ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠳᠤᠮᠤ ᠶᠠᠪᠤᠳᠠᠯ ᠤᠨ ᠳᠡᠮᠳᠡᠭᠯᠡᠯ — ᠭᠤᠷᠪᠠᠳᠤᠭᠠᠷ ᠰᠠᠷ᠎ᠠ
ᠨᠡᠶᠢᠲᠡᠯᠡᠭᠰᠡᠨ ᠴᠠᠭ᠄
2022/4/29
      3 ᠰᠠᠷ᠎ᠠ ᠶᠢᠨ 1 ᠤ ᠡᠳᠦᠷ᠂  ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠷᠠᠳ ᠤᠨ ᠶᠠᠪᠤᠳᠠᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠠᠵᠢᠯ ᠳᠤ ᠲᠣᠬᠢᠷᠠᠭᠤᠯᠤᠯᠲᠠ ᠬᠢᠭᠰᠡᠨ ᠪᠥᠭᠡᠳ ᠲᠠᠷᠠᠭᠠᠴᠢ ᠶᠢᠨ ᠱᠠᠲᠤᠨ ᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠣᠭᠤᠷᠢᠭ ᠤᠨ ᠤᠳᠤᠷᠢᠳᠤᠯᠭ᠎ᠠ ᠭᠤᠤ ᠮᠢᠩ᠂ ᠳ᠋ᠦ᠋ ᠵᠢᠤᠸᠠᠨ ᠬᠤᠷᠠᠯ ᠳᠤ ᠣᠷᠣᠯᠴᠠᠪᠠ᠃      3 ᠰᠠᠷ᠎ᠠ ᠶᠢᠨ 2 ᠤᠨ ᠡᠳᠦᠷ᠂  ᠣᠷᠳᠣᠰ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠬᠢᠭᠡᠳ ᠳ᠋ᠦᠩᠱᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠬᠠᠮᠲᠤᠷᠠᠨ ᠠᠵᠢᠯᠯᠠᠬᠤ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠵᠢᠴᠢ ᠣᠯᠠᠨ ᠡᠰᠢᠲᠦ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠤᠨ ᠥᠷᠲᠡᠭᠡ ᠶᠢᠨ ᠫᠠᠶᠢᠰᠠ ᠰᠡᠬᠦᠬᠦ ᠶᠣᠰᠣᠯᠠᠯ ᠳ᠋ᠦᠩᠱᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠳᠤ ᠶᠠᠪᠤᠭᠳᠠᠪᠠ᠃      2 ᠰᠠᠷ᠎ᠠ ᠶᠢᠨ 28 ᠤ ᠡᠳᠦᠷ ᠠᠴᠠ 3 ᠰᠠᠷ᠎ᠠ ᠶᠢᠨ 4 ᠤ ᠡᠳᠦᠷ ᠪᠣᠯᠲᠠᠯ᠎ᠠ᠂  ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠬᠠᠨ ᠲᠤᠸ  ᠱᠢ ᠶᠠᠨ ᠬᠤᠲᠠ ᠶᠢᠨ ᠶᠦᠨ ᠶᠠᠩ ᠲᠣᠭᠤᠷᠢᠭ ᠲᠤ ᠬᠦᠷᠴᠦ᠂ ᠬᠦᠷᠢᠶᠡᠯᠡᠩ ᠲᠣᠭᠤᠷᠢᠭ ᠤᠨ ᠨᠡᠭᠡᠭᠡᠨ ᠬᠥᠭᠵᠢᠭᠦᠯᠦᠯᠲᠡ ᠪᠦᠲᠦᠭᠡᠨ ᠪᠠᠶᠢᠭᠤᠯᠤᠯᠲᠠ᠂ ᠲᠥᠷᠥᠯ ᠵᠦᠢᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠤᠯᠤᠰ ᠤᠨ ᠦᠮᠴᠢᠯᠡᠯᠳᠤ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠤᠨ ᠲᠣᠭᠤᠷᠢᠨ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠪᠡ᠃ ᠳᠤᠭᠤᠷᠢᠭ ᠤᠨ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠥᠴᠢᠷ ᠪᠣᠯᠣᠨ ᠳᠤᠭᠤᠷᠢᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠳᠠᠳ ᠬᠠᠮᠲᠤᠪᠠᠷ ᠰᠢᠨᠵᠢᠯᠡᠨ ᠪᠠᠶᠢᠴᠠᠭᠠᠪᠠ᠃      3 ᠰᠠᠷ᠎ᠠ ᠶᠢᠨ 4 ᠤ ᠡᠳᠦᠷ᠂  ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ 2022 ᠣᠨ ᠤ 5 ᠳ᠋ᠤᠭᠠᠷ  ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠳᠤᠭᠤᠷᠢᠭ ᠤᠨ  ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠲᠣᠭᠤᠷᠢᠭ ᠤᠨ ᠳᠡᠳ᠋ ᠳᠠᠷᠤᠭ᠎ᠠ ᠶᠠᠩ ᠭᠤᠸᠠᠩ ᠶᠣᠣ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠯᠢ ᠰᠢᠶᠣᠣ ᠳ᠋ᠦᠩ᠂ ᠶᠠᠩ ᠶᠦᠨ᠂ ᠵᠠᠩ ᠪᠢᠩ᠂ ᠳ᠋ᠦ᠋ ᠵᠢᠢ ᠺᠤᠸᠠᠨ ᠬᠤᠷᠠᠯ ᠳᠤ ᠣᠷᠣᠯᠴᠠᠵᠤ᠂ ᠲᠣᠭᠤᠷᠢᠭ ᠤᠨ ᠳᠡᠳ᠋ ᠳᠠᠷᠤᠭ᠎ᠠ ᠵᠢᠶᠠᠩ ᠶᠤᠸᠠᠨ ᠵᠢᠴᠢ ᠪᠤᠰᠤᠳ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃      3 ᠰᠠᠷ᠎ᠠ ᠶᠢᠨ 5 ᠤ ᠣᠷᠣᠢ᠂ ᠳ᠋ᠦᠩᠱᠧᠩ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠤᠳᠤᠷᠢᠳᠤᠯᠭ᠎ᠠ ᠶᠠᠩ ᠭᠤᠸᠠᠩ ᠶᠣᠣ᠂ ᠦ᠋ ᠵᠠᠨ ᠵᠢᠶᠦ᠋ᠨ᠂ ᠭᠤᠤ ᠮᠢᠩ᠂ ᠶᠠᠩ ᠶᠦᠨ᠂ ᠵᠠᠩ ᠪᠢᠩ ᠬᠤᠷᠠᠯ ᠳᠤ ᠣᠷᠣᠯᠴᠠᠪᠠ᠃      3 ᠰᠠᠷ᠎ᠠ ᠶᠢᠨ 6 ᠤ ᠦᠳᠡ ᠶᠢᠨ ᠬᠤᠶᠢᠨ᠎ᠠ᠂ ᠳ᠋ᠦᠩᠱᠧᠩ ᠲᠣᠭᠤᠷᠢᠭ ᠲᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠩᠬᠠᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ᠃ ᠳ᠋ᠦᠩᠱᠧᠩ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠪᠠᠶᠢᠩᠭᠤ ᠶᠢᠨ ᠳᠡᠳ᠋ ᠶᠡᠷᠦᠩᠬᠡᠢ ᠵᠢᠯᠣᠭᠤᠳᠤᠭᠴᠢ᠂ ᠵᠠᠰᠠᠭ ᠤᠨ ᠣᠷᠳᠣᠨ ᠤ ᠳᠤᠭᠤᠷᠢᠭ ᠤᠨ ᠳᠡᠳ᠋ ᠳᠠᠷᠤᠭ᠎ᠠ ᠶᠠᠩ ᠶᠦᠨ᠂ ᠲᠣᠭᠤᠷᠢᠭ ᠤᠨ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃ ᠬᠤᠷᠠᠯ ᠠᠴᠠ ᠳ᠋ᠦᠩᠱᠧᠩ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠤᠭ ᠰᠢᠨ᠎ᠡ ᠠᠬᠢᠴᠠ ᠶᠢᠨ ᠪᠠᠶᠢᠳᠠᠯ ᠵᠢᠴᠢ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢᠨ ᠵᠠᠮ ᠮᠥᠷ ᠢ ᠮᠡᠳᠡᠭᠳᠡᠪᠡ᠃      3 ᠰᠠᠷ᠎ᠠ ᠶᠢᠨ 6 ᠤ ᠡᠳᠦᠷ ᠠᠴᠠ 7 ᠤ ᠡᠳᠤᠷ ᠪᠤᠯᠳᠠᠯ᠎ᠠ᠂ ᠳ᠋ᠦᠩᠱᠧᠩ ᠲᠣᠭᠤᠷᠢᠭ ᠹᠦ᠋ ᠰᠢᠩ ᠵᠡᠭᠡᠯᠢ ᠭᠤᠳᠤᠮᠵᠢ ᠶᠢᠨ ᠬᠤᠸᠠ ᠶᠤᠸᠠᠨ ᠨᠡᠶᠢᠭᠡᠮ ᠲᠣᠭᠤᠷᠢᠭ᠂ ᠶᠦᠩ ᠨᠢᠩ ᠨᠡᠶᠢᠭᠡᠮ ᠲᠣᠭᠤᠷᠢᠭ᠂ ᠰᠢᠩ ᠨᠦᠩ ᠨᠡᠶᠢᠭᠡᠮ ᠲᠣᠭᠤᠷᠢᠭ ᠪᠣᠯᠣᠨ ᠵᠠᠮ ᠬᠠᠷᠢᠯᠴᠠᠭᠠᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠢᠶᠡᠨ ᠺᠠᠩ ᠨᠡᠶᠢᠭᠡᠮ ᠲᠣᠭᠤᠷᠢᠭ᠂ ᠲᠦᠩᠴᠤᠸᠠᠨ ᠪᠠᠯᠭᠠᠰᠤᠨ ᠤ ᠲᠦᠩᠴᠤᠸᠠᠨ ᠲᠣᠰᠬᠤᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠪᠥᠬᠦ ᠴᠠᠷᠠᠭᠠᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠵᠦ᠂ 3 ᠰᠠᠷ᠎ᠠ ᠶᠢᠨ 6 ᠤ ᠡᠳᠦᠷ ᠤᠨ 17 ᠴᠠᠭ ᠪᠣᠯᠲᠠᠯ᠎ᠠ᠂ ᠨᠡᠶᠢᠲᠡ 40267 ᠬᠤᠪᠢ ᠪᠥᠭᠡᠮ ᠬᠦᠴᠢᠯ ᠤᠨ ᠥᠯᠢᠭᠡᠷ ᠴᠤᠭᠯᠠᠭᠤᠯᠵᠤ᠂ 3 ᠰᠠᠷ᠎ᠠ ᠶᠢᠨ 7 ᠤ ᠡᠳᠦᠷ ᠤᠨ 00 ᠴᠠᠭ 10 ᠮᠢᠨᠦ᠋ᠲ ᠪᠣᠯᠲᠠᠯ᠎ᠠ᠂ ᠰᠢᠯᠭᠠᠨ ᠪᠠᠶᠢᠴᠠᠭᠠᠭᠰᠠᠨ ᠢᠶᠠᠷ ᠦᠷ᠎ᠡ ᠳ᠋ᠦᠩ ᠨᠢ ᠴᠥᠮ ᠪᠢᠯᠢᠭ ᠴᠢᠨᠠᠷᠲᠠᠢ ᠪᠣᠯᠵᠠᠢ᠃ ᠡᠭᠦᠨ ᠤ ᠬᠠᠮᠲᠤ᠂ ᠡᠪᠡᠳᠴᠢᠨ ᠤ ᠵᠢᠱᠢᠶ᠎ᠡ ᠲᠠᠢ ᠨᠢᠭᠲᠠ ᠬᠦᠷᠦᠯᠴᠡᠭᠰᠡᠳ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠳ᠋ᠦᠩ ᠨᠢ ᠴᠥᠮ ᠪᠢᠯᠢᠭ ᠴᠢᠨᠠᠷᠲᠠᠢ ᠪᠠᠶᠢᠪᠠ᠃      3 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠳ᠋ᠦᠩᠱᠧᠩ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠳᠬᠤ ᠶᠢᠨ ᠬᠠᠮᠲᠤ ᠬᠤᠷᠠᠯ ᠬᠤᠷᠠᠯᠳᠤᠭᠤᠯᠵᠤ᠂ ᠳ᠋ᠦᠩᠱᠧᠩ ᠲᠣᠭᠤᠷᠢᠭ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠨ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      3 ᠰᠠᠷ᠎ᠠ ᠶᠢᠨ 7 ᠤ ᠦᠳᠡ ᠶᠢᠨ ᠬᠤᠶᠢᠨ᠎ᠠ᠂ ᠳ᠋ᠦᠩᠱᠧᠩ ᠲᠣᠭᠤᠷᠢᠭ ᠲᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠤᠶᠠᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠳ᠋ᠦᠩᠱᠧᠩ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠪᠠᠶᠢᠩᠭᠤ ᠶᠢᠨ ᠳᠡᠳ᠋ ᠶᠡᠷᠦᠩᠬᠡᠢ ᠵᠢᠯᠣᠭᠤᠳᠤᠭᠴᠢ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠶᠦᠨ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃ ᠬᠤᠷᠠᠯ ᠠᠴᠠ  ᠳ᠋ᠦᠩᠱᠧᠩ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠢᠨ᠎ᠡ ᠠᠬᠢᠴᠠ ᠶᠢᠨ ᠪᠠᠶᠢᠳᠠᠯ ᠢ ᠮᠡᠳᠡᠭᠳᠡᠪᠡ᠃      3 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠴᠠᠩ ᠴᠢᠩ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠢᠯᠤᠭᠤᠳᠬᠤ ᠳᠤᠭᠤᠶᠢᠯᠠᠩ ᠤᠨ ᠬᠢᠨ ᠢ ᠳᠠᠭᠠᠭᠤᠯᠤᠨ ᠳ᠋ᠦᠩᠱᠧᠩ ᠲᠣᠭᠤᠷᠢᠭ ᠤᠨ ᠡᠯ᠎ᠡ ᠪᠥᠭᠡᠮ ᠬᠦᠴᠢᠯ ᠤᠨ  ᠪᠠᠶᠢᠴᠠᠭᠠᠯᠳᠠ ᠶᠢᠨ ᠴᠡᠭ ᠲᠤ ᠭᠦᠨᠵᠡᠭᠡᠶᠢᠷᠡᠨ ᠨᠢᠭᠡᠳᠦᠭᠡᠷ ᠡᠭᠡᠯᠵᠢ ᠶᠢᠨ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠯᠳᠠ ᠶᠢᠨ ᠠᠵᠢᠯ ᠢ ᠱᠠᠯᠠᠪᠳᠠᠭᠤᠯᠤᠨ ᠪᠠᠶᠢᠴᠠᠭᠠᠵᠤ ᠵᠢᠯᠤᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠰᠢᠨ ᠢᠦᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠵᠢᠴᠢ ᠲᠣᠭᠤᠷᠢᠭ ᠤᠨ ᠤᠳᠤᠷᠢᠳᠤᠯᠭ᠎ᠠ ᠦ᠋ ᠵᠠᠨ ᠵᠢᠶᠦ᠋ᠨ᠂ ᠭᠤᠸ ᠮᠢᠩ᠂ ᠶᠠᠩ ᠶᠦᠨ ᠬᠠᠮᠲᠤ ᠪᠠᠷ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠤᠭᠰᠠᠨ ᠪᠤᠶᠤ ᠶᠠᠷᠢᠯᠴᠠᠬᠤ ᠬᠤᠷᠠᠯ ᠳᠤ ᠣᠷᠣᠯᠴᠠᠵᠠᠢ᠃ ᠬᠤᠲᠠ ᠲᠣᠭᠤᠷᠢᠭ ᠬᠤᠶᠠᠷ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠤᠭᠤᠳᠬᠤ ᠪᠤᠶᠤ ᠶᠠᠷᠢᠯᠴᠠᠬᠤ ᠬᠤᠷᠠᠯ ᠳᠤ ᠣᠷᠣᠯᠴᠠᠪᠠ᠃      3 ᠰᠠᠷ᠎ᠠ ᠶᠢᠨ 7 ᠤ ᠣᠷᠣᠢ᠂ ᠳ᠋ᠦᠩᠱᠧᠩ ᠲᠣᠭᠤᠷᠢᠭ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠳᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠳᠤᠭᠤᠷᠢᠭ ᠤᠨ ᠳᠠᠷᠤᠭ᠎ᠠ ᠬᠠᠨ ᠲᠤᠸ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠳᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠵᠠᠢ᠃      3 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨᠡᠬᠢ 8 ᠴᠠᠭ ᠠᠴᠠ ᠦᠳᠡ ᠶᠢᠨ ᠬᠤᠶᠢᠨᠠᠬᠢ 16 ᠴᠠᠭ ᠪᠣᠯᠲᠠᠯ᠎ᠠ᠂ ᠳ᠋ᠦᠩᠱᠧᠩ ᠲᠣᠭᠤᠷᠢᠭ ᠨᠢᠭᠡᠳᠦᠭᠡᠷ ᠡᠭᠡᠯᠵᠢ ᠶᠢᠨ ᠪᠥᠬᠦ ᠠᠷᠠᠳ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠦᠷᠨᠢᠬᠦᠯᠵᠤ᠂ ᠨᠡᠶᠢᠲᠡ 446901 ᠬᠤᠪᠢ ᠪᠥᠭᠡᠮ ᠬᠦᠴᠢᠯ ᠤᠨ ᠥᠯᠢᠭᠡᠷ ᠡᠳ᠋ ᠢ ᠴᠤᠭᠯᠠᠭᠤᠯᠵᠤ᠂ ᠥᠯᠢᠭᠡᠷ ᠡᠳ᠋ ᠤᠨ ᠪᠠᠶᠢᠴᠠᠭᠠᠨ ᠬᠡᠮᠵᠢᠯᠲᠡ ᠶᠢᠨ ᠳ᠋ᠦᠩ ᠨᠢ ᠴᠥᠮ ᠪᠢᠯᠢᠭ ᠴᠢᠨᠠᠷᠲᠠᠢ ᠪᠤᠯᠵᠠᠢ᠃ ᠡᠭᠦᠨ ᠤ ᠬᠠᠮᠲᠤ᠂ ᠡᠪᠡᠳᠴᠢᠨ ᠤ ᠵᠢᠱᠢᠶ᠎ᠡ ᠲᠠᠢ ᠨᠢᠭᠲᠠ ᠬᠦᠷᠦᠯᠴᠡᠭᠰᠡᠳ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠳ᠋ᠦᠩ ᠨᠢ ᠴᠥᠮ ᠪᠢᠯᠢᠭ ᠴᠢᠨᠠᠷᠲᠠᠢ ᠪᠠᠶᠢᠪᠠ᠃      3 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨᠡᠬᠢ 8 ᠴᠠᠭ ᠠᠴᠠ ᠦᠳᠡ ᠶᠢᠨ ᠬᠤᠶᠢᠨᠠᠬᠢ 14 ᠴᠠᠭ ᠪᠣᠯᠲᠠᠯ᠎ᠠ᠂   ᠳ᠋ᠦᠩᠱᠧᠩ ᠲᠣᠭᠤᠷᠢᠭ ᠬᠤᠶᠠᠳᠤᠭᠠᠷ ᠡᠭᠡᠯᠵᠢ ᠶᠢᠨ ᠪᠥᠬᠦ ᠠᠷᠠᠳ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠯᠭᠠᠨ ᠪᠠᠶᠢᠴᠠᠭᠠᠭᠰᠠᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠢ ᠪᠠᠶᠢᠪᠠ᠃      3 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨᠡᠬᠢ 8 ᠴᠠᠭ ᠠᠴᠠ ᠦᠳᠡ ᠶᠢᠨ ᠬᠤᠶᠢᠨᠠᠬᠢ 14 ᠴᠠᠭ ᠪᠣᠯᠲᠠᠯ᠎ᠠ᠂   ᠳ᠋ᠦᠩᠱᠧᠩ ᠲᠣᠭᠤᠷᠢᠭ ᠭᠤᠷᠪᠠᠳᠠᠭᠢ ᠡᠭᠡᠯᠵᠢ ᠶᠢᠨ ᠪᠥᠬᠦ ᠠᠷᠠᠳ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ  ᠠᠵᠢᠯ ᠢ ᠥᠷᠨᠢᠭᠦᠯᠵᠦ᠂ ᠰᠢᠯᠭᠠᠨ ᠪᠠᠶᠢᠴᠠᠭᠠᠭᠰᠠᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠢ ᠪᠣᠯᠵᠠᠢ᠃      3 ᠰᠠᠷ᠎ᠠ ᠶᠢᠨ 9 ᠤ ᠡᠳᠦᠷ᠂ ᠳ᠋ᠦᠩᠱᠧᠩ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ 2022 ᠣᠨ ᠤ 11 ᠳ᠋ᠤᠬᠡᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠬᠠᠨ ᠲᠤᠤ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠲᠣᠭᠤᠷᠢᠭ ᠤᠨ ᠤᠳᠤᠷᠢᠳᠤᠯᠭ᠎ᠠ ᠶᠠᠩ ᠶᠦᠨ᠂ ᠵᠠᠩ ᠪᠢᠩ ᠬᠤᠷᠠᠯ ᠳᠤ ᠣᠷᠣᠯᠴᠠᠵᠤ᠂ ᠡᠯ᠎ᠡ ᠲᠤᠰᠬᠠᠢ ᠳᠤᠭᠤᠶᠢᠯᠠᠩ᠂ ᠠᠵᠢᠯ ᠤᠨ ᠲᠤᠰᠬᠠᠢ ᠠᠩᠭᠢ ᠬᠤᠷᠠᠯ ᠳᠤ ᠣᠷᠣᠯᠴᠠᠪᠠ᠃      3 ᠰᠠᠷ᠎ᠠ ᠶᠢᠨ 10 ᠤ ᠦᠳᠡ ᠶᠢᠨ ᠬᠤᠶᠢᠨ᠎ᠠ᠂ ᠳ᠋ᠦᠩᠱᠧᠩ ᠲᠣᠭᠤᠷᠢᠭ ᠲᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠭᠤᠷᠪᠠᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ᠃ ᠳ᠋ᠦᠩᠱᠧᠩ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠪᠠᠶᠢᠩᠭᠤ ᠶᠢᠨ ᠳᠡᠳ᠋ ᠶᠡᠷᠦᠩᠬᠡᠢ ᠵᠢᠯᠣᠭᠤᠳᠤᠭᠴᠢ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠶᠦᠨ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠠᠴᠠ ᠳ᠋ᠦᠩᠱᠧᠩ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠢᠨ᠎ᠡ ᠠᠬᠢᠴᠠ ᠶᠢᠨ ᠪᠠᠶᠢᠳᠠᠯ ᠢ ᠮᠡᠳᠡᠭᠳᠡᠪᠡ᠃      3 ᠰᠠᠷ᠎ᠠ ᠶᠢᠨ 11 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ  ᠯᠢᠦᠢ ᠳ᠋ᠦᠩ ᠰᠢᠨ᠎ᠡ ᠡᠨᠧᠷᠭᠢ ᠶᠢᠨ ᠳᠣᠲᠣᠭᠠᠳᠤ ᠬᠠᠭᠤᠷᠠᠢ ᠶᠢᠨ ᠭᠠᠷᠠᠮ ᠤᠨ ᠣᠶᠤᠨᠲᠤ ᠰᠢᠨᠵᠢᠯᠡᠬᠦ ᠤᠬᠠᠭᠠᠨ ᠮᠡᠷᠭᠡᠵᠢᠯ ᠤᠨ  ᠪᠤᠳᠠᠰ ᠤᠨ ᠭᠦᠢᠯᠭᠡᠭᠡᠨ ᠤ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ᠂ ᠵᠠᠮ ᠳᠠᠭᠠᠤ ᠶᠢᠨ ᠣᠷᠴᠢᠨ ᠲᠣᠭᠤᠷᠢᠨ ᠤ ᠶᠡᠷᠦᠩᠬᠡᠢ ᠴᠡᠭᠴᠡᠯᠡᠨ ᠵᠠᠰᠠᠯᠳᠠ ᠪᠠ ᠨᠣᠭᠤᠭᠠᠷᠠᠭᠤᠯᠤᠯᠲᠠ ᠶᠢ ᠳᠡᠭᠡᠭᠰᠢᠯᠡᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠬᠠᠢ ᠶᠢᠨ ᠲᠠᠯᠠᠪᠤᠷ ᠲᠤ ᠵᠢᠯᠤᠭᠤᠳᠬᠤ ᠴᠢᠨᠠᠷᠲᠠᠢ ᠰᠠᠨᠠᠯ ᠳᠤᠷᠠᠳᠪᠠ᠃ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂  ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ᠂ ᠳᠤᠭᠤᠷᠢᠭ ᠤᠨ ᠤᠳᠤᠷᠢᠳᠤᠯᠭ᠎ᠠ ᠭᠤᠸ ᠮᠢᠩ᠂ ᠵᠢᠶᠠᠩ ᠶᠤᠸᠠᠨ᠂ ᠯᠢ ᠰᠢᠶᠣᠣ ᠳ᠋ᠦᠩ ᠵᠢᠴᠢ ᠳᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃      3 ᠰᠠᠷ᠎ᠠ ᠶᠢᠨ 11 ᠤ ᠡᠳᠦᠷ᠂ ᠳ᠋ᠦᠩᠱᠧᠩ ᠲᠣᠭᠤᠷᠢᠭ ᠣᠶ ᠰᠢᠭᠤᠢ ᠡᠪᠡᠰᠦ ᠪᠡᠯᠴᠢᠭᠡᠷ ᠤᠨ ᠠᠰᠠᠭᠤᠳᠠᠯ ᠪᠠ ᠣᠶ ᠰᠢᠭᠤᠢ ᠶᠢᠨ ᠱᠠᠯᠠᠪᠳᠠᠭᠤᠯᠤᠨ ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠬᠢᠯᠡᠨ ᠶᠠᠷᠢᠶ᠎ᠠ ᠳᠠᠯᠪᠢᠪᠠ᠃ ᠲᠣᠭᠤᠷᠢᠭ ᠤᠨ ᠤᠳᠤᠷᠢᠳᠤᠯᠭ᠎ᠠ ᠳ᠋ᠦ᠋ ᠵᠢᠤᠸᠠᠨ᠂ ᠱᠢ ᠮᠣᠣ ᠯᠢᠨ ᠬᠤᠷᠠᠯ ᠳᠤ  ᠤᠷᠤᠯᠴᠠᠵᠤ᠂ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃      3 ᠰᠠᠷ᠎ᠠ ᠶᠢᠨ 11 ᠤ ᠡᠳᠦᠷ᠂ ᠳ᠋ᠦᠩᠱᠧᠩ ᠲᠣᠭᠤᠷᠢᠭ ᠲᠤ 2022 ᠣᠨ ᠤ ᠳᠡᠭᠡᠷ᠎ᠡ ᠬᠠᠭᠠᠰ ᠵᠢᠯ ᠤᠨ ᠴᠡᠷᠢᠭ ᠲᠣᠭᠲᠠᠭᠠᠬᠤ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠶᠠᠩ ᠭᠤᠸᠠᠩ ᠶᠣᠣ ᠬᠤᠷᠠᠯ ᠳᠤ ᠣᠷᠣᠯᠴᠠᠪᠠ᠃      3 ᠰᠠᠷ᠎ᠠ ᠶᠢᠨ 11 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ 2022 ᠣᠨ ᠤ ᠴᠢᠬᠤᠯᠠ ᠲᠦᠷᠦᠯ ᠵᠦᠢᠯ ᠤᠨ ᠪᠡᠯᠡ ᠣᠷᠣᠭᠤᠯᠤᠯᠲᠠ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ᠂ ᠭᠠᠷ ᠭᠦᠢᠴᠡᠳᠬᠡᠯ ᠢ ᠭᠦᠢᠴᠡᠳᠬᠡᠭᠰᠡᠨ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠱᠠᠲᠤᠨ ᠤ ᠠᠵᠢᠯ ᠢ ᠪᠠᠶᠢᠷᠢᠯᠠᠭᠤᠯᠪᠠ᠃  ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠳᠤᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠳᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠳᠤᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠪᠠ᠃      3 ᠰᠠᠷ᠎ᠠ ᠶᠢᠨ 14 ᠤ ᠡᠳᠦᠷ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ 2022 ᠣᠨ ᠤ 6 ᠳ᠋ᠤᠭᠠᠷ  ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃ ᠳᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠳᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠷᠠᠯ  ᠢ ᠡᠷᠬᠢᠯᠡᠨ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠲᠣᠭᠤᠷᠢᠭ ᠤᠨ ᠳᠡᠳ᠋ ᠳᠠᠷᠤᠭ᠎ᠠ ᠶᠠᠩ ᠭᠤᠸᠠᠩ ᠶᠣᠣ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠯᠢ ᠰᠢᠶᠣᠣ ᠳ᠋ᠦᠩ᠂ ᠳ᠋ᠦ᠋ ᠵᠢᠤᠸᠠᠨ᠂ ᠶᠠᠩ ᠶᠦᠨ᠂ ᠵᠠᠩ ᠪᠢᠩ᠂ ᠳ᠋ᠦ᠋ ᠵᠢᠢ ᠺᠤᠸᠠᠨ ᠬᠤᠷᠠᠯ ᠳᠤ ᠣᠷᠣᠯᠴᠠᠵᠤ᠂ ᠲᠣᠭᠤᠷᠢᠭ ᠤᠨ ᠳᠡᠳ᠋ ᠳᠠᠷᠤᠭ᠎ᠠ ᠵᠢᠴᠢ ᠪᠤᠰᠤᠳ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃      3 ᠰᠠᠷ᠎ᠠ ᠶᠢᠨ 15 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ 2022 ᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠠᠷᠠᠯᠵᠢᠶ᠎ᠠ ᠬᠤᠳᠠᠯᠳᠤᠭ᠎ᠠ᠂ ᠡᠳ᠋ ᠪᠤᠳᠠᠰ ᠤᠨ ᠭᠦᠢᠯᠭᠡᠭᠡ᠂ ᠦᠨᠳᠦᠰᠦᠲᠡᠨ ᠤ ᠬᠡᠷᠡᠭ ᠶᠠᠪᠤᠳᠠᠯ ᠵᠡᠷᠭᠡ ᠠᠵᠢᠯ ᠳᠤ ᠲᠣᠬᠢᠷᠠᠭᠤᠯᠤᠯᠲᠠ ᠬᠢᠵᠦ᠂ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠪᠠ᠃ ᠳᠤᠭᠤᠷᠢᠭ ᠤᠨ ᠤᠳᠤᠷᠢᠳᠤᠯᠭ᠎ᠠ ᠭᠤᠸ ᠮᠢᠩ᠂ ᠶᠠᠩ ᠶᠦᠨ ᠬᠤᠷᠠᠯ ᠳᠤ ᠣᠷᠣᠯᠴᠠᠵᠤ᠂ ᠳᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃      3 ᠰᠠᠷ᠎ᠠ ᠶᠢᠨ 15  ᠤ ᠡᠳᠦᠷ᠂ ᠬᠤᠳᠠ ᠶᠢᠨ ᠳᠡᠳ᠋ ᠳᠠᠷᠤᠭ᠎ᠠ ᠺᠦᠩ ᠹᠠᠨ ᠹᠧᠢ ᠳ᠋ᠦᠩᠱᠧᠩ ᠲᠣᠭᠤᠷᠢᠭ ᠲᠤ ᠬᠦᠷᠴᠦ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠬᠠᠨ ᠲᠤᠤ᠂ ᠲᠣᠭᠤᠷᠢᠭ ᠤᠨ ᠳᠡᠳ᠋ ᠳᠠᠷᠤᠭ᠎ᠠ ᠵᠢᠶᠠᠩ ᠶᠤᠸᠠᠨ ᠬᠠᠮᠲᠤᠪᠠᠷ ᠪᠠᠶᠢᠴᠠᠭᠠᠨ ᠰᠤᠳᠤᠯᠤᠯᠲᠠ ᠬᠢᠪᠡ᠃      3 ᠰᠠᠷ᠎ᠠ ᠶᠢᠨ 16 ᠤ ᠡᠳᠦᠷ᠂ ᠣᠷᠳᠣᠰ ᠬᠤᠲᠠ ᠶᠢᠨ 2022 ᠣᠨ ᠤ ᠬᠠᠪᠤᠷ ᠤᠨ ᠤᠯᠠᠷᠢᠯ ᠤᠨ  ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠭᠡᠷ᠎ᠡ ᠲᠣᠭᠲᠠᠬᠤ ᠶᠡᠭᠡ ᠬᠤᠷᠠᠯ ᠡᠭᠦᠯᠡᠨ ᠭᠡᠷ᠎ᠡ ᠲᠣᠭᠲᠠᠬᠤ ᠬᠡᠯᠪᠡᠷᠢ ᠪᠠᠷ ᠶᠠᠪᠤᠭᠳᠠᠵᠤ᠂ ᠡᠯ᠎ᠡ ᠬᠤᠰᠢᠭᠤ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠳ᠋ᠦᠩᠱᠧᠩ ᠲᠣᠭᠤᠷᠢᠭ ᠤᠨ ᠬᠤᠪᠢᠶᠠᠷᠢ ᠬᠤᠷᠠᠯ ᠤᠨ ᠲᠠᠯᠠᠪᠠᠶ ᠳᠤ ᠭᠡᠷ᠎ᠡ ᠲᠣᠭᠲᠠᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠳᠤᠭᠤᠷᠢᠭ ᠤᠨ ᠳᠠᠷᠤᠭ᠎ᠠ ᠬᠠᠨ ᠲᠤᠸ᠂ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠳᠤᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠳᠤᠭᠤᠷᠢᠭ ᠲᠠᠭᠠᠨ ᠪᠠᠶᠢᠭ᠎ᠠ ᠤᠳᠤᠷᠢᠳᠤᠯᠭ᠎ᠠ᠂ ᠳᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ  ᠬᠠᠷᠢᠭᠤᠴᠠᠯᠭᠠᠳᠠᠳ ᠳ᠋ᠦᠩᠱᠧᠩ ᠲᠣᠭᠤᠷᠢᠭ ᠤᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃3 ᠰᠠᠷ᠎ᠠ ᠶᠢᠨ 17 ᠤ ᠡᠳᠦᠷ᠂ ᠵᠥᠩ ᠴᠧ ᠵᠦᠵᠸᠦ ᠶᠢᠨ ᠴᠠᠬᠢᠯᠭᠠᠨ ᠬᠦᠴᠦᠨ ᠤ ᠪᠤᠬ᠎ᠠ ᠲᠡᠷᠭᠡ ᠰᠤᠳᠤᠯᠬᠤ ᠭᠠᠵᠠᠷ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠬᠤᠷᠢᠶᠠᠨ ᠤ ᠱᠦᠵᠢ ᠯᠢ ᠳ᠋ᠦᠩ ᠯᠢᠨ ᠨᠠᠷ ᠳ᠋ᠦᠩᠱᠧᠩ ᠲᠣᠭᠤᠷᠢᠭ ᠲᠤ ᠢᠷᠡᠵᠤ ᠰᠢᠨᠵᠢᠯᠡᠨ ᠦᠵᠡᠪᠡ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠠᠮᠲᠤᠪᠠᠷ ᠰᠢᠨᠵᠢᠯᠡᠨ ᠦᠵᠡᠬᠦ ᠳᠤ ᠤᠷᠤᠯᠴᠠᠪᠠ᠃      3 ᠰᠠᠷ᠎ᠠ ᠶᠢᠨ 17 ᠤ ᠡᠳᠦᠷ᠂ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠩᠬᠠᠳᠤᠭᠠᠷ ᠬᠤᠷᠠᠯ ᠢ ᠡᠷᠬᠢᠯᠡᠨ ᠬᠤᠷᠠᠯᠳᠤᠭᠤᠯᠪᠠ᠃  ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ  ᠬᠤᠷᠠᠯ ᠢ ᠡᠷᠬᠢᠯᠡᠪᠡ᠃ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠵᠧᠨ ᠫᠢᠩ᠂ ᠯᠢᠦ ᠯᠠᠨ ᠰᠢᠶᠠᠩ᠂ ᠦ᠋ ᠹᠧᠢ ᠰᠢᠶᠦ᠋ᠩ᠂ ᠸᠧᠢ ᠮᠦᠳᠡᠨ ᠬᠤᠷᠠᠯ ᠳᠤ ᠣᠷᠣᠯᠴᠠᠪᠠ᠃      3 ᠰᠠᠷ᠎ᠠ ᠶᠢᠨ 18 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠬᠤᠷᠠᠯ ᠡᠷᠭᠢᠯᠡᠨ ᠬᠤᠷᠠᠯᠳᠤᠭᠤᠯᠵᠤ᠂ ᠣᠳᠣᠬᠠᠨ ᠤ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ  ᠳᠤᠨᠢ ᠰᠢᠢᠳᠪᠦᠷᠢᠯᠡᠬᠦ︾ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠤᠨ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠪᠠ ᠬᠢᠨᠠᠨ ᠵᠢᠯᠤᠭᠤᠳᠴᠤ ᠠᠬᠢᠭᠤᠯᠪᠠ᠃ ᠲᠣᠭᠤᠷᠢᠭ ᠤᠨ ᠤᠳᠤᠷᠢᠳᠤᠯᠭ᠎ᠠ ᠶᠠᠩ ᠭᠤᠸᠠᠩ ᠶᠣᠣ᠂ ᠯᠢ ᠰᠢᠶᠣᠣ ᠳ᠋ᠦᠩ᠂ ᠱᠢ ᠮᠣᠣ ᠯᠢᠨ᠂ ᠵᠠᠩ ᠵᠢᠶᠦ᠋ᠨ ᠬᠠᠮᠲᠤᠪᠠᠷ ᠪᠠᠶᠢᠴᠠᠭᠠᠨ ᠰᠤᠳᠤᠯᠤᠯᠲᠠ ᠬᠢᠪᠡ᠃      3 ᠰᠠᠷ᠎ᠠ ᠶᠢᠨ 19 ᠤ ᠡᠳᠦᠷ᠂ ᠳ᠋ᠦᠩᠱᠧᠩ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ︵ᠬᠤᠳᠠᠯᠳᠤᠭᠠᠴᠢᠳ ᠤᠨ ᠶᠡᠷᠦᠩᠬᠡᠢ ᠡᠪᠯᠡᠯ︶ ᠤᠨ ᠨᠠᠢᠮᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ ᠬᠤᠷᠠᠯ ᠠᠴᠠ ᠡᠮᠦᠨ᠎ᠡ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︵ᠬᠤᠳᠠᠯᠳᠤᠭᠠᠴᠢᠳ ᠤᠨ ᠶᠡᠷᠦᠩᠬᠡᠢ ᠡᠪᠯᠡᠯ︶ ᠶᠢᠨ ᠬᠤᠭᠤᠴᠠᠭ᠎ᠠ ᠰᠣᠯᠢᠬᠤ ᠠᠵᠢᠯ ᠤᠨ ᠲᠤᠬᠠᠢ ᠴᠣᠬᠤᠯᠠᠪᠤᠷᠢ ᠥᠭᠴᠡᠢ᠃ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠨ ᠵᠢᠭᠠᠨ ᠵᠢᠯᠤᠭᠤᠳᠴᠤ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠳᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ᠂ ᠳᠤᠭᠤᠷᠢᠭ ᠤᠨ ᠤᠳᠤᠷᠢᠳᠤᠯᠭ᠎ᠠ ᠵᠢᠶᠠᠩ ᠶᠤᠸᠠᠨ᠂ ᠸᠠᠩ ᠰᠢᠸ ᠵᠢᠴᠢ ᠠᠬ᠎ᠠ ᠳᠡᠭᠦᠦ ᠬᠤᠰᠢᠭᠤ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠳᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠶᠢᠩ ᠴᠤᠤ ᠬᠤᠷᠠᠯ ᠢ ᠡᠷᠬᠢᠯᠡᠪᠡ᠃      3 ᠰᠠᠷ᠎ᠠ ᠶᠢᠨ 19  ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ   ᠯᠢᠦᠢ ᠳ᠋ᠦᠩ ᠸᠠᠨ ᠯᠢ ᠰᠢᠨ᠎ᠡ ᠡᠨᠧᠷᠭᠢ ᠶᠢᠨ ᠣᠶᠤᠨᠲᠤ ᠡᠬᠡ ᠬᠠᠭᠤᠷᠠᠢ ᠶᠢᠨ ᠭᠠᠷᠠᠮ ᠤᠨ ᠲᠦᠷᠦᠯ ᠵᠦᠢᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠵᠠᠮ ᠳᠠᠭᠠᠤ ᠶᠢᠨ ᠣᠷᠴᠢᠨ ᠲᠣᠭᠤᠷᠢᠨ ᠤ ᠶᠡᠷᠦᠩᠬᠡᠢ ᠴᠡᠭᠴᠡᠯᠡᠨ ᠵᠠᠰᠠᠯᠳᠠ ᠪᠠ ᠨᠤᠭᠤᠭᠠᠷᠠᠭᠤᠯᠤᠯᠳᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠳᠤᠭᠤᠷᠢᠭ ᠤᠨ ᠤᠳᠤᠷᠢᠳᠤᠯᠭ᠎ᠠ ᠭᠤᠸ ᠮᠢᠩ᠂ ᠯᠢ ᠰᠢᠶᠣᠣ ᠳ᠋ᠦᠩ᠂ ᠱᠢ ᠮᠣᠣ ᠯᠢᠨ ᠵᠢᠴᠢ ᠳᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃      3 ᠰᠠᠷ᠎ᠠ ᠶᠢᠨ 21 ᠤ ᠡᠳᠦᠷ᠂ ᠬᠤᠲᠠ ᠶᠢᠨ ᠳᠡᠳ᠋ ᠳᠠᠷᠤᠭ᠎ᠠ ᠡᠷᠳᠡᠨᠢᠪᠢᠯᠢᠭ ᠳ᠋ᠦᠩᠱᠧᠩ ᠲᠣᠭᠤᠷᠢᠭ ᠲᠤ ᠨᠣᠯᠤᠥᠷ ᠨᠡᠬᠡᠮᠡᠯ ᠤᠨ ᠠᠵᠤ ᠦᠢᠯᠡᠰ ᠤᠨ ᠬᠥᠭᠵᠢᠯᠲᠡ ᠪᠠ ᠨᠣᠯᠤᠥᠷ ᠤᠨ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠣᠭᠤᠷᠢᠭ ᠤᠨ ᠤᠳᠤᠷᠢᠳᠤᠯᠭ᠎ᠠ ᠶᠠᠩ ᠭᠤᠸᠠᠩ ᠶᠣᠣ᠂ ᠶᠠᠩ ᠶᠦᠨ ᠵᠢᠴᠢ ᠬᠤᠳᠠ ᠲᠣᠭᠤᠷᠢᠭ ᠬᠤᠶᠠᠷ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤᠪᠠᠷ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠭᠠᠨ ᠤ ᠬᠤᠷᠠᠯ ᠳᠤ ᠣᠷᠣᠯᠴᠠᠪᠠ᠃      3 ᠰᠠᠷ᠎ᠠ ᠶᠢᠨ 22 ᠤᠨ ᠡᠳᠦᠷ᠂ ᠳ᠋ᠦᠩᠱᠧᠩ ᠳᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ 30 ᠳ᠋ᠤᠭᠠᠷ  ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ᠂ ᠳᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 2 ᠳ᠋ᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠳᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ  ᠡᠷᠬᠢᠯᠡᠨ ᠶᠠᠷᠢᠶ᠎ᠠ ᠳᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠳᠤᠭᠤᠷᠢᠭ ᠲᠠᠭᠠᠨ ᠪᠠᠶᠢᠭ᠎ᠠ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃  ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂  ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠳᠤᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃      3 ᠰᠠᠷ᠎ᠠ ᠶᠢᠨ 23 ᠤ ᠡᠳᠦᠷ᠂ ᠳ᠋ᠦᠩᠱᠧᠩ ᠲᠣᠭᠤᠷᠢᠭ 2022 ᠣᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠨᠢ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠳ᠋ᠦᠩᠱᠧᠩ ᠲᠣᠭᠤᠷᠢᠭ ᠤᠨ ᠶᠢᠰᠦᠳᠦᠭᠡᠷ  ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2021ᠣᠨ ᠤ ᠵᠣᠬᠢᠶᠠᠨ ᠪᠠᠶᠢᠭᠤᠯᠬᠤ ᠠᠵᠢᠯ ᠢ ᠳ᠋ᠦᠩᠨᠡᠵᠦ᠂ 2022 ᠣᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠵᠠᠢ᠃ ᠬᠤᠷᠠᠯ ᠠᠴᠠ ᠡᠮᠦᠨ᠎ᠡ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠡᠨᠡ ᠵᠢᠯ ᠤᠨ ᠳ᠋ᠦᠩᠱᠧᠩ ᠲᠣᠭᠤᠷᠢᠭ ᠤᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠲᠤᠬᠠᠢ ᠴᠣᠬᠤᠯᠠᠪᠤᠷᠢ ᠥᠭᠴᠡᠢ᠃ ᠳᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠦ᠋ ᠵᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      3 ᠰᠠᠷ᠎ᠠ ᠶᠢᠨ 23 ᠤ ᠡᠳᠦᠷ᠂ ᠳ᠋ᠦᠩᠱᠧᠩ ᠲᠣᠭᠤᠷᠢᠭ 2022 ᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠨᠢ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠦᠬᠦ ᠬᠤᠳᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ᠂ ᠬᠤᠳᠠ ᠶᠢᠨ ᠲᠠᠪᠤᠳᠤᠭᠠᠷ ᠣᠳᠠᠭᠠᠨ  ᠤ ᠨᠠᠮ ᠤᠨ ᠲᠥᠯᠥᠭᠡᠯᠡᠭᠴᠢᠳ ᠤᠨ ᠬᠤᠷᠠᠯ᠂ ᠳ᠋ᠦᠩᠱᠧᠩ ᠲᠣᠭᠤᠷᠢᠭ ᠤᠨ ᠶᠢᠰᠦᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ 2021 ᠣᠨ ᠤ ᠳ᠋ᠦᠩᠱᠧᠩ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠡᠷᠭᠢᠴᠡᠭᠦᠯᠦᠨ ᠳ᠋ᠦᠩᠨᠡᠵᠦ᠂ 2022 ᠣᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠡᠮᠦᠨ᠎ᠡ᠂ ᠳ᠋ᠦᠩᠱᠧᠩ ᠲᠣᠭᠤᠷᠢᠭ ᠤᠨ ᠨᠠᠮ ᠤᠨ  ᠬᠤᠷᠢᠶᠠᠨ ᠤ ᠱᠦᠵᠢ ᠭᠤᠤ ᠢ ᠳ᠋ᠦᠩ ᠳ᠋ᠦᠩᠱᠧᠩ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠢ ᠴᠣᠬᠤᠯᠠᠪᠤᠷᠢ ᠥᠭᠴᠡᠢ᠃ ᠳᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠦ ᠬᠤᠢ ᠪᠢᠨ ᠬᠤᠷᠠᠯ ᠳᠤ ᠣᠷᠣᠯᠴᠠᠵᠤ ᠶᠠᠷᠢᠶ᠎ᠠ ᠳᠠᠯᠪᠢᠪᠠ᠃ ᠲᠣᠭᠤᠷᠢᠭ ᠤᠨ ᠳᠡᠳ᠋ ᠳᠠᠷᠤᠭ᠎ᠠ ᠶᠠᠩ ᠶᠦᠨ ᠬᠤᠷᠠᠯ ᠢ ᠡᠷᠭᠢᠯᠡᠪᠡ᠃3 ᠰᠠᠷ᠎ᠠ ᠶᠢᠨ 23 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶᠠᠨ ᠤ ᠰᠣᠷᠪᠤᠯᠵᠢᠯᠠᠭ᠎ᠠ ᠶᠢ ᠭᠥᠯᠢᠶᠡᠨ ᠠᠪᠬᠤ ᠬᠠᠮᠲᠤᠷᠠᠭᠰᠠᠨ ᠲᠥᠪ ᠲᠤ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ  ᠢ ᠭᠥᠯᠢᠶᠡᠨ ᠠᠪᠤᠪᠠ᠃ ᠳᠤᠭᠤᠷᠢᠭ ᠤᠨ ᠤᠳᠤᠷᠢᠳᠤᠯᠭ᠎ᠠ ᠵᠢᠶᠠᠩ ᠶᠤᠸᠠᠨ᠂ ᠯᠢ ᠰᠢᠶᠣᠣ ᠳ᠋ᠦᠩ᠂ ᠵᠠᠩ ᠪᠢᠩ᠂ ᠱᠢ ᠮᠣᠣ ᠯᠢᠨ ᠰᠣᠷᠪᠤᠯᠵᠢᠯᠠᠭ᠎ᠠ ᠶᠢ ᠭᠥᠯᠢᠶᠡᠨ ᠠᠪᠬᠤ ᠳᠤ ᠣᠷᠣᠯᠴᠠᠪᠠ᠃      3 ᠰᠠᠷ᠎ᠠ ᠶᠢᠨ 24 ᠤ ᠡᠳᠦᠷ᠂ ᠳ᠋ᠦᠩᠱᠧᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ᠂ ᠳ᠋ᠦᠩᠱᠧᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ᠃ ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠬᠠᠨ ᠶᠣᠣ ᠲᠢᠩ ᠬᠤᠷᠠᠯ ᠳᠤ ᠣᠷᠣᠯᠴᠠᠭᠰᠠᠨ ᠪᠥᠭᠡᠳ ᠬᠤᠷᠠᠯ ᠢ ᠡᠷᠭᠢᠯᠡᠵᠦ᠂ ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠱᠢ ᠮᠣᠣ ᠯᠢᠨ᠂ ᠳᠡᠳ᠋ ᠲᠡᠷᠢᠭᠦᠯᠡᠭᠴᠢ ᠳᠤᠶᠠᠭ᠎ᠠ᠂ ᠵᠠᠩ ᠵᠢᠶᠦ᠋ᠨ᠂ ᠸᠠᠩ ᠰᠢᠸ ᠬᠤᠷᠠᠯ ᠳᠤ ᠤᠷᠤᠯᠴᠠᠪᠠ᠃      3 ᠰᠠᠷ᠎ᠠ ᠶᠢᠨ 24 ᠤ ᠡᠳᠦᠷ᠂ ᠳ᠋ᠦᠩᠱᠧᠩ ᠲᠣᠭᠤᠷᠢᠭ ᠤᠨ ᠬᠢᠨ ᠠᠵᠤ ᠠᠬᠤᠢ ᠶᠢᠨ ᠠᠵᠢᠯᠯᠠᠭᠠᠨ ᠵᠢᠴᠢ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠷᠠᠯ ᠢ ᠡᠷᠬᠢᠯᠡᠨ ᠶᠠᠷᠢᠶ᠎ᠠ ᠲᠠᠯᠪᠢᠵᠠᠢ᠃ ᠲᠣᠭᠤᠷᠢᠭ ᠤᠨ ᠤᠳᠤᠷᠢᠳᠤᠯᠭ᠎ᠠ  ᠾᠧ ᠸᠠᠨ ᡁᠢ᠂ ᠶᠠᠩ ᠭᠤᠸᠠᠩ ᠶᠣᠣ᠂ ᠵᠢᠶᠠᠩ ᠶᠤᠸᠠᠨ᠂ ᠯᠢ ᠰᠢᠶᠣᠣ ᠳ᠋ᠦᠩ ᠂ ᠳ᠋ᠦ᠋ ᠵᠢᠤᠸᠠᠨ᠂ ᠱᠢ ᠮᠣᠣ ᠯᠢᠨ ᠬᠤᠷᠠᠯ ᠳᠤ ᠣᠷᠣᠯᠴᠠᠪᠠ᠃      3 ᠰᠠᠷ᠎ᠠ ᠶᠢᠨ 25 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠶᠠᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠳᠤᠭᠤᠶᠢᠯᠠᠩ ᠢ ᠳᠠᠭᠠᠭᠤᠯᠤᠨ ᠳ᠋ᠦᠩᠱᠧᠩ ᠲᠣᠭᠤᠷᠢᠭ ᠤᠨ ︽ᠬᠤᠶᠠᠷ ᠢ ᠬᠦᠩᠬᠡᠷᠡᠬᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠨᠳᠤᠯᠭ᠎ᠠ ᠲᠠᠢ ᠪᠠᠷ ᠪᠠᠶᠢᠴᠠᠭᠠᠨ ᠦᠵᠡᠵᠦ᠂ ᠲᠣᠭᠤᠷᠢᠭ ᠤᠨ ᠤᠳᠤᠷᠢᠳᠤᠯᠭ᠎ᠠ ᠦ᠋ ᠹᠧᠢ ᠰᠢᠶᠦ᠋ᠩ᠂ ᠶᠠᠩ ᠶᠦᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠦᠵᠡᠪᠡ᠃3 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠳ᠋ᠦᠩᠱᠧᠩ ᠲᠣᠭᠤᠷᠢᠭ ᠲᠤ ᠭᠦᠨᠵᠡᠭᠡᠶᠢᠷᠡᠨ ᠨᠤᠭᠤ ᠭᠠᠵᠠᠷ ᠢ ᠬᠠᠮᠠᠭᠠᠯᠠᠬᠤ᠂ ᠤᠯᠠᠷᠢᠯ ᠤᠨ ᠴᠢᠨᠠᠷᠳᠠᠢ ᠭᠤᠤᠯ ᠤᠨ ᠤᠷᠤᠰᠬᠠᠯ ᠢ ᠵᠠᠰᠠᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠵᠠᠩ ᠸᠧᠢ᠂ ᠬᠤᠲᠠ ᠶᠢᠨ ᠳᠡᠳ᠋ ᠳᠠᠷᠤᠭ᠎ᠠ ᠡᠷᠳᠡᠨᠢᠪᠢᠯᠢᠭ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠳ᠋ᠦᠩᠱᠧᠩ ᠲᠣᠭᠤᠷᠢᠭ ᠤᠨ ᠤᠳᠤᠷᠢᠳᠤᠯᠭ᠎ᠠ ᠭᠤᠤ ᠢ ᠳ᠋ᠦᠩ᠂ ᠬᠠᠨ ᠲᠤᠤ᠂ ᠭᠤᠤ ᠮᠢᠩ᠂ ᠵᠢᠶᠠᠩ ᠶᠤᠸᠠᠨ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃      3 ᠰᠠᠷ᠎ᠠ ᠶᠢᠨ 28 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ 2022 ᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠠ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠪᠡᠶᠡᠯᠡᠭᠦᠯᠦᠭᠰᠡᠨ ᠪᠠᠶᠢᠳᠠᠯ ᠵᠡᠷᠭᠡ ᠠᠵᠢᠯ ᠳᠤ ᠲᠣᠬᠢᠷᠠᠭᠤᠯᠤᠯᠲᠠ ᠬᠢᠵᠦ᠂ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠪᠠ᠃ ᠳᠤᠭᠤᠷᠢᠭ ᠤᠨ ᠤᠳᠤᠷᠢᠳᠤᠯᠭ᠎ᠠ ᠾᠧ ᠸᠠᠨ ᡁᠢ᠂ ᠶᠠᠩ ᠭᠤᠸᠠᠩ ᠶᠣᠣ᠂ ᠭᠤᠤ ᠮᠢᠩ᠂ ᠵᠢᠶᠠᠩ ᠶᠤᠸᠠᠨ᠂ ᠱᠢ ᠮᠣᠣ ᠯᠢᠨ ᠬᠤᠷᠠᠯ ᠳᠤ ᠣᠷᠣᠯᠴᠠᠵᠤ᠂  ᠳᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃      3 ᠰᠠᠷ᠎ᠠ ᠶᠢᠨ 28 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠰᠡᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠪᠠ᠃ ᠳᠤᠭᠤᠷᠢᠭ ᠤᠨ ᠤᠳᠤᠷᠢᠳᠤᠯᠭ᠎ᠠ ᠭᠤᠤ ᠮᠢᠩ᠂  ᠵᠢᠶᠠᠩ ᠶᠤᠸᠠᠨ᠂ ᠳ᠋ᠦ᠋ ᠵᠢᠤᠸᠠᠨ᠂ ᠵᠠᠩ ᠪᠢᠩ᠂  ᠱᠢ ᠮᠣᠣ ᠯᠢᠨ ᠬᠤᠷᠠᠯ ᠳᠤ ᠤᠷᠤᠯᠴᠠᠵᠤ᠂ ᠳᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃      3 ᠰᠠᠷ᠎ᠠ ᠶᠢᠨ 28 ᠤ ᠡᠳᠤᠷ᠂ ᠳ᠋ᠦᠩᠱᠧᠩ ᠳᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠣ ᠢ ᠳ᠋ᠦᠩ ᠬᠤᠲᠠ ᠶᠢᠨ ᠲᠣᠭᠤᠷᠢᠭ ᠤᠨ ᠬᠡᠰᠡᠭ ᠵᠠᠩᠭᠢᠯᠠᠭ᠎ᠠ ᠶᠢᠨ ᠡᠯ᠎ᠡ ᠵᠠᠮ ᠱᠤᠭᠤᠮ ᠤᠨ ᠬᠠᠮᠢᠶᠠᠷᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠬᠤᠲᠠ ᠶᠢᠨ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠤᠨ ᠳᠤᠬᠠᠢ ᠶᠢᠨ ᠭᠠᠵᠠᠷ ᠤᠨ ᠪᠠᠶᠢᠴᠠᠭᠠᠯᠳᠠ ᠬᠢᠪᠡ᠃ ᠲᠣᠭᠤᠷᠢᠭ ᠤᠨ ᠤᠳᠤᠷᠢᠳᠤᠯᠭ᠎ᠠ ᠯᠢᠦ ᠬᠤᠢ ᠪᠢᠨ᠂ ᠯᠢ ᠰᠢᠶᠣᠣ ᠳ᠋ᠦᠩ᠂ ᠭᠤᠤ ᠮᠢᠩ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠠᠮᠲᠤᠪᠠᠷ ᠪᠠᠶᠢᠴᠠᠭᠠᠨ ᠰᠤᠳᠤᠯᠤᠯᠲᠠ ᠬᠢᠪᠡ᠃      3 ᠰᠠᠷ᠎ᠠ ᠶᠢᠨ 29 ᠤ ᠡᠳᠦᠷ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ 2022 ᠣᠨ ᠤ 3 ᠳ᠋ᠤᠭᠠᠷ  ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠷᠠᠯ ᠢ ᠡᠷᠬᠢᠯᠡᠨ ᠶᠠᠷᠢᠶ᠎ᠠ ᠲᠠᠯᠪᠢᠵᠠᠢ᠃ ᠳᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠯᠢ ᠰᠢᠶᠣᠣ ᠳ᠋ᠦᠩ᠂ ᠲᠣᠭᠤᠷᠢᠭ ᠤᠨ ᠳᠡᠳ᠋ ᠳᠠᠷᠤᠭ᠎ᠠ ᠵᠢᠶᠠᠩ ᠶᠤᠸᠠᠨ᠂ ᠳ᠋ᠦ᠋ ᠵᠢᠤᠸᠠᠨ᠂ ᠶᠠᠩ ᠶᠦᠨ ᠬᠤᠷᠠᠯ ᠳᠤ ᠣᠷᠣᠯᠴᠠᠪᠠ᠃ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠯᠠᠨ ᠰᠢᠶᠠᠩ᠂  ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠮᠣᠣ ᠯᠢᠨ ᠵᠢᠴᠢ ᠳᠤᠭᠤᠷᠢᠭ  ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠰᠤᠯᠠ ᠣᠷᠣᠯᠴᠠᠪᠠ᠃      3 ᠰᠠᠷ᠎ᠠ ᠶᠢᠨ 29 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠳ᠋ᠦᠩᠱᠧᠩ ᠲᠣᠭᠤᠷᠢᠭ ᠲᠤ ᠬᠦᠷᠴᠦ ᠨᠡᠭᠦᠷᠡᠰᠦᠨ ᠤ ᠠᠷᠠᠯᠵᠢᠶᠠᠨ ᠤ ᠲᠠᠪᠴᠠᠩ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠭᠠᠨ ᠤ ᠬᠤᠷᠠᠯ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠳᠡᠳ᠋ ᠡᠷᠬᠢᠯᠡᠭᠴᠢ ᠵᠣᠣ ᠹᠧᠢ ᠯᠦ᠂ ᠨᠠᠷᠢᠨ ᠪᠢᠴᠢᠭ ᠤᠨ ᠳᠠᠷᠤᠭ᠎ᠠ ᠯᠢ ᠰᠢᠨ ᠱᠦ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠮᠣᠣ ᠯᠢᠨ ᠪᠠᠶᠢᠴᠠᠭᠠᠨ ᠰᠤᠳᠤᠯᠤᠯᠲᠠ ᠪᠠ ᠶᠠᠷᠢᠯᠴᠠᠭᠠᠨ ᠤ ᠬᠤᠷᠠᠯ ᠳᠤ ᠣᠷᠣᠯᠴᠠᠪᠠ᠃
ᠢᠷᠡᠯᠲᠡ᠄ ᠲᠤᠰ ᠰᠦᠯᠵᠢᠶ᠎ᠠ