ᠨᠢᠶᠧ ᠵᠢᠶᠦ᠋ᠨ ᠨᠦᠬᠦᠷ
ᠨᠡᠶᠢᠲᠡᠯᠡᠭᠰᠡᠨ ᠴᠠᠭ᠄
2022/12/2
     ᠬᠤᠪᠢᠶᠠᠨ ᠬᠠᠮᠢᠶᠠᠷᠴᠤ ᠪᠠᠶᠢᠭ᠎ᠠ ᠠᠵᠢᠯ᠄      ᠭᠤᠤ ᠢ ᠳ᠋ᠦᠩ ᠨᠥᠬᠦᠷ ᠢ ᠬᠠᠮᠵᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠴᠠᠭᠳᠠᠨ ᠪᠠᠶᠢᠴᠠᠭᠠᠬᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠬᠠᠷᠢᠭᠤᠴᠠᠨ᠎ᠠ︔ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ︔ ᠲᠤᠭᠤᠷᠢᠭ ᠤᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠯᠪᠠᠨ ᠭᠡᠷ ᠢ ᠬᠤᠪᠢᠶᠠᠨ ᠬᠠᠮᠢᠶᠠᠷᠤᠨ᠎ᠠ᠃      ᠨᠠᠮᠲᠠᠷ᠄      ᠨᠢᠶᠧ ᠵᠢᠶᠦ᠋ᠨ᠂ ᠡᠷᠡᠭᠲᠡᠢ᠂ ᠬᠢᠲᠠᠳ ᠦᠨᠳᠦᠰᠦᠲᠡᠨ᠂ 1974 ᠣᠨ ᠤ 9 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠬᠠᠩᠭᠢᠨ ᠬᠤᠶᠢᠲᠤ ᠬᠤᠰᠢᠭᠤᠨ ᠤ ᠬᠥᠮᠥᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 2001 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 1999 ᠣᠨ ᠤ 8 ᠰᠠᠷ᠎ᠠ ᠳᠤ ᠠᠵᠢᠯ ᠳᠤ ᠣᠷᠣᠵᠠᠢ᠃      1996.09 —1999.07 ᠥᠪᠥᠷ ᠮᠣᠩᠭᠤᠯ ᠤᠨ ᠦᠨᠳᠦᠰᠦᠲᠡᠨ ᠤ ᠪᠠᠭᠰᠢ ᠶᠢᠨ ᠳᠡᠭᠡᠳᠦ ᠰᠤᠷᠭᠠᠭᠤᠯᠢ ᠶᠢᠨ ᠬᠢᠲᠠᠳ ᠬᠡᠯᠡ ᠤᠳᠬ᠎ᠠ ᠵᠣᠬᠢᠶᠠᠯ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠢ ᠰᠤᠷᠤᠯᠴᠠᠪᠠ      1999.07 — 2000.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠳᠤ ᠠᠵᠢᠯᠯᠠᠵᠤ ᠪᠠᠶᠢᠪᠠ      2000.12 — 2002.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠲᠤ ᠠᠵᠢᠯᠯᠠᠵᠤ ᠪᠠᠶᠢᠪᠠ ︵ᠡᠨᠡ ᠬᠤᠭᠤᠴᠠᠭᠠᠨ ᠳᠤ᠄ 2001.06 ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠢᠲᠠᠳ ᠬᠡᠯᠡ ᠤᠳᠬ᠎ᠠ ᠵᠣᠬᠢᠶᠠᠯ ᠤᠨ ᠲᠤᠰᠬᠠᠢ ᠮᠡᠷᠭᠡᠵᠢᠯ ᠤᠨ ᠥᠪᠡᠷᠲᠡᠭᠡᠨ ᠰᠢᠯᠭᠠᠬᠤ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ ᠪᠣᠯᠪᠠ︶      2002.12 — 2008.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠱᠠᠭᠠᠷᠳᠠᠨ ᠪᠠᠶᠢᠴᠠᠭᠠᠬᠤ ᠲᠠᠰᠤᠭ ᠤᠨ ᠳᠡᠳ᠋ ᠡᠷᠬᠢᠯᠡᠭᠴᠢ ᠪᠠᠷ ᠠᠵᠢᠯᠯᠠᠵᠤ ᠪᠠᠶᠢᠪᠠ      2008.08 — 2011.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ ︵ᠵᠢᠩᠬᠢᠨᠢ ᠰᠠᠯᠠᠭᠠᠨ ᠤ ᠲᠠᠰ︶ ᠪᠠᠷ ᠠᠵᠢᠯᠯᠠᠵᠤ ᠪᠠᠶᠢᠪᠠ      2011.03 — 2011.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ᠂ 610 ᠠᠯᠪᠠᠨ ᠭᠡᠷ ᠤᠨ ᠡᠷᠬᠢᠯᠡᠭᠴᠢ ᠪᠠᠷ ᠠᠵᠢᠯᠯᠠᠵᠤ ᠪᠠᠶᠢᠪᠠ      2011.12 — 2016.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ︵ᠡᠨᠡ ᠬᠤᠭᠤᠴᠠᠭᠠᠨ ᠳᠤ᠄ 2013.11 — 2015.02 ᠥᠪᠥᠷ ᠮᠣᠩᠭᠤᠯ ᠤᠨ ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡᠳᠤ ᠪᠠᠯᠭᠠᠰᠤ ᠶᠢᠨ ᠬᠠᠭᠤᠴᠢᠨ ᠬᠤᠲᠠ ᠶᠢ ᠥᠭᠡᠷᠡᠴᠢᠯᠡᠨ ᠵᠠᠰᠠᠵᠤ ᠲᠥᠪᠬᠢᠨᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠪᠡ︔ 2015.02 ᠣᠨ ᠳᠤ ᠥᠪᠥᠷ ᠮᠣᠩᠭᠤᠯ ᠤᠨ ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡᠳᠤ ᠪᠠᠯᠭᠠᠰᠤ ᠣᠷᠣᠨ ᠤ ᠪᠤᠴᠠᠵᠤ ᠨᠡᠭᠦᠬᠦ ᠶᠢ ᠲᠥᠪᠬᠢᠨᠡᠭᠦᠯᠬᠦ ᠪᠠ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠭᠠᠵᠠᠷ ᠤᠨ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠪᠡ︶ ᠪᠠᠷ ᠠᠵᠢᠯᠯᠠᠵᠤ ᠪᠠᠶᠢᠪᠠ      2016.04 — 2016.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡᠳᠤ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠪᠠᠷ ᠠᠵᠢᠯᠯᠠᠵᠤ ᠪᠠᠶᠢᠪᠠ      2016.07 — 2019.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡᠳᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ︵ᠡᠨᠡ ᠬᠤᠭᠤᠴᠠᠭᠠᠨ ᠳᠤ᠄ 2018.05 — 2019.01 ᠤᠰᠤᠨ ᠤ ᠡᠷᠭᠢ ᠶᠢᠨ ᠰᠢᠨ᠎ᠡ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠬᠦᠷᠭᠡᠯᠡᠪᠡ︶ ᠪᠠᠷ ᠠᠵᠢᠯᠯᠠᠵᠤ ᠪᠠᠶᠢᠪᠠ      2019.01 — 2020.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ  ᠬᠤᠲᠠ ᠶᠢᠨ ᠰᠣᠶᠣᠯ ᠵᠢᠭᠤᠯᠴᠢᠯᠠᠯ ᠤᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠪᠠᠷ ᠠᠵᠢᠯᠯᠠᠵᠤ ᠪᠠᠶᠢᠪᠠ      2020.06 — 2022.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ  ᠬᠤᠲᠠ ᠶᠢᠨ ᠰᠣᠶᠣᠯ ᠵᠢᠭᠤᠯᠴᠢᠯᠠᠯ ᠤᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠢᠨᠠᠨ ᠪᠠᠶᠢᠴᠠᠭᠠᠬᠤ ᠲᠤᠰᠬᠠᠢ ᠲᠤᠰᠢᠶᠠᠯᠲᠠᠨ ᠢᠶᠠᠷ ᠠᠵᠢᠯᠯᠠᠵᠤ ᠪᠠᠶᠢᠪᠠ      2022.03 — 2022.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠶᠢᠨ ᠲᠤᠰᠢᠶᠠᠯ ᠢ ᠡᠬᠦᠷᠭᠡᠯᠡᠵᠦ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠵᠢᠱᠢᠭᠳᠡᠭᠴᠢ ᠪᠠᠷ ᠨᠡᠷ᠎ᠡ ᠲᠤᠷᠠᠳᠤᠭᠳᠠᠪᠠ      2022.04 —  ᠡᠳᠦᠭᠡ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠪᠠᠷ ᠠᠵᠢᠯᠯᠠᠵᠤ ᠪᠠᠶᠢᠨ᠎ᠠ

ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ