| ᠳ᠋ᠦᠩᠱᠧᠩ ᠵᠠᠰᠠᠭ ᠠᠯᠪᠠᠨ ᠲᠠᠷᠬᠠᠭᠠᠬᠤ〔2022〕27 ᠳ᠋ᠤᠭᠠᠷ ᠲᠣᠭᠠᠲᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠵᠢᠴᠢ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ | ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ | ᠪᠣᠯᠣᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠨᠡᠶᠢᠲᠡᠯᠡᠭᠰᠡᠨ ︽ᠦᠵᠦᠬᠦᠷ ᠪᠠᠯᠭᠠᠰᠤᠨ ᠤ ᠤᠷᠤᠨ ᠪᠦᠰᠡ ᠶᠢᠨ ᠬᠠᠤᠯᠢ ᠠᠴᠠ | ᠵᠥᠷᠢᠴᠡᠨ ᠤᠰᠤ ᠲᠠᠲᠠᠵᠤ ᠤᠰᠤ ᠬᠡᠷᠡᠭᠯᠡᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠦᠨᠳᠦ ᠨᠣᠴᠢᠲᠠᠢ ᠨᠥᠯᠥᠭᠡᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ︾ | ᠶᠢᠨ ᠰᠤᠷᠭᠠᠮᠵᠢ ᠶᠢ ᠭᠦᠨᠵᠡᠭᠡᠢ ᠭᠥᠯᠢᠶᠡᠨ ᠠᠪᠴᠤ᠂ ᠬᠤᠲᠠ ᠪᠠᠯᠭᠠᠰᠤ ᠶᠢᠨ ᠲᠥᠪᠯᠡᠷᠡᠭᠦᠯᠦᠨ ᠤᠰᠤ ᠬᠠᠩᠭᠠᠬᠤ᠂ ᠪᠣᠬᠢᠷ ᠤᠰᠤ ᠶᠢ ᠴᠤᠭᠯᠠᠭᠤᠯᠤᠨ ᠰᠢᠢᠳᠪᠦᠷᠢᠯᠡᠬᠦ | ᠵᠢᠴᠢ ᠠᠰᠢᠭᠯᠠᠬᠤ ᠵᠡᠷᠭᠡ ᠲᠠᠯ᠎ᠠ ᠶᠢᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠷᠠᠭᠤᠯᠤᠨ᠂ ᠬᠤᠲᠠ ᠪᠠᠯᠭᠠᠰᠤ ᠶᠢᠨ | ᠬᠥᠭᠵᠢᠯᠲᠡ ᠶᠢᠨ ᠳᠤᠲᠠᠭᠤᠳᠠᠯ ᠢ ᠨᠥᠬᠦᠪᠦᠷᠢᠯᠡᠵᠦ᠂ ᠬᠤᠲᠠ ᠪᠠᠯᠭᠠᠰᠤ ᠶᠢᠨ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠤᠰᠤᠨ ᠤ ᠡᠬᠢ | ᠪᠠᠶᠠᠯᠢᠭ ᠢ ᠬᠠᠮᠢᠶᠠᠷᠴᠤ ᠬᠠᠮᠠᠭᠠᠯᠠᠬᠤ ᠬᠢᠷᠢ ᠬᠡᠮᠵᠢᠶ᠎ᠡ ᠶᠢ ᠳᠡᠬᠡᠭᠰᠢᠯᠡᠬᠦᠯᠬᠦ ᠶᠢᠨ ᠲᠦᠯᠦᠬᠡ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ | ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠤᠯᠤᠰ ᠤᠨ ᠠᠮᠢ | ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠮᠠᠨ ᠤ ᠤᠯᠤᠰ ᠤᠨ ᠤᠮᠠᠷᠠᠲᠤ ᠶᠢᠨ | ᠠᠮᠢ ᠠᠬᠤᠢ ᠶᠢᠨ ᠴᠢᠬᠤᠯᠠ ᠬᠠᠯᠬᠠᠪᠴᠢ ᠶᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠳᠤᠭᠳᠠᠭᠠᠯᠳᠠ ᠳᠤ ᠴᠢᠭᠯᠡᠬᠦᠯᠦᠨ᠂ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠣᠪᠣᠶᠢᠮ᠎ᠠ ᠠᠰᠠᠭᠤᠳᠠᠯ ᠢ ᠰᠠᠶᠢᠳᠤᠷ ᠰᠢᠢᠳᠪᠤᠷᠢᠯᠡᠵᠤ᠂ ᠲᠦᠰᠦᠯ ᠢᠶᠠᠷ ᠰᠠᠶᠢᠵᠢᠷᠠᠭᠤᠯᠬᠤ ᠶᠢ ᠠᠬᠢᠭᠤᠯᠬᠤ | ᠠᠵᠢᠯ ᠢ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠶᠢᠨ ᠪᠣᠳᠠᠲᠠᠢ ᠢᠯᠡᠷᠡᠯ ᠪᠣᠯᠭᠠᠵᠤ᠂ ᠤᠯᠤᠰ | ᠲᠥᠷᠥ ᠶᠢᠨ ᠲᠠᠯ᠎ᠠ ᠠᠴᠠ ᠦᠵᠡᠬᠦ᠂ ᠤᠯᠤᠰ ᠲᠥᠷᠥ ᠶᠢᠨ ᠲᠠᠯ᠎ᠠ ᠠᠴᠠ ᠰᠢᠢᠳᠪᠦᠷᠢᠯᠡᠬᠦ᠂ ᠤᠯᠤᠰ ᠲᠥᠷᠥ ᠶᠢᠨ ᠲᠠᠯ᠎ᠠ ᠠᠴᠠ ᠪᠠᠶᠢᠴᠠᠭᠠᠬᠤ᠂ ᠤᠯᠤᠰ ᠲᠥᠷᠥ ᠶᠢᠨ | ᠲᠠᠯ᠎ᠠ ᠠᠴᠠ ᠥᠭᠡᠷᠡᠴᠢᠯᠡᠬᠦ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠣᠪᠤᠶᠢᠯᠭᠠᠵᠤ᠂ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠪᠦᠬᠦ ᠳᠤᠭᠤᠷᠢᠭ ᠤᠨ ᠬᠤᠲᠠ ᠪᠠᠯᠭᠠᠰᠤᠨ ᠤ ᠲᠥᠪᠯᠡᠷᠡᠭᠦᠯᠦᠨ ᠤᠰᠤ ᠬᠠᠩᠭᠠᠬᠤ᠂ ᠠᠮᠢᠳᠤᠷᠠᠯ ᠤᠨ ᠪᠣᠬᠢᠷ ᠤᠰᠤ ᠶᠢ ᠴᠤᠭᠯᠠᠭᠤᠯᠤᠨ | ᠰᠢᠢᠳᠪᠦᠷᠢᠯᠡᠬᠦ ᠵᠢᠴᠢ ᠠᠰᠢᠭᠯᠠᠬᠤ ᠵᠡᠷᠭᠡ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠮᠠᠨ ᠤ ᠳᠤᠭᠤᠷᠢᠭ ᠤᠨ ᠬᠤᠲᠠ ᠪᠠᠯᠭᠠᠰᠤᠨ ᠤ ᠲᠥᠪᠯᠡᠷᠡᠭᠦᠯᠦᠨ | ᠤᠰᠤ ᠬᠠᠩᠭᠠᠬᠤ ᠪᠠ ᠠᠮᠢᠳᠤᠷᠠᠯ ᠤᠨ ᠪᠣᠬᠢᠷ ᠤᠰᠤ ᠶᠢᠨ ᠰᠢᠢᠳᠪᠤᠷᠢᠯᠡᠯᠳᠡ ᠶᠢ ᠠᠮᠤᠷ ᠲᠦᠪᠰᠢᠨ ᠢᠶᠠᠷ ᠠᠵᠢᠯᠯᠠᠭᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ | ᠬᠤᠲᠠ ᠪᠠᠯᠭᠠᠰᠤ ᠶᠢᠨ ᠳᠠᠬᠢᠨᠳᠠ ᠡᠬᠦᠰᠬᠦ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠲᠠ ᠪᠠᠯᠭᠠᠰᠤ ᠶᠢᠨ ᠳᠠᠭᠠᠭᠠᠴᠠ | ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ ᠳᠤᠭᠤᠷᠢᠭ ᠤᠨ ︽ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠪᠠᠷ | ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠠᠬᠢᠭᠤᠯᠬᠤ ᠳᠤ ᠦᠵᠡᠭᠦᠯᠪᠡᠰᠦ | ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃ | ᠬᠤᠶᠠᠷ᠂ ᠭᠤᠣᠯ ᠡᠭᠦᠷᠭᠡ | ᠳᠤᠭᠤᠷᠢᠭ ᠤᠨ ᠨᠠᠮ ᠤᠨ ᠬᠤᠷᠢᠶ᠎ᠠ᠂ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ | ᠪᠥᠬᠦ ᠳᠤᠭᠤᠷᠢᠭ ᠤᠨ ᠬᠤᠲᠠ ᠪᠠᠯᠭᠠᠰᠤ ᠶᠢᠨ ᠤᠰᠤ ᠬᠠᠩᠭᠠᠬᠤ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠵᠢᠴᠢ ᠠᠰᠢᠭᠯᠠᠬᠤ ᠵᠡᠷᠭᠡ ᠲᠠᠯ᠎ᠠ ᠪᠠᠷ | ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠡᠮᠬᠢᠯᠡᠨ ᠳᠢᠭᠯᠡᠵᠦ᠂ ᠴᠢᠭ ᠢᠶᠠᠷ ᠨᠡᠶᠢᠳᠡᠮ ᠢ ᠳᠠᠶᠢᠴᠢᠯᠠᠬᠤ ᠶᠢ ᠪᠠᠷᠢᠮᠲᠠᠯᠠᠨ᠂ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠦᠴᠦᠲᠡᠢ ᠠᠳᠬᠤᠵᠤ᠂ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠨᠢᠭᠡ︶ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠲᠠᠯ᠎ᠠ ᠪᠠᠷ᠃ ︽ᠣᠷᠳᠣᠰ ᠬᠤᠲᠠ ᠶᠢᠨ ᠲᠥᠪᠯᠡᠷᠡᠩᠭᠦᠢ ᠮᠠᠶ᠋ᠢᠭ ᠤᠨ | ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠳᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠬᠢᠨᠠᠨ | ᠪᠠᠶᠢᠴᠠᠭᠠᠨ᠎ᠠ᠃ ᠡᠭᠦᠨ ᠳᠤ ᠭᠤᠣᠯᠳᠠᠭᠤ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ | ᠬᠤᠪᠢᠶᠠᠷᠢᠯᠠᠭᠰᠠᠨ ᠪᠠᠶᠢᠳᠠᠯ᠂ ᠬᠠᠮᠠᠭᠠᠯᠠᠯᠲᠠ ᠶᠢᠨ ᠣᠷᠣᠨ ᠤ ᠢᠯᠡᠷᠬᠡᠶᠢᠯᠡᠯ ᠫᠠᠶᠢᠰᠠ᠂ ᠵᠠᠭᠠᠭ ᠤᠨ ᠱᠣᠩ ᠭᠠᠷᠭᠠᠭᠰᠠᠨ ᠪᠠᠶᠢᠳᠠᠯ᠂ ᠬᠠᠮᠠᠭᠠᠯᠠᠯᠲᠠ ᠶᠢᠨ ᠣᠷᠣᠨ ᠤ | ᠳᠣᠲᠣᠷᠠᠬᠢ ᠤᠤᠯ ᠤᠨ ᠰᠠᠭᠤᠵᠤ ᠪᠠᠶᠢᠭᠰᠠᠨ ᠰᠠᠭᠤᠭᠠᠯᠢ ᠠᠷᠠᠳ ᠤᠨ ᠠᠮᠢᠳᠤᠷᠠᠯ ᠤᠨ ᠪᠣᠬᠢᠷ ᠤᠰᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ | ᠰᠢᠢᠳᠪᠦᠷᠢᠯᠡᠭᠰᠡᠨ ᠪᠠᠶᠢᠳᠠᠯ᠂ ᠬᠠᠮᠠᠭᠠᠯᠠᠯᠲᠠ ᠶᠢᠨ ᠣᠷᠣᠨ ᠤ ᠳᠣᠲᠣᠷᠠᠬᠢ ᠲᠠᠷᠢᠶᠠᠯᠠᠩ ᠤᠨ ᠲᠠᠷᠢᠮᠠᠯ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠵᠡᠷᠭᠡ | ᠶᠡᠷᠦᠩᠬᠡᠶᠢᠯᠡᠨ ᠵᠠᠰᠠᠭᠰᠠᠨ ᠪᠠᠶᠢᠳᠠᠯ᠂ ᠬᠠᠮᠢᠶ᠎ᠠ ᠪᠦᠬᠦᠢ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠᠭᠲᠠᠨ᠎ᠠ᠃ | 1. ᠲᠦᠷᠦᠬᠦᠯᠡᠬᠦ ᠨᠢᠭᠡᠴᠡ ᠵᠢᠴᠢ ᠠᠵᠢᠯ ᠤᠨ ᠳᠤᠰᠢᠶᠠᠯ ᠬᠠᠷᠢᠭᠤᠴᠠᠯᠭ᠎ᠠ᠄ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠳᠤᠪᠴᠢᠶ᠎ᠠ ᠶᠢᠨ | ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ ᠠᠴᠠ ᠪᠥᠬᠦ ᠳᠤᠭᠤᠷᠢᠭ ᠤᠨ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ | ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠳᠤ ᠨᠢᠭᠡᠳᠦᠯᠲᠡᠢ ᠪᠠᠷ ᠬᠢᠨᠠᠯᠳᠠ ᠳᠠᠯᠪᠢᠨ ᠬᠠᠮᠢᠶᠠᠷᠤᠯᠳᠠ ᠬᠢᠬᠦ ᠶᠢ ᠬᠠᠷᠢᠭᠤᠴᠠᠨ᠎ᠠ᠃ ᠳᠤᠭᠤᠷᠢᠭ ᠤᠨ ᠤᠰᠤᠨ | ᠠᠰᠢᠭᠯᠠᠯᠲᠠ ᠶᠢᠨ ᠲᠣᠪᠴᠢᠶ᠎ᠠ ᠨᠢ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠨᠡᠷᠡᠰ ᠤᠨ ᠵᠢᠭᠰᠠᠭᠠᠯᠲᠠ ᠪᠠ ᠴᠢᠬᠤᠯᠠ ᠤᠤᠭᠤᠬᠤ | ᠤᠰᠤᠨ ᠤ ᠡᠬᠢ ᠰᠤᠷᠪᠤᠯᠵᠢ ᠶᠢᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠭᠰᠡᠨ ᠪᠠᠶᠢᠳᠠᠯ᠂ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠴᠢᠬᠤᠯᠠ ᠡᠬᠢ | ᠰᠤᠷᠪᠤᠯᠵᠢ ᠶᠢᠨ ᠠᠮᠤᠷ ᠲᠦᠪᠰᠢᠨ ᠤ ᠪᠠᠷᠢᠮᠵᠢᠶ᠎ᠠ ᠳᠤ ᠬᠦᠷᠦᠭᠰᠡᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠤᠰᠤ ᠲᠠᠲᠠᠬᠤ ᠵᠥᠪᠰᠢᠶᠡᠷᠡᠯ ᠤᠨ ᠳᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠬᠤ ᠶᠢ ᠬᠠᠷᠢᠭᠤᠴᠠᠵᠤ᠂ ᠬᠤᠲᠠ ᠶᠢᠨ ᠤᠰᠤ ᠬᠠᠩᠭᠠᠬᠤ ᠨᠢᠭᠡᠴᠡ ᠶᠢᠨ ᠬᠠᠩᠭᠠᠬᠤ ᠤᠰᠤᠨ ᠤ ᠴᠢᠨᠠᠷ᠂ | ᠤᠰᠤᠨ ᠤ ᠳᠠᠷᠤᠯᠲᠠ ᠶᠢ ᠪᠠᠶᠢᠴᠠᠭᠠᠨ ᠬᠡᠮᠵᠢᠬᠦ ᠵᠡᠷᠭᠡ ᠲᠠᠯ᠎ᠠ ᠶᠢᠨ ᠠᠵᠢᠯ ᠳᠤ ᠬᠢᠨᠠᠯᠲᠠ ᠲᠠᠯᠪᠢᠵᠤ ᠵᠢᠯᠤᠭᠤᠳᠬᠤ ᠶᠢ ᠬᠠᠷᠢᠭᠤᠴᠠᠨ᠎ᠠ᠃ | 2. ᠬᠠᠮᠵᠢᠯᠴᠠᠬᠤ ᠨᠢᠭᠡᠴᠡ ᠵᠢᠴᠢ ᠠᠵᠢᠯ ᠤᠨ ᠳᠤᠰᠢᠶᠠᠯ ᠬᠠᠷᠢᠭᠤᠴᠠᠯᠭ᠎ᠠ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩᠱᠧᠩ | ᠲᠣᠭᠤᠷᠢᠭ ᠤᠨ ᠬᠤᠪᠢᠶᠠᠷᠢ ᠲᠣᠪᠴᠢᠶ᠎ᠠ ᠨᠢ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠪᠠ ᠬᠠᠮᠢᠶ᠎ᠠ ᠪᠦᠬᠦᠢ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠠ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠤᠨ ᠶᠡᠷᠦᠩᠬᠡᠢ ᠲᠥᠯᠦᠪᠵᠢᠭᠦᠯᠭᠡ ᠳᠤ ᠣᠷᠣᠭᠤᠯᠵᠤ᠂ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ | ᠣᠷᠣᠨ ᠳᠠᠬᠢ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠪᠠ ᠠᠭᠤᠷᠬᠠᠢ ᠶᠢᠨ ᠭᠠᠷᠤᠯᠲᠠ ᠶᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠠᠵᠢᠯᠯᠠᠭ᠎ᠠ ᠶᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠳᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ | ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠳᠠᠬᠢ ᠳᠠᠷᠢᠵᠤ ᠲᠡᠵᠢᠭᠡᠨ ᠦᠷᠡᠵᠢᠭᠦᠯᠬᠦ ᠦᠢᠯᠡᠰ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ ᠨᠢ ᠲᠦᠪᠯᠡᠷᠡᠩᠬᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢᠶᠠᠷ | ᠦᠩᠬᠡᠷᠡᠬᠦ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠵᠠᠮ ᠪᠠ ᠬᠥᠭᠦᠷᠭᠡ ᠶᠢ ᠪᠦᠳᠦᠬᠡᠨ ᠪᠠᠶᠢᠭᠤᠯᠬᠤ ᠪᠠ ᠠᠷᠠᠴᠢᠯᠠᠨ | ᠬᠠᠮᠠᠭᠠᠯᠠᠬᠤ ᠵᠢᠴᠢ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠳᠤᠭᠳᠠᠭᠠᠬᠤ ᠶᠢ ᠬᠠᠷᠢᠭᠤᠴᠠᠨ᠎ᠠ᠃ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ ᠨᠢ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢᠶᠠᠷ ᠥᠩᠭᠡᠷᠡᠬᠦ ᠠᠶᠤᠯᠲᠠᠢ ᠬᠢᠮᠢ ᠶᠢᠨ | ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂ | ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠢᠶ᠎ᠠ ᠪᠦᠬᠦᠢ ᠲᠥᠬᠦᠭᠡᠷᠦᠮᠵᠢ ᠶᠢ ᠵᠣᠷᠢᠭᠤᠳᠠ ᠡᠪᠳᠡᠨ ᠰᠦᠢᠳᠬᠡᠬᠦ᠂ ᠬᠤᠯᠠᠭᠠᠶᠢᠯᠠᠬᠤ | ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠤᠰᠤ ᠬᠠᠩᠭᠠᠬᠤ ᠶᠡᠷᠦᠩᠬᠡᠢ ᠺᠣᠮᠫᠠᠨᠢ ᠨᠢ ᠬᠠᠷᠢᠶᠠᠨ ᠳᠤ ᠪᠠᠶᠢᠭ᠎ᠠ ᠤᠰᠤᠨ ᠤ ᠡᠬᠢ | ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠬᠤᠪᠢᠶᠠᠷᠢᠯᠠᠭᠰᠠᠨ ᠪᠠᠶᠢᠳᠠᠯ᠂ ᠢᠯᠭᠠᠬᠤ ᠫᠠᠶᠢᠰᠠ᠂ ᠵᠠᠭᠠᠭ ᠤᠨ ᠱᠣᠩ ᠪᠠᠶᠢᠭᠤᠯᠤᠭᠰᠠᠨ ᠪᠠᠶᠢᠳᠠᠯ᠂ | ᠬᠠᠮᠠᠭᠠᠯᠠᠯᠲᠠ ᠶᠢᠨ ᠣᠷᠣᠨ ᠤ ᠳᠣᠲᠣᠷᠠᠬᠢ ᠤᠤᠯ ᠤᠨ ᠰᠠᠭᠤᠵᠤ ᠪᠠᠶᠢᠭᠰᠠᠨ ᠰᠠᠭᠤᠭᠠᠯᠢ ᠠᠷᠠᠳ ᠤᠨ ᠠᠮᠢᠳᠤᠷᠠᠯ ᠤᠨ ᠪᠣᠬᠢᠷ ᠤᠰᠤ᠂ ᠠᠮᠢᠳᠤᠷᠠᠯ ᠤᠨ ᠬᠤᠭ | ᠨᠣᠪᠰᠢ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠭᠰᠡᠨ ᠪᠠᠶᠢᠳᠠᠯ᠂ ᠬᠠᠮᠠᠭᠠᠯᠠᠯᠲᠠ ᠶᠢᠨ ᠣᠷᠣᠨ ᠤ ᠳᠣᠲᠣᠷᠠᠬᠢ ᠲᠠᠷᠢᠶᠠᠯᠠᠩ ᠤᠨ ᠲᠠᠷᠢᠮᠠᠯ᠂ ᠮᠠᠯ ᠵᠢᠭᠦᠷᠲᠡᠨ ᠢ | ᠲᠡᠵᠢᠭᠡᠨ ᠦᠷᠡᠵᠢᠭᠦᠯᠬᠦ ᠵᠡᠷᠭᠡ ᠶᠡᠷᠦᠩᠬᠡᠶᠢᠯᠡᠨ ᠵᠠᠰᠠᠭᠰᠠᠨ ᠪᠠᠶᠢᠳᠠᠯ ᠳᠤ ᠥᠪᠡᠷ ᠤᠨ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃ | ︵ᠬᠤᠶᠠᠷ︶ ᠬᠤᠲᠠ ᠶᠢᠨ ᠭᠤᠤᠯ ᠲᠣᠭᠤᠷᠢᠭ ᠤᠨ ᠤᠰᠤ ᠬᠠᠩᠭᠠᠬᠤ ᠲᠠᠯ᠎ᠠ ᠪᠠᠷ᠃ ︽ᠬᠤᠲᠠ ᠶᠢᠨ ᠤᠰᠤ ᠬᠠᠩᠭᠠᠬᠤ ᠳᠦᠷᠢᠮ︾ ︽ᠥᠪᠥᠷ | ᠮᠣᠩᠭᠤᠯ ᠤᠨ ᠬᠤᠲᠠ ᠶᠢᠨ ᠤᠰᠤ ᠬᠠᠩᠭᠠᠬᠤ ᠬᠡᠷᠡᠭᠵᠢᠭᠦᠯᠬᠦ ᠠᠷᠭ᠎ᠠ︾ ︽ᠬᠤᠲᠠ ᠪᠠᠯᠭᠠᠰᠤ ᠶᠢᠨ ᠤᠰᠤ ᠬᠠᠩᠭᠠᠬᠤ ᠦᠢᠯᠡᠴᠢᠯᠡᠭᠡ︾ ︽ᠠᠮᠢᠳᠤᠷᠠᠯ ᠤᠨ | ᠤᠤᠭᠤᠬᠤ ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ︾ ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠤᠰᠤ ᠬᠠᠩᠭᠠᠬᠤ ᠲᠠᠯ᠎ᠠ ᠶᠢᠨ ᠬᠠᠤᠯᠢ | ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠵᠢᠷᠤᠮᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠬᠢᠨᠠᠨ ᠪᠠᠶᠢᠴᠠᠭᠠᠨ᠎ᠠ᠃ ᠡᠭᠦᠨ ᠳᠤ ᠭᠤᠣᠯᠳᠠᠭᠤ | ᠬᠤᠲᠠ ᠶᠢᠨ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠬᠤᠲᠠ ᠶᠢᠨ ᠤᠰᠤ ᠬᠠᠩᠭᠠᠬᠤ ᠡᠵᠡᠩᠨᠡᠯᠲᠡ᠂ ᠬᠤᠲᠠ ᠶᠢᠨ ᠤᠰᠤ ᠬᠠᠩᠭᠠᠬᠤ | ᠲᠦᠬᠦᠬᠡᠷᠦᠮᠵᠢ ᠶᠢᠨ ᠬᠠᠮᠠᠭᠠᠯᠠᠯᠲᠠ ᠬᠠᠮᠢᠶᠠᠷᠤᠯᠲᠠ᠂ ᠠᠮᠢᠳᠤᠷᠠᠯ ᠤᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠤᠰᠤ᠂ ᠦᠢᠯᠡᠳᠪᠦᠷᠢ ᠠᠴᠠ ᠭᠠᠷᠭᠠᠬᠤ | ᠤᠰᠤ᠂ ᠬᠤᠶᠠᠳᠠᠭᠢ ᠤᠳᠠᠭᠠᠨ ᠤ ᠬᠤᠭᠤᠯᠠᠢ ᠲᠣᠣᠷ᠂ ᠦᠵᠦᠭᠦᠷ ᠤᠨ ᠤᠰᠤᠨ ᠤ ᠠᠮᠤᠷ ᠲᠦᠪᠰᠢᠨ ᠤ ᠬᠢᠨᠠᠨ ᠬᠡᠮᠵᠢᠯᠲᠡ ᠵᠡᠷᠭᠡ ᠵᠢᠴᠢ ᠬᠠᠮᠢᠶ᠎ᠠ ᠪᠦᠬᠦᠢ ᠬᠢᠨᠠᠯᠲᠠ | ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠᠭᠲᠠᠨ᠎ᠠ᠃ | 1. ᠲᠦᠷᠦᠬᠦᠯᠡᠬᠦ ᠨᠢᠭᠡᠴᠡ ᠵᠢᠴᠢ ᠠᠵᠢᠯ ᠤᠨ ᠳᠤᠰᠢᠶᠠᠯ ᠬᠠᠷᠢᠭᠤᠴᠠᠯᠭ᠎ᠠ᠄ ᠲᠣᠭᠤᠷᠢᠭ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠠᠴᠠ | ᠤᠤᠭᠤᠬᠤ ᠤᠰᠤᠨ ᠤ ᠠᠷᠢᠭᠤᠨ ᠴᠡᠪᠡᠷ ᠤᠨ ᠠᠮᠤᠷ ᠲᠦᠪᠰᠢᠨ ᠢ ᠬᠢᠨᠠᠨ ᠬᠡᠮᠵᠢᠬᠦ ᠠᠵᠢᠯ ᠢ ᠬᠠᠷᠢᠭᠤᠴᠠᠬᠤ ᠶᠢᠨ ᠬᠠᠮᠲᠤ᠂ ᠨᠡᠶᠢᠭᠡᠮ ᠨᠡᠶᠢᠲᠡ ᠳᠤ ᠤᠰᠤᠨ | ᠭᠤᠭᠤᠵᠢᠭᠤᠷ ᠤᠨ ᠠᠷᠢᠭᠤᠨ ᠴᠡᠪᠡᠷ ᠤᠨ ᠠᠮᠤᠷ ᠲᠦᠪᠰᠢᠨ ᠤ ᠪᠠᠶᠢᠳᠠᠯ ᠤᠨ ᠮᠡᠳᠡᠭᠡ ᠵᠠᠩᠭᠢ ᠶᠢ ᠢᠯᠡ ᠨᠡᠶᠢᠳᠡᠯᠡᠬᠦ ᠶᠢ ᠬᠠᠷᠢᠭᠤᠴᠠᠨ᠎ᠠ᠃ | 2. ᠬᠠᠮᠵᠢᠯᠴᠠᠬᠤ ᠨᠢᠭᠡᠴᠡ ᠵᠢᠴᠢ ᠠᠵᠢᠯ ᠤᠨ ᠳᠤᠰᠢᠶᠠᠯ ᠬᠠᠷᠢᠭᠤᠴᠠᠯᠭ᠎ᠠ᠄ ᠳᠤᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠨᠢ ᠤᠰᠤ ᠲᠠᠲᠠᠬᠤ | ᠵᠥᠪᠰᠢᠶᠡᠷᠡᠯ ᠤᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠷᠢᠭᠤᠴᠠᠵᠤ᠂ ᠬᠤᠳᠠ ᠶᠢᠨ ᠤᠰᠤ ᠬᠠᠩᠭᠠᠬᠤ ᠨᠢᠭᠡᠴᠡ ᠶᠢᠨ ᠬᠠᠩᠭᠠᠬᠤ ᠤᠰᠤᠨ ᠤ ᠴᠢᠨᠠᠷ | ᠤᠰᠤᠨ ᠳᠠᠷᠤᠯᠲᠠ ᠶᠢ ᠪᠠᠶᠢᠴᠠᠭᠠᠨ ᠬᠡᠮᠵᠢᠬᠦ ᠵᠡᠷᠭᠡ ᠲᠠᠯ᠎ᠠ ᠶᠢᠨ ᠠᠵᠢᠯ ᠳᠤ ᠬᠢᠨᠠᠯᠲᠠ ᠲᠠᠯᠪᠢᠵᠤ ᠵᠢᠯᠤᠭᠤᠳᠬᠤ ᠶᠢ ᠬᠠᠷᠢᠭᠤᠴᠠᠨ᠎ᠠ᠃ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ ᠨᠢ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ | ᠤᠰᠤᠨ ᠤ ᠴᠢᠨᠠᠷ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠡᠮᠵᠢᠬᠦ ᠶᠢ ᠬᠠᠷᠢᠭᠤᠴᠠᠵᠤ᠂ ᠤᠰᠤᠨ ᠤ ᠡᠬᠢ ᠰᠤᠷᠪᠤᠯᠵᠢ ᠶᠢᠨ ᠤᠰᠤᠨ ᠤ ᠴᠢᠨᠠᠷ ᠤᠨ | ᠠᠮᠤᠷ ᠲᠦᠪᠰᠢᠨ ᠤ ᠪᠠᠶᠢᠳᠠᠯ ᠤᠨ ᠮᠡᠳᠡᠭᠡ ᠵᠠᠩᠭᠢ ᠶᠢ ᠨᠡᠶᠢᠭᠡᠮ ᠳᠤ ᠢᠯᠡ ᠨᠡᠶᠢᠳᠡᠯᠡᠬᠦ ᠶᠢᠨ ᠬᠠᠮᠲᠤ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ | ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠳᠠᠬᠢ ᠪᠤᠬᠢᠷᠳᠤᠯ ᠤᠨ ᠡᠬᠢ ᠳᠤ ᠬᠢᠨᠠᠯᠳᠠ ᠳᠠᠯᠪᠢᠵᠤ ᠪᠠᠶᠢᠴᠠᠭᠠᠯᠳᠠ ᠬᠢᠬᠦ ᠶᠢ ᠦᠷᠨᠢᠬᠦᠯᠦᠨ᠎ᠡ᠃ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ ᠨᠢ ᠲᠥᠪᠯᠡᠷᠡᠩᠭᠦᠢ ᠮᠠᠶ᠋ᠢᠭ ᠤᠨ ᠤᠤᠭᠤᠬᠤ | ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠪᠠ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠤᠯᠤᠰ ᠤᠨ ᠭᠠᠵᠠᠷ ᠰᠢᠷᠣᠢ ᠶᠢᠨ ᠣᠷᠣᠨ | ᠵᠠᠢ ᠶᠢᠨ ᠲᠥᠯᠦᠪᠵᠢᠭᠦᠯᠭᠡ ᠪᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠢ ᠲᠥᠯᠦᠪᠵᠢᠭᠦᠯᠭᠡ ᠳᠤ ᠣᠷᠣᠭᠤᠯᠬᠤ ᠶᠢ ᠬᠠᠷᠢᠭᠤᠴᠠᠵᠤ᠂ | ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ | ᠪᠠ ᠠᠭᠤᠷᠬᠠᠢ ᠶᠢᠨ ᠭᠠᠷᠤᠯᠲᠠ ᠶᠢ ᠬᠠᠶᠢᠨ ᠪᠠᠶᠢᠴᠠᠭᠠᠵᠤ ᠨᠡᠬᠡᠬᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠳᠬᠡᠨ᠎ᠡ᠃ ᠳᠣᠲᠣᠭᠠᠳᠤ ᠶᠢ ᠬᠠᠮᠠᠭᠠᠯᠠᠬᠤ | ᠬᠤᠪᠢᠶᠠᠷᠢ ᠲᠣᠪᠴᠢᠶ᠎ᠠ ᠨᠢ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢᠶᠠᠷ ᠥᠩᠭᠡᠷᠡᠬᠦ ᠠᠶᠤᠯᠲᠠᠢ | ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂ | ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠢᠶ᠎ᠠ ᠪᠦᠬᠦᠢ ᠲᠥᠬᠦᠭᠡᠷᠦᠮᠵᠢ ᠶᠢ ᠵᠣᠷᠢᠭᠤᠳᠠ ᠡᠪᠳᠡᠨ ᠰᠦᠢᠳᠬᠡᠬᠦ᠂ ᠬᠤᠯᠠᠭᠠᠶᠢᠯᠠᠬᠤ | ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠤᠰᠤ ᠬᠠᠩᠭᠠᠬᠤ ᠶᠡᠷᠦᠩᠬᠡᠢ ᠺᠣᠮᠫᠠᠨᠢ ᠨᠢ ᠬᠠᠷᠢᠶ᠎ᠠ ᠤᠷᠤᠨ ᠳᠤ ᠪᠠᠶᠢᠭ᠎ᠠ ᠤᠰᠤᠨ ᠤ | ᠡᠬᠢ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢᠨ ᠣᠷᠣᠨ ᠢ ᠬᠤᠪᠢᠶᠠᠷᠢᠯᠠᠭᠰᠠᠨ ᠪᠠᠶᠢᠳᠠᠯ᠂ ᠳᠡᠮᠳᠡᠭᠳᠤ ᠫᠠᠶᠢᠰᠠ᠂ ᠵᠠᠭᠠᠭ ᠤᠨ ᠱᠣᠩ ᠪᠠᠶᠢᠭᠤᠯᠤᠭᠰᠠᠨ ᠪᠠᠶᠢᠳᠠᠯ᠂ | ᠬᠠᠮᠠᠭᠠᠯᠠᠯᠲᠠ ᠶᠢᠨ ᠣᠷᠣᠨ ᠳᠠᠬᠢ ᠤᠤᠯ ᠤᠨ ᠰᠠᠭᠤᠭᠠᠯᠢ ᠠᠷᠠᠳ ᠤᠨ ᠠᠮᠢᠳᠤᠷᠠᠯ ᠤᠨ ᠪᠣᠬᠢᠷ ᠤᠰᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ | ᠰᠢᠢᠳᠪᠦᠷᠢᠯᠡᠭᠰᠡᠨ ᠪᠠᠶᠢᠳᠠᠯ᠂ ᠬᠠᠮᠠᠭᠠᠯᠠᠯᠲᠠ ᠶᠢᠨ ᠣᠷᠣᠨ ᠳᠠᠬᠢ ᠲᠠᠷᠢᠶᠠᠯᠠᠩ ᠤᠨ ᠲᠠᠷᠢᠮᠠᠯ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠵᠡᠷᠭᠡ ᠶᠢᠨ ᠶᠡᠷᠦᠩᠬᠡᠶᠢᠯᠡᠨ | ᠵᠠᠰᠠᠭᠰᠠᠨ ᠪᠠᠶᠢᠳᠠᠯ ᠳᠤ ᠥᠪᠡᠷ ᠤᠨ ᠪᠠᠶᠢᠴᠠᠭᠠᠯᠲᠠ ᠬᠢᠯᠬᠡᠬᠦ ᠶᠢ ᠬᠠᠷᠢᠭᠤᠴᠠᠵᠤ᠂ ᠦᠢᠯᠡᠳᠪᠦᠷᠢ ᠠᠴᠠ ᠭᠠᠷᠭᠠᠬᠤ ᠤᠰᠤᠨ ᠤ ᠴᠢᠨᠠᠷ ᠤᠨ ᠠᠮᠤᠷ ᠲᠦᠪᠰᠢᠨ ᠤ | ᠪᠠᠶᠢᠳᠠᠯ ᠤᠨ ᠮᠡᠳᠡᠭᠡ ᠵᠠᠩᠭᠢ ᠶᠢ ᠨᠡᠶᠢᠭᠡᠮ ᠳᠤ ᠢᠯᠡ ᠨᠡᠶᠢᠳᠡᠯᠡᠬᠦ ᠶᠢ ᠬᠠᠷᠢᠭᠤᠴᠠᠨ᠎ᠠ᠃ | ︵ᠭᠤᠷᠪᠠ︶ ᠰᠢᠶᠠᠩ ᠪᠠᠯᠭᠠᠰᠤᠨ ᠤ ᠤᠰᠤ ᠬᠠᠩᠭᠠᠬᠤ ᠲᠠᠯ᠎ᠠ ᠪᠠᠷ᠃ ︽ᠲᠣᠰᠬᠤᠨ ᠪᠠᠯᠭᠠᠰᠤ ᠶᠢᠨ ᠤᠰᠤ ᠬᠠᠩᠭᠠᠬᠤ ᠢᠨᠵᠧᠨᠧᠷᠢᠩ ᠤᠨ ᠮᠡᠷᠭᠡᠵᠢᠯ ᠤᠨ | ᠵᠢᠷᠤᠮᠵᠢᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠤᠰᠤ ᠬᠠᠩᠭᠠᠬᠤ ᠳᠦᠷᠢᠮ︾ | ︽ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠦᠨᠡᠯᠡᠯᠲᠡ ᠶᠢᠨ ᠪᠠᠷᠢᠮᠵᠢᠶ᠎ᠠ︾ ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ | ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠬᠢᠨᠠᠨ ᠪᠠᠶᠢᠴᠠᠭᠠᠨ᠎ᠠ᠃ ᠡᠭᠦᠨ ᠳᠤ | ᠭᠤᠣᠯᠳᠠᠭᠤ ᠰᠢᠶᠠᠩ ᠪᠠᠯᠭᠠᠰᠤ ᠶᠢᠨ ᠠᠮᠢᠳᠤᠷᠠᠯ ᠤᠨ ᠤᠤᠭᠤᠬᠤ ᠤᠰᠤᠨ ᠤ ᠢᠨᠵᠧᠨᠧᠷᠢᠩ ᠤᠨ ᠲᠦᠬᠦᠬᠡᠷᠦᠮᠵᠢ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ | ᠳᠠᠯᠳᠠ ᠬᠡᠮ ᠪᠤᠶᠤ ᠠᠰᠠᠭᠤᠳᠠᠯ᠂ ᠠᠵᠢᠯᠯᠠᠭᠠᠨ ᠬᠢᠭᠡᠳ ᠬᠠᠮᠢᠶᠠᠷᠤᠯᠲᠠ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠵᠢᠴᠢ ᠬᠠᠮᠢᠶ᠎ᠠ ᠪᠦᠬᠦᠢ ᠬᠢᠨᠠᠯᠲᠠ | ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠᠭᠲᠠᠨ᠎ᠠ᠃ | 1. ᠲᠦᠷᠦᠬᠦᠯᠡᠬᠦ ᠨᠢᠭᠡᠴᠡ ᠵᠢᠴᠢ ᠠᠵᠢᠯ ᠤᠨ ᠳᠤᠰᠢᠶᠠᠯ ᠬᠠᠷᠢᠭᠤᠴᠠᠯᠭ᠎ᠠ᠄ ᠳᠤᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠳᠤᠷ ᠬᠢᠬᠦ ᠶᠢ ᠬᠠᠷᠢᠭᠤᠴᠠᠨ᠎ᠠ᠃ | 2. ᠬᠠᠮᠵᠢᠯᠴᠠᠬᠤ ᠨᠢᠭᠡᠴᠡ ᠵᠢᠴᠢ ᠠᠵᠢᠯ ᠤᠨ ᠳᠤᠰᠢᠶᠠᠯ ᠬᠠᠷᠢᠭᠤᠴᠠᠯᠭ᠎ᠠ᠄ ᠳᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠪᠠᠷᠢᠯᠭ᠎ᠠ ᠶᠢᠨ ᠰᠡᠯᠪᠢᠨ | ᠵᠠᠰᠠᠵᠤ ᠠᠷᠠᠴᠢᠯᠠᠨ ᠬᠠᠮᠠᠭᠠᠯᠠᠬᠤ ᠪᠡᠯᠡ ᠮᠥᠩᠭᠦ ᠪᠠ ᠠᠰᠠᠭᠤᠳᠠᠯ ᠢ ᠴᠡᠭᠴᠡᠯᠡᠨ ᠵᠠᠰᠠᠬᠤ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠳᠤᠭᠤᠷᠢᠭ | ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠨᠢ ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ | ︵ᠳᠥᠷᠪᠡ︶ ᠬᠤᠲᠠ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠠ ᠠᠰᠢᠭᠯᠠᠬᠤ ᠲᠠᠯ᠎ᠠ ᠪᠠᠷ᠃ ︽ᠬᠤᠲᠠ ᠪᠠᠯᠭᠠᠰᠤ ᠶᠢᠨ ᠤᠰᠤ | ᠵᠠᠯᠠᠬᠤ ᠪᠠ ᠪᠣᠬᠢᠷ ᠤᠰᠤ ᠰᠢᠢᠳᠪᠦᠷᠢᠯᠡᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ︽ᠬᠤᠲᠠ ᠶᠢᠨ ᠪᠣᠬᠢᠷ ᠤᠰᠤ ᠶᠢ ᠳᠠᠬᠢᠨ ᠠᠰᠢᠭᠯᠠᠬᠤ ᠲᠥᠷᠥᠯ | ᠠᠩᠭᠢᠯᠠᠯ︾ ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠵᠢᠷᠤᠮᠵᠢᠯ ᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠭᠤᠣᠯᠳᠠᠯᠭ᠎ᠠ ᠲᠠᠢ ᠬᠢᠨᠠᠨ ᠪᠠᠶᠢᠴᠠᠭᠠᠨ᠎ᠠ᠃ ᠡᠭᠦᠨ ᠳᠤ ᠭᠤᠣᠯᠳᠠᠭᠤ ᠬᠤᠲᠠ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ | ᠦᠢᠯᠡᠳᠪᠦᠷᠢ ᠶᠢᠨ ᠠᠮᠤᠷ ᠲᠦᠪᠰᠢᠨ ᠤ ᠠᠵᠢᠯᠯᠠᠭᠠᠨ ᠤ ᠬᠢᠨᠠᠯᠲᠠ ᠬᠠᠮᠢᠶᠠᠷᠤᠯᠲᠠ᠂ ᠣᠷᠣᠭᠤᠯᠵᠤ ᠭᠠᠷᠭᠠᠬᠤ ᠤᠰᠤᠨ ᠤ ᠴᠢᠨᠠᠷ ᠤᠨ ᠬᠢᠨᠠᠯᠲᠠ ᠬᠠᠮᠢᠶᠠᠷᠤᠯᠲᠠ ᠵᠢᠴᠢ | ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ᠂ ᠬᠤᠲᠠ ᠶᠢᠨ ᠶᠠᠪᠤᠳᠠᠯ ᠤᠨ ᠳᠠᠬᠢᠨ ᠬᠡᠷᠡᠭᠯᠡᠵᠤ ᠪᠤᠯᠬᠤ ᠤᠰᠤ ᠶᠢ ᠠᠰᠢᠭᠯᠠᠬᠤ᠂ ᠪᠣᠬᠢᠷ ᠰᠢᠪᠠᠷ ᠢ | ᠵᠢᠷᠤᠮᠵᠢᠭᠤᠯᠤᠨ ᠰᠢᠢᠳᠪᠦᠷᠢᠯᠡᠬᠦ ᠵᠡᠷᠭᠡ ᠵᠢᠴᠢ ᠬᠠᠮᠢᠶ᠎ᠠ ᠪᠦᠬᠦᠢ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠᠭᠲᠠᠨ᠎ᠠ᠃ | 1. ᠲᠦᠷᠦᠭᠦᠯᠡᠬᠦ ᠨᠢᠭᠡᠴᠡ ᠵᠢᠴᠢ ᠠᠵᠢᠯ ᠤᠨ ᠳᠤᠰᠢᠶᠠᠯ ᠬᠠᠷᠢᠭᠤᠴᠠᠯᠭ᠎ᠠ᠄ ᠳᠤᠭᠤᠷᠢᠭ ᠤᠨ ᠤᠰᠤ ᠲᠠᠲᠠᠷᠠᠭᠤᠯᠬᠤ ᠠᠵᠢᠯ ᠦᠢᠯᠡᠰ ᠤᠨ ᠦᠢᠯᠡᠴᠢᠯᠡᠭᠡᠨ ᠤ | ᠲᠥᠪ ᠨᠢ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠬᠢᠭᠡᠳ ᠠᠮᠤᠷ ᠲᠦᠪᠰᠢᠨ ᠤ | ᠬᠠᠮᠢᠶᠠᠷᠤᠯᠲᠠ᠂ ᠪᠣᠬᠢᠷ ᠰᠢᠪᠠᠷ ᠢ ᠰᠢᠢᠳᠪᠦᠷᠢᠯᠡᠭᠰᠡᠨ ᠪᠠᠶᠢᠳᠠᠯ᠂ ᠬᠤᠳᠠ ᠶᠢᠨ ᠶᠠᠪᠤᠳᠠᠯ ᠤᠨ ᠳᠠᠬᠢᠨ ᠬᠡᠷᠡᠭᠯᠡᠵᠤ ᠪᠤᠯᠬᠤ ᠤᠰᠤ ᠶᠢ ᠠᠰᠢᠭᠯᠠᠭᠰᠠᠨ ᠪᠠᠶᠢᠳᠠᠯ᠂ ᠪᠣᠬᠢᠷ | ᠤᠰᠤ ᠬᠢᠭᠡᠳ ᠤᠰᠤ ᠲᠠᠲᠠᠷᠠᠭᠤᠯᠬᠤ ᠬᠤᠭᠤᠯᠠᠢ ᠶᠢᠨ ᠲᠣᠣᠷ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠢ ᠬᠠᠮᠠᠭᠠᠯᠠᠭᠰᠠᠨ ᠪᠠᠶᠢᠳᠠᠯ ᠢ ᠬᠠᠷᠢᠭᠤᠴᠠᠨ᠎ᠠ᠃ | ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ ᠨᠢ ᠬᠤᠲᠠ ᠪᠠᠯᠭᠠᠰᠤ ᠶᠢᠨ ᠪᠣᠬᠢᠷ | ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠲᠦᠬᠦᠬᠡᠷᠦᠮᠵᠢ ᠠᠴᠠ ᠭᠠᠷᠬᠤ ᠤᠰᠤᠨ ᠤ ᠴᠢᠨᠠᠷ ᠪᠠ ᠤᠰᠤᠨ ᠤ ᠬᠡᠮᠵᠢᠶ᠎ᠡ᠂ ᠬᠥᠷᠥᠰᠥ ᠰᠢᠷᠣᠢ ᠵᠡᠷᠭᠡ ᠳᠤ | ᠪᠠᠶᠢᠴᠠᠭᠠᠯᠲᠠ ᠬᠢᠬᠦ᠂ ᠬᠤᠲᠠ ᠪᠠᠯᠭᠠᠰᠤ ᠶᠢᠨ ᠪᠣᠬᠢᠷ ᠤᠰᠤᠨ ᠤ ᠦᠢᠯᠡᠳᠪᠦᠷᠢ ᠳᠤ ᠲᠦᠰᠢᠭᠯᠡᠨ ᠠᠵᠤ ᠦᠢᠯᠡᠳᠪᠦᠷᠢ ᠶᠢᠨ ᠪᠣᠬᠢᠷ ᠤᠰᠤ ᠶᠢ ᠰᠢᠢᠳᠪᠦᠷᠢᠯᠡᠭᠰᠡᠨ | ᠪᠠᠶᠢᠳᠠᠯ ᠢ ᠬᠠᠷᠢᠭᠤᠴᠠᠨ᠎ᠠ᠃ | 2. ᠬᠠᠮᠵᠢᠯᠴᠠᠬᠤ ᠨᠢᠭᠡᠴᠡ ᠵᠢᠴᠢ ᠠᠵᠢᠯ ᠤᠨ ᠳᠤᠰᠢᠶᠠᠯ ᠬᠠᠷᠢᠭᠤᠴᠠᠯᠭ᠎ᠠ᠄ ᠳᠤᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠨᠢ ᠭᠤᠣᠯ ᠨᠠᠭᠤᠷ ᠤᠨ | ᠤᠰᠤᠨ ᠤ ᠲᠦᠪᠰᠢᠨ ᠬᠢᠭᠡᠳ ᠬᠤᠲᠠ ᠶᠢᠨ ᠶᠠᠪᠤᠳᠠᠯ ᠤᠨ ᠳᠠᠳᠠᠷᠠᠭᠤᠯᠬᠤ ᠪᠠ ᠰᠠᠭᠤᠯᠭᠠᠨ ᠠᠪᠬᠤ ᠶᠢ ᠵᠣᠬᠢᠴᠠᠭᠤᠯᠬᠤ ᠲᠣᠭᠲᠠᠴᠠ ᠶᠢ ᠪᠠᠶᠢᠭᠤᠯᠤᠭᠰᠠᠨ ᠪᠠᠶᠢᠳᠠᠯ᠂ | ᠬᠤᠲᠠ ᠶᠢᠨ ᠶᠠᠪᠤᠳᠠᠯ ᠤᠨ ᠳᠠᠬᠢᠨ ᠬᠡᠷᠡᠭᠯᠡᠵᠤ ᠪᠤᠯᠬᠤ ᠤᠰᠤ ᠶᠢ ᠤᠰᠤᠨ ᠤ ᠡᠬᠢ ᠪᠠᠶᠠᠯᠢᠭ ᠤᠨ ᠨᠢᠭᠡᠳᠦᠯᠲᠡᠢ ᠲᠣᠬᠢᠷᠠᠭᠤᠯᠤᠯᠲᠠ ᠳᠤ ᠣᠷᠣᠭᠤᠯᠤᠭᠰᠠᠨ ᠪᠠᠶᠢᠳᠠᠯ ᠢ | ᠬᠠᠷᠢᠭᠤᠴᠠᠨ᠎ᠠ᠃ ᠳᠤᠭᠤᠷᠢᠭ ᠤᠨ ᠬᠦᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠲᠥᠪ ᠨᠢ ᠡᠷᠦᠬᠡ ᠶᠢᠨ ᠦᠬᠡᠷᠡᠴᠢᠯᠡᠭᠰᠡᠨ ᠵᠣᠷᠯᠣᠩ | ᠤᠨ ᠪᠣᠬᠢᠷ ᠤᠰᠤ ᠶᠢ ᠬᠤᠷᠢᠶᠠᠨ ᠴᠤᠭᠯᠠᠭᠤᠯᠬᠤ ᠶᠢ ᠬᠠᠷᠢᠭᠤᠴᠠᠨ᠎ᠠ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩᠱᠧᠩ | ᠲᠣᠭᠤᠷᠢᠭ ᠤᠨ ᠬᠤᠪᠢᠶᠠᠷᠢ ᠲᠣᠪᠴᠢᠶ᠎ᠠ ᠨᠢ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠥᠯᠦᠪᠵᠢᠭᠦᠯᠭᠡ ᠶᠢᠨ ᠭᠠᠷᠳᠠᠮ ᠢ ᠬᠠᠷᠢᠭᠤᠴᠠᠵᠤ᠂ ᠪᠣᠬᠢᠷ ᠤᠰᠤ | ᠳᠠᠳᠠᠷᠠᠭᠤᠯᠬᠤ ᠬᠤᠭᠤᠯᠠᠢ ᠲᠣᠣᠷ ᠢ ᠭᠠᠵᠠᠷ ᠳᠣᠣᠷᠠᠬᠢ ᠬᠤᠭᠤᠯᠠᠢ ᠱᠤᠭᠤᠮ ᠤᠨ ᠨᠡᠶᠢᠳᠡᠮ ᠪᠠᠶᠢᠴᠠᠭᠠᠯᠲᠠ ᠶᠢᠨ ᠬᠠᠮᠢᠶᠠᠷᠤᠯᠲᠠ ᠳᠤ ᠣᠷᠣᠭᠤᠯᠤᠨ᠎ᠠ᠃ | ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠤᠲᠠ ᠶᠢᠨ ᠶᠠᠪᠤᠳᠠᠯ ᠤᠨ ᠲᠣᠣᠷ | ᠰᠦᠯᠵᠢᠶ᠎ᠡ ᠶᠢ ᠳᠤᠷ᠎ᠠ ᠪᠠᠷ ᠢᠶᠠᠨ ᠪᠠᠶᠢᠭᠤᠯᠤᠭᠰᠠᠨ ᠢ ᠮᠦᠷᠳᠡᠨ ᠪᠠᠶᠢᠴᠠᠭᠠᠵᠤ ᠬᠠᠤᠯᠢ ᠬᠡᠷᠡᠭᠵᠢᠬᠦᠯᠬᠦ ᠶᠢ ᠬᠠᠷᠢᠭᠤᠴᠠᠨ᠎ᠠ᠃ ᠤᠰᠤᠨ ᠤ ᠶᠠᠪᠤᠳᠠᠯ ᠤᠨ ᠪᠡᠯᠡ | ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠨᠢ ᠵᠠᠪᠰᠠᠷ ᠤᠨ ᠤᠰᠤ ᠵᠢᠴᠢ ᠳᠠᠬᠢᠨ ᠬᠡᠷᠡᠭᠯᠡᠵᠤ ᠪᠤᠯᠬᠤ ᠤᠰᠤ ᠶᠢ ᠶᠡᠷᠦᠩᠬᠡᠶᠢᠯᠡᠨ ᠠᠰᠢᠭᠯᠠᠭᠰᠠᠨ | ᠪᠠᠶᠢᠳᠠᠯ ᠢ ᠪᠠᠶᠢᠴᠠᠭᠠᠬᠤ ᠶᠢ ᠬᠠᠷᠢᠭᠤᠴᠠᠨ᠎ᠠ᠃ | ᠭᠤᠷᠪᠠ᠂ ᠵᠣᠬᠢᠶᠠᠨ ᠪᠠᠶᠢᠭᠤᠯᠬᠤ ᠪᠠᠶᠢᠭᠤᠯᠤᠮᠵᠢ | ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢᠨ ᠲᠤᠰᠠᠳᠠ᠂ ᠳ᠋ᠦᠩᠱᠧᠩ | ᠲᠣᠭᠤᠷᠢᠭ ᠤᠨ ᠬᠤᠲᠠ ᠪᠠᠯᠭᠠᠰᠤ ᠶᠢᠨ ᠲᠥᠪᠯᠡᠷᠡᠭᠦᠯᠦᠨ ᠤᠰᠤ ᠬᠠᠩᠭᠠᠬᠤ ᠪᠠ ᠠᠮᠢᠳᠤᠷᠠᠯ ᠤᠨ ᠪᠣᠬᠢᠷ ᠤᠰᠤ ᠶᠢ ᠴᠤᠭᠯᠠᠭᠤᠯᠤᠨ ᠰᠢᠢᠳᠪᠦᠷᠢᠯᠡᠬᠦ ᠵᠢᠴᠢ ᠠᠰᠢᠭᠯᠠᠬᠤ | ᠶᠢ ᠴᠡᠭᠴᠡᠯᠡᠨ ᠳᠡᠭᠡᠭᠰᠢᠯᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠣᠳᠠᠲᠠᠢ ᠪᠦᠷᠢᠯᠳᠦᠭᠦᠨ ᠨᠢ ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠵᠠᠩ ᠵᠢᠶᠠᠨ ᠬᠦᠩ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠵᠢᠶᠠᠩ ᠶᠤᠸᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳ᠋ᠦ᠋ ᠵᠢᠤᠸᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠪᠦᠷᠢᠯᠳᠦᠭᠦᠨ᠄ ᠭᠤᠤ ᠬᠤᠢ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠲᠣᠭᠤᠷᠢᠭ ᠤᠨ ᠤᠶᠤᠨ ᠤ | ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ ᠤᠨ ᠡᠷᠬᠢᠯᠡᠭᠴᠢ | ᠶᠤᠸᠠᠨ ᠹᠧᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠴᠧᠩ ᠹᠧᠢ ᠫᠧᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠭᠤᠸ ᡁᠢ ᠯᠢᠶᠠᠩ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ | ᠴᠢ ᠶᠦᠩ ᠮᠢᠩ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ | ᠯᠢᠦ ᠸᠧᠨ ᠪᠢᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠭᠤᠤ ᠶᠦᠨ ᠱᠧᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠸᠠᠩ ᠱᠧᠩ ᠷᠦᠩ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ | ᠳᠠᠷᠤᠭ᠎ᠠ | ᠵᠠᠩ ᠶᠦᠩ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ | ᠳᠠᠷᠤᠭ᠎ᠠ | ᠶᠤᠸᠠᠨ ᡁᠢ ᠵᠢᠶᠦ᠋ᠨ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ | ᠯᠢᠦ ᠲᠢᠶᠧ ᠬᠤᠢ ᠲᠣᠭᠤᠷᠢᠭ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠺᠠᠩ ᠵᠦᠩ ᠷᠦᠩ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠲᠣᠪᠴᠢᠶᠠᠨ ᠤ | ᠳᠠᠷᠤᠭ᠎ᠠ | ᠶᠠᠩ ᠷᠦᠢ ᠲᠣᠭᠤᠷᠢᠭ ᠤᠨ ᠤᠰᠤ ᠲᠠᠲᠠᠷᠠᠭᠤᠯᠬᠤ ᠦᠢᠯᠡᠰ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ | ᠸᠠᠩ ᠭᠦᠸᠧ ᠴᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ | ᠯᠢᠦ ᠽᠢ ᠲᠢᠩ ᠲᠣᠭᠤᠷᠢᠭ ᠤᠨ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ ᠤᠨ ᠡᠷᠬᠢᠯᠡᠭᠴᠢ | ᠹᠦ᠋ ᠬᠠᠢ ᠶᠢᠨ ᠲᠣᠭᠤᠷᠢᠭ ᠤᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠡᠷᠡᠭ | ᠮᠡᠳᠡᠭᠴᠢᠳ ᠤᠨ ᠳᠠᠷᠤᠭ᠎ᠠ᠂ ᠤᠰᠤ ᠬᠠᠩᠭᠠᠬᠤ ᠶᠡᠷᠦᠩᠬᠡᠢ ᠺᠤᠮᠫᠠᠨᠢ ᠶᠢᠨ ᠳᠠᠭᠠᠭᠠᠮᠠᠯ | ᠸᠠᠩ ᠰᠠᠨ ᠵᠢᠶᠦ᠋ᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠦᠯᠦᠪᠯᠡᠨ ᠬᠥᠭᠵᠢᠭᠦᠯᠬᠦ ᠲᠥᠪ ᠤᠨ ᠡᠷᠬᠢᠯᠡᠭᠴᠢ | ᠠᠵᠢᠯᠯᠠᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠳᠤᠬᠢᠷᠠᠭᠤᠯᠵᠤ᠂ ᠠᠯᠪᠠᠨ ᠭᠡᠷ ᠢ ᠲᠣᠭᠤᠷᠢᠭ ᠤᠨ ᠤᠰᠤ ᠲᠠᠲᠠᠷᠠᠭᠤᠯᠬᠤ ᠦᠢᠯᠡᠰ ᠤᠨ | ᠦᠢᠯᠡᠴᠢᠯᠡᠭᠡᠨ ᠤ ᠲᠥᠪ ᠲᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠶᠠᠩ ᠷᠦᠢ ᠨᠥᠬᠦᠷ ᠬᠠᠪᠰᠤᠷᠭᠠᠨ ᠬᠠᠷᠢᠭᠤᠴᠠᠵᠤ᠂ ᠠᠯᠪᠠᠨ ᠭᠡᠷ | ᠨᠢ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠬᠡᠷᠡᠭ ᠶᠠᠪᠤᠳᠠᠯ᠂ ᠶᠡᠷᠦᠩᠬᠡᠶᠢᠯᠡᠨ ᠵᠣᠬᠢᠴᠠᠭᠤᠯᠬᠤ᠂ ᠬᠢᠨᠠᠨ ᠬᠠᠷᠭᠤᠭᠤᠯᠵᠤ ᠬᠤᠷᠢᠶᠠᠩᠭᠤᠶᠢᠯᠠᠬᠤ ᠵᠡᠷᠭᠡ | ᠠᠵᠢᠯ ᠢ ᠬᠠᠷᠢᠭᠤᠴᠠᠨ᠎ᠠ᠃ | ᠳᠥᠷᠪᠡ᠂ ᠠᠬᠢᠭᠤᠯᠬᠤ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠬᠤᠪᠢᠳᠠᠨ ᠬᠠᠮᠢᠶᠠᠷᠴᠤ ᠪᠦᠬᠦᠢ ᠲᠣᠭᠤᠷᠢᠭ ᠤᠨ ᠳᠡᠳ᠋ ᠳᠠᠷᠤᠭ᠎ᠠ ᠪᠠᠷ | ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ | ᠬᠤᠪᠢᠶᠠᠷᠢ ᠲᠣᠪᠴᠢᠶ᠎ᠠ᠂ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠳ ᠬᠠᠮᠲᠤᠪᠠᠷ ᠣᠷᠣᠯᠴᠠᠭᠰᠠᠨ ᠪᠥᠬᠦ ᠳᠤᠭᠤᠷᠢᠭ ᠤᠨ | ᠬᠤᠲᠠ ᠪᠠᠯᠭᠠᠰᠤ ᠶᠢᠨ ᠲᠥᠪᠯᠡᠷᠡᠭᠦᠯᠦᠨ ᠤᠰᠤ ᠬᠠᠩᠭᠠᠬᠤ ᠪᠠ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠵᠢᠴᠢ ᠠᠰᠢᠭᠯᠠᠬᠤ ᠶᠢ | ᠴᠡᠭᠴᠡᠯᠡᠨ ᠳᠡᠭᠡᠭᠰᠢᠯᠡᠭᠦᠯᠬᠦ ᠠᠵᠢᠯ ᠤᠨ ᠳᠤᠭᠤᠶᠢᠯᠠᠩ ᠢ ᠪᠠᠶᠢᠭᠤᠯᠵᠤ᠂ ᠪᠥᠬᠦ ᠳᠤᠭᠤᠷᠢᠭ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠳᠡᠭᠡᠭᠰᠢᠯᠡᠭᠦᠯᠬᠦ ᠠᠵᠢᠯ ᠢ ᠪᠥᠬᠦ | ᠲᠠᠯ᠎ᠠ ᠪᠠᠷ ᠵᠢᠯᠤᠭᠤᠳᠬᠤ ᠶᠢ ᠬᠠᠷᠢᠭᠤᠴᠠᠨ᠎ᠠ᠃ | ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠲᠠ᠂ ᠬᠤᠲᠠ ᠪᠠᠯᠭᠠᠰᠤ ᠶᠢᠨ | ᠤᠰᠤ ᠬᠠᠩᠭᠠᠬᠤ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠵᠢᠴᠢ ᠠᠰᠢᠭᠯᠠᠬᠤ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠤᠯᠤᠰ᠂ | ᠣᠷᠣᠨ ᠨᠤᠲᠤᠭ ᠤᠨ ᠠᠵᠢᠯ ᠲᠥᠷᠥᠯ ᠤᠨ ᠪᠠᠷᠢᠮᠵᠢᠶ᠎ᠠ ᠶᠢᠨ ᠵᠢᠷᠤᠮᠵᠢᠯ ᠲᠠᠢ ᠬᠠᠷᠢᠴᠠᠭᠤᠯᠵᠤ᠂ ᠵᠢᠭᠰᠠᠭᠠᠨ ᠪᠠᠶᠢᠴᠠᠭᠠᠬᠤ ᠠᠵᠢᠯ ᠢ ᠳᠠᠷᠤᠶᠢᠬᠠᠨ ᠥᠷᠨᠢᠭᠦᠯᠵᠦ᠂ | ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ᠂ ᠰᠢᠨᠵᠢᠯᠡᠬᠦ ᠤᠬᠠᠭᠠᠨᠴᠢ ᠪᠠᠷ ᠡᠮᠬᠢ ᠵᠢᠷᠤᠮ ᠲᠠᠢ ᠪᠠᠷ ᠴᠡᠭᠴᠡᠯᠡᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠪᠡᠶ᠎ᠡ ᠪᠠᠷ ᠢᠶᠠᠨ ᠬᠠᠮᠢᠶᠠᠷᠴᠤ᠂ ᠴᠢᠬᠤᠯᠠ ᠠᠵᠢᠯ ᠢ | ᠪᠡᠶ᠎ᠡ ᠪᠠᠷ ᠢᠶᠠᠨ ᠪᠠᠶᠢᠷᠢᠯᠠᠭᠤᠯᠵᠤ᠂ ᠴᠢᠬᠤᠯᠠ ᠶᠡᠭᠡ ᠠᠰᠠᠭᠤᠳᠠᠯ ᠢ ᠦᠪᠡᠷᠳᠡᠬᠡᠨ ᠬᠠᠮᠢᠶᠠᠷᠴᠤ᠂ ᠭᠤᠣᠯᠳᠠᠯᠭ᠎ᠠ ᠲᠠᠢ ᠭᠤᠭᠴᠤᠭ᠎ᠠ ᠶᠢ ᠪᠡᠶ᠎ᠡ ᠪᠠᠷ ᠢᠶᠠᠨ ᠵᠣᠬᠢᠴᠠᠭᠤᠯᠵᠤ᠂ | ᠡᠭᠦᠷᠭᠡ ᠶᠢ ᠬᠥᠮᠥᠨ ᠳᠤᠨᠢ ᠳᠠᠭᠠᠭᠠᠯᠭᠠᠵᠤ᠂ ᠬᠠᠷᠢᠭᠤᠴᠠᠯᠭ᠎ᠠ ᠶᠢ ᠠᠵᠢᠯ ᠤᠨ ᠪᠠᠶᠢᠷᠢ ᠳᠤᠨᠢ ᠳᠠᠭᠠᠭᠠᠯᠭᠠᠵᠤ᠂ ᠱᠠᠭᠠᠷᠳᠠᠯᠭ᠎ᠠ ᠶᠢ ᠪᠤᠳᠠᠳᠠᠶᠢᠵᠢᠭᠤᠯᠤᠨ᠎ᠠ᠃ | ᠳᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠳᠤᠭᠤᠷᠢᠭ ᠤᠨ ᠤᠰᠤᠨ ᠠᠰᠢᠭᠯᠠᠯᠲᠠ ᠶᠢᠨ | ᠲᠣᠪᠴᠢᠶ᠎ᠠ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠳ᠋ᠦᠩᠱᠧᠩ ᠳᠤᠭᠤᠷᠢᠭ ᠤᠨ ᠬᠤᠪᠢᠶᠠᠷᠢ ᠲᠣᠪᠴᠢᠶ᠎ᠠ᠂ ᠡᠷᠡᠭᠦᠯ ᠬᠠᠮᠠᠭᠠᠯᠠᠯ ᠪᠠ | ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠳ ᠳᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠᠨ | ᠦᠨᠡᠨᠬᠦ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠳᠡᠭᠡᠭᠰᠢᠯᠡᠭᠦᠯᠬᠦ ᠶᠢ ᠠᠬᠢᠭᠤᠯᠤᠨ᠎ᠠ᠃ | ︵ᠭᠤᠷᠪᠠ︶ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠥᠩᠭᠡᠨ ᠲᠠᠯ᠎ᠠ ᠪᠠ ᠤᠭ ᠦᠨᠳᠦᠰᠦ ᠢ ᠵᠡᠷᠭᠡᠪᠡᠷ ᠵᠠᠰᠠᠬᠤ᠂ ᠡᠬᠢ | ᠰᠤᠷᠪᠤᠯᠵᠢ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ᠂ ᠶᠡᠷᠦᠩᠬᠡᠶᠢᠯᠡᠨ ᠵᠠᠰᠠᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ ᠶᠢ ᠪᠠᠷᠢᠮᠲᠠᠯᠠᠵᠤ᠂ ᠵᠢᠭᠰᠠᠭᠠᠨ | ᠪᠠᠶᠢᠴᠠᠭᠠᠬᠤ ᠶᠢᠨ ᠳᠠᠭᠠᠤ ᠴᠡᠭᠴᠡᠯᠡᠨ ᠵᠠᠰᠠᠵᠤ ᠳᠤᠲᠠᠭᠤᠳᠠᠯ ᠢᠶᠠᠨ ᠨᠥᠬᠦᠪᠦᠷᠢᠯᠡᠵᠦ᠂ ᠴᠡᠭᠴᠡᠯᠡᠨ ᠵᠠᠰᠠᠬᠤ ᠶᠢᠨ ᠳᠠᠭᠠᠤ ᠳᠦᠷᠢᠮ ᠤᠨ ᠲᠣᠭᠲᠠᠴᠠ ᠶᠢ | ᠪᠦᠷᠢᠨᠰᠢᠭᠦᠯᠵᠦ᠂ ᠤᠰᠤ ᠬᠠᠩᠭᠠᠬᠤ ᠠᠮᠤᠷ ᠲᠦᠪᠰᠢᠨ ᠢ ᠪᠠᠲᠤᠯᠠᠬᠤ᠂ ᠪᠣᠬᠢᠷ ᠤᠰᠤ ᠶᠢ ᠰᠢᠢᠳᠪᠦᠷᠢᠯᠡᠬᠦ ᠵᠢᠴᠢ ᠠᠰᠢᠭᠯᠠᠬᠤ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠᠷ ᠳᠡᠮᠵᠢᠨ ᠤᠤᠭᠤᠬᠤ ᠤᠰᠤᠨ ᠤ ᠡᠬᠢ ᠰᠤᠷᠪᠤᠯᠵᠢ ᠶᠢ | ᠬᠠᠮᠠᠭᠠᠯᠠᠬᠤ᠂ ᠤᠰᠤ ᠬᠠᠩᠭᠠᠬᠤ ᠠᠮᠤᠷ ᠲᠦᠪᠰᠢᠨ᠂ ᠪᠣᠬᠢᠷ ᠤᠰᠤ ᠶᠢ ᠴᠤᠭᠯᠠᠭᠤᠯᠤᠨ ᠰᠢᠢᠳᠪᠦᠷᠢᠯᠡᠬᠦ ᠵᠢᠴᠢ ᠠᠰᠢᠭᠯᠠᠬᠤ ᠬᠢᠷᠢ ᠬᠡᠮᠵᠢᠶ᠎ᠡ ᠶᠢ ᠠᠬᠢᠭᠤᠯᠵᠤ᠂ | ᠣᠷᠳᠣ ᠬᠤᠭᠤᠴᠠᠭ᠎ᠠ ᠪᠠᠷ᠂ ᠦᠷᠭᠦᠯᠵᠢᠯᠡᠨ ᠬᠦᠭᠵᠢᠬᠦᠯᠬᠦ ᠶᠢ ᠪᠡᠶᠡᠯᠡᠭᠦᠯᠦᠨ᠎ᠡ᠃ | ︵ᠳᠥᠷᠪᠡ︶ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠨ᠎ᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠰᠤᠨ ᠤ ᠡᠬᠢ | ᠰᠤᠷᠪᠤᠯᠵᠢ ᠶᠢᠨ ᠬᠠᠮᠠᠭᠠᠯᠠᠯᠲᠠ᠂ ᠤᠰᠤᠨ ᠤ ᠬᠠᠩᠭᠠᠯᠭ᠎ᠠ ᠶᠢᠨ ᠠᠮᠤᠷ ᠲᠦᠪᠰᠢᠨ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ | ᠤᠬᠠᠭᠤᠯᠭ᠎ᠠ ᠶᠢᠨ ᠠᠵᠢᠯ ᠤᠨ ᠲᠥᠰᠥᠯ ᠢ ᠲᠣᠭᠲᠠᠭᠠᠵᠤ᠂ ᠤᠰᠤᠨ ᠠᠰᠢᠭᠯᠠᠯᠲᠠ ᠶᠢᠨ ᠤᠬᠠᠭᠤᠯᠭ᠎ᠠ ᠶᠢ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ | ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠭᠡᠷ ᠪᠦᠯᠢ ᠳᠤ | ᠣᠷᠣᠭᠤᠯᠬᠤ᠂ ᠣᠯᠠᠨ ᠨᠡᠶᠢᠲᠡ ᠶᠢᠨ ᠲᠠᠯᠠᠪᠤᠷ ᠲᠤ ᠣᠷᠣᠭᠤᠯᠬᠤ ᠶᠢ ᠠᠬᠢᠭᠤᠯᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠤᠰᠤ ᠬᠠᠩᠭᠠᠬᠤ | ᠠᠮᠤᠷ ᠲᠦᠪᠰᠢᠨ ᠤ ᠪᠠᠲᠤᠯᠠᠭ᠎ᠠ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠡᠯ᠎ᠡ ᠵᠦᠢᠯ ᠤᠨ ᠠᠵᠢᠯ ᠳᠤ ᠤᠬᠠᠮᠰᠠᠷ ᠠᠴᠠ ᠪᠠᠨ | ᠣᠷᠣᠯᠴᠠᠭᠤᠯᠵᠤ᠂ ᠴᠡᠭᠴᠡᠯᠡᠨ ᠵᠠᠰᠠᠬᠤ ᠶᠠᠪᠤᠴᠠ ᠳᠤ ᠢᠯᠡᠷᠡᠭᠰᠡᠨ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠲᠣᠬᠢᠲᠠᠢ ᠵᠣᠬᠢᠴᠠᠭᠤᠯᠤᠨ ᠰᠢᠢᠳᠪᠦᠷᠢᠯᠡᠵᠦ᠂ | ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠶᠢ ᠴᠢᠩᠭᠠᠷᠠᠭᠤᠯᠤᠨ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠤᠷᠴᠢᠨ ᠠᠬᠤᠢ ᠶᠢ ᠪᠤᠯᠭᠠᠨ᠎ᠠ᠃ | ᠲᠠᠪᠤ᠂ ᠠᠬᠢᠴᠠ ᠶᠢᠨ ᠲᠣᠬᠢᠷᠠᠭᠤᠯᠤᠯᠲᠠ | ᠬᠤᠲᠠ ᠪᠠᠯᠭᠠᠰᠤ ᠶᠢᠨ ᠲᠥᠪᠯᠡᠷᠡᠭᠦᠯᠦᠨ ᠤᠰᠤ ᠬᠠᠩᠭᠠᠬᠤ ᠪᠠ ᠠᠮᠢᠳᠤᠷᠠᠯ ᠤᠨ ᠪᠣᠬᠢᠷ ᠤᠰᠤ ᠶᠢ ᠴᠤᠭᠯᠠᠭᠤᠯᠤᠨ ᠰᠢᠢᠳᠪᠦᠷᠢᠯᠡᠬᠦ ᠵᠢᠴᠢ ᠠᠰᠢᠭᠯᠠᠬᠤ ᠶᠢ | ᠴᠡᠭᠴᠡᠯᠡᠨ ᠳᠡᠭᠡᠭᠰᠢᠯᠡᠭᠦᠯᠬᠦ ᠠᠵᠢᠯᠯᠠᠭ᠎ᠠ ᠶᠢ ᠳᠣᠣᠷᠠᠬᠢ ᠳᠥᠷᠪᠡᠨ ᠱᠠᠲᠤ ᠦᠶ᠎ᠡ ᠪᠠᠷ ᠯᠠᠪᠳᠠᠭᠤᠨ ᠢᠶᠠᠷ ᠠᠬᠢᠭᠤᠯᠤᠨ᠎ᠠ᠃ | ︵ᠨᠢᠭᠡ︶ ᠳᠠᠶᠢᠴᠢᠯᠠᠨ ᠪᠠᠶᠢᠷᠢᠯᠠᠭᠤᠯᠬᠤ ᠱᠠᠲᠤ ᠦᠶ᠎ᠡ ︵2022 ᠣᠨ ᠤ 4 ᠰᠠᠷ᠎ᠠ ᠶᠢᠨ ᠰᠡᠭᠦᠯᠴᠢ ᠠᠴᠠ ᠡᠮᠦᠨ᠎ᠡ︶᠃ ᠳ᠋ᠦᠩᠱᠧᠩ ᠲᠣᠭᠤᠷᠢᠭ ᠤᠨ | ᠬᠤᠲᠠ ᠪᠠᠯᠭᠠᠰᠤ ᠶᠢᠨ ᠲᠥᠪᠯᠡᠷᠡᠭᠦᠯᠦᠨ ᠤᠰᠤ ᠬᠠᠩᠭᠠᠬᠤ ᠪᠠ ᠠᠮᠢᠳᠤᠷᠠᠯ ᠤᠨ ᠪᠣᠬᠢᠷ ᠤᠰᠤ ᠶᠢ ᠴᠤᠭᠯᠠᠭᠤᠯᠤᠨ ᠰᠢᠢᠳᠪᠦᠷᠢᠯᠡᠬᠦ ᠵᠢᠴᠢ ᠠᠰᠢᠭᠯᠠᠬᠤ ᠶᠢ ᠵᠢᠭᠰᠠᠭᠠᠨ | ᠪᠠᠶᠢᠴᠠᠭᠠᠵᠤ ᠴᠡᠭᠴᠡᠯᠡᠨ ᠳᠡᠭᠡᠭᠰᠢᠯᠡᠭᠦᠯᠬᠦ ᠠᠵᠢᠯ ᠤᠨ ᠳᠠᠶᠢᠴᠢᠯᠠᠯᠲᠠ ᠶᠢᠨ ᠬᠤᠷᠠᠯ ᠢ ᠬᠤᠷᠠᠯᠳᠤᠭᠤᠯᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠳᠡᠭᠡᠭᠰᠢᠯᠡᠭᠦᠯᠬᠦ | ᠠᠵᠢᠯ ᠤᠨ ᠲᠥᠰᠥᠯ ᠢ ᠲᠣᠭᠲᠠᠭᠠᠨ ᠪᠦᠷᠢᠯᠳᠦᠭᠦᠯᠦᠨ᠎ᠡ᠃ | ︵ᠬᠤᠶᠠᠷ︶ ᠥᠪᠡᠷ ᠢ ᠪᠠᠨ ᠪᠠᠶᠢᠴᠠᠭᠠᠵᠤ ᠴᠡᠭᠴᠡᠯᠡᠨ ᠵᠠᠰᠠᠬᠤ ᠱᠠᠲᠤ ᠦᠶ᠎ᠡ ︵2022 ᠣᠨ ᠤ 5 ᠰᠠᠷ᠎ᠠ ᠶᠢᠨ 1 ᠤ ᠡᠳᠦᠷ ᠠᠴᠠ 2022 ᠣᠨ ᠤ 8 | ᠰᠠᠷ᠎ᠠ ᠶᠢᠨ 31 ᠤ ᠡᠳᠦᠷ ᠪᠤᠯᠳᠠᠯ᠎ᠠ︶᠃ ᠲᠥᠰᠥᠯ ᠤᠨ ᠱᠠᠭᠠᠷᠳᠠᠯᠭ᠎ᠠ ᠶᠣᠰᠣᠭᠠᠷ᠂ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠥᠪᠡᠷ ᠤᠨ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠠᠰᠠᠭᠤᠳᠠᠯ ᠤᠨ ᠨᠠᠷᠢᠨ ᠲᠠᠩᠰᠠ ᠶᠢ ᠪᠦᠷᠢᠯᠳᠦᠭᠦᠯᠬᠦ ᠶᠢᠨ ᠬᠠᠮᠲᠤ ᠴᠡᠭᠴᠡᠯᠡᠨ | ᠰᠠᠶᠢᠵᠢᠷᠠᠭᠤᠯᠵᠤ ᠳᠡᠭᠡᠭᠰᠢᠯᠡᠭᠦᠯᠬᠦ ᠲᠥᠰᠥᠯ ᠢ ᠵᠡᠷᠭᠡ ᠪᠠᠷ ᠲᠣᠭᠲᠠᠭᠠᠵᠤ᠂ ᠲᠥᠷᠥᠯ ᠪᠦᠷᠢ ᠶᠢᠨ ᠠᠰᠠᠭᠤᠳᠠᠯ ᠳᠤ ᠴᠥᠮ ᠪᠣᠳᠠᠲᠠᠢ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠲᠣᠭᠲᠠᠭᠠᠵᠤ᠂ ᠠᠵᠢᠯ ᠤᠨ ᠳᠠᠷᠠᠭᠠᠯᠠᠯ ᠢ ᠲᠥᠪ ᠪᠣᠯᠭᠠᠨ᠂ ᠠᠵᠢᠯ ᠤᠨ ᠬᠤᠭᠤᠴᠠᠭ᠎ᠠ ᠶᠢ ᠵᠢᠭᠰᠠᠭᠠᠵᠤ᠂ ᠴᠠᠭ ᠤᠨ ᠬᠦᠰᠦᠨᠦᠭᠲᠦ᠂ ᠵᠠᠮ | ᠱᠤᠭᠤᠮ ᠤᠨ ᠵᠢᠷᠤᠭ᠂ ᠬᠠᠷᠢᠭᠤᠴᠠᠯᠭᠠᠲᠠᠨ ᠢ ᠳᠤᠳᠤᠷᠬᠠᠶᠢᠯᠠᠨ᠎ᠠ᠃ ᠥᠪᠡᠷ ᠢᠶᠠᠨ ᠪᠠᠶᠢᠴᠠᠭᠠᠬᠤ ᠠᠵᠢᠯ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠠᠰᠠᠭᠤᠳᠠᠯ ᠢ ᠦᠨᠡᠨ ᠬᠦ ᠪᠠᠶᠢᠴᠠᠭᠠᠨ ᠲᠣᠳᠣᠯᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠪᠦᠲᠦᠮᠵᠢᠲᠡᠶ ᠠᠷᠭ᠎ᠠ ᠬᠡᠮᠵᠢᠶ᠎ᠡ ᠶᠢ | ᠳᠤᠷᠠᠳᠤᠨ ᠭᠠᠷᠭᠠᠨ᠎ᠠ᠃ 5 ᠳ᠋ᠤᠭᠠᠷ ᠰᠠᠷ᠎ᠠ ᠶᠢᠨ 24 ᠤ ᠡᠳᠦᠷ ᠠᠴᠠ ᠡᠮᠦᠨ᠎ᠡ ᠥᠪᠡᠷ ᠢ ᠪᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ | ᠲᠥᠰᠥᠯ ᠢ ᠲᠣᠭᠲᠠᠭᠠᠬᠤ ᠶᠢᠨ ᠬᠠᠮᠲᠤ ᠲᠣᠭᠤᠷᠢᠭ ᠤᠨ ᠠᠵᠢᠯᠯᠠᠬᠤ ᠳᠤᠭᠤᠶᠢᠯᠠᠩ ᠤᠨ ᠠᠯᠪᠠᠨ ᠭᠡᠷ ᠲᠤ ᠮᠡᠳᠡᠬᠦᠯᠦᠨ᠎ᠡ᠃ | ︵ᠭᠤᠷᠪᠠ︶ ᠬᠢᠨᠠᠨ ᠵᠢᠯᠤᠭᠤᠳᠴᠤ ᠴᠡᠭᠴᠡᠯᠡᠨ ᠰᠠᠶᠢᠵᠢᠷᠠᠭᠤᠯᠬᠤ ᠱᠠᠲᠤ ᠦᠶ᠎ᠡ ︵2022 ᠣᠨ ᠤ 5 ᠰᠠᠷ᠎ᠠ ᠶᠢᠨ 31 ᠤ ᠡᠳᠦᠷ ︱8 ᠰᠠᠷ᠎ᠠ ᠶᠢᠨ | 31 ᠤ ᠡᠳᠦᠷ ᠪᠤᠯᠳᠠᠯ᠎ᠠ︶᠃ ᠬᠤᠲᠠ ᠶᠢᠨ ᠠᠵᠢᠯ ᠤᠨ ᠳᠤᠭᠤᠶᠢᠯᠠᠩ ᠤᠨ ᠲᠤᠰᠬᠠᠢ ᠬᠢᠨᠠᠨ ᠵᠢᠯᠤᠭᠤᠳᠬᠤ ᠠᠵᠢᠯ ᠤᠨ ᠳᠤᠭᠤᠶᠢᠯᠠᠩ ᠤᠨ ᠬᠢᠨᠠᠨ ᠵᠢᠯᠤᠭᠤᠳᠬᠤ | ᠠᠵᠢᠯ ᠢ ᠤᠭᠳᠤᠬᠤ ᠠᠵᠢᠯ ᠢ ᠰᠠᠶᠢᠳᠤᠷ ᠬᠢᠵᠤ᠂ ᠠᠰᠠᠭᠤᠳᠠᠯ ᠵᠢᠴᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠵᠤ᠂ | ᠥᠪᠡᠷ ᠲᠡᠭᠡᠨ ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠳᠤ ᠥᠨᠴᠥᠭ ᠪᠤᠯᠤᠩ ᠦᠯᠡᠳᠡᠭᠡᠬᠦ ᠦᠭᠡᠢ᠂ ᠪᠠᠯᠠᠢ ᠭᠠᠵᠠᠷ | ᠦᠯᠡᠳᠡᠭᠡᠬᠦ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠴᠠᠭ ᠲᠤᠬᠠᠢ ᠳᠤᠨᠢ ᠠᠬᠢᠭᠤᠯᠤᠨ᠎ᠠ᠃ 6 ᠰᠠᠷ᠎ᠠ ᠶᠢᠨ 1 ᠤ ᠡᠳᠦᠷ ᠠᠴᠠ ᠡᠬᠢᠯᠡᠨ᠂ ︽ᠭᠠᠷᠠᠭ ᠪᠤᠯᠭᠠᠨ | ᠳᠤᠬᠢᠷᠠᠭᠤᠯᠵᠤ᠂ ᠰᠠᠷ᠎ᠠ ᠪᠤᠯᠭᠠᠨ ᠵᠠᠷᠯᠠᠬᠤ︾ ᠳᠦᠷᠢᠮ ᠢ ᠬᠡᠷᠡᠭᠵᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ | ᠶᠣᠰᠣᠭᠠᠷ ᠴᠢᠩᠭ᠎ᠠ ᠰᠢᠢᠳᠪᠦᠷᠢᠯᠡᠨ᠎ᠡ᠃ | ︵ᠳᠥᠷᠪᠡ︶ ᠪᠠᠬᠢᠵᠢᠭᠦᠯᠦᠨ ᠭᠦᠨᠵᠡᠭᠡᠶᠢᠷᠡᠭᠦᠯᠬᠦ ᠱᠠᠲᠤ ᠦᠶ᠎ᠡ ︵2022 ᠣᠨ ᠤ 9 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ | ᠪᠤᠯᠳᠠᠯ᠎ᠠ︶᠃ ᠵᠢᠭᠰᠠᠭᠠᠨ ᠪᠠᠶᠢᠴᠠᠭᠠᠵᠤ ᠴᠡᠭᠴᠡᠯᠡᠨ ᠳᠡᠭᠡᠭᠰᠢᠯᠡᠭᠦᠯᠬᠦ ᠠᠵᠢᠯ ᠤᠨ ᠠᠷᠭ᠎ᠠ ᠪᠠᠷᠢᠯ ᠪᠣᠯᠣᠨ ᠲᠤᠷᠰᠢᠯᠭ᠎ᠠ ᠶᠢ ᠨᠠᠷᠢᠨ ᠬᠢᠨᠠᠮᠠᠭᠠᠢ ᠳ᠋ᠦᠩᠨᠡᠨ᠂ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠤᠰᠬᠠᠢ ᠠᠵᠢᠯ ᠤᠨ ᠮᠡᠳᠡᠭᠦᠯᠦᠯᠲᠡ ᠶᠢ ᠪᠦᠷᠢᠯᠳᠦᠭᠦᠯᠵᠦ᠂ 2022 ᠣᠨ ᠤ 9 | ᠰᠠᠷ᠎ᠠ ᠶᠢᠨ 18 ᠤ ᠡᠳᠦᠷ ᠠᠴᠠ ᠡᠮᠦᠨ᠎ᠡ ᠲᠣᠭᠤᠷᠢᠭ ᠤᠨ ᠠᠵᠢᠯ ᠤᠨ ᠳᠤᠭᠤᠶᠢᠯᠠᠩ ᠤᠨ ᠠᠯᠪᠠᠨ ᠭᠡᠷ ᠲᠤ ᠮᠡᠳᠡᠬᠦᠯᠦᠨ᠎ᠡ᠃ | | ᠤᠷᠳᠤᠰ ᠬᠤᠳᠠ ᠶᠢᠨ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ | 2022 ᠤᠨ ᠤ 5 ᠰᠠᠷ᠎ᠠ ᠶᠢᠨ 20 ᠤ ᠡᠳᠤᠷ | | | | | | |