ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠶ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/5/18
                          ᠳ᠋ᠦᠩᠱᠧᠩ ᠵᠠᠰᠠᠭ ᠲᠠᠷᠬᠠᠭᠠᠭᠰᠠᠨ  ﹇2022﹈ 24 ᠳ᠋ᠦ᠋ᠭᠡᠷ ᠲᠣᠭᠠᠲᠤ ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠵᠢᠨ ᠬᠠᠮᠢᠶᠠᠷᠬᠤ ᠰᠠᠯᠠᠭ᠎ᠠ ᠮᠥᠴᠢᠷ ᠲᠤ᠄      ᠬᠤᠲᠠ ᠪᠠᠯᠭᠠᠰᠤ ᠶᠢᠨ ᠰᠢᠲᠠᠮᠠᠬᠠᠶ ᠬᠡᠢ ᠶᠢᠨ ᠬᠦᠷᠢᠶᠡᠨ ᠳᠠᠬᠢ ᠠᠮᠦᠷ ᠲᠦᠪᠰᠢᠨ ᠤ ᠬᠢᠨᠠᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠰᠢᠯᠤᠭᠤᠳᠬᠠᠬᠤ ᠶᠢᠨ ᠲᠤᠰᠠᠳᠠ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠦᠷᠢᠮ ᠢ ᠦᠨᠳᠦᠰᠦᠯᠡᠨ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠡᠳᠦᠭᠡ ᠬᠤᠯᠪᠣᠭᠳᠠᠯ ᠪᠦᠬᠦᠢ ᠨᠢᠭᠡᠴᠡ ᠶᠢᠨ ᠲᠤᠰᠢᠶᠠᠯ ᠬᠠᠷᠢᠭᠤᠴᠠᠯᠭ᠎ᠠ ᠶᠢ ᠳᠣᠣᠷᠠᠬᠢ ᠮᠡᠲᠦ ᠲᠣᠳᠣᠷᠬᠠᠶᠢᠯᠠᠪᠠ᠃      ᠨᠢᠭᠡ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ᠰᠢᠲᠠᠮᠠᠬᠠᠢ ᠬᠡᠢ ᠶᠢᠨ ᠡᠵᠡᠩᠨᠡᠯᠲᠡ ᠶᠢᠨ ᠵᠥᠪᠰᠢᠶᠡᠷᠡᠯ ᠢ ᠬᠢᠨᠠᠨ ᠵᠥᠪᠰᠢᠶᠡᠷᠡᠬᠦ ᠵᠢᠴᠢ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠪᠠᠶᠢᠳᠠᠯ ᠳᠤ ᠬᠢᠨᠠᠨ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ︔ ᠰᠢᠲᠠᠮᠠᠬᠠᠢ ᠬᠡᠢ ᠰᠢᠲᠠᠯᠲᠠ ᠶᠢᠨ ᠪᠠᠭᠠᠵᠢ ᠬᠡᠷᠡᠭᠰᠡᠯ ᠢ ᠤᠭᠰᠠᠷᠠᠬᠤ᠂ ᠰᠡᠯᠪᠢᠨ ᠵᠠᠰᠠᠬᠤ ᠳᠤ ᠬᠢᠨᠠᠨ ᠬᠠᠮᠢᠶᠠᠷᠤᠯᠲᠠ ᠬᠢᠬᠦ ᠶᠢ ᠬᠠᠷᠢᠭᠤᠴᠠᠵᠤ᠂ ᠭᠠᠵᠠᠷ ᠳᠣᠣᠷᠠᠬᠢ ᠰᠢᠲᠠᠮᠠᠬᠠᠢ ᠬᠡᠢ ᠶᠢᠨ ᠬᠠᠭᠤᠴᠢᠨ ᠬᠤᠭᠤᠯᠠᠢ ᠶᠢ ᠥᠭᠡᠷᠡᠴᠢᠯᠡᠨ ᠰᠢᠨᠡᠳᠬᠡᠬᠦ ᠪᠠ ᠵᠠᠮ ᠤᠨ ᠭᠠᠳᠠᠷᠭᠤ ᠶᠢᠨ ᠨᠡᠭᠡᠭᠡᠨ ᠮᠠᠯᠲᠠᠬᠤ ᠶᠢ ᠬᠢᠨᠠᠨ ᠵᠥᠪᠰᠢᠶᠡᠷᠡᠬᠦ ᠠᠵᠢᠯ ᠢ ᠵᠣᠬᠢᠴᠠᠭᠤᠯᠤᠨ᠎ᠠ︔ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠢᠯᠯᠠᠭ᠎ᠠ ᠶᠢᠨ ᠡᠳᠦᠷ ᠲᠤᠲᠤᠮ ᠤᠨ ᠬᠢᠨᠠᠨ ᠬᠠᠮᠢᠶᠠᠷᠤᠯᠲᠠ ᠶᠢ ᠬᠠᠷᠢᠭᠤᠴᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠬᠡᠷᠡᠭᠯᠡᠭᠴᠢ ᠶᠢᠨ ᠠᠮᠤᠷ ᠲᠦᠪᠰᠢᠨ ᠢᠶᠠᠷ ᠰᠢᠲᠠᠮᠠᠬᠠᠢ ᠬᠡᠢ ᠬᠡᠷᠡᠭᠯᠡᠬᠦ ᠶᠡᠷᠦ ᠶᠢᠨ ᠮᠡᠳᠡᠯᠭᠡ ᠶᠢ ᠤᠬᠠᠭᠤᠯᠵᠤ᠂ ᠰᠢᠲᠠᠮᠠᠬᠠᠢ ᠬᠡᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠮᠤᠷ ᠲᠦᠪᠰᠢᠨ ᠢ ᠪᠠᠲᠤᠯᠠᠨ᠂ ᠬᠠᠮᠢᠶ᠎ᠠ ᠪᠦᠬᠦᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠨ᠎ᠠ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ‌ᠬᠠᠮᠢᠶ᠎ᠠ ᠪᠦᠬᠦᠢ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠤᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠬᠤᠶᠠᠷ᠂ ᠲᠤᠭᠤᠷᠢᠭ ᠤᠨ ᠡᠨᠧᠷᠭᠢ ᠶᠢᠨ ᠲᠣᠪᠴᠢᠶ᠎ᠠ᠄ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠯᠠ ᠳᠠᠮᠵᠢᠭᠤᠯᠬᠤ ᠬᠤᠭᠤᠯᠠᠶ ᠵᠡᠷᠭᠡ ᠬᠢᠨᠠᠨ ᠬᠠᠮᠢᠶᠠᠷᠤᠯᠲᠠ  ᠶᠢᠨ ᠬᠦᠷᠢᠶᠡᠨ ᠳᠠᠬᠢ ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠬᠠᠷᠢᠭᠤᠴᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠭᠤᠷᠪᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠄ ᠰᠢᠲᠠᠮᠠᠬᠠᠶ ᠬᠡᠶ  ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠢᠯᠵᠢᠭᠦᠯᠦᠨ ᠬᠦᠷᠭᠡᠭᠰᠡᠨ ᠬᠡᠷᠡᠭ ᠲᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠬᠡᠯ ᠦᠭᠬᠦ ᠵᠢᠴᠢ ᠵᠤᠬᠢᠴᠠᠯᠳᠤᠭᠰᠡᠨ‌ᠠᠯᠪᠠᠳᠠᠯᠭ᠎ᠠ ᠪᠠᠷ ᠬᠦᠢᠴᠡᠳᠬᠡᠬᠦ ᠶᠢ ᠬᠠᠷᠢᠭᠤᠴᠠᠨ᠎ᠠ︔ ᠰᠤᠷᠭᠠᠭᠤᠯᠢ᠂ ᠴᠡᠴᠡᠷᠯᠢᠭ᠂ ᠠᠭᠤᠳᠠᠮ ᠲᠠᠯᠠᠪᠠᠶ ᠶᠢᠨ ᠡᠷᠭᠢᠨ ᠲᠣᠭᠤᠷᠢᠨ ᠵᠡᠷᠭᠡ ᠬᠢᠨᠠᠨ ᠬᠠᠮᠢᠶᠠᠷᠬᠤ ᠣᠷᠣᠨ ᠤ ᠨᠡᠭᠦᠳᠡᠯ ᠬᠤᠳᠠᠯᠳᠤᠭᠠᠴᠢᠳ ᠤᠨ ᠰᠢᠩᠬᠡᠵᠢᠯ ᠬᠡᠢ ᠶᠢ ᠲᠤᠭᠳᠠᠭᠠᠯ ᠠᠴᠠ ᠵᠥᠷᠢᠴᠡᠨ ᠬᠡᠷᠡᠭᠯᠡᠬᠦ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠳᠥᠷᠪᠡ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠄ ᠵᠢᠵᠢᠭ ᠬᠡᠯᠪᠡᠷᠢ ᠶᠢᠨ ᠢᠳᠡᠭᠡᠨ ᠤᠮᠳᠠᠭᠠᠨ᠂ ᠵᠢᠵᠢᠭ ᠬᠡᠯᠪᠡᠷᠢ  ᠶᠢᠨ ᠪᠠᠷᠠᠭ᠎ᠠ ᠬᠤᠳᠠᠯᠳᠤᠭ᠎ᠠ᠂ ᠵᠢᠵᠢᠭ ᠬᠡᠯᠪᠡᠷᠢ ᠶᠢᠨ ᠬᠤᠨᠤᠭ ᠤᠨ ᠪᠠᠭᠤᠳᠠᠯ ᠵᠡᠷᠭᠡ ᠬᠢᠨᠠᠨ ᠬᠠᠮᠢᠶᠠᠷᠤᠯᠲᠠ ᠶᠢᠨ ᠬᠦᠷᠢᠶᠡᠨ ᠳᠠᠬᠢ ᠰᠢᠲᠠᠮᠠᠬᠠᠶ ᠬᠡᠢ ᠶᠢᠨ ᠠᠮᠦᠷ ᠲᠦᠪᠰᠢᠨ ᠤ ᠬᠢᠨᠠᠨ‌ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠰᠢᠲᠠᠮᠠᠬᠠᠶ ᠬᠡᠶ ᠶᠢᠨ ᠦᠶᠯᠡᠳᠪᠦᠷᠢᠯᠡᠯ ᠤᠨ ᠵᠠᠩᠭᠢᠯᠠᠭ᠎ᠠ ᠶᠢᠨ ᠦᠶᠯᠡᠳᠬᠦᠨ ᠤ ᠶᠠᠰᠤ ᠴᠢᠨᠠᠷ᠂ ᠳᠠᠷᠤᠯᠲᠠᠲᠤ ᠰᠠᠪᠠ᠂ ᠳᠠᠷᠤᠯᠲᠠᠲᠤ ᠬᠤᠭᠤᠯᠠᠶ ᠶᠢᠨ ᠲᠣᠨᠤᠭ ᠵᠢᠴᠢ ᠳᠠᠷᠤᠯᠲᠠᠲᠤ ᠬᠤᠭᠤᠯᠠᠶ ᠶᠢᠨ ᠤᠭᠰᠠᠷᠠᠯᠲᠠ ᠶᠢᠨ ᠶᠠᠰᠤ ᠴᠢᠨᠠᠷ ᠤᠨ ᠬᠢᠨᠠᠨ ᠬᠠᠮᠢᠶᠠᠷᠤᠯᠲᠠ ᠵᠢᠴᠢ ᠰᠢᠲᠠᠮᠠᠬᠠᠶ ᠬᠡᠶ ᠶᠢᠨ ᠡᠵᠡᠩᠨᠡᠯᠲᠡ ᠶᠢᠨ ᠭᠤᠭᠴᠤᠭ᠎ᠠ ᠶᠢᠨ ᠬᠡᠮᠵᠢᠯᠲᠡ᠂ ᠲᠠᠸᠠᠷ ᠤᠨ ᠶᠠᠰᠤ ᠴᠢᠨᠠᠷ ᠤᠨ ᠬᠢᠨᠠᠨ ᠬᠠᠮᠢᠶᠠᠷᠤᠯᠲᠠ ᠶᠢ ᠬᠠᠷᠢᠭᠤᠴᠠᠵᠤ᠂ ᠬᠠᠷᠢᠶ᠎ᠠ ᠣᠷᠣᠨ  ᠤ ᠳᠣᠲᠣᠷᠠᠬᠢ ᠬᠡᠶᠢᠲᠦ ᠯᠣᠩᠬᠤ ᠶᠢ ᠳᠦᠭᠦᠷᠭᠡᠨ ᠰᠠᠪᠠᠯᠠᠬᠤ ᠨᠢᠬᠡᠴᠡ  ᠳᠤ ᠣᠨ ᠤ ᠬᠢᠨᠠᠨ ᠪᠠᠶᠢᠴᠠᠭᠠᠯᠲᠠ ᠬᠢᠵᠦ᠂ ᠣᠨ ᠤ ᠬᠢᠨᠠᠨ ᠪᠠᠶᠢᠴᠠᠭᠠᠯᠲᠠ ᠶᠢᠨ ᠠᠭᠤᠯᠭ᠎ᠠ  ᠳᠤ᠄ ᠥᠪᠡᠷ ᠤᠨ ᠥᠮᠴᠢᠯᠡᠯ ᠤᠨ ᠡᠷᠬᠡ ᠶᠢᠨ ᠬᠡᠶᠢᠲᠦ ᠯᠣᠩᠬᠤᠨ ᠤ ᠲᠤᠭ᠎ᠠ ᠬᠡᠮᠵᠢᠶ᠎ᠡ᠂ ᠪᠣᠯᠣᠳ ᠲᠠᠮᠠᠭ᠎ᠠ ᠶᠢᠨ ᠲᠡᠮᠳᠡᠭ᠂ ᠬᠡᠶᠢᠲᠦ ᠯᠣᠩᠬᠤᠨ ᠤ ᠰᠡᠷᠡᠮᠵᠢ ᠶᠢᠨ ᠲᠡᠮᠳᠡᠭ᠂ ᠬᠡᠶᠢᠲᠦ ᠯᠣᠩᠬᠤᠨ ᠤ ᠳᠦᠭᠦᠷᠭᠡᠨ ᠰᠠᠪᠠᠯᠠᠬᠤ ᠲᠡᠮᠳᠡᠭ ᠪᠠ ᠳᠠᠩᠰᠠ ᠡᠪᠬᠡᠮᠡᠯ ᠪᠠᠶᠢᠭᠤᠯᠤᠭᠰᠠᠨ ᠪᠠᠶᠢᠳᠠᠯ᠂ ᠥᠪᠡᠷ ᠤᠨ ᠥᠮᠴᠢᠯᠡᠯ ᠤᠨ ᠡᠷᠬᠡ ᠶᠢᠨ ᠬᠡᠶᠢᠲᠦ ᠯᠣᠩᠬᠤ ᠶᠢ ᠳᠦᠭᠦᠷᠭᠡᠨ ᠰᠠᠪᠠᠯᠠᠭᠰᠠᠨ ᠪᠠ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠭᠰᠠᠨ ᠪᠠᠶᠢᠳᠠᠯ᠂ ᠳᠦᠭᠦᠷᠭᠡᠨ ᠰᠠᠪᠠᠯᠠᠭᠰᠠᠨ ᠨᠢᠬᠡᠴᠡ ᠶᠢᠨ ᠬᠠᠷᠢᠭᠤᠴᠠᠯᠭᠠᠲᠠᠨ ᠪᠠ ᠳᠦᠭᠦᠷᠭᠡᠨ ᠰᠠᠪᠠᠯᠠᠭᠰᠠᠨ ᠠᠵᠢᠯᠲᠠᠨ ᠤ ᠦᠨᠡᠮᠯᠡᠯ ᠲᠠᠢ ᠪᠠᠶᠢᠬᠤ ᠪᠠᠶᠢᠳᠠᠯ ᠢ ᠪᠠᠭᠲᠠᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ  ᠶᠢ ᠵᠥᠷᠢᠴᠡᠨ ᠰᠢᠲᠠᠮᠠᠬᠠᠢ ᠬᠡᠢ ᠦᠢᠯᠡᠳᠪᠦᠷᠢᠯᠡᠭᠰᠡᠨ ᠪᠠ ᠳᠦᠭᠦᠷᠭᠡᠨ ᠰᠠᠪᠠᠯᠠᠭᠰᠠᠨ᠂ ᠬᠠᠭᠤᠷᠮᠠᠭ ᠮᠠᠭᠤ ᠰᠢᠲᠠᠮᠠᠬᠠᠢ ᠬᠡᠢ ᠶᠢ ᠪᠣᠷᠣᠯᠠᠭᠤᠯᠤᠭᠰᠠᠨ᠂ ᠬᠤᠭᠤᠴᠠᠭ᠎ᠠ ᠨᠢ ᠭᠡᠳᠦᠷᠡᠨ ᠪᠠᠶᠢᠴᠠᠭᠠᠭᠰᠠᠨ ᠦᠭᠡᠢ ᠬᠡᠢ ᠶᠢᠨ ᠯᠣᠩᠬᠤ ᠵᠢᠴᠢ ᠬᠠᠶᠠᠭᠳᠠᠮᠠᠯ ᠬᠡᠢ ᠶᠢᠨ ᠯᠣᠩᠬᠤ ᠪᠤᠶᠤ ᠢᠷᠡᠯᠲᠡ ᠨᠢ ᠲᠣᠳᠣᠷᠬᠠᠢ ᠦᠭᠡᠢ ᠬᠡᠢ ᠶᠢᠨ ᠯᠣᠩᠬᠤ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ  ᠶᠢ ᠬᠠᠷᠢᠭᠤᠴᠠᠵᠤ᠂ ᠯᠣᠩᠬᠤᠨ ᠳᠣᠲᠣᠷᠠᠬᠢ ᠦᠯᠡᠳᠡᠭᠳᠡᠯ ᠬᠡᠢ ᠶᠢᠨ ᠪᠠᠶᠢᠴᠠᠭᠠᠯᠲᠠ ᠶᠢ ᠲᠣᠭᠲᠠᠭᠠᠯ ᠶᠤᠰᠤᠭᠠᠷ ᠬᠢᠭᠰᠡᠨ ᠦᠭᠡᠢ ᠪᠤᠶᠤ ᠬᠡᠢ ᠶᠢᠨ ᠯᠣᠩᠬᠤᠨ ᠳᠣᠲᠣᠷᠠᠬᠢ ᠦᠯᠡᠳᠡᠭᠳᠡᠯ ᠢ ᠰᠤᠷᠤᠨ ᠭᠠᠷᠭᠠᠭᠰᠡᠨ ᠦᠭᠡᠢ ᠪᠠᠷ ᠬᠡᠢ ᠶᠢᠨ ᠯᠣᠩᠬᠤ ᠶᠢ ᠳᠦᠭᠦᠷᠭᠡᠬᠦ᠂ ᠬᠡᠢ ᠶᠢᠨ ᠯᠣᠩᠬᠤ ᠶᠢ ᠥᠭᠡᠷᠡᠴᠢᠯᠡᠨ ᠤᠭᠰᠠᠷᠠᠬᠤ ᠪᠠ ᠬᠠᠶᠠᠭᠳᠠᠮᠠᠯ ᠬᠡᠢ ᠶᠢᠨ ᠯᠣᠩᠬᠤ ᠶᠢ ᠰᠢᠨᠡᠳᠬᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠰᠢᠲᠠᠮᠠᠬᠠᠶ ᠬᠡᠢ ᠶᠢᠨ ᠡᠵᠡᠩᠨᠡᠯᠲᠡ ᠶᠢᠨ ᠠᠵᠢᠯᠯᠠᠭ᠎ᠠ ᠳᠤᠮᠳᠠ ᠬᠠᠭᠤᠷᠮᠠᠭ ᠶᠠᠭᠤᠮ᠎ᠠ ᠬᠤᠯᠢᠬᠤ᠂ ᠮᠠᠭᠤ ᠪᠠᠷ ᠰᠠᠶᠢᠨ ᠢ ᠣᠷᠣᠯᠠᠭᠤᠯᠬᠤ᠂ ᠵᠢᠩ ᠯᠠᠩ ᠳᠤᠲᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠴᠢ ᠦᠨᠡᠮᠯᠡᠯ ᠦᠭᠡᠶ ᠪᠠᠷ ᠰᠢᠲᠠᠮᠠᠬᠠᠶ ᠬᠡᠢ ᠡᠵᠡᠩᠨᠡᠬᠦ ᠦᠢᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠨ᠎ᠡ︔ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠨᠡᠶᠢᠲᠡ ᠶᠢᠨ ᠬᠡᠷᠡᠭᠯᠡᠭᠡᠨ ᠤ ᠰᠢᠲᠠᠮᠠᠬᠠᠶ ᠬᠡᠢ ᠶᠢᠨ ᠬᠤᠭᠤᠯᠠᠶ ᠶᠢᠨ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠯᠳᠠ ᠬᠢᠬᠦ ᠠᠵᠢᠯ ᠥᠷᠨᠢᠭᠦᠯᠬᠦ ᠶᠢ ᠬᠠᠷᠢᠭᠤᠴᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠲᠠᠪᠤ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠄ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠡ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠥᠷᠯᠥᠭᠡ ᠪᠠ ᠰᠥᠨᠢ ᠶᠢᠨ ᠵᠠᠬ᠎ᠠ᠂ ᠬᠤᠳᠠᠯᠳᠤᠭᠠᠨ ᠤ ᠲᠠᠯᠠᠪᠤᠷ ︵ᠳᠠᠷᠤᠢ ᠢᠳᠡᠭᠡᠨ ᠤᠮᠳᠠᠭᠠᠨ ᠤ ᠬᠤᠳᠠᠯᠳᠤᠭ᠎ᠠ ᠠᠷᠠᠯᠵᠢᠶ᠎ᠠ ᠶᠢᠨ ᠠᠵᠢᠯᠯᠠᠭᠠᠨ ᠤ ᠲᠠᠯᠠᠪᠤᠷ ᠪᠠᠭᠲᠠᠨ᠎ᠠ︶ ᠵᠡᠷᠭᠡ ᠬᠢᠨᠠᠨ ᠬᠠᠮᠢᠶᠠᠷᠤᠯᠳᠠ ᠶᠢᠨ ᠬᠦᠷᠢᠶ᠎ᠡ ᠴᠠᠷ᠎ᠠ ᠳᠤ ᠰᠢᠲᠠᠮᠠᠬᠠᠢ ᠬᠡᠢ ᠪᠤᠶᠤ ᠯᠤᠩᠬᠤᠳᠤ ᠰᠢᠩᠭᠡᠵᠢᠯ ᠬᠡᠢ ᠶᠢᠨ ᠬᠡᠷᠡᠭᠯᠡᠯᠲᠡ ᠶᠢᠨ ᠠᠮᠤᠷ ᠲᠦᠪᠰᠢᠨ ᠤ ᠥᠪᠡᠷ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠶᠢ ᠰᠢᠮᠳᠠᠭᠤᠯᠵᠤ᠂ ᠥᠪᠡᠷ ᠤᠨ ᠪᠠᠶᠢᠴᠠᠭᠠᠭᠰᠠᠨ ᠪᠠᠶᠢᠳᠠᠯ ᠵᠢᠴᠢ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠬᠢᠵᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠤᠨ᠎ᠠ︔ ᠢᠳᠡᠭᠡᠨ ᠤᠮᠳᠠᠭᠠᠨ ᠤ ᠲᠠᠯᠠᠪᠤᠷ ᠭᠠᠵᠠᠷ ᠤᠨ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠬᠠᠤᠯᠢ ᠶᠣᠰᠣᠨ ᠤ ᠰᠢᠲᠠᠮᠠᠬᠠᠢ ᠬᠡᠢ ᠬᠠᠩᠭᠠᠬᠤ ᠠᠵᠤ ᠠᠬᠤᠶᠢᠯᠠᠯ ᠯᠤᠭ᠎ᠠ ᠰᠢᠲᠠᠮᠠᠬᠠᠢ ᠬᠡᠢ ᠬᠠᠩᠭᠠᠬᠤ ᠪᠠ ᠬᠡᠷᠡᠭᠯᠡᠬᠦ ᠭᠡᠷ᠎ᠡ ᠲᠣᠭᠲᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠰᠢᠲᠠᠮᠠᠬᠠᠢ ᠬᠡᠢ ᠯᠡᠪᠡᠷᠡᠬᠦ ᠶᠢ ᠰᠡᠷᠡᠮᠵᠢᠯᠡᠭᠦᠯᠬᠦ ᠲᠥᠬᠦᠭᠡᠷᠦᠮᠵᠢ ᠤᠭᠰᠠᠷᠠᠭᠤᠯᠤᠨ᠎ᠠ︔ ᠢᠳᠡᠭᠡᠨ ᠤᠮᠳᠠᠭᠠᠨ ᠡᠵᠡᠩᠨᠡᠬᠦ ᠨᠢᠭᠡᠴᠡ ᠶᠢᠨ ᠡᠯᠧᠺᠲᠷᠣᠨ ᠳᠡᠯᠭᠡᠴᠡ ᠶᠢ ᠠᠰᠢᠭᠯᠠᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠤᠬᠠᠭᠤᠯᠭ᠎ᠠ ᠬᠢᠬᠦ ᠶᠢ ᠬᠠᠷᠢᠭᠤᠴᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠵᠢᠷᠭᠤᠭ᠎ᠠ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠰᠢᠲᠠᠮᠠᠬᠠᠢ ᠬᠡᠢ ᠲᠡᠬᠡᠬᠡᠪᠦᠷᠢᠯᠡᠵᠤ ᠪᠠᠶᠢᠭ᠎ᠠ ᠠᠶᠤᠯᠲᠠᠢ ᠪᠠᠷᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠪᠠ ᠪᠠᠷᠠᠭᠠᠨ ᠤ ᠲᠡᠷᠭᠡ ᠶᠢᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠬᠠᠷᠢᠭᠤᠴᠠᠵᠤ᠂ ᠠᠶᠤᠯᠳᠠᠢ ᠪᠠᠷᠠᠭ᠎ᠠ  ᠲᠡᠭᠡᠭᠡᠪᠦᠷᠢ ᠶᠢᠨ ᠡᠵᠡᠩᠨᠡᠯᠲᠡ ᠶᠢᠨ ᠬᠢᠷᠢ ᠬᠡᠮ ᠦᠬᠡᠢ ᠰᠢᠲᠠᠮᠠᠬᠠᠢ ᠬᠡᠢ ᠲᠠᠬᠡᠬᠡᠪᠦᠷᠢᠯᠡᠵᠤ ᠪᠠᠶᠢᠭ᠎ᠠ ᠵᠢᠯᠤᠭᠤᠴᠢ ᠵᠢᠴᠢ ᠪᠤᠯᠪᠠᠰᠤᠷᠠᠯ ᠭᠥᠷᠳᠡᠭᠰᠡᠨ ᠦᠭᠡᠢ ᠵᠢᠯᠣᠭᠤᠴᠢ᠂ ᠠᠮᠤᠷ ᠲᠦᠪᠰᠢᠨ ᠤ ᠲᠥᠬᠦᠭᠡᠷᠦᠮᠵᠢ ᠶᠢᠨ ᠲᠣᠬᠢᠷᠠᠭᠤᠯᠤᠯᠲᠠ ᠪᠦᠷᠢᠨ ᠪᠤᠰᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ ᠲᠦᠷᠢᠶᠡᠰᠦᠨ ᠮᠠᠰᠢᠨ ᠲᠡᠷᠭᠡ ᠶᠢᠨ ᠡᠯᠧᠺᠲᠷᠣᠨ ᠳᠡᠯᠭᠡᠴᠡ ᠶᠢ ᠠᠰᠢᠭᠯᠠᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠤᠬᠠᠭᠤᠯᠭ᠎ᠠ ᠬᠢᠬᠦ ᠶᠢ ᠬᠠᠷᠢᠭᠤᠴᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃    ᠳᠣᠯᠤᠭ᠎ᠠ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠰᠢᠲᠠᠮᠠᠬᠠᠢ ᠬᠡᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠬᠤᠯᠪᠣᠭᠳᠠᠯ ᠪᠦᠬᠦᠢ ᠠᠳᠡᠯ ᠢ ᠫᠠᠶᠢᠰᠠ ᠡᠯᠭᠦᠨ ᠰᠢᠮᠳᠠᠭᠤᠯᠤᠨ ᠭᠦᠢᠴᠡᠳᠬᠡᠬᠦ ᠶᠢ ᠬᠠᠷᠢᠭᠤᠴᠠᠨ᠎ᠠ︔ ᠠᠶᠤᠯᠳᠠᠢ ᠬᠢᠮᠢ ᠶᠢᠨ ᠪᠤᠳᠡᠰ ᠢ ᠦᠢᠯᠡᠳᠪᠦᠷᠢᠯᠡᠬᠦ᠂ ᠡᠵᠡᠩᠨᠡᠬᠦ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ  ᠤᠨ ᠬᠢᠨᠠᠨ ᠬᠠᠮᠢᠶᠠᠷᠤᠯᠲᠠ ᠶᠢ ᠬᠠᠷᠢᠭᠤᠴᠠᠵᠤ᠂ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ ᠪᠦᠷᠢᠯᠳᠦᠭᠦᠯᠦᠭᠰᠡᠨ ᠦᠭᠡᠢ ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠡ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠰᠢᠩᠬᠡᠵᠢᠯ ᠴᠢᠯᠠᠭᠤᠨ ᠲᠤᠰᠤ ᠬᠡᠢ ᠶᠢ ᠬᠠᠤᠯᠢ ᠪᠤᠰᠤ ᠪᠠᠷ ᠤᠶᠢᠯᠡᠳᠪᠤᠷᠢᠯᠡᠨ ᠡᠵᠡᠩᠨᠡᠭᠰᠡᠨ ᠠᠵᠤ ᠠᠬᠤᠶᠢᠯᠠᠯ ᠪᠠ ᠬᠤᠪᠢ ᠬᠥᠮᠥᠨ ᠢ ᠪᠠᠶᠢᠴᠠᠭᠠᠨ ᠰᠢᠢᠳᠪᠦᠷᠢᠯᠡᠨ᠎ᠡ︔ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠬᠤ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠬᠢᠨ᠎ᠡ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃      ᠨᠠᠢᠮᠠ᠂ ᠲᠤᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠄ ᠲᠤᠰ ᠰᠠᠯᠠᠭ᠎ᠠ ᠮᠥᠴᠢᠷ ᠤᠨ ᠬᠠᠮᠢᠶᠠᠷᠴᠤ ᠪᠠᠶᠢᠭ᠎ᠠ ᠠᠵᠢᠯ ᠲᠥᠷᠥᠯ ᠤᠨ ᠰᠢᠲᠠᠮᠠᠬᠠᠢ ᠬᠡᠢ ᠶᠢᠨ ᠬᠡᠷᠡᠭᠯᠡᠭᠴᠢᠳ ᠢ ᠵᠣᠬᠢᠶᠠᠨ ᠪᠠᠶᠢᠭᠤᠯᠤᠨ ᠰᠢᠲᠠᠮᠠᠬᠠᠢ ᠬᠡᠢ ᠶᠢᠨ ᠬᠡᠷᠡᠭᠯᠡᠯᠲᠡ ᠶᠢᠨ ᠠᠮᠤᠷ ᠲᠦᠪᠰᠢᠨ ᠤ ᠥᠪᠡᠷ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠥᠪᠡᠷ ᠤᠨ ᠪᠠᠶᠢᠴᠠᠭᠠᠯᠲᠠ ᠶᠢᠨ ᠪᠠᠶᠢᠳᠠᠯ ᠵᠢᠴᠢ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ︔ ᠬᠠᠤᠯᠢ ᠶᠣᠰᠣᠨ ᠤ ᠰᠢᠲᠠᠮᠠᠬᠠᠢ ᠬᠡᠢ ᠬᠠᠩᠭᠠᠬᠤ ᠠᠵᠤ ᠠᠬᠤᠶᠢᠯᠠᠯ ᠯᠤᠭ᠎ᠠ ᠰᠢᠲᠠᠮᠠᠬᠠᠢ ᠬᠡᠢ ᠬᠠᠩᠭᠠᠬᠤ ᠪᠠ ᠬᠡᠷᠡᠭᠯᠡᠬᠦ ᠭᠡᠷ᠎ᠡ ᠲᠣᠭᠲᠠᠬᠤ ᠶᠢ ᠱᠠᠭᠠᠷᠳᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠰᠢᠲᠠᠮᠠᠬᠠᠢ ᠬᠡᠢ ᠶᠢᠨ ᠯᠡᠪᠡᠷᠡᠬᠦ ᠶᠢ ᠰᠡᠷᠡᠮᠵᠢᠯᠡᠭᠦᠯᠬᠦ ᠲᠥᠬᠦᠭᠡᠷᠦᠮᠵᠢ ᠤᠭᠰᠠᠷᠠᠬᠤ ᠶᠢ ᠬᠠᠷᠢᠭᠤᠴᠠᠨ᠎ᠠ︔  ᠯᠤᠩᠬᠤᠳᠤ ᠰᠢᠩᠬᠡᠵᠢᠯ ᠬᠡᠢ ᠴᠢᠯᠠᠭᠤᠨ ᠲᠣᠰᠣᠨ ᠤ ᠬᠡᠢ ᠬᠡᠷᠡᠭᠯᠡᠬᠦ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠬᠤᠭᠤᠯᠠᠢ ᠶᠢᠨ ᠰᠢᠲᠠᠮᠠᠬᠠᠢ ᠬᠡᠢ ᠬᠡᠷᠡᠭᠯᠡᠬᠦ ᠶᠢ ᠵᠤᠷᠢᠭᠵᠢᠭᠤᠯᠤᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃      ᠶᠢᠰᠦ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠬᠢᠵᠢᠯᠳᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄  ᠨᠡᠬᠦᠳᠡᠯ ᠬᠤᠯᠪᠣᠭ᠎ᠠ᠂ ᠴᠠᠬᠢᠯᠭᠠᠨ ᠬᠤᠯᠪᠣᠭ᠎ᠠ᠂ ᠨᠢᠬᠡᠳᠦᠮᠡᠯ ᠬᠤᠯᠪᠤᠭ᠎ᠠ ᠵᠡᠷᠭᠡ ᠡᠵᠡᠩᠨᠡᠯᠲᠡ ᠶᠢᠨ ᠬᠤᠳᠠᠯᠳᠤᠭᠠᠴᠢᠨ ᠲᠠᠢ ᠬᠠᠷᠢᠯᠴᠠᠬᠤ ᠶᠢ ᠬᠠᠷᠢᠭᠤᠴᠠᠵᠤ᠂ ᠰᠠᠭᠤᠭᠠᠯᠢ ᠲᠣᠭᠤᠷᠢᠭ ᠤᠨ ᠴᠢᠮᠡᠭᠡ ᠬᠤᠯᠪᠣᠭᠠᠨ ᠤ ᠤᠳᠠᠰᠤ ᠱᠤᠭᠤᠮ ᠤᠨ ᠤᠭᠰᠠᠷᠠᠯᠳᠠ ᠶᠢ ᠲᠦᠷᠢᠮᠵᠢᠬᠦᠯᠵᠤ᠂ ᠰᠢᠲᠠᠮᠠᠬᠠᠢ ᠬᠡᠢ ᠶᠢᠨ ᠬᠤᠭᠤᠯᠠᠢ ᠳᠡᠭᠡᠷ᠎ᠡ ᠴᠢᠮᠡᠭᠡ ᠬᠤᠯᠪᠣᠭᠠᠨ ᠤ ᠤᠳᠠᠰᠤ ᠶᠢ ᠣᠷᠢᠶᠠᠬᠤ ᠪᠤᠶᠤ ᠰᠢᠲᠠᠮᠠᠬᠠᠢ ᠬᠡᠢ ᠶᠢᠨ ᠬᠤᠭᠤᠯᠠᠢ ᠶᠢ ᠠᠰᠢᠭᠯᠠᠨ ᠲᠤᠯᠭᠠᠭᠤᠷᠢ ᠪᠠᠭᠠᠨ᠎ᠠ ᠪᠤᠰᠬᠠᠵᠤ ᠪᠣᠯᠬᠤ ᠦᠭᠡᠢ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠠᠷᠪᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠄ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠬᠢᠨᠠᠨ ᠵᠢᠯᠤᠭᠤᠳᠬᠤ ᠵᠢᠴᠢ ᠰᠢᠲᠠᠮᠠᠬᠠᠢ ᠬᠡᠢ ᠶᠢᠨ ᠲᠡᠭᠡᠭᠡᠪᠦᠷᠢ ᠶᠢᠨ ᠲᠡᠷᠭᠡ  ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠨ᠎ᠠ︔ ᠬᠠᠤᠯᠢ ᠪᠤᠰᠤ ᠪᠠᠷ ᠡᠵᠡᠩᠨᠡᠭᠴᠢᠳ ᠲᠤ ᠲᠠᠯᠠᠪᠤᠷ ᠭᠠᠵᠡᠷ ᠬᠠᠩᠭᠠᠬᠤ ᠪᠠ ᠲᠣᠭᠲᠠᠭᠠᠯ ᠠᠴᠠ ᠵᠥᠷᠢᠴᠡᠨ ᠰᠢᠲᠠᠮᠠᠬᠠᠢ ᠬᠡᠢ ᠶᠢ ᠶᠡᠭᠡ ᠬᠡᠮᠵᠢᠶ᠎ᠡ ᠪᠠᠷ ᠬᠠᠳᠠᠭᠠᠯᠠᠬᠤ᠂ ᠦᠯᠡᠳᠡᠭᠳᠡᠯ ᠰᠢᠩᠭᠡᠨ ᠢ ᠴᠢᠳᠬᠤᠬᠤ᠂ ᠰᠢᠲᠠᠮᠠᠬᠠᠢ ᠬᠡᠢ ᠶᠢ ᠬᠤᠯᠠᠭᠠᠶᠢᠯᠠᠬᠤ᠂ ᠬᠠᠶᠠᠭᠳᠠᠮᠠᠯ ᠪᠣᠯᠣᠳ ᠯᠣᠩᠬᠤ ᠶᠢ ᠰᠠᠷᠢᠭᠠᠯᠠᠬᠤ ᠵᠡᠷᠭᠡ ᠣᠯᠠᠨ ᠨᠡᠶᠢᠲᠡ ᠶᠢᠨ ᠠᠮᠤᠷ ᠲᠦᠪᠰᠢᠨ ᠢ ᠬᠦᠨᠳᠦ ᠨᠣᠴᠢᠲᠠᠢ ᠰᠦᠷᠳᠡᠭᠦᠯᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ︔ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ ᠶᠢᠰᠦᠨ ᠵᠢᠵᠢᠭ ᠲᠠᠯᠠᠪᠤᠷ ᠭᠠᠵᠠᠷ ᠲᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠥᠷᠨᠢᠭᠦᠯᠬᠦ ᠶᠢ ᠬᠠᠷᠢᠭᠤᠴᠠᠵᠤ᠂ ᠣᠯᠵᠤ ᠮᠡᠳᠡᠭᠰᠡᠨ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠠᠷᠪᠠᠨ ᠨᠢᠭᠡ᠂ ᠲᠣᠭᠤᠷᠢᠭ ᠤᠨ ᠴᠠᠭ ᠠᠭᠤᠷ ᠤᠨ ᠲᠣᠪᠴᠢᠶ᠎ᠠ᠄ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠩᠭ᠎ᠠ ᠴᠠᠬᠢᠯᠭᠠᠨ ᠢ ᠰᠡᠷᠭᠡᠶᠢᠯᠡᠨ ᠬᠠᠮᠠᠭᠠᠯᠠᠬᠤ ᠲᠣᠨᠣᠭᠯᠠᠯ ᠤᠨ ᠵᠢᠷᠤᠭ ᠲᠥᠯᠥᠪᠯᠡᠭᠡ ᠶᠢ ᠬᠢᠨᠠᠨ ᠬᠠᠷᠭᠤᠭᠤᠯᠬᠤ ᠪᠠ ᠰᠢᠯᠭᠠᠨ ᠬᠤᠷᠢᠶᠠᠬᠤ ᠠᠵᠢᠯ ᠢ ᠬᠠᠷᠢᠭᠤᠴᠠᠵᠤ᠂ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠨ ᠬᠤᠷᠢᠭᠯᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠠᠷᠪᠠᠨ ᠬᠤᠶᠠᠷ᠂ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ᠄ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠮᠡᠳᠡᠭᠡᠯᠡᠬᠦ ᠶᠢ ᠬᠠᠷᠢᠭᠤᠴᠠᠨ᠎ᠠ︔ ᠰᠢᠲᠠᠮᠠᠬᠠᠶ ᠬᠡᠶ ᠶᠢᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠤᠬᠠᠭᠤᠯᠬᠤ ᠶᠢ ᠬᠠᠷᠢᠭᠤᠴᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠠᠷᠪᠠᠨ ᠭᠤᠷᠪᠠ᠂ ᠲᠣᠭᠤᠷᠢᠭ ᠤᠨ ᠬᠤᠲᠠ ᠶᠢᠨ ᠶᠠᠪᠤᠳᠠᠯ ᠤᠨ ᠠᠵᠢᠯ ᠦᠢᠯᠡᠰ ᠤᠨ ᠦᠢᠯᠡᠴᠢᠯᠡᠭᠡᠨ ᠤ ᠲᠥᠪ᠂ ᠴᠡᠴᠡᠷᠯᠢᠭᠵᠢᠬᠦᠯᠦᠯᠳᠠ ᠨᠤᠭᠤᠭᠠᠷᠠᠭᠤᠯᠤᠯᠳᠠ  ᠶᠢᠨ ᠦᠢᠯᠡᠰ ᠤᠨ ᠬᠥᠭᠵᠢᠯᠲᠡ ᠶᠢᠨ ᠲᠥᠪ᠂ ᠤᠰᠤ ᠭᠠᠳᠠᠭᠰᠢᠯᠠᠭᠤᠯᠬᠤ ᠠᠵᠢᠯ ᠦᠢᠯᠡᠰ ᠤᠨ ᠦᠢᠯᠡᠴᠢᠯᠡᠭᠡᠨ ᠤ ᠲᠥᠪ᠄ ᠬᠤᠲᠠ ᠶᠢᠨ ᠶᠠᠪᠤᠳᠠᠯ ᠤᠨ ᠢᠨᠵᠧᠨᠧᠷᠢᠩ᠂ ᠨᠣᠭᠤᠭᠠᠷᠠᠭᠤᠯᠤᠯᠲᠠ ᠶᠢᠨ ᠪᠠᠷᠢᠯᠭ᠎ᠠ ᠶᠢᠨ ᠠᠵᠢᠯ ᠵᠡᠷᠭᠡ ᠵᠠᠮ ᠤᠨ ᠭᠠᠳᠠᠷᠭᠤ ᠶᠢ ᠮᠠᠯᠲᠠᠬᠤ ᠢᠨᠵᠧᠨᠧᠷᠢᠩ ᠤᠨ ᠠᠮᠤᠷ ᠲᠦᠪᠰᠢᠨ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠰᠢᠲᠠᠮᠠᠬᠠᠶ ᠬᠡᠶ ᠶᠢᠨ ᠬᠤᠭᠤᠯᠠᠶ ᠶᠢᠨ ᠣᠷᠣᠨ ᠪᠦᠰᠡ ᠳᠤ ᠮᠠᠯᠲᠠᠬᠤ ᠠᠵᠢᠯ ᠬᠢᠬᠦ ᠦᠶ᠎ᠡ ᠳᠤ ᠪᠠᠷᠢᠯᠭ᠎ᠠ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠪᠠᠶᠢᠭᠠᠯᠢ ᠶᠢᠨ ᠰᠢᠲᠠᠮᠠᠬᠠᠶ ᠬᠡᠶ ᠶᠢᠨ ᠺᠣᠮᠫᠠᠨᠢ  ᠯᠤᠭ᠎ᠠ ︽ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠬᠠᠮᠠᠭᠠᠯᠠᠯᠲᠠ ᠶᠢᠨ ᠬᠡᠯᠡᠯᠴᠡᠭᠡᠷ︾ ᠲᠣᠭᠲᠠᠭᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠠᠷᠪᠠᠨ ᠳᠥᠷᠪᠡ᠂ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠄ ᠠᠳᠠᠯ ᠠᠬᠤᠶ ᠲᠠᠢ ᠰᠠᠭᠤᠭᠠᠯᠢ ᠠᠷᠠᠳ ᠤᠨ ᠲᠣᠭᠤᠷᠢᠭ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠵᠢᠯ ᠳᠤ ᠬᠠᠮᠢᠶᠠᠷᠤᠯᠲᠠ ᠬᠢᠬᠦ ᠶᠢ ᠬᠠᠷᠢᠭᠤᠴᠠᠨ᠎ᠠ︔ ᠠᠳᠠᠯ ᠠᠬᠤᠶ  ᠲᠠᠢ ᠰᠠᠭᠤᠭᠠᠯᠢ ᠲᠣᠭᠤᠷᠢᠭ ᠤᠨ ᠳᠣᠲᠣᠷᠠᠬᠢ ᠨᠣᠭᠤᠭᠠᠷᠠᠭᠤᠯᠤᠯᠲᠠ ᠶᠢ ᠳᠡᠭᠡᠭᠰᠢᠯᠡᠭᠦᠯᠦᠨ ᠥᠭᠡᠷᠡᠴᠢᠯᠡᠬᠦ᠂ ᠬᠠᠭᠤᠴᠢᠨ ᠰᠠᠭᠤᠭᠠᠯᠢ ᠲᠣᠭᠤᠷᠢᠭ ᠤᠨ ᠬᠤᠭᠤᠯᠠᠶ ᠶᠢᠨ ᠲᠣᠤᠷ ᠢ ᠥᠭᠡᠷᠡᠴᠢᠯᠡᠬᠦ ᠵᠡᠷᠭᠡ ᠭᠠᠵᠠᠷ ᠳᠡᠭᠡᠷᠡᠬᠢ ᠨᠡᠭᠡᠭᠡᠨ ᠮᠠᠯᠲᠠᠬᠤ ᠢᠨᠵᠧᠨᠧᠷᠢᠩ ᠢ ᠵᠢᠷᠤᠮᠵᠢᠭᠤᠯᠤᠨ ᠵᠢᠯᠣᠭᠤᠳᠬᠤ ᠶᠢ ᠬᠠᠷᠢᠭᠤᠴᠠᠵᠤ᠂ ᠰᠢᠲᠠᠮᠠᠬᠠᠶ ᠬᠡᠶ ᠶᠢᠨ ᠬᠤᠭᠤᠯᠠᠶ ᠶᠢᠨ ᠠᠮᠤᠷ ᠲᠦᠪᠰᠢᠨ ᠤ ᠠᠳᠡᠯ ᠭᠠᠷᠭᠠᠬᠤ ᠶᠢ ᠰᠡᠷᠭᠡᠶᠢᠯᠡᠨ᠎ᠡ︔ ᠠᠳᠠᠯ ᠠᠬᠤᠶ ᠲᠠᠢ ᠰᠠᠭᠤᠭᠠᠯᠢ ᠲᠣᠭᠤᠷᠢᠭ ᠤᠨ ᠳᠣᠲᠣᠷᠠᠬᠢ ᠪᠠᠶᠢᠭᠠᠯᠢ ᠶᠢᠨ ᠰᠢᠲᠠᠮᠠᠬᠠᠶ ᠬᠡᠶ ᠶᠢᠨ ᠲᠡᠬᠦᠵᠢᠯᠡᠬᠦᠢ ᠬᠤᠭᠤᠯᠠᠢ ᠲᠡᠬᠡᠷ᠎ᠡ ᠴᠠᠬᠢᠯᠭᠠᠨ ᠤᠲᠠᠰᠤ ᠶᠢ ᠣᠷᠢᠶᠠᠬᠤ ᠵᠡᠷᠭᠡ ᠦᠵᠡᠭᠳᠡᠯ ᠢ ᠴᠡᠭᠴᠡᠯᠡᠨ ᠵᠠᠰᠠᠬᠤ ᠶᠢ ᠬᠠᠷᠢᠭᠤᠴᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠠᠷᠪᠠᠨ ᠲᠠᠪᠤ᠂ ᠲᠣᠭᠤᠷᠢᠭ ᠤᠨ ᠭᠠᠯ ᠤᠨᠳᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠄ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠵᠤ ᠠᠬᠤᠶᠢᠯᠠᠯ ᠳᠤ ᠭᠠᠯ ᠢ ᠰᠡᠷᠬᠡᠶᠢᠯᠡᠬᠦ ᠠᠮᠤᠷ ᠲᠦᠪᠰᠢᠨ ᠤ ᠬᠢᠨᠠᠨ ᠪᠠᠶᠢᠴᠠᠭᠠᠯᠲᠠ ᠪᠠ ᠰᠢᠲᠠᠮᠠᠬᠠᠶ ᠬᠡᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠬᠠᠤᠯᠢ ᠶᠣᠰᠣᠭᠠᠷ ᠥᠷᠨᠢᠭᠦᠯᠬᠦ ᠶᠢ ᠬᠠᠷᠢᠭᠤᠴᠠᠵᠤ᠂ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠰᠢᠲᠠᠮᠠᠬᠠᠶ ᠬᠡᠶ ᠬᠡᠷᠡᠭᠯᠡᠬᠦ ᠢᠳᠡᠭᠡᠨ ᠤᠮᠳᠠᠭᠠᠨ ᠤ ᠲᠠᠯᠠᠪᠤᠷ ᠭᠠᠵᠡᠷ ᠵᠡᠷᠭᠡ ᠳᠤ ᠭᠠᠯ ᠢ ᠰᠡᠷᠬᠡᠶᠢᠯᠡᠬᠦ ᠠᠮᠤᠷ ᠲᠦᠪᠰᠢᠨ ᠤ ᠲᠤᠰᠬᠠᠶ ᠬᠢᠨᠠᠯᠲᠠ ᠪᠠᠶᠢᠴᠠᠭᠠᠯᠲᠠ ᠶᠢ ᠬᠡᠷᠡᠭᠵᠢᠭᠦᠯᠵᠦ᠂ ᠭᠠᠯ ᠢ ᠰᠡᠷᠬᠡᠶᠢᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃    ᠠᠷᠪᠠᠨ ᠵᠢᠷᠭᠤᠭ᠎ᠠ᠂ ᠡᠯ᠎ᠡ ᠬᠦᠷᠢᠶᠡᠯᠡᠩ ᠲᠣᠭᠤᠷᠢᠭ᠂ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠄ ︽ᠬᠠᠷᠢᠶ᠎ᠠ ᠣᠷᠣᠨ ᠳᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ︾ ᠵᠠᠷᠴᠢᠮ ᠶᠣᠰᠣᠭᠠᠷ᠂ ᠲᠤᠰ ᠬᠠᠷᠢᠶ᠎ᠠ ᠣᠷᠣᠨ ᠤ ᠪᠠᠨ ᠳᠣᠲᠣᠷᠠᠬᠢ ᠰᠢᠲᠠᠮᠠᠬᠠᠶ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ︔ ᠲᠣᠤᠷᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ ᠶᠣᠰᠣᠭᠠᠷ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠺᠣᠮᠫᠠᠨᠢ ᠲᠠᠢ ᠬᠠᠮᠲᠤᠷᠠᠨ ᠰᠠᠭᠤᠭᠠᠯᠢ ᠠᠷᠠᠳ ᠤᠨ ᠡᠷᠦᠬᠡ ᠳᠤ ᠬᠦᠷᠴᠦ ᠠᠮᠤᠷ ᠲᠦᠪᠰᠢᠨ ᠤ ᠪᠠᠶᠢᠴᠠᠭᠠᠯᠲᠠ ᠬᠢᠬᠦ ᠠᠵᠢᠯ ᠢ ᠬᠠᠷᠢᠭᠤᠴᠠᠨ᠎ᠠ︔ ᠰᠠᠭᠤᠭᠠᠯᠢ ᠠᠷᠠᠳ ᠤᠨ ᠲᠣᠭᠤᠷᠢᠭ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠠᠳᠠᠯ ᠠᠬᠤᠶ ᠦᠬᠡᠢ ᠰᠠᠭᠤᠭᠠᠯᠢ ᠲᠣᠭᠤᠷᠢᠭ ᠢ ᠬᠠᠷᠢᠭᠤᠴᠠᠨ᠎ᠠ︶ ᠤᠨ ᠰᠢᠲᠠᠮᠠᠬᠠᠶ ᠬᠡᠢ ᠶᠢᠨ ᠠᠮᠤᠷ ᠲᠦᠪᠰᠢᠨ ᠤ ᠠᠵᠢᠯ ᠢ ᠵᠢᠯᠣᠭᠤᠳᠬᠤ ᠶᠢ ᠬᠠᠷᠢᠭᠤᠴᠠᠵᠤ᠂ ᠰᠠᠭᠤᠭᠠᠯᠢ ᠲᠣᠭᠤᠷᠢᠭ ᠤᠨ ᠳᠣᠲᠣᠷᠠᠬᠢ ᠨᠣᠭᠤᠭᠠᠷᠠᠭᠤᠯᠤᠯᠲᠠ ᠶᠢ ᠳᠡᠭᠡᠭᠰᠢᠯᠡᠭᠦᠯᠦᠨ ᠥᠭᠡᠷᠡᠴᠢᠯᠡᠬᠦ᠂ ᠬᠠᠭᠤᠴᠢᠨ ᠰᠠᠭᠤᠭᠠᠯᠢ ᠲᠣᠭᠤᠷᠢᠭ ᠤᠨ ᠬᠤᠭᠤᠯᠠᠶ ᠶᠢᠨ ᠲᠣᠤᠷ ᠢ ᠥᠭᠡᠷᠡᠴᠢᠯᠡᠬᠦ ᠵᠡᠷᠭᠡ ᠭᠠᠵᠠᠷ ᠤᠨ ᠭᠠᠳᠠᠷᠭᠤ ᠶᠢᠨ ᠮᠠᠯᠲᠠᠬᠤ ᠢᠨᠵᠧᠨᠧᠷᠢᠩ ᠢ ᠵᠢᠷᠤᠮᠵᠢᠭᠤᠯᠤᠨ ᠵᠢᠯᠣᠭᠤᠳᠴᠤ᠂ ᠰᠢᠲᠠᠮᠠᠬᠠᠶ ᠬᠡᠢ ᠶᠢᠨ ᠬᠤᠭᠤᠯᠠᠶ ᠶᠢᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠨ᠎ᠠ︔ ᠰᠠᠭᠤᠭᠠᠯᠢ ᠲᠣᠭᠤᠷᠢᠭ ᠤᠨ ᠳᠣᠲᠣᠷᠠᠬᠢ ᠪᠠᠶᠢᠭᠠᠯᠢ ᠶᠢᠨ ᠰᠢᠲᠠᠮᠠᠬᠠᠶ ᠬᠡᠢ ᠶᠢᠨ ᠲᠡᠬᠦᠵᠢᠯᠡᠬᠦᠢ ᠬᠤᠭᠤᠯᠠᠢ ᠲᠡᠬᠡᠷ᠎ᠡ ᠴᠠᠬᠢᠯᠭᠠᠨ ᠤᠲᠠᠰᠤ ᠶᠢ ᠣᠷᠢᠶᠠᠬᠤ ᠵᠡᠷᠭᠡ ᠦᠵᠡᠭᠳᠡᠯ ᠢ ᠴᠡᠭᠴᠡᠯᠡᠨ ᠵᠠᠰᠠᠬᠤ ᠶᠢ ᠬᠠᠷᠢᠭᠤᠴᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃    ᠠᠷᠪᠠᠨ ᠳᠣᠯᠤᠭ᠎ᠠ᠂ ᠪᠤᠰᠤᠳ ᠰᠠᠯᠠᠭ᠎ᠠ ᠮᠥᠴᠢᠷ᠄ ᠲᠤᠰ ᠲᠤᠰ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠰᠢᠲᠠᠮᠠᠬᠠᠶ ᠬᠡᠢ ᠶᠢᠨ ᠠᠮᠦᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃           ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                               2022 ᠣᠨ ᠤ 5 ᠰᠠᠷ᠎ᠠ ᠶᠢᠨ 17 ᠤ ᠡᠳᠦᠷ
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ