ᠳ᠋ᠦᠩᠱᠧᠩ ᠲᠣᠭᠤᠷᠢᠭ ᠤᠨ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ ᠬᠦᠬᠦᠷᠭᠡ ᠬᠤᠯᠪᠤᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2022/12/26
            ᠬᠦᠬᠦᠷᠭᠡ ᠬᠤᠯᠪᠤᠭᠠᠰᠤ ᠶᠢᠨ ᠦᠢᠯᠡᠳᠦᠯ ᠢᠶᠠᠨ ᠰᠠᠶᠢᠲᠣᠷ ᠪᠠᠳᠠᠷᠠᠭᠤᠯᠬᠤ ᠶᠢᠨ ᠲᠦᠯᠦᠭᠡ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ  ᠰᠦᠯᠵᠢᠶ᠎ᠡ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠣᠬᠠᠭᠤᠯᠭ᠎ᠠ ᠶᠢ ᠣᠶᠠᠯᠳᠣᠭᠤᠯᠬᠤ ᠠᠷᠭ᠎ᠠ ᠪᠠᠷᠢᠯ ᠢ ᠠᠪᠴᠤ᠂ 12 ᠰᠠᠷ᠎ᠠ ᠶᠢᠨ 26 ᠤ ᠡᠳᠦᠷ ᠳ᠋ᠦᠩᠱᠧᠩ ᠲᠣᠭᠤᠷᠢᠭ ᠤᠨ ᠨᠤᠮ ᠤᠨ ᠰᠠᠩ᠂ ᠳ᠋ᠦᠩᠱᠧᠩ ᠲᠣᠭᠤᠷᠢᠭ ᠤᠨ ᠬᠤᠲᠠ  ᠶᠢᠨ ᠠᠷᠠᠳ ᠤᠨ ᠲᠦᠪ ᠲᠤ ᠬᠦᠨᠵᠡᠭᠡᠶᠢᠷᠡᠨ᠂ ᠰᠦᠯᠵᠢᠶᠡᠨ ᠠᠴᠠ ᠭᠠᠳᠠᠨᠠᠬᠢ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ᠃
b900eb60a60fc941fb4b956f6a3e8b9.jpg
       ᠲᠣᠰ ᠣᠳᠠᠭᠠᠨ ᠤ ᠰᠦᠯᠵᠢᠶᠡᠨ ᠠᠴᠠ ᠭᠠᠳᠠᠨᠠᠬᠢ ᠣᠬᠠᠭᠤᠯᠭ᠎ᠠ ᠶᠢᠨ ᠠᠵᠢᠯᠯᠠᠭ᠎ᠠ ᠨᠢ ᠣᠬᠠᠭᠤᠯᠭ᠎ᠠ ᠶᠢᠨ ᠬᠠᠭᠤᠳᠠᠰᠣ ᠲᠠᠷᠬᠠᠭᠠᠬᠤ᠂ ᠤᠬᠠᠭᠤᠯᠤᠨ ᠶᠠᠷᠢᠬᠤ᠂ ᠲᠠᠶᠢᠯᠪᠤᠷᠢᠯᠠᠬᠤ᠂ ᠠᠬᠤᠢ ᠲᠠᠯᠠᠪᠠᠢ ᠳᠤ ᠬᠠᠷᠢᠭᠤᠯᠬᠤ ᠵᠡᠷᠭᠡ ᠬᠡᠯᠪᠡᠷᠢ ᠪᠠᠷ ᠶᠠᠪᠣᠭᠳᠠᠵᠤ᠂ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠲᠣᠬᠠᠢ ᠣᠬᠠᠭᠤᠯᠭ᠎ᠠ ᠶᠢᠨ ᠮᠠᠲ᠋ᠧᠷᠢᠶᠠᠯ᠂ ᠵᠢᠷᠣᠭᠲᠣ ᠲᠠᠶᠢᠯᠤᠮᠵᠢ᠂ ᠨᠡᠷ᠎ᠡ ᠦᠭᠡᠰ ᠤᠨ ᠲᠠᠶᠢᠯᠪᠤᠷᠢ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠣᠬᠠᠢ ᠴᠢᠬᠤᠯᠠ ᠦᠭᠦᠯᠡᠯᠲᠡ ᠪᠠ ᠦᠪᠦᠷ ᠮᠤᠩᠭᠤᠯ ᠳᠤ ᠲᠠᠯᠪᠢᠭᠰᠠᠨ ᠴᠢᠬᠤᠯᠠ ᠶᠡᠷᠢᠶ᠎ᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢᠨ ᠲᠣᠬᠠᠢ ᠣᠬᠠᠭᠤᠯᠭ᠎ᠠ ᠶᠢᠨ ᠮᠠᠲ᠋ᠧᠷᠢᠶᠠᠯ ᠢ 200 ᠭᠠᠷᠣᠢ ᠬᠤᠪᠢ ᠲᠠᠷᠬᠠᠭᠠᠪᠠ᠃
ed6ac57ae57b55dfea34e09fe5b9c82.jpg
       ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ 2022 ᠤᠨ ᠳᠤ ᠲᠦᠷᠦ ᠶᠢᠨ ᠪᠤᠳᠤᠯᠭ᠎ᠠ᠂ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ᠂ ᠠᠯᠪᠠᠨ ᠮᠡᠳᠡᠭᠳᠡᠯ ᠵᠡᠷᠭᠡ ᠠᠭᠤᠯᠭ᠎ᠠ ᠶᠢ ᠨᠡᠶᠢᠲᠡ 1059 ᠵᠤᠷᠪᠤᠰ ᠤᠷᠴᠢᠭᠤᠯᠣᠨ ᠨᠠᠶᠢᠷᠠᠭᠤᠯᠵᠣ᠂ ᠰᠦᠯᠵᠢᠶ᠎ᠡ ᠪᠠ ᠸᠢᠴᠠᠲ ᠳᠠᠪᠴᠠᠩ ᠢᠶᠠᠷ ᠨᠡᠶᠢᠲᠡᠯᠡᠨ ᠲᠠᠷᠬᠠᠭᠠᠵᠤ᠂ ᠦᠨᠳᠦᠰᠦᠲᠡᠨ ᠤ ᠤᠯᠠᠨ ᠲᠦᠮᠡᠨ ᠤ ᠲᠦᠷᠦ ᠶᠢᠨ ᠪᠣᠳᠣᠯᠭ᠎ᠠ᠂ ᠮᠡᠳᠡᠭᠳᠡᠯ ᠵᠡᠷᠭᠡ ᠶᠢ ᠴᠠᠭ ᠲᠣᠬᠠᠢ ᠳᠤᠨᠢ ᠵᠦᠪ ᠤᠨᠤᠪᠴᠢᠲᠠᠢ ᠪᠠᠷ ᠬᠦᠯᠢᠶᠡᠨ ᠠᠪᠬᠤ ᠳᠤ ᠮᠠᠰᠢ ᠰᠠᠶᠢᠨ ᠬᠦᠬᠦᠷᠭᠡ ᠬᠤᠯᠪᠣᠭᠠᠰᠣ ᠶᠢᠨ ᠦᠢᠯᠡᠳᠦᠯ ᠢᠶᠠᠨ ᠪᠠᠳᠠᠷᠠᠭᠤᠯᠵᠠᠢ᠃  
ᠢᠷᠡᠯᠲᠡ᠄ ᠲᠤᠰ ᠰᠦᠯᠵᠢᠶ᠎ᠠ