ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠤ ᠶᠠᠪᠤᠳᠠᠯ ᠤᠨ ᠲᠡᠮᠳᠡᠭᠯᠡᠯ ︱ ᠳᠦᠷᠪᠡᠳᠦᠭᠡᠷ ᠰᠠᠷ᠎ᠠ
ᠨᠡᠶᠢᠲᠡᠯᠡᠭᠰᠡᠨ ᠴᠠᠭ᠄
2022/8/2
     4 ᠰᠠᠷ᠎ᠠ ᠶᠢᠨ 1 ᠤ ᠡᠳᠦᠷ᠂ 2021 ᠣᠨ ᠤ ᠳ᠋ᠦᠩᠱᠧᠩ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠦᠷᠢᠳᠬᠡᠯ ᠤᠨ ᠠᠯᠪᠠᠨ ᠮᠡᠳᠡᠭᠡ ᠶᠢ ᠨᠡᠶᠢᠲᠡᠯᠡᠪᠡ᠃     4 ᠰᠠᠷ᠎ᠠ ᠶᠢᠨ 1 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠭᠤᠸ ᡁᠢ ᠬᠤᠸᠠ ᠳ᠋ᠦᠩᠱᠧᠩ ᠲᠣᠭᠤᠷᠢᠭ ᠲᠤ ᠢᠷᠡᠵᠤ᠂ ᠣᠷᠳᠣᠰ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠵᠦ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠬᠠᠨ ᠶᠣᠣ ᠲᠢᠩ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠵᠠᠩ ᠵᠢᠶᠦ᠋ᠨ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃     4 ᠰᠠᠷ᠎ᠠ ᠶᠢᠨ 2 ᠤᠨ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠤᠷᠢᠳ ᠬᠤᠵᠢᠳ ᠠᠮᠢᠲᠠᠨ ᠤ ᠬᠦᠷᠢᠶᠡᠯᠡᠩ ᠤᠨ ᠭᠠᠯ ᠰᠡᠷᠭᠡᠶᠢᠯᠡᠬᠦ ᠬᠠᠷᠠᠭᠤᠯ ᠤᠨ ᠴᠠᠮᠬᠠᠭ᠂ ᠪᠤᠭᠤᠲᠤ ᠬᠤᠳᠠ ᠠᠴᠠ ᠭᠤᠸᠠᠩᠳᠦ᠋ᠩ ᠤᠨ ᠮᠣᠣ ᠮᠢᠩ ᠬᠤᠳᠠ ᠬᠦᠷᠬᠦ ᠬᠤᠷᠳᠤᠨ ᠤ ᠵᠠᠮ ᠤᠨ ᠳ᠋ᠦᠩᠱᠧᠩ ᠤᠨ ᠪᠠᠷᠠᠭᠤᠨᠳᠡᠬᠢ ᠭᠠᠷᠬᠤ ᠡᠬᠦᠳᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠡᠭ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠠᠶᠤᠯᠭᠦᠢ ᠦᠢᠯᠡᠳᠪᠦᠷᠢᠯᠡᠯ᠂ ᠨᠤᠲᠤᠭ ᠪᠡᠯᠴᠢᠭᠡᠷ ᠣᠶ ᠰᠢᠭᠤᠢ ᠶᠢᠨ ᠭᠠᠯ ᠤᠨ ᠠᠶᠤᠯ ᠢ ᠰᠡᠷᠬᠡᠶᠢᠯᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠲᠤᠬᠠᠢ ᠶᠢᠨ ᠲᠠᠯᠠᠪᠤᠷ ᠲᠤᠨᠢ ᠪᠠᠶᠢᠴᠠᠭᠠᠪᠠ᠃ ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠵᠠᠩ ᠪᠢᠩ ᠬᠠᠮᠲᠤ ᠪᠠᠷ ᠪᠠᠶᠢᠴᠠᠭᠠᠪᠠ᠃     4 ᠰᠠᠷ᠎ᠠ ᠶᠢᠨ 2 ᠤᠨ ᠡᠳᠦᠷ᠂ ᠳ᠋ᠦᠩᠱᠧᠩ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 31 ᠤᠳᠠᠭᠠᠨ ᠤ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠪᠠᠶᠢᠭᠤᠯᠭ᠎ᠠ ᠳᠠᠭᠠᠨ ᠪᠠᠶᠢᠭ᠎ᠠ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠰᠤᠯᠠ ᠣᠷᠣᠯᠴᠠᠪᠠ᠃     4 ᠰᠠᠷ᠎ᠠ ᠶᠢᠨ 2 ᠤᠨ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠠᠮᠢ ᠠᠬᠤᠢ ᠣᠷᠴᠢᠨ ᠨᠥᠬᠦᠴᠡᠯ ᠤᠨ ᠬᠠᠮᠠᠭᠠᠯᠠᠯᠲᠠ ᠪᠠ ᠲᠥᠪ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠭᠤᠷᠪᠠᠳᠤᠭᠠᠷ ᠳᠤᠭᠤᠶᠢᠯᠠᠩ ᠤᠨ ᠳᠤᠰᠢᠶᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠤᠨ ᠰᠢᠢᠳᠪᠦᠷᠢᠯᠡᠭᠰᠡᠨ ᠪᠠᠶᠢᠳᠠᠯ ᠳᠤ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠤᠳᠤᠷᠢᠳᠤᠯᠭ᠎ᠠ ᠭᠤᠤ ᠮᠢᠩ᠂ ᠵᠢᠶᠠᠩ ᠶᠤᠸᠠᠨ᠂ ᠳ᠋ᠦ᠋ ᠵᠢᠤᠸᠠᠨ᠂ ᠱᠢ ᠮᠣᠣ ᠯᠢᠨ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠠᠮᠲᠤᠪᠠᠷ ᠪᠠᠶᠢᠴᠠᠭᠠᠨ ᠰᠤᠳᠤᠯᠤᠯᠲᠠ ᠬᠢᠵᠡᠢ᠃     4 ᠰᠠᠷ᠎ᠠ ᠶᠢᠨ 2 ᠤᠨ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠲᠥᠪ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠭᠤᠷᠪᠠᠳᠤᠭᠠᠷ ᠳᠤᠭᠤᠶᠢᠯᠠᠩ ᠤᠨ ᠳᠤᠰᠢᠶᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠪᠣᠯᠣᠨ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠢ᠃     4 ᠰᠠᠷ᠎ᠠ ᠶᠢᠨ 2 ᠤᠨ ᠡᠳᠦᠷ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ 2022 ᠣᠨ ᠤ 8 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠯᠢ ᠰᠢᠶᠣᠣ ᠳ᠋ᠦᠩ᠂ ᠳ᠋ᠦ᠋ ᠵᠢᠤᠸᠠᠨ᠂ ᠶᠠᠩ ᠶᠦᠨ᠂ ᠵᠠᠩ ᠪᠢᠩ᠂ ᠳ᠋ᠦ᠋ ᠵᠢᠢ ᠺᠤᠸᠠᠨ ᠬᠤᠷᠠᠯ ᠳᠤ ᠣᠷᠣᠯᠴᠠᠵᠤ᠂ ᠲᠣᠭᠤᠷᠢᠭ ᠤᠨ ᠳᠡᠳ᠋ ᠳᠠᠷᠤᠭ᠎ᠠ ᠵᠢᠶᠠᠩ ᠶᠤᠸᠠᠨ ᠵᠢᠴᠢ ᠪᠤᠰᠤᠳ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠨᠠᠷ ᠬᠤᠷᠠᠯ ᠳᠤ ᠰᠤᠯᠠ ᠣᠷᠣᠯᠴᠠᠪᠠ᠃     4 ᠰᠠᠷ᠎ᠠ ᠶᠢᠨ 2 ᠤᠨ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠵᠢᠴᠢ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠳ᠋ᠦᠩᠨᠡᠯᠲᠡ ᠶᠢᠨ ᠬᠤᠷᠠᠯ ᠢ ᠬᠤᠷᠠᠯᠳᠤᠭᠤᠯᠵᠤ᠂ 2021 ᠣᠨ ᠤ ᠠᠵᠢᠯ ᠢ ᠳ᠋ᠦᠩᠨᠡᠵᠦ᠂ 2022 ᠣᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠴᠣᠬᠤᠯᠠᠪᠤᠷᠢ ᠥᠭᠴᠡᠢ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠥᠩ ᠵᠢᠶᠦ᠋ᠨ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠳᠤᠪᠴᠢᠶ᠎ᠠ  ᠶᠢᠨ ᠳ᠋ᠦᠩᠱᠧᠩ ᠲᠤᠭᠤᠷᠢᠭ ᠤᠨ ᠬᠤᠪᠢᠶᠠᠷᠢ ᠲᠣᠪᠴᠢᠶᠠᠨ ᠤ ᠳᠠᠷᠤᠭ᠎ᠠ ᠵᠠᠩ ᠪᠢᠩ ᠬᠤᠷᠠᠯ ᠢ ᠡᠷᠭᠢᠯᠡᠪᠡ᠃     4 ᠰᠠᠷ᠎ᠠ ᠶᠢᠨ 3  ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠲᠥᠪ ‍ᠦᠨ‌ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠭᠤᠷᠪᠠᠳᠤᠭᠠᠷ ᠳᠤᠭᠤᠶᠢᠯᠠᠩ ᠤᠨ ᠳᠤᠰᠢᠶᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠲᠤᠬᠠᠢ ᠶᠢᠨ ᠲᠠᠯᠠᠪᠠᠢ ᠳᠤ ᠱᠠᠯᠠᠪᠳᠠᠭᠤᠯᠤᠨ ᠰᠢᠢᠳᠪᠤᠷᠢᠯᠡᠪᠡ᠃ ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠭᠤᠸ ᠮᠢᠩ᠂ ᠵᠢᠶᠠᠩ ᠶᠤᠸᠠᠨ᠂ ᠵᠠᠩ ᠵᠢᠶᠠᠨ ᠬᠥᠩ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃     4 ᠰᠠᠷ᠎ᠠ ᠶᠢᠨ 4  ᠤ ᠡᠳᠦᠷ᠂ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠰᠢᠨ ᠢᠦᠢ ᠳ᠋ᠦᠩᠱᠧᠩ ᠲᠣᠭᠤᠷᠢᠭ ᠲᠤ ᠬᠦᠷᠴᠤ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠭᠤᠷᠪᠠᠳᠤᠭᠠᠷ ᠳᠤᠭᠤᠶᠢᠯᠠᠩ ᠤᠨ ᠳᠤᠰᠢᠶᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠲᠤᠭᠤᠷᠢᠭ ᠤᠨ ᠳᠡᠳ᠋ ᠳᠠᠷᠤᠭ᠎ᠠ ᠵᠢᠶᠠᠩ ᠶᠤᠸᠠᠨ ᠬᠠᠮᠳᠤ ᠪᠠᠶᠢᠴᠠᠭᠠᠨ ᠰᠤᠳᠤᠯᠤᠯᠳᠠ ᠬᠢᠪᠡ᠃ ᠸᠠᠩ ᠰᠢᠨ ᠢᠦᠢ ᠨᠠᠷ ᠤᠷᠢᠳ ᠬᠤᠵᠢᠳ ᠲᠦᠩᠴᠤᠸᠠᠨ ᠪᠠᠯᠭᠠᠰᠤᠨ ᠤ ᠵᠦᠩ ᠴᠧᠨ ᠬᠥᠯᠳᠡᠬᠦ ᠠᠴᠠ ᠰᠡᠷᠭᠡᠶᠢᠯᠡᠬᠦ ᠰᠢᠩᠭᠡᠨ ᠤ ᠦᠢᠯᠡᠳᠪᠦᠷᠢ᠂ ᠹᠦ᠋ ᠰᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠣᠣ ᠯᠢᠨ ᠨᠡᠶᠢᠭᠡᠮ ᠲᠣᠭᠤᠷᠢᠭ ᠤᠨ ᠸᠧᠨ ᠰᠢᠨ ᠬᠤᠸᠠ ᠶᠤᠸᠠᠨ ᠰᠠᠭᠤᠭᠠᠯᠢ ᠲᠤᠭᠤᠷᠢᠭ ᠤᠨ ᠬᠤᠶᠠᠳᠤᠭᠠᠷ ᠬᠤᠭᠤᠴᠠᠭ᠎ᠠ᠂ ᠨᠡᠬᠡᠮᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳ᠋ᠠ ᠯᠧᠢ ᠰᠢᠨ ᠱᠢ ᠵᠢᠶᠧ ᠰᠠᠭᠤᠭᠠᠯᠢ ᠲᠣᠭᠤᠷᠢᠭ ᠲᠤ ᠭᠦᠨᠵᠡᠭᠡᠶᠢᠷᠡᠵᠦ᠂ ᠬᠤᠯᠪᠤᠭᠳᠠᠯ ᠪᠦᠬᠦᠢ ᠬᠡᠷᠡᠭ ᠤᠨ ᠰᠢᠢᠳᠪᠤᠷᠢᠯᠡᠭᠰᠡᠨ ᠪᠠᠶᠢᠳᠠᠯ ᠪᠠ ᠤᠯᠠᠨ ᠲᠦᠮᠡᠨ ᠤ ᠲᠤᠰᠬᠠᠭᠰᠠᠨ ᠬᠤᠯᠪᠣᠭᠳᠠᠯ ᠪᠦᠬᠦᠢ ᠠᠰᠠᠭᠤᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃     4 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠱᠧ ᠰᠢ ᠸᠧᠨ ᠪᠥᠬᠦ ᠬᠤᠲᠠ ᠶᠢᠨ ᠴᠢᠳᠠᠪᠤᠷᠢᠲᠠᠨ ᠢ ᠬᠥᠮᠥᠵᠢᠭᠦᠯᠬᠦ ᠠᠵᠢᠯ ᠤᠨ ᠲᠤᠰᠬᠠᠢ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠳ᠋ᠦᠩᠱᠧᠩ ᠲᠣᠭᠤᠷᠢᠭ ᠲᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠵᠢᠯᠤᠭᠤᠳᠤᠯᠭ᠎ᠠ ᠬᠢᠪᠡ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠵᠢᠴᠢ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃     4 ᠰᠠᠷ᠎ᠠ ᠶᠢᠨ 7 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠳ᠋ᠦᠩᠱᠧᠩ ᠲᠣᠭᠤᠷᠢᠭ ᠤᠨ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠳᠤᠨᠢ ᠰᠢᠢᠳᠪᠤᠷᠢᠯᠡᠬᠦ︾ ᠠᠵᠢᠯ ᠤᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠲᠣᠭᠤᠷᠢᠭ ᠤᠨ ᠤᠳᠤᠷᠢᠳᠤᠯᠭ᠎ᠠ ᠨᠢᠶᠧ ᠵᠢᠶᠦ᠋ᠨ᠂ ᠭᠤᠤ ᠮᠢᠩ᠂ ᠵᠠᠩ ᠵᠢᠶᠦ᠋ᠨ ᠬᠤᠷᠠᠯ ᠳᠤ ᠣᠷᠣᠯᠴᠠᠵᠤ᠂ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃     4 ᠰᠠᠷ᠎ᠠ ᠶᠢᠨ 7  ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂  ᠲᠦᠩᠴᠤᠸᠠᠨ ᠪᠠᠯᠭᠠᠰᠤᠨ ᠤ ᠳᠡᠷᠡᠰᠤᠳᠤ ᠲᠣᠰᠬᠤᠨ ᠵᠢᠴᠢ ᠵᠢᠶᠠ ᠰᠢᠨ ᠳ᠋ᠧ ᠨᠡᠭᠦᠷᠡᠰᠦᠨ ᠠᠭᠤᠷᠬᠠᠢ᠂ ᠲᠧᠩ ᠶᠤᠸᠠᠨ ᠨᠡᠭᠦᠷᠡᠰᠦᠨ ᠠᠭᠤᠷᠬᠠᠢ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠭᠤᠷᠪᠠᠳᠤᠭᠠᠷ ᠳᠤᠭᠤᠶᠢᠯᠠᠩ ᠤᠨ ᠳᠤᠰᠢᠶᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠲᠠᠬᠢᠨ ᠰᠤᠳᠤᠯᠤᠨ ᠮᠠᠭᠠᠳᠯᠠᠵᠤ᠂ ᠲᠠᠬᠢᠨ ᠲᠣᠬᠢᠷᠠᠭᠤᠯᠵᠤ᠂ ᠲᠠᠬᠢᠨ ᠠᠬᠢᠭᠤᠯᠪᠠ᠃ ᠲᠣᠭᠤᠷᠢᠭ ᠤᠨ ᠤᠳᠤᠷᠢᠳᠤᠯᠭ᠎ᠠ ᠵᠢᠶᠠᠩ ᠶᠤᠸᠠᠨ᠂ ᠵᠠᠩ ᠪᠢᠩ᠂ ᠱᠢ ᠮᠣᠣ ᠯᠢᠨ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠭᠰᠠᠨ ᠪᠦᠭᠡᠳ ᠲᠤᠬᠠᠢ ᠶᠢᠨ ᠲᠠᠯᠠᠪᠠᠢ ᠳᠤ ᠱᠠᠯᠠᠪᠳᠠᠭᠤᠯᠤᠨ ᠰᠢᠢᠳᠪᠤᠷᠢᠯᠡᠬᠦᠯᠵᠡᠢ᠃     4 ᠰᠠᠷ᠎ᠠ ᠶᠢᠨ 8 ᠤ ᠡᠳᠦᠷ᠂ ᠳ᠋ᠦᠩᠱᠧᠩ ᠲᠣᠭᠤᠷᠢᠭ ᠤᠨ 2022 ᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠠᠶᠢᠴᠢᠯᠠᠯᠲᠠ ᠶᠢᠨ ᠶᠡᠭᠡ ᠬᠤᠷᠠᠯ ᠤᠷᠳᠤᠰ ᠤᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠳᠡ ᠶᠢᠨ ᠲᠣᠭᠤᠷᠢᠭ ᠤᠨ ᠲᠣᠨᠤᠭ ᠲᠥᠬᠦᠭᠡᠷᠦᠮᠵᠢ ᠦᠶᠯᠡᠳᠬᠦ ᠠᠵᠤ ᠦᠢᠯᠡᠰ ᠤᠨ ᠬᠦᠷᠢᠶᠡᠯᠡᠩ ᠳᠤ ᠶᠠᠪᠤᠭᠳᠠᠵᠤ᠂ 20 ᠴᠢᠬᠤᠯᠠ ᠶᠡᠭᠡ ᠲᠥᠷᠥᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 293 ᠳ᠋ᠦᠩᠰᠢᠭᠤᠷ ᠲᠥᠭᠦᠷᠢᠭ ᠲᠤ ᠬᠦᠷᠴᠡᠢ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠶᠡᠭᠡ ᠬᠤᠷᠠᠯ ᠳᠡᠭᠡᠷ᠎ᠡ ᠪᠠᠶᠠᠷ ᠤᠨ ᠦᠭᠡ ᠬᠡᠯᠡᠭᠰᠡᠨ ᠪᠥᠭᠡᠳ ᠠᠵᠢᠯ ᠡᠬᠢᠯᠡᠭᠰᠡᠨ ᠢ ᠵᠠᠷᠯᠠᠪᠠ᠃ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠤᠳᠤᠷᠢᠳᠤᠯᠭ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠤᠭᠤᠷᠢᠭ ᠤᠨ ᠳᠥᠷᠪᠡᠨ ᠶᠡᠭᠡ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠢ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠥᠩ ᠵᠢᠶᠦ᠋ᠨ ᠹᠧᠩ ᠬᠤᠷᠠᠯ ᠢ ᠡᠷᠭᠢᠯᠡᠪᠡ᠃     4 ᠰᠠᠷ᠎ᠠ ᠶᠢᠨ 8 ᠤ ᠡᠳᠦᠷ᠂ ᠳ᠋ᠦᠩᠱᠧᠩ ᠲᠣᠭᠤᠷᠢᠭ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠠᠢ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠵᠧᠨ ᠫᠢᠩ᠂ ᠯᠢᠦ ᠯᠠᠨ ᠰᠢᠶᠠᠩ᠂ ᠦ᠋ ᠹᠧᠢ ᠰᠢᠦ᠋ᠩ ᠬᠤᠷᠠᠯ ᠳᠤ ᠣᠷᠣᠯᠴᠠᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠰᠢᠶᠣᠣ ᠳ᠋ᠦᠩ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠨᠡᠷ᠎ᠡ ᠳᠤᠷᠠᠳᠤᠭᠰᠠᠨ ᠵᠢᠱᠢᠭᠳᠡᠭᠴᠢ ᠨᠢᠶᠧ ᠵᠢᠶᠦ᠋ᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠰᠠᠨ ᠵᠢᠱᠢᠭᠳᠡᠭᠴᠢ ᠵᠠᠩ ᠵᠢᠶᠠᠨ ᠬᠥᠩ ᠵᠢᠴᠢ ᠲᠤᠭᠤᠷᠢᠭ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃ ᠬᠤᠷᠠᠯ ᠠᠴᠠ᠂ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠵᠤᠶᠢᠯᠡᠰ ᠢ ᠪᠠᠳᠤᠯᠠᠵᠤ᠂ ᠲᠤᠰᠢᠶᠠᠯ ᠳᠤ ᠳᠤᠮᠢᠯᠠᠭᠳᠠᠭᠰᠠᠳ ᠲᠤᠰᠢᠶᠠᠯ ᠳᠤ ᠭᠠᠷᠬᠤ ᠶᠠᠷᠢᠶ᠎ᠠ ᠲᠠᠯᠪᠢᠪᠠ᠃ ᠵᠢᠢ ᠫᠢᠩ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠪᠠ᠃ ᠬᠤᠷᠠᠯ ᠳᠡᠭᠡᠷ᠎ᠡ ᠪᠠᠰᠠ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠠᠢ᠃     4 ᠰᠠᠷ᠎ᠠ ᠶᠢᠨ 8  ᠤ ᠡᠳᠦᠷ᠂ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠰᠢᠨ ᠢᠦᠢ ᠳ᠋ᠦᠩᠱᠧᠩ ᠲᠣᠭᠤᠷᠢᠭ ᠲᠤ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠭᠤᠷᠪᠠᠳᠤᠭᠠᠷ ᠳᠤᠭᠤᠶᠢᠯᠠᠩ ᠤᠨ ᠳᠤᠰᠢᠶᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠲᠤᠭᠤᠷᠢᠭ ᠤᠨ ᠤᠳᠤᠷᠢᠳᠤᠯᠭ᠎ᠠ ᠵᠢᠶᠠᠩ ᠶᠤᠸᠠᠨ᠂ ᠱᠢ ᠮᠣᠣ ᠯᠢᠨ ᠬᠠᠮᠲᠤᠪᠠᠷ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃     4 ᠰᠠᠷ᠎ᠠ ᠶᠢᠨ 8 ᠤ ᠡᠳᠦᠷ᠂ ᠳ᠋ᠦᠩᠱᠧᠩ ᠲᠣᠭᠤᠷᠢᠭ 2022 ᠣᠨ ᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠪᠦᠬᠦ ᠬᠤᠳᠠ ᠶᠢᠨ ᠨᠢᠭᠡᠳᠦᠮᠡᠯ ᠹᠷᠣᠨᠲ ᠤᠨ ᠭᠡᠯᠳᠡᠰ ᠤᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠪᠣᠯᠣᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ 2021 ᠣᠨ ᠤ ᠠᠵᠢᠯ ᠢ ᠳ᠋ᠦᠩᠨᠡᠨ᠂ 2022 ᠣᠨ ᠤ ᠨᠢᠭᠡᠳᠦᠮᠡᠯ ᠹᠷᠣᠨᠲ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ ᠡᠮᠦᠨ᠎ᠡ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠳ᠋ᠦᠩᠱᠧᠩ ᠲᠣᠭᠤᠷᠢᠭ ᠤᠨ ᠨᠢᠭᠡᠳᠦᠮᠡᠯ ᠹᠷᠣᠨᠲ ᠤᠨ ᠠᠵᠢᠯ  ᠳᠤ ᠴᠣᠬᠤᠯᠠᠪᠤᠷᠢ ᠬᠢᠪᠡ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠶᠢᠩ ᠴᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠲᠣᠭᠤᠷᠢᠭ ᠤᠨ ᠳᠡᠳ᠋ ᠳᠠᠷᠤᠭ᠎ᠠ ᠶᠠᠩ ᠶᠦᠨ ᠬᠤᠷᠠᠯ ᠢ ᠡᠷᠭᠢᠯᠡᠪᠡ᠃     4 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠭᠤᠸ ᠸᠧᠨ ᠬᠤᠩ ᠨᠠᠷ ᠳ᠋ᠦᠩᠱᠧᠩ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ᠂ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠣᠷᠳᠣᠰ ᠤᠨ ᠷᠠᠳᠢᠣ᠋ ᠲᠧᠯᠸᠢᠰ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠳ᠂ ᠲᠣᠭᠤᠷᠢᠭ ᠤᠨ ᠤᠳᠤᠷᠢᠳᠤᠯᠭ᠎ᠠ ᠯᠢᠦ ᠬᠤᠢ ᠪᠢᠨ᠂ ᠭᠤᠤ ᠮᠢᠩ ᠬᠠᠮᠳᠤ ᠪᠠᠶᠢᠴᠠᠭᠠᠨ ᠰᠤᠳᠤᠯᠤᠯᠲᠠ ᠬᠢᠵᠡᠢ᠃     4 ᠰᠠᠷ᠎ᠠ ᠶᠢᠨ 11 ᠤ ᠡᠳᠦᠷ᠂ 2022 ᠣᠨ ᠤ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠴᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠯᠵᠢᠭᠦᠯᠦᠨ ᠰᠢᠢᠳᠪᠤᠷᠢᠯᠡᠬᠦ ᠬᠤᠷᠠᠯ ᠢ ᠬᠤᠷᠠᠯᠳᠤᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠯᠢ ᠰᠢᠶᠣᠣ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠠᠩ ᠵᠧᠨ ᠫᠢᠩ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠵᠢᠶᠦ᠋ᠨ ᠬᠤᠷᠠᠯ ᠳᠤ ᠣᠷᠣᠯᠴᠠᠵᠠᠢ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠦᠬᠦᠢ ᠵᠥᠪᠯᠡᠯ ᠤᠨ ᠠᠯᠪᠠᠨ ᠭᠡᠷ ᠵᠢᠴᠢ ᠡᠯ᠎ᠡ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠳᠠᠭᠠᠭᠠᠨ ᠭᠦᠢᠴᠡᠳᠬᠡᠬᠦ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃     4 ᠰᠠᠷ᠎ᠠ ᠶᠢᠨ 12  ᠤᠨ ᠡᠳᠦᠷ᠂ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠰᠢᠨ ᠢᠦᠢ ᠳ᠋ᠦᠩᠱᠧᠩ ᠲᠣᠭᠤᠷᠢᠭ ᠲᠤ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠭᠤᠷᠪᠠᠳᠤᠭᠠᠷ ᠳᠤᠭᠤᠶᠢᠯᠠᠩ ᠤᠨ ᠳᠤᠰᠢᠶᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃  ᠲᠤᠭᠤᠷᠢᠭ ᠤᠨ ᠳᠡᠳ᠋ ᠳᠠᠷᠤᠭ᠎ᠠ ᠵᠢᠶᠠᠩ ᠶᠤᠸᠠᠨ ᠬᠠᠮᠳᠤ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃ ᠸᠠᠩ ᠰᠢᠨ ᠢᠦᠢ ᠨᠠᠷ ᠤᠷᠢᠳ ᠬᠤᠵᠢᠳ ᠬᠠᠨᠳᠠᠢ ᠪᠠᠯᠭᠠᠰᠤᠨ ᠤ ᠴᠠᠭᠠᠨ ᠲᠣᠰᠬᠤᠨ᠂ ᠪᠦᠳᠦᠬᠡᠨ ᠪᠠᠶᠢᠭᠤᠯᠤᠯᠳᠠ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠮᠢᠨ ᠯᠢᠶᠠᠨ ᠨᠡᠶᠢᠬᠡᠮ ᠲᠤᠭᠤᠷᠢᠭ ᠤᠨ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ᠂ ᠲᠦᠩᠴᠤᠸᠠᠨ ᠪᠠᠯᠭᠠᠰᠤᠨ ᠤ ᠮᠠ ᠬᠤᠸᠠᠩ ᠸᠠᠨ ᠤ ᠬᠤᠳᠠᠯᠳᠤᠭᠠᠨ ᠤ ᠪᠧᠲ᠋ᠤᠨ ᠤ ᠬᠦᠷᠢᠶᠡᠯᠡᠩ ᠲᠣᠭᠤᠷᠢᠭ᠂ ᠬᠤᠶᠢᠲᠤ ᠲᠡᠭᠦᠷᠭᠡ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠵᠡᠷᠭᠡ ᠭᠠᠵᠠᠷ ᠢᠶᠠᠷ ᠬᠦᠨᠵᠡᠭᠡᠶᠢᠷᠡᠨ᠂ ᠬᠤᠯᠪᠣᠭᠳᠠᠯ ᠪᠦᠬᠦᠢ ᠬᠡᠷᠡᠭ ᠢ ᠰᠢᠢᠳᠪᠦᠷᠢᠯᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠤᠯᠠᠨ ᠲᠦᠮᠡᠨ ᠤ ᠲᠤᠰᠬᠠᠭᠰᠠᠨ ᠬᠤᠯᠪᠣᠭᠳᠠᠯ ᠪᠦᠬᠦᠢ ᠠᠰᠠᠭᠤᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃      4 ᠰᠠᠷ᠎ᠠ ᠶᠢᠨ 14 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶ᠎ᠡ ᠴᠠᠷᠠᠨ ᠳᠠᠬᠢ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠲᠠᠷᠠᠭᠠᠴᠢ ᠶᠢᠨ ᠱᠠᠲᠤᠨ ᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠲᠣᠭᠤᠷᠢᠭ ᠤᠨ ᠤᠳᠤᠷᠢᠳᠤᠯᠭ᠎ᠠ ᠰᠦᠩ ᠵᠢᠶᠦ᠋ᠨ ᠹᠧᠩ᠂ ᠯᠢ ᠰᠢᠶᠣᠣ ᠳ᠋ᠦᠩ᠂ ᠭᠤᠤ ᠮᠢᠩ᠂ ᠵᠠᠩ ᠪᠢᠩ᠂ ᠵᠠᠩ ᠵᠢᠶᠠᠨ ᠭᠦᠩ ᠬᠤᠷᠠᠯ ᠳᠤ ᠣᠷᠣᠯᠴᠠᠪᠠ᠃     4 ᠰᠠᠷ᠎ᠠ ᠶᠢᠨ 15  ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠡᠷᠭᠡ ᠲᠣᠭᠤᠷᠢᠭ ᠤᠨ ᠲᠦᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠤ ᠪᠠᠨ ᠪᠠᠶᠢᠭ᠎ᠠ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃     4 ᠰᠠᠷ᠎ᠠ ᠶᠢᠨ 15 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠨᠡᠭᠡᠭᠡᠯᠲᠡ ᠶᠢᠨ ᠲᠣᠭᠤᠷᠢᠭ ᠤᠨ ᠳᠦᠰᠦᠪ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠬᠤ ᠶᠢᠨ ᠬᠠᠮᠲᠤ ᠲᠠᠷᠠᠭᠠᠴᠢ ᠶᠢᠨ ᠱᠠᠲᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠬᠡᠯᠳᠡ ᠶᠢᠨ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠢ᠃     4 ᠰᠠᠷ᠎ᠠ ᠶᠢᠨ 15 ᠤ ᠡᠳᠦᠷ᠂ ᠳ᠋ᠦᠩᠱᠧᠩ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 32 ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠪᠠᠶᠢᠭᠤᠯᠭ᠎ᠠ ᠳᠤ ᠪᠠᠨ ᠪᠠᠶᠢᠭ᠎ᠠ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠰᠤᠯᠠ ᠣᠷᠣᠯᠴᠠᠪᠠ᠃     4 ᠰᠠᠷ᠎ᠠ ᠶᠢᠨ 17 ᠤ ᠡᠳᠦᠷ᠂ ᠳ᠋ᠦᠩᠱᠧᠩ ᠲᠣᠭᠤᠷᠢᠭ ᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ 2022 ᠣᠨ ᠤ 14 ᠤᠳᠠᠭᠠᠨ ᠤ ᠳᠤᠬᠢᠷᠠᠭᠤᠯᠤᠯᠳᠠ ᠶᠢᠨ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠲᠣᠭᠤᠷᠢᠭ ᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠬᠠᠨ ᠲᠤᠸ ᠬᠤᠷᠠᠯ ᠢ ᠡᠷᠭᠢᠯᠡᠵᠦ ᠶᠠᠷᠢᠶ᠎ᠠ ᠲᠠᠯᠪᠢᠪᠠ᠃ ᠲᠣᠭᠤᠷᠢᠭ ᠤᠨ ᠤᠳᠤᠷᠢᠳᠤᠯᠭ᠎ᠠ ᠯᠢ ᠰᠢᠶᠣᠣ  ᠳ᠋ᠦᠩ᠂ ᠶᠠᠩ ᠶᠦᠨ᠂ ᠵᠠᠩ ᠪᠢᠩ ᠬᠤᠷᠠᠯ ᠳᠤ ᠣᠷᠣᠯᠴᠠᠵᠤ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃     4 ᠰᠠᠷ᠎ᠠ ᠶᠢᠨ 18  ᠤ ᠡᠳᠦᠷ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ 2022 ᠣᠨ ᠤ 4 ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠯᠢ ᠰᠢᠶᠣᠣ ᠳ᠋ᠦᠩ᠂ ᠲᠣᠭᠤᠷᠢᠭ ᠤᠨ ᠳᠡᠳ᠋ ᠳᠠᠷᠤᠭ᠎ᠠ ᠵᠢᠶᠠᠩ ᠶᠤᠸᠠᠨ᠂ ᠳ᠋ᠦ᠋ ᠵᠢᠤᠸᠠᠨ᠂ ᠶᠠᠩ ᠶᠦᠨ᠂ ᠵᠠᠩ ᠪᠢᠩ᠂ ᠵᠠᠩ ᠵᠢᠶᠠᠨ ᠭᠦᠩ ᠬᠤᠷᠠᠯ ᠳᠤ ᠣᠷᠣᠯᠴᠠᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠯᠠᠨ ᠰᠢᠶᠠᠩ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠮᠣᠣ ᠯᠢᠨ ᠵᠢᠴᠢ ᠲᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠰᠤᠯᠠ ᠣᠷᠣᠯᠴᠠᠪᠠ᠃     4 ᠰᠠᠷ᠎ᠠ ᠶᠢᠨ 18  ᠤ ᠡᠳᠦᠷ᠂ ᠳ᠋ᠦᠩᠱᠧᠩ ᠲᠣᠭᠤᠷᠢᠭ ᠤᠨ ᠵᠣᠬᠢᠶᠠᠨ ᠪᠠᠶᠢᠭᠤᠯᠬᠤ ᠠᠵᠢᠯ ᠤᠨ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠰᠢᠢᠳᠪᠤᠷᠢᠯᠡᠨ ︽ᠵᠤᠷᠢᠭᠳᠠᠢ ᠪᠠᠷ ᠡᠬᠦᠷᠭᠡᠯᠡᠬᠦ︾ ᠠᠵᠢᠯ ᠤᠨ ᠳᠤᠬᠢᠷᠠᠭᠤᠯᠤᠯᠳᠠ ᠶᠢᠨ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠦ᠋ ᠵᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠵᠣᠬᠢᠶᠠᠨ ᠪᠠᠶᠢᠭᠤᠯᠬᠤ ᠠᠵᠢᠯ ᠤᠨ ᠬᠦᠴᠢᠷ ᠠᠰᠠᠭᠤᠳᠠᠯ ᠢ ᠰᠢᠢᠳᠪᠤᠷᠢᠯᠡᠵᠤ ︽ᠵᠤᠷᠢᠭᠳᠠᠢ ᠪᠠᠷ ᠡᠬᠦᠷᠭᠡᠯᠡᠨ᠂ ᠡᠬᠦᠳᠦᠨ ᠪᠠᠶᠢᠭᠤᠯᠤᠯᠳᠠ ᠶᠢᠨ ᠪᠠᠷᠢᠮᠵᠢᠶᠠᠵᠢᠭᠤᠯᠤᠯᠳᠠ ᠶᠢ ᠠᠬᠢᠭᠤᠯᠬᠤ︾ ᠠᠵᠢᠯ ᠤᠨ ᠲᠤᠬᠠᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ︽ᠵᠤᠷᠢᠭᠳᠠᠢ ᠪᠠᠷ ᠡᠬᠦᠷᠭᠡᠯᠡᠬᠦ︾ ᠠᠵᠢᠯ ᠢ ᠲᠠᠬᠢᠨ ᠪᠠᠶᠢᠷᠢᠯᠠᠭᠤᠯᠤᠨ᠂ ᠲᠠᠬᠢᠨ ᠠᠬᠢᠭᠤᠯᠵᠤ᠂ ᠲᠠᠬᠢᠨ ᠨᠠᠶᠢᠳᠠᠪᠤᠷᠢᠵᠢᠭᠤᠯᠤᠨ᠂ ᠵᠥᠷᠢᠶ᠎ᠡ  ᠶᠢ ᠣᠨᠣᠪᠴᠢᠲᠠᠢ ᠡᠷᠢᠵᠦ᠂ ᠪᠦᠬᠦ ᠲᠠᠯ᠎ᠠ ᠪᠠᠷ ᠳᠡᠭᠡᠭᠰᠢᠯᠡᠬᠦᠯᠦᠨ᠂ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠵᠤ᠂ ᠴᠢᠨᠠᠷ ᠰᠠᠶᠢᠲᠠᠢ ᠵᠣᠬᠢᠶᠠᠨ ᠪᠠᠶᠢᠭᠤᠯᠤᠯᠳᠠ ᠶᠢᠨ ᠠᠵᠢᠯ ᠢᠶᠠᠷ ᠳ᠋ᠦᠩᠱᠧᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     4 ᠰᠠᠷ᠎ᠠ ᠶᠢᠨ 19 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠢᠢ  ᠫᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠡᠷᠭᠡ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠳ᠋ᠦᠩᠱᠧᠩ ᠠᠴᠠ ᠬᠢᠶ᠎ᠠ ᠪᠠᠭᠰᠢ ᠬᠦᠷᠬᠦ ᠪᠠᠷᠠᠭᠤᠨ ᠱᠤᠭᠤᠮ ᠤᠨ ᠪᠠᠷᠠᠭᠤᠨᠳᠡᠬᠢ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠴᠡᠭ ᠲᠤ ᠬᠦᠷᠴᠦ᠂ ᠺᠠᠳ᠋ᠷ ᠣᠯᠠᠨ ᠲᠦᠮᠡᠨ ᠲᠠᠢ ᠬᠠᠮᠲᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃     4 ᠰᠠᠷ᠎ᠠ ᠶᠢᠨ 20  ᠤ ᠡᠳᠦᠷ᠂ ᠳ᠋ᠦᠩᠱᠧᠩ ᠲᠣᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠪᠣᠯᠣᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠬᠢᠨᠠᠨ ᠪᠣᠳᠣᠯᠲᠠ ᠶᠢᠨ ᠢᠯᠡᠷᠡᠬᠦᠯᠵᠤ ᠳᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠯᠢ ᠰᠢᠶᠣᠣ ᠳ᠋ᠦᠩ ᠵᠢᠴᠢ ᠲᠤᠭᠤᠷᠢᠭ ᠤᠨ ᠬᠠᠮᠢᠶ᠎ᠠ ᠪᠦᠬᠦᠢ ᠪᠠᠶᠢᠭᠤᠯᠭ᠎ᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃     4 ᠰᠠᠷ᠎ᠠ ᠶᠢᠨ 20 ᠤ ᠡᠳᠦᠷ᠂ ᠬᠤᠲᠠ ᠶᠢᠨ ᠳᠡᠳ᠋ ᠳᠠᠷᠤᠭ᠎ᠠ ᠮᠢᠶᠣᠣ ᠴᠧᠩ ᠢᠦᠢ ᠳ᠋ᠦᠩᠱᠧᠩ ᠲᠣᠭᠤᠷᠢᠭ ᠲᠤ ᠭᠦᠨᠵᠡᠭᠡᠶᠢᠷᠡᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠳ ᠪᠠ ᠲᠣᠭᠤᠷᠢᠭ ᠤᠨ ᠳᠡᠳ᠋ ᠳᠠᠷᠤᠭ᠎ᠠ ᠶᠠᠩ ᠶᠦᠨ ᠬᠠᠮᠳᠤ ᠪᠠᠶᠢᠴᠠᠭᠠᠨ ᠰᠤᠳᠤᠯᠤᠯᠲᠠ ᠬᠢᠪᠡ᠃     4 ᠰᠠᠷ᠎ᠠ ᠶᠢᠨ 21 ᠤ ᠡᠳᠦᠷ᠂ ᠳ᠋ᠦᠩᠱᠧᠩ ᠲᠣᠭᠤᠷᠢᠭ ᠤᠨ ᠵᠠᠯᠠᠭᠤᠴᠤᠳ ᠤᠨ ᠬᠤᠯᠪᠣᠭᠠᠲᠤ ᠬᠤᠷᠠᠯ ᠤᠨ ᠭᠤᠷᠪᠠᠳᠤᠭᠠᠷ ᠬᠤᠭᠤᠴᠠᠭᠠᠨ ᠤ ᠵᠥᠪᠯᠡᠯ ᠤᠨ ᠪᠦᠬᠦᠳᠡ ᠬᠤᠷᠠᠯ ᠢ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠴᠣᠬᠤᠯᠠᠪᠤᠷᠢ ᠥᠭᠴᠡᠢ᠃ ᠬᠤᠲᠠ ᠶᠢᠨ ᠡᠪᠯᠡᠯ ᠤᠨ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠥᠩ ᠵᠢᠶᠦ᠋ᠨ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠧᠢ ᠮᠦᠳᠠᠨ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠵᠢᠶᠦ᠋ᠨ ᠬᠤᠷᠠᠯ ᠳᠤ ᠣᠷᠣᠯᠴᠠᠪᠠ᠃     4 ᠰᠠᠷ᠎ᠠ ᠶᠢᠨ 22 ᠤᠨ ᠡᠳᠦᠷ᠂ ᠳ᠋ᠦᠩᠱᠧᠩ ᠲᠣᠭᠤᠷᠢᠭ ᠤᠨ ᠱᠠᠰᠢᠨ ᠰᠤᠷᠲᠠᠬᠤᠨ ᠤ ᠠᠵᠢᠯ ᠤᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠤᠯᠤᠰ᠂ ᠪᠦᠬᠦ ᠣᠷᠣᠨ ᠪᠣᠯᠣᠨ ᠪᠦᠬᠦ ᠬᠤᠳᠠ ᠶᠢᠨ ᠱᠠᠰᠢᠨ ᠰᠤᠷᠲᠠᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠣᠳᠣᠬᠠᠨ ᠤ ᠪᠠ ᠬᠤᠶᠢᠰᠢᠳᠠ ᠶᠢᠨ ᠳ᠋ᠦᠩᠱᠧᠩ ᠲᠣᠭᠤᠷᠢᠭ ᠤᠨ ᠱᠠᠰᠢᠨ ᠰᠤᠷᠲᠠᠬᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     4 ᠰᠠᠷ᠎ᠠ ᠶᠢᠨ 22 ᠤᠨ ᠡᠳᠦᠷ᠂ ᠳ᠋ᠦᠩᠱᠧᠩ ᠲᠣᠭᠤᠷᠢᠭ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠭᠡᠯᠵᠢᠯᠡᠨ ᠪᠤᠯᠪᠠᠰᠤᠷᠠᠬᠤ ᠠᠩᠭᠢ ᠶᠢ ᠡᠷᠭᠢᠯᠡᠪᠡ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠡᠭᠡᠯᠵᠢᠯᠡᠨ ᠪᠤᠯᠪᠠᠰᠤᠷᠠᠬᠤ ᠠᠩᠭᠢ ᠳᠤ ᠣᠷᠣᠯᠴᠠᠭᠰᠠᠨ ᠪᠥᠭᠡᠳ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠵᠡᠢ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠤᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠪᠤᠰᠤᠳ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠨᠠᠷ ᠡᠭᠡᠯᠵᠢᠯᠡᠨ ᠪᠤᠯᠪᠠᠰᠤᠷᠠᠬᠤ ᠠᠩᠭᠢ ᠳᠤ ᠣᠷᠣᠯᠴᠠᠪᠠ᠃ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ  ᠤ ᠱᠦᠵᠢ ᠰᠥᠩ ᠵᠢᠶᠦ᠋ᠨ ᠹᠧᠩ ᠡᠭᠡᠯᠵᠢᠯᠡᠨ ᠪᠤᠯᠪᠠᠰᠤᠷᠠᠬᠤ ᠠᠩᠭᠢ ᠶᠢ ᠡᠷᠭᠢᠯᠡᠪᠡ᠃     4 ᠰᠠᠷ᠎ᠠ ᠶᠢᠨ 22 ᠤᠨ ᠡᠳᠦᠷ᠂ ᠳ᠋ᠦᠩᠱᠧᠩ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 33 ᠤᠳᠠᠭᠠᠨ ᠤ ᠬᠤᠷᠠᠯ ᠢ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠪᠠᠶᠢᠭᠤᠯᠭ᠎ᠠ ᠳᠠᠭᠠᠨ ᠪᠠᠶᠢᠭ᠎ᠠ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠰᠤᠯᠠ ᠣᠷᠣᠯᠴᠠᠪᠠ᠃     4 ᠰᠠᠷ᠎ᠠ ᠶᠢᠨ 22 ᠤᠨ ᠡᠳᠦᠷ᠂ ᠳ᠋ᠦᠩᠱᠧᠩ ᠲᠣᠭᠤᠷᠢᠭ ᠸᠠᠺᠼᠢᠨ ᠤ ᠲᠠᠷᠢᠯᠭ᠎ᠠ ᠶᠢᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠤᠭᠤᠷᠢᠭ ᠤᠨ ᠳᠦᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃     4 ᠰᠠᠷ᠎ᠠ ᠶᠢᠨ 22  ᠤᠨ ᠡᠳᠦᠷ᠂ ᠬᠤᠳᠠ ᠶᠢᠨ ᠳᠡᠳ᠋ ᠳᠠᠷᠤᠭ᠎ᠠ ᠸᠠᠩ ᠰᠢᠨ ᠢᠦᠢ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠱᠠᠯᠠᠪᠳᠠᠭᠤᠯᠤᠨ ᠵᠢᠯᠤᠭᠤᠳᠴᠤ ᠪᠠᠶᠢᠴᠠᠭᠠᠬᠤ ᠭᠤᠷᠪᠠᠳᠤᠭᠠᠷ ᠳᠤᠭᠤᠶᠢᠯᠠᠩ ᠢ ᠳᠠᠭᠠᠭᠤᠯᠤᠨ ᠳ᠋ᠦᠩᠱᠧᠩ ᠲᠣᠭᠤᠷᠢᠭ ᠲᠤ ᠠᠶᠤᠯᠭᠦᠢ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠳ᠋ᠦᠩᠱᠧᠩ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ ᠲᠤᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠱᠢ ᠮᠣᠣ ᠯᠢᠨ ᠶᠠᠷᠢᠯᠴᠠᠬᠤ ᠬᠤᠷᠠᠯ ᠳᠤ ᠣᠷᠣᠯᠴᠠᠭᠰᠠᠨ ᠪᠦᠭᠡᠳ ᠬᠠᠮᠲᠤ ᠪᠠᠷ ᠬᠢᠨᠠᠨ ᠵᠢᠯᠤᠭᠤᠳᠴᠤ ᠪᠠᠶᠢᠴᠠᠭᠠᠪᠠ᠃     4 ᠰᠠᠷ᠎ᠠ ᠶᠢᠨ 24 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠣᠷᠳᠣᠰ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠳᠤ ᠬᠦᠷᠴᠦ ︽ᠳ᠋ᠥᠸᠧ ᠳ᠋ᠥᠸᠧ ᠫᠢᠩ · ᠺᠣᠳ᠋ ᠳᠡᠭᠡᠷᠡᠬᠢ ᠠᠮᠢᠳᠤᠷᠠᠯ ᠤᠨ ᠣᠶᠤᠨᠴᠢ ᠲᠠᠪᠴᠠᠩ︾ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠯᠢᠦ ᠬᠤᠢ ᠪᠢᠨ᠂ ᠦ᠋ ᠵᠠᠨ ᠵᠢᠶᠦ᠋ᠨ᠂ ᠶᠠᠩ ᠶᠦᠨ᠂ ᠵᠠᠩ ᠵᠢᠶᠠᠨ ᠭᠦᠩ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠭᠳᠠᠳ ᠬᠠᠮᠲᠤ ᠰᠢᠨᠵᠢᠯᠡᠨ ᠪᠠᠶᠢᠴᠠᠭᠠᠪᠠ᠃     4 ᠰᠠᠷ᠎ᠠ ᠶᠢᠨ 24 ᠤ ᠡᠳᠦᠷ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ 2022 ᠣᠨ ᠤ 10 ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠯᠢ ᠰᠢᠶᠣᠣ ᠳ᠋ᠦᠩ᠂ ᠳ᠋ᠦ᠋ ᠵᠢᠤᠸᠠᠨ᠂ ᠶᠠᠩ ᠶᠦᠨ᠂ ᠵᠠᠩ ᠪᠢᠩ᠂ ᠵᠠᠩ ᠵᠢᠶᠠᠨ ᠬᠥᠩ᠂ ᠳ᠋ᠦ᠋ ᠵᠢᠢ ᠺᠤᠸᠠᠨ ᠬᠤᠷᠠᠯ ᠳᠤ ᠣᠷᠣᠯᠴᠠᠵᠤ᠂ ᠲᠣᠭᠤᠷᠢᠭ ᠤᠨ ᠳᠡᠳ᠋ ᠳᠠᠷᠤᠭ᠎ᠠ ᠵᠢᠶᠠᠩ ᠶᠤᠸᠠᠨ ᠵᠢᠴᠢ ᠪᠤᠰᠤᠳ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠨᠠᠷ ᠬᠤᠷᠠᠯ ᠳᠤ ᠰᠤᠯᠠ ᠣᠷᠣᠯᠴᠠᠪᠠ᠃     4 ᠰᠠᠷ᠎ᠠ ᠶᠢᠨ 25 ᠤ ᠡᠳᠦᠷ᠂ ᠳ᠋ᠦᠩᠱᠧᠩ ᠲᠣᠭᠤᠷᠢᠭ ᠭᠠᠵᠠᠷ ᠳᠣᠣᠷᠠᠬᠢ ᠤᠰᠤ ᠶᠢ ᠬᠡᠷᠡᠭᠯᠡᠬᠦ ᠪᠠ ᠠᠭᠤᠷᠬᠠᠢ ᠶᠢᠨ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠳᠤ ᠳᠦᠰᠦᠪ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠤ᠂ ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠨᠢᠦ ᠵᠢᠶᠦ᠋ᠨ᠂ ᠯᠢᠦ ᠯᠠᠨ ᠰᠢᠶᠠᠩ᠂ ᠵᠢᠶᠠᠩ ᠶᠤᠸᠠᠨ᠂ ᠳ᠋ᠦ᠋ ᠵᠢᠤᠸᠠᠨ᠂ ᠵᠠᠩ ᠪᠢᠩ᠂ ᠵᠠᠩ ᠵᠢᠶᠠᠨ ᠬᠦᠩ᠂ ᠱᠢ ᠮᠣᠣ ᠯᠢᠨ ᠬᠤᠷᠠᠯ ᠳᠤ ᠣᠷᠣᠯᠴᠠᠪᠠ᠃     4 ᠰᠠᠷ᠎ᠠ ᠶᠢᠨ 26 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠳᠤᠰᠬᠠᠭᠰᠠᠨ ᠠᠰᠠᠭᠤᠳᠠᠯ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠪᠠ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠶᠢᠨ ᠪᠠᠶᠢᠳᠠᠯ ᠤᠨ ᠲᠤᠰᠬᠠᠢ ᠬᠢᠨᠠᠨ ᠪᠣᠳᠣᠯᠲᠠ ᠶᠢᠨ ᠪᠠᠶᠢᠴᠠᠭᠠᠯᠲᠠ ᠶᠢᠨ ᠠᠰᠠᠭᠤᠳᠠᠯ᠂ ᠣᠷᠣᠨ ᠰᠠᠭᠤᠴᠠ ᠶᠢᠨ ᠲᠤᠰᠬᠠᠢ ᠪᠡᠯᠡ ᠮᠥᠩᠭᠦ ᠶᠢ ᠬᠢᠨᠠᠨ ᠪᠤᠳᠤᠵᠤ ᠬᠠᠷᠢᠭᠤ ᠳᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠤᠨ ᠠᠬᠢᠭᠤᠯᠪᠠ᠃ ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠳ᠋ᠦ᠋ ᠵᠢᠤᠸᠠᠨ᠂ ᠱᠢ ᠮᠣᠣ ᠯᠢᠨ ᠬᠤᠷᠠᠯ ᠳᠤ ᠣᠷᠣᠯᠴᠠᠪᠠ᠃     4 ᠰᠠᠷ᠎ᠠ ᠶᠢᠨ 26 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠤᠷᠢᠳ ᠬᠤᠵᠢᠳ ᠵᠢᠩ ᠱᠠᠨ ᠴᠡᠴᠡᠷᠯᠢᠭ᠂ ᠪᠠᠶᠠᠨᠮᠦ᠋ᠩᠬᠡ ᠴᠡᠴᠡᠷᠯᠢᠭ᠂ ᠬᠦᠨᠳᠡᠯᠡᠨ ᠭᠤᠤᠯ᠂ ᠺᠠᠩ ᠯᠧ ᠪᠡᠶ᠎ᠡ ᠶᠢᠨ ᠲᠠᠮᠢᠷ ᠤᠨ ᠴᠡᠴᠡᠷᠯᠢᠭ᠂ ᠶᠡᠭᠡ ᠵᠣᠣ ᠴᠡᠴᠡᠷᠯᠢᠭ ᠵᠢᠴᠢ ᠬᠤᠲᠠ ᠶᠢᠨ ᠬᠡᠰᠡᠭ ᠴᠢᠬᠤᠯᠠ ᠵᠠᠩᠭᠢᠯᠠᠭ᠎ᠠ ᠶᠢᠨ ᠴᠡᠭ ᠢᠶᠠᠷ ᠭᠦᠨᠵᠡᠭᠡᠶᠢᠷᠡᠵᠦ᠂ ᠴᠡᠴᠡᠷᠯᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠲᠣᠭᠤᠷᠢᠭ ᠤᠨ ᠳᠡᠳ᠋ ᠳᠠᠷᠤᠭ᠎ᠠ ᠶᠠᠩ ᠶᠦᠨ᠂ ᠵᠠᠩ ᠵᠢᠶᠠᠨ ᠬᠥᠩ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃     4 ᠰᠠᠷ᠎ᠠ ᠶᠢᠨ 27 ᠤ ᠡᠳᠦᠷ᠂ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ︾ ᠶᠢᠨ ᠬᠡᠷᠡᠭᠵᠢᠬᠦᠯᠦᠯᠳᠡ ᠶᠢᠨ ᠪᠠᠶᠢᠴᠠᠭᠠᠯᠳᠠ ᠶᠢ ᠪᠠᠶᠢᠷᠢᠯᠠᠭᠤᠯᠬᠤ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠵᠧᠨ ᠫᠢᠩ᠂ ᠯᠢᠦ ᠯᠠᠨ ᠰᠢᠶᠠᠩ᠂ ᠦ᠋ ᠹᠧᠢ ᠰᠢᠶᠦ᠋ᠩ᠂ ᠸᠧᠢ ᠮᠦᠳᠠᠨ᠂ ᠲᠣᠭᠤᠷᠢᠭ ᠤᠨ ᠳᠡᠳ᠋ ᠳᠠᠷᠤᠭ᠎ᠠ ᠵᠢᠶᠠᠩ ᠶᠤᠸᠠᠨ ᠬᠤᠷᠠᠯ ᠳᠤ ᠣᠷᠣᠯᠴᠠᠪᠠ᠃ ᠦ᠋ ᠹᠧᠢ ᠰᠢᠦ᠋ᠩ ᠬᠤᠷᠠᠯ ᠢ ᠡᠷᠬᠢᠯᠡᠪᠡ᠃     4 ᠰᠠᠷ᠎ᠠ ᠶᠢᠨ 28 ᠤ ᠡᠳᠦᠷ᠂ ᠳ᠋ᠦᠩᠱᠧᠩ ᠲᠣᠭᠤᠷᠢᠭ 2022 ᠣᠨ ᠤ ᠳᠠᠭᠠᠭᠠᠴᠢᠯᠠᠨ ᠬᠠᠷᠢᠯᠴᠠᠵᠤ ᠲᠣᠰᠬᠤᠨ ᠳᠤ ᠰᠠᠭᠤᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠠᠵᠤ ᠠᠬᠤᠶᠢᠯᠠᠯ ᠪᠠ ᠣᠷᠣᠨ ᠨᠤᠲᠤᠭ ᠤᠨ ᠬᠢᠨ ᠬᠦᠴᠦ ᠪᠠᠨ ᠬᠠᠮᠲᠤᠳᠬᠠᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠭᠡᠷ᠎ᠡ ᠲᠣᠭᠲᠠᠬᠤ ᠶᠣᠰᠣᠯᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠲᠣᠭᠤᠷᠢᠭ ᠤᠨ ᠳᠠᠭᠠᠭᠠᠴᠢᠯᠠᠨ ᠬᠠᠷᠢᠯᠴᠠᠵᠤ ᠲᠣᠰᠬᠤᠨ ᠳᠤ ᠰᠠᠭᠤᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠦᠩ ᠵᠢᠶᠦ᠋ᠨ ᠹᠧᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠦ᠋ ᠵᠠᠨ ᠵᠢᠶᠦ᠋ᠨ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠣᠭᠤᠷᠢᠭ ᠤᠨ ᠳᠠᠭᠠᠭᠠᠴᠢᠯᠠᠨ ᠬᠠᠷᠢᠯᠴᠠᠵᠤ ᠲᠣᠰᠬᠤᠨ ᠳᠤ ᠰᠠᠭᠤᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠳ᠋ᠦ᠋ ᠵᠢᠤᠸᠠᠨ ᠬᠤᠷᠠᠯ ᠳᠤ ᠣᠷᠣᠯᠴᠠᠵᠤ᠂ ᠦ᠋ ᠵᠠᠨ ᠵᠢᠶᠦ᠋ᠨ ᠬᠤᠷᠠᠯ ᠢ ᠡᠷᠬᠢᠯᠡᠪᠡ᠃ ᠬᠤᠳᠠ ᠶᠢᠨ ᠳᠠᠭᠠᠭᠠᠴᠢᠯᠠᠨ ᠬᠠᠷᠢᠯᠴᠠᠵᠤ ᠲᠣᠰᠬᠤᠨ ᠳᠤ ᠰᠠᠭᠤᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠢ᠃     4 ᠰᠠᠷ᠎ᠠ ᠶᠢᠨ 28 ᠤ ᠡᠳᠦᠷ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ 2022 ᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠯᠢ ᠰᠢᠶᠣᠣ ᠳ᠋ᠦᠩ᠂ ᠲᠣᠭᠤᠷᠢᠭ ᠤᠨ ᠳᠡᠳ᠋ ᠳᠠᠷᠤᠭ᠎ᠠ ᠵᠢᠶᠠᠩ ᠶᠤᠸᠠᠨ᠂ ᠳ᠋ᠦ᠋ ᠵᠢᠤᠸᠠᠨ᠂ ᠶᠠᠩ ᠶᠦᠨ᠂ ᠵᠠᠩ ᠵᠢᠶᠠᠨ ᠭᠦᠩ ᠬᠤᠷᠠᠯ ᠳᠤ ᠣᠷᠣᠯᠴᠠᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠯᠠᠨ ᠰᠢᠶᠠᠩ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠮᠣᠣ ᠯᠢᠨ ᠵᠢᠴᠢ ᠲᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠰᠤᠯᠠ ᠣᠷᠣᠯᠴᠠᠪᠠ᠃     4 ᠰᠠᠷ᠎ᠠ ᠶᠢᠨ 29 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠳ᠋ᠦᠩᠱᠧᠩ ᠤᠨ ᠭᠠᠯᠲᠤ ᠲᠡᠷᠭᠡᠨ ᠤ ᠪᠠᠷᠠᠭᠤᠨ ᠥᠷᠲᠡᠭᠡ᠂ ᠳ᠋ᠦᠩᠱᠧᠩ ᠲᠣᠭᠤᠷᠢᠭ ᠤᠨ ᠭᠤᠴᠢᠨ ᠳᠣᠯᠣᠳᠤᠭᠠᠷ ᠪᠠᠭ᠎ᠠ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠸᠠᠨ ᠵᠢᠶᠠ ᠬᠤᠶ ᠪᠠᠶᠠᠰᠤᠯᠳᠤ ᠶᠢᠷᠲᠢᠨᠴᠦ᠂ ᠬᠤᠩ ᠹᠧᠩ ᠨᠡᠭᠦᠷᠡᠰᠦᠨ ᠠᠭᠤᠷᠬᠠᠢ᠂ G210 ᠤᠨ ᠬᠤᠶᠢᠲᠤ ᠭᠠᠷᠬᠤ ᠡᠬᠦᠳᠡ ᠵᠡᠷᠭᠡ ᠭᠠᠵᠠᠷ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠭᠰᠠᠨ ᠪᠥᠭᠡᠳ ᠨᠢᠭᠡᠳᠦᠭᠡᠷ ᠹᠷᠣᠨᠲ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠲᠠᠳ ᠢ ᠲᠣᠬᠤᠨᠢᠭᠤᠯᠪᠠ᠃ ᠲᠤᠭᠤᠷᠢᠭ ᠤᠨ ᠤᠳᠤᠷᠢᠳᠤᠯᠭ᠎ᠠ ᠭᠤᠤ ᠮᠢᠩ᠂ ᠶᠠᠩ ᠶᠦᠨ ᠬᠠᠮᠲᠤ ᠪᠠᠷ ᠪᠠᠶᠢᠴᠠᠭᠠᠪᠠ᠃     4 ᠰᠠᠷ᠎ᠠ ᠶᠢᠨ 29 ᠤ ᠡᠳᠦᠷ᠂ ᠳ᠋ᠦᠩᠱᠧᠩ ᠲᠣᠭᠤᠷᠢᠭ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠤᠨ ᠳᠤᠬᠢᠷᠠᠭᠤᠯᠤᠯᠳᠠ ᠠᠬᠢᠭᠤᠯᠤᠯᠳᠠ ᠶᠢᠨ ᠬᠤᠷᠠᠯ ᠬᠢᠵᠦ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠳᠠᠯᠪᠢᠵᠠᠢ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠪᠣᠯᠣᠨ ᠶᠡᠷᠦᠩᠬᠡᠢ ᠰᠠᠶᠢᠳ ᠯᠢ ᠺᠧ ᠴᠢᠶᠠᠩ ᠤᠨ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠶᠤᠯᠬᠦᠢ ᠦᠢᠯᠡᠳᠪᠦᠷᠢᠯᠡᠯ  ᠤᠨ ᠶᠡᠭᠡ ᠪᠠᠶᠢᠴᠠᠭᠠᠯᠲᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠰᠠᠭᠤᠳᠠᠯ ᠢ ᠵᠠᠳᠠᠯᠤᠨ᠂ ᠵᠥᠷᠢᠶ᠎ᠡ ᠪᠠᠨ ᠡᠷᠢᠵᠦ᠂ ᠠᠵᠢᠯ ᠢᠶᠠᠨ ᠡᠷᠭᠢᠴᠡᠭᠦᠯᠦᠨ ᠪᠣᠳᠣᠯᠬᠢᠯᠠᠵᠤ᠂ ᠰᠤᠷᠭᠠᠮᠵᠢ ᠠᠪᠴᠤ᠂ ᠬᠠᠷᠢᠭᠤᠴᠠᠯᠭ᠎ᠠ ᠪᠠᠨ ᠭᠦᠢᠴᠡᠳᠬᠡᠨ᠂ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠪᠠ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠨᠡᠶᠢᠳᠡᠮ ᠬᠠᠮᠤᠷᠬᠤ ᠶᠢ ᠬᠦᠴᠦᠲᠡᠢ ᠠᠬᠢᠭᠤᠯᠵᠤ᠂ ᠮᠠᠨ ᠤ ᠲᠤᠭᠤᠷᠢᠭ ᠤᠨ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠤᠨ ᠪᠥᠬᠦ ᠲᠠᠯ᠎ᠠ ᠪᠠᠷ ᠲᠣᠭᠲᠠᠭᠤᠨ ᠢᠶᠠᠷ ᠰᠠᠶᠢᠵᠢᠷᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃ ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠵᠢᠶᠠᠩ ᠶᠤᠸᠠᠨ᠂ ᠳ᠋ᠦ᠋ ᠵᠢᠤᠸᠠᠨ᠂ ᠵᠠᠩ ᠪᠢᠩ᠂ ᠵᠠᠩ ᠵᠢᠶᠠᠨ ᠭᠦᠩ ᠬᠤᠷᠠᠯ ᠳᠤ ᠣᠷᠣᠯᠴᠠᠪᠠ᠃     4 ᠰᠠᠷ᠎ᠠ ᠶᠢᠨ 29 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠳᠥᠭᠦᠮ ᠪᠦᠳᠦᠴᠡᠳᠤ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠲᠥᠷᠥᠯ ᠵᠦᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠭᠤᠸ ᠮᠢᠩ᠂ ᠵᠠᠩ ᠵᠢᠶᠠᠨ ᠬᠥᠩ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠷ ᠪᠠᠶᠢᠴᠠᠭᠠᠨ ᠰᠤᠳᠤᠯᠪᠠ᠃     4 ᠰᠠᠷ᠎ᠠ ᠶᠢᠨ 29 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢᠦ ᠹᠧᠩ ᠶᠦᠨ ᠤᠷᠢᠳ ᠬᠤᠵᠢᠳ ᠣᠷᠳᠣᠰ ᠬᠤᠲᠠ ᠶᠢᠨ ᠠᠭᠤᠷᠬᠠᠢ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠤᠨ ᠵᠢᠯᠤᠭᠤᠳᠬᠤ ᠲᠥᠪ᠂ ᠮᠧᠩ ᠲᠠᠢ ᠪᠦᠯᠦᠭᠯᠡᠯ᠂ ᠳ᠋ᠦᠩᠱᠧᠩ ᠲᠣᠭᠤᠷᠢᠭ ᠤᠨ ᠲᠡᠮᠦᠷ ᠵᠠᠮ ᠵᠠᠰᠠᠮᠠᠯ ᠵᠠᠮ ᠤᠨ ᠠᠭᠤᠯᠵᠠᠷ ᠤᠨ ︽ᠳᠡᠭᠰᠢ ᠭᠠᠵᠠᠷ ᠤᠨ ᠦᠭᠡᠷᠡᠴᠢᠯᠡᠯᠳᠡ︾ ᠶᠢᠨ ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ ᠬᠦᠷᠴᠦ᠂ ᠠᠶᠤᠯᠭᠦᠢ ᠦᠢᠯᠡᠳᠪᠦᠷᠢᠯᠡᠯ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠬᠠᠨ ᠲᠤᠤ᠂ ᠲᠤᠭᠤᠷᠢᠭ ᠤᠨ ᠤᠳᠤᠷᠢᠳᠤᠯᠭ᠎ᠠ ᠵᠢᠶᠠᠩ ᠶᠤᠸᠠᠨ᠂ ᠱᠢ ᠮᠣᠣ ᠯᠢᠨ ᠬᠠᠮᠲᠤᠪᠠᠷ ᠪᠠᠶᠢᠴᠠᠭᠠᠨ ᠰᠤᠳᠤᠯᠤᠯᠲᠠ ᠬᠢᠵᠡᠢ᠃     4 ᠰᠠᠷ᠎ᠠ ᠶᠢᠨ 29 ᠤ ᠡᠳᠦᠷ᠂ ᠳ᠋ᠦᠩᠱᠧᠩ ᠲᠣᠭᠤᠷᠢᠭ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ  ᠶᠢᠨ ᠮᠡᠳᠡᠭᠡᠯᠡᠯ ᠤᠨ ᠬᠤᠷᠠᠯ ᠬᠢᠵᠦ᠂ ᠲᠣᠭᠤᠷᠢᠭ ᠤᠨ ᠳᠡᠳ᠋ ᠳᠠᠷᠤᠭ᠎ᠠ ᠶᠠᠩ ᠶᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠳᠡᠭᠡᠷ᠎ᠡ᠂ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠢ ᠲᠠᠶᠢᠯᠤᠮᠵᠢ ᠬᠢᠵᠦ᠂ ᠠᠵᠤ ᠠᠬᠤᠶᠢᠯᠠᠯ ᠤᠨ ᠲᠥᠯᠥᠭᠡᠯᠡᠭᠴᠢᠳ ᠣᠳᠣᠬᠠᠨ ᠳᠤ ᠲᠤᠯᠭᠠᠷᠠᠵᠤ ᠪᠠᠶᠢᠭ᠎ᠠ ᠬᠦᠴᠢᠷᠳᠡᠯ ᠤᠨ ᠲᠤᠬᠠᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ