ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/8/20
                                     ᠳ᠋ᠦᠩᠱᠧᠩ ᠵᠠᠰᠠᠭ ᠲᠠᠷᠬᠠᠭᠠᠭᠰᠠᠨ  ﹇2022﹈ 39 ᠳ᠋ᠦ᠋ᠭᠡᠷ ᠲᠣᠭᠠᠲᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠵᠢᠴᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠤᠰᠤᠭᠠᠷ᠂ ︽ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠲᠥᠷᠥ ᠶᠢᠨ ᠶᠠᠪᠤᠳᠠᠯ  ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2022﹈ 4 ᠳ᠋ᠦ᠋ᠭᠡᠷ ᠲᠣᠭᠠᠲᠤ︶᠂ ︽ᠪᠥᠬᠦ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2022﹈ 11 ᠳ᠋ᠦ᠋ᠭᠡᠷ ᠲᠣᠭᠠᠲᠤ︶ ᠪᠠ ︽ᠪᠥᠬᠦ ᠬᠤᠲᠠ ᠶᠢᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠶ  ᠶᠢᠨ ᠨᠡᠶᠢᠳᠡᠮ ᠪᠠᠶᠢᠴᠠᠭᠠᠯᠲᠠ ᠥᠷᠨᠢᠭᠦᠯᠬᠦ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ ᠲᠠᠷᠬᠠᠭᠠᠭᠰᠠᠨ ﹇2022﹈ 54 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠤᠭᠤᠷᠢᠭ ᠤᠨ ᠬᠥᠷᠥᠰᠥ ᠰᠢᠷᠣᠶ ᠶᠢᠨ ᠡᠬᠢ ᠪᠠᠶᠠᠯᠢᠭ ᠤᠨ ᠪᠠᠶᠢᠳᠠᠯ ᠪᠣᠯᠤᠨ ᠬᠥᠷᠥᠰᠥ ᠰᠢᠷᠣᠶ ᠶᠢᠨ ᠶᠠᠰᠤ ᠴᠢᠨᠠᠷ ᠤᠨ ᠬᠤᠪᠢᠷᠠᠯᠲᠠ ᠶᠢᠨ ᠬᠠᠨᠳᠤᠰᠢ ᠵᠡᠷᠭᠡ ᠪᠠᠶᠢᠳᠠᠯ ᠢ ᠪᠦᠬᠦ ᠲᠠᠯ᠎ᠠ ᠪᠠᠷ ᠡᠵᠡᠮᠰᠢᠬᠦ ᠶᠢᠨ ᠲᠦᠯᠦᠬᠡ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ 2022 ᠣᠨ ᠠᠴᠠ ᠡᠬᠢᠯᠡᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠲᠣᠭᠲᠠᠪᠠ᠃ ᠡᠳᠦᠭᠡ ᠬᠠᠮᠢᠶ᠎ᠠ ᠪᠦᠬᠦᠢ ᠵᠤᠶᠢᠯᠡᠰ ᠢ ᠳᠣᠣᠷᠠᠬᠢ ᠮᠡᠲᠦ ᠮᠡᠳᠡᠭᠳᠡᠶ᠎ᠡ᠃ᠨᠢᠭᠡ᠂ ᠨᠡᠶᠢᠳᠡᠮ ᠪᠠᠶᠢᠴᠠᠭᠠᠯᠲᠠ ᠶᠢᠨ ᠰᠡᠳᠬᠢᠴᠡ ᠪᠣᠯᠤᠨ ᠬᠠᠷᠠᠯᠲᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠲᠠᠷᠢᠶᠠᠨ ᠭᠠᠵᠠᠷ ᠢ ᠬᠠᠮᠠᠭᠠᠯᠠᠬᠤ ᠪᠠ ᠠᠮᠢ ᠠᠬᠤᠶ ᠶᠢᠨ ᠪᠣᠯᠪᠠᠰᠤᠨ ᠢ ᠪᠠᠶᠢᠭᠤᠯᠬᠤ ᠲᠤᠬᠠᠶ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠳᠠ ᠶᠢ ᠬᠦᠨᠵᠡᠬᠡᠢ ᠨᠠᠶᠢᠳᠠᠪᠤᠷᠢᠵᠢᠭᠤᠯᠵᠤ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠪᠦᠬᠦ ᠲᠠᠯ᠎ᠠ ᠶᠢᠨ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠲᠤᠰᠬᠠᠢ ᠮᠡᠷᠭᠡᠵᠢᠯ ᠤᠨ ᠴᠢᠨᠠᠷ ᠤᠨ ᠵᠠᠷᠴᠢᠮ ᠢ ᠵᠢᠷᠤᠮᠯᠠᠵᠤ᠂ ᠨᠢᠭᠡᠨᠲᠡ ᠣᠯᠣᠭᠰᠠᠨ ᠦᠷ᠎ᠡ ᠪᠦᠲᠦᠭᠡᠯ ᠢ ᠵᠣᠯᠭᠠᠭᠤᠯᠵᠤ᠂ ︽ᠨᠢᠭᠡᠳᠦᠯᠲᠡᠢ ᠤᠳᠤᠷᠢᠳᠬᠤ᠂ ᠰᠠᠯᠠᠭ᠎ᠠ ᠮᠥᠴᠢᠷ ᠬᠠᠮᠵᠢᠯᠴᠠᠬᠤ᠂ ᠱᠠᠲᠤ ᠬᠤᠪᠢᠶᠠᠨ ᠬᠠᠷᠢᠭᠤᠴᠠᠬᠤ᠂ ᠡᠯ᠎ᠡ ᠲᠠᠯ᠎ᠠ ᠶᠢᠨ ᠬᠢᠨ ᠣᠷᠣᠯᠴᠠᠬᠤ︾ ᠱᠠᠭᠠᠷᠳᠠᠯᠭ᠎ᠠ ᠶᠣᠰᠣᠭᠠᠷ᠂ ᠮᠠᠨ ᠤ ᠲᠤᠭᠤᠷᠢᠭ ᠤᠨ ᠬᠥᠷᠥᠰᠥ ᠰᠢᠷᠣᠢ ᠶᠢᠨ ᠲᠥᠷᠥᠯ ᠬᠡᠯᠪᠡᠷᠢ ᠵᠢᠴᠢ ᠲᠠᠷᠬᠠᠯᠲᠠ ᠶᠢᠨ ᠵᠢᠮ᠎ᠡ ᠶᠣᠰᠣ᠂ ᠬᠥᠷᠥᠰᠥ ᠰᠢᠷᠣᠢ ᠶᠢᠨ ᠡᠬᠢ ᠪᠠᠶᠠᠯᠢᠭ ᠤᠨ ᠣᠳᠣᠬᠢ ᠪᠠᠶᠢᠳᠠᠯ ᠵᠢᠴᠢ ᠬᠤᠪᠢᠷᠠᠯᠲᠠ ᠶᠢᠨ ᠬᠠᠨᠳᠤᠰᠢ ᠶᠢ ᠪᠦᠬᠦ ᠲᠠᠯ᠎ᠠ  ᠪᠠᠷ ᠪᠠᠶᠢᠴᠠᠭᠠᠨ ᠲᠣᠳᠣᠷᠬᠠᠶᠢᠯᠠᠵᠤ᠂ ᠬᠥᠷᠥᠰᠥ ᠰᠢᠷᠣᠢ ᠶᠢᠨ ᠶᠠᠰᠤ ᠴᠢᠨᠠᠷ᠂ ᠰᠢᠨᠵᠢ ᠪᠠᠶᠢᠳᠠᠯ ᠪᠠ ᠠᠰᠢᠭᠯᠠᠯᠲᠠ ᠶᠢᠨ ᠪᠠᠶᠢᠳᠠᠯ ᠵᠡᠷᠭᠡ ᠶᠢ ᠦᠨᠡᠨ ᠪᠣᠳᠠᠲᠠᠢ ᠣᠨᠣᠪᠴᠢᠲᠠᠶ ᠡᠵᠡᠮᠰᠢᠵᠦ᠂ ᠬᠥᠷᠥᠰᠥ ᠰᠢᠷᠣᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠰᠠᠬᠢᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠳᠤ ᠪᠠᠲᠤ ᠪᠠᠬᠢ ᠰᠠᠭᠤᠷᠢ ᠲᠠᠯᠪᠢᠵᠤ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ᠬᠤᠶᠠᠷ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠬᠢᠭᠡᠳ ᠠᠭᠤᠯᠭ᠎ᠠ ︵ᠨᠢᠭᠡ︶ ᠨᠡᠶᠢᠳᠡᠮ ᠪᠠᠶᠢᠴᠠᠭᠠᠯᠲᠠ ᠶᠢᠨ ᠡᠲᠡᠭᠡᠳ      ᠲᠠᠷᠢᠶᠠᠨ ᠭᠠᠵᠠᠷ᠂ ᠴᠡᠴᠡᠷᠯᠢᠭ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ ᠵᠡᠷᠭᠡ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠤᠨ ᠬᠡᠰᠡᠭ ᠠᠰᠢᠭᠯᠠᠭᠠᠳᠤᠶ ᠭᠠᠵᠠᠷ ᠤᠨ ᠬᠥᠷᠥᠰᠥ ᠰᠢᠷᠣᠶ᠃ ᠡᠭᠦᠨ ᠳᠤ᠂ ᠣᠶᠢᠲᠤ ᠭᠠᠵᠠᠷ᠂ ᠡᠪᠡᠰᠤᠳᠤ ᠭᠠᠵᠡᠷ ᠤᠨ ᠢᠳᠡᠭᠡᠨ ᠤ ᠦᠶᠯᠡᠳᠪᠦᠷᠢᠯᠡᠯ ᠲᠠᠢ ᠬᠠᠮᠢᠶ᠎ᠠ   ᠲᠠᠢ ᠭᠠᠵᠠᠷ ᠰᠢᠷᠣᠶ ᠶᠢ ᠭᠤᠤᠯᠳᠠᠯᠭ᠎ᠠ ᠲᠠᠢ ᠪᠠᠶᠢᠴᠠᠭᠠᠵᠤ᠂ ᠠᠰᠢᠭᠯᠠᠭᠠᠳᠤᠶ ᠭᠠᠵᠠᠷ ᠤᠨ ᠬᠠᠭᠠᠯᠪᠤᠷᠢᠯᠠᠵᠤ ᠪᠣᠯᠬᠤ ᠲᠠᠷᠢᠶᠠᠨ ᠭᠠᠵᠠᠷ ᠤᠨ ᠡᠬᠢ ᠪᠠᠶᠠᠯᠢᠭ ᠤᠨ ᠬᠠᠮᠢᠶ᠎ᠠ ᠲᠠᠢ ᠭᠠᠵᠠᠷ ᠰᠢᠷᠣᠶ  ᠶᠢ ᠭᠤᠤᠯᠳᠠᠯᠭ᠎ᠠ ᠲᠠᠢ ᠪᠠᠶᠢᠴᠠᠭᠠᠨ᠎ᠠ᠂ ᠵᠢᠱᠢᠶᠡᠯᠡᠪᠡᠯ ᠬᠤᠵᠢᠷᠯᠢᠭ ᠭᠠᠵᠠᠷ ᠵᠡᠷᠭᠡ᠃ᠬᠤᠶᠠᠷ᠂ ᠨᠡᠶᠢᠳᠡᠮ ᠪᠠᠶᠢᠴᠠᠭᠠᠯᠲᠠ ᠶᠢᠨ ᠠᠭᠤᠯᠭ᠎ᠠ     ᠡᠭᠦᠨ ᠳᠤ ᠭᠤᠣᠯᠳᠠᠭᠤ ᠬᠥᠷᠥᠰᠥ ᠰᠢᠷᠣᠶ ᠶᠢᠨ ᠰᠢᠨᠵᠢ ᠪᠠᠶᠢᠳᠠᠯ ᠤᠨ ᠨᠡᠶᠢᠳᠡᠮ ᠪᠠᠶᠢᠴᠠᠭᠠᠯᠲᠠ᠂ ᠬᠥᠷᠥᠰᠥ ᠰᠢᠷᠣᠶ ᠶᠢᠨ ᠲᠥᠷᠥᠯ ᠬᠡᠯᠪᠡᠷᠢ ᠶᠢᠨ ᠨᠡᠶᠢᠳᠡᠮ ᠪᠠᠶᠢᠴᠠᠭᠠᠯᠲᠠ᠂ ᠬᠥᠷᠥᠰᠥ ᠰᠢᠷᠣᠶ ᠶᠢᠨ ᠤᠷᠭᠤᠬᠤ ᠨᠥᠬᠦᠴᠡᠯ ᠤᠨ ᠨᠡᠶᠢᠳᠡᠮ ᠪᠠᠶᠢᠴᠠᠭᠠᠯᠲᠠ᠂ ᠬᠥᠷᠥᠰᠥ ᠰᠢᠷᠣᠶ ᠶᠢᠨ ᠠᠰᠢᠭᠯᠠᠯᠲᠠ ᠶᠢᠨ ᠪᠠᠶᠢᠳᠠᠯ ᠤᠨ ᠨᠡᠶᠢᠳᠡᠮ ᠪᠠᠶᠢᠴᠠᠭᠠᠯᠲᠠ ᠵᠡᠷᠭᠡ ᠳᠥᠷᠪᠡᠨ ᠲᠠᠯ᠎ᠠ ᠪᠠᠭᠲᠠᠨ᠎ᠠ᠃     1 . ᠬᠥᠷᠥᠰᠥ ᠰᠢᠷᠣᠶ ᠶᠢᠨ ᠰᠢᠨᠵᠢ ᠪᠠᠶᠢᠳᠠᠯ ᠤᠨ ᠨᠡᠶᠢᠳᠡᠮ ᠪᠠᠶᠢᠴᠠᠭᠠᠯᠲᠠ᠃ ᠬᠥᠷᠥᠰᠥ ᠰᠢᠷᠣᠶ ᠶᠢᠨ ᠶᠠᠩᠵᠤ ᠡᠳ᠋ ᠢ ᠴᠤᠭᠯᠠᠭᠤᠯᠬᠤ ᠪᠠ ᠬᠡᠮᠵᠢᠨ ᠲᠤᠷᠰᠢᠬᠤ ᠪᠠᠷ ᠳᠠᠮᠵᠢᠭᠤᠯᠤᠨ᠂ ᠬᠥᠷᠥᠰᠥ ᠰᠢᠷᠣᠶ ᠶᠢᠨ ᠥᠩᠭᠡ᠂ ᠶᠠᠰᠤ ᠴᠢᠨᠠᠷ᠂ ᠣᠷᠭᠠᠨᠢᠭ ᠪᠣᠳᠠᠰ᠂ ᠬᠦᠴᠢᠯ ᠱᠦᠯᠲᠦ ᠶᠢᠨ ᠬᠡᠮᠵᠢᠶ᠎ᠡ᠂ ᠰᠢᠮ᠎ᠡ ᠲᠡᠵᠢᠭᠡᠯ᠂ ᠡᠵᠡᠯᠡᠬᠦᠨ ᠤ ᠬᠦᠨᠳᠦ᠂ ᠵᠠᠢ ᠵᠠᠪᠰᠠᠷ ᠤᠨ ᠬᠡᠮᠵᠢᠶ᠎ᠡ᠂ ᠬᠦᠨᠳᠦ ᠲᠡᠮᠦᠷᠯᠢᠭ ᠵᠡᠷᠭᠡ ᠬᠥᠷᠥᠰᠥ ᠰᠢᠷᠣᠶ ᠶᠢᠨ ᠹᠢᠽᠢᠺ ᠬᠢᠮᠢ ᠶᠢᠨ ᠭᠦᠶᠴᠡᠳᠬᠡᠯ ᠲᠤᠭ᠎ᠠ ᠵᠢᠴᠢ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠪᠢᠴᠢᠯ ᠡᠯᠧᠮᠧᠨ᠋ᠲ ᠢ ᠨᠡᠶᠢᠳᠡᠮ ᠪᠠᠶᠢᠴᠠᠭᠠᠨ᠎ᠠ︔ ᠨᠡᠶᠢᠲᠡᠯᠢᠭ ᠣᠷᠣᠨ ᠪᠦᠰᠡ  ᠳᠤ ᠤᠷᠭᠤᠮᠠᠯ ᠤᠨ ᠦᠨᠳᠦᠰᠦᠨ ᠰᠢᠰᠲ᠋ᠧᠮ᠂ ᠠᠮᠢᠲᠠᠨ ᠤ ᠠᠵᠢᠯᠯᠠᠭ᠎ᠠ᠂ ᠮᠢᠺᠷᠣᠪ ᠤᠨ ᠲᠤᠭ᠎ᠠ ᠬᠡᠮᠵᠢᠶ᠎ᠡ᠂ ᠲᠥᠷᠥᠯ ᠬᠡᠯᠪᠡᠷᠢ᠂ ᠲᠠᠷᠬᠠᠯᠲᠠ ᠵᠡᠷᠭᠡ ᠬᠥᠷᠥᠰᠥ ᠰᠢᠷᠣᠶ ᠶᠢᠨ ᠠᠮᠢᠳᠤ ᠪᠣᠳᠠᠰ ᠤᠨ ᠰᠤᠳᠤᠯᠤᠯ ᠤᠨ ᠭᠦᠶᠴᠡᠳᠬᠡᠬᠦ ᠲᠤᠭ᠎ᠠ ᠶᠢ ᠨᠡᠶᠢᠳᠡᠮ ᠪᠠᠶᠢᠴᠠᠭᠠᠨ᠎ᠠ᠃    2 . ᠬᠥᠷᠥᠰᠥ ᠰᠢᠷᠣᠶ ᠶᠢᠨ ᠲᠥᠷᠥᠯ ᠬᠡᠯᠪᠡᠷᠢ ᠶᠢᠨ ᠨᠡᠶᠢᠳᠡᠮ ᠪᠠᠶᠢᠴᠠᠭᠠᠯᠲᠠ᠃ ᠬᠤᠶᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ  ᠶᠢᠨ ᠦᠷ᠎ᠡ ᠪᠦᠲᠦᠭᠡᠯ ᠢᠶᠠᠷ ᠰᠠᠭᠤᠷᠢ ᠪᠣᠯᠭᠠᠵᠤ᠂ ᠭᠤᠤᠯ ᠪᠣᠯᠬᠤ ᠬᠥᠷᠥᠰᠥ ᠰᠢᠷᠣᠶ ᠶᠢᠨ ᠲᠥᠷᠥᠯ ᠵᠦᠶᠯ ᠳᠤ ᠣᠭᠲᠣᠯᠤᠭᠠᠰᠤ ᠮᠠᠯᠲᠠᠵᠤ ᠠᠵᠢᠭᠯᠠᠨ ᠬᠡᠮᠵᠢᠬᠦ᠂ ᠥᠯᠢᠭᠡᠷ ᠠᠪᠴᠤ ᠰᠢᠨᠵᠢᠯᠡᠨ ᠰᠢᠯᠭᠠᠬᠤ ᠵᠡᠷᠭᠡ ᠠᠷᠭ᠎ᠠ ᠬᠡᠮᠵᠢᠶ᠎ᠡ ᠠᠪᠴᠤ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠣᠯᠵᠤ᠂ ᠬᠥᠷᠥᠰᠥ ᠰᠢᠷᠣᠶ ᠶᠢᠨ ᠲᠥᠷᠥᠯ ᠬᠡᠯᠪᠡᠷᠢ  ᠶᠢ ᠨᠥᠬᠦᠪᠥᠷᠢᠯᠡᠨ ᠲᠡᠭᠦᠯᠳᠡᠷᠵᠢᠭᠦᠯᠦᠨ᠎ᠡ᠃   3 . ᠬᠥᠷᠥᠰᠥ ᠰᠢᠷᠣᠶ ᠶᠢᠨ ᠤᠷᠭᠤᠬᠤ ᠨᠥᠬᠦᠴᠡᠯ ᠤᠨ ᠨᠡᠶᠢᠳᠡᠮ ᠪᠠᠶᠢᠴᠠᠭᠠᠯᠲᠠ᠃ ᠬᠡᠭᠡᠷ᠎ᠡ ᠶᠢᠨ ᠪᠠᠶᠢᠴᠠᠭᠠᠯᠲᠠ ᠶᠢᠨ ᠦᠯᠢᠭᠡᠷ ᠠᠪᠬᠤ ᠴᠢᠭ ᠤᠨ ᠪᠠᠶᠢᠭ᠎ᠠ ᠣᠷᠣᠨ ᠤ ᠭᠠᠵᠠᠷ ᠤᠨ ᠪᠠᠶᠢᠴᠠ ᠭᠠᠵᠠᠷ ᠤᠨ ᠭᠠᠳᠠᠷᠭᠤ᠂ ᠤᠷᠭᠤᠮᠠᠯ ᠤᠨ ᠬᠤᠴᠢᠯᠭ᠎ᠠ ᠶᠢᠨ ᠲᠥᠷᠥᠯ ᠬᠡᠯᠪᠡᠷᠢ᠂ ᠠᠭᠤᠷ ᠠᠮᠢᠰᠬᠤᠯ᠂ ᠤᠰᠤᠨ ᠤ ᠭᠠᠵᠠᠷ ᠰᠢᠨᠵᠢᠯᠡᠭᠡ ᠵᠡᠷᠭᠡ ᠪᠠᠶᠢᠳᠠᠯ ᠢ ᠭᠤᠣᠯᠳᠠᠯᠭ᠎ᠠ ᠲᠠᠢ ᠨᠡᠶᠢᠳᠡᠮ ᠪᠠᠶᠢᠴᠠᠭᠠᠨ᠎ᠠ᠃   4 . ᠬᠥᠷᠥᠰᠥ ᠰᠢᠷᠣᠶ ᠶᠢᠨ ᠠᠰᠢᠭᠯᠠᠯᠲᠠ ᠶᠢᠨ ᠪᠠᠶᠢᠳᠠᠯ ᠤᠨ ᠨᠡᠶᠢᠳᠡᠮ ᠪᠠᠶᠢᠴᠠᠭᠠᠯᠲᠠ᠃ ᠰᠠᠭᠤᠷᠢ ᠲᠦᠬᠦᠬᠡᠷᠦᠮᠵᠢ ᠶᠢᠨ ᠨᠥᠬᠦᠴᠡᠯ᠂ ᠲᠠᠷᠢᠬᠤ ᠳᠦᠷᠢᠮ᠂ ᠲᠠᠷᠢᠶᠠᠯᠠᠬᠤ ᠠᠷᠭ᠎ᠠ ᠮᠠᠶ᠋ᠢᠭ᠂ ᠤᠰᠤᠯᠠᠬᠤ ᠪᠠ ᠤᠰᠤ ᠭᠠᠳᠠᠭᠰᠢᠯᠠᠭᠤᠯᠬᠤ ᠲᠦᠬᠦᠬᠡᠷᠦᠮᠵᠢ ᠶᠢᠨ ᠪᠠᠶᠢᠳᠠᠯ᠂ ᠲᠠᠷᠢᠮᠠᠯ ᠤᠨ ᠤᠨᠠᠯᠳᠠ ᠶᠢᠨ ᠬᠢᠷᠢ ᠬᠡᠮᠵᠢᠶ᠎ᠡ ᠵᠡᠷᠭᠡ ᠰᠠᠭᠤᠷᠢ ᠮᠡᠳᠡᠭᠡ ᠵᠠᠩᠭᠢ ᠪᠠ ᠪᠣᠷᠳᠣᠭᠤᠷ᠂ ᠲᠠᠷᠢᠶᠠᠨ ᠡᠮ᠂ ᠲᠠᠷᠢᠶᠠᠯᠠᠩ ᠤᠨ ᠵᠤᠯᠤᠮ᠎ᠠ ᠵᠡᠷᠭᠡ ᠲᠠᠷᠢᠶᠠᠯᠠᠩ ᠤᠨ ᠣᠷᠣᠭᠤᠯᠤᠯᠲᠠ ᠶᠢᠨ ᠵᠤᠶᠢᠯ ᠤᠨ ᠬᠡᠷᠡᠭᠯᠡᠭᠰᠡᠨ ᠪᠠᠶᠢᠳᠠᠯ ᠢ ᠭᠤᠣᠯᠳᠠᠯᠭ᠎ᠠ ᠲᠠᠢ ᠨᠡᠶᠢᠳᠡᠮ ᠪᠠᠶᠢᠴᠠᠭᠠᠨ᠎ᠠ᠃ᠭᠤᠷᠪᠠ᠂ ᠨᠡᠶᠢᠳᠡᠮ ᠪᠠᠶᠢᠴᠠᠭᠠᠯᠲᠠ ᠶᠢᠨ ᠠᠬᠢᠴᠠ ᠶᠢᠨ ᠲᠣᠬᠢᠷᠠᠭᠤᠯᠤᠯᠲᠠ     2022 ᠣᠨ ᠳᠤ᠂ ᠮᠠᠨ ᠤ ᠲᠤᠭᠤᠷᠢᠭ ᠤᠨ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠨ᠎ᠠ᠃     2023 — 2024 ᠣᠨ ᠪᠣᠯᠲᠠᠯ᠎ᠠ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠦᠨ᠂ ᠮᠡᠷᠭᠡᠵᠢᠯ ᠤᠨ ᠪᠤᠳᠠᠳᠠᠢ ᠪᠤᠯᠪᠠᠰᠤᠷᠠᠯ  ᠤᠨ ᠵᠢᠯᠣᠭᠤᠳᠣᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠤᠳᠠᠳᠠᠢ ᠭᠠᠵᠡᠷ ᠲᠤ ᠪᠠᠶᠢᠴᠠᠭᠠᠨ ᠥᠯᠢᠭᠡᠷ ᠠᠪᠬᠤ ᠪᠠ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠨ ᠰᠢᠯᠭᠠᠨ ᠲᠤᠷᠰᠢᠬᠤ ᠪᠠ ᠰᠢᠯᠭᠠᠨ ᠪᠠᠶᠢᠴᠠᠭᠠᠬᠤ ᠠᠵᠢᠯ ᠢ ᠪᠡᠶᠡᠯᠡᠭᠦᠯᠦᠨ᠂ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠳ᠋ᠠᠶᠢᠲ᠋ᠠ ᠬᠥᠮᠥᠷᠭᠡ ᠬᠢᠭᠡᠳ ᠥᠯᠢᠭᠡᠷ ᠬᠥᠮᠥᠷᠭᠡ ᠶᠢᠨ ᠪᠠᠶᠢᠭᠤᠯᠤᠯᠲᠠ ᠶᠢ ᠥᠷᠨᠢᠭᠦᠯᠵᠦ᠂ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠢ ᠤᠯᠬᠤ ᠪᠠᠷ ᠴᠢᠷᠮᠠᠶᠢᠨ᠎ᠠ᠃ ᠡᠭᠦᠨ ᠳᠤ ᠪᠤᠳᠠᠳᠠᠢ ᠭᠠᠵᠡᠷ ᠲᠤ ᠪᠠᠶᠢᠴᠠᠭᠠᠨ ᠥᠯᠢᠭᠡᠷ ᠠᠪᠬᠤ᠂ ᠡᠮᠬᠢᠳᠬᠡᠨ ᠴᠤᠭᠯᠠᠭᠤᠯᠵᠤ ᠰᠢᠯᠭᠠᠨ ᠪᠠᠶᠢᠴᠠᠭᠠᠬᠤ ᠴᠠᠭ ᠨᠢ 2024 ᠣᠨ ᠤ 10 ᠰᠠᠷ᠎ᠠ ᠪᠣᠯᠤᠨ᠎ᠠ᠃     2025 ᠣᠨ ᠤ ᠳᠡᠭᠡᠷ᠎ᠡ ᠬᠠᠭᠠᠰ ᠵᠢᠯ ᠳᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠡᠮᠬᠢᠯᠡᠬᠦ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠪᠢᠴᠢᠵᠦ ᠣᠷᠣᠭᠤᠯᠬᠤ ᠵᠡᠷᠭᠡ ᠠᠵᠢᠯ ᠢ ᠪᠡᠶᠡᠯᠡᠭᠦᠯᠵᠦ᠂ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠦᠨᠳᠦᠰᠦᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠪᠦᠷᠢᠯᠳᠦᠭᠦᠯᠦᠨ᠎ᠡ︔ ᠳᠣᠣᠷ᠎ᠠ ᠬᠠᠭᠠᠰ ᠵᠢᠯ ᠳᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠰᠢᠯᠭᠠᠨ ᠬᠤᠷᠢᠶᠠᠬᠤ᠂ ᠬᠤᠷᠢᠶᠠᠩᠭᠤᠶᠢᠯᠠᠨ ᠲᠤᠰᠢᠶᠠᠬᠤ ᠪᠠ  ᠳ᠋ᠦᠩᠨᠡᠬᠦ ᠠᠵᠢᠯ ᠢ ᠪᠡᠶᠡᠯᠡᠭᠦᠯᠵᠦ᠂ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠳ᠋ᠠᠶᠢᠲ᠋ᠠ ᠬᠥᠮᠥᠷᠭᠡ ᠪᠣᠯᠤᠨ ᠦᠯᠢᠭᠡᠷ ᠬᠥᠮᠥᠷᠭᠡ ᠶᠢ ᠪᠠᠶᠢᠭᠤᠯᠵᠤ᠂ ᠮᠠᠨ ᠤ ᠲᠤᠭᠤᠷᠢᠭ ᠤᠨ ᠲᠠᠷᠢᠶᠠᠨ ᠭᠠᠵᠠᠷ ᠤᠨ ᠶᠠᠰᠤ ᠴᠢᠨᠠᠷ ᠤᠨ ᠮᠡᠳᠡᠭᠦᠯᠦᠯᠲᠡ ᠪᠣᠯᠤᠨ ᠬᠥᠷᠥᠰᠥ ᠰᠢᠷᠣᠶ ᠶᠢᠨ ᠠᠰᠢᠭᠯᠠᠯᠲᠠ ᠳᠤ ᠲᠣᠬᠢᠷᠠᠬᠤ ᠴᠢᠨᠠᠷ ᠤᠨ ᠦᠨᠡᠯᠡᠯᠲᠡ ᠶᠢᠨ ᠮᠡᠳᠡᠭᠦᠯᠦᠯᠲᠡ ᠶᠢ ᠪᠦᠷᠢᠯᠳᠦᠬᠦᠯᠦᠨ᠎ᠠ᠃ᠳᠥᠷᠪᠡ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠬᠤ     ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠨᠢᠭᠡ ᠵᠦᠶᠯ ᠤᠨ ᠴᠢᠬᠤᠯᠠ ᠪᠠᠶᠢᠴᠠᠭᠠᠯᠲᠠ ᠪᠠᠶᠢᠵᠤ᠂ ᠬᠤᠯᠪᠣᠭᠳᠠᠬᠤ ᠬᠡᠪᠴᠢᠶ᠎ᠡ ᠨᠢ ᠥᠷᠭᠡᠨ᠂ ᠣᠷᠣᠯᠴᠠᠬᠤ ᠰᠠᠯᠠᠭ᠎ᠠ ᠮᠥᠴᠢᠷ ᠣᠯᠠᠨ᠂ ᠠᠵᠢᠯ ᠤᠨ ᠡᠭᠦᠷᠭᠡ ᠬᠦᠨᠳᠦ᠂ ᠮᠡᠷᠭᠡᠵᠢᠯ ᠤᠨ ᠱᠠᠭᠠᠷᠳᠠᠯᠭ᠎ᠠ ᠥᠨᠳᠥᠷ ᠶᠤᠮ᠃ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠬᠤ ᠶᠢᠨ ᠲᠤᠰᠠᠳᠠ᠂ ᠳ᠋ᠦᠩᠱᠧᠩ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯᠯᠠᠬᠤ ᠳᠤᠭᠤᠶᠢᠯᠠᠩ ︵ᠲᠤᠤᠷ᠎ᠠ ᠠᠵᠢᠯᠯᠠᠬᠤ ᠳᠤᠭᠤᠶᠢᠯᠠᠩ ᠭᠡᠵᠦ ᠲᠣᠪᠴᠢᠯᠠᠨ᠎ᠠ︶ ᠢ  ᠪᠠᠶᠢᠭᠤᠯᠤᠨ᠎ᠠ᠂ ᠨᠡᠶᠢᠳᠡᠮ ᠪᠠᠶᠢᠴᠠᠭᠠᠯᠲᠠ  ᠶᠢ ᠵᠣᠬᠢᠶᠠᠨ ᠪᠠᠶᠢᠭᠤᠯᠤᠨ ᠬᠡᠷᠡᠭᠵᠢᠬᠦᠯᠬᠦ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠨ᠎ᠠ᠃ ᠠᠵᠢᠯᠯᠠᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠬᠦᠯᠬᠦ ᠪᠠ ᠵᠣᠬᠢᠴᠠᠭᠤᠯᠬᠤ ᠶᠢ ᠬᠠᠷᠢᠭᠤᠴᠠᠨ᠎ᠠ᠃ ᠠᠯᠪᠠᠨ ᠭᠡᠷ ᠤᠨ ᠲᠤᠤᠷ᠎ᠠ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ᠂ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠳᠤᠭᠤᠶᠢᠯᠠᠩ᠂ ᠲᠤᠰᠬᠠᠶ ᠮᠡᠷᠭᠡᠵᠢᠯᠲᠡᠨ ᠤ ᠯᠠᠪᠯᠠᠬᠤ ᠳᠤᠭᠤᠶᠢᠯᠠᠩ ᠢ ᠪᠠᠶᠢᠭᠤᠯᠵᠤ᠂ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ ᠢ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂  ᠲᠤᠭᠤᠷᠢᠭ ᠤᠨ ᠬᠦᠭᠵᠢᠯᠳᠠ ᠪᠠ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠲᠤᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ᠂ ᠲᠤᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠤᠭᠤᠷᠢᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠦᠴᠢᠷ ᠤᠨ ᠬᠤᠯᠪᠤᠭᠳᠠᠯ ᠪᠦᠬᠦᠢ ᠰᠠᠯᠠᠭ᠎ᠠ ᠲᠠᠰᠤᠭ ᠵᠢᠴᠢ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠭᠤᠣᠯ ᠬᠠᠷᠢᠭᠤᠴᠠᠯᠭᠠᠲᠠᠨ  ᠢᠶᠠᠷ ᠪᠦᠷᠢᠯᠳᠦᠭᠦᠯᠵᠦ᠂ ᠨᠢᠭᠡᠳᠦᠯᠲᠡᠶ ᠲᠥᠯᠥᠪᠯᠡᠬᠦ᠂ ᠠᠵᠢᠯᠲᠠᠨ ᠲᠣᠬᠢᠷᠠᠭᠤᠯᠬᠤ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ ᠪᠡᠯᠡ ᠮᠥᠩᠭᠦ ᠴᠤᠭᠯᠠᠭᠤᠯᠬᠤ ᠵᠡᠷᠭᠡ  ᠶᠢ ᠬᠠᠷᠢᠭᠤᠴᠠᠨ᠎ᠠ︔ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠳᠤᠭᠤᠶᠢᠯᠠᠩ ᠢ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠲᠤᠭᠤᠷᠢᠭ  ᠤᠨ ᠤᠰᠤᠨ ᠠᠰᠢᠭᠯᠠᠯᠲᠠ ᠶᠢᠨ ᠲᠣᠪᠴᠢᠶ᠎ᠠ᠂ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠤᠭᠤᠷᠢᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠮᠡᠷᠭᠡᠵᠢᠯ ᠤᠨ ᠠᠵᠢᠯᠲᠠᠨ ᠢᠶᠠᠷ ᠪᠦᠷᠢᠯᠳᠦᠭᠦᠯᠵᠦ᠂ ᠠᠵᠢᠯ ᠤᠨ ᠬᠤᠪᠢᠶᠠᠷᠢᠯᠠᠯ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠮᠠᠨ ᠤ ᠲᠤᠭᠤᠷᠢᠭ ᠤᠨ ᠲᠠᠷᠢᠶᠠᠨ ᠭᠠᠵᠠᠷ ︵ᠬᠦᠷᠢᠶᠡᠯᠡᠩ ᠭᠠᠵᠠᠷ ᠪᠠᠭᠲᠠᠨ᠎ᠠ︶ ᠤᠨ ᠬᠥᠷᠥᠰᠥ ᠰᠢᠷᠣᠶ᠂ ᠣᠶᠢᠲᠤ ᠭᠠᠵᠠᠷ᠂ ᠠᠰᠢᠭᠯᠠᠭᠠᠳᠤᠶ ᠭᠠᠵᠠᠷ ︵ᠭᠤᠤᠯᠳᠠᠯᠭ᠎ᠠ ᠨᠢ ᠬᠤᠵᠢᠷᠯᠢᠭ ᠭᠠᠵᠠᠷ ᠪᠣᠯᠤᠨ᠎ᠠ︶ ᠤᠨ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ  ᠶᠢᠨ ᠪᠣᠳᠠᠲᠠᠶ ᠬᠡᠷᠡᠭᠵᠢᠭᠦᠯᠬᠦ ᠠᠵᠢᠯ ᠢ ᠲᠣᠰ ᠲᠣᠰ ᠬᠠᠷᠢᠭᠤᠴᠠᠨ᠎ᠠ︔ ᠲᠤᠰᠬᠠᠶ ᠮᠡᠷᠭᠡᠵᠢᠯᠲᠡᠨ ᠤ ᠯᠠᠪᠯᠠᠬᠤ ᠳᠤᠭᠤᠶᠢᠯᠠᠩ ᠢ ᠡᠯᠪᠡᠭ ᠦᠢᠯᠡᠳᠦᠯᠭᠡ ᠶᠢᠨ ᠲᠤᠷᠰᠢᠯᠭ᠎ᠠ ᠪᠣᠯᠤᠨ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠮᠡᠳᠡᠯᠭᠡ ᠲᠠᠢ ᠲᠤᠰᠬᠠᠶ ᠮᠡᠷᠭᠡᠵᠢᠯᠲᠡᠨ ᠢᠶᠠᠷ ᠪᠦᠷᠢᠯᠳᠦᠭᠦᠯᠵᠦ᠂ ᠬᠠᠮᠢᠶ᠎ᠠ ᠪᠦᠬᠦᠢ ᠲᠥᠰᠦᠯ ᠢ ᠬᠢᠨᠠᠨ ᠪᠠᠶᠢᠴᠠᠭᠠᠬᠤ᠂ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠰᠢᠶᠳᠪᠦᠷᠢᠯᠡᠬᠦ᠂ ᠮᠡᠷᠭᠡᠵᠢᠯ ᠤᠨ ᠪᠤᠯᠪᠠᠰᠤᠷᠠᠯ ᠬᠢᠬᠦ᠂ ᠲᠤᠬᠠᠶ ᠶᠢᠨ ᠭᠠᠵᠠᠷ ᠲᠤᠨᠢ ᠵᠢᠯᠣᠭᠤᠳᠬᠤ ᠵᠡᠷᠭᠡ ᠶᠢ ᠬᠠᠷᠢᠭᠤᠴᠠᠨ᠎ᠠ᠃ ᠡᠯ᠎ᠡ ᠳᠤᠭᠤᠶᠢᠯᠠᠩ ᠤᠨ ᠬᠢᠨ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠲᠤᠰ ᠲᠤᠰ ᠤᠨ ᠬᠠᠷᠢᠭᠤᠴᠠᠯᠭ᠎ᠠ ᠪᠠᠨ ᠬᠠᠷᠢᠭᠤᠴᠠᠵᠤ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠨᠢᠭᠲᠠ ᠬᠠᠮᠵᠢᠯᠴᠠᠨ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠳᠤᠯᠠᠨ᠎ᠠ᠃ᠲᠠᠪᠤ᠂ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠪᠠᠲᠤᠯᠠᠭ᠎ᠠ      ᠲᠤᠰ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠲᠥᠪ ᠤᠨ ᠡᠳ᠋ ᠤᠨ ᠵᠠᠰᠠᠭ ᠪᠣᠯᠤᠨ ᠣᠷᠣᠨ ᠨᠤᠲᠤᠭ ᠤᠨ ᠡᠳ᠋ ᠤᠨ ᠵᠠᠰᠠᠭ ᠠᠴᠠ ᠡᠭᠦᠷᠭᠡᠯᠡᠭᠰᠡᠨ ᠠᠵᠢᠯ ᠤᠨ ᠡᠭᠦᠷᠭᠡ ᠶᠢᠨ ᠶᠣᠰᠣᠭᠠᠷ ᠬᠤᠪᠢᠶᠠᠷᠢᠯᠠᠨ ᠡᠭᠦᠷᠭᠡᠯᠡᠨ᠎ᠡ᠃ ᠣᠷᠣᠨ ᠨᠤᠲᠤᠭ ᠤᠨ ᠡᠳ᠋ ᠤᠨ ᠵᠠᠰᠠᠭ ᠨᠢ ᠲᠤᠰ ᠭᠠᠵᠡᠷ ᠤᠷᠤᠨ  ᠤ ᠪᠤᠳᠠᠳᠠᠢ ᠭᠠᠵᠡᠷ ᠲᠤ ᠪᠠᠶᠢᠴᠠᠭᠠᠨ ᠦᠯᠢᠭᠡᠷ ᠠᠪᠬᠤ᠂ ᠡᠮᠬᠢᠳᠬᠡᠨ ᠴᠤᠭᠯᠠᠭᠤᠯᠵᠤ ᠰᠢᠯᠭᠠᠨ ᠲᠤᠷᠰᠢᠬᠤ ᠪᠠ ᠰᠢᠯᠭᠠᠨ ᠪᠠᠶᠢᠴᠠᠭᠠᠬᠤ᠂ ᠮᠡᠷᠭᠡᠵᠢᠯ ᠤᠨ ᠪᠤᠯᠪᠠᠰᠤᠷᠠᠯ ᠬᠢᠬᠦ᠂ ᠲᠤᠰᠬᠠᠶ ᠮᠡᠷᠭᠡᠵᠢᠯᠲᠡᠨ ᠤ ᠵᠢᠯᠣᠭᠤᠳᠴᠤ ᠦᠢᠯᠡᠴᠢᠯᠡᠬᠦ᠂ ᠲᠤᠭ᠎ᠠ ᠪᠠᠷᠢᠮᠲᠠ ᠶᠢ ᠵᠠᠳᠠᠯᠬᠤ᠂ ᠦᠷ᠎ᠡ ᠪᠦᠲᠦᠭᠡᠯ ᠢ ᠬᠤᠷᠢᠶᠠᠩᠭᠤᠶᠢᠯᠠᠬᠤ ᠪᠠ ᠲᠤᠭ᠎ᠠ ᠪᠠᠷᠢᠮᠲᠠ  ᠶᠢᠨ ᠬᠥᠮᠥᠷᠭᠡ ᠪᠠ ᠦᠯᠢᠭᠡᠷ ᠬᠥᠮᠥᠷᠭᠡ ᠶᠢᠨ ᠪᠠᠶᠢᠭᠤᠯᠤᠯᠲᠠ ᠵᠡᠷᠭᠡ ᠶᠢ ᠬᠠᠷᠢᠭᠤᠴᠠᠨ᠎ᠠ᠃ ᠲᠤᠭᠤᠷᠢᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯ ᠤᠨ ᠬᠡᠷᠡᠭᠴᠡᠭᠡ ᠪᠠᠨ ᠦᠨᠳᠦᠰᠦᠯᠡᠨ ᠴᠠᠭ ᠲᠤᠬᠠᠶ ᠳᠤᠨᠢ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠯᠤᠭ᠎ᠠ ᠵᠣᠯᠭᠠᠭᠤᠯᠵᠤ᠂ ᠵᠠᠷᠤᠳᠠᠯ  ᠤᠨ ᠲᠥᠰᠦᠪ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠠ᠃ᠵᠢᠷᠭᠤᠭ᠎ᠠ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ      ᠲᠤᠭᠤᠷᠢᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠮᠡᠷᠭᠡᠵᠢᠯ ᠤᠨ ᠵᠢᠯᠣᠭᠤᠳᠤᠯᠭ᠎ᠠ᠂ ᠲᠤᠰᠬᠠᠶ ᠮᠡᠷᠭᠡᠵᠢᠯ ᠤᠨ ᠠᠵᠢᠯᠲᠠᠨ ᠤ ᠲᠣᠬᠢᠷᠠᠭᠤᠯᠤᠯᠲᠠ᠂ ᠨᠡᠶᠢᠳᠡᠮ ᠪᠠᠶᠢᠴᠠᠭᠠᠯᠲᠠ ᠶᠢᠨ ᠡᠩᠨᠡᠭᠡᠨ ᠤ ᠪᠤᠯᠪᠠᠰᠤᠷᠠᠯ ᠢᠶᠠᠨ ᠴᠢᠩᠭᠠᠳᠬᠠᠵᠤ᠂ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ  ᠶᠢᠨ ᠲᠤᠰᠬᠠᠶᠢᠵᠢᠯᠠᠯᠳᠠ᠂ ᠪᠠᠷᠢᠮᠵᠢᠶᠠᠵᠢᠭᠤᠯᠤᠯᠳᠠ᠂ ᠲᠦᠷᠢᠮᠵᠢᠬᠦᠯᠦᠯᠳᠠ ᠶᠢ ᠦᠨᠡᠨᠬᠦ ᠪᠠᠳᠤᠯᠠᠬᠤ ᠬᠡᠷᠡᠭᠳᠠᠢ᠃ ᠶᠠᠰᠤ ᠴᠢᠨᠠᠷ ᠤᠨ ᠡᠵᠡᠮᠳᠡᠯ ᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠲᠤᠭᠳᠠᠯᠴᠠᠭ᠎ᠠ ᠪᠣᠯᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠮᠥᠷᠳᠡᠯᠲᠡ ᠶᠢᠨ ᠲᠣᠭᠲᠠᠴᠠ ᠶᠢ ᠪᠠᠶᠢᠭᠤᠯᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠡᠷᠬᠡᠪᠰᠢ ᠱᠠᠭᠠᠷᠳᠠᠯᠭ᠎ᠠ ᠶᠣᠰᠣᠭᠠᠷ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠨ ᠮᠡᠳᠡᠭᠦᠯᠦᠨ ᠬᠦᠷᠭᠡᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠶᠠᠮᠠᠷᠪᠠ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠡ ᠪᠣᠯᠤᠨ ᠬᠤᠪᠢ ᠬᠥᠮᠦᠨ ᠴᠥᠮ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠤᠳᠠᠯ ᠢᠶᠠᠷ ᠮᠡᠳᠡᠬᠦᠯᠬᠦ᠂ ᠨᠢᠭᠤᠬᠤ᠂ ᠦᠯᠦ ᠮᠡᠳᠡᠭᠦᠯᠬᠦ᠂ ᠬᠤᠵᠢᠭᠳᠠᠭᠤᠯᠤᠨ ᠮᠡᠳᠡᠭᠦᠯᠵᠦ ᠪᠣᠯᠬᠤ ᠦᠭᠡᠶ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠪᠠ ᠨᠠᠶᠢᠳᠠᠮ ᠪᠠᠶᠢᠴᠠᠭᠠᠯᠳᠠ ᠶᠢᠨ ᠲᠤᠭ᠎ᠠ ᠪᠠᠷᠢᠮᠳᠠ ᠶᠢ ᠥᠭᠡᠷᠡᠲᠦᠭᠦᠯᠵᠦ ᠪᠣᠯᠬᠤ ᠦᠭᠡᠶ᠃ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠪᠣᠯᠤᠨ ᠲᠤᠭᠤᠷᠢᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠪᠥᠬᠦ ᠤᠯᠤᠰ ᠤᠨ ᠨᠢᠭᠡᠳᠦᠯᠲᠡᠶ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠠᠪᠴᠠᠩ ᠵᠡᠷᠭᠡ ᠣᠳᠣᠬᠢᠴᠢᠯᠠᠭᠰᠠᠨ ᠮᠡᠷᠭᠡᠵᠢᠯ ᠤᠨ ᠠᠷᠭ᠎ᠠ ᠪᠠᠷᠢᠯ ᠢ ᠭᠦᠶᠴᠡᠳ ᠠᠰᠢᠭᠯᠠᠨ᠂ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠰᠢᠨᠵᠢᠯᠡᠬᠦ ᠤᠬᠠᠭᠠᠨᠴᠢ᠂ ᠲᠦᠷᠢᠮᠵᠢᠯ ᠲᠠᠢ᠂ ᠥᠨᠳᠥᠷ ᠪᠦᠲᠦᠮᠵᠢᠲᠡᠶ ᠪᠠᠷ ᠠᠬᠢᠭᠤᠯᠬᠤ ᠬᠡᠷᠡᠭᠲᠡᠶ᠃ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠢ ᠰᠠᠶᠢᠲᠤᠷ ᠬᠡᠷᠡᠭᠯᠡᠨ᠂ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠪᠠ ᠱᠠᠭᠠᠷᠳᠠᠯᠭ᠎ᠠ ᠶᠢ ᠥᠷᠭᠡᠨ ᠢᠶᠠᠷ ᠤᠬᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠬᠠᠩᠭᠠᠬᠤ ᠬᠡᠷᠡᠭᠳᠠᠢ᠃ᠳᠠᠭᠠᠯᠳᠤᠭᠤᠯᠤᠯ᠄ ᠳ᠋ᠦᠩᠱᠧᠩ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯᠯᠠᠬᠤ ᠳᠤᠭᠤᠶᠢᠯᠠᠩ ᠳᠠᠭᠠᠯᠳᠤᠭᠤᠯᠤᠯ᠄ ᠳ᠋ᠦᠩᠱᠧᠩ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯᠯᠠᠬᠤ ᠳᠤᠭᠤᠶᠢᠯᠠᠩ                           ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                                                2022 ᠣᠨ ᠤ 8 ᠰᠠᠷ᠎ᠠ ᠶᠢᠨ 19 ᠤ ᠡᠳᠦᠷᠳᠠᠭᠠᠯᠳᠤᠭᠤᠯᠤᠯ ᠳ᠋ᠦᠩᠱᠧᠩ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯᠯᠠᠬᠤ ᠳᠤᠭᠤᠶᠢᠯᠠᠩᠳᠤᠭᠤᠶᠢᠯᠠᠩ ᠤᠨ ᠳᠠᠷᠤᠭ᠎ᠠ᠄      ᠳ᠋ᠦ᠋ ᠵᠢᠤᠸᠠᠨ              ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠳᠤᠭᠤᠶᠢᠯᠠᠩ ᠤᠨ ᠳᠡᠳ᠋ ᠳᠠᠷᠤᠭ᠎ᠠ᠄      ᠬᠤᠤ ᠯᠢᠶᠠᠩ      ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ ᠸᠠᠩ ᠮᠢᠩ ᠶᠢᠩ          ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠᠸᠠᠩ ᠱᠧᠩ ᠷᠦᠩ        ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶᠠᠨ ᠤ ᠳᠠᠷᠤᠭ᠎ᠠ ᠪᠦᠷᠢᠯᠳᠦᠬᠦᠨ᠄      ᠯᠢᠦ ᠰᠢᠶᠠᠩ ᠳ᠋ᠦᠩ       ᠲᠣᠭᠤᠷᠢᠭ ᠤᠨ ᠬᠦᠭᠵᠢᠯᠳᠠ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠬᠤᠤ ᠶᠢᠩ ᠴᠦᠨ       ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ ᠴᠢ ᠷᠦᠢ ᠹᠧᠩ      ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ ᠮᠠ ᠹᠦ᠋ ᠴᠢᠶᠠᠩ      ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠡᠳ᠋ ᠳᠠᠷᠤᠭ᠎ᠠ ᠲᠢᠶᠠᠨ ᠸᠧᠨ ᠶᠢᠨ      ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠᠯᠢ ᠷᠦᠢ        ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ ᠰᠦ᠋ ᠸᠧᠨ ᠭᠤᠸᠠᠩ    ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ     ᠠᠵᠢᠯᠯᠠᠬᠤ ᠳᠤᠭᠤᠶᠢᠯᠠᠩ ᠤᠨ ᠠᠯᠪᠠᠨ ᠭᠡᠷ ᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠪᠠᠶᠢᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠡᠳ᠋ ᠳᠠᠷᠤᠭ᠎ᠠ ᠮᠠ ᠹᠦ᠋ ᠴᠢᠶᠠᠩ ᠬᠠᠪᠰᠤᠷᠭᠠᠨ ᠡᠭᠦᠷᠭᠡᠯᠡᠨ᠎ᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ