ᠬᠦᠴᠦ ᠪᠠᠷ ᠪᠣᠭᠤᠮᠲᠠ ᠶᠢ ᠳᠠᠭᠠᠷᠢᠨ ᠦᠩᠭᠡᠷᠡᠭᠰᠡᠨ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠠᠷᠰᠢᠯᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠢ ᠣᠷᠳᠣᠰ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳ᠋ᠦᠩᠱᠧᠩ ᠲᠤᠭᠤᠷᠢᠭ  ᠤᠨ ᠬᠤᠪᠢᠶᠠᠷᠢ ᠲᠣᠪᠴᠢᠶ᠎ᠠ ᠶᠢᠨ ᠵᠠᠷᠯᠠᠯ
ᠨᠡᠶᠢᠲᠡᠯᠡᠭᠰᠡᠨ ᠴᠠᠭ᠄
2022/8/29
    ᠣᠳᠣᠬᠠᠨ ᠤ ᠬᠢᠵᠢᠭ ᠤᠨ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠳᠠᠯ ᠳᠤ᠂       ︽ᠭᠠᠳᠠᠨ᠎ᠠ ᠠᠴᠠ ᠬᠠᠯᠳᠠᠪᠤᠷᠢᠯᠠᠨ ᠤᠷᠤᠬᠤ ᠶᠢ ᠰᠡᠷᠭᠡᠶᠢᠯᠡᠬᠦ︾ ᠠᠵᠢᠯ ᠢ ᠦᠨᠡᠨᠬᠦ ᠰᠠᠶᠢᠲᠤᠷ ᠬᠢᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠦᠯᠦᠬᠡ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠶᠢ ᠦᠨᠳᠦᠰᠦᠯᠡᠨ᠂ ᠳᠣᠣᠷᠠᠬᠢ ᠮᠡᠲᠦ ᠬᠢᠵᠢᠭ ᠲᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠄     ᠨᠢᠭᠡ᠂ ᠵᠠᠰᠠᠮᠠᠯ ᠵᠠᠮ ᠤᠨ ᠪᠣᠭᠤᠮᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠶᠢᠨ ᠴᠡᠭ ᠢᠶᠠᠷ ᠥᠩᠭᠡᠷᠡᠬᠦ ᠲᠡᠷᠭᠡ ᠬᠥᠰᠬᠡ ᠪᠣᠯᠣᠨ ᠬᠥᠮᠥᠨ᠂ ᠪᠣᠭᠤᠮᠲᠠ ᠶᠢ ᠳᠠᠭᠠᠷᠢᠨ ᠭᠠᠷᠬᠤ᠂ ᠲᠣᠭᠤᠷᠢᠵᠤ ᠶᠠᠪᠤᠬᠤ ᠪᠤᠶᠤ ᠪᠤᠰᠤᠳ ᠠᠷᠭ᠎ᠠ ᠮᠠᠶ᠋ᠢᠭ ᠢᠶᠠᠷ ᠪᠣᠭᠤᠮᠲᠠ ᠶᠢᠨ ᠴᠡᠭ ᠤᠨ ᠠᠵᠢᠯᠲᠠᠨ ᠤ ᠪᠠᠶᠢᠴᠠᠭᠠᠯᠲᠠ ᠶᠢ ᠬᠦᠯᠢᠶᠡᠬᠦ ᠶᠢ ᠳᠡᠪᠴᠢᠭᠰᠡᠨ︔     ᠬᠤᠶᠠᠷ᠂ ᠲᠦᠭᠰᠢᠭᠦᠷᠢ ᠲᠠᠢ ᠭᠠᠵᠠᠷ ᠣᠷᠣᠨ ᠠᠴᠠ ᠪᠤᠴᠠᠵᠤ ᠢᠷᠡᠭᠰᠡᠨ ᠪᠤᠶᠤ ᠡᠷᠡᠬᠦᠯ ᠮᠡᠨᠳᠤ ᠶᠢᠨ ᠺᠤᠳ᠋ ᠨᠢ ︽ᠤᠯᠠᠭᠠᠨ ᠺᠣᠳ᠋︾᠂ ︽ᠰᠢᠷ᠎ᠠ ᠺᠣᠳ᠋︾ ᠪᠠᠶᠢᠬᠤ ᠬᠥᠮᠥᠰ᠂ ᠪᠠᠶᠢᠴᠠᠭᠠᠯᠲᠠ ᠠᠴᠠ ᠵᠠᠶᠢᠯᠠᠬᠤ ᠶᠢᠨ ᠲᠥᠯᠥᠭᠡ᠂ ᠪᠤᠰᠤᠳ ᠤᠨ ᠠᠶᠠᠯᠠᠯ ᠤᠨ ᠺᠣᠳ᠋᠂ ᠡᠷᠡᠭᠦᠯ ᠮᠡᠨᠳᠦ ᠶᠢᠨ ᠺᠣᠳ᠋ ᠢ ᠵᠢᠭᠡᠯᠡᠨ ᠬᠡᠷᠡᠭᠯᠡᠭᠰᠡᠨ᠂ ᠵᠣᠷᠢᠭᠰᠠᠨ ᠭᠠᠵᠠᠷ ᠤᠨ ᠫᠠᠶᠢᠰᠠ ᠦᠨᠡᠮᠯᠡᠯ ᠲᠠᠢ ᠲᠡᠷᠭᠡ ᠶᠢ ᠲᠦᠷᠢᠶᠡᠰᠦᠯᠡᠨ ᠬᠡᠷᠡᠭᠯᠡᠵᠦ ᠬᠤᠷᠳᠤᠨ ᠤ ᠵᠠᠮ ᠠᠴᠠ ᠵᠠᠶᠢᠯᠠᠭᠰᠠᠨ᠂ ᠥᠪᠡᠷ ᠢᠶᠠᠨ ᠲᠡᠷᠭᠡ ᠵᠢᠯᠤᠭᠤᠳᠴᠤ ᠮᠤᠵᠢ ᠠᠯᠤᠰᠯᠠᠨ ᠬᠤᠯᠪᠣᠭᠳᠠᠯ ᠪᠦᠬᠦᠢ ᠠᠵᠢᠯᠯᠠᠭ᠎ᠠ ᠬᠢᠭᠰᠡᠨ ᠪᠥᠭᠡᠳ ᠪᠦᠷᠢᠳᠬᠡᠨ ᠮᠡᠳᠡᠭᠦᠯᠵᠦ ᠳᠠᠩᠰᠠᠯᠠᠭᠤᠯᠬᠤ ᠵᠡᠷᠭᠡ ᠬᠤᠯᠪᠣᠭᠳᠠᠯ ᠪᠦᠬᠦᠢ ᠡᠭᠦᠷᠭᠡ ᠶᠢ ᠭᠦᠢᠴᠡᠳᠬᠡᠭᠰᠡᠨ ᠦᠭᠡᠢ︔     ᠭᠤᠷᠪᠠ᠂ ᠣᠯᠠᠨ ᠭᠠᠷ ᠤᠲᠠᠰᠤ ᠬᠡᠷᠡᠭᠯᠡᠨ ᠶᠠᠪᠤᠭᠰᠠᠨ ᠵᠠᠮ ᠮᠦᠷ ᠢᠶᠠᠨ ᠨᠢᠭᠤᠬᠤ᠂ ᠪᠤᠰᠤᠳ ᠤᠨ ᠡᠷᠡᠭᠦᠯ ᠮᠡᠨᠳᠦ ᠶᠢᠨ ᠺᠣᠳ᠋ ᠪᠠ ᠠᠶᠠᠯᠠᠯ ᠤᠨ ᠺᠣᠳ᠋ ᠢ ᠬᠠᠭᠤᠷᠮᠠᠭᠯᠠᠨ ᠬᠡᠷᠡᠭᠯᠡᠬᠦ ᠪᠤᠶᠤ ᠪᠤᠰᠤᠳ ᠠᠷᠭ᠎ᠠ ᠮᠠᠶ᠋ᠢᠭ ᠢᠶᠠᠷ ᠠᠶᠠᠯᠠᠯ ᠤᠨ ᠵᠠᠮ᠂ ᠠᠵᠢᠯᠯᠠᠭᠠᠨ ᠤ ᠵᠠᠮ ᠮᠥᠷ ︵ᠢᠯᠠᠩᠭᠤᠶ᠎ᠠ ᠳᠤᠮᠳᠠ ᠦᠨᠳᠦᠷ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠢᠶᠠᠷ ᠵᠢᠭᠤᠯᠴᠢᠯᠠᠵᠤ ᠶᠠᠪᠤᠭᠰᠠᠨ ᠦᠩᠬᠡᠷᠡᠯᠳᠡ︶ ᠢᠶᠠᠨ ᠨᠢᠭᠤᠨ ᠳᠠᠯᠳᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠠᠴᠠ ᠵᠣᠷᠢᠭᠤᠳᠠ ᠵᠠᠶᠢᠯᠠᠭᠰᠠᠨ︔     ᠳᠥᠷᠪᠡ᠂ ᠪᠥᠭᠡᠮ ᠬᠦᠴᠢᠯ ᠢ ᠪᠠᠶᠢᠴᠠᠭᠠᠭᠰᠠᠨ ᠮᠡᠳᠡᠭᠦᠯᠦᠯᠲᠡ ᠢᠶᠠᠨ ᠬᠠᠭᠤᠷᠮᠠᠭᠯᠠᠨ ᠵᠣᠬᠢᠶᠠᠭᠰᠠᠨ᠂ ᠦᠭᠡᠷᠡᠴᠢᠯᠡᠭᠰᠡᠨ᠂ ᠬᠤᠳᠠᠯ ᠢᠶᠠᠷ ᠮᠡᠳᠡᠭᠦᠯᠦᠭᠰᠡᠨ ᠪᠤᠶᠤ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠪᠥᠭᠡᠮ ᠬᠦᠴᠢᠯ ᠤᠨ ᠮᠡᠳᠡᠭᠦᠯᠦᠯᠲᠡ ᠶᠢ ᠬᠡᠷᠡᠭᠯᠡᠵᠦ᠂ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ᠬᠤᠯᠪᠣᠭᠳᠠᠯ ᠪᠦᠬᠦᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠣᠭᠲᠠᠭᠠᠯ᠂ ᠵᠠᠷᠯᠢᠭ ᠢ ᠲᠠᠭᠠᠬᠤ ᠦᠭᠡᠢ᠂ ᠬᠠᠮᠵᠢᠯᠴᠠᠬᠤ ᠦᠭᠡᠢ ᠪᠤᠶᠤ ᠬᠡᠷᠡᠭᠵᠢᠭᠦᠯᠬᠦ ᠶᠢ ᠲᠡᠪᠴᠢᠵᠦ᠂ ᠨᠡᠶᠢᠭᠡᠮ ᠤᠨ ᠡᠮᠬᠢ ᠵᠢᠷᠤᠮ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠮᠠᠭᠤᠷᠠᠭᠤᠯᠤᠭᠰᠠᠨ︔     ᠲᠠᠪᠤ᠂ ᠬᠢᠵᠢᠭ ᠲᠤ ᠬᠤᠯᠪᠣᠭᠳᠠᠭᠰᠠᠨ ᠬᠤᠳᠠᠯ ᠬᠠᠭᠤᠷᠮᠠᠭ ᠮᠡᠳᠡᠭᠡ ᠵᠠᠩᠭᠢ ᠶᠢ ᠵᠣᠬᠢᠶᠠᠵᠤ᠂ ᠰᠦᠯᠵᠢᠶ᠎ᠡ ᠪᠤᠶᠤ ᠪᠤᠰᠤᠳ ᠵᠠᠭᠤᠴᠢᠯᠠᠭᠤᠷ ᠳᠡᠭᠡᠷ᠎ᠡ ᠲᠠᠷᠬᠠᠭᠠᠭᠰᠠᠨ᠂ ᠡᠰᠡᠬᠦᠯ᠎ᠡ ᠬᠢᠵᠢᠭ ᠲᠤ ᠬᠤᠯᠪᠣᠭᠳᠠᠭᠰᠠᠨ ᠬᠤᠳᠠᠯ ᠬᠠᠭᠤᠷᠮᠠᠭ ᠮᠡᠳᠡᠭᠡ ᠵᠠᠩᠭᠢ ᠪᠣᠯᠬᠤ ᠶᠢ ᠲᠣᠳᠣᠷᠬᠠᠢ ᠮᠡᠳᠡᠵᠦ ᠪᠠᠶᠢᠭᠠᠳ ᠰᠦᠯᠵᠢᠶ᠎ᠡ ᠪᠤᠶᠤ ᠪᠤᠰᠤᠳ ᠵᠠᠭᠤᠴᠢᠯᠠᠭᠤᠷ ᠳᠡᠭᠡᠷ᠎ᠡ ᠵᠣᠷᠢᠭᠤᠳᠠ ᠲᠠᠷᠬᠠᠭᠠᠭᠠᠳ ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠤᠭᠰᠠᠨ︔     ᠵᠢᠷᠭᠤᠭ᠎ᠠ᠂ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ᠂ ᠡᠮᠨᠡᠯᠭᠡ ᠶᠢᠨ ᠬᠤᠷᠢᠶ᠎ᠠ᠂ ᠬᠤᠳᠠᠯᠳᠤᠭᠠᠨ ᠤ ᠲᠠᠯᠠᠪᠠᠢ ᠵᠡᠷᠭᠡ ᠬᠥᠮᠥᠨ ᠬᠠᠷ᠎ᠠ ᠬᠤᠷᠠᠨ ᠴᠤᠭᠯᠠᠷᠠᠳᠠᠭ ᠲᠠᠯᠠᠪᠠᠢ ᠵᠢᠴᠢ ᠪᠢᠲᠡᠭᠦᠮᠵᠢᠯᠡᠭᠰᠡᠨ ᠬᠡᠯᠪᠡᠷᠢ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠤᠭᠰᠠᠨ ᠨᠡᠶᠢᠭᠡᠮ ᠲᠣᠭᠤᠷᠢᠭ ︵ᠲᠣᠰᠬᠤᠨ︶᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠢᠶᠠᠷ ᠣᠷᠣᠵᠤ ᠭᠠᠷᠬᠤ ᠳᠤ ᠲᠣᠭᠲᠠᠭᠠᠯ ᠶᠣᠰᠣᠭᠠᠷ ᠠᠮᠠᠪᠴᠢ ᠵᠡᠭᠦᠬᠦ ᠦᠭᠡᠢ ᠮᠥᠷᠲᠡᠭᠡᠨ ᠢᠳᠬᠠᠨ ᠬᠤᠷᠢᠭᠯᠠᠬᠤ ᠶᠢ ᠰᠣᠨᠣᠰᠬᠤ ᠦᠭᠡᠢ᠂ ᠳᠡᠩᠰᠡᠯᠡᠨ ᠲᠡᠮᠳᠡᠭᠯᠡᠬᠦ᠂ ᠪᠡᠶ᠎ᠡ ᠶᠢᠨ ᠭᠠᠷᠤᠯ ᠢ ᠬᠢᠨᠠᠨ ᠪᠠᠶᠢᠴᠠᠭᠠᠬᠤ᠂ ᠪᠡᠶ᠎ᠡ ᠶᠢᠨ ᠬᠠᠯᠠᠭᠤᠨ ᠢ ᠪᠠᠶᠢᠴᠠᠭᠠᠨ ᠰᠢᠯᠭᠠᠬᠤ᠂ ᠡᠷᠡᠭᠦᠯ ᠮᠡᠨᠳᠦ ᠶᠢᠨ ᠺᠤᠳ᠋ ᠶᠢ ᠰᠢᠯᠭᠠᠨ ᠪᠠᠶᠢᠴᠠᠭᠠᠬᠤ᠂ ᠲᠡᠷᠭᠡ ᠬᠥᠰᠬᠡ ᠶᠢ ᠪᠠᠶᠢᠴᠠᠭᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠦᠭᠡᠢ ᠬᠠᠮᠵᠢᠯᠴᠠᠬᠤ ᠦᠭᠡᠢ ᠪᠠᠶᠢᠬᠤ︔     ᠳᠣᠯᠤᠭ᠎ᠠ᠂ ᠣᠷᠳᠣᠰ ᠬᠤᠲᠠ ᠶᠢᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ᠂ ᠳ᠋ᠦᠩᠱᠧᠩ ᠲᠣᠭᠤᠷᠢᠭ ᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠨᠡᠶᠢᠲᠡᠯᠡᠭᠰᠡᠨ ᠬᠤᠯᠪᠣᠭᠳᠠᠯ ᠪᠦᠬᠦᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠷᠯᠠᠯ᠂ ᠲᠣᠭᠲᠠᠭᠠᠯ᠂ ᠵᠠᠷᠯᠢᠭ ᠢ ᠬᠡᠷᠡᠭᠵᠢᠭᠦᠯᠬᠦ ᠦᠭᠡᠢ᠂ ᠡᠰᠡᠬᠦᠯ᠎ᠡ ᠣᠯᠠᠨ ᠤᠳᠠᠭ᠎ᠠ ᠰᠠᠨᠠᠭᠤᠯᠤᠭᠰᠠᠨ ᠴᠦ ᠮᠦᠨ ᠬᠠᠮᠵᠢᠯᠴᠠᠬᠤ ᠦᠭᠡᠢ᠂ ᠲᠣᠭᠲᠠᠭᠠᠯ ᠠᠴᠠ ᠵᠥᠷᠢᠴᠡᠨ ᠭᠠᠳᠠᠭᠰᠢ ᠭᠠᠷᠴᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠤᠭᠰᠠᠨ ᠦᠭᠡᠢ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠲᠡᠪᠴᠢᠭᠰᠡᠨ︔     ᠨᠠᠢᠮᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭ᠎ᠠ ᠴᠡᠭ ᠤᠨ ᠠᠵᠢᠯᠲᠠᠨ ᠲᠠᠢ ᠶᠣᠰᠣ ᠪᠤᠰᠤ ᠪᠠᠷ ᠮᠠᠷᠭᠤᠯᠳᠤᠬᠤ᠂ ᠠᠵᠢᠯᠳᠠᠨ ᠢ ᠬᠠᠷᠢᠶᠠᠬᠤ᠂ ᠵᠤᠳᠤᠬᠤ᠂ ᠲᠡᠳᠡᠨ ᠤ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠠᠷᠰᠢᠯᠠᠬᠤ᠂ ᠨᠡᠶᠢᠭᠡᠮ ᠤᠨ ᠡᠮᠬᠢ ᠵᠢᠷᠤᠮ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠮᠠᠭᠤᠷᠠᠭᠤᠯᠤᠭᠰᠠᠨ ᠵᠡᠷᠭᠡ ᠤᠶᠢᠯᠡ ᠠᠵᠢᠯᠯᠠᠭ᠎ᠠ᠃     ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠠᠪᠤᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢ ᠬᠥᠮᠥᠨ ᠨᠢᠭᠡᠪᠦᠷᠢ ᠶᠢᠨ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠳᠤ ᠬᠤᠯᠪᠣᠭᠳᠠᠨ᠎ᠠ᠂ ᠪᠦᠬᠦᠳᠡᠭᠡᠷ ᠢᠶᠠᠨ ᠬᠠᠤᠯᠢ ᠴᠠᠭᠠᠵᠠ ᠬᠠᠤᠯᠢ ᠲᠣᠭᠲᠠᠭᠠᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ ᠰᠡᠷᠭᠡᠶᠢᠯᠡᠨ ᠡᠵᠡᠮᠳᠡᠬᠦ ᠡᠭᠦᠷᠭᠡ ᠪᠠᠨ ᠤᠬᠠᠮᠰᠠᠷ ᠠᠴᠠ ᠪᠠᠨ ᠬᠦᠢᠴᠡᠳᠬᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ︽ᠬᠠᠮᠳᠤ ᠶᠢᠨ ᠳᠠᠶᠢᠨ︾ ᠤ ᠢᠯᠠᠯᠲᠠ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠲᠡᠮᠡᠴᠡᠨ ᠣᠯᠬᠤ ᠶᠢ ᠬᠦᠰᠡᠵᠦ ᠪᠠᠶᠢᠨ᠎ᠠ᠃     ᠡᠭᠦᠨ ᠤ ᠲᠤᠯᠠ ᠣᠨᠴᠠᠭᠠᠶᠢᠯᠠᠨ ᠵᠠᠷᠯᠠᠪᠠ᠃                                   ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                                    ᠶᠢᠨ ᠳ᠋ᠦᠩᠱᠧᠩ ᠲᠤᠭᠤᠷᠢᠭ ᠤᠨ ᠬᠤᠪᠢᠶᠠᠷᠢ ᠲᠣᠪᠴᠢᠶ᠎ᠠ                                        2022 ᠣᠨ ᠤ 8 ᠰᠠᠷ᠎ᠠ ᠶᠢᠨ 24 ᠤ ᠡᠳᠤᠷ
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ