ᠳᠡᠳ᠋ ᠲᠣᠭᠤᠷᠢᠭ ᠤᠨ ᠳᠠᠷᠤᠭ᠎ᠠ — ᠵᠠᠩ ᠵᠢᠶᠠᠨ ᠬᠦᠩ ᠨᠦᠬᠦᠷ
ᠨᠡᠶᠢᠲᠡᠯᠡᠭᠰᠡᠨ ᠴᠠᠭ᠄
2022/12/2
     ᠬᠤᠪᠢᠶᠠᠨ ᠬᠠᠮᠢᠶᠠᠷᠴᠤ ᠪᠠᠶᠢᠭ᠎ᠠ ᠠᠵᠢᠯ᠄      ᠲᠣᠭᠤᠷᠢᠭ ᠤᠨ ᠳᠠᠷᠤᠭ᠎ᠠ ᠶᠢ ᠬᠠᠮᠵᠢᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠣᠷᠣᠨ ᠰᠠᠭᠤᠴᠠ ᠶᠢᠨ ᠪᠠᠲᠤᠯᠠᠭ᠎ᠠ᠂ ᠬᠤᠲᠠ ᠶᠢᠨ ᠤᠰᠤ ᠬᠠᠩᠭᠠᠬᠤ ᠤᠰᠤ ᠵᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠬᠤᠲᠠ ᠶᠢᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠲᠤᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠤᠭᠤᠷᠢᠭ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠳᠠ ᠶᠢᠨ ᠲᠤᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ︵ᠬᠤᠲᠠ ᠶᠢᠨ ᠤᠰᠤᠨ ᠤ ᠶᠠᠪᠤᠳᠠᠯ︶᠂ ᠲᠣᠭᠤᠷᠢᠭ ᠤᠨ ᠭᠡᠷ ᠪᠠᠶᠢᠰᠢᠩ ᠲᠠᠲᠠᠪᠤᠷᠢᠯᠠᠬᠤ ᠦᠢᠯᠡᠴᠢᠯᠡᠭᠡᠨ ᠤ ᠲᠥᠪ᠂ ᠲᠣᠭᠤᠷᠢᠭ ᠤᠨ ᠣᠷᠴᠢᠨ ᠲᠣᠭᠤᠷᠢᠨ ᠡᠷᠡᠭᠦᠯ ᠬᠠᠮᠠᠭᠠᠯᠠᠯ ᠤᠨ ᠠᠵᠢᠯ ᠦᠢᠯᠡᠰ ᠤᠨ ᠦᠢᠯᠡᠴᠢᠯᠡᠭᠡᠨ ᠤ ᠲᠦᠪ᠂ ᠲᠣᠭᠤᠷᠢᠭ ᠤᠨ  ᠴᠡᠴᠡᠷᠯᠢᠭᠵᠢᠬᠦᠯᠦᠯᠳᠡ ᠨᠣᠭᠤᠭᠠᠷᠠᠭᠤᠯᠤᠯᠲᠠ ᠶᠢᠨ ᠠᠵᠢᠯ ᠦᠢᠯᠡᠰ ᠤᠨ ᠬᠥᠭᠵᠢᠯᠲᠡ ᠶᠢᠨ ᠲᠥᠪ ︵ᠲᠣᠭᠤᠷᠢᠭ ᠤᠨ ᠤᠯᠤᠰ ᠤᠨ ᠠᠮᠢ ᠠᠬᠤᠢ ᠶᠢᠨ ᠴᠡᠴᠡᠷᠯᠢᠭ ᠢ ᠬᠠᠮᠢᠶᠠᠷᠤᠨ ᠬᠠᠮᠠᠭᠠᠯᠠᠬᠤ ᠲᠥᠪ︶᠂ ᠲᠣᠭᠤᠷᠢᠭ ᠤᠨ ᠬᠤᠲᠠ ᠶᠢᠨ ᠶᠠᠪᠤᠳᠠᠯ ᠤᠨ ᠠᠵᠢᠯ ᠦᠢᠯᠡᠰ ᠤᠨ ᠦᠢᠯᠡᠴᠢᠯᠡᠭᠡᠨ ᠤ ᠲᠦᠪ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠶᠡᠷᠦᠩᠭᠡᠶᠢᠯᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ᠂ ᠲᠣᠭᠤᠷᠢᠭ ᠬᠤᠲᠠ ᠶᠢᠨ ᠤᠰᠤ ᠵᠠᠯᠠᠬᠤ ᠠᠵᠢᠯ ᠦᠢᠯᠡᠰ ᠤᠨ ᠦᠢᠯᠡᠴᠢᠯᠡᠭᠡᠨ ᠤ ᠲᠥᠪ᠂ ᠣᠷᠳᠣᠰ ᠬᠤᠲᠠ ᠶᠢᠨ ᠳ᠋ᠦᠩᠱᠧᠩ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠨᠡᠭᠡᠭᠡᠯᠳᠡ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠳ᠋ᠦᠩᠱᠧᠩ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠬᠤᠩ ᠵᠢᠢ ᠸᠧᠢ ᠶᠧ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠸᠠᠨ ᠸᠧᠢ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠭᠡᠷ ᠪᠠᠶᠢᠰᠢᠩ ᠤᠨ ᠡᠵᠡᠩᠨᠡᠯᠲᠡ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢ ᠬᠤᠪᠢᠶᠠᠨ ᠬᠠᠮᠢᠶᠠᠷᠤᠨ᠎ᠠ᠃      ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠳ᠋ᠦᠩᠱᠧᠩ ᠤᠨ ᠦᠢᠯᠡᠴᠢᠯᠡᠭᠡᠨ ᠤ ᠭᠠᠵᠠᠷ᠂ ᠣᠷᠳᠣᠰ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠳ᠋ᠦᠩᠱᠧᠩ ᠤᠨ ᠬᠤᠪᠢᠶᠠᠷᠢ ᠲᠥᠪ᠂ ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠲᠥᠪ ᠤᠨ ᠳ᠋ᠦᠩᠱᠧᠩ ᠤᠨ ᠬᠤᠪᠢᠶᠠᠷᠢ ᠲᠥᠪ᠂ ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠶᠠᠷᠦᠩᠭᠡᠶᠢᠯᠡᠨ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠳ᠋ᠦᠩᠱᠧᠩ ᠲᠣᠭᠤᠷᠢᠭ ᠤᠨ ᠨᠢᠭᠡᠳᠦᠭᠡᠷ ᠶᠡᠭᠡ ᠠᠩᠭᠢ᠂ ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠶᠡᠷᠦᠩᠭᠡᠶᠢᠯᠡᠨ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠳ᠋ᠦᠩᠱᠧᠩ ᠲᠣᠭᠤᠷᠢᠭ ᠤᠨ ᠬᠤᠶᠠᠳᠤᠭᠠᠷ ᠶᠡᠭᠡ ᠠᠩᠭᠢ᠂ ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠵᠢᠨ‌ᠵᠠᠰᠠᠭ ᠵᠠᠬᠢᠷᠭᠠᠨ ᠤ ᠶᠡᠷᠦᠩᠭᠡᠶᠢᠯᠡᠨ  ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠳ᠋ᠦᠩᠱᠧᠩ ᠲᠣᠭᠤᠷᠢᠭ ᠤᠨ ᠭᠤᠷᠪᠠᠳᠤᠭᠠᠷ ᠶᠡᠭᠡ ᠠᠩᠭᠢ ᠲᠠᠢ ᠬᠠᠷᠢᠯᠴᠠᠨ᠎ᠠ᠃     ᠨᠠᠮᠲᠠᠷ᠄      ᠵᠠᠩ ᠵᠢᠶᠠᠨ ᠬᠦᠩ᠂ ᠡᠷᠡᠭᠲᠡᠢ᠂ ᠬᠢᠲᠠᠳ ᠦᠨᠳᠦᠰᠦᠲᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ 1975 ᠣᠨ ᠤ 9 ᠰᠠᠷ᠎ᠠ ᠶᠢᠨ 13  ᠤ ᠡᠳᠦᠷ ᠲᠦᠷᠦᠵᠠᠢ᠂ 1998 ᠣᠨ ᠤ 8 ᠰᠠᠷ᠎ᠠ ᠳᠤ ᠠᠵᠢᠯ ᠳᠤ ᠣᠷᠣᠵᠠᠢ᠂ ᠥᠪᠥᠷ ᠮᠣᠩᠭᠤᠯ ᠤᠨ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠬᠥᠮᠥᠨ᠂ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠩ ᠵᠢᠢ ᠸᠧᠢ ᠶᠧ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠶᠢᠨ ᠲᠤᠰᠢᠶᠠᠯ ᠢ ᠡᠬᠦᠷᠭᠡᠯᠡᠵᠦ ᠪᠤᠢ᠃      1995.09 1998.07 ᠶᠡᠭᠡ ᠵᠤᠤ ᠠᠶᠢᠮᠠᠭ ᠤᠨ ᠡᠷᠡᠭᠦᠯ ᠬᠠᠮᠠᠭᠠᠯᠠᠯ ᠤᠨ ᠰᠤᠷᠭᠠᠭᠤᠯᠢ ᠶᠢᠨ ᠡᠸᠦ᠋ᠷᠦᠫᠡ ᠡᠮᠴᠢ ᠶᠢᠨ ᠲᠤᠰᠬᠠᠢ ᠮᠡᠷᠭᠡᠵᠢᠯ ᠢ ᠰᠤᠷᠤᠯᠴᠠᠪᠠ      1998.07 — 1998.08 ᠠᠵᠢᠯ ᠬᠤᠪᠢᠶᠠᠷᠢᠯᠠᠬᠤ ᠶᠢ ᠬᠦᠯᠢᠶᠡᠵᠦ ᠪᠠᠶᠢᠪᠠ      1998.08 — 2001.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠵᠤᠤ ᠠᠶᠢᠮᠠᠭ ᠤᠨ ᠳ᠋ᠦᠩᠱᠧᠩ ᠬᠤᠳᠠ ᠶᠢᠨ ᠲᠠᠯ᠎ᠠ ᠶᠢᠨ ᠬᠤᠭᠤᠯᠠᠢ ᠰᠢᠶᠠᠩ ᠤᠨ ᠵᠠᠰᠠᠭ ᠤᠨ ᠣᠷᠳᠣᠨ ᠤ ᠲᠥᠯᠥᠪᠯᠡᠭᠡᠲᠦ ᠦᠷᠡᠵᠢᠯ ᠤᠨ ᠠᠯᠪᠠᠨ ᠭᠡᠷ ᠲᠤ ᠠᠵᠢᠯᠯᠠᠵᠤ ᠪᠠᠶᠢᠪᠠ ︵ᠡᠨᠡ ᠬᠤᠭᠤᠴᠠᠭᠠᠨ ᠳᠤ᠄ 1998.09 — 2000.04 ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠡᠮᠴᠢᠯᠡᠭᠡᠨ ᠤ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠢ ᠰᠤᠷᠤᠯᠴᠠᠪᠠ︶      2001.09 — 2003.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠲᠠᠯ᠎ᠠ ᠶᠢᠨ ᠬᠤᠭᠤᠯᠠᠢ ᠰᠢᠶᠠᠩ ᠤᠨ ᠵᠠᠰᠠᠭ ᠤᠨ ᠣᠷᠳᠣᠨ ᠤ ᠲᠥᠯᠥᠪᠯᠡᠭᠡᠲᠦ ᠦᠷᠡᠵᠢᠯ ᠤᠨ ᠠᠯᠪᠠᠨ ᠭᠡᠷ ᠲᠤ ᠠᠵᠢᠯᠯᠠᠵᠤ ᠪᠠᠶᠢᠪᠠ      2003.05 — 2006.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠲᠦᠩᠴᠤᠸᠠᠨ ᠪᠠᠯᠭᠠᠰᠤᠨ ᠤ ᠱᠸᠡᠭ ᠱᠠᠨ ᠲᠣᠰᠬᠤᠨ ᠳᠤ ᠠᠵᠢᠯᠯᠠᠵᠤ ᠪᠠᠶᠢᠪᠠ  ︵ᠡᠨᠡ ᠬᠤᠭᠤᠴᠠᠭᠠᠨ ᠳᠤ᠄ 2001.09 — 2003.12 ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠢ ᠰᠤᠷᠤᠯᠴᠠᠪᠠ︶      2006.04 — 2008.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠬᠥᠮᠥᠨ ᠠᠮᠠ ᠤᠷᠤᠭ ᠬᠦᠡᠭᠭᠡᠵᠢᠯ ᠦᠷᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ︵ᠳᠡᠳ᠋ ᠰᠠᠯᠠᠭ᠎ᠠ ᠶᠢᠨ ᠳᠡᠰ︶ ᠪᠠᠷ ᠠᠵᠢᠯᠯᠠᠵᠤ ᠪᠠᠶᠢᠪᠠ      2008.12 — 2011.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠴᠡᠴᠡᠷᠯᠢᠭ ᠤᠨ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠱᠦᠵᠢ ᠪᠠᠷ ᠠᠵᠢᠯᠯᠠᠵᠤ ᠪᠠᠶᠢᠪᠠ      2011.09 — 2016.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠭᠡᠷ ᠪᠠᠶᠢᠰᠢᠩ ᠲᠠᠲᠠᠪᠤᠷᠢᠯᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠪᠠᠷ ᠠᠵᠢᠯᠯᠠᠵᠤ᠂ 2011.12 ᠰᠠᠷ᠎ᠠ ᠳᠤ ᠵᠢᠩᠬᠢᠨᠢ ᠰᠠᠯᠠᠭ᠎ᠠ ᠶᠢᠨ ᠲᠡᠰ ᠤᠨ ᠲᠤᠰᠢᠶᠠᠯ ᠢ ᠡᠭᠦᠷᠭᠡᠯᠡᠪᠡ      2016.04 — 2018.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠬᠤᠩ ᠵᠢᠢ ᠸᠧᠢ ᠶᠧ ᠪᠦᠯᠦᠭᠯᠡᠯᠳᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠢᠶᠠᠷ ᠠᠵᠢᠯᠯᠠᠵᠤ ᠪᠠᠶᠢᠪᠠ      2018.04 — 2022.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠳᠠ ᠶᠢᠨ ᠬᠤᠩ ᠵᠢᠢ ᠸᠧᠢ ᠶᠧ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠪᠠᠷ ᠠᠵᠢᠯᠯᠠᠵᠤ ᠪᠠᠶᠢᠪᠠ      2022.03 — 2022.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠣᠷᠳᠣᠰ ᠬᠤᠲᠠ ᠶᠢᠨ ᠬᠤᠩ ᠵᠢᠢ ᠸᠧᠢ ᠶᠧ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠪᠠᠷ ᠨᠡᠷ᠎ᠡ  ᠲᠤᠷᠠᠳᠤᠭᠳᠠᠪᠠ      2022.04 — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠣᠷᠳᠣᠰ ᠬᠤᠳᠠ ᠶᠢᠨ ᠬᠤᠩ ᠵᠢᠢ ᠸᠧᠢ ᠶᠧ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠶᠢᠨ ᠲᠤᠰᠢᠶᠠᠯ ᠢ ᠡᠬᠦᠷᠭᠡᠯᠡᠵᠦ ᠪᠠᠶᠢᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ