ᠭᠤᠣᠯ ᠳᠤᠰᠢᠶᠠᠯ ᠬᠠᠷᠢᠭᠤᠴᠠᠯᠭ᠎ᠠ ᠨᠢ᠄ | ︵ᠨᠢᠭᠡ︶ ᠤᠯᠤᠰ ᠤᠨ ᠬᠠᠤᠯᠢ ᠴᠠᠭᠠᠵᠠ ᠬᠠᠤᠯᠢ ᠲᠤᠭᠳᠠᠭᠠᠯ ᠪᠤᠯᠤᠨ ᠦᠪᠡᠷᠳᠡᠭᠡᠨ ᠵᠠᠰᠠᠬᠤ ᠤᠷᠤᠨ ᠤ ᠭᠠᠵᠠᠷ ᠤᠷᠤᠨ ᠤ ᠴᠢᠨᠠᠷᠳᠠᠢ ᠬᠠᠤᠯᠢ ᠳᠦᠷᠢᠮ | ᠲᠤᠭᠳᠠᠭᠠᠯ ᠢ ᠲᠤᠤᠱᠯᠠᠭᠤᠯᠤᠨ ᠬᠡᠷᠡᠭᠵᠢᠬᠦᠯᠵᠤ᠂ ᠤᠯᠤᠰ᠂ ᠦᠪᠡᠷᠳᠡᠬᠡᠨ ᠵᠠᠰᠠᠬᠤ ᠤᠷᠤᠨ ᠪᠤᠯᠤᠨ ᠬᠤᠳᠠ ᠶᠢᠨ ᠰᠢᠨ᠎ᠡ ᠮᠠᠶ᠋ᠢᠭ ᠤᠨ ᠠᠵᠤ ᠤᠶᠢᠯᠡᠳᠪᠤᠷᠢᠵᠢᠯᠳᠡ | ᠶᠢᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠠ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠳ᠋ᠦᠩᠱᠧᠩ ᠲᠤᠭᠤᠷᠢᠭ ᠤᠨ ᠠᠵᠤ ᠤᠶᠢᠯᠡᠳᠪᠤᠷᠢ ᠪᠠ | ᠠᠵᠤ ᠤᠶᠢᠯᠡᠳᠪᠤᠷᠢ ᠶᠢᠨ ᠬᠦᠷᠢᠶ᠎ᠡ ᠴᠠᠷᠠᠨ ᠳᠠᠬᠢ ᠮᠡᠳᠡᠭᠡ ᠵᠠᠩᠬᠢᠴᠢᠯᠠᠯᠳᠠ ᠶᠢᠨ ᠬᠦᠭᠵᠢᠯᠳᠡ ᠶᠢᠨ ᠲᠦᠯᠦᠪᠵᠢᠬᠦᠯᠬᠡ ᠶᠢ ᠲᠤᠭᠤᠷᠪᠢᠨ ᠲᠤᠭᠳᠠᠭᠠᠬᠤ ᠶᠢᠨ ᠬᠠᠮᠳᠤ | ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠰᠢᠨ᠎ᠡ ᠮᠠᠶ᠋ᠢᠭ ᠤᠨ ᠠᠵᠤ ᠤᠶᠢᠯᠡᠳᠪᠤᠷᠢᠵᠢᠯᠳᠡ ᠶᠢᠨ ᠠᠬᠢᠴᠠ ᠳᠤᠮᠳᠠᠬᠢ ᠴᠢᠬᠤᠯᠠ ᠶᠡᠭᠡ ᠠᠰᠠᠭᠤᠳᠠᠯ ᠢ ᠵᠤᠬᠢᠴᠠᠭᠤᠯᠤᠨ | ᠰᠢᠢᠳᠪᠤᠷᠢᠯᠡᠵᠤ᠂ ᠠᠵᠤ ᠤᠶᠢᠯᠡᠰ ᠤᠨ ᠪᠦᠳᠦᠴᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠳᠤᠬᠢᠷᠠᠭᠤᠯᠤᠯᠳᠠ ᠪᠠ ᠰᠢᠯᠢᠳᠡᠭᠵᠢᠬᠦᠯᠦᠨ ᠳᠡᠰ ᠳᠡᠪᠰᠢᠬᠦᠯᠬᠦ ᠶᠢ | ᠠᠬᠢᠭᠤᠯᠤᠨ᠎ᠠ᠃ | ︵ᠬᠤᠶᠠᠷ︶ ᠳ᠋ᠦᠩᠱᠧᠩ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠨ᠂ ᠬᠠᠮᠢᠶ᠎ᠠ | ᠪᠥᠬᠦᠢ ᠮᠡᠳᠡᠭᠡ ᠵᠠᠩᠭᠢ ᠶᠢ ᠨᠡᠶᠢᠲᠡᠯᠡᠵᠦ᠂ ᠲᠥᠰᠦᠭᠡᠯᠡᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠳᠥᠯᠥᠨ ᠵᠢᠯᠣᠭᠤᠳᠴᠤ᠂ ᠠᠵᠢᠯ ᠲᠥᠷᠥᠯ ᠣᠨ | ᠠᠵᠢᠯᠯᠠᠭᠠᠨ ᠤ ᠬᠥᠭᠵᠢᠯᠲᠡ ᠳᠠᠬᠢ ᠬᠤᠯᠪᠣᠭᠳᠠᠯ ᠪᠥᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠲᠥᠷᠥ ᠶᠢᠨ ᠪᠤᠳᠤᠯᠭ᠎ᠠ ᠶᠢᠨ ᠰᠠᠨᠠᠭᠤᠯᠭ᠎ᠠ | ᠳᠤᠷᠠᠳᠤᠨ᠎ᠠ᠃ ᠠᠵᠤ ᠦᠢᠯᠡᠳᠪᠦᠷᠢ ᠶᠢᠨ ᠠᠵᠢᠯᠯᠠᠭᠠᠨ ᠳᠠᠬᠢ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠶᠢᠨ ᠶᠡᠷᠦᠩᠬᠡᠶᠢᠯᠡᠨ ᠵᠣᠬᠢᠴᠠᠭᠤᠯᠬᠤ ᠠᠵᠢᠯ ᠢ | ᠬᠠᠷᠢᠭᠤᠴᠠᠨ᠎ᠠ᠃ ᠳ᠋ᠦᠩᠱᠧᠩ ᠲᠣᠭᠤᠷᠢᠭ ᠤᠨ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠣᠨ ᠤ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ | ᠲᠣᠬᠢᠷᠠᠭᠤᠯᠤᠨ ᠡᠵᠡᠮᠳᠡᠬᠦ ᠬᠠᠷᠠᠯᠲᠠ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠲᠥᠰᠦᠯ ᠵᠢᠴᠢ ᠣᠨ ᠤ ᠬᠡᠷᠡᠭᠵᠢᠭᠦᠯᠬᠦ | ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠬᠠᠮᠠᠭᠠᠯᠠᠨ᠎ᠠ᠃ | ︵ᠭᠤᠷᠪᠠ︶ ᠳ᠋ᠦᠩᠱᠧᠩ ᠲᠣᠭᠤᠷᠢᠭ ᠤᠨ ᠠᠵᠤ ᠦᠶᠯᠡᠳᠪᠦᠷᠢ ᠪᠣᠯᠤᠨ ᠮᠡᠳᠡᠭᠡ ᠵᠠᠩᠬᠢᠴᠢᠯᠠᠯᠳᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | ᠶᠢᠨ ᠬᠡᠪᠴᠢᠶ᠎ᠡ ᠪᠣᠯᠤᠨ ᠴᠢᠭᠯᠡᠯ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠤᠨ ᠲᠤᠭᠤᠷᠢᠭ ᠤᠨ ᠲᠤᠰ ᠱᠠᠲᠤᠨ ᠤ ᠡᠳ᠋ ᠤᠨ ᠵᠠᠰᠠᠭ ᠤᠨ ᠴᠢᠨᠠᠷᠲᠠᠶ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠬᠠᠷᠢᠭᠤᠴᠠᠨ ᠳᠤᠷᠠᠳᠤᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠪᠡᠯᠡ ᠣᠷᠣᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠳᠤ | ᠬᠠᠷᠢᠶᠠᠯᠠᠭᠳᠠᠬᠤ ᠲᠥᠷᠥᠯ ᠵᠦᠢᠯ ᠢ ᠡᠷᠬᠡ ᠮᠡᠳᠡᠯ ᠤᠨ ᠶᠣᠰᠣᠭᠠᠷ ᠬᠢᠨᠠᠨ ᠬᠠᠷᠭᠤᠭᠤᠯᠤᠨ ᠮᠡᠳᠡᠬᠦᠯᠵᠤ᠂ ᠲᠤᠭᠤᠷᠢᠭ ᠤᠨ ᠲᠤᠰ ᠱᠠᠲᠤᠨ ᠤ ᠠᠵᠤ ᠦᠢᠯᠡᠳᠪᠦᠷᠢ | ᠪᠣᠯᠤᠨ ᠮᠡᠳᠡᠭᠡ ᠵᠠᠩᠬᠢᠴᠢᠯᠠᠯᠳᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠵᠦ ᠳᠠᠩᠰᠠᠯᠠᠭᠤᠯᠤᠨ᠎ᠠ᠃ | ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭ᠎ᠠ ᠪᠠ ᠵᠣᠬᠢᠴᠠᠭᠤᠯᠭ᠎ᠠ ᠶᠢ | ᠵᠢᠯᠣᠭᠤᠳᠴᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ᠎ᠠ᠃ | ︵ᠳᠥᠷᠪᠡ︶ ᠳ᠋ᠦᠩᠱᠧᠩ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠵᠢᠴᠢ ᠠᠵᠤ | ᠦᠶᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠤᠯᠠᠮᠵᠢᠯᠠᠯᠲᠤ ᠠᠵᠤ ᠦᠶᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ ᠪᠠ ᠠᠵᠤ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠳᠤᠷᠠᠳᠤᠨ᠎ᠠ᠃ ᠠᠵᠤ ᠦᠢᠯᠡᠳᠪᠦᠷᠢ ᠪᠠ ᠠᠵᠤ | ᠦᠢᠯᠡᠳᠪᠦᠷᠢ ᠶᠢᠨ ᠬᠦᠷᠢᠶ᠎ᠡ ᠴᠠᠷᠠᠨ ᠤ ᠮᠡᠳᠡᠭᠡ ᠵᠩᠬᠢᠴᠢᠯᠠᠯᠳᠠ ᠶᠢᠨ ᠣᠨ ᠤ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠣᠷᠣᠬᠤ ᠶᠢ ᠵᠦᠪᠰᠢᠶᠡᠷᠡᠬᠦ ᠲᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠠᠵᠤ | ᠦᠢᠯᠡᠳᠪᠦᠷᠢ ᠶᠢᠨ ᠪᠠᠶᠢᠷᠢᠯᠠᠭᠤᠯᠤᠯᠳᠠ ᠶᠢᠨ ᠲᠤᠬᠢᠷᠠᠭᠤᠯᠤᠯᠳᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠶᠯᠡᠳᠪᠦᠷᠢ ᠶᠢᠨ ᠬᠦᠷᠢᠶ᠎ᠡ ᠬᠡᠪᠴᠢᠶᠡᠨ ᠤ | ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠵᠤ᠂ ᠳ᠋ᠦᠩᠱᠧᠩ ᠲᠣᠭᠤᠷᠢᠭ ᠤᠨ ᠳᠠᠪᠤᠰᠤᠨ ᠤ ᠦᠶᠯᠡᠰ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ | ᠠᠵᠢᠯ ᠲᠥᠷᠥᠯ ᠤᠨ ᠬᠠᠮᠢᠶᠠᠷᠤᠯᠲᠠ ᠶᠢᠨ ᠳᠤᠰᠢᠶᠠᠯ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠶᠴᠡᠳᠬᠡᠨ᠎ᠡ᠃ ᠳ᠋ᠦᠩᠱᠧᠩ ᠲᠤᠭᠤᠷᠢᠭ ᠤᠨ ᠠᠷᠠᠳ ᠤᠨ | ᠬᠡᠷᠡᠭᠯᠡᠭᠡᠨ ᠤ ᠳᠡᠯᠪᠡᠷᠡᠬᠦ ᠪᠤᠳᠠᠰ ᠤᠨ ᠠᠶᠤᠯ ᠦᠭᠡᠢ ᠤᠶᠢᠯᠡᠳᠪᠤᠷᠢᠯᠡᠯ ᠤᠨ ᠬᠢᠨᠠᠯᠳᠠ ᠬᠠᠮᠢᠶᠠᠷᠤᠯᠳᠠ ᠶᠢ ᠬᠠᠷᠢᠭᠤᠴᠠᠨ᠎ᠠ᠃ | ︵ᠲᠠᠪᠤ︶ ᠠᠵᠤ ᠦᠶᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢ ᠵᠢᠯᠣᠭᠤᠳᠤᠨ᠎ᠠ᠃ ᠳ᠋ᠦᠩᠱᠧᠩ ᠲᠣᠭᠤᠷᠢᠭ ᠤᠨ ᠠᠵᠤ ᠦᠶᠯᠡᠳᠪᠦᠷᠢ ᠶᠢᠨ ᠡᠨᠧᠷᠭᠢ | ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠰᠠᠶᠢᠨ ᠳᠤᠷ᠎ᠠ ᠶᠢᠨ ᠬᠡᠯᠪᠡᠷᠢ ᠶᠢᠨ ᠴᠡᠪᠡᠷ ᠦᠶᠯᠡᠳᠪᠦᠷᠢᠯᠡᠯ ᠢ ᠠᠬᠢᠭᠤᠯᠬᠤ ᠲᠥᠷᠥ ᠶᠢᠨ ᠪᠣᠳᠣᠯᠭ᠎ᠠ | ᠵᠢᠴᠢ ᠲᠥᠯᠥᠪᠵᠢᠭᠦᠯᠭᠡ ᠶᠢ ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠦᠶᠯᠡᠳᠪᠦᠷᠢ ᠶᠢᠨ ᠪᠣᠬᠢᠷᠲᠤᠯ ᠥᠬᠡᠶ | ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠶᠯ ᠪᠠ ᠰᠢᠨ᠎ᠡ ᠦᠶᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ | ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠶᠯᠡᠳᠪᠦᠷᠢ ᠶᠢᠨ ᠡᠨᠧᠷᠭᠢ ᠠᠷᠪᠢᠯᠠᠬᠤ ᠶᠢ ᠬᠢᠨᠠᠨ | ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠠᠵᠤ ᠦᠢᠯᠡᠳᠪᠦᠷᠢ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠲᠤᠭᠳᠠᠯᠴᠠᠭ᠎ᠠ ᠶᠢᠨ | ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠬᠦᠮᠦᠵᠢᠬᠦᠯᠬᠦ ᠰᠤᠳᠤᠯᠬᠤ ᠬᠡᠷᠡᠭᠯᠡᠬᠦ ᠶᠢ ᠬᠠᠷᠢᠯᠴᠠᠨ | ᠤᠶᠠᠯᠳᠤᠭᠤᠯᠬᠤ ᠶᠢ ᠠᠬᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠤᠨ ᠳ᠋ᠦᠩᠱᠧᠩ ᠲᠣᠭᠤᠷᠢᠭ ᠤᠨ ᠠᠵᠤ ᠦᠶᠯᠡᠳᠪᠦᠷᠢ ᠪᠣᠯᠤᠨ | ᠮᠡᠳᠡᠭᠡ ᠵᠠᠩᠬᠢᠴᠢᠯᠠᠯᠳᠠ ᠶᠢᠨ ᠠᠵᠤ ᠦᠶᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠯᠪᠣᠭᠳᠠᠯ ᠪᠦᠬᠦᠢ ᠴᠢᠬᠤᠯᠠ ᠶᠡᠭᠡ ᠲᠤᠰᠬᠠᠶ ᠵᠦᠶᠯ ᠳᠤ ᠣᠷᠣᠯᠴᠠᠵᠤ᠂ | ᠡᠷᠳᠡᠮ ᠰᠢᠨᠵᠢᠯᠡᠭᠡᠨ ᠤ ᠰᠤᠳᠤᠯᠤᠯ ᠤᠨ ᠬᠠᠮᠢᠶ᠎ᠠ ᠪᠦᠬᠦᠢ ᠦᠷ᠎ᠡ ᠪᠦᠲᠦᠭᠡᠯ ᠢ ᠠᠵᠤ ᠤᠶᠢᠯᠡᠰᠵᠢᠯᠡᠬᠦᠯᠬᠦ ᠶᠢ ᠠᠬᠢᠭᠤᠯᠤᠨ᠎ᠠ᠃ ᠠᠵᠤ ᠤᠶᠢᠯᠡᠰᠪᠤᠷᠢ ᠶᠢᠨ ᠠᠵᠢᠯ | ᠲᠦᠷᠦᠯ ᠤᠨ ᠶᠠᠰᠤ ᠴᠢᠨᠠᠷ ᠤᠨ ᠬᠠᠮᠢᠶᠠᠷᠤᠯᠳᠠ ᠪᠠ ᠨᠡᠷᠡᠳᠤ ᠲᠦᠷᠦᠯ ᠳᠡᠮᠳᠡᠭᠳᠤ ᠶᠢ ᠪᠤᠶᠢᠵᠢᠭᠤᠯᠬᠤ ᠶᠢ ᠵᠢᠯᠤᠭᠤᠳᠤᠨ᠎ᠠ᠃ | ︵ᠳᠣᠯᠤᠭ᠎ᠠ︶ ᠲᠣᠨᠣᠭᠯᠠᠯ ᠦᠶᠯᠡᠳᠬᠦ ᠦᠶᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠵᠣᠬᠢᠶᠠᠨ ᠪᠠᠶᠢᠭᠤᠯᠵᠤ᠂ ᠵᠤᠬᠢᠴᠠᠭᠤᠯᠤᠨ ᠠᠬᠢᠭᠤᠯᠵᠤ᠂ ᠮᠡᠷᠭᠡᠵᠢᠯ | ᠲᠣᠨᠣᠭᠯᠠᠯ ᠤᠨ ᠬᠥᠭᠵᠢᠯᠲᠡ ᠪᠣᠯᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠲᠤᠭᠤᠷᠪᠢᠨ ᠲᠤᠭᠳᠠᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠭᠤᠤᠯᠳᠠᠯᠭ᠎ᠠ ᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ | ᠲᠦᠰᠢᠭᠯᠡᠨ ᠬᠤᠯᠪᠣᠭᠳᠠᠯ ᠪᠦᠬᠦᠢ ᠴᠢᠬᠤᠯᠠ ᠶᠡᠭᠡ ᠲᠤᠰᠬᠠᠶ ᠵᠦᠶᠯ ᠤᠨ ᠬᠡᠷᠡᠭᠵᠢᠭᠦᠯᠦᠯᠲᠡ ᠶᠢ ᠵᠣᠬᠢᠴᠠᠭᠤᠯᠵᠤ᠂ ᠮᠡᠷᠭᠡᠵᠢᠯ ᠲᠣᠨᠣᠭᠯᠠᠯ ᠢ ᠤᠯᠤᠰ ᠲᠠᠭᠠᠨ | ᠦᠶᠯᠡᠳᠪᠦᠷᠢᠯᠡᠬᠦ ᠶᠢ ᠠᠬᠢᠭᠤᠯᠤᠨ᠂ ᠣᠷᠣᠭᠤᠯᠵᠤ ᠢᠷᠡᠭᠰᠡᠨ ᠮᠡᠷᠭᠡᠵᠢᠯ ᠲᠣᠨᠣᠭᠯᠠᠯ ᠢ ᠰᠢᠩᠭᠡᠭᠡᠨ ᠰᠢᠨ᠎ᠡ ᠶᠢ ᠡᠭᠦᠳᠬᠦ ᠶᠢ ᠵᠢᠯᠣᠭᠤᠳᠴᠤ᠂ ᠰᠢᠨ᠎ᠡ ᠪᠠᠷ ᠪᠤᠶ | ᠪᠣᠯᠤᠭᠰᠠᠨ ᠠᠵᠤ ᠦᠶᠯᠡᠰ ᠤᠨ ᠬᠥᠭᠵᠢᠯᠲᠡ ᠶᠢ ᠠᠬᠢᠭᠤᠯᠤᠨ᠎ᠠ᠃ | ︵ᠨᠠᠶᠮᠠ︶ ᠠᠵᠤ ᠦᠢᠯᠡᠳᠪᠦᠷᠢ ᠶᠢᠨ ᠬᠦᠷᠢᠶ᠎ᠡ ᠴᠠᠷᠠᠨ ᠤ ᠮᠡᠳᠡᠭᠡ ᠵᠠᠩᠬᠢᠴᠢᠯᠠᠯᠳᠠ ᠶᠢᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠬᠢᠴᠢᠯᠠᠯᠳᠠ ᠪᠠ ᠠᠵᠤ | ᠤᠶᠢᠯᠡᠳᠪᠤᠷᠢᠴᠢᠯᠡᠯᠳᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠠᠵᠤ ᠦᠶᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠲᠣᠨᠤᠭ ᠤᠨ ᠦᠶᠯᠡᠰ᠂ | ᠮᠡᠳᠡᠭᠡ ᠵᠠᠩᠭᠢ ᠶᠢᠨ ᠦᠶᠯᠡᠴᠢᠯᠡᠭᠡᠨ ᠤ ᠦᠶᠯᠡᠰ ᠤᠨ ᠬᠥᠭᠵᠢᠯᠲᠡ ᠶᠢ ᠠᠬᠢᠭᠤᠯᠤᠨ᠎ᠠ᠃ ᠠᠵᠤ ᠦᠶᠯᠡᠳᠪᠦᠷᠢ ᠶᠢᠨ ᠡᠵᠡᠮᠰᠢᠯ ᠤᠨ ᠰᠢᠰᠲ᠋ᠧᠮ ᠤᠨ ᠰᠦᠯᠵᠢᠶ᠎ᠡ ᠪᠠ | ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠷᠢᠭᠤᠴᠠᠵᠤ᠂ ᠴᠢᠮᠡᠭᠡ ᠬᠤᠯᠪᠤᠭᠠᠨ ᠤ ᠰᠦᠯᠵᠢᠶ᠎ᠡ ᠶᠢᠨ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠵᠢᠯᠣᠭᠤᠳᠤᠨ᠎ᠠ᠃ ᠰᠦᠯᠵᠢᠶᠡᠨ ᠤ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠵᠢᠯᠣᠭᠤᠳᠤᠨ ᠵᠣᠬᠢᠴᠠᠭᠤᠯᠤᠨ᠎ᠠ᠃ ᠤᠯᠤᠰ ᠠᠴᠠ ᠪᠠᠲᠤᠯᠠᠨ | ᠬᠠᠮᠠᠭᠠᠯᠠᠯᠲᠠ ᠶᠢᠨ ᠮᠡᠳᠡᠭᠡ ᠵᠠᠩᠭᠢ ᠶᠢᠨ ᠳᠠᠶᠢᠴᠢᠯᠠᠯᠲᠠ ᠶᠢᠨ ᠠᠵᠢᠯ ᠢ ᠬᠠᠷᠢᠭᠤᠴᠠᠨ᠎ᠠ᠃ | ︵ᠶᠢᠰᠦ︶ ᠳᠤᠮᠳᠠ ᠵᠢᠵᠢᠭ ᠠᠵᠤ ᠠᠬᠤᠶᠢᠯᠠᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠦᠶᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ | ᠬᠤᠷᠸ᠎ᠠ ᠵᠢᠯᠣᠭᠤᠳᠣᠯᠭ᠎ᠠ᠂ ᠶᠡᠷᠦᠩᠬᠡᠶᠢᠯᠡᠭᠰᠡᠨ ᠵᠣᠬᠢᠴᠠᠭᠤᠯᠭ᠎ᠠ ᠪᠣᠯᠤᠨ ᠤᠶᠢᠯᠡᠴᠢᠯᠡᠭᠡ ᠶᠢ ᠬᠠᠷᠢᠭᠤᠴᠠᠨ᠎ᠠ᠃ ᠳᠤᠮᠳᠠ ᠵᠢᠵᠢᠭ ᠠᠵᠤ ᠠᠬᠤᠶᠢᠯᠠᠯ ᠪᠠ ᠨᠡᠶᠢᠲᠡ ᠶᠢᠨ | ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠪᠠ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠠᠷᠪᠠ︶ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠠᠵᠢᠯ ᠢ ᠬᠠᠷᠢᠭᠤᠴᠠᠨ ᠵᠣᠬᠢᠴᠠᠭᠤᠯᠵᠤ᠂ ᠠᠵᠤ ᠦᠢᠯᠡᠳᠪᠦᠷᠢ ᠪᠣᠯᠤᠨ ᠮᠡᠳᠡᠭᠡ | ᠵᠠᠩᠬᠢᠴᠢᠯᠠᠯᠳᠠ ᠶᠢᠨ ᠬᠦᠷᠢᠶ᠎ᠡ ᠴᠠᠷᠠᠨ ᠤ ᠵᠠᠰᠠᠭ ᠤᠨ ᠣᠷᠳᠣᠨ ᠤ ᠠᠵᠤ ᠠᠬᠤᠶᠢᠯᠠᠯ ᠳᠤ ᠤᠶᠢᠯᠡᠴᠢᠯᠡᠬᠦ ᠲᠤᠭᠳᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ | ᠠᠵᠤ ᠦᠶᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠬᠦᠷᠢᠶ᠎ᠡ ᠴᠠᠷᠠᠨ ᠳᠠᠬᠢ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠵᠦ ᠵᠠᠳᠠᠯᠤᠨ᠂ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠨ᠎ᠡ᠃ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠬᠦᠷᠢᠶ᠎ᠡ ᠴᠠᠷᠠᠨ ᠳᠠᠬᠢ ᠭᠠᠳᠠᠭᠠᠳᠤ ᠲᠠᠢ | ᠬᠠᠮᠳᠤᠷᠠᠨ ᠠᠵᠢᠯᠯᠠᠵᠤ ᠰᠣᠯᠢᠯᠴᠠᠭ᠎ᠠ ᠬᠢᠬᠦ ᠵᠢᠴᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠳᠤ ᠣᠷᠣᠯᠴᠠᠵᠤ᠂ ᠣᠷᠣᠨ ᠪᠦᠰᠡ ᠶᠢᠨ ᠠᠵᠤ ᠦᠢᠯᠡᠰ | ᠤᠨ ᠬᠠᠮᠵᠢᠯᠴᠠᠭ᠎ᠠ ᠶᠢ ᠥᠷᠨᠢᠭᠦᠯᠬᠦ ᠳᠤ ᠣᠷᠣᠯᠴᠠᠨ᠎ᠠ᠃ | ︵ᠠᠷᠪᠠᠨ ᠨᠢᠭᠡ︶ ᠠᠵᠤ ᠦᠶᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠬᠦᠷᠢᠶ᠎ᠡ ᠴᠠᠷᠠᠨ ᠳᠠᠬᠢ ᠲᠤᠭᠤᠷᠢᠭ ᠤᠨ ᠲᠣᠰ ᠱᠠᠲᠤᠨ ᠤ ᠴᠢᠳᠠᠪᠬᠢ ᠳᠤᠰᠢᠶᠠᠯ | ᠬᠠᠷᠢᠭᠤᠴᠠᠯᠭ᠎ᠠ ᠶᠢᠨ ᠬᠡᠪᠴᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠬᠠᠤᠯᠢ ᠠᠴᠠ ᠵᠥᠷᠢᠴᠡᠭᠰᠡᠨ ᠬᠠᠮᠢᠶ᠎ᠠ ᠪᠥᠬᠦᠶ ᠦᠶᠯᠡ | ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠵᠦ᠂ ᠵᠠᠰᠠᠭ ᠵᠠᠬᠢᠷᠭᠠᠨ ᠤ ᠬᠡᠷᠡᠭ ᠢ ᠰᠢᠶᠳᠪᠦᠷᠢᠯᠡᠨ᠎ᠡ᠃ | ︵ᠠᠷᠪᠠᠨ ᠬᠤᠶᠠᠷ︶ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ | ᠂ ᠳ᠋ᠦᠩᠱᠧᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠭᠤᠷᠪᠠ︶ ᠳ᠋ᠦᠩᠱᠧᠩ ᠲᠣᠭᠤᠷᠢᠭ ᠤᠨ ᠰᠢᠨ᠎ᠡ ᠶᠢ ᠡᠭᠦᠳᠬᠦ ᠲᠤᠭᠳᠠᠯᠴᠠᠭ᠎ᠠ ᠶᠢᠨ ᠪᠠᠶᠢᠭᠤᠯᠤᠯᠲᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠡᠷᠭᠡᠵᠢᠯ ᠤᠨ ᠰᠢᠨ᠎ᠡ ᠶᠢ | ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠡᠷᠳᠡᠮ ᠰᠢᠨᠵᠢᠯᠡᠬᠡᠨ ᠤ ᠰᠤᠳᠤᠯᠤᠯ ᠤᠨ ᠲᠤᠭᠳᠠᠯᠴᠠᠭ᠎ᠠ ᠶᠢᠨ ᠪᠠᠶᠢᠭᠤᠯᠤᠯᠲᠠ ᠶᠢ | ᠰᠢᠯᠢᠳᠡᠭᠵᠢᠭᠦᠯᠦᠨ᠂ ᠡᠷᠳᠡᠮ ᠰᠢᠨᠵᠢᠯᠡᠭᠡᠨ ᠤ ᠰᠤᠳᠤᠯᠤᠯ ᠤᠨ ᠪᠠᠶᠢᠭᠤᠯᠤᠮᠵᠢ ᠪᠣᠯᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠴᠡᠷᠢᠭ ᠠᠷᠠᠳ ᠤᠨ ᠠᠭᠤᠰᠤᠯᠴᠠᠨ ᠬᠥᠭᠵᠢᠬᠦ ᠶᠢ | ᠠᠬᠢᠭᠤᠯᠬᠤ᠂ ᠤᠯᠤᠰ ᠠᠴᠠ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠶᠢᠴᠢᠯᠠᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠢ ᠤᠯᠠᠮᠵᠢᠯᠠᠨ ᠳᠡᠯᠭᠡᠷᠡᠭᠦᠯᠬᠦ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠶᠢ | ᠲᠤᠭᠤᠰᠢᠯᠠᠭᠤᠯᠤᠨ ᠬᠡᠷᠡᠭᠵᠢᠭᠦᠯᠦᠨ᠎ᠡ᠃ | ︵ᠠᠷᠪᠠᠨ ᠳᠥᠷᠪᠡ︶ ᠳ᠋ᠦᠩᠱᠧᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠤᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠶᠢᠨ ᠬᠠᠮᠲᠤ ᠬᠢᠨᠠᠯᠲᠠ ᠳᠡᠯᠪᠢᠨ ᠬᠡᠷᠡᠭᠵᠢᠭᠦᠯᠵᠦ᠂ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠶ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ | ᠨᠢᠭᠡᠳᠦᠯᠲᠡᠶ ᠲᠥᠯᠥᠪᠯᠡᠨ᠂ ᠴᠢᠬᠤᠯᠠ ᠶᠡᠭᠡ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠬᠡᠷᠡᠭᠯᠡᠨ ᠵᠢᠱᠢᠶ᠎ᠡ ᠦᠵᠡᠭᠦᠯᠬᠦ ᠶᠢ ᠲᠦᠷᠦᠭᠦᠯᠡᠨ | ᠵᠣᠬᠢᠶᠠᠨ ᠪᠠᠶᠢᠭᠤᠯᠤᠨ᠎ᠠ᠃ ᠡᠷᠳᠡᠮ ᠰᠢᠨᠵᠢᠯᠡᠭᠡᠨ ᠤ ᠰᠤᠳᠤᠯᠭᠠᠨ ᠤ ᠨᠥᠬᠦᠴᠡᠯ ᠤᠨ ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠴᠠᠩ ᠤᠨ | ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠨᠡᠭᠡᠭᠡᠯᠲᠡ ᠲᠠᠢ ᠪᠠᠶᠢᠯᠭᠠᠵᠤ ᠬᠠᠮᠲᠤ ᠪᠠᠷ ᠡᠳ᠋ᠯᠡᠬᠦ ᠠᠵᠢᠯ ᠢ ᠠᠬᠢᠭᠤᠯᠤᠨ᠎ᠠ᠃ | ︵ᠠᠷᠪᠠᠨ ᠲᠠᠪᠤ︶ ᠳᠡᠭᠡᠳᠤ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠨᠢᠭᠡᠳᠦᠯᠲᠡᠢ ᠳᠤ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠡᠳᠦᠯᠳᠠᠢ | ᠬᠠᠮᠢᠶᠠᠷᠤᠯᠲᠠ ᠶᠢᠨ ᠲᠠᠪᠴᠠᠩ ᠪᠠ ᠡᠷᠳᠡᠮ ᠰᠢᠨᠵᠢᠯᠡᠭᠡᠨ ᠤ ᠰᠤᠳᠤᠯᠤᠯ ᠤᠨ ᠲᠥᠷᠥᠯ ᠵᠦᠢᠯ ᠤᠨ ᠪᠡᠯᠡ ᠮᠥᠩᠭᠦ ᠶᠢ ᠵᠣᠬᠢᠴᠠᠭᠤᠯᠬᠤ᠂ ᠦᠨᠡᠯᠡᠨ ᠵᠢᠱᠢᠬᠦ᠂ ᠬᠢᠨᠠᠨ | ᠬᠠᠮᠢᠶᠠᠷᠬᠤ ᠲᠣᠭᠲᠠᠴᠠ ᠶᠢ ᠪᠠᠶᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ | ᠰᠢᠯᠢᠳᠡᠭᠵᠢᠭᠦᠯᠦᠨ ᠲᠤᠬᠢᠷᠠᠭᠤᠯᠬᠤ ᠲᠤᠬᠠᠢ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠤᠯᠠᠨ ᠡᠰᠢᠵᠢᠭᠰᠡᠨ | ᠣᠷᠣᠭᠤᠯᠤᠯᠲᠠ ᠶᠢᠨ ᠲᠤᠭᠳᠠᠯᠴᠠᠭ᠎ᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠤᠭᠤᠷᠢᠭ ᠤᠨ ᠲᠤᠰ ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠤᠰᠬᠠᠶ ᠵᠦᠢᠯ᠂ ᠰᠠᠭᠤᠷᠢ ᠮᠥᠩᠭᠦ ᠵᠡᠷᠭᠡ ᠶᠢ ᠵᠣᠬᠢᠴᠠᠭᠤᠯᠤᠨ ᠬᠠᠮᠢᠶᠠᠷᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ | ︵ᠠᠷᠪᠠᠨ ᠵᠢᠷᠭᠤᠭ᠎ᠠ︶ ᠳ᠋ᠦᠩᠱᠧᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶ᠎ᠡ ᠴᠠᠷᠠᠨ ᠤ ᠰᠠᠭᠤᠷᠢ ᠰᠤᠳᠤᠯᠤᠯ ᠤᠨ ᠲᠥᠯᠥᠪᠵᠢᠭᠦᠯᠭᠡ | ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠭᠤᠷᠢ ᠰᠤᠳᠤᠯᠤᠯ ᠪᠠ ᠬᠡᠷᠡᠭᠯᠡᠭᠡᠨ ᠤ ᠰᠠᠭᠤᠷᠢ ᠰᠤᠳᠤᠯᠤᠯ ᠢ ᠵᠣᠬᠢᠶᠠᠨ | ᠪᠠᠶᠢᠭᠤᠯᠤᠨ ᠵᠣᠬᠢᠴᠠᠭᠤᠯᠤᠨ᠎ᠠ᠃ | ︵ᠠᠷᠪᠠᠨ ᠳᠣᠯᠤᠭ᠎ᠠ︶ ᠳᠡᠭᠡᠳᠦ ᠰᠢᠨ᠎ᠡ ᠮᠡᠷᠭᠡᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ | ᠮᠠᠯᠵᠢᠬᠤ ᠣᠷᠣᠨ ᠪᠣᠯᠤᠨ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ ᠵᠢᠴᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ | ᠲᠤᠭᠤᠷᠪᠢᠨ ᠲᠣᠭᠲᠠᠭᠠᠨ᠎ᠠ᠃ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠵᠠᠳᠠᠯᠤᠯᠲᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠡᠭᠦᠷᠭᠡ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠠᠷᠪᠠᠨ ᠨᠠᠶᠮᠠ︶ ᠮᠡᠷᠭᠡᠵᠢᠯ ᠢ ᠰᠢᠯᠵᠢᠭᠦᠯᠬᠦ ᠲᠤᠭᠳᠠᠯᠴᠠᠭ᠎ᠠ ᠶᠢᠨ ᠪᠠᠶᠢᠭᠤᠯᠤᠯᠲᠠ ᠶᠢ ᠲᠦᠷᠦᠭᠦᠯᠡᠨ ᠬᠠᠷᠢᠭᠤᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠬᠠᠮᠢᠶᠠᠷᠬᠤ᠂ ᠰᠢᠯᠵᠢᠭᠦᠯᠦᠨ ᠬᠤᠪᠢᠷᠠᠭᠤᠯᠬᠤ ᠪᠠ ᠦᠶᠯᠡᠳᠪᠦᠷᠢᠯᠡᠬᠦ ᠬᠦᠮᠦᠵᠢᠬᠦᠯᠬᠦ ᠰᠤᠳᠤᠯᠬᠤ ᠶᠢ ᠤᠶᠠᠯᠳᠤᠭᠤᠯᠬᠤ ᠶᠢ ᠠᠬᠢᠭᠤᠯᠬᠤ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠤᠭᠳᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ | ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠡᠷᠭᠡᠵᠢᠯ ᠤᠨ ᠵᠠᠬ᠎ᠠ ᠳᠡᠯᠭᠡᠭᠦᠷ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ | ᠬᠥᠭᠵᠢᠯᠲᠡ ᠶᠢ ᠵᠢᠯᠣᠭᠤᠳᠤᠨ᠎ᠠ᠃ | ︵ᠠᠷᠪᠠ ᠶᠢᠰᠦ︶ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠭᠳᠠᠯᠴᠠᠭ᠎ᠠ ᠶᠢᠨ ᠪᠠᠶᠢᠭᠤᠯᠤᠯᠲᠠ ᠶᠢ ᠨᠢᠭᠡᠳᠦᠯᠲᠡᠶ | ᠲᠥᠯᠥᠪᠯᠡᠵᠦ᠂ ᠣᠷᠣᠨ ᠪᠦᠰᠡ ᠶᠢᠨ ᠰᠢᠨ᠎ᠡ ᠶᠢ ᠡᠭᠦᠳᠬᠦ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠵᠦᠶ ᠵᠣᠬᠢᠰᠲᠠᠶ ᠪᠠᠶᠢᠷᠢᠯᠠᠭᠤᠯᠬᠤ | ᠪᠠ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ | ︵ᠬᠤᠷᠢ︶ ᠰᠢᠨᠵᠢᠯᠡᠬᠦ ᠤᠬᠠᠭᠠᠨ ᠮᠡᠷᠭᠡᠵᠢᠯ ᠳᠤ ᠬᠢᠨᠠᠯᠲᠠ ᠲᠠᠯᠪᠢᠨ ᠦᠨᠡᠯᠡᠬᠦ ᠲᠤᠭᠳᠠᠯᠴᠠᠭ᠎ᠠ ᠶᠢᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠢᠶ᠎ᠠ ᠪᠦᠬᠦᠢ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠬᠦ ᠲᠣᠭᠲᠠᠴᠠ ᠶᠢᠨ ᠥᠭᠡᠷᠡᠴᠢᠯᠡᠯᠲᠡ ᠶᠢ | ᠵᠢᠯᠣᠭᠤᠳᠴᠤ᠂ ᠡᠷᠳᠡᠮ ᠰᠢᠨᠵᠢᠯᠡᠬᠡᠨ ᠤ ᠰᠤᠳᠤᠯᠤᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠎ᠡ᠃ ᠰᠢᠨ᠎ᠡ ᠶᠢ ᠡᠭᠦᠳᠬᠦ | ᠪᠠᠶᠢᠴᠠᠭᠠᠯᠲᠠ ᠬᠢᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠦᠯᠦᠯᠲᠡ ᠬᠢᠬᠦ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳ᠋ᠦᠩᠱᠧᠩ ᠲᠣᠭᠤᠷᠢᠭ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠠᠵᠢᠯ ᠢ ᠵᠢᠯᠣᠭᠤᠳᠤᠨ᠎ᠠ᠃ | ︵ᠬᠤᠷᠢᠨ ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠭᠠᠳᠠᠭᠠᠳᠤ ᠲᠠᠢ ᠬᠠᠷᠢᠯᠴᠠᠬᠤ ᠬᠢᠭᠡᠳ ᠰᠢᠨ᠎ᠡ ᠶᠢ ᠡᠭᠦᠳᠬᠦ ᠴᠢᠳᠠᠪᠤᠷᠢ ᠶᠢᠨ ᠨᠡᠭᠡᠭᠡᠯᠲᠡ ᠬᠢᠵᠦ | ᠬᠠᠮᠳᠤᠷᠠᠨ ᠠᠵᠢᠯᠯᠠᠬᠤ ᠲᠥᠯᠥᠪᠵᠢᠭᠦᠯᠪᠡ ᠵᠢᠴᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠲᠤᠷᠠᠯᠴᠠᠭ᠎ᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠤᠯᠢᠯᠴᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ | ᠃ | ︵ᠬᠤᠷᠢᠨ ᠬᠤᠶᠠᠷ︶ ᠳ᠋ᠦᠩᠱᠧᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ | ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠤᠭᠳᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠴᠢᠳᠠᠪᠤᠷᠢᠲᠠᠨ ᠤ ᠡᠩᠨᠡᠭᠡ | ᠶᠢᠨ ᠪᠠᠶᠢᠭᠤᠯᠤᠯᠲᠠ ᠶᠢ ᠠᠬᠢᠭᠤᠯᠤᠨ᠎ᠠ᠃ | ︵ᠬᠤᠷᠢᠨ ᠭᠤᠷᠪᠠ︶ ᠣᠷᠳᠣᠰ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠤᠨ ᠪᠠᠲᠤᠯᠠᠨ ᠲᠠᠨᠢᠯᠴᠠᠭᠤᠯᠬᠤ ᠠᠵᠢᠯ ᠢ ᠬᠠᠷᠢᠭᠤᠴᠠᠨ᠎ᠠ ᠃ | ︵ᠬᠤᠷᠢᠨ ᠳᠥᠷᠪᠡ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ | ᠃ | ︵ᠬᠤᠷᠢᠨ ᠲᠠᠪᠤ︶ ᠴᠢᠳᠠᠪᠬᠢ ᠶᠢᠨ ᠬᠤᠪᠢᠷᠠᠭᠤᠯᠤᠯᠳᠠ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠲᠤᠤᠱᠯᠠᠭᠤᠯᠤᠨ ᠬᠡᠷᠡᠭᠵᠢᠭᠦᠯᠬᠦ ᠶᠢᠨ ᠲᠣᠭᠤᠷᠢᠨ ᠳᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠪᠠ ᠦᠶᠯᠡᠴᠢᠯᠡᠭᠡᠨ ᠤ | ᠴᠢᠳᠠᠪᠬᠢ ᠶᠢ ᠴᠢᠩᠭᠠᠳᠬᠠᠨ ᠰᠢᠯᠢᠳᠡᠭᠵᠢᠬᠦᠯᠦᠨ ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠷᠢᠮ ᠪᠠ ᠵᠣᠬᠢᠶᠠᠨ ᠪᠠᠶᠢᠭᠤᠯᠤᠯᠲᠠ | ᠶᠢᠨ ᠳᠤᠭᠳᠠᠯᠴᠠᠭ᠎ᠠ ᠶᠢ ᠳᠡᠬᠦᠯᠳᠡᠷᠵᠢᠬᠦᠯᠦᠨ᠂ ᠬᠤᠷᠸ᠎ᠠ ᠬᠠᠮᠢᠶᠠᠷᠤᠯᠲᠠ ᠪᠠ ᠨᠢᠭᠡᠳᠦᠯᠲᠡᠶ ᠲᠦᠯᠦᠪᠯᠡᠨ ᠵᠣᠬᠢᠴᠠᠭᠤᠯᠬᠤ ᠶᠢ ᠴᠢᠩᠭᠠᠳᠬᠠᠵᠤ᠂ ᠬᠤᠮᠠᠬᠢ ᠬᠠᠮᠢᠶᠠᠷᠤᠯᠲᠠ | ᠪᠠ ᠪᠣᠳᠠᠲᠠᠶ ᠬᠢᠨᠠᠨ ᠵᠥᠪᠰᠢᠶᠡᠷᠡᠬᠦ ᠵᠦᠶᠯᠡᠰ ᠢ ᠪᠠᠭᠠᠰᠬᠠᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠ | ᠡᠷᠳᠡᠮ ᠰᠢᠨᠵᠢᠯᠡᠭᠡᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠳᠠᠲᠠᠶ ᠡᠷᠳᠡᠮ ᠰᠢᠨᠵᠢᠯᠡᠭᠡᠨ | ᠤ ᠲᠥᠷᠥᠯ ᠵᠦᠶᠯ ᠢ ᠰᠢᠭᠤᠳ ᠬᠠᠮᠢᠶᠠᠷᠬᠤ ᠥᠬᠡᠶ ᠪᠠᠶᠢᠬᠤ ᠶᠢ ᠠᠬᠢᠭᠤᠯᠵᠤ᠂ ᠲᠥᠷᠥᠯ ᠵᠦᠶᠯ ᠤᠨ ᠬᠠᠮᠢᠶᠠᠷᠤᠯᠲᠠ ᠶᠢᠨ ᠲᠤᠰᠬᠠᠶ ᠪᠠᠶᠢᠭᠤᠯᠤᠮᠵᠢ ᠳᠤ ᠨᠠᠶᠢᠳᠠᠵᠤ | ᠲᠥᠷᠥᠯ ᠵᠦᠶᠯ ᠢ ᠭᠥᠯᠢᠶᠡᠨ ᠠᠪᠴᠤ ᠰᠢᠶᠳᠪᠦᠷᠢᠯᠡᠬᠦ᠂ ᠬᠢᠨᠠᠨ ᠲᠣᠭᠲᠠᠭᠠᠬᠤ᠂ ᠲᠥᠷᠥᠯ ᠵᠦᠶᠯ ᠲᠣᠭᠲᠠᠭᠠᠬᠤ᠂ ᠶᠠᠪᠤᠴᠠ ᠶᠢᠨ ᠬᠠᠮᠢᠶᠠᠷᠤᠯᠲᠠ᠂ ᠰᠢᠯᠭᠠᠨ | ᠬᠤᠷᠢᠶᠠᠬᠤ ᠵᠡᠷᠭᠡ ᠪᠣᠳᠠᠲᠠᠶ ᠠᠵᠢᠯ ᠢ ᠥᠷᠨᠢᠭᠦᠯᠦᠨ᠎ᠡ᠃ ᠡᠷᠳᠡᠮ ᠰᠢᠨᠵᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠪᠠ ᠲᠣᠬᠢᠷᠠᠭᠤᠯᠤᠯᠲᠠ ᠬᠢᠬᠦ ᠵᠦᠶᠯᠡᠰ ᠢ | ᠳᠠᠭᠢᠵᠤ ᠬᠢᠨᠠᠨ ᠬᠠᠷᠭᠤᠭᠤᠯᠬᠤ ᠥᠬᠡᠶ ᠪᠠᠶᠢᠵᠤ᠂ ᠲᠥᠯᠥᠪᠵᠢᠭᠦᠯᠭᠡ ᠪᠠᠶᠢᠷᠢᠯᠠᠭᠤᠯᠤᠯᠳᠠ ᠪᠠ ᠠᠵᠢᠯ ᠤᠨ ᠦᠷ᠎ᠡ ᠪᠦᠲᠦᠮᠵᠢ ᠶᠢᠨ ᠦᠨᠡᠯᠡᠯᠲᠡ ᠶᠢ ᠭᠤᠤᠯᠴᠢᠯᠠᠨ | ᠴᠢᠩᠭᠠᠳᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠰᠠᠶᠢᠵᠢᠷᠠᠭᠤᠯᠵᠤ᠂ ᠳ᠋ᠦᠩᠱᠧᠩ ᠲᠣᠭᠤᠷᠢᠭ ᠲᠠᠬᠢ ᠰᠢᠨᠵᠢᠯᠡᠬᠦ | ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠦᠯᠦᠪᠯᠡᠨ᠎ᠡ᠃ | ︵ᠬᠤᠷᠢᠨ ᠵᠢᠷᠭᠤᠭ᠎ᠠ︶ ᠬᠤᠯᠪᠣᠭᠳᠠᠯ ᠪᠦᠬᠦᠢ ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ | 1 . ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠯᠦᠭᠡ ᠬᠤᠯᠪᠤᠭᠳᠠᠬᠤ ᠬᠠᠮᠢᠶ᠎ᠠ ᠪᠦᠬᠦᠢ ᠳᠤᠰᠢᠶᠠᠯ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ᠃ ᠲᠤᠭᠤᠷᠢᠭ ᠤᠨ ᠠᠵᠤ ᠦᠶᠯᠡᠳᠪᠦᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠬᠦ ᠤᠬᠠᠭᠠᠨ ᠤ ᠲᠣᠪᠴᠢᠶ᠎ᠠ ᠠᠵᠤ ᠦᠶᠯᠡᠳᠪᠦᠷᠢ ᠶᠢᠨ ᠬᠦᠷᠢᠶ᠎ᠡ | ᠴᠠᠷᠠᠭ᠎ᠠ ᠶᠢᠨ ᠮᠡᠳᠡᠭᠡ ᠵᠠᠩᠬᠢᠴᠢᠯᠠᠯᠳᠠ ᠶᠢᠨ ᠠᠵᠢᠯ ᠢ ᠬᠠᠷᠢᠭᠤᠴᠠᠵᠤ᠂ ᠠᠵᠤ ᠦᠶᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠬᠥᠭᠵᠢᠯᠲᠡ ᠶᠢ ᠠᠬᠢᠭᠤᠯᠤᠨ᠂ ᠴᠢᠮᠡᠭᠡ | ᠬᠤᠯᠪᠣᠭ᠎ᠠ ᠶᠢᠨ ᠰᠦᠯᠵᠢᠶ᠎ᠡ ᠶᠢᠨ ᠰᠠᠭᠤᠷᠢ ᠳᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠰᠦᠯᠵᠢᠶ᠎ᠡ ᠶᠢᠨ ᠡᠬᠢ ᠪᠠᠶᠠᠯᠢᠭ ᠢ ᠬᠠᠮᠲᠤᠪᠠᠷ ᠪᠠᠶᠢᠭᠤᠯᠵᠤ | ᠬᠠᠮᠲᠤᠪᠠᠷ ᠡᠳ᠋ᠯᠡᠬᠦ ᠶᠢ ᠵᠢᠯᠣᠭᠤᠳᠤᠨ ᠵᠣᠬᠢᠴᠠᠭᠤᠯᠤᠨ᠎ᠠ᠃ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠳ᠋ᠦᠩᠱᠧᠩ ᠲᠣᠭᠤᠷᠢᠭ ᠤᠨ ᠮᠡᠳᠡᠭᠡ | ᠵᠠᠩᠬᠢᠴᠢᠯᠠᠯᠳᠠ ᠶᠢ ᠠᠬᠢᠭᠤᠯᠬᠤ ᠠᠵᠢᠯ ᠢ ᠬᠠᠷᠢᠭᠤᠴᠠᠨ᠎ᠠ᠃ | 2 . ᠲᠤᠭᠤᠷᠢᠭ ᠤᠨ ᠡᠨᠧᠷᠭᠢ ᠶᠢᠨ ᠲᠣᠪᠴᠢᠶ᠎ᠠ ᠯᠤᠭ᠎ᠠ ᠬᠤᠯᠪᠣᠭᠳᠠᠬᠤ ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ ᠲᠤᠭᠤᠷᠢᠭ ᠤᠨ ᠠᠵᠤ | ᠦᠢᠯᠡᠳᠪᠦᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠬᠦ ᠤᠬᠠᠭᠠᠨ ᠮᠡᠷᠬᠡᠵᠢᠯ ᠤᠨ ᠲᠣᠪᠴᠢᠶ᠎ᠠ ᠲᠤᠭᠤᠷᠢᠭ ᠤᠨ ᠡᠨᠧᠷᠬᠢ ᠶᠢᠨ ᠳᠤᠪᠴᠢᠶ᠎ᠠ ᠲᠠᠢ ᠵᠦᠪᠳᠡᠯᠴᠡᠨ | ᠳ᠋ᠦᠩᠱᠧᠩ ᠲᠤᠭᠤᠷᠢᠭ ᠤᠨ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠤᠨ ᠤ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ ᠲᠣᠬᠢᠷᠠᠭᠤᠯᠤᠨ ᠡᠵᠡᠮᠳᠡᠬᠦ | ᠬᠠᠷᠠᠯᠲᠠ ᠶᠢᠨ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠳ᠋ᠦᠩᠱᠧᠩ ᠲᠣᠭᠤᠷᠢᠭ ᠤᠨ ᠴᠠᠬᠢᠯᠭᠠᠨ ᠬᠦᠴᠦᠨ ᠤ | ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠲᠥᠰᠦᠯ ᠢ ᠰᠤᠳᠤᠯᠤᠨ ᠲᠤᠭᠤᠷᠪᠢᠨ ᠲᠣᠭᠲᠠᠭᠠᠵᠤ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠬᠠᠮᠠᠭᠠᠯᠠᠨ᠎ᠠ᠃ | ᠠᠵᠢᠯᠯᠠᠬᠤ ᠭᠠᠵᠠᠷ᠄ ᠸᠠᠨ ᠷᠦᠩ ᠲᠣᠮᠣ ᠠᠰᠠᠷ ᠤᠨ 16 ᠳ᠋ᠤᠭᠠᠷ ᠳᠠᠪᠬᠤᠷᠭ᠎ᠠ | ᠬᠠᠷᠢᠯᠴᠠᠬᠤ ᠬᠡᠯᠪᠡᠷᠢ᠄ 8380881 | ᠠᠵᠢᠯᠯᠠᠬᠤ ᠴᠠᠭ᠄ 8᠄ 30 —12᠄ 00 / 3᠄ 00 — 6᠄ 00 | | |