ᠳᠡᠳ᠋ ᠲᠣᠭᠤᠷᠢᠭ ᠤᠨ ᠳᠠᠷᠤᠭ᠎ᠠ — ᠵᠢᠶᠠᠩ ᠶᠣᠸᠠᠨ ᠨᠦᠬᠦᠷ
ᠨᠡᠶᠢᠲᠡᠯᠡᠭᠰᠡᠨ ᠴᠠᠭ᠄
2022/12/6
     ᠬᠤᠪᠢᠶᠠᠨ ᠬᠠᠮᠢᠶᠠᠷᠴᠤ ᠪᠠᠶᠢᠭ᠎ᠠ ᠠᠵᠢᠯ᠄      ᠲᠤᠭᠤᠷᠢᠭ ᠤᠨ ᠳᠠᠷᠤᠭ᠎ᠠ ᠶᠢ ᠬᠠᠮᠵᠢᠨ ᠠᠵᠤ ᠦᠢᠯᠡᠳᠪᠦᠷᠢ ᠶᠢᠨ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠡᠨᠧᠷᠭᠢ᠂ ᠠᠮᠢ ᠠᠬᠤᠢ ᠣᠷᠴᠢᠨ ᠲᠤᠭᠤᠷᠢᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂  ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ︵ᠠᠭᠤᠷᠬᠠᠢ ᠶᠢᠨ ᠭᠠᠷᠤᠯᠲᠠ︶᠂ ᠣᠷᠳᠣᠰ ᠤᠨ ᠣᠲᠣ ᠦᠶ᠎ᠡ ᠶᠢᠨ ᠨᠣᠯᠤᠥᠷ ᠤᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠂ ᠣᠷᠳᠣᠰ ᠬᠤᠲᠠ ᠶᠢᠨ ᠯᠢᠦᠢ ᠳ᠋ᠦᠡᠭ ᠡᠨᠧᠷᠭᠢ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠶᠠᠨ ᠬᠠᠮᠢᠶᠠᠷᠤᠨ᠎ᠠ᠃      ᠲᠤᠨᠤᠭᠯᠠᠯ ᠦᠶᠯᠡᠳᠬᠦ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ᠂ ᠬᠥᠩᠭᠡᠨ ᠠᠵᠤ ᠦᠢᠯᠡᠳᠪᠦᠷᠢ ᠨᠡᠬᠡᠮᠡᠯ ᠤᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ᠂ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂  ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠳ᠋ᠦᠩᠱᠧᠩ ᠤᠨ ᠴᠠᠬᠢᠯᠭᠠᠨ ᠬᠠᠩᠭᠠᠬᠤ ᠺᠣᠮᠫᠠᠨᠢ᠂ ᠳ᠋ᠦᠩᠱᠧᠩ ᠤᠨ ᠲᠡᠮᠦᠷ ᠵᠠᠮ ᠤᠨ ᠪᠠᠷᠠᠭᠤᠨᠳᠠᠬᠢ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠡᠯ᠎ᠡ ᠴᠢᠮᠡᠭᠡ ᠬᠤᠯᠪᠣᠭᠠᠨ ᠤ ᠺᠣᠮᠫᠠᠨᠢ ᠲᠠᠢ ᠬᠠᠷᠢᠯᠴᠠᠨ᠎ᠠ᠃      ᠨᠠᠮᠲᠠᠷ᠄      ᠵᠢᠶᠠᠩ ᠶᠤᠸᠠᠨ᠂ ᠡᠷᠡᠭᠲᠡᠢ᠂ ᠬᠢᠲᠠᠳ ᠦᠨᠳᠦᠰᠦᠲᠡᠨ᠂ 1979 ᠣᠨ ᠤ 12 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠳᠠᠯᠠᠳ ᠬᠤᠰᠢᠭᠤᠨ ᠤ ᠨᠤᠲᠤᠭ ᠲᠠᠢ᠂ 2003 ᠣᠨ ᠤ 1 ᠰᠠᠷ᠎ᠠ ᠳᠤ ᠠᠵᠢᠯ ᠳᠤ ᠣᠷᠣᠵᠠᠢ᠂ ᠨᠠᠮ ᠪᠦᠯᠦᠭ ᠤᠨ ᠪᠤᠰᠤ ᠬᠥᠮᠥᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ  ᠲᠠᠢ᠂ ᠢᠨᠵᠧᠨᠧᠷᠢᠩ ᠤᠨ ᠤᠬᠠᠭᠠᠨ ᠤ ᠪᠠᠴᠧᠯᠧᠷ ᠴᠣᠯᠠ ᠲᠠᠢ᠂ ᠤᠳᠤ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠢ ᠡᠬᠦᠷᠭᠡᠯᠡᠵᠦ ᠪᠤᠢ᠃      2003.01 — 2009.12 ᠣᠷᠳᠣᠰ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠳᠤ ᠠᠵᠢᠯᠯᠠᠵᠤ ᠪᠠᠶᠢᠪᠠ︔      2009.12 — 2011.12 ᠣᠷᠳᠣᠰ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠤᠰᠤᠨ ᠤ ᠡᠬᠢ ᠪᠠᠶᠠᠯᠢᠭ ᠤᠨ ᠰᠠᠯᠠᠭᠠᠨ ᠤ ᠳᠡᠳ᠋ ᠳᠠᠷᠤᠭ᠎ᠠ ᠪᠠᠷ ᠠᠵᠢᠯᠯᠠᠵᠤ ᠪᠠᠶᠢᠪᠠ︔      2011.12 — 2015.10 ᠣᠷᠳᠣᠰ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠠᠵᠢᠯᠲᠠᠨ ᠤ ᠶᠠᠪᠤᠳᠠᠯ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠰᠠᠯᠠᠭᠠᠨ ᠤ ᠳᠠᠷᠤᠭ᠎ᠠ ᠪᠠᠷ ᠠᠵᠢᠯᠯᠠᠵᠤ ᠪᠠᠶᠢᠪᠠ︔      2015.10 — 2016.02 ᠣᠷᠳᠣᠰ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠠᠯᠪᠠᠨ ᠭᠡᠷ ᠤᠨ ᠡᠷᠬᠢᠯᠡᠭᠴᠢ ᠪᠠᠷ ᠠᠵᠢᠯᠯᠠᠵᠤ ᠪᠠᠶᠢᠪᠠ︔      2016.02 — 2017.10 ᠣᠷᠳᠣᠰ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠪᠠᠷ ᠠᠵᠢᠯᠯᠠᠵᠤ ᠪᠠᠶᠢᠪᠠ︔      2017.10 — 2017.12 ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠨᠡᠷ᠎ᠡ ᠲᠤᠷᠠᠳᠤᠭᠰᠠᠨ ᠵᠢᠱᠢᠭᠳᠡᠭᠴᠢ ᠪᠠᠷ ᠠᠵᠢᠯᠯᠠᠪᠠ︔      2017.12 — ᠡᠳᠦᠭᠡ ᠪᠣᠯᠲᠠᠯ᠎ᠠ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠠᠵᠢᠯᠯᠠᠵᠤ ᠪᠠᠶᠢᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ