ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠳᠤᠮᠤ ᠶᠠᠪᠤᠳᠠᠯ ᠤᠨ ᠳᠡᠮᠳᠡᠭᠯᠡᠯ —  ᠨᠢᠬᠡᠳᠤᠬᠡᠷ ᠰᠠᠷ᠎ᠠ
ᠨᠡᠶᠢᠲᠡᠯᠡᠭᠰᠡᠨ ᠴᠠᠭ᠄
2022/4/29
      1 ᠰᠠᠷ᠎ᠠ ᠶᠢᠨ 4 ᠤ ᠡᠳᠦᠷ᠂   ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠤᠭᠤᠷᠢᠭ  ᠤᠨ ᠳᠠᠷᠤᠭ᠎ᠠ ᠬᠠᠨ ᠲᠤᠤ ᠦᠨᠳᠦᠰᠦᠲᠡᠨ ᠤ ᠵᠡᠭᠡᠯᠢ ᠭᠤᠳᠤᠮᠵᠢ ᠶᠢᠨ ᠰᠦᠯᠳᠡ ᠨᠡᠶᠢᠭᠡᠮ ᠲᠣᠭᠤᠷᠢᠭ ᠪᠣᠯᠣᠨ ᠢ ᠮᠧᠶ ᠵᠠᠮ ᠤᠨ ᠭᠡᠷ ᠪᠠᠶᠢᠰᠢᠩ ᠤᠨ ᠲᠣᠭᠤᠷᠢᠭ᠂ ᠵᠠᠮ ᠬᠠᠷᠢᠯᠴᠠᠭᠠᠨ ᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠶᠠᠩ ᠾᠧ ᠨᠡᠶᠢᠭᠡᠮ ᠲᠣᠭᠤᠷᠢᠭ᠂ ᠹᠦ᠋ ᠰᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠸᠧ ᠷᠧ ᠨᠡᠶᠢᠭᠡᠮ ᠲᠣᠭᠤᠷᠢᠭ᠂ ᠰᠢᠩ ᠹᠦ᠋ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠸᠧᠨ ᠶᠢᠩ ᠨᠡᠶᠢᠭᠡᠮ ᠲᠣᠭᠤᠷᠢᠭ ᠪᠣᠯᠣᠨ ᠬᠤᠤ ᠵᠢᠶᠠ ᠾᠦᠢ ᠵᠠᠬ᠎ᠠ ᠳᠡᠯᠭᠡᠭᠦᠷ ᠲᠤ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ︽ᠮᠦᠩᠬᠡ ᠰᠤᠪᠠᠭ᠂ ᠳᠥᠷᠪᠡ ᠶᠢ ᠬᠦᠢᠴᠡᠳᠬᠡᠬᠦ︾ ᠵᠢᠴᠢ ᠪᠤᠯᠪᠠᠰᠤᠨ ᠬᠤᠳᠠ ᠶᠢ ᠴᠤᠭᠴᠠᠯᠠᠨ ᠪᠠᠶᠢᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠳᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠶᠠᠩ ᠭᠤᠸᠠᠩ ᠶᠣᠣ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃      1 ᠰᠠᠷ᠎ᠠ ᠶᠢᠨ 5 ᠤ ᠡᠳᠤᠷ ᠤᠨ ᠦᠳᠡ ᠶᠢᠨ ᠬᠤᠶᠢᠨ᠎ᠠ᠂   ᠳ᠋ᠦᠩᠱᠧᠩ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠣᠳᠠᠭᠠᠨ ᠤ ᠬᠤᠷᠠᠯᠳᠤᠭᠠᠨ ᠤ ᠪᠡᠯᠡᠳᠬᠡᠯ ᠬᠤᠷᠠᠯ ᠢ ᠬᠢᠪᠡ᠃ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠳᠤ ᠣᠲᠣ 183 ᠭᠡᠰᠢᠭᠦᠨ ᠲᠠᠢ᠂ ᠪᠡᠯᠡᠳᠬᠡᠯ ᠬᠤᠷᠠᠯ ᠳᠤ 174 ᠭᠡᠰᠢᠭᠦᠨ ᠣᠷᠣᠯᠴᠠᠵᠤ᠂ ᠬᠠᠤᠯᠢ ᠳᠤ ᠲᠣᠭᠲᠠᠭᠰᠠᠨ ᠬᠥᠮᠥᠨ ᠤ ᠲᠤᠭ᠎ᠠ ᠳᠤ ᠨᠡᠶᠢᠴᠡᠪᠡ᠃ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠬᠠᠨ ᠶᠣᠣ ᠲᠢᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠸᠠᠩ ᠶᠢᠩ ᠴᠤᠤ ᠵᠢᠴᠢ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠠᠷ ᠨᠡᠷ᠎ᠡ ᠳᠤᠷᠠᠳᠤᠭᠳᠠᠭᠰᠠᠳ᠂ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠢᠨ ᠬᠤᠷᠠᠯ ᠤᠨ ᠪᠦᠷᠢᠯᠳᠦᠭᠦᠨ ᠬᠡᠰᠢᠬᠦᠳ ᠬᠤᠷᠠᠯ ᠳᠤ ᠣᠷᠣᠯᠴᠠᠪᠠ᠃ ᠳ᠋ᠦᠩ ᠰᠢᠤᠸᠠᠢ ᠵᠥᠩ ᠬᠤᠷᠠᠯ ᠢ ᠡᠷᠭᠢᠯᠡᠪᠡ᠃ ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠢᠯᠭᠠᠯᠳᠤ ᠪᠠᠶᠢᠷᠢᠯᠠᠭᠤᠯᠤᠯᠲᠠ ᠪᠠ ᠭᠡᠰᠢᠭᠦᠨ ᠤ ᠪᠦᠷᠢᠯᠳᠦᠯ ᠤᠨ ᠪᠠᠶᠢᠳᠠᠯ ᠤᠨ ᠲᠣᠳᠣᠷᠬᠠᠶᠢᠯᠠᠯᠲᠠ ᠶᠢ ᠰᠣᠨᠣᠰᠴᠤ᠂ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠤ ᠵᠥᠪᠯᠡᠬᠦ ᠵᠦᠢᠯ ︵ᠡᠬᠡ ᠨᠤᠤᠷᠠᠭ︶᠂ ᠡᠳᠦᠷ ᠤᠨ ᠳᠠᠷᠠᠭᠠᠯᠠᠯ ︵ᠡᠬᠡ ᠨᠤᠤᠷᠠᠭ︶᠂ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ ᠪᠠ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠡᠬᠡ ᠨᠤᠤᠷᠠᠭ︶᠂ ᠲᠡᠷᠢᠭᠦᠯᠡᠭᠴᠢᠳ ᠤᠨ ᠪᠦᠯᠬᠦᠮ ᠤᠨ ᠬᠤᠷᠠᠯᠳᠤᠭᠠᠨ ᠤ ᠡᠷᠬᠢᠯᠡᠭᠴᠢ ᠶᠢᠨ ᠨᠡᠷᠡᠰ ︵ᠡᠬᠡ ᠨᠤᠤᠷᠠᠭ︶᠂ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠤ ᠵᠥᠪᠯᠡᠯ ᠤᠨ ᠪᠦᠷᠢᠯᠳᠦᠭᠦᠨ ᠤ ᠨᠡᠷᠡᠰ ︵ᠡᠬᠡ ᠨᠤᠤᠷᠠᠭ︶ ᠢ ᠬᠢᠨᠠᠨ ᠵᠥᠪᠯᠡᠵᠦ ᠪᠠᠲᠤᠯᠠᠪᠠ᠃     1 ᠰᠠᠷ᠎ᠠ ᠶᠢᠨ 6 ᠤ ᠡᠳᠦᠷ᠂   ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ᠃  ᠳᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠬᠠᠨ ᠶᠣᠣ ᠲᠢᠩ᠂ ᠳᠤᠶᠠᠭ᠎ᠠ᠂ ᠱᠢ ᠮᠣᠣ ᠯᠢᠨ᠂ ᠵᠠᠩ ᠵᠢᠶᠦ᠋ᠨ᠂ ᠸᠠᠩ ᠰᠢᠸ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ ᠲᠣᠭᠤᠷᠢᠭ ᠤᠨ ᠤᠳᠤᠷᠢᠳᠤᠯᠭ᠎ᠠ ᠭᠤᠤ ᠢ ᠳ᠋ᠦᠩ᠂ ᠬᠠᠨ ᠲᠤᠤ᠂ ᠵᠢᠢ ᠫᠢᠩ  ᠬᠤᠷᠠᠯ ᠳᠤ ᠣᠷᠣᠯᠴᠠᠵᠤ ᠪᠠᠶᠠᠷ ᠬᠦᠷᠭᠡᠬᠦ ᠶᠢᠨ ᠬᠠᠮᠲᠤ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠵᠠᠢ᠃ ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠶᠢᠨ ᠬᠤᠭᠤᠴᠠᠭ᠎ᠠ ᠰᠣᠯᠢᠬᠤ ᠶᠢ ᠬᠢᠨᠠᠨ ᠵᠢᠯᠤᠭᠤᠳᠬᠤ ᠳᠤᠭᠤᠶᠢᠯᠠᠩ ᠤᠨ ᠤᠳᠤᠷᠢᠳᠤᠯᠭ᠎ᠠ ᠨᠠᠷ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠠᠨ ᠶᠣᠣ ᠲᠢᠩ ᠡᠬᠢᠯᠡᠯᠲᠡ ᠶᠢᠨ ᠶᠤᠰᠤᠯᠠᠯ ᠤᠨ ᠶᠡᠭᠡ ᠬᠤᠷᠠᠯ ᠢ ᠡᠷᠭᠢᠯᠡᠪᠡ᠃ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠳᠤ ᠨᠡᠶᠢᠲᠡ 183 ᠭᠡᠰᠢᠭᠦᠨ ᠲᠠᠢ᠂ ᠶᠡᠭᠡ ᠬᠤᠷᠠᠯ ᠳᠤ ᠣᠷᠣᠯᠴᠠᠭᠰᠠᠨ ᠭᠡᠰᠢᠭᠦᠨ 175 ᠬᠥᠮᠥᠨ ᠪᠠᠶᠢᠵᠤ᠂ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃ ᠳ᠋ᠦᠩ ᠰᠢᠤᠸᠠᠢ ᠵᠥᠩ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠢᠯᠡᠳᠬᠡᠯ ᠬᠢᠪᠡ᠃      1 ᠰᠠᠷ᠎ᠠ ᠶᠢᠨ 6 ᠤ ᠡᠳᠤᠷ ᠤᠨ ᠦᠳᠡ ᠶᠢᠨ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠡᠬᠢᠯᠡᠪᠡ᠃ ᠬᠤᠷᠠᠯ ᠤᠨ ᠳᠠᠷᠠᠭ᠎ᠠ᠂ ᠭᠡᠰᠢᠭᠦᠳ ︽ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ︾ ᠪᠠ ︽ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢᠨ ᠲᠣᠭᠤᠷᠢᠨ ᠳᠤ ᠳᠤᠭᠤᠶᠢᠯᠠᠩ ᠬᠤᠪᠢᠶᠠᠨ ᠬᠢᠨᠠᠨ ᠵᠥᠪᠯᠡᠪᠡ᠃      1 ᠰᠠᠷ᠎ᠠ ᠶᠢᠨ 6 ᠤ ᠡᠳᠦᠷ᠂   ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠤ ᠲᠥᠯᠥᠭᠡᠯᠡᠭᠴᠢ ᠪᠣᠯᠣᠨ ᠨᠠᠮ ᠤᠨ ᠭᠡᠰᠢᠭᠦᠨ ᠠᠵᠢᠯᠲᠠᠨ ᠤ ᠬᠤᠷᠠᠯ ᠢ ᠬᠤᠷᠠᠯᠳᠤᠭᠤᠯᠪᠠ᠃ ᠳᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠤᠭᠤᠷᠢᠭ ᠤᠨ ᠳᠠᠷᠤᠭ᠎ᠠ ᠬᠠᠨ ᠲᠤᠸ᠂ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠬᠤᠸ ᠵᠢᠶᠦ᠋ᠨ ᠬᠠᠢ᠂ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠬᠢᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠵᠢᠢ ᠫᠢᠩ᠂ ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠬᠠᠨ ᠶᠣᠣ ᠲᠢᠩ ᠬᠤᠷᠠᠯ ᠳᠤ ᠣᠷᠣᠯᠴᠠᠵᠠᠢ᠃ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠯᠢ ᠫᠢᠩ ᠬᠤᠷᠠᠯ ᠢ ᠡᠷᠭᠢᠯᠡᠪᠡ᠃      1 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂   ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠪᠡᠯᠡᠳᠬᠡᠯ ᠬᠤᠷᠠᠯ ᠬᠤᠷᠠᠯᠳᠤᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠳᠤ ᠣᠷᠣᠯᠴᠠᠪᠠ᠃  ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠤᠤ ᠵᠢᠶᠦ᠋ᠨ ᠬᠠᠢ ᠬᠤᠷᠠᠯ ᠢ ᠡᠷᠬᠢᠯᠡᠪᠡ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠬᠤ᠋ ᠰᠢᠶᠣᠣ ᠶᠧ᠂ ᠯᠢᠦ ᠶᠤᠸᠠᠢ ᠭᠤᠸᠠᠩ᠂ ᠸᠠᠩ ᠸᠧᠨ ᠰᠢ᠂ ᠸᠧᠢ ᠮᠦᠳᠡᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ ᠥᠪᠡᠷᠲᠡᠭᠡᠨ ᠵᠠᠰᠠᠬᠤ ᠣᠷᠣᠨ ᠤ ᠬᠤᠭᠤᠴᠠᠭ᠎ᠠ ᠰᠣᠯᠢᠬᠤ ᠲᠠᠪᠤᠳᠤᠭᠠᠷ ᠱᠠᠯᠠᠪᠳᠠᠭᠤᠯᠤᠨ ᠪᠠᠶᠢᠴᠠᠭᠠᠵᠤ ᠵᠢᠯᠤᠭᠤᠳᠬᠤ ᠳᠤᠭᠤᠶᠢᠯᠠᠩ ᠪᠣᠯᠣᠨ ᠬᠤᠳᠠ ᠶᠢᠨ ᠬᠤᠭᠤᠴᠠᠭ᠎ᠠ ᠰᠣᠯᠢᠬᠤ ᠠᠵᠢᠯ ᠤᠨ ᠲᠠᠪᠤᠳᠤᠭᠠᠷ ᠵᠢᠯᠤᠭᠤᠳᠤᠨ ᠱᠠᠯᠠᠪᠳᠠᠭᠤᠯᠵᠤ ᠪᠠᠶᠢᠴᠠᠭᠠᠬᠤ ᠳᠤᠭᠤᠶᠢᠯᠠᠩ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠤᠳᠤ 191 ᠲᠥᠯᠥᠭᠡᠯᠡᠭᠴᠢ ᠲᠠᠢ ᠪᠠᠶᠢᠵᠤ᠂ ᠪᠡᠯᠡᠳᠬᠡᠯ ᠬᠤᠷᠠᠯ ᠳᠤ 187 ᠲᠥᠯᠥᠭᠡᠯᠡᠭᠴᠢ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ  ᠨᠡᠶᠢᠴᠡᠪᠡ᠃ ᠬᠤᠷᠠᠯ ᠠᠴᠠ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠪᠣᠯᠣᠨ ᠨᠠᠷᠢᠨ ᠪᠢᠴᠢᠭ ᠤᠨ ᠳᠠᠷᠤᠭ᠎ᠠ ᠶᠢ ᠰᠣᠩᠭᠤᠵᠤ᠂ ᠬᠤᠷᠠᠯ ᠤᠨ ᠵᠥᠪᠯᠡᠬᠦ ᠵᠦᠢᠯ ᠢ ᠪᠠᠲᠤᠯᠠᠵᠤ ᠂ ᠶᠡᠭᠡ ᠬᠤᠷᠠᠯ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠢ ᠪᠠᠶᠢᠭᠤᠯᠤᠨ᠂ ᠲᠥᠰᠥᠪ ᠢ ᠬᠢᠨᠠᠨ ᠪᠠᠶᠢᠴᠠᠭᠠᠬᠤ ᠺᠣᠮᠢᠰ ᠤᠨ ᠲᠣᠭᠲᠠᠭᠠᠯ ᠢ ᠭᠠᠷᠭᠠᠵᠤ᠂ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠤᠨ ᠨᠡᠷᠡᠰ᠂ ᠲᠥᠯᠥᠪᠯᠡᠭᠡ ᠶᠢᠨ ᠲᠥᠰᠥᠪ ᠢ ᠬᠢᠨᠠᠨ ᠪᠠᠶᠢᠴᠠᠭᠠᠬᠤ ᠺᠣᠮᠢᠰ ᠤᠨ ᠨᠡᠷᠡᠰ ᠢ ᠳᠤᠭᠳᠠᠭᠠᠪᠠ᠃      1 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨᠡᠬᠢ 9 ᠴᠠᠭ ᠲᠤ᠂  ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠡᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠭᠤᠤ ᠢ ᠳ᠋ᠦᠩ ᠬᠤᠷᠠᠯ ᠳᠤ ᠣᠷᠣᠯᠴᠠᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠬᠤᠤ ᠵᠢᠶᠦ᠋ᠨ ᠬᠠᠢ ᠬᠤᠷᠠᠯ ᠢ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠭᠡᠭᠴᠢ ᠲᠡᠷᠢᠭᠦᠯᠡᠭᠴᠢ ᠵᠢᠢ ᠫᠢᠩ᠂ ᠯᠢᠦ ᠯᠠᠨ ᠰᠢᠶᠠᠩ᠂ ᠦ᠋ ᠹᠧᠢ ᠰᠢᠶᠦ᠋ᠩ᠂ ᠸᠧᠢ ᠮᠦᠳᠡᠨ᠂ ᠵᠠᠩ ᠵᠧᠨ ᠫᠢᠩ᠂ ᠸᠠᠩ ᡁᠢ᠂ ᠯᠢᠦ ᠱᠢ ᠸᠧᠨ᠂ ᠰᠢᠦᠢ ᠳ᠋ᠥᠸᠧ ᠢ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠵᠠᠢ᠃ ᠬᠠᠨ ᠲᠤᠤ᠂ ᠬᠠᠨ ᠶᠣᠣ ᠲᠢᠩ ᠵᠡᠷᠭᠡ ᠲᠣᠭᠤᠷᠢᠭ ᠤᠨ ᠤᠳᠤᠷᠢᠳᠤᠯᠭ᠎ᠠ ᠪᠣᠯᠣᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠭᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ ᠥᠪᠡᠷᠲᠡᠭᠡᠨ ᠵᠠᠰᠠᠬᠤ ᠣᠷᠣᠨ ᠤ ᠬᠤᠭᠤᠴᠠᠭ᠎ᠠ ᠰᠣᠯᠢᠬᠤ ᠲᠠᠪᠤᠳᠤᠭᠠᠷ ᠱᠠᠯᠠᠪᠳᠠᠭᠤᠯᠤᠨ ᠪᠠᠶᠢᠴᠠᠭᠠᠵᠤ ᠵᠢᠯᠤᠭᠤᠳᠬᠤ ᠳᠤᠭᠤᠶᠢᠯᠠᠩ ᠪᠣᠯᠣᠨ ᠬᠤᠳᠠ ᠶᠢᠨ ᠬᠤᠭᠤᠴᠠᠭ᠎ᠠ ᠰᠣᠯᠢᠬᠤ ᠲᠠᠪᠤᠳᠤᠭᠠᠷ ᠵᠢᠯᠤᠭᠤᠳᠴᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 191 ᠬᠥᠮᠥᠨ᠂ ᠲᠤᠰ ᠤᠳᠠᠭ᠎ᠠ ᠶᠢᠨ ᠪᠦᠬᠦᠳᠡ ᠬᠤᠷᠠᠯ ᠳᠤ ᠣᠷᠣᠯᠴᠠᠭᠰᠠᠨ ᠲᠥᠯᠥᠭᠡᠯᠡᠭᠴᠢ 187 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠤᠭᠤᠷᠢᠭ  ᠤᠨ ᠳᠠᠷᠤᠭ᠎ᠠ ᠬᠠᠨ ᠲᠤᠤ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠶᠡᠭᠡ ᠬᠤᠷᠠᠯ ᠠᠴᠠ ︽ᠳ᠋ᠦᠩᠱᠧᠩ ᠲᠣᠭᠤᠷᠢᠭ ᠤᠨ 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠥᠯ︶ ᠶᠢᠨ ᠢᠯᠡᠳᠬᠡᠯ︾᠂ ︽ᠳ᠋ᠦᠩᠱᠧᠩ ᠲᠣᠭᠤᠷᠢᠭ ᠤᠨ 2021 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠪᠠ 2022 ᠣᠨ ᠤ ᠡᠳ᠋ ᠤᠨ ᠵᠠᠰᠠᠭ ᠤᠨ ᠲᠥᠰᠥᠪ ︵ᠲᠥᠰᠥᠯ︶ ᠤᠨ ᠢᠯᠡᠳᠬᠡᠯ︾ ᠢ ᠬᠢᠨᠠᠨ ᠪᠠᠶᠢᠴᠠᠭᠠᠪᠠ᠃ ᠶᠡᠭᠡ ᠬᠤᠷᠠᠯ ᠠᠴᠠ ︽ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠢᠯᠧᠲ ᠢᠶᠠᠷ ᠳᠤᠭᠳᠠᠭᠠᠭᠰᠠᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠣᠯᠣᠨ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾ ᠪᠣᠯᠣᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠥᠯ︶᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠢᠯᠧᠲ ᠢᠶᠠᠷ ᠲᠣᠭᠲᠠᠭᠠᠬᠤ ᠠᠷᠭ᠎ᠠ ︵ᠲᠥᠰᠥᠯ︶᠂ ᠡᠯ᠎ᠡ ᠲᠤᠰᠬᠠᠢ ᠵᠥᠪᠯᠡᠯ ᠤᠨ ᠪᠦᠷᠢᠯᠳᠦᠭᠦᠨ ᠢ ᠪᠠᠲᠤᠯᠠᠬᠤ ᠠᠷᠭ᠎ᠠ ︵ᠲᠥᠰᠥᠯ︶ ᠶᠢᠨ ᠲᠤᠬᠠᠢ ᠲᠣᠳᠣᠷᠬᠠᠶᠢᠯᠠᠯᠲᠠ ᠶᠢ ᠰᠤᠨᠤᠰᠪᠠ᠃ ᠬᠠᠤᠯᠢ ᠪᠠᠷ ᠲᠣᠭᠲᠠᠭᠠᠭᠰᠠᠨ ᠰᠤᠯᠠ ᠣᠷᠣᠯᠴᠠᠭᠰᠠᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠲᠣᠭᠲᠠᠭᠠᠭᠰᠠᠨ ᠰᠤᠯᠠ ᠣᠷᠣᠯᠴᠠᠭᠰᠠᠳ ᠪᠣᠯᠣᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠳᠤ ᠣᠷᠣᠯᠴᠠᠭᠰᠠᠨ ᠪᠦᠬᠦ ᠭᠡᠰᠢᠭᠦᠳ ᠲᠤᠰ ᠤᠳᠠᠭ᠎ᠠ ᠶᠢᠨ ᠪᠦᠬᠦᠳᠡ ᠬᠤᠷᠠᠯ ᠳᠤ ᠰᠤᠯᠠ ᠣᠷᠣᠯᠴᠠᠪᠠ᠃      1 ᠰᠠᠷ᠎ᠠ ᠶᠢᠨ 7 ᠤ ᠡᠳᠦᠷ᠂  ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯ ᠤᠨ ᠬᠠᠮᠲᠤᠷᠠᠭᠰᠠᠨ ᠳᠤᠭᠤᠶᠢᠯᠠᠩ ᠤᠨ ᠶᠠᠷᠢᠯᠴᠠᠯᠭ᠎ᠠ ᠳᠤ ᠣᠷᠣᠯᠴᠠᠪᠠ᠃ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠤᠭᠤᠷᠢᠭ ᠤᠨ ᠳᠠᠷᠤᠭ᠎ᠠ ᠬᠠᠨ ᠲᠤᠸ᠂ ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠢᠨ ᠵᠢᠱᠢᠭᠳᠡᠭᠴᠢ ᠬᠠᠨ ᠶᠣᠣ ᠲᠢᠩ ᠬᠤᠷᠠᠯ ᠳᠤ  ᠤᠷᠤᠯᠴᠠᠪᠠ᠃      1 ᠰᠠᠷ᠎ᠠ ᠶᠢᠨ 7 ᠤ ᠡᠳᠦᠷ᠂   ᠳᠤᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠳᠤᠭᠤᠶᠢᠯᠠᠩ ᠬᠤᠪᠢᠶᠠᠨ ᠬᠢᠨᠠᠨ ᠵᠥᠪᠯᠡᠪᠡ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠤᠪᠢ ᠪᠠᠷ ᠨᠢᠭᠡᠳᠦᠭᠡᠷ ᠲᠥᠯᠥᠭᠡᠯᠡᠭᠴᠢᠳ ᠤᠨ ᠪᠦᠯᠬᠦᠮ ᠤᠨ ᠳᠤᠭᠤᠶᠢᠯᠠᠩ ᠬᠤᠪᠢᠶᠠᠨ ᠬᠢᠨᠠᠨ ᠵᠥᠪᠯᠡᠬᠦ ᠳᠤ ᠣᠷᠣᠯᠴᠠᠭᠰᠠᠨ ᠪᠥᠭᠡᠳ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠠᠯᠠᠭᠤᠨ ᠢᠶᠠᠷ ᠶᠠᠷᠢᠯᠴᠠᠪᠠ᠃      1 ᠰᠠᠷ᠎ᠠ ᠶᠢᠨ 7 ᠤ ᠡᠳᠦᠷ᠂   ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠤᠭᠤᠷᠢᠭ ᠤᠨ ᠳᠠᠷᠤᠭ᠎ᠠ ᠬᠠᠨ ᠲᠤᠸ ᠲᠣᠰ ᠲᠣᠰ ᠤᠷᠤᠯᠴᠠᠵᠤ ᠪᠠᠶᠢᠭ᠎ᠠ ᠭᠤᠷᠪᠠᠳᠤᠭᠠᠷ ᠲᠥᠯᠥᠭᠡᠯᠡᠭᠴᠢᠳ ᠤᠨ ᠪᠦᠯᠬᠦᠮ ᠪᠠ ᠲᠠᠪᠤᠳᠤᠭᠠᠷ ᠲᠥᠯᠥᠭᠡᠯᠡᠭᠴᠢᠳ ᠤᠨ ᠪᠦᠯᠬᠦᠮ᠂ ᠳᠣᠯᠣᠳᠤᠭᠠᠷ ᠲᠥᠯᠥᠭᠡᠯᠡᠭᠴᠢᠳ ᠤᠨ ᠪᠦᠯᠬᠦᠮ ᠳᠤ ᠬᠦᠷᠴᠤ᠂ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠶᠠᠷᠢᠯᠴᠠᠪᠠ᠃ ᠳᠤᠭᠤᠷᠢᠭ ᠤᠨ ᠤᠳᠤᠷᠢᠳᠤᠯᠭ᠎ᠠ ᠵᠢᠢ ᠫᠢᠩ᠂ ᠦ᠋ ᠵᠠᠨ ᠵᠢᠶᠦ᠋ᠨ᠂ ᠯᠢᠦ ᠯᠠᠨ ᠰᠢᠶᠠᠩ᠂ ᠯᠢ ᠰᠢᠶᠣᠣ ᠳ᠋ᠦᠩ᠂ ᠳ᠋ᠦ᠋ ᠵᠢᠤᠸᠠᠨ᠂ ᠶᠠᠩ ᠶᠦᠨ ᠬᠢᠨᠠᠨ ᠵᠥᠪᠯᠡᠬᠦ ᠳᠤ ᠣᠷᠣᠯᠴᠠᠪᠠ᠃     1 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂  ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠬᠢᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠵᠢᠢ ᠫᠢᠩ ᠳᠣᠯᠣᠳᠤᠭᠠᠷ ᠲᠥᠯᠥᠭᠡᠯᠡᠭᠴᠢᠳ ᠤᠨ ᠪᠦᠯᠬᠦᠮ ᠤᠨ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ  ᠬᠢᠨᠠᠨ ᠵᠦᠪᠯᠡᠬᠦ ᠳᠤ ᠤᠷᠤᠯᠴᠠᠪᠠ᠃      1 ᠰᠠᠷ᠎ᠠ ᠶᠢᠨ 8 ᠤ ᠡᠳᠦᠷ᠂  ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠬᠤᠶᠠᠳᠤᠭᠠᠷ ᠪᠥᠬᠦᠳᠡ ᠬᠤᠷᠠᠯ ᠢ ᠬᠤᠷᠠᠯᠳᠤᠭᠤᠯᠪᠠ᠃ ᠶᠡᠭᠡ ᠬᠤᠷᠠᠯ  ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠭᠤᠤ ᠢ ᠳ᠋ᠦᠩ᠂ ᠬᠤᠤ ᠵᠢᠶᠦ᠋ᠨ ᠬᠠᠢ ᠬᠤᠷᠠᠯ ᠳᠤ ᠣᠷᠣᠯᠴᠠᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠵᠢᠢ ᠫᠢᠩ ᠬᠤᠷᠠᠯ ᠢ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠭᠡᠭᠴᠢ ᠲᠡᠷᠢᠭᠦᠯᠡᠭᠴᠢ ᠯᠢᠦ ᠯᠠᠨ ᠰᠢᠶᠠᠩ᠂ ᠦ᠋ ᠹᠧᠢ ᠰᠢᠶᠦ᠋ᠩ᠂ ᠸᠧᠢ ᠮᠦᠳᠡᠨ᠂ ᠵᠠᠩ ᠵᠧᠨ ᠫᠢᠩ᠂ ᠯᠢ ᠹᠠᠩ᠂ ᠶᠠᠩ ᠸᠧᠢ᠂ ᠦ᠋ ᠶᠦᠩ ᠭᠠᠩ᠂ ᠯᠥᠸᠧ ᠰᠢ ᠶᠤᠸᠠᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠬᠠᠨ ᠲᠤᠤ᠂ ᠬᠠᠨ ᠶᠣᠣ ᠲᠢᠩ ᠵᠡᠷᠭᠡ ᠲᠣᠭᠤᠷᠢᠭ ᠤᠨ ᠤᠳᠤᠷᠢᠳᠤᠯᠭ᠎ᠠ ᠪᠣᠯᠣᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠭᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠬᠤᠲᠠ ᠶᠢᠨ ᠬᠤᠭᠤᠴᠠᠭ᠎ᠠ ᠰᠣᠯᠢᠬᠤ ᠲᠠᠪᠤᠳᠤᠭᠠᠷ ᠵᠢᠭᠠᠨ ᠵᠢᠯᠤᠭᠤᠳᠴᠤ ᠱᠠᠯᠠᠪᠳᠠᠨ ᠪᠠᠶᠢᠴᠠᠭᠠᠬᠤ ᠳᠤᠭᠤᠶᠢᠯᠠᠩ ᠤᠨ ᠤᠳᠤᠷᠢᠳᠤᠯᠭ᠎ᠠ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 191 ᠬᠥᠮᠥᠨ᠂ ᠲᠤᠰ ᠤᠳᠠᠭᠠᠨ ᠤ ᠪᠦᠬᠦᠳᠡ ᠬᠤᠷᠠᠯ ᠳᠤ ᠣᠷᠣᠯᠴᠠᠭᠰᠠᠨ ᠲᠥᠯᠥᠭᠡᠯᠡᠭᠴᠢ 187 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃ ᠬᠤᠤ ᠵᠢᠶᠦ᠋ᠨ ᠬᠠᠢ ᠶᠡᠭᠡ ᠬᠤᠷᠠᠯ ᠳᠤ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠪᠡ᠃      1 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂   ᠳ᠋ᠦᠩᠱᠧᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠬᠠᠨ ᠶᠣᠣ ᠲᠢᠩ ᠲᠣᠰ ᠲᠣᠰ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠤᠨ ᠭᠤᠷᠪᠠᠳᠤᠭᠠᠷ᠂ ᠵᠢᠷᠭᠤᠳᠤᠭᠠᠷ ᠳᠤᠭᠤᠶᠢᠯᠠᠩ ᠳᠤ ᠬᠦᠷᠴᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠠᠢ ᠬᠠᠮᠲᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠶᠠᠷᠢᠯᠴᠠᠪᠠ᠃      1 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂   ᠳ᠋ᠦᠩᠱᠧᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠬᠠᠨ ᠶᠣᠣ ᠲᠢᠩ ᠲᠣᠰ ᠲᠣᠰ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠤᠨ ᠭᠤᠷᠪᠠᠳᠤᠭᠠᠷ᠂ ᠵᠢᠷᠭᠤᠳᠤᠭᠠᠷ ᠳᠤᠭᠤᠶᠢᠯᠠᠩ ᠳᠤ ᠬᠦᠷᠴᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠠᠢ ᠬᠠᠮᠲᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠶᠠᠷᠢᠯᠴᠠᠪᠠ᠃      1 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂   ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠢᠯᠠᠯᠲᠠ ᠲᠠᠢ ᠪᠠᠷ ᠳᠡᠬᠦᠰᠪᠡ᠃ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠡᠷᠢᠭᠦᠯᠡᠭᠴᠢ ᠬᠠᠨ ᠶᠣᠣ ᠲᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠳᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳᠤᠶᠠᠭ᠎ᠠ᠂ ᠱᠢ ᠮᠣᠣ ᠯᠢᠨ᠂ ᠵᠠᠩ ᠵᠢᠶᠦ᠋ᠨ᠂ ᠸᠠᠩ ᠰᠢᠸ ᠵᠢᠴᠢ ᠨᠠᠷᠢᠨ ᠪᠢᠴᠢᠭ ᠤᠨ ᠳᠠᠷᠤᠭ᠎ᠠ ᠷᠧᠨ ᠬᠤᠤ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠱᠢ ᠮᠣᠣ ᠯᠢᠨ ᠬᠤᠷᠠᠯ ᠢ ᠡᠷᠬᠢᠯᠡᠪᠡ᠃ ᠲᠣᠭᠤᠷᠢᠭ ᠤᠨ ᠤᠳᠤᠷᠢᠳᠤᠯᠭ᠎ᠠ ᠭᠤᠤ ᠢ ᠳ᠋ᠦᠩ᠂ ᠬᠠᠨ ᠲᠤᠤ᠂ ᠵᠢᠢ ᠫᠢᠩ ᠬᠤᠷᠠᠯ ᠳᠤ ᠣᠷᠣᠯᠴᠠᠵᠤ ᠪᠠᠶᠠᠷ ᠬᠦᠷᠭᠡᠬᠦ ᠶᠢᠨ ᠬᠠᠮᠲᠤ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠵᠠᠢ᠃ ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠶᠢᠨ ᠬᠤᠭᠤᠴᠠᠭ᠎ᠠ ᠰᠣᠯᠢᠬᠤ ᠶᠢ ᠬᠢᠨᠠᠨ ᠵᠢᠯᠤᠭᠤᠳᠬᠤ ᠳᠤᠭᠤᠶᠢᠯᠠᠩ ᠤᠨ ᠤᠳᠤᠷᠢᠳᠤᠯᠭ᠎ᠠ ᠨᠠᠷ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠳᠤ ᠨᠡᠶᠢᠲᠡ 183 ᠭᠡᠰᠢᠭᠦᠨ ᠲᠠᠢ᠂ ᠶᠡᠭᠡ ᠬᠤᠷᠠᠯ ᠳᠤ ᠣᠷᠣᠯᠴᠠᠭᠰᠠᠨ ᠭᠡᠰᠢᠭᠦᠨ 170 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃ ᠬᠤᠷᠠᠯᠳᠤᠭᠠᠨ ᠠᠴᠠ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠭᠡᠰᠢᠭᠦᠳ ᠤᠨ ᠠᠩᠬᠠᠳᠤᠭᠠᠷ ᠬᠤᠷᠠᠯᠳᠤᠭᠠᠨ ᠤ ᠶᠢᠰᠦᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ ᠶᠢ ᠪᠠᠲᠤᠯᠠᠵᠤ᠂ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠤ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯᠳᠤᠭᠠᠨ ᠤ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠤᠨ ᠮᠡᠳᠡᠭᠦᠯᠦᠯᠲᠡ ᠶᠢ ᠪᠠᠲᠤᠯᠠᠵᠤ᠂ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯᠳᠤᠭᠠᠨ ᠤ ᠤᠯᠤᠰ ᠲᠥᠷᠥ ᠶᠢᠨ ᠰᠢᠢᠳᠪᠦᠷᠢ ᠶᠢ ᠪᠠᠲᠤᠯᠠᠪᠠ᠃ ᠬᠤᠷᠠᠯᠳᠤᠭᠠᠨ ᠠᠴᠠ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠪᠦᠷᠢᠯᠳᠦᠭᠦᠨ 35 ᠬᠥᠮᠥᠨ ᠢ ᠰᠣᠩᠭᠤᠨ ᠭᠠᠷᠭᠠᠪᠠ᠃      1 ᠰᠠᠷ᠎ᠠ ᠶᠢᠨ 9 ᠤ ᠡᠳᠦᠷ᠂  ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠭᠤᠷᠪᠠᠳᠤᠭᠠᠷ ᠤᠳᠠᠭᠠᠨ ᠤ ᠪᠥᠬᠦᠳᠡ ᠬᠤᠷᠠᠯ  ᠢ ᠬᠤᠷᠠᠯᠳᠤᠭᠤᠯᠪᠠ᠃ ᠶᠡᠭᠡ ᠬᠤᠷᠠᠯ ᠤᠨ ᠰᠤᠩᠭᠤᠭᠤᠯᠢ ᠪᠠᠷ ᠰᠢᠨ᠎ᠡ ᠨᠢᠭᠡ ᠬᠤᠭᠤᠴᠠᠭᠠᠨ ᠤ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠪᠣᠯᠣᠨ ᠳ᠋ᠦᠩᠱᠧᠩ ᠲᠣᠭᠤᠷᠢᠭ ᠤᠨ ᠣᠷᠳᠣᠰ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠲᠦᠯᠦᠬᠡᠯᠡᠭᠴᠢᠳ ᠢ ᠰᠤᠩᠭᠤᠨ ᠭᠠᠷᠭᠠᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠭᠤᠤ ᠢ ᠳ᠋ᠦᠩ ᠪᠦᠬᠦᠳᠡ ᠬᠤᠷᠠᠯ ᠢ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠭᠤᠤ ᠢ ᠳ᠋ᠦᠩ᠂ ᠬᠤᠤ ᠵᠢᠶᠦ᠋ᠨ ᠬᠠᠢ᠂ ᠵᠢᠢ ᠫᠢᠩ᠂ ᠯᠢᠦ ᠯᠠᠨ ᠰᠢᠶᠠᠩ᠂ ᠦ᠋ ᠹᠧᠢ ᠰᠢᠶᠦ᠋ᠩ᠂ ᠸᠧᠢ ᠮᠦᠳᠡᠨ᠂ ᠵᠠᠩ ᠵᠧᠨ ᠫᠢᠩ᠂ ᠭᠦᠢᠴᠡᠳᠭᠡᠭᠴᠢ ᠲᠡᠷᠢᠭᠦᠯᠡᠭᠴᠢ ᠰᠢᠨ ᠵᠢᠶᠦ᠋ᠨ᠂ ᠯᠢᠦ ᠵᠢᠶᠠᠨ᠂ ᠭᠦᠸᠧ ᠰᠢᠤᠸᠠᠢ ᠹᠧᠩ᠂ ᠰᠤ᠋ ᠫᠧᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠬᠠᠨ ᠲᠤᠤ᠂ ᠬᠠᠨ ᠶᠣᠣ ᠲᠢᠩ ᠵᠡᠷᠭᠡ ᠲᠣᠭᠤᠷᠢᠭ ᠤᠨ ᠤᠳᠤᠷᠢᠳᠤᠯᠭ᠎ᠠ ᠪᠣᠯᠣᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ ᠬᠤᠲᠠ ᠶᠢᠨ ᠬᠤᠭᠤᠴᠠᠭ᠎ᠠ ᠰᠣᠯᠢᠬᠤ ᠲᠠᠪᠤᠳᠤᠭᠠᠷ ᠵᠢᠭᠠᠨ ᠵᠢᠯᠤᠭᠤᠳᠴᠤ ᠱᠠᠯᠠᠪᠳᠠᠨ ᠪᠠᠶᠢᠴᠠᠭᠠᠬᠤ ᠳᠤᠭᠤᠶᠢᠯᠠᠩ ᠤᠨ ᠤᠳᠤᠷᠢᠳᠤᠯᠭ᠎ᠠ ᠨᠠᠷ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 191 ᠬᠥᠮᠥᠨ᠂ ᠲᠤᠰ ᠤᠳᠠᠭ᠎ᠠ ᠶᠢᠨ ᠪᠦᠬᠦᠳᠡ ᠬᠤᠷᠠᠯ ᠳᠤ ᠣᠷᠣᠯᠴᠠᠭᠰᠠᠨ ᠲᠥᠯᠥᠭᠡᠯᠡᠭᠴᠢ 187 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ  ᠨᠡᠶᠢᠴᠡᠪᠡ᠃ ᠶᠡᠭᠡ ᠬᠤᠷᠠᠯ ᠠᠴᠠ ᠵᠢᠢ ᠫᠢᠩ ᠢ ᠳᠤᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠬᠠᠨ ᠲᠤᠤ ᠶᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠪᠠᠷ ᠰᠣᠩᠭᠤᠵᠤ᠂ ᠯᠢᠦ ᠯᠠᠨ ᠰᠢᠶᠠᠩ᠂ ᠦ᠋ ᠹᠧᠢ ᠰᠢᠦ᠋ᠩ᠂ ᠸᠧᠢ ᠮᠦᠳᠡᠨ᠂ ᠵᠠᠩ ᠵᠧᠨ ᠫᠢᠩ ᠢ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ ᠰᠣᠩᠭᠤᠵᠤ᠂ ᠶᠠᠩ ᠭᠤᠸᠠᠩ ᠶᠣᠣ᠂ ᠵᠢᠶᠠᠩ ᠶᠤᠸᠠᠨ᠂ ᠯᠢ ᠰᠢᠶᠣᠣ ᠳ᠋ᠦᠩ᠂ ᠳ᠋ᠦ᠋ ᠵᠢᠤᠸᠠᠨ᠂ ᠶᠠᠩ ᠶᠦᠨ᠂ ᠵᠠᠩ ᠪᠢᠩ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠤᠭᠤᠷᠢᠭ ᠤᠨ ᠳᠠᠷᠤᠭ᠎ᠠ ᠪᠠᠷ ᠰᠣᠩᠭᠤᠵᠤ᠂ ᠥᠨᠢᠷᠵᠢᠷᠭᠠᠯ  ᠢ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠪᠠᠷ ᠰᠣᠩᠭᠤᠵᠤ᠂ ᠵᠠᠩ ᠬᠠᠢ ᠯᠦᠩ ᠢ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠪᠠᠷ ᠰᠣᠩᠭᠤᠵᠤ᠂ ᠷᠧᠨ ᠴᠠᠨ ᠢ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠪᠠᠷ ᠰᠣᠩᠭᠤᠵᠤ᠂ ᠸᠠᠩ ᠸᠧᠢ ᠵᠡᠷᠭᠡ 28 ᠬᠥᠮᠥᠨ ᠢ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠵᠤ᠂ ᠹᠧᠩ ᠨᠠᠢ ᠴᠢ ᠵᠡᠷᠭᠡ 48 ᠬᠥᠮᠥᠨ ᠢ ᠳ᠋ᠦᠩᠱᠧᠩ ᠲᠣᠭᠤᠷᠢᠭ ᠤᠨ ᠣᠷᠳᠣᠰ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠤᠯᠴᠠᠬᠤ ᠲᠥᠯᠥᠭᠡᠯᠡᠭᠴᠢ ᠪᠠᠷ ᠰᠣᠩᠭᠤᠪᠠ᠃ ᠬᠤᠷᠠᠯ ᠳᠡᠭᠡᠷ᠎ᠡ᠂ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠠᠢ᠃ ᠰᠢᠨ᠎ᠡ ᠪᠠᠷ ᠰᠣᠩᠭᠤᠭᠳᠠᠭᠰᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠪᠠ ᠡᠯ᠎ᠡ ᠲᠤᠰᠬᠠᠢ ᠵᠥᠪᠯᠡᠯ ᠤᠨ ᠪᠦᠷᠢᠯᠳᠦᠭᠦᠨ ᠨᠠᠷ ᠲᠠᠩᠭᠠᠷᠢᠭᠯᠠᠬᠤ ᠶᠣᠰᠣᠯᠠᠯ ᠳᠤ ᠣᠷᠣᠯᠴᠠᠪᠠ᠃      1 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂  ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠵᠤ᠂ ᠢᠯᠠᠯᠲᠠ ᠲᠠᠢ ᠲᠡᠭᠦᠰᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠭᠤᠤ ᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠵᠢᠢ ᠫᠢᠩ ᠬᠤᠷᠠᠯ ᠢ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠭᠡᠭᠴᠢ ᠲᠡᠷᠢᠭᠦᠯᠡᠭᠴᠢ ᠬᠤᠤ ᠵᠢᠶᠦ᠋ᠨ ᠬᠠᠢ᠂ ᠯᠢᠦ ᠯᠠᠨ ᠰᠢᠶᠠᠩ᠂ ᠦ᠋ ᠹᠧᠢ ᠰᠢᠦ᠋ᠩ᠂ ᠸᠧᠢ ᠮᠦᠳᠡᠨ᠂ ᠵᠠᠩ ᠵᠧᠨ ᠫᠢᠩ᠂ ᠱᠤᠤ ᠶᠦᠩ᠂ ᠰᠤ᠋ ᠰᠢᠶᠠᠩ᠂ ᠸᠧᠨ ᠶᠦᠩ ᠬᠤᠸᠠ᠂ ᠯᠢ ᠵᠢᠶᠦ᠋ᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠭᠤᠸ ᠢ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠠᠨ ᠲᠤᠸ᠂ ᠬᠠᠨ ᠶᠣᠣ ᠲᠢᠩ ᠵᠡᠷᠭᠡ ᠲᠣᠭᠤᠷᠢᠭ ᠤᠨ ᠤᠳᠤᠷᠢᠳᠤᠯᠭ᠎ᠠ ᠵᠢᠴᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠭᠦᠨ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃ ᠬᠤᠲᠠ ᠶᠢᠨ ᠬᠤᠭᠤᠴᠠᠭ᠎ᠠ ᠰᠣᠯᠢᠬᠤ ᠲᠠᠪᠤᠳᠤᠭᠠᠷ ᠵᠢᠭᠠᠨ ᠵᠢᠯᠤᠭᠤᠳᠴᠤ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠤᠳᠤᠷᠢᠳᠤᠯᠭ᠎ᠠ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠤᠳᠤ 191 ᠲᠥᠯᠥᠭᠡᠯᠡᠭᠴᠢ ᠪᠤᠢ᠂ ᠲᠤᠰ ᠤᠳᠠᠭᠠᠨ ᠤ ᠪᠦᠬᠦᠳᠡ ᠬᠤᠷᠠᠯ ᠳᠤ 187 ᠲᠥᠯᠥᠭᠡᠯᠡᠭᠴᠢ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃      ᠬᠤᠷᠠᠯ ᠲᠡᠭᠦᠰᠬᠦ ᠠᠴᠠ ᠡᠮᠦᠨ᠎ᠡ᠂ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠳᠥᠷᠪᠡᠳᠦᠭᠡᠷ ᠤᠳᠠᠭᠠᠨ ᠤ ᠪᠦᠬᠦᠳᠡ ᠬᠤᠷᠠᠯ  ᠬᠤᠷᠠᠯᠳᠤᠭᠤᠯᠵᠤ᠂ ᠬᠤᠷᠠᠯ ᠠᠴᠠ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2022 ᠣᠨ ᠳᠤ  ᠬᠡᠷᠡᠭᠵᠢᠬᠦᠯᠬᠦ 10 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠢᠯᠧᠲ ᠦᠭᠴᠤ ᠳᠤᠭᠳᠠᠭᠠᠨ᠂ ᠬᠤᠷᠠᠯ ᠠᠴᠠ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠳᠤ ᠬᠡᠷᠡᠭᠵᠢᠭᠦᠯᠦᠭᠰᠡᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠬᠦ ᠶᠢᠨ ᠬᠠᠮᠲᠤ ᠰᠢᠯᠭᠠᠨ ᠦᠨᠡᠯᠡᠭᠰᠡᠨ ᠦᠷ᠎ᠡ ᠳ᠋ᠦᠩ ᠢ ᠤᠩᠰᠢᠨ ᠨᠡᠶᠢᠲᠡᠯᠡᠪᠡ᠃ ᠬᠤᠷᠠᠯ ᠠᠴᠠ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ ᠶᠢ ᠪᠠᠲᠤᠯᠠᠵᠤ᠂ ᠳ᠋ᠦᠩᠱᠧᠩ ᠲᠣᠭᠤᠷᠢᠭ ᠤᠨ 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠰᠢᠢᠳᠪᠦᠷᠢ᠂ ᠳ᠋ᠦᠩᠱᠧᠩ ᠲᠣᠭᠤᠷᠢᠭ ᠤᠨ 2021 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠪᠠ 2022 ᠣᠨ ᠤ ᠡᠳ᠋ ᠤᠨ ᠵᠠᠰᠠᠭ ᠤᠨ ᠲᠥᠰᠥᠪ ᠤᠨ ᠲᠤᠬᠠᠢ ᠰᠢᠢᠳᠪᠦᠷᠢ᠂ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠳ᠋ᠦᠩᠱᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠳ᠋ᠦᠩᠱᠧᠩ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢ ᠬᠤᠷᠠᠯ ᠠᠴᠠ ᠪᠠᠳᠤᠯᠠᠪᠠ᠃      1 ᠰᠠᠷ᠎ᠠ ᠶᠢᠨ 9 ᠤ ᠡᠳᠦᠷ᠂   ᠳ᠋ᠦᠩᠱᠧᠩ ᠳᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 20 ᠳ᠋ᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠳᠤᠭᠤᠷᠢᠭ ᠲᠠᠭᠠᠨ ᠪᠠᠶᠢᠭ᠎ᠠ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ  ᠳᠤᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃      1 ᠰᠠᠷ᠎ᠠ ᠶᠢᠨ 10 ᠤ ᠦᠳᠡ ᠶᠢᠨ ᠡᠮᠦᠨ᠎ᠡ᠂   ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠪᠥᠬᠦᠳᠡ ᠬᠤᠷᠠᠯ ᠵᠢᠴᠢ ᠪᠥᠬᠦ  ᠳᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠣ ᠢ ᠳ᠋ᠦᠩ᠂ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠳᠤᠭᠤᠷᠢᠭ ᠤᠨ ᠳᠠᠷᠤᠭ᠎ᠠ ᠬᠠᠨ ᠲᠤᠤ ᠬᠤᠷᠠᠯ ᠳᠡᠬᠡᠷ᠎ᠡ ᠳᠤᠰ ᠪᠦᠷᠢ ᠶᠠᠷᠢᠶ᠎ᠠ ᠳᠠᠯᠪᠢᠪᠠ᠃      1 ᠰᠠᠷ᠎ᠠ ᠶᠢᠨ 10 ᠤ ᠡᠳᠦᠷ᠂    ᠠᠮᠤᠭᠤᠯᠠᠩ ᠳ᠋ᠦᠩᠱᠧᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠤᠷᠠᠯ ᠬᠤᠷᠠᠯᠳᠤᠵᠠᠢ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠠᠮᠤᠭᠤᠯᠠᠩ ᠳ᠋ᠦᠩᠱᠧᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠭᠤᠤ ᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠠᠮᠤᠭᠤᠯᠠᠩ ᠳ᠋ᠦᠩᠱᠧᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠸᠠᠩ ᠯᠢ ᠫᠢᠩ᠂ ᠥᠨᠢᠷᠵᠢᠷᠭᠠᠯ᠂ ᠵᠠᠩ ᠪᠢᠩ ᠬᠤᠷᠠᠯ ᠳᠤ ᠣᠷᠣᠯᠴᠠᠵᠠᠢ᠃ ᠸᠠᠩ ᠯᠢ ᠫᠢᠩ ᠬᠤᠷᠠᠯ ᠢ ᠡᠷᠬᠢᠯᠡᠪᠡ᠃ ᠠᠮᠤᠭᠤᠯᠠᠩ ᠳ᠋ᠦᠩᠱᠧᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠡᠯ᠎ᠡ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠠᠬᠢᠯᠭ᠎ᠠ ᠪᠠᠲᠤ ︵ᠠᠵᠢᠯ︶ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃      1 ᠰᠠᠷ᠎ᠠ ᠶᠢᠨ 11 ᠤ ᠡᠳᠦᠷ᠂   ᠳ᠋ᠦᠩᠱᠧᠩ ᠲᠣᠭᠤᠷᠢᠭ ᠲᠤ 2022 ᠣᠨ ᠤ ᠴᠢᠬᠤᠯᠠ ᠶᠡᠭᠡ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠳᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠵᠤ ᠶᠠᠷᠢᠶ᠎ᠠ ᠳᠠᠯᠪᠢᠪᠠ᠃ ᠲᠣᠭᠤᠷᠢᠭ ᠤᠨ ᠤᠳᠤᠷᠢᠳᠤᠯᠭ᠎ᠠ  ᠾᠧ ᠸᠠᠨ ᡁᠢ᠂ ᠶᠠᠩ ᠭᠤᠸᠠᠩ ᠶᠣᠣ᠂ ᠭᠤᠤ ᠮᠢᠩ᠂ ᠵᠢᠶᠠᠩ ᠶᠤᠸᠠᠨ᠂ ᠶᠠᠩ ᠶᠦᠨ᠂ ᠱᠢ ᠮᠣᠣ ᠯᠢᠨ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃      1 ᠰᠠᠷ᠎ᠠ ᠶᠢᠨ 11 ᠤ ᠡᠳᠦᠷ᠂  ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠬᠠᠨ ᠲᠤᠸ ᠤᠷᠢᠳ ᠬᠤᠵᠢᠳ ᠪᠠᠷᠠᠭᠤᠨ ᠭᠠᠷᠬᠤ ᠡᠭᠦᠳᠡ᠂ ᠸᠧᠢ ᠵᠢᠶᠠ ᠨᠡᠶᠢᠲᠡ ᠶᠢᠨ ᠪᠠᠶᠢᠷᠢ᠂ ᠸᠠᠨ ᠵᠧᠩ ᠬᠤᠳᠠᠯᠳᠤᠭᠠᠨ ᠤ ᠲᠠᠯᠠᠪᠤᠷ ᠪᠠ ᠲᠤᠰᠠᠭᠠᠷᠯᠠᠬᠤ ᠪᠠᠭᠤᠳᠠᠯ ᠳᠤ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ ᠃ ᠲᠣᠭᠤᠷᠢᠭ ᠤᠨ ᠳᠡᠳ᠋  ᠳᠠᠷᠤᠭ᠎ᠠ ᠶᠠᠩ ᠶᠦᠨ᠂ ᠵᠠᠩ ᠪᠢᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠶᠢᠴᠠᠭᠠᠨ ᠰᠤᠳᠤᠯᠤᠯᠲᠠ ᠬᠢᠪᠡ᠃      1 ᠰᠠᠷ᠎ᠠ ᠶᠢᠨ 11 ᠤ ᠡᠳᠦᠷ᠂  ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠳᠤᠭᠤᠷᠢᠭ ᠤᠨ ᠤᠳᠤᠷᠢᠳᠤᠯᠭ᠎ᠠ ᠭᠤᠸ ᠮᠢᠩ᠂ ᠯᠢ ᠰᠢᠶᠣᠣ ᠳ᠋ᠦᠩ ᠵᠢᠴᠢ ᠳᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃      1 ᠰᠠᠷ᠎ᠠ ᠶᠢᠨ 17 ᠤ ᠡᠳᠦᠷ᠂  ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ 2022 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠰᠤᠳᠤᠯᠤᠨ ᠶᠠᠷᠢᠯᠴᠠᠬᠤ ᠬᠤᠷᠠᠯ ᠬᠢᠪᠡ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      1 ᠰᠠᠷ᠎ᠠ ᠶᠢᠨ 17 ᠤ ᠡᠳᠦᠷ᠂   ᠳ᠋ᠦᠩᠱᠧᠩ ᠳᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ 22 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠳᠤᠭᠤᠷᠢᠭ ᠤᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ 7 ᠳ᠋ᠤᠭᠠᠷ ᠬᠤᠷᠠᠯ ᠬᠤᠷᠠᠯᠳᠤᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠡᠷᠬᠢᠯᠡᠭᠴᠢ ᠭᠤᠤ ᠢ ᠳ᠋ᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠳᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠳᠤᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠬᠤᠷᠠᠯ ᠳᠤ ᠰᠤᠯᠠ ᠤᠷᠤᠯᠴᠠᠪᠠ᠃      1 ᠰᠠᠷ᠎ᠠ ᠶᠢᠨ 17 ᠤ ᠡᠳᠦᠷ᠂   ᠳ᠋ᠦᠩᠱᠧᠩ ᠲᠣᠭᠤᠷᠢᠭ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠳᠡᠳ᠋ ᠳᠠᠷᠤᠭ᠎ᠠ ᠳ᠋ᠦ᠋ ᠵᠢᠤᠸᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠢ᠃      1 ᠰᠠᠷ᠎ᠠ ᠶᠢᠨ 18 ᠤ ᠡᠳᠦᠷ᠂   ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ  ᠬᠤᠷᠠᠯᠳᠤᠭᠤᠯᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠬᠠᠨ ᠲᠤᠸ᠂ ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠪᠤᠰᠤᠳ ᠳᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ ᠬᠤᠷᠠᠯ ᠳᠤ ᠣᠷᠣᠯᠴᠠᠪᠠ᠃ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠹᠦ᠋ ᠵᠢᠶᠠᠨ ᠴᠢ ᠨᠠᠷ ᠬᠤᠷᠠᠯ ᠳᠤ ᠣᠷᠣᠯᠴᠠᠨ ᠵᠢᠭᠠᠨ ᠵᠢᠯᠣᠭᠤᠳᠤᠭᠰᠠᠨ ᠪᠥᠭᠡᠳ ᠦᠨᠡᠯᠡᠯᠲᠡ ᠬᠢᠵᠦ ᠶᠠᠷᠢᠶ᠎ᠠ ᠲᠠᠯᠪᠢᠵᠠᠢ᠃      1 ᠰᠠᠷ᠎ᠠ ᠶᠢᠨ 18 ᠤ ᠡᠳᠦᠷ᠂   ᠬᠤᠲᠠ ᠶᠢᠨ ᠳᠡᠳ᠋ ᠳᠠᠷᠤᠭ᠎ᠠ ᠮᠢᠶᠣᠣ ᠴᠧᠩ ᠢᠦᠢ ᠳ᠋ᠦᠩᠱᠧᠩ ᠲᠣᠭᠤᠷᠢᠭ ᠲᠤ  ᠠᠮᠠᠷᠠᠯᠳᠠ ᠶᠢᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠵᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠪᠠ ᠳ᠋ᠦᠩᠱᠧᠩ ᠲᠣᠭᠤᠷᠢᠭ ᠤᠨ ᠳᠡᠳ᠋ ᠳᠠᠷᠤᠭ᠎ᠠ ᠶᠠᠩ ᠶᠦᠨ ᠪᠠᠶᠢᠴᠠᠭᠠᠨ ᠰᠤᠳᠤᠯᠤᠯᠳᠠ ᠳᠤ ᠬᠠᠮᠲᠤ ᠤᠷᠤᠯᠴᠠᠪᠠ᠃     1 ᠰᠠᠷ᠎ᠠ ᠶᠢᠨ 20 ᠤ ᠡᠳᠦᠷ᠂   ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ 2022 ᠣᠨ ᠤ ᠠᠩᠬᠠᠳᠤᠭᠠᠷ ᠣᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠳᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠠᠨ ᠲᠤᠸ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠲᠣᠭᠤᠷᠢᠭ ᠤᠨ ᠳᠡᠳ᠋ ᠳᠠᠷᠤᠭ᠎ᠠ ᠶᠠᠩ ᠭᠤᠸᠠᠩ ᠶᠣᠣ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠯᠢ ᠰᠢᠶᠣᠣ ᠳ᠋ᠦᠩ᠂ ᠳ᠋ᠦ᠋ ᠵᠢᠤᠸᠠᠨ᠂ ᠶᠠᠩ ᠶᠦᠨ᠂ ᠵᠠᠩ ᠪᠢᠩ᠂ ᠳ᠋ᠦ᠋ ᠵᠢᠢ ᠺᠤᠸᠠᠨ ᠬᠤᠷᠠᠯ ᠳᠤ ᠣᠷᠣᠯᠴᠠᠵᠤ᠂ ᠰᠢᠶᠠᠨ ᠭᠠᠵᠠᠷ ᠤᠨ ᠲᠠᠰ ᠤᠨ ᠪᠤᠰᠤᠳ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃      1 ᠰᠠᠷ᠎ᠠ ᠶᠢᠨ 20 ᠤ ᠡᠳᠦᠷ᠂   ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠳᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠬᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠲᠣᠭᠤᠷᠢᠭ ᠤᠨ ᠳᠡᠳ᠋ ᠳᠠᠷᠤᠭ᠎ᠠ ᠶᠠᠩ ᠭᠤᠸᠠᠩ ᠶᠣᠣ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠯᠢ ᠰᠢᠶᠣᠣ ᠳ᠋ᠦᠩ᠂ ᠳ᠋ᠦ᠋ ᠵᠢᠤᠸᠠᠨ᠂ ᠶᠠᠩ ᠶᠦᠨ᠂ ᠵᠠᠩ ᠪᠢᠩ᠂ ᠳ᠋ᠦ᠋ ᠵᠢᠢ ᠺᠤᠸᠠᠨ ᠬᠤᠷᠠᠯ ᠳᠤ ᠣᠷᠣᠯᠴᠠᠪᠠ᠃ ᠳᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠤᠶᠠᠳᠤᠭᠠᠷ ᠵᠢᠯᠤᠭᠤᠳᠬᠤ ᠳᠤᠭᠤᠶᠢᠯᠠᠩ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      1 ᠰᠠᠷ᠎ᠠ ᠶᠢᠨ 20 ᠤ ᠡᠳᠦᠷ᠂   ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠲᠠ ᠲᠣᠭᠤᠷᠢᠭ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠲᠦᠪᠯᠡᠷᠡᠨ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠤᠭᠤᠷᠢᠭ ᠤᠨ ᠳᠠᠷᠤᠭ᠎ᠠ ᠬᠠᠨ ᠲᠤᠸ᠂ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠵᠧᠨ ᠫᠢᠩ᠂ ᠯᠢᠦ ᠯᠠᠨ ᠰᠢᠶᠠᠩ᠂ ᠦ᠋ ᠹᠧᠢ ᠰᠢᠦ᠋ᠩ᠂ ᠸᠧᠢ ᠮᠦᠳᠡᠨ᠂ ᠲᠣᠭᠤᠷᠢᠭ ᠤᠨ ᠳᠡᠳ᠋ ᠳᠠᠷᠤᠭ᠎ᠠ ᠶᠠᠩ ᠶᠦᠨ ᠬᠠᠮᠲᠤ ᠪᠠᠷ ᠪᠠᠶᠢᠴᠠᠭᠠᠨ ᠦᠵᠡᠬᠦ ᠠᠵᠢᠯᠯᠠᠭ᠎ᠠ ᠪᠤᠶᠤ ᠶᠠᠷᠢᠯᠴᠠᠬᠤ ᠬᠤᠷᠠᠯ ᠳᠤ ᠣᠷᠣᠯᠴᠠᠪᠠ᠃ ᠬᠤᠲᠠ᠂ ᠲᠣᠭᠤᠷᠢᠭ ᠤᠨ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠡᠶᠢᠲᠡ 80  ‍ᠭᠠᠳ ᠬᠥᠮᠥᠨ ᠠᠵᠢᠯᠯᠠᠭ᠎ᠠ ᠳᠤ ᠣᠷᠣᠯᠴᠠᠵᠠᠢ᠃      1 ᠰᠠᠷ᠎ᠠ ᠶᠢᠨ 21 ᠤ ᠡᠳᠦᠷ᠂   ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠬᠤᠷᠠᠯ ᠢ ᠬᠤᠷᠠᠯᠳᠤᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠢᠢ ᠫᠢᠩ ᠬᠤᠷᠠᠯ ᠢ ᠡᠷᠬᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠵᠠᠩ ᠵᠧᠨ ᠫᠢᠩ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠯᠢᠦ ᠯᠠᠨ ᠰᠢᠶᠠᠩ᠂ ᠸᠧᠢ ᠮᠦᠳᠡᠨ ᠬᠤᠷᠠᠯ ᠳᠤ ᠣᠷᠣᠯᠴᠠᠪᠠ᠃ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠦ᠋ ᠹᠧᠢ  ᠰᠢᠦ᠋ᠩ ᠵᠢᠴᠢ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃ ᠳᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠠᠵᠠᠷ ᠠᠴᠠ ᠬᠤᠶᠠᠳᠤᠭᠠᠷ ᠵᠢᠯᠤᠭᠤᠳᠬᠤ ᠳᠤᠭᠤᠶᠢᠯᠠᠩ ᠤᠨ ᠬᠠᠮᠢᠶ᠎ᠠ ᠪᠦᠬᠦᠢ ᠨᠥᠬᠦᠳ ᠢ ᠲᠣᠮᠢᠯᠠᠨ ᠬᠤᠷᠠᠯ ᠳᠤ ᠣᠷᠣᠯᠴᠠᠭᠤᠯᠵᠤ ᠵᠢᠭᠠᠨ ᠵᠢᠯᠣᠭᠤᠳᠤᠭᠤᠯᠪᠠ᠃      1 ᠰᠠᠷ᠎ᠠ ᠶᠢᠨ 21 ᠤ ᠡᠳᠦᠷ᠂   ᠳ᠋ᠦᠩᠱᠧᠩ ᠲᠣᠭᠤᠷᠢᠭ ᠲᠤ 2022 ᠣᠨ ᠤ ᠴᠠᠭᠠᠨ ᠰᠠᠷ᠎ᠠ ᠶᠢᠨ ᠴᠠᠶᠢᠯᠠᠯᠭ᠎ᠠ ᠬᠢᠪᠡ᠃ ᠳ᠋ᠦᠩᠱᠧᠩ ᠳᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ᠂ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠳᠤᠭᠤᠷᠢᠭ ᠤᠨ ᠳᠠᠷᠤᠭ᠎ᠠ ᠬᠠᠨ ᠲᠤᠤ᠂ ᠳᠤᠭᠤᠷᠢᠭ  ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠳᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠳᠤᠭᠤᠷᠢᠭ ᠤᠨ ᠲᠦᠷᠪᠡᠨ ᠶᠡᠭᠡ ᠤᠳᠤᠷᠢᠳᠬᠤ ᠪᠠᠭ ᠤᠨ ᠬᠢᠨ ᠮᠠᠨ ᠤ ᠳᠤᠭᠤᠷᠢᠭ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠤᠨ ᠲᠥᠯᠥᠭᠡᠯᠡᠭᠴᠢᠳ ᠲᠠᠢ ᠨᠢᠭᠡ ᠲᠠᠩᠬᠢᠮ ᠳᠤ ᠪᠠᠶᠠᠷᠲᠠᠢ ᠪᠠᠷ ᠴᠤᠭᠯᠠᠷᠠᠵᠤ᠂ ᠴᠠᠭᠠᠨ ᠰᠠᠷ᠎ᠠ ᠶᠢ ᠪᠠᠶᠠᠷᠯᠠᠨ ᠤᠭᠲᠤᠵᠤ᠂ ᠠᠮᠵᠢᠯᠳᠠ ᠪᠦᠳᠦᠮᠵᠢ ᠪᠠᠨ ᠠᠭᠤᠵᠢᠷᠠᠲᠠᠯ᠎ᠠ ᠶᠠᠷᠢᠯᠴᠠᠵᠤ᠂ ᠢᠷᠡᠭᠡᠳᠦᠢ ᠶᠢᠨ ᠲᠤᠬᠠᠢ ᠬᠠᠮᠲᠤᠪᠠᠷ ᠶᠠᠷᠢᠯᠴᠠᠵᠠᠢ᠃ ᠬᠠᠨ ᠲᠤᠤ ᠴᠠᠶᠢᠯᠠᠯᠭ᠎ᠠ ᠶᠢ ᠡᠷᠬᠢᠯᠡᠪᠡ᠃      1 ᠰᠠᠷ᠎ᠠ ᠶᠢᠨ 24 ᠤ ᠡᠳᠦᠷ   ᠳ᠋ᠦᠩᠱᠧᠩ ᠲᠣᠭᠤᠷᠢᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠬᠤᠷᠠᠯ ᠬᠤᠷᠠᠯᠳᠤᠪᠠ ᠃ ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠣᠨ ᠬᠤᠲᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠨ ᠤ ᠳᠤᠭᠤᠷᠢᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠳ᠋ᠦᠩᠨᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠤᠯᠠᠮ ᠴᠢᠨᠠᠭᠰᠢᠳᠠ ᠪᠠᠬᠢᠵᠢᠭᠦᠯᠦᠨ ᠥᠷᠭᠡᠳᠬᠡᠬᠦ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠪᠦᠬᠦ ᠳᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠣᠨ ᠲᠡᠦᠬᠡ ᠶᠢᠨ ᠲᠤᠷᠰᠢᠯᠭ᠎ᠠ ᠠᠴᠠ ᠤᠶᠤᠨ ᠤᠬᠠᠭᠠᠨ ᠬᠦᠴᠦᠨ ᠴᠢᠳᠠᠯ ᠢ ᠨᠡᠩ ᠰᠠᠶᠢᠲᠤᠷ ᠰᠢᠩᠭᠡᠬᠡᠨ ᠠᠪᠴᠤ᠂ ᠴᠢᠩᠭ᠎ᠠ ᠬᠦᠴᠦᠲᠡᠢ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠪᠠᠷ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠨ᠂ ᠳ᠋ᠦᠩᠱᠧᠩ ᠤᠨ ︽ᠳᠦᠷᠪᠡᠨ ᠵᠢᠱᠢᠶ᠎ᠡ ᠦᠵᠡᠭᠦᠯᠬᠦ ᠣᠷᠣᠨ︾ ᠤ ᠪᠦᠲᠦᠭᠡᠨ ᠪᠠᠶᠢᠭᠤᠯᠤᠯᠲᠠ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ  ᠬᠡᠵᠡᠢ᠃      1 ᠰᠠᠷ᠎ᠠ ᠶᠢᠨ 24 ᠤ ᠡᠳᠦᠷ᠂   ᠳ᠋ᠦᠩᠱᠧᠩ ᠳᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 23 ᠳ᠋ᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠡᠯ᠎ᠡ  ᠳᠤᠭᠤᠷᠢᠭ ᠲᠠᠭᠠᠨ ᠪᠠᠶᠢᠭ᠎ᠠ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠳᠤᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃      1 ᠰᠠᠷ᠎ᠠ ᠶᠢᠨ 24 ᠤ ᠡᠳᠦᠷ᠂   ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠬᠦᠴᠢᠷᠳᠡᠯ ᠲᠠᠢ ᠠᠵᠢᠯᠲᠠᠨ ᠠᠵᠢᠯᠴᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠲᠣᠪᠣᠶᠢᠮ᠎ᠠ ᠭᠠᠪᠢᠶ᠎ᠠ ᠵᠢᠳᠬᠦᠯ ᠦᠵᠡᠬᠦᠯᠦᠭᠰᠡᠨ ᠠᠵᠢᠯᠲᠠᠨ ᠵᠢᠴᠢ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠣᠭᠤᠷᠢᠭ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠺᠤᠮᠢᠰ᠂ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠵᠡᠷᠬᠡ ᠪᠠᠷ ᠳᠤᠬᠤᠨᠢᠭᠤᠯᠭ᠎ᠠ ᠬᠢᠵᠤ᠂ ᠲᠣᠭᠤᠷᠢᠭ ᠤᠨ ᠳᠥᠷᠪᠡᠨ ᠶᠡᠭᠡ ᠪᠠᠭ ᠢ ᠲᠦᠯᠦᠬᠡᠯᠡᠨ  ᠬᠠᠶᠢᠷ᠎ᠠ ᠬᠠᠯᠠᠮᠵᠢ ᠬᠦᠷᠭᠡᠭᠰᠡᠨ ᠪᠥᠭᠡᠳ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠢᠷᠦᠭᠡᠯ ᠵᠦᠩᠨᠡᠯ ᠳᠡᠪᠰᠢᠭᠦᠯᠵᠡᠢ᠃ ᠲᠣᠭᠤᠷᠢᠭ ᠤᠨ ᠤᠳᠤᠷᠢᠳᠤᠯᠭ᠎ᠠ ᠶᠠᠩ ᠭᠤᠸᠠᠩ ᠶᠣᠣ᠂ ᠭᠤᠸ ᠮᠢᠩ᠂ ᠵᠠᠩ ᠵᠧᠨ ᠫᠢᠩ᠂ ᠶᠠᠩ ᠶᠦᠨ ᠳᠤᠬᠤᠨᠢᠭᠤᠯᠭ᠎ᠠ ᠶᠢᠨ ᠠᠵᠢᠯᠯᠠᠭ᠎ᠠ ᠳᠤ ᠬᠠᠮᠲᠤ ᠤᠷᠤᠯᠴᠠᠪᠠ       1 ᠰᠠᠷ᠎ᠠ ᠶᠢᠨ 24 ᠤ ᠡᠳᠦᠷ᠂   ᠳ᠋ᠦᠩᠱᠧᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠬᠠᠨ ᠶᠣᠣ ᠲᠢᠩ ᠬᠤᠷᠠᠯ ᠢ ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃ ᠳᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠳᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠸᠠᠩ ᠶᠢᠩ ᠴᠤᠤ᠂  ᠳᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠱᠢ ᠮᠣᠣ ᠯᠢᠨ᠂ ᠳᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠵᠠᠩ ᠵᠢᠶᠦ᠋ᠨ᠂ ᠳᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠨᠠᠷᠢᠨ ᠪᠢᠴᠢᠭ ᠤᠨ ᠳᠠᠷᠤᠭ᠎ᠠ ᠷᠧᠨ ᠬᠤᠤ ᠬᠤᠷᠠᠯ ᠳᠤ ᠣᠷᠣᠯᠴᠠᠪᠠ᠃ ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠲᠤᠶᠠᠭ᠎ᠠ᠂ ᠸᠠᠩ ᠰᠢᠸ ᠵᠢᠴᠢ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃ ᠳᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠤᠶᠠᠳᠤᠭᠠᠷ ᠵᠢᠯᠤᠭᠤᠳᠬᠤ ᠳᠤᠭᠤᠶᠢᠯᠠᠩ ᠤᠨ ᠬᠠᠮᠢᠶ᠎ᠠ ᠪᠦᠬᠦᠢ ᠨᠥᠬᠦᠳ ᠢ ᠲᠣᠮᠢᠯᠠᠨ ᠬᠤᠷᠠᠯ ᠳᠤ ᠣᠷᠣᠯᠴᠠᠭᠤᠯᠵᠤ ᠵᠢᠭᠠᠨ ᠵᠢᠯᠣᠭᠤᠳᠤᠭᠤᠯᠪᠠ᠃      1 ᠰᠠᠷ᠎ᠠ ᠶᠢᠨ 25 ᠤ ᠡᠳᠦᠷ᠂   ᠳ᠋ᠦᠩᠱᠧᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠨᠠᠷ ᠤᠷᠢᠳ ᠬᠤᠵᠢᠳ ᠲᠢᠶᠠᠨ ᠠᠨ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ᠂ ᠣᠷᠳᠣᠰ ᠬᠤᠲᠠ ᠶᠢᠨ ᠰᠢᠨ ᠱᠧᠩ ᠪᠠᠶᠢᠭᠠᠯᠢ ᠶᠢᠨ ᠰᠢᠲᠠᠮᠠᠬᠠᠢ ᠬᠡᠢ ᠶᠢᠨ ᠺᠣᠮᠫᠠᠨᠢ᠂ ᠳᠠᠮᠤᠷ ᠵᠠᠮ ᠤᠨ ᠪᠠᠷᠠᠭᠤᠨᠳᠡᠬᠢ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠢᠴᠢ ᠠᠵᠢᠯ  ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠳ ᠤᠨ ᠭᠡᠷ ᠲᠤ ᠬᠦᠷᠴᠦ᠂ ᠲᠡᠳᠡᠨ ᠳᠤ ᠴᠠᠭᠠᠨ ᠰᠠᠷ᠎ᠠ ᠶᠢᠨ ᠵᠦᠩᠨᠡᠯ ᠳᠡᠪᠰᠢᠭᠦᠯᠪᠡ᠃ ᠲᠣᠭᠤᠷᠢᠭ ᠤᠨ ᠤᠳᠤᠷᠢᠳᠤᠯᠭ᠎ᠠ ᠥᠨᠢᠷᠵᠢᠷᠭᠠᠯ᠂ ᠸᠠᠩ ᠶᠢᠩ ᠴᠤᠤ᠂ ᠸᠧᠢ ᠮᠦᠳᠡᠨ᠂ ᠳ᠋ᠦ᠋ ᠵᠢᠤᠸᠠᠨ ᠳᠤᠬᠤᠨᠢᠭᠤᠯᠭ᠎ᠠ ᠳᠤ ᠬᠠᠮᠳᠤ ᠤᠷᠤᠯᠴᠠᠪᠠ᠃1 ᠰᠠᠷ᠎ᠠ ᠶᠢᠨ 25 ᠤ ᠡᠳᠦᠷ᠂   ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠨᠠᠷ ᠤᠷᠢᠳ ᠬᠤᠵᠢᠳ ᠳ᠋ᠦᠩᠱᠧᠩ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠳ᠋ᠦᠩᠱᠧᠩ ᠲᠣᠭᠤᠷᠢᠭ ᠤᠨ ᠤᠰᠤ ᠬᠠᠩᠭᠠᠬᠤ ᠶᠡᠷᠦᠩᠬᠡᠢ ᠺᠣᠮᠫᠠᠨᠢ᠂  ᠴᠡᠷᠢᠭ ᠠᠴᠠ ᠬᠠᠯᠠᠭᠳᠠᠭᠰᠠᠨ ᠵᠡᠮᠳᠡᠭᠴᠤᠳ ᠵᠢᠴᠢ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠠᠮ ᠤᠨ ᠭᠡᠰᠢᠭᠦᠳ ᠤᠨ ᠭᠡᠷ ᠲᠤ ᠭᠦᠨᠵᠡᠭᠡᠶᠢᠷᠡᠵᠦ᠂ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠢ ᠲᠦᠯᠦᠬᠡᠯᠡᠨ ᠲᠡᠳᠡᠨ ᠳᠤ ᠬᠠᠶᠢᠷ᠎ᠠ ᠬᠠᠯᠠᠮᠵᠢ ᠬᠦᠷᠭᠡᠭᠰᠡᠨ ᠪᠥᠭᠡᠳ ᠴᠠᠭᠠᠨ ᠰᠠᠷ᠎ᠠ ᠶᠢᠨ ᠮᠡᠨᠳᠦᠴᠢᠯᠡᠯ ᠪᠠ ᠵᠦᠩᠨᠡᠯ ᠳᠡᠪᠰᠢᠭᠦᠯᠵᠡᠢ᠃ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠦ᠋ ᠹᠧᠢ ᠰᠢᠦ᠋ᠩ ᠳᠤᠬᠤᠨᠢᠭᠤᠯᠭ᠎ᠠ ᠳᠤ ᠬᠠᠮᠳᠤ ᠤᠷᠤᠯᠴᠠᠪᠠ᠃      1 ᠰᠠᠷ᠎ᠠ ᠶᠢᠨ 25 ᠤ ᠡᠳᠦᠷ᠂   ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠰ ᠤᠨ ᠦᠢᠯᠡᠴᠢᠯᠡᠭᠡᠨ ᠤ ᠲᠥᠪ᠂ ᠭᠠᠯ  ᠤᠨᠳᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠭᠦᠸᠧ ᠨᠧᠩ ᠪᠣᠷᠤᠯᠠᠭᠤᠯᠭ᠎ᠠ ᠶᠢᠨ ᠪᠦᠯᠦᠭᠯᠡᠯ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠵᠢᠴᠢ ᠬᠡᠰᠡᠭ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠂ ᠪᠤᠯᠪᠠᠰᠤᠨ ᠬᠤᠳᠠ ᠶᠢ ᠡᠬᠦᠳᠤᠨ ᠪᠠᠶᠢᠭᠤᠯᠬᠤ ᠡᠮᠤᠨ᠎ᠡ ᠹᠷᠣᠨᠲ ᠤᠨ ᠬᠥᠮᠥᠰ᠂ ᠡᠷᠦᠬᠡ ᠶᠢ ᠬᠤᠯᠪᠤᠭᠠᠯᠠᠨ ᠳᠠᠭᠠᠭᠠᠴᠢᠯᠠᠵᠤ ᠪᠠᠶᠢᠭ᠎ᠠ ᠬᠦᠮᠦᠰ᠂ ᠬᠦᠴᠢᠷᠳᠡᠯᠲᠡᠢ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠵᠤ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠬᠦᠷᠭᠡᠬᠦ ᠶᠢᠨ ᠬᠠᠮᠲᠤ ᠴᠠᠭᠠᠨ ᠰᠠᠷ᠎ᠠ ᠶᠢᠨ ᠮᠡᠨᠳᠦᠴᠢᠯᠡᠯ ᠪᠠ ᠵᠦᠩᠨᠡᠯ ᠳᠡᠪᠰᠢᠭᠦᠯᠪᠡ᠃ ᠲᠣᠭᠤᠷᠢᠭ ᠤᠨ ᠤᠳᠤᠷᠢᠳᠤᠯᠭ᠎ᠠ ᠯᠢᠦ ᠬᠤᠢ ᠪᠢᠨ᠂ ᠯᠢᠦ ᠯᠠᠨ ᠰᠢᠶᠠᠩ  ᠬᠠᠮᠳᠤ ᠪᠠᠷ ᠲᠣᠬᠤᠨᠢᠭᠤᠯᠬᠤ ᠠᠵᠢᠯᠯᠠᠭ᠎ᠠ ᠦᠷᠨᠢᠬᠦᠯᠪᠡ᠃      1 ᠰᠠᠷ᠎ᠠ ᠶᠢᠨ 26 ᠤ ᠡᠳᠦᠷ᠂   ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠢ ᠴᠠᠭᠠᠨ ᠰᠠᠷ᠎ᠠ ᠠᠴᠠ ᠡᠮᠦᠨ᠎ᠡ ᠳ᠋ᠦᠩᠱᠧᠩ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠨ ᠲᠣᠬᠤᠨᠢᠭᠤᠯᠬᠤ ᠶᠢᠨ ᠬᠠᠮᠲᠤ ᠳ᠋ᠦᠩᠱᠧᠩ ᠭᠠᠯᠳᠤ ᠳᠡᠷᠬᠡᠨ ᠤ ᠵᠡᠬᠦᠨ ᠦᠷᠳᠡᠬᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠤ᠂ ᠲᠣᠭᠤᠷᠢᠭ ᠤᠨ ᠳᠡᠳ᠋ ᠳᠠᠷᠤᠭ᠎ᠠ ᠳ᠋ᠦ᠋ ᠵᠢᠤᠸᠠᠨ᠂ ᠶᠠᠩ ᠶᠦᠨ ᠵᠢᠴᠢ ᠬᠤᠲᠠ ᠲᠣᠭᠤᠷᠢᠭ ᠬᠤᠶᠠᠷ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃      1 ᠰᠠᠷ᠎ᠠ ᠶᠢᠨ 28 ᠤ ᠡᠳᠦᠷ᠂    ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠰᠢᠨ ᠱᠧᠩ ᠪᠠᠶᠢᠭᠠᠯᠢ ᠶᠢᠨ ᠰᠢᠲᠠᠮᠠᠬᠠᠢ ᠬᠡᠢ᠂ ᠵᠥᠩ ᠴᠢᠩ ᠬᠤᠸᠠᠷ ᠫᠤᠤᠵᠢᠩ ᠡᠵᠡᠩᠨᠡᠨ ᠪᠣᠷᠣᠯᠠᠭᠤᠯᠬᠤ ᠭᠠᠵᠠᠷ᠂ ᠸᠠᠨ ᠵᠢᠶᠠ ᠬᠤᠶ ᠵᠠᠬ᠎ᠠ ᠳᠡᠯᠭᠡᠭᠦᠷ᠂ ᠳ᠋ᠦᠩᠱᠧᠩ ᠭᠠᠯᠲᠤ ᠲᠡᠷᠭᠡᠨ ᠤ ᠵᠡᠭᠦᠨ ᠥᠷᠲᠡᠭᠡ᠂ ᠢ ᠲᠠᠢ ᠲᠠᠯ᠎ᠠ ᠶᠢᠨ ᠭᠤᠤᠯ ᠤᠨ ᠨᠡᠭᠦᠷᠡᠰᠦᠨ ᠠᠭᠤᠷᠬᠠᠢ ᠵᠡᠷᠭᠡ ᠭᠠᠵᠠᠷ ᠢᠶᠠᠷ ᠭᠦᠨᠵᠡᠭᠡᠶᠢᠷᠡᠨ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ᠂ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠭᠤᠤ ᠮᠢᠩ᠂ ᠶᠠᠩ ᠶᠦᠨ ᠬᠠᠮᠲᠤᠪᠠᠷ ᠪᠠᠶᠢᠴᠠᠭᠠᠨ ᠰᠤᠳᠤᠯᠤᠯᠲᠠ ᠬᠢᠵᠡᠢ᠃      1 ᠰᠠᠷ᠎ᠠ ᠶᠢᠨ 28 ᠤ ᠡᠳᠦᠷ᠂    ᠳᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ᠂ ᠳᠤᠭᠤᠷᠢᠭ ᠤᠨ ᠨᠠᠮ ᠤᠨ ᠬᠤᠷᠢᠶᠠᠨ ᠤ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠳ᠋ᠦᠩᠱᠧᠩ ᠲᠣᠭᠤᠷᠢᠭ ᠤᠨ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠠ ᠶᠡᠷᠦᠩᠬᠡᠢ ᠬᠡᠯᠲᠡᠰ ᠤᠨ ᠠᠵᠤ ᠠᠬᠤᠢ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠵᠠᠢ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠲᠣᠭᠤᠷᠢᠭ ᠤᠨ ᠤᠳᠤᠷᠢᠳᠤᠯᠭ᠎ᠠ ᠶᠠᠩ ᠭᠤᠸᠠᠩ ᠶᠣᠣ᠂ ᠭᠤᠸ ᠮᠢᠩ᠂ ᠱᠢ ᠮᠣᠣ ᠯᠢᠨ᠂ ᠵᠠᠩ ᠵᠢᠶᠦ᠋ᠨ᠂ ᠸᠠᠩ ᠰᠢᠸ ᠬᠤᠷᠠᠯ ᠳᠤ ᠣᠷᠣᠯᠴᠠᠵᠤ᠂ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃      1 ᠰᠠᠷ᠎ᠠ ᠶᠢᠨ 28 ᠤ ᠡᠳᠦᠷ᠂   ᠳ᠋ᠦᠩᠱᠧᠩ ᠲᠣᠭᠤᠷᠢᠭ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠤᠳᠤᠷᠢᠳᠤᠯᠭ᠎ᠠ ᠾᠧ ᠸᠠᠨ ᡁᠢ᠂ ᠶᠠᠩ ᠭᠤᠸᠠᠩ ᠶᠣᠣ᠂ ᠯᠢ ᠰᠢᠶᠣᠣ ᠳ᠋ᠦᠩ᠂ ᠳ᠋ᠦ᠋ ᠵᠢᠤᠸᠠᠨ᠂ ᠶᠠᠩ ᠶᠦᠨ᠂ ᠵᠠᠩ ᠪᠢᠩ ᠬᠤᠷᠠᠯ ᠳᠤ ᠣᠷᠣᠯᠴᠠᠪᠠ᠃1 ᠰᠠᠷ᠎ᠠ  ᠶᠢᠨ 29 ᠤ ᠡᠳᠦᠷ᠂   ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ  ᠶᠢᠨ ᠳᠠᠷᠤᠭ᠎ᠠ ᠳ᠋ᠦ᠋ ᠾᠦᠢ ᠯᠢᠶᠠᠩ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠪᠣᠯᠣᠨ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠠᠵᠢᠯᠲᠠᠳ  ᠢ ᠪᠣᠯᠭᠤᠭᠠᠨ ᠲᠣᠬᠤᠨᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠢᠳᠡᠭᠡᠨ ᠤ ᠠᠮᠤᠷ ᠲᠦᠪᠰᠢᠨ᠂ ᠵᠠᠬ᠎ᠠ ᠳᠡᠯᠭᠡᠭᠦᠷ ᠤᠨ ᠬᠠᠩᠭᠠᠯᠭ᠎ᠠ ᠵᠡᠷᠭᠡ ᠪᠠᠶᠢᠳᠠᠯ ᠢ ᠪᠠᠶᠢᠴᠠᠭᠠᠨ ᠰᠤᠳᠤᠯᠵᠤ ᠬᠤᠲᠠ  ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ᠂ ᠬᠤᠲᠠ  ᠶᠢᠨ ᠳᠡᠳ᠋ ᠳᠠᠷᠤᠭ᠎ᠠ ᠸᠠᠩ ᠰᠢᠨ ᠢᠦᠢ᠂ ᠬᠤᠲᠠ ᠶᠢᠨ ᠤᠯᠤᠰ ᠲᠥᠷᠥ  ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢᠶᠣᠤ ᠮᠢᠩ  ᠳᠤᠬᠤᠨᠢᠭᠤᠯᠭ᠎ᠠ ᠳᠤ ᠣᠷᠣᠯᠴᠠᠪᠠ᠃      1 ᠰᠠᠷ᠎ᠠ ᠶᠢᠨ 30 ᠤ ᠡᠳᠦᠷ᠂   ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠸᠠ ᠶᠠᠨ ᠬᠡᠲᠦ ᠳᠡᠯᠭᠡᠭᠦᠷ ᠤᠨ ᠡᠮᠤᠨᠡᠬᠢ ᠪᠠᠷᠠᠭᠠᠨ ᠤ ᠭᠦᠢᠯᠭᠡᠭᠡᠨ ᠤ ᠳᠡᠯᠭᠡᠭᠦᠷ᠂ ᠹᠦ᠋ ᠰᠢᠩ ᠲᠠᠷᠢᠶᠠᠯᠠᠩ ᠤᠨ ᠪᠦᠳᠦᠬᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠲᠤᠰᠠᠭᠠᠷᠯᠠᠬᠤ ᠪᠠᠭᠤᠳᠠᠯ᠂ ᠬᠤᠸᠠᠷ ᠫᠤᠤᠵᠢᠩ ᠪᠥᠭᠡᠮ ᠢᠶᠠᠷ ᠬᠤᠳᠠᠯᠳᠤᠬᠤ ᠭᠠᠵᠠᠷ᠂ ᠵᠠᠩ ᠵᠢᠶᠠ ᠯᠢᠶᠠᠩ ᠤᠨ ᠨᠡᠭᠦᠷᠡᠰᠦᠨ ᠠᠭᠤᠷᠬᠠᠢ ᠵᠡᠷᠭᠡ ᠭᠠᠵᠠᠷ ᠲᠤ ᠬᠦᠷᠴᠦ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠪᠠᠶᠢᠴᠠᠭᠠᠨ ᠰᠤᠳᠤᠯᠪᠠ᠃ ᠡᠭᠦᠨ ᠤ ᠬᠠᠮᠲᠤ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠡᠮᠦᠨ᠎ᠡ ᠹᠷᠣᠨᠲ ᠤᠨ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ ᠪᠠ ᠪᠠᠶᠠᠷ ᠤᠨ ᠡᠳᠦᠷ ᠤᠨ ᠵᠥᠩᠨᠡᠯ  ᠳᠡᠪᠰᠢᠬᠦᠯᠪᠡ᠃ ᠲᠣᠭᠤᠷᠢᠭ ᠤᠨ ᠤᠳᠤᠷᠢᠳᠤᠯᠭ᠎ᠠ ᠶᠠᠩ ᠭᠤᠸᠠᠩ ᠶᠣᠣ᠂ ᠶᠠᠩ ᠶᠦᠨ᠂ ᠱᠢ ᠮᠣᠣ ᠯᠢᠨ ᠬᠠᠮᠲᠤᠪᠠᠷ ᠪᠠᠶᠢᠴᠠᠭᠠᠨ ᠰᠤᠳᠤᠯᠤᠯᠲᠠ ᠬᠢᠵᠡᠢ᠃
ᠢᠷᠡᠯᠲᠡ᠄ ᠲᠤᠰ ᠰᠦᠯᠵᠢᠶ᠎ᠠ