2022 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠬᠠᠨᠳᠢᠪ ᠴᠤᠭᠯᠠᠭᠤᠯᠬᠤ ᠠᠵᠢᠯᠯᠠᠭ᠎ᠠ ᠶᠢ ᠥᠷᠨᠢᠭᠦᠯᠬᠦ ᠲᠤᠬᠠᠶ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/8/10
                               ᠳ᠋ᠦᠩᠱᠧᠩ ᠵᠠᠰᠠᠭ ᠠᠯᠪᠠᠨ ᠲᠠᠷᠬᠠᠭᠠᠭᠰᠠᠨ ﹇2022﹈ 49 ᠳ᠋ᠦ᠋ᠭᠡᠷ ᠲᠣᠭᠠᠲᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠤᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ᠂ ᠠᠷᠠᠳ ᠤᠨ ᠪᠦᠯᠬᠦᠮ᠂ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ᠂ ᠡᠯ᠎ᠡ ᠰᠢᠭᠤᠳ ᠬᠠᠮᠵᠢᠨ ᠬᠠᠮᠢᠶᠠᠷᠬᠤ ᠰᠠᠯᠠᠭ᠎ᠠ ᠮᠥᠴᠢᠷ ᠲᠤ᠄    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠤᠯᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠦᠷᠢᠮ︾ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ︽2022 ᠣᠨ ᠤ ᠪᠥᠬᠦ ᠬᠤᠲᠠ ᠶᠢᠨ ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪ ᠴᠤᠭᠯᠠᠭᠤᠯᠬᠤ ᠠᠵᠢᠯᠯᠠᠭ᠎ᠠ ᠥᠷᠨᠢᠭᠦᠯᠬᠦ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠣᠷᠳᠣᠰ ᠵᠠᠰᠠᠭ ᠠᠯᠪᠠᠨ ᠲᠠᠷᠬᠠᠭᠠᠭᠰᠠᠨ ﹇2022﹈ 7︶ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠮᠠᠨ  ᠤ ᠲᠤᠭᠤᠷᠢᠭ ᠤᠨ 2022 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠬᠠᠨᠳᠢᠪ ᠴᠤᠭᠯᠠᠭᠤᠯᠬᠤ ᠠᠵᠢᠯᠯᠠᠭ᠎ᠠ ᠶᠢ ᠦᠨᠡᠨ ᠬᠦ ᠰᠠᠶᠢᠲᠤᠷ ᠵᠣᠬᠢᠶᠠᠨ ᠪᠠᠶᠢᠭᠤᠯᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠶᠯᠡᠰ ᠢ ᠳᠣᠤᠷᠠᠬᠢ ᠮᠡᠲᠦ ᠮᠡᠳᠡᠭᠳᠡᠪᠡ᠃ᠨᠢᠭᠡ᠂ ᠠᠵᠢᠯᠯᠠᠭ᠎ᠠ ᠶᠢᠨ ᠭᠤᠣᠯ ᠰᠡᠳᠦᠪ     ᠲᠠᠨ ᠤ ᠨᠢᠭᠡ ᠡᠳᠦᠷ ᠤᠨ ᠣᠷᠣᠯᠭ᠎ᠠ ᠶᠢ ᠬᠠᠨᠳᠢᠪᠯᠠᠵᠤ᠂ ᠲᠠᠨ ᠤ ᠦᠨᠡᠨᠴᠢ ᠰᠡᠳᠬᠢᠯ ᠢᠶᠠᠨ ᠡᠷᠭᠦᠵᠦ᠂ ᠭᠡᠷᠡᠯ ᠭᠢᠯᠪᠠᠭ᠎ᠠ  ᠨᠡᠮᠡᠷᠢᠯᠡᠨ ᠳ᠋ᠦᠩᠱᠧᠩ ᠢ ᠳᠤᠯᠠᠭᠠᠴᠠᠭᠤᠯᠵᠤ᠂ ᠬᠤᠪᠢ ᠨᠡᠮᠡᠷᠢ ᠦᠵᠡᠭᠦᠯᠬᠦ ᠪᠠᠷ ᠲᠠᠮᠵᠢᠨ ᠬᠤᠲᠠ ᠳᠤ ᠬᠦᠴᠦᠨ ᠨᠡᠮᠡᠷᠢᠯᠡᠨ᠎ᠡ᠃ᠬᠤᠶᠠᠷ᠂ ᠣᠷᠣᠯᠴᠠᠬᠤ ᠬᠡᠪᠴᠢᠶ᠎ᠡ     ᠡᠯ᠎ᠡ ᠪᠠᠯᠭᠠᠰᠤ᠂ ᠵᠡᠭᠡᠯᠢ ᠭᠤᠳᠤᠮᠵᠢ᠂ ᠲᠤᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ᠂ ᠠᠷᠠᠳ ᠤᠨ ᠪᠦᠯᠬᠦᠮ᠂ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠢᠭᠤᠳ ᠬᠠᠮᠵᠢᠨ ᠬᠠᠮᠢᠶᠠᠷᠬᠤ ᠰᠠᠯᠠᠭ᠎ᠠ ᠮᠥᠴᠢᠷ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ᠃ ᠬᠤᠶᠠᠳᠤᠭᠠᠷ ᠳᠡᠰ ᠤᠨ ᠨᠢᠭᠡᠴᠡ ᠵᠢᠴᠢ ᠬᠤᠪᠢᠶᠠᠷᠢ ᠰᠠᠯᠪᠤᠷᠢ ᠪᠠᠶᠢᠭᠤᠯᠤᠮᠵᠢ ᠨᠢᠭᠡᠴᠡ ᠶᠢᠨ ᠬᠠᠨᠳᠢᠪ ᠴᠤᠭᠯᠠᠭᠤᠯᠬᠤ ᠠᠵᠢᠯᠯᠠᠭ᠎ᠠ ᠶᠢ ᠭᠤᠤᠯᠯᠠᠨ ᠬᠠᠮᠢᠶᠠᠷᠬᠤ ᠨᠢᠭᠡᠴᠡ ᠠᠴᠠ ᠬᠠᠷᠢᠭᠤᠴᠠᠨ ᠵᠣᠬᠢᠶᠠᠨ ᠪᠠᠶᠢᠭᠤᠯᠤᠨ᠎ᠠ᠃ᠭᠤᠷᠪᠠ᠂ ᠬᠠᠨᠳᠢᠪᠯᠠᠭᠰᠠᠨ ᠵᠣᠭᠤᠰ ᠤᠨ ᠬᠡᠷᠡᠭᠴᠡᠭᠡ      ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠴᠤᠭᠯᠠᠭᠤᠯᠤᠭᠰᠠᠨ ᠪᠠᠯᠠ ᠮᠥᠩᠭᠦ ᠶᠢᠨ 20 % ᠶᠢ ᠭᠠᠮᠰᠢᠭ ᠤᠨ ᠨᠥᠭᠡᠴᠡᠯᠡᠯ ᠳᠤ ᠬᠡᠷᠡᠭᠯᠡᠨ᠎ᠡ︔ ᠴᠤᠭᠯᠠᠭᠤᠯᠤᠭᠰᠠᠨ ᠪᠡᠯᠡ ᠮᠥᠩᠭᠦ ᠶᠢᠨ 30 % ᠶᠢ ᠨᠢ ᠤᠤᠯ ᠤᠨ ᠬᠥᠮᠥᠡᠯᠢᠭ ᠠᠪᠤᠷᠠᠨ ᠲᠤᠰᠠᠯᠠᠬᠤ ᠨᠡᠷᠡᠲᠦ ᠲᠡᠮᠳᠡᠭᠲᠦ ᠶᠢᠨ ᠲᠥᠷᠥᠯ ᠵᠦᠢᠯ ᠢ ᠪᠠᠬᠢᠵᠢᠭᠦᠯᠬᠦ ᠳᠤ ᠬᠡᠷᠡᠭᠯᠡᠨ᠎ᠡ︔ ᠴᠤᠭᠯᠠᠭᠤᠯᠤᠭᠰᠠᠨ ᠪᠠᠯᠠ ᠮᠥᠩᠭᠦ ᠶᠢᠨ 50 % ᠶᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠭᠰᠠᠨ ᠬᠥᠮᠥᠡᠯᠢᠭ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠳᠤ ᠬᠡᠷᠡᠭᠯᠡᠨ᠎ᠡ᠃ ᠬᠡᠷᠪᠡ ᠲᠤᠰ ᠵᠢᠯ ᠤᠨ ᠬᠦᠯᠢᠶᠡᠨ ᠠᠪᠤᠭᠰᠠᠨ ᠲᠤᠰᠠᠯᠠᠮᠵᠢ ᠶᠢᠨ ᠵᠣᠭᠤᠰ ᠤᠨ ᠲᠤᠭ᠎ᠠ  ᠨᠢ 75 ᠲᠦᠮᠡᠨ ᠲᠥᠭᠦᠷᠢᠭ ᠢ ᠳᠠᠪᠠᠭᠰᠠᠨ ᠪᠠᠶᠢᠪᠠᠯ᠂ ᠪᠡᠯᠡ ᠮᠥᠩᠭᠦ ᠶᠢᠨ ᠵᠠᠷᠤᠯᠭ᠎ᠠ ᠶᠢᠨ ᠪᠦᠲᠦᠴᠡ ᠳᠤ ᠲᠣᠬᠢᠷᠠᠭᠤᠯᠤᠯᠲᠠ ᠬᠢᠵᠦ ᠪᠣᠯᠤᠨ᠎ᠠ᠂ ᠲᠤᠬᠠᠶᠢᠯᠠᠪᠠᠯ᠄ ᠴᠤᠭᠯᠠᠭᠤᠯᠤᠭᠰᠠᠨ ᠪᠠᠯᠠ ᠮᠥᠩᠭᠦ ᠶᠢᠨ 30 % ᠶᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠭᠰᠠᠨ ᠬᠥᠮᠥᠡᠯᠢᠭ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠳᠤ ᠬᠡᠷᠡᠭᠯᠡᠨ᠎ᠡ︔ ᠴᠤᠭᠯᠠᠭᠤᠯᠤᠭᠰᠠᠨ ᠪᠠᠯᠠ ᠮᠥᠩᠭᠦ ᠶᠢᠨ 50 % ᠶᠢ ᠨᠢ ᠤᠤᠯ ᠤᠨ ᠪᠠᠶᠢᠭᠰᠠᠨ ᠬᠥᠮᠥᠡᠯᠢᠭ ᠠᠪᠤᠷᠠᠨ ᠲᠤᠰᠠᠯᠠᠬᠤ ᠲᠥᠷᠥᠯ ᠵᠦᠢᠯ ᠢ ᠪᠠᠬᠢᠵᠢᠭᠦᠯᠬᠦ ᠳᠤ ᠬᠡᠷᠡᠭᠯᠡᠨ᠎ᠡ᠃ᠳᠥᠷᠪᠡ᠂ ᠬᠠᠨᠳᠢᠪ ᠴᠤᠭᠯᠠᠭᠤᠯᠬᠤ ᠲᠣᠬᠢᠷᠠᠭᠤᠯᠤᠯᠲᠠ︵ᠨᠢᠭᠡ︶ ᠴᠠᠭ ᠬᠤᠭᠤᠴᠠᠭᠠᠨ ᠤ ᠲᠣᠬᠢᠷᠠᠭᠤᠯᠤᠯᠲᠠ      ᠥᠨᠥᠳᠦᠷ ᠠᠴᠠ ᠡᠬᠢᠯᠡᠨ 2022 ᠣᠨ ᠤ 9 ᠰᠠᠷ᠎ᠠ ᠶᠢᠨ ᠰᠡᠭᠦᠯᠴᠢ ᠪᠣᠯᠲᠠᠯ᠎ᠠ ︵ᠬᠤᠶᠠᠷ︶ ᠬᠠᠨᠳᠢᠪ ᠴᠤᠭᠯᠠᠭᠤᠯᠬᠤ ᠠᠷᠭ᠎ᠠ ᠮᠠᠶ᠋ᠢᠭ     1 . ᠪᠠᠩᠬᠢ ᠶᠢᠨ ᠳᠠᠩᠰᠠ ᠰᠢᠯᠵᠢᠭᠦᠯᠦᠨ ᠭᠤᠪᠢᠭᠤᠯᠤᠭᠰᠠᠨ ᠵᠣᠭᠤᠰ ︵ᠬᠠᠨᠳᠢᠪᠯᠠᠭᠰᠠᠨ ᠨᠢᠬᠡᠴᠡ ᠶᠢ ᠲᠤᠳᠤᠷᠬᠠᠶᠢᠯᠠᠨ᠎ᠠ︶ᠲᠠᠩᠰᠠ ᠪᠠᠶᠢᠭᠤᠯᠬᠤ ᠨᠡᠷᠡᠶᠢᠳᠦᠯ᠄ ᠤᠷᠳᠤᠰ ᠬᠤᠳᠠ ᠶᠢᠨ ᠳ᠋ᠦᠩᠱᠧᠩ ᠲᠤᠭᠤᠷᠢᠭ ‍ᠤᠨ‌ᠤᠯᠠᠭᠠᠨ ᠵᠠᠭᠠᠯᠮᠠᠶᠢᠲᠠᠨ ᠤ ᠨᠡᠶᠢᠭᠡᠮᠯᠢᠭᠲᠠᠩᠰᠠ ᠪᠠᠶᠢᠭᠤᠯᠤᠭᠰᠠᠨ ᠪᠠᠩᠬᠢ᠄ ᠦᠶᠯᠡᠳᠪᠦᠷᠢ ᠬᠤᠳᠠᠯᠳᠤᠭᠠᠨ ᠤ ᠪᠠᠩᠬᠢ ᠶᠢᠨ ᠳ᠋ᠦᠩᠱᠧᠩ ᠳᠠᠬᠢ ᠰᠠᠯᠪᠤᠷᠢ ᠪᠠᠩᠬᠢᠬᠠᠨᠳᠢᠪᠯᠠᠭᠰᠠᠨ ᠵᠣᠭᠤᠰ ᠤᠨ ᠲᠠᠩᠰᠠᠨ ᠤ ᠨᠣᠮᠧᠷ᠄ 0612080129026493282  ᠬᠠᠨᠳᠢᠪᠯᠠᠬᠤ ᠲᠦᠷᠦᠯ ᠵᠤᠶᠢᠯ᠄ ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ     2 . ᠺᠣᠳ᠋ ᠰᠢᠷᠪᠢᠵᠦ ᠵᠤᠭᠤᠰ ᠬᠠᠨᠳᠢᠪᠯᠠᠨ᠎ᠠ     ᠬᠤᠶᠠᠷ ᠺᠣᠳ᠋ ᠲᠡᠮᠳᠡᠭ ᠢ ᠰᠢᠷᠪᠢᠵᠦ ᠵᠣᠭᠤᠰ ᠬᠠᠨᠳᠢᠪᠯᠡᠬᠤ  ᠳᠠᠭᠠᠨ ᠬᠠᠨᠳᠢᠪᠯᠡᠭ᠌ᠰᠠᠨ ᠵᠣᠭᠤᠰ ᠤᠨ ᠲᠤᠭ᠎ᠠ ᠶᠢ ᠲᠠᠭᠯᠠᠨ ᠪᠢᠴᠢᠵᠦ᠂ ᠲᠠᠶᠢᠯᠪᠤᠷᠢ ᠳᠠᠭᠠᠨ ᠨᠢᠭᠡᠴᠡ ᠶᠢᠨ ᠨᠡᠷᠡᠶᠢᠳᠦᠯ᠂ ᠬᠠᠷᠢᠯᠴᠠᠬᠤ ᠬᠥᠮᠥᠨ ᠵᠢᠴᠢ ᠬᠠᠷᠢᠯᠴᠠᠬᠤ ᠠᠷᠭ᠎ᠠ ᠮᠠᠶ᠋ᠢᠭ ᠢ ᠲᠠᠭᠯᠠᠨ ᠪᠢᠴᠢᠬᠦ ᠬᠡᠷᠡᠭᠲᠡᠢ᠃ ︵ᠭᠤᠷᠪᠠ︶ ᠪᠣᠳᠠᠲᠠᠶ ᠱᠠᠭᠠᠷᠳᠠᠯᠭ᠎ᠠ     1 . ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠬᠠᠨᠳᠢᠪ ᠴᠤᠭᠯᠠᠭᠤᠯᠤᠭᠰᠠᠨ ᠵᠣᠭᠤᠰ ᠢ ᠬᠦᠯᠢᠶᠡᠨ ᠠᠪᠬᠤ ᠠᠵᠢᠯ ᠢ ᠦᠨᠡᠨᠬᠦ ᠰᠠᠶᠢᠲᠤᠷ ᠬᠢᠵᠦ᠂ ᠲᠤᠰᠠᠯᠠᠨ ᠬᠦᠷᠭᠡᠭᠰᠡᠨ ᠨᠢᠭᠡᠴᠡ᠂ ᠬᠤᠪᠢ ᠬᠥᠮᠦᠨ ᠳᠤ ᠬᠠᠶᠢᠷ᠎ᠠ ᠬᠠᠯᠠᠮᠵᠢ ᠶᠢᠨ ᠳᠠᠩᠰᠠ ᠡᠪᠬᠡᠮᠡᠯ ᠪᠠᠶᠢᠭᠤᠯᠬᠤ ᠬᠡᠷᠡᠭᠲᠡᠶ᠃     2 . ᠡᠯ᠎ᠡ ᠨᠢᠭᠡᠴᠡ ᠥᠪᠡᠰᠦᠪᠡᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠵᠣᠭᠤᠰ ᠬᠠᠨᠳᠢᠪᠯᠠᠵᠤ᠂ ᠠᠵᠢᠯᠲᠠᠨ ᠠᠵᠢᠯᠴᠢᠨ ᠢ ᠳᠠᠶᠢᠴᠢᠯᠠᠨ ᠰᠠᠷ᠎ᠠ  ᠶᠢᠨ ᠴᠠᠯᠢᠩ ᠤᠨ ᠶᠡᠷᠦᠩᠬᠡᠶ ᠲᠣᠭᠠᠨ ᠤ 1 / 30 ᠪᠠᠷ ᠭᠦᠶᠴᠡᠳ ᠲᠤᠭ᠎ᠠ ᠪᠠᠷ ᠵᠣᠭᠤᠰ ᠬᠠᠨᠳᠢᠪᠯᠠᠨ᠎ᠠ᠃     3 . ᠡᠯ᠎ᠡ ᠵᠣᠭᠤᠰ ᠬᠠᠨᠳᠢᠪᠯᠠᠭᠰᠠᠨ ᠨᠢᠭᠡᠴᠡ ᠪᠠᠩᠬᠢ ᠶᠢᠨ ᠳᠠᠩᠰᠠᠨ ᠳᠤ ᠣᠷᠣᠭᠤᠯᠤᠭᠰᠠᠨ ᠬᠠᠭᠤᠳᠠᠰᠤ ᠵᠢᠴᠢ ᠬᠠᠨᠳᠢᠪᠯᠠᠭᠰᠠᠨ ᠨᠡᠷ᠎ᠡ ᠶᠢᠨ ᠬᠦᠰᠦᠨᠦᠭᠲᠦ ︵ᠭᠤᠤᠯ ᠤᠳᠤᠷᠢᠳᠤᠯᠭ᠎ᠠ ᠭᠠᠷ ᠤᠨ ᠦᠰᠦᠭ ᠵᠢᠷᠤᠬᠤ ᠶᠢᠨ ᠬᠠᠮᠲᠤ ᠠᠯᠪᠠᠨ ᠲᠠᠮᠠᠭ᠎ᠠ ᠳᠠᠷᠤᠬᠤ ᠬᠡᠷᠡᠭᠲᠡᠶ︶ ᠶᠢ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠡᠳ᠋ ᠤᠨ ᠶᠠᠪᠤᠳᠠᠯ ᠤᠨ ᠲᠠᠰᠤᠭ ᠲᠤ ᠮᠡᠳᠡᠭᠦᠯᠦᠨ ᠬᠦᠷᠭᠡᠨ᠎ᠡ  ︵ᠬᠠᠷᠢᠯᠴᠠᠬᠤ ᠬᠥᠮᠦᠨ᠄ ᠯᠢᠦ ᠶᠢᠨ ᠮᠧᠶ᠂ ᠵᠠᠩ ᠰᠢᠶᠤᠤ ᠵᠢᠤᠸᠠᠨ︔ ᠤᠳᠠᠰᠤ᠄ 04778575059︔ ᠬᠠᠶ᠋ᠢᠭ᠄ ᠳ᠋ᠦᠩᠱᠧᠩ ᠲᠣᠭᠤᠷᠢᠭ ᠤᠨ ᠬᠤᠲᠠ ᠶᠢᠨ ᠠᠷᠠᠳ ᠤᠨ ᠲᠥᠪ ᠤᠨ A ᠰᠠᠭᠤᠳᠠᠯ ᠤᠨ 503 ᠥᠷᠥᠭᠡ  ᠪᠠᠷᠠᠭᠤᠨ ᠲᠠᠯ᠎ᠠ︶᠂ ᠡᠯᠧᠺᠲᠷᠣᠨ ᠬᠡᠪᠯᠡᠯ ᠢ ᠢᠮᠧᠯ ᠤᠨ ᠬᠠᠶᠢᠷᠴᠠᠭ ᠲᠤ hszh 11 @ 163 . com ᠶᠠᠪᠤᠭᠤᠯᠠᠷᠠᠢ︔ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠳ ᠵᠣᠭᠤᠰ ᠲᠤᠰᠠᠯᠠᠭᠰᠠᠨ ᠨᠢᠭᠡᠴᠡ ᠳᠤ ᠨᠢᠭᠡᠳᠦᠯᠲᠡᠶ ᠲᠤᠰᠠᠯᠠᠨ ᠬᠦᠷᠭᠡᠭᠰᠡᠨ ᠪᠠᠷᠢᠮᠲᠠ ᠭᠠᠷᠭᠠᠵᠤ ᠥᠭᠬᠦ ᠬᠡᠷᠡᠭᠲᠡᠶ᠃ᠲᠠᠪᠤ᠂ ᠪᠤᠰᠤᠳ ᠵᠤᠶᠢᠯᠡᠰ    ︵ᠨᠢᠭᠡ︶ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠬᠠᠨᠳᠢᠪ ᠴᠤᠭᠯᠠᠭᠤᠯᠬᠤ ᠠᠵᠢᠯ ᠪᠣᠯ ᠣᠷᠳᠣ ᠬᠤᠭᠤᠴᠠᠭᠠᠨ ᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯᠤᠨ᠎ᠠ᠂  ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠨ ᠢ ᠨᠢᠬᠡᠨᠳᠠ ᠪᠥᠬᠦ ᠲᠤᠭᠤᠷᠢᠭ ᠤᠨ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠰᠢᠯᠭᠠᠨ ᠬᠢᠨᠠᠵᠤ ᠦᠨᠡᠯᠡᠬᠦ  ᠶᠢᠨ ᠲᠤᠭᠳᠠᠯᠴᠠᠭ᠎ᠠ ᠳᠤ ᠣᠷᠣᠭᠤᠯᠵᠠᠶ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠨᠦᠭᠦᠳ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠳᠡᠪᠬᠢᠲᠡᠶ ᠪᠠᠷ ᠵᠣᠬᠢᠶᠠᠨ ᠪᠠᠶᠢᠭᠤᠯᠵᠤ᠂ ᠬᠢᠨᠠᠮᠠᠭᠠᠶ ᠬᠡᠷᠡᠭᠵᠢᠭᠦᠯᠬᠦ ᠬᠡᠷᠡᠭᠲᠡᠶ᠃ ᠲᠤᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠦᠷᠦᠭᠦᠯᠡᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ︽ᠬᠥᠮᠥᠡᠯᠢᠭ᠂ ᠲᠦᠭᠡᠮᠡᠯ ᠬᠠᠶᠢᠷ᠎ᠠ᠂ ᠬᠠᠷᠠᠮ ᠦᠭᠡᠶ ᠵᠣᠷᠢᠭᠤᠯᠬᠤ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ  ᠶᠢ ᠶᠡᠬᠡᠪᠡᠷ ᠪᠠᠳᠠᠷᠠᠭᠤᠯᠤᠨ᠂ ᠱᠠᠲᠤ ᠬᠤᠪᠢᠶᠠᠨ ᠵᠣᠬᠢᠶᠠᠨ ᠪᠠᠶᠢᠭᠤᠯᠬᠤ᠂ ᠬᠠᠮᠢᠶᠠᠷᠬᠤ᠂ ᠬᠠᠷᠢᠭᠤᠴᠠᠬᠤ ᠵᠠᠷᠴᠢᠮ ᠶᠣᠰᠣᠭᠠᠷ ᠵᠣᠬᠢᠶᠠᠨ ᠪᠠᠶᠢᠭᠤᠯᠤᠨ ᠳᠠᠭᠠᠭᠠᠨ ᠡᠷᠬᠢᠯᠡᠬᠦ ᠬᠡᠷᠡᠭᠲᠡᠶ᠃ ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ᠂ ᠨᠢᠭᠡᠴᠡ ᠵᠢᠴᠢ ᠰᠠᠭᠤᠭ᠎ᠠ ᠭᠠᠵᠠᠷ ᠤᠨ ᠠᠵᠤ ᠠᠬᠤᠶᠢᠯᠠᠯ ᠤᠳ ᠲᠤᠰ ᠰᠠᠯᠠᠭ᠎ᠠ ᠮᠥᠴᠢᠷ᠂ ᠲᠤᠰ ᠨᠢᠭᠡᠴᠡ ᠶᠢᠨ ᠢᠶᠠᠨ ᠺᠠᠳ᠋ᠷ ᠠᠵᠢᠯᠲᠠᠨ ᠠᠵᠢᠯᠴᠢᠳ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾  ᠤᠨ ᠠᠵᠢᠯᠯᠠᠭ᠎ᠠ ᠳᠤ ᠣᠷᠣᠯᠴᠠᠭᠤᠯᠬᠤ ᠶᠢᠨ ᠬᠠᠮᠲᠤ᠂ ᠬᠠᠨᠳᠢᠪᠯᠠᠭᠰᠡᠨ ᠵᠣᠭᠤᠰ ᠢ ᠱᠠᠭᠠᠷᠳᠠᠯᠭ᠎ᠠ ᠶᠣᠰᠣᠭᠠᠷ ᠲᠤᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ  ᠲᠤ ᠲᠤᠰᠢᠶᠠᠨ ᠨᠢᠭᠡᠳᠦᠯᠲᠡᠶ ᠲᠥᠯᠥᠪᠯᠡᠨ ᠲᠣᠬᠢᠷᠠᠭᠤᠯᠤᠨ ᠬᠡᠷᠡᠭᠯᠡᠭᠦᠯᠬᠦ ᠬᠡᠷᠡᠭᠲᠡᠶ᠂ ᠳᠤᠮᠳᠠ ᠠᠴᠠ ᠨᠢ ᠦᠯᠡᠳᠡᠭᠡᠵᠦ ᠪᠣᠯᠬᠤ ᠦᠭᠡᠶ᠃    ︵ᠬᠤᠶᠠᠷ︶ ᠡᠯ᠎ᠡ ᠰᠠᠯᠠᠭ᠎ᠠ ᠮᠥᠴᠢᠷ᠂ ᠨᠢᠬᠡᠴᠡ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠤᠯᠠᠭᠠᠨ ᠵᠠᠭᠠᠯᠮᠠᠶᠢᠲᠠᠨ ᠤ ᠦᠶᠯᠡᠰ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠦᠨᠳᠦᠷᠴᠡ ᠶᠢ ᠰᠤᠷᠤᠯᠴᠠᠨ ᠤᠶᠢᠯᠠᠭᠠᠵᠤ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠬᠠᠨᠳᠢᠪ ᠴᠤᠭᠯᠠᠭᠤᠯᠬᠤ ᠠᠵᠢᠯᠯᠠᠭ᠎ᠠ ᠶᠢᠨ ᠬᠥᠮᠦᠯᠢᠭ ᠦᠵᠡᠯ ᠤᠨ ᠬᠦᠴᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠷᠠᠳ ᠤᠨ ᠠᠮᠢᠳᠤᠷᠠᠯ ᠤᠨ ᠳᠤᠲᠠᠭᠤᠳᠠᠯ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠪᠣᠶᠢᠵᠢᠭᠤᠯᠤᠨ ᠤᠶᠢᠯᠡᠳᠦᠯᠬᠡᠵᠢᠬᠦᠯᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠦᠬᠦ ᠤᠯᠤᠰ ᠤᠨ ᠪᠣᠯᠪᠠᠰᠤᠨ ᠬᠤᠲᠠ ᠶᠢ ᠡᠬᠦᠳᠦᠨ ᠪᠠᠶᠢᠭᠤᠯᠬᠤ ᠵᠡᠷᠭᠡ ᠲᠠᠯ᠎ᠠ ᠪᠠᠷ ᠬᠢ ᠴᠢᠬᠤᠯᠠ ᠦᠶᠯᠡᠳᠦᠯ ᠤᠨ ᠲᠤᠬᠠᠶ ᠲᠠᠨᠢᠯᠲᠠ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ  ᠨᠢᠬᠡᠳᠬᠡᠨ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠵᠣᠭᠤᠰ ᠴᠤᠭᠯᠠᠭᠤᠯᠬᠤ ᠠᠵᠢᠯ ᠢ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠡᠶ᠎ᠡ ᠵᠣᠬᠢᠴᠠᠯ ᠢ ᠠᠬᠢᠭᠤᠯᠬᠤ ᠶᠠᠪᠤᠳᠠᠯ ᠪᠤᠯᠭᠠᠵᠤ᠂ ᠣᠶᠤᠨ  ᠤ ᠪᠣᠯᠪᠠᠰᠤᠨ ᠢ ᠡᠭᠦᠳᠦᠨ ᠪᠠᠶᠢᠭᠤᠯᠬᠤ ᠪᠦᠲᠦᠮᠵᠢᠲᠡᠶ ᠠᠴᠢᠶᠠᠯᠠᠪᠤᠷᠢ ᠪᠠ ᠪᠣᠳᠠᠲᠠᠶ ᠦᠶᠯᠡᠳᠦᠯᠭᠡ ᠶᠢ ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ᠃ ᠥᠷᠭᠡᠨ ᠤᠯᠠᠨ ᠤᠳᠤᠷᠢᠳᠬᠤ ᠺᠠᠳ᠋ᠷ᠂ ᠨᠠᠮ ᠤᠨ ᠭᠡᠰᠢᠭᠦᠨ ᠪᠡᠶ᠎ᠡ ᠪᠠᠷ ᠢᠶᠠᠨ ᠲᠠᠭᠤᠷᠢᠶᠠᠯ ᠪᠤᠯᠵᠤ᠂ ᠲᠦᠷᠦᠭᠦᠯᠡᠨ ᠵᠣᠭᠤᠰ ᠬᠠᠨᠳᠢᠪᠯᠠᠵᠤ ᠠᠵᠢᠯᠯᠠᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠭᠤᠷᠠᠶᠢᠴᠤᠤᠯ ᠤᠨ ᠬᠦᠴᠢᠷ ᠵᠣᠪᠠᠭᠤᠷᠢ ᠶᠢ ᠦᠨᠡᠨ ᠬᠦ ᠰᠢᠢᠳᠪᠦᠷᠢᠯᠡᠵᠦ ᠥᠭᠬᠦ ᠬᠡᠷᠡᠭᠲᠡᠢ᠃    ︵ᠭᠤᠷᠪᠠ︶ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠡᠯᠡ ᠴᠤᠭᠯᠠᠭᠤᠯᠬᠤ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠵᠢᠯᠯᠠᠬᠤ ᠠᠷᠭ᠎ᠠ ᠪᠠᠨ ᠰᠢᠨᠡᠴᠢᠯᠡᠵᠤ᠂ ᠪᠡᠯᠡ ᠴᠤᠭᠯᠠᠭᠤᠯᠬᠤ ᠠᠷᠭ᠎ᠠ ᠵᠠᠮ ᠢᠶᠠᠨ ᠥᠷᠭᠡᠵᠢᠭᠦᠯᠬᠦ ᠬᠡᠷᠡᠭᠲᠡᠶ᠃ ᠣᠯᠠᠨ ᠨᠡᠶᠢᠲᠡ ᠶᠢᠨ ᠢᠲᠡᠭᠡᠭᠦᠯᠬᠦ ᠬᠦᠴᠦᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠨᠳᠢᠪᠯᠠᠭᠰᠠᠨ ᠵᠣᠭᠤᠰ ᠢ ᠭᠥᠯᠢᠶᠡᠨ ᠠᠪᠬᠤ᠂ ᠬᠠᠮᠢᠶᠠᠷᠬᠤ ᠪᠠ ᠬᠡᠷᠡᠭᠯᠡᠬᠦ ᠶᠢ ᠬᠠᠮᠢᠶ᠎ᠠ ᠪᠥᠬᠦᠶ ᠲᠣᠭᠲᠠᠭᠠᠯ ᠶᠣᠰᠣᠭᠠᠷ ᠴᠢᠩᠭ᠎ᠠ ᠰᠠᠶᠢᠲᠤᠷ ᠬᠢᠵᠦ᠂ ᠬᠠᠨᠳᠢᠪᠯᠠᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠳᠡᠯᠡᠬᠦ ᠬᠡᠷᠡᠭᠳᠠᠢ᠃ ᠬᠢᠨᠠᠯᠲᠠ ᠲᠠᠯᠪᠢᠬᠤ ᠺᠣᠮᠢᠰ ᠤᠨ ᠳᠣᠲᠣᠭᠠᠳᠤ ᠬᠢᠨᠠᠯᠲᠠ ᠲᠠᠯᠪᠢᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠪᠠᠯᠠ ᠮᠥᠩᠭᠦ ᠶᠢᠨ ᠣᠨ ᠤ ᠬᠢᠨᠠᠨ ᠪᠤᠳᠤᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠨᠳᠢᠪᠯᠠᠭᠰᠠᠨ ᠪᠠᠯᠠ ᠮᠥᠩᠭᠦ ᠶᠢᠨ ᠠᠮᠤᠷ ᠲᠦᠪᠰᠢᠨ ᠪᠦᠲᠦᠮᠵᠢᠲᠡᠶ ᠠᠵᠢᠯᠯᠠᠭᠠᠨ ᠢ ᠦᠨᠡᠨᠬᠦ ᠪᠠᠳᠤᠯᠠᠬᠤ ᠬᠡᠷᠡᠭᠳᠠᠢ᠃ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠨᠳᠢᠪ ᠴᠤᠭᠯᠠᠭᠤᠯᠬᠤ ᠠᠵᠢᠯᠯᠠᠭ᠎ᠠ ᠳᠤᠮᠳᠠ ᠴᠣᠯᠭᠤᠷᠠᠨ ᠭᠠᠷᠤᠭᠰᠠᠨ ᠲᠡᠷᠢᠭᠦᠨ ᠤ ᠦᠶᠯᠡ ᠠᠵᠢᠯᠯᠠᠭ᠎ᠠ ᠶᠢ ᠲᠥᠪᠯᠡᠷᠡᠭᠦᠯᠦᠨ ᠤᠬᠠᠭᠤᠯᠤᠨ ᠮᠡᠳᠡᠭᠡᠯᠡᠵᠦ᠂ ᠬᠠᠶᠢᠷ᠎ᠠ ᠬᠠᠯᠠᠮᠵᠢ ᠬᠠᠨᠳᠢᠪᠯᠠᠬᠤ ᠦᠶᠯᠡ ᠠᠵᠢᠯᠯᠠᠭ᠎ᠠ ᠶᠢ ᠮᠠᠭᠲᠠᠨ ᠰᠠᠶᠢᠰᠢᠶᠠᠵᠤ᠂ ᠨᠡᠶᠢᠭᠡᠮ ᠳᠠᠶᠠᠭᠠᠷ ᠨᠢᠭᠦᠯᠡᠰᠦᠩᠭᠦᠶ ᠦᠶᠯᠡᠰ ᠢ ᠡᠷᠬᠢᠮᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠂ ᠳ᠋ᠦᠩᠱᠧᠩ ᠲᠣᠭᠤᠷᠢᠭ ᠤᠨ ︽ᠬᠠᠶᠢᠷ᠎ᠠ ᠬᠠᠯᠠᠮᠵᠢᠳᠤ ᠬᠤᠲᠠ᠂ ᠬᠠᠷᠠᠮ ᠥᠬᠡᠶ ᠵᠣᠷᠢᠭᠤᠯᠬᠤ ᠬᠤᠲᠠ︾ ᠶᠢ ᠪᠥᠲᠥᠭᠡᠨ ᠪᠠᠶᠢᠭᠤᠯᠬᠤ ᠳᠤ ᠥᠩᠭᠡ ᠪᠤᠳᠤᠭ ᠨᠡᠮᠡᠷᠢᠯᠡᠬᠦ ᠬᠡᠷᠡᠭᠲᠡᠶ᠃ᠳᠠᠭᠠᠯᠳᠤᠭᠤᠯᠤᠯ᠄ 2022 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢᠨ ᠨᠡᠷ᠎ᠡ ᠶᠢᠨ ᠬᠦᠰᠦᠨᠦᠭᠲᠦ                         ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                                                             2022 ᠣᠨ ᠤ 8 ᠰᠠᠷ᠎ᠠ ᠶᠢᠨ 9 ᠤ ᠡᠳᠦᠷ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ