ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠤ ᠶᠠᠪᠤᠳᠠᠯ ᠤᠨ ᠲᠡᠮᠳᠡᠭᠯᠡᠯ ︱ ᠵᠢᠷᠭᠤᠳᠤᠭᠠᠷ ᠰᠠᠷ᠎ᠠ
ᠨᠡᠶᠢᠲᠡᠯᠡᠭᠰᠡᠨ ᠴᠠᠭ᠄
2022/8/13
     6 ᠰᠠᠷ᠎ᠠ ᠶᠢᠨ 2 ᠤᠨ ᠡᠳᠦᠷ᠂ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠬᠤᠷᠠᠯ ᠳᠤ ᠣᠷᠣᠯᠴᠠᠭᠰᠠᠨ ᠪᠥᠭᠡᠳ ᠬᠤᠷᠠᠯ ᠢ ᠡᠷᠬᠢᠯᠡᠪᠡ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠵᠧᠨ ᠫᠢᠩ᠂ ᠯᠢᠦ ᠯᠠᠨ ᠰᠢᠶᠠᠩ᠂ ᠦ᠋ ᠹᠧᠢ ᠰᠢᠶᠦ᠋ᠩ᠂ ᠸᠧᠢ ᠮᠦᠳᠠᠨ ᠬᠤᠷᠠᠯ ᠳᠤ ᠣᠷᠣᠯᠴᠠᠪᠠ᠃ ᠲᠣᠭᠤᠷᠢᠭ ᠤᠨ ᠤᠳᠤᠷᠢᠳᠤᠯᠭ᠎ᠠ ᠨᠢᠶᠧ ᠵᠢᠶᠦ᠋ᠨ᠂ ᠵᠠᠩ ᠵᠢᠶᠠᠨ ᠬᠦᠩ᠂ ᠱᠢ ᠮᠣᠣ ᠯᠢᠨ ᠬᠤᠷᠠᠯ ᠳᠤ ᠰᠤᠯᠠ ᠣᠷᠣᠯᠴᠠᠪᠠ᠃     6 ᠰᠠᠷ᠎ᠠ ᠶᠢᠨ 6 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠰᠢᠨ ᠢᠦᠢ ᠳ᠋ᠦᠩᠱᠧᠩ ᠲᠣᠭᠤᠷᠢᠭ ᠤᠨ ᠳ᠋ᠦᠩ ᠯᠢᠶᠠᠨ ᠣᠲᠣ ᠦᠶ᠎ᠡ ᠶᠢᠨ ᠳᠡᠭᠡᠳᠤ ᠵᠡᠷᠭᠡ ᠶᠢᠨ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ  ᠠᠵᠢᠯ ᠢ ᠲᠤᠬᠠᠢ ᠶᠢᠨ ᠭᠠᠵᠠᠷ ᠲᠤ ᠨᠢ ᠬᠦᠷᠴᠤ ᠱᠠᠯᠠᠪᠳᠠᠭᠤᠯᠤᠨ ᠵᠢᠯᠤᠭᠤᠳᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠲᠣᠭᠤᠷᠢᠭ ᠤᠨ ᠳᠡᠳ᠋ ᠳᠠᠷᠤᠭ᠎ᠠ ᠶᠠᠩ ᠶᠦᠨ ᠵᠢᠴᠢ ᠬᠤᠲᠠ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠠᠮᠲᠤᠪᠠᠷ ᠱᠠᠯᠠᠪᠳᠠᠭᠤᠯᠤᠨ ᠵᠢᠯᠣᠭᠤᠳᠪᠠ᠃     6 ᠰᠠᠷ᠎ᠠ ᠶᠢᠨ 6 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠣ ᠢ ᠳ᠋ᠦᠩ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠣᠷᠳᠣᠰ ᠬᠤᠲᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ᠂ ᠣᠷᠳᠣᠰ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠳ᠋ᠦᠩᠱᠧᠩ ᠤᠨ ᠭᠠᠯᠲᠤ ᠲᠡᠷᠭᠡᠨ ᠤ ᠵᠡᠭᠦᠨ ᠥᠷᠲᠡᠭᠡ᠂ ᠳ᠋ᠦᠩᠱᠧᠩ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ ᠭᠦᠨᠵᠡᠭᠡᠶᠢᠷᠡᠨ᠂ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠢᠯᠭᠠᠯᠳᠠ ᠶᠢᠨ ᠪᠡᠯᠡᠳᠬᠡᠯ ᠠᠵᠢᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠲᠣᠭᠤᠷᠢᠭ ᠤᠨ ᠤᠳᠤᠷᠢᠳᠤᠯᠭ᠎ᠠ ᠶᠠᠩ ᠶᠦᠨ᠂ ᠵᠠᠩ ᠪᠢᠩ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠠᠮᠲᠤ ᠪᠠᠷ ᠪᠠᠶᠢᠴᠠᠭᠠᠨ ᠰᠤᠳᠤᠯᠪᠠ᠃     6 ᠰᠠᠷ᠎ᠠ ᠶᠢᠨ 7 ᠤ ᠡᠳᠦᠷ ᠠᠴᠠ 9 ᠤ ᠡᠳᠦᠷ ᠪᠣᠯᠲᠠᠯ᠎ᠠ᠂ ᠳ᠋ᠦᠩᠱᠧᠩ ᠲᠣᠭᠤᠷᠢᠭ ᠲᠤ 2022 ᠤᠨ ᠤ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠠᠪᠤᠭᠳᠠᠭᠤᠯᠪᠠ᠂ ᠳ᠋ᠦᠩᠱᠧᠩ ᠲᠣᠭᠤᠷᠢᠭ ᠲᠤ ᠨᠡᠶᠢᠲᠡ 2833 ᠰᠢᠯᠭᠠᠭᠤᠯᠤᠭᠴᠢ ᠪᠠᠶᠢᠵᠤ᠂ 3 ᠰᠢᠯᠭᠠᠯᠲᠠ ᠶᠢᠨ ᠴᠡᠭ ᠭᠠᠷᠭᠠᠵᠠᠢ᠂ ᠲᠣᠰ ᠲᠣᠰ ᠳ᠋ᠦᠩ ᠯᠢᠶᠠᠨ ᠣᠲᠣ ᠦᠶ᠎ᠡ ᠶᠢᠨ ᠳᠡᠭᠡᠳᠤ ᠵᠡᠷᠭᠡ ᠶᠢᠨ ᠳᠤᠮᠳᠠᠳᠤ ᠰᠤᠷᠭᠠᠭᠤᠯᠢ᠂ ᠣᠷᠳᠣᠰ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠣᠷᠳᠣᠰ ᠬᠤᠲᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠪᠠᠶᠢᠵᠤ᠂ ᠨᠡᠶᠢᠲᠡ 97 ᠰᠢᠯᠭᠠᠯᠲᠠ ᠶᠢᠨ ᠲᠠᠯᠠᠪᠠᠶ᠂ 330 ᠰᠢᠬᠠᠮ ᠰᠢᠯᠭᠠᠯᠲᠠ ᠬᠢᠨᠠᠬᠤ ᠪᠠᠭᠰᠢ ᠵᠢᠴᠢ ᠠᠵᠢᠯᠲᠠᠨ ᠳᠤᠬᠢᠷᠠᠭᠤᠯᠵᠠᠢ᠃    6 ᠰᠠᠷ᠎ᠠ ᠶᠢᠨ 7 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠰᠦᠳᠦᠭᠡᠷ ᠬᠤᠭᠤᠴᠠᠭᠠᠨ ᠤ 35 ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠤᠭᠤᠷᠢᠭ ᠤᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠲᠤᠭᠤᠷᠢᠭ ᠤᠨ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠪᠠᠶᠢᠭᠤᠯᠭ᠎ᠠ ᠳᠠᠭᠠᠨ ᠪᠠᠶᠢᠭ᠎ᠠ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠰᠤᠯᠠ   ᠣᠷᠣᠯᠴᠠᠪᠠ᠃     6 ᠳ᠋ᠤᠭᠠᠷ ᠰᠠᠷ᠎ᠠ ᠶᠢᠨ 8 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠸ ᠢ ᠳ᠋ᠦᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠨᠡᠭᠡᠭᠡᠯᠲᠡ ᠶᠢᠨ ᠲᠣᠭᠤᠷᠢᠭ ᠤᠨ ᠳᠦᠰᠦᠪ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠬᠤ ᠶᠢᠨ ᠬᠠᠮᠲᠤ ᠲᠠᠷᠠᠭᠠᠴᠢ ᠶᠢᠨ ᠱᠠᠲᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠬᠠᠨ ᠲᠤᠸ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠳ᠋ᠦᠩᠱᠧᠩ ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠭᠤᠸ ᠮᠢᠩ᠂ ᠵᠢᠶᠠᠩ ᠶᠤᠸᠠᠨ ᠬᠤᠷᠠᠯ ᠳᠤ ᠣᠷᠣᠯᠴᠠᠵᠠᠢ᠃     6 ᠰᠠᠷ᠎ᠠ ᠶᠢᠨ 8 ᠤ ᠡᠳᠦᠷ᠂ ᠣᠷᠳᠣᠰ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶ᠎ᠠ ᠶᠢᠨ ᠳᠠᠷᠤᠭ᠎ᠠ ᠵᠠᠩ ᠯᠧᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠳ᠋ᠦᠩᠱᠧᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠠᠶᠢᠯᠢ ᠭᠦᠢᠴᠡᠳᠬᠡᠬᠦ ᠲᠢᠩᠬᠢᠮ ᠳᠤ ᠭᠦᠨᠵᠡᠭᠡᠶᠢᠷᠡᠨ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠂ ᠭᠠᠶᠢᠯᠢ ᠲᠠᠲᠠᠪᠤᠷᠢ ᠶᠢᠨ ᠡᠵᠡᠩᠨᠡᠯᠲᠡ ᠶᠢᠨ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠪᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠵᠡᠷᠭᠡ ᠠᠵᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠷ ᠪᠠᠶᠢᠴᠠᠭᠠᠨ ᠰᠤᠳᠤᠯᠪᠠ᠃     6 ᠰᠠᠷ᠎ᠠ ᠶᠢᠨ 8 ᠤ ᠡᠳᠦᠷ᠂ ᠳ᠋ᠦᠩᠱᠧᠩ ᠲᠣᠭᠤᠷᠢᠭ ᠠᠵᠤ ᠠᠬᠤᠢ ᠶᠢᠨ ᠶᠡᠭᠡ ᠬᠡᠪᠴᠢᠶ᠎ᠡ ᠶᠢ ᠲᠣᠭᠲᠠᠪᠤᠷᠢᠵᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠵᠢᠶᠠᠩ ᠶᠤᠸᠠᠨ᠂ ᠳ᠋ᠦ᠋ ᠵᠢᠤᠸᠠᠨ᠂ ᠶᠠᠩ ᠶᠦᠨ᠂ ᠵᠠᠩ ᠪᠢᠩ᠂ ᠵᠠᠩ ᠵᠢᠶᠠᠨ ᠬᠥᠩ᠂ ᠱᠢ ᠮᠣᠣ ᠯᠢᠨ᠂ ᠵᠠᠩ ᠵᠢᠶᠦ᠋ᠨ ᠬᠤᠷᠠᠯ ᠳᠤ ᠣᠷᠣᠯᠴᠠᠵᠤ᠂ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠢ᠃     6 ᠰᠠᠷ᠎ᠠ ᠶᠢᠨ 9  ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ᠂ ᠲᠣᠭᠤᠷᠢᠭ ᠤᠨ ᠤᠳᠤᠷᠢᠳᠤᠯᠭ᠎ᠠ ᠯᠢᠦ ᠬᠤᠢ ᠪᠢᠨ᠂ ᠵᠠᠩ ᠵᠢᠶᠠᠨ ᠭᠦᠩ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠶᠢᠴᠠᠭᠠᠨ ᠰᠤᠳᠤᠯᠤᠯᠳᠠ ᠬᠢᠪᠡ᠃     6 ᠰᠠᠷ᠎ᠠ ᠶᠢᠨ 9 ᠤ ᠡᠳᠦᠷ᠂ ᠳ᠋ᠦᠩᠱᠧᠩ ᠲᠣᠭᠤᠷᠢᠭ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠬᠤᠷᠠᠯ ᠢ ᠬᠤᠷᠠᠯᠳᠤᠭᠤᠯᠪᠠ᠃ ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠳ᠋ᠦ᠋ ᠵᠢᠤᠸᠠᠨ᠂ ᠵᠠᠩ ᠵᠢᠶᠠᠨ ᠭᠦᠩ ᠬᠤᠷᠠᠯ ᠳᠤ ᠣᠷᠣᠯᠴᠠᠪᠠ᠃     6 ᠰᠠᠷ᠎ᠠ ᠶᠢᠨ 10  ᠤ ᠡᠳᠦᠷ᠂ ᠳ᠋ᠦᠩᠱᠧᠩ ᠲᠣᠭᠤᠷᠢᠭ ︽ᠪᠤᠯᠪᠠᠰᠤᠨ ᠰᠠᠶᠢᠬᠠᠨ᠂ ᠵᠤᠯ ᠵᠢᠷᠭᠠᠯᠳᠤ ᠳ᠋ᠦᠩᠱᠧᠩ︾ ᠢ ᠡᠭᠦᠳᠦᠨ ᠪᠠᠶᠢᠭᠤᠯᠬᠤ ᠪᠦᠬᠦ ᠤᠯᠤᠰ ᠤᠨ ᠪᠣᠯᠪᠠᠰᠤᠨ ᠤ ᠨᠡᠶᠢᠲᠡᠯᠢᠭ ᠬᠤᠳᠠ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠨᠡᠬᠡᠮᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠱᠦ ᠭᠤᠸᠠᠩ ᠨᠡᠶᠢᠭᠡᠮ ᠲᠣᠭᠤᠷᠢᠭ ᠲᠤ ᠶᠠᠪᠤᠭᠳᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠦ ᠬᠤᠢ ᠪᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠲᠤᠭᠤᠷᠢᠭ  ᠤᠨ ᠤᠳᠤᠷᠢᠳᠤᠯᠭ᠎ᠠ ᠯᠢᠦ ᠯᠠᠨ ᠰᠢᠶᠠᠩ᠂ ᠳ᠋ᠦ᠋ ᠵᠢᠤᠸᠠᠨ᠂ ᠱᠢ ᠮᠣᠣ ᠯᠢᠨ ᠶᠣᠰᠣᠯᠠᠯ ᠳᠤ ᠣᠷᠣᠯᠴᠠᠪᠠ᠃     6 ᠰᠠᠷ᠎ᠠ ᠶᠢᠨ 10  ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠤ 2022 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠯᠢ ᠰᠢᠶᠣᠣ ᠳ᠋ᠦᠩ᠂ ᠲᠣᠭᠤᠷᠢᠭ ᠤᠨ ᠳᠡᠳ᠋ ᠳᠠᠷᠤᠭ᠎ᠠ ᠵᠢᠶᠠᠩ ᠶᠤᠸᠠᠨ᠂ ᠳ᠋ᠦ᠋ ᠵᠢᠤᠸᠠᠨ᠂ ᠶᠠᠩ ᠶᠦᠨ᠂ ᠵᠠᠩ ᠵᠢᠶᠠᠨ ᠭᠦᠩ ᠬᠤᠷᠠᠯ ᠳᠤ ᠣᠷᠣᠯᠴᠠᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠯᠠᠨ ᠰᠢᠶᠠᠩ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠮᠣᠣ ᠯᠢᠨ ᠵᠢᠴᠢ ᠲᠤᠭᠤᠷᠢᠭ  ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠰᠤᠯᠠ ᠣᠷᠣᠯᠴᠠᠪᠠ᠃     6 ᠰᠠᠷ᠎ᠠ ᠶᠢᠨ 10  ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠪᠦᠬᠦ ᠲᠤᠭᠤᠷᠢᠭ ᠤᠨ ᠰᠦᠯᠵᠢᠶᠡᠨ ᠤ ᠨᠡᠪᠲᠡᠷᠡᠭᠦᠯᠦᠭᠴᠢ ᠶᠢᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠬᠤᠷᠠᠯ ᠳᠡᠭᠡᠷ᠎ᠡ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾᠂ ︽ᠰᠦᠯᠵᠢᠶᠡᠨ ᠤ ᠮᠡᠳᠡᠭᠡ ᠵᠠᠩᠭᠢ ᠠᠮᠢ ᠠᠬᠤᠢ ᠶᠢᠨ ᠵᠠᠰᠠᠯᠲᠠ ᠶᠢᠨ ᠲᠣᠭᠲᠠᠭᠠᠯ︾᠂ ︽ᠢᠨᠲ᠋ᠧᠷ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾  ᠢ ᠰᠤᠷᠤᠯᠴᠠᠪᠠ᠃     6 ᠰᠠᠷ᠎ᠠ ᠶᠢᠨ 13 ᠤ ᠡᠳᠦᠷ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠤᠯᠤᠰ ᠲᠦᠷᠦ ᠶᠢᠨ ᠵᠦᠪᠯᠡᠯᠬᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠤᠳᠠᠭᠠᠨ ᠤ ᠬᠤᠷᠠᠯ  ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠴᠢᠶᠣᠤ ᠮᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠮᠣᠣ ᠯᠢᠨ᠂   ᠲᠤᠶᠠᠭ᠎ᠠ᠂ ᠵᠠᠩ ᠵᠢᠶᠦ᠋ᠨ᠂ ᠸᠠᠩ ᠰᠢᠸ ᠬᠤᠷᠠᠯ ᠳᠤ ᠤᠷᠤᠯᠴᠠᠭᠰᠠᠨ ᠪᠦᠭᠡᠳ ᠲᠣᠭᠤᠷᠢᠭ ᠤᠨ ᠤᠳᠤᠷᠢᠳᠤᠯᠭ᠎ᠠ ᠸᠠᠩ ᠶᠢᠩ ᠴᠤᠤ᠂ ᠳ᠋ᠦ᠋ ᠵᠢᠤᠸᠠᠨ ᠬᠤᠷᠠᠯ ᠳᠤ ᠣᠷᠣᠯᠴᠠᠪᠠ᠃     6 ᠰᠠᠷ᠎ᠠ ᠶᠢᠨ 14 ᠤ ᠡᠳᠦᠷ᠂ ᠳ᠋ᠦᠩᠱᠧᠩ ᠲᠣᠭᠤᠷᠢᠭ ᠭᠠᠯ ᠤᠨ ᠠᠶᠤᠯ ᠢ ᠰᠡᠷᠬᠡᠶᠢᠯᠡᠬᠦ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠵᠢᠴᠢ ︽6.13︾ ᠤ ᠭᠠᠯ ᠤᠨ ᠭᠠᠮᠰᠢᠭ ᠤᠨ ᠲᠤᠬᠠᠢ ᠶᠢᠨ ᠲᠠᠯᠠᠪᠠᠶ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠢ᠃     6 ᠰᠠᠷ᠎ᠠ ᠶᠢᠨ 17 ᠤ ᠡᠳᠦᠷ᠂ ᠳ᠋ᠦᠩᠱᠧᠩ ᠲᠣᠭᠤᠷᠢᠭ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ 36 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ ᠤᠨ 8 ᠳ᠋ᠤᠭᠠᠷ ᠤᠳᠠᠭᠠᠨ ᠤ ᠬᠤᠷᠠᠯ᠂ ᠲᠣᠭᠤᠷᠢᠭ ᠤᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ᠂ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠲᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠸ ᠢ ᠳ᠋ᠦᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠪᠠᠶᠢᠭᠤᠯᠭ᠎ᠠ  ᠳᠠᠭᠠᠨ ᠪᠠᠶᠢᠭ᠎ᠠ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠰᠤᠯᠠ ᠣᠷᠣᠯᠴᠠᠪᠠ᠃     6 ᠰᠠᠷ᠎ᠠ ᠶᠢᠨ 17 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠢ ᠳ᠋ᠦᠩᠱᠧᠩ ᠲᠣᠭᠤᠷᠢᠭ ᠲᠤ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ ᠣᠷᠳᠣᠨ ᠤ ᠠᠵᠤ ᠠᠬᠤᠢ ᠶᠢᠨ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠳᠡᠳ᠋ ᠳᠠᠷᠤᠭ᠎ᠠ ᠶᠠᠩ ᠶᠦᠨ ᠵᠢᠴᠢ ᠬᠤᠳᠠ ᠲᠣᠭᠤᠷᠢᠭ ᠬᠤᠶᠠᠷ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤᠪᠠᠷ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠪᠠ᠃6 ᠰᠠᠷ᠎ᠠ  ᠶᠢᠨ 15 ᠤ ᠡᠳᠦᠷ ᠠᠴᠠ 18 ᠤ ᠡᠳᠦᠷ ᠪᠤᠯᠳᠠᠯ᠎ᠠ᠂ ᠬᠤᠲᠠ  ᠶᠢᠨ ᠨᠠᠮ ᠤᠨ ᠬᠤᠷᠢᠶᠠᠨ ᠤ ᠱᠦᠵᠢ ᠯᠢ ᠯᠢ ᠡᠩᠨᠡᠭᠡ ᠳᠠᠭᠠᠭᠤᠯᠤᠨ ᠵᠢᠶᠠᠩᠰᠤ ᠮᠤᠵᠢ ᠶᠢᠨ ᠴᠠᠩᠵᠸᠦ ᠬᠤᠲᠠ᠂ ᠰᠦᠵᠧᠦ ᠬᠤᠲᠠ ᠳᠤ ᠭᠦᠷᠴᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠵᠦ᠂ ᠤᠷᠢᠳ ᠬᠤᠵᠢᠳ ᠲᠢᠶᠠᠨ ᠾᠧ ᠭᠤᠸᠠᠩ ᠨᠧᠩ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯᠣᠨ ᠾᠧᠩ ᠯᠢ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠲᠣᠭᠤᠷᠢᠨ ᠦᠵᠡᠭᠰᠡᠨ ᠪᠥᠭᠡᠳ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠲᠠᠢ ᠲᠤᠰ ᠲᠤᠰ ᠶᠠᠷᠢᠯᠴᠠᠨ ᠰᠣᠯᠢᠯᠴᠠᠵᠤ᠂ ᠬᠠᠮᠲᠤᠷᠠᠨ ᠠᠵᠢᠯᠯᠠᠬᠤ  ᠶᠢ ᠬᠦᠰᠡᠮᠵᠢᠯᠡᠭᠰᠡᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠵᠠᠩ ᠸᠧᠢ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠹᠧᠩ ᠶᠦᠨ ᠵᠢᠴᠢ ᠵᠡᠭᠦᠨᠭᠠᠷ ᠬᠤᠰᠢᠭᠤ᠂ ᠵᠡᠭᠦᠨᠭᠠᠷ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠪᠠ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠳᠤ ᠪᠠᠷ ᠲᠤᠭᠤᠷᠢᠨ ᠦᠵᠡᠪᠡ᠃     6 ᠰᠠᠷ᠎ᠠ ᠶᠢᠨ 19 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠣ ᠢ ᠳ᠋ᠦᠩ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠸᠠᠨ ᠵᠧᠩ ᠠᠭᠤᠳᠠᠮ ᠲᠠᠯᠠᠪᠠᠢ᠂ ᠪᠧᠢ ᠭᠥᠸᠧ ᠰᠢᠨ ᠲᠢᠶᠠᠨ ᠳ᠋ᠢ᠂ ᠸᠠᠨ ᠳ᠋ᠠ ᠠᠭᠤᠳᠠᠮ ᠲᠠᠯᠠᠪᠠᠢ ᠵᠡᠷᠭᠡ ᠭᠠᠵᠠᠷ ᠢᠶᠠᠷ ᠭᠦᠨᠵᠡᠭᠡᠶᠢᠷᠡᠨ ᠭᠠᠯ ᠤᠨ ᠠᠶᠤᠯ ᠢ ᠰᠡᠷᠭᠡᠶᠢᠯᠡᠬᠦ ᠠᠮᠤᠷ ᠲᠦᠪᠰᠢᠨ ᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠵᠤ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠠᠵᠢᠯᠯᠠᠭᠠᠨ᠂ ᠭᠠᠯ ᠤᠨ ᠠᠶᠤᠯ ᠠᠴᠠ ᠳᠠᠷᠬᠠᠭᠠᠨ ᠵᠠᠶᠢᠯᠠᠭᠤᠯᠬᠤ ᠵᠠᠮ᠂ ᠠᠵᠢᠯᠯᠠᠵᠤ ᠪᠠᠶᠢᠭ᠎ᠠ ᠬᠥᠮᠥᠰ ᠤᠨ ᠭᠠᠯ ᠤᠨ ᠠᠶᠤᠯ ᠢ ᠰᠡᠷᠬᠡᠶᠢᠯᠡᠬᠦ ᠠᠮᠤᠷ ᠲᠦᠪᠰᠢᠨ ᠤ ᠪᠣᠯᠪᠠᠰᠤᠷᠠᠯ ᠬᠥᠮᠦᠵᠢᠯ ᠵᠡᠷᠭᠡ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠠᠵᠢᠯᠯᠠᠵᠤ ᠪᠠᠶᠢᠭ᠎ᠠ ᠬᠥᠮᠥᠰ ᠤᠨ ᠭᠠᠯ ᠤᠨᠲᠠᠷᠠᠭᠠᠬᠤ ᠭᠠᠯ ᠤᠨᠲᠠᠷᠠᠭᠠᠭᠤᠷ ᠤᠨ ᠬᠡᠷᠡᠭᠯᠡᠯᠲᠡ᠂ ᠭᠠᠯ ᠭᠠᠷᠤᠭᠰᠠᠨ ᠡᠬᠢᠨ ᠤ ᠬᠤᠭᠤᠴᠠᠭᠠᠨ ᠳᠤᠨᠢ ᠭᠠᠯ ᠢ ᠤᠨᠳᠠᠷᠠᠭᠠᠬᠤ ᠤᠷ᠎ᠠ ᠮᠡᠷᠭᠡᠵᠢᠯ ᠢ ᠡᠵᠡᠮᠰᠢᠭᠰᠡᠨ ᠪᠠᠶᠢᠳᠠᠯ ᠵᠡᠷᠭᠡ ᠶᠢ ᠲᠤᠬᠠᠢ ᠶᠢᠨ ᠭᠠᠵᠠᠷ ᠳᠤᠨᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠠᠵᠢᠯ ᠤᠨ ᠱᠠᠭᠠᠷᠳᠠᠯᠭ᠎ᠠ ᠪᠠ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠶᠢ ᠲᠤᠬᠠᠢ ᠶᠢᠨ ᠲᠠᠯᠠᠪᠤᠷ ᠲᠤᠨᠢ ᠲᠣᠳᠣᠷᠬᠠᠢ ᠳᠤᠷᠠᠳᠤᠨ ᠭᠠᠷᠭᠠᠪᠠ᠃ ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠭᠤᠸ ᠮᠢᠩ᠂ ᠶᠠᠩ ᠶᠦᠨ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠷ ᠪᠠᠶᠢᠴᠠᠭᠠᠪᠠ᠃     6 ᠰᠠᠷ᠎ᠠ ᠶᠢᠨ 21 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 7 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃     6 ᠰᠠᠷ᠎ᠠ ᠶᠢᠨ 23 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠳ᠋ᠦᠩᠱᠧᠩ ᠲᠣᠭᠤᠷᠢᠭ ᠤᠨ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠥᠪ ᠲᠤ ᠬᠦᠷᠴᠦ ᠲᠤᠬᠠᠢ ᠶᠢᠨ ᠲᠠᠯᠠᠪᠤᠷ ᠲᠤ ᠵᠠᠬᠢᠳᠠᠯ ᠰᠤᠷᠪᠤᠯᠵᠢᠯᠠᠭ᠎ᠠ ᠬᠢᠬᠦ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠠᠢ᠃ ᠲᠣᠭᠤᠷᠢᠭ ᠤᠨ ᠤᠳᠤᠷᠢᠳᠤᠯᠭ᠎ᠠ ᠰᠦᠩ ᠵᠢᠶᠦ᠋ᠨ ᠹᠧᠩ᠂ ᠵᠠᠩ ᠪᠢᠩ᠂ ᠵᠠᠩ ᠵᠢᠶᠠᠨ ᠭᠦᠩ ᠰᠣᠷᠪᠤᠯᠵᠢᠯᠠᠭ᠎ᠠ ᠶᠢ ᠭᠥᠯᠢᠶᠡᠨ ᠠᠪᠬᠤ ᠳᠤ ᠣᠷᠣᠯᠴᠠᠪᠠ᠃     6 ᠰᠠᠷ᠎ᠠ ᠶᠢᠨ 24  ᠤ ᠡᠳᠦᠷ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ 2022 ᠣᠨ ᠤ 8 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠯᠢ ᠰᠢᠶᠣᠣ ᠳ᠋ᠦᠩ᠂ ᠸᠠᠩ ᠳ᠋ᠣᠣ ᠬᠤᠸᠠ᠂ ᠲᠣᠭᠤᠷᠢᠭ ᠤᠨ ᠳᠡᠳ᠋ ᠳᠠᠷᠤᠭ᠎ᠠ ᠳ᠋ᠦ᠋ ᠵᠢᠤᠸᠠᠨ᠂ ᠶᠠᠩ ᠶᠦᠨ᠂ ᠵᠠᠩ ᠵᠢᠶᠠᠨ ᠬᠥᠩ᠂ ᠯᠢ ᠶᠦᠩ ᠰᠢᠶᠠᠩ ᠬᠤᠷᠠᠯ ᠳᠤ ᠣᠷᠣᠯᠴᠠᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠢᠦ ᠯᠠᠨ ᠰᠢᠶᠠᠩ ᠵᠢᠴᠢ ᠲᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠰᠤᠯᠠ ᠣᠷᠣᠯᠴᠠᠪᠠ᠃     6 ᠰᠠᠷ᠎ᠠ ᠶᠢᠨ 25 ᠤ ᠡᠳᠦᠷ᠂ ᠳ᠋ᠦᠩᠱᠧᠩ ᠲᠣᠭᠤᠷᠢᠭ ᠤᠨ ᠲᠣᠮᠣ ᠳ᠋ᠠᠶᠢᠲ᠋ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠩᠬᠠᠳᠤᠭᠠᠷ ᠤᠳᠠᠭᠠᠨ ᠤ ᠬᠤᠷᠠᠯ ᠵᠢᠴᠢ ᠲᠣᠭᠠᠴᠢᠯᠠᠭᠰᠠᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠵᠤ᠂ ᠲᠣᠭᠤᠷᠢᠭ ᠤᠨ ᠳᠡᠳ᠋ ᠳᠠᠷᠤᠭ᠎ᠠ ᠶᠠᠩ ᠶᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃     6 ᠰᠠᠷ᠎ᠠ ᠶᠢᠨ 25 ᠤ ᠡᠳᠦᠷ ᠠᠴᠠ 28 ᠤ ᠡᠳᠦᠷ ᠪᠣᠯᠲᠠᠯ᠎ᠠ᠂ 2022 ᠣᠨ ᠤ ᠠᠩᠬ᠎ᠠ ᠵᠡᠷᠭᠡ  ᠶᠢᠨ ᠳᠤᠮᠳᠠᠳᠤ ᠰᠤᠷᠭᠠᠭᠤᠯᠢ ᠳᠡᠬᠦᠰᠬᠦ ᠰᠢᠯᠭᠠᠯᠲᠠ ᠬᠢᠵᠡᠢ᠃ ᠳ᠋ᠦᠩᠱᠧᠩ ᠲᠣᠭᠤᠷᠢᠭ ᠨᠡᠶᠢᠲᠡ 12675 ᠰᠣᠷᠣᠭᠴᠢ ︵ᠡᠭᠦᠨ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ 5960 ᠰᠤᠷᠤᠭᠴᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠣᠨ 6715 ᠰᠤᠷᠤᠭᠴᠢ  ᠪᠣᠶ︶ ᠰᠢᠯᠭᠠᠯᠳᠠ ᠳᠤ ᠤᠷᠤᠯᠴᠠᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠳᠤ 7 ᠰᠢᠯᠭᠠᠯᠲᠠ ᠶᠢᠨ ᠴᠡᠭ᠂ 200 ᠰᠢᠯᠭᠠᠯᠲᠠ ᠶᠢᠨ ᠲᠠᠯᠠᠪᠤᠷ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠣᠨ ᠳᠤ 8 ᠰᠢᠯᠭᠠᠯᠲᠠ ᠶᠢᠨ ᠴᠡᠭ᠂ 226 ᠰᠢᠯᠭᠠᠯᠲᠠ ᠶᠢᠨ ᠲᠠᠯᠠᠪᠤᠷ ᠭᠠᠷᠭᠠᠵᠤ ᠳᠤᠬᠢᠷᠠᠭᠤᠯᠪᠠ᠃     6 ᠰᠠᠷ᠎ᠠ ᠶᠢᠨ 26 ᠤ ᠡᠳᠦᠷ᠂ ᠳ᠋ᠦᠩᠱᠧᠩ ᠲᠣᠭᠤᠷᠢᠭ ︽ᠳ᠋ᠥᠸᠧ ᠳ᠋ᠥᠸᠧ ᠫᠢᠩ · ᠺᠣᠳ᠋ ᠳᠡᠭᠡᠷᠡᠬᠢ ᠤᠶᠤᠨᠴᠢ ᠠᠮᠢᠳᠤᠷᠠᠯ︾ ᠳᠠᠪᠴᠠᠩ ᠤᠨ ᠲᠥᠷᠥᠯ ᠵᠦᠢᠯ ᠤᠨ ᠲᠤᠰᠬᠠᠢ ᠰᠡᠳᠦᠪᠲᠦ ᠲᠣᠬᠢᠷᠠᠭᠤᠯᠤᠯᠲᠠ ᠶᠢ ᠠᠬᠢᠭᠤᠯᠬᠤ ᠬᠤᠷᠠᠯ ᠢ ᠬᠤᠷᠠᠯᠳᠤᠭᠤᠯᠵᠤ᠂ ︽ᠳ᠋ᠥᠸᠧ ᠳ᠋ᠥᠸᠧ ᠫᠢᠩ · ᠺᠣᠳ᠋ ᠳᠡᠭᠡᠷᠡᠬᠢ ᠤᠶᠤᠨᠴᠢ ᠠᠮᠢᠳᠤᠷᠠᠯ︾ ᠳᠠᠪᠴᠠᠩ ᠤᠨ ᠲᠣᠭᠠᠴᠢᠯᠠᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠶᠢ ᠳᠠᠬᠢᠨ ᠠᠬᠢᠭᠤᠯᠵᠤ᠂ ᠳᠠᠬᠢᠨ ᠨᠠᠶᠢᠳᠠᠪᠤᠷᠢᠵᠢᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠣᠷᠳᠣᠰ ᠬᠤᠲᠠ ᠶᠢᠨ ᠲᠣᠭᠠᠴᠢᠯᠠᠭᠰᠠᠨ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠣᠭᠤᠷᠢᠭ ᠤᠨ ᠳᠡᠳ᠋ ᠳᠠᠷᠤᠭ᠎ᠠ ᠶᠠᠩ ᠶᠦᠨ ᠬᠤᠷᠠᠯ ᠳᠤ ᠣᠷᠣᠯᠴᠠᠵᠤ᠂ ᠲᠣᠭᠤᠷᠢᠭ ᠤᠨ ︽ᠳ᠋ᠥᠸᠧ ᠳ᠋ᠥᠸᠧ ᠫᠢᠩ · ᠺᠣᠳ᠋ ᠳᠡᠭᠡᠷᠡᠬᠢ ᠤᠶᠤᠨᠴᠢ ᠠᠮᠢᠳᠤᠷᠠᠯ︾ ᠳᠠᠪᠴᠠᠩ ᠤᠨ ᠲᠣᠭᠠᠴᠢᠯᠠᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ