ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠤ ᠶᠠᠪᠤᠳᠠᠯ ᠤᠨ ᠲᠡᠮᠳᠡᠭᠯᠡᠯ — ᠨᠠᠢᠮᠠᠳᠤᠭᠠᠷ ᠰᠠᠷ᠎ᠠ
ᠨᠡᠶᠢᠲᠡᠯᠡᠭᠰᠡᠨ ᠴᠠᠭ᠄
2022/12/14
     8 ᠰᠠᠷ᠎ᠠ ᠶᠢᠨ 1 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠭᠠᠯ ᠰᠡᠷᠬᠡᠶᠢᠯᠡᠯᠳᠡ ᠶᠢᠨ ᠠᠮᠤᠷ ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠸᠠᠺᠼᠢᠨ ᠤ ᠲᠠᠷᠢᠯᠭ᠎ᠠ ᠶᠢᠨ ᠠᠵᠢᠯ ᠢ ᠭᠦᠨᠵᠡᠭᠡᠶᠢᠷᠡᠭᠦᠯᠬᠦ ᠲᠤᠬᠠᠢ ᠪᠠᠶᠢᠴᠠᠭᠠᠨ ᠰᠤᠳᠤᠯᠤᠯᠲᠠ ᠬᠢᠪᠡ᠃     8 ᠰᠠᠷ᠎ᠠ ᠶᠢᠨ 2 ᠤᠨ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠰᠢᠨᠵᠢᠯᠡᠨ ᠦᠵᠡᠬᠦ ᠪᠦᠯᠬᠦᠮ ᠢ ᠳᠠᠭᠠᠭᠤᠯᠤᠨ ᠡᠵᠡᠨ ᠬᠤᠷᠤᠭ᠎ᠠ ᠬᠤᠰᠢᠭᠤᠨ ᠤ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠳᠤ ᠬᠦᠷᠴᠤ ᠰᠢᠨᠵᠢᠯᠡᠨ ᠦᠵᠡᠵᠤ ᠰᠤᠷᠤᠯᠴᠠᠪᠠ᠃     8 ᠰᠠᠷ᠎ᠠ ᠶᠢᠨ 3  ᠤ ᠡᠳᠦᠷ᠂ ᠳ᠋ᠦᠩᠱᠧᠩ ᠲᠣᠭᠤᠷᠢᠭ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠬᠦᠳᠡ ᠬᠤᠷᠠᠯ ᠢ ᠬᠤᠷᠠᠯᠳᠤᠭᠤᠯᠵᠤ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠬᠢᠯᠡᠵᠤ ᠶᠠᠷᠢᠶ᠎ᠠ ᠲᠠᠯᠪᠢᠪᠠ᠃     8 ᠰᠠᠷ᠎ᠠ ᠶᠢᠨ 6 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠳ᠋ᠦᠩᠱᠧᠩ ᠤᠨ ᠭᠠᠯᠲᠤ ᠲᠡᠷᠭᠡᠨ ᠤ ᠵᠡᠭᠦᠨ ᠥᠷᠲᠡᠭᠡ᠂ ᠭᠠᠯᠲᠤ ᠲᠡᠷᠭᠡᠨ ᠤ ᠪᠠᠷᠠᠭᠤᠨ ᠥᠷᠲᠡᠭᠡ ᠵᠢᠴᠢ ᠬᠤᠲᠠ ᠶᠢᠨ ᠲᠣᠭᠤᠷᠢᠭ ᠤᠨ ᠬᠡᠰᠡᠭ ᠣᠷᠣᠵᠤ ᠭᠠᠷᠬᠤ ᠠᠮᠠ ᠳᠤ ᠭᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠢ ᠶᠢᠨ ᠲᠠᠯᠠᠪᠤᠷ  ᠲᠤᠨᠢ ᠪᠠᠶᠢᠴᠠᠭᠠᠵᠤ ᠬᠢᠨᠠᠨ ᠵᠢᠯᠣᠭᠤᠳᠪᠠ᠃     8 ᠰᠠᠷ᠎ᠠ ᠶᠢᠨ 10 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠲᠣᠭᠤᠷᠢᠭ ᠤᠨ ᠵᠠᠰᠠᠭ ᠤᠨ ᠣᠷᠳᠣᠨ ᠤ 2022 ᠣᠨ ᠤ 11  ᠳ᠋ᠤᠭᠡᠷ  ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     8 ᠰᠠᠷ᠎ᠠ ᠶᠢᠨ 10  ᠤ ᠡᠳᠦᠷ᠂ ᠳ᠋ᠦᠩᠱᠧᠩ ᠲᠣᠭᠤᠷᠢᠭ ᠭᠠᠵᠠᠷ ᠰᠢᠷᠣᠢ ᠶᠢ ᠴᠡᠭᠴᠡᠯᠡᠨ ᠵᠠᠰᠠᠬᠤ ᠵᠢᠴᠢ ᠵᠤᠷᠰᠢᠯ ᠢᠶᠠᠷ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢᠨ ᠭᠤᠷᠪᠠᠳᠡᠬᠢ ᠤᠳᠠᠭᠠᠨ ᠤ ᠲᠣᠬᠢᠷᠠᠭᠤᠯᠤᠨ ᠠᠬᠢᠭᠤᠯᠬᠤ ᠬᠤᠷᠠᠯ ᠬᠤᠷᠠᠯᠳᠤᠭᠤᠯᠵᠤ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠬᠢᠯᠡᠨ ᠶᠠᠷᠢᠶ᠎ᠠ ᠲᠠᠯᠪᠢᠪᠠ᠃     8 ᠰᠠᠷ᠎ᠠ ᠶᠢᠨ 10 ᠤ ᠡᠳᠦᠷ᠂ ᠳ᠋ᠦᠩᠱᠧᠩ ᠲᠣᠭᠤᠷᠢᠭ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ︵ᠣᠷᠳᠣᠰ︶ ᠤᠨ ᠣᠯᠠᠨ ᠤᠯᠤᠰ ᠤᠨ ᠢᠮᠠᠭᠠᠨ ᠨᠤᠤᠯᠤᠭᠤᠷ ᠬᠤᠨᠢᠨ ᠨᠤᠤᠰᠤ ᠶᠢᠨ ᠪᠦᠳᠦᠭᠡᠭᠳᠡᠬᠦᠨ ᠤ ᠦᠵᠡᠭᠦᠯᠦᠯᠭᠡ ᠶᠢᠨ ᠲᠤᠬᠠᠢ ᠶᠢᠨ ᠲᠠᠯᠠᠪᠠᠶ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ ᠡᠷᠭᠢᠯᠡᠵᠦ ᠶᠠᠷᠢᠶ᠎ᠠ ᠲᠠᠯᠪᠢᠪᠠ᠃     8 ᠰᠠᠷ᠎ᠠ ᠶᠢᠨ 10 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠯᠢᠦᠢ ᠳ᠋ᠦᠩ ᠤᠨ ᠸᠠᠨ ᠯᠢ ᠶᠢᠨ ᠰᠢᠨ᠎ᠡ ᠡᠨᠧᠷᠭᠢ ᠶᠢᠨ ᠣᠶᠤᠨᠲᠤ ᠡᠬᠡ ᠬᠠᠭᠤᠷᠠᠢ ᠶᠢᠨ ᠭᠠᠷᠠᠮ  ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠢᠪᠡ᠃     8 ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠺᠠᠳ᠋ᠷᠴᠤᠳ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ ᠢ ᠤᠩᠰᠢᠨ ᠨᠡᠶᠢᠲᠡᠯᠡᠪᠡ᠄ ᠭᠤᠸ ᠵᠠᠨ ᠱᠧᠩ ᠨᠥᠬᠦᠷ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠲᠤᠰᠢᠶᠠᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶ ᠤᠨ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠪᠡ᠃      8 ᠰᠠᠷ᠎ᠠ ᠶᠢᠨ 11 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠬᠤ ᠲᠤᠭᠤᠶᠢᠯᠠᠩ ᠤᠨ ᠭᠡᠰᠢᠬᠦᠳ ᠢ ᠳᠠᠭᠠᠭᠤᠯᠤᠨ ᠳ᠋ᠦᠩᠱᠧᠩ ᠲᠣᠭᠤᠷᠢᠭ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠯᠳᠠ ᠬᠢᠵᠤ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠫᠧᠩ ᠴᠧᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠪᠣᠯᠣᠨ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠬᠠᠮᠲᠤᠪᠠᠷ ᠰᠢᠨᠵᠢᠯᠡᠨ ᠪᠠᠶᠢᠴᠠᠭᠠᠪᠠ᠃     8 ᠰᠠᠷ᠎ᠠ ᠶᠢᠨ 12  ᠤᠨ ᠡᠳᠦᠷ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ 2022 ᠣᠨ ᠤ 20 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ᠃     8 ᠰᠠᠷ᠎ᠠ ᠶᠢᠨ 14 ᠤ ᠡᠳᠦᠷ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠤᠯᠤᠨ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠬᠠᠮᠲᠤᠷᠠᠨ ᠰᠤᠷᠭᠠᠭᠤᠯᠢ ᠡᠷᠭᠢᠯᠡᠬᠦ ᠬᠡᠷ᠎ᠡ ᠲᠤᠭᠳᠠᠬᠤ ᠶᠣᠰᠣᠯᠠᠯ ᠶᠠᠪᠤᠭᠳᠠᠭᠤᠯᠪᠠ᠃ ᠬᠤᠳᠠ ᠶᠢᠨ ᠳᠡᠳ᠋ ᠳᠠᠷᠤᠭ᠎ᠠ ᠸᠠᠩ ᠰᠢᠨ ᠢᠦᠢ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠣ ᠢ ᠳ᠋ᠦᠩ᠂ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠤᠪᠴᠢᠶᠠᠨ ᠳᠠᠷᠤᠭ᠎ᠠ ᠸᠠᠨ ᠱᠢ ᠪᠢᠨ᠂ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠠᠬᠢᠷᠤᠯ ᠪᠠᠢ ᠢᠦᠢ  ᠯᠢᠶᠠᠩ᠂ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠯᠢ ᠠᠢ ᠱᠧ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠵᠡᠷᠭᠡ ᠳᠥᠷᠪᠡᠨ ᠶᠡᠭᠡ ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠨᠠᠷ ᠭᠡᠷ᠎ᠡ ᠲᠤᠭᠳᠠᠬᠤ ᠶᠣᠰᠣᠯᠠᠯ ᠳᠤ ᠣᠷᠣᠯᠴᠠᠪᠠ᠃     8 ᠰᠠᠷ᠎ᠠ ᠶᠢᠨ 15 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠬᠦ ᠲᠤᠬᠠᠢ ᠪᠠᠶᠢᠴᠠᠭᠠᠨ ᠰᠤᠳᠤᠯᠤᠯᠲᠠ ᠬᠢᠪᠡ᠃     8 ᠰᠠᠷ᠎ᠠ ᠶᠢᠨ 15 ᠤ ᠡᠳᠦᠷ᠂ ᠳ᠋ᠦᠩᠱᠧᠩ ᠲᠣᠭᠤᠷᠢᠭ ᠤᠨ ᠬᠢᠨ ᠣᠷᠳᠣᠰ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠵᠢᠶᠠᠩ ᠪᠥᠸᠧ ᠲᠠᠢ ᠬᠠᠮᠲᠤ ᠪᠡᠭᠡᠵᠢᠩ ᠳᠤ ᠬᠦᠷᠴᠤ ᠬᠤᠳᠠᠯᠳᠤᠭᠠᠴᠢᠨ ᠤᠷᠢᠬᠤ ᠰᠢᠨᠵᠢᠯᠡᠨ ᠪᠠᠶᠢᠴᠠᠭᠠᠯᠳᠠ ᠬᠢᠪᠡ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠬᠠᠨ ᠲᠤᠸ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠲᠣᠨᠤᠭ ᠲᠥᠬᠦᠭᠡᠷᠦᠮᠵᠢ ᠦᠶᠯᠡᠳᠬᠦ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠾᠧ ᠸᠠᠨ ᡁᠢ᠂ ᠵᠠᠰᠠᠭ ᠤᠨ ᠣᠷᠳᠣᠨ ᠤ ᠲᠤᠭᠤᠷᠢᠭ ᠤᠨ ᠳᠡᠳ᠋ ᠳᠠᠷᠤᠭ᠎ᠠ ᠵᠢᠶᠠᠩ ᠶᠤᠸᠠᠨ᠂ ᠬᠤᠲᠠ ᠶᠢᠨ ᠰᠢᠭᠤᠳ ᠬᠠᠷᠢᠶ᠎ᠠ ᠪᠠ ᠲᠣᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠳᠠᠳ ᠬᠠᠮᠲᠤ ᠰᠢᠨᠵᠢᠯᠡᠨ ᠪᠠᠶᠢᠴᠠᠭᠠᠯᠳᠠ      ᠬᠢᠪᠡ᠃     8 ᠰᠠᠷ᠎ᠠ ᠶᠢᠨ 16 ᠤ ᠡᠳᠦᠷ᠂ ᠳ᠋ᠦᠩᠱᠧᠩ ᠲᠣᠭᠤᠷᠢᠭ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠵᠢᠯᠤᠭᠤᠳᠬᠤ ᠭᠠᠵᠠᠷ 2022 ᠣᠨ ᠤ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃     8 ᠰᠠᠷ᠎ᠠ ᠶᠢᠨ 17 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠦᠶᠡᠷ ᠢ ᠰᠡᠷᠭᠡᠶᠢᠯᠡᠬᠦ ᠠᠵᠢᠯ ᠢ ᠦᠷᠨᠢᠬᠦᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ ᠱᠠᠯᠠᠪᠳᠠᠭᠤᠯᠤᠨ ᠪᠠᠶᠢᠴᠠᠭᠠᠪᠠ᠃     8 ᠰᠠᠷ᠎ᠠ ᠶᠢᠨ 18 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠳ᠋ᠦᠩᠱᠧᠩ ᠲᠣᠭᠤᠷᠢᠭ ᠲᠤ ᠢᠷᠡᠵᠤ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠬᠦ ᠲᠤᠬᠠᠢ ᠪᠠᠶᠢᠴᠠᠭᠠᠨ ᠰᠤᠳᠤᠯᠤᠯᠲᠠ ᠬᠢᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠰᠢᠨ ᠱᠤ᠋ ᠪᠠᠶᠢᠴᠠᠭᠠᠨ ᠰᠤᠳᠤᠯᠤᠯᠲᠠ ᠳᠤ ᠬᠠᠮᠳᠤ ᠤᠷᠤᠯᠴᠠᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ᠂ ᠲᠣᠭᠤᠷᠢᠭ ᠤᠨ ᠤᠳᠤᠷᠢᠳᠤᠯᠭ᠎ᠠ ᠯᠢᠦ ᠬᠤᠢ ᠪᠢᠨ᠂ ᠵᠠᠩ ᠵᠧᠨ ᠫᠢᠩ᠂ ᠵᠠᠩ ᠵᠢᠶᠠᠨ ᠭᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     8 ᠰᠠᠷ᠎ᠠ ᠶᠢᠨ 19 ᠤ ᠡᠳᠦᠷ᠂ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ︵ᠣᠷᠳᠣᠰ︶ ᠤᠨ ᠣᠯᠠᠨ ᠤᠯᠤᠰ ᠤᠨ ᠢᠮᠠᠭᠠᠨ ᠨᠤᠤᠯᠤᠭᠤᠷ ᠬᠤᠨᠢᠨ ᠨᠤᠤᠰᠤ ᠶᠢᠨ ᠪᠦᠳᠦᠭᠡᠭᠳᠡᠬᠦᠨ ᠤ ᠦᠵᠡᠬᠦᠯᠬᠡ ᠶᠢᠨ ᠬᠤᠷᠠᠯ ᠡᠬᠢᠯᠡᠵᠤ᠂ ᠡᠬᠢᠯᠡᠯᠲᠡ ᠶᠢᠨ ᠶᠣᠰᠣᠯᠠᠯ ᠳᠡᠭᠡᠷ᠎ᠡ ᠳᠤᠮᠳᠠᠳᠤ ᠤᠯᠤᠰ ᠤᠨ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠤ ᠨᠡᠶᠢᠭᠡᠮᠯᠢᠭ ᠠᠴᠠ ᠤᠷᠳᠤᠰ ᠬᠤᠳᠠ ᠶᠢ ︽ᠳᠤᠮᠳᠠᠳᠤ ᠤᠯᠤᠰ ᠤᠨ ᠨᠣᠯᠤᠥᠷ ᠤᠨ ᠬᠤᠲᠠ︾ ᠶᠢᠨ ᠴᠣᠯᠠ ᠣᠯᠭᠤᠪᠠ᠃     8 ᠰᠠᠷ᠎ᠠ  ᠶᠢᠨ 19 ᠤ ᠡᠳᠦᠷ᠂ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ︵ᠣᠷᠳᠣᠰ︶ ᠤᠨ ᠣᠯᠠᠨ ᠤᠯᠤᠰ ᠤᠨ ᠢᠮᠠᠭᠠᠨ ᠨᠤᠤᠯᠤᠭᠤᠷ ᠬᠤᠨᠢᠨ ᠨᠤᠤᠰᠤ ᠶᠢᠨ ᠪᠦᠳᠦᠭᠡᠭᠳᠡᠬᠦᠨ ᠤ ᠦᠵᠡᠬᠦᠯᠬᠡ ᠳ᠋ᠦᠩᠱᠧᠩ ᠲᠣᠭᠤᠷᠢᠭ ᠲᠤ ᠡᠬᠢᠯᠡᠪᠡ᠃ ᠳᠤᠮᠳᠠᠳᠤ ᠤᠯᠤᠰ ᠤᠨ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠨᠠᠷᠢᠨ ᠪᠢᠴᠢᠭ ᠤᠨ ᠳᠠᠷᠤᠭ᠎ᠠ᠂ ᠳᠤᠮᠳᠠᠳᠤ ᠤᠯᠤᠰ ᠤᠨ ᠣᠯᠠᠨ ᠤᠯᠤᠰ ᠤᠨ ᠬᠤᠳᠠᠯᠳᠤᠭᠠᠴᠢᠳ ᠤᠨ ᠡᠪᠯᠡᠯ ᠤᠨ ᠭᠦᠢᠴᠡᠳᠬᠡᠬᠦ ᠳᠡᠳ᠋ ᠳᠠᠷᠤᠭ᠎ᠠ ᠢᠦᠢ ᠵᠢᠶᠠᠨ ᠯᠦᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ᠂ ᠣᠯᠠᠨ ᠤᠯᠤᠰ ᠤᠨ ᠲᠠᠷᠢᠶᠠᠯᠠᠩ ᠤᠨ ᠣᠶᠤᠨ ᠤ ᠬᠥᠮᠥᠷᠭᠡ ᠶᠢᠨ ᠳᠡᠳ᠋ ᠲᠡᠷᠢᠭᠦᠯᠡᠭᠴᠢ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ ᠪᠤᠳᠠᠭ᠎ᠠ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ᠶᠢᠨ ᠤᠤᠯ ᠤᠨ ᠳᠡᠳ᠋ ᠶᠡᠷᠦᠩᠬᠡᠢ ᠠᠵᠢᠯᠯᠠᠭᠴᠢ ᠾᠧ ᠴᠠᠩ ᠴᠦᠢ᠂ ᠳᠤᠮᠳᠠᠳᠤ ᠤᠯᠤᠰ ᠤᠨ ᠲᠠᠷᠢᠶᠠᠯᠠᠩ ᠤᠨ ᠣᠯᠠᠨ ᠤᠯᠤᠰ ᠤᠨ ᠬᠠᠮᠲᠤᠷᠠᠯᠴᠠᠭ᠎ᠠ ᠶᠢ ᠠᠬᠢᠭᠤᠯᠬᠤ ᠨᠡᠶᠢᠭᠡᠮᠯᠢᠭ ᠤᠨ ᠨᠡᠷ᠎ᠡ ᠬᠦᠨᠳᠦᠲᠦ ᠳᠠᠷᠤᠭ᠎ᠠ ᠵᠠᠢ ᠬᠤ᠋ ᠴᠢᠦᠢ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠩ ᠵᠧᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ  ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠠᠩ ᠸᠧᠢ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠤᠸᠠ ᠷᠦᠢ ᠹᠧᠩ᠂ ᠬᠤᠲᠠ ᠶᠢᠨ ᠳᠡᠳ᠋ ᠳᠠᠷᠤᠭ᠎ᠠ ᠡᠷᠳᠡᠨᠢᠪᠢᠯᠢᠭ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢᠶᠣᠤ ᠮᠢᠩ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠮᠠ ᠰᠢᠤᠸᠠᠢ ᠵᠢᠶᠦ᠋ᠨ ᠬᠤᠷᠠᠯ ᠡᠬᠢᠯᠡᠭᠰᠡᠨ ᠢ ᠵᠠᠷᠯᠠᠪᠠ᠃ ᠭᠤᠸ ᠢ ᠳ᠋ᠦᠩ ᠡᠬᠢᠯᠡᠯᠲᠡ ᠶᠢᠨ ᠶᠣᠰᠣᠯᠠᠯ ᠢ ᠡᠷᠭᠢᠯᠡᠪᠡ᠃     8 ᠰᠠᠷ᠎ᠠ ᠶᠢᠨ 19 ᠤ ᠡᠳᠦᠷ᠂ ᠬᠤᠶᠠᠳᠤᠭᠠᠷ ᠬᠤᠭᠤᠴᠠᠭᠠᠨ ᠤ ᠠᠮᠢᠲᠠᠨ ᠤ ᠠᠰᠠᠷᠠᠮᠵᠢ ᠶᠢᠨ ᠣᠯᠠᠨ ᠤᠯᠤᠰ ᠤᠨ ᠨᠤᠤᠯᠤᠭᠤᠷ ᠤᠨ ᠦᠢᠯᠡᠰ ᠤᠨ ᠦᠷᠬᠦᠯᠵᠢᠯᠡᠬᠦᠶᠢᠴᠡ ᠬᠥᠭᠵᠢᠯᠲᠡ ᠶᠢᠨ ᠳᠡᠭᠡᠳᠦ ᠲᠠᠰ ᠤᠨ ᠶᠠᠷᠢᠶᠠᠨ ᠤ ᠬᠤᠷᠠᠯ ᠳ᠋ᠦᠩᠱᠧᠩ ᠲᠤᠭᠤᠷᠢᠭ ᠲᠤ ᠬᠤᠷᠠᠯᠳᠤᠪᠠ᠃ ᠳᠤᠮᠳᠠᠳᠤ ᠤᠯᠤᠰ ᠤᠨ ᠲᠠᠷᠢᠶᠠᠯᠠᠩ ᠤᠨ ᠤᠯᠠᠨ ᠤᠯᠤᠰ ᠤᠨ ᠬᠠᠮᠲᠤᠷᠠᠯᠴᠠᠭ᠎ᠠ ᠶᠢ ᠠᠬᠢᠭᠤᠯᠬᠤ ᠨᠡᠶᠢᠭᠡᠮᠯᠢᠭ ᠤᠨ ᠨᠡᠷ᠎ᠡ ᠬᠦᠨᠳᠦᠲᠦ ᠳᠠᠷᠤᠭ᠎ᠠ ᠵᠠᠢ ᠬᠤ᠋ ᠴᠢᠦᠢ ᠶᠠᠷᠢᠶᠠᠨ ᠤ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ᠳᠤᠮᠳᠠᠳᠤ ᠤᠯᠤᠰ ᠤᠨ ᠲᠠᠷᠢᠶᠠᠯᠠᠩ ᠤᠨ ᠤᠯᠠᠨ ᠤᠯᠤᠰ ᠤᠨ ᠬᠠᠮᠲᠤᠷᠠᠯᠴᠠᠭ᠎ᠠ ᠶᠢ ᠠᠬᠢᠭᠤᠯᠬᠤ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ ᠵᠢᠴᠢ ᠨᠠᠷᠢᠨ ᠪᠢᠴᠢᠭ ᠤᠨ ᠳᠠᠷᠤᠭ᠎ᠠ ᠰᠢ ᠴᠦᠨ ᠯᠢᠩ ᠶᠠᠷᠢᠶᠠᠨ ᠤ ᠬᠤᠷᠠᠯ ᠢ ᠡᠷᠬᠢᠯᠡᠵᠦ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ  ᠤ ᠱᠦᠵᠢ ᠭᠤᠤ ᠢ ᠳ᠋ᠦᠩ ᠶᠠᠷᠢᠶᠠᠨ ᠤ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ᠂ ᠲᠣᠭᠤᠷᠢᠭ ᠤᠨ ᠤᠳᠤᠷᠢᠳᠤᠯᠭ᠎ᠠ ᠶᠠᠩ ᠶᠦᠨ ᠵᠢᠴᠢ ᠨᠤᠤᠰᠤ ᠨᠤᠯᠤᠤᠷ ᠤᠨ ᠠᠵᠢᠯ ᠲᠥᠷᠥᠯ ᠤᠨ ᠬᠠᠮᠢᠶ᠎ᠠ ᠪᠦᠬᠦᠢ ᠪᠠᠶᠢᠭᠤᠯᠤᠮᠵᠢ᠂ ᠨᠡᠶᠢᠭᠡᠮᠯᠢᠭ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠ ᠲᠣᠭᠤᠷᠢᠭ ᠤᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠳᠠᠳ ᠳᠤᠰ ᠤᠳᠠᠭᠠᠨ ᠤ ᠠᠵᠢᠯᠯᠠᠭ᠎ᠠ ᠳᠤ ᠣᠷᠣᠯᠴᠠᠵᠠᠢ᠃     8 ᠰᠠᠷ᠎ᠠ ᠶᠢᠨ 20 ᠤ ᠡᠳᠦᠷ᠂ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ︵ᠣᠷᠳᠣᠰ︶ ᠤᠨ ᠣᠯᠠᠨ ᠤᠯᠤᠰ ᠤᠨ ᠢᠮᠠᠭᠠᠨ ᠨᠤᠤᠯᠤᠭᠤᠷ ᠬᠤᠨᠢᠨ ᠨᠤᠤᠰᠤᠨ ᠤ ᠪᠦᠳᠦᠬᠡᠭᠳᠡᠬᠦᠨ ᠤ ᠦᠵᠡᠬᠦᠯᠬᠡ ᠶᠢᠨ ᠲᠥᠷᠥᠯ ᠵᠦᠢᠯ ᠤᠨ ᠭᠡᠷ᠎ᠡ ᠶᠢᠨ ᠭᠠᠷ ᠤᠨ ᠥᠰᠥᠭ ᠵᠢᠷᠤᠬᠤ ᠶᠣᠰᠣᠯᠠᠯ ᠵᠢᠴᠢ ᠣᠷᠳᠣᠰ ᠬᠤᠲᠠ ᠶᠢᠨ ᠬᠥᠩᠭᠡᠨ ᠠᠵᠤ ᠦᠢᠯᠡᠳᠪᠦᠷᠢ ᠨᠡᠬᠡᠮᠡᠯ ᠤᠨ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠤᠷᠠᠯ ᠳ᠋ᠦᠩᠱᠧᠩ ᠲᠣᠭᠤᠷᠢᠭ ᠲᠤ ᠶᠠᠪᠤᠭᠳᠠᠪᠠ᠃ ᠳᠤᠮᠳᠠᠳᠤ ᠤᠯᠤᠰ ᠤᠨ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠤ ᠨᠡᠶᠢᠭᠡᠮᠯᠢᠭ ᠤᠨ ᠳᠡᠳ᠋ ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ ᠱᠧᠨ ᠵᠢᠩ᠂ ᠬᠤᠲᠠ ᠶᠢᠨ ᠳᠡᠳ᠋ ᠳᠠᠷᠤᠭ᠎ᠠ ᠡᠷᠳᠡᠨᠢᠪᠢᠯᠢᠭ᠂ ᠣᠷᠳᠣᠰ ᠬᠤᠲᠠ ᠶᠢᠨ ᠬᠠᠮᠢᠶ᠎ᠠ ᠪᠦᠬᠦᠢ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠳ᠋ᠦᠩᠱᠧᠩ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠥᠩᠭᠡᠨ ᠨᠡᠬᠡᠮᠡᠯ ᠤᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠵᠠᠢ᠃ ᠱᠧᠨ ᠵᠢᠩ᠂ ᠡᠷᠳᠡᠨᠢᠪᠢᠯᠢᠭ ᠲᠣᠰ ᠲᠣᠰ ᠪᠠᠶᠠᠷ ᠤᠨ ᠦᠭᠡ ᠬᠡᠯᠡᠵᠡᠢ᠃ ᠶᠠᠩ ᠶᠦᠨ ᠭᠠᠷ ᠤᠨ ᠦᠰᠦᠭ ᠵᠢᠷᠤᠬᠤ ᠶᠣᠰᠣᠯᠠᠯ ᠢ ᠡᠷᠭᠢᠯᠡᠪᠡ᠃     8 ᠰᠠᠷ᠎ᠠ ᠶᠢᠨ 20 ᠤ ᠡᠳᠦᠷ᠂ ︽ᠬᠡᠯᠬᠢᠶᠠᠨ︾ ᠳᠡᠭᠡᠷᠡᠬᠢ ᠣᠷᠳᠣᠰ ᠤᠨ ᠭᠤᠸᠠᠩᠳᠦ᠋ᠩ ᠰᠢᠶᠠᠩᠭᠠᠩ ᠣᠣᠮᠧᠨ ᠤ ᠲᠤᠮᠤ ᠪᠤᠯᠤᠩ ᠤᠨ ᠤᠷᠤᠨ ᠤ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠱᠧᠨᠵᠧᠨ ᠬᠤᠲᠠ ᠳᠤ ᠶᠠᠪᠤᠭᠳᠠᠪᠠ᠃ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠬᠤᠤ ᠳ᠋ᠠᠩ ᠵᠧᠩ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠬᠤᠳᠠ ᠶᠢᠨ ᠳᠡᠳ᠋ ᠳᠠᠷᠤᠭ᠎ᠠ ᠸᠠᠩ ᠰᠢᠨ ᠢᠦᠢ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᡁᠢ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠵᠤ᠂ ᠬᠤᠳᠠ ᠶᠢᠨ ᠳᠡᠳ᠋ ᠳᠠᠷᠤᠭ᠎ᠠ ᠮᠢᠶᠣᠣ ᠴᠧᠩ ᠢᠦᠢ ᠲᠠᠨᠢᠯᠴᠠᠭᠤᠯᠭ᠎ᠠ ᠶᠢᠨ ᠬᠤᠷᠠᠯ ᠢ ᠡᠷᠬᠢᠯᠡᠪᠡ᠃     8 ᠰᠠᠷ᠎ᠠ ᠶᠢᠨ 22 ᠤᠨ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠᠳᠠᠢ ᠬᠤᠷᠠᠯᠳᠤᠬᠤ ᠶᠢ ᠪᠡᠯᠬᠡᠯᠡᠬᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠲᠤᠰᠬᠠᠢ ᠮᠡᠷᠭᠡᠵᠢᠯᠲᠡᠨ ᠤ ᠠᠯᠪᠠᠨ ᠵᠢᠷᠤᠮ ᠤᠨ ᠡᠮᠴᠢᠯᠡᠭᠡ ᠬᠢᠬᠦ ᠪᠣᠯᠣᠨ ᠤᠷᠠᠨ ᠪᠢᠴᠢᠯᠭᠡ ᠤᠷᠠᠨ ᠵᠢᠷᠤᠭ ᠤᠨ ᠪᠡᠯᠡᠭᠯᠡᠨ ᠬᠦᠷᠭᠡᠬᠦ ᠠᠵᠢᠯᠯᠠᠭ᠎ᠠ ᠳ᠋ᠦᠩᠱᠧᠩ ᠲᠣᠭᠤᠷᠢᠭ ᠲᠤ ᠶᠠᠪᠤᠭᠳᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢᠶᠣᠤ ᠮᠢᠩ᠂ ᠭᠤᠸ ᡁᠢ ᠬᠤᠸᠠ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠮᠣᠣ ᠯᠢᠨ᠂ ᠵᠠᠩ ᠵᠢᠶᠦ᠋ᠨ ᠵᠢᠴᠢ ᠬᠤᠲᠠ ᠲᠣᠭᠤᠷᠢᠭ ᠤᠨ ᠬᠤᠶᠠᠷ ᠱᠠᠲᠤᠨ ᠤ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠠᠵᠢᠯᠯᠠᠭ᠎ᠠ ᠳᠤ ᠣᠷᠣᠯᠴᠠᠵᠤ᠂ ᠲᠤᠭᠤᠷᠢᠭ  ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠠᠵᠢᠯᠯᠠᠭ᠎ᠠ ᠶᠢ ᠡᠷᠭᠢᠯᠡᠪᠡ᠃     8 ᠰᠠᠷ᠎ᠠ ᠶᠢᠨ 22 ᠤᠨ ᠡᠳᠦᠷ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ᠠᠴᠠ ᠪᠠᠶᠢᠭᠤᠯᠤᠭᠰᠠᠨ ᠰᠠᠶᠢᠬᠠᠨ ᠲᠠᠯ᠎ᠠ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠢᠩᠬᠢᠨᠢ ᠪᠠᠷ ᠪᠠᠷᠢᠯᠭ᠎ᠠ ᠳᠠᠭᠤᠰᠬᠠᠵᠤ ᠰᠢᠯᠭᠠᠨ ᠬᠤᠷᠢᠶᠠᠪᠠ᠃     8 ᠰᠠᠷ᠎ᠠ ᠶᠢᠨ 23 ᠤ ᠡᠳᠦᠷ᠂ ᠣᠷᠳᠣᠰ ᠤᠨ ᠳ᠋ᠦᠩ ᠹᠠᠩ ᠬᠤᠪᠢ ᠡᠵᠡᠮᠳᠡᠭᠰᠡᠨ ᠪᠦᠯᠦᠭᠯᠡᠯ ᠤᠨ ᠬᠠᠶᠢᠷ᠎ᠠ ᠬᠠᠯᠠᠮᠵᠢ ᠬᠦᠷᠭᠡᠬᠦ ᠶᠣᠰᠣᠯᠠᠯ ᠳ᠋ᠦᠩᠱᠧᠩ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠡᠭᠦᠨ ᠲᠣᠭᠤᠷᠢᠭ ᠲᠤ ᠶᠠᠪᠤᠭᠳᠠᠪᠠ᠃ ᠪᠡᠯᠡᠭᠯᠡᠨ ᠬᠦᠷᠭᠡᠬᠦ ᠶᠣᠰᠣᠯᠠᠯ ᠳᠡᠭᠡᠷ᠎ᠡ ᠣᠷᠳᠣᠰ ᠤᠨ ᠳ᠋ᠦᠩ ᠹᠠᠩ ᠬᠤᠪᠢ ᠡᠵᠡᠮᠳᠡᠭᠰᠡᠨ ᠪᠦᠯᠦᠭᠯᠡᠯ ᠳ᠋ᠦᠩᠱᠧᠩ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠡᠭᠦᠨ ᠲᠣᠭᠤᠷᠢᠭ ᠲᠤ 1000000 ᠲᠥᠭᠦᠷᠢᠭ ᠬᠠᠨᠳᠢᠪᠯᠡᠪᠠ᠃     8 ᠰᠠᠷ᠎ᠠ ᠶᠢᠨ 25 ᠤ ᠡᠳᠦᠷ᠂ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠵᠠᠯᠠᠭᠤᠴᠤᠳ ᠪᠠᠭᠠᠴᠤᠳ ︵ᠳᠤᠮᠳᠠᠳᠤ ᠰᠤᠷᠭᠠᠭᠤᠯᠢ ᠶᠢᠨ ᠰᠣᠷᠣᠭᠴᠢ︶ ᠤᠨ ᠤᠮᠪᠠᠯᠲᠠ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠦᠬᠠᠢ ᠬᠤᠲᠠ ᠶᠢᠨ ᠪᠡᠶ᠎ᠡ ᠶᠢᠨ ᠲᠠᠮᠢᠷ ᠤᠨ ᠲᠥᠪ ᠤᠨ ᠤᠮᠪᠠᠯᠲᠠ ᠶᠢᠨ ᠣᠷᠳᠣᠨ ᠳᠤ ᠶᠠᠪᠤᠭᠳᠠᠪᠠ᠃ ᠳ᠋ᠦᠩᠱᠧᠩ ᠲᠣᠭᠤᠷᠢᠭ ᠤᠨ ᠲᠥᠯᠥᠭᠡᠯᠡᠭᠴᠢᠳ ᠤᠨ ᠠᠩᠭᠢ ᠲᠠᠪᠤᠨ ᠠᠯᠲᠠᠨ ᠮᠧᠳᠠᠯ᠂ ᠳᠥᠷᠪᠡᠨ ᠮᠥᠩᠭᠦᠨ ᠮᠧᠳᠠᠯ᠂ ᠳᠥᠷᠪᠡᠨ ᠭᠠᠤᠯᠢᠨ ᠮᠧᠳᠠᠯ ᠤᠨ ᠰᠠᠶᠢᠨ ᠬᠢᠷᠢ ᠪᠦᠲᠦᠮᠵᠢ ᠣᠯᠵᠠᠢ᠃      8 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠪᠦᠯᠬᠦᠮ ᠳᠠᠭᠠᠭᠤᠯᠤᠨ ᠵᠧᠵᠢᠶᠠᠩ᠂ ᠪᠡᠭᠡᠵᠢᠩ ᠳᠤ ᠬᠦᠷᠴᠦ ᠲᠥᠷᠥᠯ ᠵᠦᠢᠯ ᠢ ᠰᠢᠨᠵᠢᠯᠡᠨ ᠪᠠᠶᠢᠴᠠᠭᠠᠬᠤ ᠶᠢᠨ ᠬᠠᠮᠲᠤ ᠠᠵᠤ ᠦᠢᠯᠡᠰ ᠢ ᠵᠣᠯᠭᠠᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠲᠣᠨᠤᠭ ᠲᠥᠬᠦᠭᠡᠷᠦᠮᠵᠢ ᠦᠶᠯᠡᠳᠬᠦ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠾᠧ ᠸᠠᠨ ᡁᠢ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠭᠤᠸ ᠮᠢᠩ ᠬᠠᠮᠲᠤ ᠰᠢᠨᠵᠢᠯᠡᠨ ᠪᠠᠶᠢᠴᠠᠭᠠᠪᠠ᠃     8 ᠰᠠᠷ᠎ᠠ ᠶᠢᠨ 27 ᠤ ᠡᠳᠦᠷ᠂ ᠳ᠋ᠦᠩᠱᠧᠩ ᠲᠣᠭᠤᠷᠢᠭ 2022 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠢᠯᠡ ᠪᠠᠷ ᠠᠩᠭᠢ ᠬᠤᠪᠢᠶᠠᠬᠤ︾ ᠠᠵᠢᠯ ᠳ᠋ᠦᠩᠱᠧᠩ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ᠂ ᠬᠤᠸᠠ ᠶᠠᠨ ᠳᠤᠮᠳᠠᠳᠤ ᠰᠤᠷᠭᠠᠭᠤᠯᠢ᠂ ᠵᠢᠷᠭᠤᠳᠤᠭᠠᠷ ᠳᠤᠮᠳᠠᠳᠤ ᠰᠤᠷᠭᠠᠭᠤᠯᠢ᠂ ᠶᠡᠭᠡ ᠵᠣᠣ ᠳᠤᠮᠳᠠᠳᠤ ᠰᠤᠷᠭᠠᠭᠤᠯᠢ ᠳᠤ ᠵᠡᠷᠭᠡᠪᠡᠷ ᠶᠠᠪᠤᠭᠳᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ 15209 ᠰᠢᠨ᠎ᠡ ᠰᠣᠷᠣᠭᠴᠢ ︽ᠢᠯᠡ ᠪᠠᠷ ᠠᠩᠭᠢ ᠬᠤᠪᠢᠶᠠᠬᠤ︾ ᠪᠠᠷ ᠳᠡᠮᠵᠢᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠤᠭᠲᠤᠪᠠ᠃     8 ᠰᠠᠷ᠎ᠠ ᠶᠢᠨ 28 ᠤ ᠡᠳᠦᠷ᠂ ᠳ᠋ᠦᠩᠱᠧᠩ ᠲᠣᠭᠤᠷᠢᠭ ᠤᠨ ᠵᠢᠦ ᠴᠧᠩ ᠬᠥᠩ ᠣᠷᠳᠣᠨ ᠤ ᠲᠠᠯ᠎ᠠ ᠨᠤᠲᠤᠭ ᠤᠨ ᠮᠠᠩᠬᠠᠨ ᠠᠶᠠᠯᠭᠤ ᠰᠣᠶᠣᠯ ᠵᠤᠭᠠᠴᠠᠯ ᠤᠨ ᠣᠷᠣᠨ ᠤ ᠰᠢᠨ᠎ᠡ ᠪᠠᠷ ᠪᠠᠶᠢᠭᠤᠯᠤᠭᠰᠠᠨ ᠲᠢᠶᠧ ᠨᠢᠦ ᠮᠧᠩ ᠴᠢ ᠶᠤᠸᠠᠨ ᠲᠥᠷᠥᠯ ᠵᠦᠢᠯ ᠵᠢᠩᠬᠢᠨᠢ ᠪᠠᠷ ᠳᠠᠭᠤᠰᠴᠤ᠂ ᠵᠤᠭᠠᠴᠠᠭᠰᠠᠳ ᠲᠤ ᠬᠠᠨᠳᠤᠭᠤᠯᠤᠨ ᠲᠤᠷᠰᠢᠨ ᠡᠵᠡᠩᠨᠡᠵᠦ ᠡᠬᠢᠯᠡᠪᠡ᠃  8 ᠰᠠᠷ᠎ᠠ  ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠳ᠋ᠦᠩᠱᠧᠩ ᠲᠣᠭᠤᠷᠢᠭ ᠲᠤ ᠢᠷᠡᠵᠤ ᠵᠠᠬᠢᠳᠠᠯ ᠰᠣᠷᠪᠤᠯᠵᠢᠯᠠᠭ᠎ᠠ ᠶᠢᠨ ᠬᠠᠷᠢᠭᠤ ᠰᠣᠷᠪᠤᠯᠵᠢᠯᠠᠭ᠎ᠠ ᠶᠢ ᠭᠥᠯᠢᠶᠡᠨ ᠠᠪᠬᠤ ᠠᠵᠢᠯᠯᠠᠭ᠎ᠠ ᠥᠷᠨᠢᠭᠦᠯᠪᠡ᠃     8 ᠰᠠᠷ᠎ᠠ ᠶᠢᠨ 29 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ ᠠᠵᠢᠯᠯᠠᠭ᠎ᠠ︾ ᠶᠢᠨ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠭᠤᠣᠯᠳᠠᠯᠭ᠎ᠠ ᠲᠠᠢ ᠠᠵᠢᠯ ᠳᠤ ᠪᠥᠬᠦ ᠲᠠᠯ᠎ᠠ ᠶᠢᠨ ᠳᠤᠬᠢᠷᠠᠭᠤᠯᠤᠯᠳᠠ ᠪᠠᠶᠢᠷᠢᠯᠠᠭᠤᠯᠤᠯᠳᠠ ᠬᠢᠪᠡ᠃     8 ᠰᠠᠷ᠎ᠠ ᠶᠢᠨ 29 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠳ᠋ᠦᠩᠱᠧᠩ ᠲᠣᠭᠤᠷᠢᠭ ᠤᠨ ᠡᠪᠦᠯ ᠤᠨ ᠤᠯᠠᠷᠢᠯ ᠤᠨ ᠳᠤᠯᠠᠭᠠᠯᠭ᠎ᠠ ᠶᠢᠨ ᠪᠠᠲᠤᠯᠠᠭ᠎ᠠ ᠶᠢᠨ ᠠᠵᠢᠯ ᠢ ᠲᠣᠬᠢᠷᠠᠭᠤᠯᠤᠨ ᠠᠬᠢᠭᠤᠯᠪᠠ᠃     8 ᠰᠠᠷ᠎ᠠ ᠶᠢᠨ 30  ᠤ ᠡᠳᠦᠷ᠂ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠨᠠᠷ ᠳ᠋ᠦᠩᠱᠧᠩ ᠲᠣᠭᠤᠷᠢᠭ ᠤᠨ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠤ ᠪᠢᠯᠧᠲ ᠦᠭᠴᠤ ᠵᠥᠪᠳᠡᠯᠴᠡᠨ ᠲᠣᠭᠲᠠᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠲᠤᠬᠠᠢ ᠶᠢᠨ ᠲᠠᠯᠠᠪᠠᠢ ᠳᠤ ᠲᠣᠭᠤᠷᠢᠨ ᠦᠵᠡᠪᠡ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠵᠧᠨ ᠫᠢᠩ᠂ ᠯᠢᠦ ᠯᠠᠨ ᠰᠢᠶᠠᠩ᠂ ᠦ᠋ ᠹᠧᠢ ᠰᠢᠶᠦ᠋ᠩ᠂ ᠸᠧᠢ ᠮᠦᠳᠠᠨ ᠦᠵᠡᠭᠦᠯᠦᠯᠭᠡ ᠶᠢᠨ ᠬᠤᠷᠠᠯ ᠳᠤ ᠣᠷᠣᠯᠴᠠᠪᠠ᠃     8 ᠰᠠᠷ᠎ᠠ ᠶᠢᠨ 31 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ 2022 ᠣᠨ ᠤ 12 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠪᠥᠬᠦ ᠲᠤᠭᠤᠷᠢᠭ ᠤᠨ ᠦᠵᠡᠯ ᠰᠠᠨᠠᠭ᠎ᠠ ᠪᠠᠨ ᠴᠢᠯᠦᠭᠡᠯᠡᠬᠦ ᠶᠡᠭᠡ ᠶᠠᠷᠢᠯᠴᠠᠭᠠᠨ ᠤ ᠮᠡᠳᠡᠭᠦᠯᠦᠯᠲᠡ ᠶᠢᠨ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠵᠢᠴᠢ ᠪᠦᠬᠦ ᠲᠣᠭᠤᠷᠢᠭ ᠤᠨ ᠰᠢᠶᠠᠨ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠤᠯᠭ᠎ᠠ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠳ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠦ ᠬᠤᠢ ᠪᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠪᠡ᠃     8 ᠰᠠᠷ᠎ᠠ ᠶᠢᠨ 31 ᠤ ᠡᠳᠦᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠪᠦᠯᠬᠦᠮ ᠳᠠᠭᠠᠭᠤᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠮᠲᠤ ᠪᠠᠷ ᠪᠠᠶᠢᠴᠠᠭᠠᠨ ᠦᠵᠡᠵᠦ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠯᠢ ᠰᠢᠶᠣᠣ ᠳ᠋ᠦᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠠᠩ ᠵᠧᠨ ᠫᠢᠩ᠂ ᠯᠢᠦ ᠯᠠᠨ ᠰᠢᠶᠠᠩ᠂ ᠦ᠋ ᠹᠧᠢ ᠰᠢᠶᠦ᠋ᠩ ᠵᠢᠴᠢ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠪᠠᠶᠢᠴᠠᠭᠠᠨ ᠦᠵᠡᠬᠦ ᠳᠤ ᠣᠷᠣᠯᠴᠠᠵᠠᠢ᠃
ᠢᠷᠡᠯᠲᠡ᠄ ᠲᠤᠰ ᠰᠦᠯᠵᠢᠶ᠎ᠠ