ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠤ ᠶᠠᠪᠤᠳᠠᠯ ᠤᠨ ᠲᠡᠮᠳᠡᠭᠯᠠᠯ —  ᠲᠠᠪᠤᠳᠤᠭᠠᠷ ᠰᠠᠷ᠎ᠠ
ᠨᠡᠶᠢᠲᠡᠯᠡᠭᠰᠡᠨ ᠴᠠᠭ᠄
2022/8/8
        5 ᠰᠠᠷ᠎ᠠ ᠶᠢᠨ 7 ᠤ ᠡᠳᠦᠷ᠂ ᠳ᠋ᠦᠩᠱᠧᠩ ᠲᠣᠭᠤᠷᠢᠭ ᠠᠵᠤ ᠠᠬᠤᠶ ᠶᠢᠨ ᠡᠷᠭᠢᠯᠲᠡ ᠵᠢᠴᠢ ᠴᠢᠬᠤᠯᠠ ᠶᠡᠭᠡ ᠲᠥᠷᠥᠯ ᠵᠦᠶᠯ ᠢ ᠲᠣᠬᠢᠷᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠢ ᠡᠷᠬᠢᠯᠡᠵᠤ ᠶᠠᠷᠢᠶ᠎ᠠ ᠲᠠᠯᠪᠢᠪᠠ᠃ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠤᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠤᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠢ᠃       5 ᠰᠠᠷ᠎ᠠ ᠶᠢᠨ 9 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ᠂ ᠲᠤᠭᠤᠷᠢᠭ ᠤᠨ ᠶᠡᠷᠦᠩᠬᠡᠶᠢᠯᠡᠨ ᠵᠠᠰᠠᠬᠤ ᠲᠥᠪ ᠲᠤ ᠬᠦᠷᠴᠦ ᠰᠤᠷᠪᠤᠯᠵᠢᠯᠠᠭ᠎ᠠ ᠬᠢᠬᠦ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ ᠠᠭᠤᠯᠵᠠᠪᠠ᠃ ᠲᠤᠭᠤᠷᠢᠭ ᠤᠨ ᠤᠳᠤᠷᠢᠳᠤᠯᠭ᠎ᠠ ᠰᠦᠩ ᠵᠢᠶᠦ᠋ᠨ ᠹᠧᠩ᠂ ᠭᠤᠤ ᠮᠢᠩ᠂ ᠵᠠᠩ ᠪᠢᠩ᠂ ᠵᠠᠩ ᠵᠢᠶᠠᠨ ᠭᠦᠩ ᠰᠤᠷᠪᠤᠯᠵᠢᠯᠠᠭ᠎ᠠ ᠶᠢ ᠬᠦᠯᠢᠶᠠᠨ ᠠᠪᠬᠤ ᠠᠵᠢᠯ ᠳᠤ ᠣᠷᠣᠯᠴᠠᠪᠠ᠃        5 ᠰᠠᠷ᠎ᠠ ᠶᠢᠨ 10 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2022 ᠣᠨ ᠤ 4 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠪᠤᠯᠬᠢᠴᠢᠯᠠᠬᠤ ᠠᠷᠠᠯᠵᠢᠶᠠᠯᠠᠬᠤ ᠶᠢ ᠲᠥᠪᠯᠡᠷᠡᠭᠦᠯᠦᠨ ᠵᠠᠰᠠᠬᠤ ᠠᠰᠠᠭᠤᠳᠠᠯ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠢᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠢ ᠡᠷᠬᠢᠯᠡᠵᠤ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠵᠠᠶ᠃ ᠬᠤᠲᠠ ᠶᠢᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠪᠤᠯᠬᠢᠴᠢᠯᠠᠬᠤ ᠠᠷᠠᠯᠵᠢᠶᠠᠯᠠᠬᠤ ᠶᠢ ᠲᠥᠪᠯᠡᠷᠡᠭᠦᠯᠦᠨ ᠵᠠᠰᠠᠬᠤ ᠶᠢ ᠠᠬᠢᠭᠤᠯᠬᠤ ᠨᠢᠭᠡᠳᠦᠭᠡᠷ ᠲᠤᠭᠤᠶᠢᠯᠠᠩ ᠤᠨ ᠳᠠᠷᠤᠭ᠎ᠠ ᠯᠢᠦ ᠶᠤᠸᠠᠨ ᠵᠢᠴᠢ ᠬᠤᠯᠪᠣᠭᠳᠠᠯ ᠪᠦᠬᠦᠢ ᠪᠦᠷᠢᠯᠳᠦᠬᠦᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ  ᠤᠨ ᠳᠠᠷᠤᠭ᠎ᠠ ᠬᠠᠨ ᠲᠤᠤ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠪᠤᠰᠤᠳ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠠᠢ᠃         5 ᠰᠠᠷ᠎ᠠ ᠶᠢᠨ 10 ᠤ ᠡᠳᠦᠷ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠪᠤᠯᠬᠢᠴᠢᠯᠠᠬᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠰᠤᠳᠤᠯᠤᠨ ᠶᠠᠷᠢᠯᠴᠠᠬᠤ ᠬᠤᠷᠠᠯ ᠬᠢᠪᠠ᠃ ᠥᠪᠡᠷᠲᠡᠭᠡᠨ ᠵᠠᠰᠠᠬᠤ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠭᠤᠷᠢᠭ ᠤᠨ ᠳᠠᠷᠤᠭ᠎ᠠ ᠬᠠᠨ ᠲᠤᠤ ᠬᠤᠷᠠᠯ ᠢ  ᠡᠷᠬᠢᠯᠡᠵᠤ ᠶᠠᠷᠢᠶ᠎ᠠ ᠲᠠᠯᠪᠢᠵᠠᠶ᠃ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠯᠢ ᠰᠢᠶᠤᠤ ᠳ᠋ᠦᠩ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳ᠋ᠦ᠋ ᠵᠢᠤᠸᠠᠨ᠂ ᠵᠠᠩ ᠪᠢᠩ᠂ ᠳ᠋ᠦ᠋ ᠵᠢᠢ ᠺᠤᠸᠠᠨ ᠬᠤᠷᠠᠯ ᠳᠤ ᠣᠷᠣᠯᠴᠠᠵᠤ᠂ ᠳᠡᠳ᠋ ᠲᠣᠭᠤᠷᠢᠭ ᠤᠨ ᠲᠠᠷᠤᠭ᠎ᠠ ᠵᠢᠶᠠᠩ ᠶᠤᠸᠠᠨ ᠵᠢᠴᠢ ᠰᠢᠶᠠᠨ ᠭᠠᠵᠠᠷ ᠤᠨ ᠲᠡᠰ ᠤᠨ ᠪᠤᠰᠤᠳ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠵᠠᠢ᠃       5 ᠰᠠᠷ᠎ᠠ ᠶᠢᠨ 10 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ 34 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠢ ᠡᠷᠬᠢᠯᠡᠵᠤ ᠶᠠᠷᠢᠶ᠎ᠠ ᠲᠠᠯᠪᠢᠪᠠ᠃ ᠲᠤᠭᠤᠷᠢᠭ  ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠬᠠᠨ ᠲᠤᠤ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠠᠶ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠵᠢᠴᠢ ᠲᠤᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠨᠠᠷ ᠬᠤᠷᠠᠯ ᠳᠤ ᠰᠤᠯᠠ ᠣᠷᠣᠯᠴᠠᠵᠠᠢ᠃       5 ᠰᠠᠷ᠎ᠠ ᠶᠢᠨ 11 ᠤ ᠡᠳᠦᠷ᠂ ᠳ᠋ᠦᠩᠱᠧᠩ ᠲᠣᠭᠤᠷᠢᠭ ᠤᠨ ᠪᠣᠯᠪᠠᠰᠤᠨ ᠤ ᠵᠥᠪᠯᠡᠯ ᠤᠨ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠪᠥᠬᠦ ᠤᠯᠤᠰ  ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠪᠥᠬᠦ ᠲᠤᠭᠤᠷᠢᠭ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠪᠥᠬᠦ ᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠴᠢᠷᠮᠠᠶᠢᠨ ᠪᠠᠶᠢᠭᠤᠯᠬᠤ ᠠᠵᠢᠯ ᠳᠤ ᠬᠦᠴᠦᠨ ᠨᠡᠮᠡᠷᠢᠯᠡᠬᠦ ᠶᠢ ᠲᠠᠶᠢᠴᠢᠯᠠᠪᠠ᠃      5 ᠰᠠᠷ᠎ᠠ ᠶᠢᠨ 11 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠨᠡᠷ ᠳ᠋ᠦᠩᠱᠧᠩ ᠲᠣᠭᠤᠷᠢᠭ ᠲᠤ ᠭᠦᠨᠵᠡᠭᠡᠶᠢᠷᠡᠨ ᠪᠠᠷᠠᠭᠠᠨ ᠤ ᠭᠦᠶᠯᠭᠡᠭᠡᠨ ᠤ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠶᠢᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠰᠢᠨ ᠱᠤ᠋ ᠬᠠᠮᠲᠤ ᠪᠠᠶᠢᠴᠠᠭᠠᠨ ᠰᠤᠳᠤᠯᠤᠯᠲᠠ ᠬᠢᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠢᠶ ᠫᠢᠩ᠂ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠲᠠᠷᠤᠭ᠎ᠠ ᠵᠢᠶᠠᠩ ᠶᠤᠸᠠᠨ ᠵᠢᠴᠢ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠪᠠᠶᠢᠴᠠᠭᠠᠨ ᠰᠤᠳᠤᠯᠤᠯᠲᠠ ᠪᠤᠶᠤ ᠶᠠᠷᠢᠯᠴᠠᠬᠤ ᠬᠤᠷᠠᠯ ᠳᠤ ᠣᠷᠣᠯᠴᠠᠪᠠ᠃       5 ᠰᠠᠷ᠎ᠠ ᠶᠢᠨ 12 ᠤᠨ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠨᠡᠷ ᠳ᠋ᠦᠩᠱᠧᠩ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠱᠠᠯᠠᠪᠳᠠᠭᠤᠯᠤᠨ ᠵᠢᠯᠣᠭᠤᠳᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠱᠢ ᠶᠠᠨ ᠵᠢᠶᠧ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠰᠢᠨ ᠱᠤ᠋ ᠬᠠᠮᠲᠤ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠢᠶ ᠫᠢᠩ᠂ ᠲᠣᠭᠤᠷᠢᠭ ᠤᠨ ᠤᠳᠤᠷᠢᠳᠤᠯᠭ᠎ᠠ ᠯᠢ ᠰᠢᠶᠤᠤ ᠳ᠋ᠦᠩ᠂ ᠭᠤᠤ ᠮᠢᠩ᠂ ᠵᠢᠶᠠᠩ ᠶᠤᠸᠠᠨ ᠵᠢᠴᠢ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠭᠰᠡᠨ ᠪᠦᠬᠡᠳ ᠶᠠᠷᠢᠯᠴᠠᠬᠤ ᠬᠤᠷᠠᠯ ᠳᠤ ᠣᠷᠣᠯᠴᠠᠪᠠ᠃       5 ᠰᠠᠷ᠎ᠠ ᠶᠢᠨ 12 ᠤᠨ ᠡᠳᠦᠷ᠂ ᠶᠢᠰᠦᠳᠦᠭᠡᠷ ᠬᠤᠭᠤᠴᠠᠭᠠᠨ ᠤ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠬᠤᠶᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ᠂ ᠲᠤᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠨᠢᠶᠧ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠵᠤ ᠵᠢᠭᠠᠨ ᠵᠢᠯᠣᠭᠤᠳᠬᠤ ᠳᠤᠭᠤᠶᠢᠯᠠᠩ ᠤᠨ ᠪᠥᠬᠦ ᠪᠦᠷᠢᠯᠳᠦᠬᠦᠨ᠂ ᠲᠤᠭᠤᠷᠢᠭ ᠤᠨ ᠨᠠᠮ  ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠤᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠡᠦ ᠵᠠᠨ ᠵᠢᠶᠦ᠋ᠨ ᠬᠤᠷᠠᠯ ᠳᠤ ᠣᠷᠣᠯᠴᠠᠪᠠ᠃       5 ᠰᠠᠷ᠎ᠠ ᠶᠢᠨ 13 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠳ᠋ᠦᠩᠱᠧᠩ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ ᠲᠤ ᠬᠦᠷᠴᠦ ᠣᠯᠠᠨ ᠲᠦᠮᠡᠨ ᠢ ᠭᠥᠯᠢᠶᠡᠨ ᠠᠪᠴᠦ ᠠᠭᠤᠯᠵᠠᠪᠠ᠃ ᠲᠤᠭᠤᠷᠢᠭ ᠤᠨ ᠤᠳᠤᠷᠢᠳᠤᠯᠭ᠎ᠠ ᠳ᠋ᠦ᠋ ᠵᠢᠤᠸᠠᠨ ᠂ ᠵᠠᠩ ᠪᠢᠩ᠂ ᠵᠠᠩ ᠵᠢᠶᠦ᠋ᠨ ᠰᠤᠷᠪᠤᠯᠵᠢᠯᠠᠭ᠎ᠠ ᠶᠢ ᠬᠦᠯᠢᠶᠠᠨ ᠠᠪᠬᠤ ᠠᠵᠢᠯ ᠳᠤ ᠣᠷᠣᠯᠴᠠᠪᠠ᠃ ᠰᠤᠷᠪᠤᠯᠵᠢᠯᠠᠭ᠎ᠠ ᠶᠢ ᠬᠦᠯᠢᠶᠡᠨ ᠠᠪᠬᠤ ᠶᠠᠪᠤᠴᠠ ᠳᠤ᠂ ᠬᠠᠨ ᠲᠤᠤ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠤᠷᠲᠠᠨ ᠰᠣᠨᠣᠰᠴᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠤᠨ ᠤᠴᠢᠷ ᠰᠢᠯᠲᠠᠭᠠᠨ ᠢ ᠨᠠᠷᠢᠨ ᠣᠶᠢᠯᠠᠭᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠢ ᠨᠠᠷᠢᠨ ᠬᠢᠨᠠᠮᠠᠭᠠᠶ ᠰᠣᠨᠣᠰᠴᠤ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠠᠮᠲᠤ ᠪᠠᠷ ᠠᠰᠠᠭᠤᠳᠠᠯ ᠤᠨ ᠵᠠᠩᠭᠢᠯᠠᠭ᠎ᠠ ᠶᠢ ᠡᠮᠬᠢᠯᠡᠵᠦ᠂ ᠰᠢᠶᠳᠪᠦᠷᠢᠯᠡᠬᠦ ᠠᠷᠭ᠎ᠠ ᠶᠢ ᠲᠤᠬᠠᠶ ᠶᠢᠨ ᠭᠠᠵᠠᠷ  ᠲᠤᠨᠢ ᠰᠤᠳᠤᠯᠵᠠᠶ᠃      5 ᠰᠠᠷ᠎ᠠ ᠶᠢᠨ 14 ᠤ ᠡᠳᠦᠷ᠂ ᠳ᠋ᠦᠩᠱᠧᠩ ᠲᠣᠭᠤᠷᠢᠭ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠪᠠᠶᠢᠭᠤᠯᠤᠭᠳᠠᠭᠰᠠᠨ 30 ᠵᠢᠯ  ᠤᠨ ᠤᠢ ᠶᠢ ᠳᠤᠷᠠᠰᠬᠠᠬᠤ ᠶᠡᠭᠡ ᠬᠤᠷᠠᠯ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠪᠣᠯᠤᠨ ᠳ᠋ᠦᠩᠱᠧᠩ ᠲᠣᠭᠤᠷᠢᠭ  ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠬᠠᠨ ᠲᠤᠤ ᠪᠠᠶᠠᠷ ᠤᠨ ᠵᠠᠬᠢᠳᠠᠯ ᠢᠯᠡᠭᠡᠪᠡ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠣᠭᠤᠷᠢᠭ ᠤᠨ ᠬᠤᠶᠢᠴᠢ ᠦᠶ᠎ᠡ ᠶᠢᠨ  ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠡᠷᠬᠢᠯᠡᠭᠴᠢ ᠯᠢ ᠰᠢᠶᠤᠤ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠣᠭᠤᠷᠢᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠨᠡᠷ᠎ᠡ ᠬᠦᠨᠳᠦᠲᠦ ᠡᠷᠬᠢᠯᠡᠭᠴᠢ ᠦ᠋ ᠵᠠᠨ ᠵᠢᠶᠦ᠋ᠨ᠂ ᠲᠣᠭᠤᠷᠢᠭ ᠤᠨ ᠤᠳᠤᠷᠢᠳᠤᠯᠭ᠎ᠠ ᠸᠧᠢ ᠮᠦᠳᠠᠨ᠂ ᠵᠠᠩ ᠵᠢᠶᠦ᠋ᠨ ᠵᠢᠴᠢ ᠬᠤᠳᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠢ᠃       5 ᠰᠠᠷ᠎ᠠ ᠶᠢᠨ 14 ᠤ ᠡᠳᠦᠷ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠯᠢᠦ ᠹᠧᠩ ᠶᠦᠨ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠨᠡᠷ ᠬᠠᠶ ᠯᠦᠸᠧ ᠪᠦᠯᠦᠭᠯᠡᠯ ᠳᠤ ᠬᠦᠷᠴᠦ ᠰᠢᠨᠵᠢᠯᠡᠨ ᠪᠠᠶᠢᠴᠠᠭᠠᠵᠤ᠂ ᠬᠤᠶᠠᠷ ᠲᠠᠯ᠎ᠠ ᠪᠠᠷ ᠢᠶᠠᠨ ᠲᠥᠷᠥᠯ ᠵᠦᠶᠯ ᠤᠨ ᠬᠠᠮᠲᠤᠷᠠᠯᠴᠠᠭ᠎ᠠ ᠶᠢ ᠠᠬᠢᠭᠤᠯᠬᠤ ᠬᠤᠯᠪᠣᠭᠳᠠᠯ ᠪᠥᠬᠦᠶ ᠵᠦᠶᠯᠡᠰ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃ ᠬᠠᠶ ᠯᠦᠸᠧ ᠪᠦᠯᠦᠭᠯᠡᠯ  ᠤᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠶᠡᠷᠦᠩᠬᠡᠶ ᠵᠠᠬᠢᠷᠤᠯ ᠡᠦ ᠪᠢᠨ ᠨᠠᠷ ᠪᠠᠷ᠎ᠠ ᠪᠣᠯᠪᠠ᠃      5 ᠰᠠᠷ᠎ᠠ ᠶᠢᠨ 16 ᠤ ᠡᠳᠦᠷ᠂ ᠳ᠋ᠦᠩᠱᠧᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠯᠪᠤᠭᠠᠳᠤ ᠬᠤᠷᠠᠯ ᠤᠨ 2022 ᠣᠨ ᠤ ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠬᠤᠷᠠᠯᠳᠤᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠶ᠃ ᠲᠤᠭᠤᠷᠢᠭ ᠤᠨ ᠤᠳᠤᠷᠢᠳᠤᠯᠭ᠎ᠠ ᠰᠦᠩ ᠵᠢᠶᠦ᠋ᠨ ᠹᠧᠩ᠂ ᠯᠢ ᠰᠢᠶᠤᠤ ᠳ᠋ᠦᠩ᠂ ᠳ᠋ᠦ᠋ ᠵᠢᠤᠸᠠᠨ᠂ ᠶᠠᠩ ᠶᠦᠨ᠂ ᠵᠠᠩ ᠪᠢᠩ᠂ ᠵᠠᠩ ᠵᠢᠶᠠᠨ ᠭᠦᠩ᠂ ᠱᠢ ᠮᠤᠤ ᠯᠢᠨ ᠬᠤᠷᠠᠯ ᠳᠤ ᠣᠷᠣᠯᠴᠠᠪᠠ᠃       5 ᠰᠠᠷ᠎ᠠ ᠶᠢᠨ 16 ᠤ ᠡᠳᠦᠷ᠂ ᠳ᠋ᠦᠩᠱᠧᠩ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 2022 ᠣᠨ ᠤ 15 ᠳ᠋ᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ᠂ ᠲᠤᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠬᠠᠨ ᠲᠤᠤ ᠬᠤᠷᠠᠯ ᠢ ᠡᠷᠬᠢᠯᠡᠵᠤ ᠶᠠᠷᠢᠶ᠎ᠠ ᠲᠠᠯᠪᠢᠪᠠ᠃ ᠲᠤᠭᠤᠷᠢᠭ ᠤᠨ ᠤᠳᠤᠷᠢᠳᠤᠯᠭ᠎ᠠ ᠰᠦᠩ ᠵᠢᠶᠦ᠋ᠨ ᠹᠧᠩ᠂ ᠯᠢ ᠰᠢᠶᠤᠤ ᠳ᠋ᠦᠩ᠂ ᠳ᠋ᠦ᠋ ᠵᠢᠤᠸᠠᠨ᠂ ᠶᠠᠩ ᠶᠦᠨ᠂ ᠵᠠᠩ ᠪᠢᠩ᠂ ᠵᠠᠩ ᠵᠢᠶᠠᠨ ᠭᠦᠩ᠂ ᠱᠢ ᠮᠤᠤ ᠯᠢᠨ ᠬᠤᠷᠠᠯ ᠳᠤ ᠣᠷᠣᠯᠴᠠᠵᠤ᠂ ᠡᠯ᠎ᠡ ᠲᠤᠰᠬᠠᠢ ᠳᠤᠭᠤᠶᠢᠯᠠᠩ ᠪᠣᠯᠤᠨ ᠠᠵᠢᠯ ᠤᠨ ᠲᠤᠰᠬᠠᠢ ᠠᠩᠬᠢ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠶᠡᠭᠡ ᠳᠡᠭᠡᠳᠦ ᠰᠤᠷᠭᠠᠭᠤᠯᠢ ᠶᠢᠨ  ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠢ᠃      5 ᠰᠠᠷ᠎ᠠ ᠶᠢᠨ 17 ᠠᠴᠠ 21 ᠤ ᠡᠳᠦᠷ ᠪᠣᠯᠲᠠᠯ᠎ᠠ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠬᠠᠨ ᠲᠤᠤ ᠪᠦᠯᠬᠦᠮ ᠳᠠᠭᠠᠭᠤᠯᠤᠨ ᠯᠢᠦ ᠵᠧᠦ ᠬᠤᠲᠠ ᠶᠢᠨ ᠳ᠋ᠦᠩ ᠹᠧᠩ ᠯᠢᠦ ᠵᠧᠦ ᠮᠠᠰᠢᠨ ᠲᠡᠷᠭᠡᠨ ᠤ ᠬᠢᠵᠠᠭᠠᠷᠲᠤ ᠺᠣᠮᠫᠠᠨᠢ᠂ ᠵᠦᠵᠸᠤ ᠬᠤᠲᠠ ᠶᠢᠨ ᠵᠥᠩ ᠴᠧ ᠵᠦᠵᠸᠤ ᠴᠠᠬᠢᠯᠭᠠᠨ ᠬᠦᠴᠦᠨ ᠤ ᠮᠠᠰᠢᠨ ᠲᠡᠷᠭᠡ ᠰᠤᠳᠤᠯᠬᠤ ᠭᠠᠵᠠᠷ᠂ ᠴᠠᠩᠱᠠ ᠬᠤᠲᠠ ᠶᠢᠨ ᠱᠠᠨ ᠾᠧ ᠤᠶᠤᠨᠲᠤ ᠠᠵᠤ ᠦᠶᠯᠡᠰ ᠤᠨ ᠬᠦᠷᠢᠶᠡᠯᠡᠩ ᠪᠣᠯᠤᠨ ᠬᠤ᠋ ᠵᠧᠦ ᠬᠤᠲᠠ ᠶᠢᠨ ᠸᠧᠶ ᠬᠤᠩ ᠬᠥᠳᠡᠯᠭᠡᠬᠦ ᠬᠦᠴᠦᠨ ᠤ ᠰᠢᠰᠲ᠋ᠧᠮ ᠤᠨ ᠬᠢᠵᠠᠭᠠᠷᠲᠤ ᠺᠣᠮᠫᠠᠨᠢ ᠳᠤ ᠬᠦᠷᠴᠦ ᠵᠣᠯᠭᠠᠭᠤᠯᠵᠤ ᠣᠷᠣᠭᠤᠯᠬᠤ ᠲᠥᠷᠥᠯ ᠵᠦᠶᠯ ᠢ ᠰᠢᠨᠵᠢᠯᠡᠨ ᠪᠠᠶᠢᠴᠠᠭᠠᠪᠠ᠃ ᠳᠡᠳ᠋ ᠲᠣᠭᠤᠷᠢᠭ ᠤᠨ ᠲᠠᠷᠤᠭ᠎ᠠ ᠵᠢᠶᠠᠩ ᠶᠤᠸᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠰᠢᠨᠵᠢᠯᠡᠨ ᠪᠠᠶᠢᠴᠠᠭᠠᠪᠠ᠃      5 ᠰᠠᠷ᠎ᠠ ᠶᠢᠨ 18 ᠤ ᠡᠳᠦᠷ᠂ 2022 ᠣᠨ ᠤ ᠣᠷᠳᠣᠰ ᠬᠤᠲᠠ ᠶᠢᠨ ᠦᠶᠯᠡᠴᠢᠯᠡᠭᠡᠨ ᠤ ᠦᠶᠯᠡᠰ ᠤᠨ ᠲᠥᠷᠥᠯ ᠵᠦᠶᠯ ᠢ ᠲᠥᠪᠯᠡᠷᠡᠭᠦᠯᠦᠨ ᠡᠬᠢᠯᠡᠭᠦᠯᠬᠦ ᠶᠣᠰᠣᠯᠠᠯ ᠸᠢᠳᠢᠣ᠋ ᠬᠡᠯᠪᠡᠷᠢ ᠪᠠᠷ ᠶᠠᠪᠤᠭᠳᠠᠵᠤ᠂ ᠡᠯ᠎ᠡ ᠬᠤᠰᠢᠭᠤ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠳ᠋ᠦᠩᠱᠧᠩ ᠲᠣᠭᠤᠷᠢᠭ ᠤᠨ ᠬᠤᠪᠢᠶᠠᠷᠢ ᠬᠤᠷᠠᠯ ᠤᠨ ᠲᠠᠯᠠᠪᠠᠶ ᠠᠴᠠ ᠳ᠋ᠦᠩᠱᠧᠩ ᠲᠣᠭᠤᠷᠢᠭ ᠤᠨ 2022 ᠣᠨ ᠤ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠴᠢᠬᠤᠯᠠ ᠶᠡᠭᠡ ᠲᠥᠷᠥᠯ ᠵᠦᠶᠯ ᠤᠨ ᠠᠵᠢᠯ ᠡᠬᠢᠯᠡᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃ ᠲᠤᠭᠤᠷᠢᠭ  ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠵᠢᠴᠢ ᠲᠤᠭᠤᠷᠢᠭ ᠤᠨ ᠲᠦᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠤ ᠪᠠᠨ ᠪᠠᠶᠢᠭ᠎ᠠ ᠤᠳᠤᠷᠢᠳᠤᠯᠭ᠎ᠠ ᠨᠠᠷ᠂ ᠲᠤᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠳ᠋ᠦᠩᠱᠧᠩ ᠲᠣᠭᠤᠷᠢᠭ ᠤᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃      5 ᠰᠠᠷ᠎ᠠ ᠶᠢᠨ 18 ᠤ ᠡᠳᠦᠷ᠂ ᠪᠥᠬᠦ ᠬᠤᠲᠠ ᠶᠢᠨ ᠠᠵᠤ ᠦᠶᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠵᠢᠴᠢ ᠪᠣᠬᠢᠷᠲᠤᠯ ᠥᠬᠡᠶ ᠤᠶᠤᠨᠲᠤ ᠬᠠᠭᠤᠷᠠᠶ ᠭᠠᠷᠠᠮ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠳ᠋ᠦᠩᠱᠧᠩ ᠲᠣᠭᠤᠷᠢᠭ ᠲᠤ ᠬᠤᠷᠠᠯᠳᠤᠪᠠ᠃ ᠬᠤᠲᠠ ᠶᠢᠨ ᠳᠡᠳ᠋ ᠳᠠᠷᠤᠭ᠎ᠠ ᠯᠢᠦ ᠹᠧᠩ ᠶᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠡᠯ᠎ᠡ ᠬᠤᠰᠢᠭᠤ ᠲᠣᠭᠤᠷᠢᠭ ‍ᠤᠨ‌ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃       5 ᠰᠠᠷ᠎ᠠ ᠶᠢᠨ 18 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠳ᠋ᠦᠩᠱᠧᠩ ᠲᠣᠭᠤᠷᠢᠭ ᠲᠤ ᠭᠦᠨᠵᠡᠭᠡᠶᠢᠷᠡᠨ ᠬᠡᠰᠡᠭ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠲᠣᠭᠤᠷᠢᠨ ᠦᠵᠡᠨ ᠪᠠᠶᠢᠴᠠᠭᠠᠨ ᠰᠤᠳᠤᠯᠵᠤ᠂ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠣᠶᠢᠯᠠᠭᠠᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠪᠣᠯᠤᠨ ᠰᠠᠨᠠᠭᠤᠯᠭ᠎ᠠ ᠶᠢ ᠰᠣᠨᠣᠰᠴᠠᠶ᠃ ᠬᠤᠲᠠ ᠶᠢᠨ ᠤᠳᠤᠷᠢᠳᠤᠯᠭ᠎ᠠ ᠵᠠᠩ ᠸᠧᠶ᠂ ᠸᠠᠩ ᠰᠢᠨ ᠢᠦᠢ᠂ ᠮᠢᠶᠣᠣ ᠴᠧᠩ ᠢᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ  ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ᠂ ᠲᠣᠭᠤᠷᠢᠭ ᠤᠨ ᠤᠳᠤᠷᠢᠳᠤᠯᠭ᠎ᠠ ᠭᠤᠤ ᠮᠢᠩ᠂ ᠶᠠᠩ ᠶᠦᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃         5 ᠰᠠᠷ᠎ᠠ ᠶᠢᠨ 19 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠢᠶ᠎ᠠ ᠪᠠᠭᠰᠢ ᠲᠣᠭᠤᠷᠢᠭ᠂ ᠳ᠋ᠦᠩᠱᠧᠩ ᠲᠣᠭᠤᠷᠢᠭ ᠲᠤ ᠭᠦᠨᠵᠡᠭᠡᠶᠢᠷᠡᠨ ᠰᠤᠷᠭᠠᠨ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠤᠳᠤᠷᠢᠳᠤᠯᠭ᠎ᠠ ᠵᠠᠩ ᠸᠧᠶ᠂ ᠸᠠᠩ ᠰᠢᠨ ᠢᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ᠂ ᠲᠣᠭᠤᠷᠢᠭ ᠤᠨ ᠤᠳᠤᠷᠢᠳᠤᠯᠭ᠎ᠠ ᠭᠤᠤ ᠮᠢᠩ᠂ ᠶᠠᠩ ᠶᠦᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃       5 ᠰᠠᠷ᠎ᠠ ᠶᠢᠨ 22 ᠤᠨ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ᠂ ᠡᠳ᠋ ᠤᠨ ᠵᠠᠰᠠᠭ ᠤᠨ ᠠᠵᠢᠯᠯᠠᠭᠠᠨ᠂ ᠨᠡᠭᠡᠭᠡᠯᠲᠡ ᠶᠢᠨ ᠲᠣᠭᠤᠷᠢᠭ ᠤᠨ ︽ᠲᠦᠰᠦᠯ ᠢᠶᠠᠷ ᠥᠭᠡᠷᠡᠴᠢᠯᠡᠯᠲᠡ ᠶᠢ ᠠᠬᠢᠭᠤᠯᠬᠤ︾᠂ ᠵᠠᠬᠢᠳᠠᠯ ᠰᠤᠷᠪᠤᠯᠵᠢᠯᠠᠭ᠎ᠠ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠤᠭᠰᠠᠨ ᠪᠥᠭᠡᠳ ᠲᠠᠷᠠᠭᠠᠴᠢ ᠶᠢᠨ ᠱᠠᠲᠤᠨ ᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠬᠠᠨ ᠲᠤᠤ ᠵᠢᠴᠢ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶ᠎ᠠ ᠪᠥᠬᠦᠶ ᠤᠳᠤᠷᠢᠳᠤᠯᠭ᠎ᠠ ᠪᠣᠯᠤᠨ ᠳ᠋ᠦᠩᠱᠧᠩ ᠲᠣᠭᠤᠷᠢᠭ ᠤᠨ ᠬᠠᠮᠢᠶ᠎ᠠ ᠪᠥᠬᠦᠶ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠶ᠃      5 ᠰᠠᠷ᠎ᠠ ᠶᠢᠨ 23 ᠤ ᠡᠳᠦᠷ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ 2022 ᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠤᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠯᠢ ᠰᠢᠶᠤᠤ ᠳ᠋ᠦᠩ᠂ ᠳᠡᠳ᠋ ᠲᠤᠭᠤᠷᠢᠭ ᠤᠨ ᠳᠠᠷᠤᠭ᠎ᠠ ᠵᠢᠶᠠᠩ ᠶᠤᠸᠠᠨ᠂ ᠳ᠋ᠦ᠋ ᠵᠢᠤᠸᠠᠨ᠂ ᠶᠠᠩ ᠶᠦᠨ᠂ ᠵᠠᠩ ᠪᠢᠩ᠂ ᠵᠠᠩ ᠵᠢᠶᠠᠨ ᠭᠦᠩ ᠬᠤᠷᠠᠯ ᠳᠤ ᠣᠷᠣᠯᠴᠠᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠯᠠᠨ ᠰᠢᠶᠠᠩ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠮᠤᠤ ᠯᠢᠨ ᠵᠢᠴᠢ ᠲᠤᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠰᠤᠯᠠ ᠣᠷᠣᠯᠴᠠᠵᠠᠢ᠃      5 ᠰᠠᠷ᠎ᠠ ᠶᠢᠨ 23 ᠤ ᠡᠳᠦᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤᠸᠠᠩ ᠶᠠ ᠯᠢ ᠥᠪᠡᠷᠲᠡᠭᠡᠨ ᠵᠠᠰᠠᠬᠤ ᠤᠷᠤᠨ ᠤ ᠳᠡᠭᠡᠳᠦ ᠰᠤᠷᠭᠠᠭᠤᠯᠢ ᠶᠢᠨ ᠬᠡᠰᠡᠭ ᠬᠠᠷᠢᠭᠤᠴᠠᠯᠭᠠᠳᠠᠳ ᠢ ᠳᠠᠭᠠᠭᠤᠯᠤᠨ ᠳ᠋ᠦᠩᠱᠧᠩ ᠲᠣᠭᠤᠷᠢᠭ ᠲᠤ ᠬᠦᠷᠴᠦ᠂ ᠠᠵᠤ ᠠᠬᠤᠶᠢᠯᠠᠯ ᠤᠨ ᠴᠢᠳᠠᠪᠤᠷᠢᠲᠠᠨ  ᠤ ᠬᠡᠷᠡᠭᠴᠡᠭᠡ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ᠂ ᠰᠤᠷᠭᠠᠭᠤᠯᠢ ᠠᠵᠤ ᠠᠬᠤᠶᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠬᠠᠮᠢᠶ᠎ᠠ ᠪᠥᠬᠦᠶ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠢ ᠶᠠᠷᠢᠯᠴᠠᠬᠤ ᠬᠤᠷᠠᠯ ᠢ ᠡᠷᠭᠢᠯᠡᠵᠦ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠲᠡᠳ᠋ ᠲᠣᠭᠤᠷᠢᠭ ᠤᠨ ᠳᠠᠷᠤᠭ᠎ᠠ ᠶᠠᠩ ᠶᠦᠨ ᠵᠢᠴᠢ ᠬᠤᠲᠠ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠳ᠂ ᠠᠵᠤ ᠠᠬᠤᠶᠢᠯᠠᠯ ᠤᠨ ᠲᠥᠯᠥᠭᠡᠯᠡᠭᠴᠢ ᠪᠠᠶᠢᠴᠠᠭᠠᠨ ᠰᠤᠳᠤᠯᠤᠯᠲᠠ ᠪᠠ ᠶᠠᠷᠢᠯᠴᠠᠬᠤ ᠬᠤᠷᠠᠯ ᠳᠤ ᠣᠷᠣᠯᠴᠠᠪᠠ᠃     5 ᠰᠠᠷ᠎ᠠ ᠶᠢᠨ 23 ᠠᠴᠠ 24 ᠤ ᠡᠳᠦᠷ ᠪᠣᠯᠲᠠᠯ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠣᠣ ᠹᠸᠢ ᠯᠦ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠤᠭᠤᠶᠢᠯᠠᠩ ᠢ ᠳᠠᠭᠠᠭᠤᠯᠤᠨ ᠳ᠋ᠦᠩᠱᠧᠩ ᠲᠣᠭᠤᠷᠢᠭ ᠲᠤ ᠭᠦᠨᠵᠡᠭᠡᠶᠢᠷᠡᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠪᠣᠯᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠠᠵᠤ ᠦᠶᠯᠡᠰ ᠤᠨ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ  ᠶᠢ ᠠᠬᠢᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠬᠢᠨᠠᠨ ᠵᠥᠪᠯᠡᠭᠰᠡᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠨ ᠬᠢᠨᠠᠯᠲᠠ ᠲᠠᠯᠪᠢᠵᠤ᠂ 2021 ᠣᠨ ᠤ ᠬᠤᠲᠠ ᠶᠢᠨ ᠲᠣᠰ ᠱᠠᠲᠤᠨ ᠤ ᠲᠥᠰᠦᠪ ᠲᠤ ᠳᠣᠭᠢᠷᠠᠭᠤᠯᠤᠭᠰᠠᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠲᠤᠰᠬᠠᠶ ᠪᠠᠯᠠ ᠮᠥᠩᠭᠦ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠳᠤ ᠬᠡᠷᠡᠭᠯᠡᠭᠰᠡᠨ ᠨᠥᠬᠦᠪᠥᠷᠢ ᠪᠠᠯᠠ ᠮᠥᠩᠭᠦ  ᠶᠢ ᠠᠮᠵᠢᠯᠲᠠ ᠪᠦᠲᠦᠮᠵᠢ ᠬᠢᠨᠠᠯᠲᠠ ᠲᠠᠯᠪᠢᠭᠰᠠᠨ ᠪᠠᠶᠢᠳᠠᠯ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠳᠡᠳ᠋ ᠡᠷᠬᠢᠯᠡᠭᠴᠢ ᠵᠠᠩ ᠵᠧᠨ ᠫᠢᠩ᠂ ᠯᠢᠦ ᠯᠠᠨ ᠰᠢᠶᠠᠩ᠂ ᠦ᠋ ᠹᠸᠢ ᠰᠢᠶᠦ᠋ᠩ᠂ ᠳᠡᠳ᠋ ᠲᠣᠭᠤᠷᠢᠭ ᠤᠨ ᠲᠠᠷᠤᠭ᠎ᠠ ᠵᠢᠶᠠᠩ ᠶᠤᠸᠠᠨ ᠨᠠᠷ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠭᠰᠡᠨ ᠪᠦᠬᠡᠳ ᠶᠠᠷᠢᠯᠴᠠᠬᠤ ᠬᠤᠷᠠᠯ ᠳᠤ ᠣᠷᠣᠯᠴᠠᠪᠠ᠃     5 ᠰᠠᠷ᠎ᠠ ᠶᠢᠨ 25 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2022 ᠣᠨ ᠤ 6 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠪᠥᠬᠦ ᠲᠤᠭᠤᠷᠢᠭ ᠤᠨ ᠰᠢᠶᠠᠨ ᠭᠠᠵᠠᠷ ᠤᠨ ᠲᠠᠰ ᠵᠢᠴᠢ ᠲᠡᠭᠦᠨ ᠠᠴᠠ ᠳᠡᠭᠡᠭᠰᠢᠬᠢ ᠤᠳᠤᠷᠢᠳᠤᠯᠭ᠎ᠠ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠤᠯᠪᠣᠭᠳᠠᠯ ᠪᠥᠬᠦᠶ ᠬᠠᠷᠢᠭᠤᠴᠠᠯᠭᠠᠳᠠᠳ ᠰᠤᠷᠤᠯᠴᠠᠯᠭ᠎ᠠ ᠶᠢᠨ ᠬᠤᠷᠠᠯ ᠳᠤ ᠣᠷᠣᠯᠴᠠᠵᠠᠶ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠭᠤᠤ ᠮᠢᠩ ᠬᠠᠮᠲᠤ ᠶᠢᠨ ᠰᠤᠷᠤᠯᠴᠠᠯᠭ᠎ᠠ ᠶᠢ ᠡᠷᠬᠢᠯᠡᠪᠡ᠃     5 ᠰᠠᠷ᠎ᠠ ᠶᠢᠨ 27 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠨᠡᠷ ᠳ᠋ᠦᠩᠱᠧᠩ ᠲᠣᠭᠤᠷᠢᠭ ᠤᠨ ᠪᠤᠷᠵᠠᠩ ᠨᠠᠭᠤᠷ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃      5 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠳ᠋ᠦᠩᠱᠧᠩ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ ᠲᠤ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠶᠳᠪᠦᠷᠢᠯᠡᠬᠦ ᠠᠵᠢᠯ ᠢ ᠰᠢᠪᠠᠳᠠᠨ ᠰᠢᠶᠳᠪᠦᠷᠢᠯᠡᠪᠡ᠃       5 ᠰᠠᠷ᠎ᠠ ᠶᠢᠨ 30 ᠤ ᠡᠳᠦᠷ᠂ ᠳ᠋ᠦᠩᠱᠧᠩ ᠲᠣᠭᠤᠷᠢᠭ ︽ᠭᠤᠷᠪᠠᠨ ᠬᠦᠷᠢᠶᠠᠯᠠᠩ ᠭᠤᠷᠪᠠᠨ ᠱᠤᠭᠤᠮ︾ ᠢ ᠢᠯᠭᠠᠨ ᠲᠣᠭᠲᠠᠭᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠤᠭᠤᠷᠢᠭ ᠤᠨ ᠤᠳᠤᠷᠢᠳᠤᠯᠭ᠎ᠠ ᠯᠢ ᠰᠢᠶᠤᠤ ᠳ᠋ᠦᠩ᠂ ᠳ᠋ᠦ᠋ ᠵᠢᠤᠸᠠᠨ᠂ ᠵᠠᠩ ᠵᠢᠶᠠᠨ ᠭᠦᠩ᠂ ᠱᠢ ᠮᠤᠤ ᠯᠢᠨ ᠬᠤᠷᠠᠯ ᠳᠤ ᠣᠷᠣᠯᠴᠠᠪᠠ᠃      5 ᠰᠠᠷ᠎ᠠ ᠶᠢᠨ 30 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠪᠤᠷᠵᠠᠩ ᠨᠠᠭᠤᠷ ᠪᠠᠯᠭᠠᠰᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠵᠤ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ᠂ ᠲᠤᠭᠤᠷᠢᠭ ᠤᠨ ᠤᠳᠤᠷᠢᠳᠤᠯᠭ᠎ᠠ ᠭᠤᠤ ᠮᠢᠩ᠂ ᠳ᠋ᠦ᠋ ᠵᠢᠤᠸᠠᠨ ᠵᠢᠴᠢ ᠲᠤᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤ ᠪᠠᠶᠢᠴᠠᠭᠠᠨ ᠰᠤᠳᠤᠯᠪᠠ᠃      5 ᠰᠠᠷ᠎ᠠ ᠶᠢᠨ 30 ᠤ ᠡᠳᠦᠷ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2022 ᠣᠨ ᠤ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠪᠣᠯᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠳᠡᠳ᠋ ᠳᠠᠷᠤᠭ᠎ᠠ ᠯᠢ ᠰᠢᠶᠤᠤ ᠳ᠋ᠦᠩ ᠬᠤᠷᠠᠯ ᠢ ᠡᠷᠬᠢᠯᠡᠵᠦ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠨᠢᠶᠧ ᠵᠢᠶᠦ᠋ᠨ ᠤᠷᠢᠯᠭ᠎ᠠ ᠪᠠᠷ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠪᠠᠶᠢᠭᠤᠯᠭ᠎ᠠ ᠳᠤ ᠪᠠᠨ ᠪᠠᠶᠢᠭ᠎ᠠ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠠᠢ᠃ ᠡᠯ᠎ᠡ ᠪᠠᠯᠭᠠᠰᠤᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ᠂ ᠵᠠᠰᠠᠭ  ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠠᠵᠢᠯ ᠦᠶᠯᠡᠰ ᠤᠨ ᠨᠢᠬᠡᠴᠡ᠂ ᠡᠯ᠎ᠡ ᠰᠢᠭᠤᠳ ᠬᠠᠮᠵᠢᠨ ᠬᠠᠮᠢᠶᠠᠷᠬᠤ ᠨᠢᠬᠡᠴᠡ᠂ ᠡᠯ᠎ᠡ ᠲᠤᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠵᠢᠴᠢ ᠭᠤᠤᠯᠳᠠᠯᠭ᠎ᠠ ᠲᠠᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠪᠠᠭ ᠤᠨ ᠪᠦᠷᠢᠯᠳᠦᠬᠦᠨ ᠪᠣᠯᠤᠨ ᠬᠤᠯᠪᠣᠭᠳᠠᠯ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠶ᠃ ᠬᠤᠷᠠᠯ ᠠᠴᠠ ᠪᠠᠰᠠ ᠡᠯ᠎ᠡ ᠬᠤᠯᠪᠣᠭᠳᠠᠯ ᠪᠦᠬᠦᠢ ᠨᠠᠮ ᠤᠯᠠᠨ ᠲᠦᠮᠡᠨ ᠤ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠢ ᠤᠷᠢᠵᠤ ᠬᠤᠷᠠᠯ ᠳᠤ ᠣᠷᠣᠯᠴᠠᠭᠤᠯᠪᠠ᠃
ᠢᠷᠡᠯᠲᠡ᠄ ᠳᠤᠰ ᠰᠦᠯᠵᠢᠶ᠎ᠡ