ᠳ᠋ᠦᠩᠱᠧᠩ ᠲᠤᠭᠤᠷᠢᠭ ᠡᠯᠪᠡᠭ ᠪᠠᠶᠠᠯᠢᠭ ᠰᠤᠶᠤᠯ ᠤᠨ ᠠᠵᠢᠯᠯᠠᠭ᠎ᠠ ᠪᠠᠷ ᠤᠯᠠᠨ ᠲᠦᠮᠡᠨ ᠤ ᠠᠮᠢᠳᠤᠷᠠᠯ ᠢ ᠪᠠᠶᠠᠯᠢᠭᠵᠢᠭᠤᠯᠤᠨ᠎ᠠ
ᠨᠡᠶᠢᠲᠡᠯᠡᠭᠰᠡᠨ ᠴᠠᠭ᠄
2022/9/30
    2022 ᠤᠨ ᠤ 7 ᠰᠠᠷ᠎ᠠ ᠶᠢᠨ ᠲᠤᠮᠳᠠᠴᠢ ᠠᠴᠠ ᠡᠬᠢᠯᠡᠨ᠂ ᠳ᠋ᠦᠩᠱᠧᠩ ᠲᠤᠭᠤᠷᠢᠭ ᠭᠤᠤᠯ ᠰᠡᠳᠤᠪ ᠢᠶᠠᠷ ᠢᠯᠡ ᠲᠤᠳᠤ᠂ ᠠᠭᠤᠯᠤᠭᠳᠠᠬᠤᠨ ᠢᠶᠠᠷ ᠪᠠᠶᠠᠯᠢᠭ᠂ ᠤᠨᠴᠠᠯᠢᠭ ᠲᠠᠢ᠂ ᠬᠢᠯᠡᠰ ᠴᠡᠭ ᠲᠠᠢ ᠤᠯᠠᠨ ᠲᠦᠮᠡᠨ ᠤ ᠰᠤᠶᠤᠯ  ᠤᠨ ᠠᠵᠢᠯᠯᠠᠭ᠎ᠠ ᠶᠢ 100 ᠭᠠᠷᠤᠢ ᠲᠠᠯᠠᠪᠠᠢ ᠦᠷᠨᠢᠬᠦᠯᠵᠠᠢ᠃ ᠠᠭᠤᠳᠠᠮ ᠲᠠᠯᠠᠪᠠᠢ ᠶᠢᠨ ᠪᠦᠵᠢᠭ ᠤᠨ   ᠤᠷᠤᠯᠳᠤᠭᠠᠨ᠂ ᠨᠡᠶᠢᠬᠡᠮ ᠲᠤᠭᠤᠷᠢᠭ ᠤᠨ ᠤᠷᠠᠨ ᠰᠠᠶᠢᠬᠠᠨ ᠤ ᠲᠤᠭᠯᠠᠯᠳᠠ᠂ ᠨᠡᠬᠦᠳᠠᠯ ᠰᠤᠶᠤᠯ ᠤᠨ ᠤᠶᠢᠯᠡᠴᠢᠯᠡᠬᠡᠨ ᠤ ᠠᠷᠠᠳ ᠲᠤ ᠬᠠᠷᠠᠭᠠᠯᠵᠠᠯ ᠦᠵᠡᠬᠦᠯᠬᠦ ᠲᠤᠭᠯᠠᠯᠳᠠ᠂ ᠪᠤᠳᠠᠰ ᠤᠨ ᠪᠤᠰᠤ ᠰᠤᠶᠤᠯ ᠤᠨ ᠦᠪ ᠢ ᠦᠵᠡᠮᠵᠢ ᠶᠢᠨ ᠤᠷᠤᠨ ᠳᠤ ᠤᠷᠤᠭᠤᠯᠬᠤ ᠵᠡᠷᠬᠡ ᠰᠤᠶᠤᠯ ᠤᠨ ᠠᠵᠢᠯᠯᠠᠭ᠎ᠠ ᠶᠢ ᠭᠠᠵᠡᠷ ᠪᠤᠯᠭᠠᠨ ᠳᠤ ᠦᠷᠨᠢᠬᠦᠯᠵᠤ᠂ ᠤᠯᠠᠨ ᠲᠦᠮᠡᠨ ᠤ ᠠᠮᠢᠳᠤᠷᠠᠯ ᠳᠤ ᠰᠤᠶᠤᠯ ᠤᠨ ᠬᠠᠪᠤ ᠴᠡᠩᠬᠡᠯ ᠨᠡᠮᠡᠷᠢᠯᠡᠨ᠎ᠠ᠃      ᠦᠳᠡᠰᠢ ᠶᠢᠨ ᠪᠦᠷᠦᠢ ᠪᠤᠯᠵᠤ᠂ ᠠᠭᠤᠳᠠᠮ ᠲᠠᠯᠠᠪᠠᠢ ᠳᠤ ᠳ᠋ᠧᠩ ᠤᠨ ᠬᠡᠷᠡᠯ ᠲᠤᠸᠠᠯᠠᠨ ᠬᠢᠯᠠᠯᠵᠠᠨ᠎ᠠ᠃ ᠠᠭᠤᠳᠠᠮ ᠲᠠᠯᠠᠪᠠᠢ ᠶᠢᠨ ᠪᠦᠵᠢᠭ ᠤᠨ ᠤᠷᠤᠯᠳᠤᠭᠠᠨ ᠳᠤ ᠲᠤᠭᠯᠠᠭᠴᠢᠳ ᠬᠦᠭᠵᠢᠮ ᠤᠨ ᠢᠷᠡᠭᠤ ᠠᠶᠠᠰ ᠢ ᠲᠠᠭᠠᠵᠤ ᠨᠡᠮᠢᠯᠵᠠᠨ ᠪᠦᠵᠢᠭᠯᠡᠨ᠎ᠠ᠃ ︽ᠴᠡᠷᠢᠭ ᠤᠨ ᠱᠠᠬᠠᠢ ᠤᠶᠤᠶ᠎ᠠ︾᠂ ︽ᠤᠯᠠᠭᠠᠨ ᠤᠩᠭᠤᠴᠠᠨ ᠤ ᠮᠠᠭᠳᠠᠭᠠᠯ︾ ᠵᠡᠷᠬᠡ ᠪᠦᠵᠢᠭ ᠨᠢ ᠬᠦᠮᠦᠰ ᠤᠨ ᠡᠬᠡ ᠤᠯᠤᠰ᠂ ᠨᠠᠮ ᠢᠶᠠᠨ ᠬᠠᠶᠢᠷᠠᠯᠠᠬᠤ ᠰᠡᠳᠬᠢᠯᠬᠡ ᠶᠢ ᠢᠯᠡᠳᠬᠡᠨ᠎ᠠ᠃ ︽ᠤᠶᠤᠨ ᠰᠠᠨᠠᠭ᠎ᠠ ᠰᠤᠶᠤᠯ ᠤᠨ ᠠᠮᠢᠳᠤᠷᠠᠯ ᠡᠳᠦᠷ ᠢᠷᠡᠬᠦᠶ᠎ᠠ ᠪᠠᠶᠠᠯᠢᠭᠵᠢᠬᠤ ᠶᠢ ᠲᠠᠭᠠᠯᠳᠤᠨ ᠪᠢᠳᠠ ᠠᠭᠤᠳᠠᠮ ᠲᠠᠯᠠᠪᠠᠢ ᠳᠤ ᠢᠷᠡᠵᠤ ᠲᠠᠭᠤᠯᠠᠨ ᠪᠦᠵᠢᠭᠯᠡᠵᠤ᠂ ᠦᠪᠡᠷ ᠢ ᠪᠠᠨ ᠰᠤᠶᠤᠯ ᠤᠨ ᠠᠵᠢᠯᠯᠠᠭ᠎ᠠ ᠶᠢᠨ ᠭᠤᠤᠯ ᠲᠤᠭᠯᠠᠭᠴᠢ ᠪᠤᠯᠭᠠᠬᠤ ᠨᠡᠩ ᠲᠤᠷᠠᠳᠠᠢ ᠪᠤᠯᠤᠭᠰᠡᠨ ᠰᠢᠦ︾ ᠬᠡᠵᠤ ᠤᠷᠤᠯᠳᠤᠭᠠᠨ ᠳᠤ ᠤᠷᠤᠯᠴᠠᠭᠴᠢ ᠵᠤᠤ ᠴᠢᠦ ᠮᠸᠢ ᠶᠠᠷᠢᠨ᠎ᠠ᠃       ᠭᠠᠷᠠᠭ ᠤᠨ ᠰᠡᠬᠦᠯᠴᠢ ᠪᠤᠯᠬᠤ ᠪᠦᠷᠢ ᠲᠠᠭᠤᠤ ᠪᠦᠵᠢᠭ᠂ ᠲᠠᠭᠤᠷᠢᠯᠢᠭ᠂ ᠪᠤᠳᠠᠰ ᠤᠨ ᠪᠤᠰᠤ ᠰᠤᠶᠤᠯ ᠤᠨ ᠦᠪ ᠤᠨ ᠲᠤᠭᠯᠠᠯᠳᠠ ᠵᠡᠷᠬᠡ ᠰᠢᠯᠢᠳᠡᠭ ᠰᠤᠶᠤᠯ ᠤᠨ ᠲᠤᠭᠯᠠᠯᠳᠠ ᠶᠢ ᠳ᠋ᠦᠩᠱᠧᠩ ᠲᠤᠭᠤᠷᠢᠭ ᠤᠨ ᠡᠯ᠎ᠡ ᠦᠵᠡᠮᠵᠢ  ᠶᠢᠨ ᠤᠷᠤᠨ ᠳᠤ ᠪᠤᠯᠵᠤᠭ᠎ᠠ ᠶᠤᠰᠤᠭᠠᠷ ᠲᠤᠭᠯᠠᠵᠤ᠂ ᠬᠦᠮᠦᠰ ᠦᠵᠡᠮᠵᠢ ᠶᠢᠨ ᠤᠷᠤᠨ ᠢᠶᠠᠷ ᠲᠤᠭᠤᠷᠢᠬᠤ ᠶᠢᠨ ᠲᠠᠭᠠᠤ ᠰᠤᠶᠤᠯ ᠢ ᠰᠤᠨᠢᠷᠬᠠᠨ᠎ᠠ᠃       ᠬᠠᠨᠳᠠᠢ ᠪᠠᠯᠭᠠᠰᠤᠨ ᠤ ᠵᠤᠤᠬ᠎ᠠ ᠶᠢᠨ ᠬᠤᠭᠤᠯᠠᠢ ᠲᠤᠰᠬᠤᠨ ᠤ ᠠᠭᠤᠳᠠᠮ ᠲᠠᠯᠠᠪᠠᠢ ᠳᠤ᠂ ᠲᠤᠰᠬᠤᠨ ᠤ ᠠᠷᠠᠳ ᠤᠨ ᠦᠪᠡᠷ ᠢᠶᠠᠨ ᠨᠠᠶᠢᠷᠠᠭᠤᠯᠵᠤ᠂ ᠦᠪᠡᠷ ᠢᠶᠠᠨ ᠤᠳᠤᠷᠢᠳᠴᠦ᠂ ᠦᠪᠡᠷ ᠢᠶᠠᠨ ᠲᠤᠭᠯᠠᠭᠰᠠᠨ ᠬᠦᠳᠡᠭᠡ ᠲᠤᠰᠬᠤᠨ ᠤ ᠦᠳᠡᠰᠢᠯᠡᠭᠡ ᠶᠠᠪᠤᠭᠳᠠᠵᠤ᠂ ᠠᠬᠤᠢ ᠲᠠᠯᠠᠪᠠᠢ ᠳᠤ ᠲᠠᠷᠢᠶᠠᠯᠠᠩ ᠤᠨ ᠤᠨᠴᠠ ᠭᠠᠷᠤᠯᠳᠠ ᠶᠢ ᠲᠡᠯᠬᠡᠨ ᠪᠤᠷᠤᠯᠠᠭᠤᠯᠬᠤ᠂ ᠤᠷᠠᠨ ᠰᠠᠶᠢᠬᠠᠨ ᠤ ᠲᠤᠭᠯᠠᠯᠳᠠ ᠭᠠᠷᠭᠠᠬᠤ ᠵᠡᠷᠬᠡ ᠬᠡᠯᠪᠡᠷᠢ ᠪᠠᠷ ᠲᠤᠰᠬᠤᠨ ᠤ ᠠᠷᠠᠳ ᠪᠤᠯᠤᠨ ᠵᠤᠭᠠᠴᠠᠭᠰᠠᠳ ᠲᠤ ᠡᠯᠪᠡᠭ ᠬᠤᠷᠢᠶᠠᠯᠳᠠ ᠶᠢᠨ ᠪᠠᠶᠠᠷ ᠪᠠᠭ᠋ᠠᠳᠤᠯ ᠢ ᠡᠳ᠋ᠯᠡᠬᠦᠯᠦᠨ᠂ ᠬᠦᠳᠡᠭᠡ ᠲᠤᠰᠬᠤᠨ ᠤ ᠰᠤᠶᠤᠯ ᠤᠷᠠᠯᠢᠭ ᠢ ᠤᠯᠠᠮᠵᠢᠯᠠᠵᠤ᠂ ᠬᠦᠳᠡᠭᠡ ᠲᠤᠰᠬᠤᠨ ᠤ ᠵᠤᠯ ᠵᠢᠷᠭᠠᠯᠳᠤ ᠠᠮᠢᠳᠤᠷᠠᠯ ᠢ ᠲᠡᠯᠬᠡᠨ ᠦᠵᠡᠬᠦᠯᠵᠤ ᠪᠠᠶᠢᠯ᠎ᠠ᠃ ︽ᠭᠠᠷᠠᠭ ᠤᠨ ᠰᠡᠬᠦᠯᠴᠢ ᠪᠤᠯᠭᠠᠨ ᠳᠤ ᠠᠳᠠ ᠢᠷᠡᠵᠤ ᠪᠠᠶᠠᠯᠢᠭ ᠰᠠᠶᠢᠬᠠᠨ ᠤᠷᠠᠨ ᠰᠠᠶᠢᠬᠠᠨ ᠤ ᠲᠤᠭᠯᠠᠯᠳᠠ ᠶᠢ ᠰᠤᠨᠢᠷᠬᠠᠳᠠᠭ᠂ ᠴᠦᠮ ᠪᠢᠳᠠᠨ ᠤ ᠦᠵᠡᠬᠦ ᠲᠤᠷᠠᠳᠠᠢ ᠵᠤᠶᠢᠯᠡᠰ ᠶᠤᠮ︾ ᠬᠡᠵᠤ ᠵᠤᠤᠬ᠎ᠠ ᠶᠢᠨ ᠬᠤᠭᠤᠯᠠᠢ ᠲᠤᠰᠬᠤᠨ  ᠤ ᠠᠷᠠᠳ ᠵᠠᠩ ᠹᠧᠩ ᠴᠢᠨ ᠶᠠᠷᠢᠵᠤ ᠪᠠᠶᠢᠯ᠎ᠠ᠃       2022 ᠤᠨ ᠤ 4 ᠰᠠᠷ᠎ᠠ ᠠᠴᠠ ᠨᠠᠭᠠᠰᠢ᠂ ᠳ᠋ᠦᠩᠱᠧᠩ ᠲᠤᠭᠤᠷᠢᠭ ᠤᠨ ᠰᠤᠶᠤᠯ ᠵᠤᠭᠠᠴᠠᠯ ᠤᠨ ᠲᠤᠪᠴᠢᠶ᠎ᠠ ᠠᠴᠠ 18 ᠤᠳᠬ᠎ᠠ ᠤᠷᠠᠯᠢᠭ ᠤᠨ ᠠᠩᠬᠢ ᠶᠢ ᠲᠤᠮᠢᠯᠠᠵᠤ᠂ ᠪᠠᠯᠭᠠᠰᠤ᠂ ᠵᠡᠬᠡᠯᠢ ᠭᠤᠳᠤᠮᠵᠢ᠂ ᠲᠤᠰᠬᠤᠨ᠂ ᠨᠡᠶᠢᠬᠡᠮ ᠲᠤᠭᠤᠷᠢᠭ᠂ ᠠᠵᠤ ᠠᠬᠤᠶᠢᠯᠠᠯ᠂ ᠰᠤᠷᠭᠠᠭᠤᠯᠢ᠂ ᠤᠶᠢᠯᠡᠳᠪᠤᠷᠢ ᠠᠭᠤᠷᠬᠠᠢ ᠵᠡᠷᠬᠡ ᠭᠠᠵᠡᠷ  ᠤᠳ ᠢᠶᠠᠷ ᠬᠦᠨᠵᠡᠬᠡᠶᠢᠷᠡᠨ ᠠᠷᠠᠳ ᠲᠤ ᠬᠠᠷᠠᠭᠠᠯᠵᠠᠯ ᠦᠵᠡᠬᠦᠯᠬᠦ ᠲᠤᠭᠯᠠᠯᠳᠠ ᠭᠠᠷᠭᠠᠪᠠ︔ 5 ᠲᠦᠮᠡ ᠭᠠᠷᠤᠢ ᠤᠯᠠᠨ ᠲᠦᠮᠡᠨ ᠢ ᠲᠠᠶᠢᠴᠢᠯᠠᠵᠤ᠂ 70 ᠭᠠᠷᠤᠢ ᠨᠠᠶᠢᠷᠠᠯ ᠲᠠᠭᠤᠤ ᠶᠢᠨ ᠠᠩᠬᠢ ᠶᠢ ᠵᠤᠬᠢᠶᠠᠨ ᠪᠠᠶᠢᠭᠤᠯᠪᠠ︔ 1000 ᠭᠠᠷᠤᠢ ᠬᠦᠮᠦᠨ 17 ᠡᠩᠨᠡᠭᠡ ᠦᠵᠡᠬᠦᠯᠬᠡ ᠲᠤᠭᠯᠠᠯᠳᠠ ᠶᠢᠨ ᠠᠵᠢᠯᠯᠠᠭ᠎ᠠ ᠳᠤ ᠤᠷᠤᠯᠴᠠᠵᠠᠢ︔ 2300 ᠭᠠᠷᠤᠢ ᠤᠳᠬ᠎ᠠ ᠤᠷᠠᠯᠢᠭ ᠤᠨ ᠠᠭᠤᠳᠠᠮ ᠲᠠᠯᠠᠪᠠᠢ ᠶᠢᠨ ᠪᠦᠵᠢᠭ ᠤᠨ ᠤᠷᠤᠯᠳᠤᠭᠠᠨ ᠳᠤ ᠤᠷᠤᠯᠴᠠᠵᠠᠢ︔ ᠳ᠋ᠦᠩᠱᠧᠩ ᠲᠤᠭᠤᠷᠢᠭ ᠤᠨ ᠠᠷᠪᠡᠨ ᠵᠢᠷᠭᠤᠳᠤᠭᠠᠷ ᠬᠤᠭᠤᠴᠠᠭᠠᠨ ᠤ ᠨᠡᠶᠢᠬᠡᠮ ᠲᠤᠭᠤᠷᠢᠭ ᠤᠨ ᠤᠷᠠᠨ ᠰᠠᠶᠢᠬᠠᠨ ᠤ ᠲᠤᠭᠯᠠᠯᠳᠠ ᠳᠤ 108 ᠡᠩᠨᠡᠭᠡ ᠤᠷᠤᠯᠴᠠᠪᠠ ᠁ ᠡᠳᠡᠬᠡᠷ ᠡᠩᠨᠡᠭᠡ ᠨᠢ ᠬᠤᠳᠠ᠂ ᠨᠡᠶᠢᠬᠡᠮ ᠲᠤᠭᠤᠷᠢᠭ᠂ ᠬᠦᠳᠡᠭᠡ ᠲᠤᠰᠬᠤᠨ᠂ ᠦᠵᠡᠮᠵᠢ ᠶᠢᠨ ᠤᠷᠤᠨ᠂ ᠳ᠋ᠦᠩᠱᠧᠩ ᠲᠤᠭᠤᠷᠢᠭ ᠤᠨ ᠲᠠᠩᠰᠤᠭ ᠰᠠᠶᠢᠬᠠᠨ ᠰᠤᠶᠤᠯ ᠤᠨ ᠠᠵᠢᠯᠯᠠᠭ᠎ᠠ ᠳᠤ ᠢᠳᠡᠪᠬᠢᠳᠠᠢ ᠤᠷᠤᠯᠴᠠᠵᠤ᠂ 30 ᠭᠠᠷᠤᠢ ᠲᠦᠮᠡᠨ ᠬᠦᠮᠦᠨ ᠤᠳᠠᠭ᠎ᠠ ᠳᠤ ᠤᠶᠢᠯᠡᠴᠢᠯᠡᠵᠤ᠂ ᠤᠯᠠᠨ ᠲᠦᠮᠡᠨ ᠰᠤᠶᠤᠯ ᠤᠨ ᠬᠦᠷᠳᠡᠮᠵᠢ ᠶᠢᠨ ᠲᠦᠷᠦᠭᠳᠠᠯ᠂ ᠵᠤᠯ ᠵᠢᠷᠭᠠᠯ ᠤᠨ ᠲᠦᠷᠦᠭᠳᠠᠯ ᠢ ᠶᠡᠭᠡ ᠪᠠᠷ ᠲᠡᠭᠡᠭᠰᠢᠯᠡᠬᠦᠯᠦᠭᠰᠡᠨ ᠪᠠᠶᠢᠨ᠎ᠠ᠃
ᠢᠷᠡᠯᠲᠡ᠄ ᠤᠷᠳᠤᠰ ᠤᠨ ᠡᠳᠤᠷ ᠤᠨ ᠰᠤᠨᠢᠨ