨ ᠢ ᠪᠠᠲᠤᠯᠠᠬᠤ ᠦᠢᠯᠡᠳᠬᠦᠨ᠂ ᠦᠢᠯᠡᠳᠪᠦᠷᠢᠯᠡᠯ ᠤᠨ ᠠᠶᠤᠯᠭᠦᠢ ᠶᠢ ᠨᠥᠯᠥᠭᠡᠯᠡᠬᠦ ᠦᠢᠯᠡᠳᠬᠦᠨ ᠤ ᠶᠠᠰᠤ ᠴᠢᠨᠠᠷ ᠤᠨ

ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      4. ᠠᠶᠤᠯᠲᠠᠢ ᠬᠢᠮᠢ ᠶᠢᠨ ᠪᠤᠳᠠᠰ ᠵᠢᠴᠢ ᠲᠡᠭᠦᠨ ᠤ ᠪᠤᠭᠤᠳᠠᠯ᠂ ᠰᠠᠪᠠ ︵ᠠᠶᠤᠯᠲᠠᠢ ᠬᠢᠮᠢ ᠶᠢᠨ ᠪᠤᠳᠠᠰ ᠢ ᠬᠠᠳᠠᠭᠠᠯᠠᠬᠤ ᠲᠣᠭᠲᠠᠮᠠᠯ ᠬᠡᠯᠪᠡᠷᠢ ᠶᠢᠨ ᠲᠣᠮᠣ

ᠬᠡᠯᠪᠡᠷᠢ ᠶᠢᠨ ᠬᠠᠳᠠᠭᠠᠯᠠᠮᠵᠢ ᠶᠢᠨ ᠰᠠᠪᠠ ᠪᠠᠭᠲᠠᠬᠤ ᠦᠭᠡᠢ︶ ᠦᠢᠯᠡᠳᠪᠦᠷᠢᠯᠡᠬᠦ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ

ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ  ᠶᠢᠨ ᠬᠠᠮᠲᠤ ᠲᠡᠭᠦᠨ ᠤ ᠦᠢᠯᠡᠳᠬᠦᠨ ᠤ ᠶᠠᠰᠤ ᠴᠢᠨᠠᠷ ᠲᠤ ᠬᠠᠤᠯᠢ ᠶᠣᠰᠣᠭᠠᠷ

ᠬᠢᠨᠠᠯᠲᠠ ᠲᠠᠯᠪᠢᠵᠤ᠂ ᠬᠤᠸᠠᠷ ᠫᠤᠤᠵᠢᠩ ᠤᠨ ᠶᠠᠰᠤ ᠴᠢᠨᠠᠷ ᠲᠤ ᠬᠢᠨᠠᠯᠲᠠ ᠲᠠᠯᠪᠢᠨ᠎ᠠ᠃ ᠬᠡᠢ ᠶᠢᠨ ᠯᠣᠩᠬᠤ ︵ᠰᠢᠲᠠᠭᠴᠢ ᠬᠡᠢ︶ ᠶᠢ ᠳᠦᠭᠦᠷᠭᠡᠨ ᠤᠭᠰᠠᠷᠠᠬᠤ

ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      5. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠡ᠊ᠨᠳᠡᠯ ᠢ ᠪᠠᠶᠢᠴᠠᠭᠠᠨ ᠰᠢᠢᠳᠪᠦᠷᠢᠯᠡᠬᠦ

ᠠᠵᠢᠯ ᠢ ᠥᠷᠨᠢᠭᠦᠯᠦᠨ᠎ᠡ᠃

      6. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠶᠤᠯᠬᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂

ᠳᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ ᠦᠨᠡᠮᠯᠡᠯ ᠦᠭᠡᠢ ᠪᠠᠷ ᠡᠵᠡᠩᠨᠡᠬᠦ ᠵᠡᠷᠭᠡ ᠬᠠᠤᠯᠢ ᠪᠤᠰᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ

ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ ᠤᠷᠢᠳᠠᠴᠢ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠥᠪᠰᠢᠶᠡᠷᠡᠯ ᠤᠨ

ᠦᠨᠡᠮᠯᠡᠯ ᠪᠤᠶᠤ ᠪᠤᠰᠤᠳ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠬᠠᠤᠯᠢ ᠶᠤᠰᠤᠭᠠᠷ ᠬᠤᠷᠢᠶᠠᠨ ᠠᠪᠴᠤ ᠬᠦᠴᠦᠨ ᠦᠭᠡᠢ ᠪᠣᠯᠭᠠᠬᠤ ᠪᠤᠶᠤ ᠬᠤᠯᠪᠣᠭᠳᠠᠯ ᠪᠦᠬᠦᠢ

ᠰᠠᠯᠠᠭ᠎ᠠ ᠮᠥᠴᠢᠷ ᠤᠨ ᠮᠡᠳᠡᠭᠳᠡᠯ ᠢ ᠦᠨᠳᠦᠰᠦᠯᠡᠨ᠂ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠵᠥᠪᠰᠢᠶᠡᠷᠡᠯ ᠤᠨ ᠦᠨᠡᠮᠯᠡᠯ᠂ ᠪᠤᠰᠤᠳ

ᠵᠥᠪᠰᠢᠶᠡᠷᠡᠯ ᠤᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠦᠭᠰᠡᠨ ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠡ ᠶᠢ ᠬᠠᠤᠯᠢ ᠶᠣᠰᠣᠭᠠᠷ

ᠰᠢᠪᠠᠳᠠᠨ ᠱᠠᠭᠠᠷᠳᠠᠵᠤ ᠪᠠᠶᠢᠭᠠᠳ ᠬᠤᠪᠢᠷᠠᠭᠤᠯᠬᠤ ᠳᠠᠩᠰᠠᠯᠠᠯᠲᠠ ᠬᠢᠯᠭᠡᠬᠦ ᠪᠤᠶᠤ ᠳᠠᠩᠰᠠᠯᠠᠯᠲᠠ ᠠᠴᠠ ᠬᠠᠰᠤᠬᠤ ᠭᠠᠷ ᠭᠦᠢᠴᠡᠳᠬᠡᠯ ᠬᠢᠯᠭᠡᠨ᠎ᠡ᠂ ᠬᠤᠯᠪᠣᠭᠳᠠᠯ

ᠪᠦᠬᠦᠢ ᠡᠵᠡᠩᠨᠡᠯᠲᠡ ᠶᠢᠨ ᠠᠵᠢᠯᠯᠠᠭ᠎ᠠ ᠶᠢ ᠳᠤᠷ᠎ᠠ ᠪᠠᠷ ᠢᠶᠠᠨ ᠬᠢᠭᠰᠡᠨ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠡᠵᠡᠩᠨᠡᠯᠲᠡ ᠶᠢᠨ ᠦᠨᠡᠮᠯᠡᠯ ᠢ ᠨᠢ ᠬᠠᠤᠯᠢ

ᠶᠣᠰᠣᠭᠠᠷ ᠬᠤᠷᠢᠶᠠᠨ ᠠᠪᠴᠤ ᠬᠦᠴᠦᠨ ᠤᠶᠢᠭᠡᠢ ᠪᠣᠯᠭᠠᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠶᠤᠯᠬᠦᠢ ᠦᠢᠯᠡᠳᠪᠦᠷᠢᠯᠡᠯ ︵

ᠡᠵᠡᠩᠨᠡᠯᠲᠡ︶ ᠤᠨ ᠵᠥᠪᠰᠢᠶᠡᠷᠡᠯ ᠢ ᠣᠯᠣᠭᠰᠠᠨ ᠦᠭᠡᠢ ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠡ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃

      7. ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭ ᠤᠨ ᠡᠳ᠋ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ

ᠬᠠᠷᠢᠭᠤᠴᠠᠨ᠎ᠠ᠃

      ︵ᠬᠤᠷᠢᠨ ᠳᠥᠷᠪᠡ︶ ᠳᠤᠭᠤᠷᠢᠭ ᠤᠨ ᠡᠨᠧᠷᠭᠢ  ᠶᠢᠨ ᠲᠣᠪᠴᠢᠶ᠎ᠠ

      1. ᠨᠡᠭᠦᠷᠡᠰᠦᠨ ᠠᠭᠤᠷᠬᠠᠢ᠂ ᠨᠡᠭᠦᠷᠡᠰᠦᠨ ᠲᠠᠯᠠᠪᠠᠢ᠂ ᠨᠡᠭᠦᠷᠡᠰᠦ ᠤᠬᠢᠶᠠᠬᠤ᠂  ᠰᠢᠯᠢᠬᠦ ᠳᠠᠯᠠᠪᠤᠷ ᠤᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ

ᠬᠠᠮᠢᠶᠠᠷᠬᠤ ᠶᠢ ᠬᠠᠷᠢᠭᠤᠴᠠᠨ᠎ᠠ᠃

      2. ᠠᠭᠤᠷᠬᠠᠢ ᠶᠢᠨ ᠬᠤᠳᠳᠤᠭ ᠪᠣᠯᠣᠨ ᠵᠠᠳᠠᠭᠠᠢ ᠨᠡᠬᠦᠷᠡᠰᠤᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ  ᠠᠶᠤᠯᠬᠦᠢ ᠦᠢᠯᠡᠳᠪᠦᠷᠢᠯᠡᠯ

 ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃

      3. ᠨᠡᠭᠦᠷᠡᠰᠦᠨ ᠠᠭᠤᠷᠬᠠᠢ ᠶᠢᠨ ᠭᠠᠵᠠᠷ ᠳᠣᠣᠷᠠᠬᠢ ᠪᠠᠷᠢᠯᠭ᠎ᠠ ᠶᠢᠨ ᠠᠵᠤ ᠠᠬᠤᠶᠢᠯᠠᠯ ᠪᠣᠯᠣᠨ ᠵᠠᠳᠠᠭᠠᠢ ᠨᠡᠭᠦᠷᠡᠰᠦᠨ ᠠᠭᠤᠷᠬᠠᠢ ᠶᠢᠨ ᠳᠡᠯᠪᠡᠴᠢᠬᠦ ᠠᠵᠤ

ᠠᠬᠤᠶᠢᠯᠠᠯ ᠵᠡᠷᠭᠡ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃   ᠥᠪᠡᠷ ᠲᠡᠭᠡᠨ ᠪᠡᠯᠡᠳᠬᠡᠭᠰᠡᠨ ᠲᠣᠰᠣ ᠨᠡᠮᠡᠬᠦ ᠵᠡᠷᠭᠡ

ᠨᠡᠭᠦᠷᠡᠰᠦᠨ ᠠᠭᠤᠷᠬᠠᠢ ᠶᠢᠨ ᠳᠠᠭᠠᠯᠲᠠ ᠲᠦᠬᠦᠬᠡᠷᠦᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      4. ᠨᠡᠭᠦᠷᠡᠰᠦᠨ ᠤ ᠡᠵᠡᠩᠨᠡᠯᠲᠡ ︵ᠨᠡᠭᠦᠷᠡᠰᠦᠨ ᠤ ᠲᠠᠯᠠᠪᠠᠶ᠂ ᠤᠬᠢᠶᠠᠵᠤ ᠰᠢᠯᠢᠬᠦ᠂ ᠬᠡᠪ ᠮᠠᠶ᠋ᠢᠭ ᠤᠨ ᠨᠡᠭᠦᠷᠡᠰᠦ ᠡᠳ᠋ᠰᠢᠭᠦᠯᠬᠦ ᠵᠡᠷᠭᠡ︶ ᠶᠢᠨ ᠠᠵᠤ

ᠠᠬᠤᠶᠢᠯᠠᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      5. ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠢ ᠶᠢᠨ ᠠᠶᠤᠯᠬᠦᠢ ᠦᠢᠯᠡᠳᠪᠦᠷᠢᠯᠡᠯ ᠤᠨ

ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠳᠤᠰᠢᠶᠠᠯ ᠬᠠᠷᠢᠭᠤᠴᠠᠯᠭ᠎ᠠ ᠶᠢᠨ ᠳᠣᠲᠣᠷᠠᠬᠢ ᠳᠠᠮᠵᠢᠭᠤᠯᠬᠤ ᠬᠤᠭᠤᠯᠠᠢ ᠶᠢᠨ ᠬᠠᠮᠠᠭᠠᠯᠠᠯᠲᠠ ︵ᠣᠷᠳᠣ

ᠬᠤᠭᠤᠴᠠᠭ᠎ᠠ ᠪᠠᠷ ᠳᠠᠮᠵᠢᠭᠤᠯᠬᠤ ᠬᠤᠭᠤᠯᠠᠢ︶ ᠶᠢᠨ ᠠᠵᠢᠯ ᠢ ᠬᠠᠷᠢᠭᠤᠴᠠᠨ᠂ ᠬᠠᠷᠢᠶ᠎ᠠ ᠣᠷᠣᠨ ᠤ ᠳᠣᠲᠣᠷᠠᠬᠢ ᠳᠠᠮᠵᠢᠭᠤᠯᠬᠤ ᠬᠤᠭᠤᠯᠠᠢ ᠶᠢᠨ ᠬᠠᠮᠠᠭᠠᠯᠠᠯᠲᠠ ᠶᠢᠨ

ᠴᠢᠬᠤᠯᠠ ᠶᠡᠭᠡ ᠠᠰᠠᠭᠤᠳᠠᠯ ᠢ ᠵᠣᠬᠢᠴᠠᠭᠤᠯᠵᠤ᠂ ᠬᠤᠯᠪᠣᠭᠳᠠᠯ ᠪᠦᠬᠦᠢ ᠨᠢᠭᠡᠴᠡ ᠶᠢᠨ ᠳᠠᠮᠵᠢᠭᠤᠯᠬᠤ ᠬᠤᠭᠤᠯᠠᠢ ᠶᠢᠨ ᠬᠠᠮᠠᠭᠠᠯᠠᠯᠲᠠ ᠶᠢᠨ ᠡᠭᠦᠷᠭᠡ ᠪᠠᠨ

ᠭᠦᠢᠴᠡᠳᠬᠡᠬᠦ ᠶᠢ ᠵᠢᠯᠣᠭᠤᠳᠤᠨ ᠬᠢᠨᠠᠯᠲᠠ ᠲᠠᠯᠪᠢᠵᠤ᠂ ᠳᠠᠮᠵᠢᠭᠤᠯᠬᠤ ᠬᠤᠭᠤᠯᠠᠢ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠬᠠᠤᠯᠢ ᠠᠴᠠ

ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃

      6. ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠴᠠᠬᠢᠯᠭᠠᠨ ᠬᠦᠴᠦᠨ ᠤ ᠠᠵᠢᠯ ᠲᠥᠷᠥᠯ ︵ᠴᠠᠬᠢᠯᠭᠠᠨ ᠤ ᠲᠣᠣᠷ ᠤᠨ ᠡᠵᠡᠩᠨᠡᠯᠲᠡ᠂

ᠴᠠᠬᠢᠯᠭᠠᠨ ᠬᠠᠩᠭᠠᠬᠤ ᠠᠵᠤ ᠠᠬᠤᠶᠢᠯᠠᠯ᠂ ᠴᠠᠬᠢᠯᠭᠠᠨ ᠭᠠᠷᠭᠠᠬᠤ ᠠᠵᠤ ᠠᠬᠤᠶᠢᠯᠠᠯ᠂ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠪᠠᠭᠲᠠᠨ᠎ᠠ︶ ᠵᠢᠴᠢ ᠴᠠᠬᠢᠯᠭᠠᠨ

ᠬᠦᠴᠦᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠬᠠᠷᠢᠭᠤᠴᠠᠨ᠎ᠠ᠃

      7. ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ︵ᠠᠳᠡᠯ︶ ᠢ ᠠᠷᠭᠠᠴᠠᠨ ᠰᠢᠢᠳᠪᠦᠷᠢᠯᠡᠬᠦ ᠶᠢ ᠵᠢᠯᠣᠭᠤᠳᠤᠨ ᠵᠣᠬᠢᠴᠠᠭᠤᠯᠬᠤ ᠪᠠ ᠵᠣᠬᠢᠶᠠᠨ

ᠪᠠᠶᠢᠭᠤᠯᠤᠨ ᠬᠠᠮᠢᠶᠠᠷᠬᠤ ᠠᠵᠢᠯ ᠢ ᠬᠠᠷᠢᠭᠤᠴᠠᠨ᠎ᠠ᠃

      8.ᠡᠵᠡᠩᠨᠡᠯᠲᠡ ᠶᠢᠨ ᠴᠢᠨᠠᠷᠲᠠᠢ ᠴᠠᠬᠢᠯᠭᠠᠨ ᠴᠡᠨᠡᠭᠯᠡᠬᠦ ᠪᠠᠭᠠᠨ᠎ᠠ ᠶᠢᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      9. ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠨᠡᠭᠦᠷᠡᠰᠦ ᠶᠢ ᠲᠥᠪᠯᠡᠷᠡᠭᠦᠯᠦᠨ ᠠᠴᠢᠶᠠᠯᠠᠬᠤ ᠥᠷᠲᠡᠭᠡ ︵ᠨᠡᠭᠦᠷᠡᠰᠦ ᠶᠢ ᠲᠦᠷᠭᠡᠨ

ᠠᠴᠢᠶᠠᠯᠠᠬᠤ ᠰᠢᠰᠲ᠋ᠧᠮ︶ ᠶᠢᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃

      ︵ᠬᠤᠷᠢᠨ ᠲᠠᠪᠤ︶ ᠲᠣᠭᠤᠷᠢᠭ ᠤᠨ ᠴᠠᠭ ᠠᠭᠤᠷ ᠤᠨ ᠲᠣᠪᠴᠢᠶ᠎ᠠ

      1. ᠴᠠᠭ ᠠᠭᠤᠷ ᠤᠨ ᠠᠵᠢᠯ ᠲᠥᠷᠥᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠠᠶᠤᠩᠭ᠎ᠠ ᠴᠠᠬᠢᠯᠭᠠᠨ ᠤ ᠭᠠᠮᠰᠢᠭ ᠤᠨ

ᠠᠮᠤᠷ ᠲᠦᠪᠰᠢᠨ ᠤ ᠰᠡᠷᠭᠡᠶᠢᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠠᠶᠤᠯᠬᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ

ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠠᠶᠤᠩᠭ᠎ᠠ ᠠᠴᠠ ᠰᠡᠷᠭᠡᠶᠢᠯᠡᠬᠦ ᠲᠦᠬᠦᠬᠡᠷᠦᠮᠵᠢ ᠶᠢᠨ

ᠠᠮᠤᠷ ᠲᠦᠪᠰᠢᠨ ᠤ ᠪᠠᠶᠢᠴᠠᠭᠠᠯᠲᠠ ᠵᠢᠴᠢ ᠠᠶᠤᠩᠭ᠎ᠠ ᠴᠠᠬᠢᠯᠭᠠᠨ ᠠᠴᠠ ᠰᠡᠷᠭᠡᠶᠢᠯᠡᠬᠦ ᠲᠥᠬᠦᠭᠡᠷᠦᠮᠵᠢ ᠶᠢᠨ ᠠᠮᠤᠷ ᠲᠦᠪᠰᠢᠨ ᠤ ᠪᠠᠶᠢᠴᠠᠭᠠᠨ ᠬᠡᠮᠵᠢᠬᠦ ᠨᠢᠭᠡᠴᠡ ᠶᠢᠨ

ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      2. ᠠᠶᠤᠯᠬᠦᠢ ᠦᠢᠯᠡᠳᠪᠦᠷᠢᠯᠡᠯ ᠤᠨ ᠰᠡᠷᠭᠡᠶᠢᠯᠡᠨ ᠡᠵᠡᠮᠳᠡᠬᠦ ᠪᠠ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠴᠠᠭ ᠠᠭᠤᠷ ᠤᠨ

ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠶᠢ ᠬᠠᠷᠢᠭᠤᠴᠠᠨ᠎ᠠ᠃

      3. ᠵᠢᠯᠣᠭᠤᠴᠢ ᠦᠭᠡᠢ ᠴᠢᠯᠦᠭᠡᠲᠦ ᠬᠡᠶᠢᠲᠦ ᠪᠥᠮᠪᠦᠭᠡ ᠪᠠ ᠤᠶᠠᠭᠠᠳᠤ ᠬᠡᠶᠢᠲᠦ ᠪᠥᠮᠪᠦᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ

ᠬᠠᠷᠢᠭᠤᠴᠠᠨ᠎ᠠ᠃

      4. ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠬᠤᠭᠤᠴᠠᠭᠠᠨ ᠳᠠᠬᠢ ᠠᠶᠤᠯᠭᠦᠢ ᠶᠢᠨ ᠪᠠᠶᠢᠴᠠᠭᠠᠯᠲᠠ ᠪᠠ ᠡ᠊ᠨᠳᠡᠯ ᠢ ᠰᠡᠷᠭᠡᠶᠢᠯᠡᠬᠦ ᠶᠢ

ᠬᠠᠷᠢᠭᠤᠴᠠᠨ᠎ᠠ᠃

      ︵ᠬᠤᠷᠢᠨ ᠵᠢᠷᠭᠤᠭ᠎ᠠ︶ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ

      1. ᠵᠠᠷ ᠮᠡᠳᠡᠭᠡ᠂ ᠫᠠᠶᠢᠰᠠ ᠢᠯᠡᠷᠬᠡᠶᠢᠯᠡᠯ ᠵᠡᠷᠭᠡ ᠳᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯᠬᠦᠢ ᠦᠢᠯᠡᠳᠪᠦᠷᠢᠯᠡᠯ ᠤᠨ ᠠᠵᠢᠯ ᠳᠤ ᠬᠢᠨᠠᠯᠲᠠ

ᠲᠠᠯᠪᠢᠵᠤ ᠵᠢᠯᠤᠭᠤᠳᠬᠤ ᠶᠢ ᠬᠠᠷᠢᠭᠤᠴᠠᠨ᠎ᠠ︔ ᠬᠤᠲᠠ ᠶᠢᠨ ᠲᠣᠭᠤᠷᠢᠭ ᠤᠨ ᠤᠬᠠᠭᠤᠯᠭ᠎ᠠ ᠶᠢᠨ ᠠᠵᠢᠯᠯᠠᠭ᠎ᠠ ᠵᠡᠷᠭᠡ ᠠᠮᠤᠷ ᠲᠦᠪᠰᠢᠨ ᠤ ᠬᠢᠨᠠᠯᠲᠠ

ᠬᠠᠮᠢᠶᠠᠷᠤᠯᠲᠠ ᠶᠢᠨ ᠠᠵᠢᠯ ᠢ ᠵᠥᠪᠰᠢᠶᠡᠷᠡᠭᠦᠯᠦᠭᠰᠡᠨ ᠦᠭᠡᠢ ᠪᠠᠷ ᠪᠠᠷᠢᠯᠭ᠎ᠠ᠂ ᠲᠦᠬᠦᠬᠡᠷᠦᠮᠵᠢ ᠶᠢᠨ ᠳᠡᠭᠡᠷ᠎ᠡ ᠤᠬᠠᠭᠤᠯᠭ᠎ᠠ ᠶᠢᠨ ᠮᠠᠲ᠋ᠧᠷᠢᠶᠠᠯ ᠡᠯᠭᠦᠬᠦ᠂ ᠨᠠᠭᠠᠬᠤ

ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠨ᠎ᠡ᠃

      2. ᠬᠤᠳᠠ ᠶᠢᠨ ᠲᠣᠭᠤᠷᠢᠭ ᠤᠨ ᠬᠤᠳᠠ ᠶᠢᠨ ᠦᠵᠡᠮᠵᠢ ᠶᠢᠨ ᠡᠮᠬᠢ ᠳᠢᠭᠯᠢᠮ ᠪᠣᠯᠣᠨ ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ ᠤ ᠡᠷᠡᠭᠦᠯ

ᠬᠠᠮᠠᠭᠠᠯᠠᠯ ᠤᠨ ᠠᠵᠢᠯ ᠳᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠬᠠᠷᠢᠭᠤᠴᠠᠨ᠎ᠠ᠃ ᠣᠯᠠᠨ ᠨᠡᠶᠢᠲᠡ ᠶᠢᠨ ᠲᠠᠯᠠᠪᠤᠷ ᠤᠨ ᠢᠳᠡᠭᠡᠨ

ᠪᠣᠷᠣᠯᠠᠭᠤᠯᠬᠤ ᠪᠠ ᠢᠳᠡᠭᠡᠨ ᠤᠮᠳᠠᠭᠠᠨ ᠤ ᠳᠡᠯᠭᠡᠭᠡ ᠮᠠᠶᠢᠮᠠᠢ ᠶᠢᠨ ᠦᠨᠡᠮᠯᠡᠯ ᠦᠭᠡᠢ ᠪᠠᠷ ᠡᠵᠡᠩᠨᠡᠬᠦ ᠵᠡᠷᠭᠡ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ

ᠬᠠᠷᠢᠭᠤᠴᠠᠨ᠎ᠠ︔ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠨ᠎ᠠ᠃

      3. ᠬᠤᠳᠠ ᠶᠢᠨ ᠲᠥᠯᠦᠪᠵᠢᠭᠦᠯᠭᠡ ᠶᠢᠨ ᠳᠤᠭᠤᠷᠢᠭ ᠤᠨ ᠳᠣᠲᠣᠷ᠎ᠠ ᠪᠦᠲᠦᠭᠡᠨ ᠪᠠᠶᠢᠭᠤᠯᠤᠭᠰᠠᠨ ᠬᠠᠤᠯᠢ ᠠᠴᠠ ᠵᠥᠷᠢᠴᠡᠭᠰᠡᠨ  ᠪᠠᠷᠢᠯᠭ᠎ᠠ ᠶᠢ ᠪᠠᠶᠢᠴᠠᠭᠠᠨ

ᠰᠢᠢᠳᠪᠤᠷᠢᠯᠡᠬᠦ ᠶᠢ ᠬᠠᠷᠢᠭᠤᠴᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠬᠢᠭᠡᠳ ᠨᠢᠭᠡᠴᠡ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠠᠯᠪᠠᠳᠠᠯᠭ᠎ᠠ ᠪᠠᠷ

ᠨᠤᠷᠠᠭᠠᠬᠤ ᠶᠢ ᠬᠡᠷᠡᠭᠵᠢᠭᠦᠯᠦᠨ᠎ᠡ᠃

      4. ᠪᠠᠷᠢᠯᠭ᠎ᠠ ᠶᠢᠨ ᠭᠠᠵᠠᠷ ᠤᠨ ᠬᠦᠷᠢᠶᠡᠯᠡᠨ ᠬᠠᠰᠢᠬᠤ᠂ ᠲᠥᠷ ᠴᠠᠭ ᠤᠨ ᠪᠠᠷᠢᠯᠭ᠎ᠠ ᠶᠢᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ

ᠬᠠᠮᠢᠶᠠᠷᠬᠤ ᠶᠢ ᠬᠠᠷᠢᠭᠤᠴᠠᠨ᠎ᠠ᠃

      5. ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠰᠢᠯᠵᠢᠭᠦᠯᠦᠨ ᠬᠦᠷᠭᠡᠭᠰᠡᠨ ᠣᠷᠣᠨ ᠰᠠᠭᠤᠴᠠ

ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠬᠦᠢ ᠦᠢᠯᠡᠳᠪᠦᠷᠢᠯᠡᠯ ᠤᠨ ᠬᠡᠷᠡᠭ ᠲᠤ ᠬᠠᠤᠯᠢ ᠶᠣᠰᠣᠭᠠᠷ ᠵᠠᠰᠠᠭ ᠵᠠᠬᠢᠷᠭᠠᠨ ᠤ

ᠰᠢᠢᠳᠬᠡᠯ ᠶᠠᠪᠤᠭᠳᠠᠭᠤᠯᠤᠨ᠎ᠠ᠃

      ︵ᠬᠤᠷᠢᠨ ᠳᠣᠯᠤᠭ᠎ᠠ︶ ᠲᠣᠭᠤᠷᠢᠭ ᠤᠨ ᠭᠡᠷ ᠪᠠᠶᠢᠰᠢᠩ ᠲᠠᠲᠠᠪᠤᠷᠢᠯᠠᠬᠤ ᠦᠢᠯᠡᠴᠢᠯᠡᠭᠡᠨ ᠤ ᠲᠥᠪ

      1. ᠭᠡᠷ ᠪᠠᠶᠢᠰᠢᠩ ᠨᠤᠷᠠᠭᠠᠵᠤ ᠨᠡᠭᠦᠯᠭᠡᠬᠦ ᠪᠠ ᠭᠡᠷ ᠪᠠᠶᠢᠰᠢᠩ ᠨᠤᠷᠠᠭᠠᠵᠤ ᠨᠡᠭᠦᠯᠭᠡᠬᠦ ᠠᠵᠤ ᠠᠬᠤᠶᠢᠯᠠᠯ ᠤᠨ ᠬᠠᠮᠢᠶᠠᠷᠤᠯᠲᠠ ᠶᠢ ᠬᠠᠷᠢᠭᠤᠴᠠᠵᠤ᠂ ᠤᠯᠤᠰ᠂

ᠥᠪᠡᠷᠲᠡᠭᠡᠨ ᠵᠠᠰᠠᠬᠤ ᠣᠷᠣᠨ᠂  ᠬᠤᠳᠠ ᠪᠣᠯᠣᠨ ᠲᠣᠭᠤᠷᠢᠭ ᠤᠨ ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠲᠠᠲᠠᠪᠤᠷᠢᠯᠠᠬᠤ ᠬᠢᠭᠡᠳ

ᠨᠥᠬᠦᠪᠦᠷᠢ ᠥᠭᠬᠦ ᠳᠦᠷᠢᠮ ᠪᠣᠯᠣᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠠᠭᠤᠴᠢᠨ

ᠬᠤᠳᠠ ᠶᠢᠨ ᠲᠣᠭᠤᠷᠢᠭ ᠢ ᠰᠢᠨᠡᠳᠬᠡᠨ ᠵᠠᠰᠠᠬᠤ ᠶᠢᠨ ᠨᠤᠷᠠᠭᠠᠵᠤ ᠨᠡᠭᠦᠯᠭᠡᠬᠦ ᠬᠠᠮᠢᠶ᠎ᠠ ᠪᠦᠬᠦᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠠᠪᠤᠳᠠᠯ ᠢ

ᠪᠣᠳᠠᠲᠠᠢ ᠬᠠᠷᠢᠭᠤᠴᠠᠨ᠎ᠠ᠃

      2. ᠨᠤᠷᠠᠭᠠᠬᠤ ᠴᠢᠬᠤᠯᠠᠳᠠᠢ ᠪᠠᠷᠢᠯᠭ᠎ᠠ ᠶᠢᠨ ︵ᠠᠵᠤ ᠦᠢᠯᠡᠳᠪᠦᠷᠢ ᠶᠢᠨ ᠪᠠᠷᠢᠯᠭ᠎ᠠ ᠪᠠ ᠠᠷᠠᠳ ᠤᠨ ᠬᠡᠷᠡᠭᠯᠡᠭᠡᠨ ᠤ ᠪᠠᠷᠢᠯᠭ᠎ᠠ ᠪᠠᠭᠲᠠᠨ᠎ᠠ︶ ᠨᠤᠷᠠᠭᠠᠬᠤ ᠠᠴᠠ

ᠡᠮᠦᠨᠡᠬᠢ ᠳᠠᠩᠰᠠᠯᠠᠭᠤᠯᠬᠤ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃

      3. ᠨᠤᠷᠠᠭᠠᠬᠤ ᠪᠠᠷᠢᠯᠭ᠎ᠠ ᠶᠢᠨ ᠠᠵᠢᠯ ᠤᠨ ᠲᠤᠬᠠᠢ ᠶᠢᠨ ᠭᠠᠵᠠᠷ ᠤᠨ ᠣᠨᠴᠠ ᠲᠥᠷᠥᠯ ᠤᠨ ᠲᠥᠬᠦᠭᠡᠷᠦᠮᠵᠢ ᠶᠢ ᠤᠭᠰᠠᠷᠠᠬᠤ᠂ ᠵᠠᠳᠠᠯᠬᠤ᠂ ᠬᠡᠷᠡᠭᠯᠡᠬᠦ ᠪᠠ

ᠦᠢᠯᠡᠳᠪᠦᠷᠢ ᠶᠢᠨ ᠳᠣᠲᠣᠷᠠᠬᠢ ᠲᠤᠰᠬᠠᠢ ᠬᠡᠷᠡᠭᠯᠡᠬᠦ ᠮᠠᠰᠢᠨ ᠲᠡᠷᠭᠡ ᠤᠭᠰᠠᠷᠠᠬᠤ᠂ ᠬᠡᠷᠡᠭᠯᠡᠬᠦ ᠶᠢᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ

ᠬᠠᠷᠢᠭᠤᠴᠠᠨ᠎ᠠ᠃

      ︵ᠬᠤᠷᠢᠨ ᠨᠠᠢᠮᠠ︶ ᠲᠣᠭᠤᠷᠢᠭ ᠤᠨ ᠬᠤᠳᠠ ᠶᠢᠨ ᠶᠠᠪᠤᠳᠠᠯ ᠤᠨ ᠦᠢᠯᠡᠰ ᠤᠨ ᠦᠢᠯᠡᠴᠢᠯᠡᠭᠡᠨ ᠤ ᠲᠥᠪ

      1.ᠬᠠᠷᠢᠶ᠎ᠠ ᠣᠷᠣᠨ ᠤ ᠳᠣᠲᠣᠷᠠᠬᠢ ᠬᠤᠳᠠ ᠶᠢᠨ ᠶᠠᠪᠤᠳᠠᠯ ᠤᠨ ᠪᠠᠷᠢᠯᠭ᠎ᠠ ︵ᠵᠠᠮ᠂ ᠬᠥᠭᠦᠷᠭᠡ᠂ ᠪᠠᠶᠢᠴᠠᠭᠠᠯᠳᠠ ᠶᠢᠨ ᠬᠤᠳᠳᠤᠭ᠂ ᠤᠰᠤ ᠬᠤᠷᠢᠶᠠᠬᠤ

ᠲᠠᠲᠠᠭᠠᠯ᠂ ᠨᠠᠯᠠᠤ ᠶᠢ ᠬᠠᠮᠠᠭᠠᠯᠠᠬᠤ ᠵᠡᠷᠭᠡ︶ ᠬᠢᠭᠡᠳ ᠲᠦᠬᠦᠬᠡᠷᠦᠮᠵᠢ ︵ᠵᠠᠮ ᠤᠨ ᠳ᠋ᠧᠩ᠂ ᠪᠣᠷᠣᠭᠠᠨ ᠤᠰᠤᠨ ᠬᠤᠭᠤᠯᠠᠢ᠂ ᠬᠠᠯᠬᠠᠪᠴᠢ ᠬᠡᠷᠡᠰᠬᠡ᠂ ᠥᠷᠲᠡᠭᠡᠨ ᠤ

ᠫᠠᠶᠢᠰᠠ᠂ ᠬᠦᠴᠦᠳᠡᠯ ᠥᠭᠡᠷᠡᠴᠢᠯᠡᠭᠴᠢ ᠵᠡᠷᠭᠡ︶ ᠶᠢ ᠬᠠᠮᠠᠭᠠᠯᠠᠬᠤ ᠪᠠᠷᠢᠯᠭ᠎ᠠ ᠶᠢᠨ  ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃

      2.ᠬᠤᠳᠠ ᠶᠢᠨ ᠰᠠᠭᠤᠷᠢ ᠲᠦᠬᠦᠬᠡᠷᠦᠮᠵᠢ᠂ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠦᠬᠦᠬᠡᠷᠦᠮᠵᠢ ᠶᠢᠨ ᠠᠮᠤᠷ ᠲᠦᠪᠰᠢᠨ ᠤ

ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃

      3. ᠬᠠᠷᠢᠶ᠎ᠠ ᠣᠷᠣᠨ ᠤ ᠳᠣᠲᠣᠷᠠᠬᠢ ᠬᠤᠳᠠ ᠶᠢᠨ ᠶᠠᠪᠤᠳᠠᠯ ᠤᠨ ᠪᠠᠷᠢᠯᠭ᠎ᠠ ᠶᠢᠨ ᠭᠠᠵᠠᠷ ᠤᠨ ᠣᠨᠴᠠ ᠲᠥᠷᠥᠯ ᠤᠨ ᠲᠥᠬᠦᠭᠡᠷᠦᠮᠵᠢ ᠶᠢ ᠤᠭᠰᠠᠷᠠᠬᠤ᠂

ᠵᠠᠳᠠᠯᠬᠤ᠂ ᠬᠡᠷᠡᠭᠯᠡᠬᠦ ᠪᠠ ᠦᠢᠯᠡᠳᠪᠦᠷᠢ ᠶᠢᠨ ᠳᠣᠲᠣᠷᠠᠬᠢ ᠲᠤᠰᠬᠠᠢ ᠬᠡᠷᠡᠭᠯᠡᠬᠦ ᠮᠠᠰᠢᠨ ᠲᠡᠷᠭᠡ ᠤᠭᠰᠠᠷᠠᠬᠤ᠂ ᠬᠡᠷᠡᠭᠯᠡᠬᠦ ᠶᠢᠨ ᠠᠶᠤᠯᠬᠦᠢ ᠦᠢᠯᠡᠳᠪᠦᠷᠢᠯᠡᠯ ᠳᠤ

ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃

      ︵ᠬᠤᠷᠢ ᠶᠢᠰᠦ︶ ᠳᠤᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠰ ᠤᠨ ᠦᠢᠯᠡᠴᠢᠯᠡᠭᠡᠨ ᠤ ᠲᠥᠪ

      1. ᠠᠶᠤᠯᠬᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠮᠡᠳᠡᠯᠭᠡ ᠶᠢ ᠲᠣᠰ ᠰᠢᠰᠲ᠋ᠧᠮ ᠤᠨ ᠢᠶᠠᠨ ᠤᠬᠠᠭᠤᠯᠭ᠎ᠠ ᠬᠥᠮᠦᠵᠢᠯ ᠤᠨ ᠠᠵᠢᠯ ᠳᠤ ᠣᠷᠣᠭᠤᠯᠵᠤ᠂

ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠲᠠᠨ ᠠᠵᠢᠯᠴᠢᠨ ᠳᠤ ᠠᠶᠤᠯᠬᠦᠢ ᠦᠢᠯᠡᠳᠪᠦᠷᠢᠯᠡᠯ ᠤᠨ ᠪᠣᠯᠪᠠᠰᠤᠷᠠᠭᠤᠯᠤᠯ ᠬᠥᠮᠦᠵᠢᠯ ᠬᠢᠬᠦ ᠶᠢ

ᠬᠠᠷᠢᠭᠤᠴᠠᠨ᠎ᠠ᠃

      2. ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠤ ᠠᠬᠤᠶᠢᠯᠠᠯ᠂ ᠬᠤᠭ ᠨᠣᠪᠰᠢ ᠰᠢᠢᠳᠪᠦᠷᠢᠯᠡᠬᠦ ᠲᠠᠯᠠᠪᠤᠷ ᠭᠠᠵᠠᠷ ᠤᠨ ᠠᠶᠤᠯᠬᠦᠢ

ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠨᠢᠬᠡᠨᠳᠡ ᠪᠠᠶᠢᠭᠤᠯᠤᠭᠰᠠᠨ ᠲᠣᠭᠤᠷᠢᠭ ᠤᠨ ᠭᠤᠣᠯ ᠳᠡᠳ᠋ ᠵᠠᠮ ᠱᠤᠭᠤᠮ᠂

ᠭᠤᠳᠤᠮᠵᠢ ᠶᠢ ᠴᠡᠪᠡᠷᠯᠡᠬᠦ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      3. ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠦᠬᠦᠬᠡᠷᠦᠮᠵᠢ ᠶᠢ ᠪᠠᠶᠢᠭᠤᠯᠬᠤ᠂ ᠡᠵᠡᠩᠨᠡᠬᠦ ᠪᠠ ᠬᠠᠮᠠᠭᠠᠯᠠᠬᠤ ᠶᠢᠨ ᠠᠮᠤᠷ ᠲᠦᠪᠰᠢᠨ ᠤ ᠬᠢᠨᠠᠯᠲᠠ

ᠬᠠᠮᠢᠶᠠᠷᠤᠯᠲᠠ ᠶᠢ ᠬᠠᠷᠢᠭᠤᠴᠠᠨ᠎ᠠ᠃

      4. ᠠᠮᠢᠳᠤᠷᠠᠯ ᠤᠨ ᠬᠤᠭ ᠨᠣᠪᠰᠢ᠂ ᠪᠠᠭᠠᠰᠤ ᠰᠢᠭᠡᠰᠦ᠂ ᠬᠤᠭᠤᠯᠠᠨ ᠭᠡᠷ ᠤᠨ ᠬᠤᠭ ᠨᠣᠪᠰᠢ ᠶᠢ ᠴᠤᠭᠯᠠᠭᠤᠯᠬᠤ᠂ ᠴᠡᠪᠡᠷᠯᠡᠨ ᠲᠡᠭᠡᠭᠡᠪᠦᠷᠢᠯᠡᠬᠦ᠂

ᠰᠢᠢᠳᠪᠦᠷᠢᠯᠡᠬᠦ ᠡᠭᠦᠷᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔᡾ᠤᠰᠤ ᠰᠦᠷᠴᠢᠬᠦ ᠲᠡᠷᠭᠡ᠂ ᠴᠡᠪᠡᠷᠯᠡᠬᠦ ᠲᠡᠷᠭᠡ᠂ ᠬᠤᠭ

ᠨᠣᠪᠰᠢ ᠵᠥᠭᠡᠭᠡᠪᠦᠷᠢᠯᠡᠬᠦ ᠲᠡᠷᠭᠡ ᠵᠡᠷᠭᠡ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠡᠷᠭᠡ ᠬᠥᠰᠬᠡ ᠶᠢᠨ ᠠᠮᠤᠷ ᠲᠦᠪᠰᠢᠨ ᠢᠶᠠᠷ ᠠᠵᠢᠯᠯᠠᠬᠤ ᠳᠤ ᠬᠢᠨᠠᠯᠲᠠ

ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃

      5. ᠡᠯ᠎ᠡ ᠲᠥᠷᠥᠯ ᠤᠨ ᠨᠡᠶᠢᠲᠡ ᠶᠢᠨ ᠵᠣᠷᠯᠣᠩ᠂ ᠬᠤᠭ ᠨᠣᠪᠰᠢ ᠶᠢ ᠠᠪᠴᠢᠭᠤᠯᠬᠤ ᠥᠷᠲᠡᠭᠡ᠂ ᠬᠤᠭ ᠨᠣᠪᠰᠢ ᠶᠢ ᠬᠤᠷᠢᠶᠠᠨ ᠴᠤᠭᠯᠠᠭᠤᠯᠬᠤ ᠥᠷᠲᠡᠭᠡ᠂

ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠠᠶ᠂ ᠬᠤᠭ ᠨᠣᠪᠰᠢ ᠢᠯᠭᠠᠳᠠᠰᠤ ︵ᠬᠤᠭᠤᠯᠠᠨ ᠭᠡᠷ ᠤᠨ ᠬᠤᠭ ᠨᠣᠪᠰᠢ ᠪᠠᠭᠲᠠᠨ᠎ᠠ︶ ᠶᠢ ᠶᠡᠷᠦᠩᠬᠡᠶᠢᠯᠡᠨ

ᠰᠢᠢᠳᠪᠦᠷᠢᠯᠡᠬᠦ ᠲᠠᠯᠠᠪᠠᠶ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠨ᠎ᠠ᠃

      ︵ᠭᠤᠴᠢ︶ ᠲᠣᠭᠤᠷᠢᠭ ᠤᠨ ᠴᠡᠴᠡᠷᠯᠢᠭᠵᠢᠬᠦᠯᠦᠯᠳᠡ ᠨᠣᠭᠤᠭᠠᠷᠠᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠪ

      1. ᠴᠡᠴᠡᠷᠯᠢᠭᠵᠢᠬᠦᠯᠦᠯᠳᠡ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂

ᠬᠤᠳᠠ ᠲᠣᠭᠤᠷᠢᠭ ᠤᠨ ᠴᠡᠴᠡᠷᠯᠢᠭᠵᠢᠬᠦᠯᠦᠯᠳᠡ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ

ᠬᠠᠮᠢᠶᠠᠷᠬᠤ ᠶᠢ ᠬᠠᠷᠢᠭᠤᠴᠠᠨ᠎ᠠ᠃

      2. ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠵᠡᠭᠡᠯᠢ ᠭᠤᠳᠤᠮᠵᠢ᠂ ᠴᠡᠴᠡᠷᠯᠢᠭ᠂ ᠠᠭᠤᠳᠠᠮ ᠲᠠᠯᠠᠪᠠᠢ ᠪᠣᠯᠣᠨ  ᠬᠠᠮᠢᠶ᠎ᠠ ᠪᠦᠬᠦᠢ

ᠬᠠᠮᠠᠭᠠᠯᠠᠯᠲᠠ ᠶᠢᠨ ᠤᠢ ᠶᠢᠨ ᠣᠷᠣᠨ ᠤ ᠲᠥᠯᠦᠪᠵᠢᠭᠦᠯᠭᠡ᠂ ᠵᠢᠷᠤᠭ ᠲᠥᠯᠥᠪᠯᠡᠭᠡ᠂ ᠪᠦᠲᠦᠭᠡᠨ ᠪᠠᠶᠢᠭᠤᠯᠤᠯᠲᠠ ᠪᠣᠯᠣᠨ ᠡᠳᠦᠷ ᠲᠤᠳᠤᠮ ᠤᠨ ᠠᠷᠠᠴᠢᠯᠠᠨ

ᠬᠠᠮᠠᠭᠠᠯᠠᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ︔᡾ᠬᠤᠲᠠ ᠶᠢᠨ ᠲᠣᠭᠤᠷᠢᠭ ᠤᠨ ᠳᠣᠲᠣᠷᠠᠬᠢ ᠨᠤᠭᠤ ᠭᠠᠵᠠᠷ ᠢ ᠡᠵᠡᠯᠡᠨ ᠬᠡᠷᠡᠭᠯᠡᠬᠦ᠂ ᠣᠶ ᠮᠣᠳᠣ ᠶᠢ

ᠣᠭᠲᠣᠯᠵᠤ ᠰᠢᠯᠵᠢᠭᠦᠯᠬᠦ ᠵᠡᠷᠭᠡ ᠵᠦᠢᠯᠡᠰ ᠢ ᠮᠡᠳᠡᠭᠦᠯᠬᠦ ᠪᠠ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠬᠠᠷᠢᠭᠤᠴᠠᠨ᠎ᠠ︔ ᠮᠣᠳᠣ ᠰᠢᠯᠵᠢᠭᠦᠯᠦᠨ ᠵᠠᠶᠢᠯᠠᠬᠤ᠂

ᠣᠭᠲᠣᠯᠬᠤ ᠶᠢ ᠬᠢᠨᠠᠨ ᠵᠥᠪᠰᠢᠶᠡᠷᠡᠭᠦᠯᠬᠦ ᠭᠠᠷᠳᠠᠮ ᠪᠠ ᠨᠤᠭᠤ ᠭᠠᠵᠠᠷ ᠢ ᠡᠵᠡᠯᠡᠨ ᠬᠡᠷᠡᠭᠯᠡᠬᠦ ᠶᠢ ᠬᠢᠨᠠᠨ ᠬᠠᠷᠭᠤᠭᠤᠯᠬᠤ ᠭᠠᠷᠳᠠᠮ ᠢ ᠭᠦᠢᠴᠡᠳᠬᠡᠬᠦ ᠦᠢᠯᠡᠴᠢᠯᠡᠭᠡᠨ ᠤ

ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠨᠢᠭᠡᠴᠡ ᠶᠢ ᠬᠠᠮᠵᠢᠨ ᠨᠣᠭᠤᠭᠠᠷᠠᠭᠤᠯᠤᠯᠲᠠ ᠶᠢᠨ ᠬᠠᠤᠯᠢ ᠠᠴᠠ ᠵᠥᠷᠢᠴᠡᠭᠰᠡᠨ ᠬᠡᠷᠡᠭ ᠢ

ᠪᠠᠶᠢᠴᠠᠭᠠᠨ ᠰᠢᠢᠳᠪᠦᠷᠢᠯᠡᠨ᠎ᠡ᠃

      3. ᠴᠡᠴᠡᠷᠯᠢᠭᠵᠢᠬᠦᠯᠦᠯᠳᠡ ᠨᠣᠭᠤᠭᠠᠷᠠᠭᠤᠯᠤᠯᠲᠠ ᠶᠢᠨ ᠪᠠᠷᠢᠯᠭ᠎ᠠ ᠶᠢᠨ ᠭᠠᠵᠠᠷ ᠤᠨ ᠣᠨᠴᠠ ᠲᠥᠷᠥᠯ ᠤᠨ ᠲᠥᠬᠦᠭᠡᠷᠦᠮᠵᠢ ᠶᠢ ᠤᠭᠰᠠᠷᠠᠬᠤ᠂ ᠪᠠᠭᠤᠯᠭᠠᠬᠤ᠂

ᠬᠡᠷᠡᠭᠯᠡᠬᠦ᠂ ᠲᠤᠰᠬᠠᠢ ᠬᠡᠷᠡᠭᠯᠡᠬᠡᠨ ᠤ ᠮᠠᠰᠢᠨ ᠲᠡᠷᠭᠡ ᠶᠢ ᠤᠭᠰᠠᠷᠠᠬᠤ᠂ ᠬᠡᠷᠡᠭᠯᠡᠬᠦ ᠳᠠᠯ᠎ᠠ ᠶᠢᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ

ᠬᠠᠷᠢᠭᠤᠴᠠᠨ᠎ᠠ᠃

      4. ᠴᠡᠴᠡᠷᠯᠢᠭ᠂ ᠵᠤᠭᠠᠴᠠᠯ ᠤᠨ ᠬᠦᠷᠢᠶᠡᠯᠡᠩ᠂ ᠠᠭᠤᠳᠠᠮ ᠲᠠᠯᠠᠪᠠᠢ᠂ ᠨᠤᠭᠤ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ

ᠬᠠᠷᠢᠭᠤᠴᠠᠨ᠎ᠠ︔ ᠴᠡᠴᠡᠷᠯᠢᠭ ᠤᠨ ᠳᠣᠲᠣᠷᠠᠬᠢ ᠴᠠᠬᠢᠯᠭᠠᠨ ᠬᠦᠴᠦᠨ ᠤ ᠲᠦᠬᠦᠬᠡᠷᠦᠮᠵᠢ᠂ ᠮᠠᠰᠢᠨ ᠲᠥᠬᠦᠭᠡᠷᠦᠮᠵᠢ᠂ ᠵᠤᠭ᠎ᠠ ᠴᠡᠩᠭᠡᠯ ᠤᠨ ᠲᠦᠬᠦᠬᠡᠷᠦᠮᠵᠢ᠂ ᠤᠰᠤ

ᠬᠡᠷᠡᠭᠯᠡᠬᠦ᠂ ᠲᠡᠷᠭᠡ ᠬᠥᠰᠬᠡ ᠵᠡᠷᠭᠡ ᠠᠳᠡᠯ ᠤᠯᠠᠨ ᠡᠬᠦᠰᠳᠡᠭ ᠬᠦᠷᠢᠶ᠎ᠡ ᠴᠠᠷᠠᠨ ᠤ ᠠᠶᠤᠯᠬᠦᠢ   ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ

ᠭᠤᠣᠯᠳᠠᠯᠭ᠎ᠠ ᠲᠠᠢ ᠴᠢᠩᠭᠠᠳᠬᠠᠨ᠎ᠠ᠃

      ︵ᠭᠤᠴᠢᠨ ᠨᠢᠭᠡ︶ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ

      1.ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂

ᠲᠤᠰ ᠵᠠᠰᠠᠭ ᠵᠠᠬᠢᠷᠭᠠᠨ ᠤ ᠣᠷᠣᠨ ᠳᠤᠭᠤᠷᠢᠭ ᠤᠨ ᠳᠣᠲᠣᠷᠠᠬᠢ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ

ᠦᠢᠯᠡᠴᠢᠯᠡᠭᠡᠨ ᠤ ᠠᠵᠢᠯ ᠢ  ᠬᠠᠷᠢᠭᠤᠴᠠᠨ᠎ᠠ᠃

      2. ᠪᠦᠬᠦ ᠳᠤᠭᠤᠷᠢᠭ ᠤᠨ ᠢᠯᠴᠢ ᠬᠠᠩᠭᠠᠬᠤ ᠠᠵᠢᠯ ᠲᠥᠷᠥᠯ ︵ᠢᠯᠴᠢ ᠬᠠᠩᠭᠠᠬᠤ ᠠᠵᠤ ᠠᠬᠤᠶᠢᠯᠠᠯ ᠪᠠᠭᠲᠠᠨ᠎ᠠ︶ ᠤᠨ ᠠᠶᠤᠯᠬᠦᠢ  ᠦᠢᠯᠡᠳᠪᠦᠷᠢᠯᠡᠯ ᠳᠤ

ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠪᠥᠬᠦ ᠳᠤᠭᠤᠷᠢᠭ ᠤᠨ ᠢᠯᠴᠢ ᠬᠠᠩᠭᠠᠬᠤ ᠠᠵᠢᠯ ᠲᠥᠷᠥᠯ ᠤᠨ ᠲᠦᠯᠦᠪᠵᠢᠬᠦᠯᠬᠡ᠂ ᠵᠤᠬᠢᠴᠠᠭᠤᠯᠭ᠎ᠠ᠂

ᠵᠢᠯᠤᠭᠤᠳᠤᠯᠭ᠎ᠠ᠂ ᠬᠢᠨᠠᠯᠳᠠ ᠳᠠᠯᠪᠢᠨ ᠪᠠᠶᠢᠴᠠᠭᠠᠬᠤ ᠦᠢᠯᠡᠴᠢᠯᠡᠭᠡ ᠶᠢ ᠬᠠᠷᠢᠭᠤᠴᠠᠨ᠎ᠠ᠃

      ︵ᠭᠤᠴᠢᠨ ᠬᠤᠶᠠᠷ︶ ᠳᠤᠭᠤᠷᠢᠭ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ  ᠪᠦᠳᠦᠬᠡᠨ ᠪᠠᠶᠢᠭᠤᠯᠬᠤ ᠲᠥᠪ

      1. ︵ᠳᠤᠭᠤᠷᠢᠭ ᠤᠨ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠪᠠᠷᠢᠯᠭ᠎ᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ︶

ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠬᠠᠷᠢᠭᠤᠴᠠᠬᠤ ᠶᠢᠨ ᠬᠠᠮᠲᠤ ᠪᠦᠲᠦᠭᠡᠨ ᠪᠠᠶᠢᠭᠤᠯᠤᠯᠲᠠ ᠶᠢᠨ

ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠪᠠᠷᠢᠯᠭ᠎ᠠ ᠶᠢᠨ ᠠᠶᠤᠯᠬᠦᠢ ᠦᠢᠯᠡᠳᠪᠦᠷᠢᠯᠡᠯ ᠤᠨ ᠲᠠᠯ᠎ᠠ ᠪᠠᠷ ᠬᠢ ᠵᠢᠯᠣᠭᠤᠳᠤᠯᠭ᠎ᠠ ᠪᠠ ᠬᠢᠨᠠᠯᠲᠠ ᠶᠢ ᠬᠠᠤᠯᠢ ᠶᠣᠰᠣᠭᠠᠷ

ᠬᠦᠯᠢᠶᠡᠨ᠎ᠡ᠃

      2. ᠳᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ︵ᠳᠤᠭᠤᠷᠢᠭ ᠤᠨ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠪᠠᠷᠢᠯᠭ᠎ᠠ ᠶᠢᠨ

ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ︶ ᠪᠠᠷᠢᠯᠭ᠎ᠠ ᠶᠢᠨ ᠠᠵᠢᠯ ᠬᠢᠬᠦ᠂ ᠪᠠᠷᠢᠯᠭ᠎ᠠ ᠶᠢᠨ ᠤᠭᠰᠠᠷᠠᠭᠤᠯᠬᠤ᠂ ᠪᠠᠷᠢᠯᠭ᠎ᠠ ᠶᠢᠨ ᠵᠠᠰᠠᠯ ᠴᠢᠮᠡᠭᠯᠡᠯ᠂

ᠪᠠᠷᠢᠯᠭ᠎ᠠ ᠶᠢᠨ ᠡᠨᠧᠷᠬᠢ ᠠᠷᠪᠢᠯᠠᠬᠤ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ᠂ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ᠂ ᠬᠤᠳᠠ ᠶᠢᠨ

ᠶᠠᠪᠤᠳᠠᠯ ᠤᠨ ᠪᠠᠷᠢᠯᠭ᠎ᠠ᠂ ᠪᠠᠷᠢᠯᠭ᠎ᠠ ᠶᠢᠨ ᠥᠭᠡᠷᠡᠴᠢᠯᠡᠯᠲᠡ᠂ ᠬᠤᠳᠠ ᠶᠢᠨ ᠪᠠᠷᠢᠯᠭ᠎ᠠ ᠶᠢ ᠨᠤᠷᠠᠭᠠᠬᠤ ᠪᠠᠷᠢᠯᠭ᠎ᠠ᠂ ᠵᠢᠮᠳᠤ ᠵᠠᠮ ᠨᠡᠪᠳᠡᠷᠡᠬᠦᠯᠬᠡ ᠶᠢᠨ ᠪᠦᠲᠦᠭᠡᠨ

ᠪᠠᠶᠢᠭᠤᠯᠤᠯᠲᠠ ᠵᠡᠷᠭᠡ ᠪᠠᠷᠢᠯᠭ᠎ᠠ ᠶᠢᠨ ᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      3. ᠪᠥᠬᠦ ᠳᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ︵ᠳᠤᠭᠤᠷᠢᠭ ᠤᠨ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠪᠠᠷᠢᠯᠭ᠎ᠠ ᠶᠢᠨ

ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ︶ ᠶᠢᠨ ᠪᠠᠷᠢᠯᠭ᠎ᠠ ᠶᠢᠨ ᠭᠠᠵᠠᠷ  ᠤᠨ ᠣᠨᠴᠠ ᠲᠥᠷᠥᠯ ᠤᠨ ᠲᠥᠬᠦᠭᠡᠷᠦᠮᠵᠢ ᠶᠢ ᠤᠭᠰᠠᠷᠠᠬᠤ᠂

ᠵᠠᠳᠠᠯᠬᠤ᠂ ᠬᠡᠷᠡᠭᠯᠡᠬᠦ᠂ ᠲᠤᠰᠬᠠᠢ ᠬᠡᠷᠡᠭᠯᠡᠬᠡᠨ ᠤ ᠮᠠᠰᠢᠨ ᠲᠡᠷᠭᠡ ᠤᠭᠰᠠᠷᠠᠬᠤ᠂ ᠬᠡᠷᠡᠭᠯᠡᠬᠦ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ

ᠬᠠᠷᠢᠭᠤᠴᠠᠨ᠎ᠠ᠃

      ︵ᠭᠤᠴᠢᠨ ᠭᠤᠷᠪᠠ︶ ᠳᠤᠭᠤᠷᠢᠭ ᠤᠨ ᠭᠠᠯ ᠤᠨᠳᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ

      1.ᠭᠠᠯ ᠤᠨ ᠠᠶᠤᠯ ᠢ ᠤᠷᠢᠳᠴᠢᠯᠠᠨ ᠰᠡᠷᠭᠡᠶᠢᠯᠡᠬᠦ᠂ ᠭᠠᠯ ᠤᠨᠳᠠᠷᠠᠭᠠᠬᠤ ᠠᠶᠤᠯ ᠠᠴᠠ ᠬᠠᠮᠠᠭᠠᠯᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠵᠢᠴᠢ ᠭᠠᠯ ᠤᠨ

ᠠᠶᠤᠯ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠬᠠᠮᠢᠶ᠎ᠠ ᠪᠦᠬᠦᠢ ᠠᠵᠢᠯ ᠢ ᠬᠠᠷᠢᠭᠤᠴᠠᠵᠤ᠂ ᠭᠠᠯ ᠤᠨᠳᠠᠷᠠᠭᠠᠬᠤ ᠠᠶᠤᠯ ᠠᠴᠠ ᠬᠠᠮᠠᠭᠠᠯᠠᠬᠤ ᠶᠢᠨ ᠶᠡᠷᠦᠩᠬᠡᠶᠢᠯᠡᠭᠰᠡᠨ

ᠬᠢᠨᠠᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠬᠡᠷᠡᠭᠵᠢᠭᠦᠯᠦᠨ᠎ᠡ᠃

      2.ᠬᠤᠳᠠ ᠬᠥᠳᠡᠭᠡ ᠶᠢᠨ ᠶᠡᠷᠦᠩᠬᠡᠶᠢᠯᠡᠭᠰᠡᠨ ᠴᠢᠨᠠᠷᠲᠠᠢ ᠭᠠᠯ ᠤᠨᠳᠠᠷᠠᠭᠠᠬᠤ ᠠᠪᠤᠷᠠᠨ ᠲᠤᠰᠠᠯᠠᠬᠤ ᠠᠵᠢᠯ ᠢ ᠬᠠᠷᠢᠭᠤᠴᠠᠵᠤ᠂ ᠴᠢᠬᠤᠯᠠ ᠬᠤᠷᠠᠯ᠂ ᠲᠣᠮᠣ

ᠬᠡᠯᠪᠡᠷᠢ ᠶᠢᠨ ᠠᠵᠢᠯᠯᠠᠭᠠᠨ ᠤ ᠭᠠᠯ ᠤᠨᠳᠠᠷᠠᠭᠠᠬᠤ ᠠᠶᠤᠯ ᠠᠴᠠ ᠬᠠᠮᠠᠭᠠᠯᠠᠬᠤ ᠠᠵᠢᠯ ᠢ ᠬᠠᠷᠢᠭᠤᠴᠠᠨ᠎ᠠ᠃

      3. ᠭᠠᠯ ᠤᠨᠳᠠᠷᠠᠭᠠᠬᠤ ᠠᠪᠤᠷᠠᠨ ᠲᠤᠰᠠᠯᠠᠬᠤ ᠡᠩᠨᠡᠭᠡᠨ ᠤ ᠶᠡᠷᠦᠩᠬᠡᠶᠢᠯᠡᠭᠰᠡᠨ ᠴᠢᠨᠠᠷᠲᠠᠢ ᠭᠠᠯ ᠤᠨᠳᠠᠷᠠᠭᠠᠬᠤ ᠠᠪᠤᠷᠠᠨ ᠲᠤᠰᠠᠯᠠᠬᠤ ᠪᠡᠯᠡᠳᠬᠡᠯ ᠲᠥᠰᠥᠯ ᠢ

ᠨᠠᠶᠢᠷᠠᠭᠤᠯᠤᠨ ᠳᠤᠭᠤᠷᠪᠢᠬᠤ᠂ ᠪᠠᠶᠢᠯᠳᠤᠬᠤ ᠪᠤᠳᠤᠯᠭ᠎ᠠ ᠶᠢᠨ ᠰᠤᠳᠤᠯᠤᠯ ᠬᠢᠬᠦ ᠪᠠ ᠡᠭᠦᠷᠭᠡ ᠬᠦᠢᠴᠡᠳᠬᠡᠯ ᠤᠨ ᠰᠢᠯᠭᠠᠭᠤᠯᠢ ᠳᠤ ᠪᠡᠯᠡᠳᠬᠡᠬᠦ᠂ ᠪᠣᠯᠪᠠᠰᠤᠷᠠᠯ

ᠰᠣᠷᠢᠯᠲᠠ ᠬᠢᠬᠦ ᠵᠡᠷᠭᠡ ᠠᠵᠢᠯ ᠢ ᠬᠠᠷᠢᠭᠤᠴᠠᠨ᠎ᠠ᠃

      4. ᠭᠠᠯ ᠤᠨᠳᠠᠷᠠᠭᠠᠬᠤ ᠠᠪᠤᠷᠠᠨ ᠲᠤᠰᠠᠯᠠᠬᠤ ᠶᠢ ᠮᠡᠳᠡᠭᠡ ᠵᠠᠩᠭᠢᠵᠢᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠪᠠᠶᠢᠭᠤᠯᠤᠯᠲᠠ ᠶᠢ

ᠬᠠᠷᠢᠭᠤᠴᠠᠵᠤ᠂ ᠬᠠᠮᠢᠶ᠎ᠠ ᠪᠦᠬᠦᠢ ᠠᠪᠤᠷᠠᠨ ᠲᠤᠰᠠᠯᠠᠬᠤ ᠠᠵᠢᠯᠯᠠᠭᠠᠨ ᠤ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠢ

ᠡᠭᠦᠷᠭᠡᠯᠡᠨ᠎ᠡ᠃

      5. ᠭᠠᠯ ᠤᠳᠠᠷᠠᠭᠠᠬᠤ ᠠᠶᠤᠯ ᠠᠴᠠ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠠᠵᠢᠯ ᠪᠣᠯᠣᠨ ᠨᠡᠶᠢᠭᠡᠮ ᠤᠨ ᠭᠠᠯ ᠤᠨᠲᠠᠷᠠᠭᠠᠬᠤ ᠬᠦᠴᠦᠨ ᠤ

ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠤᠭᠤᠳᠬᠤ ᠶᠢ ᠬᠠᠷᠢᠭᠤᠴᠠᠨ᠎ᠠ᠃

      6. ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠢ ᠡᠩᠨᠡᠭᠡᠨ ᠤ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ

ᠬᠢᠭᠡᠳ ᠲᠣᠬᠢᠷᠠᠭᠤᠯᠤᠨ ᠵᠢᠯᠤᠭᠤᠳᠬᠤ ᠶᠢ ᠬᠠᠷᠢᠭᠤᠴᠠᠵᠤ᠂ ᠨᠡᠶᠢᠭᠡᠮ ᠤᠨ ᠡᠯ᠎ᠡ ᠲᠥᠷᠥᠯ ᠤᠨ ᠠᠪᠤᠷᠠᠨ ᠲᠤᠰᠠᠯᠠᠬᠤ ᠬᠦᠴᠦᠨ ᠢ ᠵᠣᠬᠢᠴᠠᠭᠤᠯᠤᠨ ᠲᠠᠶᠢᠴᠢᠯᠠᠵᠤ

ᠠᠪᠤᠷᠠᠨ ᠲᠤᠰᠠᠯᠠᠬᠤ ᠡᠭᠦᠷᠭᠡ ᠳᠤ ᠣᠷᠣᠯᠴᠠᠭᠤᠯᠬᠤ ᠳᠤ ᠣᠷᠣᠯᠴᠠᠨ᠎ᠠ᠃

      ︵ᠭᠤᠴᠢᠨ ᠳᠥᠷᠪᠡ︶ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ

      1.ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠡ ᠶᠢᠨ ᠠᠶᠤᠯᠭᠦᠢ ᠦᠢᠯᠡᠳᠪᠦᠷᠢᠯᠡᠯ᠂ ᠬᠥᠳᠡᠯᠮᠦᠷᠢ ᠶᠢᠨ ᠪᠠᠲᠤᠯᠠᠭ᠎ᠠ ᠵᠡᠷᠭᠡ ᠬᠠᠤᠯᠢ ᠴᠠᠭᠠᠵᠠ ᠬᠠᠤᠯᠢ

ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠬᠥᠳᠡᠯᠮᠦᠷᠢᠴᠢᠳ ᠤᠨ ᠬᠦᠰᠡᠯ ᠱᠠᠭᠠᠷᠳᠠᠯᠭ᠎ᠠ ᠶᠢ ᠲᠤᠰᠬᠠᠨ᠂

ᠦᠨᠳᠦᠰᠦᠨ ᠱᠠᠲᠤᠨ ᠤ ᠠᠵᠢᠯᠴᠢᠨ ᠤ ᠡᠪᠯᠡᠯ ᠢ ᠵᠢᠭᠠᠨ ᠵᠢᠯᠤᠭᠤᠳᠴᠤ ᠪᠠᠶᠢᠭᠠᠳ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠲᠤᠰ ᠨᠢᠬᠡᠴᠡ ᠶᠢᠨ ᠢᠶᠠᠨ

ᠠᠶᠤᠯᠭᠦᠢ ᠦᠢᠯᠡᠳᠪᠦᠷᠢᠯᠡᠯ ᠤᠨ ᠠᠵᠢᠯ ᠤᠨ ᠠᠷᠠᠳᠴᠢᠯᠠᠭᠰᠠᠨ ᠬᠠᠮᠢᠶᠠᠷᠤᠯᠲᠠ ᠪᠠ ᠠᠷᠠᠳᠴᠢᠯᠠᠯ ᠢᠶᠠᠷ ᠬᠢᠨᠠᠯᠲᠠ ᠳᠠᠯᠪᠢᠬᠤ ᠳᠤ ᠣᠷᠣᠯᠴᠠᠭᠤᠯᠵᠤ᠂ ᠠᠶᠤᠯᠭᠦᠢ

ᠦᠢᠯᠡᠳᠪᠦᠷᠢᠯᠡᠯ ᠤᠨ ᠲᠠᠯ᠎ᠠ ᠪᠠᠷ ᠬᠢ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃

      2. ᠣᠯᠠᠨ ᠲᠦᠮᠡᠨᠴᠢ ᠴᠢᠨᠠᠷᠲᠠᠢ ᠬᠥᠳᠡᠯᠮᠦᠷᠢ ᠶᠢᠨ ᠠᠮᠤᠷ ᠲᠦᠪᠰᠢᠨ ᠡᠷᠡᠭᠦᠯ ᠬᠠᠮᠠᠭᠠᠯᠠᠯ ᠵᠡᠷᠭᠡ ᠠᠵᠢᠯᠯᠠᠭ᠎ᠠ ᠪᠠ ᠤᠷᠤᠯᠳᠤᠭᠠᠨ ᠢ ᠵᠣᠬᠢᠶᠠᠨ ᠪᠠᠶᠢᠭᠤᠯᠤᠨ

ᠥᠷᠨᠢᠭᠦᠯᠵᠦ᠂ ᠠᠵᠢᠯᠲᠠᠨ ᠠᠵᠢᠯᠴᠢᠨ ᠤ ᠠᠶᠤᠯᠬᠦᠢ ᠦᠢᠯᠡᠳᠪᠦᠷᠢᠯᠡᠯ ᠤᠨ ᠦᠵᠡᠯ ᠤᠬᠠᠮᠰᠠᠷ ᠪᠠ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠎ᠡ᠃

      3. ᠥᠷᠭᠡᠨ ᠣᠯᠠᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠣᠯᠠᠨ ᠲᠦᠮᠡᠨᠴᠢ ᠴᠢᠨᠠᠷᠲᠠᠢ ᠠᠶᠤᠯᠬᠦᠢ ᠦᠢᠯᠡᠳᠪᠦᠷᠢᠯᠡᠯ ᠳᠤ ᠬᠢᠨᠠᠯᠲᠠ

ᠲᠠᠯᠪᠢᠬᠤ ᠪᠠ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ ᠠᠮᠤᠷ ᠲᠦᠪᠰᠢᠨ ᠤ

ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠣᠷᠣᠯᠴᠠᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠶᠢ ᠠᠬᠢᠭᠤᠯᠤᠨ᠎ᠠ᠃

      4. ᠠᠶᠤᠯᠬᠦᠢ ᠦᠢᠯᠡᠳᠪᠦᠷᠢᠯᠡᠯ ᠤᠨ ᠲᠠᠯ᠎ᠠ ᠪᠠᠷ ᠬᠢ ᠬᠥᠳᠡᠯᠮᠦᠷᠢ ᠶᠢᠨ ᠵᠢᠱᠢᠶᠡᠴᠢ ᠶᠢᠨ ᠨᠡᠶᠢᠲᠡᠯᠢᠭ ᠥᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂

ᠠᠵᠢᠯᠴᠢᠨ ᠤ ᠡᠪᠯᠡᠯ ᠤᠨ ᠰᠢᠰᠲ᠋ᠧᠮ ᠤᠨ ᠤᠯᠠᠨ ᠲᠦᠮᠡᠨᠴᠢ ᠴᠢᠨᠠᠷᠲᠠᠢ ᠠᠶᠤᠯᠬᠦᠢ ᠦᠢᠯᠡᠳᠪᠦᠷᠢᠯᠡᠯ  ᠤᠨ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ

ᠠᠵᠢᠯᠯᠠᠭ᠎ᠠ ᠶᠢ ᠵᠢᠯᠣᠭᠤᠳᠤᠨ ᠥᠷᠨᠢᠭᠦᠯᠦᠨ᠎ᠡ᠃

      5. ᠠᠶᠤᠯᠬᠦᠢ ᠦᠢᠯᠡᠳᠪᠦᠷᠢᠯᠡᠯ ᠤᠨ ᠠᠵᠢᠯ ᠤᠨ ᠳᠤᠮᠳᠠᠬᠢ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠲᠤ ᠬᠤᠯᠪᠣᠭᠳᠠᠬᠤ ᠴᠢᠬᠤᠯᠠ

ᠶᠡᠭᠡ ᠠᠰᠠᠭᠤᠳᠠᠯ ᠢ ᠪᠠᠶᠢᠴᠠᠭᠠᠨ ᠰᠤᠳᠤᠯᠤᠨ᠎ᠠ᠃

      6. ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠬᠠᠤᠯᠢ ᠶᠣᠰᠣᠭᠠᠷ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ

ᠮᠥᠴᠢᠷ ᠲᠤ ᠰᠢᠢᠳᠪᠦᠷᠢᠯᠡᠬᠦ ᠰᠠᠨᠠᠯ ᠢᠶᠠᠨ ᠳᠤᠷᠠᠳᠤᠨ᠂ ᠠᠵᠢᠯᠲᠠᠨ ᠠᠵᠢᠯᠴᠢᠨ ᠢ ᠲᠥᠯᠥᠭᠡᠯᠡᠨ ᠠᠳᠡᠯ ᠭᠠᠷᠤᠭᠰᠠᠨ ᠨᠢᠬᠡᠴᠡ ᠶᠢᠨ ᠰᠡᠷᠭᠡᠶᠢᠯᠡᠬᠦ ᠪᠠ ᠴᠡᠭᠴᠡᠯᠡᠨ

ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃

ᠳᠥᠷᠪᠡ᠂ ᠠᠵᠢᠯ ᠤᠨ ᠱᠠᠭᠠᠷᠳᠠᠯᠭ᠎ᠠ

      ᠲᠣᠰ ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠨᠢ ᠳᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ

ᠬᠤᠯᠪᠣᠭᠳᠠᠯ ᠪᠦᠬᠦᠢ ᠠᠵᠢᠯ ᠲᠥᠷᠥᠯ ᠤᠨ ᠬᠦᠷᠢᠶᠡᠨ ᠳᠠᠬᠢ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠳᠤᠰᠢᠶᠠᠯ ᠬᠠᠷᠢᠭᠤᠴᠠᠯᠭ᠎ᠠ ᠶᠢ

ᠶᠡᠷᠦᠩᠬᠡᠢ ᠳᠤᠨᠢ ᠲᠣᠳᠣᠷᠬᠠᠶᠢᠯᠠᠵᠤ᠂ ᠲᠣᠰ ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠳᠤ ᠲᠣᠳᠣᠷᠬᠠᠢ ᠦᠭᠡᠢ ᠠᠶᠤᠯᠬᠦᠢ ᠦᠢᠯᠡᠳᠪᠦᠷᠢᠯᠡᠯ ᠤᠨ

ᠠᠵᠢᠯ ᠤᠨ ᠳᠤᠰᠢᠶᠠᠯ ᠬᠠᠷᠢᠭᠤᠴᠠᠯᠭ᠎ᠠ ᠶᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠪᠢᠴᠢᠭ ᠮᠠᠲ᠋ᠧᠷᠢᠶᠠᠯ ᠪᠣᠯᠣᠨ ᠰᠠᠯᠠᠭ᠎ᠠ

ᠮᠥᠴᠢᠷ᠂ ᠨᠢᠭᠡᠴᠡ ᠶᠢᠨ ︽ᠭᠤᠷᠪᠠ ᠶᠢ ᠲᠣᠭᠲᠠᠭᠠᠬᠤ︾ ᠲᠥᠰᠥᠯ ᠢᠶᠠᠷ ᠴᠢᠩᠭ᠎ᠠ ᠬᠡᠷᠡᠭᠵᠢᠭᠦᠯᠦᠨ᠎ᠡ᠃ ᠡᠭᠦᠷᠭᠡ ᠴᠢᠳᠠᠪᠤᠷᠢ ᠰᠤᠯᠪᠢᠴᠠᠭᠰᠠᠨ ᠵᠢᠴᠢ ᠰᠢᠨ᠎ᠡ

ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠲᠦᠭᠰᠢᠭᠦᠷᠢ ᠶᠢᠨ ᠬᠦᠷᠢᠶᠡᠨ ᠳᠤ ︽ᠲᠤᠬᠠᠶᠢᠯᠠᠭᠰᠠᠨ ᠠᠵᠢᠯ ᠣᠶᠢᠷᠠᠯᠴᠠᠭ᠎ᠠ ᠪᠠᠶᠢᠬᠤ ᠵᠠᠷᠴᠢᠮ︾ ᠶᠤᠰᠤᠭᠠᠷ ᠠᠶᠤᠯᠬᠦᠢ

ᠦᠢᠯᠡᠳᠪᠦᠷᠢᠯᠡᠯ ᠤᠨ ᠬᠠᠮᠢᠶ᠎ᠠ ᠪᠦᠬᠦᠢ ᠳᠤᠰᠢᠶᠠᠯ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠨ᠎ᠡ᠃

ᠢᠷᠡᠯᠲᠡ᠄ ᠳᠤᠰ ᠰᠦᠯᠵᠢᠶ᠎ᠡ