︽2022 ᠣᠨ ᠤ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠵᠠᠳᠠᠯᠤᠯᠳᠠ ᠶᠢᠨ ᠬᠦᠰᠦᠨᠦᠭᠲᠦ︾ ᠶᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/4/21
                              ᠳ᠋ᠦᠩᠱᠧᠩ ᠵᠠᠰᠠᠭ ᠳᠠᠷᠬᠠᠭᠠᠭᠰᠠᠨ ﹇2022﹈ 6 ᠳ᠋ᠤᠭᠠᠷ ᠲᠣᠭᠠᠲᠤᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠡ ᠳᠤ᠄     ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ᠂ ᠣᠷᠳᠣᠰ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠵᠢᠴᠢ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠬᠤ ᠶᠢᠨ ᠲᠤᠰᠠᠳᠠ᠂ ︽2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠵᠠᠳᠠᠯᠤᠨ ᠨᠠᠷᠢᠯᠢᠭᠵᠢᠭᠤᠯᠵᠤ᠂ ᠲᠦᠷᠦᠬᠦᠯᠡᠬᠦ ᠤᠳᠤᠷᠢᠳᠤᠯᠭ᠎ᠠ ᠨᠢᠭᠡᠴᠡ ᠵᠢᠴᠢ ᠪᠡᠶᠡᠯᠡᠭᠦᠯᠬᠦ ᠴᠠᠭ ᠤᠨ ᠬᠢᠵᠠᠭᠠᠷ ᠢ ᠵᠦᠢᠯ ᠳᠠᠷᠠᠭᠠᠯᠠᠨ ᠲᠣᠳᠣᠷᠬᠠᠢ ᠲᠣᠭᠲᠠᠭᠠᠪᠠ᠃ ᠤᠳᠤ ︽ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ︾ ᠶᠢ ᠲᠠ ᠨᠠᠷ ᠲᠤ ᠳᠠᠷᠤᠮᠠᠯᠯᠠᠨ ᠲᠠᠷᠬᠠᠭᠠᠬᠤ ᠶᠢᠨ ᠬᠠᠮᠲᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠄     ᠨᠢᠭᠡ ᠳᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠲᠦᠷᠦᠭᠦᠯᠡᠨ ᠬᠠᠷᠢᠭᠤᠴᠠᠬᠤ ᠨᠢᠭᠡᠴᠡ ᠶᠢᠨ ᠬᠠᠷᠢᠭᠤᠴᠠᠯᠭᠠᠳᠠᠳ ᠲᠦᠷᠦᠭᠦᠯᠡᠨ ᠶᠡᠷᠦᠩᠬᠡᠢ ᠬᠠᠷᠢᠭᠤᠴᠠᠯᠭ᠎ᠠ ᠶᠢ ᠠᠳᠬᠤᠬᠤ ᠪᠠᠨ ᠦᠨᠡᠨᠬᠦ ᠭᠦᠢᠴᠡᠳᠬᠡᠵᠦ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠ ᠱᠠᠯᠠᠪᠳᠠᠭᠤᠯᠤᠨ ᠵᠢᠯᠤᠭᠤᠳᠬᠤ ᠪᠠᠨ ᠦᠷᠭᠦᠯᠵᠢᠯᠡᠨ ᠴᠢᠩᠭᠠᠳᠬᠠᠵᠤ᠂ ᠠᠵᠢᠯ ᠤᠨ ᠠᠬᠢᠴᠠ ᠶᠢ ᠲᠦᠷᠭᠡᠳᠬᠡᠨ ᠠᠬᠢᠭᠤᠯᠵᠤ᠂ ᠠᠬᠢᠴᠠ ᠨᠢ ᠤᠳᠠᠭᠠᠨ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠱᠠᠲᠤᠨ ᠤ ᠲᠠᠰ ᠳᠠᠪᠬᠤᠷᠭ᠎ᠠ ᠯᠤᠭ᠎ᠠ ᠨᠡᠪᠲᠡᠷᠡᠯᠴᠡᠨ ᠵᠣᠯᠭᠠᠭᠤᠯᠬᠤ ᠴᠢᠬᠤᠯᠠ ᠲᠠᠢ ᠪᠠᠶᠢᠪᠠᠯ᠂ ᠪᠡᠶ᠎ᠡ ᠪᠠᠷ ᠢᠶᠠᠨ ᠣᠷᠣᠯᠴᠠᠵᠤ᠂ ᠡᠯ᠎ᠡ ᠵᠦᠢᠯ ᠤᠨ ᠡᠭᠦᠷᠭᠡ ᠶᠢᠨ ᠳ᠋ᠦᠩᠱᠧᠩ ᠳᠤ ᠨᠠᠶᠢᠳᠠᠪᠤᠷᠢᠵᠢᠭᠤᠯᠤᠭᠳᠠᠨ ᠤᠷᠤᠨᠵᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠬᠠᠷᠢᠭᠤᠴᠠᠯᠭᠠᠲᠤ ᠨᠢᠭᠡᠴᠡ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ ᠲᠠᠨᠢᠵᠤ ᠬᠦᠯᠢᠶᠠᠨ ᠠᠪᠴᠤ᠂ ᠯᠠᠪᠳᠠᠭᠤᠨ ᠢᠶᠠᠷ ᠠᠬᠢᠭᠤᠯᠵᠤ᠂ ᠣᠨ ᠤ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃     ᠬᠤᠶᠠᠷ ᠲᠤ᠂ ᠠᠵᠢᠯ ᠤᠨ ᠬᠠᠮᠲᠤᠷᠠᠯ ᠬᠦᠴᠦᠨ ᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠡᠯ᠎ᠡ ᠲᠦᠷᠦᠭᠦᠯᠡᠨ ᠬᠢᠬᠦ ᠨᠢᠭᠡᠴᠡ ᠠᠵᠢᠯ ᠤᠨ ᠡᠭᠦᠷᠭᠡ ᠶᠢᠨ ᠲᠣᠬᠢᠷᠠᠭᠤᠯᠤᠯᠲᠠ ᠶᠢ ᠲᠡᠷᠡ ᠳᠠᠷᠤᠢ ᠳᠤᠨᠢ ᠰᠠᠶᠢᠲᠤᠷ ᠠᠳᠬᠤᠵᠤ᠂ ᠡᠭᠦᠷᠭᠡ ᠶᠢᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠡᠮᠬᠢᠯᠡᠨ  ᠳ᠋ᠦᠩᠨᠡᠵᠦ᠂ ᠲᠥᠯᠥᠪᠵᠢᠭᠦᠯᠦᠭᠰᠡᠨ ᠨᠢ ᠬᠦᠴᠦᠨ ᠦᠭᠡᠢ᠂ ᠠᠬᠢᠭᠤᠯᠤᠭᠰᠠᠨ ᠨᠢ ᠤᠳᠠᠭᠠᠨ ᠪᠠᠶᠢᠪᠠᠯ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ᠃ ᠡᠯ᠎ᠡ ᠬᠠᠷᠢᠭᠤᠴᠠᠯᠭᠠᠲᠤ ᠨᠢᠭᠡᠴᠡ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠣᠯᠠᠨ ᠤ ᠤᠬᠠᠭᠠᠨ ᠬᠠᠮᠲᠤ ᠶᠢᠨ ᠬᠦᠴᠦᠨ ᠢ ᠪᠠᠳᠠᠷᠠᠭᠤᠯᠤᠨ᠂ ᠠᠵᠢᠯ ᠤᠨ ᠬᠠᠮᠳᠤᠷᠠᠯ ᠬᠦᠴᠦᠨ ᠢ ᠦᠨᠡᠨᠬᠦ ᠪᠣᠶ ᠪᠣᠯᠭᠠᠬᠤ ᠬᠡᠷᠡᠭᠲᠡᠢ᠃ ︽ᠡᠭᠦᠷᠭᠡ ᠶᠢᠨ ᠵᠠᠳᠠᠯᠤᠯᠲᠠ ᠶᠢᠨ  ᠬᠦᠰᠦᠨᠦᠭᠲᠦ︾ ᠳᠤ ᠵᠢᠭᠰᠠᠭᠠᠨ ᠣᠷᠣᠭᠤᠯᠤᠭᠰᠠᠨ ᠦᠭᠡᠢ ᠪᠣᠯᠪᠠᠴᠤ ᠦᠨᠡᠨᠬᠦ ᠬᠠᠮᠵᠢᠯᠴᠠᠬᠤ ᠴᠢᠬᠤᠯᠠ ᠲᠠᠢ ᠨᠢᠭᠡᠴᠡ ᠡᠭᠦᠷᠭᠡ ᠪᠠᠨ ᠢᠳᠡᠪᠬᠢᠲᠡᠢ ᠪᠠᠷ ᠡᠭᠦᠷᠭᠡᠯᠡᠨ᠂ ᠲᠣᠬᠢᠷᠠᠭᠤᠯᠵᠤ ᠵᠢᠯᠤᠭᠤᠳᠬᠤ ᠶᠢ ᠤᠬᠠᠮᠰᠠᠷ ᠠᠴᠠ ᠪᠠᠨ ᠲᠠᠭᠠᠬᠤ ᠬᠡᠷᠡᠭᠲᠡᠢ᠃ ᠡᠯ᠎ᠡ ᠵᠦᠢᠯ ᠤᠨ ᠠᠵᠢᠯ ᠤᠨ ᠲᠦᠷᠦᠭᠦᠯᠡᠬᠦ ᠤᠳᠤᠷᠢᠳᠤᠯᠭ᠎ᠠ ᠬᠡᠷᠪᠡ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠳᠤ ᠭᠦᠷᠪᠡᠯ᠂ ᠲᠦᠷᠦᠭᠦᠯᠡᠬᠦ ᠨᠢᠭᠡᠴᠡ ᠪᠣᠯᠣᠨ ᠬᠠᠷᠢᠭᠤᠴᠠᠯᠭᠠᠲᠤ ᠨᠢᠭᠡᠴᠡ ᠨᠢ ᠴᠠᠭ ᠲᠤᠬᠠᠢ ᠳᠤᠨᠢ ᠨᠡᠪᠲᠡᠷᠡᠯᠴᠡᠨ ᠵᠣᠯᠭᠠᠭᠤᠯᠵᠤ᠂ ᠲᠣᠬᠢᠷᠠᠭᠤᠯᠤᠯᠲᠠ ᠶᠢ ᠰᠠᠶᠢᠲᠤᠷ ᠬᠢᠬᠦ ᠬᠡᠷᠡᠭᠲᠡᠢ᠃     ᠭᠤᠷᠪᠠ ᠳᠤ᠂ ᠬᠢᠨᠠᠯᠲᠠ ᠲᠠᠯᠪᠢᠵᠤ ᠦᠷ᠎ᠡ ᠪᠦᠲᠦᠮᠵᠢ ᠶᠢ ᠨᠢ ᠠᠰᠠᠭᠤᠬᠤ ᠶᠢ ᠴᠢᠬᠤᠯᠠᠴᠢᠯᠠᠬᠤ ᠬᠡᠷᠡᠭᠲᠡᠢ᠃ ᠡᠯ᠎ᠡ ᠬᠦᠷᠢᠶᠡᠯᠡᠩ ᠲᠣᠭᠤᠷᠢᠭ᠂ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠰᠠᠯᠠᠭ᠎ᠠ ᠮᠥᠴᠢᠷ ᠤᠳ ᠲᠣᠰ ᠲᠣᠰ ᠤᠨ ᠠᠵᠢᠯ ᠤᠨ ᠡᠭᠦᠷᠭᠡ ᠪᠠᠨ ᠡᠮᠬᠢ ᠵᠢᠷᠤᠮ ᠲᠠᠢ ᠥᠷᠨᠢᠭᠦᠯᠵᠦ᠂ ᠪᠣᠳᠠᠲᠠᠶᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠷᠭᠡᠬᠡᠨ ᠠᠬᠢᠭᠤᠯᠵᠤ᠂ ᠠᠬᠢᠴᠠ ᠶᠢᠨ ᠦᠷ᠎ᠡ ᠪᠦᠲᠦᠮᠵᠢ ᠨᠢ ᠢᠯᠡᠷᠬᠡᠢ ᠪᠤᠰᠤ ᠪᠠᠶᠢᠪᠠᠯ᠂ ᠱᠠᠯᠠᠪᠳᠠᠭᠤᠯᠤᠨ ᠭᠦᠢᠴᠡᠳᠬᠡᠬᠦ ᠬᠡᠷᠡᠭᠲᠡᠢ᠃ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ︽ᠲᠠᠪᠤ ᠶᠢ ᠨᠢᠭᠡ ᠴᠣᠭᠴᠠᠵᠢᠭᠤᠯᠤᠭᠰᠠᠨ ᠬᠢᠨᠠᠨ ᠰᠢᠯᠭᠠᠵᠤ ᠦᠨᠡᠯᠡᠬᠦ︾ ᠭᠦᠢᠴᠡᠳᠬᠡᠯ ᠲᠤᠭ᠎ᠠ ᠳᠤ ᠣᠷᠣᠭᠤᠯᠵᠤ᠂ ᠤᠳᠤᠷᠢᠳᠬᠤ ᠪᠠᠭ ᠪᠠ ᠺᠠᠳ᠋ᠷ ᠤᠨ ᠰᠢᠯᠢᠳᠡᠭ ᠢ ᠰᠢᠯᠭᠠᠷᠠᠭᠤᠯᠵᠤ ᠲᠡᠷᠢᠭᠦᠨ ᠢ ᠰᠣᠩᠭᠤᠬᠤ ᠶᠢᠨ ᠴᠢᠬᠤᠯᠠ ᠯᠠᠪᠯᠠᠬᠤ ᠦᠨᠳᠦᠰᠦᠯᠡᠯ ᠪᠣᠯᠭᠠᠨ᠎ᠠ᠃ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠲᠠᠰᠤᠭ ᠨᠢ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠲᠣᠭᠲᠠᠮᠠᠯ ᠬᠤᠭᠤᠴᠠᠭ᠎ᠠ ᠲᠠᠢ ᠪᠠᠷ ᠱᠠᠯᠠᠪᠳᠠᠭᠤᠯᠤᠨ ᠵᠢᠯᠤᠭᠤᠳᠴᠤ ᠪᠠᠶᠢᠴᠠᠭᠠᠬᠤ ᠶᠢ ᠥᠷᠨᠢᠭᠦᠯᠦᠨ᠂ ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ᠂ ᠠᠬᠢᠭᠤᠯᠤᠭᠰᠠᠨ ᠢᠶᠠᠷ ᠬᠦᠴᠦᠨ ᠦᠭᠡᠢ᠂ ᠬᠠᠮᠵᠢᠯᠴᠠᠭᠰᠠᠨ ᠢᠶᠠᠷ ᠬᠦᠷᠦᠯᠴᠡᠬᠦ ᠦᠭᠡᠢ ᠨᠢᠭᠡᠴᠡ ᠶᠢ ᠵᠠᠷᠯᠠᠨ ᠰᠢᠭᠦᠮᠵᠢᠯᠡᠬᠦ ᠶᠢᠨ ᠬᠠᠮᠲᠤ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠳᠤ ᠪᠠᠶᠢᠳᠠᠯ ᠢ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ᠳᠠᠭᠠᠯᠳᠤᠭᠤᠯᠤᠯ᠄      ︽2022 ᠣᠨ ᠤ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ︾                                       ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                                           2022 ᠣᠨ ᠤ 2 ᠰᠠᠷ᠎ᠠ ᠶᠢᠨ 25 ᠤ ᠡᠳᠤᠷ
ᠢᠷᠡᠯᠲᠡ᠄ ᠲᠤᠰ ᠰᠦᠯᠵᠢᠶ᠎ᠠ