ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠤ ᠶᠠᠪᠤᠳᠠᠯ ᠤᠨ ᠲᠡᠮᠳᠡᠭᠯᠡᠯ — ᠶᠢᠰᠦᠳᠦᠭᠡᠷ ᠰᠠᠷ᠎ᠠ
ᠨᠡᠶᠢᠲᠡᠯᠡᠭᠰᠡᠨ ᠴᠠᠭ᠄
2022/12/14
     9 ᠰᠠᠷ᠎ᠠ ᠶᠢᠨ 1 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠰᠦᠳᠦᠭᠡᠷ ᠬᠤᠭᠤᠴᠠᠭᠠᠨ ᠤ 41 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠵᠤ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠪᠠᠶᠢᠭᠤᠯᠭ᠎ᠠ  ᠳᠠᠭᠠᠨ ᠪᠠᠶᠢᠭ᠎ᠠ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠵᠢᠴᠢ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠨᠠᠷ ᠬᠤᠷᠠᠯ ᠳᠤ ᠰᠤᠯᠠ ᠣᠷᠣᠯᠴᠠᠪᠠ᠃     9 ᠰᠠᠷ᠎ᠠ ᠶᠢᠨ 1 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 13 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠪᠥᠬᠦ ᠲᠤᠭᠤᠷᠢᠭ ᠤᠨ ᠦᠵᠡᠯ ᠰᠠᠨᠠᠭ᠎ᠠ ᠪᠠᠨ ᠴᠢᠯᠦᠭᠡᠯᠡᠬᠦ ᠶᠡᠭᠡ ᠶᠠᠷᠢᠯᠴᠠᠭᠠᠨ ᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠵᠢᠴᠢ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠢ᠃     9 ᠰᠠᠷ᠎ᠠ ᠶᠢᠨ 1 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠸ ᠢ ᠳ᠋ᠦᠩ ᠰᠤᠷᠪᠤᠯᠵᠢᠯᠠᠭ᠎ᠠ ᠬᠢᠬᠦ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠤᠪᠠ᠃     9 ᠰᠠᠷ᠎ᠠ ᠶᠢᠨ 2 ᠤᠨ ᠡᠳᠦᠷ᠂ ᠣᠷᠳᠣᠰ ᠬᠤᠲᠠ ᠶᠢᠨ ᠳᠥᠷᠪᠡᠳᠦᠭᠡᠷ ᠬᠤᠭᠤᠴᠠᠭᠠᠨ ᠤ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠦᠯᠭᠡ  ᠵᠢᠴᠢ ᠵᠥᠪᠳᠡᠯᠴᠡᠭᠡᠨ ᠤ ᠬᠤᠷᠠᠯ ᠳ᠋ᠦᠩᠱᠧᠩ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠲᠥᠪ ᠲᠤ ᠡᠬᠢᠯᠡᠪᠡ᠃     9 ᠰᠠᠷ᠎ᠠ ᠶᠢᠨ 4 ᠤ ᠡᠳᠦᠷ᠂ ᠠᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ︽ᠲᠠᠯ᠎ᠠ ᠨᠤᠲᠤᠭ ᠤᠨ ᠰᠤᠳᠤᠨ ᠴᠢᠳᠠᠪᠤᠷᠢᠲᠠᠨ︾ ᠤ ᠳᠡᠭᠡᠳᠦ ᠲᠠᠰ ᠤᠨ ᠴᠢᠳᠠᠪᠤᠷᠢᠲᠠᠨ ᠤ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠴᠢᠳᠠᠪᠤᠷᠢᠲᠠᠨ ᠤ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠭᠠᠷᠠᠭ — 2022 ᠣᠨ ᠤ ᠳ᠋ᠦᠩᠱᠧᠩ ᠲᠣᠭᠤᠷᠢᠭ ᠤᠨ ︽ᠬᠤᠲᠠ ᠶᠢᠨ ᠬᠤᠷᠰᠢᠭᠴᠢ ᠡᠷᠢᠬᠦ︾ ᠬᠤᠳᠠᠯᠳᠤᠭᠠᠴᠢᠨ ᠤᠷᠢᠵᠤ ᠴᠢᠳᠠᠪᠤᠷᠢᠳᠠᠨ ᠳᠠᠳᠠᠬᠤ ᠠᠵᠢᠯᠯᠠᠭ᠎ᠠ ᠡᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠢᠶᠠᠩ ᠪᠥᠸᠧ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠡᠬᠢᠯᠡᠯᠲᠡ ᠶᠢᠨ ᠶᠣᠰᠣᠯᠠᠯ ᠢ ᠡᠷᠭᠢᠯᠡᠪᠡ᠃ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠪᠠ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ᠂ ᠪᠡᠭᠡᠵᠢᠩ ᠤᠨ ᠴᠤᠤ ᠶᠠᠩ ᠲᠣᠭᠤᠷᠢᠭ ᠤᠨ ᠴᠢᠳᠠᠪᠤᠷᠢᠲᠠᠨ ᠤ ᠨᠡᠶᠢᠭᠡᠮᠯᠢᠭ ᠤᠨ ᠬᠠᠷᠢᠭᠤᠴᠠᠯᠭᠠᠲᠠᠨ ᠪᠠ ᠴᠢᠳᠠᠪᠤᠷᠢᠲᠠᠨ ᠤ ᠲᠤᠰᠬᠠᠢ ᠮᠡᠷᠭᠡᠵᠢᠯᠲᠡᠨ᠂ ᠪᠡᠯᠡ ᠣᠷᠣᠭᠤᠯᠤᠭᠴᠢ᠂ ᠰᠢᠨ᠎ᠡ ᠶᠢ ᠡᠭᠦᠳᠬᠦ ᠲᠥᠷᠥᠯ ᠵᠦᠢᠯ ᠤᠨ ᠡᠵᠡᠮᠰᠢᠭᠴᠢ ᠵᠢᠴᠢ ᠳ᠋ᠦᠩᠱᠧᠩ ᠲᠣᠭᠤᠷᠢᠭ ᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃     9 ᠰᠠᠷ᠎ᠠ ᠶᠢᠨ 4  ᠤ ᠡᠳᠦᠷ᠂ ᠣᠷᠳᠣᠰ ᠬᠤᠳᠠ ᠶᠢᠨ ᠳᠤᠰᠬᠤᠨ ᠳᠤ ᠰᠠᠭᠤᠵᠤ ᠬᠤᠯᠪᠤᠭᠠᠯᠠᠨ ᠬᠠᠷᠢᠯᠴᠠᠬᠤ ᠠᠵᠢᠯ ᠤᠨ ᠤᠳᠤᠷᠢᠳᠬᠤ ᠳᠤᠭᠤᠶᠢᠯᠠᠩ᠂ ᠣᠷᠳᠣᠰ ᠬᠤᠳᠠ ᠶᠢᠨ ᠠᠵᠤ ᠠᠬᠤᠶᠢᠯᠠᠯ ᠣᠷᠣᠨ ᠨᠤᠲᠤᠭ ᠤᠨ ᠬᠢᠨ ᠬᠦᠴᠦ ᠪᠠᠨ ᠬᠠᠮᠲᠤᠳᠬᠠᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠠᠵᠢᠯ ᠤᠨ ᠤᠳᠤᠷᠢᠳᠬᠤ ᠳᠤᠭᠤᠶᠢᠯᠠᠩ ᠠᠴᠠ ᠭᠤᠣᠯᠯᠠᠨ ᠡᠷᠬᠢᠯᠡᠭᠰᠡᠨ ︽ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ · ᠬᠤᠯᠪᠤᠭᠠᠯᠠᠨ ᠳᠠᠭᠠᠭᠠᠴᠢᠯᠠᠵᠤ ᠬᠦᠴᠦᠷᠬᠡᠭᠵᠢᠬᠦᠯᠦᠨ ᠠᠵᠤ ᠦᠢᠯᠡᠰ  ᠢᠶᠠᠷ ᠠᠷᠠᠳ ᠢ ᠪᠠᠶᠠᠵᠢᠭᠤᠯᠬᠤ︾ ᠣᠷᠳᠣᠰ ᠬᠤᠳᠠ ᠶᠢᠨ ᠳᠥᠷᠪᠡᠳᠦᠭᠡᠷ ᠬᠤᠭᠤᠴᠠᠭᠠᠨ ᠤ ᠲᠠᠷᠢᠶᠠᠯᠠᠩ ᠤᠨ ᠪᠦᠲᠦᠭᠡᠭᠳᠡᠬᠦᠨ ᠤ ᠦᠵᠡᠬᠦᠯᠦᠯᠬᠡ ᠵᠢᠴᠢ ᠵᠦᠪᠳᠡᠯᠴᠡᠬᠡᠨ ᠤ ᠬᠤᠷᠠᠯ ᠬᠤᠷᠠᠯ ᠲᠡᠭᠦᠰ ᠠᠮᠵᠢᠯᠲᠠ ᠲᠠᠢ ᠥᠨᠳᠥᠷᠯᠡᠪᠡ᠃     9 ᠰᠠᠷ᠎ᠠ ᠶᠢᠨ 5 ᠤ ᠡᠳᠦᠷ᠂ ᠠᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ︽ᠲᠠᠯ᠎ᠠ ᠨᠤᠲᠤᠭ ᠤᠨ ᠴᠢᠳᠠᠪᠤᠷᠢᠲᠠᠨ︾ ᠤ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠴᠢᠳᠠᠪᠤᠷᠢᠲᠠᠨ ᠤ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠭᠠᠷᠠᠭ ︱ 2022 ᠣᠨ ᠤ ᠳ᠋ᠦᠩᠱᠧᠩ ᠲᠣᠭᠤᠷᠢᠭ ᠤᠨ ︽ᠬᠤᠲᠠ ᠶᠢᠨ ᠬᠤᠷᠰᠢᠭᠴᠢ ᠡᠷᠢᠬᠦ︾ ᠬᠤᠳᠠᠯᠳᠤᠭᠠᠴᠢᠨ ᠤᠷᠢᠵᠤ ᠴᠢᠳᠠᠪᠤᠷᠢᠳᠠᠨ ᠳᠠᠳᠠᠬᠤ ᠠᠵᠢᠯᠯᠠᠭ᠎ᠠ ᠨᠢ ᠭᠠᠷ ᠤᠨ ᠥᠰᠥᠭ ᠵᠢᠷᠤᠵᠤ ᠬᠡᠯᠡᠯᠴᠡᠭᠡᠷ ᠲᠤᠭᠳᠠᠬᠤ ᠶᠤᠰᠤᠯᠠᠯ ᠬᠢᠵᠤ ᠠᠮᠵᠢᠯᠳᠠᠳᠠᠢ ᠲᠡᠭᠦᠰᠪᠡ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠡᠭᠦᠰᠬᠦ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠪᠣᠯᠣᠨ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ᠂ ᠪᠡᠭᠡᠵᠢᠩ ᠬᠤᠳᠠ ᠶᠢᠨ ᠴᠤᠤ ᠶᠠᠩ ᠲᠣᠭᠤᠷᠢᠭ ᠤᠨ ᠴᠢᠳᠠᠪᠤᠷᠢᠲᠠᠨ ᠤ ᠨᠡᠶᠢᠭᠡᠮᠯᠢᠭ ᠤᠨ ᠬᠠᠷᠢᠭᠤᠴᠠᠯᠭᠠᠲᠠᠨ ᠪᠣᠯᠣᠨ ᠴᠢᠳᠠᠪᠤᠷᠢᠲᠠᠨ ᠤ ᠲᠤᠰᠬᠠᠢ ᠮᠡᠷᠭᠡᠵᠢᠯᠲᠡᠨ᠂ ᠪᠡᠯᠡ ᠣᠷᠣᠭᠤᠯᠤᠭᠴᠢ᠂ ᠰᠢᠨ᠎ᠡ ᠶᠢ ᠡᠭᠦᠳᠬᠦ ᠲᠦᠷᠦᠯ ᠵᠦᠢᠯ ᠤᠨ ᠡᠵᠡᠮᠰᠢᠭᠴᠢ ᠵᠢᠴᠢ ᠳ᠋ᠦᠩᠱᠧᠩ ᠲᠣᠭᠤᠷᠢᠭ ᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠡᠭᠦᠰᠬᠦ ᠶᠣᠰᠣᠯᠠᠯ ᠳᠤ ᠣᠷᠣᠯᠴᠠᠪᠠ᠃     9 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠢᠶᠠᠩ ᠪᠥᠸᠧ ᠳ᠋ᠦᠩᠱᠧᠩ ᠲᠣᠭᠤᠷᠢᠭ ᠲᠤ ᠠᠵᠤ ᠠᠬᠤᠶᠢᠯᠠᠯ ᠤᠨ ᠶᠠᠰᠤ ᠴᠢᠨᠠᠷ ᠤᠨ ᠱᠠᠩᠨᠠᠯ ᠣᠯᠭᠤᠬᠤ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠵᠢᠴᠢ ᠨᠠᠰᠤᠵᠢᠯ ᠤᠨ ᠠᠰᠠᠷᠠᠮᠵᠢ ᠶᠢᠨ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ᠂ ᠳ᠋ᠦᠩᠱᠧᠩ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠵᠢᠴᠢ ᠬᠤᠲᠠ ᠲᠣᠭᠤᠷᠢᠭ ᠤᠨ ᠬᠤᠶᠠᠷ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃     9 ᠰᠠᠷ᠎ᠠ ᠶᠢᠨ 6 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠰᠤᠷᠭᠠᠨ ᠬᠥᠮᠦᠵᠢᠯ ᠵᠢᠭᠠᠨ ᠰᠤᠷᠭᠠᠯᠲᠠ᠂ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃     9 ᠰᠠᠷ᠎ᠠ ᠶᠢᠨ 7 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠲᠣᠭᠤᠷᠢᠭ ᠤᠨ ᠵᠠᠰᠠᠭ ᠤᠨ ᠣᠷᠳᠣᠨ ᠤ 2022 ᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠤᠳᠤᠷᠢᠳᠤᠯᠭ᠎ᠠ ᠶᠠᠩ ᠶᠦᠨ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃     9 ᠰᠠᠷ᠎ᠠ ᠶᠢᠨ 8 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠳ᠋ᠦᠩᠱᠧᠩ ᠲᠣᠭᠤᠷᠢᠭ ᠲᠤ ᠭᠦᠨᠵᠡᠭᠡᠶᠢᠷᠡᠨ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠢᠵᠦ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠦᠬᠦᠢ ᠤᠳᠤᠷᠢᠳᠤᠯᠭ᠎ᠠ᠂ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠵᠠᠢ᠃ ᠬᠠᠨ ᠲᠤᠤ ᠬᠤᠷᠠᠯ ᠢ ᠡᠷᠬᠢᠯᠡᠪᠡ᠃     9 ᠰᠠᠷ᠎ᠠ ᠶᠢᠨ 8 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠳ᠋ᠦᠩᠱᠧᠩ ᠲᠠᠬᠢ ᠬᠤᠪᠢᠶᠠᠷᠢ ᠰᠤᠷᠭᠠᠭᠤᠯᠢ᠂ ᠳ᠋ᠦᠩᠱᠧᠩ ᠲᠣᠭᠤᠷᠢᠭ ᠤᠨ ᠳ᠋ᠦᠩ ᠹᠠᠩ ᠲᠤᠷᠰᠢᠯᠲᠠ ᠶᠢᠨ ᠪᠠᠭ᠎ᠠ ᠰᠤᠷᠭᠠᠭᠤᠯᠢ᠂ ᠳ᠋ᠦᠩᠱᠧᠩ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠡᠭᠦᠨ ᠰᠤᠷᠭᠠᠭᠤᠯᠢ ᠶᠢᠨ ᠲᠣᠭᠤᠷᠢᠭ᠂ ᠲᠠᠪᠤᠨ ᠮᠦᠰᠦ ᠬᠡᠦᠬᠡᠳ ᠤᠨ ᠴᠡᠴᠡᠷᠯᠢᠭ᠂ ᠳ᠋ᠦᠩᠱᠧᠩ ᠲᠣᠭᠤᠷᠢᠭ ᠤᠨ ᠹᠦ᠋ ᠰᠢᠩ ᠪᠠᠭ᠎ᠠ ᠰᠤᠷᠭᠠᠭᠤᠯᠢ ᠳᠤ ᠬᠦᠷᠴᠤ ᠨᠢᠭᠡᠳᠦᠭᠡᠷ ᠹᠷᠣᠨᠲ ᠤᠨ ᠪᠠᠭᠰᠢ ᠠᠵᠢᠯᠲᠠᠳ ᠢ ᠪᠣᠯᠭᠤᠭᠠᠨ ᠲᠣᠬᠤᠨᠢᠭᠤᠯᠪᠠ᠃ ᠡᠭᠦᠨ ᠤ ᠬᠠᠮᠲᠤ ᠪᠦᠬᠦ ᠲᠤᠭᠤᠷᠢᠭ ᠤᠨ ᠥᠷᠭᠡᠨ ᠤᠯᠠᠨ ᠪᠠᠭᠰᠢ ᠪᠣᠯᠣᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃     9 ᠰᠠᠷ᠎ᠠ ᠶᠢᠨ 9 ᠤ ᠡᠳᠦᠷ᠂ ᠳ᠋ᠦᠩᠱᠧᠩ ᠲᠣᠭᠤᠷᠢᠭ ᠭᠤᠴᠢᠨ ᠨᠠᠢᠮᠠᠳᠡᠬᠢ ᠪᠠᠭᠰᠢ ᠶᠢᠨ ᠪᠠᠶᠠᠷ ᠢ ᠪᠡᠯᠭᠡᠯᠡᠬᠦ ᠬᠤᠷᠠᠯ ᠬᠢᠵᠦ᠂ ᠲᠣᠭᠤᠷᠢᠭ ᠤᠨ ᠤᠳᠤᠷᠢᠳᠤᠯᠭ᠎ᠠ ᠰᠥᠩ ᠵᠢᠶᠦ᠋ᠨ ᠹᠧᠩ᠂ ᠯᠢᠦ ᠬᠤᠶ ᠪᠢᠨ᠂ ᠭᠤᠸ ᠮᠢᠩ᠂ ᠶᠠᠩ ᠶᠦᠨ ᠬᠤᠷᠠᠯ ᠳᠤ ᠣᠷᠣᠯᠴᠠᠵᠤ᠂ ᠰᠥᠩ ᠵᠢᠶᠦ᠋ᠨ ᠹᠧᠩ ᠬᠤᠷᠠᠯ ᠢ ᠡᠷᠭᠢᠯᠡᠵᠦ᠂ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠳᠤᠪᠴᠢᠶᠠᠨ ᠤ ᠤᠳᠤᠷᠢᠳᠬᠤ ᠪᠠᠭ ᠤᠨ ᠪᠦᠷᠢᠯᠳᠦᠭᠦᠨ᠂ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠬᠠᠮᠢᠶ᠎ᠠ ᠪᠦᠬᠦᠢ ᠬᠠᠷᠢᠭᠤᠴᠠᠯᠭᠠᠳᠠᠳ᠂ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠢ᠃     9 ᠰᠠᠷ᠎ᠠ ᠶᠢᠨ 13 ᠤ ᠡᠳᠦᠷ᠂ ᠲᠧᠩ ᠶᠤᠸᠠᠨ ᠨᠡᠭᠦᠷᠡᠰᠦᠨ ᠠᠭᠤᠷᠬᠠᠢ ᠶᠢᠨ ᠪᠣᠬᠢᠷᠳᠤᠯ ᠦᠭᠡᠢ ᠣᠶᠤᠨᠴᠢ ᠠᠭᠤᠷᠬᠠᠢ ᠶᠢᠨ ᠦᠵᠡᠭᠦᠯᠦᠯᠭᠡ ᠶᠢᠨ ᠬᠤᠷᠠᠯ ᠳ᠋ᠦᠩᠱᠧᠩ ᠲᠣᠭᠤᠷᠢᠭ ᠲᠤ ᠬᠤᠷᠠᠯᠳᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠵᠢᠴᠢ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠤ᠂ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃     9 ᠰᠠᠷ᠎ᠠ ᠶᠢᠨ 14 ᠤ ᠡᠳᠦᠷ᠂ ᠳ᠋ᠦᠩᠱᠧᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠳᠥᠷᠪᠡᠳᠦᠭᠡᠷ ᠬᠤᠷᠠᠯ ᠢ ᠬᠤᠷᠠᠯᠳᠤᠭᠤᠯᠵᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ  ᠱᠦᠵᠢ᠂ ᠲᠡᠷᠢᠭᠦᠯᠡᠭᠴᠢ ᠬᠠᠨ ᠶᠣᠣ ᠲᠢᠩ ᠬᠤᠷᠠᠯ ᠳᠤ ᠣᠷᠣᠯᠴᠠᠭᠰᠠᠨ ᠪᠥᠭᠡᠳ ᠬᠤᠷᠠᠯ ᠢ ᠡᠷᠭᠢᠯᠡᠵᠦ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠰᠢᠶᠣᠣ ᠳ᠋ᠦᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠱᠢ ᠮᠣᠣ ᠯᠢᠨ᠂ ᠳᠡᠳ᠋ ᠲᠡᠷᠢᠭᠦᠯᠡᠭᠴᠢ ᠵᠠᠩ ᠵᠢᠶᠦ᠋ᠨ᠂ ᠸᠠᠩ ᠰᠢᠸ ᠬᠤᠷᠠᠯ ᠳᠤ ᠣᠷᠣᠯᠴᠠᠵᠠᠢ᠃     9 ᠰᠠᠷ᠎ᠠ ᠶᠢᠨ 15 ᠤ ᠡᠳᠦᠷ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠫᠠᠶᠢᠰᠠ ᠰᠡᠬᠦᠬᠦ ᠶᠣᠰᠣᠯᠠᠯ ᠬᠢᠶ᠎ᠠ ᠪᠠᠰᠢ ᠳᠤ ᠶᠠᠪᠤᠭᠳᠠᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠤ᠋ ᠵᠥᠩ ᠱᠧᠩ ᠶᠣᠰᠣᠯᠠᠯ ᠳᠤ ᠣᠷᠣᠯᠴᠠᠵᠤ ᠫᠠᠶᠢᠰᠠ ᠰᠡᠬᠦᠪᠡ᠃     9 ᠰᠠᠷ᠎ᠠ ᠶᠢᠨ 15 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠶᠠᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠳ᠋ᠦᠩᠱᠧᠩ ᠲᠣᠭᠤᠷᠢᠭ ᠲᠤ ︽ᠣᠷᠳᠣᠰ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠳᠦᠷᠢᠮ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠢᠵᠦ᠂ ᠲᠣᠭᠤᠷᠢᠭ ᠤᠨ ᠤᠳᠤᠷᠢᠳᠤᠯᠭ᠎ᠠ ᠦ᠋ ᠹᠧᠢ ᠰᠢᠶᠦ᠋ᠩ᠂ ᠶᠠᠩ ᠶᠦᠨ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠠᠢ᠃     9 ᠰᠠᠷ᠎ᠠ ᠶᠢᠨ 15 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠢᠯᠴᠢ ᠬᠠᠩᠭᠠᠬᠤ ᠺᠣᠮᠫᠠᠨᠢ ᠳᠤ ᠭᠦᠨᠵᠡᠭᠡᠶᠢᠷᠡᠨ᠂ ᠲᠥᠪᠯᠡᠷᠡᠭᠦᠯᠦᠨ ᠢᠯᠴᠢ ᠬᠠᠩᠭᠠᠬᠤ ᠪᠡᠯᠡᠳᠬᠡᠯ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃     9 ᠰᠠᠷ᠎ᠠ ᠶᠢᠨ 16 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠰᠦᠳᠦᠭᠡᠷ ᠬᠤᠭᠤᠴᠠᠭᠠᠨ ᠤ 43 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠵᠤ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠭᠤᠯᠭ᠎ᠠ ᠳᠠᠭᠠᠨ ᠪᠠᠶᠢᠭ᠎ᠠ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠨᠠᠷ ᠬᠤᠷᠠᠯ ᠳᠤ ᠰᠤᠯᠠ ᠣᠷᠣᠯᠴᠠᠪᠠ᠃     9 ᠰᠠᠷ᠎ᠠ ᠶᠢᠨ 16  ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 15 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠡᠷᠭᠡ ᠲᠣᠭᠤᠷᠢᠭ ᠤᠨ ᠲᠦᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃     9 ᠰᠠᠷ᠎ᠠ ᠶᠢᠨ 16 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠬᠢᠨᠠᠨ ᠪᠣᠳᠣᠬᠤ ᠵᠥᠪᠯᠡᠯ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ  ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠲᠣᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠡᠷᠬᠢᠯᠡᠭᠴᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠳᠡᠳ᠋ ᠡᠷᠬᠢᠯᠡᠭᠴᠢ ᠬᠠᠨ ᠲᠤᠸ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠳᠡᠳ᠋ ᠡᠷᠬᠢᠯᠡᠭᠴᠢ ᠨᠢᠶᠧ ᠵᠢᠶᠦ᠋ᠨ ᠬᠤᠷᠠᠯ ᠳᠤ ᠣᠷᠣᠯᠴᠠᠵᠠᠢ᠃     9 ᠰᠠᠷ᠎ᠠ ᠶᠢᠨ 16 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠵᠠᠬᠢᠳᠠᠯ ᠰᠤᠷᠪᠤᠯᠵᠢᠯᠠᠭ᠎ᠠ ᠬᠢᠬᠦ ᠪᠠᠷ ᠢᠷᠡᠭᠰᠡᠨ ᠣᠯᠠᠨ ᠲᠦᠮᠡᠨ ᠢ ᠲᠤᠬᠠᠢ ᠶᠢᠨ ᠳᠠᠯᠠᠪᠤᠷ ᠲᠤ ᠭᠥᠯᠢᠶᠡᠨ ᠠᠪᠴᠤ᠂ ᠪᠣᠳᠠᠲᠠᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃     9 ᠰᠠᠷ᠎ᠠ ᠶᠢᠨ 18 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶ᠎ᠡ ᠴᠠᠷᠠᠨ ᠳᠠᠬᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠲᠣᠭᠤᠷᠢᠭ ᠤᠨ ᠤᠳᠤᠷᠢᠳᠤᠯᠭ᠎ᠠ ᠰᠥᠩ ᠵᠢᠶᠦ᠋ᠨ ᠹᠧᠩ᠂ ᠯᠢ ᠰᠢᠶᠣᠣ ᠳ᠋ᠦᠩ᠂ ᠵᠠᠩ ᠵᠢᠶᠠᠨ ᠬᠥᠩ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃     9 ᠰᠠᠷ᠎ᠠ ᠶᠢᠨ 19 ᠤ ᠡᠳᠦᠷ᠂ ᠣᠷᠳᠣᠰ ᠤᠨ ᠨᠡᠬᠦᠷᠡᠰᠦᠨ ᠰᠢᠷᠬᠡᠭᠯᠢᠭ ᠤᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠶᠠᠪᠤᠭᠳᠠᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠣ ᠢ ᠳ᠋ᠦᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠫᠧᠩ ᠴᠧᠩ ᠭᠡᠷ᠎ᠡ ᠲᠤᠭᠳᠠᠬᠤ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠭᠡᠷ᠎ᠡ ᠲᠤᠭᠳᠠᠬᠤ ᠶᠣᠰᠣᠯᠠᠯ ᠢ ᠡᠷᠬᠢᠯᠡᠵᠦ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠤᠭᠤᠷᠢᠭ ᠪᠠ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠳ ᠭᠡᠷ᠎ᠡ ᠲᠤᠭᠳᠠᠬᠤ ᠶᠣᠰᠣᠯᠠᠯ ᠳᠤ ᠣᠷᠣᠯᠴᠠᠪᠠ᠃     9 ᠰᠠᠷ᠎ᠠ ᠶᠢᠨ 20 ᠤ ᠡᠳᠦᠷ᠂ ᠪᠥᠬᠦ ᠬᠤᠲᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠤᠶᠢᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠴᠠ ᠪᠢᠯᠧᠲ ᠦᠭᠴᠤ ᠲᠤᠭᠳᠠᠭᠠᠬᠤ ᠳᠦᠷᠢᠮ ᠤᠨ ᠲᠤᠬᠠᠢ ᠶᠢᠨ ᠲᠠᠯᠠᠪᠤᠷ ᠤᠨ ᠬᠤᠷᠠᠯ ᠢ ᠳ᠋ᠦᠩᠱᠧᠩ ᠲᠣᠭᠤᠷᠢᠭ ᠲᠤ ᠬᠤᠷᠠᠯᠳᠤᠭᠤᠯᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠵᠠᠨ ᠯᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠱᠢ ᠶᠠᠨ ᠵᠢᠶᠧ ᠬᠤᠷᠠᠯ ᠢ ᠡᠷᠭᠢᠯᠡᠪᠡ᠃     9 ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠪᠦᠯᠬᠦᠮ ᠳᠠᠭᠠᠭᠤᠯᠤᠨ ᠱᠠᠨ ᠰᠢ᠂ ᠪᠡᠭᠡᠵᠢᠩ ᠳᠤ ᠬᠦᠷᠴᠦ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠵᠤ ᠰᠢᠨᠵᠢᠯᠡᠨ ᠦᠵᠡᠬᠦ ᠠᠵᠢᠯᠯᠠᠭ᠎ᠠ ᠥᠷᠨᠢᠭᠦᠯᠪᠡ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠪᠠ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠳᠤ ᠪᠠᠷ ᠰᠢᠨᠵᠢᠯᠡᠨ ᠦᠵᠡᠪᠡ᠃     9 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠩ ᠵᠧᠩ ᠳ᠋ᠦᠩᠱᠧᠩ ᠲᠣᠭᠤᠷᠢᠭ ᠲᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠤᠯᠤᠰ ᠲᠥᠷᠥ ᠬᠠᠤᠯᠢ ᠴᠠᠭᠠᠵᠠ ᠪᠠ ᠲᠣᠭᠲᠠᠭᠤᠨ ᠢ ᠬᠠᠮᠠᠭᠠᠯᠠᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠳ᠋ᠦᠩᠱᠧᠩ ᠲᠣᠭᠤᠷᠢᠭ ᠤᠨ ᠤᠳᠤᠷᠢᠳᠤᠯᠭ᠎ᠠ ᠨᠠᠷ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃     9 ᠰᠠᠷ᠎ᠠ ᠶᠢᠨ 22 ᠤᠨ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠳ᠋ᠦᠩᠱᠧᠩ ᠲᠣᠭᠤᠷᠢᠭ ᠤᠨ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠥᠪ ᠲᠤ ᠬᠦᠷᠴᠦ ᠰᠤᠷᠪᠤᠯᠵᠢᠯᠠᠭ᠎ᠠ ᠬᠢᠬᠦ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ᠂ ᠲᠤᠬᠠᠢ ᠶᠢᠨ ᠲᠠᠯᠠᠪᠤᠷ ᠲᠤ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠵᠣᠬᠢᠴᠠᠭᠤᠯᠤᠨ ᠰᠢᠢᠳᠪᠦᠷᠢᠯᠡᠪᠡ᠃     9 ᠰᠠᠷ᠎ᠠ ᠶᠢᠨ 22  ᠤᠨ ᠡᠳᠦᠷ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ 2022 ᠣᠨ ᠤ 22 ᠳ᠋ᠤᠭᠠᠷ ᠤᠳᠠᠭ᠎ᠠ᠂ 23 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠲᠤᠤ ᠬᠤᠷᠠᠯ ᠢ ᠡᠷᠬᠢᠯᠡᠪᠡ᠃     9 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠧ ᠰᠢ ᠸᠧᠨ ᠳ᠋ᠦᠩᠱᠧᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠵᠦ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠵᠢᠭᠠᠨ ᠵᠢᠯᠣᠭᠤᠳᠪᠠ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠴᠦᠨ ᠭᠤᠸᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃     9 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠪᠦᠯᠬᠦᠮ ᠳᠠᠭᠠᠭᠤᠯᠤᠨ ᠬᠠᠩᠵᠧᠦ ᠬᠤᠲᠠ ᠶᠢᠨ ᠰᠢ ᠬᠤ᠋ ᠶᠡᠭᠡ ᠰᠤᠷᠭᠠᠭᠤᠯᠢ ᠳᠤ ᠬᠦᠷᠴᠤ ᠰᠢᠨᠵᠢᠯᠡᠨ ᠪᠠᠶᠢᠴᠠᠭᠠᠯᠳᠠ ᠬᠢᠭᠰᠡᠨ ᠪᠥᠭᠡᠳ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠰᠢ ᠬᠤ᠋ ᠶᠡᠭᠡ ᠰᠤᠷᠭᠠᠭᠤᠯᠢ ᠶᠢᠨ ᠵᠠᠬᠢᠷᠤᠯ ᠱᠢ ᠢ ᠬᠥᠩ ᠲᠠᠢ ᠰᠤᠷᠭᠠᠭᠤᠯᠢ ᠡᠷᠭᠢᠯᠡᠭᠰᠡᠨ ᠲᠤᠷᠰᠢᠯᠭ᠎ᠠ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢᠨ ᠲᠣᠭᠤᠷᠢᠨ ᠳᠤ ᠭᠦᠨᠵᠡᠭᠡᠢ ᠶᠠᠷᠢᠯᠴᠠᠬᠤ ᠬᠤᠷᠠᠯ ᠬᠢᠵᠦ᠂ ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠢ᠂ ᠯᠢᠦ ᠹᠧᠩ ᠶᠦᠨ ᠪᠣᠯᠣᠨ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠬᠤᠰᠢᠭᠤ ᠲᠣᠭᠤᠷᠢᠭ ᠤᠨ ᠬᠠᠷᠢᠭᠤᠴᠠᠯᠭᠠᠲᠠᠨ ᠣᠷᠣᠯᠴᠠᠵᠠᠢ᠃     9 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠪᠦᠯᠬᠦᠮ ᠳᠠᠭᠠᠭᠤᠯᠤᠨ ᠬᠠᠩᠵᠧᠦ ᠬᠤᠲᠠ᠂ ᠵᠢᠶᠠ ᠰᠢᠩ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠪᠠ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠰᠢᠨᠵᠢᠯᠡᠨ ᠪᠠᠶᠢᠴᠠᠭᠠᠵᠤ᠂ ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠢ᠂ ᠯᠢᠦ ᠹᠧᠩ ᠶᠦᠨ ᠪᠣᠯᠣᠨ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠬᠤᠰᠢᠭᠤ ᠲᠣᠭᠤᠷᠢᠭ ᠤᠨ ᠬᠠᠷᠢᠭᠤᠴᠠᠯᠭᠠᠲᠠᠨ ᠣᠷᠣᠯᠴᠠᠵᠠᠢ᠃     9 ᠰᠠᠷ᠎ᠠ ᠶᠢᠨ 24  ᠤ ᠡᠳᠦᠷ ︽ᠨᠡᠷᠡᠨ ᠬᠤᠸᠠᠷ ᠨᠡᠷᠡᠨ ᠲᠡᠰᠢ ᠪᠠᠨ ᠳᠡᠯᠭᠡᠷᠡᠨ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︿ᠡᠯᠪᠡᠭ ᠬᠤᠷᠢᠶᠠᠯᠲᠠ﹀ ᠶᠢᠨ ᠦᠵᠡᠮᠵᠢ︾ ᠳ᠋ᠦᠩᠱᠧᠩ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠪᠤᠷᠵᠠᠩ ᠨᠠᠭᠤᠷ ᠪᠠᠯᠭᠠᠰᠤᠨ ᠤ ᠱᠧ ᠵᠢᠶᠠ ᠯᠢᠶᠠᠩ ᠲᠣᠰᠬᠤᠨ ᠤ ᠠᠭᠤᠳᠠᠮ ᠲᠠᠯᠠᠪᠠᠢ ᠳᠤ ᠡᠬᠢᠯᠡᠪᠡ᠃ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ     ᠣᠷᠣᠯᠴᠠᠪᠠ᠃     9 ᠰᠠᠷ᠎ᠠ ᠶᠢᠨ 26 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠵᠧᠵᠢᠶᠠᠩ ᠤᠨ ᠰᠢᠩ ᠢᠦᠢ ᠮᠠᠰᠢᠨ ᠴᠠᠬᠢᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠠᠮᠲᠤᠷᠠᠨ ᠡᠷᠭᠢᠯᠡᠭᠰᠡᠨ ᠥᠨᠳᠥᠷ ᠦᠰᠬᠡᠯᠳᠡᠳᠤ ᠬᠡᠷᠡᠯ ᠲᠥᠪᠯᠡᠷᠡᠭᠦᠯᠬᠦ ᠬᠡᠷᠡᠯ ᠴᠡᠨᠡᠭ ᠤᠨ ᠲᠣᠨᠣᠭᠯᠠᠯ ᠦᠶᠯᠡᠳᠬᠦ ᠰᠠᠭᠤᠷᠢᠨ ᠭᠠᠵᠠᠷ ᠤᠨ ᠲᠥᠷᠥᠯ ᠵᠦᠢᠯ ᠤᠨ ᠭᠡᠷ᠎ᠡ ᠲᠤᠭᠳᠠᠬᠤ ᠶᠣᠰᠣᠯᠠᠯ ᠳ᠋ᠦᠩᠱᠧᠩ ᠲᠣᠭᠤᠷᠢᠭ ᠲᠤ ᠶᠠᠪᠤᠭᠳᠠᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ  ᠤ ᠱᠦᠵᠢ ᠭᠤᠣ ᠢ ᠳ᠋ᠦᠩ ᠭᠡᠷ᠎ᠡ ᠲᠤᠭᠳᠠᠬᠤ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠫᠧᠩ ᠴᠧᠩ ᠭᠡᠷ᠎ᠡ ᠲᠤᠭᠳᠠᠬᠤ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠭᠠᠷ ᠤᠨ ᠦᠰᠦᠭ ᠵᠢᠷᠤᠬᠤ ᠶᠣᠰᠣᠯᠠᠯ ᠢ ᠡᠷᠬᠢᠯᠡᠨ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠣᠭᠤᠷᠢᠭ ᠪᠠ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠳ ᠭᠡᠷ᠎ᠡ ᠲᠤᠭᠳᠠᠬᠤ ᠶᠣᠰᠣᠯᠠᠯ ᠳᠤ ᠣᠷᠣᠯᠴᠠᠪᠠ᠃     9 ᠰᠠᠷ᠎ᠠ ᠶᠢᠨ 27 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠣ ᠢ ᠳ᠋ᠦᠩ ᠳ᠋ᠦᠩᠱᠧᠩ ᠲᠣᠭᠤᠷᠢᠭ ᠤᠨ ᠸᠧᠨ ᠮᠢᠩ ᠭᠤᠳᠤᠮᠵᠢ ᠶᠢᠨ ᠣᠶᠢᠷᠠᠯᠴᠠᠭ᠎ᠠ ᠵᠢᠵᠢᠭ ᠵᠣᠴᠢᠳ ᠤᠨ ᠪᠠᠭᠤᠳᠠᠯ᠂ ᠳ᠋ᠠ ᠷᠦᠨ ᠹᠠ ᠬᠡᠳᠦ ᠳᠡᠯᠭᠡᠭᠦᠷ᠂ ᠾᠧᠩ ᠲᠠᠢ ᠨᠡᠬᠦᠷᠡᠰᠤᠨ ᠤ ᠬᠢᠵᠠᠭᠠᠷᠳᠤ ᠺᠤᠮᠫᠠᠨᠢ ᠶᠢᠨ ᠨᠢᠶᠠᠨ ᠫᠠᠨ ᠯᠢᠶᠠᠩ  ᠤᠨ ᠨᠢᠭᠡᠳᠦᠩᠷ ᠬᠤᠳᠳᠤᠭ᠂ ᠨᠢᠶᠠᠨ ᠫᠠᠨ ᠯᠢᠶᠠᠩ ᠤᠨ ᠪᠠᠶᠢᠴᠠᠭᠠᠬᠤ ᠦᠷᠳᠡᠭᠡ ᠳᠤ ᠬᠦᠨᠵᠡᠭᠡᠶᠢᠷᠡᠵᠤ᠂ ᠤᠯᠤᠰ ᠤᠨ ᠪᠠᠶᠠᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠢᠳᠡᠭᠡᠨ ᠤ ᠠᠮᠤᠷ ᠲᠦᠪᠰᠢᠨ ᠪᠣᠯᠣᠨ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠢᠭᠡᠳᠦᠭᠡᠷ ᠹᠷᠣᠨᠲ ᠤᠨ ᠠᠵᠢᠯᠲᠠᠳ ᠢ ᠪᠣᠯᠭᠤᠭᠠᠨ ᠲᠤᠬᠤᠨᠢᠭᠤᠯᠪᠠ᠃     9 ᠰᠠᠷ᠎ᠠ ᠶᠢᠨ 27 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠳ᠋ᠦᠩᠱᠧᠩ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠠᠬᠢᠭᠤᠯᠪᠠ᠂ ᠲᠣᠭᠤᠷᠢᠭ ᠤᠨ ᠤᠳᠤᠷᠢᠳᠤᠯᠭ᠎ᠠ ᠵᠠᠩ ᠵᠢᠶᠠᠨ ᠬᠥᠩ ᠬᠤᠷᠠᠯ ᠳᠤ ᠣᠷᠣᠯᠴᠠᠵᠠᠢ᠃     9 ᠰᠠᠷ᠎ᠠ ᠶᠢᠨ 28 ᠤ ᠡᠳᠦᠷ᠂ ᠳ᠋ᠦᠩᠱᠧᠩ ᠲᠣᠭᠤᠷᠢᠭ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠵᠤ᠂ ᠰᠢᠨ᠎ᠡ ᠴᠠᠭ ᠦᠶ᠎ᠡ ᠳᠤ ᠭᠠᠪᠢᠶ᠎ᠠ ᠵᠢᠳᠬᠦᠯ ᠪᠠᠶᠢᠭᠤᠯᠤᠶ᠎ᠠ︾ ᠭᠡᠬᠦ ᠤᠯᠤᠰ ᠤᠨ ᠲᠤᠭ ᠮᠠᠨᠳᠤᠭᠤᠯᠬᠤ ᠶᠣᠰᠣᠯᠠᠯ ᠵᠢᠴᠢ ︽ᠰᠢᠨ᠎ᠡ ᠴᠠᠭ ᠦᠶ᠎ᠡ ᠢᠶᠠᠨ ᠪᠠᠭ᠋ᠠᠳᠤᠨ ᠳᠠᠭᠤᠯᠠᠵᠤ ᠬᠦᠰᠡᠯ ᠵᠡᠭᠦᠳᠦ ᠪᠠᠨ ᠲᠡᠷᠭᠡᠯᠰᠢᠭᠦᠯᠦᠨ ᠰᠡᠷᠭᠦᠨ ᠮᠠᠨᠳᠤᠬᠤ ᠬᠦᠰᠡᠯ ᠵᠦᠭ ᠢᠶᠠᠨ ᠲᠡᠮᠡᠤᠯᠡᠶ᠎ᠡ︾ ᠭᠡᠬᠦ ᠨᠠᠶᠢᠷᠠᠯ ᠳᠠᠭᠤᠤ ᠶᠢᠨ ᠠᠵᠢᠯᠯᠠᠭ᠎ᠠ ᠥᠷᠨᠢᠭᠦᠯᠪᠡ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ  ᠤ ᠱᠦᠵᠢ ᠭᠤᠣ ᠢ ᠳ᠋ᠦᠩ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠤᠭᠤᠷᠢᠭ ᠤᠨ ᠳᠦᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ᠂ ᠡᠯ᠎ᠡ ᠠᠷᠠᠳᠴᠢᠯᠠᠭᠰᠠᠨ ᠨᠠᠮ ᠪᠦᠯᠦᠭ᠂ ᠳᠤᠮᠳᠠᠳᠤ ᠶᠢᠨ ᠬᠠᠷᠢᠶᠠᠲᠤ ᠵᠢᠴᠢ ᠱᠠᠰᠢᠨ ᠰᠤᠷᠲᠠᠬᠤᠨ ᠤ ᠡᠲᠡᠭᠡᠳ ᠤᠨ ᠬᠥᠮᠥᠰ᠂ ᠰᠢᠯᠢᠳᠡᠭ ᠨᠠᠮ ᠤᠨ ᠭᠡᠰᠢᠭᠦᠨ᠂ ᠬᠥᠳᠡᠯᠮᠦᠷᠢ ᠶᠢᠨ ᠵᠢᠱᠢᠶᠡᠴᠢ᠂ ᠶᠣᠰᠣ ᠰᠤᠷᠲᠠᠬᠤᠨ ᠤ ᠵᠢᠱᠢᠶᠡᠴᠢ᠂ ᠰᠢᠯᠢᠳᠡᠭ ᠵᠠᠯᠠᠭᠤᠴᠤᠳ᠂ ︽3·8︾  ᠤ ᠤᠯᠠᠭᠠᠨ ᠲᠤᠭᠴᠢ᠂ ᠴᠡᠷᠢᠭ  ᠴᠠᠭᠳᠠᠭ᠎ᠠ᠂ ᠪᠠᠭᠰᠢ᠂ ᠰᠤᠷᠤᠭᠴᠢ ᠶᠢᠨ ᠲᠥᠯᠥᠭᠡᠯᠡᠭᠴᠢ᠂ ᠠᠵᠤ ᠠᠬᠤᠶᠢᠯᠠᠯᠲᠠᠨ ᠤ ᠲᠥᠯᠥᠭᠡᠯᠡᠭᠴᠢ ᠪᠣᠯᠣᠨ ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠺᠠᠳ᠋ᠷ ᠠᠵᠢᠯᠲᠠᠨ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠤᠯᠠᠨ ᠲᠦᠮᠡᠨ ᠤ ᠲᠥᠯᠥᠭᠡᠯᠡᠭᠴᠢ ᠤᠯᠤᠰ ᠤᠨ ᠲᠤᠭ ᠮᠠᠨᠳᠤᠭᠤᠯᠬᠤ ᠶᠣᠰᠣᠯᠠᠯ ᠳᠤ ᠣᠷᠣᠯᠴᠠᠪᠠ᠃     9 ᠰᠠᠷ᠎ᠠ ᠶᠢᠨ 28 ᠤ ᠡᠳᠦᠷ᠂ ᠬᠦᠨᠳᠤ ᠠᠴᠢᠶᠠᠨ ᠤ ᠮᠠᠰᠢᠨ ᠤ ᠵᠦᠵᠸᠦ ᠭᠠᠵᠠᠷ ᠤᠨ ᠣᠷᠳᠣᠰ ᠤᠨ ᠰᠠᠯᠬᠢ ᠴᠠᠬᠢᠯᠭᠠᠨ ᠤ ᠲᠣᠨᠤᠭ ᠲᠥᠬᠦᠭᠡᠷᠦᠮᠵᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠰᠠᠭᠤᠷᠢᠨ ᠭᠠᠵᠠᠷ ᠤᠨ ᠲᠥᠷᠥᠯ ᠵᠦᠢᠯ ᠤᠨ ︽ᠲᠣᠮᠣ ᠸᠠᠲ ᠤᠨ ᠣᠶᠤᠨᠲᠤ ᠰᠠᠯᠬᠢᠨ ᠬᠦᠴᠦᠨ ᠤ ᠮᠠᠰᠢᠨ ᠤ ᠶᠡᠷᠦᠩᠬᠡᠢ ᠤᠭᠰᠠᠷᠠᠯᠲᠠ ᠶᠢᠨ ᠰᠠᠭᠤᠷᠢᠨ ᠭᠠᠵᠠᠷ ᠤᠨ ᠲᠥᠷᠥᠯ ᠵᠦᠢᠯ︾ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠲᠣᠨᠤᠭ ᠲᠥᠬᠦᠭᠡᠷᠦᠮᠵᠢ ᠦᠶᠯᠡᠳᠬᠦ ᠠᠵᠤ ᠦᠢᠯᠡᠰ ᠤᠨ ᠬᠦᠷᠢᠶᠡᠯᠡᠩ ᠳᠤ ᠠᠵᠢᠯ ᠡᠬᠢᠯᠡᠪᠡ᠃ ᠣᠷᠳᠣᠰ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠹᠧᠩ ᠶᠦᠨ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠣ ᠢ ᠳ᠋ᠦᠩ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠫᠧᠩ ᠴᠧᠩ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ᠂ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠳ᠋ᠦᠩᠱᠧᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠣᠷᠳᠣᠰ ᠬᠤᠲᠠ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠲᠥᠷᠥᠯ ᠵᠦᠢᠯ ᠳᠤ ᠰᠠᠭᠤᠷᠢ ᠲᠠᠯᠪᠢᠪᠠ᠃ ᠵᠠᠩ ᠫᠧᠩ ᠴᠧᠩ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠵᠦ᠂ ᠬᠠᠨ ᠲᠤᠤ ᠠᠵᠢᠯ ᠡᠬᠢᠯᠡᠬᠦ ᠶᠣᠰᠣᠯᠠᠯ ᠢ      ᠡᠷᠬᠢᠯᠡᠪᠡ᠃     9 ᠰᠠᠷ᠎ᠠ ᠶᠢᠨ 28 ᠤ ᠡᠳᠦᠷ᠂ ᠳ᠋ᠦᠩᠱᠧᠩ ᠲᠣᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠣᠶ ᠰᠢᠭᠤᠢ ᠨᠤᠲᠤᠭ ᠪᠡᠯᠴᠢᠭᠡᠷ ᠤᠨ ᠲᠤᠶᠢᠮᠡᠷ ᠢ ᠰᠡᠷᠭᠡᠶᠢᠯᠡᠨ ᠤᠨᠲᠠᠷᠠᠭᠠᠬᠤ᠂ ᠢᠳᠡᠭᠡᠨ ᠤ ᠠᠮᠤᠷ ᠲᠦᠪᠰᠢᠨ᠂ ᠠᠶᠤᠯᠭᠦᠢ ᠦᠢᠯᠡᠳᠪᠦᠷᠢᠯᠡᠯ ᠪᠠ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠷᠠᠯ ᠢ ᠡᠷᠭᠢᠯᠡᠨ ᠶᠠᠷᠢᠶ᠎ᠠ ᠲᠠᠯᠪᠢᠪᠠ᠃ ᠲᠣᠭᠤᠷᠢᠭ ᠤᠨ ᠳᠦᠷᠪᠡᠨ ᠶᠡᠭᠡ ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠢ᠃     9 ᠰᠠᠷ᠎ᠠ ᠶᠢᠨ 28 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠳ᠋ᠦᠩᠱᠧᠩ ᠲᠣᠭᠤᠷᠢᠭ ᠤᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠥᠪ ᠲᠤ ᠬᠦᠷᠴᠦ ᠵᠠᠬᠢᠳᠠᠯ ᠰᠣᠷᠪᠤᠯᠵᠢᠯᠠᠭ᠎ᠠ ᠬᠢᠬᠦ ᠪᠠᠷ ᠢᠷᠡᠭᠰᠡᠨ ᠤᠯᠠᠨ ᠲᠦᠮᠡᠨ ᠢ ᠭᠥᠯᠢᠶᠡᠨ ᠠᠪᠴᠤ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠲᠤᠬᠠᠢ ᠶᠢᠨ ᠲᠠᠯᠠᠪᠤᠷ ᠲᠤᠨᠢ ᠵᠣᠬᠢᠴᠠᠭᠤᠯᠤᠨ ᠰᠢᠢᠳᠪᠦᠷᠢᠯᠡᠪᠡ᠃     9 ᠰᠠᠷ᠎ᠠ ᠶᠢᠨ 29 ᠤ ᠡᠳᠦᠷ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ ᠬᠤᠷᠠᠯ ᠢ ᠡᠷᠬᠢᠯᠡᠨ ᠬᠤᠷᠠᠯᠳᠤᠭᠤᠯᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠵᠧᠨ ᠫᠢᠩ᠂ ᠯᠢᠦ ᠯᠠᠨ ᠰᠢᠶᠠᠩ᠂ ᠦ᠋ ᠹᠧᠢ ᠰᠢᠶᠦ᠋ᠩ᠂ ᠸᠧᠢ ᠮᠦᠳᠠᠨ ᠬᠤᠷᠠᠯ ᠳᠤ ᠣᠷᠣᠯᠴᠠᠵᠤ᠂ ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠲᠣᠭᠤᠷᠢᠭ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠳᠠᠳ ᠬᠤᠷᠠᠯ ᠳᠤ ᠰᠤᠯᠠ ᠣᠷᠣᠯᠴᠠᠪᠠ᠃     9 ᠰᠠᠷ᠎ᠠ ᠶᠢᠨ 29 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠤᠷᠢᠳ ᠬᠤᠵᠢᠳ ᠸᠠᠨ ᠵᠢᠶᠠ ᠾᠦᠢ ᠪᠠᠶᠠᠰᠤᠯᠳᠤ ᠶᠢᠷᠲᠢᠨᠴᠦ᠂ ᠳ᠋ᠦᠩᠱᠧᠩ ᠲᠣᠭᠤᠷᠢᠭ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠥᠷᠲᠡᠭᠡ᠂ ᠱᠤᠸᠠᠩ ᠮᠠᠨ ᠺᠠᠢ ᠪᠢᠨ ᠪᠠᠭᠤᠳᠠᠯ᠂ ᠬᠤᠩ ᠶᠤᠸᠠᠨ ᠢ ᠫᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠦᠨᠳᠦᠰᠦᠲᠡᠨ ᠤ ᠵᠡᠭᠦᠨ ᠵᠡᠭᠡᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠬᠤ ᠥᠷᠲᠡᠭᠡ᠂ ᠴᠢᠶᠠᠨ ᠶᠢᠨ ᠨᠡᠭᠦᠷᠡᠰᠦᠨ ᠠᠭᠤᠷᠬᠠᠢ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠠᠶᠤᠯᠭᠦᠢ ᠦᠢᠯᠡᠳᠪᠦᠷᠢᠯᠡᠯ᠂ ᠤᠢ ᠰᠢᠭᠤᠢ ᠨᠤᠲᠤᠭ ᠪᠡᠯᠴᠢᠭᠡᠷ ᠤᠨ ᠲᠤᠶᠢᠮᠡᠷ ᠢ ᠰᠡᠷᠬᠡᠶᠢᠯᠡᠨ ᠤᠨᠲᠠᠷᠠᠭᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠵᠢᠴᠢ ᠢᠳᠡᠭᠡᠨ ᠤ ᠠᠮᠤᠷ ᠲᠦᠪᠰᠢᠨ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠠᠵᠢᠯᠲᠠᠳ ᠢ ᠪᠤᠯᠭᠤᠭᠠᠨ ᠲᠣᠬᠤᠨᠢᠭᠤᠯᠪᠠ᠃     9 ᠰᠠᠷ᠎ᠠ ᠶᠢᠨ 30 ᠤ ᠡᠳᠦᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠯᠢᠦ ᠹᠧᠩ ᠶᠦᠨ ᠳ᠋ᠦᠩᠱᠧᠩ ᠲᠣᠭᠤᠷᠢᠭ ᠲᠤ ᠢᠷᠡᠵᠤ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠂ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠵᠠᠩ ᠵᠢᠶᠠᠨ ᠬᠥᠩ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠷ ᠪᠠᠶᠢᠴᠠᠭᠠᠪᠠ᠃     9 ᠰᠠᠷ᠎ᠠ ᠶᠢᠨ 30 ᠤ ᠡᠳᠦᠷ᠂ ᠮᠠᠨ ᠤ ᠬᠤᠲᠠ ᠳ᠋ᠦᠩᠱᠧᠩ ᠤᠨ ᠦᠷᠡᠭᠳᠡᠭᠰᠡᠨ ᠪᠠᠭᠠᠳᠤᠷᠴᠤᠳ ᠤᠨ ᠣᠩᠭᠤᠨ ᠤ ᠬᠦᠷᠢᠶᠡᠯᠡᠩ ᠳᠤ ᠦᠪᠡᠳᠡᠭᠰᠢ ᠶᠡᠬᠡᠪᠡᠷ ᠨᠡᠶᠢᠲᠡ ᠶᠢᠨ ᠲᠠᠬᠢᠯᠭ᠎ᠠ ᠶᠢᠨ ᠠᠵᠢᠯᠯᠠᠭ᠎ᠠ ᠦᠷᠨᠢᠬᠦᠯᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠵᠡᠷᠭᠡ ᠬᠤᠲᠠ ᠶᠢᠨ ᠤᠳᠤᠷᠢᠳᠤᠯᠭ᠎ᠠ ᠨᠠᠷ ᠨᠡᠶᠢᠲᠡ ᠶᠢᠨ ᠲᠠᠬᠢᠯᠭ᠎ᠠ ᠶᠢᠨ ᠠᠵᠢᠯᠯᠠᠭ᠎ᠠ ᠳᠤ ᠣᠷᠣᠯᠴᠠᠵᠤ᠂ ᠪᠠᠰᠠ ᠠᠷᠠᠳᠴᠢᠯᠠᠭᠰᠠᠨ ᠨᠠᠮ ᠪᠦᠯᠦᠭ ᠤᠨ ᠲᠥᠯᠥᠭᠡᠯᠡᠭᠴᠢ᠂ ᠴᠡᠷᠢᠭ ᠪᠠ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ᠂ ᠠᠬᠠᠮᠠᠳ ᠪᠠᠶᠢᠯᠳᠤᠭᠴᠢᠳ ᠤᠨ ᠲᠥᠯᠥᠭᠡᠯᠡᠭᠴᠢ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠲᠥᠯᠥᠭᠡᠯᠡᠭᠴᠢ᠂ ᠬᠤᠯᠪᠣᠭᠳᠠᠯ ᠪᠦᠬᠦᠢ ᠬᠤᠰᠢᠭᠤ ᠲᠤᠭᠤᠷᠢᠭ ᠤᠨ ᠬᠠᠷᠢᠭᠤᠴᠠᠯᠭᠠᠳᠠᠳ ᠪᠠ ᠲᠥᠯᠥᠭᠡᠯᠡᠭᠴᠢ ᠣᠷᠣᠯᠴᠠᠵᠠᠢ᠃     9 ᠰᠠᠷ᠎ᠠ ᠶᠢᠨ 30 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠰᠤᠷᠪᠤᠯᠵᠢᠯᠠᠭ᠎ᠠ ᠬᠢᠬᠦ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ᠂ ᠣᠯᠠᠨ ᠲᠦᠮᠡᠨ ᠲᠠᠢ ᠨᠢᠭᠤᠷᠲᠠᠨ ᠶᠠᠷᠢᠯᠴᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠨᠤᠰᠤᠨ᠂ ᠲᠤᠬᠠᠢ ᠶᠢᠨ ᠲᠠᠯᠠᠪᠤᠷ ᠲᠤ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃     9 ᠰᠠᠷ᠎ᠠ ᠶᠢᠨ 30 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠭᠰᠡᠨ ᠱᠠᠩᠬᠠᠢ ᠶᠢᠨ ᠪᠠᠢ ᠢᠦᠢ ᠯᠢᠲ᠋ᠢ ᠳ᠋ᠢᠶᠠᠨ ᡂᠢ ᠦᠶᠯᠡᠳᠬᠦ ᠲᠥᠷᠥᠯ ᠵᠦᠢᠯ᠂ ᠵᠦᠩ ᠹᠦ᠋ ᠪᠤᠬᠢᠷᠳᠤᠯ ᠦᠭᠡᠢ ᠰᠢᠨ᠎ᠡ ᠡᠨᠧᠷᠭᠢ ᠶᠢᠨ ᠬᠡᠷᠡᠯ ᠴᠡᠨᠡᠭ ᠤᠨ ᠵᠢᠶᠠᠰᠠ ᠦᠶᠯᠡᠳᠬᠦ ᠪᠠ ᠥᠩᠭᠡᠲᠦ ᠰᠢᠷ ᠤᠨ ᠬᠠᠪᠲᠠᠰᠤ ᠶᠢᠨ ᠦᠢᠯᠡᠳᠪᠦᠷᠢᠯᠡᠯ ᠤᠨ ᠲᠥᠷᠥᠯ ᠵᠦᠢᠯ᠂ ᠴᠥᠩ ᠵᠢᠢ ᠰᠤᠷᠭᠠᠨ ᠬᠥᠮᠦᠵᠢᠯ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠵᠦᠢᠯ ᠳᠤ ᠭᠡᠷ᠎ᠡ ᠲᠤᠭᠳᠠᠬᠤ ᠶᠣᠰᠣᠯᠠᠯ ᠳ᠋ᠦᠩᠱᠧᠩ ᠲᠣᠭᠤᠷᠢᠭ ᠲᠤ ᠶᠠᠪᠤᠭᠳᠠᠪᠠ᠃
ᠢᠷᠡᠯᠲᠡ᠄ ᠲᠤᠰ ᠰᠦᠯᠵᠢᠶ᠎ᠠ