ᠬᠠᠨ ᠶᠣᠣ ᠲᠢᠩ ᠨᠥᠬᠦᠷ
ᠨᠡᠶᠢᠲᠡᠯᠡᠭᠰᠡᠨ ᠴᠠᠭ᠄
2022/12/5
     ᠬᠤᠪᠢᠶᠠᠨ ᠬᠠᠮᠢᠶᠠᠷᠴᠤ ᠪᠠᠶᠢᠭ᠎ᠠ ᠠᠵᠢᠯ᠄      ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃      ᠨᠠᠮᠲᠠᠷ᠄      ᠬᠠᠨ ᠶᠣᠣ ᠲᠢᠩ᠂ ᠡᠷᠡᠭᠲᠡᠢ᠂ ᠬᠢᠲᠠᠳ ᠦᠨᠳᠦᠰᠦᠲᠡᠨ᠂ 1968 ᠣᠨ ᠤ 9 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠳᠠᠯᠠᠳ ᠬᠤᠰᠢᠭᠤᠨ ᠤ ᠬᠦᠮᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 1991 ᠣᠨ ᠤ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 1986 ᠣᠨ ᠤ 7 ᠰᠠᠷ᠎ᠠ ᠳᠤ ᠠᠵᠢᠯ ᠳᠤ ᠣᠷᠣᠪᠠ᠂ ᠤᠳᠤ ᠤᠯᠤᠰ ᠲᠦᠷᠦ ᠶᠢᠨ ᠵᠥᠪᠯᠡᠯᠭᠡᠨ ᠤ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠬᠤᠷᠢᠶ᠎ᠠ  ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠢᠨ ᠲᠤᠰᠢᠶᠠᠯ ᠢ ᠡᠬᠦᠷᠭᠡᠯᠡᠵᠦ ᠪᠤᠢ᠃      1986.07 — 1989.09 ᠣᠨ ᠳᠤ ᠤᠤᠯ ᠤᠨ ᠳ᠋ᠦᠩᠱᠧᠩ ᠬᠤᠲᠠ ᠶᠢᠨ ᠴᠢᠨ᠋ᠸ᠎ᠠ ᠶᠢᠨ ᠰᠢᠯᠢ ᠰᠢᠶᠠᠩ ᠤᠨ ᠭᠤᠤᠯᠳᠠᠯᠭᠠᠳᠤ ᠰᠤᠷᠭᠠᠭᠤᠯᠢ ᠶᠢᠨ ᠪᠠᠭᠰᠢ ᠪᠠᠷ ᠠᠵᠢᠯᠯᠠᠪᠠ︔      1989.09 — 1991.07 ᠱᠠᠩᠬᠠᠢ ᠬᠤᠳᠠ ᠶᠢᠨ ᠬᠤᠶᠠᠳᠤᠭᠠᠷ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠤᠯᠤᠰ ᠲᠦᠷᠦ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠠᠩᠬᠢ ᠳᠤ ᠰᠤᠷᠤᠯᠴᠠᠪᠠ︔      1991.07 — 1993.12 ᠤᠤᠯ ᠤᠨ ᠳ᠋ᠦᠩᠱᠧᠩ ᠬᠤᠳᠠ ᠶᠢᠨ ᠴᠢᠨ᠋ᠸ᠎ᠠ ᠶᠢᠨ ᠰᠢᠯᠢ ᠭᠤᠤᠯᠳᠠᠯᠭᠠᠳᠤ ᠰᠤᠷᠭᠠᠭᠤᠯᠢ᠂ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠪᠠᠷ ᠠᠵᠢᠯᠯᠠᠪᠠ︔      1993.12 — 1997.05 ᠤᠤᠯ ᠤᠨ ᠳ᠋ᠦᠩᠱᠧᠩ ᠬᠤᠳᠠ ᠶᠢᠨ ᠨᠠᠮ ᠤᠨ ᠬᠤᠷᠢᠶᠠᠨ ᠤ ᠠᠯᠪᠠᠨ ᠭᠡᠷ ᠲᠤ ᠠᠵᠢᠯᠯᠠᠵᠤ ᠪᠠᠶᠢᠪᠠ ︵1996.06 ᠰᠠᠷ᠎ᠠ ᠳᠤ ᠳᠡᠳ᠋ ᠰᠠᠯᠠᠭᠠᠨ ᠤ ᠲᠡᠰ ᠤᠨ ᠨᠠᠷᠢᠨ ᠪᠢᠴᠢᠭᠡᠴᠢ ᠶᠢᠨ ᠲᠤᠰᠢᠶᠠᠯ ᠢ ᠡᠭᠦᠷᠭᠡᠯᠡᠪᠡ︶      1997.05 — 2011.04 ᠤᠷᠢᠳ ᠬᠤᠵᠢᠳ ᠤᠤᠯ ᠤᠨ ᠳ᠋ᠦᠩᠱᠧᠩ ᠬᠤᠲᠠ ᠶᠢᠨ ᠡᠪᠯᠡᠯ ᠤᠨ ᠬᠤᠷᠢᠶ᠎ᠠ ᠶᠢᠨ ᠳᠡᠳ᠋ ᠱᠦᠵᠢ᠂ ᠱᠦᠵᠢ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠲᠥᠯᠦᠪᠵᠢᠭᠦᠯᠭᠡ ᠶᠢᠨ ᠲᠣᠪᠴᠢᠶ᠎ᠠ ᠶᠢᠨ ᠳᠠᠷᠤᠭ᠎ᠠ᠂ ᠬᠠᠨᠲᠠᠶ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠡᠬᠦᠷᠭᠡᠯᠡᠵᠦ ᠪᠠᠶᠢᠪᠠ︔      2011.04 — 2012.11 ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠳᠡᠳ᠋ ᠡᠷᠬᠢᠯᠡᠭᠴᠢ ︵ᠳᠡᠳ᠋ ᠰᠢᠶᠠᠨ ᠤ ᠲᠠᠰ︶ ᠪᠠᠷ ᠠᠵᠢᠯᠯᠠᠪᠠ︔      2012.11 — 2018.12 ᠣᠷᠳᠣᠰ ᠤᠨ ᠲᠦᠩᠴᠤᠸᠠᠨ ᠤ ᠮᠠᠰᠢᠨ ᠲᠡᠷᠭᠡᠨ ᠤ ᠦᠵᠡᠰᠬᠦᠯᠡᠩ ᠤᠨ ᠬᠦᠷᠢᠶᠡᠯᠡᠩ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠪᠠᠷ ᠠᠵᠢᠯᠯᠠᠪᠠ︔      2018.12 — 2021.07 ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠪᠠᠷ ᠠᠵᠢᠯᠯᠠᠪᠠ︔      2021.07 — 2022.01 ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠱᠦᠵᠢ᠂ ᠨᠡᠷ᠎ᠡ  ᠲᠤᠷᠠᠳᠤᠭᠳᠠᠭᠰᠠᠨ ᠲᠡᠷᠢᠭᠦᠯᠡᠭᠴᠢ ᠪᠠᠷ ᠠᠵᠢᠯᠯᠠᠪᠠ︔      2022.01 — ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠷ ᠠᠵᠢᠯᠯᠠᠵᠤ ᠪᠠᠶᠢᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ