ᠦᠶᠡᠷ ᠢ ᠰᠡᠷᠭᠡᠶᠢᠯᠡᠬᠦ ᠭᠤᠷᠪᠠᠳᠤᠭᠠᠷ ᠲᠠᠰ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠡᠬᠢᠯᠡᠭᠦᠯᠬᠦ ᠲᠤᠬᠠᠢ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠤᠭᠤᠳᠬᠤ ᠭᠠᠵᠠᠷ ᠤᠨ ᠮᠡᠳᠡᠭᠳᠡᠯ
ᠨᠡᠶᠢᠲᠡᠯᠡᠭᠰᠡᠨ ᠴᠠᠭ᠄
2022/8/17
ᠲᠣᠭᠤᠷᠢᠭ ᠤᠨ ᠬᠥᠳᠡᠭᠡ ᠲᠣᠰᠬᠤᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ᠂ ᠲᠣᠭᠤᠷᠢᠭ ᠤᠨ ᠬᠤᠲᠠ ᠶᠢᠨ ᠦᠶᠡᠷ ᠢ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ᠂ ᠲᠣᠭᠤᠷᠢᠭ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ  ᠠᠵᠢᠯ  ᠤᠨ ᠵᠢᠯᠤᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠡ ᠳᠤ᠄      ᠴᠠᠭ ᠠᠭᠤᠷ ᠤᠨ ᠰᠠᠯᠠᠭ᠎ᠠ ᠮᠥᠴᠢᠷ ᠤᠨ ᠲᠥᠰᠥᠭᠡᠯᠡᠭᠰᠡᠨ ᠢᠶᠠᠷ᠂ 8 ᠰᠠᠷ᠎ᠠ ᠶᠢᠨ 17 ᠤ ᠡᠳᠦᠷ ᠠᠴᠠ 18 ᠤ ᠡᠳᠦᠷ ᠤᠨ ᠦᠳᠡ ᠶᠢᠨ ᠡᠮᠦᠨ᠎ᠡ ᠪᠣᠯᠲᠠᠯ᠎ᠠ᠂ ᠮᠠᠨ ᠤ ᠳᠤᠭᠤᠷᠢᠭ ᠲᠤ ᠨᠢᠭᠡ ᠤᠳᠠᠭᠠᠨ ᠤ ᠰᠢᠷᠦᠭᠦᠨ ᠪᠣᠷᠣᠭᠠᠨ ᠤᠷᠤᠨ᠎ᠠ᠂ ᠪᠠᠷᠠᠭᠤᠨ ᠬᠡᠰᠡᠭ ᠤᠨ ᠭᠠᠵᠠᠷ ᠣᠷᠣᠨ ᠳᠤ ᠳᠤᠮᠳᠠ ᠵᠡᠷᠬᠡ ᠠᠴᠠ ᠶᠡᠭᠡ ᠪᠣᠷᠣᠭᠠᠨ᠂ ᠳᠤᠮᠳᠠ ᠵᠡᠭᠦᠨ ᠬᠡᠰᠡᠭ ᠤᠨ ᠭᠠᠵᠠᠷ ᠣᠷᠣᠨ ᠳᠤ ᠶᠡᠭᠡ ᠠᠴᠠ ᠰᠢᠷᠦᠭᠦᠨ ᠪᠣᠷᠣᠭᠠᠨ ᠣᠷᠣᠨ᠎ᠠ᠃ ᠲᠣᠰ ᠤᠳᠠᠭᠠᠨ ᠤ ᠪᠣᠷᠣᠭᠠᠨ ᠤ ᠬᠡᠪᠴᠢᠶ᠎ᠡ ᠨᠢ 8 ᠰᠠᠷ᠎ᠠ ᠶᠢᠨ 13 ᠤ ᠡᠳᠦᠷ ᠤᠨ ᠶᠡᠭᠡ ᠬᠡᠮᠵᠢᠶ᠎ᠡ ᠪᠠᠷ ᠪᠣᠷᠣᠭᠠᠨ ᠣᠷᠣᠭᠰᠠᠨ ᠣᠷᠣᠨ ᠲᠠᠢ ᠳᠡᠭᠡᠳᠦ ᠬᠡᠮᠵᠢᠶ᠎ᠡ ᠪᠠᠷ ᠳᠠᠪᠬᠤᠴᠠᠵᠤ᠂ ᠠᠭᠤᠯᠠᠨ ᠦᠶᠡᠷ᠂ ᠭᠠᠵᠠᠷ ᠰᠢᠨᠵᠢᠯᠡᠬᠡᠨ ᠤ ᠭᠠᠮᠰᠢᠭ᠂ ᠬᠤᠲᠠ ᠶᠢᠨ ᠤᠰᠤᠲᠤᠯ ᠤᠨ ᠲᠦᠭᠰᠢᠭᠦᠷᠢ ᠡᠬᠦᠰᠬᠦ ᠪᠤᠯᠤᠯᠴᠠᠭ᠎ᠠ ᠮᠠᠰᠢ ᠶᠡᠭᠡ ᠪᠠᠶᠢᠨ᠎ᠠ᠂ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠭᠡᠷᠡᠢ᠃      ︽ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠤᠲᠠ ᠶᠢᠨ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠥᠰᠥᠯ︾ ︽ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠥᠳᠡᠭᠡ ᠲᠣᠰᠬᠤᠨ ᠤ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠥᠰᠥᠯ︾ ᠤᠨ ᠬᠠᠮᠢᠶ᠎ᠠ ᠪᠦᠬᠦᠢ ᠱᠠᠭᠠᠷᠳᠠᠯᠭ᠎ᠠ ᠪᠠ ᠲᠣᠭᠲᠠᠭᠠᠯ ᠶᠣᠰᠣᠭᠠᠷ᠂ ᠪᠥᠬᠦ ᠳᠤᠭᠤᠷᠢᠭ ᠤᠨ ᠬᠤᠷ᠎ᠠ ᠪᠣᠷᠣᠭᠠᠨ ᠤ ᠤᠷᠢᠳᠴᠢᠯᠠᠭᠰᠠᠨ ᠮᠡᠳᠡᠭᠡ ᠶᠢᠨ ᠪᠠᠶᠢᠳᠠᠯ ᠲᠠᠢ ᠤᠶᠠᠯᠳᠤᠭᠤᠯᠤᠨ᠂ ᠳᠤᠭᠤᠷᠢᠭ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠵᠢᠯᠤᠭᠤᠳᠬᠤ ᠭᠠᠵᠠᠷ ᠠᠴᠠ 8 ᠳ᠋ᠤᠭᠠᠷ ᠰᠠᠷ᠎ᠠ ᠶᠢᠨ 16 ᠤ ᠡᠳᠦᠷ ᠤᠨ 18 ᠴᠠᠭ ᠠᠴᠠ ᠪᠥᠬᠦ ᠳᠤᠭᠤᠷᠢᠭ   ᠲᠤ ᠦᠶᠡᠷ ᠢ ᠰᠡᠷᠭᠡᠶᠢᠯᠡᠬᠦ  ᠭᠤᠷᠪᠠᠳᠤᠭᠠᠷ ᠲᠠᠰ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠡᠬᠢᠯᠡᠭᠦᠯᠬᠦ ᠪᠠᠷ ᠲᠣᠭᠲᠠᠪᠠ᠃     ᠳᠤᠭᠤᠷᠢᠭ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠤᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠡ ᠨᠦᠭᠦᠳ ᠳᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠄      ᠨᠢᠭᠡ᠂ ᠡᠯ᠎ᠡ ᠪᠦᠷᠢᠯᠳᠦᠭᠦᠨ ᠨᠢᠭᠡᠴᠡ ᠨᠦᠭᠦᠳ ᠲᠦᠭᠰᠢᠭᠦᠷᠢ ᠶᠢᠨ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠬᠠᠷᠢᠭᠤᠴᠠᠯᠭ᠎ᠠ ᠪᠠᠨ ᠪᠠᠲᠤᠳᠬᠠᠨ᠂ ᠦᠶᠡᠷ ᠤᠨ ᠬᠤᠭᠤᠴᠠᠭᠠᠨ ᠳᠤ ᠤᠳᠤᠷᠢᠳᠬᠤ ᠺᠠᠳ᠋ᠷ ᠳᠠᠭᠠᠭᠤᠯᠤᠨ ᠵᠢᠵᠢᠬᠦᠷᠯᠡᠵᠤ᠂ 24 ᠴᠠᠭ ᠢᠶᠠᠷ ᠳᠤᠰᠬᠠᠢ ᠬᠦᠮᠦᠨ ᠳᠤᠬᠢᠷᠠᠭᠤᠯᠵᠤ ᠵᠢᠵᠢᠭᠦᠷᠯᠡᠬᠦ ᠳᠦᠷᠢᠮ ᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠳᠦᠷᠢᠮ ᠢ ᠵᠣᠬᠢᠶᠠᠨ ᠪᠠᠶᠢᠭᠤᠯᠤᠨ ᠤᠳᠤᠷᠢᠳᠬᠤ᠂ ᠤᠷᠢᠳᠴᠢᠯᠠᠨ ᠰᠡᠷᠡᠮᠵᠢᠯᠡᠭᠦᠯᠵᠦ ᠨᠡᠶᠢᠲᠡᠯᠡᠬᠦ᠂ ᠡᠮᠦᠨᠡᠬᠢ ᠬᠤᠭᠤᠴᠠᠭᠠᠨ ᠤ ᠪᠡᠯᠡᠳᠬᠡᠯ᠂ ᠭᠠᠮᠰᠢᠭ ᠢ ᠰᠡᠷᠭᠡᠶᠢᠯᠡᠬᠦ ᠮᠡᠳᠡᠯᠭᠡ ᠶᠢ ᠤᠬᠠᠭᠤᠯᠬᠤ᠂ ᠡᠩᠨᠡᠭᠡ ᠶᠢ ᠵᠣᠬᠢᠶᠠᠨ  ᠪᠠᠶᠢᠭᠤᠯᠬᠤ᠂ ᠡᠳ᠋ ᠪᠣᠳᠠᠰ ᠢ ᠨᠦᠬᠡᠴᠡᠯᠡᠬᠦ᠂ ᠬᠦᠮᠦᠰ ᠢ ᠰᠢᠯᠵᠢᠭᠦᠯᠬᠦ᠂ ᠠᠶᠤᠯ ᠭᠠᠮᠰᠢᠭ ᠠᠴᠠ ᠠᠪᠤᠷᠠᠬᠤ ᠵᠡᠷᠭᠡ ᠡᠯ᠎ᠡ ᠭᠤᠭᠴᠤᠭ᠎ᠠ ᠳᠤ ᠦᠨᠡᠨᠬᠦ ᠲᠤᠤᠱᠯᠠᠭᠤᠯᠬᠤ ᠬᠡᠷᠡᠭᠲᠡᠢ᠃      ᠬᠤᠶᠠᠷ᠂ ᠳᠤᠭᠤᠷᠢᠭ ᠤᠨ ᠬᠥᠳᠡᠭᠡ ᠲᠣᠰᠬᠤᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ᠂ ᠳᠤᠭᠤᠷᠢᠭ ᠤᠨ ᠬᠤᠳᠠ ᠶᠢᠨ ᠦᠶᠡᠷ ᠢ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠨᠢ ᠪᠦᠷᠢᠯᠳᠦᠭᠦᠨ ᠨᠢᠭᠡᠴᠡ ᠶᠢ ᠲᠣᠬᠢᠷᠠᠭᠤᠯᠬᠤ᠂ ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ᠃      ᠭᠤᠷᠪᠠ᠂ ᠴᠠᠭ ᠠᠭᠤᠷ᠂ ᠤᠰᠤᠨ ᠠᠰᠢᠭᠯᠠᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠤᠳ ᠬᠤᠷ᠎ᠠ ᠳᠤᠨᠤᠳᠠᠰᠤᠨ ᠤ ᠪᠠᠶᠢᠳᠠᠯ ᠢ ᠬᠢᠨᠠᠨ ᠬᠡᠮᠵᠢᠬᠦ ᠪᠠᠨ ᠴᠢᠩᠭᠠᠳᠬᠠᠵᠤ᠂ ᠦᠶᠡᠷ ᠤᠨ ᠤᠰᠤ ᠶᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠪᠠ ᠭᠠᠵᠠᠷ ᠰᠢᠨᠵᠢᠯᠡᠬᠡᠨ ᠤ ᠭᠠᠮᠰᠢᠭ ᠤᠨ ᠲᠦᠭᠰᠢᠭᠦᠷᠢ ᠶᠢᠨ ᠴᠡᠭ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ᠂ ᠬᠠᠰᠢᠯᠭ᠎ᠠ ᠳᠠᠯᠠᠩ ᠢ ᠲᠣᠭᠤᠷᠢᠨ ᠪᠠᠶᠢᠴᠠᠭᠠᠵᠤ ᠰᠡᠷᠬᠡᠶᠢᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠵᠤ ᠠᠶᠤᠯ  ᠠᠴᠠ ᠠᠪᠤᠷᠠᠬᠤ ᠪᠡᠯᠡᠳᠬᠡᠯ ᠢ ᠴᠢᠩᠭᠠᠳᠬᠠᠬᠤ ᠬᠡᠷᠡᠭᠲᠡᠢ︔ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠭᠤᠣᠯ ᠤᠨ ᠵᠠᠮ᠂ ᠤᠰᠤᠨ ᠴᠥᠭᠦᠷᠥᠮ᠂ ᠨᠦᠯᠦᠮᠡᠯ ᠭᠠᠵᠠᠷ ᠤᠨ ᠬᠠᠰᠢᠯᠭ᠎ᠠ ᠶᠢᠨ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠭᠤᠣᠯ ᠤᠨ ᠵᠠᠮ ᠤᠨ ᠤᠰᠤᠨ ᠤ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠ ᠤᠰᠤᠨ ᠳᠤ ᠬᠤᠯᠪᠣᠭᠳᠠᠬᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠳᠠᠷᠤᠢ ᠳᠤᠨᠢ ᠨᠡᠶᠢᠳᠡᠯᠡᠨ ᠳᠠᠷᠬᠠᠭᠠᠬᠤ ᠬᠡᠷᠡᠭᠲᠡᠢ᠃      ᠳᠥᠷᠪᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠤᠰᠤᠨ ᠠᠰᠢᠭᠯᠠᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠤᠳ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠠᠶᠤᠯ ᠭᠠᠮᠰᠢᠭ ᠠᠴᠠ ᠠᠪᠤᠷᠠᠬᠤ ᠡᠳ᠋ ᠪᠠᠷᠠᠭ᠎ᠠ ᠵᠢᠴᠢ ᠲᠣᠨᠤᠭ ᠲᠥᠬᠦᠭᠡᠷᠦᠮᠵᠢ ᠶᠢ ᠪᠦᠷᠢᠳᠬᠡᠬᠦ ᠪᠠ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠡᠳ᠋ ᠪᠠᠷᠠᠭ᠎ᠠ ᠶᠢ ᠲᠣᠬᠢᠷᠠᠭᠤᠯᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃      ᠲᠠᠪᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠬᠤᠳᠠ ᠪᠠᠯᠭᠠᠰᠤᠨ ᠤ ᠠᠮᠠᠷᠬᠠᠨ ᠤᠰᠤᠲᠤᠬᠤ ᠣᠷᠣᠨ ᠳᠤ ᠴᠢᠭᠯᠡᠭᠦᠯᠦᠨ᠂ ᠤᠰᠤᠲᠤᠯ ᠢ ᠳᠠᠳᠠᠷᠠᠭᠤᠯᠬᠤ ᠪᠠ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠶᠢ ᠤᠷᠢᠳᠴᠢᠯᠠᠨ ᠨᠠᠶᠢᠳᠠᠪᠤᠷᠢᠵᠢᠭᠤᠯᠵᠤ᠂ ᠤᠰᠤ ᠲᠠᠲᠠᠬᠤ ᠬᠥᠭᠡᠷᠭᠡ ᠶᠢᠨ ᠲᠡᠷᠭᠡ᠂ ᠡᠯᠡᠰᠦᠨ ᠤᠭᠤᠲᠠ ᠵᠡᠷᠭᠡ ᠡᠳ᠋ ᠪᠣᠳᠠᠰ ᠢ ᠴᠠᠭ ᠲᠤᠬᠠᠢ ᠳᠤᠨᠢ ᠲᠣᠬᠢᠷᠠᠭᠤᠯᠵᠤ᠂ ᠬᠤᠳᠠ ᠪᠠᠯᠭᠠᠰᠤᠨ ᠤ ᠤᠰᠤᠲᠤᠯ ᠠᠴᠠ ᠪᠣᠯᠤᠭᠰᠠᠨ ᠡᠭᠦᠰᠦᠮᠡᠯ ᠭᠠᠮᠰᠢᠭ ᠢ ᠴᠢᠩᠭ᠎ᠠ ᠰᠡᠷᠭᠡᠶᠢᠯᠡᠬᠦ ᠬᠡᠷᠡᠭᠲᠡᠢ᠃      ᠵᠢᠷᠭᠤᠭ᠎ᠠ᠂ ᠪᠤᠰᠤᠳ ᠪᠦᠷᠢᠯᠳᠦᠭᠦᠨ ᠨᠢᠭᠡᠴᠡ ᠨᠦᠭᠦᠳ ᠳᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃      ᠳᠤᠭᠤᠷᠢᠭ ᠤᠨ ᠦᠶᠡᠷ ᠢ ᠰᠡᠷᠭᠡᠶᠢᠯᠡᠬᠦ ᠵᠢᠵᠢᠬᠦᠷᠯᠡᠬᠦ ︵ᠹᠠᠺᠰ︶ ᠤᠲᠠᠰᠤ᠄             0477-8575464      ᠳᠤᠭᠤᠷᠢᠭ ᠤᠨ ᠲᠠᠷᠢᠶᠠᠯᠠᠩ ᠤᠨ ᠰᠡᠷᠭᠡᠶᠢᠯᠡᠯᠲᠡ ᠶᠢᠨ ᠠᠯᠪᠠᠨ ᠭᠡᠷ ᠤᠨ ᠵᠢᠵᠢᠬᠦᠷᠯᠡᠬᠦ ︵ᠹᠠᠺᠰ︶ ᠤᠲᠠᠰᠤ᠄             0477-8115842      ᠲᠣᠭᠤᠷᠢᠭ ᠤᠨ ᠬᠤᠲᠠ ᠶᠢᠨ ᠬᠠᠮᠠᠭᠠᠯᠠᠯᠲᠠ ᠶᠢᠨ ᠠᠯᠪᠠᠨ ᠭᠡᠷ ᠤᠨ ᠵᠢᠵᠢᠬᠦᠷᠯᠡᠬᠦ ︵ᠹᠠᠺᠰ︶ ᠤᠲᠠᠰᠤ᠄             0477-8329610                   ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠦᠶᠡᠷ ᠢ                   ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠤᠭᠤᠳᠬᠤ ᠭᠠᠵᠠᠷ                                  2022 ᠣᠨ ᠤ 8 ᠰᠠᠷ᠎ᠠ ᠶᠢᠨ 16
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ