ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠴᠠᠭᠠᠵᠠᠯᠠᠬᠤ ᠵᠠᠷᠯᠢᠭ
ᠨᠡᠶᠢᠲᠡᠯᠡᠭᠰᠡᠨ ᠴᠠᠭ᠄
2022/5/11
                                      ᠳ᠋ᠦᠩᠱᠧᠩ ᠵᠠᠰᠠᠭ ᠳᠠᠷᠬᠠᠭᠠᠭᠰᠠᠨ ﹇2022﹈ 9 ᠳ᠋ᠤᠭᠡᠷ ᠲᠣᠭᠠᠲᠤᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠰᠢᠭᠤᠳ ᠬᠠᠮᠵᠢᠯᠴᠠᠨ ᠬᠠᠮᠢᠶᠠᠷᠬᠤ ᠰᠠᠯᠠᠭ᠎ᠠ ᠮᠥᠴᠢᠷ ᠲᠤ᠄     ᠳ᠋ᠦᠩᠱᠧᠩ ᠲᠣᠭᠤᠷᠢᠭ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠬᠡᠶᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠰᠠᠶᠢᠲᠤᠷ ᠬᠠᠮᠠᠭᠠᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠣᠶ ᠰᠢᠭᠤᠢ ᠶᠢᠨ ᠭᠠᠯ ᠤᠨ ᠠᠶᠤᠯ ᠢ ᠰᠡᠷᠭᠡᠶᠢᠯᠡᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠳᠦᠷᠢᠮ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷᠯᠠᠯ ᠤᠨ 25 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠲᠤᠭᠤᠷᠢᠭ ᠤᠨ ᠪᠣᠳᠠᠲᠠᠢ ᠲᠠᠢ ᠤᠶᠠᠯᠳᠤᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠴᠠᠭᠠᠵᠠᠯᠠᠬᠤ ᠵᠠᠷᠯᠢᠭ ᠢ ᠨᠡᠶᠢᠳᠡᠯᠡᠪᠡ᠃     ᠨᠢᠭᠡ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠴᠠᠭᠠᠵᠠᠯᠠᠬᠤ ᠬᠤᠭᠤᠴᠠᠭ᠎ᠠ     2022 ᠣᠨ ᠤ 3 ᠰᠠᠷ᠎ᠠ ᠶᠢᠨ 15  ᠤ ᠡᠳᠦᠷ ᠠᠴᠠ 6 ᠰᠠᠷ᠎ᠠ ᠶᠢᠨ 15     ᠬᠤᠶᠠᠷ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠬᠤᠷᠢᠭᠠᠲᠠᠢ ᠣᠷᠣᠨ     ᠤᠯᠤᠰ ᠤᠨ ᠦᠮᠴᠢᠯᠡᠯᠳᠣ᠂ ᠬᠠᠮᠲᠤ ᠨᠡᠶᠢᠳᠡ᠂ ᠬᠤᠪᠢ ᠶᠢᠨ ᠣᠶ ᠰᠢᠭᠤᠢ ︵ᠡᠪᠡᠰᠦ ᠪᠡᠯᠴᠢᠭᠡᠷ︶ ᠶᠢᠨ ᠲᠠᠯᠠᠪᠠᠶ᠂ ᠵᠤᠭᠠᠴᠠᠯ ᠤᠨ ᠣᠷᠣᠨ᠂ ᠤᠢ ᠰᠢᠭᠤᠢ ᠶᠢᠨ ᠭᠤᠣᠯᠳᠠᠯᠭ᠎ᠠ ᠲᠠᠢ ᠢᠨᠵᠧᠨᠧᠷᠢᠩ ᠤᠨ ᠣᠷᠣᠨ᠂ ᠨᠤᠲᠤᠭ ᠪᠡᠯᠴᠢᠭᠡᠷ ᠠᠮᠢ ᠠᠬᠤᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠷᠣᠨ᠂ ᠣᠷᠣᠨ ᠨᠤᠲᠤᠭ ᠤᠨ ᠠᠮᠢ ᠠᠬᠤᠢ ᠶᠢᠨ ᠢᠨᠵᠧᠨᠧᠷᠢᠩ ᠤᠨ ᠣᠷᠣᠨ᠂ ᠲᠠᠷᠢᠮᠠᠯ ᠰᠢᠯᠮᠦᠦᠰᠦᠲᠦ ᠤᠢ ᠶᠢᠨ ᠣᠷᠣᠨ᠂ ᠬᠤᠳᠠ ᠶᠢᠨ ᠲᠡᠬᠦᠷᠭᠡ ᠶᠢᠨ ᠨᠣᠭᠤᠭᠠᠷᠠᠭᠤᠯᠤᠯᠲᠠ ᠶᠢᠨ ᠣᠷᠣᠨ᠂ ᠤᠢ ᠰᠢᠭᠤᠢ ᠶᠢᠨ ᠴᠡᠴᠡᠷᠯᠢᠭᠵᠢᠬᠦᠯᠦᠯᠳᠡ ᠶᠢᠨ ᠤᠷᠤᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠵᠠᠰᠠᠮᠠᠯ ᠵᠠᠮ ᠤᠨ ᠬᠤᠶᠠᠷ ᠬᠠᠵᠠᠭᠤ ᠶᠢᠨ ᠨᠣᠭᠤᠭᠠᠷᠠᠭᠤᠯᠤᠯᠲᠠ ᠶᠢᠨ ᠪᠦᠰᠡ᠂ ᠠᠮᠢ ᠠᠬᠤᠢ ᠶᠢ ᠲᠥᠪᠯᠡᠷᠡᠭᠦᠯᠦᠨ ᠰᠡᠷᠭᠦᠭᠡᠬᠦ ᠣᠷᠣᠨ ᠪᠣᠯᠣᠨ ᠬᠢᠯᠢ ᠶᠢᠨ ᠳᠣᠲᠣᠷᠠᠬᠢ ᠪᠤᠢ ᠪᠦᠬᠦᠢ ᠤᠢ ᠰᠢᠭᠤᠢ ᠨᠤᠲᠤᠭ ᠪᠡᠯᠴᠢᠭᠡᠷ ᠤᠨ ᠣᠷᠣᠨ ᠵᠢᠴᠢ ᠬᠡᠭᠡᠷ᠎ᠡ ᠭᠠᠳᠠᠨ᠎ᠠ ᠶᠢᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠴᠤ ᠮᠡᠳᠡᠬᠦ ᠣᠷᠣᠨ ᠪᠦᠰᠡ᠃     ᠭᠤᠷᠪᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠴᠠᠭᠠᠵᠠᠯᠠᠬᠤ ᠬᠤᠭᠤᠴᠠᠭᠠᠨ ᠤ ᠠᠷᠭ᠎ᠠ ᠬᠡᠮᠵᠢᠶ᠎ᠡ     ᠲᠣᠭᠲᠠᠭᠠᠯ ᠢ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃     ︵ᠨᠢᠭᠡ︶ ᠭᠠᠯ ᠤᠨ ᠢᠷᠡᠯᠳᠡ ᠲᠠᠢ ᠪᠤᠳᠠᠰ᠂ ᠨᠣᠴᠣᠮᠠᠲᠠᠭᠠᠢ ᠳᠡᠯᠪᠡᠷᠡᠮᠡᠲᠡᠭᠡᠢ ᠪᠤᠳᠠᠰ ᠢ ᠤᠢ ᠰᠢᠭᠤᠶᠢᠳᠤ ᠣᠷᠣᠨ᠂ ᠨᠤᠲᠤᠭ ᠪᠡᠯᠴᠢᠭᠡᠷ ᠲᠤ ᠠᠪᠴᠤ ᠣᠷᠣᠬᠤ ᠶᠢ ᠴᠢᠩᠭ᠎ᠠ ᠴᠠᠭᠠᠵᠠᠯᠠᠨ᠎ᠠ᠃     ︵ᠬᠤᠶᠠᠷ︶ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠬᠤᠷᠢᠭᠠᠲᠠᠢ ᠣᠷᠣᠨ ᠳᠤ ᠲᠦᠯᠡᠰᠢ ᠲᠦᠯᠡᠬᠦ᠂ ᠬᠦᠵᠢ ᠵᠤᠯᠠ ᠠᠰᠠᠭᠠᠬᠤ᠂ ᠬᠤᠸᠠᠷ ᠫᠤᠤᠵᠢᠩ ᠲᠠᠯᠪᠢᠬᠤ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃     ︵ᠭᠤᠷᠪᠠ︶ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠬᠤᠷᠢᠭᠠᠲᠠᠢ ᠣᠷᠣᠨ ᠳᠤ ᠲᠠᠮᠠᠬᠢ ᠲᠠᠲᠠᠬᠤ᠂ ᠭᠠᠯ ᠨᠣᠴᠣᠭᠠᠵᠤ ᠳᠤᠯᠠᠭᠠᠯᠠᠬᠤ᠂ ᠬᠡᠭᠡᠷ᠎ᠡ ᠭᠠᠳᠠᠭ᠎ᠠ ᠬᠤᠭᠤᠯᠠ ᠪᠤᠳᠠᠭ᠎ᠠ ᠬᠢᠬᠦ᠂ ᠢᠳᠡᠭᠡᠨ ᠬᠠᠭᠰᠠᠭᠠᠬᠤ ᠰᠢᠷᠠᠬᠤ᠂ ᠳᠡᠷᠭᠡ ᠬᠦᠰᠬᠡ ᠪᠠᠷ ᠶᠠᠪᠤᠵᠤ ᠰᠠᠭᠤᠬᠤ ᠳᠠᠭᠠᠨ ᠭᠠᠯ ᠤᠨ ᠤᠴᠢ ᠵᠡᠷᠭᠡ ᠶᠢ ᠭᠠᠳᠠᠭᠰᠢ ᠬᠠᠶᠠᠬᠤ ᠵᠡᠷᠭᠡ ᠦᠶᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃     ︵ᠳᠥᠷᠪᠡ︶ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠬᠤᠷᠢᠭᠠᠲᠠᠢ ᠣᠷᠣᠨ ᠳᠤ ᠪᠡᠯᠴᠢᠭᠡᠷ ᠡᠪᠡᠰᠦ ᠰᠢᠲᠠᠭᠠᠬᠤ᠂ ᠠᠲᠠᠷ ᠰᠢᠲᠠᠭᠠᠬᠤ᠂ ᠮᠣᠳᠣᠨ ᠨᠡᠭᠦᠷᠡᠰᠦ ᠰᠢᠲᠠᠭᠠᠬᠤ᠂ ᠲᠠᠷᠢᠶᠠᠨ ᠳᠠᠯᠠᠩ ᠤᠨ ᠡᠪᠡᠰᠦ ᠶᠢ ᠰᠢᠳᠠᠭᠠᠭᠰᠠᠨ᠂ ᠦᠨᠡᠰᠦ ᠢᠶᠠᠷ ᠪᠣᠷᠳᠣᠭᠤᠷ ᠴᠤᠭᠯᠠᠭᠤᠯᠬᠤ ᠪᠤᠶᠤ ᠪᠤᠰᠤᠳ ᠦᠢᠯᠡᠳᠪᠦᠷᠢᠯᠡᠯ ᠤᠨ ᠴᠢᠨᠠᠷᠲᠠᠢ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃     ︵ᠲᠠᠪᠤ︶ ᠪᠦᠷᠢᠮᠦᠰᠤᠨ ᠤᠨᠳᠠᠷᠠᠭᠠᠳᠤᠢ ᠪᠤᠳᠠᠰ ᠢ ᠭᠡᠷ ᠤᠨ ᠭᠠᠳᠠᠨ᠎ᠠ ᠠᠰᠬᠠᠬᠤ ᠶᠢ ᠴᠢᠩᠭ᠎ᠠ ᠴᠠᠭᠠᠵᠠᠯᠠᠨ᠎ᠠ᠃     ︵ᠵᠢᠷᠭᠤᠭ᠎ᠠ︶ ᠬᠡᠭᠡᠷ᠎ᠡ ᠭᠠᠳᠠᠨ᠎ᠠ ᠪᠠᠷᠢᠯᠭ᠎ᠠ ᠪᠠᠷᠢᠬᠤ ᠳᠤ ᠭᠠᠯ ᠬᠡᠷᠡᠭᠯᠡᠬᠦ ᠪᠤᠶᠤ ᠳᠡᠯᠪᠡᠴᠢᠬᠦ ᠵᠡᠷᠭᠡ ᠠᠵᠢᠯᠯᠠᠭ᠎ᠠ ᠬᠢᠬᠦ ᠴᠢᠬᠤᠯᠠ ᠲᠠᠢ ᠪᠣᠯ ᠡᠷᠬᠡᠪᠰᠢ ᠲᠤᠭᠤᠷᠢᠭ  ᠤᠨ ᠭᠠᠯ ᠤᠨ ᠠᠶᠤᠯ ᠢ ᠰᠡᠷᠭᠡᠶᠢᠯᠡᠬᠦ ︵ᠭᠠᠯ ᠤᠨᠲᠠᠷᠠᠭᠠᠬᠤ︶ ᠠᠵᠢᠯ ᠤᠨ ᠵᠢᠯᠤᠭᠤᠳᠬᠤ ᠭᠠᠵᠠᠷ ᠢᠶᠠᠷ ᠵᠥᠪᠰᠢᠶᠡᠷᠡᠭᠦᠯᠦᠭᠡᠳ᠂ ᠬᠠᠤᠯᠢ ᠶᠣᠰᠣᠨ ᠤ ᠭᠠᠷᠳᠠᠮ ᠭᠦᠢᠴᠡᠳᠬᠡᠬᠦ ᠶᠢᠨ ᠬᠠᠮᠲᠤ ᠪᠦᠲᠦᠮᠵᠢᠲᠡᠶ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠭᠠᠯ ᠤᠨᠲᠠᠷᠠᠭᠠᠬᠤ ᠪᠡᠯᠡᠳᠬᠡᠯ ᠠᠵᠢᠯ ᠢ ᠰᠠᠶᠢᠲᠤᠷ ᠬᠢᠭᠰᠡᠨ ᠤ ᠲᠠᠷᠠᠭ᠎ᠠ ᠰᠠᠶ᠋ᠢ ᠬᠢᠵᠦ ᠪᠣᠯᠣᠨ᠎ᠠ᠃     ︵ᠳᠣᠯᠤᠭ᠎ᠠ︶ ᠨᠠᠰᠤᠨ ᠳᠤ ᠥᠯᠥ ᠭᠦᠷᠦᠭᠰᠡᠳ ᠵᠢᠴᠢ ᠲᠡᠨᠡᠭ᠂ ᠮᠤᠩᠬᠠᠭ᠂ ᠮᠡᠳᠡᠷᠡᠯ ᠤᠨ ᠡᠪᠡᠳᠴᠢᠲᠡᠨ ᠵᠡᠷᠭᠡ ᠤᠨᠴᠠᠭᠠᠢ ᠬᠥᠮᠥᠰ ᠢ ᠬᠠᠷᠠᠭᠠᠯᠵᠠᠨ ᠬᠠᠮᠠᠭᠠᠯᠠᠬᠤ ᠪᠠ ᠬᠠᠮᠢᠶᠠᠷᠬᠤ ᠶᠢ ᠴᠢᠩᠭᠠᠳᠬᠠᠵᠤ᠂ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭᠠᠲᠠᠨ ᠢ ᠰᠠᠶᠢᠲᠤᠷ ᠨᠠᠶᠢᠳᠠᠪᠤᠷᠢᠵᠢᠭᠤᠯᠤᠨ᠂ ᠬᠢᠨᠠᠨ ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠦᠭᠡᠢ ᠠᠴᠠ ᠪᠣᠯᠵᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠭᠦᠰᠬᠡᠭᠰᠡᠨ ᠪᠠᠶᠢᠪᠠᠯ᠂ ᠬᠠᠷᠠᠭᠠᠯᠵᠠᠨ ᠬᠠᠮᠠᠭᠠᠯᠠᠭᠴᠢ  ᠠᠴᠠ ᠵᠣᠬᠢᠬᠤ ᠠᠵᠤ ᠠᠬᠤᠢ ᠶᠢᠨ ᠬᠠᠷᠢᠭᠤᠴᠠᠯᠭ᠎ᠠ ᠪᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃     ︵ᠨᠠᠢᠮᠠ︶ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠬᠤᠷᠢᠭᠠᠲᠠᠢ ᠣᠷᠣᠨ ᠳᠤ ᠪᠣᠭᠤᠮᠲᠠ ᠪᠠᠶᠢᠭᠤᠯᠤᠨ ᠬᠠᠮᠢᠶᠠᠷᠬᠤ  ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠰᠢᠭᠤᠶᠢᠲᠤ ᠣᠷᠣᠨ᠂ ᠣᠶ ᠰᠢᠭᠤᠢ ᠨᠤᠲᠤᠭ ᠪᠡᠯᠴᠢᠭᠡᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠢᠴᠢ ᠵᠤᠭᠠᠴᠠᠯ ᠤᠨ ᠣᠷᠣᠨ ᠤ ᠣᠷᠣᠵᠤ ᠭᠠᠷᠬᠤ ᠭᠠᠵᠠᠷ ᠲᠤ ᠲᠦᠷ ᠴᠠᠭ ᠤᠨ ᠪᠠᠶᠢᠴᠠᠭᠠᠯᠲᠠ ᠶᠢᠨ ᠥᠷᠲᠡᠭᠡ ᠪᠠ ᠭᠠᠯ ᠤᠨ ᠠᠶᠤᠯ ᠢ ᠰᠡᠷᠭᠡᠶᠢᠯᠡᠬᠦ ᠰᠡᠷᠡᠮᠵᠢ ᠶᠢᠨ ᠫᠠᠶᠢᠰᠠ ᠪᠤᠰᠬᠠᠵᠤ᠂ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠵᠡᠷᠭᠡ ᠶᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠬᠤᠷᠢᠭᠠᠲᠠᠢ ᠣᠷᠣᠨ ᠳᠤ ᠠᠪᠴᠤ ᠤᠷᠤᠬᠤ ᠶᠢ ᠴᠠᠭᠠᠵᠠᠯᠠᠵᠤ᠂ ᠣᠷᠣᠵᠤ ᠭᠠᠷᠬᠤ ᠲᠡᠷᠭᠡ ᠬᠥᠰᠬᠡ ᠪᠠ ᠬᠥᠮᠥᠰ ᠢᠶᠠᠷ ︽ᠭᠠᠯ ᠤᠨ ᠠᠶᠤᠯ ᠢ ᠰᠡᠷᠭᠡᠶᠢᠯᠡᠬᠦ ᠺᠤᠳ᠋︾ ᠢ ᠳᠠᠩᠰᠠᠯᠠᠭᠤᠯᠬᠤ ᠶᠢ ᠬᠡᠷᠡᠭᠵᠢᠭᠦᠯᠦᠨ᠂ ᠭᠠᠯ ᠤᠨ ᠠᠶᠤᠯ ᠢ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠶᠢ ᠬᠠᠤᠯᠢ ᠶᠣᠰᠣᠭᠠᠷ ᠬᠦᠯᠢᠶᠡᠵᠦ᠂ ᠭᠠᠯ ᠤᠨ ᠠᠶᠤᠯ ᠢ ᠰᠡᠷᠭᠡᠶᠢᠯᠡᠨ ᠤᠨᠲᠠᠷᠠᠭᠠᠬᠤ ᠬᠠᠮᠢᠶ᠎ᠠ ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠢ᠃     ︵ᠶᠢᠰᠦ︶ ᠳᠦᠷᠪᠡᠨ ᠳᠡᠰ ᠠᠴᠠ ᠳᠡᠭᠡᠭᠰᠢᠬᠢ ᠰᠠᠯᠬᠢᠨ ᠲᠠᠢ ᠴᠠᠭ ᠠᠭᠤᠷ ᠤᠨ ᠨᠥᠬᠦᠴᠡᠯ ᠤᠨ ᠳᠣᠣᠷ᠎ᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠠᠮᠠᠷᠪᠠ ᠥᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃     ᠳᠥᠷᠪᠡ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠴᠠᠭᠠᠵᠠᠯᠠᠬᠤ ᠬᠤᠭᠤᠴᠠᠭᠠᠨ ᠤ ᠤᠨᠴᠠᠭᠠᠢ ᠠᠵᠢᠯ ᠲᠥᠷᠥᠯ ᠤᠨ ᠱᠠᠭᠠᠷᠳᠠᠯᠭ᠎ᠠ     ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠬᠤᠷᠢᠭᠠᠲᠠᠢ ᠣᠷᠣᠨ ᠤ ᠳᠣᠲᠣᠷᠠᠬᠢ ᠡᠯ᠎ᠡ ᠲᠥᠷᠥᠯ ᠤᠨ ᠦᠢᠯᠡᠳᠪᠦᠷᠢᠯᠡᠯ ᠤᠨ ᠠᠵᠢᠯᠯᠠᠬᠤ ᠴᠢᠭ᠂ ᠵᠤᠭᠠᠴᠠᠯ  ᠤᠨ ᠤᠷᠤᠨ ︵ᠦᠵᠡᠮᠵᠢ ᠶᠢᠨ ᠭᠠᠵᠠᠷ︶ ᠵᠢᠴᠢ ᠵᠠᠰᠠᠮᠠᠯ ᠵᠠᠮ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ᠂ ᠡᠨᠧᠷᠭᠢ ᠵᠡᠷᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠡᠷᠬᠡᠪᠰᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠳᠠᠯᠳᠠ ᠬᠡᠮ ᠢ ᠴᠢᠩᠭ᠎ᠠ ᠵᠢᠭᠰᠠᠭᠠᠨ ᠪᠠᠶᠢᠴᠠᠭᠠᠬᠤ ᠶᠢᠨ ᠬᠠᠮᠲᠤ ᠠᠷᠢᠯᠭᠠᠵᠤ᠂ ᠭᠠᠯ ᠤᠨᠲᠠᠷᠠᠭᠠᠬᠤ ᠮᠠᠰᠢᠨ ᠳᠦᠬᠦᠭᠡᠷᠦᠮᠵᠢ ᠶᠢ ᠭᠦᠢᠴᠡᠳ ᠲᠣᠬᠢᠷᠠᠭᠤᠯᠤᠨ᠂ ᠪᠣᠯᠪᠠᠰᠤᠷᠠᠭᠤᠯᠤᠯ ᠭᠥᠷᠳᠡᠭᠰᠡᠨ ᠭᠠᠯ ᠤᠨᠲᠠᠷᠠᠭᠠᠬᠤ ᠠᠩᠭᠢ ᠶᠢ ᠲᠣᠬᠢᠷᠠᠭᠤᠯᠬᠤ ᠬᠡᠷᠡᠭᠲᠡᠢ᠃ ︽ᠣᠶ ᠰᠢᠭᠤᠢ ᠶᠢᠨ ᠭᠠᠯ ᠤᠨ ᠠᠶᠤᠯ ᠢ ᠰᠡᠷᠭᠡᠶᠢᠯᠡᠬᠦ ᠳᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 541 ᠳ᠋ᠤᠭᠡᠷ ᠲᠣᠭᠠᠲᠤ︶᠂ ︽ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠳᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 542 ᠳ᠋ᠤᠭᠠᠷ ᠲᠣᠭᠠᠲᠤ︶ ᠪᠣᠯᠣᠨ         ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠳᠦᠷᠢᠮ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷᠯᠠᠯ ᠤᠨ 25 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠦᠭᠡᠢ ᠶᠢ ᠴᠥᠮ ᠴᠡᠭᠴᠡᠯᠡᠨ ᠰᠠᠶᠢᠵᠢᠷᠠᠭᠤᠯᠬᠤ ᠬᠡᠷᠡᠭᠳᠠᠢ᠃ ᠡᠨᠧᠷᠭᠢ ᠶᠢᠨ ᠳᠤᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠣᠶ ᠰᠢᠭᠤᠢ ᠨᠤᠲᠤᠭ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ ᠤᠳ ᠵᠠᠰᠠᠮᠠᠯ ᠵᠠᠮ ᠤᠨ ᠬᠤᠶᠠᠷ ᠬᠠᠵᠠᠭᠤ ᠪᠠᠷ ᠬᠤᠷᠠᠮᠳᠤᠭᠰᠠᠨ ᠨᠡᠭᠦᠷᠡᠰᠦᠨ ᠰᠢᠭᠠᠷᠤ᠂ ᠬᠤᠭ ᠡᠪᠡᠰᠦ ᠵᠡᠷᠭᠡ ᠰᠢᠲᠠᠮᠠᠬᠠᠢ ᠪᠣᠳᠠᠰ ᠢ ᠲᠤᠶᠢᠯᠪᠤᠷᠢᠲᠠᠢ ᠴᠡᠪᠡᠷᠯᠡᠨ ᠠᠷᠢᠯᠭᠠᠬᠤ ᠬᠡᠷᠡᠭᠲᠡᠢ︔ ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ ᠤᠳ ᠭᠤᠤᠷᠰᠤ ᠰᠢᠲᠠᠭᠠᠬᠤ᠂ ᠡᠰᠢ ᠰᠦᠷᠡᠯ ᠰᠢᠲᠠᠭᠠᠬᠤ᠂ ᠲᠠᠷᠢᠶᠠᠨ ᠭᠠᠵᠠᠷ ︵ᠳᠠᠯᠠᠩ︶ ᠰᠢᠲᠠᠭᠠᠬᠤ᠂ ᠦᠨᠡᠰᠦ ᠰᠢᠲᠠᠭᠠᠵᠤ ᠪᠣᠷᠳᠣᠭᠤᠷ ᠴᠤᠭᠯᠠᠭᠤᠯᠬᠤ ᠵᠡᠷᠭᠡ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃     ᠲᠠᠪᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠴᠠᠭᠠᠵᠠᠯᠠᠬᠤ ᠬᠤᠭᠤᠴᠠᠭᠠᠨ ᠳᠠᠬᠢ ᠭᠤᠣᠯᠳᠠᠯᠭ᠎ᠠ ᠲᠠᠢ ᠠᠵᠢᠯ ᠲᠥᠷᠥᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ     ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠦᠯᠳᠡ᠂ ᠵᠠᠰᠠᠮᠠᠯ ᠵᠠᠮ ᠤᠨ ᠰᠦᠢᠳᠬᠡᠯ ᠬᠤᠷᠢᠶᠠᠬᠤ᠂ ᠲᠦᠷᠢᠶᠡᠰᠦᠨ ᠮᠠᠰᠢᠨ ᠲᠡᠷᠭᠡ᠂ ᠰᠢᠤᠳᠠᠨ᠂ ᠪᠠᠷᠠᠭᠠᠨ ᠤ ᠭᠦᠢᠯᠭᠡᠭᠡᠨ᠂ ᠲᠦᠷᠭᠡᠨ ᠬᠦᠷᠭᠡᠬᠦ᠂ ᠨᠡᠭᠦᠷᠡᠰᠦ ᠵᠡᠷᠭᠡ ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠨᠠᠰᠢ ᠴᠠᠰᠢ ᠥᠩᠭᠡᠷᠡᠬᠦ ᠪᠤᠶᠤ ᠬᠠᠮᠢᠶᠠᠷᠴᠤ ᠪᠠᠶᠢᠭ᠎ᠠ ᠲᠡᠷᠭᠡ ᠬᠥᠰᠬᠡ ᠶᠢᠨ ᠠᠵᠢᠯᠲᠠᠨ ᠤ ᠭᠠᠯ ᠤᠨ ᠠᠶᠤᠯ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠲᠠᠮᠠᠬᠢᠨ ᠤ ᠤᠵᠠᠭᠤᠷ᠂ ᠰᠢᠳᠠᠭᠰᠠᠨ ᠨᠡᠭᠦᠷᠡᠰᠦ ᠵᠡᠷᠭᠡ ᠶᠢ ᠬᠠᠶᠠᠬᠤ ᠶᠢ ᠴᠢᠩᠭ᠎ᠠ ᠴᠠᠭᠠᠵᠠᠯᠠᠵᠤ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ᠂ ᠪᠣᠭᠤᠳᠠᠯ ᠪᠠᠭᠯᠠᠭ᠎ᠠ ᠨᠢ ᠴᠢᠩᠭ᠎ᠠ ᠪᠤᠰᠤ ᠠᠴᠠ ᠪᠣᠯᠵᠤ ᠨᠡᠭᠦᠷᠡᠰᠦᠨ ᠰᠢᠭᠠᠷᠤ ᠶᠢ ᠠᠭᠤᠷᠬᠠᠢ ᠶᠢᠨ ᠣᠷᠣᠨ ᠠᠴᠠ ᠭᠠᠳᠠᠨᠠᠬᠢ ᠣᠷᠣᠨ ᠪᠦᠰᠡ ᠳᠤ ᠬᠠᠶᠠᠬᠤ ᠶᠢ ᠴᠢᠩᠭ᠎ᠠ ᠴᠠᠭᠠᠵᠠᠯᠠᠨ᠎ᠠ᠃ ᠵᠢᠯᠣᠭᠤᠴᠢ᠂ ᠲᠡᠷᠭᠡᠨ ᠤ ᠬᠠᠮᠢᠶᠠᠷᠤᠯᠲᠠ ᠶᠢᠨ ᠠᠵᠢᠯᠲᠠᠨ ᠪᠣᠯ ᠭᠠᠯ ᠤᠨ ᠠᠶᠤᠯ ᠢ ᠰᠡᠷᠭᠡᠶᠢᠯᠡᠬᠦ ᠬᠠᠷᠢᠭᠤᠴᠠᠯᠭ᠎ᠠ ᠲᠠᠢ ᠬᠥᠮᠥᠨ ᠪᠣᠯᠣᠨ᠎ᠠ᠃     ᠵᠢᠷᠭᠤᠭ᠎ᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠴᠠᠭᠠᠵᠠᠯᠠᠬᠤ ᠬᠤᠭᠤᠴᠠᠭᠠᠨ ᠳᠠᠬᠢ ᠪᠠᠬᠢᠯᠡᠯᠳᠡ ᠶᠢᠨ ᠱᠠᠭᠠᠷᠳᠠᠯᠭ᠎ᠠᠭᠠᠯ ᠤᠨᠲᠠᠷᠠᠭᠠᠬᠤ ᠠᠩᠬᠢ ᠶᠢᠨ ᠬᠢᠨ ᠲᠠᠶᠢᠨ ᠤ ᠪᠡᠯᠡᠳᠬᠡᠯ ᠪᠠᠶᠢᠳᠠᠯ ᠢᠶᠠᠨ ᠴᠠᠭ ᠢᠮᠠᠭᠳᠠ ᠪᠠᠲᠤᠯᠠᠵᠤ᠂ ᠭᠠᠯ ᠤᠨ ᠪᠠᠶᠢᠳᠠᠯ ᠢ ᠣᠯᠵᠤ ᠮᠡᠳᠡᠮᠡᠭᠴᠡ ᠴᠡᠷᠢᠭ ᠤᠨ ᠬᠦᠴᠦᠨ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠵᠤ᠂ ︽ᠡᠷᠲᠡ ᠤᠨᠳᠠᠷᠠᠭᠠᠬᠤ᠂ ᠪᠠᠭ᠎ᠠ ᠪᠠᠶᠢᠬᠤ ᠳᠤ ᠨᠢ ᠤᠨᠳᠠᠷᠠᠭᠠᠬᠤ︾ ᠶᠢ ᠪᠡᠶᠡᠯᠡᠭᠦᠯᠵᠦ᠂ ᠬᠥᠮᠥᠨ ᠦᠬᠦᠵᠦ ᠰᠢᠷᠬᠠᠲᠤᠬᠤ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃     ᠳᠣᠯᠤᠭ᠎ᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠴᠠᠭᠠᠵᠠᠯᠠᠬᠤ ᠬᠤᠭᠤᠴᠠᠭᠠᠨ ᠳᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃     ᠳᠡᠭᠡᠷᠡᠬᠢ ᠲᠣᠭᠲᠠᠭᠠᠯ ᠠᠴᠠ ᠵᠦᠷᠢᠴᠡᠭᠰᠡᠳ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠣᠶ ᠰᠢᠭᠤᠢ ᠶᠢᠨ ᠭᠠᠯ ᠤᠨ ᠠᠶᠤᠯ ᠢ ᠰᠡᠷᠭᠡᠶᠢᠯᠡᠬᠦ ᠳᠦᠷᠢᠮ︾ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠨ᠎ᠡ᠃     ︵ᠨᠢᠭᠡ︶ ᠭᠠᠯ ᠤᠨ ᠠᠶᠤᠯ ᠢ ᠰᠡᠷᠭᠡᠶᠢᠯᠡᠬᠦ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ᠂ ᠭᠠᠯ ᠤᠨ ᠠᠶᠤᠯ ᠢ ᠰᠡᠷᠭᠡᠶᠢᠯᠡᠬᠦ ᠪᠠᠶᠢᠴᠠᠭᠠᠯᠲᠠ ᠶᠢ ᠬᠦᠯᠢᠶᠡᠬᠦ ᠦᠭᠡᠢ᠂ ᠭᠠᠯ ᠤᠨ ᠠᠶᠤᠯ ᠤᠨ ᠲᠠᠯᠳᠠ ᠭᠡᠮ ᠢ ᠠᠷᠢᠯᠭᠠᠬᠤ ᠦᠭᠡᠢ᠂ ᠵᠦᠪᠰᠢᠶᠡᠷᠡᠯ ᠦᠭᠡᠢ ᠪᠠᠷ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠬᠤᠷᠢᠭᠠᠲᠠᠢ ᠣᠷᠣᠨ ᠳᠤ ᠳᠤᠷ᠎ᠠ ᠪᠠᠷ ᠢᠶᠠᠨ ᠣᠷᠣᠵᠤ ᠭᠠᠯ ᠬᠡᠷᠡᠭᠯᠡᠬᠦ᠂ ᠠᠳᠡᠯ ᠠᠴᠠ ᠪᠣᠯᠤᠭᠰᠠᠨ ᠪᠤᠶᠤ ᠵᠣᠷᠢᠭᠤᠳᠠ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠭᠦᠰᠬᠡᠭᠰᠡᠨ ᠪᠠᠶᠢᠪᠠᠯ᠂ ︽ᠣᠶ ᠰᠢᠭᠤᠢ ᠶᠢᠨ ᠭᠠᠯ ᠤᠨ ᠠᠶᠤᠯ ᠢ ᠰᠡᠷᠭᠡᠶᠢᠯᠡᠬᠦ ᠳᠦᠷᠢᠮ︾ ᠪᠣᠯᠣᠨ ︽ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠦᠶᠯᠡ ᠪᠠᠶᠢᠳᠠᠯ ᠤᠨ ᠬᠦᠨᠳᠦ ᠬᠥᠩᠭᠡᠨ ᠢ ᠦᠵᠡᠵᠦ᠂ ᠨᠢᠭᠡᠴᠡ ᠶᠢ 2000 ᠲᠥᠭᠦᠷᠢᠭ ᠠᠴᠠ 10 ᠲᠦᠮᠡᠨ ᠲᠥᠭᠦᠷᠢᠭ ᠵᠣᠭᠤᠰ ᠢᠶᠠᠷ ᠲᠣᠷᠭᠠᠵᠤ᠂ ᠬᠤᠪᠢ ᠬᠥᠮᠥᠨ ᠢ 200 ᠲᠥᠭᠦᠷᠢᠭ ᠠᠴᠠ 5000 ᠲᠥᠭᠦᠷᠢᠭ ᠵᠣᠭᠤᠰ ᠢᠶᠠᠷ  ᠲᠣᠷᠭᠠᠨ᠎ᠠ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠶᠠᠪᠤᠳᠠᠯ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠴᠠᠭ ᠲᠤᠬᠠᠢ ᠳᠤᠨᠢ ᠳᠠᠭᠤᠰᠬᠠᠬᠤ ᠬᠡᠷᠡᠭᠲᠡᠢ᠃      ︵ᠬᠤᠶᠠᠷ︶ ᠪᠠᠶᠢᠴᠠᠭᠠᠯᠲᠠ ᠳᠤ ᠢᠯᠡᠷᠡᠭᠦᠯᠦᠭᠰᠡᠨ ᠬᠠᠷᠢᠶ᠎ᠠ ᠣᠷᠣᠨ ᠤ ᠳᠣᠲᠣᠷ᠎ᠠ ᠭᠠᠯ ᠤᠨ ᠠᠶᠤᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠦᠭᠡᠢ᠂ ᠭᠠᠯ ᠤᠨ ᠢᠷᠡᠯᠲᠡ ᠶᠢᠨ ᠬᠠᠮᠢᠶᠠᠷᠤᠯᠲᠠ ᠨᠢ ᠴᠢᠩᠭ᠎ᠠ ᠪᠤᠰᠤ᠂ ᠭᠠᠯ ᠤᠨ ᠠᠶᠤᠯ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠤᠭᠰᠠᠨ ᠦᠭᠡᠢ᠂ ᠭᠠᠯ ᠤᠨ ᠠᠶᠤᠯ ᠢ ᠰᠡᠷᠭᠡᠶᠢᠯᠡᠬᠦ ᠠᠷᠭ᠎ᠠ ᠬᠡᠮᠵᠢᠶ᠎ᠡ ᠨᠢ ᠲᠡᠭᠦᠯᠳᠡᠷ ᠪᠤᠰᠤ᠂ ᠵᠣᠬᠢᠶᠠᠨ ᠪᠠᠶᠢᠭᠤᠯᠵᠤ ᠤᠨᠲᠠᠷᠠᠭᠠᠨ ᠠᠪᠤᠷᠠᠭᠰᠠᠨ ᠨᠢ ᠬᠦᠴᠦᠨ ᠦᠭᠡᠢ᠂ ᠬᠢᠨᠠᠯᠲᠠ ᠲᠠᠯᠪᠢᠵᠤ ᠪᠠᠶᠢᠴᠠᠭᠠᠭᠰᠠᠨ ᠨᠢ ᠬᠦᠷᠦᠯᠴᠡᠬᠦ ᠦᠭᠡᠢ᠂ ᠵᠢᠯᠣᠭᠤᠳᠤᠭᠰᠠᠨ ᠨᠢ ᠬᠦᠴᠦᠨ ᠦᠭᠡᠢ᠂ ᠬᠠᠷᠢᠭᠤᠴᠠᠯᠭ᠎ᠠ ᠪᠠᠨ ᠬᠦᠨᠳᠦ ᠨᠣᠴᠢᠲᠠᠢ ᠠᠯᠳᠠᠭᠰᠠᠨ ᠵᠡᠷᠭᠡ ᠠᠰᠠᠭᠤᠳᠠᠯ ᠣᠷᠣᠰᠢᠵᠤ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2015﹈ 66 ᠳ᠋ᠤᠭᠠᠷ ᠲᠣᠭᠠᠲᠤ︶ ᠵᠡᠷᠭᠡ ᠲᠣᠭᠲᠠᠭᠠᠯ ᠶᠣᠰᠣᠭᠠᠷ᠂ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠪᠠ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃     ︵ᠭᠤᠷᠪᠠ︶ ᠶᠠᠮᠠᠷᠪᠠ ᠨᠢᠭᠡᠴᠡ ᠪᠠ ᠬᠤᠪᠢ ᠬᠥᠮᠥᠨ ᠴᠥᠮ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠬᠠᠷᠢᠭᠤᠴᠠᠯᠭ᠎ᠠ ᠪᠠ ᠡᠭᠦᠷᠭᠡ ᠲᠠᠢ᠂ ᠣᠶ ᠰᠢᠭᠤᠢ ᠨᠤᠲᠤᠭ ᠪᠡᠯᠴᠢᠭᠡᠷ ᠲᠤ ᠭᠠᠯ ᠤᠨ ᠠᠶᠤᠯ ᠡᠬᠦᠰᠦᠭᠰᠡᠨ ᠢ ᠣᠯᠵᠤ ᠮᠡᠳᠡᠪᠡᠯ᠂ ᠬᠠᠷᠢᠶ᠎ᠠ ᠣᠷᠣᠨ ᠤ ᠪᠠᠨ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠭᠠᠯ ᠤᠨ ᠠᠶᠤᠯ ᠢ ᠰᠡᠷᠭᠡᠶᠢᠯᠡᠬᠦ ᠬᠠᠷᠢᠭᠤᠴᠠᠯᠭᠠᠲᠤ ᠨᠢᠭᠡᠴᠡ︶ ᠪᠤᠶᠤ ᠲᠤᠭᠤᠷᠢᠭ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ ︵ᠮᠡᠳᠡᠭᠦᠯᠬᠦ ᠤᠲᠠᠰᠤ᠄ 12119︶᠃ ᠬᠤᠯᠪᠣᠭᠳᠠᠯ ᠪᠦᠬᠦᠢ ᠪᠠᠶᠢᠭᠤᠯᠭ᠎ᠠ ᠭᠠᠯ ᠭᠠᠷᠤᠭᠰᠠᠨ ᠪᠠᠶᠢᠳᠠᠯ ᠤᠨ ᠮᠡᠳᠡᠭᠦᠯᠦᠯᠲᠡ ᠶᠢ ᠣᠯᠣᠭᠰᠠᠨ ᠤ ᠲᠡᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠷᠡ ᠳᠠᠷᠤᠢ ᠳᠤᠨᠢ ᠡᠬᠢᠯᠡᠭᠦᠯᠵᠦ᠂ ᠬᠥᠮᠥᠰ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠭᠠᠯ ᠤᠨᠲᠠᠷᠠᠭᠠᠵᠤ ᠠᠶᠤᠯ ᠠᠴᠠ ᠠᠪᠤᠷᠠᠬᠤ ᠠᠵᠢᠯ ᠳᠤ ᠣᠷᠣᠯᠴᠠᠭᠤᠯᠬᠤ ᠬᠡᠷᠡᠭᠲᠡᠢ᠃ ᠨᠠᠰᠤᠨ ᠳᠤ ᠥᠯᠥ ᠬᠦᠷᠦᠭᠰᠡᠳ᠂ ᠵᠢᠷᠮᠦᠰᠦᠨ ᠡᠮᠡᠭᠲᠡᠢ᠂ ᠵᠡᠮᠳᠡᠭᠴᠦᠳ ᠵᠢᠴᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠳᠤ ᠣᠷᠤᠯᠴᠠᠬᠤ ᠳᠤ ᠲᠣᠬᠢᠷᠠᠬᠤ ᠦᠭᠡᠢ ᠬᠥᠮᠥᠰ ᠢ ᠳᠠᠶᠢᠴᠢᠯᠠᠨ ᠭᠠᠯ ᠤᠨᠲᠠᠷᠠᠭᠠᠬᠤ ᠳᠤ ᠣᠷᠣᠯᠴᠠᠭᠤᠯᠬᠤ ᠶᠢ ᠴᠢᠩᠭ᠎ᠠ ᠴᠠᠭᠠᠵᠠᠯᠠᠨ᠎ᠠ᠃ ᠶᠠᠮᠠᠷᠪᠠ ᠨᠢᠭᠡᠴᠡ ᠪᠣᠯᠣᠨ ᠬᠤᠪᠢ ᠬᠥᠮᠥᠨ ᠤ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠢ ᠪᠠᠶᠢᠬᠤ ᠶᠢ ᠴᠠᠭᠠᠵᠠᠯᠠᠨ᠎ᠠ᠃     ᠨᠠᠢᠮᠠ᠂  ᠬᠡᠷᠡᠭᠵᠢᠬᠦᠯᠬᠦ ᠴᠠᠭ ᠬᠤᠭᠤᠴᠠᠭ᠎ᠠ     ᠲᠣᠰ ᠭᠠᠯ ᠢ ᠴᠠᠭᠠᠵᠠᠯᠠᠬᠤ ᠵᠠᠷᠯᠢᠭ ᠢ 2022 ᠣᠨ ᠤ 3 ᠰᠠᠷ᠎ᠠ ᠶᠢᠨ 15 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                                 ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                                                      2022 ᠣᠨ ᠤ 3 ᠰᠠᠷ᠎ᠠ ᠶᠢᠨ 15 ᠤ ᠡᠳᠤᠷ  
ᠢᠷᠡᠯᠲᠡ᠄ ᠲᠤᠰ ᠰᠦᠯᠵᠢᠶ᠎ᠠ