| ᠳ᠋ᠦᠩᠱᠧᠩ ᠵᠠᠰᠠᠭ ᠠᠯᠪᠠᠨ ᠲᠠᠷᠬᠠᠭᠠᠬᠤ 〔2022〕 31 ᠳ᠋ᠤᠬᠡᠷ ᠲᠣᠭᠠᠲᠤ | | ᠡᠯ᠎ᠡ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠳᠤᠭᠤᠷᠢᠭ ᠤᠨ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠰᠢᠭᠤᠳ ᠬᠠᠮᠵᠢᠯᠴᠠᠨ ᠬᠠᠮᠢᠶᠠᠷᠬᠤ ᠰᠠᠯᠠᠭ᠎ᠠ ᠮᠥᠴᠢᠷ ᠲᠤ᠄ | ︽ᠳ᠋ᠦᠩᠱᠧᠩ ᠲᠣᠭᠤᠷᠢᠭ ᠤᠨ ᠦᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠲᠥᠰᠥᠯ︾ ᠢ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 6 ᠰᠠᠷ᠎ᠠ ᠶᠢᠨ 13 | | | ᠳ᠋ᠦᠩᠱᠧᠩ ᠲᠣᠭᠤᠷᠢᠭ ᠤᠨ ᠦᠪᠡᠷ ᠢᠶᠠᠨ ᠪᠠᠷᠢᠭᠰᠠᠨ ᠭᠡᠷ ᠪᠠᠶᠢᠰᠢᠩ ᠤᠨ | ᠠᠮᠤᠷ ᠲᠦᠪᠰᠢᠨ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠲᠥᠰᠥᠯ | ᠬᠤᠨᠠᠨ ᠮᠤᠵᠢ ᠶᠢᠨ ᠴᠠᠩᠱᠠ ᠰᠠᠭᠤᠭᠠᠯᠢ ᠠᠷᠠᠳ ᠤᠨ ᠦᠪᠡᠷ ᠢᠶᠠᠨ ᠪᠠᠷᠢᠭᠰᠠᠨ ᠭᠡᠷ ᠪᠠᠶᠢᠰᠢᠩ ᠨᠤᠷᠠᠭᠰᠠᠨ ᠠᠳᠡᠯ ᠤᠨ ᠲᠤᠬᠠᠢ ᠰᠢ ᠶᠢᠨ ᠫᠢᠩ ᠶᠡᠷᠦᠩᠬᠡᠢ | ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠶᠡᠷᠦᠩᠬᠡᠢ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠪᠦᠬᠦ ᠤᠯᠤᠰ ᠤᠨ ᠦᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ | ᠴᠡᠭᠴᠡᠯᠡᠨ ᠵᠠᠰᠠᠬᠤ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ | ᠲᠥᠷᠥ ᠠᠯᠪᠠᠨ ᠳᠠᠷᠬᠠᠭᠠᠬᠤ ᠢᠯᠡ ᠮᠡᠳᠡᠭᠡ ﹇2022﹈ 10 ᠳ᠋ᠤᠭᠠᠷ ᠲᠣᠭᠠᠲᠤ︶ ︽ᠥᠪᠡᠷᠲᠡᠭᠡᠨ ᠵᠠᠰᠠᠬᠤ ᠣᠷᠣᠨ ᠤ ᠦᠪᠡᠷ ᠢᠶᠠᠨ ᠪᠠᠷᠢᠭᠰᠠᠨ ᠭᠡᠷ | ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 36 ᠳ᠋ᠤᠭᠠᠷ | ᠲᠣᠭᠠᠲᠤ︶ ᠪᠠ ︽ᠣᠷᠳᠣᠰ ᠬᠤᠲᠠ ᠶᠢᠨ ᠦᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠲᠥᠰᠥᠯ ᠢ | ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠣᠷᠳᠣᠰ ᠵᠠᠰᠠᠭ ᠠᠯᠪᠠᠨ | ᠳᠠᠷᠬᠠᠭᠠᠬᠤ ﹇2022﹈ 75 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠤᠰᠤᠯᠡᠨ ᠮᠠᠨ ᠤ ᠳᠤᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ | ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠲᠤᠬᠠᠢ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠵᠢᠴᠢ ᠬᠤᠲᠠ ᠶᠢᠨ ᠨᠠᠮ ᠤᠨ ᠬᠤᠷᠢᠶ᠎ᠠ ᠪᠣᠯᠣᠨ | ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠪᠠ ᠠᠮᠤᠷ ᠲᠦᠪᠰᠢᠨ ᠢᠶᠠᠷ ᠬᠥᠭᠵᠢᠭᠦᠯᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠤᠯᠠᠭᠠᠨ ᠱᠤᠭᠤᠮ ᠤᠨ ᠦᠵᠡᠯ ᠤᠬᠠᠮᠰᠠᠷ ᠪᠠ ᠬᠤᠷᠢᠭ᠎ᠠ | ᠱᠤᠭᠤᠮ ᠤᠨ ᠰᠡᠳᠬᠢᠬᠦᠢ ᠶᠢ ᠴᠢᠩᠭᠠᠷᠠᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠬᠡᠮ ᠢ ᠬᠠᠤᠯᠢ ᠲᠣᠭᠲᠠᠭᠠᠯ ᠶᠣᠰᠣᠭᠠᠷ | ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃ ︽ᠵᠠᠭᠤᠨ ᠡᠳᠦᠷ ᠤᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ | ᠨᠡᠶᠢᠲᠡ ᠶᠢᠨ ᠠᠮᠤᠷ ᠲᠦᠪᠰᠢᠨ ᠳᠤ ᠠᠶᠤᠯ ᠬᠥᠨᠥᠭᠡᠯ ᠤᠴᠠᠷᠠᠭᠤᠯᠵᠤ ᠮᠡᠳᠡᠬᠦ ᠡᠵᠡᠩᠨᠡᠯᠲᠡ ᠶᠢᠨ ᠴᠢᠨᠠᠷᠲᠠᠢ ᠦᠪᠡᠷ ᠢᠶᠠᠨ ᠪᠠᠷᠢᠭᠰᠠᠨ ᠭᠡᠷ ᠪᠠᠶᠢᠰᠢᠩ ᠢ ᠲᠦᠷᠭᠡᠨ | ᠪᠠᠶᠢᠴᠠᠭᠠᠵᠤ ᠲᠦᠷᠭᠡᠨ ᠥᠭᠡᠷᠡᠴᠢᠯᠡᠵᠦ᠂ ᠲᠡᠷᠡ ᠳᠠᠷᠤᠢ ᠳᠤᠨᠢ ᠪᠠᠶᠢᠴᠠᠭᠠᠵᠤ ᠲᠡᠷᠡ ᠳᠠᠷᠤᠢ ᠳᠤᠨᠢ ᠥᠭᠡᠷᠡᠴᠢᠯᠡᠵᠦ᠂ ᠬᠦᠨᠳᠦ ᠶᠡᠭᠡ ᠠᠮᠤᠷ ᠲᠦᠪᠰᠢᠨ ᠤ ᠠᠶᠤᠯ | ᠲᠦᠭᠰᠢᠭᠦᠷᠢ ᠶᠢᠨ ᠲᠠᠯᠳᠠ ᠭᠡᠮ ᠢ ᠴᠠᠭ ᠲᠤᠬᠠᠢ ᠳᠤᠨᠢ ᠠᠷᠢᠯᠭᠠᠵᠤ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠵᠤ᠂ ᠠᠷᠠᠳ ᠤᠯᠠᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠎ᠠ᠃ | ︵ᠬᠤᠶᠠᠷ︶ ᠦᠨᠳᠦᠰᠦᠨ ᠵᠠᠷᠴᠢᠮ | 1. ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠵᠠᠷᠴᠢᠮ ᠢ ᠪᠠᠷᠢᠮᠲᠠᠯᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ | ᠨᠢᠭᠡᠴᠡ ᠨᠦᠭᠦᠳ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠨᠣᠯᠵᠢᠬᠤᠨ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ | ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ᠂ ᠬᠠᠮᠤᠭ ᠤᠨ ᠬᠠᠲᠠᠭᠤ ᠴᠢᠩᠭ᠎ᠠ ᠰᠤᠷᠲᠠᠯ᠂ | ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠠᠷ ᠪᠥᠬᠦ ᠳᠤᠭᠤᠷᠢᠭ ᠤᠨ ᠦᠪᠡᠷ ᠢᠶᠠᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ | ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠦᠪᠡᠷ ᠢᠶᠠᠨ ᠪᠠᠷᠢᠭᠰᠠᠨ ᠬᠡᠷ ᠪᠠᠶᠢᠰᠢᠩ ᠤᠨ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢᠨ | ᠳᠠᠯᠳᠠ ᠬᠡᠮ ᠢ ᠦᠨᠡᠨᠬᠦ ᠰᠡᠷᠭᠡᠶᠢᠯᠡᠨ ᠠᠷᠢᠯᠭᠠᠨ᠎ᠠ᠃ | 2. ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠬᠠᠷᠢᠶ᠎ᠠ ᠭᠠᠵᠠᠷ ᠤᠨ ᠬᠢᠨ ᠬᠠᠷᠢᠭᠤᠴᠠᠬᠤ︾ ᠵᠠᠷᠴᠢᠮ ᠢ ᠪᠠᠷᠢᠮᠲᠠᠯᠠᠨ᠎ᠠ᠃ ᠡᠯ᠎ᠡ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠣᠰ ᠬᠠᠷᠢᠶ᠎ᠠ ᠣᠷᠣᠨ ᠤ ᠪᠠᠨ ᠦᠪᠡᠷ ᠢᠶᠠᠨ ᠪᠠᠷᠢᠭᠰᠠᠨ ᠬᠡᠷ | ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠬᠠᠷᠢᠭᠤᠴᠠᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠪᠥᠬᠦ ᠲᠠᠯ᠎ᠠ ᠪᠠᠷ ᠶᠡᠷᠦᠩᠬᠡᠶᠢᠯᠡᠨ ᠠᠳᠬᠤᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ | ᠪᠠᠶᠢᠭᠠᠳ ᠲᠤᠰᠬᠠᠢ ᠴᠡᠭᠴᠡᠯᠡᠨ ᠵᠠᠰᠠᠬᠤ ᠠᠵᠢᠯ ᠢ ᠬᠠᠮᠲᠤᠪᠠᠷ ᠠᠬᠢᠭᠤᠯᠵᠤ᠂ ᠲᠥᠷᠥᠯ ᠬᠤᠪᠢᠶᠠᠨ ᠠᠬᠢᠭᠤᠯᠤᠨ᠎ᠠ᠃ | 3. ︽ᠠᠵᠢᠯ ᠲᠥᠷᠥᠯ ᠢᠶᠠᠷ ᠢᠶᠠᠨ ᠬᠠᠷᠢᠭᠤᠴᠠᠵᠤ᠂ ᠵᠤᠬᠢᠴᠠᠭᠤᠯᠤᠨ ᠠᠬᠢᠭᠤᠯᠬᠤ︾ ᠵᠠᠷᠴᠢᠮ ᠢ ᠪᠠᠷᠢᠮᠲᠠᠯᠠᠨ᠎ᠠ᠃ ︽ᠭᠤᠷᠪᠠᠨ ᠡᠷᠬᠡᠪᠰᠢ︾ ᠪᠠ ︽ᠬᠡᠨ | ᠬᠢᠨᠠᠨ ᠵᠥᠪᠰᠢᠶᠡᠷᠡᠪᠡᠯ ᠬᠡᠨ ᠬᠠᠷᠢᠭᠤᠴᠠᠬᠤ︾ ᠱᠠᠭᠠᠷᠳᠠᠯᠭ᠎ᠠ ᠶᠣᠰᠣᠭᠠᠷ᠂ ᠰᠠᠯᠠᠭ᠎ᠠ ᠮᠥᠴᠢᠷ ᠤᠨ ᠳᠤᠰᠢᠶᠠᠯ ᠬᠠᠷᠢᠭᠤᠴᠠᠯᠭ᠎ᠠ ᠳᠤ ᠰᠠᠭᠤᠷᠢᠯᠠᠨ᠂ ᠬᠢᠨᠠᠨ ᠬᠠᠮᠢᠶᠠᠷᠬᠤ | ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠵᠡᠷᠬᠡᠪᠡᠷ ᠠᠳᠬᠤᠨ ᠬᠠᠮᠲᠤᠪᠠᠷ ᠬᠠᠮᠢᠶᠠᠷᠴᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠲᠤᠰᠬᠠᠢ ᠴᠡᠭᠴᠡᠯᠡᠨ ᠵᠠᠰᠠᠬᠤ | ᠠᠵᠢᠯ ᠢ ᠪᠥᠬᠦ ᠲᠠᠯ᠎ᠠ ᠪᠠᠷ ᠠᠬᠢᠭᠤᠯᠤᠨ᠎ᠠ᠃ | 4. ︽ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠭᠤᠣᠯᠳᠠᠯᠭ᠎ᠠ ᠲᠠᠢ ᠴᠡᠭᠴᠡᠯᠡᠨ ᠵᠠᠰᠠᠬᠤ︾ ᠵᠠᠷᠴᠢᠮ ᠢ ᠪᠠᠷᠢᠮᠲᠠᠯᠠᠨ᠎ᠠ᠃ ᠦᠪᠡᠷ ᠢᠶᠠᠨ ᠪᠠᠷᠢᠭᠰᠠᠨ ᠬᠡᠷ | ᠪᠠᠶᠢᠰᠢᠩ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠦᠭᠰᠡᠨ ᠰᠠᠭᠤᠷᠢᠨ ᠳᠡᠭᠡᠷ᠎ᠡ᠂ ᠡᠵᠡᠩᠨᠡᠯᠲᠡ ᠶᠢᠨ ᠴᠢᠨᠠᠷᠲᠠᠢ ᠦᠪᠡᠷ ᠢᠶᠠᠨ | ᠪᠠᠷᠢᠭᠰᠠᠨ ᠬᠡᠷ ᠪᠠᠶᠢᠰᠢᠩ ᠢᠶᠠᠷ ᠭᠤᠣᠯᠳᠠᠯᠭ᠎ᠠ ᠪᠣᠯᠭᠠᠵᠤ᠂ ᠬᠢᠨᠠᠨ ᠵᠥᠪᠰᠢᠶᠡᠷᠡᠬᠦ᠂ ᠪᠦᠲᠦᠭᠡᠨ ᠪᠠᠶᠢᠭᠤᠯᠬᠤ᠂ ᠬᠡᠷᠡᠭᠯᠡᠬᠦ ᠵᠡᠷᠭᠡ ᠡᠯ᠎ᠡ ᠭᠤᠣᠯᠳᠠᠯᠭ᠎ᠠ ᠲᠠᠢ | ᠭᠤᠭᠴᠤᠭ᠎ᠠ ᠶᠢ ᠴᠢᠩᠭ᠎ᠠ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠡᠭᠴᠡᠯᠡᠨ ᠵᠠᠰᠠᠬᠤ | ᠦᠷ᠎ᠡ ᠪᠦᠲᠦᠮᠵᠢ ᠶᠢ ᠦᠨᠡᠨᠬᠦ ᠪᠠᠲᠤᠯᠠᠨ᠎ᠠ᠃ | 5. ︽ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠶᠣᠰᠣᠭᠠᠷ ᠴᠡᠭᠴᠡᠯᠡᠨ ᠰᠠᠶᠢᠵᠢᠷᠠᠭᠤᠯᠬᠤ︾ ᠵᠠᠷᠴᠢᠮ ᠢ | ᠪᠠᠷᠢᠮᠲᠠᠯᠠᠨ᠎ᠠ᠃ ᠥᠮᠴᠢᠯᠡᠯ ᠤᠨ ᠡᠷᠬᠡᠲᠦ ᠬᠥᠮᠥᠨ ᠪᠠ ᠬᠡᠷᠡᠭᠯᠡᠭᠴᠢ ᠶᠢᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠥᠮᠴᠢᠯᠡᠯ ᠤᠨ ᠡᠷᠬᠡᠲᠦ ᠬᠥᠮᠥᠨ ᠪᠠ ᠬᠡᠷᠡᠭᠯᠡᠭᠴᠢ ᠨᠢ ᠵᠢᠷᠤᠵᠤ ᠲᠥᠯᠥᠪᠯᠡᠭᠰᠡᠨ ᠬᠡᠷᠡᠭᠴᠡᠭᠡ ᠶᠣᠰᠣᠭᠠᠷ ᠭᠡᠷ ᠪᠠᠶᠢᠰᠢᠩ ᠢ ᠬᠡᠷᠡᠭᠯᠡᠵᠤ᠂ ᠭᠡᠷ | ᠪᠠᠶᠢᠰᠢᠩ ᠤᠨ ᠬᠡᠷᠡᠭᠯᠡᠬᠦ ᠴᠢᠳᠠᠮᠵᠢ ᠪᠠ ᠭᠤᠣᠯ ᠴᠣᠭᠴᠠ ᠶᠢᠨ ᠪᠦᠲᠦᠴᠡ ᠶᠢ ᠳᠤᠷ᠎ᠠ ᠪᠠᠷ ᠢᠶᠠᠨ ᠬᠤᠪᠢᠷᠠᠭᠤᠯᠬᠤ ᠶᠢ ᠴᠢᠩᠭ᠎ᠠ ᠴᠠᠭᠠᠵᠠᠯᠠᠨ᠎ᠠ︔ ᠠᠮᠤᠷ ᠲᠦᠪᠰᠢᠨ ᠤ | ᠬᠡᠮ ᠰᠣᠭᠤᠭ ᠲᠠᠢ ᠬᠡᠷ ᠪᠠᠶᠢᠰᠢᠩ ᠢ ᠤᠯᠵᠤ ᠮᠡᠳᠡᠪᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ︵ᠭᠤᠷᠪᠠ︶ ᠠᠵᠢᠯ ᠤᠨ ᠬᠠᠷᠠᠯᠲᠠ᠃ ᠪᠥᠬᠦ ᠳᠤᠭᠤᠷᠢᠭ ᠤᠨ ᠪᠣᠶ ᠪᠦᠬᠦᠢ ᠦᠪᠡᠷ ᠢᠶᠠᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠦᠪᠡᠷ ᠢᠶᠠᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠠᠷᠢᠯᠭᠠᠨ᠂ ᠠᠮᠤᠷ | ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠦᠪᠡᠷ ᠢᠶᠠᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠩᠭᠤ ᠶᠢᠨ | ᠳᠤᠭᠳᠠᠯᠴᠠᠭ᠎ᠠ ᠶᠢ ᠪᠣᠶ ᠪᠣᠯᠭᠠᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠨ᠎ᠠ | 1. ᠵᠢᠭᠰᠠᠭᠠᠨ ᠪᠠᠶᠢᠴᠠᠭᠠᠬᠤ ᠬᠡᠪᠴᠢᠶ᠎ᠡ᠃ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠠᠵᠢᠯ ᠲᠥᠷᠥᠯ ᠤᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠳ᠋ᠦᠩᠱᠧᠩ ᠲᠣᠭᠤᠷᠢᠭ ᠤᠨ ᠳᠣᠲᠣᠷᠠᠬᠢ ᠪᠤᠶ ᠪᠦᠬᠦᠢ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ | ᠳᠠᠯᠳᠠ ᠬᠡᠮ ᠢ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠵᠤ᠂ ᠬᠤᠲᠠ ᠬᠥᠳᠡᠭᠡ ᠶᠢᠨ ᠠᠭᠤᠯᠵᠠᠷ ᠬᠡᠰᠡᠭ᠂ ᠬᠤᠲᠠ ᠶᠢᠨ ᠳᠤᠮᠳᠠᠬᠢ ᠲᠣᠰᠬᠤᠨ᠂ ᠨᠤᠷᠠᠭᠠᠵᠤ | ᠨᠡᠭᠦᠯᠭᠡᠵᠦ ᠲᠥᠪᠬᠢᠨᠡᠭᠦᠯᠬᠦ ᠲᠣᠭᠤᠷᠢᠭ᠂ ᠰᠤᠷᠭᠠᠭᠤᠯᠢ ᠡᠮᠨᠡᠯᠭᠡ ᠶᠢᠨ ᠬᠤᠷᠢᠶ᠎ᠠ ᠶᠢᠨ ᠡᠷᠬᠢᠨ ᠲᠣᠭᠤᠷᠢᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ | ᠣᠷᠣᠨ ᠪᠦᠰᠡ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠪᠠᠭᠤᠳᠠᠯ᠂ ᠬᠤᠭᠤᠯᠠᠨ ᠬᠡᠷ᠂ ᠵᠣᠴᠢᠳ ᠤᠨ ᠪᠠᠭᠤᠳᠠᠯ᠂ ᠮᠠᠯᠴᠢᠨ ᠳᠠᠷᠢᠶᠠᠴᠢᠨ ᠤ ᠪᠠᠶᠠᠰᠤᠯ | ᠬᠤᠭᠤᠯᠠᠨ ᠬᠡᠷ᠂ ᠪᠣᠯᠪᠠᠰᠤᠷᠠᠭᠤᠯᠤᠯ ᠤᠨ ᠪᠠᠶᠢᠭᠤᠯᠤᠮᠵᠢ᠂ ᠨᠠᠰᠤᠲᠠᠨ ᠢ ᠠᠰᠠᠷᠠᠬᠤ ᠬᠦᠷᠢᠶᠡᠯᠡᠩ᠂ ᠬᠡᠦᠬᠡᠳ ᠤᠨ ᠴᠡᠴᠡᠷᠯᠢᠭ᠂ ᠵᠢᠵᠢᠭ ᠬᠤᠭᠤᠯᠠᠨ ᠬᠡᠷ᠂ ᠬᠤᠪᠢ | ᠬᠥᠮᠥᠨ ᠤ ᠺᠢᠨᠣ᠋ ᠶᠢᠨ ᠣᠷᠳᠣᠨ ᠵᠡᠷᠭᠡ ᠬᠥᠮᠥᠨ ᠣᠯᠠᠨ ᠴᠤᠭᠯᠠᠷᠠᠬᠤ᠂ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠬᠤ ᠡᠵᠡᠩᠨᠡᠯᠲᠡ ᠶᠢᠨ ᠴᠢᠨᠠᠷᠲᠠᠢ | ᠦᠪᠡᠷ ᠢᠶᠠᠨ ᠪᠠᠷᠢᠭᠰᠠᠨ ᠭᠡᠷ ᠪᠠᠶᠢᠰᠢᠩ ᠢ ᠳᠤᠪᠤᠶᠢᠮ᠎ᠠ ᠪᠠᠶᠢᠴᠠᠭᠠᠨ᠎ᠠ᠃ ᠡᠭᠦᠨ ᠤ ᠵᠡᠷᠭᠡᠴᠡᠪᠡᠷ ᠦᠢᠯᠡᠳᠪᠦᠷᠢᠯᠡᠯ ᠡᠵᠡᠩᠨᠡᠯᠲᠡ ᠳᠤ ᠬᠡᠷᠡᠭᠯᠡᠬᠦ ᠲᠦᠷ ᠴᠠᠭ ᠤᠨ | ᠴᠢᠨᠠᠷᠲᠠᠢ ᠪᠠᠷᠢᠯᠭ᠎ᠠ ᠳᠤ ᠠᠮᠤᠷ ᠲᠦᠪᠰᠢᠨ ᠤ ᠲᠠᠯᠳᠠ ᠭᠡᠮ ᠤᠨ ᠲᠤᠰᠬᠠᠢ ᠪᠠᠶᠢᠴᠠᠭᠠᠯᠲᠠ ᠶᠢ ᠦᠷᠨᠢᠬᠦᠯᠦᠨ᠎ᠡ᠃ | 2. ᠵᠢᠭᠰᠠᠭᠠᠨ ᠪᠠᠶᠢᠴᠠᠭᠠᠬᠤ ᠠᠭᠤᠯᠭ᠎ᠠ᠃ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠠᠵᠢᠯ ᠲᠥᠷᠥᠯ ᠤᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠪᠠᠨ ᠦᠪᠡᠷ ᠢᠶᠠᠨ ᠪᠠᠷᠢᠭᠰᠠᠨ ᠭᠡᠷ ᠪᠠᠶᠢᠰᠢᠩ ᠤᠨ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠨ | ᠣᠶᠢᠯᠠᠭᠠᠵᠤ᠂ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠬᠠᠤᠯᠢ ᠶᠣᠰᠣᠨ ᠳᠤ ᠨᠡᠶᠢᠴᠡᠬᠦ ᠴᠢᠨᠠᠷ ︵ᠭᠠᠵᠠᠷ ᠰᠢᠷᠣᠢ᠂ ᠲᠥᠯᠦᠪᠵᠢᠭᠦᠯᠭᠡ᠂ ᠪᠦᠲᠦᠭᠡᠨ | ᠪᠠᠶᠢᠭᠤᠯᠤᠯᠲᠠ ᠵᠡᠷᠭᠡ︶᠂ ᠪᠦᠲᠦᠴᠡ ᠶᠢᠨ ᠠᠮᠤᠷ ᠲᠦᠪᠰᠢᠨ ᠤ ᠴᠢᠨᠠᠷ ︵ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠡᠷᠡᠭᠯᠡᠬᠦ ᠵᠡᠷᠭᠡ︶᠂ ᠡᠵᠡᠩᠨᠡᠯᠲᠡ ᠶᠢᠨ | ᠠᠮᠤᠷ ᠲᠦᠪᠰᠢᠨ ᠤ ᠴᠢᠨᠠᠷ ︵ᠡᠯ᠎ᠡ ᠲᠥᠷᠥᠯ ᠤᠨ ᠡᠵᠡᠩᠨᠡᠯᠲᠡ ᠶᠢᠨ ᠵᠥᠪᠰᠢᠶᠡᠷᠡᠯ᠂ ᠲᠠᠯᠠᠪᠤᠷ ᠭᠠᠵᠠᠷ ᠤᠨ ᠠᠮᠤᠷ ᠲᠦᠪᠰᠢᠨ ᠤ ᠱᠠᠭᠠᠷᠳᠠᠯᠭ᠎ᠠ ᠵᠡᠷᠭᠡ︶᠂ ᠭᠠᠯ | ᠤᠨᠲᠠᠷᠠᠭᠠᠬᠤ ᠠᠮᠤᠷ ᠲᠦᠪᠰᠢᠨ ᠤ ᠴᠢᠨᠠᠷ ︵ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠰᠢᠯᠭᠠᠨ ᠠᠪᠬᠤ᠂ ᠡᠵᠡᠩᠨᠡᠯᠲᠡ ᠬᠢᠬᠦ ᠠᠴᠠ ᠡᠮᠦᠨᠡᠬᠢ ᠭᠠᠯ | ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ᠂ ᠬᠠᠮᠠᠭᠠᠯᠠᠯᠲᠠ᠂ ᠬᠡᠷᠡᠭᠯᠡᠯᠲᠡ ᠵᠡᠷᠭᠡ︶ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠨ᠎ᠠ᠃ | ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠰᠠᠭᠤᠳᠠᠯ ᠤᠨ ᠨᠠᠷᠢᠨ ᠳᠠᠩᠰᠠ᠂ ᠠᠷᠭ᠎ᠠ ᠬᠡᠮᠵᠢᠶᠡᠨ ᠤ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠪᠠ | ᠬᠠᠷᠭᠤᠭᠤᠯᠤᠨ ᠪᠠᠶᠢᠴᠠᠭᠠᠵᠤ ᠰᠢᠯᠭᠠᠨ ᠠᠪᠬᠤ ᠨᠠᠷᠢᠨ ᠳᠠᠩᠰᠠ ︽ᠳᠥᠷᠪᠡᠨ ᠨᠠᠷᠢᠨ ᠳᠠᠩᠰᠠ︾ ᠶᠢ ᠪᠠᠶᠢᠭᠤᠯᠵᠤ᠂ ᠱᠠᠲᠤ ᠳᠠᠷᠠᠭᠠᠯᠠᠨ ᠳᠡᠭᠡᠭᠰᠢ ᠮᠡᠳᠡᠭᠦᠯᠵᠦ | ᠬᠤᠷᠢᠶᠠᠩᠭᠤᠶᠢᠯᠠᠭᠠᠳ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠠᠵᠢᠯ ᠲᠥᠷᠥᠯ ᠤᠨ ᠰᠠᠯᠠᠭ᠎ᠠ ᠮᠥᠴᠢᠷ᠂ ᠪᠥᠬᠦ ᠳᠤᠭᠤᠷᠢᠭ ᠤᠨ ᠶᠡᠷᠦᠩᠬᠡᠢ | ᠡᠬᠡ ᠲᠠᠩᠰᠠ ᠪᠠ ᠶᠡᠷᠦᠩᠬᠡᠢ ᠨᠠᠷᠢᠨ ᠳᠠᠩᠰᠠ ᠶᠢ ᠪᠣᠶ ᠪᠣᠯᠭᠠᠨ᠎ᠠ᠃ | 3. ᠵᠢᠭᠰᠠᠭᠠᠨ ᠪᠠᠶᠢᠴᠠᠭᠠᠬᠤ ᠠᠷᠭ᠎ᠠ ᠮᠠᠶ᠋ᠢᠭ᠃ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠠᠵᠢᠯ ᠲᠥᠷᠥᠯ ᠤᠨ ᠰᠠᠯᠠᠭ᠎ᠠ | ᠮᠥᠴᠢᠷ ᠤᠳ ᠬᠥᠨᠳᠡᠯᠡᠨ ᠴᠢᠭᠯᠡᠯ ᠢᠶᠠᠷ ᠵᠠᠬ᠎ᠠ ᠬᠢᠵᠠᠭᠠᠷ ᠬᠦᠷᠲᠡᠯ᠎ᠡ᠂ ᠭᠤᠯᠳᠤ ᠴᠢᠭᠯᠡᠯ ᠢᠶᠠᠷ ᠡᠴᠦᠰ ᠲᠤᠨᠢ ᠲᠤᠯᠲᠠᠯ᠎ᠠ ᠬᠢᠬᠦ ᠱᠠᠭᠠᠷᠳᠠᠯᠭ᠎ᠠ ᠶᠣᠰᠣᠭᠠᠷ᠂ ᠲᠣᠰ | ᠬᠠᠷᠢᠶ᠎ᠠ ᠣᠷᠣᠨ᠂ ᠲᠣᠰ ᠠᠵᠢᠯ ᠲᠥᠷᠥᠯ ᠤᠨ ᠳᠣᠲᠣᠷᠠᠬᠢ ᠪᠣᠶ ᠪᠦᠬᠦᠢ ᠦᠪᠡᠷ ᠢᠶᠠᠨ ᠪᠠᠷᠢᠭᠰᠠᠨ ᠭᠡᠷ ᠪᠠᠶᠢᠰᠢᠩ ᠳᠤ ᠲᠣᠣᠷ ᠲᠠᠲᠠᠬᠤ ᠮᠠᠶ᠋ᠢᠭ᠂ ᠬᠡᠪᠢᠰ ᠳᠡᠪᠢᠰᠬᠦ | ᠮᠠᠶ᠋ᠢᠭ ᠤᠨ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠶᠢ ᠥᠷᠨᠢᠭᠦᠯᠵᠦ᠂ ᠦᠪᠡᠷ ᠢᠶᠠᠨ ᠪᠠᠷᠢᠭᠰᠠᠨ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠥᠨ | ᠨᠢᠭᠡᠪᠦᠷᠢ ᠶᠢ ᠵᠣᠬᠢᠶᠠᠨ ᠪᠠᠶᠢᠭᠤᠯᠤᠨ ᠦᠪᠡᠷ ᠢᠶᠠᠨ ᠪᠠᠶᠢᠴᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠪᠠᠯᠭᠠᠰᠤ᠂ ᠵᠡᠭᠡᠯᠢ ᠭᠤᠳᠤᠮᠵᠢ ᠶᠢᠨ ᠬᠠᠷᠭᠤᠭᠤᠯᠤᠨ | ᠪᠠᠶᠢᠴᠠᠭᠠᠬᠤ᠂ ᠲᠤᠰᠬᠠᠢ ᠪᠠᠶᠢᠭᠤᠯᠤᠮᠵᠢ ᠪᠠ ᠮᠡᠷᠭᠡᠵᠢᠯ ᠤᠨ ᠠᠵᠢᠯᠲᠠᠨ ᠬᠠᠮᠵᠢᠯᠴᠠᠨ ᠣᠷᠣᠯᠴᠠᠵᠤ᠂ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠬᠡᠮ ᠳᠤ | ᠠᠩᠬ᠎ᠠ ᠠᠯᠬᠤᠮ ᠤᠨ ᠮᠠᠭᠠᠳᠯᠠᠯᠲᠠ ᠬᠢᠵᠦ᠂ ᠥᠨᠴᠥᠭ ᠪᠤᠯᠤᠩ ᠦᠯᠡᠳᠡᠭᠡᠬᠦ ᠦᠭᠡᠢ᠂ ᠪᠠᠯᠠᠢ ᠭᠠᠵᠠᠷ ᠦᠯᠡᠳᠡᠭᠡᠬᠦ ᠦᠭᠡᠢ ᠪᠠᠶᠢᠬᠤ ᠶᠢ ᠦᠨᠡᠨᠬᠦ ᠪᠠᠲᠤᠯᠠᠬᠤ | ᠬᠡᠷᠡᠭᠲᠡᠢ᠃ ᠡᠯ᠎ᠡ ᠨᠢᠭᠡᠴᠡ ᠶᠢᠨ ᠬᠢᠨ ᠠᠵᠢᠯ ᠲᠥᠷᠥᠯ ᠤᠨ ᠬᠡᠪᠴᠢᠶᠡᠨ ᠳᠠᠬᠢ ᠭᠡᠷ ᠪᠠᠶᠢᠰᠢᠩ ᠪᠠᠷᠢᠬᠤ ᠴᠠᠭ᠂ ᠪᠦᠲᠦᠴᠡ ᠶᠢᠨ ᠲᠥᠷᠥᠯ ᠬᠡᠯᠪᠡᠷᠢ᠂ ᠪᠠᠷᠢᠬᠤ | ᠠᠷᠭ᠎ᠠ ᠬᠡᠯᠪᠡᠷᠢ᠂ ᠭᠠᠵᠠᠷ ᠬᠥᠳᠡᠯᠦᠯᠲᠡ ᠶᠢ ᠳᠠᠭᠠᠭᠠᠬᠤ ᠠᠷᠭ᠎ᠠ ᠬᠡᠮᠵᠢᠶ᠎ᠡ᠂ ᠠᠮᠤᠷ ᠲᠦᠪᠰᠢᠨ ᠤ ᠪᠠᠶᠢᠳᠠᠯ ᠵᠡᠷᠭᠡ ᠶᠢ ᠪᠥᠬᠦ ᠲᠠᠯ᠎ᠠ ᠪᠠᠷ ᠡᠵᠡᠮᠰᠢᠬᠦ ᠬᠡᠷᠡᠭᠲᠡᠢ᠃ ᠪᠥᠬᠦ | ᠤᠯᠤᠰ ᠤᠨ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠲᠦᠬᠦᠬᠡᠷᠦᠮᠵᠢ ᠶᠢᠨ ᠪᠠᠶᠢᠴᠠᠭᠠᠯᠲᠠ ᠶᠢᠨ ᠰᠢᠰᠲ᠋ᠧᠮ ︱ᠬᠤᠲᠠ ᠬᠥᠳᠡᠭᠡ ᠶᠢᠨ ᠦᠪᠡᠷ | ᠢᠶᠠᠨ ᠪᠠᠷᠢᠭᠰᠠᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠬᠤ ᠬᠡᠰᠡᠭ ᠲᠤ ᠣᠷᠣᠭᠤᠯᠬᠤ ᠶᠢᠨ ᠬᠠᠮᠲᠤ᠂ ︽ᠳᠥᠷᠪᠡᠨ ᠡᠬᠡ ᠲᠠᠩᠰᠠ︾ ︵ᠦᠪᠡᠷ ᠢᠶᠠᠨ ᠪᠠᠷᠢᠭᠰᠠᠨ | ᠭᠡᠷ ᠪᠠᠶᠢᠰᠢᠩ ᠤᠨ ᠰᠠᠭᠤᠷᠢ ᠮᠡᠳᠡᠭᠡ ᠵᠠᠩᠭᠢ ᠶᠢᠨ ᠡᠬᠡ ᠲᠠᠩᠰᠠ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠬᠡ ᠲᠠᠩᠰᠠ᠂ | ᠭᠤᠣᠯᠳᠠᠯᠭ᠎ᠠ ᠲᠠᠢ ᠭᠡᠷ ᠪᠠᠶᠢᠰᠢᠩ ᠤᠨ ᠬᠢᠨᠠᠨ ᠡᠵᠡᠮᠳᠡᠬᠦ ᠡᠬᠡ ᠲᠠᠩᠰᠠ ᠪᠠ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠠᠬᠢᠴᠠ ᠶᠢᠨ ᠡᠬᠡ ᠲᠠᠩᠰᠠ︶ ᠶᠢ | ᠡᠮᠬᠢᠯᠡᠵᠦ ᠪᠦᠷᠢᠯᠳᠦᠭᠦᠯᠦᠭᠡᠳ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ︵ᠬᠤᠶᠠᠷ︶ ︽ᠵᠠᠭᠤᠨ ᠡᠳᠦᠷ ᠤᠨ ᠠᠵᠢᠯᠯᠠᠭ᠎ᠠ︾ ᠶᠢ ᠥᠷᠨᠢᠭᠦᠯᠦᠨ᠎ᠡ | ᠡᠯ᠎ᠡ ᠪᠠᠯᠭᠠᠰᠤ᠂ ᠵᠡᠭᠡᠯᠢ ᠭᠤᠳᠤᠮᠵᠢ᠂ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠡᠵᠡᠩᠨᠡᠯᠲᠡ ᠶᠢᠨ ᠴᠢᠨᠠᠷᠲᠠᠢ ᠦᠪᠡᠷ ᠢᠶᠠᠨ | ᠪᠠᠷᠢᠭᠰᠠᠨ ᠭᠡᠷ ᠪᠠᠶᠢᠰᠢᠩ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠳᠤ ︽ᠵᠠᠭᠤᠨ ᠡᠳᠦᠷ ᠤᠨ ᠠᠵᠢᠯᠯᠠᠭ᠎ᠠ︾ ᠶᠢ ᠥᠷᠨᠢᠭᠦᠯᠵᠦ᠂ ᠲᠣᠭᠤᠷᠢᠭ᠂ ᠬᠤᠲᠠ | ᠬᠥᠳᠡᠭᠡ ᠶᠢᠨ ᠠᠭᠤᠯᠵᠠᠷ ᠬᠡᠰᠡᠭ ᠵᠡᠷᠭᠡ ᠬᠥᠮᠥᠨ ᠣᠯᠠᠨ ᠲᠥᠪᠯᠡᠷᠡᠭᠰᠡᠨ ᠣᠷᠣᠨ ᠪᠦᠰᠡ ᠶᠢᠨ 3 ᠳᠠᠪᠬᠤᠷᠭ᠎ᠠ ᠠᠴᠠ ᠳᠡᠭᠡᠭᠰᠢ᠂ ᠲᠣᠭᠲᠠᠭᠠᠯ ᠠᠴᠠ ᠵᠥᠷᠢᠴᠡᠨ | ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠬᠦᠨᠳᠦ ᠶᠡᠭᠡ ᠠᠮᠤᠷ ᠲᠦᠪᠰᠢᠨ ᠤ ᠠᠳᠡᠯ ᠠᠮᠠᠷᠬᠠᠨ ᠡᠬᠦᠰᠴᠤ ᠮᠡᠳᠡᠬᠦ ᠡᠵᠡᠩᠨᠡᠯᠲᠡ ᠶᠢᠨ ᠴᠢᠨᠠᠷᠲᠠᠢ ᠦᠪᠡᠷ ᠢᠶᠠᠨ | ᠪᠠᠷᠢᠭᠰᠠᠨ ᠭᠡᠷ ᠪᠠᠶᠢᠰᠢᠩ ᠤᠨ ᠲᠦᠭᠰᠢᠭᠦᠷᠢ ᠶᠢᠨ ᠳᠠᠯᠳᠠ ᠬᠡᠮ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠬᠠᠮᠢᠶᠠᠷᠤᠨ ᠡᠵᠡᠮᠳᠡᠬᠦ ᠶᠢ ᠪᠣᠳᠠᠲᠠᠶᠢᠵᠢᠭᠤᠯᠬᠤ ᠶᠢ | ᠦᠨᠡᠨᠬᠦ ᠪᠠᠳᠤᠯᠠᠨ᠎ᠠ᠃ ︽ᠵᠠᠭᠤᠨ ᠡᠳᠦᠷ ᠤᠨ ᠠᠵᠢᠯᠯᠠᠭ᠎ᠠ︾ ᠶᠢ ᠠᠬᠢᠭᠤᠯᠬᠤ ᠠᠵᠢᠯ ᠤᠨ ᠲᠥᠯᠥᠪᠯᠡᠭᠡ ᠶᠢ ᠳᠤᠭᠳᠠᠭᠠᠨ᠂ ᠠᠵᠢᠯᠯᠠᠭᠠᠨ ᠤ ᠬᠠᠷᠠᠯᠲᠠ ᠪᠠᠨ | ᠲᠣᠳᠣᠷᠬᠠᠶᠢᠯᠠᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢᠶᠠᠨ ᠳᠤᠭᠳᠠᠭᠠᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠮᠡᠳᠡᠭᠳᠡᠮ᠎ᠡ | ᠠᠬᠢᠴᠠ ᠲᠠᠢ ᠪᠣᠯᠬᠤ ᠶᠢ ᠲᠦᠷᠭᠡᠳᠬᠡᠵᠦ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠬᠡᠶᠢᠯᠡᠨ᠎ᠡ᠃ ᠲᠤᠰᠬᠠᠢ ᠮᠡᠷᠭᠡᠵᠢᠯ ᠤᠨ ᠬᠦᠴᠦᠨ ᠢ ᠵᠣᠬᠢᠶᠠᠨ | ᠪᠠᠶᠢᠭᠤᠯᠵᠤ ᠪᠠᠶᠢᠭᠠᠳ ᠡᠵᠡᠩᠨᠡᠯᠲᠡ ᠶᠢᠨ ᠴᠢᠨᠠᠷᠲᠠᠢ ᠦᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠬᠤ ᠪᠠ ᠠᠩᠬ᠎ᠠ ᠠᠯᠬᠤᠮ ᠮᠠᠭᠠᠳᠯᠠᠨ ᠲᠣᠭᠲᠠᠭᠠᠵᠤ᠂ ᠲᠦᠭᠰᠢᠭᠦᠷᠢ ᠶᠢᠨ ᠬᠡᠮᠵᠢᠶ᠎ᠡ ᠶᠢ ᠦᠨᠳᠦᠰᠦᠯᠡᠨ ᠲᠥᠷᠥᠯ ᠬᠤᠪᠢᠶᠠᠨ ᠴᠡᠭᠴᠡᠯᠡᠨ | ᠵᠠᠰᠠᠬᠤ ᠶᠢ ᠬᠡᠷᠡᠭᠵᠢᠬᠦᠯᠦᠨ᠎ᠡ᠃ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠂ ᠬᠦᠨᠳᠦ ᠨᠣᠴᠢᠲᠠᠢ ᠠᠮᠤᠷ ᠲᠦᠪᠰᠢᠨ ᠤ ᠳᠠᠯᠳᠠ ᠬᠡᠮ | ᠣᠷᠣᠰᠢᠵᠤ ᠪᠠᠶᠢᠬᠤ᠂ ᠡᠵᠡᠩᠨᠡᠬᠦ ᠪᠠ ᠬᠡᠷᠡᠭᠯᠡᠬᠦ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠠᠶᠢᠬᠤ ᠶᠢ ᠣᠯᠵᠤ ᠮᠡᠳᠡᠪᠡᠯ᠂ ᠬᠡᠷᠡᠭᠯᠡᠬᠦ ᠶᠢ ᠨᠢ ᠵᠣᠭᠰᠤᠭᠠᠬᠤ ᠵᠡᠷᠭᠡ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠳᠠᠷᠤᠶᠢᠬᠠᠨ ᠠᠪᠴᠤ᠂ ᠨᠤᠷᠠᠬᠤ ᠠᠶᠤᠯᠲᠠᠢ ᠭᠡᠷ ᠪᠠᠶᠢᠰᠢᠩ ᠳᠤ ᠬᠥᠮᠥᠨ ᠰᠠᠭᠤᠬᠤ ᠦᠭᠡᠢ᠂ ᠨᠤᠷᠠᠬᠤ ᠠᠶᠤᠯᠲᠠᠢ ᠭᠡᠷ | ᠪᠠᠶᠢᠰᠢᠩ ᠳᠤ ᠣᠷᠣᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠠᠮᠤᠷ ᠲᠦᠪᠰᠢᠨ ᠤ ᠳᠠᠯᠳᠠ ᠬᠡᠮ ᠢ ᠲᠤᠶᠢᠯᠪᠤᠷᠢᠲᠠᠢ ᠠᠷᠢᠯᠭᠠᠬᠤ ᠠᠴᠠ ᠡᠮᠦᠨ᠎ᠡ ᠰᠡᠷᠭᠦᠭᠡᠨ | ᠬᠡᠷᠡᠭᠯᠡᠵᠦ ᠪᠣᠯᠬᠤ ᠦᠭᠡᠢ᠃ | ︵ᠭᠤᠷᠪᠠ︶ ᠲᠠᠯᠳᠠ ᠭᠡᠮ ᠢ ᠲᠤᠶᠢᠯᠪᠤᠷᠢᠲᠠᠢ ᠴᠡᠭᠴᠡᠯᠡᠨ ᠵᠠᠰᠠᠨ᠎ᠠ | 1. ᠲᠥᠷᠥᠯ ᠬᠤᠪᠢᠶᠠᠨ ᠰᠢᠢᠳᠪᠦᠷᠢᠯᠡᠨ᠎ᠡ᠃ ᠡᠯ᠎ᠡ ᠪᠠᠯᠭᠠᠰᠤ᠂ ᠵᠡᠭᠡᠯᠢ ᠭᠤᠳᠤᠮᠵᠢ᠂ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ | ᠤᠷᠢᠳ ᠢᠶᠠᠷ ᠪᠠᠴᠢᠮ᠂ ᠳᠠᠷᠠᠭ᠎ᠠ ᠨᠢ ᠠᠯᠭᠤᠷ᠂ ᠤᠷᠢᠳ ᠢᠶᠠᠷ ᠶᠡᠭᠡ᠂ ᠳᠠᠷᠠᠭ᠎ᠠ ᠨᠢ ᠪᠠᠭ᠎ᠠ᠂ ᠲᠥᠷᠥᠯ ᠬᠤᠪᠢᠶᠠᠨ ᠰᠢᠢᠳᠪᠦᠷᠢᠯᠡᠬᠦ ᠵᠠᠷᠴᠢᠮ ᠢ ᠪᠠᠷᠢᠮᠲᠠᠯᠠᠵᠤ᠂ ︽ | ᠳᠠᠯᠳᠠ ᠬᠡᠮ ᠪᠣᠯ ᠳᠠᠷᠤᠢ ᠠᠳᠡᠯ ᠮᠥᠨ᠂ ᠠᠳᠡᠯ ᠬᠡᠷᠡᠭ ᠢ ᠵᠠᠪᠠᠯ ᠰᠢᠢᠳᠪᠦᠷᠢᠯᠡᠬᠦ︾ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠵᠤ᠂ ᠲᠤᠰᠬᠠᠢ ᠮᠡᠷᠭᠡᠵᠢᠯ ᠤᠨ | ᠬᠦᠴᠦᠨ ᠢ ᠵᠣᠬᠢᠶᠠᠨ ᠪᠠᠶᠢᠭᠤᠯᠵᠤ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠶᠢ ᠠᠩᠬ᠎ᠠ ᠮᠠᠭᠠᠳᠯᠠᠭᠰᠠᠨ ᠦᠪᠡᠷ ᠢᠶᠠᠨ ᠪᠠᠷᠢᠭᠰᠠᠨ ᠭᠡᠷ | ᠪᠠᠶᠢᠰᠢᠩ ᠳᠤ ᠠᠮᠤᠷ ᠲᠦᠪᠰᠢᠨ ᠤ ᠬᠢᠨᠠᠨ ᠲᠣᠭᠲᠠᠭᠠᠯᠲᠠ ᠬᠢᠵᠦ᠂ ᠪᠠᠷᠢᠯᠭ᠎ᠠ ᠶᠢᠨ ᠠᠮᠤᠷ ᠲᠦᠪᠰᠢᠨ ᠨᠠᠶᠢᠳᠠᠪᠤᠷᠢᠲᠠᠢ ᠪᠠᠶᠢᠬᠤ ᠤᠷᠢᠲᠠᠯ ᠳᠣᠣᠷ᠎ᠠ᠂ ᠰᠢᠮᠳᠠᠭᠤᠯᠵᠤ | ᠪᠠᠶᠢᠭᠠᠳ ᠤᠯᠠᠮ ᠨᠢᠭᠡ ᠠᠯᠬᠤᠮ ᠴᠡᠭᠴᠡᠯᠡᠨ ᠰᠠᠶᠢᠵᠢᠷᠠᠭᠤᠯᠵᠤ᠂ ᠬᠢᠨᠠᠨ ᠳᠤᠭᠳᠠᠭᠠᠭᠰᠠᠨ ᠳᠠᠯᠳᠠ ᠬᠡᠮ ᠣᠷᠣᠰᠢᠵᠤ ᠪᠠᠶᠢᠭ᠎ᠠ ᠦᠪᠡᠷ ᠢᠶᠠᠨ ᠪᠠᠷᠢᠭᠰᠠᠨ ᠭᠡᠷ | ᠪᠠᠶᠢᠰᠢᠩ ᠢ ᠪᠦᠬᠦᠨ ᠢ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠬᠡᠪᠴᠢᠶᠡᠨ ᠳᠤ ᠣᠷᠣᠭᠤᠯᠵᠤ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ︽ᠳᠥᠷᠪᠡᠨ ᠨᠠᠷᠢᠨ | ᠳᠠᠩᠰᠠ︾ ︵ᠠᠰᠠᠭᠤᠳᠠᠯ ᠤᠨ ᠨᠠᠷᠢᠨ ᠳᠠᠩᠰᠠ᠂ ᠠᠷᠭ᠎ᠠ ᠬᠡᠮᠵᠢᠶ᠎ᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ᠂ ᠬᠠᠷᠭᠤᠭᠤᠯᠤᠨ ᠪᠠᠶᠢᠴᠠᠭᠠᠵᠤ | ᠰᠢᠯᠭᠠᠨ ᠠᠪᠬᠤ ᠨᠠᠷᠢᠨ ᠳᠠᠩᠰᠠ︶ ᠶᠢ ᠨᠢᠭᠡᠳ ᠨᠢᠭᠡ ᠪᠠᠷ ᠪᠠᠶᠢᠭᠤᠯᠵᠤ᠂ ᠳ᠋ᠤᠭᠠᠷ ᠢ ᠨᠢ ᠬᠠᠰᠤᠬᠤ ᠬᠠᠮᠢᠶᠠᠷᠤᠯᠲᠠ ᠪᠠ ᠪᠢᠳᠡᠬᠦᠮᠵᠢᠯᠡᠭᠰᠡᠨ ᠬᠠᠮᠢᠶᠠᠷᠤᠯᠲᠠ ᠶᠢ | ᠬᠡᠷᠡᠭᠵᠢᠭᠦᠯᠦᠨ᠂ ᠨᠢᠭᠡ ᠡᠷᠦᠬᠡ ᠶᠢ ᠳᠤᠭᠳᠠᠭᠠᠪᠠᠯ᠂ ᠨᠢᠭᠡ ᠡᠷᠦᠬᠡ ᠶᠢ ᠨᠢ ᠬᠠᠰᠤᠬᠤ ᠶᠢ ᠦᠨᠡᠨᠬᠦ ᠪᠠᠳᠤᠯᠠᠨ᠎ᠠ᠃ ᠵᠢᠭᠰᠠᠭᠠᠨ ᠪᠠᠶᠢᠴᠠᠭᠠᠬᠤ ᠶᠠᠪᠤᠴᠠ ᠳᠤ ᠪᠦᠲᠦᠴᠡ | ᠶᠢᠨ ᠳᠠᠯ᠎ᠠ ᠪᠠᠷ ᠨᠤᠷᠠᠬᠤ ᠠᠶᠤᠯ ᠣᠷᠣᠰᠢᠵᠤ ᠪᠠᠶᠢᠬᠤ᠂ ᠣᠯᠠᠨ ᠨᠡᠶᠢᠲᠡ ᠶᠢᠨ ᠠᠮᠤᠷ ᠲᠦᠪᠰᠢᠨ ᠢ ᠰᠦᠷᠳᠡᠭᠦᠯᠵᠦ ᠪᠠᠶᠢᠬᠤ ᠵᠡᠷᠭᠡ ᠬᠦᠨᠳᠦ ᠨᠣᠴᠢᠲᠠᠢ ᠠᠮᠤᠷ | ᠲᠦᠪᠰᠢᠨ ᠤ ᠳᠠᠯᠳᠠ ᠬᠡᠮ ᠪᠠ D ᠲᠠᠰ ᠤᠨ ᠨᠤᠷᠠᠬᠤ ᠠᠶᠤᠯᠲᠠᠢ ᠭᠡᠷ ᠪᠠᠶᠢᠰᠢᠩ ᠳᠤ ᠬᠠᠷᠢᠶᠠᠯᠠᠭᠳᠠᠪᠠᠯ᠂ ᠬᠡᠷᠡᠭᠯᠡᠬᠦ ᠶᠢ ᠨᠢ ᠵᠣᠭᠰᠤᠭᠠᠬᠤ᠂ ᠬᠦᠮᠦᠰ ᠢ | ᠵᠠᠶᠢᠯᠠᠭᠤᠯᠬᠤ ᠵᠡᠷᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠳᠠᠷᠤᠢ ᠲᠦᠷᠭᠡᠨ ᠠᠪᠴᠤ᠂ ᠪᠢᠲᠡᠭᠦᠮᠵᠢᠯᠡᠨ ᠰᠢᠢᠳᠪᠦᠷᠢᠯᠡᠵᠦ᠂ ᠲᠤᠬᠠᠢ ᠶᠢᠨ ᠲᠠᠯᠠᠪᠤᠷ ᠲᠤᠨᠢ | ᠠᠶᠤᠯ ᠢ ᠠᠷᠢᠯᠭᠠᠨ᠂ ᠨᠤᠷᠠᠭᠠᠬᠤ ᠶᠣᠰᠣᠲᠠᠢ ᠶᠢ ᠨᠢ ᠬᠠᠤᠯᠢ ᠶᠣᠰᠣᠭᠠᠷ ᠨᠤᠷᠠᠭᠠᠨ᠎ᠠ︔ ᠵᠢᠷᠤᠭ ᠲᠥᠯᠥᠪᠯᠡᠭᠡ ᠶᠢᠨ ᠪᠠᠷᠢᠯᠭ᠎ᠠ ᠶᠢᠨ ᠠᠵᠢᠯ ᠤᠨ ᠬᠡᠮ ᠰᠣᠭᠤᠭ | ᠣᠷᠣᠰᠢᠵᠤ ᠪᠠᠶᠢᠬᠤ ᠪᠥᠭᠡᠳ ᠬᠠᠷᠠᠬᠠᠨ ᠨᠤᠷᠠᠬᠤ ᠲᠦᠭᠰᠢᠭᠦᠷᠢ ᠦᠭᠡᠢ ᠪᠠᠶᠢᠪᠠᠯ᠂ ︽ᠨᠢᠭᠡᠨᠲᠡ ᠪᠠᠶᠢᠭ᠎ᠠ ᠪᠠᠷᠢᠯᠭ᠎ᠠ ᠶᠢ ᠬᠢᠨᠠᠨ ᠲᠣᠭᠲᠠᠭᠠᠬᠤ ᠪᠠ ᠪᠠᠬᠢᠵᠢᠭᠦᠯᠬᠦ ᠶᠢᠨ | ᠨᠡᠶᠢᠳᠡᠮ ᠬᠡᠷᠡᠭᠯᠡᠬᠦ ᠵᠢᠷᠤᠮᠵᠢᠯ︾ ︽ᠪᠠᠷᠢᠯᠭ᠎ᠠ ᠶᠢᠨ ᠪᠦᠲᠦᠴᠡ ᠶᠢ ᠪᠠᠬᠢᠵᠢᠭᠦᠯᠬᠦ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠢ ᠰᠢᠯᠭᠠᠨ ᠠᠪᠬᠤ ᠵᠢᠷᠤᠮᠵᠢᠯ︾ ᠪᠠ | ᠢᠵᠢ ᠪᠦᠷᠢᠳᠦᠭᠦᠯᠬᠦ ᠪᠠᠷᠢᠮᠵᠢᠶ᠎ᠠ ᠶᠢ ᠴᠢᠩᠭ᠎ᠠ ᠵᠢᠷᠤᠮᠯᠠᠨ ᠪᠠᠬᠢᠵᠢᠭᠦᠯᠬᠦ ᠪᠤᠶᠤ ᠪᠠᠷᠢᠯᠭ᠎ᠠ ᠶᠢᠨ ᠪᠦᠲᠦᠴᠡ ᠶᠢᠨ ᠣᠳᠣᠬᠢ ᠪᠠᠶᠢᠳᠠᠯ ᠤᠨ ᠬᠡᠷᠡᠭᠴᠡᠭᠡ ᠶᠢ ᠬᠢᠵᠠᠭᠠᠷᠯᠠᠬᠤ | ᠵᠡᠷᠭᠡ ᠠᠷᠭ᠎ᠠ ᠮᠠᠶ᠋ᠢᠭ ᠢᠶᠠᠷ ᠰᠢᠢᠳᠪᠦᠷᠢᠯᠡᠨ᠎ᠡ︔ ᠡᠩ ᠤᠨ ᠴᠢᠨᠠᠷᠲᠠᠢ ᠳᠠᠯᠳᠠ ᠬᠡᠮ ᠣᠷᠣᠰᠢᠵᠤ ᠪᠠᠶᠢᠪᠠᠯ ᠲᠡᠷᠡ ᠳᠠᠷᠤᠢ ᠳᠤᠨᠢ ᠪᠠᠶᠢᠴᠠᠭᠠᠵᠤ ᠲᠡᠷᠡ ᠳᠠᠷᠤᠢ ᠳᠤᠨᠢ | ᠵᠠᠰᠠᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠭᠡᠷ ᠪᠠᠶᠢᠰᠢᠩ | ᠪᠠᠷᠢᠬᠤ ᠠᠴᠠ ᠪᠣᠯᠵᠤ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠳᠠᠯᠳᠠ ᠬᠡᠮ ᠢ ᠪᠣᠶ ᠪᠣᠯᠭᠠᠭᠰᠠᠨ ᠪᠠᠶᠢᠪᠠᠯ᠂ ᠭᠠᠵᠠᠷ ᠰᠢᠨᠵᠢᠯᠡᠭᠡᠨ ᠤ ᠭᠠᠢ ᠭᠠᠮᠰᠢᠭ ᠤᠨ | ᠢᠨᠵᠧᠨᠧᠷᠢᠩ ᠢ ᠵᠠᠰᠠᠬᠤ᠂ ᠰᠢᠯᠵᠢᠬᠦᠯᠵᠤ ᠨᠡᠭᠦᠯᠭᠡᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠣᠯᠠᠨ ᠬᠥᠮᠥᠨ ᠦᠬᠦᠵᠦ ᠣᠯᠠᠨ ᠬᠥᠮᠥᠨ ᠰᠢᠷᠬᠠᠲᠤᠬᠤ ᠠᠳᠡᠯ | ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ | 2. ᠴᠡᠭᠴᠡᠯᠡᠨ ᠰᠠᠶᠢᠵᠢᠷᠠᠭᠤᠯᠵᠤ ᠳ᠋ᠤᠭᠠᠷ ᠬᠠᠰᠤᠨ᠎ᠠ᠃ ᠡᠯ᠎ᠡ ᠪᠠᠯᠭᠠᠰᠤ᠂ ᠵᠡᠭᠡᠯᠢ ᠭᠤᠳᠤᠮᠵᠢ᠂ ᠠᠵᠢᠯ ᠲᠥᠷᠥᠯ ᠤᠨ ᠰᠠᠯᠠᠭ᠎ᠠ ᠮᠥᠴᠢᠷ ᠤᠳ ︽ᠳᠥᠷᠪᠡᠨ | ᠨᠠᠷᠢᠨ ᠲᠠᠩᠰᠠ︾ ᠶᠢ ᠴᠢᠩᠭ᠎ᠠ ᠵᠢᠷᠤᠮᠯᠠᠨ᠂ ᠲᠣᠰ ᠬᠠᠷᠢᠶ᠎ᠠ ᠣᠷᠣᠨ᠂ ᠠᠵᠢᠯ ᠲᠥᠷᠥᠯ ᠳᠠᠬᠢ ᠦᠪᠡᠷ ᠢᠶᠠᠨ ᠪᠠᠷᠢᠭᠰᠠᠨ ᠭᠡᠷ ᠪᠠᠶᠢᠰᠢᠩ ᠳᠤ ᠬᠥᠳᠡᠯᠦᠩᠭᠦᠢ | ᠬᠠᠮᠢᠶᠠᠷᠤᠯᠲᠠ ᠬᠢᠬᠦ ᠶᠢ ᠬᠡᠷᠡᠭᠵᠢᠬᠦᠯᠦᠨ᠎ᠡ᠃ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠦᠪᠡᠷ ᠢᠶᠠᠨ ᠪᠠᠷᠢᠭᠰᠠᠨ ᠭᠡᠷ ᠪᠠᠶᠢᠰᠢᠩ ᠢ ᠪᠣᠯ ᠳ᠋ᠦᠩᠱᠧᠩ | ᠲᠣᠭᠤᠷᠢᠭ ᠤᠨ ᠦᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠢ ᠲᠤᠰᠬᠠᠢ ᠴᠡᠭᠴᠡᠯᠡᠨ ᠵᠠᠰᠠᠬᠤ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠠᠴᠠ ᠲᠦᠷᠦᠭᠦᠯᠡᠵᠦ᠂ ᠪᠠᠶᠢᠭᠠᠯᠢ ᠶᠢᠨ ᠡᠬᠢ ᠪᠠᠶᠠᠯᠢᠭ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠢᠴᠢ ᠬᠠᠷᠢᠶ᠎ᠠ ᠠᠵᠢᠯ ᠲᠥᠷᠥᠯ ᠤᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠵᠡᠷᠭᠡ ᠣᠷᠣᠯᠴᠠᠵᠤ᠂ ᠬᠠᠮᠲᠤᠪᠠᠷ ᠰᠢᠯᠭᠠᠨ ᠬᠤᠷᠢᠶᠠᠵᠤ ᠪᠠᠷᠢᠮᠵᠢᠶ᠎ᠠ ᠳᠤ ᠬᠦᠷᠦᠭᠦᠯᠦᠭᠰᠡᠨ ᠤ ᠳᠠᠷᠠᠭ᠎ᠠ ᠳ᠋ᠤᠭᠠᠷ ᠢ ᠨᠢ ᠬᠠᠰᠤᠵᠤ᠂ | ᠠᠰᠠᠭᠤᠳᠠᠯ ᠤᠨ ᠳᠠᠯᠳᠠ ᠬᠡᠮ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠳᠤᠯᠠᠨ᠎ᠠ᠃ | 3.ᠮᠡᠷᠭᠡᠵᠢᠯ ᠤᠨ ᠳᠡᠮᠵᠢᠯᠭᠡ ᠦᠵᠡᠬᠦᠯᠦᠨ᠎ᠡ᠃ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠨᠢ ᠮᠠᠨ ᠤ ᠬᠤᠲᠠ ᠶᠢᠨ ᠭᠡᠷ ᠪᠠᠶᠢᠰᠢᠩ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢᠨ ᠪᠠᠶᠢᠭᠤᠯᠤᠮᠵᠢ ᠶᠢᠨ ᠨᠡᠷ᠎ᠡ ᠶᠢᠨ ᠵᠢᠠᠠᠰᠠᠭᠠᠯᠳᠠ ᠶᠢᠨ ᠬᠥᠮᠥᠷᠭᠡ ᠶᠢ | ᠭᠦᠢᠴᠡᠳ ᠠᠰᠢᠭᠯᠠᠵᠤ᠂ ᠬᠢᠨᠠᠨ ᠲᠣᠭᠲᠠᠭᠠᠯᠲᠠ ᠶᠢᠨ ᠶᠠᠰᠤ ᠴᠢᠨᠠᠷ ᠤᠨ ᠡᠵᠡᠮᠳᠡᠯ ᠪᠠ ᠬᠠᠮᠢᠶᠠᠷᠤᠯᠲᠠ ᠶᠢ ᠴᠢᠩᠳᠠᠯᠠᠵᠤ᠂ ᠬᠢᠨᠠᠨ ᠲᠣᠭᠲᠠᠭᠠᠯᠲᠠ ᠶᠢᠨ | ᠪᠠᠶᠢᠭᠤᠯᠤᠮᠵᠢ ᠶᠢᠨ ᠦᠶᠯᠡ ᠠᠵᠢᠯᠯᠠᠭ᠎ᠠ ᠶᠢ ᠵᠢᠷᠤᠮᠵᠢᠭᠤᠯᠤᠨ᠂ ᠬᠢᠨᠠᠨ ᠲᠣᠭᠲᠠᠭᠠᠯᠲᠠ ᠶᠢᠨ ᠮᠡᠳᠡᠭᠦᠯᠦᠯᠲᠡ ᠶᠢ ︽ᠣᠷᠳᠣᠰ ᠬᠤᠲᠠ ᠶᠢᠨ ᠪᠠᠷᠢᠯᠭ᠎ᠠ ᠶᠢᠨ ᠶᠠᠰᠤ | ᠴᠢᠨᠠᠷ᠂ ᠪᠠᠷᠢᠯᠭ᠎ᠠ ᠶᠢᠨ ᠠᠮᠤᠷ ᠲᠦᠪᠰᠢᠨ᠂ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ | ᠠᠪᠬᠤ ᠲᠤᠰᠬᠠᠢ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠬᠥᠮᠥᠷᠭᠡ︾ ᠶᠢᠨ ᠬᠠᠮᠢᠶ᠎ᠠ ᠪᠦᠬᠦᠢ ᠨᠡᠶᠢᠭᠡᠮᠯᠢᠭ ᠤᠨ ᠲᠤᠰᠬᠠᠢ ᠮᠡᠷᠭᠡᠵᠢᠯᠲᠡᠨ ᠤ ᠬᠥᠮᠥᠷᠭᠡ ᠪᠠ | ᠨᠡᠶᠢᠭᠡᠮ ᠤᠨ ᠡᠯ᠎ᠡ ᠡᠲᠡᠭᠡᠳ ᠵᠡᠷᠭᠡ ᠲᠤᠰᠬᠠᠢ ᠮᠡᠷᠭᠡᠵᠢᠯᠲᠡᠨ ᠤ ᠬᠦᠴᠦᠨ ᠢ ᠭᠦᠢᠴᠡᠳ ᠪᠠᠳᠠᠷᠠᠭᠤᠯᠵᠤ᠂ ᠦᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ | ᠲᠦᠪᠰᠢᠨ ᠢ ᠲᠤᠰᠬᠠᠢ ᠴᠡᠭᠴᠡᠯᠡᠨ ᠵᠠᠰᠠᠬᠤ ᠠᠵᠢᠯ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠡᠷᠬᠡᠪᠰᠢ ᠰᠢᠨᠵᠢᠯᠡᠬᠦ ᠤᠬᠠᠭᠠᠨᠴᠢ ᠲᠤᠰᠬᠠᠢ ᠮᠡᠷᠭᠡᠵᠢᠯ᠂ | ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠪᠠᠷᠢᠮᠵᠢᠶ᠎ᠠ ᠶᠢ ᠠᠭᠤᠵᠢᠭᠤ ᠲᠠᠯᠪᠢᠵᠤ ᠪᠣᠯᠬᠤ ᠦᠭᠡᠢ ᠮᠥᠷᠲᠡᠭᠡᠨ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠵᠤ | ᠪᠣᠯᠬᠤ ᠦᠭᠡᠢ ᠮᠥᠷᠲᠡᠭᠡᠨ ᠳᠣᠣᠷ᠎ᠠ ᠬᠢᠷᠢ ᠲᠦᠪᠰᠢᠨ ᠢᠶᠠᠷ ᠪᠦᠲᠦᠭᠡᠨ ᠪᠠᠶᠢᠭᠤᠯᠵᠤ ᠪᠣᠯᠬᠤ ᠦᠭᠡᠢ᠂ ᠠᠮᠤᠷ ᠲᠦᠪᠰᠢᠨ ᠤ ᠰᠢᠨ᠎ᠡ ᠳᠠᠯᠳᠠ ᠬᠡᠮ ᠢ ᠦᠯᠡᠳᠡᠭᠡᠵᠦ | ᠪᠣᠯᠬᠤ ᠦᠭᠡᠢ᠂ ᠲᠦᠪᠡᠭ ᠪᠤᠳᠤᠯᠢᠶᠠᠨᠲᠠᠢ ᠦᠪᠡᠷ ᠢᠶᠠᠨ ᠪᠠᠷᠢᠭᠰᠠᠨ ᠭᠡᠷ ᠪᠠᠶᠢᠰᠢᠩ ᠢ ᠲᠤᠬᠠᠢ ᠶᠢᠨ ᠲᠠᠯᠠᠪᠤᠷ ᠲᠤᠨᠢ ᠵᠢᠭᠰᠠᠭᠠᠨ ᠪᠠᠶᠢᠴᠠᠭᠠᠬᠤ᠂ ᠲᠤᠰᠬᠠᠢ | ᠮᠡᠷᠭᠡᠵᠢᠯᠲᠡᠨ ᠢᠶᠠᠷ ᠨᠤᠳᠠᠯᠠᠭᠤᠯᠬᠤ ᠪᠠ ᠶᠡᠷᠦᠩᠬᠡᠶᠢᠯᠡᠨ ᠰᠤᠳᠤᠯᠤᠨ ᠮᠠᠭᠠᠳᠯᠠᠬᠤ ᠠᠵᠢᠯ ᠢ ᠥᠷᠨᠢᠭᠦᠯᠵᠦ᠂ ᠨᠠᠷᠢᠯᠢᠭ ᠣᠨᠣᠴᠠᠲᠠᠢ ᠪᠠᠷ ᠴᠡᠭᠴᠡᠯᠡᠨ ᠵᠠᠰᠠᠬᠤ ᠠᠵᠢᠯ ᠢ | ᠦᠷᠨᠢᠬᠦᠯᠦᠨ᠎ᠡ᠃ | ︵ᠳᠥᠷᠪᠡ︶ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠣᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ | ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ | ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠂ ᠵᠡᠷᠬᠡᠪᠡᠷ ᠠᠳᠬᠤᠵᠤ | ᠬᠠᠮᠲᠤᠪᠠᠷ ᠬᠠᠮᠢᠶᠠᠷᠬᠤ ᠶᠢ ᠪᠠᠷᠢᠮᠲᠠᠯᠠᠵᠤ᠂ ᠡᠯ᠎ᠡ ᠨᠢᠭᠡᠴᠡ ᠶᠢᠨ ᠭᠤᠣᠯ ᠤᠳᠤᠷᠢᠳᠤᠯᠭ᠎ᠠ ᠨᠢ ᠪᠡᠶ᠎ᠡ ᠪᠠᠷ ᠢᠶᠠᠨ ᠠᠷᠭ᠎ᠠ ᠰᠦᠪᠡᠭᠴᠢᠯᠡᠵᠦ᠂ ᠪᠡᠶ᠎ᠡ ᠪᠠᠷ ᠢᠶᠠᠨ | ᠪᠠᠶᠢᠷᠢᠯᠠᠭᠤᠯᠵᠤ᠂ ᠲᠣᠰ ᠲᠣᠰ ᠤᠨ ᠠᠵᠢᠯ ᠤᠨ ᠡᠭᠦᠷᠭᠡ ᠴᠢᠳᠠᠪᠤᠷᠢ ᠶᠢᠨ ᠶᠣᠰᠣᠭᠠᠷ᠂ ᠥᠪᠡᠷ ᠢᠶᠠᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠢ ᠲᠤᠰᠬᠠᠢ | ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | 1. ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠬᠠᠮᠢᠶ᠎ᠠ ᠪᠦᠬᠦᠢ ᠠᠵᠢᠯ ᠲᠥᠷᠥᠯ ᠤᠨ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠵᠤ᠂ ᠦᠪᠡᠷ ᠢᠶᠠᠨ ᠪᠠᠷᠢᠭᠰᠠᠨ ᠬᠡᠷ ᠪᠠᠶᠢᠰᠢᠩ ᠤᠨ ᠠᠮᠤᠷ | ᠲᠦᠪᠰᠢᠨ ᠢ ᠲᠤᠰᠬᠠᠢ ᠴᠡᠭᠴᠡᠯᠡᠨ ᠵᠠᠰᠠᠬᠤ ᠠᠵᠢᠯ ᠢ ᠵᠢᠯᠣᠭᠤᠳᠤᠨ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠤᠭᠰᠠᠨ | ᠰᠠᠨᠠᠯ᠂ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠨ ᠭᠦᠢᠴᠡᠳᠬᠡᠭᠰᠡᠨ ᠪᠠᠶᠢᠳᠠᠯ ᠢ ᠬᠠᠷᠭᠤᠭᠤᠯᠤᠨ | ᠪᠠᠶᠢᠴᠠᠭᠠᠵᠤ᠂ ᠥᠪᠡᠷ ᠢᠶᠠᠨ ᠪᠠᠷᠢᠭᠰᠠᠨ ᠬᠡᠷ ᠪᠠᠶᠢᠰᠢᠩ ᠤᠨ ᠬᠠᠤᠯᠢ ᠲᠣᠭᠲᠠᠭᠠᠯ ᠠᠴᠠ ᠵᠥᠷᠢᠴᠡᠨ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠵᠡᠷᠭᠡ ᠦᠶᠯᠡ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ | 2. ᠳᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠭᠡᠷ ᠪᠠᠶᠢᠰᠢᠩ ᠤᠨ ᠪᠠᠷᠢᠯᠭ᠎ᠠ ᠶᠢᠨ ᠲᠥᠷᠥᠯ ᠵᠦᠢᠯ ᠲᠣᠭᠲᠠᠭᠠᠬᠤ᠂ ᠬᠢᠨᠠᠨ | ᠵᠥᠪᠰᠢᠶᠡᠷᠡᠬᠦ᠂ ᠳᠡᠩᠰᠡᠯᠡᠨ ᠲᠡᠮᠳᠡᠭᠯᠡᠬᠦ ᠶᠢ ᠵᠢᠭᠰᠠᠭᠠᠨ ᠪᠠᠶᠢᠴᠠᠭᠠᠬᠤ ᠠᠵᠢᠯ ᠢ ᠬᠠᠷᠢᠭᠤᠴᠠᠨ ᠵᠢᠯᠣᠭᠤᠳᠤᠨ᠎ᠠ︔ ᠠᠮᠤ ᠪᠤᠳᠠᠭ᠎ᠠ ᠪᠣᠯᠣᠨ ᠭᠠᠮᠰᠢᠭ ᠠᠴᠠ ᠠᠪᠤᠷᠠᠬᠤ | ᠡᠳ᠋ ᠪᠠᠷᠠᠭ᠎ᠠ ᠨᠥᠭᠡᠴᠡᠯᠡᠬᠦ ᠲᠠᠯᠠᠪᠤᠷ ᠭᠠᠵᠠᠷ ᠤᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ | 3. ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠭᠡᠷ ᠪᠠᠶᠢᠰᠢᠩ ᠤᠨ ᠪᠠᠷᠢᠯᠭ᠎ᠠ ᠶᠢᠨ ᠲᠣᠭᠲᠠᠭᠠᠯ ᠠᠴᠠ ᠵᠥᠷᠢᠴᠡᠨ | ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠣᠯᠣᠭᠰᠠᠨ ᠵᠢᠴᠢ ᠪᠤᠰᠤᠳ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠢ ᠵᠢᠭᠰᠠᠭᠠᠨ ᠪᠠᠶᠢᠴᠠᠭᠠᠬᠤ | ᠠᠵᠢᠯ ᠢ ᠬᠠᠷᠢᠭᠤᠴᠠᠨ᠎ᠠ᠃ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠡᠯ᠎ᠡ ᠲᠥᠷᠥᠯ ᠤᠨ ᠡᠵᠡᠩᠨᠡᠯᠲᠡ ᠶᠢᠨ ᠴᠢᠨᠠᠷᠲᠠᠢ ᠲᠠᠯᠠᠪᠤᠷ ᠭᠠᠵᠠᠷ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ ᠬᠠᠮᠢᠶᠠᠷᠴᠤ᠂ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢᠨ ᠳᠣᠲᠣᠷ᠎ᠠ ᠡᠵᠡᠩᠨᠡᠯᠲᠡ ᠶᠢᠨ ᠠᠵᠢᠯᠯᠠᠭ᠎ᠠ ᠬᠢᠵᠦ | ᠪᠠᠶᠢᠭ᠎ᠠ ᠲᠠᠯᠠᠪᠤᠷ ᠭᠠᠵᠠᠷ ᠢ ᠵᠠᠷᠯᠢᠭᠳᠠᠵᠤ ᠪᠠᠶᠢᠭᠠᠳ ᠡᠵᠡᠩᠨᠡᠯᠲᠡ ᠶᠢᠨ ᠠᠵᠢᠯᠯᠠᠭ᠎ᠠ ᠶᠢ ᠨᠢ ᠵᠣᠭᠰᠣᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠵᠢᠯᠴᠠᠨ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢᠨ ᠳᠣᠲᠣᠷ᠎ᠠ ᠦᠢᠯᠡᠳᠪᠦᠷᠢᠯᠡᠯ ᠡᠵᠡᠩᠨᠡᠯᠲᠡ ᠬᠢᠵᠤ ᠪᠠᠶᠢᠭ᠎ᠠ ᠦᠢᠯᠡ ᠠᠵᠢᠯᠯᠠᠭ᠎ᠠ ᠶᠢᠨ ᠡᠵᠡᠩᠨᠡᠯᠲᠡ ᠶᠢ ᠨᠢ | ᠵᠠᠷᠯᠢᠭᠳᠠᠨ ᠵᠣᠭᠰᠣᠭᠠᠵᠤ᠂ ᠡᠵᠡᠩᠨᠡᠯᠲᠡ ᠶᠢᠨ ᠦᠨᠡᠮᠯᠡᠯ ᠢ ᠨᠢ ᠬᠦᠴᠦᠨ ᠦᠭᠡᠢ ᠪᠣᠯᠭᠠᠵᠤ᠂ ᠭᠡᠷ ᠪᠠᠶᠢᠰᠢᠩ ᠢ ᠨᠢ ᠬᠦᠴᠦᠨ ᠦᠭᠡᠢ ᠪᠣᠯᠭᠠᠬᠤ ᠶᠢ ᠠᠬᠢᠭᠤᠯᠤᠨ᠎ᠠ᠃ | ᠬᠡᠷ ᠪᠠᠶᠢᠰᠢᠩ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠬᠢᠬᠦ ᠶᠢ ᠥᠪᠡᠷ ᠢᠶᠠᠨ ᠪᠠᠷᠢᠭᠰᠠᠨ ᠬᠡᠷ ᠪᠠᠶᠢᠰᠢᠩ ᠬᠠᠮᠢᠶ᠎ᠠ ᠪᠦᠬᠦᠢ ᠡᠵᠡᠩᠨᠡᠯᠲᠡ ᠶᠢᠨ ᠵᠥᠪᠰᠢᠶᠡᠷᠡᠯ ᠢ | ᠭᠦᠢᠴᠡᠳᠬᠡᠵᠦ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠶᠢᠨ ᠤᠷᠢᠲᠠᠯ ᠨᠥᠬᠦᠴᠡᠯ ᠪᠤᠯᠭᠠᠬᠤ ᠶᠢ ᠠᠬᠢᠭᠤᠯᠵᠤ᠂ ᠭᠡᠷ ᠪᠠᠶᠢᠰᠢᠩ ᠤᠨ ᠥᠮᠴᠢᠯᠡᠯ ᠤᠨ ᠡᠷᠬᠡᠲᠦ | ᠬᠥᠮᠥᠨ ︵ᠬᠡᠷᠡᠭᠯᠡᠭᠴᠢ︶ ᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠨ᠎ᠡ᠃ | 4. ᠳᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠨᠢ ᠭᠠᠵᠠᠷ ᠰᠢᠷᠣᠢ ᠬᠡᠷᠡᠭᠯᠡᠬᠦ ᠦᠨᠡᠮᠯᠡᠯ᠂ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ | ᠵᠥᠪᠰᠢᠶᠡᠷᠡᠯ ᠤᠨ ᠦᠨᠡᠮᠯᠡᠯ᠂ ᠥᠯᠥ ᠬᠥᠳᠡᠯᠬᠦ ᠬᠥᠷᠥᠩᠭᠡ ᠶᠢᠨ ᠥᠮᠴᠢᠯᠡᠬᠦ ᠡᠷᠬᠡ ᠶᠢᠨ ᠳᠠᠩᠰᠠᠯᠠᠯᠲᠠ ᠶᠢᠨ ᠦᠨᠡᠮᠯᠡᠯ ᠢ ᠭᠦᠢᠴᠡᠳᠬᠡᠭᠰᠡᠨ ᠪᠠᠶᠢᠳᠠᠯ ᠢ ᠬᠢᠨᠠᠨ | ᠪᠠᠶᠢᠴᠠᠭᠠᠵᠤ᠂ ᠭᠡᠷ ᠪᠠᠶᠢᠰᠢᠩ ᠬᠡᠷᠡᠭᠯᠡᠭᠴᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠳᠤ ᠲᠣᠭᠲᠠᠭᠠᠭᠰᠠᠨ ᠭᠡᠷ | ᠪᠠᠶᠢᠰᠢᠩ ᠤᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠬᠤ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠭᠠᠵᠠᠷ ᠰᠢᠨᠵᠢᠯᠡᠬᠡᠨ ᠤ ᠭᠠᠢ ᠭᠠᠮᠰᠢᠭ ᠤᠨ | ᠲᠦᠭᠰᠢᠭᠦᠷᠢ ᠶᠢ ᠵᠢᠭᠰᠠᠭᠠᠨ ᠪᠠᠶᠢᠴᠠᠭᠠᠨ᠎ᠠ᠃ | 5. ᠳᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠠᠶᠤᠯᠲᠠᠢ ᠬᠢᠮᠢ ᠶᠢᠨ ᠪᠣᠳᠠᠰ᠂ ᠬᠤᠸᠠᠷ ᠫᠤᠤᠵᠢᠩ | ᠦᠢᠯᠡᠳᠪᠦᠷᠢᠯᠡᠵᠦ ᠡᠵᠡᠩᠨᠡᠬᠦ᠂ ᠬᠠᠳᠠᠭᠠᠯᠠᠬᠤ ᠲᠠᠯᠠᠪᠤᠷ ᠭᠠᠵᠠᠷ ᠵᠢᠴᠢ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠲᠠᠯᠠᠪᠤᠷ ᠭᠠᠵᠠᠷ ᠤᠨ ᠭᠡᠷ | ᠪᠠᠶᠢᠰᠢᠩ ᠤᠨ ᠪᠠᠷᠢᠯᠭ᠎ᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ︔ ᠳᠤᠭᠤᠷᠢᠭ ᠤᠨ ᠠᠶᠤᠯᠬᠦᠢ ᠦᠢᠯᠡᠳᠪᠤᠷᠢᠯᠡᠯ ᠤᠨ | ᠵᠥᠪᠯᠡᠯ ᠤᠨ ᠬᠢᠨᠠᠯᠲᠠ ᠲᠠᠯᠪᠢᠵᠤ ᠵᠢᠯᠤᠭᠤᠳᠤᠯᠭ᠎ᠠ ᠬᠢᠬᠦ ᠳᠤᠰᠢᠶᠠᠯ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ | 6. ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠭᠡᠷ ᠪᠠᠶᠢᠰᠢᠩ ᠤᠨ | ᠲᠦᠯᠦᠪᠵᠢᠬᠦᠯᠦᠭᠰᠡᠨ ᠬᠡᠷᠡᠭᠯᠡᠬᠦ ᠰᠢᠨᠵᠢ ᠴᠢᠨᠠᠷ ᠢ ᠳᠤᠷ᠎ᠠ ᠪᠠᠷ ᠢᠶᠠᠨ ᠬᠤᠪᠢᠷᠠᠭᠤᠯᠬᠤ ᠪᠠ ᠬᠠᠤᠯᠢ ᠠᠴᠠ ᠵᠥᠷᠢᠴᠡᠨ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ | ᠪᠠᠶᠢᠭᠤᠯᠬᠤ᠂ ᠥᠷᠭᠡᠳᠬᠡᠨ ᠪᠠᠶᠢᠭᠤᠯᠬᠤ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ | 7. ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠢ ᠨᠠᠰᠤᠵᠢᠯ ᠤᠨ ᠠᠰᠠᠷᠠᠮᠵᠢ᠂ ᠬᠡᠦᠬᠡᠳ ᠤᠨ ᠠᠰᠠᠷᠠᠮᠵᠢ᠂ ᠨᠠᠰᠤᠨ ᠳᠤ ᠥᠯᠥ ᠬᠦᠷᠦᠭᠰᠡᠳ ᠢ | ᠠᠪᠤᠷᠠᠨ ᠲᠤᠰᠠᠯᠠᠵᠤ ᠬᠠᠮᠠᠭᠠᠯᠠᠬᠤ᠂ ᠲᠡᠨᠦᠭᠦᠴᠢᠯᠡᠨ ᠭᠤᠶᠢᠷᠠᠨᠴᠢᠯᠠᠭᠰᠠᠳ ᠢ ᠠᠪᠤᠷᠠᠨ ᠲᠤᠰᠠᠯᠠᠵᠤ ᠬᠠᠮᠢᠶᠠᠷᠬᠤ᠂ ᠣᠷᠣᠰᠢᠭᠤᠯᠭ᠎ᠠ ᠶᠢᠨ ᠦᠢᠯᠡᠴᠢᠯᠡᠭᠡ ᠵᠡᠷᠭᠡ | ᠪᠠᠶᠢᠭᠤᠯᠤᠮᠵᠢ ᠪᠠ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠪ ᠤᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ | 8. ᠳᠤᠭᠤᠷᠢᠭ ᠤᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ ᠨᠢ ᠦᠨᠳᠦᠰᠦᠲᠡᠨ ᠱᠠᠰᠢᠨ ᠰᠤᠷᠲᠠᠬᠤᠨ ᠤ ᠶᠠᠪᠤᠳᠠᠯ ᠤᠨ ᠠᠵᠢᠯᠯᠠᠭᠠᠨ ᠤ | ᠲᠠᠯᠠᠪᠤᠷ ᠭᠠᠵᠠᠷ ᠪᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ | 9. ᠳᠤᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠤᠨ | ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠵᠢᠴᠢ ᠬᠠᠮᠢᠶ᠎ᠠ ᠪᠦᠬᠦᠢ ᠠᠵᠢᠯᠯᠠᠭᠠᠨ ᠤ ᠲᠠᠯᠠᠪᠤᠷ ᠭᠠᠵᠠᠷ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠭᠡᠷ | ᠪᠠᠶᠢᠰᠢᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ | 10. ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠡᠯ᠎ᠡ ᠲᠥᠷᠥᠯ ᠤᠨ ᠡᠮᠨᠡᠯᠭᠡ ᠶᠢᠨ ᠬᠤᠷᠢᠶ᠎ᠠ᠂ ᠡᠮᠴᠢᠯᠡᠭᠡᠨ ᠤ ᠪᠠᠶᠢᠭᠤᠯᠤᠮᠵᠢ | ᠵᠡᠷᠭᠡ ᠲᠠᠯᠠᠪᠤᠷ ᠭᠠᠵᠠᠷ ᠤᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ | 11. ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠨᠢ ᠣᠯᠠᠨ ᠨᠡᠶᠢᠲᠡ ᠶᠢᠨ ᠴᠤᠭᠯᠠᠷᠠᠬᠤ ᠭᠠᠵᠠᠷ ᠲᠠᠯᠠᠪᠤᠷ ᠤᠨ ᠭᠡᠷ | ᠪᠠᠶᠢᠰᠢᠩ ᠤᠨ ᠪᠠᠷᠢᠯᠭ᠎ᠠ ᠵᠢᠴᠢ ᠳᠠᠭᠠᠯᠲᠠ ᠭᠡᠷ ᠪᠠᠶᠢᠰᠢᠩ ᠤᠨ ᠭᠠᠯ ᠤᠨ ᠭᠠᠮᠰᠢᠭ ᠤᠨ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠬᠠᠷᠢᠭᠤᠴᠠᠨ᠎ᠠ᠃ | 12. ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠢ ︽ᠶᠢᠰᠦᠨ ᠵᠢᠵᠢᠭ︾ ᠲᠠᠯᠠᠪᠤᠷ ᠭᠠᠵᠠᠷ ᠤᠨ ᠠᠮᠤᠷ ᠲᠦᠪᠰᠢᠨ ᠤ ᠳᠠᠯᠳᠠ | ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ ᠲᠤᠰᠬᠠᠢ ᠴᠡᠭᠴᠡᠯᠡᠨ ᠵᠠᠰᠠᠬᠤ ᠠᠵᠢᠯ ᠤᠨ ᠳᠤᠮᠳᠠᠬᠢ ᠠᠯᠪᠠᠨ ᠶᠠᠪᠤᠳᠠᠯ ᠢ | ᠬᠠᠷᠰᠢᠯᠠᠭᠰᠠᠨ ᠥᠢᠯᠡ ᠠᠵᠢᠯᠯᠠᠭ᠎ᠠ ᠵᠢᠴᠢ ᠤᠯᠠᠨ ᠨᠡᠶᠢᠲᠡ ᠶᠢᠨ ᠠᠮᠤᠷ ᠲᠦᠪᠰᠢᠨ ᠳᠤ ᠬᠦᠨᠳᠦ ᠨᠣᠴᠢᠲᠠᠢ ᠠᠶᠤᠯ ᠲᠦᠭᠰᠢᠭᠦᠷᠢ ᠤᠴᠠᠷᠠᠭᠤᠯᠤᠭᠰᠠᠨ ᠪᠤᠶᠤ ᠠᠶᠤᠯ | ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠪᠠᠷ ᠬᠠᠤᠯᠢ ᠠᠴᠠ ᠵᠥᠷᠢᠴᠡᠨ ᠶᠠᠯ᠎ᠠ ᠬᠢᠭᠰᠡᠨ ᠰᠡᠵᠢᠭᠯᠡᠯᠲᠡᠢ ᠥᠢᠯᠡ | ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠬᠦ ᠶᠢ ᠬᠠᠷᠢᠭᠤᠴᠠᠨ᠎ᠠ᠃ | 13. ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠨᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠵᠡᠩᠨᠡᠯᠲᠡ ᠶᠢᠨ ᠴᠢᠨᠠᠷᠲᠠᠢ ᠦᠪᠡᠷ ᠢᠶᠠᠨ | ᠪᠠᠷᠢᠭᠰᠠᠨ ᠭᠡᠷ ᠪᠠᠶᠢᠰᠢᠩ ᠵᠢᠴᠢ ᠲᠥᠬᠦᠭᠡᠷᠦᠮᠵᠢ ᠳᠤ ᠬᠡᠷᠡᠭᠯᠡᠬᠦ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ | 14. ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ︵ᠬᠠᠮᠢᠶᠠᠷᠤᠯᠲᠠ ᠶᠢᠨ | ᠬᠦᠷᠢᠶ᠎ᠡ ᠴᠠᠷᠠᠭ᠎ᠠ ᠳᠠᠬᠢ ᠢᠳᠡᠭᠡᠨ ᠤᠮᠳᠠᠭᠠᠨ ᠤ ᠦᠢᠯᠡᠰ᠂ ᠬᠤᠨᠤᠭ ᠤᠨ ᠦᠢᠯᠡᠰ ᠪᠠᠭᠲᠠᠨ᠎ᠠ︶ ᠵᠢᠴᠢ ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠲᠠᠯᠠᠪᠤᠷ ᠭᠠᠵᠠᠷ | ︵ᠬᠤᠷᠠᠯ ᠤᠨ ᠲᠠᠯᠠᠪᠠᠶ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠪᠠᠭᠲᠠᠨ᠎ᠠ︶ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ | 15. ᠳᠤᠭᠤᠷᠢᠭ ᠤᠨ ᠡᠨᠧᠷᠭᠢ ᠶᠢᠨ ᠲᠣᠪᠴᠢᠶ᠎ᠠ ᠨᠢ ᠠᠭᠤᠷᠬᠠᠢ ᠶᠢᠨ ᠣᠷᠣᠨ ᠤ ᠨᠡᠭᠦᠷᠡᠰᠦ᠂ ᠴᠠᠬᠢᠯᠭᠠᠨ ᠬᠦᠴᠦᠨ᠂ ᠰᠢᠨ᠎ᠡ ᠡᠨᠧᠷᠭᠢ ᠶᠢᠨ ᠠᠵᠤ | ᠠᠬᠤᠶᠢᠯᠠᠯ ᠤᠨ ᠪᠠᠷᠢᠯᠭ᠎ᠠ ᠵᠢᠴᠢ ᠪᠠᠷᠢᠯᠭ᠎ᠠ ᠶᠢᠨ ᠵᠦᠢᠯ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠬᠠᠷᠢᠭᠤᠴᠠᠨ᠎ᠠ᠃ | 16᠂ ᠳᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠳᠤᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠨᠢᠭᠡᠳᠦᠯᠲᠡᠢ ᠲᠥᠯᠥᠪᠯᠡᠨ ᠬᠥᠭᠵᠢᠭᠦᠯᠬᠦ ᠲᠥᠪ ᠠᠴᠠ ᠬᠥᠳᠡᠭᠡ ᠲᠣᠰᠬᠤᠨ ᠤ ᠦᠪᠡᠷ ᠢᠶᠠᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ | 17. ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠬᠦ ᠤᠬᠠᠭᠠᠨ ᠮᠡᠷᠬᠡᠵᠢᠯ ᠤᠨ ᠲᠣᠪᠴᠢᠶ᠎ᠠ ᠨᠢ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ᠂ ᠠᠷᠠᠳ ᠤᠨ ᠬᠡᠷᠡᠭᠯᠡᠭᠡᠨ ᠤ ᠳᠡᠯᠪᠡᠴᠢᠬᠦ ᠠᠵᠤ ᠠᠬᠤᠶᠢᠯᠠᠯ ᠵᠢᠴᠢ ᠳᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠵᠤ ᠦᠢᠯᠡᠳᠪᠦᠷᠢ | ᠠᠷᠠᠯᠵᠢᠶ᠎ᠠ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ᠂ ᠵᠢᠱᠢᠶᠡᠯᠡᠪᠡᠯ ᠫᠷᠣᠭ᠍ᠷᠠᠮ ᠨᠠᠶᠢᠷᠠᠭᠤᠯᠬᠤ᠂ ᠮᠠᠰᠢᠨ ᠬᠥᠮᠥᠨ᠂ ᠰᠢᠨ᠎ᠡ ᠶᠢ | ᠡᠭᠦᠳᠦᠭᠴᠢ᠂ ᠰᠢᠳᠢᠲᠦ ᠵᠣᠷ᠂ ᠰᠢᠨᠵᠢᠯᠡᠬᠦ ᠤᠬᠠᠭᠠᠨ ᠤ ᠬᠠᠶᠢᠨ ᠰᠦᠪᠡᠭᠴᠢᠯᠡᠯᠲᠡ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠲᠠᠯᠠᠪᠤᠷ ᠭᠠᠵᠠᠷ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ | 18᠂ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠨᠢᠭᠡᠳᠦᠯᠲᠡᠢ ᠪᠦᠳᠦᠬᠡᠨ ᠪᠠᠶᠢᠭᠤᠯᠬᠤ | ᠠᠰᠠᠷ᠂ ᠭᠠᠭᠴᠠ ᠢᠯᠲᠠᠰᠤᠲᠤ ᠠᠰᠠᠷ᠂ ᠭᠡᠷ ᠪᠦᠯᠢ ᠶᠢᠨ ᠭᠡᠷ ᠪᠠᠶᠢᠰᠢᠩ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ᠂ ᠨᠡᠶᠢᠲᠡ ᠶᠢᠨ ᠲᠦᠷᠢᠶᠡᠰᠤᠨ ᠭᠡᠷ | ᠪᠠᠶᠢᠰᠢᠩ ᠵᠢᠴᠢ ᠬᠠᠭᠤᠴᠢᠨ ᠵᠢᠵᠢᠭ ᠲᠣᠭᠤᠷᠢᠭ ᠢ ᠰᠢᠨᠡᠳᠬᠡᠨ ᠵᠠᠰᠠᠬᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠬᠠᠷᠢᠭᠤᠴᠠᠨ᠎ᠠ᠃ | 19. ᠲᠣᠭᠤᠷᠢᠭ ᠤᠨ ᠭᠡᠷ ᠪᠠᠶᠢᠰᠢᠩ ᠲᠠᠲᠠᠪᠤᠷᠢᠯᠠᠬᠤ ᠦᠢᠯᠡᠴᠢᠯᠡᠭᠡᠨ ᠤ ᠲᠥᠪ ᠨᠢ ᠳᠥᠭᠦᠮ ᠪᠦᠳᠦᠴᠡᠳᠤ ᠣᠷᠣᠨ ᠰᠠᠭᠤᠴᠠ ᠶᠢ ᠥᠭᠡᠷᠡᠴᠢᠯᠡᠨ ᠵᠠᠰᠠᠬᠤ | ᠲᠣᠭᠤᠷᠢᠭ ᠤᠨ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ | 20᠂ ᠲᠣᠭᠤᠷᠢᠭ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠴᠡᠴᠡᠷᠯᠢᠭᠵᠢᠬᠦᠯᠦᠯᠳᠡ | ᠨᠣᠭᠤᠭᠠᠷᠠᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠨᠢ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ︵ᠥᠷᠲᠡᠭᠡ︶᠂ ᠴᠡᠴᠡᠷᠯᠢᠭ᠂ | ᠠᠭᠤᠳᠠᠮ ᠲᠠᠯᠠᠪᠠᠶ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠬᠠᠷᠢᠭᠤᠴᠠᠨ᠎ᠠ᠃ | 21. ᠲᠣᠭᠤᠷᠢᠭ ᠤᠨ ᠬᠤᠲᠠ ᠶᠢᠨ ᠶᠠᠪᠤᠳᠠᠯ ᠤᠨ ᠠᠵᠢᠯ ᠦᠢᠯᠡᠰ ᠤᠨ ᠦᠢᠯᠡᠴᠢᠯᠡᠭᠡᠨ ᠤ ᠲᠥᠪ ᠨᠢ ᠲᠣᠰ ᠠᠵᠢᠯ ᠲᠥᠷᠥᠯ ᠵᠢᠴᠢ ᠬᠤᠲᠠ ᠶᠢᠨ | ᠶᠠᠪᠤᠳᠠᠯ ᠤᠨ ᠭᠤᠣᠯ ᠳᠡᠳ᠋ ᠵᠠᠮ ᠤᠨ ᠠᠶᠤᠯᠲᠠᠢ ᠬᠡᠷᠡᠮ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠬᠠᠷᠢᠭᠤᠴᠠᠨ᠎ᠠ᠃ | 22. ᠭᠡᠷ ᠪᠠᠶᠢᠰᠢᠩ ᠤᠨ ᠡᠷᠬᠢᠯᠳᠡ ᠡᠵᠡᠩᠨᠡᠯᠲᠡ ᠶᠢᠨ ᠺᠣᠮᠫᠠᠨᠢ ᠨᠢ ᠳᠥᠭᠦᠮ ᠪᠦᠳᠦᠴᠡᠳᠤ ᠣᠷᠣᠨ ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠬᠤ ᠳᠤ | ᠨᠢᠭᠡᠨᠲᠡ ᠲᠠᠲᠠᠪᠤᠷᠢᠯᠠᠭᠰᠠᠨ ᠭᠡᠷ ᠪᠠᠶᠢᠰᠢᠩ ᠤᠨ ᠳᠣᠲᠣᠷᠠᠬᠢ ᠪᠠᠷᠢᠯᠭ᠎ᠠ ᠶᠢᠨ ᠭᠤᠣᠯ ᠴᠣᠭᠴᠠ ᠪᠠ ᠳᠠᠭᠠᠭᠠᠴᠠ ᠶᠢᠨ ᠪᠦᠲᠦᠴᠡ ᠶᠢ ᠥᠭᠡᠷᠡᠴᠢᠯᠡᠨ | ᠬᠤᠪᠢᠷᠠᠭᠤᠯᠬᠤ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠬᠠᠷᠢᠭᠤᠴᠠᠨ᠎ᠠ︔ ᠪᠦᠲᠦᠴᠡ ᠶᠢ ᠨᠢ ᠨᠢᠭᠡᠨᠲᠡ ᠦᠬᠡᠷᠡᠴᠢᠯᠡᠭᠰᠡᠨ ᠭᠡᠷ ᠪᠠᠶᠢᠰᠢᠩ ᠢ ᠪᠠᠬᠢᠯᠡᠨ | ᠰᠢᠢᠳᠪᠦᠷᠢᠯᠡᠬᠦ ᠶᠢᠨ ᠬᠠᠮᠲᠤ ᠠᠶᠤᠯᠭᠦᠢ ᠴᠢᠨᠠᠷ ᠤᠨ ᠨᠤᠲᠠᠯᠠᠯᠲᠠ ᠬᠢᠨ᠎ᠡ︔ ᠤᠳᠠᠯ ᠦᠭᠡᠢ ᠥᠭᠡᠷᠡᠴᠢᠯᠡᠬᠦ ᠭᠡᠵᠦ ᠪᠠᠶᠢᠭ᠎ᠠ ᠭᠡᠷ ᠪᠠᠶᠢᠰᠢᠩ ᠳᠤ ᠪᠦᠲᠦᠴᠡ ᠶᠢᠨ | ᠠᠶᠤᠯᠭᠦᠢ ᠶᠢᠨ ᠵᠢᠷᠤᠭ ᠲᠥᠯᠥᠪᠯᠡᠭᠡ ᠬᠢᠭᠰᠡᠨ ᠤ ᠲᠠᠷᠠᠭ᠎ᠠ ᠰᠠᠶ᠋ᠢ ᠪᠠᠷᠢᠯᠭ᠎ᠠ ᠪᠠᠷᠢᠵᠤ ᠪᠣᠯᠣᠨ᠎ᠠ᠃ ᠬᠠᠷᠢᠶ᠎ᠠ ᠪᠦᠬᠦᠢ ᠥᠮᠴᠢᠯᠡᠬᠦ ᠡᠷᠬᠡ ᠲᠠᠢ ᠭᠡᠷ ᠪᠠᠶᠢᠰᠢᠩ ᠳᠤ ᠠᠮᠤᠷ | ᠲᠦᠪᠰᠢᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠬᠠᠷᠢᠭᠤᠴᠠᠨ᠎ᠠ᠃ | 23. ᠬᠤᠩ ᠵᠢᠢ ᠸᠧᠢ ᠶᠧ ᠪᠦᠯᠦᠭᠯᠡᠯ ᠨᠢ ᠨᠡᠬᠡᠬᠡᠯᠳᠡ ᠬᠢᠵᠤ ᠪᠦᠲᠦᠭᠡᠨ ᠪᠠᠶᠢᠭᠤᠯᠵᠤ ᠪᠠᠶᠢᠭ᠎ᠠ ᠲᠥᠷᠥᠯ ᠵᠦᠢᠯ ᠵᠢᠴᠢ ᠨᠢᠭᠡᠨᠲᠡ ᠪᠠᠶᠢᠭᠤᠯᠤᠭᠰᠠᠨ ᠲᠥᠷᠥᠯ | ᠵᠦᠢᠯ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ | 24. ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠠᠷᠢᠶᠠᠲᠤ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠥᠪᠡᠷ ᠢᠶᠠᠨ ᠭᠡᠷ ᠪᠠᠷᠢᠭᠰᠠᠨ | ᠬᠡᠷ ᠪᠠᠶᠢᠰᠢᠩ᠂ ᠠᠳᠠᠯ ᠠᠬᠤᠢ ᠦᠬᠡᠢ ᠰᠠᠭᠤᠭᠠᠯᠢ ᠲᠣᠭᠤᠷᠢᠭ ᠵᠢᠴᠢ ᠬᠤᠲᠠ ᠶᠢᠨ ᠶᠠᠪᠤᠳᠠᠯ ᠤᠨ ᠭᠤᠣᠯ ᠳᠡᠳ᠋ ᠵᠠᠮ ᠠᠴᠠ ᠭᠠᠳᠠᠨᠠᠬᠢ ᠠᠶᠤᠯᠲᠠᠢ ᠬᠡᠷᠡᠮ ᠤᠨ ᠠᠮᠤᠷ | ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ | 25. ᠡᠯ᠎ᠡ ᠪᠠᠯᠭᠠᠰᠤ ᠨᠢ ᠬᠠᠷᠢᠶ᠎ᠠ ᠣᠷᠣᠨ ᠤ ᠪᠠᠨ ᠥᠪᠡᠷ ᠢᠶᠠᠨ ᠪᠠᠷᠢᠭᠰᠠᠨ ᠭᠡᠷ ᠪᠠᠶᠢᠰᠢᠩ ᠵᠢᠴᠢ ᠨᠢᠭᠡᠨᠲᠡ ᠪᠠᠶᠢᠭ᠎ᠠ ᠪᠠᠷᠢᠯᠭ᠎ᠠ᠂ ᠪᠠᠷᠢᠯᠭ᠎ᠠ ᠶᠢᠨ ᠡᠳ᠋ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ | 26. ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ᠂ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ᠂ ᠲᠣᠭᠤᠷᠢᠭ ᠤᠨ ᠦᠨᠳᠦᠰᠦᠲᠡᠨ ᠤ | ᠬᠡᠷᠡᠭ ᠡᠷᠭᠢᠯᠡᠬᠦ ᠵᠥᠪᠯᠡᠯ᠂ ᠲᠣᠭᠤᠷᠢᠭ ᠤᠨ ᠬᠤᠲᠠ ᠶᠢᠨ ᠤᠰᠤ ᠵᠠᠯᠠᠬᠤ ᠦᠢᠯᠡᠰ ᠤᠨ ᠲᠥᠪ᠂ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠦᠢᠯᠡᠰ ᠤᠨ ᠦᠢᠯᠡᠴᠢᠯᠡᠭᠡᠨ ᠤ ᠲᠥᠪ ᠵᠢᠴᠢ ᠪᠤᠰᠤᠳ ᠰᠠᠯᠠᠭ᠎ᠠ ᠮᠥᠴᠢᠷ ᠤᠳ ᠲᠣᠰ ᠲᠣᠰ ᠤᠨ ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ | 27. ᠭᠡᠷ ᠪᠠᠶᠢᠰᠢᠩ ᠤᠨ ᠪᠠᠷᠢᠯᠭ᠎ᠠ ᠶᠢᠨ ᠥᠮᠴᠢᠯᠡᠬᠦ ᠡᠷᠬᠡ ᠶᠢᠨ ᠥᠮᠴᠢᠯᠡᠭᠴᠢ ︵ᠬᠡᠷᠡᠭᠯᠡᠭᠴᠢ︶ ᠨᠢ ᠭᠡᠷ ᠪᠠᠶᠢᠰᠢᠩ ᠤᠨ ᠪᠠᠷᠢᠯᠭ᠎ᠠ ᠶᠢᠨ ᠥᠮᠴᠢᠯᠡᠬᠦ | ᠡᠷᠬᠡ ᠶᠢᠨ ᠥᠮᠴᠢᠯᠡᠭᠴᠢ ︵ᠬᠡᠷᠡᠭᠯᠡᠭᠴᠢ︶ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠪᠡᠷ ᠢᠶᠠᠨ ᠪᠠᠷᠢᠭᠰᠠᠨ ᠭᠡᠷ | ᠪᠠᠶᠢᠰᠢᠩ ᠤᠨ ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠬᠤ ᠪᠠ ᠬᠠᠤᠯᠢ ᠲᠣᠭᠲᠠᠭᠠᠯ ᠠᠴᠠ ᠵᠥᠷᠢᠴᠡᠨ ᠬᠢᠨᠠᠨ ᠵᠥᠪᠰᠢᠶᠡᠷᠡᠬᠦ ᠳᠤ ᠬᠤᠯᠪᠣᠭᠳᠠᠭᠰᠠᠨ ᠦᠶᠯᠡ | ᠠᠵᠢᠯᠯᠠᠭ᠎ᠠ ᠳᠤ ᠥᠮᠴᠢᠯᠡᠬᠦ ᠡᠷᠬᠡ ᠶᠢᠨ ᠥᠮᠴᠢᠯᠡᠭᠴᠢ ︵ᠬᠡᠷᠡᠭᠯᠡᠭᠴᠢ︶ ᠶᠢᠨ ᠵᠣᠬᠢᠬᠤ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠵᠦ᠂ ᠥᠮᠴᠢᠯᠡᠬᠦ | ᠡᠷᠬᠡ ᠶᠢᠨ ᠥᠮᠴᠢᠯᠡᠭᠴᠢ ︵ᠬᠡᠷᠡᠭᠯᠡᠭᠴᠢ︶ ᠨᠢ ᠵᠣᠬᠢᠬᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠬᠦᠷᠬᠡᠯᠡᠨ᠎ᠡ᠃ ᠥᠮᠴᠢᠯᠡᠯ ᠤᠨ ᠡᠷᠬᠡᠲᠦ ᠬᠥᠮᠥᠨ | ᠪᠣᠯᠣᠨ ᠬᠡᠷᠡᠭᠯᠡᠭᠴᠢ ᠨᠢ ᠨᠢᠭᠡᠳᠦᠯ ᠦᠭᠡᠢ ᠪᠠᠶᠢᠪᠠᠯ᠂ ᠥᠮᠴᠢᠯᠡᠯ ᠤᠨ ᠡᠷᠬᠡᠲᠦ ᠬᠥᠮᠥᠨ ᠪᠣᠯᠣᠨ ᠬᠡᠷᠡᠭᠯᠡᠭᠴᠢ ᠨᠢ ᠪᠣᠯᠵᠣᠨ ᠲᠣᠭᠲᠠᠭᠰᠠᠨ ᠶᠣᠰᠣᠭᠠᠷ ᠭᠡᠷ ᠪᠠᠶᠢᠰᠢᠩ ᠢ | ᠬᠡᠷᠡᠭᠯᠡᠬᠦ ᠬᠠᠮᠢᠶ᠎ᠠ ᠪᠦᠬᠦᠢ ᠬᠠᠷᠢᠭᠤᠴᠠᠯᠭ᠎ᠠ ᠶᠢ ᠡᠭᠦᠷᠭᠡᠯᠡᠨ᠎ᠡ᠃ | 28. ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠨᠢ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠳᠤᠬᠠᠢ ᠬᠠᠮᠢᠶ᠎ᠠ ᠪᠦᠬᠦᠢ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ | ᠬᠠᠷᠢᠭᠤᠴᠠᠵᠤ᠂ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ᠬᠢᠨᠳᠠᠨ᠂ ᠬᠤᠣᠷ ᠲᠠᠲᠠᠬᠤ ᠶᠢ ᠵᠣᠭᠰᠤᠭᠠᠬᠤ ᠭᠠᠵᠠᠷ ᠵᠡᠷᠭᠡ ᠪᠠᠶᠢᠭᠤᠯᠤᠮᠵᠢ ᠶᠢᠨ ᠭᠡᠷ | ᠪᠠᠶᠢᠰᠢᠩ ᠤᠨ ᠬᠡᠷᠡᠭᠯᠡᠯᠲᠡ ᠶᠢᠨ ᠠᠮᠤᠷ ᠲᠦᠪᠰᠢᠨ ᠤ ᠬᠠᠷᠢᠭᠤᠴᠠᠯᠭᠠᠲᠠᠨ ᠢ ᠰᠢᠮᠳᠠᠭᠤᠯᠤᠨ ᠵᠢᠯᠤᠭᠤᠳᠴᠤ ᠪᠠᠶᠢᠭᠠᠳ ᠲᠤᠰᠬᠠᠢ ᠴᠡᠭᠴᠡᠯᠡᠨ ᠵᠠᠰᠠᠬᠤ ᠠᠵᠢᠯ ᠢ | ᠥᠷᠨᠢᠭᠦᠯᠦᠨ᠎ᠡ᠃ | 29. ᠳᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠢ ᠲᠤᠰᠬᠠᠢ ᠴᠡᠭᠴᠡᠯᠡᠨ ᠵᠠᠰᠠᠬᠤ | ᠠᠵᠢᠯ ᠳᠤ ᠵᠠᠷᠤᠳᠠᠯ ᠤᠨ ᠳᠡᠮᠵᠢᠯᠭᠡ ᠦᠵᠡᠭᠦᠯᠬᠦ ᠶᠢ ᠬᠠᠷᠢᠭᠤᠴᠠᠨ᠎ᠠ᠃ | ︵ᠲᠠᠪᠤ︶ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ | 1. ᠨᠡᠮᠡᠭᠳᠡᠯ ᠤᠨ ᠲᠦᠭᠰᠢᠭᠦᠷᠢ ᠶᠢ ᠴᠢᠩᠭ᠎ᠠ ᠡᠵᠡᠮᠳᠡᠨ᠎ᠡ᠃ 3 ᠳᠠᠪᠬᠤᠷᠭ᠎ᠠ ᠵᠢᠴᠢ ᠲᠡᠭᠦᠨ ᠠᠴᠠ ᠳᠡᠭᠡᠭᠰᠢᠬᠢ ᠬᠤᠲᠠ ᠬᠥᠳᠡᠭᠡ ᠶᠢᠨ ᠰᠢᠨ᠎ᠡ ᠪᠠᠷ ᠪᠠᠷᠢᠭᠰᠠᠨ | ᠭᠡᠷ ᠪᠠᠶᠢᠰᠢᠩ ᠵᠢᠴᠢ ᠡᠵᠡᠩᠨᠡᠯᠲᠡ ᠶᠢᠨ ᠴᠢᠨᠠᠷᠲᠠᠢ ᠦᠪᠡᠷ ᠢᠶᠠᠨ ᠪᠠᠷᠢᠭᠰᠠᠨ ᠭᠡᠷ ᠪᠠᠶᠢᠰᠢᠩ ᠨᠢ ᠡᠷᠬᠡᠪᠰᠢ ᠬᠠᠤᠯᠢ ᠲᠣᠭᠲᠠᠭᠠᠯ ᠶᠣᠰᠣᠭᠠᠷ ᠲᠤᠰᠬᠠᠢ ᠵᠢᠷᠤᠭ | ᠲᠥᠯᠥᠪᠯᠡᠭᠡ ᠪᠠ ᠲᠤᠰᠬᠠᠢ ᠪᠠᠷᠢᠯᠭ᠎ᠠ ᠶᠢᠨ ᠠᠵᠢᠯ ᠢᠶᠠᠷ ᠳᠡᠮᠵᠢᠵᠦ᠂ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠠᠯᠪᠠᠳᠠᠯᠭ᠎ᠠ ᠶᠢᠨ ᠴᠢᠨᠠᠷᠲᠠᠢ | ᠪᠠᠷᠢᠮᠵᠢᠶ᠎ᠠ ᠶᠢ ᠴᠢᠩᠭ᠎ᠠ ᠬᠡᠷᠡᠭᠵᠢᠬᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠥᠪᠡᠷ ᠢᠶᠠᠨ ᠪᠠᠷᠢᠭᠰᠠᠨ ᠭᠡᠷ ᠪᠠᠶᠢᠰᠢᠩ ᠢᠶᠠᠨ ᠡᠵᠡᠩᠨᠡᠯᠲᠡ ᠳᠤ ᠬᠡᠷᠡᠭᠯᠡᠬᠦ ᠶᠢ | ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠪᠠᠨ ᠴᠢᠩᠳᠠᠯᠠᠵᠤ᠂ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠥᠨ ᠪᠤᠶᠤ ᠬᠡᠷᠡᠭᠯᠡᠭᠴᠢ ᠳᠤ ᠬᠠᠮᠢᠶ᠎ᠠ ᠪᠦᠬᠦᠢ | ᠡᠵᠡᠩᠨᠡᠯᠲᠡ ᠶᠢᠨ ᠵᠥᠪᠰᠢᠶᠡᠷᠡᠯ ᠢ ᠭᠦᠢᠴᠡᠳᠬᠡᠵᠦ᠂ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠠᠴᠠ ᠪᠠᠨ ᠡᠮᠦᠨ᠎ᠡ ᠭᠡᠷ ᠪᠠᠶᠢᠰᠢᠩ ᠤᠨ ᠠᠮᠤᠷ ᠲᠦᠪᠰᠢᠨ ᠤ ᠬᠢᠨᠠᠨ | ᠲᠣᠭᠲᠠᠭᠠᠯᠲᠠ ᠳᠤ ᠬᠢᠷᠢ ᠲᠡᠩᠴᠡᠭᠰᠡᠨ ᠭᠡᠷᠡᠴᠢ ᠶᠢ ᠬᠠᠤᠯᠢ ᠲᠣᠭᠲᠠᠭᠠᠯ ᠶᠣᠰᠣᠭᠠᠷ ᠤᠯᠭᠤᠨ᠎ᠠ᠃ | 2. ᠡᠳᠦᠷ ᠲᠤᠲᠤᠮ ᠤᠨ ᠪᠠᠶᠢᠴᠠᠭᠠᠯᠲᠠ ᠶᠢ ᠴᠢᠩᠭᠠᠳᠬᠠᠨ᠎ᠠ᠃ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠥᠨ ᠪᠤᠶᠤ ᠬᠡᠷᠡᠭᠯᠡᠭᠴᠢ ᠶᠢ ᠰᠢᠮᠳᠠᠭᠤᠯᠵᠤ | ᠪᠠᠶᠢᠭᠠᠳ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠪᠠᠶᠢᠴᠠᠭᠠᠯᠲᠠ ᠬᠢᠯᠭᠡᠵᠦ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠳᠠᠷᠤᠢ ᠲᠦᠷᠭᠡᠨ | ᠵᠣᠬᠢᠶᠠᠨ ᠪᠠᠶᠢᠭᠤᠯᠤᠨ ᠵᠠᠶᠢᠯᠠᠭᠤᠯᠤᠨ᠎ᠠ᠃ ᠪᠠᠯᠭᠠᠰᠤ᠂ ᠵᠡᠭᠡᠯᠢ ᠭᠤᠳᠤᠮᠵᠢ ᠵᠡᠷᠭᠡ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯᠲᠠᠨ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ᠂ ᠠᠳᠠᠯ ᠠᠬᠤᠢ ᠶᠢᠨ ᠬᠠᠮᠢᠶᠠᠷᠤᠯᠲᠠ ᠶᠢᠨ | ᠦᠢᠯᠡᠴᠢᠯᠡᠭᠡᠨ ᠤ ᠠᠵᠢᠯᠲᠠᠨ ᠤ ᠡᠮᠦᠨ᠎ᠡ ᠬᠠᠷᠠᠭᠤᠯ ᠪᠠ ᠬᠠᠶᠢᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠡᠷ ᠪᠠᠶᠢᠰᠢᠩ ᠤᠨ ᠠᠮᠤᠷ ᠲᠦᠪᠰᠢᠨ ᠤ | ᠬᠠᠮᠢᠶᠠᠷᠤᠭᠴᠢ ᠶᠢᠨ ᠳᠦᠷᠢᠮ ᠪᠠ ᠰᠦᠯᠵᠢᠶᠡᠨ ᠤ ᠬᠥᠳᠡᠯᠦᠩᠭᠦᠢ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠭᠡᠷ ᠪᠠᠶᠢᠰᠢᠩ ᠤᠨ ᠠᠮᠤᠷ | ᠲᠦᠪᠰᠢᠨ ᠤ ᠳᠠᠯᠳᠠ ᠬᠡᠮ ᠢ ᠪᠠᠶᠢᠩᠭᠤ ᠲᠣᠭᠤᠷᠢᠨ ᠪᠠᠶᠢᠴᠠᠭᠠᠵᠤ ᠢᠯᠡᠷᠡᠭᠦᠯᠬᠦ ᠲᠣᠭᠲᠠᠴᠠ ᠶᠢ ᠲᠦᠷᠭᠡᠳᠬᠡᠨ ᠪᠠᠶᠢᠭᠤᠯᠤᠨ᠎ᠠ᠃ ᠡᠳᠦᠷ ᠲᠤᠲᠤᠮ ᠤᠨ ᠲᠣᠭᠤᠷᠢᠨ | ᠪᠠᠶᠢᠴᠠᠭᠠᠬᠤ ᠶᠠᠪᠤᠴᠠ ᠳᠤ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠵᠠᠰᠠᠵᠤ ᠴᠢᠮᠡᠭᠯᠡᠬᠦ ᠦᠶᠯᠡ ᠠᠵᠢᠯᠯᠠᠭ᠎ᠠ ᠶᠢ ᠠᠵᠢᠯ ᠤᠨ ᠴᠢᠬᠤᠯᠠ ᠠᠭᠤᠯᠭ᠎ᠠ ᠪᠣᠯᠭᠠᠵᠤ᠂ | ᠥᠮᠴᠢᠯᠡᠬᠦ ᠡᠷᠬᠡᠲᠦ ᠬᠥᠮᠥᠨ ᠪᠤᠶᠤ ᠬᠡᠷᠡᠭᠯᠡᠭᠴᠢ ᠶᠢᠨ ᠠᠩᠬᠠᠷᠬᠤ ᠵᠦᠢᠯ ᠪᠠ ᠴᠠᠭᠠᠵᠠᠯᠠᠬᠤ ᠦᠶᠯᠡ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠮᠡᠳᠡᠭᠳᠡᠵᠦ᠂ | ᠬᠠᠮᠢᠶ᠎ᠠ ᠪᠦᠬᠦᠢ ᠭᠠᠷᠳᠠᠮ ᠭᠦᠢᠴᠡᠳᠬᠡᠭᠰᠡᠨ ᠡᠰᠡᠬᠦ ᠶᠢ ᠪᠠᠶᠢᠴᠠᠭᠠᠨ᠎ᠠ᠃ ᠬᠡᠷᠡᠭᠯᠡᠬᠦ ᠴᠢᠳᠠᠮᠵᠢ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ᠂ ᠳᠠᠭᠠᠭᠠᠴᠠ ᠶᠢᠨ | ᠪᠦᠲᠦᠴᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ᠂ ᠳᠤᠷ᠎ᠠ ᠪᠠᠷ ᠢᠶᠠᠨ ᠬᠡᠷᠡᠮ ᠨᠤᠷᠠᠭᠠᠵᠤ ᠲᠤᠯᠭᠠᠭᠤᠷᠢ ᠶᠢ ᠪᠠᠯᠪᠠᠴᠢᠭᠰᠠᠨ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠲᠡᠷᠡ ᠳᠠᠷᠤᠢ ᠳᠤᠨᠢ ᠢᠳᠬᠠᠨ ᠬᠤᠷᠢᠭᠯᠠᠬᠤ ᠶᠢᠨ ᠬᠠᠮᠲᠤ ᠲᠣᠭᠤᠷᠢᠨ ᠪᠠᠶᠢᠴᠠᠭᠠᠭᠰᠠᠨ ᠲᠠᠩᠰᠠ ᠡᠪᠬᠡᠮᠡᠯ ᠳᠤ ᠲᠡᠮᠳᠡᠭᠯᠡᠨ | ᠤᠷᠤᠭᠤᠯᠤᠨ᠎ᠠ᠃ ᠢᠳᠬᠠᠨ ᠬᠤᠷᠢᠭᠯᠠᠭᠠᠳ ᠲᠤᠰᠠ ᠭᠠᠷᠬᠤ ᠦᠭᠡᠢ ᠪᠣᠯ ᠲᠡᠷᠡ ᠳᠠᠷᠤᠢ ᠳᠤᠨᠢ ᠳᠡᠭᠡᠳᠦ ᠱᠠᠲᠤ ᠪᠠ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ | ᠮᠡᠳᠡᠬᠦᠯᠦᠨ᠎ᠡ᠃ | 3. ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠯᠭᠠᠷᠠᠭᠤᠯᠤᠨ ᠪᠠᠶᠢᠴᠠᠭᠠᠵᠤ ᠴᠡᠭᠴᠡᠯᠡᠨ ᠵᠠᠰᠠᠨ᠎ᠠ᠃ ᠰᠠᠯᠠᠭ᠎ᠠ ᠮᠥᠴᠢᠷ ᠤᠨ ᠬᠤᠯᠪᠤᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠡᠭᠦᠷᠭᠡ ᠴᠢᠳᠠᠪᠤᠷᠢ ᠪᠠᠨ ᠬᠠᠷᠢᠴᠠᠭᠤᠯᠤᠨ᠂ ᠬᠠᠤᠯᠢ ᠠᠴᠠ ᠵᠥᠷᠢᠴᠡᠨ ᠪᠦᠲᠦᠭᠡᠨ | ᠪᠠᠶᠢᠭᠤᠯᠤᠭᠰᠠᠨ ᠪᠠ ᠬᠠᠤᠯᠢ ᠲᠣᠭᠲᠠᠭᠠᠯ ᠠᠴᠠ ᠵᠥᠷᠢᠴᠡᠨ ᠬᠢᠨᠠᠨ ᠵᠥᠪᠰᠢᠶᠡᠷᠡᠭᠰᠡᠨ ᠭᠡᠷ ᠪᠠᠶᠢᠰᠢᠩ ᠢ ᠢᠯᠭᠠᠷᠠᠭᠤᠯᠤᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠭᠠᠵᠠᠷ ᠰᠢᠷᠣᠢ᠂ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠵᠡᠷᠭᠡ ᠭᠠᠷᠳᠠᠮ ᠢ ᠣᠯᠣᠭᠰᠠᠨ ᠦᠭᠡᠢ ᠵᠢᠴᠢ ᠳᠤᠷ᠎ᠠ ᠪᠠᠷ ᠢᠶᠠᠨ | ᠥᠭᠡᠷᠡᠴᠢᠯᠡᠨ ᠪᠠᠶᠢᠭᠤᠯᠵᠤ ᠲᠠᠰ ᠨᠡᠮᠡᠬᠦ᠂ ᠭᠠᠵᠠᠷ ᠳᠣᠣᠷᠠᠬᠢ ᠣᠷᠣᠨ ᠵᠠᠢ ᠶᠢ ᠬᠠᠤᠯᠢ ᠪᠤᠰᠤ ᠪᠠᠷ ᠨᠡᠭᠡᠭᠡᠨ ᠮᠠᠯᠲᠠᠬᠤ ᠵᠡᠷᠭᠡ ᠦᠶᠯᠡ ᠠᠵᠢᠯᠯᠠᠭ᠎ᠠ ᠶᠢ ᠬᠠᠤᠯᠢ | ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠣᠯᠠᠨ ᠨᠡᠶᠢᠲᠡ ᠶᠢᠨ ᠠᠮᠤᠷ ᠲᠦᠪᠰᠢᠨ ᠳᠤ ᠬᠦᠨᠳᠦ ᠨᠣᠴᠢᠲᠠᠢ ᠬᠤᠣᠷ ᠬᠥᠨᠥᠭᠡᠯ | ᠤᠴᠠᠷᠠᠭᠤᠯᠤᠭᠰᠠᠨ ᠮᠥᠷᠲᠡᠭᠡᠨ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠡᠳ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠵᠦ᠂ ᠬᠠᠤᠯᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡ ᠪᠠᠷ ᠢᠯᠡᠴᠢᠯᠡᠨ᠎ᠡ᠃ ᠬᠠᠤᠯᠢ ᠶᠢ ᠵᠥᠷᠢᠴᠡᠨ ᠪᠦᠲᠦᠭᠡᠨ | ᠪᠠᠶᠢᠭᠤᠯᠤᠭᠰᠠᠨ᠂ ᠬᠠᠤᠯᠢ ᠶᠢ ᠵᠥᠷᠢᠴᠡᠵᠦ ᠲᠣᠭᠲᠠᠭᠠᠯ ᠢ ᠵᠥᠷᠢᠴᠡᠨ ᠬᠢᠨᠠᠨ ᠵᠥᠪᠰᠢᠶᠡᠷᠡᠭᠰᠡᠨ ᠠᠰᠠᠭᠤᠳᠠᠯ ᠣᠷᠣᠰᠢᠵᠤ ᠪᠠᠶᠢᠭ᠎ᠠ ᠥᠪᠡᠷ ᠢᠶᠠᠨ ᠪᠠᠷᠢᠭᠰᠠᠨ ᠭᠡᠷ | ᠪᠠᠶᠢᠰᠢᠩ ᠢ ᠡᠵᠡᠩᠨᠡᠯᠲᠡ ᠶᠢᠨ ᠠᠵᠢᠯᠯᠠᠭ᠎ᠠ ᠳᠤ ᠬᠡᠷᠡᠭᠯᠡᠵᠦ ᠪᠣᠯᠬᠤ ᠦᠭᠡᠢ᠃ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠢ ᠱᠠᠩᠨᠠᠨ ᠬᠥᠬᠢᠭᠦᠯᠬᠦ ᠲᠣᠭᠲᠠᠴᠠ ᠶᠢ | ᠪᠠᠶᠢᠭᠤᠯᠵᠤ᠂ ᠢᠯᠡᠴᠢᠯᠡᠨ ᠮᠡᠳᠡᠭᠦᠯᠦᠭᠴᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠵᠤ᠂ ᠢᠯᠡᠴᠢᠯᠡᠨ ᠮᠡᠳᠡᠭᠦᠯᠦᠭᠰᠡᠨ ᠢ ᠪᠠᠶᠢᠴᠠᠭᠠᠨ | ᠲᠣᠳᠣᠯᠠᠮᠠᠭᠴᠠ ᠱᠠᠩᠨᠠᠨ ᠬᠦᠬᠢᠬᠦᠯᠦᠨ᠎ᠡ᠃ ᠭᠡᠷ ᠪᠠᠶᠢᠰᠢᠩ ᠤᠨ ᠠᠮᠤᠷ ᠲᠦᠪᠰᠢᠨ ᠤ ᠪᠠᠶᠢᠳᠠᠯ ᠢ ᠵᠣᠷᠢᠭᠤᠳᠠ ᠨᠢᠭᠤᠨ ᠳᠠᠯᠳᠠᠯᠠᠵᠤ᠂ ᠨᠤᠷᠠᠬᠤ ᠠᠶᠤᠯᠲᠠᠢ ᠭᠡᠷ | ᠪᠠᠶᠢᠰᠢᠩ ᠢ ᠡᠵᠡᠩᠨᠡᠯᠲᠡ ᠶᠢᠨ ᠲᠠᠯᠠᠪᠤᠷ ᠭᠠᠵᠠᠷ ᠪᠣᠯᠭᠠᠭᠠᠳ ᠬᠦᠨᠳᠦ ᠶᠡᠭᠡ ᠡ᠊ᠨᠳᠡᠯ ᠭᠠᠷᠭᠠᠭᠰᠠᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | 4. ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠤᠰᠢᠶᠠᠯ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠪᠠ ᠴᠢᠩᠭᠠᠷᠠᠭᠤᠯᠵᠤ᠂ ᠦᠨᠳᠦᠰᠦᠨ ᠱᠠᠲᠤᠨ ᠤ ᠬᠢᠨᠠᠨ ᠬᠠᠮᠢᠶᠠᠷᠬᠤ ᠬᠦᠴᠦᠨ ᠢ | ᠳᠡᠬᠦᠯᠳᠡᠷᠵᠢᠬᠦᠯᠦᠨ᠎ᠡ᠃ ︽ᠬᠡᠨ ᠬᠢᠨᠠᠨ ᠵᠥᠪᠰᠢᠶᠡᠷᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠭᠠᠵᠠᠷ ᠬᠡᠷᠡᠭᠯᠡᠬᠦ᠂ ᠲᠦᠯᠦᠪᠵᠢᠬᠦᠯᠬᠡ᠂ ᠪᠦᠲᠦᠭᠡᠨ | ᠪᠠᠶᠢᠭᠤᠯᠬᠤ᠂ ᠡᠵᠡᠩᠨᠡᠬᠦ ᠵᠡᠷᠭᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠭᠰᠡᠨ ᠤ ᠳᠠᠷᠠᠭᠠᠬᠢ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠥᠮᠴᠢᠯᠡᠯ ᠤᠨ ᠡᠷᠬᠡᠲᠦ ᠬᠥᠮᠥᠨ ᠪᠠ ᠬᠡᠷᠡᠭᠯᠡᠭᠴᠢ ᠶᠢ | ᠰᠢᠮᠳᠠᠭᠤᠯᠵᠤ ᠪᠠᠶᠢᠭᠠᠳ ᠭᠡᠷ ᠪᠠᠶᠢᠰᠢᠩ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠳ | ᠬᠤᠯᠪᠤᠭᠠᠯᠠᠨ ᠬᠥᠳᠡᠯᠦᠯᠴᠡᠬᠦ ᠪᠠᠷ ᠳᠠᠮᠵᠢᠭᠤᠯᠤᠨ ᠭᠡᠷ ᠪᠠᠶᠢᠰᠢᠩ ᠤᠨ ᠠᠮᠤᠷ ᠲᠦᠪᠰᠢᠨ ᠤ ᠪᠢᠳᠡᠬᠦᠮᠵᠢᠯᠡᠭᠰᠡᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠭᠡᠷ ᠪᠠᠶᠢᠰᠢᠩ | ᠤᠨ ᠠᠮᠤᠷ ᠲᠦᠪᠰᠢᠨ ᠢ ᠬᠢᠨᠠᠨ ᠲᠣᠭᠲᠠᠭᠠᠬᠤ ᠪᠠᠶᠢᠭᠤᠯᠤᠮᠵᠢ ᠪᠣᠯᠣᠨ ᠠᠵᠢᠯᠯᠠᠭᠰᠠᠳ ᠤᠨ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠲᠣᠭᠲᠠᠭᠠᠬᠤ ᠪᠠᠶᠢᠭᠤᠯᠤᠮᠵᠢ | ᠨᠢ ᠮᠡᠳᠡᠭᠦᠯᠦᠯᠲᠡ ᠶᠢᠨ ᠦᠨᠡᠨ ᠪᠣᠳᠠᠲᠤ ᠴᠢᠨᠠᠷ ᠪᠣᠯᠣᠨ ᠣᠨᠣᠪᠴᠢᠲᠤ ᠴᠢᠨᠠᠷ ᠲᠤ ᠬᠠᠷᠢᠭᠤᠴᠠᠨ᠎ᠠ᠃ ᠪᠠᠶᠢᠩᠭᠤᠵᠢᠭᠰᠠᠨ ᠭᠡᠷ ᠪᠠᠶᠢᠰᠢᠩ ᠤᠨ ᠪᠠᠶᠢᠴᠠᠭᠠᠯᠲᠠ ᠶᠢᠨ | ᠳᠦᠷᠢᠮ ᠢ ᠳᠤᠭᠳᠠᠭᠠᠵᠤ᠂ ᠭᠡᠷ ᠪᠠᠶᠢᠰᠢᠩ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠢ ᠴᠢᠩᠭᠠᠳᠬᠠᠨ᠎ᠠ᠃ | ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ | ᠡᠯ᠎ᠡ ᠪᠠᠯᠭᠠᠰᠤ᠂ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠳ ᠥᠪᠡᠷ ᠢᠶᠠᠨ ᠪᠠᠷᠢᠭᠰᠠᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠠᠵᠢᠯ ᠢ ᠶᠠᠭ ᠥᠷᠨᠢᠭᠦᠯᠵᠦ ᠪᠠᠶᠢᠭ᠎ᠠ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ᠂ | ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠬᠤ ᠪᠠ ᠬᠠᠤᠯᠢ ᠲᠣᠭᠲᠠᠭᠠᠯ ᠠᠴᠠ ᠵᠦᠷᠢᠴᠡᠨ ᠬᠢᠨᠠᠨ ᠵᠦᠪᠰᠢᠶᠡᠷᠡᠭᠰᠡᠨ ᠢ ᠲᠤᠰᠬᠠᠢ ᠵᠦᠢᠯ ᠢᠶᠠᠷ ᠢᠯᠭᠠᠷᠠᠭᠤᠯᠤᠨ | ᠪᠠᠶᠢᠴᠠᠭᠠᠬᠤ ᠵᠡᠷᠭᠡ ᠠᠵᠢᠯ ᠯᠤᠭ᠎ᠠ ᠬᠠᠷᠢᠯᠴᠠᠨ ᠤᠶᠠᠯᠳᠤᠭᠤᠯᠵᠤ᠂ ᠨᠢᠭᠡᠳᠦᠯᠲᠡᠢ ᠲᠥᠯᠥᠪᠯᠡᠨ ᠠᠬᠢᠭᠤᠯᠵᠤ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠤᠨ᠎ᠠ᠃ | ︵ᠨᠢᠭᠡ︶ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠱᠠᠲᠤ ᠦᠶ᠎ᠡ ︵2022 ᠣᠨ ᠤ 5 ᠰᠠᠷ᠎ᠠ ᠠᠴᠠ 2023 ᠣᠨ ᠤ 6 ᠰᠠᠷ᠎ᠠ ᠪᠣᠯᠲᠠᠯ᠎ᠠ︶᠃ ᠲᠣᠰ | ᠡᠳᠦᠷ ᠠᠴᠠ ᠡᠬᠢᠯᠡᠨ 2023 ᠣᠨ ᠤ 6 ᠰᠠᠷ᠎ᠠ ᠶᠢᠨ ᠰᠡᠭᠦᠯᠴᠢ ᠠᠴᠠ ᠡᠮᠦᠨ᠎ᠡ ᠪᠥᠬᠦ ᠳᠤᠭᠤᠷᠢᠭ ᠤᠨ ᠦᠪᠡᠷ ᠢᠶᠠᠨ ᠪᠠᠷᠢᠭᠰᠠᠨ ᠭᠡᠷ ᠪᠠᠶᠢᠰᠢᠩ ᠢ ᠪᠣᠶ ᠪᠦᠬᠦᠢ | ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠶᠢ ᠪᠡᠶᠡᠯᠡᠭᠦᠯᠦᠨ᠎ᠡ᠃ ᠡᠭᠦᠨ ᠳᠤ᠂ ᠡᠵᠡᠩᠨᠡᠯᠲᠡ ᠶᠢᠨ ᠴᠢᠨᠠᠷᠲᠠᠢ ᠦᠪᠡᠷ ᠢᠶᠠᠨ ᠪᠠᠷᠢᠭᠰᠠᠨ ᠬᠡᠷ ᠪᠠᠶᠢᠰᠢᠩ ᠢ | ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠶᠢ 2022 ᠣᠨ ᠤ 6 ᠰᠠᠷ᠎ᠠ ᠶᠢᠨ ᠰᠡᠭᠦᠯᠴᠢ ᠠᠴᠠ ᠡᠮᠦᠨ᠎ᠡ ᠪᠥᠬᠦ ᠲᠠᠯ᠎ᠠ ᠪᠠᠷ ᠪᠡᠶᠡᠯᠡᠭᠦᠯᠵᠦ᠂ ᠰᠠᠭᠤᠭᠠᠯᠢ | ᠡᠷᠦᠬᠡ ᠳᠤ ᠡᠬᠡ ᠲᠠᠩᠰᠠ ᠪᠠᠶᠢᠭᠤᠯᠤᠨ᠂ 2022 ᠣᠨ ᠤ 8 ᠰᠠᠷ᠎ᠠ ᠶᠢᠨ ᠰᠡᠭᠦᠯᠴᠢ ᠠᠴᠠ ᠡᠮᠦᠨ᠎ᠡ ︽ᠵᠠᠭᠤᠨ ᠡᠳᠦᠷ ᠤᠨ ᠠᠵᠢᠯᠯᠠᠭ᠎ᠠ︾ ᠶᠢᠨ ᠠᠵᠢᠯ ᠤᠨ | ᠱᠠᠭᠠᠷᠳᠠᠯᠭ᠎ᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠣᠯᠠᠨ ᠬᠥᠮᠥᠨ ᠦᠬᠦᠵᠦ ᠣᠯᠠᠨ ᠬᠥᠮᠥᠨ ᠰᠢᠷᠬᠠᠲᠤᠬᠤ ᠠᠳᠡᠯ ᠭᠠᠷᠬᠤ ᠦᠭᠡᠢ ᠪᠠᠶᠢᠬᠤ ᠶᠢ ᠦᠨᠡᠨᠬᠦ | ᠪᠠᠳᠤᠯᠠᠨ᠎ᠠ᠃ | ︵ᠬᠤᠶᠠᠷ︶ ᠲᠥᠪᠯᠡᠷᠡᠭᠦᠯᠦᠨ ᠴᠡᠭᠴᠡᠯᠡᠨ ᠵᠠᠰᠠᠨ᠎ᠠ ︵2023 ᠣᠨ ᠤ 6 ᠰᠠᠷ᠎ᠠ ᠠᠴᠠ 2025 ᠣᠨ ᠤ 6 ᠰᠠᠷ᠎ᠠ ᠪᠣᠯᠲᠠᠯ᠎ᠠ︶᠃ ᠵᠢᠭᠰᠠᠭᠠᠨ ᠪᠠᠶᠢᠴᠠᠭᠠᠵᠤ | ᠢᠯᠡᠷᠡᠭᠦᠯᠦᠭᠰᠡᠨ ᠪᠦᠲᠦᠴᠡ ᠶᠢᠨ ᠴᠢᠨᠠᠷᠲᠠᠢ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠦᠪᠡᠷ ᠢᠶᠠᠨ ᠪᠠᠷᠢᠭᠰᠠᠨ ᠭᠡᠷ ᠪᠠᠶᠢᠰᠢᠩ ᠢᠶᠠᠨ ᠭᠤᠣᠯᠳᠠᠯᠭ᠎ᠠ | ᠪᠣᠯᠭᠠᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠴᠡᠭᠴᠡᠯᠡᠨ ᠵᠠᠰᠠᠬᠤ ᠡᠬᠡ ᠲᠠᠩᠰᠠ ᠪᠠᠶᠢᠭᠤᠯᠤᠨ᠂ ᠳ᠋ᠤᠭᠠᠷ ᠢ ᠨᠢ ᠬᠠᠰᠤᠬᠤ | ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠡ ᠡᠷᠦᠬᠡ ᠶᠢ ᠪᠡᠶᠡᠯᠡᠬᠦᠯᠪᠡᠯ ᠨᠢᠬᠡ ᠳ᠋ᠤᠭᠠᠷ ᠢ ᠬᠠᠰᠤᠬᠤ ᠶᠢ ᠦᠨᠡᠨᠬᠦ ᠪᠠᠳᠤᠯᠠᠨ᠎ᠠ᠃ 2025 ᠣᠨ ᠤ 6 ᠰᠠᠷ᠎ᠠ ᠶᠢᠨ | ᠰᠡᠭᠦᠯᠴᠢ ᠠᠴᠠ ᠡᠮᠦᠨ᠎ᠡ ᠦᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠪᠦᠬᠦᠨ ᠢ ᠴᠡᠭᠴᠡᠯᠡᠨ ᠵᠠᠰᠠᠬᠤ ᠶᠢ ᠪᠡᠶᠡᠯᠡᠭᠦᠯᠦᠨ᠎ᠡ᠃ | ︵ᠭᠤᠷᠪᠠ︶ ᠪᠠᠬᠢᠵᠢᠭᠦᠯᠦᠨ ᠳᠡᠭᠡᠭᠰᠢᠯᠡᠭᠦᠯᠦᠨ᠎ᠡ ︵ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ︶᠃ ᠬᠤᠯᠠ ᠣᠶᠢᠷ᠎ᠠ ᠶᠢ ᠤᠶᠠᠯᠳᠤᠭᠤᠯᠬᠤ᠂ ᠦᠡᠭᠭᠡᠨ ᠲᠠᠯ᠎ᠠ ᠪᠠ | ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠭᠡᠷ ᠪᠠᠶᠢᠰᠢᠩ ᠤᠨ ᠠᠮᠤᠷ ᠲᠦᠪᠰᠢᠨ ᠤ ᠲᠠᠯᠳᠠ ᠭᠡᠮ ᠢ ᠪᠦᠲᠦᠮᠵᠢᠲᠡᠶ ᠠᠷᠢᠯᠭᠠᠨ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ | ᠬᠢᠵᠠᠭᠠᠷᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠰᠢᠩᠭᠡᠭᠡᠨ᠎ᠡ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠪᠠᠯᠭᠠᠰᠤ᠂ ᠵᠡᠭᠡᠯᠢ ᠭᠤᠳᠤᠮᠵᠢ᠂ ᠠᠵᠢᠯ ᠲᠥᠷᠥᠯ ᠤᠨ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠪᠠᠷ ᠠᠵᠢᠯ ᠶᠠᠪᠤᠳᠠᠯ ᠬᠢᠵᠦ᠂ ᠨᠠᠩ ᠡᠷᠡᠰ ᠰᠢᠭᠤᠷᠬᠠᠢ ᠣᠪᠣᠷ᠂ | ᠨᠠᠩ ᠬᠦᠴᠦᠲᠡᠢ ᠠᠷᠭ᠎ᠠ ᠬᠡᠮᠵᠢᠶ᠎ᠡ᠂ ᠨᠠᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠦᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠴᠡᠭᠴᠡᠯᠡᠨ | ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠳᠤᠭᠤᠷᠢᠭ ᠤᠨ ᠦᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ | ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠨᠢ ᠵᠣᠬᠢᠶᠠᠨ ᠪᠠᠶᠢᠭᠤᠯᠤᠨ ᠤᠳᠤᠷᠢᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ | ᠴᠢᠩᠭᠠᠳᠬᠠᠵᠤ᠂ ᠪᠥᠬᠦ ᠳᠤᠭᠤᠷᠢᠭ ᠤᠨ ᠦᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠢ ᠲᠤᠰᠬᠠᠢ ᠴᠡᠭᠴᠡᠯᠡᠨ ᠵᠠᠰᠠᠬᠤ ᠠᠵᠢᠯ ᠢ ᠵᠢᠯᠤᠭᠤᠳᠴᠤ᠂ | ᠡᠯ᠎ᠡ ᠪᠠᠯᠭᠠᠰᠤ ᠵᠡᠭᠡᠯᠢ ᠭᠤᠳᠤᠮᠵᠢ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠦᠪᠡᠷ ᠢᠶᠠᠨ ᠪᠠᠷᠢᠭᠰᠠᠨ ᠭᠡᠷ ᠪᠠᠶᠢᠰᠢᠩ ᠤᠨ | ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠤᠰᠬᠠᠢ | ᠴᠡᠭᠴᠡᠯᠡᠨ ᠵᠠᠰᠠᠬᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠡᠯ᠎ᠡ ᠪᠠᠯᠭᠠᠰᠤ᠂ ᠵᠡᠭᠡᠯᠢ ᠭᠤᠳᠤᠮᠵᠢ᠂ ᠠᠵᠢᠯ | ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠵᠤᠬᠢᠴᠠᠯᠳᠤᠨ ᠵᠣᠬᠢᠶᠠᠨ ᠪᠠᠶᠢᠭᠤᠯᠵᠤ ᠤᠳᠤᠷᠢᠳᠬᠤ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ᠂ | ᠪᠣᠳᠠᠲᠠᠢ ᠠᠵᠢᠯ ᠤᠨ ᠲᠥᠰᠥᠯ ᠲᠣᠭᠲᠠᠭᠠᠬᠤ ᠶᠢᠨ ᠬᠠᠮᠲᠤ᠂ 2022 ᠣᠨ ᠤ 6 ᠰᠠᠷ᠎ᠠ ᠶᠢᠨ 17 ᠤ ᠡᠳᠦᠷ ᠠᠴᠠ ᠡᠮᠦᠨ᠎ᠡ ᠲᠣᠰ ᠨᠢᠭᠡᠴᠡ ᠶᠢᠨ ᠢᠶᠠᠨ ᠠᠵᠢᠯ ᠤᠨ | ᠲᠥᠰᠥᠯ ᠢᠶᠠᠨ ᠲᠣᠭᠤᠷᠢᠭ ᠤᠨ ᠦᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ︵ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ 413 ᠲᠠᠰᠤᠭ᠂ | ᠬᠠᠷᠢᠯᠴᠠᠬᠤ ᠤᠲᠠᠰᠤ᠄ 13284778123︶ ᠲᠤ ᠮᠡᠳᠡᠭᠦᠯᠦᠨ ᠬᠦᠷᠬᠡᠨ᠎ᠡ᠃ | ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠪᠠᠯᠭᠠᠰᠤ᠂ ᠵᠡᠭᠡᠯᠢ ᠭᠤᠳᠤᠮᠵᠢ᠂ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠤᠳ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠣᠰ | ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠵᠡᠷᠬᠡᠪᠡᠷ ᠠᠳᠬᠤᠨ ᠬᠠᠮᠲᠤᠪᠠᠷ ᠬᠠᠮᠢᠶᠠᠷᠴᠤ᠂ | ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠥᠨ ᠪᠤᠶᠤ ᠪᠣᠳᠠᠲᠠᠢ ᠡᠵᠡᠮᠳᠡᠭᠴᠢ ᠨᠢ ᠭᠡᠷ ᠪᠠᠶᠢᠰᠢᠩ ᠤᠨ ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭᠠᠲᠠᠨ | ᠪᠣᠯᠬᠤ ᠶᠢ ᠲᠣᠳᠣᠷᠬᠠᠶᠢᠯᠠᠵᠤ᠂ ᠬᠢᠨᠠᠨ ᠲᠣᠭᠲᠠᠭᠠᠬᠤ ᠪᠠᠶᠢᠭᠤᠯᠤᠮᠵᠢ ᠶᠢᠨ ᠭᠤᠷᠪᠠᠳᠠᠭᠢ ᠡᠲᠡᠭᠡᠳ ᠤᠨ ᠬᠠᠷᠢᠭᠤᠴᠠᠯᠭ᠎ᠠ ᠶᠢ ᠳᠤᠳᠤᠷᠬᠠᠶᠢᠯᠠᠨ᠎ᠠ᠃ ᠬᠠᠤᠯᠢ ᠴᠠᠭᠠᠵᠠ᠂ | ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠲᠤᠰᠬᠠᠢ ᠴᠡᠭᠴᠡᠯᠡᠨ ᠵᠠᠰᠠᠬᠤ ᠠᠵᠢᠯ ᠤᠨ ᠳᠤᠮᠳᠠ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠬᠠᠤᠯᠢ | ᠴᠠᠭᠠᠵᠠ ᠶᠢᠨ ᠡᠶᠡᠳᠡᠭᠦᠯᠭᠡ ᠬᠢᠬᠦ᠂ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠨ᠎ᠡ᠃ | ︵ᠭᠤᠷᠪᠠ︶ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠶᠢ ᠴᠢᠩᠭᠠᠷᠠᠭᠤᠯᠤᠨ᠎ᠠ᠃ ᠳᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ | ᠨᠢ ᠠᠮᠤᠷ ᠲᠦᠪᠰᠢᠨ ᠢ ᠶᠡᠷᠦᠩᠬᠡᠶᠢᠯᠡᠨ ᠬᠢᠨᠠᠨ ᠬᠠᠮᠢᠶᠠᠷᠴᠤ ᠵᠢᠯᠤᠭᠤᠳᠬᠤ᠂ ᠰᠢᠮᠳᠠᠭᠤᠯᠬᠤ ᠪᠠ ᠠᠬᠢᠭᠤᠯᠬᠤ ᠠᠵᠢᠯ ᠤᠨ ᠳᠤᠰᠢᠶᠠᠯ ᠬᠠᠷᠢᠭᠤᠴᠠᠯᠭ᠎ᠠ ᠪᠠᠨ | ᠬᠦᠢᠴᠡᠳᠬᠡᠨ᠎ᠡ᠃ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠨᠢ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ | ᠴᠡᠭᠴᠡᠯᠡᠨ ᠵᠠᠰᠠᠬᠤ ᠠᠵᠢᠯ ᠢ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠬᠡᠪᠴᠢᠶᠡᠨ ᠳᠤ | ᠤᠷᠤᠭᠤᠯᠤᠨ᠎ᠠ᠃ ᠪᠠᠶᠢᠴᠠᠭᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠭᠡᠨᠡᠳᠲᠡ ᠪᠠᠷ ᠪᠠᠶᠢᠴᠠᠭᠠᠯᠲᠠ | ᠬᠢᠬᠦ᠂ ᠡᠷᠭᠢᠵᠦ ᠪᠠᠶᠢᠴᠠᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠶᠢᠴᠠᠭᠠᠬᠤ ᠪᠣᠳᠠᠲᠤ ᠦᠷ᠎ᠡ ᠪᠦᠲᠦᠮᠵᠢ ᠶᠢ ᠴᠢᠩᠭᠠᠷᠠᠭᠤᠯᠵᠤ᠂ | ᠵᠤᠬᠢᠴᠠᠯᠳᠤᠨ ᠬᠢᠨᠠᠨ ᠵᠢᠯᠤᠭᠤᠳᠴᠤ ᠪᠠᠶᠢᠴᠠᠭᠠᠬᠤ ᠲᠣᠭᠲᠠᠴᠠ ᠶᠢ ᠪᠠᠶᠢᠭᠤᠯᠤᠨ᠂ ᠭᠠᠷᠠᠭ ᠲᠤ ᠮᠡᠳᠡᠭᠦᠯᠬᠦ᠂ ᠠᠷᠪᠠᠨ ᠡᠳᠦᠷ ᠢᠶᠠᠷ ᠲᠣᠬᠢᠷᠠᠭᠤᠯᠬᠤ᠂ ᠰᠠᠷ᠎ᠠ ᠳᠤ | ᠮᠡᠳᠡᠭᠡᠯᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠪᠥᠬᠦ ᠲᠠᠯ᠎ᠠ ᠶᠢᠨ | ᠪᠠᠶᠢᠩᠭᠤᠵᠢᠭᠰᠠᠨ ᠬᠢᠨᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ | ︵ᠳᠥᠷᠪᠡ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠷᠠᠭᠤᠯᠤᠨ᠎ᠠ᠃ ᠰᠣᠨᠢᠨ ᠮᠡᠳᠡᠭᠡᠨ ᠤ ᠵᠠᠭᠤᠴᠢᠯᠠᠭᠤᠷ ᠤᠳ ᠰᠣᠨᠢᠨ᠂ ᠲᠧᠯᠸᠢᠰ᠂ ᠰᠦᠯᠵᠢᠶ᠎ᠡ ᠵᠡᠷᠭᠡ | ᠵᠠᠭᠤᠴᠢᠯᠠᠭᠤᠷ ᠢ ᠭᠦᠢᠴᠡᠳ ᠠᠰᠢᠭᠯᠠᠨ᠂ ᠦᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠴᠢᠬᠤᠯᠠ | ᠴᠢᠨᠠᠷ ᠢ ᠥᠷᠭᠡᠨ ᠢᠶᠠᠷ ᠤᠬᠠᠭᠤᠯᠵᠤ᠂ ᠠᠮᠤᠷ ᠲᠦᠪᠰᠢᠨ ᠪᠠ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠦᠨ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ᠂ | ᠥᠮᠴᠢᠯᠡᠬᠦ ᠡᠷᠬᠡᠲᠦ ᠬᠥᠮᠥᠨ ᠪᠠ ᠬᠡᠷᠡᠭᠯᠡᠭᠴᠢ ᠶᠢᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠪᠥᠬᠦ ᠨᠡᠶᠢᠭᠡᠮ ᠤᠨ | ᠣᠯᠠᠨ ᠨᠡᠶᠢᠲᠡ ᠶᠢᠨ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠰᠠᠶᠢᠨ ᠰᠠᠶᠢᠬᠠᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ | ᠪᠣᠶ ᠪᠤᠯᠭᠠᠨ᠎ᠠ᠃ ᠦᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠳᠤᠮᠳᠠᠬᠢ ᠰᠠᠶᠢᠨ ᠲᠤᠷᠰᠢᠯᠭ᠎ᠠ᠂ | ᠰᠠᠶᠢᠨ ᠠᠷᠭ᠎ᠠ ᠬᠢᠳᠡᠯ ᠢ ᠢᠳᠡᠪᠬᠢᠲᠡᠢ ᠤᠬᠠᠭᠤᠯᠵᠤ᠂ ᠲᠠᠶᠢᠯᠪᠤᠷᠢᠯᠠᠵᠤ ᠬᠥᠲᠥᠯᠥᠨ ᠵᠢᠯᠤᠭᠤᠳᠬᠤ ᠠᠵᠢᠯ ᠢ ᠴᠢᠭᠯᠡᠭᠦᠯᠬᠦ ᠴᠢᠨᠠᠷᠲᠠᠢ ᠪᠠᠷ ᠰᠠᠶᠢᠲᠤᠷ ᠬᠢᠵᠦ᠂ | ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠲᠦᠭᠰᠢᠭᠦᠷᠢ ᠶᠢᠨ ᠳᠠᠯᠳᠠ ᠬᠡᠮ ᠢ ᠪᠦᠲᠦᠮᠵᠢᠲᠡᠶ ᠠᠷᠢᠯᠭᠠᠨ᠎ᠠ᠃ | | | | | | |