ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠤᠰᠢᠶᠠᠯ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠢ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/8/11
ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠵᠢᠯᠴᠠᠨ ᠬᠠᠮᠢᠶᠠᠷᠬᠤ ᠰᠠᠯᠠᠭ᠎ᠠ ᠮᠥᠴᠢᠷ ᠲᠤ᠄     ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠬᠦᠷᠢᠶ᠎ᠡ ᠴᠠᠷᠠᠨ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠰᠢᠯᠤᠭᠤᠳᠬᠠᠬᠤ ᠶᠢᠨ ᠲᠤᠰᠠᠳᠠ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠣᠭᠲᠠᠭᠠᠯ ᠢ ᠦᠨᠳᠦᠰᠦᠯᠡᠨ᠂ ᠮᠠᠨ ᠤ ᠲᠤᠭᠤᠷᠢᠭ ᠤᠨ ᠪᠣᠳᠠᠲᠠᠢ ᠲᠠᠢ ᠤᠶᠠᠯᠳᠤᠭᠤᠯᠵᠤ᠂ ᠡᠳᠦᠭᠡ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠡ ᠶᠢᠨ ᠳᠤᠰᠢᠶᠠᠯ ᠬᠠᠷᠢᠭᠤᠴᠠᠯᠭ᠎ᠠ ᠶᠢ ᠳᠣᠣᠷᠠᠬᠢ ᠮᠡᠲᠦ ᠲᠣᠳᠣᠷᠬᠠᠶᠢᠯᠠᠶ᠎ᠠ᠃     ᠨᠢᠭᠡ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ᠰᠢᠲᠠᠮᠠᠬᠠᠢ ᠬᠡᠢ ᠶᠢᠨ ᠡᠵᠡᠩᠨᠡᠯᠲᠡ ᠶᠢᠨ ᠵᠥᠪᠰᠢᠶᠡᠷᠡᠯ ᠢ ᠬᠢᠨᠠᠨ ᠵᠥᠪᠰᠢᠶᠡᠷᠡᠬᠦ ᠵᠢᠴᠢ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ︔ ᠰᠢᠲᠠᠮᠠᠬᠠᠢ ᠬᠡᠢ ᠶᠢ ᠲᠦᠯᠡᠵᠤ ᠰᠢᠳᠠᠭᠠᠬᠤ ᠪᠠᠭᠠᠵᠢ ᠬᠡᠷᠡᠭᠰᠡᠯ ᠢ ᠤᠭᠰᠠᠷᠠᠬᠤ᠂ ᠰᠡᠯᠪᠢᠨ ᠵᠠᠰᠠᠬᠤ ᠶᠢ ᠬᠢᠨᠠᠨ ᠬᠠᠮᠢᠶᠠᠷᠬᠤ ᠶᠢ ᠬᠠᠷᠢᠭᠤᠴᠠᠵᠤ᠂ ᠭᠠᠵᠠᠷ ᠳᠣᠣᠷᠠᠬᠢ ᠰᠢᠲᠠᠮᠠᠬᠠᠢ ᠬᠡᠢ ᠶᠢᠨ ᠬᠠᠭᠤᠴᠢᠨ ᠬᠤᠭᠤᠯᠠᠢ ᠶᠢ ᠥᠭᠡᠷᠡᠴᠢᠯᠡᠨ ᠰᠢᠨᠡᠳᠬᠡᠬᠦ ᠪᠠ ᠵᠠᠮ ᠤᠨ ᠭᠠᠳᠠᠷᠭᠤ ᠶᠢ ᠤᠬᠤᠨ ᠮᠠᠯᠲᠠᠬᠤ ᠶᠢ ᠬᠢᠨᠠᠨ ᠵᠥᠪᠰᠢᠶᠡᠷᠡᠬᠦ ᠠᠵᠢᠯ ᠢ ᠵᠣᠬᠢᠴᠠᠭᠤᠯᠤᠨ᠎ᠠ︔ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠢᠯᠯᠠᠭ᠎ᠠ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠬᠡᠷᠡᠭᠯᠡᠭᠴᠢᠳ ᠲᠤ ᠠᠮᠤᠷ ᠲᠦᠪᠰᠢᠨ ᠢᠶᠠᠷ ᠰᠢᠲᠠᠮᠠᠬᠠᠢ ᠬᠡᠢ ᠶᠢ ᠬᠡᠷᠡᠭᠯᠡᠬᠦ ᠶᠡᠷᠦ ᠶᠢᠨ ᠮᠡᠳᠡᠯᠭᠡ ᠶᠢ ᠤᠬᠠᠭᠤᠯᠵᠤ᠂ ᠰᠢᠲᠠᠮᠠᠬᠠᠢ ᠬᠡᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠮᠤᠷ ᠲᠦᠪᠰᠢᠨ ᠢ ᠪᠠᠲᠤᠯᠠᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠬᠤᠯᠪᠣᠭᠳᠠᠯ ᠪᠦᠬᠦᠢ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠨ᠎ᠡ︔ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠤᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠬᠤᠶᠠᠷ᠂ ᠲᠤᠭᠤᠷᠢᠭ ᠤᠨ ᠡᠨᠧᠷᠭᠢ ᠶᠢᠨ ᠲᠣᠪᠴᠢᠶ᠎ᠠ᠄ ᠪᠠᠶᠢᠭᠠᠯᠢ ᠶᠢᠨ ᠰᠢᠲᠠᠮᠠᠬᠠᠢ ᠬᠡᠢ ᠶᠢ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠢ ᠵᠡᠷᠭᠡ ᠬᠢᠨᠠᠨ ᠬᠠᠮᠢᠶᠠᠷᠬᠤ ᠬᠦᠷᠢᠶ᠎ᠡ ᠴᠠᠷ᠎ᠠ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠬᠠᠷᠢᠭᠤᠴᠠᠨ᠎ᠠ ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠭᠤᠷᠪᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ ᠰᠢᠲᠠᠮᠠᠬᠠᠢ ᠬᠡᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠢᠯᠵᠢᠭᠦᠯᠦᠨ ᠬᠦᠷᠭᠡᠭᠰᠡᠨ ᠬᠡᠷᠡᠭ ᠲᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠬᠦ ᠵᠢᠴᠢ ᠠᠯᠪᠠᠳᠠᠨ ᠬᠦᠢᠴᠡᠳᠬᠡᠯᠬᠡᠬᠦ ᠶᠢ ᠬᠠᠷᠢᠭᠤᠴᠠᠨ᠎ᠠ︔ ᠰᠤᠷᠭᠠᠭᠤᠯᠢ᠂ ᠴᠡᠴᠡᠷᠯᠢᠭ᠂ ᠠᠭᠤᠳᠠᠮ ᠲᠠᠯᠠᠪᠠᠶ ᠶᠢᠨ ᠡᠷᠬᠢᠨ ᠲᠣᠭᠤᠷᠢᠨ ᠵᠡᠷᠭᠡ ᠬᠢᠨᠠᠨ ᠬᠠᠮᠢᠶᠠᠷᠬᠤ ᠣᠷᠣᠨ ᠪᠦᠰᠡ ᠶᠢᠨ ᠨᠡᠭᠦᠳᠡᠯ ᠬᠤᠳᠠᠯᠳᠤᠭᠠᠴᠢᠨ ᠤ ᠲᠣᠭᠲᠠᠭᠠᠯ ᠠᠴᠠ ᠵᠥᠷᠢᠴᠡᠨ ᠰᠢᠩᠬᠡᠨᠵᠢᠮᠡᠯ ᠬᠡᠢ ᠬᠡᠷᠡᠭᠯᠡᠬᠦ ᠦᠶᠯᠡ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠳᠥᠷᠪᠡ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠵᠢᠵᠢᠭ ᠢᠳᠡᠭᠡᠨ ᠤᠮᠳᠠᠭᠠᠨ ᠤ ᠭᠠᠵᠠᠷ᠂ ᠵᠢᠵᠢᠭ ᠪᠠᠷᠠᠭ᠎ᠠ ᠬᠤᠳᠠᠯᠳᠤᠨ ᠠᠪᠬᠤ ᠭᠠᠵᠠᠷ᠂ ᠵᠢᠵᠢᠭ ᠬᠤᠨᠤᠭ ᠤᠨ ᠭᠠᠵᠠᠷ ᠵᠡᠷᠭᠡ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠴᠠᠷᠠᠨ ᠳᠠᠬᠢ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠰᠢᠲᠠᠮᠠᠬᠠᠢ ᠬᠡᠢ ᠶᠢᠨ ᠦᠢᠯᠡᠳᠪᠦᠷᠢᠯᠡᠯ ᠤᠨ ᠭᠤᠭᠴᠤᠭᠠᠨ ᠤ ᠦᠢᠯᠡᠳᠬᠦᠨ ᠤ ᠶᠠᠰᠤ ᠴᠢᠨᠠᠷ᠂ ᠳᠠᠷᠤᠯᠲᠠᠲᠤ ᠰᠠᠪᠠ᠂ ᠳᠠᠷᠤᠯᠲᠠᠲᠤ ᠬᠤᠭᠤᠯᠠᠢ ᠶᠢᠨ ᠲᠣᠨᠤᠭ ᠵᠢᠴᠢ ᠳᠠᠷᠤᠯᠲᠠᠲᠤ ᠬᠤᠭᠤᠯᠠᠢ ᠶᠢ ᠤᠭᠰᠠᠷᠠᠬᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠶᠢᠨ ᠬᠠᠮᠳᠤ ᠰᠢᠲᠠᠮᠠᠬᠠᠢ ᠬᠡᠢ ᠶᠢᠨ ᠡᠵᠡᠩᠨᠡᠯᠲᠡ ᠶᠢᠨ ᠭᠤᠭᠴᠤᠭ᠎ᠠ ᠶᠢᠨ ᠬᠡᠮᠵᠢᠯᠲᠡ᠂ ᠲᠠᠸᠠᠷ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠠᠷᠢᠶᠠᠲᠤ ᠣᠷᠣᠨ ᠤ ᠳᠣᠲᠣᠷᠠᠬᠢ ᠬᠡᠢ ᠶᠢᠨ ᠯᠣᠩᠬᠤ ᠶᠢ ᠳᠦᠭᠦᠷᠭᠡᠨ ᠰᠠᠪᠠᠯᠠᠬᠤ ᠨᠢᠭᠡᠴᠡ ᠳᠤ ᠣᠨ ᠤ ᠬᠢᠨᠠᠯᠲᠠ ᠪᠠᠶᠢᠴᠠᠭᠠᠯᠲᠠ ᠬᠢᠨ᠎ᠡ᠂ ᠣᠨ ᠤ ᠬᠢᠨᠠᠯᠲᠠ ᠪᠠᠶᠢᠴᠠᠭᠠᠯᠲᠠ ᠶᠢᠨ ᠠᠭᠤᠯᠭ᠎ᠠ ᠳᠤ᠄ ᠥᠪᠡᠷ ᠤᠨ ᠤᠶᠢᠯᠡᠳᠪᠤᠷᠢᠯᠡᠯ ᠤᠨ ᠡᠷᠬᠡ ᠲᠠᠢ ᠬᠡᠢ ᠶᠢᠨ ᠯᠣᠩᠬᠤᠨ ᠤ ᠲᠤᠭ᠎ᠠ ᠬᠡᠮᠵᠢᠶ᠎ᠡ᠂ ᠪᠣᠯᠣᠳ ᠲᠠᠮᠠᠭ᠎ᠠ ᠲᠡᠮᠳᠡᠭ ᠂ ᠬᠡᠢ ᠶᠢᠨ ᠯᠣᠩᠬᠤᠨ ᠤ ᠰᠡᠷᠡᠮᠵᠢ ᠶᠢᠨ ᠲᠡᠮᠳᠡᠭ᠂ ᠬᠡᠢ ᠶᠢᠨ ᠯᠣᠩᠬᠤᠨ ᠤ ᠬᠡᠶᠢᠯᠡᠬᠦ ᠲᠡᠮᠳᠡᠭ ᠪᠠ ᠳᠠᠩᠰᠠ ᠡᠪᠬᠡᠮᠡᠯ ᠪᠠᠶᠢᠭᠤᠯᠤᠭᠰᠠᠨ ᠪᠠᠶᠢᠳᠠᠯ᠂ ᠥᠪᠡᠷ ᠤᠨ ᠥᠮᠴᠢᠯᠡᠯ ᠤᠨ ᠡᠷᠬᠡ ᠲᠠᠢ ᠬᠡᠢ ᠶᠢᠨ ᠯᠣᠩᠬᠤ ᠶᠢ ᠬᠡᠶᠢᠯᠡᠨ ᠰᠠᠪᠠᠯᠠᠭᠰᠠᠨ ᠪᠠ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠭᠰᠠᠨ ᠪᠠᠶᠢᠳᠠᠯ᠂ ᠬᠡᠶᠢᠯᠡᠨ ᠰᠠᠪᠠᠯᠠᠭᠰᠠᠨ ᠨᠢᠭᠡᠴᠡ ᠶᠢᠨ ᠬᠠᠷᠢᠭᠤᠴᠠᠯᠭᠠᠲᠠᠨ ᠪᠠ ᠬᠡᠶᠢᠯᠡᠨ ᠰᠠᠪᠠᠯᠠᠭᠰᠠᠨ ᠠᠵᠢᠯᠲᠠᠨ ᠤ ᠦᠨᠡᠮᠯᠡᠯ ᠲᠠᠢ ᠪᠠᠶᠢᠬᠤ ᠪᠠᠶᠢᠳᠠᠯ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ  ᠶᠢ ᠵᠥᠷᠢᠴᠡᠨ ᠬᠠᠭᠤᠷᠮᠠᠭ ᠮᠠᠭᠤ ᠰᠢᠲᠠᠮᠠᠬᠠᠢ ᠬᠡᠢ ᠦᠢᠯᠡᠳᠪᠦᠷᠢᠯᠡᠭᠰᠡᠨ ᠪᠠ ᠳᠦᠭᠦᠷᠭᠡᠨ ᠰᠠᠪᠠᠯᠠᠭᠰᠠᠨ᠂ ᠪᠣᠷᠣᠯᠠᠭᠤᠯᠤᠭᠰᠠᠨ᠂ ᠬᠢᠨᠠᠨ ᠪᠠᠶᠢᠴᠠᠭᠠᠯᠳᠠ ᠶᠢᠨ ᠬᠤᠭᠤᠴᠠᠭ᠎ᠠ ᠠᠴᠠ ᠬᠡᠳᠦᠷᠡᠭᠰᠡᠨ ᠬᠡᠢ ᠶᠢᠨ ᠯᠣᠩᠬᠤ ᠵᠢᠴᠢ ᠬᠠᠶᠠᠭᠳᠠᠮᠠᠯ ᠬᠡᠢ ᠶᠢᠨ ᠯᠣᠩᠬᠤ ᠪᠤᠶᠤ ᠢᠷᠡᠯᠲᠡ ᠨᠢ ᠲᠣᠳᠣᠷᠬᠠᠢ ᠦᠭᠡᠢ ᠬᠡᠢ  ᠶᠢᠨ ᠯᠣᠩᠬᠤ  ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ  ᠶᠢ ᠬᠠᠷᠢᠭᠤᠴᠠᠨ᠎ᠠ᠃ ᠲᠣᠭᠲᠠᠭᠠᠯ ᠶᠣᠰᠣᠭᠠᠷ ᠯᠣᠩᠬᠤᠨ ᠳᠣᠲᠣᠷᠠᠬᠢ ᠦᠯᠡᠳᠡᠭᠳᠡᠯ ᠬᠡᠢ ᠶᠢᠨ ᠪᠠᠶᠢᠴᠠᠭᠠᠯᠲᠠ ᠬᠢᠭᠰᠡᠨ ᠦᠭᠡᠢ ᠪᠤᠶᠤ ᠬᠡᠢ ᠶᠢᠨ ᠯᠣᠩᠬᠤᠨ ᠳᠣᠲᠣᠷᠠᠬᠢ ᠦᠯᠡᠳᠡᠭᠳᠡᠯ ᠰᠢᠩᠭᠡᠨ ᠢ ᠲᠠᠲᠠᠵᠤ ᠠᠪᠴᠢᠷᠠᠭᠰᠠᠨ ᠦᠭᠡᠢ ᠪᠠᠷ ᠬᠡᠢ ᠶᠢᠨ ᠯᠣᠩᠬᠤ ᠶᠢ ᠳᠦᠭᠦᠷᠭᠡᠬᠦ᠂ ᠬᠡᠢ ᠶᠢᠨ ᠯᠣᠩᠬᠤ ᠶᠢ ᠥᠭᠡᠷᠡᠴᠢᠯᠡᠨ ᠤᠭᠰᠠᠷᠠᠬᠤ ᠪᠠ ᠬᠠᠶᠠᠭᠳᠠᠮᠠᠯ ᠬᠡᠢ ᠶᠢᠨ ᠯᠣᠩᠬᠤ ᠶᠢ ᠰᠢᠨᠡᠳᠬᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠢᠯᠯᠠᠭ᠎ᠠ ᠳᠤ ᠬᠠᠭᠤᠷᠮᠠᠭ ᠶᠠᠭᠤᠮ᠎ᠠ ᠬᠤᠯᠢᠬᠤ᠂ ᠮᠠᠭᠤ ᠪᠠᠷ ᠰᠠᠶᠢᠨ ᠢ ᠣᠷᠣᠯᠠᠭᠤᠯᠬᠤ᠂ ᠵᠢᠩ ᠤᠨ ᠬᠡᠮᠵᠢᠶ᠎ᠡ ᠳᠤᠲᠠᠭᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠴᠢ ᠰᠢᠲᠠᠮᠠᠬᠠᠢ ᠬᠡᠢ ᠶᠢ ᠦᠨᠡᠮᠯᠡᠯ ᠦᠭᠡᠢ ᠪᠠᠷ ᠡᠵᠡᠩᠨᠡᠬᠦ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ︔ ᠠᠵᠤ ᠠᠬᠤᠶᠢᠯᠠᠯ ᠢ ᠱᠠᠯᠠᠪᠳᠠᠭᠤᠯᠵᠤ ᠪᠠᠶᠢᠭᠠᠳ ᠨᠡᠶᠢᠲᠡ ᠶᠢᠨ ᠬᠡᠷᠡᠭᠯᠡᠭᠡᠨ ᠤ ᠰᠢᠲᠠᠮᠠᠬᠠᠢ ᠬᠡᠢ ᠶᠢᠨ ᠬᠤᠭᠤᠯᠠᠢ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠯᠭᠠᠬᠤ ᠠᠵᠢᠯ ᠢ ᠬᠠᠷᠢᠭᠤᠴᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠲᠠᠪᠤ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠄ ᠢᠳᠡᠭᠡᠨ ᠤᠮᠳᠠᠭᠠᠨ ᠤ ᠡᠵᠡᠩᠨᠡᠯᠲᠡ ᠶᠢᠨ ᠪᠠᠶᠢᠭᠤᠯᠭ᠎ᠠ᠂ ᠲᠠᠷᠢᠶᠠᠯᠠᠩ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ᠂ ᠦᠷᠯᠦᠭᠡᠨ ᠤ ᠬᠤᠳᠠᠯᠳᠤᠭ᠎ᠠ᠂ ᠰᠥᠨᠢ ᠶᠢᠨ ᠵᠠᠬ᠎ᠠ᠂ ᠬᠤᠳᠠᠯᠳᠤᠭᠠᠨ ᠤ ᠲᠠᠯᠠᠪᠠᠢ ︵ᠳᠠᠷᠤᠢ ᠢᠳᠡᠭᠡᠨ ᠤᠮᠳᠠᠭᠠᠨ ᠤ ᠠᠷᠠᠯᠵᠢᠶ᠎ᠠ ᠬᠤᠳᠠᠯᠳᠤᠭ᠎ᠠ ᠶᠢᠨ ᠠᠵᠢᠯᠯᠠᠭᠠᠨ ᠤ ᠲᠠᠯᠠᠪᠤᠷ ᠪᠠᠭᠲᠠᠨ᠎ᠠ︶ ᠵᠡᠷᠭᠡ ᠬᠢᠨᠠᠨ ᠬᠠᠮᠢᠶᠠᠷᠬᠤ ᠬᠦᠷᠢᠶ᠎ᠡ ᠴᠠᠷ᠎ᠠ ᠳᠤ ᠰᠢᠲᠠᠮᠠᠬᠠᠢ ᠬᠡᠢ ᠪᠤᠶᠤ ᠯᠣᠩᠬᠤᠨ ᠳᠤ ᠰᠠᠪᠠᠯᠠᠭᠰᠠᠨ ᠰᠢᠩᠭᠡᠵᠢᠮᠠᠯ ᠬᠡᠢ ᠶᠢᠨ ᠬᠡᠷᠡᠭᠯᠡᠯᠲᠡ ᠶᠢᠨ ᠠᠮᠤᠷ ᠲᠦᠪᠰᠢᠨ ᠤ ᠥᠪᠡᠷ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠶᠢ ᠱᠠᠯᠠᠪᠳᠠᠭᠤᠯᠵᠤ᠂ ᠥᠪᠡᠷ ᠤᠨ ᠪᠠᠶᠢᠴᠠᠭᠠᠭᠰᠠᠨ ᠪᠠᠶᠢᠳᠠᠯ ᠵᠢᠴᠢ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠱᠠᠯᠠᠪᠳᠠᠭᠤᠯᠤᠨ ᠪᠠᠶᠢᠴᠠᠭᠠᠯᠲᠠ ᠬᠢᠵᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠤᠨ᠎ᠠ︔ ᠢᠳᠡᠭᠡᠨ ᠤᠮᠳᠠᠭᠠᠨ ᠤ ᠲᠠᠯᠠᠪᠤᠷ ᠭᠠᠵᠠᠷ ᠤᠨ ᠡᠵᠡᠩᠨᠡᠭᠴᠢ ᠶᠢ ᠱᠠᠯᠠᠪᠳᠠᠭᠤᠯᠵᠤ ᠪᠠᠶᠢᠭᠠᠳ ᠬᠠᠤᠯᠢ ᠶᠣᠰᠣᠨ ᠤ ᠰᠢᠲᠠᠮᠠᠬᠠᠢ ᠬᠡᠢ ᠬᠠᠩᠭᠠᠬᠤ ᠠᠵᠤ ᠠᠬᠤᠶᠢᠯᠠᠯ ᠯᠤᠭ᠎ᠠ ᠰᠢᠲᠠᠮᠠᠬᠠᠢ ᠬᠡᠢ ᠬᠠᠩᠭᠠᠬᠤ ᠪᠠ ᠬᠡᠷᠡᠭᠯᠡᠬᠦ ᠭᠡᠷ᠎ᠡ ᠲᠣᠭᠲᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠰᠢᠲᠠᠮᠠᠬᠠᠢ ᠬᠡᠢ ᠯᠡᠪᠡᠷᠡᠬᠦ ᠶᠢ ᠰᠡᠷᠡᠮᠵᠢᠯᠡᠭᠦᠯᠬᠦ ᠲᠥᠬᠦᠭᠡᠷᠦᠮᠵᠢ     ᠤᠭᠰᠠᠷᠠᠭᠤᠯᠤᠨ᠎ᠠ︔ ᠢᠳᠡᠭᠡᠨ ᠤᠮᠳᠠᠭᠠᠨ ᠡᠵᠡᠩᠨᠡᠬᠦ ᠨᠢᠭᠡᠴᠡ ᠶᠢᠨ ᠡᠯᠧᠺᠲᠷᠣᠨ ᠳᠡᠯᠭᠡᠴᠡ ᠶᠢ ᠠᠰᠢᠭᠯᠠᠨ ᠰᠢᠲᠠᠮᠠᠬᠠᠢ ᠬᠡᠢ ᠶᠢᠨ ᠠᠮᠤᠷ ᠲᠦᠪᠰᠢᠨ ᠳᠤ ᠤᠬᠠᠭᠤᠯᠭ᠎ᠠ ᠬᠢᠬᠦ ᠶᠢ ᠬᠠᠷᠢᠭᠤᠴᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠵᠢᠷᠭᠤᠭ᠎ᠠ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠰᠢᠲᠠᠮᠠᠬᠠᠢ ᠬᠡᠢ ᠶᠢᠨ ᠲᠡᠭᠡᠭᠡᠪᠦᠷᠢ ᠡᠷᠭᠢᠯᠡᠵᠦ ᠪᠠᠶᠢᠭ᠎ᠠ ᠠᠶᠤᠯᠲᠠᠢ ᠪᠠᠷᠠᠭ᠎ᠠ ᠶᠢᠨ ᠵᠠᠮ ᠲᠡᠭᠡᠭᠡᠪᠦᠷᠢ ᠶᠢᠨ ᠠᠵᠤ ᠠᠬᠤᠶᠢᠯᠠᠯ ᠪᠠ ᠪᠠᠷᠠᠭᠠᠨ ᠤ ᠲᠡᠷᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠠᠶᠤᠯᠬᠦᠢ ᠪᠠᠷᠠᠭ᠎ᠠ ᠶᠢᠨ ᠲᠡᠭᠡᠭᠡᠪᠦᠷᠢ ᠶᠢᠨ ᠡᠵᠡᠩᠨᠡᠯᠲᠡ ᠶᠢᠨ ᠬᠢᠷᠢ ᠬᠡᠮ ᠲᠠᠢ ᠰᠢᠲᠠᠮᠠᠬᠠᠢ ᠬᠡᠢ ᠶᠢᠨ ᠲᠡᠭᠡᠭᠡᠪᠦᠷᠢ ᠡᠷᠭᠢᠯᠡᠵᠦ ᠪᠠᠶᠢᠭ᠎ᠠ ᠵᠢᠴᠢ ᠲᠡᠭᠡᠭᠡᠪᠦᠷᠢᠯᠡᠭᠴᠢ ᠶᠢᠨ ᠪᠣᠯᠪᠠᠰᠤᠷᠠᠭᠤᠯᠤᠯ ᠭᠥᠷᠳᠡᠭᠰᠡᠨ ᠦᠭᠡᠢ᠂ ᠠᠮᠤᠷ ᠲᠦᠪᠰᠢᠨ ᠤ ᠲᠥᠬᠦᠭᠡᠷᠦᠮᠵᠢ ᠶᠢᠨ ᠲᠣᠬᠢᠷᠠᠭᠤᠯᠤᠯᠲᠠ ᠨᠢ ᠵᠢᠭᠳᠡ ᠦᠭᠡᠢ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ ᠲᠦᠷᠢᠶᠡᠰᠦᠨ ᠮᠠᠰᠢᠨ ᠲᠡᠷᠭᠡ ᠶᠢᠨ ᠡᠯᠧᠺᠲᠷᠣᠨ ᠳᠡᠯᠭᠡᠴᠡ ᠶᠢ ᠠᠰᠢᠭᠯᠠᠨ ᠰᠢᠲᠠᠮᠠᠬᠠᠢ ᠬᠡᠢ ᠶᠢᠨ ᠠᠮᠤᠷ ᠲᠦᠪᠰᠢᠨ ᠳᠤ ᠤᠬᠠᠭᠤᠯᠭ᠎ᠠ ᠬᠢᠬᠦ ᠶᠢ ᠬᠠᠷᠢᠭᠤᠴᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠳᠣᠯᠤᠭ᠎ᠠ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠰᠢᠲᠠᠮᠠᠬᠠᠢ ᠬᠡᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠬᠤᠯᠪᠣᠭᠳᠠᠯ ᠪᠦᠬᠦᠢ ᠬᠡᠷᠡᠭ ᠲᠤ ᠫᠠᠶᠢᠰᠠ ᠡᠯᠭᠦᠨ ᠱᠠᠯᠠᠪᠳᠠᠭᠤᠯᠤᠨ ᠭᠦᠢᠴᠡᠳᠬᠡᠬᠦ ᠶᠢ ᠬᠠᠷᠢᠭᠤᠴᠠᠨ᠎ᠠ︔ ᠠᠶᠤᠯᠲᠠᠢ ᠬᠢᠮᠢ ᠶᠢᠨ ᠵᠦᠢᠯ ᠢ ᠦᠢᠯᠡᠳᠪᠦᠷᠢᠯᠡᠬᠦ᠂ ᠡᠵᠡᠩᠨᠡᠬᠦ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ ᠪᠦᠷᠢᠯᠳᠦᠭᠦᠯᠦᠭᠰᠡᠨ ᠦᠭᠡᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠰᠢᠩᠭᠡᠨᠵᠢᠮᠡᠯ ᠴᠢᠯᠠᠭᠤᠨ ᠲᠤᠰᠤᠨ ᠤ ᠬᠡᠢ ᠶᠢ ᠬᠠᠤᠯᠢ ᠪᠤᠰᠤ ᠪᠠᠷ ᠦᠢᠯᠡᠳᠪᠦᠷᠢᠯᠡᠭᠰᠡᠨ᠂ ᠡᠵᠡᠩᠨᠡᠭᠰᠡᠨ ᠠᠵᠤ ᠠᠬᠤᠶᠢᠯᠠᠯ ᠪᠠ ᠬᠤᠪᠢ ᠬᠥᠮᠥᠨ ᠢ ᠪᠠᠶᠢᠴᠠᠭᠠᠨ ᠰᠢᠢᠳᠪᠦᠷᠢᠯᠡᠨ᠎ᠡ︔ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠬᠤ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠳᠤ ᠱᠠᠯᠠᠪᠳᠠᠭᠤᠯᠤᠨ ᠪᠠᠶᠢᠴᠠᠭᠠᠯᠲᠠ ᠬᠢᠨ᠎ᠡ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠨᠠᠢᠮᠠ᠂ ᠲᠤᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠄ ᠲᠣᠰ ᠰᠠᠯᠠᠭ᠎ᠠ ᠮᠥᠴᠢᠷ ᠤᠨ ᠢᠶᠠᠨ ᠬᠠᠮᠢᠶᠠᠷᠴᠤ ᠪᠠᠶᠢᠭ᠎ᠠ ᠠᠵᠢᠯ ᠲᠥᠷᠥᠯ ᠤᠨ ᠰᠢᠲᠠᠮᠠᠬᠠᠢ ᠬᠡᠢ ᠶᠢᠨ ᠬᠡᠷᠡᠭᠯᠡᠭᠴᠢᠳ ᠢ ᠵᠣᠬᠢᠶᠠᠨ ᠪᠠᠶᠢᠭᠤᠯᠤᠨ ᠰᠢᠲᠠᠮᠠᠬᠠᠢ ᠬᠡᠢ ᠶᠢᠨ ᠬᠡᠷᠡᠭᠯᠡᠯᠲᠡ ᠶᠢᠨ ᠠᠮᠤᠷ ᠲᠦᠪᠰᠢᠨ ᠤ ᠥᠪᠡᠷ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠥᠪᠡᠷ ᠤᠨ ᠪᠠᠶᠢᠴᠠᠭᠠᠯᠲᠠ ᠶᠢᠨ ᠪᠠᠶᠢᠳᠠᠯ ᠵᠢᠴᠢ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ︔  ᠰᠢᠲᠠᠮᠠᠬᠠᠢ ᠬᠡᠢ ᠬᠠᠩᠭᠠᠬᠤ ᠬᠠᠤᠯᠢ ᠶᠣᠰᠣᠨ ᠤ ᠠᠵᠤ ᠠᠬᠤᠶᠢᠯᠠᠯ ᠯᠤᠭ᠎ᠠ ᠰᠢᠲᠠᠮᠠᠬᠠᠢ ᠬᠡᠢ ᠬᠠᠩᠭᠠᠬᠤ ᠪᠠ ᠬᠡᠷᠡᠭᠯᠡᠬᠦ ᠭᠡᠷ᠎ᠡ ᠲᠣᠭᠲᠠᠬᠤ ᠶᠢ ᠱᠠᠯᠠᠪᠳᠠᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠰᠢᠲᠠᠮᠠᠬᠠᠢ ᠬᠡᠢ ᠶᠢᠨ ᠯᠡᠪᠡᠷᠡᠬᠦ ᠶᠢ ᠰᠡᠷᠡᠮᠵᠢᠯᠡᠭᠦᠯᠬᠦ ᠲᠥᠬᠦᠭᠡᠷᠦᠮᠵᠢ ᠤᠭᠰᠠᠷᠠᠬᠤ ᠶᠢ ᠬᠠᠷᠢᠭᠤᠴᠠᠨ᠎ᠠ︔ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠢ ᠬᠡᠷᠡᠭᠯᠡᠬᠦ ᠡᠷᠦᠬᠡ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠬᠤᠭᠤᠯᠠᠢ ᠶᠢᠨ ᠪᠠᠶᠢᠭᠠᠯᠢ ᠶᠢᠨ ᠰᠢᠲᠠᠮᠠᠬᠠᠢ ᠬᠡᠢ ᠪᠤᠯᠭᠠᠨ ᠦᠭᠡᠷᠡᠴᠢᠯᠡᠨ᠎ᠡ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠶᠢᠰᠦ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ ᠰᠢᠯᠵᠢᠮᠡᠯ ᠬᠤᠯᠪᠣᠭ᠎ᠠ᠂ ᠴᠠᠬᠢᠯᠭᠠᠨ ᠬᠤᠯᠪᠣᠭ᠎ᠠ᠂ ᠬᠤᠯᠪᠤᠭᠠᠯᠠᠨ ᠨᠡᠪᠲᠡᠷᠡᠯᠴᠡᠬᠦ ᠵᠡᠷᠭᠡ ᠡᠵᠡᠩᠨᠡᠯᠲᠡ ᠶᠢᠨ ᠬᠤᠳᠠᠯᠳᠤᠭᠠᠴᠢᠨ ᠲᠠᠢ ᠬᠠᠷᠢᠯᠴᠠᠬᠤ ᠶᠢ ᠬᠠᠷᠢᠭᠤᠴᠠᠵᠤ᠂ ᠰᠠᠭᠤᠭᠠᠯᠢ ᠠᠷᠠᠳ ᠤᠨ ᠵᠢᠵᠢᠭ ᠲᠣᠭᠤᠷᠢᠭ ᠤᠨ ᠴᠢᠮᠡᠭᠡ ᠬᠤᠯᠪᠣᠭᠠᠨ ᠤ ᠱᠤᠭᠤᠮ ᠳᠡᠪᠢᠰᠬᠦ ᠶᠢ ᠵᠢᠷᠤᠮᠵᠢᠭᠤᠯᠵᠤ᠂ ᠰᠢᠲᠠᠮᠠᠬᠠᠢ ᠬᠡᠢ ᠶᠢᠨ ᠬᠤᠭᠤᠯᠠᠢ ᠳᠡᠭᠡᠷ᠎ᠡ ᠴᠢᠮᠡᠭᠡ ᠬᠤᠯᠪᠣᠭᠠᠨ ᠤ ᠱᠤᠭᠤᠮ ᠢ ᠣᠷᠢᠶᠠᠬᠤ ᠪᠤᠶᠤ ᠰᠢᠲᠠᠮᠠᠬᠠᠢ ᠬᠡᠢ ᠶᠢᠨ ᠬᠤᠭᠤᠯᠠᠢ ᠶᠢ ᠠᠰᠢᠭᠯᠠᠨ ᠲᠤᠯᠬᠤ ᠵᠢᠶᠠᠰᠠ ᠲᠠᠯᠪᠢᠵᠤ ᠪᠣᠯᠬᠤ ᠦᠭᠡᠢ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠠᠷᠪᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠄ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠬᠢᠨᠠᠨ ᠵᠢᠯᠤᠭᠤᠳᠬᠤ ᠵᠢᠴᠢ ᠰᠢᠲᠠᠮᠠᠬᠠᠢ ᠬᠡᠢ ᠶᠢᠨ ᠲᠡᠭᠡᠭᠡᠪᠦᠷᠢ ᠶᠢᠨ ᠲᠡᠷᠭᠡ ᠬᠥᠰᠬᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠨ᠎ᠠ︔ ᠬᠠᠤᠯᠢ ᠪᠤᠰᠤ ᠪᠠᠷ ᠡᠵᠡᠩᠨᠡᠭᠴᠢᠳ ᠲᠤ ᠲᠠᠯᠠᠪᠤᠷ ᠭᠠᠵᠠᠷ ᠬᠠᠩᠭᠠᠬᠤ ᠪᠠ ᠲᠣᠭᠲᠠᠭᠠᠯ   ᠠᠴᠠ ᠵᠥᠷᠢᠴᠡᠨ ᠰᠢᠲᠠᠮᠠᠬᠠᠢ ᠬᠡᠢ ᠶᠢ ᠶᠡᠭᠡ ᠬᠡᠮᠵᠢᠶ᠎ᠡ ᠪᠠᠷ ᠬᠠᠳᠠᠭᠠᠯᠠᠬᠤ᠂ ᠦᠯᠡᠳᠡᠭᠳᠡᠯ ᠰᠢᠩᠭᠡᠨ ᠢ ᠴᠢᠳᠬᠤᠬᠤ᠂ ᠰᠢᠲᠠᠮᠠᠬᠠᠢ ᠬᠡᠢ ᠶᠢ ᠬᠤᠯᠠᠭᠠᠶᠢᠯᠠᠬᠤ᠂ ᠬᠠᠶᠠᠭᠳᠠᠮᠠᠯ ᠪᠣᠯᠣᠳ ᠯᠣᠩᠬᠤ ᠶᠢ ᠰᠠᠷᠢᠭᠠᠯᠠᠬᠤ ᠵᠡᠷᠭᠡ ᠣᠯᠠᠨ ᠨᠡᠶᠢᠲᠡ ᠶᠢᠨ ᠠᠮᠤᠷ ᠲᠦᠪᠰᠢᠨ ᠢ ᠬᠦᠨᠳᠦ ᠨᠣᠴᠢᠲᠠᠢ ᠰᠦᠷᠳᠡᠭᠦᠯᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ︔ ᠳᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ ᠶᠢᠰᠦᠨ ᠵᠢᠵᠢᠭ ᠲᠠᠯᠠᠪᠤᠷ ᠭᠠᠵᠠᠷ ᠲᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠥᠷᠨᠢᠭᠦᠯᠬᠦ ᠶᠢ ᠬᠠᠷᠢᠭᠤᠴᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠠᠷᠪᠠᠨ ᠨᠢᠭᠡ᠂ ᠲᠤᠭᠤᠷᠢᠭ ᠤᠨ ᠴᠠᠭ ᠠᠭᠤᠷ ᠤᠨ ᠲᠣᠪᠴᠢᠶ᠎ᠠ᠄ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠤᠨᠤᠭ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠶᠢ ᠬᠢᠨᠠᠨ ᠬᠠᠷᠭᠤᠭᠤᠯᠬᠤ ᠪᠠ ᠪᠠᠷᠢᠯᠭ᠎ᠠ ᠳᠠᠭᠤᠰᠤᠭᠰᠠᠨ  ᠢ ᠰᠢᠯᠭᠠᠨ ᠪᠠᠶᠢᠴᠠᠭᠠᠬᠤ ᠠᠵᠢᠯ ᠢ ᠬᠠᠷᠢᠭᠤᠴᠠᠵᠤ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠨ ᠬᠤᠷᠢᠭᠯᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠠᠷᠪᠠᠨ ᠬᠤᠶᠠᠷ᠂ ᠲᠤᠭᠤᠷᠢᠭ ᠤᠨ ᠬᠠᠮ ᠵᠠᠭᠤᠴᠢᠯᠠᠭᠤᠷ ᠤᠨ ᠲᠥᠪ᠄ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠮᠡᠳᠡᠭᠡᠯᠡᠬᠦ ᠶᠢ ᠬᠠᠷᠢᠭᠤᠴᠠᠨ᠎ᠠ︔ ᠰᠢᠲᠠᠮᠠᠬᠠᠢ ᠬᠡᠢ ᠶᠢᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠤᠬᠠᠭᠤᠯᠬᠤ ᠶᠢ ᠬᠠᠷᠢᠭᠤᠴᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠠᠷᠪᠠᠨ ᠭᠤᠷᠪᠠ᠂ ᠲᠣᠭᠤᠷᠢᠭ ᠤᠨ ᠬᠤᠲᠠ ᠶᠢᠨ ᠶᠠᠪᠤᠳᠠᠯ ᠤᠨ ᠠᠵᠢᠯ ᠦᠢᠯᠡᠰ ᠤᠨ ᠦᠢᠯᠡᠴᠢᠯᠡᠭᠡᠨ ᠤ ᠲᠥᠪ᠂ ᠴᠡᠴᠡᠷᠯᠢᠭ ᠤᠨ ᠠᠵᠢᠯ ᠦᠢᠯᠡᠰ ᠤᠨ ᠬᠥᠭᠵᠢᠯᠲᠡ ᠶᠢᠨ ᠲᠥᠪ᠂ ᠤᠰᠤ ᠲᠠᠲᠠᠷᠠᠭᠤᠯᠬᠤ ᠠᠵᠢᠯ ᠦᠢᠯᠡᠰ ᠤᠨ ᠦᠢᠯᠡᠴᠢᠯᠡᠭᠡᠨ ᠤ ᠲᠥᠪ᠄ ᠬᠤᠲᠠ ᠶᠢᠨ ᠶᠠᠪᠤᠳᠠᠯ ᠤᠨ ᠢᠨᠵᠧᠨᠧᠷᠢᠩ᠂ ᠨᠣᠭᠤᠭᠠᠷᠠᠭᠤᠯᠤᠯᠲᠠ ᠶᠢᠨ ᠠᠵᠢᠯ ᠵᠡᠷᠭᠡ ᠵᠠᠮ ᠤᠨ ᠭᠠᠳᠠᠷᠭᠤ ᠳᠠᠬᠢ ᠨᠡᠭᠡᠭᠡᠨ ᠮᠠᠯᠲᠠᠬᠤ ᠪᠠᠷᠢᠯᠭ᠎ᠠ ᠶᠢᠨ ᠠᠮᠤᠷ ᠲᠦᠪᠰᠢᠨ ᠳᠤ ᠬᠢᠨᠠᠯᠲᠠ ᠲᠠᠯᠪᠢᠬᠤ ᠶᠢ ᠬᠠᠷᠢᠭᠤᠴᠠᠵᠤ ᠂ ᠰᠢᠲᠠᠮᠠᠬᠠᠢ ᠬᠡᠢ ᠶᠢᠨ ᠬᠤᠭᠤᠯᠠᠢ ᠶᠢᠨ ᠣᠷᠣᠨ ᠢᠶᠠᠷ ᠥᠩᠭᠡᠷᠡᠬᠦ ᠨᠡᠭᠡᠭᠡᠨ ᠮᠠᠯᠲᠠᠬᠤ ᠠᠵᠢᠯ ᠢ ᠬᠢᠬᠦ ᠳᠡᠭᠡᠨ ᠪᠠᠷᠢᠯᠭ᠎ᠠ ᠶᠢᠨ ᠠᠵᠤ ᠠᠬᠤᠶᠢᠯᠠᠯ ᠢ ᠱᠠᠯᠠᠪᠳᠠᠭᠤᠯᠵᠤ ᠪᠠᠶᠢᠭᠠᠳ ᠪᠠᠶᠢᠭᠠᠯᠢ ᠶᠢᠨ ᠰᠢᠲᠠᠮᠠᠬᠠᠢ ᠬᠡᠢ ᠶᠢᠨ ᠺᠣᠮᠫᠠᠨᠢ ᠯᠤᠭ᠎ᠠ ︽ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ᠬᠠᠮᠠᠭᠠᠯᠠᠯᠲᠠ ᠶᠢᠨ ᠬᠡᠯᠡᠯᠴᠡᠭᠡᠷ︾  ᠲᠤᠭᠳᠠᠭᠠᠯᠭᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠠᠷᠪᠠᠨ ᠳᠥᠷᠪᠡ᠂ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠄ ᠠᠳᠠᠯ ᠠᠬᠤᠢ ᠶᠢᠨ ᠤᠶᠢᠯᠡᠴᠢᠯᠡᠭᠡ ᠲᠠᠢ ᠰᠠᠭᠤᠭᠠᠯᠢ ᠠᠷᠠᠳ ᠤᠨ ᠲᠣᠭᠤᠷᠢᠭ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠵᠢᠯ ᠳᠤ ᠬᠠᠮᠢᠶᠠᠷᠤᠯᠲᠠ ᠬᠢᠬᠦ ᠶᠢ ᠬᠠᠷᠢᠭᠤᠴᠠᠨ᠎ᠠ︔ ᠠᠳᠠᠯ ᠠᠬᠤᠢ ᠶᠢᠨ ᠤᠶᠢᠯᠡᠴᠢᠯᠡᠭᠡ ᠲᠠᠢ ᠰᠠᠭᠤᠭᠠᠯᠢ ᠠᠷᠠᠳ ᠤᠨ ᠲᠣᠭᠤᠷᠢᠭ ᠤᠨ ᠳᠣᠲᠣᠷᠠᠬᠢ ᠨᠣᠭᠤᠭᠠᠷᠠᠭᠤᠯᠤᠯᠲᠠ ᠶᠢ ᠰᠢᠨᠡᠳᠬᠡᠨ ᠦᠭᠡᠷᠡᠴᠢᠯᠡᠵᠤ᠂ ᠬᠠᠭᠤᠴᠢᠨ ᠰᠠᠭᠤᠭᠠᠯᠢ ᠲᠤᠭᠤᠷᠢᠭ ᠤᠨ ᠬᠤᠭᠤᠯᠠᠢ ᠲᠣᠣᠷ ᠢ ᠥᠭᠡᠷᠡᠴᠢᠯᠡᠬᠦ ᠵᠡᠷᠭᠡ ᠭᠠᠵᠠᠷ ᠳᠡᠭᠡᠷᠡᠬᠢ ᠨᠡᠭᠡᠭᠡᠨ ᠮᠠᠯᠲᠠᠬᠤ ᠪᠠᠷᠢᠯᠭ᠎ᠠ ᠶᠢ ᠵᠢᠷᠤᠮᠵᠢᠭᠤᠯᠤᠨ ᠵᠢᠯᠤᠭᠤᠳᠬᠤ ᠶᠢ ᠬᠠᠷᠢᠭᠤᠴᠠᠵᠤ᠂ ᠰᠢᠲᠠᠮᠠᠬᠠᠢ ᠬᠡᠢ ᠶᠢᠨ ᠬᠤᠭᠤᠯᠠᠢ ᠶᠢᠨ ᠵᠠᠮ ᠤᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠨ᠎ᠡ︔ ᠠᠳᠠᠯ ᠠᠬᠤᠢ ᠶᠢᠨ ᠤᠶᠢᠯᠡᠴᠢᠯᠡᠭᠡ ᠲᠠᠢ ᠰᠠᠭᠤᠭᠠᠯᠢ ᠲᠣᠭᠤᠷᠢᠭ ᠤᠨ ᠳᠣᠲᠣᠷᠠᠬᠢ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠵᠠᠷ ᠳᠡᠭᠡᠷᠡᠬᠢ ᠵᠢᠶᠠᠰᠠ ᠬᠤᠭᠤᠯᠠᠢ ᠠᠴᠠ ᠣᠷᠢᠶᠠᠭᠰᠠᠨ ᠴᠠᠬᠢᠯᠭᠠᠨ ᠤᠲᠠᠰᠤ ᠰᠦᠯᠵᠢᠶᠠᠨ ᠤᠳᠠᠰᠤ ᠵᠡᠷᠭᠡ ᠵᠠᠮ ᠱᠤᠭᠤᠮ ᠢ ᠴᠡᠭᠴᠡᠯᠡᠨ ᠵᠠᠰᠠᠬᠤ ᠶᠢ ᠬᠠᠷᠢᠭᠤᠴᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠠᠷᠪᠠᠨ ᠲᠠᠪᠤ᠂ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠄ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠪᠠ ᠰᠢᠲᠠᠮᠠᠬᠠᠢ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠬᠠᠤᠯᠢ ᠶᠣᠰᠣᠭᠠᠷ ᠥᠷᠨᠢᠭᠦᠯᠬᠦ ᠶᠢ ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ ᠰᠢᠲᠠᠮᠠᠬᠠᠢ ᠬᠡᠢ ᠬᠡᠷᠡᠭᠯᠡᠵᠦ ᠪᠠᠶᠢᠭ᠎ᠠ ᠢᠳᠡᠭᠡᠨ ᠤᠮᠳᠠᠭᠠᠨ ᠤ ᠭᠠᠵᠠᠷ ᠲᠠᠯᠠᠪᠤᠷ ᠵᠡᠷᠭᠡ ᠳᠤ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠬᠢᠨᠠᠯᠲᠠ ᠪᠠᠶᠢᠴᠠᠭᠠᠯᠲᠠ ᠬᠢᠵᠤ᠂ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠠᠷᠪᠠᠨ ᠵᠢᠷᠭᠤᠭ᠎ᠠ᠂ ᠡᠯ᠎ᠡ ᠬᠦᠷᠢᠶᠡᠯᠡᠩ ᠲᠣᠭᠤᠷᠢᠭ᠂ ᠡᠯ᠎ᠡ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠄ ︽ᠬᠠᠷᠢᠶ᠎ᠠ ᠣᠷᠣᠨ ᠠᠴᠠ ᠬᠠᠮᠢᠶᠠᠷᠴᠤ᠂ ᠱᠠᠲᠤ ᠬᠤᠪᠢᠶᠠᠨ ᠬᠠᠷᠢᠭᠤᠴᠠᠬᠤ︾ ᠵᠠᠷᠴᠢᠮ ᠶᠣᠰᠣᠭᠠᠷ᠂ ᠲᠣᠰ ᠬᠠᠷᠢᠶ᠎ᠠ ᠣᠷᠣᠨ ᠤ ᠪᠠᠨ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ︔ ᠲᠣᠥᠷᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ ᠶᠣᠰᠣᠭᠠᠷ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠺᠣᠮᠫᠠᠨᠢ ᠲᠠᠢ ᠬᠤᠯᠪᠤᠭᠠᠯᠠᠨ ᠰᠠᠭᠤᠭᠠᠯᠢ ᠠᠷᠠᠳ ᠤᠨ ᠬᠡᠷᠡᠭᠯᠡᠭᠴᠢ ᠶᠢᠨ ᠡᠷᠦᠬᠡ ᠳᠤ ᠬᠦᠷᠴᠦ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠶᠢ ᠬᠠᠷᠢᠭᠤᠴᠠᠨ᠎ᠠ︔ ᠰᠠᠭᠤᠭᠠᠯᠢ ᠠᠷᠠᠳ ᠤᠨ ᠲᠣᠭᠤᠷᠢᠭ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠳᠠᠯ ᠠᠬᠤᠢ ᠶᠢᠨ ᠤᠶᠢᠯᠡᠴᠢᠯᠡᠭᠡ ᠦᠭᠡᠢ ᠰᠠᠭᠤᠭᠠᠯᠢ ᠲᠣᠭᠤᠷᠢᠭ ᠢ ᠬᠠᠷᠢᠭᠤᠴᠠᠨ᠎ᠠ︶ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠵᠢᠯ ᠢ ᠵᠢᠯᠤᠭᠤᠳᠬᠤ ᠶᠢ ᠬᠠᠷᠢᠭᠤᠴᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠳᠣᠲᠣᠷᠠᠬᠢ ᠨᠣᠭᠤᠭᠠᠷᠠᠭᠤᠯᠤᠯᠲᠠ ᠶᠢ ᠰᠢᠨᠡᠳᠬᠡᠨ ᠦᠭᠡᠷᠡᠴᠢᠯᠡᠵᠤ᠂ ᠬᠠᠭᠤᠴᠢᠨ ᠰᠠᠭᠤᠭᠠᠯᠢ ᠲᠣᠭᠤᠷᠢᠭ ᠤᠨ ᠬᠤᠭᠤᠯᠠᠢ ᠲᠣᠣᠷ ᠢ ᠥᠭᠡᠷᠡᠴᠢᠯᠡᠬᠦ ᠵᠡᠷᠭᠡ ᠭᠠᠵᠠᠷ ᠳᠡᠭᠡᠷᠡᠬᠢ ᠮᠠᠯᠲᠠᠬᠤ ᠪᠠᠷᠢᠯᠭ᠎ᠠ ᠶᠢ ᠵᠢᠷᠤᠮᠵᠢᠭᠤᠯᠤᠨ ᠵᠢᠯᠤᠭᠤᠳᠴᠤ᠂ ᠰᠢᠲᠠᠮᠠᠬᠠᠢ ᠬᠡᠢ ᠶᠢᠨ ᠬᠤᠭᠤᠯᠠᠢ ᠶᠢᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠨ᠎ᠡ︔ ᠰᠠᠭᠤᠭᠠᠯᠢ ᠠᠷᠠᠳ ᠤᠨ ᠲᠣᠭᠤᠷᠢᠭ ᠤᠨ ᠳᠣᠲᠣᠷᠠᠬᠢ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠵᠠᠷ ᠳᠡᠭᠡᠷᠡᠬᠢ ᠬᠤᠭᠤᠯᠠᠢ ᠶᠢᠨ ᠣᠷᠢᠶᠠᠭᠰᠠᠨ ᠴᠠᠬᠢᠯᠭᠠᠨ ᠤᠲᠠᠰᠤ ᠵᠡᠷᠭᠡ ᠱᠤᠭᠤᠮ ᠢ ᠴᠡᠭᠴᠡᠯᠡᠨ ᠵᠠᠰᠠᠬᠤ ᠶᠢ ᠬᠠᠷᠢᠭᠤᠴᠠᠨ᠎ᠠ︔ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃     ᠠᠷᠪᠠᠨ ᠲᠤᠯᠤᠭ᠎ᠠ᠂ ᠪᠤᠰᠤᠳ ᠰᠠᠯᠠᠭ᠎ᠠ ᠮᠥᠴᠢᠷ᠄ ᠲᠣᠰ ᠲᠣᠰ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ