ᠳ᠋ᠦᠩᠱᠧᠩ ᠲᠤᠭᠤᠷᠢᠭ ᠤᠨ ᠴᠢᠳᠠᠪᠤᠷᠢᠳᠠᠨ ᠪᠤᠯᠤᠨ ᠰᠢᠨᠵᠢᠯᠡᠭᠡ ᠮᠡᠷᠭᠡᠵᠢᠯ ᠤᠨ ᠰᠢᠨᠡᠴᠢᠯᠡᠯᠳᠡ ᠶᠢᠨ ᠬᠦᠷᠦᠰᠦᠨ ᠤ ᠰᠢᠨ᠎ᠡ ᠪᠦᠷᠢᠯᠳᠤᠯ
ᠨᠡᠶᠢᠲᠡᠯᠡᠭᠰᠡᠨ ᠴᠠᠭ᠄
2023/1/10
2022 ᠣᠨ ᠳᠤᠳ᠋ᠦᠩᠱᠧᠩ ᠲᠣᠭᠤᠷᠢᠭ ᠤᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 24 ᠪᠣᠯᠪᠠᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠤᠮᠳᠠ ᠪᠠᠭ᠎ᠠ ᠠᠵᠤ ᠠᠬᠤᠶᠢᠯᠠᠯ 71 ᠪᠣᠯᠪᠠ2021 ᠣᠨ ᠤ ᠬᠢ ᠠᠴᠠ 41% ᠪᠠ 82% ᠢᠶᠠᠷ ᠨᠡᠮᠡᠭᠳᠡᠪᠡᠴᠢᠳᠠᠪᠤᠷᠢᠲᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠥᠨᠳᠦᠷᠯᠢᠭ ᠶᠠᠭ ᠪᠦᠷᠢᠯᠳᠦᠵᠦ ᠪᠠᠶᠢᠨ᠎ᠠ     ᠴᠠᠭᠠᠨ ᠰᠠᠷ᠎ᠠ ᠶᠢᠨ ᠡᠬᠢ ᠪᠠᠷ᠂ ᠣᠷᠳᠣᠰ ᠪᠦᠯᠦᠭᠯᠡᠯ ᠤᠨ ᠤᠯᠤᠰ ᠤᠨ ᠢᠮᠠᠭᠠᠨ ᠨᠣᠯᠤᠤᠷ ᠤᠨ ᠪᠦᠲᠦᠭᠡᠭᠳᠡᠬᠦᠨ ᠤ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠤᠨ ᠲᠤᠷᠰᠢᠯᠲᠠ ᠶᠢᠨ ᠲᠠᠰᠤᠭ ᠲᠤ᠂ ᠠᠵᠢᠯᠲᠠᠳ ᠨᠤᠤᠰᠤ ᠨᠤᠤᠯᠤᠷ ᠤᠨ ᠨᠠᠷᠢᠯᠢᠭ ᠪᠦᠳᠦᠭᠡᠭᠳᠡᠬᠦᠨ ᠤ ᠤᠰᠤ ᠶᠢ ᠰᠡᠷᠭᠡᠶᠢᠯᠡᠬᠦ ᠲᠤᠷᠰᠢᠯᠲᠠ ᠬᠢᠵᠦ᠂ ᠰᠦᠷᠴᠢᠨ ᠨᠡᠪᠴᠢᠬᠡᠬᠦ ᠠᠷᠭ᠎ᠠ ᠪᠠᠷ ᠪᠦᠳᠦᠭᠡᠭᠳᠡᠬᠦᠨ ᠤ ᠭᠠᠳᠠᠷᠭᠤ ᠳᠤ ᠵᠣᠬᠢᠬᠤ ᠴᠠᠭ ᠬᠤᠭᠤᠴᠠᠭᠠᠨ ᠤ ᠳᠣᠲᠣᠷ᠎ᠠ ᠤᠰᠤ ᠨᠡᠪᠴᠢᠵᠦ ᠪᠠᠶᠢᠬᠤ ᠡᠰᠡᠬᠦ ᠶᠢ ᠦᠵᠡᠵᠦ᠂ ᠭᠤᠷᠪᠠ ᠶᠢ ᠰᠡᠷᠭᠡᠶᠢᠯᠡᠬᠦ ᠰᠢᠯᠭᠠᠨ ᠪᠠᠶᠢᠴᠠᠭᠠᠬᠤ ᠪᠠᠷᠢᠮᠵᠢᠶ᠎ᠠ ᠳᠤ ᠬᠦᠷᠭᠡᠵᠤ ᠪᠤᠢ᠃ ᠡᠨᠡ ᠨᠢ ᠠᠵᠤ ᠠᠬᠤᠶᠢᠯᠠᠯ ᠤᠨ 2023 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠪᠠᠶᠢᠵᠤ᠂ ᠰᠡᠮᠡᠳᠡᠰᠦ ᠡᠭᠡᠷᠡᠬᠦ᠂ ᠨᠡᠬᠡᠬᠦ᠂ ᠰᠡᠭᠦᠯᠴᠢ ᠶᠢᠨ ᠡᠮᠬᠢᠳᠬᠡᠬᠦ ᠤᠷ᠎ᠠ ᠮᠡᠷᠭᠡᠵᠢᠯ ᠳᠤ ᠳᠠᠰᠤᠷᠠᠯᠳᠠ ᠦᠭᠡᠢ ᠲᠣᠬᠢᠷᠠᠭᠤᠯᠤᠯᠲᠠ ᠬᠢᠬᠦ ᠪᠠᠷ ᠳᠠᠮᠵᠢᠭᠤᠯᠵᠤ᠂ ᠨᠤᠤᠰᠤ ᠨᠤᠤᠯᠤᠷ ᠤᠨ ᠪᠦᠳᠦᠭᠡᠭᠳᠡᠬᠦᠨ ᠤ ᠤᠰᠤ ᠶᠢ ᠰᠡᠷᠭᠡᠶᠢᠯᠡᠬᠦ᠂ ᠲᠣᠰᠣ ᠶᠢ ᠰᠡᠷᠭᠡᠶᠢᠯᠡᠬᠦ᠂ ᠪᠣᠬᠢᠷᠳᠤᠯ ᠢ ᠰᠡᠷᠭᠡᠶᠢᠯᠡᠬᠦ ᠶᠢ ᠪᠡᠶᠡᠯᠡᠭᠦᠯᠵᠡᠢ᠃
采访3.jpg
采访1.jpg
采访4.jpg
     ᠳᠤᠮᠳᠠᠳᠤ ᠤᠯᠤᠰ ᠤᠨ ᠨᠤᠤᠰᠤ ᠨᠣᠯᠤᠤᠷ ᠤᠨ ᠠᠵᠢᠯ ᠲᠥᠷᠥᠯ ᠤᠨ ᠲᠤᠯᠤᠭᠠᠶᠢᠯᠠᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠣᠷᠳᠣᠰ ᠡᠬᠢ ᠪᠠᠶᠠᠯᠢᠭ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠰᠢᠯᠭᠠᠷᠠᠭᠰᠠᠨ ᠮᠡᠷᠭᠡᠵᠢᠯ ᠤᠨ ᠪᠣᠳᠠᠲᠤ ᠬᠦᠴᠦᠨ ᠵᠢᠴᠢ ᠪᠠᠷᠢᠮᠵᠢᠶ᠎ᠠ ᠶᠢ ᠲᠤᠭᠳᠠᠭᠠᠬᠤ ᠵᠠᠰᠠᠪᠤᠷᠢ ᠣᠷᠣᠭᠤᠯᠬᠤ ᠬᠢᠷᠢ ᠲᠦᠪᠰᠢᠨ ᠢᠶᠠᠷ ᠢᠶᠠᠨ ᠣᠯᠠᠨ ᠤᠯᠤᠰ᠂ ᠤᠯᠤᠰ ᠤᠨ ᠳᠤᠳᠤᠷ᠎ᠠ ᠵᠢᠴᠢ ᠪᠦᠯᠬᠦᠮ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠪᠠ ᠨᠡᠶᠢᠲᠡᠯᠡᠵᠦ ᠬᠡᠷᠡᠭᠵᠢᠭᠦᠯᠬᠦ ᠣᠯᠠᠨ ᠵᠦᠢᠯ ᠤᠨ ᠠᠵᠢᠯ ᠢ ᠭᠤᠣᠯᠯᠠᠨ ᠤᠳᠤᠷᠢᠳᠤᠭᠰᠠᠨ ᠪᠠ ᠲᠡᠭᠦᠨ ᠳᠤ ᠣᠷᠣᠯᠴᠠᠵᠤ᠂ ᠳᠤᠮᠳᠠᠳᠤ ᠤᠯᠤᠰ ᠤᠨ ᠨᠣᠯᠤᠥᠷ ᠤᠨ ᠠᠵᠤ ᠦᠢᠯᠡᠰ ᠤᠨ ᠳᠡᠯᠡᠬᠡᠢ ᠳᠡᠭᠡᠷᠡᠬᠢ ᠡᠵᠡᠮᠳᠡᠬᠦ ᠡᠷᠬᠡ ᠶᠢ ᠴᠢᠩᠭᠠᠷᠠᠭᠤᠯᠤᠨ᠂ ᠣᠲᠣ ᠪᠣᠯᠲᠠᠯ᠎ᠠ ᠨᠢᠭᠡᠨᠲᠡ ᠨᠡᠶᠢᠲᠡ 658 ᠵᠦᠢᠯ ᠤᠨ ᠡᠷᠬᠡ ᠣᠯᠭᠤᠭᠰᠠᠨ ᠲᠤᠰᠬᠠᠢ ᠠᠰᠢᠭ ᠤᠨ ᠡᠷᠬᠡ ᠶᠢ ᠣᠯᠣᠭᠰᠠᠨ ᠪᠠᠶᠢᠨ᠎ᠠ᠃ ᠣᠷᠳᠣᠰ ᠤᠨ ᠰᠢᠨᠵᠢᠯᠡᠬᠦ ᠤᠬᠠᠭᠠᠨ ᠮᠡᠷᠭᠡᠵᠢᠯ 30 ᠵᠤᠷᠪᠤᠰ ᠰᠢᠨ᠎ᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠠᠵᠤ ᠠᠬᠤᠶᠢᠯᠠᠯ ᠨᠢᠭᠡᠨᠲᠡ ᠲᠦᠰᠦᠯ  ᠳᠤ ᠲᠤᠭᠳᠠᠭᠠᠭᠰᠠᠨ 6 ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠣᠯᠣᠭᠰᠠᠨ ᠪᠠᠶᠢᠨ᠎ᠠ᠃
采访2.jpg
     ᠣᠶᠢᠷ᠎ᠠ ᠶᠢᠨ ᠵᠢᠯ ᠤᠳ ᠲᠤ ᠳ᠋ᠦᠩᠱᠧᠩ ᠲᠣᠭᠤᠷᠢᠭ ᠳᠡᠭᠡᠳᠦ ᠲᠠᠰ ᠤᠨ ᠰᠢᠨ᠎ᠡ ᠶᠢ ᠡᠭᠦᠳᠬᠦ ᠲᠠᠪᠴᠠᠩ ᠢ ᠱᠠᠯᠠᠪᠳᠠᠨ ᠪᠠᠶᠢᠭᠤᠯᠵᠤ᠂ ᠥᠨᠳᠥᠷ ᠬᠢᠷᠢ ᠲᠦᠪᠰᠢᠨ ᠪᠦᠬᠦᠢ ᠰᠢᠨ᠎ᠡ ᠶᠢ ᠡᠭᠦᠳᠬᠦ ᠡᠬᠢ ᠪᠠᠶᠠᠯᠢᠭ ᠢ ᠲᠦᠷᠭᠡᠳᠬᠡᠨ ᠬᠤᠷᠠᠮᠳᠤᠭᠤᠯᠵᠤ᠂ ᠥᠨᠳᠥᠷ ᠡᠨᠧᠷᠭᠢ ᠶᠢᠨ ᠲᠠᠰ ᠤᠨ ᠰᠢᠨ᠎ᠡ ᠶᠢ ᠡᠭᠦᠳᠬᠦ ᠭᠤᠣᠯ ᠴᠣᠭᠴᠠ ᠶᠢ ᠲᠦᠷᠭᠡᠳᠬᠡᠨ ᠪᠣᠶᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠤᠨ᠂ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠥᠨᠳᠦᠷᠯᠢᠭ ᠢ ᠪᠠᠶᠢᠭᠤᠯᠵᠠᠢ᠃
采访5.jpg
     ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠪᠣᠯ ᠨᠢᠭᠡ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠲᠦᠪᠰᠢᠨ ᠪᠣᠯᠣᠨ ᠭᠤᠣᠯᠯᠠᠬᠤ ᠥᠷᠢᠰᠦᠯᠳᠦᠬᠦ ᠬᠦᠴᠦᠨ ᠤ ᠲᠥᠪᠯᠡᠷᠡᠩᠭᠦᠢ ᠢᠯᠡᠷᠡᠯ ᠮᠥᠨ᠂ ᠣᠷᠳᠣᠰ ᠬᠤᠳᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾  ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠯᠦᠪᠵᠢᠭᠦᠯᠭᠡ ᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠣᠶᠢᠵᠢᠭᠤᠯᠬᠤ ︽ᠬᠤᠶᠠᠷ ᠳᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠢ ᠬᠡᠷᠡᠭᠵᠢᠭᠦᠯᠬᠦ ᠶᠢ ᠳᠤᠳᠤᠷᠬᠠᠶᠢᠯᠠᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠣᠶᠢᠵᠢᠭᠤᠯᠬᠤ ᠬᠥᠮᠥᠷᠭᠡ  ᠶᠢ ᠪᠠᠶᠢᠭᠤᠯᠪᠠ᠃ ᠳ᠋ᠦᠩᠱᠧᠩ ᠲᠣᠭᠤᠷᠢᠭ ᠪᠦᠬᠦ ᠬᠤᠲᠠ ᠶᠢᠨ ᠭᠤᠣᠯ ᠲᠣᠭᠤᠷᠢᠭ ᠪᠣᠯᠤᠭᠰᠠᠨ ᠤ ᠬᠤᠪᠢ ᠳᠤ᠂ ᠰᠢᠨ᠎ᠡ  ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ  ᠶᠢ ᠭᠦᠨᠵᠡᠭᠡᠢ ᠬᠡᠷᠡᠭᠵᠢᠭᠦᠯᠵᠦ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠤᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠦᠭᠵᠢᠭᠡᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠴᠦᠯᠡᠨ᠂ ᠣᠯᠠᠨ ᠲᠠᠯ᠎ᠠ ᠳᠤ ᠰᠢᠪᠲᠤᠯᠤᠯᠲᠠ ᠬᠢᠵᠤ᠂ ᠭᠦᠨᠵᠡᠭᠡᠶᠢᠷᠡᠨ ᠬᠥᠭᠵᠢᠭᠦᠯᠬᠦ ᠶᠢ ᠪᠠᠷᠢᠮᠲᠠᠯᠠᠨ᠂ ᠣᠯᠠᠨ ᠲᠠᠰ ᠳᠠᠪᠬᠤᠷᠭ᠎ᠠ᠂ ᠱᠠᠲᠤ ᠦᠶ᠎ᠡ ᠬᠤᠪᠢᠶᠠᠭᠰᠠᠨ᠂ ᠠᠬᠢᠴᠠ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠪᠣᠶᠢᠵᠢᠭᠤᠯᠬᠤ ᠦᠢᠯᠡᠴᠢᠯᠡᠭᠡᠨ ᠤ ᠲᠤᠭᠳᠠᠯᠴᠠᠭ᠎ᠠ ᠶᠢ ᠪᠠᠶᠢᠭᠤᠯᠵᠤ᠂ ᠰᠢᠨ᠎ᠡ ᠶᠢ ᠡᠭᠦᠳᠬᠦ ᠶᠢ ᠤᠷᠮᠠᠰᠢᠭᠤᠯᠬᠤ ᠪᠠ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠡᠷᠴᠢᠮ ᠢ ᠴᠢᠩᠭᠠᠷᠠᠭᠤᠯᠤᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢᠨ ᠨᠠᠷᠢᠯᠢᠭ ᠣᠨᠣᠴᠠᠲᠠᠢ ᠦᠢᠯᠡᠴᠢᠯᠡᠭᠡ ᠶᠢ ᠴᠢᠩᠭᠠᠳᠬᠠᠪᠠ᠃ 2022 ᠣᠨ ᠳᠤ᠂ ᠳ᠋ᠦᠩᠱᠧᠩ ᠲᠣᠭᠤᠷᠢᠭ ᠤᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠤᠮᠳᠠ ᠵᠢᠵᠢᠭ ᠠᠵᠤ ᠠᠬᠤᠶᠢᠯᠠᠯ ᠲᠡᠦᠬᠡᠲᠦ ᠴᠢᠨᠠᠷᠲᠠᠢ ᠰᠢᠪᠲᠤᠯᠤᠯᠲᠠ ᠲᠠᠢ ᠪᠣᠯᠵᠤ᠂ ᠲᠣᠰ ᠲᠣᠰ 24 ᠪᠠ 71 ᠳᠤ ︵ᠬᠦᠷᠢᠶᠡᠯᠡᠩ ᠲᠣᠭᠤᠷᠢᠭ ᠪᠠᠭᠲᠠᠬᠤ ᠦᠭᠡᠢ︶ ᠬᠦᠷᠴᠦ᠂ 2021 ᠣᠨ ᠤ ᠬᠢ ᠠᠴᠠ 41% ᠪᠠ 82% ᠢᠶᠠᠷ ᠨᠡᠮᠡᠭᠳᠡᠪᠡ᠃ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠥᠷᠢᠰᠦᠯᠳᠦᠨ ᠪᠠᠳᠠᠷᠠᠭᠰᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠳᠤᠮᠳᠠ ᠵᠢᠵᠢᠭ ᠠᠵᠤ ᠠᠬᠤᠶᠢᠯᠠᠯ ᠭᠠᠵᠠᠷ ᠪᠣᠯᠭᠠᠨ ᠳᠤ ᠴᠡᠴᠡᠭᠯᠡᠨ ᠬᠥᠭᠵᠢᠭᠰᠡᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠪᠠ ᠴᠢᠨᠠᠷ ᠴᠢᠨᠰᠠᠭ᠎ᠠ ᠵᠡᠷᠭᠡ ᠪᠠᠷ ᠳᠡᠭᠡᠭᠰᠢᠯᠡᠭᠰᠡᠨ ᠥᠷᠨᠢᠩᠭᠦᠢ ᠬᠥᠭᠵᠢᠯᠲᠡ ᠶᠢᠨ ᠪᠠᠶᠢᠳᠠᠯ ᠢ ᠪᠤᠢ ᠪᠤᠯᠭᠠᠵᠠᠢ᠃
ᠢᠷᠡᠯᠲᠡ᠄ ᠲᠤᠰ ᠰᠦᠯᠵᠢᠶ᠎ᠠ