ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠳᠤᠮᠤ ᠶᠠᠪᠤᠳᠠᠯ ᠤᠨ ᠳᠡᠮᠳᠡᠭᠯᠡᠯ — ᠬᠤᠶᠠᠳᠤᠭᠠᠷ ᠰᠠᠷ᠎ᠠ
ᠨᠡᠶᠢᠲᠡᠯᠡᠭᠰᠡᠨ ᠴᠠᠭ᠄
2022/4/29
      2 ᠰᠠᠷ᠎ᠠ ᠶᠢᠨ 4 ᠤ ᠡᠳᠦᠷ᠂  ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠳ᠋ᠦᠩᠱᠧᠩ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ᠂ ᠳ᠋ᠦᠩᠱᠧᠩ ᠳᠤᠭᠤᠷᠢᠭ ᠤᠨ ᠭᠠᠯᠳᠤ ᠳᠡᠷᠬᠡᠨ ᠤ ᠪᠠᠷᠠᠭᠤᠨ ᠥᠷᠲᠡᠭᠡ ᠳᠤ ᠬᠦᠷᠴᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠢᠵᠢᠭᠦᠷᠯᠡᠨ ᠰᠠᠬᠢᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠠᠶᠢᠴᠠᠭᠠᠨ ᠵᠢᠯᠤᠭᠤᠳᠴᠤ᠂ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠡᠮᠦᠨ᠎ᠡ ᠹᠷᠣᠨᠲ ᠤᠨ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠲᠡᠳᠡᠨ ᠳᠤ ᠴᠠᠭᠠᠨ ᠰᠠᠷ᠎ᠠ ᠶᠢᠨ ᠵᠦᠩᠨᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠲᠣᠭᠤᠷᠢᠭ ᠤᠨ ᠤᠳᠤᠷᠢᠳᠤᠯᠭ᠎ᠠ ᠶᠠᠩ ᠶᠦᠨ ᠬᠠᠮᠲᠤ ᠪᠠᠷ ᠪᠠᠶᠢᠴᠠᠭᠠᠨ ᠲᠣᠬᠤᠨᠢᠭᠤᠯᠪᠠ᠃      2 ᠰᠠᠷ᠎ᠠ ᠶᠢᠨ 8 ᠤ ᠡᠳᠦᠷ᠂  ᠳ᠋ᠦᠩᠱᠧᠩ ᠲᠣᠭᠤᠷᠢᠭ ᠲᠤ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠠᠴᠠ ᠪᠥᠬᠦ ᠳᠤᠭᠤᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠵᠢᠴᠢ ᠪᠡᠭᠡᠵᠢᠩ ᠤᠨ ᠣᠷᠣᠨ ᠪᠦᠰᠡ ᠠᠯᠤᠰᠯᠠᠨ ᠰᠢᠯᠵᠢᠭᠦᠯᠬᠦ ᠲᠥᠷᠥᠯ ᠵᠦᠢᠯ ᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠳᠤᠬᠢᠷᠠᠭᠤᠯᠪᠠ᠃ ᠳᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ  ᠢ ᠡᠷᠬᠢᠯᠡᠨ ᠶᠠᠷᠢᠶ᠎ᠠ ᠲᠠᠯᠪᠢᠵᠤ᠂ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠳᠤᠭᠤᠷᠢᠭ ᠤᠨ ᠳᠠᠷᠤᠭ᠎ᠠ ᠬᠠᠨ ᠲᠤᠸ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠡᠷᠬᠢᠯᠡᠭᠴᠢ ᠵᠢᠢ ᠫᠢᠩ᠂ ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠳᠤᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠵᠠᠢ᠃      2 ᠰᠠᠷ᠎ᠠ ᠶᠢᠨ 9 ᠤ ᠡᠳᠦᠷ᠂  ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠤᠷᠢᠳ ᠬᠤᠵᠢᠳ ᠬᠤᠤ ᠵᠢᠶᠠ ᠭᠧ ᠪᠥᠸᠧ᠂ ᠳ᠋ᠢᠶᠠᠨ ᠳ᠋ᠠ ᠨᠠᠨ᠂ ᠰᠠᠶᠢᠨᠲ᠋ᠠᠶᠢᠵᠢ᠂ ᠰᠢᠩ ᠱᠧᠩ ᠡᠮᠦᠨ᠎ᠡ ᠵᠠᠮ᠂ ᠴᠡᠴᠡᠷᠯᠢᠭ ᠤᠨ ᠵᠡᠭᠡᠯᠢ ᠭᠤᠳᠤᠮᠵᠢ ᠶᠢᠨ ᠲᠦᠩ ᠱᠦᠨ ᠨᠡᠶᠢᠭᠡᠮ ᠲᠣᠭᠤᠷᠢᠭ᠂ ᠦᠨᠳᠦᠰᠦᠲᠡᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠨ ᠵᠢᠶᠠᠨ ᠨᠡᠶᠢᠭᠡᠮ ᠲᠣᠭᠤᠷᠢᠭ᠂ ᠳ᠋ᠠ ᠰᠢᠩ ᠳᠤᠮᠳᠠᠳᠤ ᠰᠤᠷᠭᠠᠭᠤᠯᠢ ᠶᠢᠨ ᠲᠣᠭᠤᠷᠢᠭ᠂ ᠭᠤᠴᠢᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠳᠥᠭᠦᠮ ᠪᠦᠳᠦᠴᠡᠳᠤ ᠣᠷᠣᠨ ᠰᠠᠭᠤᠴᠠ ᠶᠢᠨ ᠲᠣᠭᠤᠷᠢᠭ ᠲᠤ ᠭᠦᠨᠵᠡᠭᠡᠶᠢᠷᠡᠵᠦ ᠂ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠲᠣᠭᠤᠷᠢᠭ ᠤᠨ ᠳᠡᠳ᠋ ᠳᠠᠷᠤᠭ᠎ᠠ ᠯᠢ ᠰᠢᠶᠣᠣ ᠳ᠋ᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠲᠠᠢ ᠬᠠᠮᠲᠤ ᠪᠠᠶᠢᠴᠠᠭᠠᠨ  ᠰᠤᠳᠤᠯᠤᠯᠳᠠ ᠬᠢᠪᠡ᠃      2 ᠰᠠᠷ᠎ᠠ ᠶᠢᠨ 13 ᠤ ᠡᠳᠦᠷ᠂  ᠳ᠋ᠦᠩᠱᠧᠩ ᠲᠣᠭᠤᠷᠢᠭ ᠤᠨ ᠬᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠳᠡᠳ᠋ ᠳᠠᠷᠤᠭ᠎ᠠ ᠶᠠᠩ ᠶᠦᠨ ᠬᠤᠷᠠᠯ ᠢ ᠡᠷᠭᠢᠯᠡᠪᠡ᠃ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ᠂ ᠲᠤᠰᠬᠠᠢ ᠠᠩᠭᠢ ᠶᠢᠨ ᠪᠥᠬᠦ ᠠᠵᠢᠯᠲᠠᠨ᠂ ᠡᠯ᠎ᠡ ᠬᠦᠷᠢᠶᠡᠯᠡᠩ ᠲᠣᠭᠤᠷᠢᠭ ᠪᠠᠯᠭᠠᠰᠤ ᠵᠡᠭᠡᠯᠢ ᠭᠤᠳᠤᠮᠵᠢ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠲᠣᠭᠤᠷᠢᠭ ᠤᠨ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠢᠭᠤᠳ ᠬᠠᠮᠵᠢᠯᠴᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠨᠡᠶᠢᠭᠡᠮ ᠲᠣᠭᠤᠷᠢᠭ ᠤᠨ ᠭᠤᠣᠯ ᠬᠠᠷᠢᠭᠤᠴᠠᠯᠭᠠᠲᠠᠨ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠲᠠᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠶᠠᠳᠤᠭᠠᠷ ᠳᠡᠰ ᠤᠨ ᠨᠢᠭᠡᠴᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯᠲᠠᠨ᠂ ᠡᠪᠡᠳᠴᠢᠨ ᠤ ᠪᠠᠶᠢᠴᠠᠭᠠᠯᠳᠠ ᠪᠠ ᠡᠬᠦᠰᠤᠯ ᠢ ᠮᠦᠷᠳᠡᠨ ᠪᠠᠶᠢᠴᠠᠭᠠᠬᠤ ᠠᠵᠢᠯ ᠤᠨ ᠪᠦᠬᠦ ᠠᠵᠢᠯᠲᠠᠨ ᠪᠣᠯᠪᠠᠰᠤᠷᠠᠭᠤᠯᠤᠯ ᠳᠤ ᠤᠷᠤᠯᠴᠠᠪᠠ᠃      2 ᠰᠠᠷ᠎ᠠ ᠶᠢᠨ 16 ᠤ ᠡᠳᠦᠷ᠂  ᠳ᠋ᠦᠩᠱᠧᠩ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ 2022 ᠣᠨ ᠤ 3 ᠳ᠋ᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠬᠠᠨ ᠲᠤᠸ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠲᠣᠭᠤᠷᠢᠭ ᠤᠨ ᠤᠳᠤᠷᠢᠳᠤᠯᠭ᠎ᠠ ᠾᠧ ᠸᠠᠨ ᡁᠢ᠂ ᠶᠠᠩ ᠭᠤᠸᠠᠩ ᠶᠣᠣ᠂ ᠯᠢ ᠰᠢᠶᠣᠣ ᠳ᠋ᠦᠩ᠂ ᠳ᠋ᠦ᠋ ᠵᠢᠤᠸᠠᠨ᠂ ᠶᠠᠩ ᠶᠦᠨ᠂ ᠵᠠᠩ ᠪᠢᠩ ᠬᠤᠷᠠᠯ ᠳᠤ ᠣᠷᠣᠯᠴᠠᠵᠤ᠂ ᠡᠯ᠎ᠡ ᠲᠤᠰᠬᠠᠢ ᠳᠤᠭᠤᠶᠢᠯᠠᠩ᠂ ᠠᠵᠢᠯ ᠤᠨ ᠲᠤᠰᠬᠠᠢ ᠠᠩᠭᠢ ᠪᠠ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃      2 ᠰᠠᠷ᠎ᠠ ᠶᠢᠨ 17 ᠤ ᠡᠳᠦᠷ᠂  ᠳ᠋ᠦᠩᠱᠧᠩ ᠳᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 24 ᠤᠳᠠᠭᠠᠨ ᠤ ᠬᠤᠷᠠᠯᠳᠤᠭᠠᠨ ᠬᠤᠷᠠᠯᠳᠤᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠳᠤᠭᠤᠷᠢᠭ ᠲᠠᠭᠠᠨ ᠪᠠᠶᠢᠭ᠎ᠠ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠳᠤᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃      2 ᠰᠠᠷ᠎ᠠ ᠶᠢᠨ 17 ᠤ ᠡᠳᠦᠷ᠂  ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠲᠣᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠡᠷᠬᠢᠯᠡᠭᠴᠢ ᠭᠤᠸ ᠢ ᠳ᠋ᠦᠩ ᠲᠣᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠵᠢᠷᠭᠤᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠳᠤᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠳᠡᠳ᠋ ᠡᠷᠬᠢᠯᠡᠭᠴᠢ ᠬᠠᠨ ᠲᠤᠸ ᠵᠢᠴᠢ ᠳᠤᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠳᠡᠳ᠋ ᠡᠷᠬᠢᠯᠡᠭᠴᠢ᠂ ᠭᠡᠰᠢᠭᠦᠳ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃      2 ᠰᠠᠷ᠎ᠠ ᠶᠢᠨ 18 ᠤ ᠡᠳᠦᠷ᠂  ᠳ᠋ᠦᠩᠱᠧᠩ ᠲᠣᠭᠤᠷᠢᠭ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ  ᠤᠷᠤᠯᠴᠠᠪᠠ᠃      2 ᠰᠠᠷ᠎ᠠ ᠶᠢᠨ 18 ᠤ ᠡᠳᠦᠷ᠂  ᠳ᠋ᠦᠩᠱᠧᠩ ᠲᠣᠭᠤᠷᠢᠭ ᠲᠡᠷᠢᠭᠦᠨ ᠤ ᠬᠢ ᠪᠠᠷ ᠪᠠᠷᠢᠮᠵᠢᠶᠠᠯᠠᠵᠤ ︽ᠰᠤᠷᠲᠠᠯ ᠢᠶᠠᠨ ᠰᠠᠶᠢᠵᠢᠷᠠᠭᠤᠯᠵᠤ᠂ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠥᠭᠡᠭᠡᠵᠦ ᠭᠦᠢᠴᠡᠨ ᠳᠠᠪᠠᠭ᠋ᠤ ᠶᠢ ᠠᠬᠢᠭᠤᠯᠬᠤ︾ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠳᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠬᠢᠯᠡᠪᠡ᠃ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠳᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠡᠷᠭᠡ ᠲᠣᠭᠤᠷᠢᠭ ᠤᠨ ᠳᠦᠷᠪᠡᠨ ᠶᠡᠭᠡ ᠤᠳᠤᠷᠢᠳᠬᠤ ᠪᠠᠭ ᠤᠨ ᠪᠤᠰᠤᠳ ᠤᠳᠤᠷᠢᠳᠬᠤ ᠪᠠᠭ ᠤᠨ ᠳᠤᠭᠤᠷᠢᠭ ᠲᠠᠭᠠᠨ ᠪᠠᠶᠢᠭ᠎ᠠ ᠤᠳᠤᠷᠢᠳᠤᠯᠭ᠎ᠠ ᠬᠤᠷᠠᠯ ᠳᠤ ᠣᠷᠣᠯᠴᠠᠪᠠ᠃      2 ᠰᠠᠷ᠎ᠠ ᠶᠢᠨ 19 ᠤ ᠡᠳᠦᠷ᠂  ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠢ ᠳ᠋ᠦᠩᠱᠧᠩ ᠲᠣᠭᠤᠷᠢᠭ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠴᠤ᠂ ᠳ᠋ᠦᠩᠱᠧᠩ ᠲᠣᠭᠤᠷᠢᠭ ᠤᠨ ᠳᠡᠳ᠋ ᠳᠠᠷᠤᠭ᠎ᠠ ᠶᠠᠩ ᠶᠦᠨ ᠵᠢᠴᠢ ᠬᠤᠲᠠ ᠲᠣᠭᠤᠷᠢᠭ ᠬᠤᠶᠠᠷ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃      2 ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂  ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠡᠵᠡᠨ ᠬᠤᠷᠤᠭ᠎ᠠ ᠬᠤᠰᠢᠭᠤ᠂ ᠬᠢᠶ᠎ᠠ ᠪᠠᠭᠰᠢ ᠲᠣᠭᠤᠷᠢᠭ᠂ ᠳ᠋ᠦᠩᠱᠧᠩ ᠲᠣᠭᠤᠷᠢᠭ ᠲᠤ ᠭᠦᠨᠵᠡᠭᠡᠶᠢᠷᠡᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠢ ᠶᠢᠨ ᠲᠠᠯᠠᠪᠤᠷ ᠲᠤᠨᠢ ᠪᠠᠶᠢᠴᠠᠭᠠᠨ ᠵᠢᠯᠣᠭᠤᠳᠪᠠ᠃2 ᠰᠠᠷ᠎ᠠ ᠶᠢᠨ 22 ᠤᠨ ᠡᠳᠦᠷ᠂  ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠧ ᠰᠢ ᠸᠧᠨ ᠳ᠋ᠦᠩᠱᠧᠩ ᠲᠣᠭᠤᠷᠢᠭ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠴᠤ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠣ ᠢ ᠳ᠋ᠦᠩ᠂ ᠲᠣᠭᠤᠷᠢᠭ ᠤᠨ ᠤᠳᠤᠷᠢᠳᠤᠯᠭ᠎ᠠ ᠦ᠋ ᠵᠠᠨ ᠵᠢᠶᠦ᠋ᠨ᠂ ᠭᠤᠣ ᠮᠢᠩ᠂ ᠶᠠᠩ ᠶᠦᠨ᠂ ᠵᠠᠩ ᠪᠢᠩ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃      2 ᠰᠠᠷ᠎ᠠ ᠶᠢᠨ 22 ᠤᠨ ᠦᠳᠡ ᠶᠢᠨ ᠬᠤᠶᠢᠨ᠎ᠠ᠂  ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠳ᠋ᠦᠩᠱᠧᠩ ᠲᠣᠭᠤᠷᠢᠭ ᠲᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠬᠥᠭᠵᠢᠯᠲᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠪᠡ᠃ ᠬᠤᠲᠠ ᠶᠢᠨ ᠤᠳᠤᠷᠢᠳᠤᠯᠭ᠎ᠠ ᠵᠠᠩ ᠸᠧᠢ᠂ ᠯᠢᠦ ᠹᠧᠩ ᠶᠦᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      2 ᠰᠠᠷ᠎ᠠ ᠶᠢᠨ 23 ᠤ ᠡᠳᠦᠷ᠂  ᠳ᠋ᠦᠩᠱᠧᠩ ᠲᠣᠭᠤᠷᠢᠭ ᠤᠨ ᠬᠢᠨ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠳᠤᠭᠤᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠢᠯᠠᠩᠭᠤᠶ᠎ᠠ ᠬᠤᠲᠠ ᠶᠢᠨ ᠱᠠᠲᠤᠨ ᠤ ᠲᠣᠬᠢᠷᠠᠭᠤᠯᠤᠯᠲᠠ ᠶᠢᠨ 60 ᠵᠦᠢᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠢ ᠭᠦᠢᠴᠡᠳᠬᠡᠭᠰᠡᠨ ᠪᠠᠶᠢᠳᠠᠯ ᠵᠢᠴᠢ ᠨᠠᠶᠢᠳᠠᠪᠤᠷᠢᠵᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠳᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠳᠤᠭᠤᠷᠢᠭ ᠤᠨ ᠳᠥᠷᠪᠡᠨ ᠶᠡᠭᠡ  ᠤᠳᠤᠷᠢᠳᠬᠤ ᠪᠠᠭ ᠤᠨ ᠳᠤᠭᠤᠷᠢᠭ ᠲᠠᠭᠠᠨ ᠪᠠᠶᠢᠭ᠎ᠠ ᠪᠤᠰᠤᠳ ᠤᠳᠤᠷᠢᠳᠤᠯᠭ᠎ᠠ ᠨᠠᠷ ᠬᠤᠷᠠᠯ ᠳᠤ ᠤᠷᠤᠯᠴᠠᠪᠠ᠃       2 ᠰᠠᠷ᠎ᠠ ᠶᠢᠨ 24 ᠤ ᠡᠳᠦᠷ᠂  ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠳ᠋ᠦᠩᠱᠧᠩ ᠲᠣᠭᠤᠷᠢᠭ ᠤᠨ ᠲᠤᠷᠰᠢᠯᠲᠠ ᠶᠢᠨ ᠪᠠᠭ᠎ᠠ ᠰᠤᠷᠭᠠᠭᠤᠯᠢ᠂ ᠳ᠋ᠦᠩᠱᠧᠩ ᠲᠣᠭᠤᠷᠢᠭ ᠤᠨ ᠵᠢᠷᠭᠤᠳᠤᠭᠠᠷ ᠪᠠᠭ᠎ᠠ ᠰᠤᠷᠭᠠᠭᠤᠯᠢ᠂ ᠳ᠋ᠦᠩᠱᠧᠩ ᠲᠣᠭᠤᠷᠢᠭ ᠤᠨ ᠳ᠋ᠦᠩᠴᠢᠩ ᠪᠠᠭ᠎ᠠ ᠰᠤᠷᠭᠠᠭᠤᠯᠢ᠂ ᠳ᠋ᠦᠩᠱᠧᠩ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ ᠵᠢᠴᠢ ᠳ᠋ᠦᠩᠱᠧᠩ ᠲᠣᠭᠤᠷᠢᠭ ᠤᠨ ᠬᠡᠰᠡᠭ ᠰᠢᠨ᠎ᠡ ᠪᠠᠷ ᠪᠠᠶᠢᠭᠤᠯᠤᠭᠰᠠᠨ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ᠂ ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠭᠤᠸ ᠮᠢᠩ᠂ ᠶᠠᠩ ᠶᠦᠨ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃      2 ᠰᠠᠷ᠎ᠠ ᠶᠢᠨ 24 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠱᠦᠵᠢ ᠶᠢᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ 2022 ᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠲᠤᠭ᠎ᠠ ᠪᠦᠷᠢᠳᠬᠡᠯ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠪᠠᠴᠢᠮ ᠪᠠᠶᠢᠳᠠᠯ ᠢ ᠠᠷᠭᠠᠴᠠᠵᠤ ᠭᠠᠯ ᠤᠨᠲᠠᠷᠠᠭᠠᠬᠤ᠂ ᠬᠢᠨᠠᠨ ᠪᠤᠳᠤᠵᠤ ᠬᠢᠨᠠᠯᠲᠠ ᠲᠠᠯᠪᠢᠬᠤ ᠵᠡᠷᠭᠡ ᠠᠵᠢᠯ ᠤᠨ ᠲᠣᠬᠢᠷᠠᠭᠤᠯᠤᠯᠲᠠ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠱᠠᠲᠤᠨ ᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠵᠤ ᠶᠠᠷᠢᠶ᠎ᠠ ᠳᠠᠯᠪᠢᠪᠠ᠃ ᠲᠣᠭᠤᠷᠢᠭ ᠤᠨ ᠤᠳᠤᠷᠢᠳᠤᠯᠭ᠎ᠠ ᠶᠠᠩ ᠭᠤᠸᠠᠩ ᠶᠣᠣ᠂ ᠭᠤᠸ ᠮᠢᠩ ᠬᠤᠷᠠᠯ ᠳᠤ ᠣᠷᠣᠯᠴᠠᠵᠤ᠂ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃      2 ᠰᠠᠷ᠎ᠠ ᠶᠢᠨ 25 ᠤ ᠡᠳᠦᠷ᠂  ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠤᠳᠠᠭᠠᠨ ᠤ ᠪᠦᠬᠦ ᠬᠡᠰᠢᠬᠦᠳ ᠤᠨ ᠬᠤᠷᠠᠯ ᠬᠤᠷᠠᠯᠳᠤᠪᠠ᠃ ᠳᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ  ᠳᠠᠯᠪᠢᠪᠠ᠃ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠳᠤᠭᠤᠷᠢᠭ ᠤᠨ ᠳᠠᠷᠤᠭ᠎ᠠ ᠬᠠᠨ ᠲᠤᠸ᠂ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠳᠤᠭᠤᠷᠢᠭ  ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ᠂ ᠳᠤᠭᠤᠷᠢᠭ ᠤᠨ ᠨᠠᠮ ᠤᠨ ᠬᠤᠷᠢᠶ᠎ᠠ᠂ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠳᠤᠭᠤᠷᠢᠭ ᠤᠨ ᠵᠠᠰᠠᠭ ᠤᠨ ᠣᠷᠳᠣᠨ᠂  ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠤᠯᠭ᠎ᠠ᠂ ᠳᠤᠭᠤᠷᠢᠭ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠬᠤᠷᠠᠯ ᠳᠤ ᠣᠷᠣᠯᠴᠠᠵᠠᠢ᠃ ᠳᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠦᠨᠢᠷᠵᠢᠷᠭᠠᠯ ᠬᠤᠷᠠᠯ ᠢ ᠡᠷᠭᠢᠯᠡᠭᠰᠡᠨ ᠪᠥᠭᠡᠳ ᠠᠵᠢᠯ ᠤᠨ ᠮᠡᠳᠡᠭᠦᠯᠦᠯᠲᠡ ᠬᠢᠪᠡ᠃      2 ᠰᠠᠷ᠎ᠠ ᠶᠢᠨ 25 ᠤ ᠡᠳᠦᠷ᠂  ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ 2022 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠳᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠶᠠᠩ ᠭᠤᠸᠠᠩ ᠶᠣᠣ᠂ ᠲᠣᠭᠤᠷᠢᠭ ᠤᠨ ᠳᠡᠳ᠋ ᠳᠠᠷᠤᠭ᠎ᠠ  ᠵᠢᠶᠠᠩ ᠶᠤᠸᠠᠨ᠂ ᠯᠢ ᠰᠢᠶᠣᠣ ᠳ᠋ᠦᠩ᠂ ᠳ᠋ᠦ᠋ ᠵᠢᠤᠸᠠᠨ᠂ ᠶᠠᠩ ᠶᠦᠨ᠂ ᠵᠠᠩ ᠪᠢᠩ ᠬᠤᠷᠠᠯ ᠳᠤ ᠣᠷᠣᠯᠴᠠᠪᠠ᠃ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠯᠠᠨ ᠰᠢᠶᠠᠩ᠂  ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠮᠣᠣ ᠯᠢᠨ ᠵᠢᠴᠢ ᠳᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠰᠤᠯᠠ ᠣᠷᠣᠯᠴᠠᠪᠠ᠃      2 ᠰᠠᠷ᠎ᠠ ᠶᠢᠨ 26 ᠤ ᠡᠳᠦᠷ᠂  ᠳ᠋ᠦᠩᠱᠧᠩ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠵᠢᠯᠤᠭᠤᠳᠬᠤ ᠬᠡᠯᠲᠡᠰ ᠪᠣᠯᠵᠣᠨ ᠶᠠᠷᠢᠯᠴᠠᠵᠤ ᠰᠠᠨᠠᠭᠤᠯᠬᠤ ᠬᠤᠷᠠᠯ ᠬᠤᠷᠠᠯᠳᠤᠭᠤᠯᠪᠠ᠃ ᠳᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠪᠠᠶᠢᠩᠭᠤ  ᠶᠢᠨ ᠳᠡᠳ᠋ ᠶᠡᠷᠦᠩᠬᠡᠢ ᠵᠢᠯᠤᠭᠤᠳᠤᠭᠴᠢ ᠶᠠᠩ ᠶᠦᠨ ᠬᠤᠷᠠᠯ ᠳᠤ ᠣᠷᠣᠯᠴᠠᠵᠤ ᠶᠠᠷᠢᠶ᠎ᠠ ᠳᠠᠯᠪᠢᠪᠠ᠃      2 ᠰᠠᠷ᠎ᠠ ᠶᠢᠨ 28 ᠤ ᠡᠳᠦᠷ᠂  ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠳ᠋ᠦᠩᠱᠧᠩ ᠲᠣᠭᠤᠷᠢᠭ ᠤᠨ ︽ᠭᠤᠮᠤᠳᠠᠯ ᠰᠠᠨᠠᠭᠤᠯᠭ᠎ᠠ ᠶᠢ ᠭᠥᠯᠢᠶᠡᠨ ᠠᠪᠤᠪᠠᠯ ᠳᠠᠷᠤᠢ ᠰᠢᠢᠳᠪᠤᠷᠢᠯᠡᠬᠦ︾ ᠠᠵᠢᠯ ᠤᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠪᠠ᠃ ᠲᠣᠭᠤᠷᠢᠭ ᠤᠨ ᠤᠳᠤᠷᠢᠳᠤᠯᠭ᠎ᠠ ᠶᠠᠩ ᠭᠤᠸᠠᠩ ᠶᠣᠣ᠂ ᠭᠤᠸ ᠮᠢᠩ᠂ ᠵᠠᠩ ᠵᠢᠶᠦ᠋ᠨ ᠬᠤᠷᠠᠯ ᠳᠤ ᠣᠷᠣᠯᠴᠠᠵᠤ᠂ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃      2 ᠰᠠᠷ᠎ᠠ ᠶᠢᠨ 28 ᠤ ᠡᠳᠦᠷ᠂  ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ 2022 ᠣᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠢᠯ ᠤᠨ ᠲᠣᠬᠢᠷᠠᠭᠤᠯᠤᠯᠲᠠ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠱᠠᠲᠤᠨ ᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠣᠭᠤᠷᠢᠭ ᠤᠨ ᠤᠳᠤᠷᠢᠳᠤᠯᠭ᠎ᠠ ᠭᠤᠤ ᠮᠢᠩ᠂ ᠯᠢ ᠰᠢᠶᠣᠣ ᠳ᠋ᠦᠩ᠂ ᠵᠠᠩ ᠵᠢᠶᠦ᠋ᠨ ᠬᠤᠷᠠᠯ ᠳᠤ ᠣᠷᠣᠯᠴᠠᠵᠠᠢ᠃
ᠢᠷᠡᠯᠲᠡ᠄ ᠲᠤᠰ ᠰᠦᠯᠵᠢᠶ᠎ᠠ