ᠱᠢ ᠮᠣᠣ ᠯᠢᠨ ᠨᠦᠬᠦᠷ
ᠨᠡᠶᠢᠲᠡᠯᠡᠭᠰᠡᠨ ᠴᠠᠭ᠄
2022/12/4
     ᠬᠤᠪᠢᠶᠠᠨ ᠬᠠᠮᠢᠶᠠᠷᠴᠤ ᠪᠠᠶᠢᠭ᠎ᠠ ᠠᠵᠢᠯ᠄      ᠲᠡᠷᠢᠭᠦᠯᠡᠭᠴᠢ ᠶᠢ ᠬᠠᠮᠵᠢᠨ ᠤᠯᠤᠰ ᠲᠦᠷᠦ ᠶᠢᠨ ᠵᠥᠪᠯᠡᠯᠭᠡᠨ ᠤ ᠡᠳᠦᠷ ᠲᠤᠳᠤᠮ ᠤᠨ ᠶᠠᠪᠤᠳᠠᠯ᠂ ᠰᠣᠶᠣᠯ ᠲᠡᠦᠬᠡ ᠶᠢᠨ ᠮᠠᠲ᠋ᠧᠷᠢᠶᠠᠯ᠂ ᠰᠤᠷᠤᠯᠴᠠᠯᠭ᠎ᠠ᠂ ᠭᠡᠰᠢᠭᠦᠳ ᠲᠠᠢ ᠬᠠᠷᠢᠯᠴᠠᠬᠤ ᠪᠠ ᠦᠢᠯᠡᠴᠢᠯᠡᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠠᠯᠪᠠᠨ ᠭᠡᠷ᠂ ᠰᠤᠷᠤᠯᠴᠠᠯᠭ᠎ᠠ ᠰᠣᠶᠣᠯ ᠲᠡᠦᠬᠡ ᠶᠢᠨ ᠵᠦᠪᠯᠡᠯ᠂ ᠭᠡᠰᠢᠭᠦᠳ ᠲᠠᠢ ᠬᠠᠷᠢᠯᠴᠠᠬᠤ ᠦᠢᠯᠡᠴᠢᠯᠡᠬᠦ ᠲᠥᠪ ᠢ ᠬᠤᠪᠢᠶᠠᠨ ᠬᠠᠮᠢᠶᠠᠷᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ᠂ ᠠᠵᠢᠯᠴᠢᠨ ᠤ ᠡᠪᠯᠡᠯ᠂ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠ ᠵᠠᠯᠠᠭᠤᠴᠤᠳ ᠤᠨ ᠬᠤᠯᠪᠣᠭᠠᠲᠤ ᠬᠤᠷᠠᠯ᠂ ᠡᠮᠡᠭᠲᠡᠶᠢᠴᠦᠳ᠂ ᠣᠨᠴᠠ ᠤᠷᠢᠭᠰᠠᠨ ᠡᠲᠡᠭᠡᠳ ᠲᠠᠢ ᠬᠠᠷᠢᠯᠴᠠᠨ᠎ᠠ᠃      ᠨᠠᠮᠲᠠᠷ᠄      ᠱᠢ ᠮᠣᠣ ᠯᠢᠨ᠂ ᠡᠷᠡᠭᠲᠡᠢ᠂ ᠬᠢᠲᠠᠳ ᠦᠨᠳᠦᠰᠦᠲᠡᠨ᠂ 1968 ᠣᠨ ᠤ 2 ᠰᠠᠷ᠎ᠠ ᠳᠤ ᠲᠦᠷᠦᠵᠠᠢ᠂ ᠾᠧᠪᠧᠢ ᠮᠤᠵᠢ ᠶᠢᠨ ᠸᠠᠨ ᠴᠢᠦᠸᠠᠨ ᠲᠤᠭᠤᠷᠢᠭ ᠤᠨ ᠬᠦᠮᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 1993 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 1988 ᠣᠨ ᠤ 9 ᠰᠠᠷ᠎ᠠ ᠳᠤ ᠠᠵᠢᠯ ᠳᠤ ᠣᠷᠣᠵᠠᠢ᠂ ᠤᠳᠤ ᠤᠯᠤᠰ ᠲᠦᠷᠦ ᠶᠢᠨ ᠵᠥᠪᠯᠡᠯᠭᠡᠨ ᠤ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ᠂ ᠲᠤᠭᠤᠷᠢᠭ ᠤᠨ ᠡᠨᠧᠷᠭᠢ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠡᠬᠦᠷᠭᠡᠯᠡᠵᠦ ᠪᠤᠢ᠃      1988.09 — 1995.12 ᠤᠤᠯ ᠤᠨ ᠳ᠋ᠦᠩᠱᠧᠩ ᠬᠤᠳᠠ ᠶᠢᠨ ᠵᠠᠮ ᠬᠠᠷᠢᠯᠴᠠᠭᠠᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠠᠵᠢᠯᠯᠠᠵᠤ ᠪᠠᠶᠢᠪᠠ︔      1995.12 — 2001.09 ᠤᠤᠯ ᠤᠨ ᠳ᠋ᠦᠩᠱᠧᠩ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠠᠵᠢᠯᠯᠠᠵᠤ ᠪᠠᠶᠢᠪᠠ ︵1998.08 ᠰᠠᠷ᠎ᠠ ᠳᠤ ᠳᠡᠳ᠋ ᠡᠷᠬᠢᠯᠡᠭᠴᠢ  ᠠᠵᠢᠯᠳᠠᠨ ᠤ ᠲᠤᠰᠢᠶᠠᠯ ᠢ ᠡᠭᠦᠷᠭᠡᠯᠡᠪᠡ︶︔      2001.09 — 2003.12 ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠤ ᠠᠵᠢᠯᠯᠠᠵᠤ ᠪᠠᠶᠢᠪᠠ ︵2002.08 ᠰᠠᠷ᠎ᠠ ᠳᠤ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠰᠠᠯᠠᠭᠠᠨ ᠲᠡᠰ ᠤᠨ ᠵᠣᠬᠢᠶᠠᠨ ᠪᠠᠶᠢᠭᠤᠯᠤᠭᠴᠢ᠂ 2003.11 ᠰᠠᠷ᠎ᠠ ᠳᠤ ᠡᠷᠬᠢᠯᠡᠭᠴᠢ ᠠᠵᠯᠳᠠᠨ ᠤ ᠲᠤᠰᠢᠶᠠᠯ ᠢ ᠡᠭᠦᠷᠭᠡᠯᠡᠪᠡ︶︔      2003.12 — 2012.11 ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠶᠢᠨ ᠳᠡᠳ᠋ ᠳᠠᠷᠤᠭ᠎ᠠ ᠪᠠᠷ ᠠᠵᠢᠯᠯᠠᠵᠤ ᠪᠠᠶᠢᠪᠠ︔      2012.11 — 2016.05 ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠬᠠᠨᠳᠠᠢ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠯᠭᠠᠰᠤᠨ ᠳᠠᠷᠤᠭ᠎ᠠ ᠠᠵᠢᠯᠯᠠᠵᠤ ᠪᠠᠶᠢᠪᠠ︔      2016.05 — 2019.02 ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠨᠡᠭᠦᠷᠡᠰᠦᠨ ᠤ ᠠᠵᠤ ᠦᠢᠯᠡᠳᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠶᠡᠷᠦᠩᠬᠡᠢ ᠡᠭᠦᠷ ᠤᠨ ᠱᠦᠵᠢ᠂ ᠲᠣᠪᠴᠢᠶᠠᠨ ᠳᠠᠷᠤᠭ᠎ᠠ ᠪᠠᠷ ᠠᠵᠢᠯᠯᠠᠵᠤ ᠪᠠᠶᠢᠪᠠ︔      2019.02 — 2021.07 ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠡᠨᠧᠷᠭᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠠᠷ ᠠᠵᠢᠯᠯᠠᠵᠤ ᠪᠠᠶᠢᠪᠠ︔      2021.07 — 2022.01 ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠨᠡᠷ᠎ᠡ  ᠲᠤᠷᠠᠳᠤᠭᠰᠠᠨ ᠳᠡᠳ᠋ ᠲᠡᠷᠢᠭᠦᠯᠡᠭᠴᠢ᠂ ᠲᠤᠭᠤᠷᠢᠭ ᠤᠨ ᠡᠨᠧᠷᠭᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠠᠷ ᠠᠵᠢᠯᠯᠠᠵᠤ ᠪᠠᠶᠢᠪᠠ︔      2022.01 — ᠳ᠋ᠦᠩᠱᠧᠩ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ᠂ ᠲᠤᠭᠤᠷᠢᠭ ᠤᠨ ᠡᠨᠧᠷᠭᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠠᠷ ᠠᠵᠢᠯᠯᠠᠵᠤ ᠪᠠᠶᠢᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ