| ᠳ᠋ᠦᠩᠱᠧᠩ ᠵᠠᠰᠠᠭ ᠠᠯᠪᠠᠨ ᠲᠠᠷᠬᠠᠭᠠᠭᠰᠡᠨ ﹇2022﹈ 23 ᠳ᠋ᠤᠭᠠᠷ ᠲᠣᠭᠠᠲᠤ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠳᠤ᠄ | ︽ᠳ᠋ᠦᠩᠱᠧᠩ ᠲᠣᠭᠤᠷᠢᠭ ᠤᠨ ᠡᠨᠧᠷᠭᠢ ᠶᠢᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠬᠠᠮᠲᠤᠷᠠᠨ ᠪᠠᠶᠢᠴᠠᠭᠠᠬᠤ ᠠᠵᠢᠯ ᠤᠨ ᠲᠥᠰᠥᠯ︾ ᠢ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 5 ᠰᠠᠷ᠎ᠠ ᠶᠢᠨ 20 ᠤ ᠡᠳᠦᠷ | ᠳ᠋ᠦᠩᠱᠧᠩ ᠲᠣᠭᠤᠷᠢᠭ ᠤᠨ ᠡᠨᠧᠷᠭᠢ ᠶᠢᠨ ᠰᠤᠷᠪᠤᠯᠵᠢ ᠶᠢᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠬᠠᠮᠲᠤᠷᠠᠨ ᠪᠠᠶᠢᠴᠠᠭᠠᠬᠤ ᠠᠵᠢᠯ ᠤᠨ | ᠲᠥᠰᠥᠯ | ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ︽︿ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠬᠦᠨᠳᠦ ᠣᠨᠴᠠ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠨᠦᠭᠦᠳ﹀ ᠢ ᠳᠠᠷᠤᠮᠠᠯᠯᠠᠨ ᠲᠠᠷᠬᠠᠭᠠᠬᠤ ᠲᠤᠬᠠᠢᠲ᠋ᠥ᠋ᠷᠥ ᠶᠢᠨ | ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠮᠡᠳᠡᠭᠳᠡᠯ︾ ︵ᠠᠶᠤᠯᠭᠦᠢ ᠦᠢᠯᠡᠳᠪᠦᠷᠢᠯᠡᠯ ᠤᠨ ᠵᠥᠪᠯᠡᠯ ﹇2022﹈ 6 ᠳ᠋ᠤᠭᠠᠷ | ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ︽ᠳ᠋ᠦᠩᠱᠧᠩ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠤᠨ | ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ | ᠮᠡᠳᠡᠭᠳᠡᠯ︾ ︵ᠳ᠋ᠦᠩᠱᠧᠩ ᠠᠶᠤᠯᠬᠦᠢ ᠤᠶᠢᠯᠡᠳᠪᠦᠷᠢᠯᠡᠯ ᠤᠨ ᠵᠦᠪᠯᠡᠯ ᠲᠠᠷᠬᠠᠭᠠᠭᠰᠠᠨ ﹇2022﹈ 3 ᠳ᠋ᠤᠭᠠᠷ ᠲᠣᠭᠠᠲᠤ︶ ᠵᠢᠴᠢ ︽ᠠᠶᠤᠯᠭᠦᠢ | ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠳ᠋ᠦᠩᠱᠧᠩ ᠵᠠᠰᠠᠭ ᠠᠯᠪᠠᠨ ᠵᠠᠬᠢᠳᠠᠯ ﹇2022﹈ 10 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ | ᠱᠠᠭᠠᠷᠳᠠᠯᠭ᠎ᠠ ᠶᠣᠰᠣᠭᠠᠷ᠂ ᠡᠨᠧᠷᠭᠢ ᠶᠢᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠬᠠᠮᠳᠤᠷᠠᠨ ᠪᠠᠶᠢᠴᠠᠭᠠᠬᠤ ᠠᠵᠢᠯ ᠢ ᠥᠷᠨᠢᠭᠦᠯᠬᠦ ᠪᠠᠷ ᠲᠣᠭᠲᠠᠵᠤ᠂ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠲᠥᠰᠥᠯ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠠᠶᠤᠯᠭᠦᠢ ᠦᠢᠯᠡᠳᠪᠦᠷᠢᠯᠡᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠬᠤ ᠶᠢᠨ ᠲᠥᠯᠥᠭᠡ᠂ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳ᠋ᠦᠩ ᠹᠠᠩ ᠠᠭᠠᠷ ᠤᠨ ᠠᠶᠠᠯᠠᠯ ᠤᠨ ᠺᠣᠮᠫᠠᠨᠢ ᠶᠢᠨ ︽3. 21︾ ᠤ ᠨᠢᠰᠬᠡᠯ | ᠤᠨ ᠠᠳᠡᠯ ᠪᠠ ᠬᠤᠨᠠᠨ ᠤ ᠴᠠᠩᠱᠠ ᠬᠤᠲᠠ ᠶᠢᠨ ︽4 . 29︾ ᠤ ᠰᠠᠭᠤᠭᠠᠯᠢ ᠠᠷᠠᠳ ᠤᠨ ᠥᠪᠡᠷ ᠢᠶᠠᠨ ᠪᠠᠷᠢᠭᠰᠠᠨ ᠭᠡᠷ ᠪᠠᠶᠢᠰᠢᠩ ᠨᠤᠷᠠᠭᠰᠠᠨ ᠠᠳᠡᠯ ᠢᠶᠠᠷ | ᠰᠡᠷᠡᠮᠵᠢᠯᠡᠭᠦᠯᠦᠯ ᠪᠣᠯᠭᠠᠵᠤ᠂ ᠨᠢᠭᠡ ᠠᠴᠠ ᠵᠤᠶᠢᠴᠢᠯᠡᠨ ᠨᠦᠬᠦᠭᠡ ᠶᠢ ᠮᠡᠳᠡᠵᠤ᠂ ᠡᠨᠧᠷᠭᠢ ᠶᠢᠨ ᠠᠵᠢᠯ ᠲᠦᠷᠦᠯ ᠤᠨ ︽ᠠᠶᠤᠯ ᠲᠦᠭᠰᠢᠭᠦᠷᠢ ᠶᠢ ᠰᠡᠷᠭᠡᠶᠢᠯᠡᠬᠦ᠂ ᠭᠡᠮ | ᠰᠣᠭᠤᠭ ᠢ ᠠᠷᠢᠯᠭᠠᠬᠤ᠂ ᠠᠳᠡᠯ ᠢ ᠬᠤᠷᠢᠭᠯᠠᠬᠤ᠂ ᠠᠮᠤᠷ ᠲᠦᠪᠰᠢᠨ ᠢ ᠪᠠᠲᠤᠯᠠᠬᠤ︾ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ | ᠡᠨᠧᠷᠭᠢ ᠶᠢᠨ ᠠᠵᠢᠯ ᠲᠦᠷᠦᠯ ᠳᠤ ᠣᠷᠣᠰᠢᠵᠤ ᠪᠠᠶᠢᠭ᠎ᠠ ᠭᠠᠵᠠᠷ ᠬᠡᠷᠡᠭᠯᠡᠬᠦ ᠭᠠᠷ ᠬᠦᠢᠴᠡᠳᠬᠡᠯ᠂ ᠠᠶᠤᠯᠲᠠᠢ ᠬᠢᠮᠢ ᠶᠢᠨ ᠪᠣᠳᠠᠰ᠂ ᠠᠮᠢ ᠠᠬᠤᠢ ᠣᠷᠴᠢᠨ ᠲᠣᠭᠤᠷᠢᠨ | ᠵᠡᠷᠭᠡ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠨᠡᠩ ᠲᠣᠭᠲᠠᠭᠤᠨ ᠠᠶᠤᠯᠭᠦᠢ ᠦᠢᠯᠡᠳᠪᠦᠷᠢᠯᠡᠯ ᠤᠨ ᠣᠷᠴᠢᠨ ᠲᠣᠭᠤᠷᠢᠨ ᠢᠶᠠᠷ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠳᠤᠬᠤ ᠶᠢᠨ ᠲᠦᠯᠦᠬᠡ ᠶᠤᠮ᠃ | ᠬᠤᠶᠠᠷ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠳ᠋ᠦᠩᠱᠧᠩ ᠲᠣᠭᠤᠷᠢᠭ ᠤᠨ ᠡᠨᠧᠷᠭᠢ ᠶᠢᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠬᠠᠮᠳᠤᠷᠠᠨ ᠪᠠᠶᠢᠴᠠᠭᠠᠬᠤ ᠠᠵᠢᠯ ᠢ ᠤᠷᠤᠭᠰᠢᠲᠠᠢ | ᠥᠷᠨᠢᠭᠦᠯᠬᠦ ᠶᠢᠨ ᠲᠤᠰᠠᠳᠠ᠂ ᠳ᠋ᠦᠩᠱᠧᠩ ᠲᠣᠭᠤᠷᠢᠭ ᠤᠨ ᠡᠨᠧᠷᠭᠢ ᠶᠢᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠬᠠᠮᠳᠤᠷᠠᠨ ᠪᠠᠶᠢᠴᠠᠭᠠᠬᠤ | ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠂ ᠪᠦᠷᠢᠯᠳᠦᠭᠦᠨ ᠨᠢ ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠵᠢᠶᠠᠩ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠱᠢ ᠮᠣᠣ ᠯᠢᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠲᠤᠭᠤᠷᠢᠭ ᠤᠨ | ᠡᠨᠧᠷᠭᠢ ᠶᠢᠨ ᠲᠣᠪᠴᠢᠶᠠᠨ ᠤ ᠳᠠᠷᠤᠭ᠎ᠠ | ᠪᠦᠷᠢᠯᠳᠦᠭᠦᠨ᠄ ᠲᠢᠶᠠᠨ ᠶᠦᠨ ᠹᠧᠢ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠡᠳ᠋ | ᠳᠠᠷᠤᠭ᠎ᠠ | ᠶᠠᠩ ᠵᠢᠶᠦ᠋ᠨ ᠯᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠡᠷᠬᠢᠯᠡᠭᠴᠢ ᠠᠵᠢᠯᠳᠠᠨ | ᠪᠠᠢ ᠬᠤᠸᠠᠨ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠶᠠᠨ ᠳ᠋ᠦᠩ ᠫᠢᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ | ᠾᠥᠸᠧ ᠬᠠᠢ ᠵᠢᠶᠦ᠋ᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠵᠠᠩ ᠶᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠸᠠᠩ ᠸᠧᠨ ᠲᠣᠭᠤᠷᠢᠭ ᠤᠨ ᠡᠨᠧᠷᠭᠢ ᠶᠢᠨ ᠲᠣᠪᠴᠢᠶᠠᠨ ᠤ ᠳᠡᠳ᠋ ᠳᠠᠷᠤᠭ᠎ᠠ | ᠶᠠᠩ ᠪᠦᠦ ᠮᠢᠩ ᠬᠠᠨᠳᠠᠢ ᠪᠠᠯᠭᠠᠰᠤᠨ ᠤ ᠳᠡᠳ᠋ ᠳᠠᠷᠤᠭ᠎ᠠ | ᠲᠠᠯ᠎ᠠ ᠲᠦᠩᠴᠤᠸᠠᠨ ᠪᠠᠯᠭᠠᠰᠤᠨ ᠤ ᠳᠡᠳ᠋ ᠳᠠᠷᠤᠭ᠎ᠠ | ᠹᠧᠩ ᡁᠢ ᠭᠠᠩ ᠪᠤᠷᠵᠠᠩ ᠨᠠᠭᠤᠷ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ | ᠵᠠᠩ ᠶᠦᠩ ᠫᠢᠩ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ | ᠪᠠᠢ ᠪᠢᠨ ᠦᠨᠳᠦᠰᠦᠲᠡᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ | ᠬᠤᠤ ᠸᠧᠨ ᠰᠢᠩ ᠹᠦ᠋ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ | ᠵᠠᠩ ᠬᠠᠢ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠶᠢᠨ ᠳᠡᠳ᠋ ᠰᠠᠯᠠᠭᠠᠨ ᠤ ᠳᠡᠰ | ᠵᠤᠤ ᠫᠢᠩ ᠾᠧ ᠲᠣᠭᠤᠷᠢᠭ ᠤᠨ ᠴᠠᠭ ᠠᠭᠤᠷ ᠤᠨ ᠲᠣᠪᠴᠢᠶᠠᠨ ᠤ ᠳᠡᠳ᠋ ᠳᠠᠷᠤᠭ᠎ᠠ | ᠵᠤᠤ ᠯᠢ ᠲᠣᠭᠤᠷᠢᠭ ᠤᠨ ᠭᠠᠯ ᠤᠨᠳᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ | ᠵᠠᠩ ᠰᠢ ᠫᠢᠩ ᠳ᠋ᠦᠩᠱᠧᠩ ᠤᠨ ᠴᠠᠬᠢᠯᠭᠠᠨ ᠬᠠᠩᠭᠠᠬᠤ ᠺᠣᠮᠫᠠᠨᠢ ᠶᠢᠨ ᠳᠡᠳ᠋ ᠳᠠᠭᠠᠭᠠᠮᠠᠯ | ᠫᠠᠩ ᠿᠢ ᠴᠧᠩ ᠲᠡᠮᠦᠷ ᠵᠠᠮ ᠤᠨ ᠪᠠᠷᠠᠭᠤᠨᠳᠡᠬᠢ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠳᠡᠳ᠋ ᠳᠠᠭᠠᠭᠠᠮᠠᠯ | ᠪᠠᠨ ᠬᠠᠢ ᠵᠢᠶᠦ᠋ᠨ ᠲᠣᠭᠤᠷᠢᠭ ᠤᠨ ᠡᠨᠧᠷᠭᠢ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ | ᠳᠠᠷᠤᠭ᠎ᠠ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠣᠭᠤᠷᠢᠭ ᠤᠨ ᠡᠨᠧᠷᠭᠢ ᠶᠢᠨ ᠲᠣᠪᠴᠢᠶ᠎ᠠ ᠳᠤ ᠲᠣᠬᠢᠷᠠᠭᠤᠯᠤᠨ᠂ ᠠᠯᠪᠠᠨ | ᠭᠡᠷ ᠤᠨ ᠡᠷᠬᠢᠯᠡᠭᠴᠢ ᠶᠢᠨ ᠲᠤᠰᠢᠶᠠᠯ ᠢ ᠸᠠᠩ ᠸᠧᠨ ᠬᠠᠪᠰᠤᠷᠭᠠᠨ ᠬᠠᠷᠢᠭᠤᠴᠠᠵᠤ᠂ ᠬᠠᠮᠳᠤᠷᠠᠨ ᠪᠠᠶᠢᠴᠠᠭᠠᠬᠤ ᠡᠳᠦᠷ ᠲᠤᠲᠤᠮ ᠤᠨ ᠠᠵᠢᠯ ᠤᠨ ᠬᠠᠷᠢᠯᠴᠠᠬᠤ᠂ | ᠵᠣᠬᠢᠴᠠᠭᠤᠯᠬᠤ᠂ ᠲᠣᠬᠢᠷᠠᠭᠤᠯᠬᠤ ᠵᠡᠷᠭᠡ ᠤᠴᠢᠷ ᠶᠠᠪᠤᠳᠠᠯ ᠢ ᠬᠠᠷᠢᠭᠤᠴᠠᠨ᠎ᠠ᠃ | ᠭᠤᠷᠪᠠ᠂ ᠪᠠᠶᠢᠴᠠᠭᠠᠬᠤ ᠬᠦᠷᠢᠶ᠎ᠡ ᠬᠡᠪᠴᠢᠶ᠎ᠡ | ᠲᠣᠰ ᠤᠳᠠᠭᠠᠨ ᠤ ᠪᠠᠶᠢᠴᠠᠭᠠᠯᠲᠠ ᠶᠢᠨ ᠬᠦᠷᠢᠶ᠎ᠡ ᠬᠡᠪᠴᠢᠶ᠎ᠡ ᠨᠢ ᠳ᠋ᠦᠩᠱᠧᠩ ᠲᠣᠭᠤᠷᠢᠭ ᠤᠨ ᠬᠠᠷᠢᠶᠠᠨ ᠳᠠᠬᠢ ᠡᠨᠧᠷᠭᠢ ᠶᠢᠨ ᠠᠵᠤ ᠠᠬᠤᠶᠢᠯᠠᠯ ᠪᠣᠯᠣᠨ᠎ᠠ᠃ | ᠳᠥᠷᠪᠡ᠂ ᠴᠠᠭ ᠤᠨ ᠲᠣᠬᠢᠷᠠᠭᠤᠯᠤᠯᠲᠠ | 2022 ᠣᠨ ᠤ 5 ᠰᠠᠷ᠎ᠠ ᠶᠢᠨ 20 ᠤ ᠡᠳᠦᠷ ᠠᠴᠠ 6 ᠰᠠᠷ᠎ᠠ ᠶᠢᠨ 30 ᠤ ᠡᠳᠦᠷ ᠪᠤᠯᠳᠠᠯ᠎ᠠ | ᠲᠠᠪᠤ᠂ ᠠᠵᠢᠯ ᠤᠨ ᠬᠤᠪᠢᠶᠠᠷᠢᠯᠠᠯ ᠵᠢᠴᠢ ᠪᠠᠶᠢᠴᠠᠭᠠᠬᠤ ᠠᠭᠤᠯᠭ᠎ᠠ | 1. ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠨᠡᠭᠦᠷᠡᠰᠦᠨ ᠤ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠶᠢ | ᠳᠡᠩᠰᠡᠯᠡᠨ ᠲᠡᠮᠳᠡᠭᠯᠡᠬᠦ ᠵᠢᠴᠢ ᠠᠭᠤᠷᠬᠠᠢ ᠮᠠᠯᠲᠠᠬᠤ ᠡᠷᠬᠡ ᠶᠢᠨ ᠬᠠᠮᠢᠶᠠᠷᠤᠯᠲᠠ ᠵᠡᠷᠭᠡ ᠠᠵᠢᠯ ᠢ ᠲᠦᠷᠢᠮᠵᠢᠬᠦᠯᠬᠦ ᠶᠢ ᠬᠠᠷᠢᠭᠤᠴᠠᠵᠤ᠂ ᠠᠭᠤᠷᠬᠠᠢ ᠮᠠᠯᠲᠠᠬᠤ | ᠵᠥᠪᠰᠢᠶᠡᠷᠡᠯ ᠤᠨ ᠦᠨᠡᠮᠯᠡᠯ ᠦᠭᠡᠢ ᠪᠠᠷ ᠨᠡᠭᠡᠭᠡᠨ ᠮᠠᠯᠲᠠᠬᠤ᠂ ᠳᠠᠪᠬᠤᠷᠭ᠎ᠠ ᠠᠴᠠ ᠬᠡᠲᠦᠷᠡᠭᠦᠯᠦᠨ ᠵᠠᠭᠠᠭ ᠳᠠᠪᠠᠵᠤ ᠨᠡᠭᠡᠭᠡᠨ ᠮᠠᠯᠲᠠᠬᠤ ᠵᠢᠴᠢ ᠡᠨᠧᠷᠭᠢ ᠶᠢᠨ ᠠᠵᠤ | ᠠᠬᠤᠶᠢᠯᠠᠯ ᠤᠨ ᠲᠦᠷ ᠴᠠᠭ ᠭᠠᠵᠠᠷ ᠬᠡᠷᠡᠭᠯᠡᠬᠦ ᠭᠠᠷ ᠬᠦᠢᠴᠡᠳᠬᠡᠯ ᠤᠨ ᠬᠤᠭᠤᠴᠠᠭ᠎ᠠ ᠥᠩᠭᠡᠷᠡᠭᠰᠡᠨ᠂ ᠭᠠᠵᠠᠷ ᠬᠡᠷᠡᠭᠯᠡᠬᠦ ᠭᠠᠷ ᠬᠦᠢᠴᠡᠳᠬᠡᠯ ᠦᠬᠡᠢ ᠪᠠ ᠬᠡᠷᠡᠭᠯᠡᠬᠦ | ᠭᠠᠵᠡᠷ ᠨᠢ ᠬᠢᠨᠠᠨ ᠵᠦᠪᠰᠢᠶᠡᠷᠡᠭᠰᠡᠨ ᠬᠡᠪᠴᠢᠶ᠎ᠡ ᠠᠴᠠ ᠳᠠᠪᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠡᠭᠴᠡᠯᠡᠨ ᠵᠠᠰᠠᠬᠤ ᠶᠢ | ᠬᠠᠷᠢᠭᠤᠴᠠᠨ᠎ᠠ᠃ | 2. ᠲᠤᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠵᠠᠮ ᠤᠨ | ᠬᠠᠮᠢᠶᠠᠷᠤᠯᠲᠠ ᠶᠢᠨ ᠳᠦᠷᠢᠮ︾ ᠤᠨ ᠱᠠᠭᠠᠷᠳᠠᠯᠭ᠎ᠠ ᠶᠣᠰᠣᠭᠠᠷ᠂ ᠡᠨᠧᠷᠭᠢ ᠶᠢᠨ ᠠᠵᠤ ᠠᠬᠤᠶᠢᠯᠠᠯ ᠤᠨ ᠭᠤᠣᠯ ᠤᠨ ᠵᠠᠮ ᠢ ᠡᠵᠡᠯᠡᠬᠦ᠂ ᠭᠤᠣᠯ ᠤᠨ ᠵᠠᠮ ᠤᠨ ᠦᠶᠡᠷ | ᠵᠠᠯᠠᠬᠤ ᠶᠢ ᠨᠥᠯᠥᠭᠡᠯᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠴᠡᠭᠴᠡᠯᠡᠨ ᠵᠠᠰᠠᠨ᠎ᠠ᠃ | 3. ᠲᠤᠭᠤᠷᠢᠭ ᠤᠨ ᠡᠨᠧᠷᠭᠢ ᠶᠢᠨ ᠲᠣᠪᠴᠢᠶ᠎ᠠ ᠵᠢᠴᠢ ᠬᠠᠷᠢᠶ᠎ᠠ ᠭᠠᠵᠠᠷ ᠤᠨ ᠪᠠᠯᠭᠠᠰᠤ᠂ ᠵᠡᠭᠡᠯᠢ ᠭᠤᠳᠤᠮᠵᠢ ᠱᠠᠲᠤ ᠬᠤᠪᠢᠶᠠᠨ ᠬᠢᠨᠠᠨ ᠬᠠᠮᠢᠶᠠᠷᠬᠤ ᠪᠠ ᠬᠠᠷᠢᠶ᠎ᠠ | ᠭᠠᠵᠠᠷ ᠲᠤᠨᠢ ᠬᠠᠮᠢᠶᠠᠷᠬᠤ ᠵᠠᠷᠴᠢᠮ ᠶᠣᠰᠣᠭᠠᠷ ᠲᠣᠰ ᠬᠠᠷᠢᠶ᠎ᠠ ᠣᠷᠣᠨ ᠤ ᠪᠠᠨ ᠡᠨᠧᠷᠭᠢ ᠶᠢᠨ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠠᠵᠢᠯ ᠳᠤ | ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ | ᠥᠷᠨᠢᠭᠦᠯᠬᠦ ᠶᠢ ᠠᠬᠢᠭᠤᠯᠵᠤ᠂ ︽ᠲᠠᠪᠤᠨ ᠬᠤᠳᠠᠯ ᠲᠠᠪᠤᠨ ᠬᠡᠲᠦᠷᠡᠭᠦᠯᠬᠦ᠂ ᠭᠤᠷᠪᠠ ᠶᠢ ᠨᠢᠭᠤᠵᠤ ᠭᠤᠷᠪᠠ ᠦᠬᠡᠢ︾ ᠵᠡᠷᠭᠡ ᠠᠶᠤᠯᠬᠦᠢ ᠦᠢᠯᠡᠳᠪᠦᠷᠢᠯᠡᠯ ᠤᠨ | ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ︔ ᠡᠨᠧᠷᠭᠢ ᠶᠢᠨ ᠠᠵᠤ ᠠᠬᠤᠶᠢᠯᠠᠯ ᠤᠨ ᠥᠪᠡᠷ ᠢᠶᠠᠨ ᠪᠠᠷᠢᠭᠰᠠᠨ ᠭᠡᠷ | ᠪᠠᠶᠢᠰᠢᠩ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠬᠠᠷᠢᠭᠤᠴᠠᠵᠤ᠂ ᠡᠨᠧᠷᠭᠢ ᠶᠢᠨ ᠠᠵᠤ ᠠᠬᠤᠶᠢᠯᠠᠯ ᠤᠨ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ | ᠦᠨᠳᠦᠰᠦᠨ ᠪᠠᠶᠢᠳᠠᠯ ᠢ ᠲᠣᠳᠣᠷᠬᠠᠢ ᠤᠶᠢᠯᠠᠭᠠᠨ᠎ᠠ᠃ | 4. ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ | ᠪᠠᠳᠠᠷᠠᠭᠤᠯᠵᠤ᠂ ᠡᠨᠧᠷᠭᠢ ᠶᠢᠨ ᠠᠵᠤ ᠠᠬᠤᠶᠢᠯᠠᠯ ᠤᠨ ᠥᠪᠡᠷ ᠢᠶᠠᠨ ᠪᠠᠷᠢᠭᠰᠡᠨ ᠭᠡᠷ ᠪᠠᠶᠢᠰᠢᠩ ᠢ ᠲᠥᠪᠯᠡᠷᠡᠭᠦᠯᠦᠨ ᠴᠡᠭᠴᠡᠯᠡᠨ ᠵᠠᠰᠠᠬᠤ ᠳᠤ ᠮᠡᠷᠭᠡᠵᠢᠯ ᠤᠨ | ᠵᠢᠯᠣᠭᠤᠳᠤᠯᠭ᠎ᠠ ᠬᠠᠩᠭᠠᠨ᠎ᠠ᠃ | 5. ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠡᠨᠧᠷᠭᠢ ᠶᠢᠨ ᠠᠵᠤ ᠠᠬᠤᠶᠢᠯᠠᠯ ᠤᠨ ᠠᠵᠤ ᠦᠢᠯᠡᠳᠪᠦᠷᠢ ᠬᠤᠳᠠᠯᠳᠤᠭᠠᠨ ᠤ | ᠡᠵᠡᠩᠨᠡᠯᠲᠡ ᠶᠢᠨ ᠦᠨᠡᠮᠯᠡᠯ ᠤᠨ ᠬᠢᠨᠠᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠦᠨᠡᠮᠯᠡᠯ ᠦᠭᠡᠢ ᠪᠠᠷ ᠡᠵᠡᠩᠨᠡᠭᠰᠡᠨ ᠪᠤᠶᠤ ᠦᠨᠡᠮᠯᠡᠯ ᠤᠨ | ᠬᠤᠭᠤᠴᠠᠭ᠎ᠠ ᠨᠢ ᠥᠩᠭᠡᠷᠡᠭᠰᠡᠨ ᠠᠵᠤ ᠠᠬᠤᠶᠢᠯᠠᠯ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ ᠠᠵᠤ ᠠᠬᠤᠶᠢᠯᠠᠯ ᠤᠨ ᠬᠡᠷᠡᠭᠯᠡᠵᠦ ᠪᠠᠶᠢᠭ᠎ᠠ ᠣᠨᠴᠠ | ᠲᠦᠷᠦᠯ ᠤᠨ ᠲᠤᠨᠤᠭ ᠲᠥᠬᠦᠭᠡᠷᠦᠮᠵᠢ ᠪᠠ ᠢᠳᠡᠭᠡᠨ ᠡᠮ ᠤᠨ ᠵᠦᠢᠯ ᠤᠨ ᠡᠵᠡᠩᠨᠡᠯᠲᠡ ᠶᠢᠨ ᠠᠶᠤᠯᠭᠦᠢ ᠶᠢᠨ ᠬᠢᠨᠠᠨ ᠬᠠᠮᠢᠶᠠᠷᠤᠯᠲᠠ ᠶᠢᠨ ᠠᠵᠢᠯ ᠢ | ᠴᠢᠩᠭᠠᠳᠬᠠᠨ᠎ᠠ᠃ | 6. ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠡᠨᠧᠷᠭᠢ ᠶᠢᠨ ᠠᠵᠤ ᠠᠬᠤᠶᠢᠯᠠᠯ ᠤᠨ ᠣᠷᠴᠢᠨ ᠲᠣᠭᠤᠷᠢᠨ ᠤ | ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠪᠠ ᠬᠠᠤᠯᠢ ᠬᠡᠷᠡᠭᠵᠢᠭᠦᠯᠵᠦ ᠬᠢᠨᠠᠨ ᠬᠡᠮᠵᠢᠬᠦ ᠶᠢ ᠬᠠᠷᠢᠭᠤᠴᠠᠨ᠎ᠠ᠃ | 7. ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠡᠨᠧᠷᠭᠢ ᠶᠢᠨ ᠠᠵᠤ ᠠᠬᠤᠶᠢᠯᠠᠯ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠬᠠᠤᠯᠢ ᠶᠣᠰᠣᠭᠠᠷ ᠲᠤᠰᠢᠶᠠᠬᠤ ᠳᠤ | ᠬᠢᠨᠠᠯᠲᠠ ᠲᠠᠯᠪᠢᠵᠤ᠂ ᠠᠵᠤ ᠠᠬᠤᠶᠢᠯᠠᠯ ᠤᠨ ᠠᠵᠢᠯᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | 8. ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠨᠧᠷᠭᠢ ᠶᠢᠨ ᠠᠵᠤ ᠠᠬᠤᠶᠢᠯᠠᠯ ᠤᠨ ᠠᠵᠢᠯ ᠤᠨ ᠨᠥᠯᠥᠭᠡᠨ ᠤ ᠡᠪᠡᠳᠴᠢᠨ ᠤ ᠬᠤᠤᠷ | ᠬᠥᠨᠥᠭᠡᠯ ᠢ ᠰᠡᠷᠭᠡᠶᠢᠯᠡᠨ ᠵᠠᠰᠠᠬᠤ ᠬᠢᠨᠠᠨ ᠬᠠᠮᠢᠶᠠᠷᠤᠯᠲᠠ ᠶᠢ ᠬᠠᠷᠢᠭᠤᠴᠠᠨ᠎ᠠ᠃ | 9. ᠳ᠋ᠦᠩᠱᠧᠩ ᠤᠨ ᠴᠠᠬᠢᠯᠭᠠᠨ ᠬᠠᠩᠭᠠᠬᠤ ᠺᠣᠮᠫᠠᠨᠢ᠂ ᠲᠡᠮᠦᠷ ᠵᠠᠮ ᠤᠨ ᠪᠠᠷᠠᠭᠤᠨᠳᠡᠬᠢ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠡᠨᠧᠷᠭᠢ ᠶᠢᠨ ᠠᠵᠤ | ᠠᠬᠤᠶᠢᠯᠠᠯ ᠤᠨ ᠴᠠᠬᠢᠯᠭᠠᠨ ᠬᠠᠩᠭᠠᠬᠤ ᠪᠠ ᠬᠡᠷᠡᠭᠯᠡᠬᠦ ᠶᠢ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ | 10. ᠲᠤᠭᠤᠷᠢᠭ ᠤᠨ ᠴᠠᠭ ᠠᠭᠤᠷ ᠤᠨ ᠲᠣᠪᠴᠢᠶ᠎ᠠ ᠡᠨᠧᠷᠭᠢ ᠶᠢᠨ ᠠᠵᠤ ᠠᠬᠤᠶᠢᠯᠠᠯ ᠤᠨ ᠠᠶᠤᠩᠭ᠎ᠠ ᠰᠡᠷᠭᠡᠶᠢᠯᠡᠬᠦ ᠪᠠᠷᠢᠯᠭ᠎ᠠ ᠪᠣᠯᠣᠨ ᠠᠶᠤᠩᠭ᠎ᠠ ᠰᠡᠷᠭᠡᠶᠢᠯᠡᠬᠦ | ᠲᠣᠨᠣᠭᠯᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ | 11. ᠲᠤᠭᠤᠷᠢᠭ ᠤᠨ ᠭᠠᠯ ᠤᠨᠳᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠡᠨᠧᠷᠭᠢ ᠶᠢᠨ ᠠᠵᠤ ᠠᠬᠤᠶᠢᠯᠠᠯ ᠤᠨ ᠭᠠᠯ ᠤᠨ ᠰᠡᠷᠬᠡᠶᠢᠯᠡᠯᠬᠡ ᠶᠢᠨ ᠠᠮᠤᠷ | ᠲᠦᠪᠰᠢᠨ ᠤ ᠬᠠᠮᠢᠶᠠᠷᠤᠯᠲᠠ ᠶᠢ ᠬᠠᠷᠢᠭᠤᠴᠠᠵᠤ᠂ ᠡᠨᠧᠷᠭᠢ ᠶᠢᠨ ᠠᠵᠤ ᠠᠬᠤᠶᠢᠯᠠᠯ ᠤᠨ ᠭᠠᠯ ᠢ ᠰᠡᠷᠬᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠬᠠᠷᠢᠭᠤᠴᠠᠵᠤ᠂ ᠭᠠᠯ ᠢ ᠰᠡᠷᠬᠡᠶᠢᠯᠡᠬᠦ ᠰᠠᠭᠤᠷᠢ ᠲᠦᠬᠦᠬᠡᠷᠦᠮᠵᠢ ᠨᠢ ᠪᠦᠷᠢᠨ ᠪᠤᠰᠤ᠂ ᠥᠩᠭᠡᠲᠦ ᠪᠣᠯᠣᠳ ᠭᠡᠷ | ᠪᠠᠶᠢᠰᠢᠩ ᠤᠨ ᠭᠠᠯ ᠳᠠᠭᠠᠭᠠᠬᠤ ᠲᠠᠰ ᠵᠡᠷᠭᠡ ᠠᠭᠤᠯᠭ᠎ᠠ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠴᠢᠩᠭ᠎ᠠ ᠪᠠᠶᠢᠴᠠᠭᠠᠨ᠎ᠠ᠃ | ᠵᠢᠷᠭᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯᠬᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ | ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ | ᠬᠠᠮᠲᠤᠷᠠᠨ ᠪᠠᠶᠢᠴᠠᠭᠠᠬᠤ ᠪᠠᠷ ᠳᠡᠮᠵᠢᠨ᠂ ᠳ᠋ᠦᠩᠱᠧᠩ ᠲᠣᠭᠤᠷᠢᠭ ᠤᠨ ᠡᠨᠧᠷᠭᠢ ᠶᠢᠨ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠬᠢᠨᠠᠨ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠲᠤᠳᠬᠠᠨ᠂ ᠠᠶᠤᠯᠬᠦᠢ ᠦᠢᠯᠡᠳᠪᠦᠷᠢᠯᠡᠯ ᠤᠨ ᠬᠠᠤᠯᠢᠵᠢᠯ ᠦᠵᠡᠯ ᠤᠬᠠᠮᠰᠠᠷ ᠢ ᠴᠢᠩᠭᠠᠳᠬᠠᠵᠤ᠂ | ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠬᠤ ᠬᠡᠷᠡᠭᠳᠠᠢ᠃ | ︵ᠬᠤᠶᠠᠷ︶ ᠡᠯ᠎ᠡ ᠰᠠᠯᠠᠭ᠎ᠠ ᠮᠥᠴᠢᠷ ᠤᠳ ᠬᠠᠤᠯᠢ ᠬᠡᠷᠡᠭᠵᠢᠬᠦᠯᠬᠦ ᠬᠠᠮᠲᠤᠷᠠᠭᠰᠠᠨ ᠪᠠᠶᠢᠴᠠᠭᠠᠯᠲᠠ ᠶᠢ ᠥᠷᠨᠢᠭᠦᠯᠬᠦ ᠠᠴᠠ ᠡᠮᠦᠨ᠎ᠡ᠂ ᠪᠠᠶᠢᠴᠠᠭᠠᠬᠤ ᠲᠥᠯᠥᠪᠯᠡᠭᠡ᠂ | ᠪᠠᠶᠢᠴᠠᠭᠠᠬᠤ ᠲᠥᠰᠥᠯ ᠵᠢᠴᠢ ᠪᠠᠶᠢᠴᠠᠭᠠᠬᠤ ᠠᠭᠤᠯᠭ᠎ᠠ ᠶᠢ ᠲᠣᠰ ᠲᠣᠰ ᠲᠤᠭᠳᠠᠭᠠᠨ᠎ᠠ︔ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠤᠨ ᠳᠠᠯᠳᠠ | ᠬᠡᠮ ᠳᠤ ᠲᠤᠬᠠᠢ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠤ᠂ ᠠᠵᠤ ᠠᠬᠤᠶᠢᠯᠠᠯ ᠢ ᠵᠢᠯᠣᠭᠤᠳᠤᠨ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠶᠢ ᠲᠤᠭᠳᠠᠭᠠᠯᠠᠭᠠᠬᠤ ᠬᠡᠷᠡᠭᠳᠠᠢ︔ ᠳᠠᠬᠢᠨ ᠪᠠᠶᠢᠴᠠᠭᠠᠬᠤ ᠴᠢᠬᠤᠯᠠᠲᠠᠢ ᠵᠦᠢᠯᠡᠰ ᠢ ᠪᠣᠳᠠᠲᠠᠢ ᠬᠠᠷᠢᠭᠤᠴᠠᠯᠭᠠᠲᠤ ᠰᠠᠯᠠᠭ᠎ᠠ ᠮᠥᠴᠢᠷ ᠲᠤ | ᠨᠠᠶᠢᠳᠠᠪᠤᠷᠢᠵᠢᠭᠤᠯᠵᠤ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠳ ᠪᠠᠶᠢᠴᠠᠭᠠᠭᠳᠠᠬᠤ ᠨᠢᠭᠡᠴᠡ ᠶᠢᠨ ᠠᠳᠡᠯ ᠤᠨ ᠳᠠᠯᠳᠠ ᠬᠡᠮ ᠪᠠ ᠳᠦᠷᠢᠮ ᠠᠷᠭ᠎ᠠ | ᠬᠡᠮᠵᠢᠶ᠎ᠡ ᠶᠢᠨ ︽ᠬᠤᠶᠠᠷ ᠨᠠᠷᠢᠨ ᠲᠠᠩᠰᠠ︾ ᠪᠠᠶᠢᠭᠤᠯᠵᠤ᠂ ᠠᠰᠠᠭᠤᠳᠠᠯ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ | ᠮᠥᠷᠳᠡᠬᠦ ᠬᠡᠷᠡᠭᠲᠡᠢ︔ᠬᠦᠨᠳᠦ ᠶᠡᠭᠡ ᠳᠠᠯᠳᠠ ᠭᠡᠮ ᠪᠣᠯᠣᠨ ᠲᠣᠪᠣᠶᠢᠮ᠎ᠠ ᠠᠰᠠᠭᠤᠳᠠᠯ ᠢ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠳ ᠬᠠᠤᠯᠢ ᠲᠣᠭᠲᠠᠭᠠᠯ | ᠶᠣᠰᠣᠭᠠᠷ ᠰᠢᠢᠳᠪᠦᠷᠢᠯᠡᠬᠦ ᠬᠡᠷᠡᠭᠳᠠᠢ᠃ | ︵ᠭᠤᠷᠪᠠ︶ ᠬᠠᠮᠳᠤᠷᠠᠨ ᠪᠠᠶᠢᠴᠠᠭᠠᠬᠤ ᠳᠤᠭᠤᠶᠢᠯᠠᠩ ᠤᠨ ᠠᠵᠢᠯᠲᠠᠳ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ | ᠳᠦᠷᠢᠮ ᠤᠨ ᠵᠣᠷᠢᠭ ᠰᠠᠨᠠᠭ᠎ᠠ ᠵᠡᠷᠭᠡ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠡᠷᠭᠡ ᠬᠥᠰᠬᠡ ᠶᠢ ᠴᠥᠭᠡᠳᠬᠡᠨ᠂ | ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠬᠡᠷᠡᠭᠳᠠᠢ᠃ | ︵ᠳᠥᠷᠪᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ ᠪᠣᠯᠣᠨ ᠲᠤᠭᠤᠷᠢᠭ ᠤᠨ ᠡᠯ᠎ᠡ ᠵᠦᠢᠯ | ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠴᠠᠭᠠᠯᠲᠠ ᠥᠷᠨᠢᠭᠦᠯᠬᠦ ᠲᠡᠭᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ | ᠵᠢᠷᠤᠮᠯᠠᠬᠤ ᠶᠢᠨ ᠬᠠᠮᠲᠤ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠯᠳᠠ ᠶᠢ ᠰᠠᠶᠢᠲᠤᠷ ᠬᠢᠬᠦ ᠬᠡᠷᠡᠭᠳᠠᠢ᠃ | | | | | | | | | |