| — 2022 ᠣᠨ ᠤ 1 ᠰᠠᠷ᠎ᠠ ᠶᠢᠨ 7 ᠤ ᠡᠳᠦᠷ ᠤᠷᠳᠤᠰ ᠬᠤᠳᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯ ᠳᠡᠭᠡᠷ᠎ᠡ | ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠲᠤᠭᠤᠷᠢᠭ ᠤᠨ ᠳᠠᠷᠤᠭ᠎ᠠ ᠬᠠᠨ ᠲᠤᠤ | | ᠲᠥᠯᠥᠭᠡᠯᠡᠭᠴᠢᠳ ᠡ᠄ | ᠤᠳᠤ᠂ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠦᠪᠯᠡᠬᠦ ᠪᠣᠯᠪᠠᠤ | ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2021 ᠤᠨ ᠵᠢᠴᠢ ᠲᠣᠰ ᠬᠤᠭᠤᠴᠠᠭᠠᠨ ᠳᠠᠬᠢ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ | 2021 ᠤᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠦᠯᠦᠪᠵᠢᠬᠦᠯᠬᠡ ᠶᠢᠨ ᠡᠬᠢᠯᠡᠯᠲᠡ ᠶᠢᠨ ᠵᠢᠯ ᠪᠣᠯᠬᠤ ᠪᠥᠭᠡᠳ ᠳ᠋ᠦᠩᠱᠧᠩ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠲᠦᠷᠭᠡᠳᠬᠡᠨ ᠠᠬᠢᠭᠤᠯᠬᠤ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠵᠤᠶᠢᠯ ᠤᠨ ᠰᠢᠢᠳᠪᠤᠷᠢᠳᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ | ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠳᠠᠯ ᠢ ᠪᠤᠢ ᠪᠤᠯᠭᠠᠵᠤ᠂ ᠲᠤᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ | ᠬᠤᠷᠠᠯ ᠠᠴᠠ ᠲᠣᠭᠲᠠᠭᠠᠭᠰᠠᠨ ᠡᠯ᠎ᠡ ᠵᠤᠶᠢᠯ ᠤᠨ ᠡᠭᠦᠷᠭᠡ ᠬᠠᠷᠠᠯᠲᠠ ᠶᠢ ᠨᠡᠯᠢᠶᠡᠳ ᠰᠠᠶᠢᠨ ᠪᠡᠶᠡᠯᠡᠭᠦᠯᠵᠦ᠂ ᠠᠵᠤ ᠠᠬᠤᠶ ᠨᠡᠶᠢᠭᠡᠮ ᠤᠨ ᠡᠯ᠎ᠡ ᠵᠤᠶᠢᠯ ᠤᠨ ᠠᠵᠢᠯ | ᠤᠶᠢᠯᠡᠰ ᠰᠢᠨ᠎ᠡ ᠦᠷ᠎ᠡ ᠪᠦᠲᠦᠮ᠊ ᠵᠢ ᠤᠯᠪᠠ᠃ | ︵ᠨᠢᠭᠡ︶ ᠠᠵᠤ ᠠᠬᠤᠶ ᠨᠡᠶᠢᠭᠡᠮ ᠤᠨ ᠬᠥᠭᠵᠢᠯᠲᠡ ᠲᠣᠭᠲᠠᠭᠤᠨ ᠢᠶᠠᠷ ᠰᠠᠶᠢᠵᠢᠷᠠᠪᠠ᠃ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ 770 ᠳ᠋ᠦᠩᠰᠢᠭᠤᠷ ᠲᠥᠭᠦᠷᠢᠭ ᠪᠡᠶᠡᠯᠡᠭᠦᠯᠵᠦ᠂ 7% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 60.9 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 12.8% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 25% ᠪᠠᠷ ᠨᠡᠮᠡᠭᠳᠡᠪᠠ︔ | ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠤᠷᠢ ᠶᠢᠨ ᠨᠡᠮᠡᠭᠳᠡᠯ ᠥᠷᠲᠡᠭ 9% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠪᠤᠷᠤᠯᠠᠭᠤᠯᠤᠭᠰᠡᠨ ᠶᠡᠷᠦᠩᠬᠡᠢ ᠲᠤᠭ᠎ᠠ ᠶᠢ 233 ᠳ᠋ᠦᠩᠰᠢᠭᠤᠷ ᠲᠥᠭᠦᠷᠢᠭ ᠪᠡᠶᠡᠯᠡᠭᠦᠯᠵᠦ᠂ 8.5% ᠪᠠᠷ ᠨᠡᠮᠡᠭᠳᠠᠪᠠ︔ ᠬᠤᠲᠠ ᠪᠠᠯᠭᠠᠰᠤᠨ ᠤ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠲᠤᠬᠢᠷᠠᠭᠤᠯᠵᠤ ᠪᠤᠯᠬᠤ ᠣᠷᠣᠯᠭ᠎ᠠ 55238 ᠲᠥᠭᠦᠷᠢᠭ ᠬᠦᠷᠴᠦ᠂ 6% ᠪᠠᠷ ᠨᠡᠮᠡᠭᠳᠡᠪᠠ᠃ ᠡᠳ᠋ | ᠬᠥᠷᠥᠩᠭᠡ ᠶᠢ ᠰᠢᠢᠳᠪᠤᠷᠢᠯᠡᠬᠦ᠂ ᠵᠢᠭᠡᠯᠡᠯᠭᠡ ᠶᠢᠨ ᠲᠡᠮᠳᠡᠭᠲᠦ ᠶᠢ ᠰᠣᠯᠢᠬᠤ᠂ ᠲᠠᠩᠰᠠᠨ ᠠᠴᠠ ᠬᠢᠨᠠᠵᠤ ᠬᠠᠰᠤᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠢᠯᠭᠠᠷᠠᠭᠤᠯᠬᠤ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠦᠷᠢᠳᠦᠵᠤ ᠪᠠᠶᠢᠭ᠎ᠠ ᠲᠠᠩᠰᠠᠨ | ᠳᠠᠬᠢ ᠵᠤᠭᠤᠰ ᠢ ᠢᠯᠭᠠᠷᠠᠭᠤᠯᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠬᠦᠯᠪᠠ︔ ᠬᠠᠤᠯᠢ ᠪᠤᠰᠤ ᠪᠠᠷ ᠪᠠᠯᠠ ᠴᠤᠭᠯᠠᠭᠤᠯᠤᠭᠰᠠᠨ 20 ᠬᠡᠷᠡᠭ ᠤᠨ ᠡᠳ᠋ | ᠬᠥᠷᠥᠩᠭᠡ ᠶᠢᠨ ᠰᠢᠢᠳᠪᠤᠷᠢᠯᠡᠯᠳᠠ ᠶᠢ ᠪᠡᠶᠡᠯᠡᠭᠦᠯᠪᠡ︔ ᠪᠠᠯᠠ ᠮᠥᠩᠭᠦ ᠶᠢ ᠬᠠᠮᠳᠤ ᠪᠠᠷ ᠬᠠᠮᠢᠶᠠᠷᠬᠤ ᠲᠠᠩᠰᠠᠨ ᠡᠷᠦᠬᠡ ᠶᠢ ᠪᠠᠶᠢᠭᠤᠯᠵᠤ᠂ ︽ᠭᠠᠶᠢᠯᠢ ᠪᠠ ᠭᠡᠷᠡᠴᠢ ᠶᠢ | ᠰᠠᠯᠭᠠᠬᠤ︾ ᠵᠡᠷᠭᠡ ᠠᠷᠭ᠎ᠠ ᠬᠡᠮᠵᠢᠶ᠎ᠡ ᠠᠪᠴᠤ᠂ 70 ︽ᠬᠠᠭᠠᠰ ᠲᠤᠳᠠᠭᠤ ᠪᠠᠷᠢᠭᠰᠡᠨ ᠠᠰᠠᠷ︾ ᠤᠨ ᠪᠠᠷᠢᠯᠭ᠎ᠠ ᠶᠢᠨ ᠠᠵᠢᠯ ᠰᠡᠷᠬᠦᠬᠡᠨ ᠪᠦᠳᠦᠬᠡᠨ ᠪᠠᠶᠢᠭᠤᠯᠬᠤ ᠶᠢ | ᠠᠬᠢᠭᠤᠯᠵᠤ᠂ | ︽ᠪᠤᠴᠠᠭᠠᠨ ᠨᠡᠭᠦᠯᠭᠡᠬᠦ ᠳᠤ ᠬᠦᠴᠢᠷᠲᠡᠶ︾ ︽ᠣᠷᠣᠵᠤ ᠰᠠᠭᠤᠬᠤ ᠳᠤ ᠬᠦᠴᠢᠷᠲᠡᠶ︾ ᠬᠡᠷ ᠪᠠᠶᠢᠰᠢᠩ ᠢ 2.7 ᠲᠦᠮᠡᠨ ᠢᠵᠢ ᠪᠠᠶᠢᠭᠤᠯᠵᠤ ᠲᠠᠭᠤᠰᠬᠠᠨ ᠲᠤᠰᠢᠶᠠᠨ | ᠦᠭᠴᠦ᠂ ᠦᠯᠦ ᠬᠦᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠨᠡᠶᠢᠲᠡ 8.1 ᠲᠦᠮᠡᠨ ᠳᠡᠪᠲᠡᠷ ᠬᠦᠢᠴᠡᠳᠬᠡᠪᠠ᠃ ᠠᠵᠤ ᠠᠬᠤᠢ ᠶᠢᠨ ᠬᠥᠭᠵᠢᠯᠲᠡ | ᠤᠷᠤᠭᠤᠳᠠᠬᠤ ᠳᠠᠷᠤᠯᠲᠠ ᠶᠢ ᠲᠤᠯᠵᠤ᠂ ᠬᠢᠵᠢᠭ ᠤᠨ ᠪᠠᠶᠢᠳᠠᠯ ᠤᠨ ᠶᠡᠭᠡ ᠰᠢᠯᠭᠠᠯᠲᠠ ᠶᠢ ᠳᠠᠭᠠᠭᠠᠵᠤ᠂ ᠲᠣᠭᠲᠠᠭᠤᠨ ᠢᠶᠠᠷ ᠰᠡᠷᠬᠦᠬᠡᠬᠦ᠂ ᠲᠣᠭᠲᠠᠭᠤᠨ ᠤ ᠳᠤᠮᠳᠠ | ᠰᠠᠶᠢᠵᠢᠷᠠᠬᠤ ᠰᠠᠶᠢᠨ ᠰᠠᠶᠢᠬᠠᠨ ᠪᠠᠶᠢᠳᠠᠯ ᠢᠯᠡᠷᠡᠪᠡ᠃ | ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠲᠦᠷᠭᠡᠳᠪᠡ᠃ 102 ᠲᠥᠷᠥᠯ ᠵᠤᠶᠢᠯ ᠢ ᠬᠡᠷ᠎ᠡ ᠲᠤᠭᠳᠠᠨ | ᠤᠷᠤᠭᠤᠯᠵᠤ᠂ ᠬᠡᠯᠡᠯᠴᠡᠬᠡᠷ ᠤᠨ ᠶᠡᠷᠦᠩᠬᠡᠢ ᠪᠡᠯᠡ ᠤᠷᠤᠭᠤᠯᠤᠯᠳᠠ 632 ᠳ᠋ᠦᠩᠰᠢᠭᠤᠷ ᠲᠥᠭᠦᠷᠢᠭ ᠲᠤ ᠬᠦᠷᠪᠡ︔ 500 ᠲᠦᠮᠡᠨ ᠲᠥᠭᠦᠷᠢᠭ ᠠᠴᠠ ᠳᠡᠭᠡᠭᠰᠢᠬᠢ | ᠭᠤᠤᠯᠳᠠᠯᠭ᠎ᠠ ᠲᠠᠢ ᠲᠥᠷᠥᠯ ᠵᠤᠶᠢᠯ ᠢ 232 ᠬᠡᠷᠡᠭᠵᠢᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 66 ᠳ᠋ᠦᠩᠰᠢᠭᠤᠷ ᠲᠥᠭᠦᠷᠢᠭ ᠪᠡᠶᠡᠯᠡᠭᠦᠯᠪᠡ | ᠃ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠵᠦ᠂ 4 ᠨᠡᠭᠦᠷᠡᠰᠦᠨ ᠠᠭᠤᠷᠬᠠᠢ | ᠣᠶᠤᠨᠴᠢᠯᠠᠭᠰᠠᠨ ᠰᠢᠯᠭᠠᠨ ᠬᠤᠷᠢᠶᠠᠯᠳᠠ ᠶᠢ ᠥᠩᠭᠡᠷᠡᠭᠡᠪᠡ᠃ 9200 ᠲᠦᠮᠡᠨ ᠲᠣᠨ ᠨᠡᠭᠦᠷᠡᠰᠦ ᠪᠤᠷᠤᠯᠠᠭᠤᠯᠤᠨ᠂ 5500 ᠲᠣᠨ ᠨᠣᠯᠤᠤᠷ ᠢ ᠬᠠᠳᠠᠭᠠᠯᠠᠵᠤ᠂ | 600 ᠲᠦᠮᠡᠨ ᠵᠠᠬ᠎ᠠ ᠢᠮᠠᠭᠠᠨ ᠨᠣᠯᠤᠤᠷ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠪᠣᠷᠣᠯᠠᠭᠤᠯᠪᠠ᠃ ᠱᠠᠨ ᠾᠧ ᠠᠭᠤᠷᠬᠠᠢ ᠶᠢᠨ ᠭᠠᠷᠤᠯᠳᠠ ᠶᠢ ᠲᠡᠬᠡᠬᠡᠪᠦᠷᠢᠯᠡᠬᠦ | ᠬᠦᠨᠳᠤ ᠠᠴᠢᠶᠠᠨ ᠤ ᠲᠡᠷᠬᠡ ᠵᠡᠷᠭᠡ 7 ᠲᠦᠷᠦᠯ ᠵᠤᠶᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠴᠢ ᠷᠦᠢ ᠰᠢᠨ᠎ᠡ ᠡᠨᠧᠷᠭᠢ ᠶᠢᠨ ᠬᠦᠨᠳᠦ | ᠠᠴᠢᠶᠠᠨ ᠲᠡᠷᠬᠡ ᠵᠡᠷᠭᠡ 11 ᠲᠦᠷᠦᠯ ᠵᠤᠶᠢᠯ ᠢ ᠲᠦᠷᠭᠡᠪᠴᠢᠯᠡᠨ ᠪᠦᠲᠦᠭᠡᠨ ᠪᠠᠶᠢᠭᠤᠯᠵᠤ᠂ ᠲᠤᠨᠤᠭ ᠲᠦᠬᠦᠬᠡᠷᠦᠮᠵᠢ ᠦᠢᠯᠡᠳᠬᠦ ᠦᠢᠯᠡᠰ ᠤᠨ ᠦᠢᠯᠡᠳᠬᠦᠨ ᠤ | ᠶᠡᠷᠦᠩᠬᠡᠢ ᠥᠷᠲᠡᠭ 203 ᠳ᠋ᠦᠩᠰᠢᠭᠤᠷ ᠲᠥᠭᠦᠷᠢᠭ ᠲᠤ ᠬᠦᠷᠪᠡ᠃ ᠬᠤᠲᠠ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠣᠨᠴᠠᠯᠢᠭᠲᠤ | ᠬᠤᠳᠠᠯᠳᠤᠭᠠᠨ ᠤ ᠲᠣᠭᠤᠷᠢᠭ᠂ ᠠᠷᠠᠳ ᠲᠤ ᠳᠥᠭᠦᠮ ᠦᠵᠡᠭᠦᠯᠬᠦ ᠬᠤᠳᠠᠯᠳᠤᠭᠠᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠵᠤ᠂ | ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠬᠦ ᠪᠤᠳᠠᠰ ᠤᠨ ᠭᠦᠢᠯᠭᠡᠭᠡᠨ ᠤ ᠲᠥᠪ ᠢ ᠡᠬᠢᠯᠡᠭᠦᠯᠦᠨ ᠠᠵᠢᠯᠯᠠᠭᠤᠯᠵᠤ᠂ ᠶᠡᠭᠡ ᠬᠡᠮᠵᠢᠶᠡᠨ ᠤ ᠪᠦᠷᠢᠨ ᠪᠠᠷᠠᠭ᠎ᠠ ᠶᠢ | ᠲᠥᠪᠯᠡᠷᠡᠭᠦᠯᠦᠨ ᠲᠡᠭᠡᠭᠡᠪᠦᠷᠢᠯᠡᠬᠦ ᠲᠠᠯᠠᠪᠠᠶ ᠶᠢᠨ ᠲᠥᠷᠥᠯ ᠵᠦᠢᠯ ᠢ ᠲᠦᠷᠭᠡᠳᠬᠡᠨ ᠠᠬᠢᠭᠤᠯᠪᠠ᠃ ︽ᠳ᠋ᠦᠩᠱᠧᠩ ᠤᠨ ᠰᠣᠶᠣᠯ ᠵᠤᠭᠠᠴᠠᠯ ᠤᠨ ᠡᠭᠦᠯᠡᠨ ᠲᠠᠪᠴᠠᠩ︾ | ᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ ᠪᠥᠬᠦ ᠵᠢᠯ ᠳᠤ 293 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ ᠵᠤᠭᠠᠴᠠᠯ ᠤᠨ | ᠣᠷᠣᠯᠭ᠎ᠠ 19.7% ᠪᠠᠷ ᠨᠡᠮᠡᠭᠳᠡᠪᠡ᠃ | ︵ᠭᠤᠷᠪᠠ︶ ᠬᠤᠲᠠ ᠬᠥᠳᠡᠭᠡ ᠶᠢᠨ ᠬᠥᠭᠵᠢᠯᠲᠡ ᠶᠢᠨ ᠴᠢᠨᠠᠷ ᠲᠡᠰ ᠦᠷᠭᠦᠯᠵᠢᠯᠡᠨ ᠲᠡᠭᠡᠭᠰᠢᠯᠡᠪᠠ᠃ ᠬᠤᠳᠠ ᠶᠢᠨ ᠰᠠᠭᠤᠷᠢ ᠲᠥᠬᠦᠭᠡᠷᠦᠮᠵᠢ ᠶᠢᠨ | ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠤᠰᠤ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ G210 ᠱᠤᠭᠤᠮ ᠢ ᠥᠭᠡᠷᠡᠴᠢᠯᠡᠬᠦ ᠪᠠᠷᠢᠯᠭ᠎ᠠ ᠶᠢ ᠲᠦᠷᠭᠡᠳᠬᠡᠨ ᠠᠬᠢᠭᠤᠯᠵᠤ᠂ ᠴᠤᠤ ᠹᠧᠩ ᠱᠤᠭᠤᠮ ᠢ ᠪᠠᠶᠢᠭᠤᠯᠤᠨ | ᠳᠠᠭᠤᠰᠬᠠᠵᠤ ᠲᠡᠷᠭᠡ ᠨᠡᠪᠲᠡᠷᠡᠭᠦᠯᠵᠦ᠂ ᠤᠷᠳᠤᠰ ᠪᠠᠷᠠᠭᠤᠨ ᠵᠡᠭᠡᠯᠢ ᠵᠡᠷᠭᠡ ᠬᠤᠳᠠ ᠶᠢᠨ ᠶᠠᠪᠤᠳᠠᠯ ᠤᠨ 4 ᠵᠤᠷᠪᠤᠰ ᠵᠠᠮ ᠢ ᠥᠭᠡᠷᠡᠴᠢᠯᠡᠨ ᠵᠠᠰᠠᠵᠤ᠂ ᠲᠢᠶᠠᠨ ᠵᠢᠶᠤᠤ | ᠪᠠᠷᠠᠭᠤᠨ ᠲᠤᠰᠠᠯᠠᠬᠤ ᠵᠠᠮ ᠵᠡᠷᠭᠡ 9 ᠵᠤᠷᠪᠤᠰ ᠮᠤᠬᠤᠷ ᠵᠠᠮ ᠢ ᠨᠡᠪᠲᠡᠷᠡᠭᠦᠯᠪᠡ᠃ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠦᠷᠭᠦᠯᠵᠢᠯᠡᠨ | ᠳᠡᠭᠡᠭᠰᠢᠯᠡᠭᠦᠯᠵᠦ᠂ 52 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠵᠦ᠂ ᠴᠡᠴᠡᠷᠯᠢᠭᠵᠢᠬᠦᠯᠦᠯᠳᠠ ᠨᠣᠭᠤᠭᠠᠷᠠᠭᠤᠯᠤᠯᠲᠠ ᠶᠢ ᠲᠠᠰ | ᠬᠤᠪᠢᠶᠠᠨ ᠠᠷᠠᠴᠢᠯᠠᠨ ᠬᠠᠮᠠᠭᠠᠯᠠᠵᠤ ᠨᠠᠷᠢᠯᠢᠬᠵᠢᠭᠤᠯᠤᠨ ᠵᠠᠰᠠᠬᠤ ᠶᠢ ᠬᠡᠷᠡᠭᠵᠢᠭᠦᠯᠵᠦ᠂ 56.9 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠨ ᠭᠠᠵᠡᠷ ᠰᠢᠨ᠎ᠡ ᠪᠠᠷ | ᠨᠡᠮᠡᠭᠳᠡᠵᠦ᠂ ᠣᠷᠴᠢᠨ ᠲᠣᠭᠤᠷᠢᠨ ᠤ ᠠᠷᠢᠭᠤᠨ ᠴᠡᠪᠡᠷᠯᠡᠭᠡ ᠶᠢ ᠵᠠᠬ᠎ᠠ ᠳᠡᠯᠭᠡᠭᠦᠷᠴᠢᠯᠡᠨ ᠶᠠᠪᠤᠭᠳᠠᠭᠤᠯᠬᠤ ᠶᠢ ᠪᠡᠶᠡᠯᠡᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠲᠥᠷᠥᠯ ᠵᠦᠢᠯ ᠢ 23 ᠬᠡᠷᠡᠭᠵᠢᠭᠦᠯᠵᠦ᠂ | ᠲᠣᠰᠬᠤᠨ ᠤ ᠬᠠᠮᠲᠤ ᠶᠢᠨ ᠠᠵᠤ ᠠᠬᠤᠢ ᠶᠢᠨ ᠶᠡᠷᠦᠩᠬᠡᠢ ᠣᠷᠣᠯᠭ᠎ᠠ 968 ᠲᠦᠮᠡᠨ ᠲᠥᠭᠦᠷᠢᠭ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠲᠡᠰ ᠤᠨ᠂ | ᠬᠤᠲᠠ ᠶᠢᠨ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠤᠯᠪᠣᠭᠠᠲᠤ ᠴᠣᠭᠴᠠ 2᠂ ᠬᠤᠲᠠ ᠶᠢᠨ ᠲᠡᠰ ᠤᠨ ᠲᠣᠯᠣᠭᠠᠶᠢᠯᠠᠭᠴᠢ ᠠᠵᠤ | ᠠᠬᠤᠶᠢᠯᠠᠯ 4 ᠶᠢ ᠰᠢᠨ᠎ᠡ ᠪᠠᠷ ᠪᠤᠶᠢᠵᠢᠭᠤᠯᠪᠠ᠃ | ︵ᠳᠥᠷᠪᠡ︶ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠃ ᠥᠪᠡᠷᠲᠡᠭᠡᠨ ᠵᠠᠰᠠᠬᠤ | ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠰᠢᠪᠲᠤᠯᠵᠤ᠂ ᠡᠮᠦᠨ᠎ᠡ ᠲᠡᠭᠦᠷᠭᠡ᠂ ᠬᠤᠶᠢᠲᠤ ᠲᠡᠭᠦᠷᠭᠡ ᠶᠢᠨ ᠤᠰᠤᠨ ᠤ ᠴᠢᠨᠠᠷ ᠢ ᠴᠡᠪᠡᠷᠰᠢᠭᠦᠯᠬᠦ ᠤᠶᠢᠯᠡᠳᠪᠤᠷᠢ | ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠲᠦᠷᠭᠡᠳᠬᠡᠵᠦ᠂ ᠣᠷᠳᠣᠰ ᠤᠨ ᠢᠯᠴᠢ ᠴᠠᠬᠢᠯᠭᠠᠨ ᠤ ᠬᠡᠲᠦ ᠳᠤᠤᠷ᠎ᠠ ᠭᠠᠳᠠᠭᠰᠢᠯᠠᠭᠤᠯᠬᠤ ᠶᠢ ᠥᠭᠡᠷᠡᠴᠢᠯᠡᠬᠦ | ᠵᠡᠷᠭᠡ ᠪᠠᠷᠢᠯᠭ᠎ᠠ ᠶᠢ ᠪᠡᠶᠡᠯᠡᠬᠦᠯᠪᠠ᠃ ᠬᠠᠨᠲᠠᠶ ᠶᠢᠨ ᠭᠤᠤᠯ᠂ ᠬᠠᠰᠢᠯᠭ᠎ᠠ ᠶᠢᠨ ᠭᠤᠤᠯ ᠵᠡᠷᠭᠡ ᠲᠠᠪᠤᠨ ᠤᠰᠤᠨ ᠰᠢᠰᠲ᠋ᠧᠮ ᠪᠣᠯᠤᠨ ᠭᠤᠣᠯ ᠤᠨ ᠵᠠᠮ ᠢ ᠵᠠᠰᠠᠬᠤ | ᠪᠠᠷᠢᠯᠭ᠎ᠠ ᠶᠢ ᠪᠦᠬᠦ ᠬᠦᠴᠦᠨ ᠢᠶᠠᠷ ᠠᠬᠢᠭᠤᠯᠵᠤ᠂ 156 ︽ᠳᠥᠷᠪᠡᠨ ᠲᠢᠭᠯᠢᠮ ᠦᠬᠡᠢ︾ ᠶᠢᠨ ᠠᠰᠠᠭᠤᠳᠠᠯ ᠢ ᠴᠡᠭᠴᠡᠯᠡᠨ ᠵᠠᠰᠠᠪᠠ᠃ ᠠᠭᠤᠷᠬᠠᠶ ᠶᠢᠨ ᠠᠮᠢ | ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠰᠡᠷᠭᠦᠭᠡᠨ ᠵᠠᠰᠠᠬᠤ ᠶᠢ ᠥᠷᠨᠢᠭᠦᠯᠵᠦ᠂ ᠠᠭᠤᠷᠬᠠᠶ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ | ᠵᠠᠰᠠᠵᠤ ᠰᠡᠷᠭᠦᠭᠡᠬᠦ ᠰᠠᠭᠤᠷᠢ ᠮᠥᠩᠭᠦ ᠶᠢ ᠨᠡᠶᠢᠲᠡ 8.5 ᠳ᠋ᠦᠩᠰᠢᠭᠤᠷ ᠲᠥᠭᠦᠷᠢᠭ ᠬᠡᠷᠡᠭᠯᠡᠵᠦ᠂ 1000 ᠾᠧᠺᠲ᠋ᠠᠷ ᠠᠭᠤᠷᠬᠠᠶ ᠶᠢᠨ ᠤᠷᠤᠨ ᠢ ᠳᠠᠬᠢᠨ | ᠬᠠᠭᠠᠯᠪᠤᠷᠢᠯᠠᠵᠤ ᠨᠣᠭᠤᠭᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢ ᠰᠢᠨ᠎ᠡ ᠪᠠᠷ 4 ᠨᠡᠮᠡᠭᠳᠡᠭᠦᠯᠪᠡ᠃ ᠡᠨᠧᠷᠭᠢ ᠶᠢᠨ | ᠬᠤᠷᠣᠭᠳᠠᠯ ᠤᠨ ︽ᠬᠤᠤᠰ ᠡᠵᠡᠮᠳᠡᠯ︾ ᠤᠨ ᠱᠠᠳᠤᠴᠢ ᠴᠢᠨᠠᠷᠲᠠᠶ ᠡᠵᠡᠮᠳᠡᠬᠦ ᠬᠠᠷᠠᠯᠲᠠ ᠶᠢ ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠤᠷᠢ | ᠶᠢᠨ ᠠᠵᠤ ᠠᠬᠤᠶᠢᠯᠠᠯ ᠤᠨ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠪᠠ᠃ | ︵ᠲᠠᠪᠤ︶ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠴᠢᠳᠠᠪᠤᠷᠢ ᠲᠠᠰᠤᠷᠠᠯᠲᠠ ᠥᠬᠡᠶ ᠲᠡᠭᠡᠭᠰᠢᠯᠡᠪᠠ᠃ ᠠᠵᠢᠯ ᠣᠯᠭᠤᠯᠲᠠ ᠶᠢᠨ ᠪᠠᠶᠢᠳᠠᠯ ᠲᠣᠭᠲᠠᠭᠤᠨ | ᠪᠠᠶᠢᠵᠤ᠂ ᠪᠦᠬᠦ ᠵᠢᠯ ᠳᠤ 5382 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ | 3.2% ᠤᠨ ᠳᠣᠲᠣᠷ᠎ᠠ ᠬᠢᠵᠠᠭᠠᠷᠯᠠᠪᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ︽ | ᠬᠤᠶᠠᠷ ᠢ ᠬᠦᠩᠬᠡᠷᠡᠬᠦᠯᠬᠦ︾ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ᠃ ᠰᠢᠯᠭᠠᠯᠳᠠ ᠪᠠᠷ ᠲᠠᠮᠵᠢᠨ 515 ᠪᠠᠭᠰᠢ ᠤᠷᠢᠨ ᠡᠯᠰᠡᠵᠤ᠂ 2 ᠪᠠᠭ᠎ᠠ | ᠰᠤᠷᠭᠠᠭᠤᠯᠢ ᠪᠠ 3 ᠬᠡᠦᠬᠡᠳ ᠤᠨ ᠴᠡᠴᠡᠷᠯᠢᠭ ᠢ ᠰᠢᠨ᠎ᠡ ᠪᠠᠷ ᠬᠡᠷᠡᠭᠯᠡᠯᠳᠠ ᠳᠤ ᠣᠷᠣᠭᠤᠯᠤᠨ᠂ 49 ᠰᠤᠷᠭᠠᠭᠤᠯᠢ ᠶᠢ ᠵᠠᠰᠠᠨ ᠦᠬᠡᠷᠡᠴᠢᠯᠡᠬᠦ ᠶᠢ ᠪᠡᠶᠡᠯᠡᠬᠦᠯᠪᠠ᠃ | ᠲᠤᠭᠤᠷᠢᠭ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠡᠳ᠋ | ᠪᠣᠳᠠᠰ ᠤᠨ ᠬᠥᠮᠥᠷᠭᠡ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ | ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠨᠡᠶᠢᠭᠡᠮ ᠤᠨ ᠬᠠᠮᠢᠶᠠᠷᠤᠨ ᠡᠵᠡᠮᠳᠡᠬᠦ᠂ ᠸᠠᠺᠼᠢᠨ ᠤ ᠲᠠᠷᠢᠯᠭ᠎ᠠ ᠲᠠᠷᠢᠬᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ᠂ ᠲᠠᠬᠤᠯ ᠤᠨ ᠪᠠᠶᠢᠴᠠᠭᠠᠯᠲᠠ ᠬᠢᠬᠦ᠂ | ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠬᠦ ᠵᠡᠷᠭᠡ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠠᠯᠠᠱᠠ ᠠᠶᠢᠮᠠᠭ ᠲᠤ ᠦᠯᠡᠳᠡᠵᠦ ᠬᠤᠴᠣᠷᠤᠭᠰᠠᠨ 615 | ᠵᠤᠭᠠᠴᠠᠭᠰᠡᠳ ᠢ ᠤᠨᠳᠤᠤ ᠭᠠᠵᠠᠷ ᠲᠤ ᠲᠥᠪᠯᠡᠷᠡᠭᠦᠯᠦᠨ ᠡᠷᠡᠭᠦᠯ ᠮᠡᠨᠳᠦ ᠶᠢ ᠬᠢᠨᠠᠨ ᠬᠡᠮᠵᠢᠬᠦ ᠤᠶᠢᠯᠡᠴᠢᠯᠡᠬᠡᠨ ᠤ ᠪᠠᠲᠤᠯᠠᠭ᠎ᠠ ᠶᠢᠨ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠪᠠᠶᠢᠩᠭᠤᠵᠢᠯᠳᠠ ᠪᠠᠷ ᠰᠡᠷᠭᠡᠶᠢᠯᠡᠨ ᠡᠵᠡᠮᠳᠡᠬᠦ ᠠᠵᠢᠯ ᠢᠳᠡᠪᠬᠢᠲᠡᠶ ᠦᠷ᠎ᠡ ᠪᠦᠲᠦᠮᠵᠢ ᠤᠯᠪᠠ᠃ | ᠡᠮᠴᠢᠯᠡᠭᠡᠨ ᠤ ᠳᠠᠭᠠᠳᠬᠠᠯ ᠢ ᠰᠢᠭᠤᠳ ᠳ᠋ᠦᠩᠨᠡᠨ ᠪᠤᠳᠤᠬᠤ ᠶᠢ ᠠᠬᠢᠭᠤᠯᠵᠤ᠂ ᠰᠢᠭᠤᠳ ᠳ᠋ᠦᠩᠨᠡᠨ ᠪᠤᠳᠤᠬᠤ ᠨᠣᠷᠮ᠎ᠠ 90% ᠠᠴᠠ ᠳᠡᠭᠡᠭᠰᠢ ᠳᠤ ᠬᠦᠷᠪᠠ᠃ | ᠠᠶᠤᠯᠬᠦᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠦᠬᠦ ᠲᠤᠭᠤᠷᠢᠭ ᠤᠨ ᠠᠶᠤᠯᠬᠦᠢ | ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ | ᠣᠨᠴᠠ ᠬᠦᠴᠢᠷᠳᠡᠯᠲᠡᠶ ᠬᠥᠮᠦᠰ᠂ ᠠᠰᠠᠷᠠᠨ ᠬᠠᠷᠠᠭᠠᠯᠵᠠᠬᠤ ᠡᠲᠡᠭᠡᠳ ᠤᠨ ᠦᠨᠳᠦᠰᠦᠨ ᠠᠮᠢᠳᠤᠷᠠᠯ ᠵᠢᠴᠢ ᠡᠮᠴᠢᠯᠡᠭᠡᠨ ᠤ ᠬᠠᠷᠠᠭᠠᠯᠵᠠᠯ ᠢ ᠨᠠᠶᠢᠳᠠᠪᠤᠷᠢᠵᠢᠭᠤᠯᠬᠤ ᠶᠢ | ᠪᠥᠬᠦ ᠬᠦᠴᠦᠨ ᠢᠶᠠᠷ ᠢᠶᠠᠨ ᠪᠠᠳᠤᠯᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠪᠢᠯᠧᠲ ᠦᠭᠴᠦ ᠲᠣᠭᠲᠠᠭᠠᠭᠰᠠᠨ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠤᠶᠢᠯ ᠢ ᠪᠡᠶᠡᠯᠡᠭᠦᠯᠪᠡ᠃ | ︵ᠵᠢᠷᠭᠤᠭ᠎ᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠵᠢᠯ ᠢᠯᠡᠳᠲᠡ ᠦᠷ᠎ᠡ ᠪᠦᠲᠦᠮᠵᠢ ᠣᠯᠪᠠ᠃ ᠬᠠᠷᠢᠴᠠᠩᠭᠤᠶ ᠪᠠᠷ ᠲᠥᠪᠯᠡᠷᠡᠭᠰᠡᠨ ᠵᠠᠰᠠᠭ | ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠪᠥᠬᠦ ᠬᠦᠴᠦᠨ ᠢᠶᠠᠷ ᠠᠬᠢᠭᠤᠯᠵᠤ᠂ ︽ᠨᠢᠭᠡ | ᠰᠦᠯᠵᠢᠶ᠎ᠡ ᠪᠠᠷ ᠬᠦᠢᠴᠡᠳᠬᠡᠬᠦ︾᠂ ︽ᠠᠯᠠᠭᠠᠨ ᠳᠡᠭᠡᠷ᠎ᠡ ᠬᠦᠢᠴᠡᠳᠬᠡᠬᠦ︾᠂ ︽ᠨᠢᠭᠡ ᠯᠡ ᠤᠳᠠᠭ᠎ᠠ ᠳᠤ ᠬᠦᠢᠴᠡᠳᠬᠡᠬᠦ︾᠂ ︽ᠲᠠᠨ ᠢ ᠬᠠᠪᠰᠤᠷᠤᠨ ᠬᠦᠢᠴᠡᠳᠬᠡᠬᠦ | ︾ ᠤᠶᠤᠨᠴᠢ ᠵᠠᠰᠠᠭ ᠤᠨ ᠶᠠᠪᠤᠳᠠᠯ ᠤᠨ ᠤᠶᠢᠯᠡᠴᠢᠯᠡᠭᠡ ᠶᠢ ᠭᠦᠨᠵᠡᠭᠡᠶᠢᠷᠡᠭᠦᠯᠵᠦ᠂ ︽ᠪᠥᠬᠦ ᠶᠠᠪᠤᠴᠠ ᠶᠢ ᠰᠦᠯᠵᠢᠶ᠎ᠡ ᠪᠠᠷ ᠬᠦᠢᠴᠡᠳᠬᠡᠬᠦ ᠨᠣᠷᠮ᠎ᠠ︾᠂ ︽ᠨᠢᠭᠡ ᠯᠡ | ᠤᠳᠠᠭ᠎ᠠ ᠭᠦᠶᠦᠬᠦ︾ ᠨᠤᠷᠮ᠎ᠠ 94% ᠪᠠ 100% ᠳᠤ ᠬᠦᠷᠴᠦ᠂ ᠪᠥᠬᠦ ᠵᠢᠯ ᠳᠤ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ | 12937 ᠡᠷᠦᠬᠡ ᠪᠠᠶᠢᠵᠤ᠂ 16.5% ᠪᠠᠷ ᠨᠡᠮᠡᠭᠳᠡᠪᠡ᠃ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠲᠣ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠤᠭᠤᠷᠢᠭ ᠤᠨ ᠬᠠᠷᠢᠶ᠎ᠠ | ᠪᠥᠬᠦᠶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠣᠳᠠᠲᠤ ᠴᠣᠭᠴᠠᠵᠢᠭᠰᠠᠨ ᠠᠵᠢᠯᠯᠠᠭᠠᠨ ᠪᠠ ᠥᠷᠢᠰᠦᠯᠳᠦᠬᠦ ᠬᠦᠴᠦᠨ ᠤ ᠳᠡᠭᠡᠭᠰᠢᠯᠡᠯᠲᠡ ᠶᠢ ᠴᠢᠩᠭ᠎ᠠ | ᠠᠳᠬᠤᠪᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ | ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠤᠷᠢ ᠶᠢᠨ ᠠᠵᠤ ᠠᠬᠤᠶᠢᠯᠠᠯ ᠤᠨ ︽ᠭᠤᠷᠪᠠ ᠶᠢ ᠦᠭᠡᠶᠢᠰᠬᠡᠬᠦ︾ ᠠᠵᠢᠯᠯᠠᠭ᠎ᠠ ᠶᠢ ᠡᠮᠬᠢ ᠵᠢᠷᠤᠮ ᠲᠠᠢ ᠥᠷᠨᠢᠭᠦᠯᠵᠦ | ᠂ ᠵᠦᠪᠰᠢᠶᠡᠷᠡᠭᠳᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ᠂ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢᠨ ᠲᠥᠷᠥᠯ ᠵᠤᠶᠢᠯ 62 ᠪᠠᠶᠢᠵᠤ᠂ 5000 | ᠲᠦᠮᠡᠨ ᠲᠥᠭᠦᠷᠢᠭ ᠤᠨ ᠪᠠᠯᠠ ᠮᠥᠩᠭᠦ ᠶᠢ ᠲᠡᠮᠡᠴᠡᠨ ᠤᠯᠪᠠ᠃ | ᠲᠥᠯᠥᠭᠡᠯᠡᠭᠴᠢᠳ ᠡ᠂ ᠰᠠᠶ᠋ᠢᠬᠠᠨ ᠥᠩᠭᠡᠷᠡᠭᠰᠡᠨ ᠨᠢᠭᠡ ᠵᠢᠯ ᠳᠤ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠶ ᠲᠦᠯᠦᠪᠯᠡᠨ ᠠᠬᠢᠭᠤᠯᠵᠤ᠂ | ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠡᠷᠭᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠶ ᠲᠣᠭᠲᠠᠭᠤᠨ | ᠪᠠᠶᠢᠨ᠎ᠠ᠃ ᠲᠣᠰ ᠬᠤᠭᠤᠴᠠᠭᠠᠨ ᠤ ᠵᠠᠰᠠᠭ ᠤᠨ ᠣᠷᠳᠣᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠭᠰᠡᠨ ᠠᠴᠠ ᠨᠠᠭᠠᠰᠢ᠂ ᠠᠶᠤᠯ ᠲᠦᠭᠰᠢᠭᠦᠷᠢ ᠳᠠᠪᠬᠤᠴᠠᠭᠰᠠᠨ᠂ | ᠬᠢᠵᠢᠭ ᠤᠨ ᠪᠠᠶᠢᠳᠠᠯ ᠤᠨ ᠲᠠᠭᠠᠷᠢᠯᠲᠠ᠂ ᠬᠡᠯᠪᠡᠷᠢ ᠪᠠᠨ ᠬᠤᠪᠢᠷᠠᠭᠤᠯᠤᠨ ᠭᠡᠳᠡᠷᠭᠦ ᠰᠢᠬᠠᠮᠳᠠᠭᠤᠯᠤᠭᠰᠠᠨ ᠵᠡᠷᠭᠡ ᠠᠯᠢ ᠣᠯᠠᠨ ᠬᠥᠭᠵᠢᠯᠲᠡ ᠶᠢᠨ ᠣᠷᠴᠢᠨ | ᠲᠣᠭᠤᠷᠢᠨ ᠤ ᠬᠤᠪᠢᠷᠠᠯᠲᠠ ᠶᠢᠨ ᠡᠮᠦᠨ᠎ᠡ᠂ ᠪᠥᠬᠦ ᠲᠤᠭᠤᠷᠢᠭ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠲᠠᠶᠢᠴᠢᠯᠠᠵᠤ ᠵᠣᠷᠢᠭᠲᠠᠶ ᠪᠠᠷ ᠪᠣᠭᠤᠮᠲᠠ ᠰᠢᠪᠲᠤᠯᠵᠤ | ᠂ ᠵᠣᠷᠢᠭᠲᠠᠶ ᠪᠠᠷ ᠲᠡᠮᠡᠴᠡᠵᠦ᠂ ᠠᠶᠤᠯ ᠲᠦᠭᠰᠢᠭᠦᠷᠢ ᠶᠢ ᠠᠵᠠ ᠲᠣᠬᠢᠶᠠᠯ ᠪᠣᠯᠭᠠᠨ ᠬᠤᠪᠢᠷᠠᠭᠤᠯᠵᠤ᠂ ︽ᠣᠷᠣᠨ ᠪᠦᠰᠡ ᠶᠢᠨ ᠶᠡᠷᠦᠩᠬᠡᠶ ᠬᠡᠮᠵᠢᠶ᠎ᠡ︾ ᠶᠢ | ᠪᠤᠵᠠᠭᠠᠶᠢᠷᠠᠭᠤᠯᠵᠤ᠂ ︽ᠠᠵᠤ ᠠᠬᠤᠶ ᠶᠢᠨ ᠨᠡᠮᠡᠭᠳᠡᠯ︾ ᠢ ᠰᠢᠯᠢᠳᠡᠭᠵᠢᠭᠦᠯᠵᠦ᠂ ︽ᠠᠵᠤ ᠤᠶᠢᠯᠡᠰ ᠤᠨ ᠬᠠᠳᠠᠭᠠᠯᠠᠯᠲᠠ︾ ᠶᠢ ᠲᠠᠰ ᠳᠡᠪᠰᠢᠭᠦᠯᠵᠦ᠂ ︽ᠠᠮᠢ | ᠠᠬᠤᠶ ᠶᠢᠨ ᠪᠠᠭᠲᠠᠭᠠᠮᠵᠢ︾ ᠶᠢ ᠨᠡᠮᠡᠭᠳᠡᠭᠦᠯᠵᠦ᠂ ︽ᠠᠶᠤᠯ ᠲᠦᠭᠰᠢᠭᠦᠷᠢ ᠶᠢᠨ ᠬᠤᠪᠢᠰᠤᠭᠴᠢ︾ ᠶᠢ ᠬᠠᠮᠢᠶᠠᠷᠤᠨ ᠡᠵᠡᠮᠳᠡᠵᠦ᠂ ᠪᠢᠳᠡ ᠳ᠋ᠦᠩᠱᠧᠩ ᠤᠨ ᠴᠢᠨᠠᠷ | ᠰᠠᠶᠢᠲᠠᠶ ᠬᠥᠭᠵᠢᠯᠲᠡ ᠶᠢ ᠪᠡᠶᠡᠯᠡᠭᠦᠯᠬᠦ ᠰᠢᠨ᠎ᠡ ᠠᠶᠠᠨ ᠳᠤ ᠯᠠᠪᠳᠠᠭᠤᠨ ᠪᠠᠲᠤᠲᠠᠶ ᠨᠢᠬᠡ ᠠᠯᠬᠤᠮ ᠢ ᠠᠯᠬᠤᠪᠠ᠃ | ᠪᠢᠳᠡ ᠨᠡᠮᠡᠭᠳᠡᠯ ᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠵᠤ᠂ ᠭᠠᠵᠠᠷ ᠣᠷᠣᠨ ᠤ ᠶᠡᠷᠦᠩᠬᠡᠶᠢᠯᠡᠭᠰᠡᠨ ᠪᠣᠳᠠᠲᠤ ᠬᠦᠴᠦᠨ | ᠢᠯᠡᠳᠲᠡ ᠳᠡᠭᠡᠭᠰᠢᠯᠡᠪᠡ᠃ ᠪᠥᠬᠦ ᠲᠤᠭᠤᠷᠢᠭ ᠤᠨ ᠬᠦᠴᠦᠨ ᠳᠤ ᠲᠦᠰᠢᠭᠯᠡᠨ ᠨᠢᠭᠡ ᠪᠦᠯᠦᠭ ᠬᠡᠷ ᠪᠠᠶᠢᠰᠢᠩ ᠭᠠᠵᠠᠷ ᠬᠥᠷᠥᠩᠭᠡ᠂ ᠠᠷᠠᠳ ᠤᠨ ᠬᠤᠭᠤᠷᠣᠨᠳᠣᠬᠢ | ᠵᠢᠭᠡᠯᠡᠯᠭᠡ᠂ ᠵᠠᠰᠠᠭ ᠤᠨ ᠣᠷᠳᠣᠨ ᠤ ᠦᠷᠢ ᠥᠭᠴᠡᠭᠡ ᠵᠡᠷᠭᠡ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠤᠷᠢᠯᠡᠵᠤ᠂ ᠣᠷᠣᠨ ᠪᠦᠰᠡ ᠶᠢᠨ | ᠴᠢᠨᠠᠷᠲᠠᠶ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠪᠠ᠃ ᠭᠤᠤᠯ ᠪᠣᠯᠬᠤ ᠠᠵᠤ ᠠᠬᠤᠶ ᠶᠢᠨ ᠬᠦᠢᠴᠡᠳᠬᠡᠯ | ᠲᠤᠭ᠎ᠠ ᠶᠢᠨ ᠶᠡᠷᠦᠩᠬᠡᠶ ᠬᠡᠮᠵᠢᠶ᠎ᠡ ᠪᠠ ᠨᠡᠮᠡᠭᠳᠡᠯ ᠤᠨ ᠬᠤᠷᠳᠤᠴᠠ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠵᠤ᠂ ᠭᠠᠵᠠᠷ ᠣᠷᠣᠨ ᠤ ᠤᠶᠢᠯᠡᠳᠪᠤᠷᠢᠯᠡᠯ ᠤᠨ | ᠶᠡᠷᠦᠩᠬᠡᠶ ᠥᠷᠲᠡᠭ ᠵᠢᠯ ᠪᠦᠷᠢ ᠳᠤᠮᠳᠠᠴᠢ ᠪᠠᠷ 3.3% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠤᠷᠢ ᠶᠢᠨ ᠨᠡᠮᠡᠭᠳᠡᠯ ᠥᠷᠲᠡᠭ ᠵᠢᠯ | ᠪᠦᠷᠢ ᠳᠤᠮᠳᠠᠴᠢ ᠪᠠᠷ 2% ᠢᠶᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ ᠪᠤᠷᠤᠯᠠᠭᠤᠯᠤᠭᠰᠡᠨ ᠶᠡᠷᠦᠩᠬᠡᠶ ᠲᠤᠭ᠎ᠠ ᠵᠢᠯ ᠪᠦᠷᠢ ᠳᠤᠮᠳᠠᠴᠢ ᠪᠠᠷ | 3.5% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠢᠯ ᠪᠦᠷᠢ ᠳᠤᠮᠳᠠᠴᠢ ᠪᠠᠷ 10% ᠨᠡᠮᠡᠭᠳᠡᠵᠦ᠂ ᠬᠤᠲᠠ ᠪᠠᠯᠭᠠᠰᠤ ᠶᠢᠨ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠲᠤᠬᠢᠷᠠᠭᠤᠯᠵᠤ ᠪᠣᠯᠬᠤ ᠣᠷᠣᠯᠭ᠎ᠠ ᠵᠢᠯ ᠪᠦᠷᠢ ᠳᠤᠮᠳᠠᠴᠢ ᠪᠠᠷ 5.2% ᠢᠶᠠᠷ ᠨᠡᠮᠡᠭᠳᠡᠵᠦ᠂ | ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠪᠥᠬᠦ ᠤᠯᠤᠰ ᠤᠨ ᠵᠠᠭᠤᠨ ᠬᠦᠴᠦᠷᠬᠡᠭ ᠲᠤᠭᠤᠷᠢᠭ ᠲᠤ ᠵᠢᠭᠰᠠᠭᠠᠭᠳᠠᠪᠠ᠃ ᠣᠳᠣ ᠦᠶ᠎ᠡ ᠶᠢᠨ ᠠᠵᠤ | ᠦᠢᠯᠡᠰ ᠤᠨ ᠲᠤᠭᠳᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠭᠦᠷᠡᠰᠦ᠂ ᠨᠣᠯᠤᠤᠷ ᠨᠡᠬᠡᠮᠡᠯ ᠵᠡᠷᠭᠡ ᠤᠯᠠᠮᠵᠢᠯᠠᠯᠲᠤ ᠠᠵᠤ ᠦᠢᠯᠡᠰ ᠢ | ᠤᠶᠤᠨᠴᠢᠯᠠᠬᠤ᠂ ᠪᠣᠬᠢᠷᠲᠤᠯ ᠦᠭᠡᠶᠢᠳᠡᠭᠦᠯᠦᠨ ᠥᠭᠡᠷᠡᠴᠢᠯᠡᠵᠦ ᠳᠡᠰ ᠳᠡᠪᠰᠢᠭᠦᠯᠬᠦ ᠦᠷ᠎ᠡ ᠪᠦᠲᠦᠮᠵᠢ ᠢᠯᠡᠷᠬᠡᠶ ᠪᠠᠶᠢᠵᠤ᠂ ᠨᠡᠭᠦᠷᠡᠰᠦ ᠶᠢ ᠨᠡᠶᠢᠲᠡ 3.6 ᠳ᠋ᠦᠩᠰᠢᠭᠤᠷ | ᠲᠣᠨ ᠤᠶᠢᠯᠡᠳᠪᠤᠷᠢᠯᠡᠨ ᠪᠣᠷᠣᠯᠠᠭᠤᠯᠵᠤ᠂ ᠨᠣᠯᠤᠤᠷ ᠤᠨ ᠪᠦᠲᠦᠭᠡᠭᠳᠡᠬᠦᠨ ᠤ ᠵᠢᠯ ᠪᠦᠷᠢ ᠶᠢᠨ ᠳᠤᠮᠳᠠᠴᠢ ᠤᠶᠢᠯᠡᠳᠪᠤᠷᠢᠯᠡᠯ ᠤᠨ ᠬᠡᠮᠵᠢᠶ᠎ᠠ 500 ᠲᠦᠮᠡᠨ | ᠵᠠᠬ᠎ᠠ ᠠᠴᠠ ᠳᠡᠭᠡᠭᠰᠢ ᠳᠤ ᠬᠦᠷᠪᠡ᠃ ᠴᠢ ᠷᠦᠢ ᠰᠢᠨ᠎ᠡ ᠡᠨᠧᠷᠭᠢ ᠶᠢᠨ ᠮᠠᠰᠢᠨ ᠲᠡᠷᠭᠡ᠂ ᠵᠦᠩ ᠴᠧ ᠰᠠᠯᠬᠢᠨ ᠬᠦᠴᠦᠨ ᠤ ᠮᠠᠰᠢᠨ ᠤ ᠪᠦᠬᠦᠯᠢ ᠮᠠᠰᠢᠨ᠂ ᠱᠠᠨ ᠾᠧ | ᠵᠢᠤᠢ ᠳ᠋ᠢᠩ ᠠᠭᠤᠷᠬᠠᠢ ᠳᠤ ᠬᠡᠷᠡᠭᠯᠡᠬᠦ ᠮᠠᠰᠢᠨ ᠮᠧᠬᠠᠨᠢᠭ ᠦᠢᠯᠡᠳᠬᠦ ᠵᠡᠷᠭᠡ ᠴᠢᠬᠤᠯᠠ ᠶᠡᠭᠡ ᠲᠥᠷᠥᠯ ᠵᠦᠢᠯ ᠢ ᠣᠷᠣᠭᠤᠯᠵᠤ᠂ ᠡᠯᠧᠺᠲᠷᠣᠨ ᠦᠢᠯᠡᠳᠬᠦᠨ ᠢ | ᠦᠢᠯᠡᠳᠬᠦ᠂ ᠮᠠᠰᠢᠨ ᠲᠡᠷᠭᠡ ᠵᠢᠴᠢ ᠰᠡᠯᠪᠢᠭ ᠲᠣᠨᠤᠭ ᠦᠢᠯᠡᠳᠬᠦ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠡᠨᠧᠷᠭᠢ ᠠᠷᠪᠢᠯᠠᠨ ᠣᠷᠴᠢᠨ | ᠲᠣᠭᠤᠷᠢᠨ ᠢ ᠬᠠᠮᠠᠭᠠᠯᠠᠬᠤ᠂ ᠰᠢᠨ᠎ᠡ ᠮᠠᠲ᠋ᠧᠷᠢᠶᠠᠯ ᠵᠡᠷᠭᠡ ᠲᠠᠪᠤᠨ ᠶᠡᠭᠡ ᠠᠵᠤ ᠦᠢᠯᠡᠰ ᠤᠨ ᠰᠦᠷᠦᠭᠵᠢᠯ ᠢ ᠪᠦᠷᠢᠯᠳᠦᠭᠦᠯᠵᠦ᠂ ᠲᠣᠨᠤᠭ ᠲᠥᠬᠦᠭᠡᠷᠦᠮᠵᠢ ᠦᠢᠯᠡᠳᠬᠦ | ᠦᠢᠯᠡᠰ ᠨᠢ ᠪᠣᠬᠢᠷᠲᠤᠯ ᠥᠬᠡᠶ᠂ ᠣᠶᠤᠨᠴᠢ᠂ ᠰᠦᠷᠦᠭᠵᠢᠬᠦ ᠲᠡᠰᠢ ᠤᠷᠤᠭᠰᠢᠯᠠᠵᠤ᠂ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ ᠥᠪᠡᠷᠲᠡᠭᠡᠨ | ᠵᠠᠰᠠᠬᠤ ᠣᠷᠣᠨ ᠤ ᠲᠡᠰ ᠤᠨ ᠠᠵᠤ ᠤᠶᠢᠯᠡᠳᠪᠤᠷᠢ ᠶᠢᠨ ᠬᠦᠷᠢᠶᠡᠯᠡᠩ ᠲᠣᠭᠤᠷᠢᠭ ᠪᠣᠯᠭᠠᠨ ᠳᠡᠰ ᠲᠡᠪᠰᠢᠬᠦᠯᠪᠠ᠃ ᠠᠷᠠᠯᠵᠢᠶ᠎ᠠ ᠬᠤᠳᠠᠯᠳᠤᠭ᠎ᠠ ᠪᠤᠳᠠᠰ ᠤᠨ ᠭᠦᠢᠯᠭᠡᠭᠡ | ᠂ ᠰᠣᠶᠣᠯ ᠵᠤᠭᠠᠴᠠᠯ᠂ ᠡᠷᠡᠬᠦᠯᠵᠢᠯ ᠨᠠᠰᠤᠵᠢᠯ ᠤᠨ ᠠᠰᠠᠷᠠᠮᠵᠢ ᠵᠡᠷᠭᠡ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠵᠦ᠂ ᠦᠢᠯᠡᠴᠢᠯᠡᠭᠡᠨ ᠤ | ᠦᠢᠯᠡᠰ ᠤᠨ ᠨᠡᠮᠡᠭᠳᠡᠯ ᠥᠷᠲᠡᠭ ᠨᠡᠶᠢᠲᠡ 1800 ᠳ᠋ᠦᠩᠰᠢᠭᠤᠷ ᠲᠥᠭᠦᠷᠢᠭ ᠢ ᠳᠠᠪᠠᠪᠠ᠃ | ᠪᠢᠳᠡ ᠰᠠᠭᠤᠷᠢ ᠪᠠᠨ ᠴᠢᠩᠭᠠᠳᠬᠠᠬᠤ᠂ ᠴᠢᠨᠠᠷ ᠲᠡᠰ ᠢ ᠳᠡᠭᠡᠭᠰᠢᠯᠡᠭᠦᠯᠬᠦ ᠪᠠᠷ ᠴᠢᠷᠮᠠᠶᠢᠵᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ | ᠠᠯᠬᠤᠴᠠ ᠲᠦᠷᠬᠡᠳᠪᠠ᠃ ᠪᠣᠯᠪᠠᠰᠤᠨ ᠬᠤᠲᠠ᠂ ᠡᠷᠡᠭᠦᠯ ᠬᠠᠮᠠᠭᠠᠯᠠᠯ ᠤᠨ ᠬᠤᠲᠠ᠂ ᠴᠡᠴᠡᠷᠯᠢᠭᠵᠢᠭᠰᠡᠨ ᠬᠤᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠨ | ᠂ ᠬᠤᠲᠠ ᠶᠢ ᠰᠢᠨᠡᠳᠬᠡᠬᠦ ᠪᠠ ᠵᠠᠰᠠᠬᠤ ᠠᠵᠢᠯᠯᠠᠭ᠎ᠠ ᠶᠢ ᠶᠡᠬᠡᠪᠡᠷ ᠠᠬᠢᠭᠤᠯᠵᠤ᠂ ᠬᠤᠲᠠ ᠶᠢᠨ ᠲᠣᠭᠤᠷᠢᠭ ᠤᠨ ᠵᠠᠮ ᠤᠨ ᠲᠤᠤᠷ ᠢ ᠲᠠᠰ ᠳᠡᠪᠰᠢᠭᠦᠯᠬᠦ᠂ ᠬᠠᠭᠤᠴᠢᠨ | ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠤᠶᠤᠨᠴᠢ ᠰᠠᠭᠤᠭᠠᠯᠢ ᠲᠣᠭᠤᠷᠢᠭ ᠢ ᠪᠥᠲᠥᠭᠡᠨ ᠪᠠᠶᠢᠭᠤᠯᠬᠤ᠂ ᠬᠤᠲᠠ ᠶᠢᠨ ᠶᠡᠷᠦᠩᠬᠡᠶᠢᠯᠡᠨ ᠵᠠᠰᠠᠬᠤ ᠵᠡᠷᠭᠡ | ᠠᠵᠢᠯ ᠢᠯᠡᠳᠲᠡ ᠦᠷ᠎ᠡ ᠪᠦᠲᠦᠮᠵᠢ ᠤᠯᠪᠠ᠃ ᠣᠷᠳᠣᠰ ᠤᠨ ᠳ᠋ᠦᠩᠱᠧᠩ ᠢᠶᠠᠷ ᠳᠡᠮᠵᠢᠨ ᠬᠥᠬᠡᠬᠤᠲᠠ ᠬᠥᠷᠬᠦ ᠲᠦᠷᠬᠡᠨ ᠤ ᠭᠠᠯᠳᠤ ᠲᠡᠷᠭᠡ ᠶᠢ ᠨᠡᠪᠳᠡᠷᠡᠬᠦᠯᠵᠤ᠂ | G65 ᠬᠤᠷᠳᠤᠨ ᠤ ᠵᠠᠰᠠᠮᠠᠯ ᠵᠠᠮ ᠢ ᠥᠷᠭᠡᠳᠬᠡᠨ ᠪᠠᠶᠢᠭᠤᠯᠬᠤ᠂ 109 ᠤᠯᠤᠰ ᠤᠨ ᠵᠠᠮ ᠤᠨ ᠳ᠋ᠦᠩᠱᠧᠩ ᠤᠨ ᠬᠡᠰᠡᠭ ᠢ ᠥᠷᠭᠡᠳᠬᠡᠨ ᠪᠠᠶᠢᠭᠤᠯᠬᠤ ᠵᠡᠷᠭᠡ ᠵᠠᠮ | ᠬᠠᠷᠢᠯᠴᠠᠭᠠᠨ ᠤ ᠨᠢᠬᠡ ᠪᠦᠯᠦᠭ ᠭᠤᠤᠯᠳᠠᠯᠭ᠎ᠠ ᠲᠠᠢ ᠲᠥᠷᠥᠯ ᠵᠤᠶᠢᠯ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠪᠡ᠃ ᠴᠠᠬᠢᠯᠭᠠᠨ ᠴᠡᠨᠡᠭᠯᠡᠬᠦ ᠱᠤᠩ᠂ 5G | ᠰᠦᠯᠵᠢᠶ᠎ᠡ᠂ ᠤᠰᠤᠲᠥ᠋ᠷᠥᠭᠴᠢ ᠨᠡᠮᠡᠬᠦ ᠥᠷᠲᠡᠭᠡ᠂ ᠴᠠᠬᠢᠯᠭᠠᠨ ᠬᠦᠷᠭᠡᠬᠦ ᠬᠤᠪᠢᠰᠬᠠᠬᠤ ᠥᠷᠲᠡᠭᠡ ᠵᠡᠷᠭᠡ ᠰᠠᠭᠤᠷᠢ ᠲᠦᠬᠦᠬᠡᠷᠦᠮᠵᠢ ᠶᠢ ᠰᠢᠰᠲ᠋ᠧᠮ ᠲᠠᠢ | ᠪᠠᠶᠢᠷᠢᠰᠢᠭᠤᠯᠵᠤ᠂ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠢᠯᠡᠳᠲᠡ ᠲᠡᠭᠡᠭᠰᠢᠯᠡᠬᠦᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ | ᠲᠠᠷᠢᠶᠠᠯᠠᠩ ᠤᠨ ᠬᠡᠪᠴᠢᠶᠡᠵᠢᠭᠰᠡᠨ᠂ ᠠᠵᠤ ᠤᠶᠢᠯᠡᠰᠵᠢᠭᠰᠡᠨ᠂ ᠲᠥᠷᠥᠯ ᠲᠡᠮᠳᠡᠭᠵᠢᠬᠦᠯᠦᠭᠰᠡᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠥᠳᠡᠭᠡ | ᠲᠣᠰᠬᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠬᠡ ᠠᠯᠬᠤᠮ ᠪᠠᠬᠢᠵᠢᠭᠦᠯᠪᠡ᠃ | ᠪᠢᠳᠡ ᠦᠷᠬᠡᠨ ᠢᠶᠠᠷ ᠪᠦᠷᠬᠦᠬᠦᠯᠵᠤ᠂ ᠬᠤᠷᠢᠭ᠎ᠠ ᠱᠤᠭᠤᠮ ᠢ ᠰᠠᠬᠢᠬᠤ ᠪᠠᠷ ᠴᠢᠷᠮᠠᠶᠢᠵᠤ᠂ ᠠᠷᠠᠳ ᠤᠯᠠᠨ ᠤ ᠪᠤᠶᠠᠨ ᠵᠢᠷᠭᠠᠯ ᠦᠷᠭᠦᠯᠵᠢᠯᠡᠨ ᠨᠡᠮᠡᠭᠳᠡᠪᠠ᠃ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ ᠠᠵᠢᠯ ᠣᠯᠭᠤᠯᠲᠠ ᠶᠢᠨ ᠪᠠᠶᠢᠳᠠᠯ ᠲᠣᠭᠲᠠᠭᠤᠨ ᠢᠶᠠᠷ ᠰᠠᠶᠢᠵᠢᠷᠠᠪᠠ᠃ | ᠰᠤᠷᠭᠠᠨ ᠬᠥᠮᠦᠵᠢᠯ ᠤᠨ ᠬᠦᠷᠢᠶ᠎ᠡ ᠬᠡᠪᠴᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠵᠤ᠂ 20 ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ ᠰᠢᠯᠭᠠᠯᠳᠠ ᠪᠠᠷ ᠲᠠᠮᠵᠢᠨ 1930 ᠪᠠᠭᠰᠢ ᠶᠢ ᠤᠷᠢᠨ | ᠡᠯᠰᠡᠵᠦ᠂ ᠰᠠᠭᠤᠷᠢ ᠲᠦᠬᠦᠬᠡᠷᠦᠮᠵᠢ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ ︽ | ᠡᠷᠡᠭᠦᠯ ᠮᠡᠨᠳᠦ ᠳ᠋ᠦᠩᠱᠧᠩ︾ ᠢ ᠭᠦᠨᠵᠡᠭᠡᠶ ᠠᠬᠢᠭᠤᠯᠵᠤ᠂ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠢᠨᠵᠧᠨᠧᠷᠢᠩ ᠢ ᠬᠡᠷᠡᠭᠵᠢᠭᠦᠯᠦᠨ᠂ ︽ | ᠵᠥᠷᠢᠶ᠎ᠡ ᠥᠬᠡᠶ ᠨᠣᠷᠮ᠎ᠠ︾ ᠪᠠᠷ ᠪᠣᠷᠣᠯᠠᠭᠤᠯᠬᠤ ᠪᠠ ︽ᠬᠤᠶᠠᠷ ᠪᠠᠷᠢᠮᠳᠠ ᠶᠢᠨ ᠲᠦᠷᠢᠮ︾ ᠢᠶᠠᠷ ᠬᠤᠳᠠᠯᠳᠤᠨ ᠠᠪᠴᠤ ᠪᠣᠷᠣᠯᠠᠭᠤᠯᠬᠤ ᠶᠢ ᠬᠡᠷᠡᠭᠵᠢᠭᠦᠯᠵᠦ᠂ | ︽ᠡᠮᠨᠡᠯᠬᠡ ᠶᠢᠨ ᠬᠤᠯᠪᠣᠭᠠᠲᠤ ᠴᠣᠭᠴᠠ︾ ︽ᠡᠮᠨᠡᠯᠬᠡ ᠶᠢᠨ ᠬᠠᠮᠲᠤ ᠶᠢᠨ ᠴᠣᠭᠴᠠ︾ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠪᠡ᠃ | ᠤᠯᠠᠭᠠᠨᠮᠥ᠋ᠴᠢᠷ ᠤᠨ ᠪᠠᠶᠢᠭᠤᠯᠤᠮᠵᠢ ᠶᠢᠨ ᠲᠦᠷᠢᠮ ᠢ ᠰᠡᠷᠭᠦᠭᠡᠨ᠂ ᠰᠣᠶᠣᠯ ᠤᠨ ᠣᠷᠳᠣᠨ ᠤ ᠬᠤᠪᠢᠶᠠᠷᠢ ᠣᠷᠳᠣᠨ 24᠂ ᠨᠣᠮ ᠤᠨ ᠰᠠᠩ ᠤᠨ ᠬᠤᠪᠢᠶᠠᠷᠢ ᠣᠷᠳᠣᠨ | 141 ᠶᠢ ᠪᠠᠶᠢᠭᠤᠯᠵᠤ᠂ ︽ᠪᠥᠬᠦ ᠤᠯᠤᠰ ᠤᠨ ᠪᠢᠴᠢᠭ ᠤᠨ ᠰᠤᠷᠪᠤᠯᠵᠢᠲᠤ ᠬᠤᠲᠠ︾ ᠪᠠᠷ ᠦᠨᠡᠯᠡᠭᠳᠡᠪᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠪᠠᠲᠤᠯᠠᠭ᠎ᠠ᠂ ᠡᠮ | ᠡᠮᠨᠡᠯᠭᠡ ᠶᠢᠨ ᠳᠠᠭᠠᠳᠬᠠᠯ ᠵᠡᠷᠭᠡ ᠶᠢᠨ ᠳᠠᠩᠰᠠ ᠲᠠᠶᠢᠯᠬᠤ ᠪᠠᠷᠢᠮᠵᠢᠶ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠵᠦ᠂ 2582 ᠢᠵᠢ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠶᠢ ᠪᠠᠶᠢᠭᠤᠯᠤᠨ ᠳᠠᠭᠤᠰᠬᠠᠵᠤ ᠲᠤᠰᠢᠶᠠᠨ ᠥᠭᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ ᠵᠠᠬᠢᠳᠠᠯ | ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠠᠵᠢᠯ ᠢ ᠨᠢᠭᠡᠳᠦᠯᠲᠡᠢ ᠲᠦᠯᠦᠪᠯᠡᠨ ᠠᠬᠢᠭᠤᠯᠵᠤ᠂ | ᠨᠡᠶᠢᠭᠡᠮ ᠤᠨ ᠶᠡᠭᠡ ᠲᠠᠯ᠎ᠠ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠪᠠᠶᠢᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ | ᠂ ᠠᠮᠤᠷ ᠲᠦᠪᠰᠢᠨ ᠤ ᠲᠦᠷᠦᠭᠳᠡᠯ ᠲᠠᠰᠤᠷᠠᠯᠳᠠ ᠦᠭᠡᠢ ᠲᠡᠬᠡᠭᠰᠢᠯᠡᠭᠳᠠᠪᠠ᠃ | ᠪᠢᠳᠡ ᠰᠡᠷᠭᠦᠭᠡᠨ ᠵᠠᠰᠠᠬᠤ ᠶᠢ ᠠᠳᠬᠤᠵᠤ᠂ ᠵᠠᠰᠠᠯᠲᠠ ᠶᠢ ᠴᠢᠩᠭᠠᠳᠬᠠᠬᠤ ᠪᠠᠷ ᠬᠦᠴᠦᠯᠡᠵᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠯᠡᠳᠲᠡ | ᠳᠡᠭᠡᠭᠰᠢᠯᠡᠪᠡ᠃ ᠣᠶ ᠰᠢᠭᠤᠶ ᠶᠢᠨ ᠳᠠᠷᠤᠭ᠎ᠠ ᠶᠢᠨ ᠲᠦᠷᠢᠮ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠤᠳᠠᠳᠠᠢ ᠪᠠᠷ | ᠨᠠᠶᠢᠳᠠᠪᠤᠷᠢᠵᠢᠭᠤᠯᠵᠤ᠂ ᠵᠠᠪᠰᠠᠷ ᠤᠨ ᠤᠰᠤ ᠶᠢ ᠶᠡᠷᠦᠩᠬᠡᠶᠢᠯᠡᠨ ᠠᠰᠢᠭᠯᠠᠬᠤ᠂ ᠤᠰᠤᠨ ᠰᠢᠰᠲ᠋ᠧᠮ ᠢ ᠵᠠᠰᠠᠬᠤ᠂ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ᠂ ᠠᠵᠤ ᠤᠶᠢᠯᠡᠳᠪᠤᠷᠢ ᠶᠢᠨ ᠲᠤᠭᠤᠰᠤᠨ ᠲᠡᠭᠳᠡᠯ ᠢ ᠬᠠᠮᠢᠶᠠᠷᠤᠨ ᠡᠵᠡᠮᠳᠡᠬᠦ᠂ ᠠᠮᠢ ᠠᠬᠤᠶ ᠶᠢ ᠰᠡᠷᠭᠦᠭᠡᠨ ᠵᠠᠰᠠᠬᠤ ᠵᠡᠷᠭᠡ ᠨᠢᠭᠡ ᠪᠦᠯᠦᠭ | ᠪᠠᠷᠢᠯᠭ᠎ᠠ ᠶᠢᠨ ᠲᠥᠷᠥᠯ ᠵᠤᠶᠢᠯ ᠢ ᠨᠢᠭᠡᠳᠦᠯᠲᠡᠶ ᠲᠦᠯᠦᠪᠯᠡᠨ ᠬᠡᠷᠡᠭᠵᠢᠭᠦᠯᠵᠦ᠂ 5697 ᠾᠧᠺᠲ᠋ᠠᠷ ᠠᠭᠤᠷᠬᠠᠶ ᠶᠢᠨ ᠤᠷᠤᠨ ᠢ ᠨᠣᠭᠤᠭᠠᠷᠠᠭᠤᠯᠤᠨ ᠳᠠᠬᠢᠨ | ᠬᠠᠭᠠᠯᠪᠤᠷᠢᠯᠠᠵᠤ᠂ 35 ᠲᠡᠭᠰᠢ ᠳᠥᠷᠪᠡᠯᠵᠢᠨ ᠺᠢᠯᠣᠮᠧᠲᠷ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠵᠤ᠂ ᠤᠯᠤᠰ ᠤᠨ ᠲᠠᠰ ᠤᠨ ᠪᠣᠬᠢᠷᠲᠤᠯ ᠥᠬᠡᠶ | ᠠᠭᠤᠷᠬᠠᠶ ᠶᠢ 4 ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢ 20 ᠪᠠᠶᠢᠭᠤᠯᠵᠤ᠂ ᠣᠷᠴᠢᠨ ᠲᠣᠭᠤᠷᠢᠨ ᠤ | ᠠᠭᠠᠷ ᠤᠨ ᠶᠠᠰᠤ ᠴᠢᠨᠠᠷ ᠤᠨ ᠰᠢᠯᠢᠳᠡᠭ ᠤᠨ ᠨᠣᠷᠮ᠎ᠠ ᠶᠢ 85% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠲᠦᠮᠵᠢᠲᠡᠶ ᠴᠡᠭᠴᠡᠯᠡᠨ ᠰᠠᠶᠢᠵᠢᠷᠠᠭᠤᠯᠵᠤ᠂ ︽ᠪᠦᠬᠦ ᠤᠯᠤᠰ ᠤᠨ | ᠪᠣᠬᠢᠷᠲᠤᠯ ᠦᠭᠡᠢ ᠬᠥᠭᠵᠢᠯᠲᠡ ᠶᠢᠨ ᠵᠠᠭᠤᠨ ᠬᠦᠴᠦᠷᠬᠡᠭ ᠲᠤᠭᠤᠷᠢᠭ︾ ᠢᠶᠠᠷ ᠦᠨᠡᠯᠡᠭᠳᠡᠪᠡ᠃ | ᠪᠢᠳᠡ ᠥᠭᠡᠷᠡᠴᠢᠯᠡᠯᠲᠡ ᠶᠢ ᠠᠬᠢᠭᠤᠯᠬᠤ᠂ ᠰᠢᠨ᠎ᠡ ᠶᠢ ᠡᠭᠦᠳᠬᠦ ᠪᠠᠷ ᠬᠦᠴᠦᠯᠡᠨ ᠴᠢᠷᠮᠠᠶᠢᠵᠤ᠂ ᠭᠠᠵᠠᠷ ᠣᠷᠣᠨ ᠤ ᠬᠥᠭᠵᠢᠯᠲᠡ ᠶᠢᠨ ᠠᠮᠢᠵᠢᠷᠠᠯ ᠤᠨ | ᠬᠦᠴᠦᠨ ᠢ ᠪᠦᠲᠦᠮᠵᠢᠲᠡᠢ ᠬᠥᠭᠵᠢᠭᠡᠪᠡ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠣᠭᠠᠨ ᠤ ᠥᠭᠡᠷᠡᠴᠢᠯᠡᠯᠲᠡ ᠳᠤ ᠣᠯᠠᠨ ᠲᠠᠯ᠎ᠠ ᠪᠠᠷ | ᠰᠢᠪᠲᠤᠯᠤᠯᠲᠠ ᠭᠠᠷᠭᠠᠬᠤ ᠶᠢ ᠪᠡᠶᠡᠯᠡᠭᠦᠯᠵᠦ᠂ ᠡᠯ᠎ᠡ ᠲᠥᠷᠥᠯ ᠤᠨ ᠥᠭᠡᠷᠡᠴᠢᠯᠡᠯᠲᠡ ᠶᠢᠨ ᠡᠭᠦᠷᠭᠡ ᠶᠢ ᠨᠡᠶᠢᠲᠡ 319 ᠵᠤᠶᠢᠯ ᠪᠡᠶᠡᠯᠡᠭᠦᠯᠵᠦ᠂ ︽ᠬᠡᠷ ᠪᠠᠶᠢᠰᠢᠩ | ᠭᠠᠵᠠᠷ ᠬᠦᠷᠦᠩᠬᠡ ᠶᠢᠨ ᠪᠢᠯᠧᠲ᠂ ᠲᠥᠬᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠪᠠ ᠲᠥᠪᠬᠢᠨᠡᠭᠦᠯᠬᠦ︾᠂ ︽ᠨᠢᠭᠡ ᠰᠤᠷᠭᠠᠭᠤᠯᠢ | ᠬᠤᠶᠠᠷ ᠬᠦᠷᠢᠶ᠎ᠡ᠂ ᠪᠦᠯᠦᠭᠵᠢᠭᠦᠯᠦᠨ ᠰᠤᠷᠭᠠᠭᠤᠯᠢ ᠡᠷᠭᠢᠯᠡᠬᠦ︾ ᠵᠡᠷᠭᠡ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ 30 ᠵᠤᠶᠢᠯ ᠪᠦᠷᠢᠯᠳᠦᠭᠦᠯᠪᠡ᠃ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠯᠠ ᠣᠷᠣᠭᠤᠯᠤᠯᠲᠠ ᠶᠢᠨ ᠲᠥᠷᠥᠯ ᠵᠤᠶᠢᠯ ᠤᠨ ︽ᠨᠢᠭᠡ | ᠦᠷᠳᠡᠬᠡᠴᠢᠯᠡᠭᠰᠡᠨ ᠮᠠᠶ᠋ᠢᠭ︾ ᠤᠨ ᠤᠶᠢᠯᠡᠴᠢᠯᠡᠬᠡᠨ ᠤ ᠲᠥᠪ ᠢ ᠪᠠᠶᠢᠭᠤᠯᠤᠨ ᠳᠠᠭᠤᠰᠬᠠᠵᠤ᠂ ᠨᠡᠶᠢᠯᠡᠭᠦᠯᠦᠨ ᠬᠢᠨᠠᠨ ᠵᠥᠪᠰᠢᠶᠡᠷᠡᠬᠦ᠂ ᠲᠤᠳᠠᠭᠤ ᠵᠤᠶᠢᠯ ᠢ ᠪᠠᠭᠳᠠᠭᠠᠵᠤ | ᠭᠥᠯᠢᠶᠡᠨ ᠠᠪᠴᠤ ᠬᠢᠨᠠᠨ ᠵᠥᠪᠰᠢᠶᠡᠷᠡᠬᠦ᠂ ᠠᠮᠠᠯᠠᠯᠲᠠ ᠬᠢᠵᠦ ᠬᠢᠨᠠᠨ ᠵᠥᠪᠰᠢᠶᠡᠷᠡᠬᠦ ᠶᠢ ᠮᠡᠳᠡᠭᠳᠡᠬᠦ ᠶᠢ ᠶᠡᠬᠡᠪᠡᠷ ᠬᠡᠷᠡᠭᠵᠢᠭᠦᠯᠦᠨ᠂ ᠠᠵᠤ ᠠᠬᠤᠶᠢᠯᠠᠯ ᠪᠠ ᠣᠯᠠᠨ | ᠲᠦᠮᠡᠨ ᠤ ᠠᠵᠢᠯ ᠶᠠᠪᠤᠳᠠᠯ ᠬᠦᠢᠴᠡᠳᠬᠡᠬᠦ ᠳᠤ ᠲᠥᠬᠦᠮ ᠦᠵᠡᠬᠦᠯᠬᠦ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠵᠦ᠂ ᠵᠠᠬ᠎ᠠ ᠳᠡᠯᠭᠡᠭᠦᠷ ᠤᠨ | ᠭᠤᠤᠯ ᠴᠣᠭᠴᠠ ᠵᠢᠯ ᠪᠦᠷᠢ ᠳᠤᠮᠳᠠᠴᠢ ᠪᠠᠷ 16.4% ᠪᠠᠷ ᠨᠡᠮᠡᠭᠳᠡᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠦᠷᠭᠦᠯᠵᠢᠯᠡᠨ | ᠳᠡᠭᠡᠭᠰᠢᠯᠡᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠡᠰ ᠤᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠶᠢ 6 ᠪᠠᠶᠢᠭᠤᠯᠵᠤ᠂ | ᠤᠯᠤᠰ ᠤᠨ ᠲᠡᠬᠡᠳᠤ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 27 ᠪᠠᠲᠤᠯᠠᠵᠤ᠂ ︽ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠵᠠᠭᠤᠨ ᠬᠦᠴᠦᠷᠬᠡᠭ ᠲᠤᠭᠤᠷᠢᠭ︾᠂ ︽ᠪᠦᠬᠦ ᠤᠯᠤᠰ ᠤᠨ ᠰᠢᠨ᠎ᠡ ᠶᠢ ᠡᠬᠦᠳᠴᠦ ᠦᠢᠯᠡᠰ ᠪᠣᠰᠬᠠᠬᠤ ᠵᠠᠭᠤᠨ ᠬᠦᠴᠦᠷᠬᠡᠭ ᠲᠤᠭᠤᠷᠢᠭ︾ ᠢᠶᠠᠷ ᠦᠨᠡᠯᠡᠭᠳᠡᠪᠡ᠃ | ᠪᠢᠳᠡ ᠰᠤᠷᠲᠠᠯ ᠢᠶᠠᠨ ᠬᠤᠪᠢᠷᠠᠭᠤᠯᠬᠤ᠂ ᠦᠷ᠎ᠡ ᠪᠦᠲᠦᠮᠵᠢ ᠪᠠᠨ ᠨᠡᠮᠡᠭᠳᠡᠭᠦᠯᠬᠦ ᠪᠠᠷ ᠴᠢᠷᠮᠠᠶᠢᠵᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ | ᠪᠦᠬᠦ ᠲᠠᠯ᠎ᠠ ᠪᠠᠷ ᠴᠢᠩᠭᠠᠳᠬᠠᠪᠠ᠃ | ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠦᠵᠢᠯ ᠪᠠ ︽ᠣᠭ ᠰᠠᠨᠠᠭ᠎ᠠ ᠪᠠᠨ ᠥᠯᠥ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠯᠠᠪᠳᠠᠭᠤᠨ ᠪᠠᠲᠤᠲᠠᠶ ᠦᠷᠨᠢᠬᠦᠯᠪᠠ᠃ ᠬᠠᠤᠯᠢ ᠪᠠᠷ ᠲᠤᠭᠤᠷᠢᠭ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠤ᠂ ᠵᠠᠰᠠᠭ ᠤᠨ ᠣᠷᠳᠣᠨ ᠲᠠᠢ ᠬᠤᠯᠪᠣᠭᠳᠠᠭᠰᠠᠨ | 66 ᠬᠡᠷᠡᠭ ᠢ ᠬᠠᠤᠯᠢ ᠶᠣᠰᠣᠭᠠᠷ ᠰᠢᠢᠳᠪᠦᠷᠢᠯᠡᠪᠡ᠃ ︽ᠭᠤᠷᠪᠠᠨ ᠴᠢᠬᠤᠯᠠ ᠨᠢᠭᠡ ᠶᠡᠭᠡ︾ ᠶᠢᠨ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ | ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠴᠠᠭᠠᠵᠠ ᠶᠢᠨ ᠬᠢᠨᠠᠯᠲᠠ ᠲᠠᠯᠪᠢᠯᠳᠠ ᠪᠠ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ 477 ᠬᠤᠪᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ ᠤ 394 | ᠬᠤᠪᠢ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠰᠢᠢᠳᠪᠦᠷᠢᠯᠡᠪᠡ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠲᠥᠪᠯᠡᠷᠡᠭᠦᠯᠦᠨ ᠴᠡᠭᠴᠡᠯᠡᠨ ᠵᠠᠰᠠᠬᠤ᠂ ᠤᠢ | ᠰᠢᠭᠤᠢ ᠨᠤᠲᠤᠭ ᠪᠡᠯᠴᠢᠭᠡᠷ ᠢ ᠲᠤᠰᠬᠠᠢ ᠴᠡᠭᠴᠡᠯᠡᠨ ᠵᠠᠰᠠᠬᠤ᠂ ᠪᠠᠶᠢᠭᠠᠯᠢ ᠶᠢᠨ ᠡᠬᠢ ᠪᠠᠶᠠᠯᠢᠭ ᠢ ᠱᠠᠯᠠᠪᠳᠠᠭᠤᠯᠤᠨ ᠪᠠᠶᠢᠴᠠᠭᠠᠬᠤ᠂ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠲᠤᠰᠬᠠᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠢᠳᠡᠪᠬᠢᠲᠡᠢ ᠠᠬᠢᠭᠤᠯᠵᠤ᠂ | ᠢᠯᠡᠳᠲᠡ ᠦᠷ᠎ᠡ ᠪᠦᠲᠦᠮᠵᠢ ᠤᠯᠪᠠ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠡᠯ᠎ᠡ ᠬᠦᠷᠢᠶ᠎ᠡ ᠴᠠᠷᠠᠭ᠎ᠠ ᠳᠤ ᠲᠦᠷᠢᠮ ᠲᠣᠭᠲᠠᠭᠠᠯ ᠲᠣᠭᠲᠠᠭᠠᠬᠤ ᠶᠢ ᠦᠷᠭᠦᠯᠵᠢᠯᠡᠨ ᠠᠬᠢᠭᠤᠯᠵᠤ᠂ ᠬᠠᠤᠯᠢᠵᠢᠯ ᠵᠠᠰᠠᠭ ᠤᠨ ᠣᠷᠳᠣᠨ᠂ | ᠬᠦᠴᠦᠨ ᠴᠢᠳᠠᠪᠤᠷᠢ ᠲᠠᠢ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠤᠯᠪᠠ᠃ | ᠡᠭᠦᠨ ᠠᠴᠠ ᠭᠠᠳᠠᠨ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠤᠨ ᠠᠯᠪᠠᠨ ᠠᠴᠠ ᠬᠠᠯᠠᠭᠳᠠᠭᠰᠠᠳ᠂ ᠠᠷᠠᠳ ᠤᠨ ᠠᠭᠠᠷ ᠤᠨ | ᠰᠡᠷᠭᠡᠶᠢᠯᠡᠯᠲᠡ᠂ ᠲᠤᠭ᠎ᠠ ᠪᠦᠷᠢᠳᠬᠡᠯ ᠪᠠᠶᠢᠴᠠᠭᠠᠯᠲᠠ᠂ ᠴᠠᠭ ᠠᠭᠤᠷ ᠭᠠᠵᠠᠷ ᠬᠥᠳᠡᠯᠦᠯᠲᠡ᠂ ᠲᠠᠩᠰᠠ ᠡᠪᠬᠡᠮᠡᠯ ᠨᠢᠭᠤᠴᠠ ᠶᠢ ᠬᠠᠮᠠᠭᠠᠯᠠᠬᠤ᠂ ᠠᠮᠤ ᠪᠤᠳᠠᠭᠠᠨ ᠤ | ᠠᠮᠤᠷ ᠲᠦᠪᠰᠢᠨ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ᠂ ᠤᠶᠢᠯᠡᠳᠪᠤᠷᠢ | ᠬᠤᠳᠠᠯᠳᠤᠭᠠᠨ ᠤ ᠬᠤᠯᠪᠣᠭ᠎ᠠ᠂ ᠨᠠᠰᠤᠲᠠᠶᠢᠴᠤᠳ᠂ ᠵᠡᠮᠳᠡᠭᠴᠦᠳ ᠪᠣᠯᠤᠨ ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠠᠵᠢᠯ ᠴᠥᠮ ᠰᠢᠨ᠎ᠡ ᠳᠠᠪᠰᠢᠯᠲᠠ ᠲᠠᠢ | ᠪᠣᠯᠵᠠᠶ᠃ | ᠲᠥᠯᠥᠭᠡᠯᠡᠭᠴᠢᠳ ᠡ᠂ ᠥᠩᠭᠡᠷᠡᠭᠰᠡᠨ ᠬᠡᠳᠦᠨ ᠵᠢᠯ ᠳᠤ᠂ ᠪᠢᠳᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠠᠯᠬᠤᠮ ᠢ ᠠᠯᠬᠤᠵᠤ᠂ ᠰᠢᠨ᠎ᠡ ᠦᠷ᠎ᠡ ᠪᠦᠲᠦᠮᠵᠢ ᠤᠯᠪᠠ᠃ ᠡᠨᠡ ᠪᠣᠯ ᠳᠡᠭᠡᠳᠦ ᠱᠠᠲᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ | ᠰᠢᠢᠳᠪᠤᠷᠢᠳᠤ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠤᠯᠤᠰ | ᠲᠥᠷᠥ ᠶᠢᠨ ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠦᠲᠦᠮᠵᠢᠲᠡᠶ ᠪᠠᠷ ᠬᠢᠨᠠᠯᠲᠠ ᠲᠠᠯᠪᠢᠵᠤ᠂ ᠬᠦᠴᠦᠲᠡᠶ ᠳᠡᠮᠵᠢᠭᠰᠡᠨ ᠤ ᠦᠷ᠎ᠡ ᠳ᠋ᠦᠩ᠂ | ᠪᠦᠬᠦ ᠲᠤᠭᠤᠷᠢᠭ ᠤᠨ ᠦᠨᠳᠦᠰᠦᠲᠡᠨ ᠨᠦᠬᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠵᠦ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠪᠣᠯᠤᠨ᠎ᠠ᠃ ᠠᠳᠡ | ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ᠂ ᠪᠦᠬᠦ ᠲᠤᠭᠤᠷᠢᠭ ᠤᠨ ᠦᠨᠳᠦᠰᠦᠲᠡᠨ ᠨᠦᠬᠦᠳ ᠤᠨ ᠠᠷᠠᠳ ᠲᠦᠮᠡᠨ᠂ ᠳ᠋ᠦᠩᠱᠧᠩ ᠤᠨ | ᠥᠭᠡᠷᠡᠴᠢᠯᠡᠯᠲᠡ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠨᠥᠬᠦᠳ᠂ ᠳ᠋ᠦᠩᠱᠧᠩ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠠᠶᠢᠵᠠ | ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕ | ᠲᠥᠯᠥᠭᠡᠯᠡᠭᠴᠢᠳ ᠡ᠂ ᠠᠮᠵᠢᠯᠲᠠ ᠪᠦᠲᠦᠮᠵᠢ ᠶᠢ ᠬᠢᠯᠪᠠᠷᠬᠠᠨ ᠣᠯᠤᠭᠰᠠᠨ ᠪᠢᠰᠢ᠂ ᠲᠤᠷᠰᠢᠯᠭ᠎ᠠ ᠪᠣᠯ ᠲᠦᠢᠯ ᠤᠨ ᠡᠷᠬᠢᠮ ᠨᠠᠨᠳᠢᠨ ᠶᠤᠮ᠃ ᠲᠤᠰ | ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠢ ᠡᠷᠭᠢᠴᠡᠭᠦᠯᠪᠡᠯ᠂ ᠪᠢᠳᠡ ᠭᠦᠨᠵᠡᠭᠡᠢ ᠤᠶᠢᠯᠠᠭᠠᠭᠰᠡᠨ ᠨᠢ᠄ | — ᠡᠷᠬᠡᠪᠰᠢ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠵᠥᠪ ᠤᠯᠤᠰ ᠲᠦᠷᠦ ᠶᠢᠨ ᠴᠢᠭᠯᠡᠯ ᠢ ᠪᠠᠲᠤᠳᠬᠠᠬᠤ ᠬᠡᠷᠡᠭᠲᠡᠢ᠃ ︽ᠳᠥᠷᠪᠡᠨ | ᠤᠬᠠᠮᠰᠠᠷ︾ ᠢᠶᠠᠨ ᠦᠷᠭᠦᠯᠵᠢᠯᠡᠨ ᠴᠢᠩᠭᠠᠳᠬᠠᠵᠤ᠂ | ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠵᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡᠨ ᠲᠤᠷᠰᠢᠯᠭ᠎ᠠ ᠶᠢ ᠭᠦᠨᠵᠡᠭᠡᠶ ᠰᠠᠶᠢᠲᠤᠷ | ᠰᠤᠷᠤᠯᠴᠠᠵᠤ᠂ ᠰᠠᠶᠢᠲᠤᠷ ᠣᠶᠢᠯᠠᠭᠠᠵᠤ᠂ ᠰᠠᠶᠢᠲᠤᠷ ᠬᠡᠷᠡᠭᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠰᠤᠳᠠᠯ ᠢ ᠪᠠᠷᠢᠨ ᠴᠢᠭᠯᠡᠯ ᠢ ᠲᠣᠭᠲᠠᠭᠠᠵᠤ᠂ ᠵᠠᠮ ᠢ ᠵᠢᠭᠠᠨ ᠠᠶᠠᠯᠠᠯ ᠢ ᠳᠠᠭᠠᠭᠤᠯᠵᠤ᠂ ︽ᠬᠤᠶᠠᠷ ᠶᠡᠭᠡ ᠲᠠᠯ᠎ᠠ︾ ᠳᠤ | ᠰᠠᠭᠤᠷᠢᠯᠠᠵᠤ᠂ ︽ᠤᠯᠤᠰ ᠤᠨ ᠶᠡᠭᠡ ᠲᠠᠯ᠎ᠠ︾ ᠶᠢ ᠰᠡᠳᠬᠢᠯ ᠳᠡᠭᠡᠨ ᠪᠤᠳᠤᠵᠤ᠂ ᠵᠠᠰᠠᠭ ᠤᠨ ᠣᠷᠳᠣᠨ ᠤ ᠠᠵᠢᠯ ᠤᠨ ᠢᠮᠠᠭᠲᠠ ᠵᠥᠪ ᠣᠨᠣᠪᠴᠢᠲᠠᠶ ᠤᠯᠤᠰ | ᠲᠥᠷᠥ ᠶᠢᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠶ᠃ | — ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠬᠤ ᠬᠡᠷᠡᠭᠲᠡᠢ᠃ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠡᠷᠡᠰ ᠭᠤᠶᠢᠪᠢᠰᠢ ᠥᠬᠡᠶ ᠠᠬᠢᠭᠤᠯᠵᠤ᠂ ︽ᠬᠤᠤᠰ ᠨᠡᠭᠦᠷᠡᠰᠦᠲᠥ᠋ᠷᠥᠭᠴᠢ︾ ᠶᠢᠨ | ᠬᠠᠷᠠᠯᠲᠠ ᠪᠠᠷ ᠠᠵᠤ ᠤᠶᠢᠯᠡᠰ ᠤᠨ ᠬᠡᠯᠪᠡᠷᠢ ᠶᠢ ᠬᠤᠪᠢᠷᠠᠭᠤᠯᠬᠤ ᠶᠢ ᠭᠡᠳᠡᠷᠭᠦ ᠰᠢᠬᠠᠮᠳᠠᠭᠤᠯᠵᠤ᠂ ᠪᠣᠬᠢᠷᠲᠤᠯ ᠥᠬᠡᠶ ᠡᠨᠧᠷᠭᠢ ᠪᠠᠷ ᠪᠦᠲᠦᠴᠡ ᠶᠢᠨ ᠬᠡᠯᠪᠡᠷᠢ ᠶᠢ | ᠬᠤᠪᠢᠷᠠᠭᠤᠯᠬᠤ ᠶᠢ ᠳᠠᠶᠢᠴᠢᠯᠠᠵᠤ᠂ ᠰᠢᠨ᠎ᠡ ᠪᠠᠷ ᠬᠦᠭᠵᠢᠭᠰᠡᠨ ᠠᠵᠤ ᠦᠢᠯᠡᠰ ᠢᠶᠠᠷ ᠬᠥᠳᠡᠯᠭᠡᠬᠦ ᠬᠦᠴᠦᠨ ᠤ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠠᠵᠤ | ᠤᠶᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠪᠣᠯ ᠪᠢᠳᠡ ᠬᠠᠲᠤᠨ ᠭᠤᠤᠯ ᠤᠨ | ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠮᠢ | ᠠᠬᠤᠶ ᠶᠢ ᠲᠡᠷᠢᠬᠦᠨ ᠳᠤ ᠲᠠᠯᠪᠢᠬᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ | ᠰᠠᠶᠢᠲᠤᠷ ᠵᠠᠮᠨᠠᠬᠤ ᠶᠢᠨ ᠦᠨᠳᠦᠰᠦᠨ ᠵᠢᠷᠤᠮᠯᠠᠯ ᠪᠣᠯᠤᠨ᠎ᠠ᠃ | — ᠡᠷᠬᠡᠪᠰᠢ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ | ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ ᠪᠠᠷ ᠠᠯᠢᠪᠠ ᠠᠵᠢᠯ ᠤᠨ ᠢᠶᠠᠨ | ᠡᠭᠦᠰᠦᠯᠲᠡ ᠪᠠ ᠦᠷ᠎ᠡ ᠳ᠋ᠦᠩ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠬᠠᠮᠲᠤ ᠪᠠᠷ | ᠴᠢᠨᠡᠭᠡᠯᠢᠭᠵᠢᠬᠦ ᠶᠢ ᠪᠦᠬᠦ ᠲᠠᠯ᠎ᠠ ᠪᠠᠷ ᠠᠬᠢᠭᠤᠯᠵᠤ᠂ ᠤᠯᠠᠨ ᠲᠦᠮᠡᠨ ᠤ ︽ᠪᠠᠴᠢᠮ᠂ ᠬᠦᠴᠢᠷ᠂ ᠵᠣᠪᠠᠨᠢᠯ᠂ ᠬᠦᠰᠡᠯ ᠡᠷᠡᠮᠡᠯᠵᠡᠯ︾ ᠤᠨ ᠠᠰᠠᠭᠤᠳᠠᠯ ᠢ ᠬᠠᠶᠢᠷ᠎ᠠ | ᠰᠡᠳᠬᠢᠯᠭᠡ ᠪᠦᠬᠦ ᠬᠦᠴᠦ ᠪᠠᠷ ᠣᠷᠣᠭᠤᠯᠤᠨ ᠰᠠᠶᠢᠲᠤᠷ ᠰᠢᠢᠳᠪᠦᠷᠢᠯᠡᠵᠦ᠂ ᠬᠠᠭᠤᠷᠮᠠᠭ ᠶᠠᠩᠵᠤ ᠭᠠᠷᠭᠠᠬᠤ ᠦᠭᠡᠢ᠂ ᠯᠠᠷᠵᠢᠶ᠎ᠠ ᠶᠠᠩᠪᠠ ᠲᠠᠲᠠᠬᠤ ᠦᠭᠡᠢ ᠪᠠᠶᠢᠵᠤ᠂ | ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ᠂ ᠠᠷᠠᠳ ᠲᠦᠮᠡᠨ ᠤ ᠬᠦᠴᠢᠷᠳᠡᠯ ᠢ ᠰᠢᠢᠳᠪᠦᠷᠢᠯᠡᠬᠦ ᠠᠵᠢᠯᠯᠠᠭ᠎ᠠ᠂ ᠠᠷᠠᠳ ᠲᠦᠮᠡᠨ ᠳᠤ ᠠᠰᠢᠭ ᠬᠦᠷᠲᠡᠭᠡᠬᠦ | ᠦᠷ᠎ᠡ ᠪᠦᠲᠦᠮᠵᠢ ᠪᠠᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠪᠡᠯ ᠰᠠᠶ᠋ᠢ ᠤᠯᠠᠨ ᠲᠦᠮᠡᠨ ᠤ ᠬᠦᠷᠢᠶᠡᠯᠡᠯ ᠢ ᠣᠯᠵᠤ | ᠴᠢᠳᠠᠨ᠎ᠠ᠃ | — ᠡᠷᠬᠡᠪᠰᠢ ᠦᠵᠡᠯ ᠰᠠᠨᠠᠭ᠎ᠠ ᠪᠠᠨ ᠴᠢᠯᠥᠭᠡᠯᠡᠬᠦ ᠶᠢ ᠢᠮᠠᠭᠳᠠ ᠪᠠᠷᠢᠮᠳᠠᠯᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠬᠡᠷᠡᠭᠲᠡᠢ᠃ ᠦᠵᠡᠯ | ᠰᠠᠨᠠᠭ᠎ᠠ ᠪᠠᠨ ᠴᠢᠯᠥᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠪᠣᠯ ᠪᠢᠳᠡᠨ ᠤ ᠰᠢᠨ᠎ᠡ ᠪᠠᠶᠢᠳᠠᠯ ᠳᠤ ᠵᠣᠬᠢᠴᠠᠬᠤ᠂ ᠰᠢᠨ᠎ᠡ | ᠬᠡᠷᠡᠭ ᠪᠣᠳᠠᠰ ᠢ ᠲᠠᠨᠢᠬᠤ᠂ ᠰᠢᠨ᠎ᠡ ᠡᠭᠦᠷᠭᠡ ᠶᠢ ᠪᠡᠶᠡᠯᠡᠭᠦᠯᠬᠦ ᠶᠢᠨ ᠦᠨᠳᠦᠰᠦᠨ ᠦᠵᠡᠯ ᠰᠠᠨᠠᠭᠠᠨ ᠤ ᠵᠡᠪᠰᠡᠭ ᠮᠥᠨ᠃ ᠭᠠᠭᠴᠠ ᠬᠦ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠭᠤᠤᠯ ᠴᠣᠭᠴᠠ ᠶᠢᠨ | ᠥᠭᠡᠷᠡᠴᠢᠯᠡᠯᠲᠡ ᠶᠢᠨ ᠰᠡᠳᠬᠢᠮᠵᠢ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠳ᠋ᠦᠩᠱᠧᠩ ᠳᠤ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠬᠤ ᠶᠢ ᠳᠡᠮᠵᠢᠨ | ᠵᠣᠷᠢᠭᠵᠢᠭᠤᠯᠵᠤ᠂ ᠪᠦᠬᠦ ᠺᠠᠳ᠋ᠷᠴᠤᠳ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠵᠥᠷᠢᠴᠡᠯ ᠢ ᠠᠷᠢᠯᠭᠠᠬᠤ᠂ ᠬᠥᠭᠵᠢᠯᠲᠡ ᠶᠢ ᠠᠬᠢᠭᠤᠯᠬᠤ ᠲᠠᠯ᠎ᠠ ᠪᠠᠷ | ᠵᠣᠷᠢᠭᠲᠠᠢ ᠪᠠᠷ ᠰᠢᠪᠲᠤᠯᠤᠯᠲᠠ ᠭᠠᠷᠭᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠵᠣᠷᠢᠭᠲᠠᠢ ᠪᠠᠷ ᠰᠢᠨ᠎ᠡ ᠶᠢ ᠡᠭᠦᠳᠬᠦ ᠶᠢ ᠬᠦᠲᠦᠯᠦᠨ ᠵᠢᠯᠣᠭᠤᠳᠪᠠᠯ ᠰᠠᠶ᠋ᠢ | ᠪᠦᠬᠦ ᠨᠡᠶᠢᠭᠡᠮ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠤᠯᠠᠮ ᠨᠢᠭᠡ ᠠᠯᠬᠤᠮ | ᠬᠥᠭᠵᠢᠭᠡᠵᠦ᠂ ᠰᠢᠨ᠎ᠡ ᠶᠢ ᠡᠬᠦᠳᠤᠨ ᠬᠦᠭᠵᠢᠬᠦᠯᠬᠦ ᠶᠠᠪᠤᠴᠠ ᠳᠤ ᠰᠢᠨ᠎ᠡ ᠵᠠᠮ ᠭᠠᠷᠭᠠᠵᠤ ᠴᠢᠳᠠᠨ᠎ᠠ᠃ | ᠠᠮᠵᠢᠯᠲᠠ ᠪᠠ ᠲᠤᠷᠰᠢᠯᠭ᠎ᠠ ᠪᠠᠨ ᠳ᠋ᠦᠩᠨᠡᠬᠦ ᠶᠢᠨ ᠬᠠᠮᠲᠤ᠂ ᠪᠢᠳᠡ ᠪᠠᠰᠠ ᠮᠠᠨ ᠤ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠮᠥᠨ ᠬᠦ | ᠴᠥᠭᠡᠨ ᠪᠤᠰᠤ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠤᠯᠪᠠ᠄ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ | ᠬᠡᠯᠪᠡᠷᠢ ᠶᠢ ᠬᠤᠪᠢᠷᠠᠭᠤᠯᠬᠤ ᠳᠤ ᠴᠢᠬᠤᠯᠠ ᠶᠡᠭᠡ ᠲᠥᠷᠥᠯ ᠵᠤᠶᠢᠯ ᠤᠨ ᠲᠤᠯᠭᠠᠭᠤᠷᠢᠯᠠᠯ ᠳᠤᠲᠠᠭᠳᠠᠵᠤ᠂ ᠵᠠᠬ᠎ᠠ ᠳᠡᠯᠭᠡᠭᠦᠷ ᠤᠨ ᠤᠷᠤᠨ ᠵᠠᠢ᠂ ᠠᠵᠤ ᠤᠶᠢᠯᠡᠰ ᠤᠨ | ᠬᠡᠪᠴᠢᠶ᠎ᠡ᠂ ᠴᠢᠬᠤᠯᠠ ᠡᠯᠧᠮᠧᠨ᠋ᠲ ᠤᠨ ᠢᠵᠢ ᠪᠥᠷᠢᠳᠦᠭᠦᠯᠬᠦ ᠵᠡᠷᠭᠡ ᠬᠦᠴᠦᠨ ᠵᠤᠶᠢᠯ ᠤᠨ ᠨᠥᠯᠥᠭᠡ ᠠᠴᠠ ᠪᠣᠯᠵᠣ᠂ ᠠᠵᠤ ᠤᠶᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠲᠠᠲᠠᠬᠤ ᠬᠦᠴᠦᠨ ᠬᠦᠷᠦᠯᠴᠡᠬᠦ ᠥᠬᠡᠶ᠂ ᠳᠠᠶᠢᠴᠢᠯᠠᠬᠤ ᠬᠦᠴᠦᠨ ᠴᠢᠩᠭ᠎ᠠ ᠪᠤᠰᠤ ᠪᠠᠶᠢᠨ᠎ᠠ︔ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ | ᠦᠨᠳᠦᠰᠦᠨ ᠠᠷᠠᠳ ᠤᠨ ᠠᠮᠢᠳᠤᠷᠠᠯ ᠤᠨ ᠤᠶᠢᠯᠡᠴᠢᠯᠡᠭᠡ ᠨᠢ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠦᠢᠴᠡᠳ ᠬᠠᠩᠭᠠᠵᠤ ᠴᠢᠳᠠᠬᠤ ᠥᠬᠡᠶ ᠪᠠᠶᠢᠨ᠎ᠠ︔ | ᠵᠠᠰᠠᠭ ᠤᠨ ᠣᠷᠳᠣᠨ ᠤ ᠡᠳ᠋ ᠬᠥᠷᠥᠩᠭᠡ᠂ ᠬᠥᠷᠥᠩᠭᠡ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠦᠷ᠎ᠡ ᠪᠦᠲᠦᠮᠵᠢ ᠥᠨᠳᠥᠷ ᠪᠤᠰᠤ ᠪᠠᠶᠢᠵᠤ᠂ ᠥᠷᠢ ᠥᠭᠴᠡᠭᠡ ᠶᠢ | ᠠᠷᠢᠯᠭᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠬᠡ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠠᠰᠠ ᠲᠦᠢᠯᠪᠤᠷᠢᠲᠠᠶ ᠰᠢᠢᠳᠪᠤᠷᠢᠯᠡᠬᠡᠳᠦᠢ | ᠪᠠᠶᠢᠭᠰᠠᠭᠠᠷ︔ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠵᠠᠷᠢᠮ ᠺᠠᠳ᠋ᠷ ᠤᠨ ᠬᠥᠭᠵᠢᠯᠲᠡ ᠶᠢᠨ ᠰᠡᠳᠬᠢᠴᠡ ᠥᠷᠭᠡᠨ ᠪᠤᠰᠤ᠂ | ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠵᠤ ᠡᠬᠦᠷᠬᠡᠯᠡᠯ ᠲᠠᠢ ᠪᠠᠶᠢᠬᠤ ᠤᠬᠠᠮᠰᠠᠷ ᠴᠢᠩᠭ᠎ᠠ ᠪᠤᠰᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ | ᠬᠦᠢᠴᠡᠳ ᠪᠤᠰᠤ ᠠᠰᠠᠭᠤᠳᠠᠯ ᠡᠳᠦᠷ ᠢᠷᠡᠬᠦᠶ᠎ᠡ ᠲᠤᠪᠤᠶᠢᠮ᠎ᠠ ᠪᠤᠯᠵᠤ ᠪᠠᠶᠢᠨ᠎ᠠ᠃ ᠡᠭᠦᠨ ᠳᠤ ᠪᠢᠳᠡ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ | ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠠᠰᠠᠭᠤᠳᠠᠯ ᠳᠤ ᠰᠢᠭᠤᠳ ᠬᠠᠨᠳᠤᠨ᠂ ᠨᠠᠷᠢᠨ ᠬᠢᠨᠠᠮᠠᠭᠠᠶ ᠪᠠᠷ ᠰᠢᠢᠳᠪᠤᠷᠢᠯᠡᠨ᠎ᠠ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠶᠡᠷᠦᠩᠬᠡᠢ ᠰᠡᠳᠬᠢᠴᠡ ᠪᠠ ᠬᠠᠷᠠᠯᠲᠠ ᠡᠭᠦᠷᠭᠡ | ᠲᠥᠯᠥᠭᠡᠯᠡᠭᠴᠢᠳ ᠡ᠂ ᠬᠤᠶᠢᠰᠢᠳᠠ ᠶᠢᠨ ᠲᠠᠪᠤᠨ ᠵᠢᠯ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠳ᠋ᠦᠩᠱᠧᠩ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠵᠠᠮ ᠢ ᠡᠬᠢᠯᠡᠬᠦᠯᠵᠤ᠂ ᠤᠳᠤ ᠦᠶ᠎ᠡ ᠶᠢᠨ ᠠᠵᠤ ᠦᠢᠯᠡᠰ ᠤᠨ ᠲᠤᠭᠳᠠᠯᠴᠠᠭ᠎ᠠ ᠶᠢ ᠪᠦᠬᠦ ᠲᠠᠯ᠎ᠠ ᠪᠠᠷ ᠪᠠᠶᠢᠭᠤᠯᠬᠤ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠰᠠᠭᠤᠷᠢ ᠶᠢ ᠬᠦᠴᠦᠯᠡᠨ ᠪᠠᠬᠢᠵᠢᠭᠦᠯᠬᠦ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ | ᠵᠠᠩᠭᠢᠯᠠᠭ᠎ᠠ ᠶᠢᠨ ᠲᠠᠪᠤᠨ ᠵᠢᠯ ᠪᠣᠯᠤᠨ᠎ᠠ᠃ ᠲᠤᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠢᠭᠡᠨᠲᠡ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠪᠠ 2035 ᠣᠨ ᠤ ᠠᠯᠤᠰ ᠤᠨ ᠲᠥᠯᠥᠪᠵᠢᠭᠦᠯᠭᠡ ᠳᠤ ᠠᠤᠭ᠎ᠠ ᠲᠥᠰᠦᠪ ᠢ ᠵᠢᠷᠤᠭᠯᠠᠵᠤ᠂ ᠰᠢᠨᠵᠢᠯᠡᠬᠦ | ᠤᠬᠠᠭᠠᠨᠴᠢ ᠵᠢᠯᠣᠭᠤᠳᠣᠯᠭ᠎ᠠ ᠬᠢᠵᠡᠶ᠂ ᠪᠢᠳᠡ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ | ᠠᠵᠤ ᠤᠶᠢᠯᠡᠰ ᠤᠨ ᠬᠦᠭᠵᠢᠯᠳᠠ ᠶᠢᠨ ᠬᠡᠯᠪᠡᠷᠢ ᠪᠠᠨ ᠬᠤᠪᠢᠷᠠᠭᠤᠯᠤᠨ᠂ ᠪᠤᠬᠢᠷᠳᠤᠯ ᠦᠬᠡᠢ ᠪᠠᠷ ᠬᠦᠭᠵᠢᠬᠦᠯᠦᠨ ᠲᠠᠰ ᠳᠡᠪᠰᠢᠭᠦᠯᠬᠦ ᠶᠢ ᠠᠬᠢᠭᠤᠯᠬᠤ ᠲᠠᠯ᠎ᠠ ᠪᠠᠷ | ᠵᠢᠱᠢᠶ᠎ᠡ ᠦᠵᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠲᠠᠯ᠎ᠠ ᠪᠠᠷ ᠥᠯᠢᠭᠡᠷ ᠳᠠᠭᠤᠷᠢᠶᠠᠯ ᠪᠣᠯᠵᠣ᠂ ᠬᠥᠭᠵᠢᠯᠲᠡ ᠶᠢ | ᠠᠬᠢᠭᠤᠯᠬᠤ ᠪᠠᠶᠢᠳᠠᠯ ᠡᠭᠦᠷᠭᠡ ᠶᠢ ᠤᠯᠠᠮ ᠴᠢᠨᠠᠭᠰᠢᠳᠠ ᠲᠣᠳᠣᠷᠬᠠᠶ ᠲᠠᠨᠢᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠠᠷᠭ᠎ᠠ ᠵᠠᠮ ᠢ ᠲᠣᠳᠣᠷᠬᠠᠶᠢᠯᠠᠬᠤ ᠴᠢᠬᠤᠯᠠ | ᠲᠠᠢ ᠪᠠᠶᠢᠨ᠎ᠠ᠃ | ᠬᠥᠭᠵᠢᠯᠲᠡ ᠶᠢᠨ ᠣᠷᠴᠢᠨ ᠲᠣᠭᠤᠷᠢᠨ ᠠᠴᠠ ᠦᠵᠡᠪᠡᠯ᠄ ᠤᠯᠤᠰ ᠠᠴᠠ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ | ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠠᠮ ᠤᠨ ᠲᠥᠪ ᠬᠤᠷᠢᠶ᠎ᠠ ᠠᠴᠠ ︽ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠳᠠ ᠶᠢ ᠤᠷᠬᠢᠯ ᠬᠡᠮᠵᠢᠭᠳᠡᠯ ᠳᠤ ᠬᠦᠷᠬᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠴᠢᠬᠤᠯᠠ ᠶᠡᠭᠡ ᠰᠢᠢᠳᠪᠤᠷᠢᠳᠤ ᠪᠣᠳᠣᠯᠭ᠎ᠠ ᠶᠢᠨ | ᠪᠠᠶᠢᠷᠢᠯᠠᠭᠤᠯᠤᠯᠲᠠ ᠬᠢᠵᠦ᠂ ᠡᠨᠧᠷᠭᠢ ᠶᠢᠨ ᠬᠤᠷᠣᠭᠳᠠᠯ ᠤᠨ ︽ᠬᠤᠤᠰ ᠡᠵᠡᠮᠳᠠᠯ︾ ᠤᠨ ᠡᠭᠦᠷᠭᠡ ᠬᠠᠷᠠᠯᠲᠠ ᠨᠢ ᠶᠠᠭ ᠠᠵᠤ ᠤᠶᠢᠯᠡᠰ ᠤᠨ ᠬᠤᠪᠢᠰᠤᠯᠲᠠ ᠲᠡᠰ | ᠲᠡᠪᠰᠢᠬᠦᠯᠦᠯᠳᠠ ᠶᠢ ᠭᠡᠳᠡᠷᠭᠦ ᠰᠢᠬᠠᠮᠳᠠᠭᠤᠯᠵᠤ ᠪᠠᠶᠢᠨ᠎ᠠ᠃ ᠲᠦᠷᠦ ᠶᠢᠨ ᠪᠤᠳᠤᠯᠭ᠎ᠠ ᠶᠢᠨ ᠴᠤᠩᠬᠤᠪᠴᠢ ᠶᠢᠨ ᠬᠤᠭᠤᠴᠠᠭ᠎ᠠ ᠪᠣᠯᠤᠨ ᠵᠠᠬ᠎ᠠ ᠳᠡᠯᠭᠡᠭᠦᠷ ᠤᠨ ᠠᠵᠠ | ᠲᠣᠬᠢᠶᠠᠯ ᠤᠨ ᠬᠤᠭᠤᠴᠠᠭ᠎ᠠ ︽ᠬᠤᠣᠰ ᠬᠤᠭᠤᠴᠠᠭ᠎ᠠ ᠲᠠᠪᠬᠤᠴᠠᠭᠰᠡᠨ︾ ᠰᠠᠶᠢᠨ ᠰᠠᠶᠢᠬᠠᠨ ᠪᠠᠶᠢᠳᠠᠯ ᠳᠣᠣᠷ᠎ᠠ᠂ ᠰᠢᠨ᠎ᠠ ᠡᠨᠧᠷᠬᠢ ᠶᠢᠨ ᠠᠵᠤ ᠤᠶᠢᠯᠡᠰ ᠤᠨ | ᠶᠡᠬᠡᠪᠡᠷ ᠬᠦᠭᠵᠢᠬᠦᠯᠬᠦ ᠶᠡᠭᠡ ᠬᠠᠨᠳᠤᠰᠢ ᠲᠠᠢ ᠪᠤᠯᠤᠭᠰᠡᠨ ᠰᠠᠶᠢᠬᠠᠨ ᠲᠤᠬᠢᠶᠠᠯ ᠴᠦ ᠲᠠᠭᠠᠷᠢᠯᠳᠤᠭᠰᠡᠨ ᠪᠠᠶᠢᠨ᠎ᠠ᠃ ᠳ᠋ᠦᠩᠱᠧᠩ ᠤᠨ ᠥᠪᠡᠷᠮᠢᠴᠡ ᠡᠬᠢ ᠪᠠᠶᠠᠯᠢᠭ ᠤᠨ | ᠣᠷᠣᠨ ᠪᠠᠶᠢᠷᠢ ᠶᠢᠨ ᠳᠠᠪᠠᠭᠤᠯᠢᠭ᠂ ᠬᠤᠳᠠ ᠶᠢᠨ ᠴᠢᠳᠠᠮᠵᠢ ᠶᠢᠨ ᠳᠠᠪᠠᠭᠤᠯᠢᠭ᠂ ᠠᠵᠤ ᠦᠢᠯᠡᠰ ᠤᠨ ᠲᠥᠪᠯᠡᠷᠡᠯ ᠤᠨ ᠳᠠᠪᠠᠭᠤᠯᠢᠭ ᠨᠢ ᠰᠢᠨ᠎ᠡ ᠡᠨᠧᠷᠭᠢ ᠶᠢᠨ ᠪᠦᠬᠦ | ᠠᠵᠤ ᠦᠢᠯᠡᠰ ᠤᠨ ᠬᠡᠯᠬᠢᠶ᠎ᠠ ᠪᠣᠯᠤᠨ ᠳᠡᠭᠡᠳᠦ ᠰᠢᠨ᠎ᠡ ᠮᠡᠷᠭᠡᠵᠢᠯ᠂ ᠲᠤᠨᠤᠭ ᠲᠦᠬᠦᠬᠡᠷᠦᠮᠵᠢ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠠᠯ᠎ᠠ ᠪᠠᠷ ᠶᠡᠭᠡ ᠠᠵᠢᠯᠯᠠᠭ᠎ᠠ ᠲᠠᠢ ᠪᠠᠶᠢᠵᠤ ᠪᠤᠯᠤᠨ᠎ᠠ᠃ | ᠬᠥᠭᠵᠢᠯᠲᠡ ᠶᠢᠨ ᠱᠠᠭᠠᠷᠳᠠᠯᠭ᠎ᠠ ᠠᠴᠠ ᠦᠵᠡᠪᠡᠯ᠄ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ︽ᠠᠮᠢ ᠠᠬᠤᠶ ᠶᠢ ᠲᠠᠷᠢᠬᠦᠨ ᠳᠤ ᠲᠠᠯᠪᠢᠵᠤ | ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠬᠦ ᠬᠡᠷᠡᠭᠲᠡᠶ︾ ᠭᠡᠵᠦ ᠨᠠᠶᠢᠳᠠᠵᠤ᠂ | ᠥᠪᠥᠷ ᠮᠣᠩᠭᠤᠯ ᠤᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠪᠠᠬᠢᠯᠡᠯᠲᠡ︾ ᠶᠢ ᠪᠥᠲᠥᠭᠡᠨ ᠪᠠᠶᠢᠭᠤᠯᠬᠤ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠣᠷᠳᠣᠰ ᠢ ᠰᠢᠨ᠎ᠡ ᠵᠠᠮ ᠢᠶᠠᠷ ᠰᠠᠶᠢᠲᠤᠷ | ᠵᠠᠮᠨᠠᠨ᠂ ᠬᠤᠰᠢᠭᠤᠴᠢ ᠣᠷᠣᠨ ᠢ ᠪᠥᠲᠥᠭᠡᠨ ᠪᠠᠶᠢᠭᠤᠯᠬᠤ ᠶᠢ ᠱᠠᠭᠠᠷᠳᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠲᠠᠪᠤᠨ | ᠵᠢᠯ ᠤᠨ ᠳᠣᠲᠣᠷ᠎ᠠ ︽ᠮᠢᠩᠭᠠᠨ ᠳ᠋ᠦᠩᠰᠢᠭᠤᠷ ᠲᠦᠬᠦᠷᠢᠭ ᠤᠨ ᠠᠵᠤ ᠤᠶᠢᠯᠡᠰ ᠤᠨ ᠰᠦᠷᠦᠭᠵᠢᠯ᠂ ᠮᠢᠩᠭᠠᠨ ᠳ᠋ᠦᠩᠰᠢᠭᠤᠷ ᠲᠦᠬᠦᠷᠢᠭ ᠤᠨ ᠪᠦᠲᠦᠮᠵᠢᠲᠡᠶ ᠪᠠᠯᠠ | ᠣᠷᠣᠭᠤᠯᠤᠯᠲᠠ᠂ ᠮᠢᠩᠭᠠᠨ ᠳ᠋ᠦᠩᠰᠢᠭᠤᠷ ᠲᠦᠬᠦᠷᠢᠭ ᠤᠨ ᠪᠣᠳᠠᠲᠤ ᠬᠦᠴᠦᠨ ᠲᠠᠢ ᠬᠤᠰᠢᠭᠤ ᠲᠣᠭᠤᠷᠢᠭ᠂ ᠮᠢᠩᠭᠠᠨ ᠳ᠋ᠦᠩᠰᠢᠭᠤᠷ ᠲᠦᠬᠦᠷᠢᠭ ᠤᠨ ᠤᠶᠢᠯᠡᠳᠬᠦᠨ ᠤ | ᠥᠷᠲᠡᠭ ᠲᠠᠢ ᠬᠦᠷᠢᠶᠡᠯᠡᠩ ᠲᠣᠭᠤᠷᠢᠭ︾ ᠢ ᠪᠠᠶᠢᠭᠤᠯᠬᠤ ᠶᠢ ᠲᠤᠳᠤᠷᠬᠠᠶᠢᠯᠠᠪᠠ᠃ ᠳ᠋ᠦᠩᠱᠧᠩ ᠲᠣᠭᠤᠷᠢᠭ ᠨᠢ ᠬᠤᠲᠠ ᠶᠢᠨ ᠭᠤᠤᠯ ᠲᠣᠭᠤᠷᠢᠭ ᠤᠨ ᠴᠢᠬᠤᠯᠠ | ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠣᠯᠳᠠᠬᠤᠶ᠎ᠠ ᠪᠡᠷᠬᠡ ᠠᠵᠠ ᠲᠣᠬᠢᠶᠠᠯ ᠲᠠᠢ ᠪᠠᠶᠢᠵᠤ᠂ ᠬᠦᠨᠳᠦ ᠡᠭᠦᠷᠭᠡ ᠶᠢ ᠡᠭᠦᠷᠭᠡᠯᠡᠵᠦ ᠪᠠᠶᠢᠭ᠎ᠠ ᠪᠣᠯᠬᠤᠷ | ᠡᠷᠬᠡᠪᠰᠢ ᠲᠦᠷᠭᠡᠨ ᠪᠥᠭᠡᠳ ᠯᠠᠪᠳᠠᠭᠤᠨ ᠢᠶᠠᠷ ᠡᠷᠡᠮᠡᠬᠡᠶᠢᠯᠡᠨ ᠤᠷᠤᠭᠰᠢᠯᠠᠬᠤ ᠬᠡᠷᠡᠭᠲᠡᠶ᠃ ᠣᠳᠣᠬᠢᠴᠢᠯᠠᠭᠰᠠᠨ ᠣᠷᠳᠣᠰ ᠢ ᠪᠦᠲᠦᠭᠡᠨ ᠪᠠᠶᠢᠭᠤᠯᠬᠤ ᠰᠢᠨ᠎ᠡ ᠠᠶᠠᠨ | ᠵᠠᠮ ᠳᠤ ᠲᠦᠷᠦᠬᠦᠯᠡᠨ ᠤᠷᠤᠭᠰᠢᠯᠠᠨ᠂ ᠦᠯᠢᠭᠡᠷ ᠳᠠᠭᠤᠷᠢᠶᠠᠯ ᠪᠣᠯᠵᠤ᠂ ᠠᠵᠤ ᠤᠶᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠵᠢᠱᠢᠶ᠎ᠡ ᠦᠵᠡᠭᠦᠯᠬᠦ | ᠣᠷᠣᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ | ᠦᠵᠡᠭᠦᠯᠬᠦ ᠣᠷᠣᠨ ᠪᠣᠯᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠬᠤ ᠴᠢᠬᠤᠯᠠ ᠲᠠᠢ ᠪᠠᠶᠢᠨ᠎ᠠ᠃ | | ᠬᠥᠭᠵᠢᠯᠲᠡ ᠶᠢᠨ ᠨᠥᠬᠦᠴᠡᠯ ᠠᠴᠠ ᠦᠵᠡᠪᠡᠯ᠄ ᠳ᠋ᠦᠩᠱᠧᠩ ᠣᠯᠠᠨ ᠵᠢᠯ ᠤᠨ ᠬᠠᠲᠠᠭᠤ ᠪᠡᠷᠬᠡᠰᠢᠶᠡᠯ ᠢ ᠢᠯᠡᠨ ᠳᠠᠪᠠᠭ᠋ᠤ ᠪᠠ ᠦᠷᠬᠦᠯᠵᠢᠯᠡᠨ ᠲᠡᠮᠡᠴᠡᠬᠦ ᠪᠠᠷ | ᠳᠡᠮᠵᠢᠨ᠂ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠬᠥᠭᠵᠢᠯᠲᠡ ᠶᠢᠨ ᠬᠢᠷᠢ ᠲᠦᠪᠰᠢᠨ ᠶᠡᠭᠡ ᠪᠠᠷ ᠳᠡᠭᠡᠭᠰᠢᠯᠡᠪᠡ᠃ ᠭᠡᠷ ᠪᠠᠶᠢᠰᠢᠩ ᠭᠠᠵᠠᠷ ᠬᠦᠷᠦᠩᠭᠡ᠂ ᠥᠷᠢ | ᠥᠭᠴᠡᠭᠡ ᠶᠢ ᠢᠯᠭᠠᠷᠠᠭᠤᠯᠬᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠦᠯᠡᠮᠵᠢ | ᠤᠯᠠᠨ ᠬᠦᠴᠢᠷᠳᠡᠯ ᠲᠠᠢ ᠠᠰᠠᠭᠤᠳᠠᠯ ᠨᠢ ᠤᠳᠤ ᠶᠠᠭ ᠰᠠᠶᠢᠬᠠᠨ ᠰᠢᠢᠳᠪᠤᠷᠢᠯᠡᠭᠳᠡᠵᠤ ᠪᠠᠶᠢᠨ᠎ᠠ᠃ ᠬᠤᠲᠠ ᠶᠢᠨ ᠬᠥᠮᠦᠨ ᠤ ᠬᠦᠴᠦᠨ ᠤ ᠪᠠ ᠬᠤᠳᠠᠯᠳᠤᠭᠠᠨ ᠤ | ᠬᠦᠴᠦᠨ ᠲᠠᠰᠤᠷᠠᠯᠲᠠ ᠦᠭᠡᠶ ᠬᠤᠷᠠᠮᠳᠤᠵᠤ᠂ ᠣᠷᠣᠨ ᠪᠦᠰᠡ ᠶᠢᠨ ᠲᠠᠶᠢᠴᠢᠯᠠᠨ ᠲᠠᠭᠠᠭᠤᠯᠬᠤ ᠬᠦᠴᠦᠨ ᠡᠳᠦᠷ ᠢᠷᠡᠬᠦᠶ᠎ᠡ ᠴᠢᠩᠭᠠᠷᠠᠨ᠂ ᠰᠢᠨ᠎ᠡ ᠪᠠᠷ ᠬᠦᠭᠵᠢᠭᠰᠡᠨ | ᠠᠵᠤ ᠤᠶᠢᠯᠡᠰ ᠤᠨ ᠨᠡᠮᠡᠭᠳᠡᠯ ᠤᠨ ᠬᠠᠨᠳᠤᠰᠢ ᠬᠦᠴᠦᠲᠡᠶ ᠪᠠᠶᠢᠵᠤ᠂ ᠰᠢᠨ᠎ᠡ ᠬᠥᠳᠡᠯᠭᠡᠭᠴᠢ ᠡᠨᠧᠷᠭᠢ ᠦᠷᠭᠦᠯᠵᠢᠯᠡᠨ ᠪᠠᠳᠠᠷᠠᠨ᠂ ᠨᠡᠭᠦᠷᠡᠰᠦ ᠶᠢ ᠴᠡᠪᠡᠷ ᠢᠶᠠᠷ ᠨᠡᠭᠡᠭᠡᠨ | ᠮᠠᠯᠲᠠᠬᠤ᠂ ᠲᠣᠨᠤᠭ ᠲᠥᠬᠦᠭᠡᠷᠦᠮᠵᠢ ᠤᠶᠢᠯᠡᠳᠬᠦ᠂ ᠨᠣᠯᠤᠤᠷ ᠨᠡᠬᠡᠮᠡᠯ ᠡᠳ᠋ᠰᠢᠭᠦᠯᠬᠦ᠂ ᠣᠲᠣ ᠦᠶ᠎ᠡ ᠶᠢᠨ ᠤᠶᠢᠯᠡᠴᠢᠯᠡᠬᠡᠨ ᠤ ᠤᠶᠢᠯᠡᠰ ᠵᠡᠷᠭᠡ ᠪᠠᠷ ᠲᠤᠯᠭᠠᠭᠤᠷᠢ | ᠪᠣᠯᠭᠠᠭᠰᠠᠨ ᠣᠳᠣᠬᠢᠴᠢᠯᠠᠭᠰᠠᠨ ᠠᠵᠤ ᠤᠶᠢᠯᠡᠰ ᠤᠨ ᠰᠦᠷᠦᠭᠵᠢᠯ ᠠᠩᠬ᠎ᠠ ᠠᠯᠬᠤᠮ ᠬᠡᠪᠴᠢᠶᠠᠵᠢᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠲᠣᠭᠲᠠᠪᠤᠷᠢᠲᠤ ᠴᠢᠨᠠᠷ᠂ ᠦᠷᠬᠦᠯᠵᠢᠯᠡᠬᠦᠶᠢᠴᠡ ᠢᠯᠡᠳᠲᠡ ᠴᠢᠩᠭᠠᠷᠠᠪᠠ᠃ ᠰᠠᠶᠢᠨ ᠰᠠᠶᠢᠬᠠᠨ ᠠᠵᠤ ᠦᠢᠯᠡᠰ ᠤᠨ ᠰᠠᠭᠤᠷᠢ ᠪᠠ 60 ᠲᠦᠮᠡᠨ ᠠᠷᠠᠳ ᠲᠦᠮᠡᠨ ᠤ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠳᠤ ᠲᠦᠰᠢᠭᠯᠡᠵᠦ᠂ ᠳ᠋ᠦᠩᠱᠧᠩ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ᠂ | ᠪᠠᠷᠢᠮᠵᠢᠶᠠᠯᠠᠨ ᠬᠥᠭᠡᠭᠡᠵᠦ ᠭᠦᠢᠴᠡᠨ ᠳᠠᠪᠠᠵᠤ ᠭᠠᠷᠬᠤ ᠴᠢᠨᠠᠷ ᠰᠠᠶᠢᠲᠠᠢ ᠬᠥᠭᠵᠢᠯᠲᠡ ᠶᠢᠨ ᠵᠠᠮ ᠳᠡᠭᠡᠷ᠎ᠡ ᠳᠠᠪᠠᠯᠭᠠᠨ ᠢ ᠰᠦᠷᠦᠨ ᠤᠷᠤᠭᠰᠢᠯᠠᠵᠤ᠂ ᠯᠠᠪᠳᠠᠭᠤᠨ ᠢᠶᠠᠷ | ᠬᠤᠯᠠ ᠠᠶᠠᠯᠠᠵᠤ ᠴᠢᠳᠠᠬᠤ ᠨᠢ ᠯᠠᠪᠳᠠᠢ ᠶᠤᠮ᠃ | ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ | ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠤᠰᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠬᠤᠲᠠ ᠶᠢᠨ ᠨᠠᠮ ᠤᠨ ᠬᠤᠷᠢᠶ᠎ᠠ᠂ | ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠵᠤᠶᠢᠯ ᠤᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ | ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠳᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠳᠠᠯ ᠳᠤ ᠠᠭᠤᠰᠤᠯᠴᠠᠵᠤ᠂ ᠠᠮᠢ ᠠᠬᠤᠶ ᠶᠢ ᠲᠠᠷᠢᠬᠦᠨ ᠳᠤ ᠲᠠᠯᠪᠢᠬᠤ ᠶᠢ ᠪᠠᠷᠢᠮᠳᠠᠯᠠᠵᠤ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠳᠠᠯᠠᠵᠤ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠤᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ | ᠦᠨᠳᠦᠰᠦᠨ ᠬᠥᠳᠡᠯᠭᠡᠬᠦ ᠬᠦᠴᠦᠨ ᠪᠤᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ | ᠬᠠᠩᠭᠠᠬᠤ ᠪᠠᠷ ᠦᠨᠳᠦᠰᠦᠨ ᠵᠣᠷᠢᠯᠭ᠎ᠠ ᠪᠤᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠦᠯᠦᠪᠯᠡᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠤ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠤᠰ | ᠨᠡᠭᠦᠷᠡᠰᠦᠲᠥ᠋ᠷᠥᠭᠴᠢ︾ ︽ᠬᠤᠤᠰ ᠡᠵᠡᠮᠳᠡᠯ︾ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠠᠬᠢᠭᠤᠯᠵᠤ᠂ ᠰᠢᠨ᠎ᠡ ᠠᠶᠠᠨ ᠳᠤ ᠡᠷᠡᠯᠬᠡᠭᠯᠡᠨ | ᠤᠷᠤᠭᠰᠢᠯᠠᠵᠤ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠤᠶᠢᠯ ᠤᠨ ᠠᠵᠢᠯ ᠢ ᠰᠢᠨ᠎ᠡ ᠳᠡᠭᠲᠡᠷ ᠲᠤ | ᠭᠠᠷᠭᠠᠬᠤ ᠶᠢ ᠲᠠᠰᠤᠷᠠᠯᠲᠠ ᠥᠬᠡᠶ ᠠᠬᠢᠭᠤᠯᠵᠤ᠂ ᠣᠳᠣ ᠦᠶ᠎ᠡ ᠶᠢᠨ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠶ ᠤᠳᠤᠬᠢᠴᠢᠯᠠᠭᠰᠡᠨ ᠵᠢᠱᠢᠶ᠎ᠡ ᠦᠵᠡᠭᠦᠯᠬᠦ | ᠣᠷᠣᠨ ᠢ ᠪᠦᠬᠦ ᠲᠠᠯ᠎ᠠ ᠪᠠᠷ ᠴᠤᠭᠴᠠᠯᠠᠵᠤ᠂ ᠳ᠋ᠦᠩᠱᠧᠩ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠦᠴᠦ ᠪᠠᠨ ᠬᠠᠮᠲᠤᠳᠬᠠᠨ ᠪᠢᠴᠢᠭᠯᠡᠨ᠎ᠠ᠃ | ᠡᠨᠡ ᠬᠦ ᠶᠡᠷᠦᠩᠬᠡᠶ ᠰᠡᠳᠬᠢᠴᠡ ᠶᠢᠨ ᠲᠣᠭᠤᠷᠢᠨ ᠳᠤ᠂ ᠬᠤᠶᠢᠰᠢᠳᠠ ᠶᠢᠨ ᠲᠠᠪᠤᠨ ᠵᠢᠯ ᠳᠤ ᠪᠥᠬᠦ ᠲᠤᠭᠤᠷᠢᠭ ᠢᠶᠠᠷ ᠢᠶᠠᠨ ︽ᠳᠥᠷᠪᠡᠨ ᠢᠯᠡᠳᠲᠡ | ᠳᠡᠭᠡᠭᠰᠢᠯᠡᠭᠦᠯᠬᠦ︾ ᠶᠡᠷᠦᠩᠬᠡᠶ ᠬᠠᠷᠠᠯᠲᠠ ᠶᠢ ᠴᠢᠷᠮᠠᠶᠢᠨ ᠪᠡᠶᠡᠯᠡᠬᠦᠯᠦᠨ᠎ᠠ᠄ | ᠨᠢᠭᠡ ᠳᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠪᠣᠬᠢᠷᠲᠤᠯ ᠦᠭᠡᠢ ᠪᠠᠷ ᠬᠦᠭᠵᠢᠬᠦᠯᠬᠦ ᠶᠢ ᠢᠯᠡᠳᠲᠡ ᠲᠡᠬᠡᠭᠰᠢᠯᠡᠬᠦᠯᠦᠨ᠎ᠠ᠃ ᠲᠡᠷᠢᠭᠦᠨ ᠤ | ᠲᠤᠨᠤᠭ ᠲᠦᠬᠦᠬᠡᠷᠦᠮᠵᠢ ᠦᠢᠯᠡᠳᠬᠦ ᠦᠢᠯᠡᠰ ᠢᠶᠠᠷ ᠭᠤᠤᠯᠯᠠᠭᠤᠯᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢᠶᠠᠷ ᠬᠦᠲᠦᠯᠦᠨ ᠳᠠᠭᠠᠭᠤᠯᠬᠤ᠂ ᠤᠯᠠᠮᠵᠢᠯᠠᠯᠲᠤ | ᠠᠵᠤ ᠦᠢᠯᠡᠰ ᠢ ᠳᠡᠰ ᠳᠡᠪᠰᠢᠭᠦᠯᠬᠦ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢᠶᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ | ᠰᠦᠷᠦᠭᠵᠢᠯ ᠮᠠᠶ᠋ᠢᠭ ᠤᠨ᠂ ᠬᠡᠯᠬᠢᠶᠡᠵᠢᠯ ᠤᠨ ᠮᠠᠶ᠋ᠢᠭ ᠤᠨ ᠬᠥᠭᠵᠢᠯᠲᠡ ᠶᠢ ᠠᠬᠢᠭᠤᠯᠤᠨ᠎ᠠ᠃ ᠡᠨᠧᠷᠭᠢ ᠶᠢᠨ ᠠᠵᠤ ᠦᠢᠯᠡᠰ ᠤᠨ ᠮᠡᠷᠭᠡᠵᠢᠯ ᠤᠨ ᠬᠥᠭᠵᠢᠯᠲᠡ ᠶᠢᠨ | ᠰᠢᠨ᠎ᠡ ᠬᠠᠨᠳᠤᠰᠢ ᠶᠢ ᠨᠢᠬᠳᠠ ᠳᠠᠭᠠᠵᠤ᠂ ᠣᠷᠣᠨ ᠪᠦᠰᠡ ᠶᠢᠨ ᠡᠨᠧᠷᠭᠢ ᠶᠢᠨ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠢᠩᠭᠠᠨ ᠳ᠋ᠦᠩᠰᠢᠭᠤᠷ ᠲᠦᠬᠦᠷᠢᠭ ᠤᠨ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠰᠦᠷᠦᠭᠵᠢᠯ ᠪᠠ ᠮᠢᠩᠭᠠᠨ | ᠳ᠋ᠦᠩᠰᠢᠭᠤᠷ ᠲᠦᠬᠦᠷᠢᠭ ᠤᠨ ᠦᠢᠯᠡᠳᠬᠦᠨ ᠤ ᠥᠷᠲᠡᠭ ᠲᠠᠢ ᠬᠦᠷᠢᠶᠡᠯᠡᠩ ᠲᠣᠭᠤᠷᠢᠭ ᠢ ᠪᠤᠶᠢᠵᠢᠭᠤᠯᠤᠨ ᠪᠦᠷᠢᠯᠳᠦᠭᠦᠯᠵᠦ᠂ ᠰᠠᠭᠤᠷᠢ ᠨᠢ ᠪᠣᠳᠠᠲᠠᠢ᠂ ᠪᠦᠲᠦᠴᠡ ᠨᠢ | ᠰᠢᠯᠢᠳᠡᠭ᠂ ᠨᠥᠭᠡᠴᠡ ᠬᠦᠴᠦᠨ ᠨᠢ ᠭᠦᠢᠴᠡᠳ ᠣᠳᠣᠬᠢᠴᠢᠯᠠᠭᠰᠠᠨ ᠠᠵᠤ ᠦᠢᠯᠡᠰ ᠤᠨ ᠲᠤᠭᠳᠠᠯᠴᠠᠭ᠎ᠠ ᠶᠢ ᠦᠨᠳᠦᠰᠦᠨ ᠳᠡᠭᠡᠨ ᠪᠦᠷᠢᠯᠳᠦᠭᠦᠯᠦᠨ᠎ᠡ᠃ | ᠬᠤᠶᠠᠷ ᠲᠤ ᠪᠥᠬᠦ ᠣᠷᠣᠨ ᠪᠦᠰᠡ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠢᠯᠡᠳᠲᠡ ᠲᠡᠬᠡᠭᠰᠢᠯᠡᠬᠦᠯᠦᠨ᠎ᠠ᠃ ᠪᠣᠬᠢᠷᠲᠤᠯ ᠥᠬᠡᠶ | ᠬᠥᠭᠵᠢᠯᠲᠡ ᠶᠢᠨ ᠣᠨᠣᠯᠵᠢᠬᠤᠨ ᠢ ᠪᠥᠬᠦ ᠲᠠᠯ᠎ᠠ ᠪᠠᠷ ᠭᠦᠨᠵᠡᠭᠡᠶ ᠲᠤᠤᠱᠯᠠᠭᠤᠯᠵᠤ᠂ ︽ᠨᠡᠭᠦᠷᠡᠰᠦᠲᠥ᠋ᠷᠥᠭᠴᠢ ᠶᠢ ᠬᠢᠵᠠᠭᠠᠷᠯᠠᠨ ᠪᠠᠭᠠᠰᠬᠠᠬᠤ᠂ | ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠤᠨ ᠬᠡᠷᠡᠭᠯᠡᠬᠦ︾ ᠠᠵᠢᠯ ᠢ ᠰᠠᠶᠢᠲᠤᠷ ᠬᠢᠵᠦ᠂ ᠡᠨᠧᠷᠭᠢ ᠶᠢᠨ ᠬᠤᠷᠣᠭᠳᠠᠯ ᠤᠨ ︽ᠬᠤᠤᠰ ᠡᠵᠡᠮᠳᠠᠯ︾ ᠤᠨ ᠠᠵᠢᠯ ᠢ | ᠯᠠᠪᠳᠠᠭᠤᠨ ᠪᠠᠲᠤᠲᠠᠶ ᠠᠬᠢᠭᠤᠯᠵᠤ᠂ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠤᠯᠠᠮ | ᠨᠢᠭᠡ ᠠᠯᠬᠤᠮ ᠪᠠᠬᠢᠵᠢᠭᠦᠯᠦᠨ ᠥᠷᠭᠡᠳᠬᠡᠵᠦ᠂ ᠭᠤᠤᠯ ᠪᠣᠯᠬᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠵᠤ᠂ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠢᠯᠡᠳᠲᠡ ᠦᠷ᠎ᠡ ᠪᠦᠲᠦᠮᠵᠢ ᠣᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠪᠥᠬᠦ | ᠬᠤᠲᠠ ᠶᠢᠨ ᠡᠮᠦᠨ᠎ᠡ ᠡᠩᠨᠡᠭᠡᠨ ᠳᠤ ᠤᠷᠤᠭᠤᠯᠤᠨ᠎ᠠ᠃ | ᠭᠤᠷᠪᠠ ᠳᠤ ᠬᠤᠲᠠ ᠶᠢᠨ ᠰᠢᠨ᠎ᠡ ᠶᠢ ᠡᠭᠦᠳᠦᠨ ᠨᠡᠭᠡᠭᠡᠯᠲᠡ ᠬᠢᠬᠦ ᠴᠢᠳᠠᠪᠤᠷᠢ ᠢᠯᠡᠳᠲᠡ ᠲᠡᠬᠡᠭᠰᠢᠯᠡᠬᠦᠯᠦᠨ᠎ᠠ᠃ ᠣᠷᠣᠨ ᠪᠦᠰᠡ ᠶᠢ ᠵᠤᠬᠢᠴᠠᠯᠳᠤᠭᠤᠯᠤᠨ | ᠬᠤᠯᠪᠣᠭᠠᠯᠠᠨ ᠬᠦᠳᠡᠯᠦᠯᠴᠡᠬᠦᠯᠵᠤ ᠬᠦᠭᠵᠢᠬᠦᠯᠬᠦ ᠲᠣᠭᠤᠷᠢᠨ ᠳᠤ᠂ ᠰᠠᠨᠠᠭᠠᠴᠢᠯᠠᠭ᠎ᠠ ᠠᠴᠠ ᠪᠠᠨ ᠬᠤᠳᠠ ᠶᠢᠨ ᠬᠠᠨᠢᠲᠠᠨ ᠡᠷᠢᠵᠤ᠂ ᠪᠦᠬᠦ ᠲᠠᠯ᠎ᠠ ᠪᠠᠷ ︽ᠴᠤᠭᠯᠠᠷᠠᠯ | ᠬᠦᠷᠢᠶᠠᠨ ᠳᠤ ᠤᠷᠤᠵᠤ︾᠂ ᠲᠡᠷᠢᠭᠦᠨ ᠤ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ | ᠬᠤᠯᠪᠣᠯᠳᠤᠨ ᠨᠡᠪᠲᠡᠷᠡᠯᠴᠡᠬᠦ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠵᠤ ᠬᠠᠮᠲᠤ ᠪᠠᠷ ᠵᠠᠰᠠᠬᠤ᠂ ᠠᠵᠤ ᠦᠢᠯᠡᠰ ᠤᠨ ᠲᠤᠭᠳᠠᠯᠴᠠᠭ᠎ᠠ ᠶᠢᠨ | ᠬᠠᠮᠵᠢᠯᠴᠠᠨ ᠰᠢᠨ᠎ᠡ ᠶᠢ ᠡᠭᠦᠳᠬᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠳᠥᠭᠦᠮ ᠳᠥᠲᠡ ᠪᠠᠷ ᠪᠠᠶᠢᠯᠭᠠᠨ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠳᠡᠭᠡᠳᠦ | ᠰᠢᠨ᠎ᠡ ᠮᠡᠷᠭᠡᠵᠢᠯ ᠤᠨ ᠠᠵᠤ ᠤᠶᠢᠯᠡᠰ ᠤᠨ ᠰᠢᠯᠵᠢᠯᠲᠡ᠂ ᠰᠢᠨ᠎ᠡ ᠡᠨᠧᠷᠭᠢ ᠶᠢᠨ ᠠᠵᠤ ᠠᠬᠤᠶ ᠶᠢᠨ ᠬᠠᠮᠲᠤᠷᠠᠯᠴᠠᠭ᠎ᠠ ᠶᠢ ᠰᠠᠨᠠᠭᠠᠴᠢᠯᠠᠭ᠎ᠠ ᠠᠴᠠ ᠪᠠᠨ ᠭᠥᠯᠢᠶᠡᠨ | ᠠᠪᠴᠤ᠂ ᠨᠣᠯᠤᠤᠷ ᠤᠨ ᠤᠶᠢᠯᠡᠳᠬᠦᠨ᠂ ᠮᠠᠰᠢᠨ ᠲᠡᠷᠭᠡ ᠵᠡᠷᠭᠡ ᠤᠶᠢᠯᠡᠳᠬᠦᠨ ᠤ ᠥᠷᠢᠰᠥᠯᠳᠦᠭᠡᠨ ᠤ ᠳᠠᠪᠠᠭᠤᠯᠢᠭ ᠢ ᠠᠯᠬᠤᠮ ᠠᠯᠬᠤᠮ ᠢᠶᠠᠷ ᠥᠷᠭᠡᠳᠬᠡᠵᠦ᠂ | ᠥᠨᠳᠥᠷ ᠬᠢᠷᠢ ᠲᠦᠪᠰᠢᠨ ᠪᠥᠬᠦᠶ ᠨᠡᠭᠡᠭᠡᠯᠲᠡ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠳᠥᠷᠪᠡ ᠳᠤ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠦᠷ᠎ᠡ ᠪᠦᠲᠦᠮᠵᠢ ᠶᠢ ᠢᠯᠡᠳᠲᠡ ᠲᠡᠬᠡᠭᠰᠢᠯᠡᠬᠦᠯᠦᠨ᠎ᠠ᠃ ᠬᠤᠳᠠ ᠶᠢ ᠡᠮᠬᠢ | ᠵᠢᠷᠤᠮ ᠲᠠᠢ ᠪᠠᠷ ᠰᠢᠨᠡᠴᠢᠯᠡᠬᠦ ᠶᠢ ᠨᠢᠭᠡᠳᠦᠯᠲᠡᠢ ᠲᠦᠯᠦᠪᠯᠡᠨ ᠠᠬᠢᠭᠤᠯᠵᠤ᠂ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢ | ᠶᠡᠭᠡ ᠪᠠᠷ ᠠᠬᠢᠭᠤᠯᠵᠤ᠂ ᠬᠤᠳᠠ ᠬᠥᠳᠡᠭᠡ᠂ ᠬᠦᠷᠢᠶᠡᠯᠡᠩ ᠲᠣᠭᠤᠷᠢᠭ᠂ ᠠᠵᠤ ᠦᠢᠯᠡᠰ ᠤᠨ ᠬᠥᠭᠵᠢᠯᠲᠡ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠪᠦᠬᠦ | ᠲᠠᠯ᠎ᠠ ᠪᠠᠷ ᠰᠢᠯᠢᠳᠡᠭᠵᠢᠭᠦᠯᠵᠦ᠂ ᠬᠤᠳᠠ ᠶᠢᠨ ᠠᠵᠤ ᠦᠢᠯᠡᠰ᠂ ᠬᠡᠷᠡᠭᠯᠡᠭᠡ᠂ ᠡᠯᠧᠮᠧᠨ᠋ᠲ ᠤᠨ ᠬᠥᠳᠡᠭᠡ ᠲᠣᠰᠬᠤᠨ ᠲᠡᠶᠢᠰᠢ ᠰᠢᠯᠵᠢᠬᠦ ᠲᠦᠷᠦ ᠶᠢᠨ ᠪᠤᠳᠤᠯᠭ᠎ᠠ ᠶᠢᠨ | ᠲᠤᠭᠳᠠᠯᠴᠠᠭ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ | ᠲᠣᠭᠲᠠᠴᠠ ᠶᠢ ᠦᠨᠳᠦᠰᠦᠨ ᠳᠡᠭᠡᠨ ᠪᠦᠷᠢᠯᠳᠦᠭᠦᠯᠦᠨ᠎ᠡ᠃ ᠰᠤᠷᠭᠠᠨ ᠬᠥᠮᠦᠵᠢᠯ᠂ ᠡᠮᠴᠢᠯᠡᠭᠡ᠂ ᠰᠣᠶᠣᠯ ᠵᠡᠷᠭᠡ ᠣᠯᠠᠨ ᠨᠡᠶᠢᠲᠡ ᠶᠢᠨ ᠤᠶᠢᠯᠡᠴᠢᠯᠡᠭᠡ ᠶᠢ ᠨᠠᠩ | ᠲᠦᠬᠡᠮᠡᠯ ᠬᠠᠷᠭᠠᠯᠵᠠᠯ ᠠᠰᠢᠭ ᠬᠦᠷᠲᠡᠭᠡᠵᠦ ᠲᠡᠩᠴᠡᠭᠦᠷᠢᠲᠡᠶ ᠪᠠᠶᠢᠯᠭᠠᠵᠤ᠂ ᠦᠵᠡᠮᠵᠢ ᠨᠢ ᠭᠤᠶᠣ ᠰᠠᠶᠢᠬᠠᠨ᠂ ᠶᠠᠪᠤᠵᠤ ᠰᠠᠭᠤᠬᠤ ᠳᠤ ᠲᠥᠬᠦᠮ ᠲᠦᠳᠡ᠂ | ᠤᠶᠢᠯᠡᠴᠢᠯᠡᠭᠡ ᠨᠢ ᠪᠦᠷᠢᠨ ᠲᠡᠭᠦᠯᠳᠡᠷ᠂ ᠣᠷᠣᠰᠢᠨ ᠰᠠᠭᠤᠵᠤ ᠤᠶᠢᠯᠡᠰ ᠪᠦᠳᠦᠬᠡᠬᠦ ᠳᠤ ᠲᠣᠬᠢᠷᠠᠮᠵᠢᠲᠠᠶ ᠣᠳᠣᠬᠢᠴᠢᠯᠠᠭᠰᠠᠨ ᠴᠢᠨᠠᠷ ᠲᠡᠰᠳᠤ ᠬᠤᠳᠠ ᠶᠢ | ᠪᠠᠶᠢᠭᠤᠯᠤᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ︽ᠵᠢᠷᠭᠤᠭᠠᠨ ᠨᠢᠬᠳᠠ ᠤᠶᠠᠯᠳᠤᠭᠤᠯᠬᠤ︾ ᠶᠢ ᠭᠤᠣᠯᠳᠠᠯᠭ᠎ᠠ ᠲᠠᠢ ᠰᠠᠶᠢᠲᠤᠷ | ᠠᠳᠬᠤᠵᠤ᠂ ︽ᠵᠢᠷᠭᠤᠭᠠᠨ ᠰᠢᠨ᠎ᠡ ᠦᠷ᠎ᠡ ᠪᠦᠲᠦᠮᠵᠢ︾ ᠶᠢ ᠴᠢᠷᠮᠠᠶᠢᠨ ᠪᠡᠶᠡᠯᠡᠭᠦᠯᠦᠨ᠎ᠡ᠄ | ︵ᠨᠢᠭᠡ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠠᠢ ᠨᠢᠭᠲᠠ ᠤᠶᠠᠯᠳᠤᠭᠤᠯᠤᠨ᠂ ᠰᠢᠨ᠎ᠡ ᠶᠢ | ᠡᠭᠦᠳᠬᠦ ᠤᠬᠠᠮᠰᠠᠷ ᠢ ᠬᠥᠭᠵᠢᠭᠡᠬᠦ᠂ ᠦᠷ᠎ᠡ ᠪᠦᠲᠦᠭᠡᠯ ᠢ ᠬᠤᠪᠢᠷᠠᠭᠤᠯᠬᠤ ᠶᠢ ᠲᠦᠷᠭᠡᠳᠬᠡᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠤᠨ᠎ᠠ᠃ ᠰᠢᠨ᠎ᠡ ᠶᠢ | ᠡᠭᠦᠳᠬᠦ ᠶᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ᠂ ᠰᠢᠨ᠎ᠡ ᠶᠢ ᠡᠭᠦᠳᠬᠦ ᠶᠢ ᠰᠦᠪᠡᠭᠴᠢᠯᠡᠬᠦ ᠪᠣᠯ ᠳᠠᠷᠤᠢ ᠢᠷᠡᠭᠡᠳᠦᠢ ᠶᠢ | ᠪᠣᠳᠣᠯᠬᠢᠯᠠᠵᠤ ᠪᠠᠶᠢᠭ᠎ᠠ ᠶᠠᠪᠤᠳᠠᠯ ᠪᠤᠯᠤᠨ᠎ᠠ᠃ ᠪᠢᠳᠡ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ | ᠬᠤᠪᠢᠰᠤᠯᠲᠠ ᠶᠢᠨ ᠠᠵᠠ ᠲᠣᠬᠢᠶᠠᠯ ᠢ ᠡᠵᠡᠮᠳᠡᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ | ᠬᠡᠷᠡᠭᠵᠢᠭᠦᠯᠬᠦ ᠳᠤᠮᠳᠠ ︽ᠶᠡᠭᠡ ᠬᠠᠨᠳᠤᠰᠢ︾ ᠶᠢ ᠠᠳᠬᠤᠵᠤ᠂ ︽ᠤᠷᠢᠳᠠᠴᠢ ᠰᠢᠲᠠᠷ᠎ᠠ︾ ᠶᠢ ᠰᠠᠶᠢᠲᠤᠷ ᠲᠠᠯᠪᠢᠵᠤ᠂ ︽ᠰᠠᠨᠠᠭᠠᠴᠢᠯᠠᠭᠠᠲᠤ ᠳᠠᠶᠢᠨ︾ ᠢ ᠰᠠᠶᠢᠲᠤᠷ | ᠬᠢᠨ᠎ᠠ᠃ | ᠰᠢᠨ᠎ᠡ ᠶᠢ ᠡᠭᠦᠳᠬᠦ ᠭᠤᠣᠯ ᠴᠣᠭᠴᠠ ᠶᠢ ᠲᠥᠪᠯᠡᠷᠡᠭᠦᠯᠦᠨ ᠪᠤᠶᠢᠵᠢᠭᠤᠯᠤᠨ ᠰᠢᠯᠢᠳᠡᠭᠵᠢᠬᠦᠯᠦᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ︽ᠬᠤᠶᠠᠷ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠬᠡᠷᠡᠭᠵᠢᠭᠦᠯᠵᠦ᠂ | ᠨᠠᠩ ᠣᠯᠠᠨ ᠰᠢᠨ᠎ᠡ ᠶᠢ ᠡᠭᠦᠳᠴᠦ ᠠᠳᠠᠯ ᠤᠶᠢᠯᠡᠰ ᠴᠣᠭᠴᠠᠯᠠᠬᠤ ︽ᠦᠷ᠎ᠡ︾ ᠶᠢ ᠳ᠋ᠦᠩᠱᠧᠩ ᠳᠤ ᠦᠨᠳᠦᠰᠦᠯᠡᠭᠦᠯᠦᠨ ᠰᠣᠶᠣᠭᠠᠯᠠᠭᠤᠯᠵᠤ᠂ ᠢᠳᠡᠷᠡᠭᠦᠨ ᠢᠶᠠᠷ | ᠪᠤᠶᠢᠵᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠭᠡᠳ ᠠᠵᠤ ᠤᠶᠢᠯᠡᠰ ᠤᠨ ᠬᠥᠭᠵᠢᠯᠲᠡ ᠶᠢ ᠵᠣᠬᠢᠴᠠᠯᠳᠤᠭᠤᠯᠤᠨ ᠵᠣᠯᠭᠠᠭᠤᠯᠬᠤ | ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠠᠵᠤ ᠤᠶᠢᠯᠡᠰ ᠤᠨ ᠬᠡᠯᠬᠢᠶ᠎ᠡ ᠶᠢᠨ ᠳᠡᠭᠡᠳᠦ ᠳᠤᠮᠳᠠ ᠳᠤᠤᠷᠠᠳᠤ ᠤᠷᠤᠰᠬᠠᠯ᠂ ᠲᠣᠮᠣ ᠳᠤᠮᠳᠠ ᠵᠢᠵᠢᠭ ᠠᠵᠤ | ᠠᠬᠤᠶᠢᠯᠠᠯ ᠠᠭᠤᠰᠤᠯᠴᠠᠨ ᠨᠡᠪᠳᠡᠷᠡᠯᠴᠠᠨ ᠰᠢᠨ᠎ᠡ ᠶᠢ ᠡᠬᠦᠳᠬᠦ᠂ ᠠᠵᠤ ᠤᠶᠢᠯᠡᠰ ᠤᠨ ᠬᠡᠯᠬᠢᠶ᠎ᠡ ᠬᠢᠭᠡᠳ ᠰᠢᠨ᠎ᠡ ᠶᠢ ᠡᠭᠦᠳᠬᠦ ᠬᠡᠯᠬᠢᠶ᠎ᠡ ᠶᠢᠨ ᠰᠠᠶᠢᠨ ᠰᠠᠶᠢᠬᠠᠨ ᠢᠶᠠᠷ | ᠬᠠᠷᠢᠯᠴᠠᠨ ᠤᠶᠢᠯᠡᠳᠦᠯᠴᠡᠬᠦ ᠪᠠ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠣᠷᠣᠭᠤᠯᠤᠯᠲᠠ ᠶᠢᠨ ᠴᠢᠩᠳᠠᠯᠢᠭ ᠴᠢᠨᠠᠷᠲᠠᠶ ᠨᠡᠮᠡᠭᠳᠡᠯ ᠤᠨ | ᠲᠣᠭᠲᠠᠴᠠ᠂ ᠨᠡᠶᠢᠭᠡᠮ ᠤᠨ ᠣᠯᠠᠨ ᠠᠷᠭ᠎ᠠ ᠵᠠᠮ ᠤᠨ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠣᠰ ᠭᠠᠵᠠᠷ ᠣᠷᠣᠨ ᠤ ᠠᠵᠤ ᠠᠬᠤᠶᠢᠯᠠᠯ ᠢ | ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠢ ᠬᠠᠮᠲᠤᠷᠠᠨ ᠠᠵᠢᠯᠯᠠᠬᠤ ᠶᠢ ᠵᠥᠪᠳᠡᠯᠴᠡᠬᠦ ᠶᠢ ᠳᠡᠮᠵᠢᠨ ᠵᠣᠷᠢᠭᠵᠢᠭᠤᠯᠵᠤ᠂ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠬᠡᠷᠡᠭᠵᠢᠭᠦᠯᠦᠨ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠨᠤᠳᠤᠭᠰᠢᠭᠤᠯᠤᠨ ᠬᠤᠪᠢᠷᠠᠭᠤᠯᠬᠤ ᠶᠢ ᠲᠠᠰᠤᠷᠠᠯᠲᠠ ᠥᠬᠡᠶ ᠲᠦᠷᠭᠡᠳᠬᠡᠵᠦ᠂ ᠨᠠᠩ ᠣᠯᠠᠨ ᠰᠢᠨ᠎ᠡ ᠮᠡᠷᠭᠡᠵᠢᠯ᠂ ᠰᠢᠨ᠎ᠡ ᠠᠵᠤ | ᠤᠶᠢᠯᠡᠰ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠵᠠᠭᠪᠤᠷ ᠢ ᠳ᠋ᠦᠩᠱᠧᠩ ᠳᠤ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠶᠢ ᠠᠬᠢᠭᠤᠯᠤᠨ᠎ᠠ᠃ ᠲᠠᠪᠤᠨ | ᠵᠢᠯ ᠤᠨ ᠳᠣᠲᠣᠷ᠎ᠠ ᠰᠢᠨ᠎ᠡ ᠶᠢ ᠡᠭᠦᠳᠬᠦ ᠲᠠᠪᠴᠠᠩ ᠢ ᠨᠡᠮᠡᠭᠳᠡᠬᠦᠯᠦᠨ 50 ᠠᠴᠠ ᠳᠠᠪᠠᠭᠤᠯᠵᠤ᠂ ᠲᠡᠭᠡᠳᠤ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠶᠡᠷᠦᠩᠬᠡᠢ ᠲᠤᠭ᠎ᠠ ᠶᠢ 100 ᠠᠴᠠ ᠳᠡᠭᠡᠭᠰᠢ ᠳᠤ ᠬᠦᠷᠭᠡᠬᠦ ᠪᠠᠷ | ᠴᠢᠷᠮᠠᠶᠢᠨ᠎ᠠ᠃ | ᠰᠢᠨ᠎ᠡ ᠶᠢ ᠡᠭᠦᠳᠬᠦ ᠴᠢᠳᠠᠪᠤᠷᠢᠲᠠᠨ ᠢ ᠴᠤᠭᠯᠠᠷᠠᠭᠤᠯᠤᠨ ᠬᠦᠮᠦᠵᠢᠬᠦᠯᠦᠨ᠎ᠠ᠃ ᠴᠢᠳᠠᠪᠤᠷᠢᠲᠠᠨ ᠢ ᠰᠢᠨ᠎ᠡ ᠶᠢ ᠡᠭᠦᠳᠬᠦ ᠪᠠᠷ ᠬᠦᠭᠵᠢᠯᠳᠠ ᠶᠢᠨ ᠬᠥᠳᠡᠯᠭᠡᠭᠦᠷ ᠪᠠ | ᠨᠢᠬᠡᠳᠦᠬᠡᠷ ᠡᠬᠢ ᠪᠠᠶᠠᠯᠢᠭ ᠪᠤᠯᠭᠠᠬᠤ ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠰᠤᠳᠤᠨ ᠴᠢᠳᠠᠪᠤᠷᠢᠲᠠᠨ︾ ᠤ ᠢᠨᠵᠧᠨᠧᠷᠢᠩ᠂ | ᠭᠠᠷᠮᠠᠭᠠᠶ ᠴᠢᠳᠠᠪᠤᠷᠢᠲᠠᠨ ᠢ ᠬᠥᠮᠦᠵᠢᠭᠦᠯᠦᠨ ᠪᠤᠶᠢᠵᠢᠭᠤᠯᠬᠤ ᠲᠥᠯᠥᠪᠯᠡᠭᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ | ︽ᠴᠢᠳᠠᠪᠤᠷᠢᠲᠠᠨ ᠤ ᠣᠷᠳᠣᠰ︾ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠴᠢᠳᠠᠪᠤᠷᠢᠲᠠᠨ ᠢ ᠣᠷᠣᠭᠤᠯᠤᠨ ᠴᠢᠳᠠᠪᠤᠷᠢᠲᠠᠨ ᠢ | ᠬᠥᠮᠦᠵᠢᠭᠦᠯᠬᠦ ᠶᠢ ᠵᠡᠷᠭᠡ ᠪᠠᠷ ᠴᠢᠬᠤᠯᠠᠴᠢᠯᠠᠵᠤ᠂ ᠴᠢᠳᠠᠪᠤᠷᠢᠲᠠᠨ ᠢ ᠬᠡᠷᠡᠭᠯᠡᠨ ᠴᠢᠳᠠᠪᠤᠷᠢᠲᠠᠨ ᠢ ᠦᠯᠡᠳᠡᠭᠡᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ | ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠂ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠶᠢ ᠨᠠᠷᠢᠯᠢᠭ | ᠣᠨᠣᠴᠠᠲᠠᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠴᠢᠳᠠᠪᠤᠷᠢᠲᠠᠨ ᠤ ᠬᠡᠯᠬᠢᠶ᠎ᠡ᠂ ᠮᠡᠷᠭᠡᠵᠢᠯ ᠤᠨ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ ᠶᠢ ᠪᠦᠲᠦᠮᠵᠢᠲᠡᠢ ᠪᠠᠷ | ᠵᠣᠯᠭᠠᠭᠤᠯᠬᠤ ᠶᠢ ᠠᠬᠢᠭᠤᠯᠤᠨ᠂ ︽ᠴᠢᠳᠠᠪᠤᠷᠢᠲᠠᠨ + ᠲᠦᠷᠦᠯ ᠵᠤᠶᠢᠯ︾ ᠢ ᠪᠤᠭᠤᠳᠠᠯᠯᠠᠨ ᠨᠤᠳᠤᠭᠰᠢᠭᠤᠯᠬᠤ ᠶᠢ ᠠᠬᠢᠭᠤᠯᠤᠨ᠎ᠠ᠃ ︽ᠴᠢᠳᠠᠪᠤᠷᠢᠲᠠᠨ ᠤ | ᠨᠡᠶᠢᠲᠡ ᠶᠢᠨ ᠪᠠᠶᠢᠷᠢ︾᠂ ︽ᠵᠠᠯᠠᠭᠤᠴᠤᠳ ᠤᠨ ᠵᠣᠴᠢᠨ ᠤ ᠦᠷᠦᠭᠡ︾ ᠶᠢ ᠤᠯᠠᠨ ᠲᠡᠰ ᠲᠠᠪᠬᠤᠷᠭ᠎ᠠ ᠪᠠᠷ ᠪᠠᠶᠢᠭᠤᠯᠵᠤ᠂ ᠤᠷᠤᠭᠤᠯᠤᠨ ᠠᠪᠴᠢᠷᠠᠭᠰᠡᠨ | ᠴᠢᠳᠠᠪᠤᠷᠢᠲᠠᠨ ᠪᠠ ᠦᠢᠯᠡᠰ ᠪᠤᠰᠬᠠᠬᠤ ᠬᠥᠮᠦᠰ ᠤᠨ ᠣᠷᠣᠨ ᠰᠠᠭᠤᠴᠠ ᠶᠢᠨ ᠠᠮᠤᠭᠤᠯᠠᠩ᠂ ᠬᠤᠯᠪᠣᠰᠤ ᠶᠢᠨ ᠠᠵᠢᠯ ᠤᠯᠭᠤᠯᠳᠠ᠂ ᠦᠷ᠎ᠡ ᠬᠡᠦᠬᠡᠳ ᠤᠨ ᠰᠤᠷᠭᠠᠨ | ᠬᠥᠮᠦᠵᠢᠯ ᠵᠡᠷᠭᠡ ᠪᠣᠳᠠᠲᠠᠢ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠴᠢᠳᠠᠪᠤᠷᠢᠲᠠᠨ ᠤ ᠬᠠᠷᠢᠶᠠᠯᠠᠯ ᠤᠨ ᠲᠦᠷᠦᠭᠳᠡᠯ ᠢ ᠨᠡᠮᠡᠭᠳᠡᠭᠦᠯᠵᠦ᠂ ᠡᠯ᠎ᠡ | ᠲᠦᠷᠦᠯ ᠤᠨ ᠴᠢᠳᠠᠪᠤᠷᠢᠲᠠᠨ ᠢ ᠰᠡᠳᠬᠢᠯ ᠠᠮᠤᠷ ᠠᠵᠢᠯᠯᠠᠭᠤᠯᠵᠤ᠂ ᠨᠢᠭᠡ ᠰᠡᠳᠬᠢᠯ ᠢᠶᠠᠷ ᠰᠢᠨᠵᠢᠯᠡᠬᠦ ᠤᠬᠠᠭᠠᠨ ᠤ ᠰᠤᠳᠤᠯᠭᠠᠨ ᠬᠢᠯᠬᠡᠵᠤ᠂ ᠰᠠᠨᠠᠭ᠎ᠠ ᠠᠮᠤᠷ ᠦᠢᠯᠡᠰ | ᠪᠤᠰᠬᠠᠭᠤᠯᠵᠤ᠂ ᠳ᠋ᠦᠩᠱᠧᠩ ᠢ ᠰᠢᠨ᠎ᠡ ᠶᠢ ᠡᠭᠦᠳᠬᠦ ᠦᠢᠯᠡᠰ ᠪᠤᠰᠬᠠᠬᠤ ︽ᠰᠢᠨ᠎ᠡ ᠥᠨᠳᠦᠷᠯᠢᠭ︾ ᠪᠠ ᠰᠢᠨ᠎ᠡ ᠶᠢ ᠡᠭᠦᠳᠬᠦ ᠴᠢᠳᠠᠪᠤᠷᠢᠲᠠᠨ ᠤ ︽ᠲᠥᠪᠯᠡᠷᠡᠯ ᠤᠨ | ᠭᠠᠵᠠᠷ︾ ᠪᠣᠯᠭᠠᠨ᠎ᠠ᠃ ᠲᠠᠪᠤᠨ ᠵᠢᠯ ᠤᠨ ᠳᠣᠲᠣᠷ᠎ᠠ 2 ᠲᠦᠮᠡᠨ ᠴᠢᠳᠠᠪᠤᠷᠢᠲᠠᠨ ᠢ ᠰᠢᠨ᠎ᠡ ᠪᠠᠷ ᠣᠷᠣᠭᠤᠯᠤᠨ ᠠᠪᠴᠢᠷᠠᠵᠤ᠂ ᠴᠢᠳᠠᠪᠤᠷᠢᠲᠠᠨ ᠤ ᠶᠡᠷᠦᠩᠬᠡᠢ | ᠬᠡᠮᠵᠢᠶ᠎ᠡ ᠶᠢ 10 ᠲᠦᠮᠡᠨ ᠬᠥᠮᠦᠨ ᠢ ᠲᠠᠪᠠᠭᠤᠯᠬᠤ ᠪᠠᠷ ᠴᠢᠷᠮᠠᠶᠢᠨ᠎ᠠ᠃ | ᠰᠢᠨ᠎ᠡ ᠶᠢ ᠡᠭᠦᠳᠬᠦ ᠤᠷᠴᠢᠨ ᠠᠬᠤᠢ ᠶᠢ ᠪᠤᠢ ᠪᠤᠯᠭᠠᠨ᠎ᠠ᠃ ᠣᠲᠣ ᠶᠢᠨ ᠪᠠᠶᠢᠭ᠎ᠠ ᠰᠢᠨ᠎ᠡ ᠶᠢ ᠡᠭᠦᠳᠦᠨ ᠠᠳᠠᠯ ᠤᠶᠢᠯᠡᠰ ᠴᠣᠭᠴᠠᠯᠠᠬᠤ ᠰᠠᠭᠤᠷᠢ ᠠᠴᠠ | ᠡᠬᠦᠰᠴᠦ᠂ ᠰᠢᠨ᠎ᠡ ᠶᠢ ᠡᠭᠦᠳᠬᠦ ᠰᠠᠶᠢᠨ ᠰᠠᠶᠢᠬᠠᠨ ᠠᠮᠢ ᠠᠬᠤᠶ ᠶᠢ ᠢᠳᠡᠪᠬᠢᠲᠡᠶ ᠪᠠᠷ ᠪᠠᠶᠢᠭᠤᠯᠤᠨ᠎ᠠ᠃ ᠴᠢᠳᠠᠪᠤᠷᠢᠲᠠᠨ ᠢ ᠤᠷᠮᠠᠰᠢᠭᠤᠯᠬᠤ ᠲᠣᠭᠲᠠᠴᠠ ᠶᠢ | ᠪᠦᠷᠢᠨᠰᠢᠭᠦᠯᠵᠦ᠂ ᠴᠢᠳᠠᠪᠤᠷᠢᠲᠠᠨ ᠤ ᠬᠥᠭᠵᠢᠯᠲᠡ ᠶᠢᠨ ᠬᠥᠷᠥᠰᠥ ᠰᠢᠷᠣᠶ ᠶᠢ ᠵᠤᠵᠠᠭᠠᠳᠬᠠᠨ᠂ ︽ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠢᠯᠠᠭᠳᠠᠯ ᠳᠤ | ᠤᠴᠠᠷᠠᠭᠰᠠᠨ ᠴᠤ ᠢᠷᠠᠭᠤ ᠠᠯᠳᠠᠷ ᠲᠠᠢ ᠪᠠᠶᠢᠬᠤ︾ ᠰᠢᠨ᠎ᠡ ᠶᠢ ᠡᠭᠦᠳᠬᠦ ᠤᠷᠴᠢᠨ ᠠᠬᠤᠢ ᠶᠢ ᠪᠣᠶ ᠪᠣᠯᠭᠠᠵᠤ᠂ ︽ᠲᠤᠷᠰᠢᠬᠤ ᠶᠢ ᠵᠥᠪᠰᠢᠶᠡᠷᠡᠵᠦ᠂ ᠪᠣᠯᠬᠤ ᠥᠬᠡᠶ | ᠪᠣᠯ ᠲᠠᠬᠢᠨ ᠡᠬᠢᠯᠡᠵᠤ ᠪᠤᠯᠬᠤ︾ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠵᠦ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ | ᠳᠠᠷᠤᠭᠠᠰᠤ ᠶᠢ ᠬᠥᠩᠭᠡᠯᠡᠨ᠂ ᠳᠠᠷᠤᠭᠠᠰᠤ ᠥᠬᠡᠶ ᠠᠵᠢᠯᠯᠠᠭᠤᠯᠵᠤ᠂ ᠵᠣᠷᠢᠭᠲᠠᠶ ᠬᠢᠵᠦ ᠵᠣᠷᠢᠭᠲᠠᠶ ᠲᠤᠷᠰᠢᠵᠤ᠂ ᠪᠥᠬᠦ ᠬᠦᠴᠦᠨ ᠢᠶᠠᠷ ᠢᠶᠠᠨ ᠰᠢᠨ᠎ᠡ ᠶᠢ | ᠡᠬᠦᠳᠦᠬᠦᠯᠦᠨᠠ᠃ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠰᠠᠨ ᠰᠢᠨ᠎ᠡ ᠶᠢ ᠡᠭᠦᠳᠬᠦ ᠣᠶᠢᠯᠠᠭᠠᠭᠳᠠᠬᠤᠨ ᠢ ᠶᠡᠭᠡ ᠪᠠᠷ ᠤᠬᠠᠭᠤᠯᠵᠤ᠂ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠬᠦ᠂ ᠢᠳᠡᠪᠬᠢᠲᠡᠢ ᠪᠠᠷ ᠥᠭᠡᠳᠡᠯᠡᠨ ᠲᠠᠪᠰᠢᠬᠤ ᠦᠷᠳᠡᠭ ᠤᠨ ᠦᠵᠡᠯᠲᠡ ᠶᠢ ᠬᠥᠮᠦᠵᠢᠭᠦᠯᠦᠨ᠂ ᠡᠯ᠎ᠡ ᠲᠦᠷᠦᠯ ᠤᠨ ᠰᠢᠨ᠎ᠡ ᠶᠢ ᠡᠭᠦᠳᠬᠦ | ᠭᠤᠤᠯ ᠴᠣᠭᠴᠠ ᠶᠢᠨ ᠢᠳᠡᠪᠬᠢᠵᠢᠯ ᠪᠠ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠵᠦ᠂ ᠵᠣᠷᠢᠭᠲᠠᠢ ᠪᠠᠷ ᠰᠢᠨ᠎ᠡ ᠶᠢ ᠡᠭᠦᠳᠬᠦ᠂ ᠰᠢᠨ᠎ᠡ ᠶᠢ ᠡᠭᠦᠳᠬᠦ ᠶᠢ ᠡᠷᠬᠢᠮᠯᠡᠬᠦ | ᠨᠡᠶᠢᠭᠡᠮ ᠤᠨ ᠤᠷᠴᠢᠨ ᠠᠬᠤᠢ ᠶᠢ ᠪᠤᠢ ᠪᠣᠯᠭᠠᠨ᠎ᠠ᠃ | ︵ᠬᠤᠶᠠᠷ︶ ᠣᠲᠣ ᠦᠶ᠎ᠡ ᠶᠢᠨ ᠠᠵᠤ ᠤᠶᠢᠯᠡᠰ ᠤᠨ ᠲᠤᠭᠳᠠᠯᠴᠠᠭ᠎ᠠ ᠶᠢ ᠪᠠᠶᠢᠭᠤᠯᠬᠤ ᠲᠠᠢ ᠨᠢᠭᠲᠠ ᠤᠶᠠᠯᠳᠤᠭᠤᠯᠤᠨ᠂ ᠠᠵᠤ ᠠᠬᠤᠶᠢᠯᠠᠯ ᠢ | ᠬᠦᠴᠦᠷᠬᠡᠭᠵᠢᠭᠦᠯᠦᠨ ᠬᠡᠯᠬᠢᠶ᠎ᠡ ᠶᠢ ᠨᠥᠬᠦᠪᠥᠷᠢᠯᠡᠵᠦ ᠰᠦᠷᠦᠭᠵᠢᠯ ᠢ ᠪᠠᠶᠢᠭᠤᠯᠬᠤ᠂ ᠠᠵᠤ ᠤᠶᠢᠯᠡᠰ ᠤᠨ ᠬᠦᠭᠵᠢᠯᠳᠠ ᠶᠢᠨ ᠬᠡᠯᠪᠡᠷᠢ ᠪᠠᠨ ᠬᠤᠪᠢᠷᠠᠭᠤᠯᠤᠨ ᠪᠤᠬᠢᠷᠳᠤᠯ | ᠦᠬᠡᠢ ᠪᠠᠷ ᠬᠦᠭᠵᠢᠬᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ | ︽ᠠᠵᠤ ᠤᠶᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠭᠦᠨᠵᠡᠭᠡᠶᠢᠷᠡᠭᠦᠯᠵᠦ᠂ ᠣᠲᠣ ᠦᠶ᠎ᠡ ᠶᠢᠨ ᠠᠵᠤ ᠤᠶᠢᠯᠡᠰ ᠤᠨ ᠬᠥᠭᠵᠢᠯᠲᠡ ᠶᠢᠨ ᠰᠢᠨ᠎ᠡ | ᠲᠤᠭᠳᠠᠯᠴᠠᠭ᠎ᠠ ᠶᠢ ᠪᠠᠶᠢᠭᠤᠯᠬᠤ︾ ᠴᠢᠬᠤᠯᠠ ᠱᠠᠭᠠᠷᠳᠠᠯᠭ᠎ᠠ ᠶᠢ ᠭᠦᠨᠵᠡᠭᠡᠶ ᠡᠵᠡᠮᠰᠢᠵᠦ᠂ ᠠᠵᠤ ᠤᠶᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ | ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ ᠳᠤ ᠴᠢᠭᠯᠡᠬᠦᠯᠦᠨ᠂ ︽ᠳᠥᠷᠪᠡᠨ ᠶᠡᠭᠡ ᠠᠵᠢᠯᠯᠠᠭ᠎ᠠ︾ ᠶᠢ ᠬᠦᠴᠦᠲᠡᠶ ᠬᠡᠷᠡᠭᠵᠢᠭᠦᠯᠵᠦ᠂ ᠣᠯᠠᠨ | ᠡᠨᠧᠷᠭᠢ ᠪᠠᠷ ᠬᠠᠷᠢᠯᠴᠠᠨ ᠨᠥᠬᠦᠪᠥᠷᠢᠯᠡᠬᠦ᠂ ᠣᠯᠠᠨ ᠤᠶᠢᠯᠡᠰ ᠢ ᠵᠡᠷᠭᠡ ᠪᠠᠷ ᠬᠥᠭᠵᠢᠭᠦᠯᠬᠦ᠂ ᠣᠯᠠᠨ ᠲᠠᠯ᠎ᠠ ᠪᠠᠷ ᠲᠤᠯᠭᠠᠭᠤᠷᠢᠯᠠᠬᠤ᠂ ᠣᠯᠠᠨ ᠡᠰᠢᠵᠢᠬᠦᠯᠦᠨ | ᠬᠥᠭᠵᠢᠭᠦᠯᠬᠦ ᠠᠵᠤ ᠤᠶᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠦᠷᠭᠡᠳᠬᠡᠨ ᠪᠠᠶᠢᠭᠤᠯᠤᠨ᠎ᠠ᠃ | ︽ᠴᠢᠬᠤᠯᠠ ᠶᠡᠭᠡ ᠲᠥᠷᠥᠯ ᠵᠦᠢᠯ ᠢ ᠤᠷᠢᠨ ᠠᠪᠴᠢᠷᠠᠵᠤ ᠨᠤᠳᠤᠭᠰᠢᠭᠤᠯᠤᠨ ᠲᠤᠭᠳᠠᠪᠤᠷᠢᠵᠢᠭᠤᠯᠬᠤ︾ ᠶᠢ ᠪᠦᠬᠦ ᠬᠦᠴᠦᠨ ᠢᠶᠠᠷ ᠠᠬᠢᠭᠤᠯᠤᠨ᠎ᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠢᠮᠠᠭᠲᠠ ᠲᠥᠷᠥᠯ ᠵᠤᠶᠢᠯ ᠢ ᠠᠳᠬᠤᠬᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠬᠥᠳᠡᠯᠭᠡᠬᠦ | ᠡᠨᠧᠷᠭᠢ ᠶᠢ ᠨᠡᠮᠡᠭᠳᠡᠬᠦᠯᠬᠦ ︽ᠨᠢᠭᠡᠳᠦᠭᠡᠷ ᠭᠠᠷᠳᠠᠴᠠ︾ ᠪᠤᠯᠭᠠᠵᠤ᠂ ᠮᠠᠰᠢᠨ ᠲᠡᠷᠭᠡ ᠵᠢᠴᠢ ᠰᠡᠯᠪᠢᠭ ᠲᠣᠨᠤᠭ᠂ ᠰᠢᠨ᠎ᠠ ᠡᠨᠧᠷᠭᠢ ᠶᠢᠨ ᠲᠤᠨᠤᠭ ᠲᠦᠬᠦᠬᠡᠷᠦᠮᠵᠢ | ᠦᠢᠯᠡᠳᠬᠦ᠂ ᠡᠯᠧᠺᠲᠷᠣᠨ ᠮᠡᠳᠡᠭᠡ ᠵᠠᠩᠭᠢ᠂ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ᠂ ᠰᠢᠨ᠎ᠡ ᠮᠠᠲ᠋ᠧᠷᠢᠶᠠᠯ᠂ ᠣᠳᠣ ᠦᠶ᠎ᠡ ᠶᠢᠨ ᠦᠢᠯᠡᠴᠢᠯᠡᠭᠡᠨ ᠤ | ᠦᠢᠯᠡᠰ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ | ᠮᠥᠷᠡᠨ ᠤ ᠭᠤᠷᠪᠠᠯᠵᠢᠨ ᠬᠤᠶᠢᠭ᠂ ᠬᠤᠪᠸᠢ ᠬᠤᠨᠠᠨ ᠵᠢᠶᠠᠩᠰᠢ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠵᠢᠭᠯᠠᠵᠤ᠂ ᠬᠤᠳᠠᠯᠳᠤᠭᠠᠴᠢᠨ ᠢᠶᠠᠷ | ᠬᠤᠳᠠᠯᠳᠤᠭᠠᠴᠢᠨ ᠤᠷᠢᠬᠤ᠂ ᠠᠵᠤ ᠤᠶᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠶᠡᠷᠦᠩᠬᠡᠶ ᠭᠠᠵᠡᠷ ᠤᠨ ᠠᠵᠤ ᠠᠬᠤᠶ ᠪᠠᠷ ᠬᠤᠳᠠᠯᠳᠤᠭᠠᠴᠢᠨ ᠤᠷᠢᠬᠤ | ᠶᠢ ᠦᠷᠨᠢᠬᠦᠯᠵᠤ᠂ ᠡᠯ᠎ᠡ ᠭᠠᠵᠠᠷ ᠤᠨ ᠬᠤᠳᠠᠯᠳᠤᠭᠠᠴᠢᠳ ᠤᠨ ᠨᠡᠶᠢᠭᠡᠮᠯᠢᠭ᠂ ᠬᠤᠳᠠᠯᠳᠤᠭᠠᠴᠢᠨ ᠤᠷᠢᠬᠤ ᠲᠠᠪᠴᠠᠩ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ | ᠴᠢᠩᠭᠠᠳᠬᠠᠵᠤ᠂ ᠨᠢᠬᠡ ᠪᠦᠯᠦᠭ ᠳᠠᠪᠠᠭᠤᠯᠢᠭ ᠢ ᠬᠦᠴᠦᠷᠬᠡᠭᠵᠢᠬᠦᠯᠬᠦ᠂ ᠳᠤᠲᠠᠭᠤᠳᠠᠯ ᠢ ᠨᠦᠬᠦᠪᠦᠷᠢᠯᠡᠬᠦ ᠬᠡᠯᠬᠢᠶ᠎ᠡ ᠶᠢ ᠤᠷᠲᠤᠳᠬᠠᠬᠤ ᠨᠥᠬᠦᠪᠥᠷᠢᠯᠡᠬᠦ | ᠬᠦᠴᠦᠷᠬᠡᠭᠵᠢᠬᠦᠯᠬᠦ ᠲᠥᠷᠥᠯ ᠵᠤᠶᠢᠯ ᠢ ᠤᠷᠤᠭᠤᠯᠵᠤ᠂ ᠵᠢᠯ ᠳᠤᠮᠳᠠᠴᠢ ᠶᠢᠨ ᠬᠡᠷ᠎ᠡ ᠲᠤᠭᠳᠠᠬᠤ ᠲᠥᠷᠥᠯ ᠵᠤᠶᠢᠯ 200 ᠠᠴᠠ ᠳᠤᠲᠠᠭᠤ ᠦᠬᠡᠢ ᠪᠠᠶᠢᠯᠭᠠᠵᠤ᠂ ᠬᠡᠷ᠎ᠡ | ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠶᠢ 200 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠬᠤ ᠶᠢ ᠪᠠᠳᠤᠯᠠᠨ᠎ᠠ᠃ ᠭᠤᠤᠯᠳᠠᠯᠭ᠎ᠠ ᠲᠠᠢ ᠠᠵᠤ ᠤᠶᠢᠯᠡᠰ | ᠤᠨ ︽ᠬᠡᠯᠬᠢᠶ᠎ᠡ ᠶᠢᠨ ᠣᠷᠳᠣ + ᠲᠤᠰᠬᠠᠶ ᠠᠩᠭᠢ︾ ᠶᠢᠨ ᠤᠶᠢᠯᠡᠴᠢᠯᠡᠬᠡᠨ ᠤ ᠵᠠᠭᠪᠤᠷ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠥᠷᠥᠯ ᠵᠤᠶᠢᠯ ᠢ | ᠨᠤᠳᠤᠭᠰᠢᠭᠤᠯᠬᠤ ᠪᠠᠷ ᠭᠤᠤᠯ ᠪᠣᠯᠭᠠᠭᠰᠠᠨ ᠪᠥᠬᠦ ᠶᠠᠪᠤᠴᠠ ᠶᠢᠨ ᠤᠶᠢᠯᠡᠴᠢᠯᠡᠬᠡᠨ ᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠴᠠᠭ ᠲᠤᠬᠠᠶ ᠳᠤᠨᠢ ᠥᠨᠳᠥᠷ | ᠪᠦᠲᠦᠮᠵᠢᠲᠡᠶ ᠪᠠᠷ ᠠᠵᠤ ᠠᠬᠤᠶᠢᠯᠠᠯ ᠤᠨ ᠲᠥᠷᠥᠯ ᠵᠤᠶᠢᠯ ᠤᠨ ︽ᠬᠦᠴᠢᠷ ᠵᠣᠪᠠᠯᠠᠩ ᠢ ᠨᠢ ᠰᠢᠢᠳᠪᠤᠷᠢᠯᠡᠨ ᠥᠭᠴᠦ︾᠂ ᠨᠠᠩ ᠣᠯᠠᠨ ᠴᠢᠨᠠᠷ ᠰᠠᠶᠢᠲᠠᠶ ᠲᠥᠷᠥᠯ | ᠵᠤᠶᠢᠯ ᠢ ᠨᠤᠳᠤᠭᠰᠢᠭᠤᠯᠤᠨ ᠦᠯᠡᠳᠡᠬᠡᠵᠤ ᠲᠤᠭᠳᠠᠪᠤᠷᠢᠵᠢᠭᠤᠯᠤᠨ᠎ᠠ᠃ | ︽ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠵᠢᠯᠯᠠᠭ᠎ᠠ︾ ᠶᠢ ᠪᠦᠬᠦ ᠲᠠᠯ᠎ᠠ ᠪᠠᠷ ᠠᠬᠢᠭᠤᠯᠤᠨ᠎ᠠ᠃ | ᠨᠡᠭᠦᠷᠡᠰᠦᠨ ᠤ ᠠᠵᠤ ᠦᠢᠯᠡᠰ ᠤᠨ ᠬᠦᠷᠢᠶᠡᠨ ᠳᠠᠬᠢ ︽ᠪᠣᠬᠢᠷᠲᠤᠯ ᠦᠭᠡᠢ ᠬᠤᠪᠢᠰᠬᠠᠯ︾ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠭᠦᠷᠡᠰᠦᠨ ᠤ ᠠᠵᠤ ᠦᠢᠯᠡᠰ ᠢ | ᠪᠣᠬᠢᠷᠲᠤᠯ ᠦᠬᠡᠶᠢᠵᠢᠬᠦᠯᠬᠦ᠂ ᠳᠣᠣᠷ᠎ᠠ ᠨᠡᠬᠦᠷᠡᠰᠤᠳᠦ᠋ᠷᠦᠭᠵᠢᠬᠦᠯᠬᠦ᠂ ᠤᠶᠤᠨᠴᠢᠯᠠᠬᠤ ᠬᠥᠭᠵᠢᠯᠲᠡ ᠶᠢ ᠲᠦᠷᠭᠡᠳᠬᠡᠨ ᠪᠡᠶᠡᠯᠡᠭᠦᠯᠦᠨ᠎ᠡ᠃ ᠨᠡᠭᠦᠷᠡᠰᠦ ᠶᠢ ᠪᠣᠬᠢᠷᠲᠤᠯ | ᠦᠭᠡᠶ ᠪᠠᠷ ᠨᠡᠭᠡᠭᠡᠨ ᠮᠠᠯᠲᠠᠬᠤ ᠪᠠ ᠴᠡᠪᠡᠷ ᠢᠶᠠᠷ ᠠᠰᠢᠭᠯᠠᠬᠤ ᠶᠢ ᠶᠡᠬᠡᠪᠡᠷ ᠠᠬᠢᠭᠤᠯᠵᠤ᠂ ᠨᠡᠭᠦᠷᠡᠰᠦᠨ ᠴᠢᠯᠠᠭᠤ᠂ ᠨᠤᠨᠲᠠᠭ ᠨᠡᠭᠦᠷᠡᠰᠦᠨ ᠤ ᠦᠨᠡᠰᠦ᠂ ᠨᠡᠭᠦᠷᠡᠰᠦᠨ | ᠰᠢᠪᠠᠷ ᠵᠡᠷᠭᠡ ᠨᠡᠬᠦᠷᠠᠰᠤ ᠶᠢ ᠳᠠᠭᠠᠯᠳᠤᠨ ᠡᠬᠦᠰᠦᠭᠰᠡᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠨᠡᠭᠦᠷᠡᠰᠦᠨ ᠠᠭᠤᠷᠬᠠᠶ ᠶᠢᠨ ᠳᠠᠬᠢᠨ | ᠬᠠᠭᠠᠯᠪᠤᠷᠢᠯᠠᠬᠤ ᠣᠷᠣᠨ᠂ ᠨᠡᠭᠦᠷᠡᠰᠦ ᠮᠠᠯᠲᠠᠭᠠᠳ ᠳᠣᠷᠣᠭᠰᠢ ᠰᠠᠭᠤᠭᠰᠠᠨ ᠣᠷᠣᠨ ᠢ ᠭᠦᠢᠴᠡᠳ ᠠᠰᠢᠭᠯᠠᠨ ᠪᠡᠯᠡᠳᠭᠡᠮᠵᠢᠲᠦ ᠲᠠᠷᠢᠶᠠᠯᠠᠩ᠂ ᠭᠡᠷᠡᠯ ᠴᠡᠨᠡᠭ ᠵᠢᠴᠢ | ᠲᠣᠣᠷ ᠠᠴᠠ ᠰᠠᠯᠤᠭᠰᠠᠨ ᠬᠡᠯᠪᠡᠷᠢ ᠶᠢᠨ ᠪᠣᠬᠢᠷᠲᠤᠯ ᠦᠭᠡᠶ ᠴᠠᠬᠢᠯᠭᠠᠨ ᠤ ᠲᠥᠷᠥᠯ ᠵᠦᠢᠯ ᠢ ᠬᠥᠭᠵᠢᠭᠦᠯᠦᠨ᠎ᠡ᠃ ᠤᠯᠤᠰ ᠤᠨ ᠤᠶᠤᠨᠴᠢᠯᠠᠭᠰᠠᠨ ᠵᠢᠱᠢᠶ᠎ᠡ ᠦᠵᠡᠭᠦᠯᠬᠦ | ᠨᠡᠭᠦᠷᠡᠰᠦᠨ ᠠᠭᠤᠷᠬᠠᠶ ᠶᠢ ᠡᠭᠦᠳᠦᠨ ᠪᠠᠶᠢᠭᠤᠯᠬᠤ ᠪᠠᠷ ᠲᠣᠬᠢᠶᠠᠯ ᠪᠣᠯᠭᠠᠨ᠂ ᠨᠡᠭᠦᠷᠡᠰᠦᠨ ᠠᠭᠤᠷᠬᠠᠶ ᠶᠢᠨ ᠤᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ | ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠶᠤᠨᠴᠢᠯᠠᠭᠰᠠᠨ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠤᠨ᠎ᠠ᠃ | ᠨᠡᠭᠦᠷᠡᠰᠦᠨ ᠤ ᠠᠵᠤ ᠦᠢᠯᠡᠰ ᠤᠨ ︽ᠲᠣᠭᠲᠠᠪᠤᠷᠢᠵᠢᠭᠤᠯᠤᠭᠴᠢ︾ ᠶᠢᠨ ᠦᠢᠯᠡᠳᠦᠯ ᠢ ᠪᠠᠳᠠᠷᠠᠭᠤᠯᠵᠤ᠂ ᠨᠡᠭᠦᠷᠡᠰᠦᠨ ᠤ ᠵᠢᠯ ᠤᠨ ᠳᠤᠮᠳᠠᠴᠢ ᠶᠢᠨ ᠦᠢᠯᠡᠳᠪᠦᠷᠢᠯᠡᠯ | ᠪᠣᠷᠣᠯᠠᠭᠤᠯᠭ᠎ᠠ ᠶᠢᠨ ᠬᠡᠮᠵᠢᠶ᠎ᠡ ᠶᠢ ᠳ᠋ᠦᠩᠰᠢᠭᠤᠷ ᠲᠣᠨ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠳᠤ | ᠳ᠋ᠦᠩᠱᠧᠩ ᠤᠨ ᠬᠦᠴᠦᠨ ᠴᠢᠳᠠᠯ ᠢᠶᠠᠨ ᠡᠷᠭᠦᠨ᠎ᠡ᠃ ᠨᠣᠯᠤᠤᠷ ᠤᠨ ᠨᠡᠬᠡᠮᠡᠯ ᠤᠨ ᠠᠵᠤ ᠦᠢᠯᠡᠰ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠵᠤ᠂ | ᠲᠤᠯᠤᠭᠠᠶᠢᠯᠠᠭᠴᠢ ᠪᠠᠷ ᠳᠠᠶᠢᠴᠢᠯᠠᠬᠤ ᠪᠠ ᠨᠡᠷᠡᠲᠦ ᠲᠥᠷᠥᠯ ᠲᠡᠮᠳᠡᠭᠲᠦ ᠪᠠᠷ ᠬᠥᠲᠥᠯᠥᠨ ᠳᠠᠭᠠᠭᠤᠯᠬᠤ ᠶᠢ ᠲᠣᠪᠤᠶᠢᠯᠭᠠᠨ᠂ ᠳᠤᠮᠳᠠ ᠵᠢᠵᠢᠭ ᠨᠣᠯᠤᠤᠷ ᠤᠨ ᠨᠡᠬᠡᠮᠡᠯ ᠤᠨ | ᠠᠵᠤ ᠠᠬᠤᠶᠢᠯᠠᠯ ᠢ ᠰᠦᠷᠦᠭᠵᠢᠬᠦᠯᠦᠨ ᠲᠦᠪᠯᠡᠷᠡᠬᠦᠯᠦᠨ ᠬᠦᠭᠵᠢᠬᠦᠯᠬᠦ ᠶᠢ ᠲᠦᠷᠭᠡᠳᠬᠡᠵᠦ᠂ ᠤᠷᠠᠯᠠᠯ ᠤᠨ ᠴᠤᠪᠤᠷᠠᠯ ᠢ ᠥᠭᠡᠷᠡᠴᠢᠯᠡᠨ ᠳᠡᠰ ᠳᠡᠪᠰᠢᠭᠦᠯᠬᠦ ᠶᠢ | ᠵᠣᠷᠢᠭᠵᠢᠭᠤᠯᠤᠨ᠂ ᠵᠢᠷᠤᠭᠯᠠᠨ ᠲᠥᠯᠥᠪᠯᠡᠵᠦ ᠰᠤᠳᠤᠯᠤᠨ ᠨᠡᠭᠡᠭᠡᠬᠦ ᠪᠠ ᠨᠡᠷᠡᠲᠦ ᠲᠥᠷᠥᠯ ᠲᠡᠮᠳᠡᠭᠲᠦ ᠶᠢ ᠡᠵᠡᠩᠨᠡᠨ ᠪᠣᠷᠣᠯᠠᠭᠤᠯᠬᠤ ᠡᠷᠴᠢᠮ ᠢ ᠨᠡᠮᠡᠭᠳᠡᠭᠦᠯᠵᠦ᠂ ᠠᠵᠢᠯ | ᠲᠥᠷᠥᠯ ᠤᠨ ᠨᠥᠯᠥᠭᠡᠯᠡᠬᠦ ᠬᠦᠴᠦᠨ ᠪᠠ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ | ︽ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠬᠡᠮᠵᠢᠶ᠎ᠡ ᠶᠢ ᠥᠷᠭᠡᠳᠬᠡᠨ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ︾ ᠶᠢ ᠶᠡᠬᠡᠪᠡᠷ ᠠᠬᠢᠭᠤᠯᠤᠨ᠎ᠠ᠃ | ᠲᠣᠨᠤᠭ ᠲᠦᠬᠦᠬᠡᠷᠦᠮᠵᠢ ᠦᠢᠯᠡᠳᠬᠦ ᠠᠵᠤ ᠤᠶᠢᠯᠡᠳᠪᠤᠷᠢ ᠶᠢᠨ ᠬᠦᠷᠢᠶᠡᠯᠡᠩ ᠲᠣᠭᠤᠷᠢᠭ ᠲᠤ ᠲᠦᠰᠢᠭᠯᠡᠨ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠬᠦᠭᠵᠢᠭᠰᠡᠨ ᠠᠵᠤ ᠦᠢᠯᠡᠰ ᠤᠨ ᠠᠭᠤᠰᠤᠯᠴᠠᠨ ᠰᠦᠷᠦᠭᠵᠢᠵᠤ᠂ ᠠᠮᠢ ᠠᠬᠤᠶᠢᠵᠢᠨ ᠬᠦᠭᠵᠢᠬᠦ ᠶᠢ ᠬᠦᠴᠦᠯᠡᠨ ᠠᠬᠢᠭᠤᠯᠤᠨ᠎ᠠ᠃ ᠬᠥᠭᠵᠢᠯᠲᠡ ᠶᠢᠨ ᠢᠷᠡᠬᠡᠳᠦᠢ ᠪᠠᠷ | ᠰᠠᠶᠢᠨ᠂ ᠮᠡᠷᠭᠡᠵᠢᠯ ᠤᠨ ᠬᠢᠷᠢ ᠬᠡᠮᠵᠢᠶ᠎ᠡ ᠪᠠᠷ ᠥᠨᠳᠥᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠨᠢᠭᠡ ᠪᠦᠯᠦᠭ ᠲᠣᠮᠣ ᠲᠥᠷᠥᠯ ᠵᠤᠶᠢᠯ᠂ ᠰᠠᠶᠢᠨ ᠲᠥᠷᠥᠯ ᠵᠤᠶᠢᠯ ᠢ | ᠪᠥᠬᠦ ᠬᠦᠴᠦᠨ ᠢᠶᠠᠷ ᠢᠶᠠᠨ ᠣᠷᠣᠭᠤᠯᠤᠨ ᠠᠪᠴᠢᠷᠠᠵᠤ᠂ ᠨᠢᠭᠡ ᠪᠦᠯᠦᠭ ᠲᠤᠯᠤᠭᠠᠶᠢᠯᠠᠭᠠᠴᠢ ᠠᠵᠤ ᠠᠬᠤᠶᠢᠯᠠᠯ ᠪᠠ ︽ᠲᠤᠰᠬᠠᠢ᠂ ᠨᠠᠷᠢᠯᠢᠭ᠂ ᠤᠨᠴᠠᠯᠢᠭᠳᠤ᠂ | ᠰᠢᠨ᠎ᠠ ᠰᠡᠪᠡᠬᠦᠨ︾ ᠳᠤᠮᠳᠠ ᠵᠢᠵᠢᠭ ᠠᠵᠤ ᠠᠬᠤᠶᠢᠯᠠᠯ ᠢ ᠦᠷᠭᠦᠯᠵᠢᠯᠡᠨ ᠪᠤᠶᠢᠵᠢᠭᠤᠯᠵᠤ᠂ ᠨᠢᠭᠡᠨᠲᠡ ᠠᠰᠢᠭᠯᠠᠯᠲᠠ ᠳᠤ ᠣᠷᠣᠭᠤᠯᠵᠤ ᠦᠷ᠎ᠡ ᠠᠰᠢᠭ ᠣᠯᠤᠭᠰᠠᠨ | ᠨᠢᠭᠡ ᠪᠦᠯᠦᠭ ᠲᠥᠷᠥᠯ ᠵᠤᠶᠢᠯ ᠤᠨ ᠰᠢᠨ᠎ᠡ ᠬᠡᠯᠬᠢᠶ᠎ᠡ ᠶᠢ ᠥᠷᠭᠡᠳᠬᠡᠬᠦ ᠶᠢ ᠪᠦᠲᠦᠮᠵᠢᠲᠡᠶ ᠤᠷᠮᠠᠰᠢᠭᠤᠯᠤᠨ᠂ ᠴᠢ ᠷᠦᠢ ᠲᠤᠰᠬᠠᠶ ᠬᠡᠷᠡᠭᠯᠡᠬᠦ ᠲᠡᠷᠭᠡ᠂ ᠵᠥᠩ ᠴᠧ | ᠰᠠᠯᠬᠢᠨ ᠬᠦᠴᠦᠨ ᠤ ᠴᠠᠬᠢᠯᠭᠠᠨ᠂ ᠱᠠᠨ ᠾᠧ ᠪᠣᠬᠢᠷᠲᠤᠯ ᠥᠬᠡᠶ ᠣᠶᠤᠨᠴᠢ ᠠᠭᠤᠷᠬᠠᠶ ᠵᠡᠷᠭᠡ ᠰᠤᠳᠤᠯᠭᠠᠨ ᠤ ᠬᠦᠷᠢᠶᠡᠯᠡᠩ ᠢ ᠲᠦᠷᠬᠡᠨ ᠢᠶᠠᠷ ᠨᠤᠳᠤᠭᠰᠢᠯᠠᠭᠤᠯᠬᠤ | ᠶᠢ ᠠᠬᠢᠭᠤᠯᠵᠤ᠂ ᠠᠵᠤ ᠤᠶᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠳᠤ ᠠᠭᠤᠰᠤᠯᠴᠠᠭᠤᠯᠬᠤ ᠶᠢ ᠳᠠᠶᠢᠴᠢᠯᠠᠨ᠂ ᠲᠣᠨᠤᠭ | ᠲᠥᠬᠦᠭᠡᠷᠦᠮᠵᠢ ᠤᠶᠢᠯᠡᠳᠬᠦ ᠤᠶᠢᠯᠡᠰ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠪᠤᠬᠢᠷᠳᠤᠯ ᠦᠬᠡᠢ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ᠂ | ᠨᠡᠭᠦᠷᠡᠰᠦᠲᠥ᠋ᠷᠥᠭᠴᠢ ᠪᠠᠷ ᠤᠰᠤᠲᠥ᠋ᠷᠥᠭᠴᠢ ᠦᠢᠯᠡᠳᠬᠦ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠰᠤᠳᠤᠯᠤᠨ ᠪᠠᠶᠢᠷᠢᠰᠢᠭᠤᠯᠵᠤ᠂ ᠰᠠᠯᠬᠢᠨ ᠭᠡᠷᠡᠯ | ᠤᠰᠤᠲᠥ᠋ᠷᠥᠭᠴᠢ ᠬᠠᠳᠠᠭᠠᠯᠠᠬᠤ ᠲᠡᠭᠡᠭᠡᠪᠦᠷᠢ ᠶᠢᠨ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠤᠨ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ | ᠦᠢᠯᠡᠳᠬᠦ ᠦᠢᠯᠡᠰ ᠪᠠ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠤ ᠦᠢᠯᠡᠰ ᠢ ᠶᠡᠭᠡ ᠪᠠᠷ ᠬᠥᠭᠵᠢᠭᠦᠯᠵᠦ᠂ ᠴᠢ ᠷᠦᠢ ᠮᠠᠰᠢᠨ ᠲᠡᠷᠭᠡᠨ ᠤ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠪᠦᠬᠦ ᠬᠦᠴᠦ ᠪᠠᠷ ᠢᠶᠠᠨ ᠳᠠᠮᠵᠢᠵᠤ᠂ ᠰᠢᠨ᠎ᠡ ᠡᠨᠧᠷᠭᠢ ᠶᠢᠨ ᠤᠰᠤᠲᠥ᠋ᠷᠥᠭᠴᠢᠲᠦ ᠬᠥᠨᠳᠡᠢ ᠶᠢᠨ | ᠵᠢᠱᠢᠶ᠎ᠡ ᠦᠵᠡᠭᠦᠯᠬᠦ ᠠᠵᠤ ᠦᠢᠯᠡᠰ ᠤᠨ ᠬᠦᠷᠢᠶᠡᠯᠡᠩ ᠢ ᠪᠣᠢ ᠪᠣᠯᠭᠠᠵᠤ᠂ ᠰᠠᠯᠬᠢᠨ ᠡᠨᠧᠷᠭᠢ᠂ ᠭᠡᠷᠡᠯ ᠴᠡᠨᠡᠭ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠬᠥᠳᠡᠯᠭᠡᠭᠴᠢ | ᠬᠦᠴᠦᠨ ᠤ ᠰᠢᠰᠲ᠋ᠧᠮ ᠤᠨ ᠰᠢᠨ᠎ᠡ ᠮᠠᠲ᠋ᠧᠷᠢᠶᠠᠯ᠂ ᠡᠨᠧᠷᠭᠢ ᠨᠥᠭᠡᠴᠡᠯᠡᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ ᠵᠡᠷᠭᠡ ᠲᠦᠷᠦᠯ ᠵᠤᠶᠢᠯ ᠢ ᠪᠠᠶᠢᠷᠢᠯᠠᠭᠤᠯᠤᠨ | ᠪᠦᠲᠦᠭᠡᠨ ᠪᠠᠶᠢᠭᠤᠯᠤᠨ᠎ᠠ᠃ ᠲᠠᠪᠤᠨ ᠵᠢᠯ ᠤᠨ ᠳᠣᠲᠣᠷ᠎ᠠ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ ᠨᠡᠶᠢᠲᠡ 1500 ᠳ᠋ᠦᠩᠰᠢᠭᠤᠷ ᠲᠥᠭᠦᠷᠢᠭ ᠠᠴᠠ ᠳᠡᠭᠡᠭᠰᠢ ᠪᠤᠯᠬᠤ ᠶᠢ ᠪᠡᠶᠡᠯᠡᠭᠦᠯᠵᠦ᠂ ᠰᠢᠨ᠎ᠠ ᠪᠠᠷ ᠨᠡᠮᠡᠭᠳᠡᠭᠰᠡᠨ ᠭᠤᠣᠯᠳᠠᠯᠭ᠎ᠠ ᠲᠠᠢ ᠲᠥᠷᠥᠯ | ᠵᠦᠢᠯ ᠢ 150 ᠶᠢ ᠳᠠᠪᠠᠭᠤᠯᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 800 ᠳ᠋ᠦᠩᠰᠢᠭᠤᠷ ᠲᠥᠭᠦᠷᠢᠭ ᠠᠴᠠ ᠳᠡᠭᠡᠭᠰᠢ ᠪᠤᠯᠬᠤ ᠶᠢ | ᠪᠡᠶᠡᠯᠡᠭᠦᠯᠦᠨ᠎ᠡ᠃ | ︽ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠳᠡᠰ ᠢ ᠳᠡᠭᠡᠭᠰᠢᠯᠡᠬᠦᠯᠦᠨ ᠲᠡᠰ ᠳᠡᠪᠰᠢᠭᠦᠯᠬᠦ ᠠᠵᠢᠯᠯᠠᠭ᠎ᠠ︾ ᠶᠢ ᠲᠥᠪᠯᠡᠷᠡᠭᠦᠯᠦᠨ | ᠠᠬᠢᠭᠤᠯᠤᠨ᠎ᠠ᠃ ᠬᠠᠲᠤᠨ ᠭᠤᠤᠯ ᠤᠨ ᠭᠤᠤᠯ ᠤᠨ ᠲᠤᠬᠤᠢ ᠶᠢᠨ ᠬᠤᠲᠠ ᠲᠣᠭᠤᠷᠢᠭ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ | ᠰᠦᠷᠦᠭᠵᠢᠯ ᠪᠠ ᠬᠥᠬᠡᠬᠤᠲᠠ ᠪᠤᠭᠤᠲᠤ ᠣᠷᠳᠣᠰ ᠦᠬᠠᠢ ᠶᠢᠨ ᠬᠠᠮᠵᠢᠯᠴᠠᠨ ᠬᠥᠭᠵᠢᠬᠦ ᠶᠡᠭᠡ ᠪᠠᠶᠢᠳᠠᠯ ᠳᠤ ᠰᠠᠭᠤᠷᠢᠯᠠᠨ᠂ ᠤᠶᠢᠯᠡᠴᠢᠯᠡᠭᠡᠨ ᠤ ᠤᠶᠢᠯᠡᠰ ᠤᠨ | ᠲᠣᠭᠠᠵᠢᠭᠤᠯᠬᠤ᠂ ᠪᠠᠷᠢᠮᠵᠢᠶᠠᠵᠢᠭᠤᠯᠬᠤ᠂ ᠨᠠᠷᠠᠲᠤ ᠲᠡᠮᠳᠡᠭᠵᠢᠭᠦᠯᠬᠦ ᠬᠥᠭᠵᠢᠯᠲᠡ ᠶᠢ ᠳᠦᠷᠭᠡᠳᠬᠡᠨ᠎ᠡ᠃ ᠣᠷᠣᠨ ᠪᠦᠰᠡ ᠶᠢᠨ ᠴᠢᠨᠠᠷᠲᠠᠶ ᠬᠡᠷᠡᠭᠯᠡᠭᠡᠨ ᠤ ᠭᠤᠤᠯ | ᠬᠤᠲᠠ ᠶᠢ ᠪᠠᠶᠢᠭᠤᠯᠬᠤ ᠶᠢᠨ ᠲᠣᠭᠤᠷᠢᠨ ᠳᠤ᠂ ᠪᠡᠶᠡᠴᠢᠯᠡᠨ ᠣᠶᠢᠯᠠᠭᠠᠬᠤ ᠠᠵᠤ ᠠᠬᠤᠶ᠂ ᠠᠩᠬᠠᠳᠠᠭᠴᠢ ᠳᠡᠯᠭᠡᠭᠦᠷ ᠤᠨ ᠠᠵᠤ ᠠᠬᠤᠶ᠂ ᠰᠥᠨᠢ ᠶᠢᠨ ᠠᠵᠤ ᠠᠬᠤᠶ | ᠂ ᠠᠮᠠᠷᠠᠯᠲᠠ ᠶᠢᠨ ᠡᠳᠦᠷ ᠤᠨ ᠠᠵᠤ ᠠᠬᠤᠶ᠂ ᠦᠵᠡᠬᠦᠯᠬᠡ ᠶᠢᠨ ᠠᠵᠤ ᠠᠬᠤᠶ ᠶᠢ ᠶᠡᠬᠡᠪᠡᠷ ᠬᠦᠭᠵᠢᠬᠦᠯᠦᠨ᠎ᠡ᠃ ᠸᠠᠨ ᠳ᠋ᠠ᠂ ᠰᠢᠩ ᠾᠧ ᠮᠡᠳᠤ ᠶᠢᠨ ᠬᠤᠳᠠ ᠶᠢᠨ | ᠭᠤᠣᠯ ᠬᠤᠳᠠᠯᠳᠤᠭᠠᠨ ᠤ ᠲᠣᠭᠤᠷᠢᠭ ᠢ ᠪᠤᠶᠢᠵᠢᠭᠤᠯᠤᠨ ᠬᠥᠭᠵᠢᠭᠦᠯᠵᠦ᠂ ᠠᠷᠠᠳ ᠲᠤ ᠲᠦᠬᠦᠮ ᠦᠵᠡᠭᠦᠯᠵᠦ ᠠᠷᠠᠳ ᠲᠤ ᠠᠰᠢᠭ ᠬᠦᠷᠳᠡᠭᠡᠬᠦ ᠨᠢᠭᠡ ᠮᠥᠴᠡ ᠶᠢᠨ | ᠣᠶᠤᠨᠴᠢ ᠦᠢᠯᠡᠴᠢᠯᠡᠭᠡᠨ ᠤ ᠲᠣᠭᠤᠷᠢᠭ ᠪᠠ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠴᠣᠭᠴᠠ ᠶᠢ ᠦᠷᠭᠦᠯᠵᠢᠯᠡᠨ ᠪᠠᠶᠢᠭᠤᠯᠤᠨ᠎ᠠ᠃ ᠳᠤᠮᠳᠠ ᠪᠠᠷᠠᠭᠤᠨ ᠬᠡᠰᠡᠭ | ᠭᠠᠵᠠᠷ ᠣᠷᠣᠨ ᠤ ᠴᠢᠬᠤᠯᠠ ᠤᠶᠢᠯᠡᠳᠪᠤᠷᠢᠯᠡᠯ ᠤᠨ ᠮᠠᠲ᠋ᠧᠷᠢᠶᠠᠯ ᠤᠨ ᠳᠠᠮᠵᠢᠭᠤᠯᠤᠨ ᠪᠤᠷᠤᠯᠠᠭᠤᠯᠬᠤ ᠲᠥᠪ ᠪᠠ ᠠᠮᠢᠳᠤᠷᠠᠯ ᠤᠨ ᠡᠳ᠋ ᠪᠣᠳᠠᠰ ᠢ ᠲᠥᠪᠯᠡᠷᠡᠭᠦᠯᠦᠨ | ᠲᠠᠷᠬᠠᠭᠠᠬᠤ ᠲᠥᠪ ᠢ ᠪᠠᠶᠢᠭᠤᠯᠬᠤ ᠶᠢᠨ ᠲᠣᠭᠤᠷᠢᠨ ᠳᠤ᠂ ᠬᠦᠮᠦᠷᠭᠡᠯᠡᠯᠳᠡ ᠬᠠᠳᠠᠭᠠᠯᠠᠯᠳᠠ᠂ ᠬᠦᠢᠳᠡᠨ ᠬᠡᠯᠬᠢᠶ᠎ᠡ᠂ ᠣᠯᠠᠨ ᠬᠡᠯᠪᠡᠷᠢ ᠶᠢᠨ ᠬᠤᠯᠪᠤᠭᠠᠯᠠᠭᠰᠠᠨ | ᠳᠡᠭᠡᠭᠡᠪᠤᠷᠢᠯᠡᠯᠳᠡ᠂ ᠪᠣᠬᠢᠷᠲᠤᠯ ᠥᠬᠡᠶ ᠤᠶᠤᠨᠴᠢ ᠡᠬᠡ ᠬᠠᠭᠤᠷᠠᠶ ᠶᠢᠨ ᠭᠠᠷᠠᠮ ᠵᠡᠷᠭᠡ ᠪᠠᠷᠠᠭᠠᠨ ᠤ ᠬᠦᠢᠯᠬᠡᠬᠡ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠬᠡᠪᠡᠷ | ᠬᠥᠭᠵᠢᠭᠦᠯᠵᠦ᠂ ᠪᠠᠷᠠᠭ᠎ᠠ ᠲᠡᠭᠡᠭᠡᠪᠦᠷᠢᠯᠡᠬᠦ᠂ ᠠᠷᠠᠯᠵᠢᠶᠠᠯᠠᠬᠤ᠂ ᠳᠣᠭᠢᠷᠠᠭᠤᠯᠤᠨ ᠬᠦᠷᠭᠡᠬᠦ᠂ ᠪᠣᠷᠣᠯᠠᠭᠤᠯᠬᠤ ᠶᠢ ᠨᠢᠭᠡ ᠴᠣᠠᠠᠴᠠᠵᠢᠭᠤᠯᠥᠠᠠᠰᠠᠨ ᠶᠡᠷᠦᠩᠬᠡᠶᠢᠯᠡᠭᠰᠡᠨ | ᠤᠶᠢᠯᠡᠴᠢᠯᠡᠬᠡᠨ ᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠬᠦᠯᠦᠨ᠎ᠡ᠃ ᠲᠣᠰ ᠭᠠᠵᠠᠷ ᠣᠷᠣᠨ ᠳᠤ ᠪᠠᠨ ᠤᠶᠢᠯᠡᠴᠢᠯᠡᠬᠦ᠂ ᠡᠷᠬᠢᠨ ᠲᠣᠭᠤᠷᠢᠨ ᠢ ᠨᠥᠯᠥᠭᠡᠯᠡᠬᠦ ᠣᠷᠣᠨ | ᠪᠦᠰᠡ ᠶᠢᠨ ᠴᠢᠨᠠᠷᠲᠠᠶ ᠮᠠᠰᠢᠨ ᠲᠡᠷᠭᠡᠨ ᠤ ᠠᠷᠤ ᠲᠠᠯ᠎ᠠ ᠶᠢᠨ ᠵᠠᠬ᠎ᠠ ᠳᠡᠯᠭᠡᠭᠦᠷ ᠤᠨ ᠤᠶᠢᠯᠡᠴᠢᠯᠡᠭᠡᠨ ᠤ ᠰᠠᠭᠤᠷᠢᠨ ᠭᠠᠵᠠᠷ ᠢ ᠪᠠᠶᠢᠭᠤᠯᠬᠤ ᠶᠢᠨ ᠲᠣᠭᠤᠷᠢᠨ ᠳᠤ᠂ | ᠭᠠᠷ ᠳᠠᠮᠵᠢᠭᠰᠠᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠬᠥᠭᠵᠢᠯᠲᠡ ᠶᠢ ᠵᠢᠷᠤᠮᠵᠢᠭᠤᠯᠤᠨ ᠠᠬᠢᠭᠤᠯᠵᠤ᠂ ᠮᠠᠰᠢᠨ ᠲᠡᠷᠭᠡ ᠪᠣᠷᠣᠯᠠᠭᠤᠯᠬᠤ᠂ ᠰᠡᠯᠪᠢᠭ ᠲᠣᠨᠤᠭ | ᠰᠡᠯᠪᠢᠨ ᠵᠠᠰᠠᠬᠤ᠂ ᠦᠭᠡᠷᠡᠴᠢᠯᠡᠬᠦ ᠤᠭᠰᠠᠷᠠᠵᠤ ᠵᠠᠳᠠᠯᠬᠤ᠂ ᠪᠠᠷᠢᠯᠭ᠎ᠠ ᠶᠢᠨ ᠮᠠᠰᠢᠨ ᠮᠧᠬᠠᠨᠢᠭ᠂ ᠪᠠᠷᠠᠭᠠᠨ ᠤ ᠬᠦᠢᠯᠬᠡᠬᠡᠨ ᠤ ᠮᠡᠳᠡᠭᠡ ᠵᠠᠩᠭᠢ ᠵᠡᠷᠭᠡ ᠠᠵᠤ ᠤᠶᠢᠯᠡᠰ ᠢ | ᠨᠢᠭᠡᠳᠦᠯᠲᠡᠶ ᠲᠥᠯᠥᠪᠯᠡᠨ ᠬᠦᠭᠵᠢᠬᠦᠯᠦᠨ᠎ᠡ᠃ ᠪᠡᠶ᠎ᠡ ᠡᠷᠡᠬᠦᠯᠵᠢᠯ ᠰᠤᠪᠢᠯᠠᠯ᠂ ᠨᠠᠰᠤᠵᠢᠯ ᠤᠨ ᠤᠶᠢᠯᠡᠴᠢᠯᠡᠭᠡᠨ ᠤ ᠠᠵᠤ ᠠᠬᠤᠶᠢᠯᠠᠯ ᠢ ᠪᠤᠵᠠᠭᠠᠶᠢᠷᠠᠭᠤᠯᠬᠤ ᠶᠢ | ᠢᠳᠡᠪᠬᠢᠲᠡᠶ ᠪᠠᠷ ᠲᠡᠳᠬᠦᠨ ᠳᠡᠮᠵᠢᠵᠦ᠂ ᠠᠭᠤᠷ ᠠᠮᠢᠰᠬᠤᠯ ᠤᠨ ᠨᠥᠬᠦᠴᠡᠯ᠂ ᠬᠤᠲᠠ ᠶᠢᠨ ᠢᠵᠢ ᠪᠦᠷᠢᠳᠦᠭᠰᠡᠨ ᠵᠡᠷᠭᠡ ᠳᠠᠪᠠᠭᠤᠯᠢᠭ ᠲᠤ ᠲᠦᠰᠢᠭᠯᠡᠨ᠂ ᠬᠥᠷᠥᠩᠭᠡ | ᠂ ᠬᠠᠮᠢᠶᠠᠷᠤᠯᠲᠠ ᠪᠠ ᠡᠷᠡᠭᠦᠯᠵᠢᠯ ᠰᠤᠪᠢᠯᠠᠯᠲᠠ ᠶᠢᠨ ᠤᠶᠢᠯᠡᠴᠢᠯᠡᠭᠡᠨ ᠤ ᠰᠢᠨ᠎ᠡ ᠵᠠᠭᠪᠤᠷ ᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠡᠷᠡᠭᠦᠯᠵᠢᠯ | ᠰᠤᠪᠢᠯᠠᠯᠲᠠ ᠶᠢᠨ ᠠᠵᠤ ᠤᠶᠢᠯᠡᠰ ᠢ ᠶᠡᠬᠡᠪᠡᠷ ᠬᠦᠭᠵᠢᠬᠦᠯᠦᠨ᠎ᠡ᠃ ︽ᠬᠤᠲᠠ ᠶᠢᠨ ᠵᠤᠴᠢᠯᠠᠭ᠎ᠠ ᠶᠢᠨ ᠲᠢᠩᠬᠢᠮ︾ ᠢ ᠪᠠᠶᠢᠭᠤᠯᠬᠤ ᠶᠢᠨ ᠲᠣᠭᠤᠷᠢᠨ ᠳᠤ᠂ ᠰᠣᠶᠣᠯ | ᠵᠤᠭᠠᠴᠠᠯ ᠤᠨ ᠠᠵᠤ ᠤᠶᠢᠯᠡᠰ ᠤᠨ ᠠᠭᠤᠰᠤᠯᠴᠠᠯ ᠬᠦᠭᠵᠢᠯᠳᠡ ᠶᠢ ᠲᠦᠷᠭᠡᠳᠬᠡᠵᠦ᠂ ᠣᠷᠣᠨ ᠨᠤᠲᠤᠭ ᠤᠨ ᠣᠨᠴᠠᠯᠢᠭ ᠲᠠᠢ ᠰᠣᠶᠣᠯ ᠵᠤᠭᠠᠴᠠᠯ ᠤᠨ ᠡᠬᠢ ᠪᠠᠶᠠᠯᠢᠭ | ᠢ ᠭᠦᠨᠵᠡᠭᠡᠶ ᠠᠭᠤᠳᠠᠯᠵᠤ᠂ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠦᠷᠭᠦᠯᠵᠢᠯᠡᠨ ᠪᠠᠶᠠᠯᠢᠭᠵᠢᠭᠤᠯᠵᠤ᠂ | ᠬᠤᠲᠠ ᠶᠢᠨ ᠲᠠᠲᠠᠬᠤ ᠬᠦᠴᠦᠨ ᠢ ᠲᠠᠰᠤᠷᠠᠯᠲᠠ ᠥᠬᠡᠶ ᠨᠡᠮᠡᠭᠳᠡᠬᠦᠯᠦᠨ᠎ᠡ᠃ ᠲᠠᠪᠤᠨ ᠵᠢᠯ ᠤᠨ ᠳᠣᠲᠣᠷ᠎ᠠ᠂ ᠦᠢᠯᠡᠴᠢᠯᠡᠭᠡᠨ ᠤ ᠦᠢᠯᠡᠰ ᠤᠨ ᠨᠡᠮᠡᠭᠳᠡᠯ ᠦᠷᠳᠡᠭ ᠢ | 650 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ | ︵ᠭᠤᠷᠪᠠ︶ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠲᠠᠢ ᠨᠢᠭᠲᠠ ᠤᠶᠠᠯᠳᠤᠭᠤᠯᠤᠨ᠂ ᠰᠠᠶᠢᠨ ᠰᠠᠶᠢᠬᠠᠨ | ᠣᠷᠴᠢᠨ ᠲᠣᠭᠤᠷᠢᠨ ᠢ ᠪᠣᠶ ᠪᠤᠯᠭᠠᠵᠤ᠂ ᠶᠡᠷᠦᠩᠬᠡᠶᠢᠯᠡᠭᠰᠡᠨ ᠤᠶᠢᠯᠡᠴᠢᠯᠡᠭᠡ ᠶᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠤᠨ᠎ᠠ᠃ ᠲᠣᠰ ᠭᠠᠵᠠᠷ | ᠣᠷᠣᠨ ᠤ ᠠᠵᠤ ᠠᠬᠤᠶᠢᠯᠠᠯ ᠢ ᠪᠥᠬᠦ ᠬᠦᠴᠦᠨ ᠢᠶᠠᠷ ᠢᠶᠠᠨ ᠳᠡᠮᠵᠢᠬᠦ ᠪᠣᠯ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠮᠤᠭ ᠤᠨ ᠪᠦᠳᠦᠮᠵᠢᠳᠠᠢ ᠠᠷᠭ᠎ᠠ | ᠮᠥᠨ᠂ ᠨᠤᠳᠤᠭᠰᠢᠭᠰᠡᠨ ᠲᠦᠷᠦᠯ ᠵᠤᠶᠢᠯ ᠳᠤ ᠪᠦᠬᠦ ᠰᠡᠳᠬᠢᠯ ᠪᠦᠬᠦ ᠵᠤᠷᠢᠭ ᠢᠶᠠᠷ ᠤᠶᠢᠯᠡᠴᠢᠯᠡᠬᠦ ᠪᠤᠯ ᠬᠠᠮᠤᠭ ᠤᠨ ᠰᠠᠶᠢᠨ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠡᠭᠦᠳᠴᠤ ᠪᠠᠶᠢᠭ᠎ᠠ ᠶᠤᠮ᠃ ᠰᠢ ᠶᠢᠨ ᠫᠢᠩ ᠶᠡᠷᠦᠩᠬᠡᠶ ᠱᠦᠵᠢ ᠶᠢᠨ ︽ᠳᠡᠯᠡᠬᠡᠶ ᠶᠢᠨ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠪᠣᠶ ᠪᠣᠯᠭᠠᠬᠤ︾ ᠴᠢᠬᠤᠯᠠ ᠱᠠᠭᠠᠷᠳᠠᠯᠭ᠎ᠠ ᠳᠤ ᠴᠢᠭᠯᠡᠭᠦᠯᠦᠨ᠂ ︽ᠬᠥᠮᠦᠨ ᠪᠦᠬᠦᠨ ᠴᠥᠮ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠪᠠᠶᠢᠵᠤ᠂ ᠶᠠᠪᠤᠳᠠᠯ | ᠪᠦᠬᠦᠨ ᠴᠥᠮ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠲᠠᠢ ᠬᠤᠯᠪᠣᠭᠳᠠᠬᠤ︾ ᠣᠶᠢᠯᠠᠭᠠᠭᠳᠠᠬᠤᠨ ᠢ ᠦᠨᠡᠨᠬᠦ ᠪᠣᠶ ᠪᠣᠯᠭᠠᠵᠤ᠂ ᠵᠠᠬ᠎ᠠ ᠳᠡᠯᠭᠡᠭᠦᠷ ᠤᠨ ᠭᠤᠤᠯ | ᠴᠣᠭᠴᠠ ᠳᠤ ᠵᠠᠰᠠᠭ ᠤᠨ ᠣᠷᠳᠣᠨ ᠤ ᠤᠶᠢᠯᠡᠴᠢᠯᠡᠭᠡ ᠶᠢᠨ ᠡᠷᠴᠢᠮ ᠲᠠᠢ᠂ ᠬᠤᠷᠳᠤᠴᠠ ᠲᠠᠢ᠂ ᠬᠠᠯᠠᠭᠤᠨ ᠳᠤᠯᠠᠭᠠᠨ ᠪᠠᠶᠢᠬᠤ ᠶᠢ ᠮᠡᠳᠡᠷᠡᠭᠦᠯᠦᠨ᠎ᠡ᠃ | ᠥᠨᠳᠥᠷ ᠬᠢᠷᠢ ᠲᠦᠪᠰᠢᠨ ᠪᠦᠬᠦᠢ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢᠶᠠᠷ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠦᠷᠢᠯᠳᠦᠬᠦᠯᠦᠨ᠎ᠡ᠃ ︽ | ᠪᠠᠭᠤᠯᠭᠠᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠤᠶᠢᠯᠡᠴᠢᠯᠡᠬᠡᠨ ᠤ ᠶᠠᠪᠤᠴᠠ ᠶᠢ | ᠪᠥᠬᠦ ᠲᠠᠯ᠎ᠠ ᠪᠠᠷ ᠰᠢᠯᠢᠳᠡᠭᠵᠢᠬᠦᠯᠵᠤ᠂ ᠤᠶᠢᠯᠡᠴᠢᠯᠡᠭᠡᠨ ᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠬᠦᠯᠦᠨ᠎ᠡ᠃ ᠲᠥᠷᠥᠯ ᠵᠤᠶᠢᠯ ᠤᠨ ᠭᠠᠷᠳᠠᠮ ᠢ ᠬᠦᠢᠴᠡᠳᠬᠡᠬᠦ | ᠳᠤ ᠬᠦᠴᠢᠷᠲᠡᠶ᠂ ᠤᠳᠠᠭᠠᠨ ᠵᠡᠷᠭᠡ ᠲᠣᠪᠤᠶᠢᠮ᠎ᠠ ᠠᠰᠠᠭᠤᠳᠠᠯ ᠤᠨ ᠲᠣᠭᠤᠷᠢᠨ ᠳᠤ᠂ ︽ᠪᠠᠷᠢᠮᠵᠢᠶᠠᠲᠤ ᠭᠠᠷᠳᠠᠮ︾ ᠤᠨ ᠥᠭᠡᠷᠡᠴᠢᠯᠡᠯᠲᠡ ᠶᠢ ᠲᠤᠷᠰᠢᠨ | ᠬᠡᠷᠡᠭᠵᠢᠭᠦᠯᠵᠦ᠂ ᠲᠥᠷᠥᠯ ᠵᠤᠶᠢᠯ ᠤᠨ ︽ᠭᠠᠵᠠᠷ ᠠᠪᠤᠮᠠᠭᠴᠠ ᠠᠵᠢᠯ ᠡᠬᠢᠯᠡᠭᠦᠯᠬᠦ︾ ᠶᠢ ᠠᠬᠢᠭᠤᠯᠤᠨ᠂ ︽ᠲᠥᠬᠦᠮ ᠳᠦᠳᠡ︾ ᠪᠠᠷ ᠬᠢᠨᠠᠨ ᠵᠥᠪᠰᠢᠶᠡᠷᠡᠬᠦ᠂ ︽ | ᠰᠢᠯᠢᠳᠡᠭ ᠰᠠᠶᠢᠨ︾ ᠤᠶᠢᠯᠡᠴᠢᠯᠡᠬᠦ ᠲᠥᠷᠥᠯ ᠵᠤᠶᠢᠯ ᠤᠨ ᠨᠤᠳᠤᠭᠰᠢᠨ ᠲᠤᠭᠳᠠᠪᠤᠷᠢᠵᠢᠵᠤ ᠪᠦᠳᠦᠬᠡᠨ ᠪᠠᠶᠢᠭᠤᠯᠬᠤ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ | ᠤᠶᠤᠨᠴᠢ ᠤᠶᠢᠯᠡᠴᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠣᠷᠣᠨ | ᠪᠦᠰᠡ ᠠᠯᠤᠰᠯᠠᠨ᠂ ᠰᠠᠯᠠᠭ᠎ᠠ ᠮᠥᠴᠢᠷ ᠠᠯᠤᠰᠯᠠᠨ᠂ ᠲᠤᠬᠠᠶᠢᠯᠠᠭᠰᠠᠨ ᠠᠵᠢᠯ ᠠᠯᠤᠰᠯᠠᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠬᠦᠯᠦᠨ᠎ᠡ᠃ | ᠬᠦᠷᠢᠶᠡᠯᠡᠩ ᠲᠣᠭᠤᠷᠢᠭ᠂ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠣᠯᠤᠨ ᠲᠣᠰᠬᠤᠨ ︵ᠨᠡᠶᠢᠭᠡᠮ ᠲᠣᠭᠤᠷᠢᠭ︶ ᠤ ᠵᠠᠰᠠᠭ ᠤᠨ ᠶᠠᠪᠤᠳᠠᠯ | ᠤᠨ ᠤᠶᠢᠯᠡᠴᠢᠯᠡᠭᠡᠨ ᠤ ᠲᠤᠭᠳᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠤᠶᠢᠯᠡᠴᠢᠯᠡᠭᠡ ᠶᠢ ᠳᠣᠷᠣᠭᠰᠢ ᠪᠠᠭᠤᠯᠭᠠᠵᠤ | ᠬᠦᠢᠴᠡᠳᠬᠡᠬᠦ᠂ ᠬᠠᠵᠠᠭᠤ ᠳᠤᠨᠢ ᠬᠦᠢᠴᠡᠳᠬᠡᠬᠦ ᠶᠢ ᠪᠡᠶᠡᠯᠡᠭᠦᠯᠦᠨ᠂ ᠠᠵᠤ ᠠᠬᠤᠶᠢᠯᠠᠯ ᠪᠣᠯᠤᠨ ᠣᠯᠠᠨ ᠲᠦᠮᠡᠨ ᠳᠤ ᠨᠠᠩ ᠲᠥᠬᠦᠮ ᠳᠦᠳᠡ ᠪᠥᠭᠡᠳ ᠥᠨᠳᠥᠷ | ᠦᠷ᠎ᠡ ᠪᠦᠲᠦᠮᠵᠢᠲᠡᠶ ᠤᠶᠢᠯᠡᠴᠢᠯᠡᠭᠡ ᠬᠠᠩᠭᠠᠨ᠎ᠠ᠃ | ᠥᠨᠳᠥᠷ ᠬᠢᠷᠢ ᠲᠦᠪᠰᠢᠨ ᠪᠦᠬᠦᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢᠶᠠᠷ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠤᠷᠮᠠᠰᠢᠭᠤᠯᠤᠨ | ᠬᠦᠭᠵᠢᠬᠡᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠳᠤᠯᠠᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠡᠯ᠎ᠡ ᠲᠦᠷᠦᠯ ᠤᠨ | ᠵᠠᠬ᠎ᠠ ᠳᠡᠯᠭᠡᠭᠦᠷ ᠤᠨ ᠭᠤᠤᠯ ᠴᠣᠭᠴᠠ ᠳᠤ ᠠᠳᠠᠯᠢ ᠳᠡᠭᠰᠢ ᠪᠠᠷ ᠬᠠᠨᠳᠤᠨ᠎ᠠ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠲᠣᠳᠣᠷᠬᠠᠶ | ᠬᠠᠭᠤᠳᠠᠰᠤ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ | ᠶᠢᠨ ᠪᠦᠳᠦᠭᠡᠨ ᠪᠠᠶᠢᠭᠤᠯᠤᠯᠲᠠ ᠡᠵᠡᠩᠨᠡᠯᠲᠡ ᠳᠤ ᠡᠷᠬᠡ ᠳᠡᠭᠰᠢ ᠪᠠᠷ ᠤᠷᠤᠯᠴᠠᠬᠤ ᠶᠢ ᠳᠡᠮᠵᠢᠨ᠎ᠡ᠃ ︽ᠬᠦᠰᠡᠭᠰᠡᠨ ᠱᠠᠭᠠᠷᠳᠠᠯᠭ᠎ᠠ ᠶᠢ ᠨᠢ ᠬᠠᠩᠭᠠᠬᠤ︾ ᠪᠠ ︽ | ᠠᠵᠤ ᠠᠬᠤᠶᠢᠯᠠᠯ ᠤᠨ ᠬᠡᠷᠡᠭᠴᠡᠭᠡ ᠲᠠᠢ ᠴᠠᠭ ᠲᠤ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠳᠤᠰᠠᠯᠠᠯᠴᠠᠬᠤ︾ ᠠᠵᠤ ᠠᠬᠤᠶᠢᠯᠠᠯ ᠢ ᠳᠡᠮᠵᠢᠨ ᠳᠤᠰᠠᠯᠠᠬᠤ ᠲᠣᠭᠲᠠᠴᠠ | ᠶᠢ ᠪᠠᠶᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠨ ᠬᠠᠷᠰᠢᠯᠠᠵᠤ ᠪᠠᠶᠢᠭ᠎ᠠ ᠡᠯ᠎ᠡ ᠲᠥᠷᠥᠯ ᠤᠨ ᠠᠰᠠᠭᠤᠳᠠᠯ ᠢ ᠪᠥᠬᠦ ᠲᠠᠯ᠎ᠠ ᠪᠠᠷ ᠪᠠᠶᠢᠴᠠᠭᠠᠨ | ᠰᠢᠢᠳᠪᠤᠷᠢᠯᠡᠵᠤ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠬᠤ ᠶᠢ ᠬᠠᠷᠰᠢᠯᠠᠵᠤ ᠪᠠᠶᠢᠭ᠎ᠠ ᠡᠯ᠎ᠡ ᠲᠥᠷᠥᠯ ᠤᠨ ᠪᠠᠬᠢᠯᠡᠯᠲᠡ ᠶᠢ ᠡᠷᠡᠰ | ᠡᠪᠳᠡᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠵᠤ ᠠᠬᠤᠶᠢᠯᠠᠯ ᠤᠨ ᠡᠯ᠎ᠡ ᠲᠥᠷᠥᠯ ᠤᠨ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠵᠤ᠂ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠦᠭᠵᠢᠬᠡᠨ᠎ᠡ᠃ | ᠥᠨᠳᠥᠷ ᠬᠢᠷᠢ ᠲᠦᠪᠰᠢᠨ ᠪᠦᠬᠦᠢ ᠬᠠᠤᠯᠢᠵᠢᠯ ᠤᠨ ᠤᠷᠴᠢᠨ ᠠᠬᠤᠢ ᠪᠠᠷ ᠬᠥᠭᠵᠢᠯᠲᠡ ᠶᠢᠨ ᠰᠢᠨ᠎ᠡ ᠪᠠᠲᠤᠯᠠᠭ᠎ᠠ ᠶᠢ ᠬᠠᠩᠭᠠᠨ᠎ᠠ᠃ ᠬᠠᠤᠯᠢ ᠪᠠᠷ ᠵᠠᠰᠠᠬᠤ ᠶᠢ | ᠬᠠᠮᠤᠭ ᠤᠨ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠪᠣᠯᠭᠠᠬᠤ ᠶᠢ ᠪᠠᠷᠢᠮᠲᠠᠯᠠᠵᠤ᠂ ᠲᠤᠭᠠᠵᠢᠭᠤᠯᠤᠭᠰᠠᠨ ᠬᠢᠨᠠᠯᠲᠠ ᠬᠠᠮᠢᠶᠠᠷᠤᠯᠲᠠ᠂ ᠢᠲᠡᠭᠡᠮᠵᠢ ᠶᠢᠨ | ᠬᠢᠨᠠᠯᠲᠠ ᠬᠠᠮᠢᠶᠠᠷᠤᠯᠲᠠ᠂ ᠬᠠᠮᠵᠢᠯᠴᠠᠭᠰᠠᠨ ᠬᠢᠨᠠᠯᠳᠠ ᠬᠠᠮᠢᠶᠠᠷᠤᠯᠳᠠ᠂ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠪᠠ ᠨᠡᠶᠢᠭᠡᠮ ᠤᠨ ᠬᠢᠨᠠᠯᠲᠠ ᠲᠠᠯᠪᠢᠬᠤ ᠶᠢ | ᠤᠶᠠᠯᠳᠤᠭᠤᠯᠤᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠤᠭᠳᠠᠯᠴᠠᠭ᠎ᠠ ᠶᠢ ᠰᠦᠪᠡᠭᠴᠢᠯᠡᠨ ᠪᠠᠶᠢᠭᠤᠯᠤᠨ᠎ᠠ᠃ ᠬᠠᠤᠯᠢ ᠪᠤᠰᠤ ᠪᠠᠷ ᠪᠡᠯᠡ ᠮᠥᠩᠭᠦ | ᠴᠤᠭᠯᠠᠭᠤᠯᠤᠭᠰᠠᠨ ᠠᠵᠢᠯᠯᠠᠭ᠎ᠠ᠂ ᠮᠥᠩᠭᠦᠨ ᠭᠦᠢᠯᠭᠡᠭᠡᠨ ᠤ ᠮᠡᠬᠡᠯᠡᠯ ᠤᠨ ᠠᠵᠢᠯᠯᠠᠭ᠎ᠠ᠂ ᠬᠠᠭᠤᠷᠮᠠᠭ ᠵᠦᠢᠯ ᠢ ᠦᠢᠯᠡᠳᠴᠦ ᠡᠷᠬᠡ ᠳᠤ ᠬᠠᠯᠳᠠᠭᠰᠠᠨ ᠠᠵᠢᠯᠯᠠᠭ᠎ᠠ | ᠵᠡᠷᠭᠡ ᠵᠠᠬ᠎ᠠ ᠳᠡᠯᠭᠡᠭᠦᠷ ᠤᠨ ᠡᠮᠬᠢ ᠵᠢᠷᠤᠮ ᠢ ᠡᠪᠳᠡᠭᠰᠡᠨ᠂ ᠬᠥᠭᠵᠢᠯᠲᠡ ᠪᠠ ᠲᠣᠭᠲᠠᠭᠤᠨ ᠪᠠᠶᠢᠳᠠᠯ ᠢ ᠨᠥᠯᠥᠭᠡᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦᠨ᠎ᠡ᠃ | ᠬᠠᠤᠯᠢ ᠶᠣᠰᠣᠭᠠᠷ ᠭᠠᠷᠭᠠᠭᠰᠠᠨ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠠᠨ ᠬᠢᠨᠠᠮᠠᠭᠠᠶ ᠬᠦᠢᠴᠡᠳᠬᠡᠬᠦ ᠪᠠ ᠪᠡᠶᠡᠯᠡᠭᠦᠯᠵᠦ᠂ ᠠᠵᠤ ᠠᠬᠤᠶᠢᠯᠠᠯ ᠤᠨ ᠦᠨᠡᠨᠴᠢ | ᠢᠲᠡᠭᠡᠮᠵᠢ ᠶᠢᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠠᠵᠤ ᠠᠬᠤᠶᠢᠯᠠᠯ ᠳᠤ ᠬᠤᠯᠪᠣᠭᠳᠠᠭᠰᠠᠨ ᠡᠯ᠎ᠡ ᠲᠥᠷᠥᠯ ᠤᠨ ᠬᠡᠷᠡᠭ ᠢ ᠬᠠᠤᠯᠢ ᠶᠣᠰᠣᠭᠠᠷ | ᠥᠨᠳᠥᠷ ᠦᠷ᠎ᠡ ᠪᠦᠲᠦᠮᠵᠢᠲᠡᠶ ᠪᠠᠷ ᠰᠢᠢᠳᠪᠤᠷᠢᠯᠡᠨ᠎ᠡ᠃ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ | ᠬᠠᠮᠠᠭᠠᠯᠠᠵᠤ᠂ ᠵᠠᠰᠠᠭ ᠤᠨ ᠣᠷᠳᠣᠨ ᠤ ᠠᠯᠢᠪᠠ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ᠂ ᠬᠠᠤᠯᠢ ᠬᠡᠷᠡᠭᠵᠢᠭᠦᠯᠬᠦ ᠠᠵᠢᠯᠯᠠᠭ᠎ᠠ ᠨᠢ ᠴᠥᠮ ᠬᠠᠤᠯᠢ ᠴᠠᠭᠠᠵᠠ ᠶᠢᠨ | ᠲᠣᠭᠲᠠᠭᠠᠯ ᠳᠤ ᠨᠡᠶᠢᠴᠡᠵᠦ᠂ ᠲᠤᠰ ᠭᠠᠵᠠᠷ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠵᠤᠬᠢᠴᠠᠵᠤ᠂ ᠨᠠᠮ ᠤᠨ ᠲᠥᠪ ᠬᠤᠷᠢᠶᠠᠨ ᠤ ᠬᠠᠤᠯᠢᠵᠢᠯ ᠤᠨ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠠᠶᠢᠭᠤᠯᠬᠤ ᠬᠠᠮᠤᠭ ᠤᠨ ᠰᠢᠨ᠎ᠡ ᠵᠣᠷᠢᠭ ᠰᠠᠨᠠᠭ᠎ᠠ ᠲᠠᠢ ᠨᠡᠶᠢᠴᠡᠵᠦ᠂ ᠥᠷᠭᠡᠨ ᠤᠯᠠᠨ ᠵᠠᠬ᠎ᠠ ᠳᠡᠯᠭᠡᠭᠦᠷ ᠤᠨ ᠭᠤᠤᠯ | ᠴᠣᠭᠴᠠ ᠳᠤ ᠵᠢᠱᠢᠵᠦ ᠪᠣᠯᠬᠤ᠂ ᠡᠷᠬᠡ ᠲᠡᠭᠰᠢ ᠪᠠᠷ ᠡᠳ᠋ᠯᠡᠵᠦ ᠪᠣᠯᠬᠤ ᠲᠥᠪ ᠭᠤᠣᠯᠴᠢ ᠬᠠᠤᠯᠢᠵᠢᠯ ᠤᠨ ᠣᠷᠴᠢᠨ ᠨᠥᠬᠦᠴᠡᠯ ᠪᠠ ᠠᠮᠤᠷ ᠠᠮᠤᠭᠤᠯᠠᠩ ᠨᠡᠶᠢᠭᠡᠮ ᠤᠨ | ᠣᠷᠴᠢᠨ ᠨᠥᠬᠦᠴᠡᠯ ᠢ ᠴᠢᠷᠮᠠᠶᠢᠨ ᠬᠠᠩᠭᠠᠨ᠎ᠠ᠃ | ︵ᠳᠥᠷᠪᠡ︶ ᠠᠮᠢ ᠠᠬᠤᠶ ᠶᠢᠨ ᠪᠣᠯᠪᠠᠰᠤᠨ ᠤ ᠦᠷ᠎ᠡ ᠪᠦᠲᠦᠭᠡᠯ ᠢ ᠪᠠᠬᠢᠵᠢᠭᠦᠯᠬᠦ ᠲᠠᠢ ᠨᠢᠭᠲᠠ ᠤᠶᠠᠯᠳᠤᠭᠤᠯᠤᠨ᠂ ᠪᠣᠬᠢᠷᠲᠤᠯ ᠢ ᠰᠡᠷᠭᠡᠶᠢᠯᠡᠨ ᠵᠠᠰᠠᠬᠤ᠂ | ᠪᠣᠬᠢᠷᠲᠤᠯ ᠥᠬᠡᠶ ᠬᠦᠭᠵᠢᠯᠳᠡ ᠶᠢᠨ ᠳᠠᠯᠳᠠ ᠬᠦᠴᠦᠨ ᠢ ᠠᠭᠤᠳᠠᠯᠬᠤ ᠶᠢ ᠨᠢᠭᠡᠳᠦᠯᠳᠠᠢ ᠲᠦᠯᠦᠪᠯᠡᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠤᠨ᠎ᠠ᠃ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ | ᠠᠭᠤᠯᠠ ᠬᠠᠶᠢᠷᠬᠠᠨ ᠮᠥᠨ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠬᠦᠯᠬᠦ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠳᠠ ᠤᠶᠠᠯᠳᠤᠭᠤᠯᠤᠨ᠂ ᠬᠠᠮᠠᠭᠠᠯᠠᠬᠤ ᠪᠠᠷ ᠭᠤᠣᠯᠳᠠᠯᠭ᠎ᠠ ᠪᠤᠯᠭᠠᠨ᠂ | ᠵᠠᠰᠠᠬᠤ ᠪᠠᠷ ᠱᠠᠭᠠᠷᠳᠠᠯᠭ᠎ᠠ ᠪᠤᠯᠭᠠᠵᠤ᠂ ᠦᠩᠭᠡᠨ ᠲᠠᠯ᠎ᠠ ᠪᠠ ᠤᠭ ᠦᠨᠳᠦᠰᠦ ᠶᠢ ᠵᠡᠷᠭᠡᠪᠡᠷ ᠵᠠᠰᠠᠬᠤ ᠶᠢ ᠪᠠᠷᠢᠮᠳᠠᠯᠠᠨ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠤᠭᠤᠷᠢᠭ ᠢ ᠴᠢᠷᠮᠠᠶᠢᠨ ᠪᠠᠶᠢᠭᠤᠯᠤᠨ᠎ᠠ᠃ | ᠣᠷᠴᠢᠨ ᠠᠬᠤᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠦᠷᠨᠢᠬᠦᠯᠦᠨ᠎ᠡ᠃ ᠤᠨᠢᠨ ᠳᠡᠭᠡᠷ᠎ᠡ ᠨᠢ ᠪᠣᠬᠢᠷᠲᠤᠯ ᠢ ᠵᠠᠰᠠᠬᠤ | ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠡᠯ᠎ᠡ ᠱᠠᠲᠤᠨ ᠤ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠵᠦ᠂ | ᠬᠦᠬᠡ ᠲᠩᠷᠢ᠂ ᠴᠡᠩᠬᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠬᠦᠯᠦᠨ᠎ᠡ᠃ ᠬᠤᠲᠠ | ᠲᠣᠭᠤᠷᠢᠭ ᠤᠨ ᠲᠠᠷᠠᠬᠠᠶ ᠨᠡᠭᠦᠷᠡᠰᠦ ᠰᠢᠲᠠᠭᠠᠬᠤ ᠶᠢ ᠵᠠᠰᠠᠬᠤ᠂ ᠠᠭᠤᠷᠬᠠᠶ ᠶᠢᠨ ᠣᠷᠣᠨ ᠤ ᠲᠣᠭᠤᠰᠣ ᠰᠢᠷᠣᠶ ᠶᠢᠨ ᠪᠣᠬᠢᠷᠲᠤᠯ ᠢ ᠴᠡᠭᠴᠡᠯᠡᠨ ᠵᠠᠰᠠᠬᠤ᠂ ᠠᠵᠤ | ᠤᠶᠢᠯᠡᠳᠪᠤᠷᠢ ᠶᠢᠨ ᠪᠣᠬᠢᠷᠲᠤᠯ ᠤᠨ ᠡᠬᠢ ᠶᠢᠨ ᠭᠠᠳᠠᠭᠰᠢᠯᠠᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠣᠨ ᠤ ᠣᠷᠴᠢᠨ | ᠠᠬᠤᠢ ᠶᠢᠨ ᠠᠭᠠᠷ ᠤᠨ ᠶᠠᠰᠤ ᠴᠢᠨᠠᠷ ᠤᠨ ᠰᠢᠯᠢᠳᠡᠭ ᠨᠤᠷᠮ᠎ᠠ ᠶᠢ ᠦᠷᠬᠦᠯᠵᠢᠯᠡᠨ ᠳᠡᠭᠡᠭᠰᠢᠯᠡᠬᠦᠯᠦᠨ᠎ᠡ᠃ ᠤᠰᠤᠨ ᠤ ᠴᠢᠨᠠᠷ ᠢ ᠴᠡᠪᠡᠷᠰᠢᠭᠦᠯᠬᠦ ᠤᠶᠢᠯᠡᠳᠪᠤᠷᠢ ᠶᠢᠨ | ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ᠂ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠡᠷᠭᠡ ᠢᠨᠵᠧᠨᠧᠷᠢᠩ ᠤᠨ ᠲᠥᠷᠥᠯ ᠵᠤᠶᠢᠯ ᠢ | ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠭᠤᠤᠯᠳᠠᠯᠭ᠎ᠠ ᠲᠠᠢ ᠰᠠᠪᠠ ᠭᠠᠵᠠᠷ ᠤᠨ ᠣᠭᠲᠣᠯᠤᠭᠠᠰᠤ ᠶᠢᠨ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠬᠦ ᠶᠢ | ᠲᠣᠭᠲᠠᠭᠤᠨ ᠢᠶᠠᠷ ᠪᠡᠶᠡᠯᠡᠬᠦᠯᠦᠨ᠎ᠡ᠃ ︽ᠲᠦᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ | ᠵᠠᠰᠠᠬᠤ ᠠᠵᠢᠯ ᠢ ᠴᠢᠩᠭᠠᠳᠬᠠᠨ᠎ᠠ᠃ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠠᠪᠴᠤ ᠰᠢᠢᠳᠪᠤᠷᠢᠯᠡᠬᠦ ᠴᠢᠳᠠᠪᠤᠷᠢ᠂ ᠠᠵᠤ ᠤᠶᠢᠯᠡᠳᠪᠤᠷᠢ ᠶᠢᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠴᠢᠳᠠᠪᠤᠷᠢ ᠶᠢ ᠪᠥᠬᠦ ᠬᠡᠯᠬᠢᠶ᠎ᠡ ᠪᠠᠷ ᠳᠡᠭᠡᠭᠰᠢᠯᠡᠭᠦᠯᠵᠦ᠂ ︽ᠬᠠᠶᠠᠭᠳᠠᠮᠠᠯ ᠥᠬᠡᠶ ᠬᠤᠲᠠ︾ ᠶᠢ | ᠪᠥᠲᠥᠭᠡᠨ ᠪᠠᠶᠢᠭᠤᠯᠤᠨ᠎ᠠ᠃ | ᠠᠮᠢ ᠠᠬᠤᠢ ᠶᠢ ᠬᠠᠮᠠᠭᠠᠯᠠᠵᠤ ᠰᠡᠷᠬᠦᠬᠡᠬᠦ ᠠᠵᠢᠯ ᠢ ᠪᠦᠬᠦ ᠣᠷᠣᠨ ᠪᠦᠰᠡ ᠪᠠᠷ ᠠᠬᠢᠭᠤᠯᠤᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠤᠶᠢᠯᠡᠳᠦᠯᠬᠡᠵᠢᠬᠦᠯᠵᠤ᠂ ᠣᠶ | ᠰᠢᠭᠤᠶ ᠶᠢᠨ ᠳᠠᠷᠤᠭ᠎ᠠ ᠶᠢᠨ ᠲᠦᠷᠢᠮ᠂ ᠭᠤᠤᠯ ᠮᠥᠷᠡᠨ ᠤ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠭᠤᠯᠠ ᠤᠰᠤ ᠣᠶ ᠰᠢᠭᠤᠶ | ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠰᠢᠰᠲ᠋ᠧᠮ ᠲᠠᠢ ᠵᠠᠰᠠᠬᠤ ᠶᠢ ᠠᠬᠢᠭᠤᠯᠤᠨ᠎ᠠ᠃ ᠵᠠᠳᠠᠭᠠᠶ ᠨᠡᠭᠦᠷᠡᠰᠦᠨ ᠠᠭᠤᠷᠬᠠᠶ ᠶᠢᠨ ᠲᠦᠷ ᠬᠡᠷᠡᠭᠯᠡᠬᠦ | ᠭᠠᠵᠠᠷ ᠤᠨ ᠬᠠᠮᠢᠶᠠᠷᠤᠯᠲᠠ ᠶᠢ ᠴᠢᠩᠭᠠᠳᠬᠠᠨ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦ ᠶᠢᠨ ᠬᠦᠰᠢᠬᠦᠷᠭᠡ ᠶᠢᠨ | ᠦᠢᠯᠡᠳᠦᠯ ᠢ ᠪᠠᠳᠠᠷᠠᠭᠤᠯᠤᠨ᠂ ᠠᠭᠤᠷᠬᠠᠶ ᠶᠢᠨ ᠣᠷᠣᠨ ᠤ ᠲᠠᠬᠢᠨ ᠬᠠᠭᠠᠯᠪᠤᠷᠢᠯᠠᠭᠰᠠᠨ ᠣᠷᠣᠨ ᠤ ᠪᠥᠬᠦ ᠣᠷᠣᠨ ᠪᠦᠰᠡ ᠶᠢᠨ ᠨᠣᠭᠤᠭᠠᠷᠠᠭᠤᠯᠤᠯᠲᠠ᠂ ᠨᠡᠭᠦᠷᠡᠰᠦ | ᠮᠠᠯᠲᠠᠭᠰᠠᠨ ᠠᠴᠠ ᠪᠣᠯᠵᠣ ᠳᠣᠷᠣᠭᠰᠢ ᠰᠠᠭᠤᠭᠰᠠᠨ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠲᠠᠪᠤᠨ ᠵᠢᠯ ᠤᠨ ᠳᠣᠲᠣᠷ᠎ᠠ 3000 ᠾᠧᠺᠲ᠋ᠠᠷ ᠠᠭᠤᠷᠬᠠᠶ ᠶᠢ ᠲᠠᠬᠢᠨ ᠬᠠᠭᠠᠯᠪᠤᠷᠢᠯᠠᠵᠤ ᠨᠣᠭᠤᠭᠠᠷᠠᠭᠤᠯᠬᠤ ᠪᠠᠷ ᠴᠢᠷᠮᠠᠶᠢᠨ᠎ᠠ᠃ ᠤᠯᠤᠰ ᠤᠨ ᠭᠠᠵᠠᠷ | ᠰᠢᠷᠤᠢ ᠶᠢᠨ ᠤᠷᠤᠨ ᠵᠠᠢ ᠶᠢ ᠨᠣᠭᠤᠭᠠᠷᠠᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ | ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ᠂ ᠪᠠᠶᠢᠭᠠᠯᠢᠯᠢᠭ ᠤᠢ ᠰᠢᠭᠤᠶ ᠶᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠠᠮᠢ ᠠᠬᠤᠶ ᠶᠢ ᠰᠡᠷᠭᠦᠭᠡᠬᠦ | ᠢᠨᠵᠧᠨᠧᠷᠢᠩ ᠢ ᠬᠡᠷᠡᠭᠵᠢᠭᠦᠯᠵᠦ᠂ ᠣᠷᠣᠨ ᠪᠦᠰᠡ ᠶᠢᠨ ᠠᠮᠢ ᠠᠬᠤᠶ ᠶᠢᠨ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠬᠦᠯᠦᠨ᠎ᠡ᠃ | ᠪᠣᠬᠢᠷᠲᠤᠯ ᠥᠬᠡᠶ ᠬᠥᠭᠵᠢᠯᠲᠡ ᠶᠢᠨ ᠳᠠᠯᠳᠠ ᠬᠦᠴᠦᠨ ᠢ ᠪᠥᠬᠦ ᠲᠠᠯ᠎ᠠ ᠪᠠᠷ ᠠᠭᠤᠳᠠᠯᠯᠠᠨ᠎ᠠ᠃ ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢ | ᠤᠷᠬᠢᠯ ᠬᠡᠮᠵᠢᠭᠳᠡᠯ ᠳᠤ ᠬᠦᠷᠬᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ︽ᠡᠨᠧᠷᠬᠢ ᠶᠢᠨ ᠬᠡᠷᠡᠭᠯᠡᠭᠡ ᠶᠢᠨ ᠶᠡᠷᠦᠩᠬᠡᠢ ᠬᠡᠮᠵᠢᠶ᠎ᠡ᠂ ᠡᠷᠴᠢᠮ ᠤᠨ ᠬᠤᠣᠰ | ᠡᠵᠡᠮᠳᠡᠯ︾ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠰ ᠢᠶᠠᠷ ᠠᠮᠢ ᠠᠬᠤᠶ ᠶᠢ ᠳᠠᠶᠢᠴᠢᠯᠠᠬᠤ᠂ ᠠᠮᠢ ᠠᠬᠤᠶ ᠪᠠᠷ | ᠠᠵᠤ ᠦᠢᠯᠡᠰ ᠢ ᠠᠬᠢᠭᠤᠯᠬᠤ ᠶᠢ ᠪᠠᠷᠢᠮᠲᠠᠯᠠᠵᠤ᠂ ᠠᠵᠤ ᠠᠬᠤᠶ ᠶᠢᠨ ᠬᠥᠭᠵᠢᠯᠲᠡ ᠪᠠ ᠠᠮᠢ ᠠᠬᠤᠶ ᠶᠢᠨ ᠬᠠᠮᠠᠭᠠᠯᠠᠯᠲᠠ ᠶᠢᠨ ᠤᠬᠢ ᠰᠠᠶᠢᠨ ᠤᠶᠢᠯᠡᠳᠦᠯᠴᠡᠯ ᠢ | ᠪᠡᠶᠡᠯᠡᠬᠦᠯᠦᠨ᠎ᠡ᠃ | ︽ᠨᠡᠬᠦᠷᠡᠰᠦᠳᠦ᠋ᠷᠦᠭᠴᠢᠳᠤ ᠬᠤᠷᠠᠮᠳᠤᠯ ᠤᠨ ᠠᠵᠤ ᠠᠬᠤᠶ︾ ᠶᠢ ᠬᠥᠭᠵᠢᠭᠦᠯᠬᠦ ᠶᠢ ᠳᠡᠮᠵᠢᠨ᠂ ᠨᠡᠬᠦᠷᠡᠰᠦᠳᠦ᠋ᠷᠦᠭᠴᠢᠳᠤ ᠬᠤᠷᠠᠮᠳᠤᠯ ᠤᠨ ᠠᠵᠤ ᠦᠢᠯᠡᠰ ᠤᠨ | ᠬᠡᠯᠬᠢᠶ᠎ᠡ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ᠂ ᠠᠷᠢᠭᠤᠨ ᠴᠡᠪᠡᠷ᠂ ᠪᠣᠬᠢᠷᠲᠤᠯ ᠦᠭᠡᠢ | ᠲᠤᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠢ ᠶᠡᠬᠡᠪᠡᠷ ᠬᠦᠭᠵᠢᠬᠦᠯᠦᠨ᠎ᠡ᠃ ᠤᠯᠤᠰ ᠤᠨ ᠲᠤᠤᠷ᠎ᠠ ᠨᠡᠬᠦᠷᠡᠰᠦᠳᠦ᠋ᠷᠦᠭᠴᠢᠳᠤ ᠲᠤᠷᠰᠢᠯᠲᠠ ᠶᠢᠨ ᠴᠢᠭ | ᠤᠨ ᠬᠤᠲᠠ ᠶᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠡᠨᠧᠷᠭᠢ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠭᠤᠤᠯᠳᠠᠯᠭ᠎ᠠ ᠲᠠᠢ ᠬᠦᠷᠢᠶ᠎ᠡ ᠪᠠ ᠭᠤᠤᠯᠳᠠᠯᠭ᠎ᠠ ᠲᠠᠢ | ᠠᠵᠢᠯ ᠲᠥᠷᠥᠯ ᠤᠨ ᠪᠣᠬᠢᠷᠲᠤᠯ ᠥᠬᠡᠶ ᠥᠭᠡᠷᠡᠴᠢᠯᠡᠯᠲᠡ ᠶᠢ ᠳᠦᠷᠭᠡᠳᠬᠡᠨ᠎ᠡ᠃ ᠪᠣᠬᠢᠷᠲᠤᠯ ᠦᠭᠡᠢ ᠬᠤᠳᠠ ᠶᠢᠨ ᠪᠦᠳᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ | ᠪᠣᠬᠢᠷᠲᠤᠯ ᠦᠭᠡᠢ ᠬᠡᠷᠡᠭᠯᠡᠭᠡ᠂ ᠪᠣᠬᠢᠷᠲᠤᠯ ᠦᠭᠡᠢ ᠶᠠᠪᠤᠵᠤ ᠰᠠᠭᠤᠬᠤ᠂ ᠪᠣᠬᠢᠷᠲᠤᠯ ᠦᠭᠡᠢ ᠣᠷᠣᠰᠢᠨ ᠰᠠᠭᠤᠬᠤ ᠶᠢ ᠰᠠᠨᠠᠭᠠᠴᠢᠯᠠᠵᠤ᠂ ᠠᠮᠢ ᠠᠬᠤᠢ ᠶᠢᠨ | ᠪᠣᠯᠪᠠᠰᠤᠨ ᠢ ᠡᠷᠬᠢᠮᠯᠡᠬᠦ᠂ ᠪᠣᠬᠢᠷᠲᠤᠯ ᠦᠭᠡᠢ ᠬᠥᠭᠵᠢᠯᠲᠡ ᠶᠢ ᠬᠠᠮᠲᠤᠪᠠᠷ ᠠᠬᠢᠭᠤᠯᠬᠤ ᠨᠡᠶᠢᠭᠡᠮ ᠤᠨ ᠬᠡᠪ ᠰᠤᠷᠲᠠᠯ ᠢ ᠪᠤᠢ ᠪᠤᠯᠭᠠᠨ᠎ᠠ᠃ | ︵ᠲᠠᠪᠤ︶ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠯᠡᠬᠦ ᠲᠠᠢ ᠨᠢᠭᠲᠠ ᠤᠶᠠᠯᠳᠤᠭᠤᠯᠤᠨ᠂ ᠢᠵᠢ ᠪᠦᠷᠢᠯᠳᠦᠬᠦᠯᠬᠦ ᠶᠢ | ᠦᠷᠬᠦᠯᠵᠢᠯᠡᠨ ᠳᠡᠬᠦᠯᠳᠡᠷᠵᠢᠬᠦᠯᠵᠤ᠂ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠬᠦᠳᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠤᠨ᠎ᠠ᠃ ᠰᠢ ᠶᠢᠨ ᠫᠢᠩ | ᠶᠡᠷᠦᠩᠬᠡᠢ ᠱᠦᠵᠢ ᠶᠢᠨ ᠳᠤᠷᠠᠳᠤᠭᠰᠠᠨ ︽ᠠᠵᠤ ᠦᠢᠯᠡᠳᠪᠦᠷᠢ ᠪᠠ ᠬᠥᠳᠡᠭᠡ ᠠᠵᠤ ᠠᠬᠤᠢ᠂ ᠬᠤᠳᠠ ᠪᠠ ᠬᠥᠳᠡᠭᠡ ᠲᠣᠰᠬᠤᠨ ᠢ ᠪᠦᠬᠦᠯᠢ ᠴᠣᠭᠴᠠ ᠪᠣᠯᠭᠠᠨ | ᠨᠢᠭᠡᠳᠦᠯᠲᠡᠢ ᠲᠦᠯᠦᠪᠯᠡᠨ ᠲᠥᠯᠥᠪᠵᠢᠭᠦᠯᠬᠦ ᠬᠡᠷᠡᠭᠲᠡᠢ︾ ᠭᠡᠬᠦ ᠴᠢᠬᠤᠯᠠ ᠱᠠᠭᠠᠷᠳᠠᠯᠭ᠎ᠠ ᠶᠢ ᠰᠢᠰᠲ᠋ᠧᠮ ᠲᠠᠢ ᠡᠵᠡᠮᠳᠡᠵᠦ᠂ ᠠᠷᠠᠳ ᠤᠨ ᠠᠮᠢᠳᠤᠷᠠᠯ ᠤᠨ ᠴᠢᠨᠠᠷ | ᠴᠢᠨᠰᠠᠭ᠎ᠠ ᠶᠢ ᠠᠯᠬᠤᠮ ᠠᠯᠬᠤᠮ ᠢᠶᠠᠷ ᠳᠡᠭᠡᠭᠰᠢᠯᠡᠬᠦᠯᠦᠨ᠂ ᠬᠤᠳᠠ ᠬᠥᠳᠡᠭᠡ ᠶᠢ ᠠᠭᠤᠰᠤᠯᠴᠠᠭᠤᠯᠤᠨ ᠬᠦᠭᠵᠢᠬᠦᠯᠦᠭᠰᠡᠨ ᠵᠢᠱᠢᠶ᠎ᠡ ᠦᠵᠡᠭᠦᠯᠬᠦ ᠲᠤᠭᠤᠷᠢᠭ ᠢ | ᠪᠠᠶᠢᠭᠤᠯᠤᠨ᠎ᠠ᠃ | ᠰᠠᠭᠤᠷᠢ ᠲᠥᠬᠦᠭᠡᠷᠦᠮᠵᠢ ᠶᠢᠨ ᠲᠤᠭᠳᠠᠯᠴᠠᠭ᠎ᠠ ᠶᠢ ᠦᠨᠳᠦᠷ ᠵᠤᠭᠰᠤᠴᠠ ᠪᠠᠷ ᠳᠡᠬᠦᠯᠳᠡᠷᠵᠢᠬᠦᠯᠦᠨ᠎ᠡ᠃ ᠣᠳᠣᠬᠢᠴᠢᠯᠠᠭᠰᠠᠨ ᠴᠢᠨᠠᠷ ᠳᠡᠰᠳᠤ ᠬᠤᠲᠠ | ᠲᠣᠭᠤᠷᠢᠭ ᠢ ᠪᠥᠲᠥᠭᠡᠨ ᠪᠠᠶᠢᠭᠤᠯᠬᠤ ᠶᠢᠨ ᠲᠣᠭᠤᠷᠢᠨ ᠳᠤ᠂ ᠬᠥᠬᠡᠬᠤᠲᠠ ᠪᠤᠭᠤᠲᠤ ᠣᠷᠳᠣᠰ ᠤᠨ 1 ᠴᠠᠭ ᠤᠨ ᠲᠦᠷᠭᠡᠨ ᠬᠤᠷᠳᠤᠴᠠᠳᠤ ᠲᠡᠮᠦᠷ ᠵᠠᠮ ᠤᠨ | ᠠᠶᠠᠨᠴᠢᠳ ᠤᠨ ᠲᠡᠭᠡᠭᠡᠪᠦᠷᠢ ᠶᠢᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠭᠤᠤᠯ ᠳᠡᠳ᠋ ᠵᠠᠮ ᠱᠤᠭᠤᠮ ᠤᠨ ᠲᠣᠤᠷ ᠤᠨ ᠪᠥᠲᠥᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠲᠦᠷᠭᠡᠨ ᠪᠥᠭᠡᠳ ᠥᠨᠳᠥᠷ ᠦᠷ᠎ᠡ ᠪᠦᠲᠦᠮᠵᠢᠲᠡᠶ ᠬᠤᠲᠠ ᠶᠢᠨ ᠵᠠᠮ ᠬᠠᠷᠢᠯᠴᠠᠭᠠᠨ ᠤ ᠲᠣᠤᠷ ᠢ ᠲᠦᠷᠭᠡᠳᠬᠡᠨ | ᠪᠠᠶᠢᠭᠤᠯᠤᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠰᠤᠯᠢᠬᠤ ᠦᠷᠳᠡᠭᠡ᠂ 5G ᠬᠡᠷᠡᠭᠯᠡᠯᠲᠡ ᠵᠡᠷᠭᠡ ᠰᠢᠨ᠎ᠡ ᠦᠨᠳᠦᠰᠦᠨ ᠪᠦᠳᠦᠭᠡᠨ | ᠪᠠᠶᠢᠭᠤᠯᠤᠯᠲᠠ ᠶᠢ ᠰᠢᠰᠲ᠋ᠧᠮ ᠲᠠᠢ ᠪᠠᠶᠢᠷᠢᠯᠠᠭᠤᠯᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠰᠣᠶᠣᠯ᠂ ᠪᠡᠶ᠎ᠡ ᠶᠢᠨ ᠲᠠᠮᠢᠷ ᠵᠡᠷᠭᠡ | ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠵᠦᠢ ᠵᠣᠬᠢᠰᠲᠠᠶ ᠪᠠᠶᠢᠷᠢᠯᠠᠭᠤᠯᠤᠨ᠎ᠠ᠃ ᠬᠠᠭᠤᠴᠢᠨ ᠰᠠᠭᠤᠭᠠᠯᠢ ᠲᠣᠭᠤᠷᠢᠭ ᠤᠨ ᠤᠷᠲᠤ | ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ 2000 ᠣᠨ ᠠᠴᠠ ᠡᠮᠦᠨᠡᠬᠢ ᠬᠠᠭᠤᠴᠢᠨ ᠰᠠᠭᠤᠭᠠᠯᠢ ᠲᠣᠭᠤᠷᠢᠭ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠬᠦᠯᠦᠨ᠎ᠡ᠃ ᠪᠥᠬᠦ ᠣᠷᠣᠨ ᠪᠦᠰᠡ ᠶᠢᠨ ᠨᠣᠭᠤᠭᠠᠷᠠᠭᠤᠯᠤᠯᠲᠠ ᠴᠡᠴᠡᠷᠯᠢᠭᠵᠢᠬᠦᠯᠦᠯᠳᠡ ᠶᠢᠨ ᠥᠩᠭᠡ ᠪᠤᠳᠤᠭ ᠨᠡᠮᠡᠷᠢᠯᠡᠬᠦ | ᠂ ᠨᠡᠮᠡᠭᠳᠡᠯ ᠢ ᠠᠬᠢᠭᠤᠯᠵᠤ ᠶᠠᠰᠤ ᠴᠢᠨᠠᠷ ᠢ ᠳᠡᠭᠡᠭᠰᠢᠯᠡᠭᠦᠯᠬᠦ ᠱᠠᠭᠠᠷᠳᠠᠯᠭ᠎ᠠ ᠶᠣᠰᠣᠭᠠᠷ᠂ ︽ᠪᠢᠴᠢᠯ ᠰᠢᠨᠡᠴᠢᠯᠡᠯᠲᠡ︾ ︽ᠠᠭᠠᠵᠢᠮ ᠠᠬᠢᠭᠤᠯᠤᠯᠳᠠ ᠮᠠᠶ᠋ᠢᠭ︾ ᠤᠨ | ᠠᠷᠭ᠎ᠠ ᠬᠡᠯᠪᠡᠷᠢ ᠶᠢ ᠠᠪᠴᠤ᠂ ᠨᠢᠭᠡ ᠪᠦᠯᠦᠭ ᠨᠤᠭᠤᠭᠠᠵᠢᠭᠤᠯᠤᠭᠰᠠᠨ ᠳᠡᠬᠦᠷᠬᠡ᠂ ᠬᠤᠩᠬᠢᠯ ᠭᠤᠳᠤᠮᠵᠢ᠂ ᠵᠠᠮ ᠢ ᠲᠥᠯᠥᠪᠵᠢᠭᠦᠯᠦᠨ ᠪᠠᠶᠢᠭᠤᠯᠵᠤ᠂ | ᠣᠳᠣᠬᠢᠴᠢᠯᠠᠭᠰᠠᠨ ᠴᠡᠴᠡᠷᠯᠢᠭ ᠤᠨ ᠬᠤᠲᠠ ᠶᠢ ᠪᠥᠲᠥᠭᠡᠨ ᠪᠠᠶᠢᠭᠤᠯᠤᠨ᠎ᠠ᠃ | ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠦᠨᠳᠦᠷ ᠬᠢᠷᠢ ᠳᠦᠪᠰᠢᠨ ᠢᠶᠠᠷ ᠠᠬᠢᠭᠤᠯᠤᠨ᠎ᠠ᠃ ᠪᠥᠬᠦ ᠤᠯᠤᠰ ᠤᠨ ᠪᠣᠯᠪᠠᠰᠤᠨ ᠬᠤᠲᠠ ᠶᠢ | ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠭᠦᠨᠵᠡᠭᠡᠶᠢᠷᠡᠭᠦᠯᠵᠦ᠂ ᠪᠥᠬᠦ ᠤᠯᠤᠰ ᠤᠨ ᠬᠡᠪ ᠳᠠᠭᠤᠷᠢᠶᠠᠯ ᠪᠤᠯᠤᠭᠰᠠᠨ | ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠬᠤᠲᠠ ᠶᠢᠨ ᠬᠠᠮᠢᠶᠠᠷᠤᠯᠲᠠ ᠶᠢ ︽ᠤᠶᠤᠨᠴᠢ ᠪᠠᠷ ᠬᠠᠮᠢᠶᠠᠷᠬᠤ︾ ︽ᠨᠠᠷᠢᠯᠢᠭ ᠬᠠᠮᠢᠶᠠᠷᠬᠤ︾ ︽ | ᠣᠯᠠᠨ ᠢᠶᠠᠷ ᠢᠶᠠᠨ ᠬᠠᠮᠢᠶᠠᠷᠬᠤ︾ ᠳᠠᠰᠢ ᠬᠤᠪᠢᠷᠠᠭᠤᠯᠬᠤ ᠶᠢ ᠲᠦᠷᠭᠡᠳᠬᠡᠵᠦ᠂ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠵᠠᠬ᠎ᠠ ᠳᠡᠯᠭᠡᠭᠦᠷ ᠢᠶᠠᠷ | ᠠᠵᠢᠯᠯᠠᠭᠤᠯᠬᠤ᠂ ᠨᠡᠶᠢᠭᠡᠮ ᠳᠠᠶᠠᠭᠠᠷ ᠣᠷᠣᠯᠴᠠᠬᠤ︾ ᠬᠤᠲᠠ ᠶᠢᠨ ᠵᠠᠰᠠᠯᠲᠠ ᠶᠢᠨ ᠰᠢᠨ᠎ᠡ ᠵᠠᠮ ᠢ ᠴᠢᠷᠮᠠᠶᠢᠨ ᠰᠦᠪᠡᠭᠴᠢᠯᠡᠨ᠎ᠡ᠃ ᠤᠶᠤᠨᠴᠢ ᠵᠠᠮ ᠬᠠᠷᠢᠯᠴᠠᠭ᠎ᠠ᠂ | ᠤᠶᠤᠨᠴᠢ ᠵᠠᠰᠠᠭ ᠤᠨ ᠶᠠᠪᠤᠳᠠᠯ᠂ ᠤᠶᠤᠨᠴᠢ ᠬᠤᠲᠠ ᠶᠢᠨ ᠬᠠᠮᠢᠶᠠᠷᠤᠯᠲᠠ᠂ ᠤᠶᠤᠨᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ | ᠵᠡᠷᠭᠡ ᠬᠦᠷᠢᠶ᠎ᠡ ᠴᠠᠷᠠᠭᠠᠨ ᠳᠤ ᠨᠢᠭᠡ ᠪᠦᠯᠦᠭ ᠭᠤᠤᠯᠳᠠᠯᠭ᠎ᠠ ᠲᠠᠢ ᠬᠡᠷᠡᠭᠯᠡᠭᠡᠨ ᠤ ᠲᠥᠷᠥᠯ ᠵᠤᠶᠢᠯ ᠢ ᠬᠡᠷᠡᠭᠵᠢᠭᠦᠯᠬᠦ ᠶᠢ ᠠᠬᠢᠭᠤᠯᠵᠤ᠂ ᠰᠢᠨ᠎ᠡ ᠬᠡᠯᠪᠡᠷᠢ ᠶᠢᠨ ᠤᠶᠤᠨᠴᠢ | ᠬᠤᠲᠠ ᠶᠢᠨ ᠪᠥᠲᠥᠭᠡᠨ ᠪᠠᠶᠢᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠤᠷᠤᠭᠤᠯᠬᠤ ᠪᠠᠷ ᠴᠢᠷᠮᠠᠶᠢᠨ᠎ᠠ᠃ ᠬᠤᠸᠠᠷ ᠬᠠᠳᠬᠤᠬᠤ | ᠡᠷᠳᠡᠮ ᠢᠶᠠᠷ ᠬᠠᠮᠢᠶᠠᠷᠤᠯᠲᠠ ᠶᠢ ᠠᠳᠬᠤᠬᠤ ᠶᠢ ᠪᠠᠷᠢᠮᠲᠠᠯᠠᠵᠤ᠂ ᠬᠤᠲᠠ ᠬᠥᠳᠡᠭᠡ ᠶᠢ ᠬᠠᠮᠤᠷᠤᠭᠰᠠᠨ᠂ ᠴᠢᠳᠠᠮᠵᠢ ᠪᠠᠷ ᠪᠦᠷᠢᠨ᠂ ᠭᠤᠷᠪᠠᠨ ᠱᠠᠲᠤ ᠪᠠᠷ ᠬᠤᠯᠪᠣᠭᠠᠯᠠᠨ | ᠬᠥᠳᠡᠯᠦᠯᠴᠡᠭᠰᠡᠨ ᠲᠤᠤᠷᠴᠢᠯᠠᠭᠰᠠᠨ ᠤᠶᠢᠯᠡᠴᠢᠯᠡᠭᠡᠨ ᠤ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠤᠶᠢᠯᠡᠴᠢᠯᠡᠭᠡ᠂ | ᠬᠤᠲᠠ ᠶᠢᠨ ᠶᠠᠪᠤᠳᠠᠯ ᠤᠨ ᠳᠦᠬᠦᠭᠡᠷᠦᠮᠵᠢ ᠶᠢ ᠬᠠᠮᠠᠭᠠᠯᠠᠬᠤ᠂ ᠦᠵᠡᠮᠵᠢ ᠶᠢᠨ ᠴᠡᠴᠡᠷᠯᠢᠭ ᠢ ᠥᠭᠡᠷᠡᠴᠢᠯᠡᠬᠦ ᠵᠢᠴᠢ ᠬᠤᠭ ᠨᠣᠪᠰᠢ ᠶᠢ ᠲᠥᠷᠥᠯ ᠬᠤᠪᠢᠶᠠᠬᠤ ᠵᠡᠷᠭᠡ | ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ᠂ ᠶᠠᠪᠤᠴᠠ ᠶᠢ ᠬᠢᠨᠠᠨ | ᠰᠢᠯᠭᠠᠬᠤ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠪᠠ ᠰᠢᠰᠲ᠋ᠧᠮ ᠲᠠᠢ ᠪᠠᠷ ᠵᠠᠰᠠᠬᠤ | ᠬᠤᠲᠠ ᠶᠢᠨ ᠠᠮᠤᠷ ᠲᠦᠪᠰᠢᠨ ᠤ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠶᠢᠨ ᠪᠦᠬᠦ ᠠᠮᠢ ᠨᠠᠰᠤᠨ ᠤ ᠦᠶᠡᠯᠡᠯ ᠤᠨ | ᠬᠤᠭᠤᠴᠠᠭᠠᠨ ᠤ ᠦᠷᠭᠦᠯᠵᠢᠯᠡᠨ ᠬᠦᠭᠵᠢᠬᠦ ᠶᠢ ᠠᠬᠢᠭᠤᠯᠤᠨ᠎ᠠ᠃ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠥᠨᠳᠥᠷ ᠪᠠᠷᠢᠮᠵᠢᠶ᠎ᠠ ᠪᠠᠷ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ | ᠵᠣᠯᠭᠠᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠠᠷᠢᠶᠠᠯᠠᠩ ᠤᠨ ᠤᠯᠠᠨ ᠲᠠᠯ᠎ᠠ ᠶᠢᠨ ᠴᠢᠳᠠᠮᠵᠢ ᠶᠢ ᠭᠦᠢᠴᠡᠳ ᠠᠭᠤᠳᠠᠯᠤᠨ ᠥᠷᠭᠡᠳᠬᠡᠵᠦ᠂ ᠲᠠᠷᠢᠶᠠᠯᠠᠩ | ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠵᠤ᠂ ᠲᠠᠷᠢᠶᠠᠯᠠᠩ ᠬᠢᠭᠡᠳ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠵᠤᠭᠠᠴᠠᠨ ᠲᠣᠭᠤᠷᠢᠬᠤ᠂ ᠡᠯᠧᠺᠲᠷᠣᠨ | ᠬᠤᠳᠠᠯᠳᠤᠭ᠎ᠠ ᠪᠠᠷᠠᠭᠠᠨ ᠤ ᠭᠦᠢᠯᠭᠡᠭᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ | ᠦᠢᠯᠡᠰ ᠤᠨ ᠠᠭᠤᠰᠤᠯᠴᠠᠨ ᠬᠥᠭᠵᠢᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃ ᠬᠤᠳᠠ ᠶᠢᠨ ᠲᠡᠬᠦᠷᠭᠡ ᠶᠢᠨ ᠮᠠᠶ᠋ᠢᠭ ᠤᠨ ᠬᠤᠳᠠ ᠶᠢᠨ ᠲᠠᠷᠢᠶᠠᠯᠠᠩ ᠤᠨ | ᠲᠤᠭᠳᠠᠯᠴᠠᠭ᠎ᠠ ᠶᠢ ᠪᠠᠶᠢᠭᠤᠯᠬᠤ ᠳᠤ ᠴᠢᠭᠯᠡᠬᠦᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠮᠢ ᠠᠬᠤᠶ ᠶᠢᠨ ᠲᠠᠷᠢᠶᠠᠯᠠᠩ᠂ ᠤᠶᠤᠨᠴᠢ ᠲᠠᠷᠢᠶᠠᠯᠠᠩ᠂ | ᠦᠵᠡᠭᠦᠯᠦᠯᠭᠡ ᠶᠢᠨ ᠲᠠᠷᠢᠶᠠᠯᠠᠩ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠢ ᠬᠥᠭᠵᠢᠭᠦᠯᠵᠦ᠂ ᠤᠯᠠᠨ ᠵᠦᠢᠯ ᠤᠨ ᠬᠡᠯᠪᠡᠷᠢ ᠶᠢᠨ ᠵᠣᠬᠢᠬᠤ ᠬᠡᠪᠴᠢᠶᠡᠲᠦ | ᠡᠵᠡᠩᠨᠡᠯᠲᠡ ᠶᠢ ᠵᠣᠷᠢᠭᠵᠢᠭᠤᠯᠵᠤ᠂ ᠲᠠᠷᠢᠶᠠᠴᠢᠳ ᠤᠨ ᠦᠨᠳᠦᠰᠦᠨ ᠠᠮᠢᠳᠤᠷᠠᠯ ᠢ ᠪᠠᠳᠤᠯᠠᠵᠤ᠂ ᠤᠷᠤᠯᠭ᠎ᠠ ᠶᠢᠨ ᠨᠡᠮᠡᠭᠳᠡᠯ ᠢ ᠠᠬᠢᠭᠤᠯᠤᠨ᠂ ᠰᠠᠶᠢᠨ ᠰᠠᠶᠢᠬᠠᠨ | ᠠᠮᠢᠳᠤᠷᠠᠯ ᠢ ᠡᠷᠢᠯᠬᠢᠯᠡᠨ᠎ᠡ᠃ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ᠂ | ᠲᠣᠣᠷ ᠬᠤᠭᠤᠯᠠᠶ᠂ ᠴᠠᠬᠢᠯᠭᠠᠨ ᠲᠣᠣᠷ ᠵᠡᠷᠭᠡ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠬᠥᠮᠦᠰ ᠤᠨ ᠣᠷᠣᠰᠢᠨ | ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠲᠠᠷᠢᠶᠠᠯᠠᠩ ᠤᠶᠢᠯᠡᠰ ᠢ ᠬᠦᠴᠦᠷᠬᠡᠭᠵᠢᠬᠦᠯᠦᠨ᠂ ᠬᠦᠳᠡᠭᠡ | ᠳᠤᠰᠬᠤᠨ ᠢ ᠭᠤᠶᠤᠵᠢᠭᠤᠯᠵᠤ᠂ ᠲᠠᠷᠢᠶᠠᠴᠢᠳ ᠢ ᠪᠠᠶᠠᠵᠢᠭᠤᠯᠬᠤ ᠪᠠᠷ ᠴᠢᠷᠮᠠᠶᠢᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠢ ᠨᠢᠭᠲᠠ ᠤᠶᠠᠯᠳᠤᠭᠤᠯᠤᠨ᠂ ᠬᠠᠩᠭᠠᠯᠭ᠎ᠠ ᠬᠡᠷᠡᠭᠴᠡᠭᠡᠨ ᠤ ᠤᠶᠢᠯᠡᠴᠢᠯᠡᠭᠡ ᠶᠢ | ᠰᠢᠯᠢᠳᠡᠭᠵᠢᠬᠦᠯᠵᠤ᠂ ᠵᠠᠰᠠᠯᠲᠠ ᠶᠢᠨ ᠬᠢᠷᠢ ᠳᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠤᠨ᠎ᠠ᠃ ᠰᠢ ᠶᠢᠨ ᠫᠢᠩ ᠶᠡᠷᠦᠩᠬᠡᠶ ᠱᠦᠵᠢ | ᠵᠢᠭᠠᠵᠤ ᠭᠠᠷᠭᠠᠬᠤ ᠳᠠᠭᠠᠨ᠄ ︽ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠡᠴᠦᠰ ᠤᠨ ᠴᠡᠭ ᠭᠡᠵᠦ ᠪᠠᠶᠢᠬᠤ ᠦᠭᠡᠶ᠂ ᠵᠥᠪᠬᠡᠨ ᠲᠠᠰᠤᠷᠠᠯᠲᠠ | ᠦᠭᠡᠶ ᠦᠷᠭᠦᠯᠵᠢᠯᠡᠬᠦ ᠰᠢᠨ᠎ᠡ ᠡᠬᠢᠯᠡᠯᠲᠡ ᠪᠠᠶᠢᠳᠠᠭ︾ ᠭᠡᠵᠡᠶ᠃ ᠪᠢᠳᠡ ᠳ᠋ᠦᠩᠱᠧᠩ ᠤᠨ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠪᠣᠳᠠᠲᠤ ᠬᠦᠰᠡᠯ | ᠡᠷᠡᠮᠡᠯᠵᠡᠯ᠂ ᠠᠮᠤᠷ ᠲᠠᠶᠢᠪᠤᠩ ᠲᠣᠭᠲᠠᠭᠤᠨ ᠤ ᠦᠨᠳᠦᠰᠦᠨ ᠬᠡᠷᠡᠭᠴᠡᠭᠡ ᠶᠢ ᠭᠦᠨᠵᠡᠭᠡᠢ ᠡᠵᠡᠮᠳᠡᠨ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠪᠠᠷ ᠠᠷᠠᠳ | ᠲᠦᠮᠡᠨ ᠳᠤ ᠵᠣᠯ ᠵᠢᠷᠭᠠᠯ ᠣᠯᠭᠤᠬᠤ ᠶᠢᠨ ᠬᠦᠴᠦᠯᠡᠬᠦ ᠴᠡᠭ ᠪᠣᠯᠭᠠᠵᠤ᠂ ᠲᠦᠷᠦ ᠶᠢᠨ ᠪᠤᠳᠤᠯᠭ᠎ᠠ ᠶᠢ ᠠᠷᠠᠳ ᠤᠨ ᠠᠮᠢᠳᠤᠷᠠᠯ ᠳᠤ ᠲᠥᠪᠯᠡᠷᠡᠭᠦᠯᠬᠦ᠂ ᠡᠳ᠋ ᠤᠨ | ᠬᠦᠴᠦᠨ ᠢ ᠠᠷᠠᠳ ᠤᠨ ᠠᠮᠢᠳᠤᠷᠠᠯ ᠳᠡᠰᠢ ᠬᠡᠯᠪᠠᠶᠢᠯᠭᠡᠬᠦ᠂ ᠦᠢᠯᠡᠴᠢᠯᠡᠭᠡ ᠶᠢ ᠠᠷᠠᠳ ᠤᠨ ᠠᠮᠢᠳᠤᠷᠠᠯ ᠳᠤ ᠪᠦᠷᠬᠦᠭᠦᠯᠬᠦ ᠶᠢ ᠠᠬᠢᠭᠤᠯᠵᠤ᠂ ᠠᠷᠠᠳ ᠲᠦᠮᠡᠨ ᠤ | ᠰᠠᠶᠢᠨ ᠰᠠᠶᠢᠬᠠᠨ ᠠᠮᠢᠳᠤᠷᠠᠯ ᠤᠨ ᠵᠢᠱᠢᠶ᠎ᠡ ᠦᠵᠡᠭᠦᠯᠬᠦ ᠲᠤᠭᠤᠷᠢᠭ ᠢ ᠴᠤᠭᠴᠠᠯᠠᠨ᠎ᠠ᠃ | ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠬᠡᠷᠡᠭᠴᠡᠭᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠰᠤᠷᠭᠠᠨ ᠬᠥᠮᠦᠵᠢᠯ ᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠵᠤ᠂ ᠲᠡᠩᠴᠡᠭᠦᠷᠢᠲᠡᠶ ᠬᠥᠭᠵᠢᠭᠦᠯᠬᠦ ᠶᠢ ᠲᠤᠪᠤᠶᠢᠯᠭᠠᠨ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠠᠬᠢᠭᠤᠯᠤᠨ᠎ᠠ᠃ 31 | ᠰᠤᠷᠭᠠᠭᠤᠯᠢ ᠬᠡᠤᠬᠡᠳ ᠤᠨ ᠴᠡᠴᠡᠷᠯᠢᠭ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ ᠰᠤᠷᠭᠠᠭᠤᠯᠢ ᠴᠡᠴᠡᠷᠯᠢᠭ ᠤᠨ ᠵᠠᠬᠢᠷᠤᠯ ᠢ ᠵᠣᠷᠢᠭᠵᠢᠭᠤᠯᠤᠨ | ᠥᠷᠢᠰᠥᠯᠳᠦᠭᠦᠯᠬᠦ ᠲᠣᠭᠲᠠᠴᠠ ᠶᠢ ᠪᠦᠷᠢᠨᠰᠢᠬᠦᠯᠦᠨ᠂ ᠪᠠᠭᠰᠢ ᠰᠤᠷᠭᠠᠭᠤᠯᠢ ᠶᠢᠨ ᠬᠤᠭᠤᠷᠣᠨᠳᠣᠬᠢ ᠰᠣᠯᠢᠯᠴᠠᠭ᠎ᠠ᠂ ᠠᠵᠢᠯ ᠤᠨ ᠪᠠᠶᠢᠷᠢ ᠡᠬᠡᠯᠵᠢᠯᠡᠬᠦ ᠶᠢ ᠰᠢᠨᠵᠢᠯᠡᠬᠦ | ᠤᠬᠠᠭᠠᠨᠴᠢ ᠪᠠᠷ ᠠᠬᠢᠭᠤᠯᠵᠤ᠂ ᠬᠡᠪ ᠴᠢᠨᠠᠷ ᠤᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠰᠡᠳᠬᠢᠴᠡ ᠶᠢᠨ ᠡᠷᠡᠭᠦᠯ ᠮᠡᠨᠳᠦ ᠶᠢᠨ | ᠰᠤᠷᠭᠠᠨ ᠬᠥᠮᠦᠵᠢᠯ ᠢ ᠰᠠᠶᠢᠲᠤᠷ ᠠᠳᠬᠤᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ | ᠦᠷᠭᠡᠳᠬᠡᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠬᠦᠯᠦᠨ᠂ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠰᠡᠬᠦᠯᠴᠢ ᠶᠢᠨ ᠬᠤᠭᠤᠴᠠᠭᠠᠨ ᠳᠤ ᠮᠠᠨ ᠤ ᠲᠤᠭᠤᠷᠢᠭ ᠢᠶᠠᠨ ᠤᠯᠤᠰ ᠤᠨ ᠪᠠᠷᠠᠭᠤᠨ ᠣᠷᠣᠨ ᠤ ᠰᠤᠷᠭᠠᠨ ᠬᠥᠮᠦᠵᠢᠯ ᠤᠨ | ᠬᠦᠴᠦᠷᠬᠡᠭ ᠲᠤᠭᠤᠷᠢᠭ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠡᠷᠡᠭᠦᠯ ᠮᠡᠨᠳᠤ ᠳ᠋ᠦᠩᠱᠧᠩ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠣᠳᠣᠬᠢᠴᠢᠯᠠᠭᠰᠠᠨ ᠡᠮᠨᠡᠯᠭᠡ ᠶᠢᠨ ᠬᠤᠷᠢᠶ᠎ᠠ ᠶᠢᠨ | ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ︽ᠢᠨᠲ᠋ᠧᠷ ᠰᠦᠯᠵᠢᠶ᠎ᠡ + ᠤᠶᠤᠨᠴᠢ ᠡᠮᠴᠢᠯᠡᠭᠡ︾ ᠶᠢ ᠢᠳᠡᠪᠬᠢᠲᠡᠶ ᠬᠥᠭᠵᠢᠭᠦᠯᠦᠨ᠂ ᠬᠢᠲᠠᠳ ᠮᠣᠩᠭᠤᠯ | ᠡᠮᠨᠡᠯᠭᠡ ᠶᠢᠨ ᠰᠢᠨ᠎ᠡ ᠡᠬᠦᠳᠦᠯᠳᠡ ᠬᠦᠭᠵᠢᠯᠳᠡ ᠶᠢ ᠳᠡᠮᠵᠢᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠬᠢᠷᠢ ᠬᠡᠮᠵᠢᠶ᠎ᠡ ᠪᠠ | ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ | ᠠᠬᠢᠭᠤᠯᠵᠤ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠰᠣᠶᠣᠯ ᠤᠨ ᠪᠠᠬᠢᠯᠡᠯᠳᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠦᠮᠡᠨᠴᠢ ᠴᠢᠨᠠᠷᠲᠠᠶ ᠰᠣᠶᠣᠯ | ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠦᠬᠦ ᠠᠷᠠᠳ ᠤᠨ ᠤᠷᠠᠯᠢᠭ ᠢ ᠲᠦᠭᠡᠮᠡᠯᠵᠢᠭᠦᠯᠬᠦ᠂ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠨ ᠵᠠᠯᠭᠠᠮᠵᠢᠯᠠᠬᠤ᠂ ᠰᠣᠶᠣᠯ ᠤᠨ ᠪᠦᠲᠦᠭᠡᠭᠳᠡᠬᠦᠨ ᠢ ᠲᠤᠭᠠᠵᠢᠭᠤᠯᠬᠤ ᠶᠢ ᠠᠬᠢᠭᠤᠯᠵᠤ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ | ᠲᠠᠰᠤᠷᠠᠯᠳᠠ ᠦᠭᠡᠢ ᠪᠠᠶᠠᠯᠢᠭᠵᠢᠭᠤᠯᠤᠨ᠎ᠠ᠃ | ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠬᠦᠯᠦᠨ᠎ᠡ᠃ ᠲᠥᠪ ᠭᠤᠣᠯᠴᠢ ᠴᠢᠨᠠᠷ ᠢ ᠴᠢᠩᠭᠠᠳᠬᠠᠬᠤ᠂ ᠰᠢᠯᠵᠢᠩᠭᠦᠢ | ᠴᠢᠨᠠᠷ ᠲᠤ ᠵᠣᠬᠢᠴᠠᠬᠤ᠂ ᠦᠷᠭᠦᠯᠵᠢᠯᠡᠬᠦ ᠴᠢᠨᠠᠷ ᠢ ᠪᠠᠲᠤᠯᠠᠬᠤ ᠶᠢᠨ ᠲᠣᠭᠤᠷᠢᠨ ᠳᠤ᠂ ᠦᠨᠳᠦᠰᠦᠨ ᠵᠦᠢᠯ ᠢ ᠪᠠᠲᠤᠯᠠᠬᠤ᠂ ᠬᠤᠷᠢᠭ᠎ᠠ ᠱᠤᠭᠤᠮ ᠢ ᠪᠠᠲᠤᠯᠠᠬᠤ᠂ | ᠨᠡᠶᠢᠬᠡᠮ ᠤᠨ ᠠᠪᠤᠷᠠᠨ ᠳᠤᠰᠠᠯᠠᠬᠤ ᠠᠮᠤᠷ ᠳᠦᠪᠰᠢᠨ ᠤ ᠲᠤᠤᠷ ᠢ ᠰᠦᠯᠵᠢᠬᠦ ᠠᠵᠢᠯ ᠢ ᠨᠠᠷᠢᠯᠢᠭ ᠨᠢᠭᠳᠠ ᠯᠠᠪᠳᠠᠭᠤᠨ ᠪᠠᠳᠤᠳᠠᠢ ᠬᠢᠨ᠎ᠡ᠃ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠤᠯᠠᠨ ᠠᠷᠭ᠎ᠠ ᠵᠠᠮ ᠤᠯᠠᠨ ᠬᠡᠯᠪᠡᠷᠢ ᠪᠠᠷ ᠤᠶᠢᠯᠡᠰ ᠪᠤᠰᠬᠠᠨ ᠠᠵᠢᠯ ᠣᠯᠭᠤᠬᠤ ᠶᠢ ᠲᠡᠮᠵᠢᠵᠤ | ᠂ ᠤᠶᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ᠂ ᠠᠵᠤ ᠦᠢᠯᠡᠰ ᠢᠶᠠᠷ ᠠᠵᠢᠯ ᠣᠯᠭᠤᠯᠲᠠ ᠶᠢ ᠲᠤᠯᠭᠠᠭᠤᠷᠢᠯᠠᠬᠤ᠂ ᠲᠦᠷᠦᠯ ᠵᠤᠶᠢᠯ ᠢᠶᠠᠷ ᠠᠵᠢᠯ | ᠣᠯᠭᠤᠯᠲᠠ ᠶᠢ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠬᠦᠯᠦᠨ᠎ᠡ᠃ ᠲᠠᠪᠤᠨ ᠵᠢᠯ ᠤᠨ ᠳᠣᠲᠣᠷ᠎ᠠ᠂ ᠬᠤᠳᠠ ᠪᠠᠯᠭᠠᠰᠤᠨ ᠤ 2.75 ᠲᠦᠮᠡᠨ | ᠬᠥᠮᠦᠨ ᠳᠤ ᠰᠢᠨ᠎ᠡ ᠪᠠᠷ ᠠᠵᠢᠯ ᠣᠯᠭᠤᠬᠤ ᠪᠠᠷ ᠴᠢᠷᠮᠠᠶᠢᠨ᠎ᠠ᠃ ᠭᠠᠵᠠᠷ ᠰᠢᠷᠣᠶ ᠶᠢᠨ ᠦᠨ᠎ᠡ ᠶᠢ ᠲᠣᠭᠲᠠᠪᠤᠷᠢᠵᠢᠭᠤᠯᠬᠤ᠂ ᠭᠡᠷ ᠪᠠᠶᠢᠰᠢᠩ ᠤᠨ ᠦᠨ᠎ᠡ ᠶᠢ | ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠲᠠᠢ ᠤᠶᠠᠯᠳᠤᠭᠤᠯᠤᠨ᠂ ᠭᠡᠷ ᠪᠠᠶᠢᠰᠢᠩ ᠭᠠᠵᠠᠷ ᠬᠦᠷᠦᠩᠭᠡ ᠪᠠ ᠭᠠᠵᠠᠷ ᠰᠢᠷᠣᠶ ᠶᠢᠨ ᠨᠡᠭᠡᠭᠡᠨ | ᠬᠦᠭᠵᠢᠬᠦᠯᠦᠯᠳᠡ ᠶᠢᠨ ᠦᠯᠡᠳᠡᠭᠳᠡᠯ ᠠᠰᠠᠭᠤᠳᠠᠯ ᠢ ᠢᠳᠡᠪᠬᠢᠲᠡᠶ ᠲᠣᠬᠢᠲᠠᠶ ᠰᠢᠢᠳᠪᠤᠷᠢᠯᠡᠨ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠲᠦᠷᠭᠡᠪᠴᠢᠯᠡᠨ | ᠬᠥᠭᠵᠢᠭᠦᠯᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ︽ᠨᠠᠰᠤᠲᠠᠨ | ᠪᠠ ᠨᠢᠯᠬ᠎ᠠ︾ ᠶᠢᠨ ᠠᠰᠠᠭᠤᠳᠠᠯ ᠢ ᠬᠦᠴᠦᠯᠡᠨ ᠰᠢᠢᠳᠪᠤᠷᠢᠯᠡᠵᠤ᠂ ᠬᠡᠷ ᠲᠡᠭᠡᠨ ᠰᠠᠭᠤᠵᠤ ᠰᠤᠪᠢᠯᠠᠬᠤ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠬᠠᠷᠢᠯᠴᠠᠨ | ᠵᠣᠬᠢᠴᠠᠭᠤᠯᠬᠤ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠬᠠᠷᠢᠯᠴᠠᠨ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ | ᠲᠤᠭᠳᠠᠯᠴᠠᠭ᠎ᠠ ᠶᠢ ᠪᠠᠶᠢᠭᠤᠯᠵᠤ᠂ ᠬᠡᠤᠬᠡᠳ ᠰᠠᠭᠠᠲᠠᠭᠤᠯᠬᠤ ᠤᠶᠢᠯᠡᠴᠢᠯᠡᠬᠡᠨ ᠤ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠠᠬᠢᠭᠤᠯᠤᠨ᠎ᠠ᠃ | ᠨᠡᠶᠢᠭᠡᠮ ᠤᠨ ᠠᠪᠤᠷᠠᠨ ᠳᠤᠰᠠᠯᠠᠯᠳᠠ ᠶᠢᠨ ᠬᠤᠳᠠ ᠬᠥᠳᠡᠭᠡ ᠶᠢ ᠨᠢᠭᠡ ᠴᠤᠭᠴᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠣᠨᠴᠠ ᠬᠦᠨᠳᠤ ᠡᠪᠡᠳᠴᠢᠨ ᠤ ᠡᠮ | ᠡᠮᠨᠡᠯᠭᠡ ᠶᠢᠨ ᠳᠠᠭᠠᠳᠬᠠᠯ ᠪᠣᠯᠤᠨ ᠠᠪᠤᠷᠠᠨ ᠲᠤᠰᠠᠯᠠᠬᠤ ᠲᠥᠷᠢᠮ ᠢ ᠪᠥᠷᠢᠨᠰᠢᠬᠦᠯᠵᠤ᠂ ᠵᠡᠮᠳᠡᠭᠴᠦᠳ ᠪᠣᠯᠤᠨ ᠨᠢᠭᠦᠯᠡᠰᠦᠩᠭᠦᠶ ᠶᠢᠨ ᠨᠡᠶᠢᠲᠡ ᠶᠢᠨ ᠠᠰᠠᠷᠠᠮᠵᠢ ᠶᠢᠨ | ᠦᠢᠯᠡᠰ ᠢ ᠶᠡᠬᠡᠪᠡᠷ ᠬᠥᠭᠵᠢᠭᠦᠯᠦᠨ᠎ᠡ᠃ ᠬᠥᠳᠡᠯᠮᠦᠷᠢ ᠶᠢᠨ ᠪᠠᠲᠤᠯᠠᠭ᠎ᠠ ᠶᠢᠨ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠤᠨ ᠵᠣᠷᠢᠭᠵᠢᠭᠤᠯᠬᠤ ᠪᠠ ᠢᠲᠡᠭᠡᠮᠵᠢ | ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠥᠳᠡᠯᠮᠦᠷᠢ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠬᠢᠷᠢ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠦᠨ᠎ᠡ᠃ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠦᠷᠭᠦᠯᠵᠢᠯᠡᠨ ᠠᠬᠢᠭᠤᠯᠤᠨ᠎ᠠ᠃ ᠤᠯᠠᠨ ᠲᠦᠮᠡᠨ ᠤ ᠭᠤᠤᠯ ᠴᠣᠭᠴᠠ ᠶᠢ ᠪᠠᠷᠢᠮᠲᠠᠯᠠᠬᠤ ᠪᠣᠯ ᠨᠡᠶᠢᠭᠡᠮ ᠤᠨ | ᠵᠠᠰᠠᠯᠲᠠ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠵᠠᠩᠭᠢᠯᠠᠭ᠎ᠠ ᠮᠥᠨ᠃ ᠨᠡᠶᠢᠭᠡᠮ ᠲᠣᠭᠤᠷᠢᠭ ᠤᠨ ᠵᠠᠰᠠᠯᠲᠠ ᠶᠢ ᠦᠷᠬᠦᠯᠵᠢᠯᠡᠨ ᠴᠢᠩᠭᠠᠳᠬᠠᠵᠤ᠂ ᠨᠡᠶᠢᠭᠡᠮ | ᠲᠣᠭᠤᠷᠢᠭ ᠤᠨ ᠠᠵᠢᠯᠳᠠᠨ ᠢ ᠭᠦᠢᠴᠡᠳ ᠳᠤᠬᠢᠷᠠᠭᠤᠯᠤᠨ ᠬᠦᠴᠦᠷᠬᠡᠭᠵᠢᠭᠦᠯᠵᠦ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ | ᠲᠤᠷᠰᠢᠯᠲᠠ ᠶᠢᠨ ᠴᠢᠭ ᠤᠨ ᠪᠦᠳᠦᠭᠡᠨ ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠦ᠂ ︽ᠠᠷᠠᠳ ᠢ ᠤᠷᠤᠯᠠᠨ ᠡᠵᠡᠨ ᠰᠠᠭᠤᠬᠤ︾ ᠶᠢ ︽ᠠᠷᠠᠳ ᠢᠶᠠᠷ ᠡᠵᠡᠨ | ᠰᠠᠭᠤᠯᠭᠠᠬᠤ︾ ᠪᠣᠯᠭᠠᠨ ᠬᠤᠪᠢᠷᠠᠭᠤᠯᠵᠤ᠂ ᠰᠠᠭᠤᠭᠠᠯᠢ ᠠᠷᠠᠳ ᠤᠨ ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠬᠥᠮᠦᠵᠢᠭᠦᠯᠬᠦ᠂ ᠥᠪᠡᠷ ᠤᠨ ᠪᠡᠶ᠎ᠡ ᠳᠡᠭᠡᠨ | ᠦᠢᠯᠡᠴᠢᠯᠡᠬᠦ ᠶᠢ ᠬᠦᠳᠦᠯᠦᠨ ᠵᠢᠯᠣᠭᠤᠳᠴᠤ᠂ ᠦᠨᠳᠦᠰᠦᠨ ᠱᠠᠲᠤᠨ ᠤ ᠵᠠᠰᠠᠯᠲᠠ ᠶᠢᠨ ᠬᠠᠮᠲᠤᠷᠠᠯ ᠬᠦᠴᠦᠨ ᠢ ᠪᠦᠷᠢᠯᠳᠦᠬᠦᠯᠦᠨ᠎ᠡ᠃ ᠰᠢᠨ᠎ᠡ ᠴᠠᠭ ᠦᠶ᠎ᠡ ᠶᠢᠨ ︽ | ᠹᠧᠩ ᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ | ᠵᠥᠷᠢᠴᠡᠯ ᠢ ᠴᠠᠭ ᠲᠤᠬᠠᠢ ᠳᠤᠨᠢ ᠦᠨᠳᠦᠰᠦᠨ ᠱᠠᠳᠤᠨ ᠳᠤ᠂ ᠰᠤᠶᠤᠭᠠᠯᠠᠯ ᠤᠨ ᠬᠤᠭᠤᠴᠠᠭᠠᠨ ᠳᠤᠨᠢ ᠪᠦᠲᠦᠮᠵᠢᠲᠡᠢ ᠰᠢᠢᠳᠪᠦᠷᠢᠯᠡᠨ᠎ᠡ᠃ ᠣᠯᠠᠨ ᠵᠤᠶᠢᠯ ᠤᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠲᠠᠪᠤᠨ ᠬᠤᠷᠰᠢᠶ᠎ᠠ ᠬᠤᠯᠪᠣᠭᠠᠯᠠᠨ ᠬᠥᠳᠡᠯᠦᠯᠴᠡᠬᠦ︾ ᠠᠵᠢᠯ ᠢ ᠠᠬᠢᠭᠤᠯᠵᠤ᠂ ᠦᠨᠳᠦᠰᠦᠨ ᠱᠠᠲᠤᠨ ᠤ ᠠᠷᠠᠳ ᠲᠦᠮᠡᠨ | ᠳᠤ ᠤᠶᠢᠯᠡᠴᠢᠯᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠪᠣᠰᠤᠭ᠎ᠠ ᠴᠣᠭᠴᠠᠲᠤ ᠮᠡᠳᠡᠭᠡ ᠵᠠᠩᠬᠢᠴᠢᠯᠠᠯᠳᠠ ᠶᠢᠨ ᠨᠡᠶᠢᠭᠡᠮ ᠤᠨ ᠠᠮᠤᠷ ᠲᠦᠪᠰᠢᠨ | ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠦᠷᠭᠡᠳᠬᠡᠨ ᠪᠦᠷᠢᠨᠰᠢᠬᠦᠯᠵᠦ᠂ ︽ᠭᠡᠭᠡᠨ ᠰᠠᠷᠠᠭᠤᠯ ᠢᠨᠵᠧᠨᠧᠷᠢᠩ︾ ᠤᠨ ᠪᠠᠶᠢᠭᠤᠯᠤᠯᠲᠠ ᠶᠢ ᠴᠢᠩᠭᠠᠳᠬᠠᠨ᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ︽ᠠᠮᠤᠷ ᠠᠮᠤᠭᠤᠯᠠᠩ ᠳ᠋ᠦᠩᠱᠧᠩ︾ ᠢ | ᠴᠢᠷᠮᠠᠶᠢᠨ ᠪᠠᠶᠢᠭᠤᠯᠤᠨ᠎ᠠ᠃ ᠠᠶᠤᠯᠬᠦᠢ ᠦᠢᠯᠡᠳᠪᠦᠷᠢᠯᠡᠯ ᠤᠨ ᠠᠵᠢᠯᠯᠠᠭᠠᠨ ᠤ ᠲᠣᠭᠲᠠᠴᠠ ᠶᠢ ᠪᠥᠷᠢᠨᠰᠢᠬᠦᠯᠥᠨ᠂ ᠭᠤᠣᠯᠳᠠᠯᠭ᠎ᠠ ᠲᠠᠢ ᠠᠵᠢᠯ ᠲᠥᠷᠥᠯ ᠪᠣᠯᠤᠨ | ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠤᠯᠬᠦᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ | ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠤᠭᠤᠷᠢᠭ ᠢ | ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ | ᠤᠬᠠᠮᠰᠠᠷ ᠤᠨ ᠭᠤᠤᠯ ᠰᠢᠵᠢᠮ ᠢ ᠪᠠᠲᠤ ᠡᠵᠡᠮᠳᠡᠨ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠵᠡᠪᠰᠡᠭᠲᠦ ᠬᠦᠴᠦᠨ᠂ ᠬᠤᠶᠠᠷ ᠢ ᠬᠦᠷᠢᠶᠡᠯᠡᠵᠦ ᠬᠠᠮᠲᠤ | ᠪᠠᠷ ᠪᠠᠶᠢᠭᠤᠯᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠪᠥᠬᠦ ᠬᠦᠴᠦᠨ ᠢᠶᠠᠷ ᠢᠶᠠᠨ | ᠡᠭᠦᠳᠦᠨ ᠪᠠᠶᠢᠭᠤᠯᠤᠨ᠎ᠠ᠃ | ᠭᠤᠷᠪᠠ᠂ 2022 ᠣᠨ ᠤ ᠭᠤᠣᠯᠳᠠᠯᠭ᠎ᠠ ᠲᠠᠢ ᠠᠵᠢᠯ ᠤᠨ ᠳᠤᠬᠢᠷᠠᠭᠤᠯᠤᠯᠳᠠ | 2022 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠢᠯ | ᠮᠥᠨ᠂ ᠪᠠᠰᠠ ᠴᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠡᠭᠦᠷᠭᠡᠯᠡᠬᠦ ᠰᠢᠨ᠎ᠡ ᠡᠬᠢᠯᠡᠯᠲᠡ ᠶᠢᠨ ᠵᠢᠯ ᠮᠥᠨ᠂ ᠪᠦᠬᠦ ᠵᠢᠯ ᠤᠨ ᠠᠵᠢᠯ ᠢ | ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ | ᠤᠳᠠᠭ᠎ᠠ ᠪᠦᠷᠢ ᠶᠢᠨ ᠪᠦᠬᠦᠳᠠ ᠬᠤᠷᠠᠯ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ | ᠲᠠᠯᠪᠢᠬᠤ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠶᠢ ᠪᠠᠷᠢᠮᠳᠠᠯᠠᠵᠤ᠂ ᠪᠦᠷᠢᠨ ᠪᠦᠲᠦᠨ᠂ ᠵᠥᠪ ᠣᠨᠣᠪᠴᠢᠲᠠᠢ ᠪᠠᠷ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠤᠱᠯᠠᠭᠤᠯᠤᠨ᠂ ᠰᠢᠨ᠎ᠡ ᠬᠦᠭᠵᠢᠯᠳᠡ ᠶᠢᠨ ᠪᠠᠶᠢᠳᠠᠯ ᠳᠤ ᠠᠭᠤᠰᠤᠯᠴᠠᠨ ᠤᠶᠢᠯᠡᠴᠢᠯᠡᠵᠤ᠂ ᠰᠢᠨ᠎ᠡ ᠬᠦᠭᠵᠢᠯᠳᠡ ᠶᠢᠨ | ᠪᠠᠶᠢᠳᠠᠯ ᠳᠤ ᠢᠳᠡᠪᠬᠢᠳᠠᠢ ᠤᠶᠢᠯᠡᠴᠢᠯᠡᠨ ᠠᠭᠤᠰᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠢ ᠲᠦᠯᠦᠪᠯᠡᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠦᠯᠦᠪᠯᠡᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ | ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ | ᠤᠨ ︽ᠲᠦᠷᠪᠡᠨ ᠵᠢᠱᠢᠶ᠎ᠡ ᠦᠵᠡᠭᠦᠯᠬᠦ ᠲᠤᠭᠤᠷᠢᠭ︾ ᠢ ᠲᠦᠷᠭᠡᠨ ᠪᠠᠶᠢᠭᠤᠯᠵᠤ᠂ ᠰᠢᠯᠢᠳᠡᠭ ᠠᠮᠵᠢᠯᠲᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠳᠤᠨ᠎ᠠ᠃ | ᠭᠤᠣᠯ ᠵᠢᠱᠢᠭᠰᠡᠨ ᠬᠠᠷᠠᠯᠲᠠ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ 7% ᠣᠷᠴᠢᠮ ᠢᠶᠠᠷ ᠨᠡᠮᠡᠭᠳᠡᠭᠦᠯᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 7.5% ᠣᠷᠴᠢᠮ ᠢᠶᠠᠷ ᠨᠡᠮᠡᠭᠳᠡᠭᠦᠯᠵᠦ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ | 10% ᠣᠷᠴᠢᠮ ᠢᠶᠠᠷ ᠨᠡᠮᠡᠭᠳᠡᠬᠦᠯᠦᠨ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 3% ᠣᠷᠴᠢᠮ ᠢᠶᠠᠷ ᠨᠡᠮᠡᠭᠳᠡᠭᠦᠯᠵᠦ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠬᠡᠶ ᠲᠤᠭ᠎ᠠ ᠶᠢ 7.5% ᠣᠷᠴᠢᠮ ᠢᠶᠠᠷ ᠨᠡᠮᠡᠭᠳᠡᠬᠦᠯᠦᠨ᠂ ᠬᠤᠳᠠ ᠪᠠᠯᠭᠠᠰᠤᠨ ᠤ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 6.5% ᠣᠷᠴᠢᠮ ᠢᠶᠠᠷ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠲᠠᠪᠤᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠄ | ︵ᠨᠢᠭᠡ︶ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠴᠢᠭᠯᠡᠬᠦᠯᠦᠨ᠂ ᠠᠵᠤ ᠤᠶᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ | ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠬᠦᠯᠦᠨ᠎ᠡ᠃ | ᠨᠢᠭᠡ ᠳᠤ᠂ ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠶᠢ ᠥᠭᠡᠷᠡᠴᠢᠯᠡᠨ ᠳᠡᠭᠡᠭᠰᠢᠯᠡᠭᠦᠯᠦᠨ᠎ᠡ᠃ ᠤᠶᠤᠨᠴᠢ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠨᠧᠷᠭᠢ ᠶᠢᠨ ᠡᠭᠦᠯᠡᠨ ᠲᠠᠪᠴᠠᠩ ᠢ ᠪᠠᠶᠢᠭᠤᠯᠤᠨ᠂ 5G ᠮᠡᠷᠭᠡᠵᠢᠯ᠂ ᠤᠶᠤᠨᠴᠢ ᠮᠠᠰᠢᠨ ᠬᠥᠮᠦᠨ ᠢ ᠨᠡᠭᠦᠷᠡᠰᠦᠨ ᠤ | ᠠᠵᠤ ᠤᠶᠢᠯᠡᠳᠪᠤᠷᠢ ᠶᠢᠨ ᠬᠦᠷᠢᠶ᠎ᠡ ᠴᠠᠷᠠᠭᠠᠨ ᠳᠤ ᠬᠡᠷᠡᠭᠯᠡᠬᠦ ᠶᠢ ᠠᠬᠢᠭᠤᠯᠵᠤ᠂ ᠤᠶᠤᠨᠴᠢᠯᠠᠭᠰᠠᠨ ᠨᠡᠭᠦᠷᠡᠰᠦᠨ ᠠᠭᠤᠷᠬᠠᠶ ᠶᠢ 13 ᠪᠠᠶᠢᠭᠤᠯᠬᠤ ᠪᠠᠷ ᠴᠢᠷᠮᠠᠶᠢᠨ᠎ᠠ᠃ | ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠴᠢᠩᠭᠠᠳᠬᠠᠵᠤ᠂ ᠪᠦᠬᠦ ᠵᠢᠯ ᠳᠤ 9500 ᠲᠦᠮᠡᠨ ᠲᠣᠨ ᠠᠴᠠ ᠳᠡᠭᠡᠭᠰᠢ ᠨᠡᠭᠦᠷᠡᠰᠦ ᠦᠢᠯᠡᠳᠪᠦᠷᠢᠯᠡᠵᠦ | ᠪᠣᠷᠣᠯᠠᠭᠤᠯᠤᠨ᠎ᠠ᠃ ᠨᠣᠯᠤᠤᠷ ᠨᠡᠬᠡᠮᠡᠯ ᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠠᠬᠢᠭᠤᠯᠵᠤ᠂ ᠳᠤᠮᠳᠠ ᠵᠢᠵᠢᠭ ᠨᠡᠬᠡᠮᠡᠯ ᠤᠨ | ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠬᠦᠯᠦᠨ᠂ ᠨᠣᠯᠤᠤᠷ ᠤᠨ ᠨᠦᠬᠡᠴᠡ ᠶᠢᠨ ᠬᠡᠮᠵᠢᠶ᠎ᠡ ᠪᠣᠯᠤᠨ | ᠨᠣᠯᠤᠤᠷ ᠤᠨ ᠪᠦᠲᠦᠭᠡᠭᠳᠡᠬᠦᠨ ᠤ ᠦᠢᠯᠡᠳᠪᠦᠷᠢᠯᠡᠵᠦ ᠪᠣᠷᠣᠯᠠᠭᠤᠯᠬᠤ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠣᠷᠳᠣᠰ ᠤᠨ ᠠᠷᠢᠬᠢᠨ ᠤ ᠤᠶᠢᠯᠡᠰ᠂ | ᠴᠢᠴᠠᠷᠭᠠᠨ᠎ᠠ᠂ ᠢᠳᠡᠭᠡᠨ ᠤᠶᠢᠯᠡᠳᠪᠤᠷᠢᠯᠡᠬᠦ ᠪᠠ ᠡᠮ ᠤᠶᠢᠯᠡᠳᠬᠦ ᠠᠵᠤ ᠤᠶᠢᠯᠡᠰ ᠢ ᠲᠦᠷᠭᠡᠳᠬᠡᠨ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ ᠤᠶᠢᠯᠡᠰ ᠤᠨ | ᠶᠡᠷᠦᠩᠬᠡᠶ ᠬᠡᠪᠴᠢᠶ᠎ᠡ ᠪᠠ ᠠᠵᠢᠯ ᠲᠥᠷᠥᠯ ᠤᠨ ᠥᠷᠢᠰᠦᠯᠳᠦᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠤᠶᠠᠷ ᠲᠤ᠂ ᠰᠢᠨ᠎ᠡ ᠪᠠᠷ ᠬᠥᠭᠵᠢᠭᠰᠡᠨ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠬᠦᠴᠦᠯᠡᠨ ᠠᠬᠢᠭᠤᠯᠵᠤ᠂ ᠭᠧ | ᠯᠥᠸᠧ ᠹᠦ᠋ ᠤᠰᠤᠲᠥ᠋ᠷᠥᠭᠴᠢ ᠬᠥᠨᠳᠡᠶ᠂ ᠺᠠᠨᠠᠳᠠ ᠶᠢᠨ ᠡᠨᠧᠷᠭᠢ ᠶᠢᠨ ᠰᠤᠷᠪᠤᠯᠵᠢ ᠶᠢᠨ ᠤᠳᠤᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ᠂ | ᠱᠠᠩᠬᠠᠶ ᠶᠢᠨ ᠲᠠᠬᠢᠨ ᠴᠣᠭᠴᠠᠯᠠᠭᠰᠠᠨ ᠤᠰᠤᠳᠦ᠋ᠷᠦᠭᠴᠢᠳᠤ ᠲᠦᠯᠡᠰᠢᠨ ᠴᠠᠬᠢᠯᠭᠠᠨ ᠴᠡᠨᠡᠭ᠂ ᠵᠢᠩ ᠳ᠋ᠦᠩ ᠹᠠᠩ ᠤᠯᠠᠨ ᠡᠨᠧᠷᠭᠢ ᠶᠢᠨ ᠬᠠᠷᠢᠯᠴᠠᠨ ᠨᠥᠬᠦᠪᠥᠷᠢᠯᠡᠬᠦ | ᠴᠡᠪᠡᠷ ᠡᠨᠧᠷᠭᠢ ᠶᠢᠨ ᠰᠤᠷᠪᠤᠯᠵᠢ ᠶᠢᠨ ᠰᠠᠭᠤᠷᠢᠨ ᠭᠠᠵᠠᠷ᠂ ᠫᠧᠩ ᠬᠤᠢ ᠤᠶᠤᠨᠴᠢ ᠡᠨᠧᠷᠭᠢ ᠬᠠᠳᠠᠭᠠᠯᠠᠬᠤ ᠵᠢᠴᠢ ᠬᠥᠳᠡᠯᠭᠡᠭᠴᠢ ᠬᠦᠴᠦᠨ ᠤ ᠴᠠᠬᠢᠯᠭᠠᠨ ᠴᠡᠨᠡᠭ ᠤᠨ | ᠠᠵᠤ ᠦᠢᠯᠡᠰ ᠤᠨ ᠬᠡᠯᠬᠢᠶ᠎ᠡ᠂ ᠵᠦᠩ ᠴᠧ ᠰᠠᠯᠬᠢᠨ ᠬᠦᠴᠦᠨ ᠤ ᠴᠠᠬᠢᠯᠭᠠᠨ ᠤ ᠪᠦᠬᠦᠯᠢ ᠮᠠᠰᠢᠨ ᠢ ᠦᠢᠯᠡᠳᠪᠦᠷᠢᠯᠡᠬᠦ ᠬᠡᠪᠴᠢᠶ᠎ᠡ ᠪᠠᠨ ᠥᠷᠭᠡᠳᠬᠡᠬᠦ ᠵᠡᠷᠭᠡ 25 | ᠲᠦᠷᠦᠯ ᠵᠤᠶᠢᠯ ᠤᠨ ᠨᠤᠳᠤᠭᠰᠢᠨ ᠪᠦᠳᠦᠭᠡᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠴᠢ ᠷᠦᠢ ᠰᠢᠨ᠎ᠡ ᠡᠨᠧᠷᠭᠢ ᠶᠢᠨ ᠬᠦᠨᠳᠦ ᠠᠴᠢᠶᠠᠨ ᠤ | ᠮᠠᠰᠢᠨ᠂ ᠰᠢᠨ᠎ᠡ ᠬᠡᠯᠪᠡᠷᠢ ᠶᠢᠨ ᠮᠠᠰᠢᠨ ᠳᠡᠷᠭᠡ ᠶᠢ ᠤᠶᠢᠯᠡᠳᠪᠤᠷᠢᠯᠡᠬᠦ᠂ ᠱᠠᠨ ᠾᠧ ᠣᠶᠤᠨᠴᠢ ᠲᠣᠨᠤᠭ ᠲᠥᠬᠦᠭᠡᠷᠦᠮᠵᠢ ᠤᠶᠢᠯᠡᠳᠬᠦ ᠵᠡᠷᠭᠡ 11 ᠲᠥᠷᠥᠯ ᠵᠤᠶᠢᠯ ᠢ | ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠠᠵᠤ ᠤᠶᠢᠯᠡᠳᠪᠤᠷᠢ ᠶᠢᠨ ᠲᠣᠭᠲᠠᠮᠠᠯ ᠪᠠᠯᠠ ᠣᠷᠣᠭᠤᠯᠤᠯᠲᠠ ᠶᠢ 100 ᠳ᠋ᠦᠩᠰᠢᠭᠤᠷ ᠲᠥᠭᠦᠷᠢᠭ ᠠᠴᠠ | ᠳᠡᠭᠡᠭᠰᠢ ᠬᠦᠷᠦᠭᠦᠯᠵᠦ᠂ ᠲᠣᠨᠤᠭ ᠲᠥᠬᠦᠭᠡᠷᠦᠮᠵᠢ ᠤᠶᠢᠯᠡᠳᠬᠦ ᠠᠵᠤ ᠤᠶᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠤᠶᠢᠯᠡᠳᠬᠦᠨ ᠤ ᠥᠷᠲᠡᠭ ᠢ 210 | ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠬᠦᠯᠦᠨ᠎ᠡ᠃ ᠬᠦᠷᠢᠶᠡᠯᠡᠩ ᠲᠣᠭᠤᠷᠢᠭ ᠤᠨ ᠭᠤᠤᠯᠯᠠᠬᠤ ᠠᠵᠤ ᠤᠶᠢᠯᠡᠰ ᠤᠨ ᠲᠣᠭᠤᠷᠢᠨ ᠳᠤ᠂ ᠠᠵᠤ | ᠤᠶᠢᠯᠡᠰ ᠤᠨ ᠠᠵᠢᠯᠴᠢᠨ ᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠤᠷᠭᠠᠨ ᠬᠥᠮᠦᠵᠢᠯ ᠪᠣᠯᠤᠨ ᠠᠷᠠᠳ ᠠᠴᠠ ᠡᠷᠭᠢᠯᠡᠭᠰᠡᠨ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠢ ᠶᠡᠬᠡᠪᠡᠷ ᠬᠥᠭᠵᠢᠭᠦᠯᠵᠦ᠂ ᠪᠦᠦ ᠰᠢᠨ ᠪᠦᠯᠦᠭᠯᠡᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠲᠠ᠂ ᠴᠥᠩ ᠵᠢᠶ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠡᠷᠭᠡ ᠲᠥᠷᠥᠯ ᠵᠤᠶᠢᠯ ᠤᠨ ᠨᠤᠳᠤᠭᠰᠢᠨ ᠲᠤᠭᠳᠠᠪᠤᠷᠢᠵᠢᠵᠤ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ ᠭᠤᠷᠪᠠ ᠳᠤ᠂ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠵᠤ ᠦᠢᠯᠡᠰ ᠤᠨ ᠰᠦᠷᠦᠭᠵᠢᠯ ᠢ ᠳᠡᠰ ᠳᠡᠪᠰᠢᠬᠦᠯᠦᠨ ᠰᠢᠯᠢᠳᠡᠭᠵᠢᠬᠦᠯᠦᠨ᠎ᠡ᠃ ᠬᠡᠷᠡᠭᠯᠡᠭᠡ ᠶᠢ ᠠᠬᠢᠭᠤᠯᠬᠤ | ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠬᠤᠲᠠ ᠶᠢᠨ ᠶᠡᠷᠦᠩᠬᠡᠶᠢᠯᠡᠭᠰᠡᠨ ᠴᠣᠭᠴᠠ᠂ ᠤᠨᠴᠠᠯᠢᠬᠳᠤ ᠬᠤᠳᠠᠯᠳᠤᠭᠠᠨ ᠤ ᠵᠡᠭᠡᠯᠢ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠳ᠋ᠠ ᠰᠢᠩ ᠬᠤᠳᠠᠯᠳᠤᠭᠠᠨ ᠤ ᠬᠤᠳᠠ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠸᠠᠨ ᠳ᠋ᠠ ᠲᠠᠯᠠᠪᠠᠶ ᠶᠢᠨ ᠬᠤᠶᠠᠳᠤᠭᠠᠷ | ᠬᠤᠭᠤᠴᠠᠭ᠎ᠠ ᠵᠡᠷᠭᠡ ᠬᠤᠳᠠᠯᠳᠤᠭᠠᠨ ᠤ ᠲᠥᠷᠥᠯ ᠵᠤᠶᠢᠯ ᠢ ᠲᠦᠷᠭᠡᠳᠬᠡᠨ ᠬᠡᠷᠡᠭᠵᠢᠭᠦᠯᠵᠦ᠂ ᠺᠠᠶ ᠶᠤᠸᠠᠨ ᠲᠠᠯᠠᠪᠠᠶ᠂ ᠶᠦᠩ ᠬᠦᠶ ᠳᠦᠪ ᠵᠡᠷᠭᠡ ᠬᠤᠳᠠᠯᠳᠤᠭᠠᠨ ᠤ | ᠶᠡᠷᠦᠩᠬᠡᠶᠢᠯᠡᠭᠰᠡᠨ ᠴᠣᠭᠴᠠ ᠪᠠᠷ ᠲᠥᠪ ᠪᠣᠯᠭᠠᠭᠰᠠᠨ ᠬᠤᠳᠠ ᠶᠢᠨ ᠬᠡᠷᠡᠭᠯᠡᠭᠡᠨ ᠤ ᠲᠥᠪᠯᠡᠷᠡᠭᠰᠡᠨ ᠲᠤᠭᠤᠷᠢᠭ ᠢ ᠪᠠᠶᠢᠭᠤᠯᠤᠨ᠎ᠠ᠃ ᠪᠠᠷᠠᠭᠠᠨ ᠤ ᠬᠦᠢᠯᠬᠡᠬᠡ ᠶᠢᠨ ᠠᠵᠤ | ᠤᠶᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠠᠩᠭᠠᠨ ᠪᠣᠷᠣᠯᠠᠭᠤᠯᠬᠤ ᠪᠠᠷᠠᠭᠠᠨ ᠤ ᠬᠦᠢᠯᠬᠡᠬᠡᠨ ᠤ ᠬᠦᠷᠢᠶᠡᠯᠡᠩ ᠵᠡᠷᠭᠡ ᠪᠠᠶᠢᠭᠤᠯᠵᠤ ᠪᠠᠶᠢᠭ᠎ᠠ ᠲᠥᠷᠥᠯ | ᠵᠤᠶᠢᠯ ᠢ ᠡᠵᠡᠩᠨᠡᠯᠲᠡ ᠳᠤ ᠣᠷᠣᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠲᠦᠩᠴᠣᠸᠠᠨ ᠤ ᠡᠬᠡ ᠬᠠᠭᠤᠷᠠᠶ ᠶᠢᠨ ᠭᠠᠷᠠᠮ᠂ ᠸᠠᠨ ᠯᠢ ᠶᠢᠨ ᠤᠶᠤᠨᠴᠢ ᠰᠢᠨ᠎ᠡ | ᠡᠨᠧᠷᠭᠢ ᠶᠢᠨ ᠡᠬᠡ ᠬᠠᠭᠤᠷᠠᠶ ᠶᠢᠨ ᠭᠠᠷᠠᠮ᠂ ᠮᠠᠨ ᠱᠢ ᠰᠢᠨ ᠶᠠ ᠲᠠᠯ᠎ᠠ ᠶᠢᠨ ᠬᠤᠭᠤᠯᠠᠢ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ᠂ ᠳ᠋ᠦᠩᠱᠧᠩ ᠪᠠᠷᠠᠭᠤᠨ | ᠥᠷᠲᠡᠭᠡ ᠶᠢᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠴᠡᠨᠡᠭᠯᠡᠵᠦ ᠰᠣᠯᠢᠬᠤ ᠴᠠᠬᠢᠯᠭᠠᠨ ᠥᠷᠲᠡᠭᠡ | 20 ᠶᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠤᠨ᠎ᠠ᠃ ᠲᠣᠮᠣ ᠬᠡᠯᠪᠡᠷᠢ ᠶᠢᠨ ᠪᠠᠷᠠᠭᠠᠨ ᠤ ᠬᠦᠢᠯᠬᠡᠬᠡᠨ ᠤ ᠲᠡᠭᠡᠭᠡᠪᠦᠷᠢ ᠶᠢᠨ ᠪᠦᠯᠦᠭᠯᠡᠯ ᠢ ᠪᠠᠶᠢᠭᠤᠯᠵᠤ᠂ ᠰᠢᠨ᠎ᠡ | ᠡᠨᠧᠷᠭᠢ ᠶᠢᠨ ᠬᠦᠨᠳᠦ ᠠᠴᠢᠶᠠᠨ ᠤ ᠮᠠᠰᠢᠨ ᠢ ᠲᠦᠭᠡᠮᠡᠯᠵᠢᠬᠦᠯᠦᠭᠰᠡᠨ ᠬᠡᠷᠡᠭᠯᠡᠯᠳᠡ ᠶᠢ 1000 ᠠᠴᠠ ᠳᠡᠭᠡᠭᠰᠢ ᠪᠤᠯᠭᠠᠬᠤ ᠪᠠᠷ ᠴᠢᠷᠮᠠᠶᠢᠨ᠎ᠠ᠃ ᠰᠣᠶᠣᠯ | ᠵᠤᠭᠠᠴᠠᠯ ᠤᠨ ᠣᠯᠠᠨ ᠨᠡᠶᠢᠲᠡ ᠶᠢᠨ ᠤᠶᠢᠯᠡᠴᠢᠯᠡᠬᠡᠨ ᠤ ᠲᠤᠭᠳᠠᠯᠴᠠᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ᠂ | ᠵᠢᠦ ᠴᠧᠩ ᠭᠦᠩ ᠲᠠᠯ᠎ᠠ ᠨᠤᠳᠤᠭ ᠤᠨ ᠮᠠᠩᠬᠠᠨ ᠠᠶᠠᠯᠭᠤ ᠰᠣᠶᠣᠯ ᠵᠤᠭᠠᠴᠠᠯ ᠤᠨ ᠣᠷᠣᠨ᠂ ᠶᠢᠨ ᠸᠧᠶ ᠣᠣ ᠯᠠᠢ ᠵᠢᠵᠢᠭ ᠪᠠᠯᠭᠠᠰᠤ ᠵᠡᠷᠭᠡ ᠰᠣᠶᠣᠯ ᠵᠤᠭᠠᠴᠠᠯ ᠤᠨ | ᠤᠨᠴᠠᠯᠢᠭᠳᠤ ᠲᠥᠷᠥᠯ ᠵᠤᠶᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠂ ᠪᠥᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ | ᠦᠵᠡᠭᠦᠯᠬᠦ ᠣᠷᠣᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠲᠦᠷᠪᠡ ᠳᠤ᠂ ᠶᠡᠷᠦᠩᠬᠡᠶ ᠬᠡᠯᠳᠡᠰ ᠤᠨ ᠠᠵᠤ ᠠᠬᠤᠶ ᠶᠢ | ᠶᠡᠬᠡᠪᠡᠷ ᠬᠥᠭᠵᠢᠭᠦᠯᠦᠨ᠎ᠡ᠃ ᠶᠡᠷᠦᠩᠬᠡᠶ ᠬᠡᠯᠳᠡᠰ ᠤᠨ ᠠᠵᠤ ᠠᠬᠤᠶ ᠶᠢᠨ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠣᠷᠣᠨ ᠪᠠᠶᠢᠷᠢ ᠶᠢᠨ ᠵᠠᠮ ᠬᠠᠷᠢᠯᠴᠠᠭ᠎ᠠ ᠪᠣᠯᠤᠨ ᠬᠦᠴᠦᠨ ᠵᠤᠶᠢᠯ ᠤᠨ ᠢᠵᠢ ᠪᠥᠷᠢᠳᠦᠭᠦᠯᠬᠦ ᠨᠥᠬᠦᠴᠡᠯ ᠳᠤ ᠰᠠᠭᠤᠷᠢᠯᠠᠨ᠂ ᠬᠤᠭᠤᠰᠤᠨ ᠪᠠᠶᠢᠭ᠎ᠠ ᠬᠤᠳᠠᠯᠳᠤᠭᠠᠨ ᠤ | ᠠᠰᠠᠷ ᠢ ᠠᠰᠢᠭᠯᠠᠯᠳᠠ ᠳᠤ ᠤᠷᠤᠭᠤᠯᠬᠤ ᠲᠠᠢ ᠤᠶᠠᠯᠳᠤᠭᠤᠯᠵᠤ᠂ ᠰᠠᠭᠤᠭ᠎ᠠ ᠭᠠᠵᠠᠷ ᠤᠨ ᠡᠨᠧᠷᠭᠢ ᠶᠢ ᠨᠡᠭᠡᠭᠡᠨ ᠬᠥᠭᠵᠢᠭᠦᠯᠬᠦ᠂ ᠲᠣᠨᠤᠭ ᠲᠥᠬᠦᠭᠡᠷᠦᠮᠵᠢ ᠤᠶᠢᠯᠡᠳᠬᠦ | ᠂ ᠮᠥᠩᠭᠦᠨ ᠬᠦᠢᠯᠬᠡᠬᠡ ᠳᠠᠭᠠᠳᠬᠠᠯ᠂ ᠬᠡᠷ ᠪᠠᠶᠢᠰᠢᠩ ᠭᠠᠵᠠᠷ ᠬᠥᠷᠥᠩᠭᠡ ᠵᠡᠷᠭᠡ ᠠᠵᠤ ᠠᠬᠤᠶᠢᠯᠠᠯ ᠤᠨ ᠪᠠᠶᠢᠭᠤᠯᠤᠮᠵᠢ ᠶᠢᠨ ᠳ᠋ᠦᠩᠱᠧᠩ ᠳᠤ ᠤᠷᠤᠨ ᠪᠦᠰᠡ | ᠶᠡᠷᠦᠩᠬᠡᠶ ᠬᠡᠯᠲᠡᠰ᠂ ᠡᠭᠦᠷᠭᠡ ᠴᠢᠳᠠᠪᠬᠢᠳᠤ ᠶᠡᠷᠦᠩᠬᠡᠶ ᠬᠡᠯᠲᠡᠰ ᠤᠨ ᠪᠠᠶᠢᠭᠤᠯᠤᠮᠵᠢ ᠵᠢᠴᠢ ᠰᠤᠳᠤᠯᠤᠨ ᠨᠡᠭᠡᠭᠡᠬᠦ ᠲᠥᠪ᠂ ᠪᠣᠷᠣᠯᠠᠭᠤᠯᠬᠤ ᠲᠥᠪ᠂ ᠬᠤᠳᠠᠯᠳᠤᠨ | ᠠᠪᠬᠤ ᠲᠥᠪ᠂ ᠳ᠋ᠦᠩᠨᠡᠨ ᠪᠤᠳᠤᠬᠤ ᠲᠥᠪ ᠢ ᠪᠠᠶᠢᠭᠤᠯᠬᠤ ᠶᠢ ᠶᠡᠬᠡᠪᠡᠷ ᠬᠦᠳᠦᠯᠦᠨ ᠵᠢᠯᠤᠭᠤᠳᠬᠤ ᠪᠠ ᠵᠤᠷᠢᠭᠵᠢᠭᠤᠯᠤᠨ᠎ᠠ᠃ ᠤᠶᠢᠯᠡᠳᠪᠤᠷᠢ ᠬᠤᠳᠠᠯᠳᠤᠭᠠᠨ ᠤ | ᠬᠤᠯᠪᠤᠭ᠎ᠠ᠂ ᠬᠤᠳᠠᠯᠳᠤᠭᠠᠴᠢᠳ ᠤᠨ ᠨᠡᠶᠢᠬᠡᠮᠯᠢᠭ ᠤᠨ ᠵᠤᠬᠢᠶᠠᠨ ᠪᠠᠶᠢᠭᠤᠯᠤᠯᠳᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ᠂ ᠬᠤᠳᠠᠯᠳᠤᠭᠠᠴᠢᠳ ᠤᠨ ᠨᠡᠶᠢᠭᠡᠮᠯᠢᠭ ᠤᠨ ᠠᠵᠤ ᠠᠬᠤᠶ ᠶᠢᠨ ᠶᠡᠷᠦᠩᠬᠡᠶ ᠬᠡᠯᠲᠡᠰ ᠤᠨ ᠪᠠᠶᠢᠩᠭᠤ ᠨᠡᠪᠳᠡᠷᠡᠯᠴᠡᠨ ᠬᠠᠷᠢᠯᠴᠠᠬᠤ ᠲᠣᠭᠲᠠᠴᠠ ᠶᠢ ᠪᠠᠶᠢᠭᠤᠯᠵᠤ | ᠂ ᠠᠵᠤ ᠠᠬᠤᠶᠢᠯᠠᠯ ᠤᠨ ᠶᠡᠷᠦᠩᠬᠡᠶ ᠬᠡᠯᠲᠡᠰ ᠤᠨ ᠤᠷᠤᠵᠤ ᠰᠠᠭᠤᠬᠤ ᠶᠢ ᠪᠦᠳᠦᠮᠵᠢᠳᠠᠢ ᠬᠦᠯᠢᠶᠡᠨ ᠠᠪᠤᠨ᠎ᠠ᠃ | ︵ᠬᠤᠶᠠᠷ︶ ᠴᠢᠳᠠᠮᠵᠢ ᠶᠢ ᠲᠡᠭᠦᠯᠳᠡᠷᠵᠢᠭᠦᠯᠬᠦ ᠶᠢ ᠴᠢᠩᠭᠠᠳᠬᠠᠵᠤ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | ᠨᠢᠭᠡ ᠳᠤ᠂ ᠬᠤᠳᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠶ ᠠᠬᠢᠭᠤᠯᠤᠨ᠎ᠠ᠃ 8300 ᠲᠦᠮᠡᠨ ᠲᠥᠭᠦᠷᠢᠭ ᠤᠨ ᠪᠠᠯᠠ ᠣᠷᠣᠭᠤᠯᠵᠤ᠂ 55 | ᠬᠠᠭᠤᠴᠢᠨ ᠰᠠᠭᠤᠭᠠᠯᠢ ᠲᠤᠭᠤᠷᠢᠭ ᠢ ᠦᠭᠡᠷᠡᠴᠢᠯᠡᠨ᠂ 4921 ᠡᠷᠦᠬᠡ ᠶᠢᠨ ᠰᠠᠭᠤᠭᠠᠯᠢ ᠠᠷᠠᠳ ᠲᠤ ᠠᠰᠢᠭ ᠬᠦᠷᠳᠡᠭᠡᠨ᠎ᠡ᠃ ᠰᠢᠨ᠎ᠡ ᠪᠠᠷ ᠪᠠᠶᠢᠭᠤᠯᠤᠭᠰᠠᠨ | ᠨᠡᠶᠢᠭᠡᠮ ᠲᠣᠭᠤᠷᠢᠭ᠂ ᠰᠢᠩ ᠱᠧᠩ ᠡᠮᠦᠨ᠎ᠡ ᠵᠠᠮ ᠵᠡᠷᠭᠡ 4 ᠵᠠᠯᠭᠠᠯᠳᠤᠭᠰᠠᠨ ᠲᠣᠭᠤᠷᠢᠭ᠂ 200 ᠡᠷᠤᠭᠡ ᠶᠢᠨ ᠲᠦᠬᠦᠮ ᠪᠦᠳᠦᠴᠡᠳᠦ ᠣᠷᠣᠨ ᠰᠠᠭᠤᠴᠠ ᠶᠢᠨ | ᠲᠣᠭᠤᠷᠢᠭ ᠢ ᠥᠭᠡᠷᠡᠴᠢᠯᠡᠬᠦ ᠠᠵᠢᠯ ᠢ ᠲᠦᠷᠭᠡᠪᠴᠢᠯᠡᠨ ᠠᠬᠢᠭᠤᠯᠤᠨ᠎ᠠ᠃ ᠦᠯᠡᠳᠡᠭᠡᠯ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠥᠷᠥᠯ ᠵᠤᠶᠢᠯ ᠤᠨ | ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶ᠎ᠡ ᠴᠠᠷᠠᠭᠠᠨ ᠳᠠᠬᠢ ︽ᠭᠤᠷᠪᠠᠨ ᠬᠦᠴᠢᠷ ᠪᠡᠷᠬᠡ︾ ᠶᠢᠨ | ᠠᠰᠠᠭᠤᠳᠠᠯ ᠢ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠰᠢᠨ᠎ᠡ ᠪᠠᠷ ᠵᠠᠰᠠᠭᠰᠠᠨ ᠪᠠ ᠨᠡᠬᠡᠮᠡᠯ ᠤᠨ ᠪᠠᠷᠠᠭᠤᠨ ᠵᠡᠭᠡᠯᠢ ᠵᠡᠷᠭᠡ 20 ᠵᠤᠷᠪᠤᠰ | ᠬᠤᠳᠠ ᠶᠢᠨ ᠶᠠᠪᠤᠳᠠᠯ ᠤᠨ ᠵᠠᠮ ᠢ ᠥᠭᠡᠷᠡᠴᠢᠯᠡᠨ ᠰᠢᠨᠡᠳᠬᠡᠵᠤ᠂ ᠬᠤᠳᠠ ᠶᠢᠨ ᠦᠶᠡᠷ ᠢ ᠰᠡᠷᠭᠡᠶᠢᠯᠡᠬᠦ ᠢᠨᠵᠧᠨᠧᠷᠢᠩ ᠢ ᠳᠦᠷᠭᠡᠨ ᠬᠡᠷᠡᠭᠵᠢᠭᠦᠯᠵᠦ᠂ ᠴᠡᠨᠡᠭᠯᠡᠵᠦ | ᠰᠣᠯᠢᠬᠤ ᠴᠠᠬᠢᠯᠭᠠᠨ ᠱᠤᠩ ᠪᠠ ᠮᠡᠳᠡᠭᠡ ᠬᠤᠯᠪᠣᠭᠠᠨ ᠤ ᠰᠠᠭᠤᠷᠢ ᠦᠷᠳᠡᠭᠡ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠎ᠠ᠃ ᠪᠤᠭᠤᠲᠤ ᠤᠷᠳᠤᠰ ᠤᠨ ᠳᠡᠭᠡᠳᠦ | ᠬᠤᠷᠳᠤᠴᠠᠳᠤ ᠳᠡᠮᠤᠷ ᠵᠠᠮ ᠤᠨ ᠪᠦᠳᠦᠬᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠦᠨ᠂ ᠬᠤᠯᠪᠤᠭᠠᠯᠵᠢ ᠶᠢᠨ ᠤᠮᠠᠷᠠᠳᠡᠬᠢ ᠠᠭᠤᠷᠬᠠᠶ | ᠶᠢᠨ ᠣᠷᠣᠨ ᠤ ᠲᠥᠪᠯᠡᠷᠡᠭᠦᠯᠦᠨ ᠲᠡᠭᠡᠭᠡᠪᠦᠷᠢᠯᠡᠬᠦ ᠱᠤᠭᠤᠮ ᠤᠨ ᠳᠡᠮᠤᠷ ᠵᠠᠮ ᠤᠨ ᠳᠦᠷᠦᠯ ᠵᠦᠢᠯ ᠪᠣᠯᠤᠨ ᠱᠢ ᠵᠢᠢ ᠳ᠋ᠠ ᠳ᠋ᠣᠣ ᠵᠡᠷᠭᠡ ᠵᠠᠰᠠᠮᠠᠯ ᠵᠠᠮ ᠤᠨ ᠪᠦᠳᠦᠬᠡᠨ | ᠪᠠᠶᠢᠭᠤᠯᠤᠯᠲᠠ ᠶᠢ ᠬᠡᠷᠡᠭᠵᠢᠭᠦᠯᠵᠦ᠂ ᠬᠤᠳᠠ ᠶᠢᠨ ᠳᠠᠭᠠᠭᠠᠴᠠ ᠪᠠ ᠰᠠᠭᠤᠷᠢᠰᠢᠯ ᠤᠨ ᠲᠣᠬᠢᠷᠠᠮᠵᠢᠲᠠᠶ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ ᠬᠤᠶᠠᠷ ᠲᠤ᠂ | ᠬᠤᠳᠠ ᠶᠢᠨ ᠠᠭᠤᠯᠤᠭᠳᠠᠬᠤᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ | ᠲᠤᠭᠳᠠᠯᠴᠠᠭ᠎ᠠ ᠶᠢ ᠪᠦᠷᠢᠨᠰᠢᠬᠦᠯᠵᠦ᠂ ︽ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ︾ ︽ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ︾ | ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ ︽5G + ᠤᠶᠤᠨᠴᠢ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠡᠶᠢᠭᠡᠮ ᠤᠨ | ᠶᠡᠷᠦᠩᠬᠡᠶᠢᠯᠡᠨ ᠵᠠᠰᠠᠬᠤ ᠣᠶᠤᠨᠴᠢ ᠵᠢᠯᠣᠭᠤᠳᠬᠤ ᠲᠠᠪᠴᠠᠩ ᠢ ᠪᠠᠶᠢᠭᠤᠯᠤᠨ᠂ ᠨᠢᠭᠡ ᠪᠦᠯᠦᠭ ᠤᠶᠤᠨᠴᠢ ᠨᠡᠶᠢᠬᠡᠮ ᠲᠣᠭᠤᠷᠢᠭ ᠰᠠᠭᠤᠭᠠᠯᠢ ᠲᠤᠭᠤᠷᠢᠭ ᠢ ᠪᠥᠲᠥᠭᠡᠨ | ᠪᠠᠶᠢᠭᠤᠯᠤᠨ᠎ᠠ᠃ 200 ᠲᠦᠮᠡᠨ ᠲᠡᠭᠰᠢ ᠳᠥᠷᠪᠡᠯᠵᠢᠨ ᠮᠧᠲᠷ ᠨᠤᠭᠤᠭᠠᠷᠠᠭᠤᠯᠤᠯᠳᠠ ᠶᠢᠨ ᠭᠠᠵᠠᠷ ᠢ ᠰᠢᠨ᠎ᠡ ᠪᠠᠷ ᠨᠡᠮᠡᠭᠳᠡᠭᠦᠯᠬᠦ ᠪᠠ ᠥᠭᠡᠷᠡᠴᠢᠯᠡᠨ ᠰᠠᠶᠢᠵᠢᠷᠠᠭᠤᠯᠵᠤ | ᠂ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠴᠡᠴᠡᠷᠯᠢᠭ ᠤᠨ ᠬᠤᠳᠠ ᠶᠢ ᠲᠦᠷᠭᠡᠪᠴᠢᠯᠡᠨ ᠪᠦᠳᠦᠭᠡᠨ ᠪᠠᠶᠢᠭᠤᠯᠤᠨ᠎ᠠ᠃ ᠠᠳᠠᠯ ᠠᠬᠤᠶ ᠶᠢᠨ | ᠬᠠᠮᠢᠶᠠᠷᠤᠯᠲᠠ ᠶᠢᠨ ᠤᠶᠢᠯᠡᠴᠢᠯᠡᠭᠡ ᠶᠢ ᠳᠡᠭᠡᠭᠰᠢᠯᠡᠭᠦᠯᠬᠦ ᠪᠣᠭᠤᠮᠲᠠ ᠰᠢᠪᠲᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠰᠠᠭᠤᠭᠠᠯᠢ ᠠᠷᠠᠳ ᠤᠨ ᠣᠯᠠᠨ | ᠶᠠᠩᠵᠤᠴᠢᠯᠠᠭᠰᠠᠨ ᠠᠳᠠᠯ ᠠᠬᠤᠶ ᠶᠢᠨ ᠤᠶᠢᠯᠡᠴᠢᠯᠡᠬᠡᠨ ᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠪᠡᠶᠡᠯᠡᠬᠦᠯᠦᠨ᠎ᠡ᠃ ᠭᠤᠷᠪᠠ ᠳᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠶᠠᠳᠠᠭᠤᠷᠠᠬᠤ ᠪᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ | ᠬᠥᠳᠡᠯᠦᠩᠭᠦᠶ ᠬᠢᠨᠠᠨ ᠬᠡᠮᠵᠢᠯᠳᠡ ᠶᠢ ᠴᠢᠩᠭᠠᠳᠬᠠᠵᠤ᠂ ᠤᠯᠠᠨ ᠡᠰᠢᠵᠢᠭᠰᠡᠨ᠂ ᠪᠠᠶᠢᠩᠭᠤᠵᠢᠬᠰᠠᠠ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠲᠠᠷᠢᠶᠠᠯᠠᠩ ᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭ᠎ᠠ ᠶᠢ ᠴᠢᠩᠭᠠᠳᠬᠠᠵᠤ᠂ ︽ᠲᠦᠮᠡᠨ ᠠᠵᠤ ᠠᠬᠤᠶᠢᠯᠠᠯ ᠲᠦᠮᠡᠨ | ᠲᠣᠰᠬᠤᠨ ᠢ ᠬᠦᠭᠵᠢᠬᠦᠯᠬᠦ︾᠂ ︽ᠤᠯᠠᠨ ᠤ ᠬᠦᠴᠦ ᠪᠠᠷ ᠬᠦᠳᠡᠭᠡ ᠳᠤᠰᠬᠤᠨ ᠤ ᠶᠠᠳᠠᠭᠤ ᠬᠦᠴᠢᠷᠳᠡᠯᠳᠠᠢ ᠬᠦᠮᠦᠰ ᠢ ᠲᠤᠰᠠᠯᠠᠬᠤ︾ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠰᠢᠨᠵᠢᠯᠡᠬᠦ ᠤᠬᠠᠭᠠᠨᠴᠢ ᠠᠷᠭ᠎ᠠ ᠬᠡᠮᠵᠢᠶ᠎ᠡ ᠪᠠᠷ ᠶᠠᠳᠠᠭᠤ ᠠᠴᠠ ᠠᠩᠬᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠬᠤᠲᠠ ᠶᠢᠨ ᠲᠡᠭᠦᠷᠭᠡ | ᠶᠢᠨ ᠮᠠᠶ᠋ᠢᠭ ᠤᠨ ᠬᠤᠲᠠ ᠶᠢᠨ ᠲᠠᠷᠢᠶᠠᠯᠠᠩ ᠤᠨ ᠲᠤᠭᠳᠠᠯᠴᠠᠭ᠎ᠠ ᠶᠢ ᠪᠠᠶᠢᠭᠤᠯᠬᠤ ᠶᠢᠨ ᠲᠣᠭᠤᠷᠢᠨ ᠳᠤ᠂ ᠣᠲᠣ ᠦᠶ᠎ᠡ ᠶᠢᠨ ᠲᠠᠷᠢᠶᠠᠯᠠᠩ ᠬᠢᠭᠡᠳ ᠰᠤᠷᠭᠠᠨ ᠬᠥᠮᠦᠵᠢᠯ | ᠰᠣᠶᠣᠯ᠂ ᠡᠷᠡᠬᠦᠯᠵᠢᠯ ᠰᠤᠪᠢᠯᠠᠯ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠶᠢᠨ ᠭᠦᠨᠵᠡᠭᠡᠶ ᠠᠭᠤᠰᠤᠯᠴᠠᠯ ᠢ ᠬᠦᠴᠦᠯᠡᠨ ᠠᠬᠢᠭᠤᠯᠵᠤ᠂ ᠨᠢᠭᠡᠳᠦᠭᠡᠷ ᠠᠵᠤ | ᠤᠶᠢᠯᠡᠰ ᠤᠨ ᠬᠤᠶᠠᠳᠤᠭᠠᠷ ᠭᠤᠷᠪᠠᠳᠤᠭᠠᠷ ᠠᠵᠤ ᠤᠶᠢᠯᠡᠰ ᠲᠠᠢ ᠵᠤᠯᠭᠠᠯᠴᠠᠬᠤ ᠶᠢ ᠪᠡᠶᠡᠯᠡᠭᠦᠯᠬᠦ ᠶᠢ ᠠᠬᠢᠭᠤᠯᠤᠨ᠎ᠠ᠃ ᠤᠳᠤ ᠦᠶ᠎ᠡ ᠶᠢᠨ ᠥᠨᠳᠥᠷ ᠪᠦᠲᠦᠮᠵᠢᠲᠡᠶ | ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠴᠢᠨᠠᠷ ᠰᠠᠶᠢᠲᠠᠶ ᠮᠢᠬᠠᠨ ᠦᠬᠡᠷ ᠲᠡᠵᠢᠭᠡᠨ ᠦᠷᠡᠵᠢᠭᠦᠯᠬᠦ᠂ | ᠳ᠋ᠦᠩᠰᠢᠭᠤᠷ ᠨᠤᠭᠤᠰᠤᠨ ᠳᠡᠭᠳᠡᠭᠡᠬᠡᠢ ᠶᠢ ᠪᠤᠶᠢᠵᠢᠭᠤᠯᠬᠤ ᠵᠡᠷᠭᠡ ᠠᠵᠤ ᠦᠢᠯᠡᠰ ᠤᠨ ᠲᠦᠷᠦᠯ ᠵᠤᠶᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ | ᠠᠬᠢᠭᠤᠯᠤᠨ᠎ᠠ᠃ ᠣᠷᠣᠨ ᠪᠦᠰᠡ ᠶᠢᠨ ᠣᠨᠴᠠᠯᠢᠭ ᠲᠠᠢ ︽ᠳ᠋ᠦᠩᠱᠧᠩ ᠤᠨ ᠲᠠᠷᠢᠶᠠᠯᠠᠩ ᠮᠠᠯ ᠠᠵᠤ ᠠᠬᠤᠶ ᠶᠢᠨ ᠰᠢᠯᠢᠳᠡᠭ ᠪᠦᠲᠦᠭᠡᠭᠳᠡᠬᠦᠨ︾ ᠤ ᠣᠯᠠᠨ | ᠨᠡᠶᠢᠲᠡ ᠶᠢᠨ ᠨᠠᠷᠠᠲᠤ ᠲᠡᠮᠳᠡᠭᠲᠦ ᠪᠠ ︽ᠱᠧᠩ ᠵᠧᠤ ᠶᠧᠦ ᠨᠥᠩ︾ ᠵᠡᠷᠭᠡ ᠣᠨᠴᠠᠯᠢᠭ ᠲᠠᠢ ᠨᠠᠷᠠᠲᠤ ᠲᠡᠮᠳᠡᠭᠲᠦ ᠶᠢ ᠲᠥᠪᠯᠡᠷᠡᠭᠦᠯᠦᠨ ᠡᠬᠦᠳᠦᠨ ᠪᠦᠳᠦᠭᠡᠵᠤ᠂ | ᠲᠠᠷᠢᠶᠠᠴᠢᠳ ᠤᠨ ᠲᠤᠰᠬᠠᠢ ᠬᠤᠷᠰᠢᠶᠠᠵᠢᠯ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠵᠢᠵᠢᠭ ᠲᠠᠷᠢᠶᠠᠴᠢᠨ ᠡᠷᠦᠭᠡ ᠪᠣᠯᠤᠨ ᠲᠤᠮᠤ ᠵᠠᠬ᠎ᠠ ᠳᠡᠯᠭᠡᠭᠦᠷ ᠢ | ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠤᠨ᠎ᠠ᠃ ᠲᠠᠷᠢᠶᠠᠯᠠᠩ ᠠᠵᠤ ᠠᠬᠤᠶ ᠶᠢ ᠨᠢᠭᠡ ᠴᠤᠭᠴᠠᠵᠢᠭᠤᠯᠬᠤ ᠶᠡᠷᠦᠩᠬᠡᠶᠢᠯᠡᠭᠰᠡᠨ ᠲᠠᠪᠴᠠᠩ ᠢ ᠠᠵᠢᠯᠯᠠᠭᠤᠯᠵᠤ᠂ | ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ᠂ ᠣᠷᠣᠨ ᠰᠠᠭᠤᠴᠠ ᠶᠢᠨ ᠭᠠᠵᠠᠷ ᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ ᠶᠢ | ᠰᠦᠪᠡᠭᠴᠢᠯᠡᠨ ᠥᠷᠨᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ︽ᠲᠠᠷᠢᠶᠠᠨ ᠭᠠᠵᠠᠷ ᠤᠨ ᠬᠤᠷᠢᠭ᠎ᠠ | ᠱᠤᠭᠤᠮ ᠤᠨ ᠰᠡᠳᠬᠢᠬᠦᠢ︾ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ | ᠴᠡᠭᠴᠡᠯᠡᠨ ᠵᠠᠰᠠᠵᠤ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ᠂ ᠡᠷᠦᠭᠡ ᠶᠢᠨ ᠵᠣᠷᠯᠣᠩ ᠢ ᠥᠭᠡᠷᠡᠴᠢᠯᠡᠬᠦ᠂ ᠪᠣᠬᠢᠷ ᠤᠰᠤ ᠬᠤᠭ ᠨᠣᠪᠰᠢ ᠶᠢ ᠬᠤᠷᠢᠶᠠᠨ | ᠴᠤᠭᠯᠠᠭᠤᠯᠵᠤ ᠰᠢᠢᠳᠪᠤᠷᠢᠯᠡᠬᠦ ᠪᠠ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠭᠰᠡᠨ ᠠᠰᠢᠭᠯᠠᠬᠤ ᠶᠢ ᠠᠬᠢᠭᠤᠯᠤᠨ᠎ᠠ᠃ | ︵ᠭᠤᠷᠪᠠ︶ ᠤᠶᠢᠯᠡᠴᠢᠯᠡᠭᠡ ᠪᠠᠷ ᠬᠥᠲᠥᠯᠦᠨ ᠳᠠᠭᠠᠭᠤᠯᠬᠤ ᠶᠢ ᠳᠣᠪᠤᠶᠢᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠪᠥᠬᠦ ᠲᠠᠯ᠎ᠠ ᠪᠠᠷ | ᠰᠢᠯᠢᠳᠡᠭᠵᠢᠭᠦᠯᠦᠨ᠎ᠡ᠃ | ᠨᠢᠭᠡ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠬᠦᠯᠦᠨ᠎ᠡ᠃ ᠬᠠᠷᠢᠴᠠᠩᠭᠤᠶ ᠪᠠᠷ ᠲᠥᠪᠯᠡᠷᠡᠭᠰᠡᠨ ᠵᠠᠰᠠᠭ | ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠢᠭᠡ ᠤᠴᠢᠷ ᠢ ᠨᠢᠭᠡᠯᠠ ᠤᠳᠠᠭ᠎ᠠ ᠳᠤ ᠬᠦᠢᠴᠡᠳᠬᠡᠬᠦ︾᠂ | ︽ᠨᠢᠭᠡ ᠴᠤᠩᠬᠤᠪᠴᠢ ᠪᠠᠷ ᠶᠡᠷᠦᠩᠬᠡᠶᠢᠯᠡᠨ ᠬᠦᠢᠴᠡᠳᠬᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ | ᠬᠠᠮᠢᠶᠠᠷᠤᠭᠤᠯᠬᠤ︾ ᠶᠢ ᠪᠡᠶᠡᠯᠡᠭᠦᠯᠬᠦ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠤᠶᠤᠨᠴᠢ ᠤᠶᠢᠯᠡᠴᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠲᠠ ᠶᠢ | ᠲᠦᠷᠭᠡᠳᠬᠡᠵᠦ᠂ ᠠᠯᠠᠭᠠᠨ ᠳᠡᠭᠡᠷ᠎ᠡ᠂ ᠰᠦᠯᠵᠢᠶᠡᠨ ᠳᠡᠭᠡᠷ᠎ᠡ᠂ ᠠᠦ᠋ᠲ᠋ᠤ᠋ ᠤᠶᠢᠯᠡᠴᠢᠯᠡᠭᠡ᠂ ᠴᠤᠩᠬᠤᠪᠴᠢ ᠵᠡᠷᠭᠡ ᠤᠶᠢᠯᠡᠴᠢᠯᠡᠭᠡ ᠶᠢᠨ ᠭᠠᠵᠠᠷ ᠢ ᠤᠯᠠᠮ ᠨᠢᠭᠡ ᠠᠯᠬᠤᠮ | ᠪᠠᠶᠠᠯᠢᠭᠵᠢᠭᠤᠯᠤᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠬᠤ ᠶᠢ ᠴᠢᠩᠭᠠᠷᠠᠭᠤᠯᠵᠤ᠂ ︽ᠬᠤᠪᠢ ᠬᠥᠮᠦᠨ ᠢ ᠠᠵᠤ ᠠᠬᠤᠶᠢᠯᠠᠯ ᠪᠣᠯᠭᠠᠨ | ᠬᠤᠪᠢᠷᠠᠭᠤᠯᠬᠤ︾ ︽ᠪᠢᠴᠢᠯ ᠠᠵᠤ ᠠᠬᠤᠶᠢᠯᠠᠯ ᠠᠴᠠ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠪᠤᠯᠤᠨ ᠳᠡᠭᠡᠭᠰᠢᠯᠡᠬᠦ︾ ᠶᠢ ᠲᠦᠷᠭᠡᠳᠬᠡᠨ ᠠᠬᠢᠭᠤᠯᠵᠤ᠂ | ᠵᠠᠬ᠎ᠠ ᠳᠡᠯᠭᠡᠭᠦᠷ ᠤᠨ ᠭᠤᠤᠯ ᠴᠣᠭᠴᠠ ᠶᠢ 1.5 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠬᠤᠶᠠᠷ ᠲᠤ᠂ ᠡᠷᠬᠡ ᠲᠡᠭᠰᠢ ᠲᠥᠪ | ᠭᠤᠣᠯᠴᠢ ᠬᠠᠤᠯᠢᠵᠢᠯ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠤᠶᠢᠯᠡ | ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠤᠨ | ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠬᠡᠷᠡᠭ ᠤᠨ ᠡᠮᠦᠨᠡᠬᠢ᠂ ᠬᠡᠷᠡᠭ ᠤᠨ ᠳᠤᠮᠳᠠᠬᠢ᠂ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ ᠵᠢᠷᠤᠮᠵᠢᠭᠤᠯᠵᠤ᠂ ᠬᠠᠤᠯᠢ ᠬᠡᠷᠡᠭᠵᠢᠭᠦᠯᠦᠨ ᠠᠵᠤ ᠠᠬᠤᠶᠢᠯᠠᠯ ᠢ ᠬᠠᠷᠰᠢᠯᠠᠬᠤ ᠶᠢ ᠡᠷᠡᠰ ᠬᠤᠷᠢᠭᠯᠠᠨ᠎ᠠ᠃ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠲᠠᠩᠰᠠᠨ ᠵᠣᠭᠤᠰ ᠢ ᠬᠠᠷᠭᠤᠭᠤᠯᠤᠨ ᠪᠠᠶᠢᠴᠠᠭᠠᠵᠤ ᠥᠷᠢ ᠰᠢᠷᠢ ᠶᠢ ᠢᠯᠭᠠᠷᠠᠭᠤᠯᠬᠤ ᠠᠵᠢᠯ ᠢ ᠬᠠᠤᠯᠢ ᠲᠣᠭᠲᠠᠭᠠᠯ ᠶᠣᠰᠣᠭᠠᠷ ᠠᠬᠢᠭᠤᠯᠵᠤ᠂ | ᠬᠥᠭᠵᠢᠯᠲᠡ ᠶᠢᠨ ᠠᠷᠭ᠎ᠠ᠂ ᠥᠭᠡᠷᠡᠴᠢᠯᠡᠯᠲᠡ ᠶᠢᠨ ᠰᠡᠳᠬᠢᠮᠵᠢ ᠪᠠᠷ ᠦᠯᠡᠳᠡᠭᠳᠡᠵᠦ ᠢᠷᠡᠭᠰᠡᠨ ᠠᠰᠠᠭᠤᠳᠠᠯ ᠢ ᠰᠠᠶᠢᠲᠤᠷ ᠰᠢᠢᠳᠪᠤᠷᠢᠯᠡᠨ᠎ᠡ᠃ ᠬᠠᠤᠯᠢ ᠪᠠᠷ ᠵᠠᠰᠠᠬᠤ | ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠦᠨ᠂ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠡᠮᠬᠢ | ᠵᠢᠷᠤᠮ ᠲᠠᠢ ᠪᠠᠷ ᠬᠡᠷᠡᠭᠵᠢᠭᠦᠯᠵᠦ᠂ ᠨᠡᠶᠢᠭᠡᠮ ᠳᠠᠶᠠᠭᠠᠷ ᠤᠨ ᠬᠠᠤᠯᠢᠵᠢᠯ ᠤᠨ ᠦᠵᠡᠯ ᠤᠬᠠᠮᠰᠠᠷ ᠢ ᠪᠤᠢ ᠪᠣᠯᠭᠠᠬᠤ᠂ ᠬᠠᠤᠯᠢᠵᠢᠯ ᠤᠨ ᠦᠵᠡᠯᠲᠡ ᠪᠠᠨ ᠴᠢᠩᠭᠠᠳᠬᠠᠬᠤ | ᠶᠢ ᠠᠬᠢᠭᠤᠯᠤᠨ᠎ᠠ᠃ ᠭᠤᠷᠪᠠ ᠳᠤ᠂ ᠠᠷᠠᠳ ᠤᠨ ᠡᠵᠡᠩᠨᠡᠭᠰᠡᠨ ᠠᠵᠤ ᠠᠬᠤᠶ ᠶᠢᠨ ᠬᠥᠭᠵᠢᠨ ᠪᠤᠵᠠᠭᠠᠢᠢᠷᠠᠬᠤ ᠶᠢ ᠲᠡᠮᠵᠢᠨ᠎ᠠ᠃ ᠨᠡᠶᠢᠲᠡ ᠶᠢᠨ ᠥᠮᠴᠢᠯᠡᠯ ᠤᠨ ᠪᠤᠰᠤ | ᠠᠵᠤ ᠠᠬᠤᠶ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠢ ᠪᠠᠷ ᠵᠣᠷᠢᠭᠵᠢᠭᠤᠯᠤᠨ ᠳᠡᠮᠵᠢᠵᠦ᠂ ᠬᠥᠲᠥᠯᠥᠨ ᠵᠢᠯᠣᠭᠤᠳᠴᠤ᠂ ᠠᠵᠤ ᠠᠬᠤᠶᠢᠯᠠᠯ ᠤᠨ ᠵᠦᠢ | ᠵᠣᠬᠢᠰᠲᠠᠶ ᠬᠦᠰᠡᠯ ᠱᠠᠭᠠᠷᠳᠠᠯᠭ᠎ᠠ ᠪᠠ ᠬᠦᠴᠢᠷᠳᠡᠯ ᠲᠠᠢ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠬᠠᠯᠠᠮᠵᠢᠯᠠᠨ᠂ ᠢᠳᠡᠪᠬᠢᠲᠡᠶ ᠪᠠᠷ ᠬᠠᠷᠢᠭᠤ ᠥᠭᠴᠦ᠂ ᠴᠠᠭ | ᠲᠤᠬᠠᠶ ᠳᠤᠨᠢ ᠰᠢᠢᠳᠪᠤᠷᠢᠯᠡᠨ᠂ ᠰᠢᠨ᠎ᠡ ᠠᠵᠤ ᠠᠬᠤᠶ ᠶᠢᠨ ᠬᠠᠮᠲᠤ ᠪᠠᠷ ᠡᠳ᠋ᠯᠡᠬᠦ ᠦᠢᠯᠡᠴᠢᠯᠡᠭᠡᠨ ᠤ ᠲᠥᠪ ᠢ ᠪᠠᠶᠢᠭᠤᠯᠵᠤ᠂ ᠠᠵᠤ ᠠᠬᠤᠶᠢᠯᠠᠯ ᠳᠤ ᠲᠦᠷᠦ ᠶᠢᠨ | ᠪᠤᠳᠤᠯᠭ᠎ᠠ ᠶᠢᠨ ᠵᠥᠪᠯᠡᠯᠭᠡ ᠥᠭᠬᠦ᠂ ᠬᠠᠮᠵᠢᠯᠴᠠᠨ ᠬᠠᠮᠲᠤ ᠪᠠᠷ ᠡᠳ᠋ᠯᠡᠬᠦ᠂ ᠲᠦᠷᠦᠯ ᠵᠤᠶᠢᠯ ᠤᠨ ᠬᠠᠮᠲᠤᠷᠠᠯᠴᠠᠭ᠎ᠠ ᠵᠡᠷᠭᠡ ᠨᠠᠷᠢᠯᠢᠭ ᠣᠨᠣᠴᠠᠲᠠᠶ ᠦᠢᠯᠡᠴᠢᠯᠡᠭᠡ ᠶᠢ | ᠬᠠᠩᠭᠠᠨ᠎ᠠ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠰᠤ ᠴᠠᠬᠢᠯᠭᠠᠨ ᠬᠡᠢ | ᠲᠤᠯᠠᠭᠠᠯᠭ᠎ᠠ ᠵᠡᠷᠭᠡ ᠪᠠᠲᠤᠯᠠᠭ᠎ᠠ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠥᠪᠡᠷ ᠤᠨ | ᠦᠷᠳᠡᠭ ᠢ ᠪᠦᠲᠦᠮᠵᠢᠲᠡᠶ ᠪᠠᠷ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠵᠠᠰᠠᠭ ᠪᠠᠩᠬᠢ ᠠᠵᠤ ᠠᠬᠤᠶᠢᠯᠠᠯ | ᠬᠠᠮᠵᠢᠯᠴᠠᠬᠤ᠂ ᠦᠢᠯᠡᠳᠪᠦᠷᠢᠯᠡᠯ ᠬᠠᠩᠭᠠᠯᠭ᠎ᠠ ᠪᠣᠷᠣᠯᠠᠭᠤᠯᠭ᠎ᠠ ᠶᠢ ᠵᠣᠯᠭᠠᠭᠤᠯᠬᠤ ᠲᠠᠪᠴᠠᠩ ᠢ ᠪᠠᠶᠢᠭᠤᠯᠬᠤ ᠵᠡᠷᠭᠡ ᠪᠣᠳᠠᠲᠠᠢ ᠠᠷᠭ᠎ᠠ ᠬᠡᠮᠵᠢᠶ᠎ᠡ ᠶᠢ ᠠᠪᠴᠤ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ︽ᠪᠡᠯᠡ ᠬᠤᠷᠠᠮᠳᠤᠭᠤᠯᠬᠤ ᠳᠤ ᠬᠦᠴᠢᠷ︾᠂ ︽ᠠᠵᠢᠯ ᠶᠠᠪᠤᠳᠠᠯ | ᠬᠦᠢᠴᠡᠳᠬᠡᠬᠦ ᠳᠤ ᠬᠦᠴᠢᠷ︾ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ︽ᠬᠦᠯᠢᠶᠡᠰᠦ ᠶᠢ ᠠᠯᠳᠠᠷᠠᠭᠠᠨ ᠵᠤᠷᠢᠭᠵᠢᠭᠤᠯᠵᠤ︾᠂ | ᠠᠵᠤ ᠠᠬᠤᠶᠢᠯᠠᠯ ᠳᠤ ︽ᠬᠦᠴᠢᠷ ᠵᠣᠪᠠᠭᠤᠷᠢ ᠶᠢ ᠰᠢᠢᠳᠪᠦᠷᠢᠯᠡᠵᠦ ᠦᠭᠬᠦᠨ᠎ᠡ︾᠃ | ︵ᠳᠥᠷᠪᠡ︶ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ | ᠨᠢᠭᠡ ᠳᠤ᠂ ᠤᠰᠤ ᠶᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠨ᠎ᠠ᠃ ᠠᠪᠬᠠᠢ ᠭᠤᠣᠯ᠂ ᠤᠪᠤᠭᠠᠳᠤ ᠳᠣᠣᠷᠠᠳᠤ ᠤᠷᠤᠰᠬᠠᠯ ᠤᠨ ᠭᠤᠣᠯ ᠤᠨ ᠵᠠᠮ ᠢ | ᠵᠠᠰᠠᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ᠂ ᠬᠠᠭᠤᠴᠢᠨ ᠰᠠᠭᠤᠭᠠᠯᠢ ᠲᠣᠭᠤᠷᠢᠭ ᠤᠨ ᠤᠰᠤ | ᠬᠠᠩᠭᠠᠬᠤ ᠬᠤᠭᠤᠯᠠᠶ ᠲᠣᠣᠷ᠂ ᠬᠤᠲᠠ ᠲᠣᠭᠤᠷᠢᠭ ᠤᠨ ᠬᠤᠶᠠᠳᠠᠬᠢ ᠤᠳᠠᠭᠠᠨ ᠤ ᠤᠰᠤ ᠬᠠᠩᠭᠠᠬᠤ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠲᠥᠷᠥᠯ | ᠵᠦᠢᠯ ᠢ ᠬᠡᠷᠡᠭᠵᠢᠭᠦᠯᠵᠦ᠂ ᠡᠮᠦᠨ᠎ᠡ ᠲᠡᠭᠦᠷᠭᠡ᠂ ᠬᠤᠶᠢᠲᠤ ᠲᠡᠭᠦᠷᠭᠡ᠂ ᠬᠠᠨᠳᠠᠢ᠂ ᠸᠠᠨ ᠯᠢ ᠶᠢᠨ ᠤᠰᠤᠨ ᠤ ᠴᠢᠨᠠᠷ ᠢ ᠴᠡᠪᠡᠷᠰᠢᠭᠦᠯᠬᠦ ᠤᠶᠢᠯᠡᠳᠪᠤᠷᠢ ᠶᠢᠨ ᠪᠠᠷᠢᠮᠵᠢᠶ᠎ᠠ | ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠠᠬᠢᠭᠤᠯᠵᠤ᠂ ᠰᠠᠶᠢᠨᠲ᠋ᠠᠶᠢᠵᠢ ᠨᠠᠭᠤᠷ ᠤᠨ ᠣᠷᠣᠨ ᠤ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ | ᠂ ᠴᠠᠬᠤᠯᠠᠶ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢ ᠰᠡᠷᠭᠦᠭᠡᠨ ᠤᠰᠤ ᠨᠥᠬᠦᠪᠥᠷᠢᠯᠡᠬᠦ ᠵᠡᠷᠭᠡ ᠲᠥᠷᠥᠯ ᠵᠤᠶᠢᠯ ᠢ ᠵᠢᠯ ᠤᠨ ᠳᠣᠲᠣᠷ᠎ᠠ ᠳᠠᠭᠤᠰᠬᠠᠬᠤ ᠪᠠᠷ | ᠴᠢᠷᠮᠠᠶᠢᠵᠤ᠂ ᠪᠣᠬᠢᠷ ᠤᠰᠤ ᠶᠢ ᠵᠠᠰᠠᠬᠤ᠂ ᠵᠠᠪᠰᠠᠷ ᠤᠨ ᠤᠰᠤ ᠶᠢ ᠠᠰᠢᠭᠯᠠᠬᠤ ᠪᠠ ᠤᠰᠤᠨ ᠤ ᠡᠬᠢ ᠪᠠᠶᠠᠯᠢᠭ ᠢ ᠠᠷᠪᠢᠯᠠᠬᠤ ᠶᠢ ᠣᠷᠭᠠᠨᠢᠭ ᠢᠶᠠᠷ ᠤᠶᠠᠯᠳᠤᠭᠤᠯᠬᠤ ᠶᠢ | ᠠᠬᠢᠭᠤᠯᠵᠤ᠂ ᠣᠯᠠᠨ ᠱᠤᠭᠤᠮ ᠢᠶᠠᠷ ᠬᠤᠯᠪᠣᠭᠰᠠᠨ᠂ ᠣᠯᠠᠨ ᠳᠠᠪᠬᠤᠷᠭ᠎ᠠ ᠪᠠᠷ ᠡᠷᠭᠢᠯᠳᠦᠭᠰᠡᠨ᠂ ᠠᠮᠢ ᠠᠬᠤᠶ ᠶᠢᠨ ᠪᠤᠬᠢᠷᠳᠤᠯ ᠦᠭᠡᠢ ᠤᠰᠤᠨ ᠤ ᠲᠣᠤᠷ ᠤᠨ | ᠲᠤᠭᠳᠠᠯᠴᠠᠭ᠎ᠠ ᠶᠢ ᠬᠦᠴᠦᠯᠡᠨ ᠪᠠᠶᠢᠭᠤᠯᠤᠨ᠎ᠠ᠃ ᠬᠤᠶᠠᠷ ᠲᠤ᠂ ᠠᠮᠢ ᠠᠬᠤᠶ ᠶᠢᠨ ᠣᠷᠴᠢᠨ ᠨᠥᠬᠦᠴᠡᠯ ᠢ ᠵᠠᠰᠠᠨ ᠰᠡᠷᠭᠦᠭᠡᠬᠦ ᠠᠵᠢᠯ ᠢ ᠴᠢᠩᠭᠠᠳᠬᠠᠨ᠎ᠠ᠃ ᠤᠯᠤᠰ | ᠤᠨ ᠭᠠᠵᠠᠷ ᠰᠢᠷᠤᠢ ᠶᠢᠨ ᠣᠷᠣᠨ ᠵᠠᠶ ᠶᠢᠨ ᠨᠣᠭᠤᠭᠠᠷᠠᠭᠤᠯᠤᠯᠲᠠ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ | ᠵᠡᠷᠭᠡ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠶᠡᠷᠦᠩᠬᠡᠶᠢᠯᠡᠨ ᠵᠠᠰᠠᠬᠤ ᠲᠥᠷᠥᠯ ᠵᠤᠶᠢᠯ ᠪᠠ ᠣᠶ ᠰᠢᠭᠤᠶ ᠡᠪᠡᠰᠦᠨ ᠤ ᠠᠮᠢ ᠠᠬᠤᠶ ᠶᠢ ᠰᠡᠷᠭᠦᠭᠡᠬᠦ ᠢᠨᠵᠧᠨᠧᠷᠢᠩ | ᠢ ᠠᠬᠢᠭᠤᠯᠵᠤ᠂ ᠣᠶ ᠰᠢᠭᠤᠶ ᠡᠪᠡᠰᠦᠨ ᠤ ᠬᠠᠮᠢᠶᠠᠷᠤᠯᠲᠠ ᠬᠠᠮᠠᠭᠠᠯᠠᠯᠲᠠ ᠶᠢ ᠬᠦᠴᠦᠯᠡᠨ ᠴᠢᠩᠭᠠᠳᠬᠠᠵᠤ᠂ ᠪᠥᠬᠦ ᠵᠢᠯ ᠳᠤ 2000 ᠮᠥ ᠭᠠᠵᠠᠷ ᠢ ᠰᠢᠨ᠎ᠡ ᠪᠠᠷ | ᠤᠶᠢᠵᠢᠭᠤᠯᠤᠨ᠎ᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠠᠭᠤᠷᠬᠠᠶ ᠶᠢᠨ ᠣᠷᠣᠨ ᠤ ᠳᠠᠬᠢᠨ | ᠬᠠᠭᠠᠯᠪᠤᠷᠢᠯᠠᠵᠤ ᠨᠣᠭᠤᠭᠠᠷᠠᠭᠤᠯᠬᠤ ᠪᠠ ᠨᠡᠭᠦᠷᠡᠰᠦᠨ ᠠᠭᠤᠷᠬᠠᠶ ᠶᠢᠨ ᠭᠠᠯ ᠤᠨ ᠠᠶᠤᠯ ᠠᠮᠠᠷᠬᠠᠨ ᠭᠠᠷᠬᠤ ᠭᠠᠵᠠᠷ ᠤᠨ ᠭᠠᠶ ᠭᠠᠮᠰᠢᠭ ᠢ ᠵᠠᠰᠠᠬᠤ ᠶᠢ ᠲᠦᠷᠭᠡᠳᠬᠡᠨ | ᠠᠬᠢᠭᠤᠯᠵᠤ᠂ 500 ᠾᠧᠺᠲ᠋ᠠᠷ ᠠᠴᠠ ᠳᠡᠭᠡᠭᠰᠢ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠵᠤ ᠨᠣᠭᠤᠭᠠᠷᠠᠭᠤᠯᠬᠤ ᠶᠢ ᠪᠡᠶᠡᠯᠡᠭᠦᠯᠦᠨ᠂ 4 ᠨᠡᠭᠦᠷᠡᠰᠦᠨ ᠠᠭᠤᠷᠬᠠᠶ ᠶᠢ | ᠲᠥᠪᠯᠡᠷᠡᠭᠦᠯᠦᠨ ᠵᠠᠯᠭᠠᠯᠳᠤᠭᠤᠯᠤᠨ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠵᠦ᠂ ᠨᠡᠭᠦᠷᠡᠰᠦᠨ ᠠᠭᠤᠷᠬᠠᠶ ᠶᠢ ᠪᠦᠬᠦᠨ ᠢ ᠪᠣᠬᠢᠷᠲᠤᠯ ᠥᠬᠡᠶ ᠠᠭᠤᠷᠬᠠᠶ ᠪᠣᠯᠭᠠᠨ | ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠭᠤᠷᠪᠠ ᠳᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠤᠯᠳᠠ ᠶᠢ ᠠᠬᠢᠭᠤᠯᠤᠨ᠎ᠠ᠃ ᠬᠦᠴᠦᠯᠡᠴᠡ ᠪᠠᠨ | ᠪᠠᠷᠢᠮᠳᠠᠯᠠᠨ ᠤᠯᠠᠮ ᠦᠷᠭᠡᠨ ᠳᠡᠯᠭᠡᠷ ᠬᠦᠨᠴᠠ ᠲᠠᠢ ᠪᠠᠷ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠰᠠᠭᠤᠳᠠᠯ ᠢ ᠴᠡᠭᠴᠡᠯᠡᠵᠤ ᠵᠠᠰᠠᠵᠤ᠂ ᠣᠷᠴᠢᠨ ᠠᠬᠤᠶ ᠶᠢᠨ | ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠵᠦ᠂ ᠤᠯᠠᠨ ᠲᠦᠮᠡᠨ ᠤ ᠳᠡᠷᠭᠡᠳᠡᠬᠢ ᠣᠷᠴᠢᠨ ᠠᠬᠤᠶ ᠶᠢᠨ ᠠᠰᠠᠭᠤᠳᠠᠯ ᠢ | ᠲᠥᠪᠯᠡᠷᠡᠭᠦᠯᠦᠨ ᠰᠢᠢᠳᠪᠤᠷᠢᠯᠡᠨ᠎ᠡ᠃ ᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠤᠯᠳᠠ ᠶᠢᠨ ᠰᠢᠢᠳᠪᠤᠷᠢᠯᠡᠬᠦ ᠠᠵᠢᠯᠯᠠᠭ᠎ᠠ ᠶᠢ ᠡᠬᠢᠯᠡᠬᠦᠯᠦᠨ᠂ | ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠭᠠᠷ ᠮᠠᠨᠳᠠᠯ ᠤᠨ ᠪᠣᠬᠢᠷᠲᠤᠯ ᠢ ᠵᠠᠰᠠᠬᠤ | ᠠᠵᠢᠯ ᠢ ᠳᠤᠪᠤᠶᠢᠯᠭᠠᠨ ᠰᠠᠶᠢᠲᠤᠷ ᠠᠳᠬᠤᠵᠤ᠂ ᠴᠠᠬᠢᠯᠭᠠᠨ ᠬᠦᠴᠦᠨ ᠤ ᠠᠵᠢᠯ ᠲᠦᠷᠦᠯ ᠤᠨ ᠬᠡᠳᠤ ᠳᠣᠣᠷ᠎ᠠ ᠭᠠᠳᠠᠭᠰᠢᠯᠠᠭᠤᠯᠤᠯᠲᠠ ᠶᠢ ᠥᠭᠡᠷᠡᠴᠢᠯᠡᠬᠦ ᠵᠡᠷᠭᠡ | ᠢᠨᠵᠧᠨᠧᠷᠢᠩ ᠢ ᠲᠦᠷᠭᠡᠪᠴᠢᠯᠡᠨ ᠬᠡᠷᠡᠭᠵᠢᠭᠦᠯᠵᠦ᠂ ︽ᠭᠡᠷᠡᠯ ᠴᠡᠨᠡᠭ + ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠵᠠᠭᠪᠤᠷ ᠢ ᠬᠡᠷᠡᠭᠯᠡᠨ᠂ ᠬᠥᠳᠡᠭᠡ | ᠲᠣᠰᠬᠤᠨ ᠤ ᠠᠷᠢᠭᠤᠨ ᠴᠡᠪᠡᠷ ᠢᠶᠠᠷ ᠢᠯᠴᠢ ᠬᠠᠩᠭᠠᠬᠤ ᠶᠢ ᠣᠷᠣᠯᠠᠭᠤᠯᠤᠨ ᠰᠣᠯᠢᠬᠤ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠦᠬᠦ ᠵᠢᠯ ᠳᠤ ᠣᠷᠴᠢᠨ ᠠᠬᠤᠶ ᠶᠢᠨ | ᠠᠭᠠᠷ ᠤᠨ ᠰᠢᠯᠢᠳᠡᠭ ᠰᠠᠶᠢᠨ ᠨᠤᠷᠮ᠎ᠠ ᠶᠢ 85% ᠠᠴᠠ ᠳᠡᠭᠡᠭᠰᠢ ᠪᠠᠶᠢᠯᠭᠠᠬᠤ ᠶᠢ ᠪᠠᠳᠤᠯᠠᠨ᠎ᠠ᠃ | ︵ᠲᠠᠪᠤ︶ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠰᠠᠶᠢᠵᠢᠷᠠᠭᠤᠯᠬᠤ ᠶᠢ ᠴᠢᠩᠭᠠᠳᠬᠠᠨ᠎ᠠ᠃ | ᠨᠢᠭᠡ ᠳᠤ᠂ ᠤᠯᠠᠨ ᠨᠡᠶᠢᠲᠡ ᠶᠢᠨ ᠦᠢᠯᠡᠴᠢᠯᠡᠭᠡ ᠶᠢᠨ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠪᠤᠯᠤᠨ᠎ᠠ᠃ ᠣᠷᠣᠨ ᠪᠦᠰᠡ ᠶᠢᠨ ᠰᠤᠷᠭᠠᠨ ᠬᠥᠮᠦᠵᠢᠯ ᠤᠨ | ᠬᠠᠷᠢᠴᠠᠩᠭᠤᠢ ᠳᠠᠪᠠᠭᠤᠯᠢᠭ ᠢ ᠬᠦᠴᠦᠯᠡᠨ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠤᠷᠤᠨ ᠲᠤᠭ᠎ᠠ ᠶᠢᠨ | ᠬᠤᠪᠢᠶᠠᠷᠢᠯᠠᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠦᠨ᠂ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠨ ᠡᠯᠰᠡᠬᠦ︾ | ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠮᠠᠨ ᠱᠢ ᠳᠤᠮᠳᠠᠳᠤ ᠰᠤᠷᠭᠠᠭᠤᠯᠢ ᠵᠡᠷᠭᠡ 6 ᠰᠤᠷᠭᠠᠭᠤᠯᠢ᠂ ᠬᠡᠤᠬᠡᠳ ᠤᠨ ᠴᠡᠴᠡᠷᠯᠢᠭ ᠢ ᠪᠠᠶᠢᠭᠤᠯᠤᠨ ᠳᠠᠭᠤᠰᠬᠠᠵᠤ | ᠠᠰᠢᠭᠯᠠᠯᠳᠠ ᠳᠤ ᠤᠷᠤᠭᠤᠯᠬᠤ ᠶᠢ ᠠᠬᠢᠭᠤᠯᠤᠨ᠂ | ︽ᠬᠤᠶᠠᠷ ᠢ ᠬᠦᠩᠬᠡᠷᠡᠬᠦᠯᠬᠦ︾ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠤᠰᠬᠠᠶ | ᠴᠡᠭᠴᠡᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤ ᠰᠠᠶᠢᠲᠤᠷ ᠬᠢᠵᠦ᠂ ᠡᠷᠡᠭᠦᠯ ᠮᠡᠨᠳᠦ | ᠳ᠋ᠦᠩᠱᠧᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳ᠋ᠦᠩᠱᠧᠩ ᠤᠨ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠤᠨ ᠡᠮᠨᠡᠯᠭᠡ ᠶᠢᠨ | ᠬᠤᠷᠢᠶ᠎ᠠ ᠶᠢᠨ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠬᠦ ᠶᠢ ᠠᠬᠢᠭᠤᠯᠤᠨ᠎ᠠ᠃ ᠡᠬᠡ ᠤᠷᠤᠨᠴᠢ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠠᠷᠠᠳ ᠤᠯᠠᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠡᠮᠴᠢᠯᠡᠭᠡᠨ ᠤ ᠤᠶᠢᠯᠡᠴᠢᠯᠡᠭᠡ ᠶᠢᠨ ᠰᠢᠨ᠎ᠡ ᠬᠡᠷᠡᠭᠴᠡᠭᠡ ᠱᠠᠭᠠᠷᠳᠠᠯᠭ᠎ᠠ ᠳᠤ ᠴᠢᠭᠯᠡᠬᠦᠯᠦᠨ᠂ ︽ᠪᠦᠯᠦᠭᠯᠡᠯᠵᠢᠭᠰᠡᠨ︾ ᠡᠮᠴᠢᠯᠡᠭᠡᠨ ᠤ ᠣᠷᠣᠭᠤᠯᠤᠯᠲᠠ ᠶᠢᠨ ᠵᠠᠭᠪᠤᠷ ᠢ | ᠬᠡᠷᠡᠭᠯᠡᠨ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠣᠷᠣᠭᠤᠯᠬᠤ ᠶᠢ ᠲᠦᠷᠭᠡᠳᠬᠡᠵᠦ᠂ ᠪᠥᠬᠦ ᠤᠷᠤᠨ ᠪᠦᠰᠡ ᠶᠢᠨ ᠡᠮᠴᠢᠯᠡᠭᠡᠨ ᠤ ᠬᠠᠪᠤᠳᠠᠷ ᠤᠨ ᠡᠮᠨᠡᠯᠭᠡ | ᠶᠢᠨ ᠬᠤᠷᠢᠶ᠎ᠠ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠭᠠᠵᠠᠷ ᠣᠷᠣᠨ ᠤ ᠡᠮᠴᠢᠯᠡᠭᠡᠨ ᠤ ᠤᠶᠢᠯᠡᠴᠢᠯᠡᠭᠡ ᠶᠢᠨ ᠨᠥᠯᠥᠭᠡᠯᠡᠬᠦ | ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠤᠯᠠᠮᠵᠢᠯᠠᠯᠲᠤ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠲᠤᠭᠤᠷᠢᠭ ᠤᠨ ᠲᠠᠰ ᠤᠨ | ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠤᠶᠢᠯᠡᠰ ᠤᠨ ᠡᠬᠢ ᠪᠠᠶᠠᠯᠢᠭ ᠤᠨ ᠳ᠋ᠠᠶᠢᠲ᠋ᠠ ᠬᠥᠮᠥᠷᠭᠡ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠨᠣᠮ ᠤᠨ ᠰᠠᠩ᠂ ᠰᠣᠶᠣᠯ ᠤᠨ ᠣᠷᠳᠣᠨ ᠤ ᠶᠡᠷᠦᠩᠬᠡᠶ ᠬᠤᠪᠢᠶᠠᠷᠢ ᠣᠷᠳᠣᠨ ᠤ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠵᠤ᠂ ᠬᠤᠲᠠ | ᠬᠥᠳᠡᠭᠡ ᠶᠢᠨ ᠰᠣᠶᠣᠯ ᠤᠨ ᠡᠬᠢ ᠪᠠᠶᠠᠯᠢᠭ ᠢ ᠲᠡᠩᠴᠡᠭᠦᠷᠢᠲᠡᠶ ᠬᠠᠮᠲᠤᠪᠠᠷ ᠡᠳ᠋ᠯᠡᠬᠦ ᠶᠢ ᠭᠦᠨᠵᠡᠭᠡᠶ ᠠᠬᠢᠭᠤᠯᠤᠨ᠎ᠠ᠃ ᠬᠤᠶᠠᠷ ᠲᠤ᠂ ᠦᠨᠳᠦᠰᠦᠨ ᠵᠦᠢᠯ ᠢ ᠪᠠᠳᠤᠯᠠᠬᠤ | ᠲᠠᠯ᠎ᠠ ᠪᠠᠷ ᠪᠠᠲᠤᠯᠠᠭ᠎ᠠ ᠳᠤ ᠰᠢᠨ᠎ᠡ ᠠᠭᠤᠯᠤᠭᠳᠠᠬᠤᠨ ᠲᠠᠢ ᠪᠤᠯᠤᠨ᠎ᠠ᠃ ᠠᠵᠢᠯ ᠣᠯᠭᠤᠯᠲᠠ ᠶᠢᠨ ᠦᠢᠯᠡᠴᠢᠯᠡᠭᠡᠨ ᠤ ᠲᠤᠭᠳᠠᠯᠴᠠᠭ᠎ᠠ ᠪᠠ ᠲᠤᠰᠠᠯᠠᠨ ᠠᠬᠢᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠠᠵᠢᠯ ᠤᠨ ᠪᠠᠶᠢᠷᠢ ᠶᠢᠨ ᠲᠤᠬᠢᠷᠠᠭᠤᠯᠤᠯᠳᠠ ᠶᠢ ᠥᠷᠭᠡᠳᠬᠡᠵᠦ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠴᠡᠷᠢᠭ ᠠᠴᠠ ᠬᠠᠯᠠᠭᠳᠠᠭᠰᠠᠳ ᠵᠡᠷᠭᠡ | ᠭᠤᠣᠯᠳᠠᠯᠭ᠎ᠠ ᠲᠠᠢ ᠬᠠᠮᠳᠤ ᠴᠤᠭᠴᠠ ᠳᠤ ᠠᠵᠢᠯ ᠣᠯᠭᠤᠬᠤ ᠶᠢ ᠠᠬᠢᠭᠤᠯᠤᠨ᠎ᠠ᠃ ᠬᠡᠷ ᠲᠡᠭᠡᠨ ᠰᠠᠭᠤᠵᠤ ᠨᠡᠶᠢᠳᠡ ᠶᠢᠨ ᠠᠰᠠᠷᠠᠮᠵᠢ ᠬᠦᠷᠳᠡᠬᠦ ᠪᠠ ᠨᠡᠶᠢᠭᠡᠮ ᠤᠨ | ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠤᠶᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠶᠢ | ᠲᠦᠷᠭᠡᠳᠬᠡᠨ᠂ ᠨᠠᠰᠤᠲᠠᠶᠢᠴᠤᠳ ᠲᠤ ᠤᠶᠢᠯᠡᠴᠢᠯᠡᠬᠦ ᠶᠡᠷᠦᠩᠬᠡᠶᠢᠯᠡᠭᠰᠡᠨ ᠲᠥᠪ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠲᠥᠪ | ᠪᠠ ᠨᠠᠰᠤᠲᠠᠶᠢᠴᠤᠳ ᠲᠤ ᠲᠤᠰᠠᠯᠠᠬᠤ ᠬᠤᠭᠤᠯᠠ ᠢᠳᠡᠭᠡᠨ ᠤ ᠭᠠᠵᠠᠷ ᠤᠨ ᠬᠠᠮᠤᠷᠬᠤ ᠨᠣᠷᠮ᠎ᠠ ᠶᠢ ᠳᠡᠭᠡᠭᠰᠢᠯᠡᠬᠦᠯᠵᠤ 90% ᠳᠤ ᠬᠦᠷᠬᠡᠨ᠎ᠡ᠃ ᠨᠡᠶᠢᠭᠡᠮ ᠤᠨ | ᠠᠪᠤᠷᠠᠨ ᠲᠤᠰᠠᠯᠠᠬᠤ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠦᠨᠳᠦᠰᠦᠨ ᠵᠦᠢᠯ ᠢ ᠪᠠᠲᠤᠯᠠᠬᠤ ᠲᠠᠯ᠎ᠠ ᠪᠠᠷ ᠴᠢᠩᠭᠠᠳᠬᠠᠨ᠂ ᠪᠤᠷᠵᠠᠩ ᠨᠠᠭᠤᠷ ᠪᠠᠯᠭᠠᠰᠤᠨ ᠤ | ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠡᠮᠴᠢᠯᠡᠬᠦ ᠲᠥᠪ ᠢ ᠪᠠᠶᠢᠭᠤᠯᠤᠨ᠎ᠠ᠃ ᠵᠠᠯᠠᠭᠤᠴᠤᠳ ᠤᠨ ᠰᠢᠨ᠎ᠡ ᠶᠢ ᠡᠭᠦᠳᠦᠭᠴᠢ᠂ ︽ᠬᠤᠳᠠ ᠳᠤ ᠬᠦᠴᠦᠨ ᠠᠵᠢᠯ | ᠬᠢᠭᠰᠡᠳ︾ ᠵᠡᠷᠭᠡ ᠬᠠᠮᠳᠤ ᠴᠤᠭᠴᠠ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠷᠬᠦᠴᠡ ᠶᠢᠨ ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠬᠡᠵᠦ | ᠂ ᠬᠤᠳᠠ ᠶᠢᠨ ᠰᠢᠨ᠎ᠡ ᠠᠷᠠᠳ ᠢ ᠭᠡᠷ ᠲᠠᠢ᠂ ᠠᠵᠢᠯ ᠦᠢᠯᠡᠰ ᠲᠠᠢ᠂ ᠬᠦᠰᠡᠯ ᠡᠷᠡᠮᠡᠯᠵᠡᠯ ᠲᠠᠢ ᠪᠣᠯᠭᠠᠨ᠎ᠠ᠃ ᠭᠤᠷᠪᠠ ᠳᠤ᠂ ᠨᠡᠶᠢᠭᠡᠮ ᠤᠨ ᠵᠠᠰᠠᠯᠲᠠ ᠶᠢᠨ ᠲᠠᠯ᠎ᠠ ᠪᠠᠷ | ᠰᠢᠨ᠎ᠡ ᠦᠷ᠎ᠡ ᠪᠦᠲᠦᠮᠵᠢ ᠲᠠᠢ ᠪᠤᠯᠤᠨ᠎ᠠ᠃ ᠠᠶᠤᠯᠭᠦᠶ ᠬᠥᠭᠵᠢᠯᠲᠡ ᠶᠢᠨ ᠣᠶᠢᠯᠠᠭᠠᠭᠳᠠᠬᠤᠨ ᠢ ᠪᠠᠬᠢᠵᠢᠬᠦᠯᠵᠤ᠂ ᠠᠶᠤᠯᠭᠦᠶ ᠦᠢᠯᠡᠳᠪᠦᠷᠢᠯᠡᠯ ᠤᠨ ᠲᠤᠰᠬᠠᠶ | ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠦᠨ᠎ᠡ᠃ ︽ᠠᠮᠤᠷ ᠠᠮᠤᠭᠤᠯᠠᠩ ᠳ᠋ᠦᠩᠱᠧᠩ︾ ︽ᠪᠥᠬᠦ ᠤᠯᠤᠰ ᠤᠨ | ᠬᠠᠮᠤᠭ ᠤᠨ ᠠᠮᠤᠷ ᠲᠦᠪᠰᠢᠨ ᠬᠤᠲᠠ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠪᠣᠰᠤᠭ᠎ᠠ ᠴᠣᠭᠴᠠᠲᠤ᠂ ᠮᠡᠳᠡᠭᠡ | ᠵᠠᠩᠬᠢᠴᠢᠯᠠᠯᠳᠠ ᠶᠢᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠤᠭᠳᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠮᠥᠩᠭᠦᠨ | ᠭᠦᠢᠯᠭᠡᠭᠡᠨ ᠤ ᠬᠦᠷᠢᠶ᠎ᠡ ᠴᠠᠷᠠᠭᠠᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠬᠡᠷᠡᠭ ᠢ | ᠰᠢᠢᠳᠪᠤᠷᠢᠯᠡᠬᠦ᠂ ᠵᠠᠰᠠᠭ ᠤᠨ ᠣᠷᠳᠣᠨ ᠤ ᠲᠠᠯᠳᠠ ᠴᠢᠨᠠᠷᠳᠠᠢ ᠥᠷᠢ ᠰᠢᠷᠢ ᠶᠢ ᠢᠯᠭᠠᠷᠠᠭᠤᠯᠬᠤ ᠣᠨ ᠤ ᠡᠭᠦᠷᠭᠡ ᠶᠢ ᠡᠷᠡᠰ ᠪᠡᠶᠡᠯᠡᠭᠦᠯᠦᠨ᠎ᠡ᠃ ᠦᠨᠳᠦᠰᠦᠲᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠤᠭᠤᠷᠢᠭ ᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠤᠷᠢᠯᠡᠬᠦ︾ ᠶᠢ ᠪᠠᠷᠢᠮᠲᠠᠯᠠᠨ᠂ ᠵᠥᠷᠢᠴᠡᠯ ᠵᠢᠭᠤᠷᠠᠯᠳᠤᠭᠠᠨ ᠢ | ᠰᠢᠢᠳᠪᠤᠷᠢᠯᠡᠬᠦ ᠣᠯᠠᠨ ᠡᠰᠢᠴᠢᠯᠡᠭᠰᠡᠨ ᠠᠷᠭ᠎ᠠ ᠪᠠᠷᠢᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠪᠠᠶᠢᠴᠠᠭᠠᠵᠤ | ᠰᠢᠢᠳᠪᠤᠷᠢᠯᠡᠬᠦ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠂ ᠵᠠᠰᠠᠬᠤ | ᠶᠠᠪᠤᠴᠠ ᠳᠤ ᠣᠯᠠᠨ ᠲᠦᠮᠡᠨ ᠢ ᠣᠷᠣᠯᠴᠠᠭᠤᠯᠵᠤ᠂ ᠵᠠᠰᠠᠭᠰᠠᠨ ᠦᠷ᠎ᠡ ᠪᠦᠲᠦᠮᠵᠢ ᠶᠢ ᠣᠯᠠᠨ ᠲᠦᠮᠡᠨ ᠢᠶᠠᠷ ᠦᠨᠡᠯᠡᠬᠦᠯᠦᠨ᠂ ᠵᠠᠰᠠᠭᠰᠠᠨ ᠦᠷ᠎ᠡ ᠪᠦᠲᠦᠭᠡᠯ ᠢ ᠣᠯᠠᠨ | ᠲᠦᠮᠡᠨ ᠳᠤ ᠬᠠᠮᠲᠤᠪᠠᠷ ᠡᠳ᠋ᠯᠡᠭᠦᠯᠬᠦ ᠶᠢ ᠪᠡᠶᠡᠯᠡᠭᠦᠯᠦᠨ᠎ᠡ᠃ | ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠨ᠎ᠠ | ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠪᠢᠳᠡ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠶ ᠪᠠᠬᠢᠵᠢᠭᠦᠯᠦᠨ ᠥᠷᠭᠡᠳᠬᠡᠵᠦ᠂ ᠤᠯᠤᠰ | ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ ᠪᠠ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠬᠦᠯᠦᠨ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠡᠵᠡᠮᠳᠡᠬᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠬᠤ᠂ ᠰᠢᠨ᠎ᠡ ᠬᠥᠭᠵᠢᠯᠲᠡ ᠶᠢᠨ | ᠪᠠᠶᠢᠳᠠᠯ ᠢ ᠪᠠᠶᠢᠭᠤᠯᠬᠤ ᠤᠯᠤᠰ ᠲᠥᠷᠥ ᠶᠢᠨ ᠴᠢᠳᠠᠪᠤᠷᠢ᠂ ᠪᠠᠶᠢᠯᠳᠤᠬᠤ ᠪᠣᠳᠣᠯᠭ᠎ᠠ ᠶᠢᠨ ᠬᠠᠷᠠᠴᠠ ᠪᠠ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠪᠠᠨ ᠲᠠᠰᠤᠷᠠᠯᠲᠠ | ᠥᠬᠡᠶ ᠳᠡᠭᠡᠭᠰᠢᠯᠡᠭᠦᠯᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ | ᠦᠢᠯᠡᠴᠢᠯᠡᠭᠡᠨ ᠤ ᠬᠡᠯᠪᠡᠷᠢ᠂ ᠦᠷ᠎ᠡ ᠪᠦᠲᠦᠮᠵᠢ ᠶᠢᠨ ᠬᠡᠯᠪᠡᠷᠢ᠂ ᠬᠠᠤᠯᠢ ᠪᠠᠷ ᠵᠠᠰᠠᠬᠤ ᠬᠡᠯᠪᠡᠷᠢ᠂ ᠠᠷᠢᠭᠤᠨ ᠴᠢᠬᠡᠴᠢ ᠬᠡᠯᠪᠡᠷᠢ ᠶᠢᠨ ᠵᠠᠰᠠᠭ ᠤᠨ ᠣᠷᠳᠣᠨ ᠢ | ᠲᠦᠷᠭᠡᠪᠴᠢᠯᠡᠨ ᠪᠠᠶᠢᠭᠤᠯᠤᠨ᠎ᠠ᠃ | ︵ᠨᠢᠭᠡ︶ ᠠᠷᠠᠳ ᠤᠨ ᠲᠥᠯᠥᠭᠡ ᠪᠣᠳᠠᠲᠤ ᠠᠵᠢᠯᠯᠠᠭ᠎ᠠ ᠶᠢ ᠡᠷᠬᠢᠮᠯᠡᠬᠦ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ ᠠᠷᠠᠳ ᠤᠨ ᠲᠥᠯᠥᠭᠡ ᠵᠠᠰᠠᠭ | ᠪᠠᠷᠢᠬᠤ ᠶᠢ ᠵᠠᠰᠠᠭ ᠤᠨ ᠣᠷᠳᠣᠨ ᠤ ᠠᠵᠢᠯ ᠤᠨ ᠡᠭᠦᠰᠭᠡᠯ ᠪᠠ ᠲᠡᠭᠦᠰᠬᠡᠯ ᠪᠣᠯᠭᠠᠬᠤ ᠶᠢ ᠪᠠᠷᠢᠮᠲᠠᠯᠠᠵᠤ᠂ ︽ᠤᠯᠠᠨ ᠲᠦᠮᠡᠨ ᠤ ᠬᠠᠮᠤᠭ ᠠᠴᠠ ᠬᠦᠰᠡᠵᠦ ᠪᠠᠶᠢᠭ᠎ᠠ | ᠶᠠᠪᠤᠳᠠᠯ︾ ᠢ ︽ᠵᠠᠰᠠᠭ ᠤᠨ ᠣᠷᠳᠣᠨ ᠤ ᠬᠢᠬᠦ ᠭᠡᠵᠦ ᠪᠠᠶᠢᠭ᠎ᠠ ᠶᠠᠪᠤᠳᠠᠯ︾ ᠪᠣᠯᠭᠠᠵᠤ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠳᠤ ᠨᠡᠶᠢᠴᠡᠭᠦᠯᠦᠨ᠂ ᠦᠨᠡᠨ | ᠰᠡᠳᠬᠢᠯ ᠠᠴᠠ ᠪᠠᠨ ᠬᠢᠵᠦ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ ᠢ ᠬᠦᠴᠦ ᠤᠷᠤᠭᠤᠯᠤᠨ ᠰᠢᠢᠳᠪᠤᠷᠢᠯᠡᠨ᠎ᠡ᠃ ᠨᠠᠶᠢᠳᠠᠪᠤᠷᠢᠵᠢᠭᠤᠯᠤᠯᠲᠠ ᠶᠢ | ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ︽ᠠᠮᠢᠨ ᠰᠤᠳᠠᠰᠤ︾ ᠪᠣᠯᠭᠠᠬᠤ ᠶᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠴᠢᠬᠤᠯᠠ | ᠶᠡᠭᠡ ᠲᠦᠷᠦᠯ ᠵᠤᠶᠢᠯ᠂ ᠭᠤᠣᠯᠳᠠᠯᠭ᠎ᠠ ᠲᠠᠢ ᠥᠭᠡᠷᠡᠴᠢᠯᠡᠯᠲᠡ᠂ ᠴᠢᠬᠤᠯᠠ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃ | ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢ ᠶᠡᠭᠡ ᠪᠠᠷ ᠰᠠᠨᠠᠭᠠᠴᠢᠯᠠᠵᠤ᠂ ᠦᠨᠡᠨ ᠦᠭᠡ ᠬᠡᠯᠡᠵᠤ᠂ ᠪᠣᠳᠠᠲᠠᠶ ᠠᠷᠭ᠎ᠠ ᠭᠠᠷᠭᠠᠨ᠂ ᠪᠣᠳᠠᠲᠠᠶ | ᠠᠵᠢᠯ ᠬᠢᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠳ᠋ᠦᠩᠱᠧᠩ ᠤᠨ ᠺᠠᠳ᠋ᠷᠴᠤᠳ ᠤᠨ ᠬᠠᠮᠲᠤ ᠶᠢᠨ ᠦᠷᠳᠡᠭ ᠤᠨ ᠬᠥᠭᠡᠭᠡᠴᠡᠯᠳᠦᠯ ᠪᠤᠯᠭᠠᠨ᠎ᠠ᠃ | ︵ᠬᠤᠶᠠᠷ︶ ᠬᠠᠷᠢᠭᠤᠴᠠᠯᠭ᠎ᠠ ᠡᠭᠦᠷᠭᠡᠯᠡᠵᠦ ᠡᠷᠡᠯᠬᠡᠭᠯᠡᠨ ᠤᠷᠤᠭᠰᠢᠯᠠᠭᠰᠠᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ ᠵᠣᠷᠢᠭᠲᠠᠢ ᠪᠠᠷ ᠡᠷᠡᠮᠡᠬᠡᠶᠢᠯᠡᠨ | ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠴᠠᠭ ᠢᠮᠠᠭᠲᠠ ᠪᠠᠲᠤᠯᠠᠵᠤ᠂ ︽ᠡᠮᠤᠨ᠎ᠡ ᠨᠢ ᠭᠠᠪᠰᠢᠭᠠᠶᠢᠯᠠᠬᠤ︾ ᠠᠴᠠ ᠪᠢᠰᠢ ︽ᠬᠤᠶᠢᠰᠢ ᠤᠬᠤᠷᠢᠬᠤ | ᠦᠭᠡᠢ︾ ᠪᠠᠶᠢᠵᠤ᠂ ︽ᠬᠦᠴᠦ ᠪᠠᠨ ᠲᠦᠪᠯᠡᠷᠡᠬᠦᠯᠬᠦ︾ ᠠᠴᠠ ᠪᠢᠰᠢ ︽ᠳᠤᠳᠤᠭᠠᠳᠤ ᠳᠤ ᠪᠠᠨ ᠦᠷᠢᠰᠦᠯᠳᠦᠬᠦ ᠦᠭᠡᠢ︾ ᠪᠠᠶᠢᠵᠤ᠂ ︽ᠬᠠᠷᠢᠭᠤᠴᠠᠯᠭ᠎ᠠ | ᠡᠬᠦᠷᠭᠡᠯᠡᠬᠦ︾ ᠠᠴᠠ ᠪᠢᠰᠢ ︽ᠬᠠᠷᠢᠭᠤᠴᠠᠯᠭ᠎ᠠ ᠪᠠᠨ ᠳᠠᠶᠠᠭᠳᠠᠬᠤ ᠦᠭᠡᠢ︾ ᠪᠠᠶᠢᠵᠤ᠂ ︽ᠠᠵᠢᠯ ᠤᠨ ᠪᠠᠶᠢᠷᠢ ᠶᠢ ᠡᠵᠡᠯᠡᠨ ᠪᠤᠳᠠᠳᠤ ᠡᠬᠦᠷᠭᠡ ᠶᠢ ᠬᠦᠢᠴᠡᠳᠬᠡᠬᠦ | ᠦᠭᠡᠢ᠂ ᠴᠠᠯᠢᠩ ᠮᠦᠩᠬᠦ ᠠᠪᠴᠤ ᠪᠠᠶᠢᠭᠠᠳ ᠪᠤᠳᠠᠳᠤ ᠠᠵᠢᠯ ᠬᠢᠬᠦ ᠦᠭᠡᠢ︾ ᠵᠡᠷᠭᠡ ᠵᠠᠯᠬᠠᠭᠤᠷᠠᠨ ᠬᠤᠶᠢᠷᠭᠤᠰᠢᠬᠤ ᠶᠢ ᠦᠷᠭᠦᠯᠵᠢᠯᠡᠨ ᠴᠡᠭᠴᠡᠯᠡᠨ ᠵᠠᠰᠠᠨ᠎ᠠ᠃ | ᠡᠷᠬᠡ ᠪᠣᠯ ᠬᠠᠷᠢᠭᠤᠴᠠᠯᠭ᠎ᠠ᠂ ᠠᠵᠢᠯ ᠤᠨ ᠪᠠᠶᠢᠷᠢ ᠪᠣᠯ ᠡᠭᠦᠷᠭᠡ ᠭᠡᠳᠡᠭ ᠢ ᠪᠠᠲᠤ ᠴᠡᠭᠡᠵᠢᠯᠡᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠲᠡᠮᠡᠴᠡᠯ ᠤᠨ ᠵᠣᠷᠢᠭ | ᠰᠠᠨᠠᠭ᠎ᠠ ᠶᠢ ᠪᠠᠷᠢᠮᠲᠠᠯᠠᠨ᠂ ᠤᠴᠢᠷ ᠶᠠᠪᠤᠳᠠᠯ ᠠᠴᠠ ᠵᠠᠶᠢᠯᠠᠬᠤ ᠥᠬᠡᠶ᠂ ᠵᠢᠷᠤᠮ ᠠᠴᠠ ᠵᠠᠶᠢᠯᠠᠬᠤ ᠥᠬᠡᠶ ᠪᠠᠶᠢᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯ | ᠬᠢᠵᠦ ᠤᠶᠢᠯᠡᠰ ᠴᠣᠭᠴᠠᠯᠠᠨ᠂ ᠡᠷᠡᠰ ᠬᠠᠲᠠᠭᠤ ᠵᠣᠷᠢᠭ ᠰᠠᠨᠠᠭ᠎ᠠ ᠪᠠᠷ ᠬᠦᠴᠢᠷ ᠪᠡᠷᠬᠡ ᠶᠢ ᠳᠠᠪᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠰᠠᠶᠢᠨ ᠳᠦᠷᠬᠦ | ᠪᠠᠶᠢᠳᠠᠯ᠂ ᠴᠢᠳᠠᠮᠠᠭᠠᠶ ᠪᠠᠷ ᠠᠵᠢᠯ ᠬᠢᠬᠦ ᠵᠢᠩᠬᠢᠨᠢ ᠴᠢᠳᠠᠪᠤᠷᠢ ᠪᠠᠷ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠬᠦᠯᠦᠨ᠎ᠡ᠃ | ︵ᠭᠤᠷᠪᠠ︶ ᠬᠠᠤᠯᠢ ᠶᠣᠰᠣᠭᠠᠷ ᠵᠠᠰᠠᠭ ᠶᠠᠪᠤᠭᠤᠯᠬᠤ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ ᠬᠠᠤᠯᠢᠵᠢᠯ ᠵᠠᠰᠠᠭ ᠤᠨ ᠣᠷᠳᠣᠨ ᠤ | ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ︽ᠭᠤᠷᠪᠠᠨ ᠴᠢᠬᠤᠯᠠ ᠨᠢᠭᠡ ᠶᠡᠭᠡ︾ ᠰᠢᠢᠳᠪᠤᠷᠢᠳᠤ ᠪᠤᠳᠤᠯᠭ᠎ᠠ ᠲᠣᠭᠲᠠᠭᠠᠬᠤ ᠲᠣᠭᠲᠠᠴᠠ ᠶᠢ | ᠲᠡᠭᠦᠯᠳᠡᠷᠵᠢᠭᠦᠯᠦᠨ᠂ ᠴᠢᠬᠤᠯᠠ ᠶᠡᠭᠡ ᠲᠦᠷᠦ ᠶᠢᠨ ᠪᠤᠳᠤᠯᠭ᠎ᠠ ᠲᠤᠭᠳᠠᠭᠠᠬᠤ ᠠᠴᠠ ᠡᠮᠦᠨ᠎ᠡ ᠦᠨᠡᠯᠡᠨ ᠵᠢᠱᠢᠬᠦ ᠪᠠ ᠲᠤᠭᠳᠠᠭᠠᠭᠰᠠᠨ ᠤ ᠲᠠᠷᠠᠭ᠎ᠠ ᠦᠨᠡᠯᠡᠬᠦ | ᠲᠦᠷᠢᠮ ᠢ ᠲᠡᠭᠦᠯᠳᠡᠷᠵᠢᠭᠦᠯᠵᠦ᠂ ᠰᠢᠢᠳᠪᠤᠷᠢᠳᠤ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢᠵᠢᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠳᠠᠯᠪᠢᠯᠳᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ | ᠵᠥᠪᠯᠡᠯᠭᠡᠨ ᠤ ᠬᠢᠨᠠᠯᠲᠠ ᠳᠠᠯᠪᠢᠯᠳᠠ ᠶᠢ ᠤᠬᠠᠮᠰᠠᠷ ᠠᠴᠠ ᠪᠠᠨ ᠬᠦᠯᠢᠶᠠᠨ᠂ ᠤᠯᠠᠨ ᠲᠦᠮᠡᠨ ᠤ ᠬᠢᠨᠠᠯᠲᠠ ᠳᠠᠯᠪᠢᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠵᠥᠪᠯᠡᠯᠭᠡ ᠶᠢ ᠬᠢᠨᠠᠮᠠᠭᠠᠶ ᠰᠠᠶᠢᠲᠤᠷ ᠰᠢᠢᠳᠪᠤᠷᠢᠯᠡᠵᠤ᠂ ᠵᠠᠰᠠᠭ ᠤᠨ ᠣᠷᠳᠣᠨ ᠳᠤ ᠬᠤᠯᠪᠣᠭᠳᠠᠭᠰᠠᠨ ᠦᠯᠡᠳᠡᠭᠳᠡᠯ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ | ᠢᠳᠡᠪᠬᠢᠲᠡᠶ ᠪᠦᠭᠡᠳ ᠯᠠᠪᠳᠠᠭᠤᠨ ᠢᠶᠠᠷ ᠰᠢᠢᠳᠪᠤᠷᠢᠯᠡᠵᠤ᠂ ᠨᠡᠭᠡᠭᠡᠨ ᠬᠦᠭᠵᠢᠬᠦᠯᠬᠦ ᠤᠷᠤᠨ ᠢᠶᠠᠷ ᠵᠢᠱᠢᠶ᠎ᠡ ᠪᠤᠯᠭᠠᠨ ᠦᠭᠡᠷᠡᠴᠢᠯᠡᠯᠳᠡ ᠶᠢ ᠠᠬᠢᠭᠤᠯᠬᠤ ᠶᠢ ᠡᠷᠡᠰ | ᠲᠤᠶᠢᠯᠪᠤᠷᠢᠳᠠᠢ ᠠᠳᠬᠤᠨ᠎ᠠ᠃ ᠵᠠᠰᠠᠭ ᠤᠨ ᠣᠷᠳᠣᠨ ᠤ ᠠᠯᠪᠠᠨ ᠠᠵᠢᠯᠳᠠᠨ ᠴᠥᠮ ᠬᠠᠤᠯᠢᠵᠢᠯ ᠤᠨ ᠰᠡᠳᠬᠢᠬᠦᠶ᠂ ᠵᠢᠷᠤᠮᠵᠢᠭᠰᠠᠨ ᠰᠡᠳᠬᠢᠬᠦᠶ᠂ ᠬᠤᠷᠢᠭ᠎ᠠ | ᠱᠤᠭᠤᠮ ᠤᠨ ᠰᠡᠳᠬᠢᠬᠦᠶ᠂ ᠰᠢᠰᠲ᠋ᠧᠮᠲᠦ ᠰᠡᠳᠬᠢᠬᠦᠶ ᠶᠢ ᠪᠤᠢ ᠪᠣᠯᠭᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠶ᠃ | ︵ᠲᠦᠷᠪᠡ︶ ᠠᠷᠢᠭᠤᠨ ᠴᠢᠭᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠪᠠᠷᠢᠮᠲᠠᠯᠠᠵᠤ᠂ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠰᠠᠶᠢᠲᠤᠷ ᠬᠡᠷᠡᠭᠯᠡᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠦᠪᠯᠡᠯ᠂ ᠬᠢᠨᠠᠨ ᠪᠤᠳᠤᠬᠤ ᠪᠠᠶᠢᠭᠤᠯᠭ᠎ᠠ ᠶᠢᠨ ᠬᠠᠤᠯᠢ ᠶᠣᠰᠣᠭᠠᠷ ᠠᠵᠢᠯ ᠢᠶᠠᠨ ᠥᠷᠨᠢᠭᠦᠯᠬᠦ ᠶᠢ ᠳᠡᠮᠵᠢᠨ᠎ᠡ᠃ ᠢᠯᠵᠠᠷᠠᠯ ᠢ ᠵᠠᠯᠬᠠᠭᠠᠨ ᠰᠢᠳᠬᠡᠬᠦ ᠶᠢ | ᠢᠮᠠᠭᠳᠠ ᠪᠠᠷᠢᠮᠳᠠᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ | ᠠᠵᠢᠯ ᠢ ᠡᠷᠡᠰ ᠭᠤᠶᠢᠪᠢᠰᠢ ᠦᠭᠡᠢ ᠪᠠᠷ ᠭᠦᠨᠵᠡᠭᠡᠶᠢᠷᠡᠭᠦᠯᠦᠨ᠂ ᠤᠯᠠᠨ ᠲᠦᠮᠡᠨ ᠤ ᠳᠡᠷᠭᠡᠳᠡᠬᠢ ᠢᠯᠵᠠᠷᠠᠯ᠂ ᠨᠠᠵᠠᠭᠠᠶᠢᠷᠠᠨ ᠠᠵᠢᠯ ᠬᠢᠬᠦ ᠦᠭᠡᠢ ᠢᠯᠵᠠᠷᠠᠯ ᠢ | ᠴᠡᠭᠴᠡᠯᠡᠨ ᠵᠠᠰᠠᠬᠤ ᠶᠢ ᠴᠢᠬᠤᠯᠠᠴᠢᠯᠠᠵᠤ᠂ ︽ᠢᠳᠡᠬᠦ ᠠᠪᠬᠤ ᠺᠠᠷᠲ︾᠂ ︽ᠤᠴᠢᠷ ᠶᠠᠪᠤᠳᠠᠯ ᠢ ᠰᠠᠶᠢᠨ ᠬᠦᠢᠴᠡᠳᠬᠡᠬᠦ ᠦᠭᠡᠢ︾ ᠪᠠᠶᠢᠭᠤᠯᠭ᠎ᠠ ᠪᠠ ᠬᠤᠪᠢ | ᠬᠥᠮᠦᠨ ᠢ ᠴᠢᠩᠭ᠎ᠠ ᠵᠠᠯᠬᠠᠭᠠᠨ ᠰᠢᠳᠬᠡᠵᠦ᠂ ᠵᠠᠰᠠᠭ ᠤᠨ ᠣᠷᠳᠣᠨ ᠤ ᠠᠯᠪᠠᠨ ᠲᠤᠰᠢᠶᠠᠯᠲᠠᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠢᠮᠠᠭᠲᠠ | ᠪᠢᠰᠢᠷᠡᠨ ᠵᠢᠷᠦᠬᠡᠰᠢᠶᠡᠬᠦ᠂ ᠰᠡᠷᠡᠮᠵᠢᠯᠡᠨ ᠡᠮᠢᠶᠡᠬᠦ᠂ ᠬᠤᠷᠢᠭ᠎ᠠ ᠱᠤᠭᠤᠮ ᠢ ᠰᠠᠬᠢᠬᠤ ᠶᠢ ᠪᠡᠶᠡᠯᠡᠭᠦᠯᠦᠨ᠎ᠡ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠵᠠᠰᠠᠭ ᠤᠨ ᠣᠷᠳᠣᠨ ᠤ ᠵᠣᠭᠤᠰ ᠵᠠᠷᠤᠬᠤ ︽ᠠᠮᠠ︾ ᠶᠢ ᠴᠢᠩᠭ᠎ᠠ ᠪᠠᠷᠢᠵᠤ᠂ | ᠵᠠᠰᠠᠭ ᠤᠨ ᠣᠷᠳᠣᠨ ᠤ ︽ᠠᠷᠪᠢᠯᠠᠨ ᠭᠠᠮᠨᠠᠬᠤ︾ ᠪᠠᠷ ᠤᠯᠠᠨ ᠲᠦᠮᠡᠨ ᠤ ︽ᠰᠠᠶᠢᠨ ᠰᠠᠶᠢᠬᠠᠨ ᠠᠮᠢᠳᠤᠷᠠᠯ︾ ᠢ ᠴᠤᠭᠴᠠᠯᠠᠨ᠎ᠠ᠃ | ᠲᠥᠯᠥᠭᠡᠯᠡᠭᠴᠢᠳ ᠡ᠂ ᠰᠠᠶᠢᠨ ᠰᠠᠶᠢᠬᠠᠨ ᠢᠷᠡᠭᠡᠳᠦᠶ ᠨᠢ ᠪᠢᠳᠡᠨ ᠤ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠳᠤ ᠳᠦᠰᠢᠭᠯᠡᠨ᠎ᠡ᠃ ᠠᠤᠭ᠎ᠠ ᠵᠢᠷᠤᠭ ᠲᠥᠰᠦᠪ ᠢ | ᠰᠠᠶᠢᠨ ᠰᠠᠶᠢᠬᠠᠨ ᠪᠣᠳᠠᠲᠤ ᠠᠬᠤᠶ ᠪᠣᠯᠭᠠᠨ ᠬᠤᠪᠢᠷᠠᠭᠤᠯᠬᠤ ᠪᠣᠯ ᠪᠡᠷᠬᠡ ᠶᠢ ᠲᠤᠭᠤᠯᠤᠨ᠂ ᠪᠣᠳᠠᠲᠠᠶ ᠠᠵᠢᠯᠯᠠᠵᠤ᠂ ᠰᠢᠨ᠎ᠡ ᠶᠢ ᠡᠬᠦᠳᠦᠨ᠂ ᠤᠷᠳᠤ ᠬᠤᠭᠤᠴᠠᠭ᠎ᠠ | ᠪᠠᠷ ᠴᠢᠷᠮᠠᠶᠢᠨ ᠠᠵᠢᠯᠯᠠᠬᠤ ᠶᠠᠪᠤᠴᠠ ᠪᠤᠯᠤᠨ᠎ᠠ᠃ ᠥᠩᠭᠡᠷᠡᠭᠰᠡᠨ ᠬᠡᠳᠦᠨ ᠵᠢᠯ ᠳᠤ ᠪᠢᠳᠡ ᠬᠦᠴᠢᠷ ᠢ ᠰᠦᠷᠦᠨ ᠤᠷᠤᠭᠰᠢᠯᠠᠵᠤ᠂ ᠬᠦᠴᠦᠷᠬᠡᠭᠵᠢᠬᠦ ᠪᠠᠷ ᠬᠦᠴᠦᠯᠡᠨ | ᠴᠢᠷᠮᠠᠶᠢᠭᠰᠠᠨ ᠠᠴᠠ ᠰᠠᠶᠢᠨ ᠰᠠᠶᠢᠬᠠᠨ ᠬᠥᠭᠵᠢᠯᠲᠡ ᠶᠢᠨ ᠰᠠᠭᠤᠷᠢ ᠶᠢ ᠲᠠᠯᠪᠢᠪᠠ︔ ᠬᠤᠶᠢᠰᠢᠳᠠ ᠶᠢᠨ ᠲᠠᠪᠤᠨ ᠵᠢᠯ ᠳᠤ ᠪᠢᠳᠡ ᠢᠯᠠᠯᠲᠠ ᠶᠢᠨ ᠡᠷᠴᠢᠨ ᠳᠡᠭᠡᠷ᠎ᠡ | ᠪᠠᠨ ᠤᠷᠤᠭᠰᠢᠯᠠᠨ᠂ ᠳ᠋ᠦᠩᠱᠧᠩ ᠤᠨ 60 ᠲᠦᠮᠡᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠷᠭᠦᠯᠵᠢᠯᠡᠨ ᠰᠢᠨ᠎ᠡ ᠠᠮᠵᠢᠯᠲᠠ ᠪᠦᠲᠦᠮᠵᠢ | ᠭᠠᠷᠭᠠᠵᠠᠭᠠᠶ᠎ᠠ᠃ | ᠰᠢᠨ᠎ᠡ ᠨᠢᠭᠡ ᠡᠭᠡᠯᠵᠢ ᠶᠢᠨ ᠬᠥᠭᠵᠢᠯᠲᠡ ᠶᠢᠨ ᠪᠦᠷᠢᠶ᠎ᠡ ᠨᠢᠭᠡᠨᠲᠡ ᠬᠠᠩᠬᠢᠨᠠᠵᠤ᠂ ᠢᠷᠡᠭᠡᠳᠦᠢ ᠶᠢᠨ ᠲᠠᠪᠤᠨ ᠵᠢᠯ ᠤᠨ ᠵᠢᠷᠤᠭ ᠲᠥᠰᠦᠪ ᠨᠢᠭᠡᠨᠲᠡ | ᠵᠢᠷᠤᠭᠯᠠᠭᠳᠠᠨ᠂ ᠡᠭᠦᠷᠭᠡᠯᠡᠵᠦ ᠪᠠᠶᠢᠭ᠎ᠠ ᠲᠡᠦᠬᠡᠲᠦ ᠡᠭᠦᠷᠭᠡ ᠢᠷᠠᠭᠤ ᠠᠯᠳᠠᠷᠲᠠᠢ ᠪᠥᠭᠡᠳ ᠪᠡᠷᠬᠡ ᠬᠠᠲᠠᠭᠤᠵᠢᠯᠲᠠᠢ ᠶᠤᠮ᠃ ᠪᠢᠳᠡ ᠲᠤᠭᠤᠷᠢᠭ ᠤᠨ ᠨᠠᠮ ᠤᠨ | ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠨᠠᠮ ᠯᠤᠭ᠎ᠠ ᠰᠡᠳᠬᠢᠯ ᠢᠶᠠᠨ ᠨᠢᠭᠡᠳᠬᠡᠨ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠠᠷᠠᠳ ᠲᠦᠮᠡᠨ ᠲᠠᠢ ᠬᠠᠮᠲᠤ ᠤᠷᠤᠭᠰᠢᠯᠠᠨ᠂ ᠥᠷᠯᠥᠭᠡ ᠦᠳᠡᠰᠢ ᠶᠢ | ᠲᠡᠮᠡᠴᠡᠬᠦ ᠵᠣᠷᠢᠭ ᠰᠠᠨᠠᠭ᠎ᠠ᠂ ᠥᠪᠡᠷ ᠢ ᠪᠠᠨ ᠦᠷᠡᠭᠳᠡᠭᠦᠯᠬᠦ ᠠᠤᠭ᠎ᠠ ᠵᠣᠷᠢᠭ ᠢᠶᠠᠷ ᠠᠵᠠ ᠲᠣᠬᠢᠶᠠᠯ ᠢ ᠠᠮᠵᠢᠨ᠂ ᠪᠣᠳᠠᠲᠠᠶ ᠠᠵᠢᠯᠯᠠᠵᠤ᠂ ᠣᠳᠣᠬᠢᠴᠢᠯᠠᠯᠲᠠ ᠶᠢᠨ | ᠳ᠋ᠦᠩᠱᠧᠩ ᠢ ᠪᠥᠲᠥᠭᠡᠨ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠪᠠᠨ ᠦᠵᠡᠭᠦᠯᠦᠶ᠎ᠡ︕ | | | | ᠨᠡᠷᠡᠰ ᠤᠨ ᠲᠠᠶᠢᠯᠪᠤᠷᠢ | ︽ᠬᠤᠶᠠᠷ ᠢ ᠬᠦᠩᠬᠡᠷᠡᠬᠦᠯᠬᠦ︾᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠤᠭᠴᠢᠳ ᠤᠨ ᠬᠡᠲᠦ ᠬᠦᠨᠳᠦ ᠳᠠᠰᠬᠠᠯ ᠤᠨ ᠳᠠᠷᠤᠭᠠᠰᠤ ᠪᠠ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠬᠦ ᠶᠢ ᠵᠢᠭᠠᠵᠤ ᠪᠣᠶ᠃ | ︽ᠭᠤᠷᠪᠠ ᠶᠢ ᠦᠭᠡᠶᠢᠰᠬᠡᠬᠦ︾ ᠠᠵᠢᠯᠯᠠᠭ᠎ᠠ᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠣᠷᠣᠭᠤᠯᠤᠯᠲᠠ ᠪᠠᠶᠢᠬᠤ ᠦᠭᠡᠢ᠂ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠬᠤ ᠦᠭᠡᠢ᠂ ᠡᠭᠦᠳᠦᠯᠲᠡ ᠶᠢᠨ ᠲᠤᠰᠬᠠᠶ ᠠᠰᠢᠭ ᠪᠠᠶᠢᠬᠤ ᠦᠭᠡᠢ ᠪᠠᠶᠢᠳᠠᠯ ᠢ | ᠦᠭᠡᠶᠢᠰᠭᠡᠬᠦ ︽ᠭᠤᠷᠪᠠ ᠶᠢ ᠦᠭᠡᠶᠢᠰᠬᠡᠬᠦ︾ ᠶᠢ ᠵᠢᠭᠠᠵᠤ ᠪᠣᠶ᠃ | ︽ᠵᠥᠷᠢᠶ᠎ᠡ ᠥᠬᠡᠶ ᠨᠣᠷᠮ᠎ᠠ︾᠄ ᠡᠮᠴᠢᠯᠡᠭᠡᠨ ᠤ ᠪᠠᠶᠢᠭᠤᠯᠤᠮᠵᠢ ᠣᠷᠣᠭᠤᠯᠤᠭᠰᠠᠨ ᠦᠨ᠎ᠡ ᠪᠠᠷ ᠢᠶᠠᠨ ᠡᠮ ᠤᠨ ᠵᠦᠢᠯ ᠢ ᠪᠤᠷᠤᠯᠠᠭᠤᠯᠵᠤ᠂ ᠳᠠᠭᠢᠵᠤ ᠦᠨ᠎ᠡ ᠨᠡᠮᠡᠬᠦ | ᠥᠬᠡᠶ ᠪᠠᠶᠢᠬᠤ ᠶᠢ ᠵᠢᠭᠠᠵᠤ ᠪᠣᠶ᠃ | ︽ᠬᠤᠶᠠᠷ ᠪᠠᠷᠢᠮᠲᠠ ᠶᠢᠨ ᠲᠦᠷᠢᠮ︾᠄ ᠡᠮ ᠤᠨ ᠵᠦᠢᠯ ᠢ ᠦᠢᠯᠡᠳᠪᠦᠷᠢᠯᠡᠬᠦ ᠠᠵᠤ ᠠᠬᠤᠶᠢᠯᠠᠯ ᠠᠴᠠ ᠡᠮ ᠤᠨ ᠵᠦᠢᠯ ᠢ ᠡᠵᠡᠩᠨᠡᠬᠦ ᠠᠵᠤ ᠠᠬᠤᠶᠢᠯᠠᠯ ᠳᠤ ᠭᠠᠷᠭᠠᠨ | ᠦᠭᠭᠦᠭᠰᠡᠨ ᠪᠠᠷᠢᠮᠲᠠ ᠪᠠ ᠡᠮ ᠤᠨ ᠵᠦᠢᠯ ᠢ ᠡᠵᠡᠩᠨᠡᠬᠦ ᠠᠵᠤ ᠠᠬᠤᠶᠢᠯᠠᠯ ᠠᠴᠠ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠳᠤ ᠭᠠᠷᠭᠠᠨ | ᠦᠭᠭᠦᠭᠰᠡᠨ ᠪᠠᠷᠢᠮᠲᠠ ᠶᠢ ᠵᠢᠭᠠᠵᠤ ᠪᠣᠶ᠃ | ︽ᠡᠮᠨᠡᠯᠭᠡ ᠶᠢᠨ ᠬᠤᠯᠪᠣᠭᠠᠲᠤ ᠴᠣᠭᠴᠠ︾᠄ ᠲᠤᠬᠠᠶᠢᠯᠠᠪᠠᠯ ᠡᠮᠴᠢᠯᠡᠭᠡᠨ ᠤ ᠬᠤᠯᠪᠣᠭᠠᠲᠤ ᠴᠣᠭᠴᠠ᠂ 1 ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠪᠠᠷ | ᠲᠣᠯᠣᠭᠠᠶᠢᠯᠠᠬᠤ ᠨᠢᠭᠡᠴᠡ ᠪᠣᠯᠭᠠᠵᠤ᠂ ᠡᠳᠦᠶ ᠲᠡᠳᠦᠶ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠰᠤᠪᠢᠯᠠᠯᠲᠠ ᠶᠢᠨ | ᠬᠤᠷᠢᠶ᠎ᠠ᠂ ᠲᠤᠰᠬᠠᠶ ᠡᠮᠨᠡᠯᠭᠡ ᠶᠢᠨ ᠬᠤᠷᠢᠶ᠎ᠠ ᠵᠡᠷᠭᠡ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ᠂ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠤᠯᠪᠣᠭᠠᠯᠠᠨ᠂ ︽1+X︾ ᠡᠮᠴᠢᠯᠡᠭᠡᠨ ᠤ ᠬᠤᠯᠪᠣᠭᠠᠲᠤ ᠴᠣᠭᠴᠠ ᠶᠢ | ᠪᠠᠶᠢᠭᠤᠯᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠠᠵᠢᠯ ᠬᠤᠪᠢᠶᠠᠷᠢᠯᠠᠨ ᠬᠠᠮᠵᠢᠯᠴᠠᠬᠤ ᠬᠠᠮᠢᠶᠠᠷᠤᠯᠲᠠ ᠶᠢᠨ ᠵᠠᠭᠪᠤᠷ ᠢ ᠪᠣᠶ ᠪᠤᠯᠭᠠᠭᠰᠠᠨ ᠢ ᠵᠢᠭᠠᠵᠣ ᠪᠣᠢ᠃ | ︽ᠡᠮᠨᠡᠯᠭᠡ ᠶᠢᠨ ᠬᠠᠮᠲᠤ ᠶᠢᠨ ᠴᠣᠭᠴᠠ︾᠄ ᠳᠠᠷᠤᠶ ᠡᠮᠴᠢᠯᠡᠭᠡᠨ ᠤ ᠬᠠᠮᠲᠤ ᠶᠢᠨ ᠴᠣᠭᠴᠠ ᠪᠣᠯᠤᠨ᠎ᠠ᠂ ︽ᠲᠣᠭᠤᠷᠢᠭ ᠤᠨ ᠱᠠᠲᠤᠨ ᠤ ᠡᠮᠨᠡᠯᠭᠡ ᠶᠢᠨ ᠬᠤᠷᠢᠶ᠎ᠠ ᠪᠠᠷ | ᠲᠣᠯᠣᠭᠠᠶᠢᠯᠠᠭᠴᠢ ᠪᠣᠯᠭᠠᠵᠤ᠂ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢᠶᠠᠷ | ᠵᠠᠩᠭᠢᠯᠠᠭ᠎ᠠ ᠪᠣᠯᠭᠠᠵᠤ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠪᠠᠷ | ᠰᠠᠭᠤᠷᠢ ᠪᠣᠯᠭᠠᠭᠰᠠᠨ︾ ᠲᠣᠭᠤᠷᠢᠭ᠂ ᠪᠠᠯᠭᠠᠰᠤᠨ ᠤ ᠵᠡᠭᠡᠯᠢ ᠭᠤᠳᠤᠮᠵᠢ᠂ ᠲᠣᠰᠬᠤᠨ ᠨᠡᠶᠢᠭᠡᠮ ᠲᠣᠭᠤᠷᠢᠭ ᠭᠤᠷᠪᠠᠨ ᠱᠠᠲᠤᠨ ᠤ ᠬᠤᠯᠪᠣᠭᠠᠯᠠᠨ ᠬᠥᠳᠡᠯᠦᠯᠴᠡᠬᠦ | ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠵᠢᠭᠠᠨ᠎ᠠ᠃ | ︽ᠭᠤᠷᠪᠠᠨ ᠴᠢᠬᠤᠯᠠ ᠨᠢᠭᠡ ᠶᠡᠭᠡ︾᠄ ︽ᠭᠤᠷᠪᠠᠨ ᠴᠢᠬᠤᠯᠠ︾ ᠨᠢ ᠴᠢᠬᠤᠯᠠ ᠶᠡᠭᠡ ᠵᠦᠢᠯᠡᠰ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠴᠢᠬᠤᠯᠠ ᠺᠠᠳ᠋ᠷ ︵ | ᠠᠵᠢᠯᠲᠠᠨ ᠤ ᠶᠠᠪᠤᠳᠠᠯ︶ ᠢ ᠲᠣᠮᠢᠯᠠᠵᠤ ᠪᠠᠭᠤᠯᠭᠠᠬᠤ᠂ ᠴᠢᠬᠤᠯᠠ ᠶᠡᠭᠡ ᠲᠥᠷᠥᠯ ᠵᠦᠢᠯ ᠢ ᠳᠣᠭᠢᠷᠠᠭᠤᠯᠬᠤ ᠶᠢ ᠵᠢᠭᠠᠵᠤ᠂ ︽ᠨᠢᠭᠡ ᠶᠡᠭᠡ︾ ᠭᠡᠳᠡᠭ ᠨᠢ ᠶᠡᠭᠡ | ᠲᠣᠭᠠᠨ ᠤ ᠪᠠᠯᠠ ᠮᠥᠩᠭᠦ ᠶᠢᠨ ᠬᠡᠷᠡᠭᠯᠡᠯᠲᠡ ᠶᠢ ᠵᠢᠭᠠᠵᠤ ᠪᠣᠶ᠃ | ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ᠄ ᠮᠠᠨ ᠤ ᠤᠯᠤᠰ ᠤᠨ ᠳᠤᠷᠠᠳᠤᠭᠰᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ ᠪᠠᠭᠠᠰᠬᠠᠬᠤ ᠬᠤᠶᠠᠷ ᠱᠠᠲᠤᠨ ᠤ ᠲᠡᠮᠡᠴᠡᠬᠦ ᠬᠠᠷᠠᠯᠲᠠ ᠶᠢ ᠵᠢᠭᠠᠵᠤ ᠪᠠᠶᠢᠨ᠎ᠠ᠂ ᠲᠠᠷᠣᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ 2030 ᠣᠨ ᠪᠤᠯᠬᠤ ᠳᠤ ᠤᠷᠬᠢᠯ ᠬᠡᠮᠵᠢᠭᠳᠡᠯ ᠳᠤ ᠬᠦᠷᠭᠡᠵᠦ᠂ 2060 ᠣᠨ ᠪᠤᠯᠬᠤ ᠳᠤ ᠨᠡᠭᠦᠷᠡᠰᠦᠲᠥ᠋ᠷᠥᠭᠴᠢ ᠶᠢᠨ | ᠰᠠᠭᠠᠷᠮᠠᠭᠵᠢᠯ ᠢ ᠪᠡᠶᠡᠯᠡᠭᠦᠯᠬᠦ ᠶᠢ ᠵᠢᠭᠠᠵᠤ ᠪᠤᠢ᠃ | ᠡᠨᠧᠷᠭᠢ ᠶᠢᠨ ᠬᠤᠷᠤᠭᠳᠠᠯ ᠤᠨ ︽ᠬᠤᠣᠰ ᠡᠵᠡᠮᠳᠡᠯ︾᠄ ᠡᠨᠧᠷᠭᠢ ᠶᠢᠨ ᠬᠤᠷᠣᠭᠳᠠᠯ ᠤᠨ ᠬᠦᠴᠦᠯᠡᠴᠡ ᠪᠣᠯᠤᠨ ᠡᠨᠧᠷᠭᠢ ᠶᠢᠨ ᠬᠤᠷᠣᠭᠳᠠᠯ ᠤᠨ ᠶᠡᠷᠦᠩᠬᠡᠶ | ᠬᠡᠮᠵᠢᠶ᠎ᠡ ᠶᠢ ᠡᠵᠡᠮᠳᠡᠬᠦ ᠶᠢ ᠵᠢᠭᠠᠨ᠎ᠠ᠃ | ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾᠄ ︽ᠬᠤᠶᠠᠷ ᠬᠠᠯᠬᠠᠪᠴᠢ︾ ᠭᠡᠳᠡᠭ ᠨᠢ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠠ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠵᠢᠭᠠᠵᠤ ᠪᠣᠶ︔ ︽ᠬᠤᠶᠠᠷ | ᠰᠠᠭᠤᠷᠢᠨ︾ ᠭᠡᠳᠡᠭ ᠨᠢ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠵᠢᠭᠠᠵᠣ᠂ ︽ᠨᠢᠭᠡ ᠪᠠᠬᠢᠯᠡᠯᠲᠡ︾ ᠭᠡᠳᠡᠭ ᠨᠢ ᠮᠠᠨ ᠤ ᠤᠯᠤᠰ ᠤᠨ | ᠤᠮᠠᠷᠠᠰᠢ ᠨᠡᠭᠡᠭᠡᠯᠳᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠵᠢᠭᠠᠵᠣ ᠪᠣᠢ᠃ | ︽ᠵᠢᠷᠭᠤᠭ᠎ᠠ ᠶᠢ ᠲᠤᠭᠳᠠᠪᠤᠷᠢᠵᠢᠭᠤᠯᠬᠤ︾᠄ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ ᠭᠦᠢᠯᠭᠡᠭᠡ ᠶᠢ ᠲᠣᠭᠲᠠᠪᠤᠷᠢᠵᠢᠭᠤᠯᠬᠤ᠂ ᠭᠠᠳᠠᠭᠠᠳᠤ | ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠵᠢᠱᠢᠯᠲᠡ ᠶᠢ | ᠲᠣᠭᠲᠠᠪᠤᠷᠢᠵᠢᠭᠤᠯᠬᠤ ᠶᠢ ᠵᠢᠭᠠᠵᠣ ᠪᠣᠢ᠃ | ︽ᠵᠢᠷᠭᠤᠭ᠎ᠠ ᠶᠢ ᠪᠠᠲᠤᠯᠠᠬᠤ︾᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ᠂ ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ | ᠶᠢᠨ ᠲᠣᠭᠲᠠᠭᠤᠨ ᠪᠠᠶᠢᠬᠤ ᠶᠢ ᠪᠠᠲᠤᠯᠠᠬᠤ᠂ ᠦᠨᠳᠦᠰᠦᠨ ᠱᠠᠲᠤᠨ ᠤ ᠠᠵᠢᠯᠯᠠᠭᠠᠨ ᠢ ᠪᠠᠲᠤᠯᠠᠬᠤ ᠶᠢ ᠵᠢᠭᠠᠵᠤ ᠪᠠᠶᠢᠨ᠎ᠠ᠃ | ︽ᠲᠣᠰᠬᠠᠢ᠂ ᠨᠠᠷᠢᠯᠢᠭ᠂ ᠣᠨᠴᠠᠯᠢᠭᠲᠤ᠂ ᠰᠢᠨ᠎ᠡ ᠰᠡᠪᠡᠬᠦᠨ︾᠄ ᠲᠤᠰᠬᠠᠶᠢᠵᠢᠭᠰᠠᠨ᠂ ᠨᠠᠷᠢᠯᠢᠬᠵᠢᠭᠰᠠᠨ᠂ ᠣᠨᠴᠠᠯᠢᠬᠵᠢᠭᠰᠠᠨ᠂ ᠰᠢᠨ᠎ᠡ ᠰᠡᠪᠡᠬᠦᠨ ᠣᠨᠴᠠᠯᠢᠭ ᠲᠠᠢ | ᠠᠵᠤ ᠦᠢᠯᠡᠳᠪᠦᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠵᠢᠭᠠᠵᠤ ᠪᠠᠶᠢᠨ᠎ᠠ᠃ | ᠬᠠᠲᠤᠨ ᠭᠤᠣᠯ ᠤᠨ ︽几ᠦᠰᠦᠭ ᠤᠨ ᠲᠣᠬᠤᠢ︾᠄ ᠬᠠᠲᠤᠨ ᠭᠤᠣᠯ ᠤᠨ ᠭᠠᠨᠰᠦ᠂ ᠨᠢᠩᠰᠢᠶᠠ᠂ ᠥᠪᠥᠷ ᠮᠣᠩᠭᠤᠯ᠂ ᠱᠠᠨᠰᠢ᠂ ᠱᠠᠨ ᠰᠢ ᠵᠡᠷᠭᠡ ᠮᠤᠵᠢ | ᠣᠷᠣᠨ ᠢᠶᠠᠷ ᠤᠷᠤᠰᠤᠨ ᠥᠩᠭᠡᠷᠡᠭᠡᠳ ᠪᠤᠶ ᠪᠤᠯᠭᠠᠭᠰᠠᠨ几 ᠦᠰᠦᠭ ᠤᠨ ᠮᠤᠷᠦ᠋ᠢᠯᠲᠠ ᠶᠢᠨ ᠣᠷᠣᠨ ᠢ ᠵᠢᠭᠠᠵᠤ ᠪᠠᠶᠢᠨ᠎ᠠ᠃ | ︽ᠭᠠᠵᠠᠷ ᠪᠠᠶᠢᠪᠠᠯ ᠳᠠᠷᠤᠶ ᠠᠵᠢᠯ ᠢᠶᠠᠨ ᠡᠬᠢᠯᠡᠭᠦᠯᠦᠨ᠎ᠡ︾᠄ ᠬᠤᠲᠠ ᠪᠠᠯᠭᠠᠰᠤᠨ ᠤ ᠤᠯᠤᠰ ᠤᠨ ᠥᠮᠴᠢᠯᠡᠯ ᠤᠨ ᠭᠠᠵᠠᠷ ᠰᠢᠷᠣᠶ ᠳᠡᠭᠡᠷᠡᠬᠢ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠴᠢᠭᠯᠡᠭᠦᠯᠦᠨ᠂ ᠠᠵᠤ ᠠᠬᠤᠶᠢᠯᠠᠯ ᠨᠢ ᠤᠯᠤᠰ ᠤᠨ ᠥᠮᠴᠢᠯᠡᠯ ᠤᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ | ᠰᠢᠯᠵᠢᠭᠦᠯᠦᠨ ᠬᠤᠳᠠᠯᠳᠤᠬᠤ ᠭᠡᠷ᠎ᠡ ᠶᠢ ᠬᠠᠩᠭᠠᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠨᠢ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠶᠢ ᠳᠠᠩᠰᠠᠯᠠᠭᠤᠯᠬᠤ ᠭᠠᠷᠳᠠᠮ ᠢ ᠣᠯᠵᠤ᠂ ᠠᠵᠤ ᠠᠬᠤᠶᠢᠯᠠᠯ ᠪᠣᠯᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ | ᠵᠦᠢᠯ ᠨᠢ ᠵᠥᠪᠰᠢᠶᠡᠷᠡᠭᠦᠯᠦᠭᠰᠡᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠦᠯ ᠢ ᠬᠠᠩᠭᠠᠬᠤ ᠶᠢᠨ ᠬᠠᠮᠲᠤ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠵᠣᠬᠢᠬᠤ ᠴᠠᠭ ᠬᠤᠭᠤᠴᠠᠭᠠᠨ ᠤ ᠳᠣᠲᠣᠷ᠎ᠠ ᠲᠥᠷᠥᠯ | ᠵᠦᠢᠯ ᠳᠤ ᠬᠡᠷᠡᠭᠯᠡᠬᠦ ᠭᠠᠵᠠᠷ ᠤᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ᠂ ᠠᠷᠠᠳ ᠤᠨ ᠠᠭᠠᠷ ᠤᠨ ᠰᠡᠷᠭᠡᠶᠢᠯᠡᠯᠲᠡ᠂ ᠪᠠᠷᠢᠯᠭ᠎ᠠ ᠶᠢᠨ | ᠲᠥᠯᠥᠪᠵᠢᠭᠦᠯᠭᠡ ᠶᠢ ᠵᠥᠪᠰᠢᠶᠡᠷᠡᠬᠦ ᠵᠡᠷᠭᠡ ᠤᠷᠢᠳᠠᠴᠢ ᠭᠠᠷᠳᠠᠮ ᠢ ᠭᠦᠢᠴᠡᠳᠭᠡᠬᠦ ᠪᠠᠷ ᠠᠮᠠᠯᠳᠠᠪᠠᠯ ᠳᠠᠷᠤᠶ ︽ᠤᠷᠢᠳᠠᠪᠠᠷ ᠠᠵᠢᠯ ᠡᠬᠢᠯᠡᠭᠦᠯᠬᠦ ᠮᠡᠳᠡᠭᠳᠡᠯ ᠤᠨ ᠪᠢᠴᠢᠭ︾ | ᠢ ᠭᠦᠢᠴᠡᠳᠭᠡᠵᠦ ᠪᠣᠯᠤᠨ᠎ᠠ᠃ | ︽ᠪᠠᠷᠢᠮᠵᠢᠶᠠᠲᠤ ᠭᠠᠵᠠᠷ︾᠄ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ᠂ ᠡᠨᠧᠷᠭᠢ ᠶᠢᠨ ᠦᠨᠡᠯᠡᠯᠲᠡ ᠵᠡᠷᠭᠡ ᠣᠷᠣᠨ ᠪᠦᠰᠡ ᠶᠢᠨ ᠦᠨᠡᠯᠡᠨ | ᠵᠢᠱᠢᠯᠲᠡ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠪᠠᠯᠠ ᠣᠷᠣᠭᠤᠯᠤᠯᠲᠠ᠂ ᠡᠨᠧᠷᠭᠢ ᠶᠢᠨ ᠬᠤᠷᠣᠭᠳᠠᠯ᠂ ᠭᠠᠳᠠᠭᠰᠢᠯᠠᠭᠤᠯᠤᠯᠲᠠ᠂ ᠭᠠᠷᠣᠯᠲᠠ ᠵᠡᠷᠭᠡ | ᠭᠦᠢᠴᠡᠳᠭᠡᠯ ᠲᠤᠭ᠎ᠠ ᠶᠢ ᠠᠪᠴᠤ ᠰᠢᠯᠵᠢᠭᠦᠯᠦᠨ ᠬᠤᠳᠠᠯᠳᠤᠭᠰᠠᠨ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠃ ︽ᠨᠢᠭᠡ | ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠭᠰᠡᠨ︾ ᠤ ᠳᠠᠷᠠᠭ᠎ᠠ᠂ ᠭᠠᠵᠠᠷ ᠰᠢᠷᠣᠶ ᠬᠡᠷᠡᠭᠯᠡᠬᠦ ᠠᠵᠤ ᠠᠬᠤᠶᠢᠯᠠᠯ ᠨᠢ ᠭᠠᠵᠠᠷ ᠰᠢᠷᠣᠶ ᠠᠪᠣᠮᠠᠭᠴᠠ ᠳᠠᠷᠤᠶ | ᠠᠵᠢᠯ ᠡᠬᠢᠯᠡᠭᠦᠯᠬᠦ ᠶᠢ ᠪᠡᠶᠡᠯᠡᠭᠦᠯᠵᠦ᠂ ᠡᠯ᠎ᠡ ᠲᠥᠷᠥᠯ ᠤᠨ ᠬᠢᠨᠠᠨ ᠵᠥᠪᠰᠢᠶᠡᠷᠡᠯ ᠢ ᠳᠠᠭᠢᠵᠤ ᠬᠡᠷᠡᠭᠰᠡᠬᠦ ᠥᠬᠡᠶ᠂ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠤᠭᠰᠠᠨ ᠤ ᠳᠠᠷᠠᠭ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠢᠭᠡᠨᠲᠡ ᠲᠣᠭᠲᠠᠭᠠᠭᠰᠠᠨ ᠪᠠᠷᠢᠮᠵᠢᠶ᠎ᠠ ᠪᠠ ᠬᠠᠤᠯᠢ ᠪᠠᠷ ᠲᠣᠭᠲᠠᠭᠠᠭᠰᠠᠨ ᠨᠥᠬᠦᠴᠡᠯ ᠤᠨ | ᠶᠣᠰᠣᠭᠠᠷ ᠰᠢᠯᠭᠠᠨ ᠬᠤᠷᠢᠶᠠᠵᠤ ᠪᠣᠯᠤᠨ᠎ᠠ᠃ | ︽ᠲᠦᠷᠪᠡ ᠶᠢ ᠬᠢᠵᠠᠭᠠᠷᠯᠠᠬᠤ︾᠄ ᠪᠤᠷᠳᠤᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠡᠮ ᠢ ᠬᠢᠵᠠᠭᠠᠷᠯᠠᠨ ᠬᠤᠣᠷᠳᠠᠯ ᠢ ᠪᠠᠭᠠᠰᠬᠠᠬᠤ᠂ ᠪᠦᠷᠬᠦᠪᠴᠢ ᠶᠢ | ᠬᠢᠵᠠᠭᠠᠷᠯᠠᠨ ᠪᠣᠬᠢᠷᠲᠤᠯ ᠢ ᠪᠠᠭᠠᠰᠬᠠᠬᠤ᠂ ᠣᠰᠣ ᠶᠢ ᠬᠢᠵᠠᠭᠠᠷᠯᠠᠨ ᠬᠤᠷᠣᠭᠳᠠᠯ ᠢ ᠪᠠᠭᠠᠰᠬᠠᠬᠤ ᠶᠢ ᠵᠢᠭᠠᠨ᠎ᠠ᠃ | ︽ᠬᠠᠶᠠᠭᠳᠠᠮᠠᠯ ᠦᠭᠡᠶ ᠬᠤᠲᠠ︾᠄ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤ ᠪᠠᠷ ᠡᠳ᠋ᠯᠡᠬᠦ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢᠶᠠᠷ ᠬᠥᠲᠥᠯᠦᠮᠵᠢ ᠪᠣᠯᠭᠠᠵᠤ᠂ ᠪᠣᠬᠢᠷᠲᠤᠯ ᠦᠭᠡᠢ ᠬᠦᠭᠵᠢᠭᠦᠯᠦᠯᠲᠡ ᠶᠢᠨ ᠬᠡᠯᠪᠡᠷᠢ ᠪᠠ ᠠᠮᠢᠳᠤᠷᠠᠯ ᠤᠨ ᠠᠷᠭ᠎ᠠ ᠮᠠᠶ᠋ᠢᠭ ᠢ ᠪᠦᠷᠢᠯᠳᠦᠭᠦᠯᠬᠦ ᠶᠢ | ᠠᠬᠢᠭᠤᠯᠬᠤ ᠪᠠᠷ ᠳᠠᠮᠵᠢᠭᠤᠯᠤᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ | ᠦᠷᠭᠦᠯᠵᠢᠯᠡᠨ ᠠᠬᠢᠭᠤᠯᠵᠤ᠂ ᠪᠤᠯᠠᠬᠤ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ | ᠲᠣᠭᠤᠷᠢᠨ ᠤ ᠨᠥᠯᠥᠭᠡᠯᠡᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠬᠤᠳᠠ ᠶᠢᠨ ᠬᠥᠭᠵᠢᠯᠲᠡ ᠶᠢᠨ ᠵᠠᠭᠪᠤᠷ᠂ ᠪᠠᠰᠠ ᠴᠤ ᠨᠢᠭᠡ | ᠵᠦᠢᠯ ᠤᠨ ᠲᠡᠷᠢᠭᠦᠨ ᠤ ᠬᠤᠳᠠ ᠶᠢᠨ ᠬᠠᠮᠢᠶᠠᠷᠤᠯᠲᠠ ᠶᠢᠨ ᠣᠶᠢᠯᠠᠭᠠᠭᠳᠠᠬᠤᠨ ᠮᠥᠨ᠃ | ︽ᠨᠡᠬᠦᠷᠠᠰᠦᠳᠦ᠋ᠷᠦᠭᠴᠢᠳᠤ ᠬᠤᠷᠠᠮᠳᠤᠯ ᠠᠵᠤ ᠠᠬᠤᠶ︾᠄ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠣᠯᠲᠠ ᠲᠣᠣᠷ᠎ᠠ ᠠᠵᠤ ᠠᠬᠤᠶ ᠶᠢ ᠵᠢᠭᠠᠵᠤ ᠪᠠᠶᠢᠨ᠎ᠠ᠂ ᠪᠠᠰᠠ | ᠣᠷᠴᠢᠨ ᠠᠬᠤᠶ ᠶᠢ ᠬᠠᠮᠠᠭᠠᠯᠠᠬᠤ ᠠᠵᠤ ᠠᠬᠤᠶ᠂ ᠪᠣᠬᠢᠷᠲᠤᠯ ᠦᠭᠡᠢ ᠠᠵᠤ ᠠᠬᠤᠶ ᠶᠢ ᠵᠢᠭᠠᠨ᠎ᠠ᠂ ᠲᠡᠷᠡ ᠨᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ ᠪᠠᠭᠠᠰᠬᠠᠬᠤ ᠪᠠᠷ ᠬᠥᠭᠵᠢᠯᠲᠡ ᠶᠢᠨ ᠪᠠᠷᠢᠮᠵᠢᠶ᠎ᠠ ᠪᠣᠯᠭᠠᠨ᠎ᠠ᠃ | ︽ᠪᠢᠴᠢᠯ ᠰᠢᠨᠡᠴᠢᠯᠡᠯᠲᠡ︾ ︽ᠠᠭᠠᠵᠢᠮ ᠠᠬᠢᠭᠤᠯᠤᠯᠳᠠ ᠮᠠᠶ᠋ᠢᠭ︾᠄ ᠠᠯᠬᠤᠮ ᠳᠠᠷᠠᠭ᠎ᠠ ᠲᠠᠢ ᠪᠠᠷ ᠤᠷᠤᠭᠰᠢᠯᠠᠬᠤ ᠬᠤᠲᠠ ᠶᠢᠨ ᠰᠢᠨᠡᠴᠢᠯᠡᠯᠲᠡ ᠶᠢᠨ ᠣᠨᠣᠯᠵᠢᠬᠤᠨ | ᠶᠣᠰᠣᠭᠠᠷ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠ ᠣᠷᠣᠯᠴᠠᠯᠭ᠎ᠠ ᠪᠠᠷ ᠤᠳᠤᠷᠢᠳᠤᠮᠵᠢ ᠪᠣᠯᠭᠠᠵᠤ᠂ ᠬᠤᠲᠠ ᠶᠢᠨ ᠶᠠᠰᠤ ᠴᠢᠨᠠᠷ ᠢᠶᠠᠷ ᠥᠨᠳᠥᠷ ᠪᠢᠰᠢ᠂ | ᠣᠷᠳᠣ ᠬᠤᠭᠤᠴᠠᠭ᠎ᠠ ᠪᠠᠷ ᠰᠤᠯᠠ ᠪᠠᠶᠢᠬᠤ᠂ ᠠᠰᠢᠭᠯᠠᠯᠲᠠ ᠭᠦᠢᠴᠡᠳ ᠪᠤᠰᠤ᠂ ᠴᠢᠳᠠᠮᠵᠢ ᠪᠠᠷ ᠰᠢᠯᠢᠳᠡᠭ ᠪᠤᠰᠤ ᠣᠯᠠᠨ ᠨᠡᠶᠢᠲᠡ ᠶᠢᠨ ᠪᠢᠴᠢᠯ ᠣᠷᠣᠨ ᠵᠠᠶ ᠪᠠ | ᠬᠠᠭᠤᠴᠢᠨ ᠪᠠᠷᠢᠯᠭ᠎ᠠ ᠶᠢ ᠥᠭᠡᠷᠡᠴᠢᠯᠡᠨ ᠰᠠᠶᠢᠵᠢᠷᠠᠭᠤᠯᠵᠣ᠂ ᠬᠤᠲᠠ ᠶᠢᠨ ᠦᠯᠡᠳᠡᠭᠡᠯ ᠣᠷᠣᠨ ᠵᠠᠶ ᠶᠢ ᠠᠮᠢᠳᠤᠯᠢᠭ ᠪᠣᠯᠭᠠᠬᠤ ᠪᠠ ᠠᠰᠢᠭᠯᠠᠬᠤ ᠶᠢ ᠳᠥᠯᠭᠢᠨ | ᠠᠬᠢᠭᠤᠯᠬᠤ ᠶᠢ ᠵᠢᠭᠠᠵᠤ ᠪᠣᠶ᠃ | ︽ᠲᠠᠪᠤᠨ ᠬᠤᠷᠰᠢᠶ᠎ᠠ ᠬᠠᠮᠲᠤᠷᠠᠨ ᠬᠥᠳᠡᠯᠦᠯᠴᠡᠬᠦ︾᠄ ᠨᠡᠶᠢᠭᠡᠮ ᠲᠣᠭᠤᠷᠢᠭ ᠢᠶᠠᠷ ᠲᠠᠪᠴᠠᠩ ᠪᠣᠯᠭᠠᠨ᠂ ᠨᠡᠶᠢᠭᠡᠮ ᠤᠨ ᠠᠵᠢᠯᠲᠠᠨ ᠢᠶᠠᠷ ᠲᠤᠯᠭᠠᠭᠤᠷᠢᠯᠠᠯ ᠪᠤᠯᠭᠠᠵᠣ᠂ | ᠨᠡᠶᠢᠭᠡᠮ ᠲᠣᠭᠤᠷᠢᠭ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠣ᠂ ᠨᠡᠶᠢᠭᠡᠮ ᠲᠣᠭᠤᠷᠢᠭ ᠤᠨ ᠰᠠᠶᠢᠨ ᠲᠣᠷᠠᠴᠣᠣᠯ ᠢᠶᠠᠷ ᠬᠠᠪᠰᠤᠷᠤᠮᠵᠢ | ᠪᠤᠯᠭᠠᠵᠣ᠂ ᠨᠡᠶᠢᠭᠡᠮ ᠲᠣᠭᠤᠷᠢᠭ ᠤᠨ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠡᠬᠢ ᠪᠠᠶᠠᠯᠢᠭ ᠢᠶᠠᠷ ᠨᠥᠬᠦᠪᠥᠷᠢ ᠪᠣᠯᠭᠠᠭᠰᠠᠨ ᠨᠡᠶᠢᠭᠡᠮ ᠲᠣᠭᠤᠷᠢᠭ ᠤᠨ ᠰᠢᠨ᠎ᠡ | ᠮᠠᠶ᠋ᠢᠭ ᠤᠨ ᠵᠠᠰᠠᠯᠲᠠ ᠶᠢᠨ ᠲᠣᠭᠲᠠᠴᠠ ᠶᠢ ᠵᠢᠭᠠᠵᠤ ᠪᠣᠶ᠃ | ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶ᠎ᠡ ᠴᠠᠷᠠᠭᠠᠨ ᠳᠠᠬᠢ ︽ᠭᠤᠷᠪᠠᠨ ᠬᠦᠴᠢᠷ︾ ᠠᠰᠠᠭᠤᠳᠠᠯ᠄ ᠪᠤᠴᠠᠭᠠᠨ ᠨᠡᠬᠦᠯᠬᠡᠬᠦ ᠳᠤ ᠬᠦᠴᠢᠷ᠂ ᠣᠷᠣᠵᠤ | ᠰᠠᠭᠤᠬᠤ ᠳᠤ ᠬᠦᠴᠢᠷ᠂ ᠦᠨᠡᠮᠯᠡᠯ ᠠᠪᠬᠤ ᠳᠤ ᠬᠦᠴᠢᠷ ᠠᠰᠠᠭᠤᠳᠠᠯ ᠢ ᠵᠢᠭᠠᠵᠤ ᠪᠣᠶ᠃ | ︽ᠣᠯᠠᠨ ᠤ ᠬᠦᠴᠦ ᠪᠠᠷ ᠬᠦᠳᠡᠭᠡ ᠲᠣᠰᠬᠤᠨ ᠤ ᠶᠠᠳᠠᠭᠤ ᠬᠦᠴᠢᠷᠲᠡᠯᠲᠡᠢ ᠬᠦᠮᠦᠰ ᠢ ᠲᠤᠰᠠᠯᠠᠬᠤ︾ ᠠᠵᠢᠯᠯᠠᠭ᠎ᠠ᠄ ᠳ᠋ᠦᠩᠱᠧᠩ ᠲᠣᠭᠤᠷᠢᠭ ᠤᠨ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠠᠴᠠ ᠡᠭᠦᠰᠭᠡᠭᠰᠡᠨ ᠳ᠋ᠦᠩᠱᠧᠩ ᠲᠣᠭᠤᠷᠢᠭ ᠤᠨ ᠬᠥᠳᠡᠭᠡ ᠲᠣᠰᠬᠤᠨ ᠤ ᠡᠷᠦᠬᠡ ᠠᠮᠠ ᠶᠢᠨ ᠲᠠᠩᠰᠠ ᠲᠠᠢ ᠬᠥᠮᠦᠨ ᠠᠮᠠ ᠶᠢᠨ | ᠡᠪᠡᠳᠴᠢᠨ᠂ ᠭᠠᠮᠰᠢᠭ᠂ ᠰᠤᠷᠭᠠᠭᠤᠯᠢ᠂ ᠰᠠᠨᠠᠭᠠᠨ ᠳᠤ ᠥᠬᠡᠶ ᠠᠳᠡᠯ ᠳᠤ ᠴᠢᠭᠯᠡᠭᠦᠯᠦᠭᠰᠡᠨ ᠨᠢᠭᠡ ᠵᠦᠢᠯ ᠤᠨ ︽ᠪᠠᠴᠢᠮ ᠬᠦᠴᠢᠷᠳᠡᠯ ᠠᠴᠠ ᠠᠪᠤᠷᠬᠠᠤ᠂ ᠪᠠᠴᠢᠮ | ᠵᠣᠪᠠᠭᠤᠷᠢ ᠠᠴᠠ ᠠᠪᠤᠷᠬᠠᠤ︾ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠪᠣᠯᠤᠨ᠎ᠠ᠂ ᠡᠭᠦᠨ ᠤ ᠵᠣᠷᠢᠯᠭ᠎ᠠ ᠨᠢ ︽ᠣᠯᠠᠨ ᠤ ᠬᠦᠴᠦ ᠪᠠᠷ ᠬᠦᠳᠡᠭᠡ ᠲᠣᠰᠬᠤᠨ | ᠤ ᠶᠠᠳᠠᠭᠤ ᠬᠦᠴᠢᠷᠲᠡᠯᠲᠡᠢ ᠬᠦᠮᠦᠰ ᠢ ᠲᠤᠰᠠᠯᠠᠬᠤ︾ ᠠᠵᠢᠯᠯᠠᠭ᠎ᠠ ᠪᠠᠷ ᠳᠡᠮᠵᠢᠨ ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠢ ᠬᠦᠴᠢᠷᠳᠡᠯ ᠠᠴᠠ | ᠠᠩᠭᠢᠵᠢᠷᠠᠭᠤᠯᠵᠤ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢ ᠪᠠᠭᠠᠰᠬᠠᠬᠤ ᠶᠢᠨ ᠲᠥᠯᠥᠭᠡ ᠶᠤᠮ᠃ | ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾᠄ ᠬᠠᠷᠢᠴᠠᠩᠭᠤᠶ ᠪᠠᠷ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ | ᠥᠭᠡᠷᠡᠴᠢᠯᠡᠯᠲᠡ ᠶᠢ ᠠᠬᠢᠭᠤᠯᠬᠤ ᠪᠠᠷ ᠳᠠᠮᠵᠢᠭᠤᠯᠤᠨ᠂ ᠨᠢᠭᠡ ᠪᠠᠶᠢᠭᠤᠯᠤᠮᠵᠢ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠤᠭᠤᠯᠵᠤ᠂ ᠨᠢᠭᠡ ᠲᠠᠮᠠᠭ᠎ᠠ ᠪᠠᠷ ᠦᠨᠡᠮᠯᠡᠯ | ᠣᠯᠭᠤᠵᠤ᠂ ᠨᠢᠭᠡ ᠲᠢᠩᠬᠢᠮ ᠳᠤ ᠤᠴᠢᠷ ᠶᠠᠪᠤᠳᠠᠯ ᠢ ᠭᠦᠢᠴᠡᠳᠭᠡᠬᠦ ᠶᠢ ᠵᠢᠭᠠᠨ᠎ᠠ᠃ | ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾᠄ ᠬᠢᠨᠠᠨ ᠬᠠᠮᠢᠶᠠᠷᠬᠤ ᠶᠠᠪᠤᠴᠠ ᠳᠤ ᠪᠠᠶᠢᠴᠠᠭᠠᠭᠳᠠᠬᠤ ᠡᠲᠡᠭᠡᠳ ᠢ ᠲᠣᠬᠢᠶᠠᠯᠳᠤᠯ ᠢᠶᠠᠷ | ᠰᠣᠩᠭᠤᠨ ᠭᠠᠷᠭᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯᠲᠠᠨ ᠢ ᠲᠣᠬᠢᠶᠠᠯᠳᠤᠯ ᠢᠶᠠᠷ ᠰᠣᠩᠭᠤᠨ ᠲᠣᠮᠢᠯᠠᠵᠤ᠂ ᠰᠤᠭᠤᠴᠢᠨ ᠪᠠᠶᠢᠴᠠᠭᠠᠭᠰᠠᠨ | ᠪᠠᠶᠢᠳᠠᠯ ᠪᠠ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠭᠡᠮ ᠳᠠᠶᠠᠭᠠᠷ ᠲᠤ ᠢᠯᠡ ᠨᠡᠶᠢᠲᠡᠯᠡᠬᠦ ᠶᠢ ᠵᠢᠭᠠᠨ᠎ᠠ᠃ | ︽ᠭᠤᠷᠪᠠ ᠶᠢ ᠲᠣᠶᠢᠯᠪᠣᠷᠢᠲᠠᠢ ᠬᠢᠵᠦ ᠨᠢᠭᠡ ᠶᠢ ᠰᠢᠢᠳᠪᠦᠷᠢᠯᠡᠬᠦ︾᠄ ᠡᠨᠡ ᠪᠣᠯ ᠲᠥᠪ ᠬᠤᠷᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠵᠢᠯᠣᠭᠤᠳᠬᠤ | ᠴᠢᠭᠯᠡᠯᠲᠡ ᠪᠠ ᠠᠵᠢᠯ ᠤᠨ ᠱᠠᠭᠠᠷᠳᠠᠯᠭ᠎ᠠ ᠪᠣᠯᠤᠨ᠎ᠠ᠂ ᠳᠠᠷᠤᠶ᠄ ᠣᠯᠠᠨ ᠲᠦᠮᠡᠨ ᠤ ᠬᠦᠰᠡᠯ ᠱᠠᠭᠠᠷᠳᠠᠯᠭ᠎ᠠ ᠵᠦᠶ ᠵᠣᠬᠢᠰᠲᠠᠶ ᠪᠠᠶᠢᠪᠠᠯ ᠠᠰᠠᠭᠤᠳᠠᠯ ᠢ ᠲᠣᠶᠢᠯᠪᠣᠷᠢᠲᠠᠢ | ᠰᠢᠢᠳᠪᠦᠷᠢᠯᠡᠨ᠎ᠡ︔ ᠬᠦᠰᠡᠯ ᠱᠠᠭᠠᠷᠳᠠᠯᠭ᠎ᠠ ᠨᠢ ᠶᠣᠰᠣ ᠪᠤᠰᠤ ᠪᠠᠶᠢᠪᠠᠯ ᠦᠵᠡᠯ ᠰᠠᠨᠠᠭᠠᠨ ᠤ ᠬᠥᠮᠦᠵᠢᠯ ᠢ ᠲᠣᠶᠢᠯᠪᠣᠷᠢᠲᠠᠢ ᠬᠢᠨ᠎ᠠ︔ ᠠᠮᠢᠳᠤᠷᠠᠯ ᠨᠢ | ᠬᠦᠴᠢᠷᠳᠡᠯ ᠲᠠᠢ ᠪᠤᠯ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠠᠵᠢᠯ ᠢ ᠲᠣᠶᠢᠯᠪᠣᠷᠢᠲᠠᠢ ᠬᠢᠨ᠎ᠡ︔ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠭᠰᠡᠨ | ᠪᠠᠶᠢᠪᠠᠯ ᠬᠠᠤᠯᠢ ᠶᠣᠰᠣᠭᠠᠷ ᠰᠢᠢᠳᠪᠦᠷᠢᠯᠡᠬᠦ ᠶᠢ ᠵᠢᠭᠠᠵᠤ ᠪᠤᠢ᠃ |