ᠨᠢᠭᠡᠳᠦᠭᠡᠷ ᠵᠦᠢᠯ ᠣᠷᠳᠣᠰ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠭᠰᠡᠨ ︽ᠣᠷᠳᠣᠰ | ᠬᠤᠲᠠ ᠶᠢᠨ ᠳ᠋ᠦᠩᠱᠧᠩ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ | ᠳᠠᠷᠤᠮᠠᠯᠯᠠᠨ ᠶᠠᠪᠤᠭᠤᠯᠤᠭᠰᠠᠨ ︽ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ | ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯ ᠳ᠋ᠦᠩᠱᠧᠩ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠬᠤ ᠪᠥᠭᠡᠳ ᠵᠢᠩᠬᠢᠨᠢ ᠰᠠᠯᠠᠭᠠᠨ ᠤ ᠳᠡᠰ ᠪᠣᠯᠤᠨ᠎ᠠ᠃ ᠣᠷᠳᠣᠰ ᠬᠤᠲᠠ | ᠶᠢᠨ ᠳ᠋ᠦᠩᠱᠧᠩ ᠲᠣᠭᠤᠷᠢᠭ ᠤᠨ ᠠᠮᠤ ᠪᠤᠳᠠᠭ᠎ᠠ ᠪᠠ ᠡᠳ᠋ ᠪᠤᠳᠠᠰ ᠨᠥᠭᠡᠴᠡᠯᠡᠬᠦ ᠲᠣᠪᠴᠢᠶ᠎ᠠ ᠶᠢᠨ ᠫᠠᠶᠢᠰᠠ ᠶᠢ ᠡᠯᠭᠦᠨ᠎ᠡ᠃ | ᠭᠤᠷᠪᠠᠳᠤᠭᠠᠷ ᠵᠦᠢᠯ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ | ᠠᠯᠪᠠᠨ ᠭᠡᠷ ᠢ ᠳ᠋ᠦᠩᠱᠧᠩ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠪᠠᠶᠢᠭᠤᠯᠵᠤ᠂ ᠣᠷᠣᠨ ᠤ ᠨᠠᠮ ᠤᠨ ᠬᠤᠷᠢᠶ᠎ᠠ ᠶᠢᠨ ᠡᠳ᠋ ᠤᠨ | ᠵᠠᠰᠠᠭ ᠠᠵᠤ ᠠᠬᠤᠶ ᠶᠢᠨ ᠵᠥᠪᠯᠡᠯ ᠤᠨ ᠰᠢᠭᠤᠳ ᠤᠳᠤᠷᠢᠳᠤᠯᠭ᠎ᠠ ᠶᠢ ᠬᠦᠯᠢᠶᠡᠵᠦ᠂ ᠣᠷᠣᠨ ᠤ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ | ᠪᠣᠳᠠᠲᠠᠶ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ | ᠲᠠᠯ᠎ᠠ ᠶᠢᠨ ᠬᠢᠨ ᠢ ᠵᠣᠬᠢᠴᠠᠭᠤᠯᠤᠨ ᠣᠷᠣᠨ ᠤ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠲᠣᠭᠲᠠᠭᠠᠭᠰᠠᠨ ᠵᠦᠢᠯᠡᠰ᠂ ᠠᠵᠢᠯ ᠤᠨ | ᠪᠠᠶᠢᠷᠢᠯᠠᠭᠤᠯᠤᠯᠲᠠ ᠪᠠ ᠱᠠᠭᠠᠷᠳᠠᠯᠭ᠎ᠠ ᠵᠡᠷᠭᠡ ᠶᠢ ᠨᠠᠶᠢᠳᠠᠪᠤᠷᠢᠵᠢᠭᠤᠯᠤᠨ᠎ᠠ᠃ ᠣᠷᠣᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ | ᠠᠯᠪᠠᠨ ᠭᠡᠷ ᠤᠨ ᠡᠳᠦᠷ ᠲᠤᠲᠤᠮ ᠤᠨ ᠶᠠᠪᠤᠳᠠᠯ ᠪᠠ ᠬᠥᠭᠵᠢᠭᠦᠯᠦᠯᠲᠡ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠰᠤᠳᠤᠯᠬᠤ ᠠᠵᠢᠯ ᠢ ᠬᠠᠷᠢᠭᠤᠴᠠᠨ᠎ᠠ᠃ | ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠣᠲᠣᠭᠠᠳᠤ ᠪᠠᠶᠢᠭᠤᠯᠤᠮᠵᠢ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠣᠷᠣᠨ ᠤ | ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠠᠯᠪᠠᠨ ᠭᠡᠷ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠣᠷᠣᠨ ᠤ ᠨᠠᠮ ᠤᠨ | ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠠᠯᠪᠠᠨ ᠭᠡᠷ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠦᠯᠢᠶᠡᠨ᠎ᠡ᠃ | ᠳᠥᠷᠪᠡᠳᠦᠭᠡᠷ ᠵᠦᠢᠯ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠥᠭᠵᠢᠭᠦᠯᠦᠯᠲᠡ | ᠪᠠ ᠥᠭᠡᠷᠡᠴᠢᠯᠡᠯᠲᠡ᠂ ᠠᠮᠤ ᠪᠤᠳᠠᠭᠠᠨ ᠤ ᠭᠦᠢᠯᠭᠡᠭᠡᠨ ᠪᠠ ᠡᠳ᠋ ᠪᠤᠳᠠᠰ ᠤᠨ ᠨᠦᠬᠡᠴᠡ ᠵᠢᠴᠢ ᠣᠷᠣᠨ ᠪᠦᠰᠡ ᠶᠢᠨ ᠠᠵᠤ ᠠᠬᠤᠶ ᠶᠢᠨ ᠬᠠᠮᠳᠤᠷᠠᠯᠴᠠᠭᠠᠨ ᠤ ᠠᠵᠢᠯ | ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶ᠎ᠠ ᠪᠣᠯᠤᠨ ᠣᠷᠣᠨ ᠤ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ | ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠬᠥᠭᠵᠢᠭᠦᠯᠦᠯᠲᠡ ᠪᠠ ᠥᠭᠡᠷᠡᠴᠢᠯᠡᠯᠲᠡ᠂ ᠠᠮᠤ ᠪᠤᠳᠠᠭᠠᠨ ᠤ ᠭᠦᠢᠯᠭᠡᠭᠡᠨ ᠪᠠ ᠡᠳ᠋ ᠪᠤᠳᠠᠰ | ᠤᠨ ᠨᠦᠬᠡᠴᠡ ᠵᠢᠴᠢ ᠣᠷᠣᠨ ᠪᠦᠰᠡ ᠶᠢᠨ ᠠᠵᠤ ᠠᠬᠤᠶ ᠶᠢᠨ ᠬᠠᠮᠳᠤᠷᠠᠯᠴᠠᠭᠠᠨ ᠤ ᠠᠵᠢᠯ ᠳᠠᠬᠢ ᠲᠥᠪᠯᠡᠷᠡᠩᠭᠦᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ | ᠬᠡᠷᠡᠭᠲᠡᠶ᠃ ᠭᠤᠣᠯ ᠳᠤᠰᠢᠶᠠᠯ ᠬᠠᠷᠢᠭᠤᠴᠠᠯᠭ᠎ᠠ ᠨᠢ᠄ | ︵ᠨᠢᠭᠡ︶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ ᠳ᠋ᠦᠩᠱᠧᠩ | ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠳᠤᠮᠳᠠ ᠣᠷᠳᠣ ᠬᠤᠭᠤᠴᠠᠭᠠᠨ ᠤ | ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠲᠤᠭᠤᠷᠪᠢᠨ ᠲᠤᠭᠳᠠᠭᠠᠬᠤ ᠶᠢᠨ ᠬᠠᠮᠳᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠢᠭᠡᠳᠦᠯᠲᠡᠶ | ᠲᠥᠯᠥᠪᠵᠢᠭᠦᠯᠬᠦ ᠳᠤᠭᠳᠠᠯᠴᠠᠭ᠎ᠠ ᠶᠢᠨ ᠪᠠᠶᠢᠭᠤᠯᠤᠯᠲᠠ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠲᠤᠭᠤᠷᠢᠭ ᠤᠨ ᠲᠠᠰ ᠤᠨ ᠲᠤᠰᠬᠠᠶ ᠲᠥᠯᠥᠪᠵᠢᠭᠦᠯᠭᠡ᠂ ᠣᠷᠣᠨ | ᠪᠦᠰᠡ ᠶᠢᠨ ᠲᠥᠯᠥᠪᠵᠢᠭᠦᠯᠭᠡ᠂ ᠣᠷᠣᠨ ᠵᠠᠶ ᠶᠢᠨ ᠲᠥᠯᠥᠪᠵᠢᠭᠦᠯᠭᠡ ᠬᠢᠭᠡᠳ ᠳ᠋ᠦᠩᠱᠧᠩ ᠲᠣᠭᠤᠷᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠢᠭᠡᠳᠦᠯᠲᠡᠶ | ᠲᠥᠯᠥᠪᠯᠡᠨ ᠵᠣᠯᠭᠠᠭᠤᠯᠬᠤ ᠶᠢ ᠬᠠᠷᠢᠭᠤᠴᠠᠨ᠎ᠠ᠃ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠮᠡᠳᠡᠭᠦᠯᠦᠯᠲᠡ ᠪᠠᠨ | ᠳᠡᠪᠰᠢᠭᠦᠯᠦᠨ᠎ᠡ᠃ | ︵ᠬᠤᠶᠠᠷ︶ ᠣᠳᠣᠬᠢᠴᠢᠯᠠᠭᠰᠠᠨ ᠠᠵᠤ ᠠᠬᠤᠶ ᠶᠢᠨ ᠳᠤᠭᠳᠠᠯᠴᠠᠭ᠎ᠠ ᠶᠢ ᠲᠦᠷᠭᠡᠳᠬᠡᠨ ᠪᠠᠶᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠶᠡᠷᠦᠩᠬᠡᠶ ᠬᠠᠷᠠᠯᠲᠠ᠂ ᠴᠢᠬᠤᠯᠠ ᠶᠡᠭᠡ ᠡᠭᠦᠷᠭᠡ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠳᠤᠷᠠᠳᠪᠠ᠃ ᠴᠢᠬᠤᠯᠠ ᠲᠥᠯᠥᠪᠵᠢᠭᠦᠯᠭᠡ ᠶᠢ ᠦᠨᠡᠯᠡᠨ | ᠵᠢᠱᠢᠵᠦ ᠬᠢᠨᠠᠨ ᠵᠢᠯᠣᠭᠤᠳᠬᠤ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠢᠨᠵᠧᠨᠧᠷᠢᠩ ᠢ ᠬᠢᠨᠠᠨ ᠵᠢᠯᠣᠭᠤᠳᠬᠤ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠬᠠᠮᠢᠶ᠎ᠠ ᠪᠦᠬᠦᠢ ᠲᠣᠬᠢᠷᠠᠭᠤᠯᠤᠯᠲᠠ ᠬᠢᠬᠦ ᠰᠠᠨᠠᠭᠤᠯᠭ᠎ᠠ ᠳᠤᠷᠠᠳᠤᠨ᠎ᠠ᠃ | ︵ᠭᠤᠷᠪᠠ︶ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ ᠨᠢᠭᠡᠳᠦᠯᠲᠡᠢ ᠲᠥᠯᠥᠪᠯᠡᠨ ᠳᠤᠷᠠᠳᠤᠨ ᠭᠠᠷᠭᠠᠨ᠎ᠠ | ᠃ ᠬᠤᠷᠸ᠎ᠠ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠬᠠᠨᠳᠤᠰᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ᠂ ᠬᠤᠷᠸ᠎ᠠ ᠳᠤᠬᠢᠷᠠᠭᠤᠯᠭ᠎ᠠ | ᠡᠵᠡᠮᠳᠡᠯ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠷᠸ᠎ᠠ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠵᠣᠬᠢᠴᠠᠭᠤᠯᠵᠤ᠂ | ᠬᠤᠷᠸ᠎ᠠ ᠠᠵᠤ ᠠᠬᠤᠶ ᠶᠢᠨ ᠠᠷᠭᠠᠴᠠᠬᠤ ᠠᠷᠭ᠎ᠠ ᠬᠡᠮᠵᠢᠶ᠎ᠡ ᠶᠢ ᠲᠦᠷᠦᠭᠦᠯᠡᠨ ᠰᠤᠳᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ | ᠠᠬᠤᠶ ᠶᠢᠨ ᠠᠵᠢᠯᠯᠠᠭᠠᠨ ᠢ ᠲᠣᠬᠢᠷᠠᠭᠤᠯᠵᠤ᠂ ᠠᠵᠤ ᠠᠬᠤᠶ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠨ᠎ᠡ᠃ | ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠦᠨ᠎ᠡ ᠬᠠᠩᠰᠢ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠡᠷᠬᠡ ᠤᠯᠭᠤᠨ ᠳ᠋ᠦᠩᠱᠧᠩ ᠲᠣᠭᠤᠷᠢᠭ ᠲᠤ | ᠬᠠᠮᠢᠶᠠᠷᠤᠭᠤᠯᠤᠭᠰᠠᠨ ᠴᠢᠬᠤᠯᠠ ᠲᠠᠸᠠᠷ᠂ ᠦᠶᠯᠡᠴᠢᠯᠡᠭᠡᠨ ᠤ ᠦᠨ᠎ᠡ ᠬᠠᠩᠰᠢ ᠪᠣᠯᠤᠨ ᠰᠦᠶᠳᠬᠡᠯ ᠬᠤᠷᠢᠶᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠤᠷᠪᠢᠨ | ᠲᠣᠭᠲᠠᠭᠠᠨ᠎ᠠ᠃ ᠦᠨ᠎ᠡ ᠬᠠᠩᠰᠢ ᠶᠢᠨ ᠥᠪᠡᠷ ᠤᠨ ᠥᠷᠲᠡᠭ ᠢ ᠪᠠᠶᠢᠴᠠᠭᠠᠵᠤ ᠬᠢᠨᠠᠬᠤ ᠪᠠ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠠᠵᠢᠯ ᠢ ᠵᠣᠬᠢᠶᠠᠨ | ᠪᠠᠶᠢᠭᠤᠯᠵᠤ ᠥᠷᠨᠢᠭᠦᠯᠦᠨ᠎ᠡ᠃ ᠳ᠋ᠦᠩᠱᠧᠩ ᠲᠣᠭᠤᠷᠢᠭ ᠤᠨ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠠ ᠭᠠᠵᠠᠷ ᠰᠢᠷᠣᠶ ᠶᠢᠨ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ | ︵ᠳᠥᠷᠪᠡ︶ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠵᠢᠯᠤᠭᠤᠳᠤᠨ ᠠᠬᠢᠭᠤᠯᠬᠤ ᠪᠠ ᠶᠡᠷᠦᠩᠬᠡᠶᠢᠯᠡᠨ | ᠵᠤᠬᠢᠴᠠᠭᠤᠯᠵᠤ᠂ ᠬᠠᠮᠢᠶ᠎ᠠ ᠪᠦᠬᠦᠢ ᠥᠭᠡᠷᠡᠴᠢᠯᠡᠯᠲᠡ ᠶᠢᠨ ᠰᠠᠨᠠᠭᠤᠯᠭ᠎ᠠ ᠳᠤᠷᠠᠳᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ | ᠶᠢ ᠲᠦᠷᠦᠭᠦᠯᠡᠨ ᠠᠬᠢᠭᠤᠯᠤᠨ᠎ᠠ᠃ ᠥᠮᠴᠢᠯᠡᠯ ᠤᠨ ᠡᠷᠬᠡ ᠶᠢᠨ ᠲᠦᠷᠢᠮ ᠪᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠥᠭᠡᠷᠡᠴᠢᠯᠡᠯᠲᠡ ᠶᠢ | ᠵᠤᠬᠢᠴᠠᠭᠤᠯᠤᠨ ᠠᠬᠢᠭᠤᠯᠤᠨ᠎ᠠ᠃ ᠠᠵᠤ ᠠᠬᠤᠢ ᠶᠢᠨ ᠦᠨᠳᠦᠰᠦᠨ ᠲᠦᠷᠢᠮ ᠪᠠ ᠤᠳᠤ ᠦᠶ᠎ᠡ ᠶᠢᠨ ᠵᠠᠬ᠎ᠠ ᠳᠡᠯᠭᠡᠭᠦᠷ ᠤᠨ ᠳᠤᠭᠳᠠᠴᠠ ᠶᠢᠨ ᠪᠠᠶᠢᠭᠤᠯᠤᠯᠲᠠ ᠶᠢ | ᠠᠬᠢᠭᠤᠯᠤᠨ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ | ᠨᠠᠷᠢᠨ ᠳᠠᠩᠰᠠ ᠶᠢᠨ ᠲᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ | ︵ᠲᠠᠪᠤ︶ ᠭᠠᠳᠠᠭᠠᠳᠤ ᠪᠡᠯᠡ ᠪᠠ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢ ᠠᠰᠢᠭᠯᠠᠬᠤ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ᠂ ᠶᠡᠷᠦᠩᠬᠡᠢ | ᠬᠡᠮᠵᠢᠶ᠎ᠡ ᠶᠢ ᠲᠡᠩᠴᠡᠭᠦᠷᠢᠲᠡᠢ ᠪᠠᠶᠢᠯᠭᠠᠬᠤ ᠪᠠ ᠪᠦᠲᠦᠴᠡ ᠶᠢ ᠰᠢᠯᠢᠳᠡᠭᠵᠢᠭᠦᠯᠬᠦ ᠲᠦᠷᠦ ᠶᠢᠨ ᠪᠤᠳᠤᠯᠭ᠎ᠠ ᠶᠢ ᠳᠤᠷᠠᠳᠤᠨ᠎ᠠ᠃ ︽ᠨᠢᠭᠡ ᠪᠦᠰᠡ ᠨᠢᠭᠡ ᠵᠠᠮ︾ ᠤᠨ | ᠪᠦᠳᠦᠭᠡᠨ ᠪᠠᠶᠢᠭᠤᠯᠤᠯᠲᠠ ᠶᠢᠨ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠬᠠᠮᠵᠢᠯᠴᠠᠨ ᠠᠬᠢᠭᠤᠯᠤᠨ᠎ᠠ᠃ ︽ᠭᠠᠷᠴᠤ ᠤᠴᠢᠬᠤ︾ ᠬᠤᠯᠪᠣᠭᠳᠠᠯ ᠪᠦᠬᠦᠢ | ᠠᠵᠢᠯ ᠢ ᠨᠢᠭᠡᠳᠦᠯᠳᠠᠢ ᠲᠦᠯᠦᠪᠯᠡᠨ ᠵᠤᠬᠢᠴᠠᠭᠤᠯᠬᠤ ᠶᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠬᠡᠷᠡᠭᠵᠢᠭᠦᠯᠦᠨ᠎ᠡ᠃ ᠳ᠋ᠦᠩᠱᠧᠩ ᠲᠣᠭᠤᠷᠢᠭ | ᠤᠨ ᠪᠦᠬᠦ ᠰᠢᠰᠲ᠋ᠧᠮ ᠤᠨ ᠭᠠᠳᠠᠭᠠᠳᠤ ᠵᠢᠭᠡᠯᠡᠯᠭᠡ ᠶᠢᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠪᠦᠲᠦᠴᠡ ᠶᠢ ᠰᠢᠯᠢᠳᠡᠭᠵᠢᠭᠦᠯᠬᠦ ᠪᠠ ᠬᠢᠨᠠᠨ ᠬᠡᠮᠵᠢᠬᠦ ᠠᠵᠢᠯ ᠢ | ᠬᠠᠷᠢᠭᠤᠴᠠᠨ᠎ᠠ᠃ | ︵ᠵᠢᠷᠭᠤᠭ᠎ᠠ︶ ᠪᠡᠯᠡ ᠣᠷᠣᠭᠤᠯᠤᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠬᠠᠷᠢᠭᠤᠴᠠᠵᠤ᠂ ᠳ᠋ᠦᠩᠱᠧᠩ ᠲᠣᠭᠤᠷᠢᠭ ᠤᠨ ᠨᠡᠶᠢᠭᠡᠮ ᠤᠨ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ᠂ ᠪᠦᠲᠦᠴᠡ ᠶᠢᠨ ᠲᠣᠬᠢᠷᠠᠭᠤᠯᠭ᠎ᠠ ᠡᠵᠡᠮᠰᠢᠯ ᠤᠨ ᠬᠠᠷᠠᠯᠲᠠ ᠪᠣᠯᠤᠨ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠠᠴᠠ ᠬᠢᠨᠠᠨ ᠵᠦᠪᠰᠢᠶᠡᠷᠡᠭᠰᠡᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠬᠢᠨᠠᠨ ᠬᠠᠷᠭᠤᠭᠤᠯᠬᠤ ᠶᠢᠨ ᠬᠠᠮᠲᠤ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠠᠴᠠ | ᠵᠣᠭᠤᠰ ᠰᠠᠯᠭᠠᠨ ᠥᠭᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ ᠣᠷᠣᠨ ᠤ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ | ᠵᠢᠴᠢ ᠭᠠᠳᠠᠭᠠᠳᠤ ᠪᠡᠯᠡ ᠶᠢ ᠠᠰᠢᠭᠯᠠᠬᠤ ᠲᠥᠷᠥᠯ ᠵᠦᠢᠯ᠂ ᠬᠢᠯᠢ ᠶᠢᠨ ᠭᠠᠳᠠᠨᠠᠬᠢ ᠪᠡᠯᠡ ᠤᠷᠤᠭᠤᠯᠤᠯᠳᠠ ᠲᠥᠷᠥᠯ ᠵᠦᠢᠯ ᠢ ᠲᠣᠬᠢᠷᠠᠭᠤᠯᠤᠨ᠎ᠠ᠃ ᠲᠥᠪ ᠪᠠ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠲᠥᠷᠥᠯ ᠵᠦᠶᠯ ᠢ ᠬᠢᠨᠠᠨ ᠬᠠᠷᠭᠤᠭᠤᠯᠵᠤ | ᠭᠤᠶᠤᠴᠢᠯᠠᠨ ᠮᠡᠳᠡᠭᠦᠯᠦᠨ᠎ᠡ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ | ᠵᠦᠪᠰᠢᠶᠡᠷᠡᠨ᠎ᠡ᠃ ᠠᠷᠠᠳ ᠤᠨ ᠪᠡᠯᠡ ᠣᠷᠣᠭᠤᠯᠤᠯᠲᠠ ᠶᠢ ᠵᠣᠷᠢᠭᠵᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠳᠤ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ︵ᠳᠣᠯᠤᠭ᠎ᠠ︶ ᠣᠷᠣᠨ ᠪᠦᠰᠡ ᠶᠢ ᠵᠤᠬᠢᠴᠠᠯᠳᠤᠭᠤᠯᠤᠨ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ | ᠪᠠᠶᠢᠯᠳᠤᠬᠤ ᠪᠣᠳᠣᠯᠭ᠎ᠠ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠮᠢᠶ᠎ᠠ ᠪᠥᠬᠦᠶ ᠣᠷᠣᠨ ᠪᠦᠰᠡ ᠶᠢᠨ | ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠳ᠋ᠦᠩᠱᠧᠩ | ᠲᠣᠭᠤᠷᠢᠭ ᠤᠨ ᠣᠷᠣᠨ ᠪᠦᠰᠡ ᠶᠢᠨ ᠬᠥᠭᠵᠢᠯᠲᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ | ᠬᠡᠷᠡᠭᠵᠢᠭᠦᠯᠵᠦ᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠬᠢ ᠪᠠᠶᠠᠯᠢᠭ ᠤᠨ ᠬᠡᠯᠪᠡᠷᠢ ᠪᠥᠬᠦᠶ ᠭᠠᠵᠠᠷ | ᠣᠷᠣᠨ ᠤ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠬᠤ ᠪᠠ ᠨᠡᠭᠦᠷᠡᠰᠦ ᠮᠠᠯᠲᠠᠭᠠᠳ ᠳᠣᠷᠣᠭᠰᠢ ᠰᠠᠭᠤᠭᠳᠠᠭᠰᠠᠨ ᠣᠷᠣᠨ ᠵᠢᠴᠢ ᠲᠤᠰᠠᠭᠠᠷ ᠦᠶᠯᠡᠳᠪᠦᠷᠢ | ᠠᠭᠤᠷᠬᠠᠶ ᠶᠢᠨ ᠣᠷᠣᠨ ᠵᠡᠷᠭᠡ ᠤᠨᠴᠠᠭᠠᠢ ᠬᠡᠯᠪᠡᠷᠢ ᠶᠢᠨ ᠭᠠᠵᠠᠷ ᠣᠷᠣᠨ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠣᠷᠣᠨ ᠪᠦᠰᠡ | ᠶᠢᠨ ᠠᠵᠤ ᠠᠬᠤᠶ ᠶᠢᠨ ᠬᠠᠮᠳᠤᠷᠠᠯᠴᠠᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠣᠷᠣᠨ ᠪᠦᠰᠡ ᠶᠢᠨ ᠠᠵᠤ ᠠᠬᠤᠶ ᠶᠢᠨ ᠬᠠᠮᠳᠤᠷᠠᠯᠴᠠᠭ᠎ᠠ ᠶᠢᠨ | ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠪᠣᠯᠤᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠣᠷᠣᠨ ᠪᠦᠰᠡ ᠶᠢᠨ ᠠᠵᠤ ᠠᠬᠤᠶ ᠶᠢᠨ | ᠬᠠᠮᠳᠤᠷᠠᠯᠴᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠤᠭᠤᠷᠢᠭ ᠤᠨ ᠳᠤᠳᠤᠨ᠎ᠠ ᠭᠠᠳᠠᠨᠠᠬᠢ ᠠᠵᠤ ᠠᠬᠤᠶ ᠶᠢᠨ ᠬᠤᠷᠰᠢᠯᠴᠠᠭ᠎ᠠ ᠶᠢ ᠵᠣᠬᠢᠴᠠᠭᠤᠯᠤᠨ | ᠠᠬᠢᠭᠤᠯᠤᠨ᠎ᠠ᠃ ᠣᠯᠠᠨ ᠤᠯᠤᠰ ᠤᠨ ᠬᠤᠭᠤᠷᠣᠨᠳᠣᠬᠢ ᠠᠵᠤ ᠠᠬᠤᠶ ᠶᠢᠨ ᠰᠣᠯᠢᠯᠴᠠᠭ᠎ᠠ ᠬᠠᠮᠲᠤᠷᠠᠯᠴᠠᠭ᠎ᠠ ᠳᠤ ᠤᠷᠤᠯᠴᠠᠨ᠎ᠠ᠃ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠬᠦᠯᠬᠦ ᠶᠢ ᠠᠬᠢᠭᠤᠯᠤᠨ᠎ᠠ᠃ ᠳ᠋ᠦᠩᠱᠧᠩ | ᠲᠣᠭᠤᠷᠢᠭ ᠤᠨ ᠤᠯᠤᠰ ᠤᠨ ᠭᠠᠵᠠᠷ ᠰᠢᠷᠣᠶ ᠶᠢ ᠴᠡᠭᠴᠡᠯᠡᠨ ᠵᠠᠰᠠᠬᠤ᠂ ᠨᠡᠭᠡᠭᠡᠨ ᠠᠰᠢᠭᠯᠠᠬᠤ ᠪᠠ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠵᠣᠬᠢᠴᠠᠭᠤᠯᠵᠤ᠂ ᠠᠮᠢ | ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠣᠭᠲᠠᠴᠠ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠳ᠋ᠦᠩᠱᠧᠩ | ᠲᠣᠭᠤᠷᠢᠭ ᠤᠨ ᠭᠤᠤᠯᠳᠠᠯᠭ᠎ᠠ ᠲᠠᠢ ᠣᠷᠣᠨ ᠪᠦᠰᠡ ᠶᠢᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠭᠤᠣᠯᠳᠠᠯᠭ᠎ᠠ | ᠲᠠᠢ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠ ᠰᠠᠪᠠ ᠭᠠᠵᠠᠷ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ | ︵ᠨᠠᠶᠮᠠ︶ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ᠃ ᠨᠢᠭᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠠᠮᠢᠶ᠎ᠠ ᠪᠦᠬᠦᠢ ᠬᠥᠭᠵᠢᠯᠲᠡ ᠶᠢᠨ | ᠲᠦᠯᠦᠪᠵᠢᠬᠦᠯᠬᠡ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠵᠤᠯᠭᠠᠭᠤᠯᠤᠨ᠎ᠠ᠃ ᠴᠢᠬᠤᠯᠠ ᠶᠡᠭᠡ ᠰᠠᠭᠤᠷᠢ ᠲᠦᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠵᠤᠬᠢᠴᠠᠯᠳᠤᠭᠤᠯᠤᠨ ᠠᠬᠢᠭᠤᠯᠵᠤ᠂ ᠦᠢᠯᠡᠴᠢᠯᠡᠭᠡᠨ ᠤ ᠦᠢᠯᠡᠰ ᠵᠢᠴᠢ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ | ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ | ᠬᠡᠷᠡᠭᠵᠢᠬᠦᠯᠬᠦ ᠶᠢ ᠠᠬᠢᠭᠤᠯᠤᠨ᠎ᠠ᠃ ᠬᠡᠷᠡᠭᠯᠡᠭᠡᠨ ᠤ ᠬᠤᠪᠢᠷᠠᠯᠲᠠ ᠶᠢᠨ ᠬᠠᠨᠳᠤᠰᠢ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠬᠡᠷᠡᠭᠯᠡᠭᠡ ᠶᠢ ᠠᠬᠢᠭᠤᠯᠬᠤ | ᠶᠡᠷᠦᠩᠬᠡᠶᠢᠯᠡᠭᠰᠡᠨ ᠴᠢᠨᠠᠷᠲᠠᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠶᠢᠰᠦ︶ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠶᠢ ᠲᠦᠯᠬᠢᠨ ᠠᠬᠢᠭᠤᠯᠬᠤ ᠲᠥᠯᠥᠪᠵᠢᠭᠦᠯᠭᠡ᠂ ᠲᠥᠯᠥᠪᠯᠡᠭᠡ ᠶᠢ | ᠲᠣᠭᠲᠠᠭᠠᠵᠤ᠂ ᠰᠢᠨ᠎ᠡ ᠶᠢ ᠡᠬᠦᠳᠦᠨ ᠬᠦᠭᠵᠢᠬᠦᠯᠬᠦ ᠪᠠ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠣᠶᠢᠵᠢᠭᠤᠯᠬᠤ ᠲᠦᠷᠦ ᠶᠢᠨ | ᠪᠤᠳᠤᠯᠭ᠎ᠠ ᠶᠢ ᠳᠤᠷᠠᠳᠤᠨ ᠭᠠᠷᠭᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳ᠋ᠦᠩᠱᠧᠩ ᠲᠣᠭᠤᠷᠢᠭ ᠤᠨ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠰᠠᠭᠤᠷᠢ ᠪᠡᠯᠡᠳᠬᠡᠮᠵᠢ ᠶᠢ ᠲᠥᠯᠥᠪᠵᠢᠭᠦᠯᠦᠨ ᠪᠠᠶᠢᠷᠢᠰᠢᠭᠤᠯᠤᠨ᠎ᠠ᠃ ᠳᠡᠭᠡᠳᠦ ᠮᠡᠷᠭᠡᠵᠢᠯ ᠤᠨ ᠠᠵᠤ ᠦᠢᠯᠡᠰ ᠪᠠ ᠪᠠᠶᠢᠯᠳᠤᠬᠤ ᠪᠤᠳᠤᠯᠭ᠎ᠠ ᠶᠢᠨ | ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ | ᠲᠤᠭᠳᠠᠭᠠᠬᠤ ᠶᠢᠨ ᠬᠠᠮᠳᠤ ᠬᠡᠷᠡᠭᠵᠢᠬᠦᠯᠬᠦ ᠶᠢ ᠠᠬᠢᠭᠤᠯᠵᠤ᠂ ᠠᠵᠤ ᠦᠢᠯᠡᠰ ᠤᠨ ᠳᠡᠰ ᠳᠡᠪᠰᠢᠬᠦ᠂ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ | ᠬᠡᠷᠡᠭᠯᠡᠬᠦ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ | ︵ᠠᠷᠪᠠ︶ ᠠᠵᠤ ᠠᠬᠤᠶ ᠶᠢᠨ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ᠂ ᠡᠬᠢ ᠪᠠᠶᠠᠯᠢᠭ ᠤᠨ ᠠᠮᠤᠷ ᠲᠦᠪᠰᠢᠨ᠂ ᠰᠢᠨᠵᠢᠯᠡᠬᠦ ᠤᠬᠠᠭᠠᠨ | ᠮᠡᠷᠭᠡᠵᠢᠯ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠵᠡᠷᠭᠡ ᠳᠤ ᠬᠤᠯᠪᠣᠭᠳᠠᠭᠰᠠᠨ ᠡᠯ᠎ᠡ ᠲᠥᠷᠥᠯ ᠤᠨ ᠲᠦᠭᠰᠢᠭᠦᠷᠢ ᠶᠢᠨ ᠳᠠᠯᠳᠠ ᠬᠡᠮ ᠢ ᠮᠥᠷᠳᠡᠨ | ᠰᠤᠳᠤᠯᠵᠤ ᠮᠠᠭᠠᠳᠯᠠᠨ᠂ ᠬᠠᠮᠢᠶ᠎ᠠ ᠪᠥᠬᠦᠶ ᠠᠵᠢᠯ ᠤᠨ ᠰᠠᠨᠠᠭᠤᠯᠭ᠎ᠠ ᠶᠢ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ | ᠲᠡᠩᠴᠡᠭᠦᠯᠬᠦ ᠪᠠ ᠬᠤᠷᠸ᠎ᠠ ᠲᠣᠬᠢᠷᠠᠭᠤᠯᠭ᠎ᠠ ᠡᠵᠡᠮᠰᠢᠯ ᠢ ᠬᠠᠷᠢᠭᠤᠴᠠᠵᠤ᠂ ᠴᠢᠬᠤᠯᠠ ᠠᠵᠤ ᠦᠶᠯᠡᠳᠪᠦᠷᠢ ᠶᠢᠨ ᠦᠶᠯᠡᠳᠬᠦᠨ᠂ ᠲᠦᠭᠦᠬᠡᠶ ᠮᠠᠲ᠋ᠧᠷᠢᠶᠠᠯ ᠪᠣᠯᠤᠨ | ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠲᠤᠬᠢᠷᠠᠭᠤᠯᠤᠨ ᠡᠵᠡᠮᠰᠢᠬᠦ ᠠᠷᠭ᠎ᠠ ᠬᠡᠮᠵᠢᠶ᠎ᠡ ᠶᠢ | ᠳᠤᠷᠠᠳᠤᠨ᠎ᠠ᠃ | ︵ᠠᠷᠪᠠᠨ ᠨᠢᠭᠡ︶ ᠨᠡᠶᠢᠭᠡᠮ ᠤᠨ ᠬᠥᠭᠵᠢᠯᠲᠡ ᠬᠢᠭᠡᠳ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠵᠣᠯᠭᠠᠭᠤᠯᠬᠤ | ᠶᠢ ᠬᠠᠷᠢᠭᠤᠴᠠᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠤᠬᠢᠴᠠᠭᠤᠯᠤᠨ᠎ᠠ᠃ ᠳ᠋ᠦᠩᠱᠧᠩ ᠲᠣᠭᠤᠷᠢᠭ ᠤᠨ ᠨᠡᠶᠢᠭᠡᠮ ᠤᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ᠂ ᠶᠡᠷᠦᠩᠬᠡᠶ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠤᠭᠳᠠᠭᠠᠵᠤ᠂ ᠦᠨᠳᠦᠰᠦᠨ ᠣᠯᠠᠨ ᠨᠡᠶᠢᠲᠡ ᠶᠢᠨ ᠦᠶᠯᠡᠴᠢᠯᠡᠭᠡᠨ | ᠤ ᠲᠤᠭᠳᠠᠯᠴᠠᠭ᠎ᠠ ᠶᠢᠨ ᠪᠠᠶᠢᠭᠤᠯᠤᠯᠲᠠ ᠪᠣᠯᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠠᠵᠢᠯ ᠣᠯᠭᠤᠯᠲᠠ ᠶᠢ ᠠᠬᠢᠭᠤᠯᠬᠤ᠂ ᠨᠡᠶᠢᠭᠡᠮ ᠤᠨ ᠪᠠᠲᠤᠯᠠᠭ᠎ᠠ ᠬᠢᠭᠡᠳ ᠠᠵᠤ ᠠᠬᠤᠶ ᠶᠢᠨ ᠵᠣᠬᠢᠴᠠᠩᠭᠤᠶ ᠪᠠᠷ ᠬᠥᠭᠵᠢᠬᠦ ᠶᠢ ᠲᠡᠭᠦᠯᠳᠡᠷᠵᠢᠭᠦᠯᠬᠦ ᠲᠥᠷᠥ ᠶᠢᠨ | ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠨᠡᠶᠢᠭᠡᠮ ᠤᠨ ᠢᠲᠡᠭᠡᠮᠵᠢ ᠶᠢᠨ ᠲᠤᠭᠳᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠢ ᠲᠦᠷᠦᠭᠦᠯᠡᠨ ᠥᠷᠨᠢᠭᠦᠯᠦᠨ᠎ᠡ᠃ | | ︵ᠠᠷᠪᠠᠨ ᠬᠤᠶᠠᠷ︶ ᠦᠷᠬᠦᠯᠵᠢᠯᠡᠬᠦᠶᠢᠴᠡ ᠬᠦᠭᠵᠢᠯᠳᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠪᠣᠯᠤᠨ ᠥᠭᠡᠷᠡᠴᠢᠯᠡᠯᠲᠡ ᠶᠢ ᠠᠬᠢᠭᠤᠯᠤᠨ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠬᠢᠭᠡᠳ ᠰᠡᠷᠭᠦᠭᠡᠬᠦ᠂ ᠡᠨᠧᠷᠭᠢ ᠡᠬᠢ ᠪᠠᠶᠠᠯᠢᠭ ᠢ | ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠵᠡᠷᠭᠡ ᠠᠵᠢᠯ ᠢ ᠵᠣᠬᠢᠴᠠᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢᠯᠡᠬᠦ ᠲᠣᠭᠲᠠᠴᠠ ᠶᠢᠨ ᠲᠦᠷᠦ | ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠤ ᠦᠢᠯᠡᠰ ᠪᠠ ᠪᠤᠬᠢᠷᠳᠤᠯ ᠦᠭᠡᠢ ᠦᠢᠯᠡᠳᠪᠦᠷᠢᠯᠡᠯ ᠢ | ᠠᠬᠢᠭᠤᠯᠬᠤ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ ᠡᠨᠧᠷᠭᠢ ᠶᠢᠨ ᠬᠡᠷᠡᠭᠯᠡᠭᠡ ᠶᠢ ᠬᠢᠵᠠᠭᠠᠷᠯᠠᠬᠤ ᠬᠠᠷᠠᠯᠲᠠ᠂ ᠡᠭᠦᠷᠭᠡ ᠶᠢ | ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ | ᠡᠨᠧᠷᠭᠢ ᠠᠷᠪᠢᠯᠠᠬᠤ ᠶᠢ ᠦᠨᠡᠯᠡᠨ ᠵᠢᠱᠢᠵᠦ ᠬᠢᠨᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠭᠤᠷᠪᠠ︶ ᠤᠯᠤᠰ ᠤᠨ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠬᠢᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠵᠣᠬᠢᠴᠠᠩᠭᠤᠶ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠤᠯᠤᠰ ᠤᠨ ᠪᠠᠳᠤᠯᠠᠨ | ᠬᠠᠮᠠᠭᠠᠯᠠᠯᠳᠠ ᠪᠠ ᠴᠡᠷᠢᠭ ᠠᠩᠬᠢ ᠶᠢᠨ ᠤᠳᠤᠬᠢᠴᠢᠯᠠᠯᠳᠠ ᠶᠢᠨ ᠪᠠᠶᠢᠭᠤᠯᠤᠯᠳᠠ ᠶᠢ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠲᠤᠭᠳᠠᠯᠴᠠᠭ᠎ᠠ ᠲᠠᠢ | ᠠᠭᠤᠰᠤᠯᠳᠤᠭᠤᠯᠤᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠬᠤᠯᠪᠣᠭᠳᠠᠯ ᠪᠦᠬᠦᠢ ᠠᠵᠢᠯ ᠢ | ᠵᠣᠬᠢᠴᠠᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠠᠷᠪᠠᠨ ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠨᠥᠭᠡᠴᠡᠯᠡᠬᠦ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ ᠪᠣᠯᠤᠨ | ᠲᠥᠷᠥᠯ ᠵᠦᠶᠯ ᠤᠨ ᠭᠠᠷᠴᠠᠭ ᠢ ᠦᠨᠳᠦᠰᠦᠯᠡᠨ᠂ ᠳ᠋ᠦᠩᠱᠧᠩ ᠲᠣᠭᠤᠷᠢᠭ ᠤᠨ ᠨᠥᠭᠡᠴᠡᠯᠡᠬᠦ ᠡᠳ᠋ ᠪᠤᠳᠠᠰ ᠤᠨ ᠲᠥᠷᠥᠯ ᠵᠦᠶᠯ ᠤᠨ ᠭᠠᠷᠴᠠᠭ᠂ ᠶᠡᠷᠦᠩᠬᠡᠶ | ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠴᠢᠬᠤᠯᠠ ᠨᠥᠭᠡᠴᠡ ᠡᠳ᠋ | ᠪᠤᠳᠠᠰ ᠢ ᠬᠤᠷᠢᠶᠠᠨ ᠬᠠᠳᠠᠭᠠᠯᠠᠬᠤ᠂ ᠡᠭᠡᠯᠵᠢᠯᠡᠭᠦᠯᠬᠦ ᠪᠠ ᠡᠳᠦᠷ ᠲᠤᠲᠤᠮ ᠤᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠭᠡᠨ ᠬᠡᠷᠡᠭᠯᠡᠬᠦ | ᠬᠤᠯᠪᠣᠭᠳᠠᠯ ᠪᠦᠬᠦᠢ ᠲᠥᠯᠥᠪᠯᠡᠭᠡ ᠪᠠ ᠵᠠᠷᠯᠢᠭ ᠢ ᠨᠠᠶᠢᠳᠠᠪᠤᠷᠢᠵᠢᠭᠤᠯᠤᠨ᠎ᠠ᠃ ᠳ᠋ᠦᠩᠱᠧᠩ ᠲᠣᠭᠤᠷᠢᠭ ᠤᠨ ᠠᠮᠤ ᠪᠤᠳᠠᠭᠠᠨ ᠤ ᠭᠦᠶᠯᠭᠡᠭᠡ ᠪᠣᠯᠤᠨ ᠡᠳ᠋ ᠪᠤᠳᠠᠰ ᠢ | ᠨᠥᠭᠡᠴᠡᠯᠡᠬᠦ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ ᠢ ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠲᠠᠪᠤ︶ ᠳ᠋ᠦᠩᠱᠧᠩ ᠲᠣᠭᠤᠷᠢᠭ ᠤᠨ ᠠᠮᠤ ᠪᠤᠳᠠᠭ᠎ᠠ᠂ ᠡᠮ ᠤᠨ ᠵᠦᠶᠯ ᠤᠨ ᠨᠥᠭᠡᠴᠡ᠂ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡ | ᠪᠣᠯᠤᠨ ᠪᠤᠰᠤᠳ ᠴᠢᠬᠤᠯᠠ ᠬᠡᠷᠡᠭᠯᠡᠭᠡᠨ ᠤ ᠵᠦᠶᠯ ᠤᠨ ᠨᠥᠭᠡᠴᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ | ᠳᠤᠳᠤᠨ᠎ᠠ ᠭᠠᠳᠠᠨᠠᠬᠢ ᠠᠮᠤ ᠪᠤᠳᠠᠭ᠎ᠠ ᠪᠣᠯᠤᠨ ᠨᠥᠭᠡᠴᠡ ᠡᠳ᠋ ᠪᠤᠳᠠᠰ ᠤᠨ ᠬᠠᠩᠭᠠᠯᠭ᠎ᠠ ᠬᠡᠷᠡᠭᠴᠡᠭᠡ ᠶᠢᠨ ᠬᠤᠪᠢᠷᠠᠯᠲᠠ ᠶᠢ ᠬᠢᠨᠠᠨ ᠬᠡᠮᠵᠢᠨ᠎ᠡ᠃ ᠳ᠋ᠦᠩᠱᠧᠩ | ᠲᠣᠭᠤᠷᠢᠭ ᠤᠨ ᠠᠮᠤ ᠪᠤᠳᠠᠭᠠᠨ ᠤ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠪᠣᠳᠠᠲᠠᠶ ᠠᠵᠢᠯ ᠢ ᠡᠭᠦᠷᠭᠡᠯᠡᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ | ᠪᠤᠳᠠᠭ᠎ᠠ ᠪᠣᠯᠤᠨ ᠴᠡᠷᠢᠭ ᠤᠨ ᠠᠮᠤ ᠪᠤᠳᠠᠭᠠᠨ ᠤ ᠬᠠᠩᠭᠠᠯᠭ᠎ᠠ ᠬᠢᠭᠡᠳ ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠠᠮᠤ ᠪᠤᠳᠠᠭ᠎ᠠ ᠪᠣᠯᠤᠨ ᠡᠳ᠋ ᠪᠤᠳᠠᠰ ᠤᠨ ᠨᠦᠬᠡᠴᠡ ᠶᠢᠨ ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ | ᠮᠡᠷᠭᠡᠵᠢᠯ ᠤᠨ ᠪᠠᠷᠢᠮᠵᠢᠶ᠎ᠠ ᠪᠣᠯᠤᠨ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠳ᠋ᠦᠩᠱᠧᠩ ᠲᠣᠭᠤᠷᠢᠭ ᠤᠨ ᠠᠮᠤ ᠪᠤᠳᠠᠭᠠᠨ ᠤ ᠭᠦᠶᠯᠭᠡᠭᠡᠨ ᠤ ᠠᠵᠢᠯ | ᠲᠥᠷᠥᠯ ᠤᠨ ᠠᠶᠤᠯ ᠦᠭᠡᠶ ᠦᠶᠯᠡᠳᠪᠦᠷᠢᠯᠡᠯ ᠤᠨ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠂ ᠳ᠋ᠦᠩᠱᠧᠩ ᠲᠣᠭᠤᠷᠢᠭ ᠤᠨ ᠠᠮᠤ ᠪᠤᠳᠠᠭ᠎ᠠ᠂ | ᠡᠮ ᠤᠨ ᠵᠦᠶᠯ ᠢ ᠨᠥᠭᠡᠴᠡᠯᠡᠬᠦ ᠪᠠ ᠭᠠᠮᠰᠢᠭ ᠠᠴᠠ ᠠᠪᠤᠷᠠᠬᠤ ᠡᠳ᠋ ᠪᠤᠳᠠᠰ ᠢ ᠨᠥᠭᠡᠴᠡᠯᠡᠬᠦ ᠶᠢ ᠳᠠᠭᠠᠭᠠᠨ ᠬᠠᠳᠠᠭᠠᠯᠠᠬᠤ ᠨᠢᠭᠡᠴᠡ ᠶᠢᠨ ᠠᠶᠤᠯ ᠦᠭᠡᠶ | ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠮᠤ ᠪᠤᠳᠠᠭᠠᠨ | ᠤ ᠠᠵᠤ ᠦᠢᠯᠡᠰ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃ | ︵ᠠᠷᠪᠠᠨ ᠳᠣᠯᠤᠭ᠎ᠠ︶ ᠳ᠋ᠦᠩᠱᠧᠩ ᠲᠣᠭᠤᠷᠢᠭ ᠤᠨ ᠨᠥᠭᠡᠴᠡ ᠶᠢᠨ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ ᠶᠢ ᠦᠨᠳᠦᠰᠦᠯᠡᠨ᠂ ᠳ᠋ᠦᠩᠱᠧᠩ | ᠲᠣᠭᠤᠷᠢᠭ ᠤᠨ ᠨᠥᠭᠡᠴᠡ ᠶᠢᠨ ᠰᠠᠭᠤᠷᠢ ᠳᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠨᠢᠭᠡᠳᠦᠯᠲᠡᠶ ᠬᠠᠷᠢᠭᠤᠴᠠᠵᠤ᠂ ᠳ᠋ᠦᠩᠱᠧᠩ | ᠲᠣᠭᠤᠷᠢᠭ ᠤᠨ ᠨᠥᠭᠡᠴᠡ ᠶᠢᠨ ᠰᠠᠭᠤᠷᠢ ᠳᠦᠬᠦᠭᠡᠷᠦᠮᠵᠢ᠂ ᠠᠮᠤ ᠪᠤᠳᠠᠭᠠᠨ ᠤ ᠭᠦᠶᠯᠭᠡᠭᠡᠨ ᠤ ᠳᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢ ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠷᠬᠡ ᠮᠡᠳᠡᠯ ᠤᠨ ᠶᠣᠰᠣᠭᠠᠷ ᠤᠯᠤᠰ᠂ ᠥᠪᠡᠷᠲᠡᠭᠡᠨ | ᠵᠠᠰᠠᠬᠤ ᠣᠷᠣᠨ᠂ ᠬᠤᠲᠠ ᠪᠠ ᠲᠣᠭᠤᠷᠢᠭ ᠤᠨ ᠱᠠᠲᠤᠨ ᠤ ᠪᠠᠯᠠ ᠣᠷᠣᠭᠤᠯᠤᠭᠰᠠᠨ ᠬᠤᠯᠪᠣᠭᠳᠠᠯ ᠪᠥᠬᠦᠶ ᠨᠥᠭᠡᠴᠡ ᠶᠢᠨ ᠰᠠᠭᠤᠷᠢ ᠳᠦᠬᠦᠭᠡᠷᠦᠮᠵᠢ ᠪᠠ ᠠᠮᠤ | ᠪᠤᠳᠠᠭᠠᠨ ᠤ ᠭᠦᠶᠯᠭᠡᠭᠡᠨ ᠤ ᠳᠦᠬᠦᠭᠡᠷᠦᠮᠵᠢ ᠶᠢᠨ ᠲᠥᠷᠥᠯ ᠵᠦᠶᠯ ᠢ ᠬᠠᠮᠢᠶᠠᠷᠤᠨ᠎ᠠ᠃ | ︵ᠠᠷᠪᠠᠨ ᠨᠠᠶᠮᠠ︶ ᠬᠠᠮᠢᠶᠠᠷᠴᠤ ᠪᠠᠶᠢᠭ᠎ᠠ ᠵᠠᠰᠠᠭ ᠤᠨ ᠣᠷᠳᠣᠨ ᠤ ᠨᠥᠭᠡᠴᠡᠯᠡᠯ᠂ ᠠᠵᠤ ᠠᠬᠤᠶᠢᠯᠠᠯ ᠤᠨ ᠨᠥᠭᠡᠴᠡᠯᠡᠯ ᠵᠢᠴᠢ ᠨᠥᠭᠡᠴᠡᠯᠡᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠠᠮᠤ ᠪᠤᠳᠠᠭᠠᠨ ᠤ ᠭᠦᠢᠯᠭᠡᠭᠡ ᠳᠤ ᠬᠢᠨᠠᠯᠲᠠ | ᠲᠠᠯᠪᠢᠵᠤ ᠪᠠᠶᠢᠴᠠᠭᠠᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠠᠮᠤ ᠪᠤᠳᠠᠭ᠎ᠠ ᠬᠤᠳᠠᠯᠳᠤᠨ | ᠠᠪᠬᠤ᠂ ᠬᠠᠳᠠᠭᠠᠯᠠᠬᠤ᠂ ᠲᠡᠭᠡᠭᠡᠪᠦᠷᠢᠯᠡᠬᠦ ᠭᠤᠭᠴᠤᠭ᠎ᠠ ᠶᠢᠨ ᠠᠮᠤ ᠪᠤᠳᠠᠭᠠᠨ ᠤ ᠶᠠᠰᠤ ᠴᠢᠨᠠᠷ ᠤᠨ ᠠᠶᠤᠯ ᠦᠭᠡᠶ ᠪᠠ ᠬᠠᠷ᠎ᠠ ᠠᠮᠤ ᠶᠢᠨ ᠡᠷᠡᠭᠦᠯ ᠬᠠᠮᠠᠭᠠᠯᠠᠯ ᠤᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠳ᠋ᠦᠩᠱᠧᠩ ᠲᠣᠭᠤᠷᠢᠭ ᠤᠨ ᠠᠮᠤ ᠪᠤᠳᠠᠭ᠎ᠠ ᠪᠠ ᠡᠳ᠋ ᠪᠣᠳᠠᠰ ᠤᠨ ᠬᠠᠳᠠᠭᠠᠯᠠᠯᠲᠠ ᠶᠢᠨ ᠪᠠᠶᠢᠴᠠᠭᠠᠬᠤ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠮᠤ ᠪᠤᠳᠠᠭᠠᠨ ᠤ ᠠᠮᠤᠷ ᠲᠦᠪᠰᠢᠨ ᠤ ᠬᠤᠰᠢᠭᠤ ᠲᠣᠭᠤᠷᠢᠭ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ | ᠬᠢᠨᠠᠨ ᠰᠢᠯᠭᠠᠷᠠᠭᠤᠯᠤᠯᠲᠠ ᠶᠢᠨ ᠡᠳᠦᠷ ᠲᠤᠲᠤᠮ ᠤᠨ ᠠᠵᠢᠯ ᠢ ᠨᠠᠶᠢᠳᠠᠪᠤᠷᠢᠵᠢᠭᠤᠯᠤᠨ᠎ᠠ᠃ | ︵ᠠᠷᠪᠠ ᠶᠢᠰᠦ︶ ᠳ᠋ᠦᠩᠱᠧᠩ ᠲᠣᠭᠤᠷᠢᠭ ᠤᠨ ᠠᠮᠤ ᠪᠤᠳᠠᠭᠠᠨ ᠤ ᠭᠦᠶᠯᠭᠡᠭᠡᠨ ᠤ ᠠᠵᠢᠯ ᠲᠥᠷᠥᠯ ᠤᠨ ᠬᠠᠮᠢᠶᠠᠷᠤᠯᠲᠠ ᠪᠣᠯᠤᠨ ᠠᠮᠤ ᠪᠤᠳᠠᠭᠠᠨ ᠤ ᠵᠠᠬ᠎ᠠ | ᠳᠡᠯᠭᠡᠭᠦᠷ ᠤᠨ ᠲᠤᠭᠳᠠᠯᠴᠠᠭ᠎ᠠ ᠶᠢᠨ ᠪᠠᠶᠢᠭᠤᠯᠤᠯᠲᠠ ᠶᠢ ᠬᠠᠷᠢᠭᠤᠴᠠᠵᠤ᠂ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ | ᠶᠢ ᠲᠣᠭᠲᠠᠭᠠᠨ᠂ ᠠᠮᠤ ᠪᠤᠳᠠᠭᠠᠨ ᠤ ᠭᠦᠶᠯᠭᠡᠭᠡ ᠪᠣᠯᠤᠨ ᠡᠳ᠋ ᠪᠤᠳᠠᠰ ᠨᠥᠭᠡᠴᠡᠯᠡᠬᠦ ᠪᠠᠷᠢᠮᠵᠢᠶ᠎ᠠ᠂ ᠠᠮᠤ ᠪᠤᠳᠠᠭᠠᠨ ᠤ ᠶᠠᠰᠤ ᠴᠢᠨᠠᠷ ᠤᠨ ᠪᠠᠷᠢᠮᠵᠢᠶ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠮᠡᠷᠭᠡᠵᠢᠯ ᠤᠨ ᠵᠢᠷᠤᠮᠵᠢᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ | ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡ ᠶᠢᠨ ᠭᠠᠳᠠᠭᠠᠳᠤ ᠯᠤᠭ᠎ᠠ ᠶᠢᠨ ᠬᠠᠮᠳᠤᠷᠠᠯᠴᠠᠭ᠎ᠠ ᠪᠠ ᠰᠣᠯᠢᠯᠴᠠᠭ᠎ᠠ ᠶᠢ ᠬᠠᠷᠢᠭᠤᠴᠠᠨ᠎ᠠ᠃ | ︵ᠬᠤᠷᠢ︶ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠶᠢ ᠳᠠᠭᠠᠭᠠᠨ | ᠭᠦᠶᠴᠡᠳᠬᠡᠨ᠎ᠡ᠃ | ︵ᠬᠤᠷᠢᠨ ᠨᠢᠭᠡ︶ ᠴᠢᠳᠠᠪᠬᠢ ᠶᠢᠨ ᠬᠤᠪᠢᠷᠠᠭᠤᠯᠤᠯᠳᠠ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠭᠤᠣᠯ ᠬᠦᠴᠦᠨ ᠢᠶᠠᠨ ᠬᠤᠷᠸ᠎ᠠ ᠶᠢ ᠬᠠᠮᠢᠶᠠᠷᠬᠤ᠂ ᠪᠦᠬᠦ ᠲᠠᠯ᠎ᠠ ᠶᠢ ᠪᠤᠳᠤᠯᠬᠢᠯᠠᠬᠤ᠂ | ᠶᠡᠭᠡ ᠶᠠᠪᠤᠳᠠᠯ ᠢ ᠠᠳᠬᠤᠬᠤ ᠳᠡᠭᠡᠷ᠎ᠡ ᠰᠢᠯᠵᠢᠭᠦᠯᠵᠦ᠂ ᠰᠠᠯᠠᠭ᠎ᠠ ᠮᠥᠴᠢᠷ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ᠂ | ᠬᠦᠷᠢᠶ᠎ᠡ ᠴᠠᠷᠠᠭ᠎ᠠ ᠠᠯᠤᠰᠯᠠᠭᠰᠠᠨ ᠴᠢᠬᠤᠯᠠ ᠶᠡᠭᠡ ᠲᠥᠯᠥᠪᠵᠢᠭᠦᠯᠭᠡ᠂ ᠴᠢᠬᠤᠯᠠ ᠶᠡᠭᠡ ᠥᠭᠡᠷᠡᠴᠢᠯᠡᠯᠲᠡ᠂ ᠴᠢᠬᠤᠯᠠ ᠶᠡᠭᠡ ᠢᠨᠵᠧᠨᠧᠷᠢᠩ ᠢ ᠶᠡᠷᠦᠩᠬᠡᠶᠢᠯᠡᠨ | ᠵᠤᠬᠢᠴᠠᠭᠤᠯᠬᠤ ᠶᠢ ᠴᠢᠩᠭᠠᠳᠬᠠᠵᠤ᠂ ᠪᠦᠬᠦ ᠲᠠᠯ᠎ᠠ ᠪᠠᠷ ᠰᠢᠨ᠎ᠡ ᠶᠢ ᠡᠭᠦᠳᠬᠦ ᠥᠭᠡᠷᠡᠴᠢᠯᠡᠯᠲᠡ ᠶᠢ ᠨᠢᠭᠡᠳᠦᠯᠲᠡᠢ ᠲᠦᠯᠦᠪᠯᠡᠨ᠂ ᠠᠵᠤ ᠠᠬᠤᠢ ᠶᠢᠨ ᠬᠥᠭᠵᠢᠯᠲᠡ ᠶᠢᠨ | ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠬᠦᠯᠦᠨ᠎ᠡ᠃ ᠬᠤᠮᠠᠬᠢ ᠲᠠᠯ᠎ᠠ ᠶᠢᠨ ᠬᠠᠮᠢᠶᠠᠷᠤᠯᠲᠠ ᠶᠢᠨ ᠤᠴᠢᠷ ᠶᠠᠪᠤᠳᠠᠯ ᠪᠠ ᠪᠣᠳᠠᠲᠠᠶ ᠬᠢᠨᠠᠨ ᠵᠥᠪᠰᠢᠶᠡᠷᠡᠬᠦ | ᠵᠦᠶᠯᠡᠰ ᠢ ᠤᠯᠠᠮ ᠨᠢᠭᠡ ᠠᠯᠬᠤᠮ ᠪᠠᠭᠠᠰᠬᠠᠵᠤ᠂ ᠵᠠᠰᠠᠭ ᠤᠨ ᠣᠷᠳᠣᠨ ᠠᠴᠠ ᠵᠠᠬ᠎ᠠ ᠳᠡᠯᠭᠡᠭᠦᠷ ᠤᠨ ᠡᠬᠢ ᠪᠠᠶᠠᠯᠢᠭ ᠲᠠᠬᠢ ᠰᠢᠭᠤᠳ ᠳᠤᠬᠢᠷᠠᠭᠤᠯᠭ᠎ᠠ ᠪᠠ ᠵᠠᠰᠠᠭ | ᠤᠨ ᠣᠷᠳᠣᠨ ᠤ ᠵᠠᠬ᠎ᠠ ᠳᠡᠯᠭᠡᠭᠦᠷ ᠤᠨ ᠠᠵᠢᠯᠯᠠᠭ᠎ᠠ ᠳᠤ ᠰᠢᠭᠤᠳ ᠭᠠᠷ ᠲᠦᠷᠦᠭᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠡᠬᠢ ᠪᠠᠶᠠᠯᠢᠭ ᠤᠨ | ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠠ ᠲᠥᠪ ᠭᠤᠤᠯᠴᠢ ᠴᠢᠨᠠᠷ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠡᠯ᠎ᠡ ᠲᠥᠷᠥᠯ ᠤᠨ ᠭᠤᠤᠯ ᠴᠣᠭᠴᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠨ᠎ᠡ᠃ | 1 . ᠳ᠋ᠦᠩᠱᠧᠩ ᠲᠣᠭᠤᠷᠢᠭ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠣᠭᠲᠠᠭᠠᠬᠤ᠂ ᠨᠢᠭᠡᠳᠦᠯᠲᠡᠶ ᠲᠥᠯᠥᠪᠵᠢᠭᠦᠯᠬᠦ ᠲᠤᠭᠳᠠᠯᠴᠠᠭ᠎ᠠ ᠶᠢ | ᠴᠢᠳᠠᠪᠬᠢ ᠶᠢ ᠴᠢᠩᠭᠠᠳᠬᠠᠵᠤ᠂ ᠲᠥᠯᠥᠪᠵᠢᠭᠦᠯᠭᠡ ᠶᠢᠨ ᠲᠦᠷᠢᠮ ᠢ ᠲᠡᠭᠦᠯᠳᠡᠷᠵᠢᠭᠦᠯᠦᠨ᠂ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠬᠦ ᠶᠢ ᠰᠠᠶᠢᠲᠤᠷ ᠬᠢᠵᠦ᠂ | ᠲᠥᠯᠥᠪᠵᠢᠭᠦᠯᠭᠡ ᠶᠢᠨ ᠲᠤᠭ᠎ᠠ ᠬᠡᠮᠵᠢᠶ᠎ᠡ ᠶᠢ ᠴᠣᠮᠬᠠᠳᠬᠠᠨ᠂ ᠲᠥᠯᠥᠪᠵᠢᠭᠦᠯᠭᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠤᠯᠤᠰ ᠤᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠶᠢᠨ ᠤᠳᠤᠷᠢᠳᠤᠮᠵᠢ ᠶᠢᠨ ᠦᠶᠯᠡᠳᠦᠯ ᠢ ᠨᠠᠩ ᠰᠠᠶᠢᠨ ᠪᠠᠳᠠᠷᠠᠭᠤᠯᠤᠨ᠎ᠠ᠃ | 2 . ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠲᠤᠭᠳᠠᠯᠴᠠᠭ᠎ᠠ ᠶᠢ ᠲᠡᠭᠦᠯᠳᠡᠷᠵᠢᠭᠦᠯᠦᠨ᠂ ᠲᠣᠬᠢᠷᠠᠭᠤᠯᠭ᠎ᠠ ᠡᠵᠡᠮᠰᠢᠯ ᠤᠨ ᠠᠷᠭ᠎ᠠ ᠮᠠᠶ᠋ᠢᠭ ᠤᠨ ᠰᠢᠨ᠎ᠡ ᠶᠢ | ᠡᠭᠦᠳᠴᠦ᠂ ᠬᠥᠭᠵᠢᠯᠲᠡ ᠶᠢᠨ ᠲᠥᠯᠥᠪᠵᠢᠭᠦᠯᠭᠡ᠂ ᠡᠳ᠋ ᠤᠨ ᠵᠠᠰᠠᠭ᠂ ᠮᠥᠩᠭᠦᠨ ᠬᠦᠢᠯᠬᠡᠬᠡ ᠵᠡᠷᠭᠡ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠣᠯᠤᠨ ᠠᠵᠢᠯ | ᠤᠨ ᠬᠠᠮᠵᠢᠯᠴᠠᠭ᠎ᠠ ᠶᠢᠨ ᠲᠣᠭᠲᠠᠴᠠ ᠶᠢ ᠴᠣᠭᠴᠠᠯᠠᠨ ᠪᠠᠶᠢᠭᠤᠯᠵᠤ᠂ ᠠᠵᠤ ᠠᠬᠤᠶ ᠶᠢᠨ ᠬᠢᠨᠠᠨ ᠬᠡᠮᠵᠢᠵᠦ ᠲᠥᠰᠦᠭᠡᠯᠡᠵᠦ ᠰᠡᠷᠡᠮᠵᠢᠯᠡᠭᠦᠯᠬᠦ ᠴᠢᠳᠠᠪᠤᠷᠢ ᠶᠢ | ᠴᠢᠩᠭᠠᠳᠬᠠᠨ᠂ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠲᠥᠷᠥ ᠶᠢᠨ ᠪᠣᠳᠣᠯᠭ᠎ᠠ ᠶᠢ ᠨᠥᠭᠡᠴᠡᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ | ᠂ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠤᠷᠢᠳᠠᠴᠢ ᠴᠢᠨᠠᠷ᠂ ᠴᠢᠭᠯᠡᠭᠦᠯᠦᠯᠲᠦ ᠴᠢᠨᠠᠷ᠂ ᠵᠤᠬᠢᠴᠠᠯᠳᠤᠩᠭᠤᠢ ᠴᠢᠨᠠᠷ ᠢ ᠨᠡᠮᠡᠭᠳᠡᠭᠦᠯᠦᠨ᠎ᠡ᠃ | 3 . ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶ ᠠᠬᠢᠭᠤᠯᠵᠤ᠂ ᠵᠠᠬ᠎ᠠ ᠳᠡᠯᠭᠡᠭᠦᠷ ᠲᠤ ᠤᠷᠤᠬᠤ ᠶᠢ ᠵᠦᠪᠰᠢᠶᠡᠷᠬᠦ ᠨᠠᠵᠠᠭᠠᠶ | ᠲᠠᠯ᠎ᠠ ᠶᠢᠨ ᠨᠠᠷᠢᠨ ᠳᠠᠩᠰᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠪᠠᠯᠠ ᠣᠷᠣᠭᠤᠯᠤᠯᠲᠠ ᠪᠠᠯᠠ ᠴᠤᠭᠯᠠᠭᠤᠯᠭ᠎ᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠷᠥᠯ ᠵᠦᠶᠯ ᠢ ᠬᠢᠨᠠᠨ ᠵᠥᠪᠰᠢᠶᠡᠷᠡᠬᠦ᠂ ᠬᠠᠷᠭᠤᠭᠤᠯᠤᠨ ᠵᠥᠪᠰᠢᠶᠡᠷᠡᠬᠦ ᠬᠡᠪᠴᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠨ᠎ᠠ᠃ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠬᠢᠨᠠᠯᠲᠠ | ᠬᠠᠮᠢᠶᠠᠷᠤᠯᠲᠠ ᠪᠠ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠲᠦᠷᠭᠡᠳᠬᠡᠨ ᠠᠬᠢᠭᠤᠯᠤᠨ᠎ᠠ᠃ | 4 . ᠡᠬᠢ ᠪᠠᠶᠠᠯᠢᠭ ᠢ ᠲᠣᠬᠢᠷᠠᠭᠤᠯᠬᠤ ᠳᠤᠮᠳᠠᠬᠢ ᠵᠠᠬ᠎ᠠ ᠳᠡᠯᠭᠡᠭᠦᠷ ᠤᠨ ᠰᠢᠶᠳᠪᠦᠷᠢᠯᠡᠬᠦ ᠴᠢᠨᠠᠷᠲᠠᠶ ᠦᠶᠯᠡᠳᠦᠯ ᠢ ᠭᠦᠶᠴᠡᠳ ᠪᠠᠳᠠᠷᠠᠭᠤᠯᠵᠤ᠂ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠶᠢ ᠤᠯᠠᠮ ᠨᠢᠭᠡ ᠠᠯᠬᠤᠮ ᠴᠣᠮᠬᠠᠳᠬᠠᠨ᠂ ᠭᠤᠭᠴᠤᠭ᠎ᠠ ᠶᠢ ᠪᠠᠭᠠᠰᠬᠠᠵᠤ᠂ ᠶᠠᠪᠤᠴᠠ ᠶᠢ ᠳᠥᠭᠦᠮᠴᠢᠯᠡᠨ᠂ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠲᠦᠷᠢᠮ ᠤᠨ ᠴᠢᠨᠠᠷᠲᠠᠶ ᠠᠷᠠᠯᠵᠢᠶ᠎ᠠ ᠶᠢᠨ ᠥᠪᠡᠷ ᠤᠨ ᠥᠷᠲᠡᠭ ᠢ ᠶᠡᠬᠡᠪᠡᠷ ᠪᠠᠭᠤᠷᠠᠭᠤᠯᠤᠨ᠎ᠠ᠃ | 5 . ᠨᠦᠬᠡᠴᠡ ᠶᠢᠨ ᠲᠤᠭᠳᠠᠯᠴᠠᠭ᠎ᠠ ᠪᠠ ᠠᠵᠢᠯᠯᠠᠭᠠᠨ ᠤ ᠠᠷᠭ᠎ᠠ ᠮᠠᠶ᠋ᠢᠭ ᠢ ᠥᠭᠡᠷᠡᠴᠢᠯᠡᠨ ᠲᠡᠭᠦᠯᠳᠡᠷᠵᠢᠭᠦᠯᠵᠦ᠂ ᠲᠤᠭᠤᠷᠢᠭ ᠤᠨ ᠳᠡᠰ ᠤᠨ ᠨᠦᠬᠡᠴᠡ ᠶᠢ | ᠴᠢᠩᠭᠠᠳᠬᠠᠨ᠂ ᠵᠠᠰᠠᠭ ᠤᠨ ᠣᠷᠳᠣᠨ ᠤ ᠨᠦᠬᠡᠴᠡ ᠶᠢᠨ ᠬᠥᠲᠥᠯᠥᠨ ᠵᠢᠯᠣᠭᠤᠳᠬᠤ ᠦᠶᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠤ ᠠᠬᠤᠶᠢᠯᠠᠯ ᠤᠨ | ᠬᠤᠳᠠᠯᠳᠤᠭᠠᠨ ᠤ ᠨᠦᠬᠡᠴᠡᠯᠡᠯ ᠢ ᠵᠣᠷᠢᠭᠵᠢᠭᠤᠯᠤᠨ᠂ ᠵᠠᠰᠠᠭ ᠤᠨ ᠣᠷᠳᠣᠨ ᠤ ᠨᠥᠭᠡᠴᠡᠯᠡᠬᠦ ᠪᠠ ᠠᠵᠤ ᠠᠬᠤᠶᠢᠯᠠᠯ ᠤᠨ ᠨᠥᠭᠡᠴᠡᠯᠡᠬᠦ ᠬᠠᠷᠢᠯᠴᠠᠨ | ᠨᠦᠬᠦᠪᠤᠷᠢᠯᠡᠯᠴᠡᠭᠰᠡᠨ ᠬᠠᠮᠵᠢᠯᠴᠠᠨ ᠬᠥᠭᠵᠢᠬᠦ ᠪᠠᠶᠢᠳᠠᠯ ᠢ ᠪᠣᠶ ᠪᠣᠯᠭᠠᠬᠤ ᠶᠢ ᠠᠬᠢᠭᠤᠯᠤᠨ᠎ᠠ᠃ | 6 . ᠵᠠᠬ᠎ᠠ ᠳᠡᠯᠭᠡᠭᠦᠷ ᠢ ᠵᠠᠳᠠᠯᠤᠨ ᠲᠥᠰᠦᠭᠡᠯᠡᠬᠦ ᠪᠠ ᠬᠢᠨᠠᠨ ᠬᠡᠮᠵᠢᠵᠤ ᠰᠡᠷᠡᠮᠵᠢᠯᠡᠭᠦᠯᠬᠦ ᠶᠢ ᠴᠢᠩᠭᠠᠳᠬᠠᠵᠤ᠂ ᠲᠣᠮᠣ ᠳ᠋ᠠᠶᠢᠲ᠋ᠠ ᠵᠡᠷᠭᠡ ᠰᠢᠨᠵᠢᠯᠡᠬᠦ ᠤᠬᠠᠭᠠᠨ | ᠮᠡᠷᠭᠡᠵᠢᠯ ᠤᠨ ᠠᠷᠭ᠎ᠠ ᠪᠠᠷᠢᠯ ᠢ ᠭᠦᠶᠴᠡᠳ ᠬᠡᠷᠡᠭᠯᠡᠨ᠂ ᠬᠥᠳᠡᠯᠦᠩᠭᠦᠶ ᠪᠠᠷ ᠬᠢᠨᠠᠨ ᠡᠵᠡᠮᠳᠡᠬᠦ ᠶᠢ ᠴᠢᠩᠭᠠᠷᠠᠭᠤᠯᠵᠤ᠂ ᠨᠦᠬᠡᠴᠡ ᠶᠢᠨ ᠠᠶᠤᠯ ᠲᠦᠭᠰᠢᠭᠦᠷᠢ ᠶᠢ | ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠤᠯᠤᠰ ᠤᠨ ᠠᠮᠤᠷ ᠲᠦᠪᠰᠢᠨ ᠢ ᠪᠠᠲᠤᠯᠠᠬᠤ᠂ ᠨᠡᠶᠢᠭᠡᠮ ᠤᠨ ᠵᠢᠱᠢᠯᠲᠡ ᠶᠢ ᠲᠣᠭᠲᠠᠪᠤᠷᠢᠵᠢᠭᠤᠯᠬᠤ᠂ ᠵᠠᠬ᠎ᠠ | ᠳᠡᠯᠭᠡᠭᠦᠷ ᠢ ᠬᠥᠲᠥᠯᠥᠨ ᠵᠢᠯᠣᠭᠤᠳᠬᠤ ᠲᠠᠯ᠎ᠠ ᠪᠠᠷ ᠬᠢ ᠨᠥᠭᠡᠴᠡ ᠶᠢᠨ ᠦᠶᠯᠡᠳᠦᠯ ᠢ ᠴᠢᠩᠭᠠᠳᠬᠠᠨ᠎ᠠ᠃ | 7 . ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠬᠦᠳᠦᠨ᠂ ︽ᠬᠤᠶᠠᠷ ᠢ ᠰᠤᠭᠤᠴᠢᠵᠤ᠂ | ᠨᠢᠭᠡ ᠶᠢ ᠢᠯᠡ ᠪᠣᠯᠭᠠᠬᠤ︾ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠪᠥᠬᠦ ᠲᠠᠯ᠎ᠠ ᠪᠠᠷ ᠠᠬᠢᠭᠤᠯᠵᠤ᠂ ᠠᠶᠤᠯ ᠥᠬᠡᠶ ᠦᠶᠯᠡᠳᠪᠦᠷᠢᠯᠡᠯ ᠢ | ᠬᠦᠴᠦᠯᠡᠨ ᠴᠢᠩᠭᠠᠳᠬᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ᠂ ᠲᠣᠭᠤᠷᠢᠭ ᠤᠨ ᠨᠥᠭᠡᠴᠡᠯᠡᠬᠦ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ | ᠪᠠ ᠲᠥᠷᠥᠯ ᠵᠦᠶᠯ ᠤᠨ ᠭᠠᠷᠴᠠᠭ ᠵᠢᠴᠢ ᠬᠡᠷᠡᠭᠯᠡᠬᠦ ᠵᠠᠷᠯᠢᠭ ᠢ ᠦᠨᠳᠦᠰᠦᠯᠡᠨ᠂ ᠨᠥᠭᠡᠴᠡᠯᠡᠬᠦ ᠭᠤᠤᠯ ᠴᠣᠭᠴᠠ ᠳᠤ ᠬᠢᠨᠠᠯᠲᠠ ᠲᠠᠯᠪᠢᠵᠤ ᠪᠠᠶᠢᠭᠠᠳ ᠬᠤᠷᠢᠶᠠᠨ | ᠬᠠᠳᠠᠭᠠᠯᠠᠬᠤ᠂ ᠡᠭᠡᠯᠵᠢᠯᠡᠭᠦᠯᠬᠦ ᠶᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠨᠥᠭᠡᠴᠡᠯᠡᠬᠦ ᠡᠳ᠋ ᠪᠣᠳᠠᠰ ᠢ ᠬᠤᠷᠢᠶᠠᠨ ᠠᠪᠴᠤ ᠳᠡᠶᠢᠯᠬᠦ᠂ ᠰᠠᠶᠢᠲᠤᠷ | ᠨᠥᠭᠡᠴᠡᠯᠡᠬᠦ᠂ ᠲᠣᠬᠢᠷᠠᠭᠤᠯᠵᠤ ᠳᠡᠶᠢᠯᠬᠦ᠂ ᠬᠡᠷᠡᠭᠯᠡᠵᠦ ᠳᠡᠶᠢᠯᠬᠦ ᠶᠢ ᠦᠨᠡᠨᠬᠦ ᠪᠠᠲᠤᠯᠠᠨ᠎ᠠ᠃ | ︵ᠬᠤᠷᠢᠨ ᠬᠤᠶᠠᠷ︶ ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ | 1 . ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠯᠦᠭᠡ ᠬᠤᠯᠪᠣᠭᠳᠠᠬᠤ ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ | ᠲᠤᠭᠤᠷᠢᠭ ᠤᠨ ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠶᠢᠨ ᠵᠥᠪᠯᠡᠯ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠬᠢᠭᠡᠳ ᠬᠠᠨᠳᠤᠰᠢ ᠶᠢᠨ ᠨᠥᠯᠥᠭᠡ ᠶᠢ | ᠬᠢᠨᠠᠨ ᠬᠡᠮᠵᠢᠬᠦ ᠪᠠ ᠦᠨᠡᠯᠡᠨ ᠵᠢᠱᠢᠬᠦ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠬᠥᠮᠦᠨ ᠠᠮᠠ ᠶᠢ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠳᠦᠷᠢᠮ ᠢ | ᠪᠠᠶᠢᠭᠤᠯᠤᠨ᠂ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠲᠣᠭᠲᠠᠭᠠᠬᠤ ᠬᠥᠮᠦᠨ ᠠᠮᠠ ᠶᠢᠨ ᠨᠥᠯᠥᠭᠡ ᠶᠢ ᠦᠨᠡᠯᠡᠨ ᠵᠢᠱᠢᠬᠦ ᠶᠢ ᠥᠷᠨᠢᠭᠦᠯᠵᠦ᠂ ᠬᠥᠮᠦᠨ ᠠᠮᠠ ᠶᠢᠨ | ᠬᠥᠭᠵᠢᠯᠲᠡ ᠶᠢᠨ ᠴᠢᠬᠤᠯᠠ ᠶᠡᠭᠡ ᠲᠥᠯᠥᠪᠵᠢᠭᠦᠯᠭᠡ ᠪᠣᠯᠤᠨ ᠬᠥᠮᠦᠨ ᠠᠮᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠬᠥᠮᠦᠨ ᠠᠮᠠ ᠬᠢᠭᠡᠳ ᠠᠵᠤ | ᠠᠬᠤᠶ᠂ ᠨᠡᠶᠢᠭᠡᠮ᠂ ᠡᠬᠢ ᠪᠠᠶᠠᠯᠢᠭ᠂ ᠣᠷᠴᠢᠨ ᠲᠣᠭᠤᠷᠢᠨ ᠤ ᠵᠣᠬᠢᠴᠠᠩᠭᠤᠶ ᠪᠥᠭᠡᠳ ᠦᠷᠭᠦᠯᠵᠢᠯᠡᠨ ᠬᠥᠭᠵᠢᠬᠦ ᠵᠢᠴᠢ ᠬᠥᠮᠦᠨ ᠠᠮᠠ ᠶᠢᠨ ᠤᠷᠲᠤ ᠬᠤᠭᠤᠴᠠᠭ᠎ᠠ | ᠪᠠᠷ ᠲᠡᠩᠴᠡᠭᠦᠷᠢᠲᠡᠶ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠲᠥᠷᠥ ᠶᠢᠨ ᠪᠣᠳᠣᠯᠭ᠎ᠠ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠲᠤᠭᠤᠷᠢᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠥᠮᠦᠨ ᠠᠮᠠ ᠶᠢᠨ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠬᠠᠷᠢᠭᠤᠴᠠᠨ ᠥᠷᠨᠢᠭᠦᠯᠵᠦ᠂ ᠦᠷᠡᠵᠢᠯ ᠤᠨ | ᠬᠠᠮᠢᠶ᠎ᠠ ᠪᠦᠬᠦᠢ ᠬᠥᠮᠦᠨ ᠠᠮᠠ ᠶᠢᠨ ᠲᠤᠭ᠎ᠠ ᠬᠡᠮᠵᠢᠶ᠎ᠡ᠂ ᠬᠡᠪ ᠴᠢᠨᠠᠷ᠂ ᠪᠦᠲᠦᠴᠡ᠂ ᠲᠠᠷᠬᠠᠯᠲᠠ ᠶᠢᠨ ᠲᠠᠯ᠎ᠠ ᠶᠢᠨ ᠲᠥᠷᠥ ᠶᠢᠨ ᠪᠣᠳᠣᠯᠭ᠎ᠠ ᠰᠠᠨᠠᠭᠤᠯᠭ᠎ᠠ ᠶᠢ | ᠰᠤᠳᠤᠯᠤᠨ ᠳᠤᠷᠠᠳᠴᠤ᠂ ᠦᠷᠡᠵᠢᠯ ᠤᠨ ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠠᠵᠤ ᠠᠬᠤᠶ ᠨᠡᠶᠢᠭᠡᠮ ᠤᠨ ᠲᠥᠷᠥ ᠶᠢᠨ ᠪᠣᠳᠣᠯᠭ᠎ᠠ ᠶᠢ ᠲᠥᠬᠦᠷᠵᠢᠭᠦᠯᠦᠨ | ᠵᠣᠯᠭᠠᠭᠤᠯᠬᠤ ᠶᠢ ᠠᠬᠢᠭᠤᠯᠤᠨ᠂ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠳᠠᠬᠢ ᠬᠤᠯᠪᠣᠭᠳᠠᠯ ᠪᠦᠬᠦᠢ ᠡᠭᠦᠷᠭᠡ ᠶᠢ ᠨᠠᠶᠢᠳᠠᠪᠤᠷᠢᠵᠢᠭᠤᠯᠤᠨ᠎ᠠ᠃ | 2 . ᠲᠤᠭᠤᠷᠢᠭ ᠤᠨ ᠡᠨᠧᠷᠭᠢ ᠶᠢᠨ ᠲᠣᠪᠴᠢᠶ᠎ᠠ ᠯᠤᠭ᠎ᠠ ᠬᠤᠯᠪᠣᠭᠳᠠᠬᠤ ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ ᠲᠤᠭᠤᠷᠢᠭ ᠤᠨ | ᠬᠥᠭᠵᠢᠭᠦᠯᠦᠯᠲᠡ ᠪᠣᠯᠤᠨ ᠥᠭᠡᠷᠡᠴᠢᠯᠡᠯᠲᠡ ᠶᠢᠨ ᠵᠥᠪᠯᠡᠯ ᠨᠢ ᠡᠨᠧᠷᠭᠢ ᠶᠢᠨ ᠬᠥᠭᠵᠢᠯᠲᠡ ᠶᠢᠨ ᠲᠥᠯᠥᠪᠵᠢᠭᠦᠯᠭᠡ ᠬᠢᠭᠡᠳ ᠤᠯᠤᠰ ᠠᠷᠠᠳ ᠤᠨ ᠠᠵᠤ ᠠᠬᠤᠶ | ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠶᠢ ᠵᠣᠯᠭᠠᠯᠳᠤᠭᠤᠯᠤᠨ ᠲᠡᠩᠴᠡᠭᠦᠯᠬᠦ ᠶᠢ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠨ᠎ᠠ᠃ | ᠲᠤᠭᠤᠷᠢᠭ ᠤᠨ ᠡᠨᠧᠷᠭᠢ ᠶᠢᠨ ᠲᠣᠪᠴᠢᠶ᠎ᠠ ᠪᠣᠯ ᠡᠨᠧᠷᠭᠢ ᠶᠢᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠯᠤᠨ᠎ᠠ᠃ ᠳ᠋ᠦᠩᠱᠧᠩ | ᠲᠣᠭᠤᠷᠢᠭ ᠤᠨ ᠡᠨᠧᠷᠭᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠨᠧᠷᠭᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ᠂ | ᠥᠭᠡᠷᠡᠴᠢᠯᠡᠯᠲᠡ ᠶᠢᠨ ᠲᠥᠰᠦᠯ ᠪᠣᠯᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠠᠷᠢᠭᠤᠴᠠᠨ ᠰᠤᠳᠤᠯᠤᠨ ᠳᠤᠷᠠᠳᠴᠤ᠂ ᠡᠨᠧᠷᠭᠢ ᠶᠢᠨ ᠬᠥᠭᠵᠢᠯᠲᠡ ᠶᠢᠨ | ᠲᠥᠯᠥᠪᠯᠡᠭᠡ ᠶᠢ ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠨᠧᠷᠭᠢ ᠶᠢᠨ ᠬᠦᠷᠢᠶ᠎ᠡ ᠴᠠᠷᠠᠨ ᠳᠠᠬᠢ ᠲᠣᠭᠲᠠᠮᠠᠯ ᠬᠥᠷᠥᠩᠭᠡ | ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠵᠦ᠂ ᠲᠣᠰᠣ ᠬᠡᠢ ᠳᠠᠮᠵᠢᠭᠤᠯᠬᠤ ᠬᠤᠭᠤᠯᠠᠶ ᠱᠤᠭᠤᠮ ᠤᠨ ᠠᠶᠤᠯ ᠦᠭᠡᠶ ᠦᠢᠯᠡᠳᠪᠦᠷᠢᠯᠡᠯ | ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | 3 . ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠬᠤᠯᠪᠣᠭᠳᠠᠬᠤ ᠳᠤᠰᠢᠶᠠᠯ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ᠃ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳ᠋ᠦᠩᠱᠧᠩ ᠲᠣᠭᠤᠷᠢᠭ ᠤᠨ ᠭᠠᠮᠰᠢᠭ ᠠᠴᠠ ᠠᠪᠤᠷᠬᠠᠤ ᠡᠳ᠋ | ᠪᠣᠳᠠᠰ ᠢ ᠨᠥᠭᠡᠴᠡᠯᠡᠬᠦ ᠬᠡᠷᠡᠭᠴᠡᠭᠡ ᠱᠠᠭᠠᠷᠳᠠᠯᠭ᠎ᠠ ᠪᠠ ᠬᠡᠷᠡᠭᠯᠡᠬᠦ ᠰᠢᠶᠳᠪᠦᠷᠢᠲᠦ ᠪᠣᠳᠣᠯᠭ᠎ᠠ ᠶᠢ ᠬᠠᠷᠢᠭᠤᠴᠠᠨ ᠳᠤᠷᠠᠳᠴᠤ᠂ ᠳ᠋ᠦᠩᠱᠧᠩ ᠲᠣᠭᠤᠷᠢᠭ ᠤᠨ ᠭᠠᠮᠰᠢᠭ | ᠠᠴᠠ ᠠᠪᠤᠷᠬᠠᠤ ᠡᠳ᠋ ᠪᠣᠳᠠᠰ ᠢ ᠨᠥᠭᠡᠴᠡᠯᠡᠬᠦ ᠲᠥᠯᠥᠪᠵᠢᠭᠦᠯᠭᠡ᠂ ᠲᠥᠷᠥᠯ ᠵᠦᠶᠯ ᠤᠨ ᠭᠠᠷᠴᠠᠭ ᠪᠠ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠵᠤ᠂ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶ ᠵᠡᠷᠭᠡ ᠰᠠᠯᠠᠭ᠎ᠠ | ᠮᠥᠴᠢᠷ ᠲᠠᠢ ᠬᠠᠮᠲᠤᠷᠠᠨ ᠣᠨ ᠤ ᠬᠤᠳᠠᠯᠳᠤᠨ ᠠᠪᠬᠤ ᠲᠥᠯᠥᠪᠯᠡᠭᠡ ᠶᠢ ᠲᠣᠭᠲᠠᠭᠠᠵᠤ᠂ ᠬᠡᠷᠡᠭᠴᠡᠭᠡ ᠶᠢ ᠦᠨᠳᠦᠰᠦᠯᠡᠨ ᠬᠡᠷᠡᠭᠯᠡᠬᠦ ᠵᠠᠷᠯᠢᠭ ᠪᠠᠭᠤᠯᠭᠠᠨ᠎ᠠ᠃ | ᠲᠤᠭᠤᠷᠢᠭ ᠤᠨ ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠣᠯᠤᠨ ᠡᠳ᠋ ᠪᠤᠳᠠᠰ ᠨᠥᠭᠡᠴᠡᠯᠡᠬᠦ ᠲᠣᠪᠴᠢᠶ᠎ᠠ︶ ᠳ᠋ᠦᠩᠱᠧᠩ | ᠲᠣᠭᠤᠷᠢᠭ ᠤᠨ ᠭᠠᠮᠰᠢᠭ ᠠᠴᠠ ᠠᠪᠤᠷᠠᠬᠤ ᠡᠳ᠋ ᠪᠤᠳᠠᠰ ᠨᠥᠭᠡᠴᠡᠯᠡᠬᠦ ᠲᠥᠯᠥᠪᠵᠢᠭᠦᠯᠭᠡ᠂ ᠲᠥᠷᠥᠯ ᠵᠦᠢᠯ ᠤᠨ ᠭᠠᠷᠴᠠᠭ ᠪᠣᠯᠤᠨ ᠪᠠᠷᠢᠮᠵᠢᠶ᠎ᠠ᠂ ᠣᠨ ᠤ | ᠬᠤᠳᠠᠯᠳᠤᠨ ᠠᠪᠬᠤ ᠲᠥᠯᠥᠪᠯᠡᠭᠡ ᠶᠢ ᠦᠨᠳᠦᠰᠦᠯᠡᠨ᠂ ᠳ᠋ᠦᠩᠱᠧᠩ ᠲᠣᠭᠤᠷᠢᠭ ᠤᠨ ᠭᠠᠮᠰᠢᠭ ᠠᠴᠠ ᠠᠪᠤᠷᠠᠬᠤ ᠡᠳ᠋ ᠪᠤᠳᠠᠰ ᠬᠤᠳᠠᠯᠳᠤᠨ ᠠᠪᠴᠤ ᠨᠥᠭᠡᠴᠡᠯᠡᠬᠦ᠂ | ᠡᠭᠡᠯᠵᠢᠯᠡᠭᠦᠯᠬᠦ ᠪᠠ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠭᠤᠴᠠᠵᠤ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ | ᠬᠥᠳᠡᠯᠭᠡᠨ ᠬᠡᠷᠡᠭᠯᠡᠬᠦ ᠵᠠᠷᠯᠢᠭ ᠢ ᠦᠨᠳᠦᠰᠦᠯᠡᠨ ᠳᠡᠰ ᠳᠠᠷᠠᠭᠠᠯᠠᠯ ᠲᠠᠢ ᠵᠣᠬᠢᠶᠠᠨ ᠪᠠᠶᠢᠭᠤᠯᠤᠨ ᠰᠢᠯᠵᠢᠭᠦᠯᠦᠨ ᠭᠠᠷᠭᠠᠨ᠎ᠠ᠃ | 4 . ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠤᠭᠤᠷᠥᠭ ᠤᠨ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶ᠎ᠠ | ᠯᠤᠭ᠎ᠠ ᠶᠢᠨ ᠴᠢᠬᠤᠯᠠ ᠬᠡᠷᠡᠭᠯᠡᠭᠡᠨ ᠤ ᠵᠦᠶᠯ ᠢ ᠨᠥᠭᠡᠴᠡᠯᠡᠬᠦ ᠬᠠᠮᠢᠶᠠᠷᠤᠯᠲᠠ ᠶᠢᠨ ᠲᠠᠯ᠎ᠠ ᠪᠠᠷ ᠬᠢ ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ | ︵1︶ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠤᠰᠤᠳ ᠴᠢᠬᠤᠯᠠ ᠬᠡᠷᠡᠭᠯᠡᠭᠡᠨ ᠤ ᠵᠦᠢᠯ ᠤᠨ ᠨᠥᠭᠡᠴᠡᠯᠡᠯ ᠤᠨ | ᠬᠠᠮᠢᠶᠠᠷᠤᠯᠲᠠ ᠶᠢ ᠬᠠᠷᠢᠭᠤᠴᠠᠨ᠎ᠠ᠃ | ︵2︶ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠮᠢᠬᠠᠨ ᠤ ᠵᠦᠶᠯ ᠤᠨ ᠨᠥᠭᠡᠴᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ | ︵3︶ ᠲᠤᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠬᠢᠯᠢ ᠶᠢᠨ ᠪᠣᠷᠣᠯᠠᠭᠤᠯᠬᠤ ᠴᠠᠶ ᠶᠢ ᠨᠥᠭᠡᠴᠡᠯᠡᠬᠦ ᠬᠠᠮᠢᠶᠠᠷᠤᠯᠲᠠ | ᠶᠢ ᠬᠠᠷᠢᠭᠤᠴᠠᠨ᠎ᠠ᠃ | 5 . ᠲᠤᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ ᠯᠤᠭ᠎ᠠ ᠬᠤᠯᠪᠤᠭᠳᠠᠬᠤ ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ ᠲᠤᠭᠤᠷᠢᠭ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠡᠮᠦᠷ ᠵᠠᠮ ᠤᠨ ᠵᠠᠮ ᠲᠡᠭᠡᠭᠡᠪᠦᠷᠢ ᠶᠢᠨ ᠠᠵᠢᠯ | ᠲᠥᠷᠥᠯ ᠤᠨ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠢ ᠬᠠᠷᠢᠭᠤᠴᠠᠨ ᠲᠤᠤᠱᠯᠠᠭᠤᠯᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠪᠦᠬᠦ ᠲᠤᠭᠤᠷᠢᠭ ᠤᠨ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ | ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ᠎ᠠ᠃ ᠪᠦᠬᠦ ᠲᠤᠭᠤᠷᠢᠭ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠲᠤᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠡᠮᠦᠷ | ᠵᠠᠮ ᠤᠨ ᠠᠶᠤᠯ ᠦᠭᠡᠶ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ | ᠲᠠᠪᠤᠳᠤᠭᠠᠷ ᠵᠦᠢᠯ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠳᠣᠣᠷᠠᠬᠢ ᠮᠡᠲᠦ | ᠳᠣᠲᠣᠭᠠᠳᠤ ᠶᠢᠨ ᠪᠠᠶᠢᠭᠤᠯᠤᠮᠵᠢ ᠲᠠᠢ᠄ | ︵ᠨᠢᠭᠡ︶ ᠠᠯᠪᠠᠨ ᠭᠡᠷ | ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭ᠎ᠠ ᠪᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠪᠢᠴᠢᠭ ᠮᠠᠲ᠋ᠧᠷᠢᠶᠠᠯ | ᠴᠠᠬᠢᠯᠭᠠᠨ ᠮᠡᠳᠡᠭᠡ ᠶᠢ ᠰᠢᠶᠳᠪᠦᠷᠢᠯᠡᠬᠦ᠂ ᠬᠤᠷᠠᠯ ᠤᠨ ᠶᠠᠪᠤᠳᠠᠯ᠂ ᠨᠠᠷᠢᠨ ᠪᠢᠴᠢᠭᠡᠴᠢ᠂ ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ᠂ ᠠᠮᠤᠷ ᠲᠦᠪᠰᠢᠨ ᠨᠢᠭᠤᠴᠠ ᠶᠢ | ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠣᠨᠢᠨ ᠮᠡᠳᠡᠭᠡᠨ ᠤ ᠤᠬᠠᠭᠤᠯᠭ᠎ᠠ᠂ ᠮᠡᠳᠡᠭᠡ ᠵᠠᠩᠭᠢ ᠶᠢ ᠮᠡᠳᠡᠭᠦᠯᠦᠨ | ᠬᠦᠷᠭᠡᠬᠦ᠂ ᠡᠳ᠋ ᠤᠨ ᠶᠠᠪᠤᠳᠠᠯ᠂ ᠪᠠᠶᠢᠭᠤᠯᠤᠮᠵᠢ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠳᠦᠷᠢᠮ ᠲᠣᠭᠲᠠᠭᠠᠯ ᠤᠨ ᠪᠠᠶᠢᠭᠤᠯᠤᠯᠲᠠ ᠵᠡᠷᠭᠡ | ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠬᠠᠤᠯᠢᠵᠢᠯ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠲᠦᠷᠢᠮ ᠲᠣᠭᠲᠠᠭᠠᠯ ᠢ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ | ︵ᠬᠤᠶᠠᠷ︶ ᠤᠯᠤᠰ ᠠᠷᠠᠳ ᠤᠨ ᠠᠵᠤ ᠠᠬᠤᠢ ᠪᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠠᠰᠤᠭ ︵ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠲᠠᠰᠤᠭ︶ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠣᠨ ᠤ ᠲᠥᠯᠥᠪᠯᠡᠭᠡ ᠪᠣᠯᠤᠨ ᠳ᠋ᠦᠩᠱᠧᠩ ᠲᠣᠭᠤᠷᠢᠭ ᠤᠨ ᠶᠡᠷᠦᠩᠬᠡᠶᠢᠯᠡᠭᠰᠡᠨ | ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠤᠭᠳᠠᠭᠠᠬᠤ ᠪᠠ ᠬᠡᠷᠡᠭᠵᠢᠭᠦᠯᠦᠨ᠎ᠡ᠃ ᠠᠵᠤ ᠠᠬᠤᠶ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ ᠵᠤᠬᠢᠴᠠᠭᠤᠯᠤᠨ᠎ᠠ᠃ ᠪᠡᠯᠡ ᠣᠷᠣᠭᠤᠯᠬᠤ ᠪᠡᠯᠡ ᠴᠤᠭᠯᠠᠭᠤᠯᠬᠤ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠨᠠᠭᠤᠯᠭ᠎ᠠ ᠳᠤᠷᠠᠳᠤᠨ᠎ᠠ᠃ ᠤᠯᠤᠰ ᠤᠨ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠬᠢᠭᠡᠳ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠩᠭᠤᠶ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ᠎ᠠ ᠃ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠠᠭᠤᠰᠤᠯᠳᠤᠭᠤᠯᠤᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ | ᠠᠬᠢᠭᠤᠯᠵᠤ᠂ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠤᠯᠤᠰ | ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠤᠭᠤᠷᠢᠭ ᠤᠨ | ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢ ᠲᠣᠬᠢᠷᠠᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠪᠣᠯᠤᠨ ᠴᠢᠬᠤᠯᠠ ᠶᠡᠭᠡ ᠲᠥᠷᠥᠯ ᠵᠦᠶᠯ | ᠨᠢ ᠡᠷᠬᠡ ᠮᠡᠳᠡᠯ ᠤᠨ ᠶᠣᠰᠣᠭᠠᠷ ᠴᠢᠬᠤᠯᠠ ᠶᠡᠭᠡ ᠲᠥᠷᠥᠯ ᠵᠦᠶᠯ ᠢ ᠬᠢᠨᠠᠵᠤ᠂ ᠡᠷᠬᠡ ᠮᠡᠳᠡᠯ ᠤᠨ ᠬᠡᠪᠴᠢᠶᠡᠨ ᠳᠣᠲᠣᠷᠠᠬᠢ ᠲᠥᠷᠥᠯ ᠵᠦᠶᠯ ᠢ ᠨᠤᠲᠠᠯᠠᠬᠤ ᠶᠢ | ᠵᠣᠬᠢᠶᠠᠨ ᠪᠠᠶᠢᠭᠤᠯᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢᠨ ᠲᠥᠷᠥᠯ ᠵᠦᠶᠯ ᠢ ᠮᠡᠳᠡᠭᠦᠯᠵᠦ᠂ | ᠳ᠋ᠦᠩᠱᠧᠩ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠶᠯ ᠳᠤ ᠬᠢᠨᠠᠯᠲᠠ ᠲᠠᠯᠪᠢᠵᠤ᠂ ᠬᠠᠮᠢᠶᠠᠷᠴᠤ᠂ ᠲᠣᠬᠢᠷᠠᠭᠤᠯᠤᠯᠲᠠ ᠬᠢᠨ᠎ᠡ᠃ | ᠵᠠᠰᠠᠮᠠᠯ ᠵᠠᠮ ᠪᠠ ᠰᠢᠦᠳᠠᠨ ᠤ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠰᠠᠨᠠᠭᠤᠯᠭ᠎ᠠ ᠶᠢ ᠳᠤᠷᠠᠳᠴᠤ᠂ | ᠴᠢᠬᠤᠯᠠ ᠶᠡᠭᠡ ᠰᠠᠭᠤᠷᠢ ᠳᠦᠬᠦᠭᠡᠷᠦᠮᠵᠢ ᠶᠢᠨ ᠪᠠᠶᠢᠷᠢᠯᠠᠭᠤᠯᠤᠯᠲᠠ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ ᠳ᠋ᠦᠩᠱᠧᠩ | ᠲᠣᠭᠤᠷᠢᠭ ᠤᠨ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠣᠯᠤᠨ | ᠠᠵᠢᠯ ᠲᠥᠷᠥᠯ ᠤᠨ ᠬᠢᠨᠠᠨ ᠪᠠᠶᠢᠴᠠᠭᠠᠭᠰᠠᠨ ᠰᠠᠨᠠᠯ ᠢ ᠰᠤᠳᠤᠯᠤᠨ ᠳᠤᠷᠠᠳᠤᠨ᠎ᠠ︔ ᠳ᠋ᠦᠩᠱᠧᠩ ᠲᠣᠭᠤᠷᠢᠭ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ | ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ᠂ ᠲᠥᠪᠯᠡᠷᠡᠭᠦᠯᠦᠨ ᠲᠠᠷᠬᠠᠭᠠᠬᠤ ᠲᠡᠭᠡᠭᠡᠪᠦᠷᠢ ᠶᠢᠨ ᠰᠢᠰᠲ᠋ᠧᠮ ᠤᠨ ᠲᠥᠯᠥᠪᠵᠢᠭᠦᠯᠭᠡ ᠪᠣᠯᠤᠨ ᠣᠨ ᠤ | ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳ᠋ᠦᠩᠱᠧᠩ ᠲᠣᠭᠤᠷᠢᠭ ᠤᠨ ᠲᠡᠮᠦᠷ ᠵᠠᠮ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠲᠡᠮᠦᠷ ᠵᠠᠮ ᠵᠢᠴᠢ ᠬᠤᠯᠪᠣᠭᠳᠠᠯ | ᠪᠦᠬᠦᠢ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠳᠠᠯᠪᠢᠵᠤ ᠪᠠᠶᠢᠴᠠᠭᠠᠯᠳᠠ ᠬᠢᠨ᠎ᠡ᠃ | ᠵᠦᠪᠯᠡᠯ ᠤᠨ ᠪᠠᠶᠢᠭᠤᠯᠭ᠎ᠠ ᠶᠢᠨ ᠭᠤᠶᠤᠴᠢᠯᠠᠯᠳᠠ ᠶᠢ ᠦᠨᠳᠦᠰᠦᠯᠡᠨ ᠵᠠᠰᠠᠭ ᠵᠠᠬᠢᠷᠭᠠᠨ ᠤ ᠵᠦᠪᠰᠢᠶᠡᠷᠡᠬᠦ᠂ ᠨᠤᠲᠠᠯᠠᠬᠤ᠂ ᠱᠠᠩᠨᠠᠬᠤ᠂ ᠥᠭᠬᠦ ᠪᠠᠭᠤᠯᠭᠠᠬᠤ | ᠵᠦᠢᠯᠡᠰ ᠢ ᠬᠦᠯᠢᠶᠡᠨ ᠠᠪᠴᠤ ᠰᠢᠶᠳᠪᠦᠷᠢᠯᠡᠬᠦ᠂ ᠬᠢᠨᠠᠨ ᠵᠥᠪᠰᠢᠶᠡᠷᠡᠬᠦ᠂ ᠰᠢᠯᠵᠢᠭᠦᠯᠦᠨ ᠮᠡᠳᠡᠭᠦᠯᠬᠦ ᠵᠡᠷᠭᠡ ᠠᠵᠢᠯ ᠪᠠ ᠡᠳᠦᠷ ᠲᠤᠲᠤᠮ ᠤᠨ ᠬᠠᠮᠢᠶᠠᠷᠤᠯᠲᠠ | ᠦᠢᠯᠡᠴᠢᠯᠡᠭᠡᠨ ᠤ ᠲᠥᠷᠥᠯ ᠤᠨ ᠵᠦᠢᠯᠡᠰ ᠢ ᠬᠢᠨᠠᠨ ᠬᠠᠷᠭᠤᠭᠤᠯᠬᠤ᠂ ᠵᠥᠪᠰᠢᠶᠡᠷᠡᠬᠦ᠂ ᠳᠠᠩᠰᠠᠯᠠᠬᠤ ᠵᠡᠷᠭᠡ ᠠᠵᠢᠯ ᠢ ᠡᠭᠦᠷᠭᠡᠯᠡᠨ᠎ᠡ᠃ | ︵ᠭᠤᠷᠪᠠ︶ ᠡᠳ᠋ ᠤᠨ ᠵᠠᠰᠠᠭ ᠮᠥᠩᠭᠦᠨ ᠭᠦᠢᠯᠭᠡᠭᠡ ᠪᠠ ᠠᠵᠤ ᠦᠢᠯᠡᠰ ᠤᠨ ᠬᠥᠭᠵᠢᠯᠲᠡ ᠶᠢᠨ ᠲᠠᠰᠤᠭ | ᠶᠡᠷᠦᠩᠬᠡᠶᠢᠯᠡᠭᠰᠡᠨ ᠴᠢᠨᠠᠷᠲᠠᠢ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ᠃ ᠠᠵᠤ ᠦᠢᠯᠡᠳᠪᠦᠷᠢ᠂ | ᠦᠢᠯᠡᠴᠢᠯᠡᠭᠡᠨ ᠤ ᠦᠢᠯᠡᠰ᠂ ᠳᠡᠭᠡᠳᠦ ᠮᠡᠷᠭᠡᠵᠢᠯ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ | ᠪᠠᠶᠢᠭᠤᠯᠤᠨᠲ᠋ᠤᠭᠤᠷᠪᠢᠨ ᠲᠣᠭᠲᠠᠭᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ᠂ ᠰᠢᠨᠵᠢᠯᠡᠬᠦ | ᠤᠬᠠᠭᠠᠨ ᠮᠡᠷᠭᠡᠵᠢᠯ ᠤᠨ ᠰᠠᠭᠤᠷᠢ ᠳᠦᠬᠦᠭᠡᠷᠦᠮᠵᠢ ᠶᠢᠨ ᠴᠢᠬᠤᠯᠠ ᠶᠡᠭᠡ ᠲᠥᠷᠥᠯ ᠵᠦᠢᠯ ᠤᠨ ᠪᠠᠶᠢᠷᠢᠯᠠᠭᠤᠯᠤᠯᠳᠠ ᠶᠢᠨ ᠰᠠᠨᠠᠭᠤᠯᠭ᠎ᠠ ᠪᠣᠯᠤᠨ ᠬᠠᠮᠢᠶ᠎ᠠ ᠪᠦᠬᠦᠢ ᠠᠵᠤ | ᠦᠢᠯᠡᠰ ᠤᠨ ᠴᠢᠬᠤᠯᠠ ᠶᠡᠭᠡ ᠢᠨᠵᠧᠨᠧᠷᠢᠩ ᠢ ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠬᠦᠯᠦᠨ᠎ᠡ᠃ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ | ᠳᠡᠯᠭᠡᠷᠡᠭᠦᠯᠦᠨ ᠬᠡᠷᠡᠭᠯᠡᠬᠦ ᠪᠠ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ᠎ᠠ᠃ | ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ | ᠶᠢ ᠠᠬᠢᠭᠤᠯᠤᠨ᠎ᠠ︔ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠲᠤᠭᠠᠵᠢᠭᠤᠯᠤᠭᠰᠠᠨ ᠠᠵᠤ ᠠᠬᠤᠢ ᠶᠢᠨ ᠬᠥᠭᠵᠢᠯᠲᠡ | ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠤᠮᠤ ᠳ᠋ᠠᠶᠢᠲ᠋ᠠ ᠶᠢᠨ ᠪᠠᠶᠢᠯᠳᠤᠬᠤ ᠪᠤᠳᠤᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠤᠨ ᠪᠡᠯᠡ | ᠣᠷᠣᠭᠤᠯᠤᠯᠲᠠ ᠶᠢ ᠠᠬᠢᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ | ᠲᠣᠭᠲᠠᠭᠠᠨ᠎ᠠ᠃ ᠠᠮᠤ ᠪᠤᠳᠠᠭ᠎ᠠ᠂ ᠬᠥᠪᠥᠩ᠂ ᠰᠢᠬᠢᠷ᠂ ᠬᠢᠮᠢ ᠶᠢᠨ ᠪᠤᠷᠳᠤᠭᠤᠷ ᠵᠡᠷᠭᠡ ᠶᠢ ᠨᠥᠭᠡᠴᠡᠯᠡᠬᠦ ᠲᠥᠯᠥᠪᠵᠢᠭᠦᠯᠭᠡ ᠪᠠ ᠶᠡᠷᠦᠩᠬᠡᠢ ᠬᠡᠮᠵᠢᠶᠡᠨ ᠤ ᠲᠥᠯᠥᠪᠯᠡᠭᠡ | ᠶᠢ ᠲᠣᠭᠲᠠᠭᠠᠨ᠎ᠠ᠃ ᠳ᠋ᠦᠩᠱᠧᠩ ᠲᠣᠭᠤᠷᠢᠭ ᠤᠨ ᠨᠡᠶᠢᠭᠡᠮ ᠤᠨ ᠪᠡᠯᠡ ᠮᠥᠩᠭᠦ ᠶᠢᠨ ᠲᠡᠩᠴᠡᠭᠦᠷᠢ ᠪᠣᠯᠤᠨ ᠡᠳ᠋ ᠤᠨ ᠵᠠᠰᠠᠭ᠂ ᠮᠥᠩᠭᠦᠨ ᠭᠦᠶᠯᠭᠡᠭᠡᠨ ᠤ ᠪᠠᠶᠢᠭᠤᠯᠤᠯ | ᠤᠨ ᠥᠭᠡᠷᠡᠴᠢᠯᠡᠯᠲᠡ ᠵᠡᠷᠭᠡ ᠠᠰᠠᠭᠤᠳᠠᠯ ᠢ ᠰᠤᠳᠤᠯᠤᠨ ᠵᠠᠳᠠᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠲᠤ ᠭᠠᠷᠤᠭᠰᠠᠨ ᠪᠤᠰᠤ ᠺᠣᠮᠫᠠᠨᠢ ᠲᠠᠢ | ᠬᠠᠮᠵᠢᠯᠴᠠᠨ ᠠᠵᠤ ᠠᠬᠤᠶᠢᠯᠠᠯ ︵ᠵᠠᠬ᠎ᠠ ᠳᠡᠯᠭᠡᠭᠦᠷ ᠲᠤ ᠭᠠᠷᠤᠭᠰᠠᠨ ᠪᠤᠰᠤ︶ ᠤᠨ ᠵᠢᠭᠡᠯᠡᠯᠭᠡ ᠶᠢᠨ ᠳᠡᠮᠳᠡᠭᠳᠤ ᠲᠠᠷᠬᠠᠭᠠᠬᠤ ᠬᠠᠮᠢᠶ᠎ᠠ ᠪᠦᠬᠦᠢ ᠠᠵᠢᠯ ᠢ | ᠥᠷᠨᠢᠭᠦᠯᠦᠨ᠎ᠡ᠃ ᠲᠤᠭᠤᠷᠢᠭ ᠤᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠬᠡᠷᠡᠭ | ᠶᠠᠪᠤᠳᠠᠯ ᠢ ᠬᠠᠷᠢᠭᠤᠴᠠᠨ᠎ᠠ᠃ | ︵ᠳᠥᠷᠪᠡ︶ ᠲᠠᠷᠢᠶᠠᠯᠠᠩ ᠮᠠᠯ ᠠᠵᠤ ᠠᠬᠤᠶ ᠶᠢᠨ ᠡᠨᠧᠷᠭᠢ ᠠᠷᠪᠢᠯᠠᠬᠤ ᠪᠠ ᠣᠷᠣᠨ ᠪᠦᠰᠡ ᠶᠢᠨ ᠠᠵᠤ ᠠᠬᠤᠶ ᠶᠢᠨ ᠬᠠᠮᠳᠤᠷᠠᠯᠴᠠᠭ᠎ᠠ ᠶᠢᠨ ᠭᠡᠷ | ᠬᠥᠳᠡᠭᠡ ᠲᠣᠰᠬᠤᠨ ᠤ ᠠᠵᠤ ᠠᠬᠤᠶ ᠪᠠ ᠠᠮᠢ ᠠᠬᠤᠶ ᠶᠢᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ | ᠢ ᠵᠣᠬᠢᠴᠠᠭᠤᠯᠤᠨ᠎ᠠ᠃ ᠲᠠᠷᠢᠶᠠᠯᠠᠩ ᠮᠠᠯ ᠠᠵᠤ ᠠᠬᠤᠶ᠂ ᠣᠶ ᠰᠢᠭᠤᠶ᠂ ᠨᠤᠲᠤᠭ ᠪᠡᠯᠴᠢᠭᠡᠷ᠂ ᠤᠰᠤᠨ ᠠᠰᠢᠭᠯᠠᠯᠲᠠ᠂ ᠴᠠᠭ ᠠᠭᠤᠷ᠂ ᠠᠮᠢ ᠠᠬᠤᠶ ᠬᠢᠭᠡᠳ | ᠲᠠᠷᠢᠶᠠᠯᠠᠬᠤ ᠮᠠᠯᠵᠢᠬᠤ ᠣᠷᠣᠨ ᠤ ᠬᠤᠯᠪᠣᠭᠳᠠᠯ ᠪᠦᠬᠦᠢ ᠰᠠᠭᠤᠷᠢ ᠪᠡᠯᠡᠳᠬᠡᠮᠵᠢ ᠵᠡᠷᠭᠡ ᠶᠢᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠪᠣᠯᠤᠨ ᠲᠥᠷᠥ | ᠶᠢᠨ ᠪᠣᠳᠣᠯᠭ᠎ᠠ ᠶᠢ ᠵᠣᠯᠭᠠᠯᠳᠤᠭᠤᠯᠤᠨ ᠲᠡᠩᠴᠡᠭᠦᠷᠢ ᠲᠠᠢ ᠪᠠᠶᠢᠯᠭᠠᠵᠤ᠂ ᠴᠢᠬᠤᠯᠠ ᠶᠡᠭᠡ ᠲᠥᠷᠥᠯ ᠵᠦᠢᠯ ᠤᠨ ᠪᠠᠶᠢᠷᠢᠯᠠᠭᠤᠯᠤᠯᠳᠠ ᠶᠢᠨ ᠰᠠᠨᠠᠭᠤᠯᠭ᠎ᠠ ᠶᠢ ᠳᠤᠷᠠᠳᠬᠤ | ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠠᠮᠢ ᠠᠬᠤᠶ ᠶᠢᠨ ᠬᠠᠮᠠᠭᠠᠯᠠᠯᠲᠠ ᠶᠢᠨ ᠨᠦᠬᠦᠪᠤᠷᠢᠯᠡᠬᠦ | ᠲᠣᠭᠲᠠᠴᠠ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠠᠬᠢᠭᠤᠯᠤᠨ᠎ᠠ᠃ | ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠶᠢ ᠬᠢᠵᠠᠭᠠᠷᠯᠠᠬᠤ ᠬᠠᠷᠠᠯᠲᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠳ᠋ᠦᠩᠱᠧᠩ ᠲᠣᠭᠤᠷᠢᠭ ᠤᠨ ᠤᠯᠤᠰ ᠤᠨ ᠭᠠᠵᠠᠷ ᠰᠢᠷᠣᠶ ᠶᠢ ᠴᠡᠭᠴᠡᠯᠡᠨ ᠵᠠᠰᠠᠬᠤ᠂ ᠨᠡᠭᠡᠭᠡᠨ ᠠᠰᠢᠭᠯᠠᠬᠤ ᠪᠠ ᠬᠠᠮᠠᠭᠠᠯᠠᠬᠤ ᠲᠥᠷᠥ ᠶᠢᠨ ᠪᠣᠳᠣᠯᠭ᠎ᠠ ᠶᠢ | ᠵᠣᠬᠢᠴᠠᠭᠤᠯᠤᠨ᠎ᠠ᠃ ᠭᠤᠣᠯᠳᠠᠯᠭ᠎ᠠ ᠲᠠᠢ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠ ᠰᠠᠪᠠ ᠭᠠᠵᠠᠷ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ | ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠬᠢ ᠪᠠᠶᠠᠯᠢᠭ ᠤᠨ ᠬᠡᠯᠪᠡᠷᠢ ᠪᠦᠬᠦᠢ ᠭᠠᠵᠠᠷ ᠣᠷᠣᠨ ᠤ ᠠᠵᠤ | ᠠᠬᠤᠶ ᠶᠢᠨ ᠬᠡᠯᠪᠡᠷᠢ ᠪᠠᠨ ᠬᠤᠪᠢᠷᠠᠭᠤᠯᠬᠤ ᠪᠠ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠳᠠᠭᠰᠠᠨ ᠣᠷᠣᠨ ᠵᠢᠴᠢ ᠲᠤᠰᠠᠭᠠᠷ ᠦᠢᠯᠡᠳᠪᠦᠷᠢ | ᠠᠭᠤᠷᠬᠠᠶ ᠶᠢᠨ ᠣᠷᠣᠨ ᠢ ᠬᠥᠭᠵᠢᠭᠦᠯᠬᠦ ᠲᠥᠰᠦᠯ᠂ ᠲᠥᠷᠥ ᠶᠢᠨ ᠪᠣᠳᠣᠯᠭ᠎ᠠ ᠶᠢ ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠳ᠋ᠦᠩᠱᠧᠩ ᠲᠣᠭᠤᠷᠢᠭ ᠤᠨ ᠵᠣᠬᠢᠴᠠᠩᠭᠤᠶ ᠬᠥᠭᠵᠢᠯᠲᠡ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ ᠪᠠ ᠣᠷᠣᠨ ᠪᠦᠰᠡ ᠶᠢᠨ ᠵᠣᠬᠢᠴᠠᠩᠭᠤᠶ | ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠶ ᠲᠥᠯᠥᠪᠯᠡᠨ ᠰᠤᠳᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠣᠷᠣᠨ | ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠷᠣᠨ ᠪᠦᠰᠡ ᠶᠢᠨ ᠲᠥᠯᠥᠪᠵᠢᠭᠦᠯᠭᠡ ᠪᠠ | ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠪᠠᠷᠠᠭᠤᠨ ᠬᠡᠰᠡᠭ ᠤᠨ ᠭᠠᠵᠠᠷ ᠣᠷᠣᠨ ᠢ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ | ᠬᠡᠷᠡᠭᠵᠢᠭᠦᠯᠦᠯᠲᠡ ᠶᠢ ᠠᠬᠢᠭᠤᠯᠤᠨ᠎ᠠ᠃ ᠳ᠋ᠦᠩᠱᠧᠩ ᠲᠣᠭᠤᠷᠢᠭ ᠤᠨ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠳᠤ ᠠᠭᠤᠰᠤᠯᠴᠠᠬᠤ ᠶᠢ | ᠠᠬᠢᠭᠤᠯᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠵᠤ᠂ ᠣᠯᠠᠨ ᠤᠯᠤᠰ ᠤᠨ | ᠬᠤᠭᠤᠷᠣᠨᠳᠣᠬᠢ ᠠᠵᠤ ᠠᠬᠤᠶ ᠶᠢᠨ ᠰᠣᠯᠢᠯᠴᠠᠭ᠎ᠠ ᠬᠠᠮᠲᠤᠷᠠᠯᠴᠠᠭ᠎ᠠ ᠳᠤ ᠣᠷᠣᠯᠴᠠᠨ᠎ᠠ᠃ ᠭᠠᠳᠠᠭᠠᠳᠤ ᠪᠡᠯᠡ ᠪᠠ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢ | ᠠᠰᠢᠭᠯᠠᠬᠤ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ ᠵᠢᠴᠢ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠳ᠋ᠦᠩᠱᠧᠩ | ᠲᠣᠭᠤᠷᠢᠭ ᠤᠨ ᠪᠥᠬᠦ ᠰᠢᠰᠲ᠋ᠧᠮ ᠤᠨ ᠭᠠᠳᠠᠭᠠᠳᠤ ᠵᠢᠭᠡᠯᠡᠯᠭᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠠᠵᠢᠯ ᠢ ᠡᠭᠦᠷᠭᠡᠯᠡᠨ᠎ᠡ᠃ | ︵ᠲᠠᠪᠤ︶ ᠪᠠᠷᠠᠭᠠᠨ ᠤ ᠦᠨ᠎ᠡ ᠶᠢᠨ ᠵᠢᠭᠡᠯᠡᠯᠭᠡ ᠪᠠ ᠨᠡᠶᠢᠭᠡᠮ ᠤᠨ ᠬᠥᠭᠵᠢᠯᠲᠡ ᠶᠢᠨ ᠲᠠᠰᠤᠭ | ᠦᠨ᠎ᠡ ᠬᠠᠩᠰᠢ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠵᠦ᠂ ᠦᠨ᠎ᠡ ᠬᠠᠩᠰᠢ ᠶᠢᠨ ᠰᠡᠷᠡᠮᠵᠢᠯᠡᠭᠦᠯᠬᠦ᠂ ᠦᠨ᠎ᠡ ᠬᠠᠩᠰᠢ ᠶᠢᠨ ᠤᠬᠠᠭᠤᠯᠭ᠎ᠠ ᠵᠡᠷᠭᠡ | ᠠᠵᠢᠯ ᠢ ᠬᠠᠷᠢᠭᠤᠴᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠦᠨ᠎ᠡ ᠬᠠᠩᠰᠢ ᠶᠢᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠡᠷᠬᠡ ᠤᠯᠭᠤᠨ ᠲᠤᠭᠤᠷᠢᠭ ᠤᠨ ᠳᠡᠰ ᠠᠴᠠ ᠬᠠᠮᠢᠶᠠᠷᠤᠨ ᠲᠣᠭᠲᠠᠭᠠᠬᠤ ᠪᠤᠶᠤ | ᠲᠣᠬᠢᠷᠠᠭᠤᠯᠬᠤ ᠴᠢᠬᠤᠯᠠ ᠲᠠᠸᠠᠷ᠂ ᠦᠢᠯᠡᠴᠢᠯᠡᠭᠡᠨ ᠤ ᠦᠨ᠎ᠡ ᠬᠠᠩᠰᠢ ᠪᠣᠯᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ | ᠲᠤᠭᠳᠠᠭᠠᠬᠤ ᠪᠠ ᠲᠣᠬᠢᠷᠠᠭᠤᠯᠤᠨ᠎ᠠ᠃ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠵᠦ᠂ ᠦᠨ᠎ᠡ ᠬᠠᠩᠰᠢ ᠶᠢᠨ ᠵᠢᠭᠤᠷᠠᠯᠳᠤᠭᠠᠨ ᠢ | ᠡᠶᠡᠳᠡᠭᠦᠯᠦᠨ᠎ᠡ᠃ ᠦᠨ᠎ᠡ ᠬᠠᠩᠰᠢ ᠶᠢᠨ ᠥᠪᠡᠷ ᠤᠨ ᠥᠷᠲᠡᠭ ᠢ ᠪᠠᠶᠢᠴᠠᠭᠠᠨ ᠬᠢᠨᠠᠬᠤ ᠠᠵᠢᠯ ᠢ ᠥᠷᠨᠢᠭᠦᠯᠵᠦ᠂ ᠦᠨ᠎ᠡ ᠬᠠᠩᠰᠢ ᠶᠢᠨ ᠲᠤᠭ᠎ᠠ ᠪᠠᠷᠢᠮᠲᠠ ᠵᠢᠴᠢ | ᠮᠠᠲ᠋ᠧᠷᠢᠶᠠᠯ ᠢ ᠬᠢᠨᠠᠨ ᠬᠡᠮᠵᠢᠬᠦ᠂ ᠮᠡᠳᠡᠭᠦᠯᠦᠨ ᠬᠦᠷᠭᠡᠬᠦ ᠶᠢ ᠬᠠᠷᠢᠭᠤᠴᠠᠨ᠎ᠠ᠃ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠳ᠋ᠦᠩᠱᠧᠩ ᠲᠣᠭᠤᠷᠢᠭ | ᠤᠨ ᠵᠠᠰᠠᠭ ᠤᠨ ᠣᠷᠳᠣᠨ ᠤ ᠦᠨ᠎ᠡ ᠲᠣᠭᠲᠠᠭᠠᠬᠤ ᠥᠪᠡᠷ ᠤᠨ ᠥᠷᠲᠡᠭ ᠢ ᠬᠢᠨᠠᠨ ᠪᠠᠶᠢᠴᠠᠭᠠᠨ᠎ᠠ᠃ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ | ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠳᠤᠷᠠᠳᠴᠤ ᠵᠣᠬᠢᠴᠠᠭᠤᠯᠤᠨ ᠬᠡᠷᠡᠭᠵᠢᠭᠦᠯᠦᠨ᠎ᠡ᠃ ᠨᠡᠶᠢᠭᠡᠮ ᠤᠨ ᠦᠢᠯᠡᠰ ᠪᠣᠯᠤᠨ ᠠᠵᠤ ᠦᠢᠯᠡᠰ | ᠤᠨ ᠬᠥᠭᠵᠢᠯᠲᠡ ᠶᠢ ᠵᠣᠬᠢᠴᠠᠭᠤᠯᠬᠤ ᠲᠥᠷᠥ ᠶᠢᠨ ᠪᠣᠳᠣᠯᠭ᠎ᠠ ᠵᠢᠴᠢ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠢ ᠵᠤᠬᠢᠴᠠᠭᠤᠯᠤᠨ᠎ᠠ᠃ ᠣᠯᠠᠨ ᠨᠡᠶᠢᠲᠡ | ᠶᠢᠨ ᠦᠨᠳᠦᠰᠦᠨ ᠦᠢᠯᠡᠴᠢᠯᠡᠭᠡᠨ ᠤ ᠳᠤᠭᠴᠠᠯᠴᠠᠭᠠ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠬᠥᠮᠦᠨ ᠠᠮᠠ ᠶᠢᠨ ᠬᠥᠭᠵᠢᠯᠲᠡ ᠪᠠ | ᠨᠠᠰᠤᠵᠢᠯᠲᠠ ᠶᠢ ᠠᠷᠭᠠᠴᠠᠬᠤ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠲᠣᠭᠲᠠᠭᠠᠨ᠎ᠠ᠃ ᠠᠵᠢᠯ ᠣᠯᠭᠤᠯᠲᠠ ᠶᠢ ᠠᠬᠢᠭᠤᠯᠬᠤ᠂ | ᠣᠷᠣᠯᠭ᠎ᠠ ᠶᠢᠨ ᠬᠤᠪᠢᠶᠠᠷᠢᠯᠠᠯᠲᠠ ᠶᠢ ᠲᠤᠬᠢᠷᠠᠭᠤᠯᠬᠤ᠂ ᠨᠡᠶᠢᠭᠡᠮ ᠤᠨ ᠪᠠᠲᠤᠯᠠᠭ᠎ᠠ ᠬᠢᠭᠡᠳ ᠠᠵᠤ ᠠᠬᠤᠢ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ | ᠪᠤᠳᠤᠯᠭ᠎ᠠ᠂ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠲᠡᠭᠦᠯᠳᠡᠷᠵᠢᠭᠦᠯᠬᠦ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠵᠢᠴᠢ | ᠬᠤᠯᠪᠣᠭᠳᠠᠯ ᠪᠦᠬᠦᠢ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠬᠡᠷᠡᠭᠯᠡᠭᠡ ᠶᠢ ᠠᠬᠢᠭᠤᠯᠬᠤ ᠪᠠᠶᠢᠭᠤᠯᠤᠯ ᠲᠣᠭᠲᠠᠴᠠ ᠵᠢᠴᠢ | ᠰᠠᠭᠤᠭᠠᠯᠢ ᠠᠷᠠᠳ ᠤᠨ ᠬᠡᠷᠡᠭᠯᠡᠭᠡ ᠶᠢ ᠥᠷᠭᠡᠳᠬᠡᠬᠦ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠬᠤ ᠶᠢᠨ ᠬᠠᠮᠲᠤ | ᠵᠣᠬᠢᠴᠠᠭᠤᠯᠤᠨ ᠬᠡᠷᠡᠭᠵᠢᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠳᠤᠭᠳᠠᠯᠴᠠᠭ᠎ᠠ ᠶᠢᠨ ᠪᠠᠶᠢᠭᠤᠯᠤᠯᠲᠠ ᠶᠢ ᠵᠢᠯᠣᠭᠤᠳᠤᠨ ᠠᠬᠢᠭᠤᠯᠬᠤ ᠶᠢ ᠬᠠᠷᠢᠭᠤᠴᠠᠨ᠎ᠠ᠃ | ︵ᠵᠢᠷᠭᠤᠭ᠎ᠠ︶ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠠᠰᠤᠭ | ᠳ᠋ᠦᠩᠱᠧᠩ ᠲᠣᠭᠤᠷᠢᠭ ᠤᠨ ᠠᠮᠤ ᠪᠤᠳᠠᠭ᠎ᠠ᠂ ᠡᠮ ᠤᠨ ᠵᠦᠶᠯ ᠤᠨ ᠨᠥᠭᠡᠴᠡ᠂ ᠭᠠᠮᠰᠢᠭ ᠠᠴᠠ ᠠᠪᠤᠷᠬᠠᠤ ᠡᠳ᠋ ᠪᠣᠳᠠᠰ ᠤᠨ ᠨᠥᠭᠡᠴᠡ ᠪᠠ ᠪᠤᠰᠤᠳ | ᠴᠢᠬᠤᠯᠠ ᠬᠡᠷᠡᠭᠯᠡᠭᠡᠨ ᠤ ᠵᠦᠶᠯ ᠤᠨ ᠨᠥᠭᠡᠴᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠳ᠋ᠦᠩᠱᠧᠩ ᠲᠣᠭᠤᠷᠢᠭ ᠤᠨ ᠠᠮᠤ | ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠬᠠᠮᠢᠶᠠᠷᠤᠯᠲᠠ ᠶᠢᠨ ᠲᠦᠷᠢᠮ᠂ ᠠᠷᠭ᠎ᠠ ᠶᠢ ᠲᠤᠭᠤᠷᠪᠢᠨ ᠲᠣᠭᠲᠠᠭᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ | ᠬᠤᠲᠠ᠂ ᠲᠣᠭᠤᠷᠢᠭ ᠤᠨ ᠴᠢᠬᠤᠯᠠ ᠡᠳ ᠪᠠᠷᠠᠭ᠎ᠠ ᠨᠥᠭᠡᠴᠡᠯᠡᠬᠦ ᠲᠥᠯᠥᠪᠵᠢᠭᠦᠯᠭᠡ᠂ ᠲᠥᠷᠥᠯ ᠵᠦᠢᠯ ᠤᠨ ᠭᠠᠷᠴᠠᠭ ᠢ ᠲᠤᠤᠱᠯᠠᠭᠤᠯᠤᠨ ᠬᠡᠷᠡᠭᠵᠢᠭᠦᠯᠬᠦ ᠰᠠᠨᠠᠭᠤᠯᠭ᠎ᠠ | ᠶᠢ ᠰᠤᠳᠤᠯᠤᠨ ᠳᠤᠷᠠᠳᠴᠤ᠂ ᠳ᠋ᠦᠩᠱᠧᠩ ᠲᠣᠭᠤᠷᠢᠭ ᠤᠨ ᠬᠤᠳᠠᠯᠳᠤᠨ ᠠᠪᠬᠤ᠂ ᠪᠣᠷᠣᠯᠠᠭᠤᠯᠬᠤ ᠵᠢᠴᠢ ᠡᠭᠡᠯᠵᠢᠯᠡᠭᠦᠯᠬᠦ ᠲᠥᠯᠥᠪᠯᠡᠭᠡ ᠶᠢ ᠳᠤᠷᠠᠳᠴᠤ᠂ | ᠬᠤᠳᠠᠯᠳᠤᠨ ᠠᠪᠴᠤ ᠬᠠᠳᠠᠭᠠᠯᠠᠬᠤ᠂ ᠡᠭᠡᠯᠵᠢᠯᠡᠭᠦᠯᠬᠦ ᠪᠠ ᠡᠳᠦᠷ ᠲᠤᠲᠤᠮ ᠤᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ | ᠬᠥᠳᠡᠯᠭᠡᠨ ᠬᠡᠷᠡᠭᠯᠡᠬᠦ ᠲᠥᠯᠥᠪᠯᠡᠭᠡ ᠪᠣᠯᠤᠨ ᠵᠠᠷᠯᠢᠭ ᠢ ᠨᠠᠶᠢᠳᠠᠪᠤᠷᠢᠵᠢᠭᠤᠯᠤᠨ᠎ᠠ᠃ ᠲᠤᠭᠤᠷᠢᠭ ᠤᠨ ᠳᠡᠰ ᠤᠨ ᠠᠮᠤ ᠪᠤᠳᠠᠭ᠎ᠠ ᠲᠣᠰᠣ ᠪᠣᠯᠤᠨ ᠡᠳ᠋ ᠪᠠᠷᠠᠭ᠎ᠠ ᠶᠢᠨ | ᠲᠤᠭ᠎ᠠ ᠬᠡᠮᠵᠢᠶ᠎ᠡ᠂ ᠶᠠᠰᠤ ᠴᠢᠨᠠᠷ ᠪᠣᠯᠤᠨ ᠬᠠᠳᠠᠭᠠᠯᠠᠯᠲᠠ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠳ᠋ᠦᠩᠱᠧᠩ ᠲᠣᠭᠤᠷᠢᠭ ᠤᠨ ᠠᠮᠤ | ᠪᠤᠳᠠᠭᠠᠨ ᠤ ᠭᠦᠢᠯᠭᠡᠭᠡᠨ ᠤ ᠠᠵᠢᠯ ᠲᠥᠷᠥᠯ ᠪᠣᠯᠤᠨ ᠳᠠᠭᠠᠭᠠᠨ ᠬᠠᠳᠠᠭᠠᠯᠠᠬᠤ ᠠᠵᠤ ᠠᠬᠤᠶᠢᠯᠠᠯ ᠤᠨ ᠠᠶᠤᠯ ᠦᠭᠡᠶ ᠬᠠᠳᠠᠭᠠᠯᠠᠬᠤ ᠪᠠ ᠠᠶᠤᠯ ᠦᠭᠡᠶ | ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠡᠭᠦᠷᠭᠡᠯᠡᠨ᠎ᠡ᠃ ᠠᠮᠤ ᠪᠤᠳᠠᠭᠠᠨ ᠤ ᠭᠦᠢᠯᠭᠡᠭᠡ ᠪᠠ ᠡᠳ᠋ ᠪᠣᠳᠠᠰ ᠨᠥᠭᠡᠴᠡᠯᠡᠬᠦ ᠬᠤᠯᠪᠣᠭᠳᠠᠯ ᠪᠦᠬᠦᠢ | ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠮᠤ ᠪᠤᠳᠠᠭᠠᠨ ᠤ | ᠭᠦᠢᠯᠭᠡᠭᠡ ᠪᠣᠯᠤᠨ ᠡᠳ᠋ ᠤᠨ ᠪᠤᠳᠠᠰ ᠨᠥᠭᠡᠴᠡᠯᠡᠬᠦ ᠡᠳ᠋ ᠤᠨ ᠵᠠᠰᠠᠭ ᠭᠠᠶᠢᠯᠢ ᠪᠣᠯᠤᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠵᠣᠬᠢᠴᠠᠭᠤᠯᠤᠨ | ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠠᠮᠤ ᠪᠤᠳᠠᠭ᠎ᠠ ᠪᠣᠯᠤᠨ ᠡᠳ᠋ ᠪᠣᠳᠠᠰ ᠨᠥᠭᠡᠴᠡᠯᠡᠬᠦ ᠠᠵᠢᠯ ᠢ ᠬᠢᠨᠠᠵᠤ ᠪᠠᠶᠢᠴᠠᠭᠠᠬᠤ ᠲᠦᠷᠢᠮ ᠢ ᠲᠤᠭᠤᠷᠪᠢᠨ | ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠦᠨᠳᠦ ᠶᠡᠭᠡ ᠬᠡᠷᠡᠭ ᠢ ᠰᠢᠪᠠᠳᠠᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠭᠦᠯᠬᠦ ᠠᠵᠢᠯ ᠢ | ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠬᠤᠰᠢᠭᠤ ᠲᠣᠭᠤᠷᠢᠭ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ | ᠤᠨ ᠰᠢᠯᠭᠠᠨ ᠬᠢᠨᠠᠬᠤ ᠪᠣᠳᠠᠲᠠᠶ ᠠᠵᠢᠯ ᠢ ᠬᠠᠷᠢᠭᠤᠴᠠᠨ᠋ ᠃ ᠳ᠋ᠦᠩᠱᠧᠩ ᠲᠣᠭᠤᠷᠢᠭ ᠤᠨ ᠠᠮᠤ ᠪᠤᠳᠠᠭᠠᠨ ᠤ ᠭᠦᠶᠯᠭᠡᠭᠡᠨ ᠤ ᠬᠠᠮᠢᠶᠠᠷᠤᠯᠲᠠ ᠶᠢᠨ ᠲᠦᠷᠢᠮ᠂ ᠠᠷᠭ᠎ᠠ | ᠶᠢ ᠲᠤᠭᠤᠷᠪᠢᠨ ᠲᠣᠭᠲᠠᠭᠠᠨ᠎ᠠ᠃ ᠳ᠋ᠦᠩᠱᠧᠩ ᠲᠣᠭᠤᠷᠢᠭ ᠤᠨ ᠠᠮᠤ ᠪᠤᠳᠠᠭᠠᠨ ᠤ ᠭᠦᠶᠯᠭᠡᠭᠡ᠂ ᠡᠳ᠋ ᠪᠤᠳᠠᠰ ᠨᠥᠭᠡᠴᠡᠯᠡᠬᠦ ᠰᠠᠭᠤᠷᠢ ᠳᠦᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢᠨ ᠪᠡᠯᠡ | ᠣᠷᠣᠭᠤᠯᠤᠯᠲᠠ ᠶᠢ ᠲᠣᠬᠢᠷᠠᠭᠤᠯᠬᠤ ᠰᠠᠨᠠᠭᠤᠯᠭ᠎ᠠ ᠳᠤᠷᠠᠳᠤᠨ᠎ᠠ᠃ ᠠᠮᠤ ᠪᠤᠳᠠᠭ᠎ᠠ ᠪᠣᠯᠤᠨ ᠡᠳ᠋ ᠪᠤᠳᠠᠰ ᠨᠥᠭᠡᠴᠡᠯᠡᠬᠦ ᠶᠢᠨ ᠮᠡᠳᠡᠭᠡ ᠵᠠᠩᠭᠢᠴᠢᠯᠠᠬᠤ ᠪᠠᠶᠢᠭᠤᠯᠤᠯᠲᠠ | ᠶᠢᠨ ᠠᠵᠢᠯ ᠢ ᠡᠭᠦᠷᠭᠡᠯᠡᠨ᠎ᠡ᠃ ᠠᠮᠤ ᠪᠤᠳᠠᠭᠠᠨ ᠤ ᠶᠠᠰᠤ ᠴᠢᠨᠠᠷ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠴᠡᠷᠢᠭ ᠤᠨ ᠠᠮᠤ ᠪᠤᠳᠠᠭᠠᠨ ᠤ | ᠬᠠᠩᠭᠠᠯᠭ᠎ᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠳ᠋ᠦᠩᠱᠧᠩ ᠲᠣᠭᠤᠷᠢᠭ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ᠂ | ᠠᠮᠤ ᠪᠤᠳᠠᠭᠠᠨ ᠤ ᠭᠦᠶᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠰᠤᠳᠤᠯᠤᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃ | ᠤᠯᠤᠰ ᠤᠨ ᠥᠮᠴᠢᠯᠡᠯ ᠤᠨ ᠠᠮᠤ ᠪᠤᠳᠠᠭᠠᠨ ᠤ ᠠᠵᠤ ᠠᠬᠤᠶᠢᠯᠠᠯ ᠤᠨ ᠥᠭᠡᠷᠡᠴᠢᠯᠡᠯᠲᠡ ᠪᠠ ᠬᠥᠭᠵᠢᠯᠲᠡ ᠶᠢ ᠠᠬᠢᠭᠤᠯᠤᠨ᠎ᠠ᠃ ᠠᠮᠤ ᠪᠤᠳᠠᠭᠠᠨ ᠤ ᠠᠵᠤ ᠦᠢᠯᠡᠰ | ᠤᠨ ᠠᠵᠤ ᠠᠬᠤᠶ ᠶᠢᠨ ᠠᠵᠢᠯᠯᠠᠭᠠᠨ ᠤ ᠲᠤᠭ᠎ᠠ ᠪᠦᠷᠢᠳᠬᠡᠯ ᠪᠣᠯᠤᠨ ᠵᠠᠳᠠᠯᠤᠯᠲᠠ ᠶᠢᠨ ᠠᠵᠢᠯ ᠢ ᠡᠭᠦᠷᠭᠡᠯᠡᠨ᠎ᠡ᠃ | ᠵᠢᠷᠭᠤᠳᠤᠭᠠᠷ ᠵᠦᠢᠯ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠪᠠᠶᠢᠭᠤᠯᠭ᠎ᠠ ᠶᠢᠨ | ᠵᠠᠰᠠᠭ ᠵᠠᠬᠢᠷᠭᠠᠨ ᠤ ᠣᠷᠣᠨ ᠲᠤᠭ᠎ᠠ 11 ᠨᠡᠷᠡᠰ᠃ ᠡᠷᠬᠢᠯᠡᠭᠴᠢ 1 ᠨᠡᠷᠡᠰ ︵ᠲᠤᠭᠤᠷᠢᠭ ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶᠠᠨ ᠤ | ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ︶᠂ ᠳᠡᠳ᠋ ᠡᠷᠬᠢᠯᠡᠭᠴᠢ 4 ᠨᠡᠷᠡᠰ ᠪᠤᠯᠤᠨ᠎ᠠ᠃ | ᠳᠣᠯᠣᠳᠤᠭᠠᠷ ᠵᠦᠢᠯ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠷᠢᠶ᠎ᠠ ᠠᠵᠢᠯ | ᠦᠢᠯᠡᠰ ᠤᠨ ᠨᠢᠭᠡᠴᠡ ᠶᠢᠨ ᠪᠠᠶᠢᠷᠢᠯᠠᠭᠤᠯᠤᠯᠲᠠ᠂ ᠲᠤᠰᠢᠶᠠᠯ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠣᠭᠲᠠᠭᠠᠨ᠎ᠠ᠃ | ᠨᠠᠶᠮᠠᠳᠤᠭᠠᠷ ᠵᠦᠢᠯ ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠤᠷᠢᠶ᠎ᠠ | ᠶᠢᠨ ᠪᠠᠶᠢᠭᠤᠯᠤᠮᠵᠢ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠂ ᠲᠡᠭᠦᠨ ᠤ ᠲᠣᠬᠢᠷᠠᠭᠤᠯᠤᠯᠲᠠ ᠶᠢ ᠳᠤᠮᠳᠠᠳᠤ ᠤᠯᠤᠰ | ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠤᠷᠢᠶ᠎ᠠ ᠶᠢᠨ ᠪᠠᠶᠢᠭᠤᠯᠤᠮᠵᠢ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ | ᠠᠴᠠ ᠲᠣᠭᠲᠠᠭᠰᠠᠨ ᠳᠡᠰ ᠳᠠᠷᠠᠭᠠᠯᠠᠯ ᠢᠶᠠᠷ ᠭᠦᠢᠴᠡᠳᠬᠡᠨ᠎ᠡ᠃ | ᠶᠢᠰᠦᠳᠦᠭᠡᠷ ᠵᠦᠢᠯ ᠲᠤᠰ ᠲᠣᠭᠲᠠᠭᠠᠯ ᠢ 2019 ᠣᠨ ᠤ 3 ᠰᠠᠷ᠎ᠠ ᠶᠢᠨ 29 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠨᠢᠭᠡᠴᠡ ᠶᠢᠨ ᠬᠠᠶ᠋ᠢᠭ᠄ ᠳ᠋ᠦᠩᠱᠧᠩ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ ᠭᠤᠷᠪᠠᠳᠤᠭᠠᠷ ᠳᠠᠪᠬᠤᠷᠯᠢᠭ | ᠠᠵᠢᠯᠯᠠᠬᠤ ᠴᠠᠭ᠄ 8᠄ 30 —12᠄ 00 / 15᠄ 00 —18᠄ 00 | ᠬᠠᠷᠢᠯᠴᠠᠬᠤ ᠬᠥᠮᠦᠨ᠄ ᠭᠤᠤ ᠵᠢᠶᠦ᠋ᠨ ᠪᠢᠶᠤᠤ | ᠬᠠᠷᠢᠯᠴᠠᠬᠤ ᠤᠲᠠᠰᠤ᠄ 8380898 | | |