ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ 2022 ᠣᠨ ᠤ ᠣᠯᠣᠰ ᠠᠷᠠᠳ ᠤᠨ ᠠᠵᠤ ᠠᠬᠤᠢ ᠪᠠ ᠨᠡᠶᠢᠬᠡᠮ ᠤᠨ ᠬᠦᠭᠵᠢᠯᠲᠡ ᠶᠢᠨ ᠲᠤᠬᠠᠢ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠭᠡᠳ 2023  ᠣᠨ ᠤ ᠣᠯᠣᠰ ᠠᠷᠠᠳ ᠤᠨ ᠠᠵᠤ ᠠᠬᠤᠢ ᠪᠠ ᠨᠡᠶᠢᠬᠡᠮ ᠤᠨ ᠬᠦᠭᠵᠢᠯᠲᠡ ᠶᠢᠨ ᠲᠦᠯᠦᠪᠯᠡᠭᠡ ︵ᠲᠦᠰᠦᠪ︶ ᠶᠢᠨ ᠲᠤᠬᠠᠢ ᠢᠯᠡᠳᠭᠡᠯ
ᠨᠡᠶᠢᠲᠡᠯᠡᠭᠰᠡᠨ ᠴᠠᠭ᠄
2023/1/11
                ︱ 2023 ᠣᠨ ᠤ 1 ᠰᠠᠷ᠎ᠠ ᠶᠢᠨ 6 ᠤ ᠡᠳᠦᠷ ᠤᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ                       ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠣᠳᠠᠭᠠᠨ ᠤ ᠬᠤᠷᠠᠯ ᠳᠡᠭᠡᠷ᠎ᠡᠲᠥᠯᠥᠭᠡᠯᠡᠭᠴᠢᠳ ᠠ᠋᠄      ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠮᠠᠨ ᠤ ᠲᠤᠭᠤᠷᠢᠭ ᠤᠨ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠥᠯ︶ ᠶᠢᠨ ᠢᠯᠡᠳᠭᠡᠯ ᠢ ᠶᠡᠭᠡ ᠬᠤᠷᠠᠯ ᠳᠤ ᠳᠡᠪᠰᠢᠬᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠬᠦᠳ ᠪᠠ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ︕       ᠨᠢᠭᠡ᠂ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ       2022 ᠣᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠠᠭᠠᠷᠢᠯᠲᠠ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠠᠶᠤᠯ ᠲᠦᠭᠰᠢᠭᠦᠷᠢ ᠥᠷᠢᠰᠦᠯᠳᠦᠭᠡᠨ ᠢᠯᠡᠳᠲᠡ ᠨᠡᠮᠡᠭᠳᠡᠵᠦ ᠪᠠᠶᠢᠭ᠎ᠠ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠪᠦᠬᠦ ᠲᠤᠭᠤᠷᠢᠭ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠲᠤᠬᠠᠢ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠡᠷᠡᠰ ᠲᠤᠤᠱᠯᠠᠭᠤᠯᠤᠨ᠂ ᠮᠢᠩᠭᠠᠨ ᠳ᠋ᠦᠩᠰᠢᠭᠤᠷ ᠦᠢᠯᠡᠳᠬᠦᠨ ᠤ ᠦᠷᠳᠡᠭ ᠤᠨ ᠬᠤᠰᠢᠭᠤ ᠲᠤᠭᠤᠷᠢᠭ᠂ ᠮᠢᠩᠭᠠᠨ ᠳ᠋ᠦᠩᠰᠢᠭᠤᠷ ᠠᠵᠤ ᠦᠢᠯᠡᠰ ᠤᠨ ᠪᠦᠯᠦᠭᠯᠡᠯ ᠪᠣᠯᠣᠨ ᠵᠠᠭᠤᠨ ᠳ᠋ᠦᠩᠰᠢᠭᠤᠷ ᠡᠳ᠋ ᠤᠨ ᠵᠠᠰᠠᠭ ᠤᠨ ᠣᠷᠣᠯᠭ᠎ᠠ ᠪᠦᠬᠦᠢ ︽ᠬᠤᠶᠠᠷ ᠮᠢᠩᠭ᠎ᠠ ᠨᠢᠭᠡ ᠵᠠᠭᠤ︾ ᠶᠢᠨ ᠠᠵᠢᠯ ᠤᠨ ᠬᠠᠷᠠᠯᠲᠠ ᠵᠦᠭ ᠣᠷᠣᠭᠰᠢᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠨ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠨᠡᠮᠡᠭᠳᠡᠯ ᠤᠨ ᠰᠠᠭᠤᠷᠢ ᠶᠢ ᠴᠢᠨᠠᠭᠰᠢᠳᠠ ᠪᠠᠬᠢᠵᠢᠬᠦᠯᠦᠨ᠂ ᠠᠵᠤ ᠠᠬᠤᠢ ᠶᠢᠨ ᠡᠷᠬᠢᠯᠲᠡ ᠶᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠪᠠᠲᠤᠯᠠᠵᠠᠢ᠃ 2022 ᠣᠨ ᠳᠤ᠂ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 940 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 25% ᠠᠴᠠ ᠳᠡᠭᠡᠭᠰᠢ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠦᠷᠲᠡᠭ 238 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2% ᠢᠶᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 76.66 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 25.8% ᠨᠡᠮᠡᠭᠳᠡᠪᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 59000 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠨᠡᠮᠡᠭᠳᠡᠨ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠲᠤᠭᠲᠠᠭᠤᠨ ᠢᠶᠠᠷ ᠰᠠᠶᠢᠵᠢᠷᠠᠭᠰᠠᠨ ᠬᠠᠨᠳᠣᠰᠢ ᠲᠠᠢ᠃     ︵ᠨᠢᠭᠡ︶ ᠠᠵᠤ ᠠᠬᠤᠢ ᠶᠢ ᠲᠣᠭᠲᠠᠪᠤᠷᠢᠵᠢᠭᠤᠯᠬᠤ ᠪᠠᠷ ᠭᠤᠶᠢᠪᠢᠰᠢ ᠦᠭᠡᠢ ᠲᠡᠮᠡᠴᠡᠪᠡ     ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠣᠷᠳᠣᠰ ᠬᠤᠲᠠ ᠶᠢᠨ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠵᠢᠴᠢ ᠦᠷᠬᠦᠯᠵᠢᠯᠡᠨ ᠬᠡᠷᠡᠭᠵᠢᠬᠦᠯᠦᠭᠰᠡᠨ ᠲᠥᠷᠥ ᠶᠢᠨ ᠪᠣᠳᠣᠯᠭ᠎ᠠ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ᠂ 8 ᠲᠠᠯ᠎ᠠ ᠶᠢᠨ 40 ᠵᠤᠷᠪᠤᠰ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠵᠦ᠂ ᠪᠥᠬᠦ ᠲᠤᠭᠤᠷᠢᠭ ᠤᠨ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠠᠢ᠃     ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠪᠠ᠃ ︽ᠳ᠋ᠦᠩᠱᠧᠩ ᠲᠣᠭᠤᠷᠢᠭ ᠤᠨ ᠥᠷᠲᠡᠭ ᠨᠡᠮᠡᠭᠳᠡᠯ ᠤᠨ ᠭᠠᠶᠢᠯᠢ ᠶᠢᠨ  ᠦᠯᠡᠳᠡᠭᠡᠨ ᠪᠤᠴᠠᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠤᠨ ᠲᠥᠰᠥᠯ︾ ᠢ ᠲᠣᠭᠲᠠᠭᠠᠵᠤ᠂ ᠵᠥᠪᠳᠡᠯᠴᠡᠬᠦ ᠲᠤᠭᠲᠠᠯᠴᠠᠭ᠎ᠠ ᠶᠢ ᠪᠠᠶᠢᠭᠤᠯᠤᠨ᠂ ᠦᠯᠡᠳᠡᠭᠡᠨ ᠪᠤᠴᠠᠭᠠᠬᠤ ᠭᠠᠶᠢᠯᠢ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠨᠡᠶᠢᠲᠡ 14.22 ᠳ᠋ᠦᠩᠰᠢᠭᠤᠷ ᠲᠥᠭᠦᠷᠢᠭ ᠤᠨ ᠭᠠᠶᠢᠯᠢ ᠪᠤᠴᠠᠭᠠᠨ ︵ᠡᠭᠦᠨ ᠳᠤ ᠲᠣᠭᠤᠷᠢᠭ ᠰᠢᠶᠠᠨ ᠤ ᠱᠠᠲᠤᠨ ᠤ ᠪᠤᠴᠠᠭᠠᠭᠰᠠᠨ ᠭᠠᠶᠢᠯᠢ 0.85 ᠳ᠋ᠦᠩᠰᠢᠭᠤᠷ ᠲᠥᠭᠦᠷᠢᠭ︶᠂ 1490 ᠠᠵᠤ ᠠᠬᠤᠶᠢᠯᠠᠯ ᠳᠤ ᠠᠰᠢᠭ ᠬᠦᠷᠲᠡᠭᠡᠪᠡ᠃ᠦᠷᠭᠦᠯᠵᠢᠯᠡᠭᠰᠡᠨ ᠪᠡᠯᠡ ᠲᠣᠬᠢᠷᠠᠭᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠬᠦᠯᠵᠡᠢ᠃ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠳᠤ ᠦᠵᠡᠭᠦᠯᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠳᠡᠮᠵᠢᠯᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠠᠵᠤ ᠠᠬᠤᠶᠢᠯᠠᠯ ᠤᠨ ᠪᠠᠶᠢᠩᠭᠤ ᠶᠢᠨ ᠴᠢᠨᠠᠷᠲᠠᠢ ᠬᠠᠷᠢᠯᠴᠠᠨ ᠨᠡᠪᠲᠡᠷᠡᠯᠴᠡᠬᠦ ᠮᠡᠳᠡᠭᠡ ᠵᠠᠩᠭᠢ ᠶᠢᠨ ᠲᠠᠪᠴᠠᠩ‌ᠢ ᠪᠠᠶᠢᠭᠤᠯᠤᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ᠨᠠᠪᠲᠠᠷᠡᠭᠦᠯᠵᠦ᠂ ᠪᠠᠩᠬᠢ ᠶᠢᠨ ᠦᠢᠯᠡᠰ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠤᠨ 74 ᠠᠵᠤ ᠠᠬᠤᠶᠢᠯᠠᠯ ᠳᠤ 10.68 ᠳ᠋ᠦᠩᠰᠢᠭᠤᠷ ᠲᠥᠭᠦᠷᠢᠭ ᠰᠢᠯᠵᠢᠭᠦᠯᠦᠨ ᠵᠢᠭᠡᠯᠡᠭᠦᠯᠵᠦ᠂ 183 ᠠᠵᠤ ᠠᠬᠤᠶᠢᠯᠠᠯ ᠳᠤ 505.56 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠦᠷᠭᠦᠯᠵᠢᠯᠡᠨ ᠵᠢᠭᠡᠯᠡᠬᠦᠯᠵᠡᠢ᠃ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠳᠬᠤᠪᠠ᠃ 2022 ᠣᠨ ᠳᠤ ᠳ᠋ᠦᠩᠱᠧᠩ ᠲᠣᠭᠤᠷᠢᠭ 500 ᠲᠦᠮᠡᠨ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠦᠷᠦᠯ ᠵᠦᠢᠯ ᠢ 258 ︵ᠰᠢᠨ᠎ᠡ ᠪᠠᠷ 158 ᠲᠥᠷᠥᠯ ᠵᠦᠢᠯ ᠪᠠᠶᠢᠭᠤᠯᠵᠤ᠂ 100 ᠲᠥᠷᠥᠯ ᠵᠦᠢᠯ ᠢ ᠦᠷᠭᠦᠯᠵᠢᠯᠡᠨ ᠪᠠᠶᠢᠭᠤᠯᠪᠠ︶ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 779.27 ᠳ᠋ᠦᠩᠰᠢᠭᠤᠷ ᠲᠥᠭᠦᠷᠢᠭ ᠬᠦᠷᠦᠨ᠂ ᠣᠨ ᠤ ᠲᠥᠯᠥᠪᠯᠡᠭᠡ ᠪᠠᠷ 178.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠬᠢᠵᠦ᠂ 185 ᠲᠥᠷᠥᠯ ᠵᠦᠢᠯ ᠢ ᠠᠵᠢᠯ ᠰᠡᠷᠬᠦᠭᠡᠨ᠂ 117.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 2021 ᠣᠨ ᠤ ᠬᠢ ᠠᠴᠠ 16.4% ᠪᠠᠷ ᠨᠡᠮᠡᠭᠳᠡᠪᠡ᠃ ᠡᠭᠦᠨ ᠳᠤ ᠬᠤᠲᠠ ᠶᠢᠨ ᠱᠠᠲᠤᠨ ᠠᠴᠠ ᠲᠤᠬᠢᠷᠠᠭᠤᠯᠤᠭᠰᠠᠨ ᠴᠢᠬᠤᠯᠠ ᠶᠡᠭᠡ ᠲᠥᠷᠥᠯ ᠵᠦᠢᠯ 60 ︵ᠰᠢᠨ᠎ᠡ ᠪᠠᠷ 15 ᠲᠥᠷᠥᠯ ᠵᠦᠢᠯ ᠢ ᠪᠠᠶᠢᠭᠤᠯᠤᠨ᠂ ᠦᠷᠭᠦᠯᠵᠢᠯᠡᠨ 45 ᠲᠥᠷᠥᠯ ᠵᠦᠢᠯ ᠢ ᠬᠡᠷᠡᠭᠵᠢᠬᠦᠯᠪᠡ︶ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 331.98 ᠳ᠋ᠦᠩᠰᠢᠭᠤᠷ ᠲᠥᠭᠦᠷᠢᠭ ᠲᠤ ᠬᠦᠷᠦᠨ᠂ ᠵᠢᠯ ᠳᠤ 105.35 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠪᠦᠬᠦᠨ ᠢᠶᠠᠷ ᠢᠶᠠᠨ ᠠᠵᠢᠯ‌‍ᠢᠶ᠋ᠠᠨ ᠡᠬᠢᠯᠡᠬᠦᠯᠦᠨ᠂ 105.35 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ 100% ᠳᠤ ᠬᠥᠷᠪᠡ᠃     ᠪᠣᠷᠤᠯᠠᠭᠤᠯᠭ᠎ᠠ ᠶᠢ ᠠᠬᠢᠭᠤᠯᠤᠨ ᠳᠣᠲᠣᠭᠠᠳᠤ ᠬᠡᠷᠡᠭᠴᠡᠭᠡ ᠶᠢ ᠪᠦᠲᠦᠮᠵᠢᠲᠡᠶ ᠪᠠᠷ ᠦᠷᠭᠡᠳᠬᠡᠪᠡ᠃ ︽ᠬᠡᠷᠡᠭᠯᠡᠭᠡᠨ ᠤ ᠲᠡᠮᠳᠡᠭᠲᠦ︾ ᠪᠠᠷ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠦᠷᠨᠢᠬᠦᠯᠦᠨ᠂ 71976 ᠬᠡᠷᠡᠭᠯᠡᠭᠡᠨ ᠤ ᠲᠡᠮᠳᠡᠭᠲᠦ ᠶᠢ ᠬᠢᠨᠠᠨ ᠳᠠᠩᠰᠠᠨ ᠠᠴᠠ ᠭᠠᠷᠭᠠᠵᠤ᠂ 380.81 ᠲᠦᠮᠡᠨ ᠲᠥᠭᠦᠷᠢᠭ ᠤᠨ ᠨᠥᠬᠦᠪᠦᠷᠢ ᠦᠭᠬᠦᠨ᠂ 2592.3 ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ︽ᠣᠷᠳᠣᠰ ᠤᠨ ᠡᠬᠦᠯᠡᠨ ᠵᠢᠭᠤᠯᠴᠢᠯᠠᠯ ᠤᠨ ᠪᠦᠷᠢᠨ ᠴᠢᠳᠠᠮᠵᠢᠲᠦ ᠺᠠᠷᠲ︾ ᠢ ᠢᠳᠡᠪᠬᠢᠲᠡᠢ ᠪᠠᠷ ᠳᠡᠯᠭᠡᠷᠡᠭᠦᠯᠵᠦ᠂ ᠳ᠋ᠦᠩᠱᠧᠩ ᠲᠣᠭᠤᠷᠢᠭ ᠤᠨ ᠬᠠᠷᠢᠶᠠᠨ ᠳᠠᠬᠢ ᠣᠷᠳᠣᠰ ᠤᠨ ᠬᠡᠭᠡᠷ᠎ᠡ ᠶᠢᠨ ᠠᠮᠢᠲᠠᠨ ᠤ ᠬᠦᠷᠢᠶᠡᠯᠡᠩ᠂ ᠵᠢᠦ ᠴᠧᠩ ᠬᠥᠩ ᠲᠠᠯ᠎ᠠ ᠨᠤᠲᠤᠭ ᠤᠨ ᠮᠠᠩᠬᠠᠨ ᠠᠶᠠᠯᠭᠤ ᠶᠢᠨ ᠰᠣᠶᠣᠯ ᠵᠢᠭᠤᠯᠴᠢᠯᠠᠯ ᠤᠨ ᠣᠷᠣᠨ ᠵᠡᠷᠭᠡ A ᠲᠠᠰ ᠤᠨ ᠦᠵᠡᠮᠵᠢ ᠶᠢᠨ ᠣᠷᠣᠨ ᠢ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ︽ᠪᠦᠷᠢᠨ ᠴᠢᠳᠠᠮᠵᠢᠲᠦ ᠺᠠᠷᠲ︾ ᠤᠨ ᠨᠥᠬᠦᠪᠦᠷᠢ ᠶᠢᠨ ᠬᠡᠪᠴᠢᠶᠡᠨ ᠳᠤ ᠣᠷᠣᠭᠤᠯᠵᠤ᠂ ᠰᠣᠶᠣᠯ  ᠵᠢᠭᠤᠯᠴᠢᠯᠠᠯ ᠤᠨ ᠬᠡᠷᠡᠭᠯᠡᠭᠡᠨ ᠤ ᠲᠣᠭᠲᠠᠭᠤᠨ ᠨᠡᠮᠡᠭᠳᠡᠯ ᠢ ᠳᠠᠶᠢᠴᠢᠯᠠᠵᠠᠢ᠃ᠲᠠᠷᠢᠶᠠᠯᠠᠩ ᠮᠠᠯ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠠᠲᠤᠯᠠᠪᠠ᠃ ᠲᠠᠷᠢᠶᠠᠴᠢᠳ ᠲᠤ ᠠᠮᠤ ᠪᠤᠳᠠᠭ᠎ᠠ ᠳᠠᠷᠢᠬᠤ ᠨᠥᠬᠦᠪᠦᠷᠢ 111.53 ᠲᠦᠮᠡᠨ ᠲᠥᠭᠦᠷᠢᠭ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠨᠥᠬᠦᠪᠦᠷᠢ 594.9 ᠲᠦᠮᠡᠨ ᠲᠥᠭᠦᠷᠢᠭ᠂ ᠲᠠᠷᠢᠶᠠᠯᠠᠩ ᠤᠨ ᠮᠠᠰᠢᠨ ᠮᠧᠬᠠᠨᠢᠭ ᠤᠨ ᠨᠥᠬᠦᠪᠦᠷᠢ 71 ᠲᠦᠮᠡᠨ ᠲᠥᠭᠦᠷᠢᠭ ᠢ ᠨᠢᠭᠡ ᠯᠠ ᠣᠳᠠᠭ᠎ᠠ ᠳᠤ ᠲᠠᠷᠬᠠᠭᠠᠨ ᠦᠭᠴᠡᠢ᠃ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠦᠴᠢᠷᠳᠡᠯ ᠢᠶᠠᠨ ᠰᠢᠢᠳᠪᠦᠷᠢᠯᠡᠬᠦ ᠶᠢ ᠳᠡᠮᠵᠢᠵᠦ᠂ ᠵᠠᠰᠠᠭ ᠤᠨ ᠣᠷᠳᠣᠨ ᠤ ᠴᠢᠨᠠᠷᠲᠠᠢ ᠪᠡᠯᠡ ᠮᠥᠩᠭᠦ ᠶᠢᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠬᠤᠲᠠ ᠳᠤ ᠱᠧᠩ ᠹᠧᠩ ᠡᠭᠦᠯᠳᠡᠷ ᠤᠨ ᠦᠢᠯᠡᠰ ᠤᠨ ᠲᠡᠵᠢᠭᠡᠯ ᠡᠪᠡᠰᠦᠨ ᠤ ᠦᠷ᠎ᠡ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠫᠠᠨ ᠯᠠᠨ ᠳ᠋ᠢ ᠪᠤᠬᠢᠷᠳᠣᠯ ᠦᠬᠡᠢ ᠢᠮᠠᠭᠠᠨ ᠨᠣᠯᠤᠥᠷ ᠤᠨ ᠣᠶᠤᠨᠴᠢ ᠦᠢᠯᠡᠳᠪᠦᠷᠢ ᠵᠢᠴᠢ ᠰᠤᠳᠤᠯᠤᠨ ᠪᠣᠷᠣᠯᠠᠭᠤᠯᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠮᠦᠩᠬᠦᠨ ᠭᠦᠢᠯᠭᠡᠭᠡ ᠪᠠᠷ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠡᠳᠬᠦᠬᠦ  5 ᠲᠥᠷᠥᠯ ᠵᠦᠢᠯ ᠢ ᠭᠤᠶᠤᠴᠢᠯᠠᠨ ᠮᠡᠳᠡᠬᠦᠯᠵᠡᠢ᠃     ᠨᠡᠭᠦᠷᠡᠰᠦᠨ ᠤ ᠭᠠᠷᠤᠯᠲᠠ ᠶᠢ ᠨᠡᠮᠡᠭᠳᠡᠭᠦᠯᠵᠦ ᠬᠠᠩᠭᠠᠯᠭ᠎ᠠ ᠶᠢ ᠪᠠᠲᠤᠯᠠᠬᠤ ᠶᠢ ᠨᠠᠶᠢᠳᠠᠪᠤᠷᠢᠵᠢᠭᠤᠯᠪᠠ᠃ ᠳ᠋ᠦᠩᠱᠧᠩ ᠲᠣᠭᠤᠷᠢᠭ ᠲᠤ ᠨᠡᠶᠢᠲᠡ 25 ᠤᠯᠤᠰ ᠤᠨ  ᠭᠤᠤᠯᠳᠠᠯᠭᠠᠲᠤ ᠡᠨᠧᠷᠬᠢ ᠶᠢᠨ ᠬᠠᠩᠭᠠᠯᠲᠠ ᠶᠢ ᠪᠠᠲᠤᠯᠠᠬᠤ ᠨᠡᠭᠦᠷᠡᠰᠦᠨ ᠠᠭᠤᠷᠬᠠᠢ ᠲᠠᠢ ᠪᠠᠶᠢᠵᠤ᠂ ᠵᠢᠯ ᠳᠤ 3910 ᠲᠦᠮᠡᠨ ᠲᠣᠨ ᠨᠡᠬᠦᠷᠡᠰᠦᠨ ᠤ ᠡᠨᠧᠷᠬᠢ ᠶᠢᠨ ᠬᠠᠩᠭᠠᠯᠲᠠ ᠶᠢ  ᠪᠠᠲᠤᠯᠠᠬᠤ ᠪᠠᠷ ᠲᠥᠯᠥᠪᠯᠡᠵᠦ ᠪᠣᠶ᠂ ᠡᠭᠦᠨ ᠳᠤ 18 ᠨᠡᠭᠦᠷᠡᠰᠦᠨ ᠠᠭᠤᠷᠬᠠᠢ ᠨᠢ ᠨᠢᠭᠡᠨᠲᠡ ᠵᠢᠯ ᠳᠤ 2870 ᠲᠦᠮᠡᠨ ᠲᠣᠨ ᠨᠡᠬᠦᠷᠡᠰᠦᠨ ᠤ ᠭᠠᠷᠤᠯᠲᠠ ᠶᠢ ᠪᠠᠲᠤᠯᠠᠬᠤ ᠪᠠᠷ ᠵᠥᠪᠰᠢᠶᠡᠷᠡᠭᠳᠡᠵᠦ᠂ 7 ᠨᠡᠭᠦᠷᠡᠰᠦᠨ ᠠᠭᠤᠷᠬᠠᠢ ᠨᠢ ᠵᠢᠯ ᠳᠤ 1040 ᠲᠦᠮᠡᠨ ᠲᠤᠨ ᠨᠡᠬᠦᠷᠡᠰᠦᠨ ᠤ ᠭᠠᠷᠤᠯᠲᠠ ᠶᠢ ᠬᠠᠩᠭᠠᠬᠤ ᠪᠠᠷ ᠪᠠᠶᠢᠨ᠎ᠠ᠃ 2 ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠨᠢᠭᠡᠨᠲᠡ ᠵᠠᠷᠯᠠᠨ ᠨᠡᠶᠢᠲᠡᠯᠡᠪᠡ᠃ ᠲᠦᠭᠦᠬᠡᠢ ᠨᠡᠭᠦᠷᠡᠰᠦ ᠶᠢ 10353.7 ᠲᠦᠮᠡᠨ ᠲᠣᠨ ᠪᠣᠷᠣᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 24.2% ᠢᠶᠠᠷ ᠨᠡᠮᠡᠭᠳᠡᠪᠡ᠃     ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠤᠭᠲᠠᠭᠤᠨ ᠢ ᠪᠠᠲᠤᠯᠠᠭᠰᠠᠨ ᠪᠠᠶᠢᠨ᠎ᠠ᠃ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠴᠠᠭ ᠲᠤᠬᠠᠢ ᠳᠤᠨᠢ ᠰᠦᠢᠳᠬᠡᠯ ᠲᠤᠰᠢᠶᠠᠵᠤ ᠳᠡᠶᠢᠯᠦᠭᠰᠡᠨ ᠦᠭᠡᠢ ᠠᠵᠤ ᠠᠬᠤᠶᠢᠯᠠᠯ ᠤᠨ ᠤᠰᠤ᠂ ᠴᠠᠬᠢᠯᠭᠠᠨ᠂ ᠬᠡᠢ ᠬᠡᠷᠡᠭᠯᠡᠬᠦ ᠳᠤ ︽ᠰᠦᠢᠳᠬᠡᠯ ᠦᠷᠢᠳᠦᠭᠰᠡᠨ ᠴᠤ ᠬᠠᠩᠭᠠᠯᠲᠠ ᠶᠢ ᠲᠠᠰᠣᠯᠬᠤ ᠦᠭᠡᠢ︾ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠤᠯᠤᠰ ᠤᠨ ᠥᠮᠴᠢᠯᠡᠯ ᠤᠨ ᠭᠡᠷ ᠪᠠᠶᠢᠰᠢᠩ ᠢ ᠲᠦᠷᠢᠶᠡᠰᠦᠯᠡᠭᠰᠡᠨ ᠦᠢᠯᠡᠴᠢᠯᠡᠭᠡᠨ ᠤ ᠦᠢᠯᠡᠰ ᠤᠨ ᠵᠢᠵᠢᠭ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ 2022 ᠣᠨ ᠤ ᠭᠡᠰᠡᠭ ᠲᠦᠷᠢᠶᠡᠰᠦᠨ ᠮᠥᠩᠭᠦ ᠶᠢ ᠬᠡᠯᠲᠦᠷᠢᠭᠦᠯᠵᠦ᠂ ᠨᠦᠬᠦᠴᠡᠯ ᠳᠤ ᠨᠡᠶᠢᠴᠡᠭᠰᠡᠨ 272 ᠡᠷᠦᠬᠡ ᠶᠢᠨ ᠭᠡᠷ ᠤᠨ ᠲᠦᠷᠢᠶᠡᠰᠦ ᠶᠢ 535.31 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃     ᠦᠨᠳᠦᠰᠦᠨ ᠠᠷᠠᠳ ᠤᠨ ᠠᠮᠢᠳᠤᠷᠠᠯ ᠢ ᠪᠥᠬᠦ ᠬᠦᠴᠦᠨ ᠢᠶᠠᠷ ᠪᠠᠲᠤᠯᠠᠵᠠᠢ᠃ 9 ᠲᠣᠮᠣ ᠬᠡᠯᠪᠡᠷᠢ ᠶᠢᠨ ᠬᠤᠳᠠᠯᠳᠤᠭᠠᠨ ᠤ ᠭᠡᠳᠤ ᠳᠡᠯᠭᠡᠭᠦᠷ ᠲᠠᠢ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠠᠩᠭᠠᠯᠭ᠎ᠠ ᠶᠢ ᠪᠠᠲᠤᠯᠠᠬᠤ ᠬᠡᠯᠡᠯᠴᠡᠭᠡᠷ ᠲᠣᠭᠲᠠᠭᠠᠵᠤ᠂ ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠥᠮᠥᠷᠭᠡ ᠶᠢᠨ ᠬᠠᠳᠠᠭᠠᠯᠠᠮᠵᠢ ᠶᠢᠨ ᠬᠡᠮᠵᠢᠶ᠎ᠡ᠂ ᠣᠷᠣᠭᠤᠯᠵᠤ ᠪᠣᠷᠣᠯᠠᠭᠤᠯᠬᠤ ᠬᠡᠮᠵᠢᠶ᠎ᠡ ᠶᠢ ᠪᠦᠬᠦ ᠲᠠᠯ᠎ᠠ ᠪᠠᠷ ᠮᠥᠷᠳᠡᠨ ᠬᠢᠨᠠᠨ ᠬᠡᠮᠵᠢᠵᠦ᠂ ᠬᠠᠩᠭᠠᠯᠭ᠎ᠠ ᠶᠢᠨ ᠭᠦᠢᠴᠡᠳ ᠪᠠᠶᠢᠬᠤ᠂ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃ ᠴᠢᠨᠠᠷ ᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠰᠠᠨᠠᠭᠤᠯᠤᠨ ᠰᠡᠷᠡᠮᠵᠢᠯᠡᠭᠦᠯᠬᠦ ᠪᠢᠴᠢᠭ ᠢ ᠴᠠᠭ ᠲᠤᠬᠠᠢ ᠳᠤᠨᠢ ᠨᠡᠶᠢᠲᠡᠯᠡᠵᠦ᠂ ᠵᠠᠬ᠎ᠠ ᠳᠡᠯᠭᠡᠭᠦᠷ ᠤᠨ ᠡᠵᠡᠩᠨᠡᠭᠴᠢᠳ ᠤᠨ ᠦᠨ᠎ᠡ ᠬᠠᠩᠰᠢ ᠶᠢᠨ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠂ ᠦᠨ᠎ᠡ ᠬᠠᠩᠰᠢ ᠶᠢ ᠶᠡᠭᠡ ᠪᠠᠷ ᠥᠰᠬᠡᠬᠦ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠳᠢᠭᠯᠢᠮ ᠢ ᠰᠠᠮᠠᠭᠤᠷᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠥᠬᠦ ᠲᠠᠯ᠎ᠠ ᠪᠠᠷ ᠪᠠᠲᠤᠯᠠᠭᠰᠠᠨ ᠪᠠᠶᠢᠨ᠎ᠠ᠃     ︵ᠬᠤᠶᠠᠷ︶ ᠠᠵᠤ ᠦᠢᠯᠡᠰ ᠤᠨ ᠬᠥᠭᠵᠢᠯᠲᠡ ᠶᠢ ᠰᠢᠯᠢᠳᠡᠭᠵᠢᠭᠦᠯᠦᠨ ᠲᠠᠰ ᠳᠡᠪᠰᠢᠬᠦᠯᠪᠡ     ᠤᠯᠠᠮᠵᠢᠯᠠᠯᠲᠤ ᠠᠵᠤ ᠦᠢᠯᠡᠰ ᠤᠨ ᠬᠦᠭᠵᠢᠯᠲᠡ ᠶᠢᠨ ᠬᠤᠷᠳᠤᠴᠠ ᠶᠢ ᠲᠦᠷᠭᠡᠳᠭᠡᠵᠡᠢ᠃ ᠨᠡᠭᠦᠷᠡᠰᠦ᠂ ᠨᠡᠭᠦᠷᠡᠰᠦ ᠴᠠᠬᠢᠯᠭᠠᠨ ᠵᠡᠷᠭᠡ ᠠᠵᠤ ᠦᠢᠯᠡᠰ ᠤᠨ ᠪᠣᠬᠢᠷᠳᠤᠯ ᠦᠭᠡᠢ᠂ ᠨᠡᠭᠦᠷᠡᠰᠦᠲᠥ᠋ᠷᠥᠭᠴᠢ ᠶᠢᠨ ᠢᠯᠭᠠᠷᠠᠯ ᠪᠠᠭ᠎ᠠ ᠣᠶᠣᠨᠴᠢᠯᠠᠭᠰᠠᠨ ᠠᠬᠢᠴᠠ ᠶᠢ ᠲᠦᠷᠭᠡᠳᠬᠡᠨ ᠠᠬᠢᠭᠤᠯᠵᠤ᠂ ᠡᠨᠧᠷᠭᠢ ᠶᠢᠨ ᠠᠵᠤ ᠦᠢᠯᠡᠰ ᠤᠨ    ︽ᠰᠠᠭᠤᠷᠢ ᠴᠢᠯᠠᠭᠤ︾ ᠪᠠ ︽ᠲᠣᠭᠲᠠᠪᠤᠷᠢᠵᠢᠭᠤᠯᠤᠭᠴᠢ︾ ᠶᠢᠨ ᠦᠢᠯᠡᠳᠦᠯ ᠢ ᠪᠠᠳᠠᠷᠠᠭᠤᠯᠤᠨ᠂ ᠨᠡᠭᠦᠷᠡᠰᠦᠨ ᠠᠭᠤᠷᠬᠠᠢ ᠶᠢᠨ ᠣᠶᠣᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ 13 ᠨᠡᠭᠦᠷᠡᠰᠦᠨ ᠠᠭᠤᠷᠬᠠᠢ ᠶᠢᠨ ︽5G︾ ᠶᠢᠨ ᠣᠶᠣᠨᠴᠢᠯᠠᠭᠰᠠᠨ ᠥᠭᠡᠷᠡᠴᠢᠯᠡᠯᠲᠡ ᠶᠢ ᠪᠡᠶᠡᠯᠡᠭᠦᠯᠵᠦ᠂ ᠨᠡᠶᠢᠲᠡ 10353.7 ᠲᠦᠮᠡᠨ ᠲᠣᠨ ᠨᠡᠭᠦᠷᠡᠰᠦ ᠦᠢᠯᠡᠳᠪᠦᠷᠢᠯᠡᠨ ᠪᠣᠷᠣᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 24.2% ᠢᠶᠠᠷ ᠨᠡᠮᠡᠭᠳᠡᠪᠡ᠃ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠵᠤ᠂ ᠨᠡᠭᠦᠷᠡᠰᠦᠨ ᠤ ᠭᠠᠷᠤᠯᠲᠠ ᠶᠢᠨ ᠬᠡᠮᠵᠢᠶ᠎ᠡ ᠶᠢ ᠡᠳᠦᠷ ᠲᠤ 35 ᠲᠦᠮᠡᠨ ᠲᠣᠨ ᠳᠤ ᠬᠦᠷᠭᠡᠬᠦ ᠬᠠᠷᠠᠯᠲᠠ ᠶᠢ ᠨᠠᠶᠢᠳᠠᠪᠤᠷᠢᠵᠢᠭᠤᠯᠪᠠ᠃ ᠮᠧᠩ ᠲᠠᠢ ᠶᠢᠨ ᠳ᠋ᠦᠩᠱᠧᠩ ᠳᠠᠬᠢ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ 2×66 ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠤ ᠬᠤᠯᠪᠤᠭᠠᠯᠠᠨ ᠦᠢᠯᠡᠳᠪᠦᠷᠢᠯᠡᠬᠦ ᠲᠦᠷᠦᠯ ᠵᠦᠢᠯ ᠤᠨ ᠦᠢᠯᠡᠳᠪᠦᠷᠢᠯᠡᠯ ᠪᠠ ᠦᠷ᠎ᠡ ᠪᠦᠲᠦᠮᠵᠢ ᠨᠢ ᠬᠠᠷᠠᠯᠲᠠ ᠶᠢᠨ ᠬᠡᠮᠵᠢᠶᠡᠨ ᠳᠤ ᠬᠦᠷᠴᠦ᠂ ᠴᠠᠬᠢᠯᠭᠠᠨ ᠬᠦᠴᠦᠨ ᠤ ᠮᠠᠰᠢᠨ ᠣᠭᠰᠠᠷᠠᠯᠲᠠ 310 ᠲᠦᠮᠡᠨ ᠺᠢᠯᠣᠸᠠᠲ ᠢ ᠳᠠᠪᠠᠵᠠᠢ᠃ ᠨᠣᠯᠤᠤᠷ ᠨᠡᠬᠡᠮᠡᠯ ᠤᠨ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠮᠳᠠ ᠳᠣᠣᠷᠠᠳᠤ ᠤᠷᠤᠰᠬᠠᠯ ᠪᠣᠯᠣᠨ ᠲᠣᠮᠣ ᠳᠤᠮᠳᠠ ᠪᠠᠭ᠎ᠠ ᠠᠵᠤ ᠠᠬᠤᠶᠢᠯᠠᠯ ᠤᠨ ᠠᠭᠤᠰᠤᠯᠴᠠᠨ ᠬᠥᠭᠵᠢᠬᠦ ᠶᠢ ᠬᠠᠮᠵᠢᠯᠴᠠᠨ ᠠᠬᠢᠭᠤᠯᠵᠤ᠂ ᠨᠣᠯᠤᠤᠷ ᠨᠡᠬᠡᠮᠡᠯ ᠤᠨ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠣᠯᠤᠤᠷ ᠨᠡᠬᠡᠮᠡᠯ ᠤᠨ ᠠᠵᠤ ᠠᠬᠤᠶᠢᠯᠠᠯ ᠤᠨ ᠣᠶᠤᠨᠴᠢᠯᠠᠭᠰᠠᠨ ᠪᠣᠬᠢᠷᠳᠤᠯ ᠦᠭᠡᠢ ᠥᠭᠡᠷᠡᠴᠢᠯᠡᠯᠲᠡ ᠶᠢ ᠦᠷᠨᠢᠬᠦᠯᠦᠨ᠂ ᠨᠣᠯᠤᠤᠷ ᠨᠡᠬᠡᠮᠡᠯ ᠤᠨ ᠪᠦᠲᠦᠭᠡᠭᠳᠡᠬᠦᠨ ᠢ ᠨᠡᠶᠢᠳᠡ 375 ᠲᠦᠮᠡᠨ ᠬᠤᠪᠢ ᠦᠢᠯᠡᠳᠪᠦᠷᠢᠯᠡᠪᠡ᠃     ᠰᠢᠨ᠎ᠡ ᠪᠠᠷ ᠬᠥᠭᠵᠢᠭᠰᠡᠨ ᠠᠵᠤ ᠦᠢᠯᠡᠰ ᠢᠶᠠᠷ ᠬᠥᠳᠡᠯᠭᠡᠭᠦᠷ ᠪᠣᠯᠭᠠᠵᠤ ᠬᠦᠴᠦᠯᠡᠪᠡ᠃ ᠮᠠᠰᠢᠨ ᠲᠡᠷᠭᠡ᠂ ᠳᠡᠭᠡᠳᠦ ᠲᠡᠰ ᠤᠨ ᠲᠣᠨᠣᠭᠯᠠᠯ ᠦᠢᠯᠡᠳᠬᠦ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠦᠷᠦᠭᠵᠢᠨ ᠬᠥᠭᠵᠢᠬᠦ ᠶᠢ ᠲᠦᠯᠬᠢᠨ ᠠᠬᠢᠭᠤᠯᠵᠠᠢ᠃ ᠴᠢ ᠷᠦᠢ ᠶᠢᠨ ᠰᠢᠨ᠎ᠡ ᠡᠨᠧᠷᠭᠢ ᠶᠢᠨ ᠰᠤᠷᠪᠤᠯᠵᠢ ᠶᠢᠨ ᠬᠦᠨᠳᠦ ᠠᠴᠢᠶᠠᠨ ᠤ ᠮᠠᠰᠢᠨ  ᠂ ᠶᠤᠸᠠᠨ ᠱᠧᠩ ᠬᠡᠷᠡᠯ ᠴᠠᠬᠢᠯᠭᠠᠨ ᠤ ᠦᠵᠡᠭᠦᠯᠦᠭᠦᠷ ᠲᠣᠨᠤᠭ ᠤᠨ ᠰᠠᠯᠭᠠᠬᠤ ᠰᠢᠩᠭᠡᠨ ᠢ ᠡᠷᠭᠢᠯᠳᠦᠭᠦᠯᠦᠨ ᠠᠰᠢᠭᠯᠠᠬᠤ᠂ ᠵᠢᠦ ᠺᠧ ᠺᠠᠩ ᠷᠦᠢ ᠶᠢᠨ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠠᠵᠤ ᠦᠢᠯᠡᠰ ᠤᠨ ᠬᠦᠷᠢᠶᠡᠯᠡᠩ ᠵᠡᠷᠭᠡ 3 ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠺᠠᠨᠠᠳᠠ ᠶᠢᠨ ᠡᠨᠧᠷᠭᠢ ᠶᠢᠨ ᠰᠤᠷᠪᠤᠯᠵᠢ ᠶᠢᠨ ᠣᠳᠣᠨ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠣᠬᠠᠭᠠᠨᠴᠢ ᠡᠭᠦᠳᠦᠯᠲᠡ ᠶᠢᠨ ᠠᠵᠤ ᠦᠢᠯᠡᠰ ᠤᠨ ᠬᠡᠯᠬᠢᠶ᠎ᠡ᠂ ᠴᠢ ᠷᠦᠢ ᠰᠠᠭᠤᠳᠠᠯ ᠤᠨ ᠮᠠᠰᠢᠨ ᠤ ᠰᠢᠨ᠎ᠡ ᠬᠡᠯᠪᠡᠷᠢ ᠶᠢᠨ ᠦᠢᠯᠡᠳᠪᠦᠷᠢᠯᠡᠯ᠂ ᠭᠧ ᠯᠥᠸᠧ ᠹᠦ᠋ ᠲᠡᠮᠲᠡᠭᠲᠦ ᠶᠢᠨ ᠣᠷᠳᠣᠰ ᠤᠨ ᠳᠣᠮᠳᠠ ᠵᠡᠷᠭᠡ ᠶᠢᠨ ᠤᠰᠤᠲᠥ᠋ᠷᠥᠭᠴᠢ ᠡᠨᠧᠷᠭᠢ ᠶᠢᠨ ᠬᠦᠨᠳᠦ ᠠᠴᠢᠶᠠᠨ ᠤ ᠮᠠᠰᠢᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ 26 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 9.32 ᠲᠦᠮᠡᠨ ᠰᠠᠭᠤᠳᠠᠯ ᠤᠨ ᠮᠠᠰᠢᠨ᠂ 9605 ᠲᠦᠮᠡᠨ ᠰᠢᠩᠭᠡᠨ ᠲᠠᠯᠠᠰᠲᠤ ᠳᠡᠯᠭᠡᠴᠡ᠂ 4.83 ᠲᠦᠮᠡᠨ ᠬᠥᠳᠡᠯᠭᠡᠭᠦᠷ ᠮᠠᠰᠢᠨ ᠦᠢᠯᠡᠳᠪᠦᠷᠢᠯᠡᠪᠡ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠤᠨ ᠲᠥᠷᠥᠯ ᠵᠦᠢᠯ ᠢ 4᠂ ᠣᠶᠤᠨᠲᠤ ᠴᠠᠬᠢᠯᠭᠠᠨ ᠤ ᠦᠢᠯᠡᠳᠪᠦᠷᠢ ᠶᠢᠨ ᠲᠥᠷᠥᠯ ᠵᠦᠢᠯ ᠢ 1 ᠪᠦᠲᠦᠭᠡᠨ ᠪᠠᠶᠢᠭᠤᠯᠵᠤ᠂ 5G ᠰᠠᠭᠤᠷᠢ ᠥᠷᠲᠡᠭᠡ ᠶᠢ ᠨᠡᠶᠢᠲᠡ 291 ᠲᠠᠰᠤᠭ ᠬᠤᠪᠢᠶᠠᠨ ᠪᠠᠶᠢᠭᠤᠯᠵᠤ᠂ ᠶᠤᠸᠠᠨ ᠱᠧᠩ ᠬᠡᠷᠡᠯ ᠴᠠᠬᠢᠯᠭᠠᠨ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠠᠷᠪᠢᠯᠠᠬᠤ ᠬᠡᠯᠪᠡᠷᠢ ᠶᠢᠨ ᠬᠡᠪ ᠳᠠᠭᠤᠷᠢᠶᠠᠯ ᠠᠵᠤ ᠠᠬᠤᠶᠢᠯᠠᠯ ᠢᠶᠠᠷ ᠠᠮᠵᠢᠯᠲᠠ ᠲᠠᠢ ᠭᠤᠶᠤᠴᠢᠯᠠᠨ ᠮᠡᠳᠡᠭᠦᠯᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠤᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ᠂ ᠣᠷᠴᠢᠨ ᠠᠬᠤᠢ ᠶᠢᠨ ᠬᠠᠮᠠᠭᠠᠯᠠᠯᠲᠠ᠂ ᠮᠡᠳᠡᠭᠡ ᠵᠠᠩᠭᠢ᠂ ᠲᠣᠨᠣᠭᠯᠠᠯ ᠦᠢᠯᠡᠳᠬᠦ ᠵᠡᠷᠭᠡ ᠶᠢᠨ ᠬᠦᠷᠢᠶᠡᠨ ᠤ 160 ᠭᠠᠷᠤᠢ ᠲᠦᠷᠦᠯ ᠵᠦᠢᠯ ᠢ ᠨᠦᠭᠡᠴᠡᠯᠡᠨ ᠬᠦᠮᠦᠷᠭᠡᠯᠡᠪᠡ᠃     ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠬᠦᠯᠵᠡᠢ᠃ ᠳ᠋ᠦᠩᠱᠧᠩ ᠲᠣᠭᠤᠷᠢᠭ ᠤᠨ ᠵᠠᠮ ᠬᠠᠷᠢᠯᠴᠠᠭ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠢᠯᠤᠭᠤᠴᠢᠨ ᠨᠡᠶᠢᠭᠡᠮ ᠲᠣᠭᠤᠷᠢᠭ ᠢ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠲᠤᠷᠰᠢᠯᠲᠠ ᠶᠢᠨ ᠴᠡᠭ ᠪᠤᠯᠭᠠᠨ ᠪᠠᠶᠢᠭᠤᠯᠪᠠ︔ ᠸᠠᠨ ᠳ᠋ᠠ ᠠᠭᠤᠳᠠᠮ ᠲᠠᠯᠠᠪᠠᠶ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ᠂ ᠳ᠋ᠠ ᠰᠢᠩ ᠱᠠᠩ ᠳ᠋ᠦ᠋ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ᠂ ᠰᠢᠨ ᠯᠦᠩ ᠬᠤᠳᠠᠯᠳᠤᠭᠠᠨ ᠤ ᠲᠥᠷᠥᠯ ᠵᠦᠢᠯ᠂ ᠸᠧᠢ ᠪᠠᠩ ᠬᠤᠳᠠᠯᠳᠤᠭᠠᠨ ᠤ ᠶᠠᠪᠠᠭᠠᠨ ᠵᠡᠭᠡᠯᠢ ᠶᠢᠨ ᠲᠥᠷᠥᠯ ᠵᠦᠢᠯ ᠵᠡᠷᠭᠡ 4 ᠭᠤᠤᠯᠳᠠᠯᠭᠠᠲᠤ ᠲᠥᠷᠥᠯ ᠵᠦᠢᠯ ᠢ ᠬᠡᠷᠡᠭᠵᠢᠬᠦᠯᠵᠡᠢ︔ ᠬᠡᠷᠡᠭᠯᠡᠭᠡᠨ ᠤ ᠬᠡᠷᠡᠭᠴᠡᠭᠡ ᠪᠣᠯᠣᠨ ᠦᠢᠯᠡᠴᠢᠯᠡᠭᠡᠨ ᠤ ᠦᠢᠯᠡᠰ ᠤᠨ ᠲᠡᠰ ᠳᠡᠪᠰᠢᠬᠦᠯᠦᠨ ᠬᠦᠭᠵᠢᠬᠦᠯᠬᠦ ᠣᠳᠣᠬᠢ ᠪᠠᠶᠢᠳᠠᠯ ᠲᠠᠢ ᠤᠶᠠᠯᠳᠤᠭᠤᠯᠵᠤ᠂ ᠲᠦᠷᠦᠭᠦᠦ ᠪᠦᠯᠦᠭ ᠲᠤ 8 ᠰᠦᠯᠵᠢᠶᠡᠨ ᠤ ᠬᠠᠯᠠᠮᠰᠢᠯ ᠪᠤᠯᠤᠭᠰᠠᠨ ᠣᠨᠴᠠᠯᠢᠭᠲᠤ ᠵᠡᠭᠡᠯᠢ ᠲᠣᠭᠤᠷᠢᠭ ᠢ ᠪᠠᠶᠢᠭᠤᠯᠤᠨ᠂ ᠮᠠᠨ ᠱᠢ ᠡᠳᠦᠷ ᠪᠦᠷᠢ ᠶᠢᠨ ᠬᠤᠳᠠ᠂ ᠱᠢ ᠱᠠᠩ ᠮᠥᠸᠧ ᠳ᠋ᠢ ᠭᠠᠵᠠᠷ ᠳᠣᠣᠷᠠᠬᠢ ᠵᠡᠭᠡᠯᠢ ᠲᠣᠭᠤᠷᠢᠭ᠂ ᠵᠢᠦᠢ ᠸᠠᠩ ᠶᠢᠨ ᠵᠢᠩ ᠬᠤᠳᠠᠯᠳᠤᠭᠠᠨ ᠤ ᠣᠨᠴᠠᠯᠢᠭᠲᠤ ᠵᠡᠭᠡᠯᠢ ᠲᠣᠭᠤᠷᠢᠭ᠂ ᠣᠷᠳᠣᠰ ᠵᠡᠭᠦᠨ ᠵᠡᠭᠡᠯᠢ ᠶᠢᠨ ᠣᠨᠴᠠᠯᠢᠭᠲᠤ ᠵᠡᠭᠡᠯᠢ ᠲᠣᠭᠤᠷᠢᠭ ᠵᠡᠷᠭᠡ 4 ᠵᠡᠭᠡᠯᠢ ᠲᠣᠭᠤᠷᠢᠭ ᠢ ᠨᠢᠭᠡᠨᠲᠡ ᠠᠰᠢᠭᠯᠠᠯᠲᠠ ᠳᠤ ᠣᠷᠣᠭᠤᠯᠪᠠ᠃ ᠵᠢᠦ ᠴᠧᠩ ᠬᠥᠩ ᠵᠤᠭ᠎ᠠ ᠴᠡᠩᠭᠡᠯ ᠤᠨ ᠬᠦᠷᠢᠶᠡᠯᠡᠩ᠂ ᠵᠤᠤᠬ᠎ᠠ ᠶᠢᠨ ᠬᠤᠭᠤᠯᠠᠢ ᠶᠢᠨ ᠠᠷᠠᠳ ᠤᠨ ᠰᠠᠭᠤᠴᠠ ᠶᠢᠨ ᠪᠠᠭᠤᠳᠠᠯ ᠵᠡᠷᠭᠡ 4 ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠬᠤᠶᠠᠷ ᠵᠡᠭᠡᠯᠢ ᠨᠢᠭᠡ ᠭᠠᠵᠠᠷ︾ ᠤᠨ ᠣᠨᠴᠠᠯᠢᠭᠲᠤ ᠵᠡᠭᠡᠯᠢ ᠲᠣᠭᠤᠷᠢᠭ ᠢ ᠲᠡᠰ ᠳᠡᠪᠰᠢᠬᠦᠯᠦᠨ ᠥᠭᠡᠷᠡᠴᠢᠯᠡᠵᠦ᠂ ᠸᠠᠨ ᠵᠢᠶᠠ ᠬᠤᠶ ᠪᠠᠶᠠᠰᠣᠯᠲᠤ ᠬᠤᠷᠸ᠎ᠠ ᠶᠢ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠠᠮᠠᠷᠠᠯᠲᠠ ᠶᠢᠨ ᠲᠣᠭᠤᠷᠢᠭ ᠪᠤᠯᠭᠠᠬᠤ ᠪᠠᠷ ᠭᠤᠶᠤᠴᠢᠯᠠᠨ ᠮᠡᠳᠡᠭᠦᠯᠬᠦ ᠶᠢ ᠵᠢᠯᠤᠭᠤᠳᠴᠠᠢ᠃ 2022 ᠣᠨ ᠤ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷᠯᠢᠭ︾ ᠵᠢᠴᠢ ᠭᠤᠷᠪᠠᠳᠤᠭᠠᠷ ᠬᠤᠭᠤᠴᠠᠭᠠᠨ ᠤ ᠪᠣᠯᠪᠠᠰᠤᠨ ᠵᠢᠭᠤᠯᠴᠢᠯᠠᠯ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ᠂      ︽ᠳ᠋ᠦᠩᠱᠧᠩ ᠤᠨ ᠰᠠᠶᠢᠬᠠᠨ ᠢ ᠢᠯᠡᠷᠡᠭᠦᠯᠬᠦ︾ ᠬᠡᠷᠡᠯ ᠵᠢᠷᠤᠭ᠂ ᠪᠢᠴᠢᠯ ᠬᠠᠷᠠᠭᠠᠨ ᠳᠠᠪᠲᠠᠮᠵᠢ ᠶᠢᠨ ᠤᠷᠤᠯᠳᠤᠭᠠᠨ ᠪᠠ ᠠᠷᠪᠠᠨ ᠬᠤᠶᠠᠳᠤᠭᠠᠷ ᠬᠤᠭᠤᠴᠠᠭᠠᠨ ᠤ ᠣᠷᠳᠣᠰ ᠤᠨ ᠮᠥᠰᠥ ᠴᠠᠰᠤᠨ ᠤ ᠰᠣᠶᠣᠯ ᠵᠢᠭᠤᠯᠴᠢᠯᠠᠯ ᠤᠨ ᠨᠠᠶᠢᠷ ᠵᠢᠴᠢ ᠶᠢᠰᠦᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠲᠦᠮᠡᠨ ᠤ ᠮᠥᠰᠥ ᠴᠠᠰᠤᠨ ᠤ ᠤᠯᠠᠷᠢᠯ ︵ᠣᠷᠳᠣᠰ ᠥᠷᠲᠡᠭᠡ︶ ᠵᠡᠷᠭᠡ ᠠᠵᠢᠯᠯᠠᠭ᠎ᠠ ᠶᠢ ᠡᠷᠭᠢᠯᠡᠵᠦ᠂ ᠪᠥᠬᠦ ᠵᠢᠯ ᠳᠤ ᠨᠡᠶᠢᠲᠡ 265.8 ᠲᠦᠮᠡᠨ ᠬᠥᠮᠥᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 72.3 ᠳ᠋ᠦᠩᠰᠢᠭᠤᠷ ᠲᠥᠭᠦᠷᠢᠭ ᠳᠠᠶᠢᠴᠢᠯᠠᠨ ᠪᠡᠶᠡᠯᠡᠭᠦᠯᠪᠡ᠃     ︵ᠭᠤᠷᠪᠠ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠦᠢᠯᠡᠴᠢᠯᠡᠭᠡ ᠶᠢ ᠰᠢᠯᠢᠳᠡᠭᠵᠢᠭᠦᠯᠦᠭᠰᠡᠨ ᠪᠠᠶᠢᠨ᠎ᠠ     ᠰᠢᠨ᠎ᠡ ᠶᠢ ᠡᠭᠦᠳᠬᠦ ᠶᠢ ᠠᠬᠢᠭᠤᠯᠵᠤ ᠴᠢᠳᠠᠪᠤᠷᠢᠲᠠᠨ ᠢ ᠣᠷᠢᠨ ᠬᠦᠨᠳᠦᠳᠭᠡᠨ ᠬᠡᠷᠡᠭᠯᠡᠵᠡᠢ᠃ ᠰᠢᠨ᠎ᠡ ᠶᠢ ᠡᠭᠦᠳᠬᠦ ᠬᠡᠯᠪᠡᠷᠢ ᠶᠢᠨ 5 ᠠᠵᠤ ᠠᠬᠤᠶᠢᠯᠠᠯ ᠢ ᠠᠮᠵᠢᠯᠲᠠᠲᠠᠢ ᠪᠠᠷ ᠪᠣᠶᠢᠵᠢᠭᠤᠯᠵᠤ᠂ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠤᠨ ᠨᠥᠭᠡᠴᠡᠯᠡᠬᠦ ᠬᠥᠮᠥᠷᠭᠡ ᠳᠤ 11 ᠠᠵᠤ ᠠᠬᠤᠶᠢᠯᠠᠯ ᠢ ᠣᠷᠣᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 70 ᠭᠠᠷᠤᠢ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠤᠳᠤᠯᠤᠨ ᠨᠡᠭᠡᠭᠡᠬᠦ ᠲᠥᠪ ᠲᠤ 7 ᠠᠵᠤ ᠠᠬᠤᠶᠢᠯᠠᠯ ᠢ ᠭᠤᠶᠤᠴᠢᠯᠠᠨ ᠮᠡᠳᠡᠬᠦᠯᠬᠦ ᠪᠠᠷ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠪᠤᠯᠤᠭᠰᠠᠨ 1 ᠠᠵᠤ ᠠᠬᠤᠶᠢᠯᠠᠯ ᠢ ᠲᠠᠨᠢᠯᠴᠠᠭᠤᠯᠤᠨ ᠮᠡᠳᠡᠭᠦᠯᠪᠡ᠃ ᠰᠤᠷᠭᠠᠭᠤᠯᠢ ᠪᠠ ᠠᠵᠤ ᠠᠬᠤᠶᠢᠯᠠᠯ ᠤᠨ ᠠᠭᠤᠰᠤᠯᠴᠠᠨ ᠬᠥᠭᠵᠢᠬᠦ ᠶᠢ ᠪᠥᠬᠦ ᠲᠠᠯ᠎ᠠ ᠪᠠᠷ ᠠᠬᠢᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠤᠨ ᠡᠭᠦᠳᠦᠯᠲᠡ ᠶᠢᠨ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠢᠭᠡᠳ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠬᠤᠭᠤᠷᠤᠨᠳᠣᠬᠢ ᠭᠦᠨᠵᠡᠭᠡᠢ ᠦᠢᠯᠡᠳᠦᠯᠴᠡᠨ ᠰᠣᠯᠢᠯᠴᠠᠬᠤ ᠶᠢ ᠠᠬᠢᠭᠤᠯᠤᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠢ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠡᠯ᠎ᠡ ᠶᠡᠭᠡ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ ︽ᠰᠤᠷᠭᠠᠭᠤᠯᠢ ᠪᠠ ᠠᠵᠤ ᠠᠬᠤᠶᠢᠯᠠᠯ ᠣᠷᠣᠨ ᠨᠤᠲᠤᠭ︾ ᠤᠨ ᠬᠤᠭᠤᠷᠤᠨᠳᠣᠬᠢ ᠬᠠᠮᠲᠤᠷᠠᠯᠴᠠᠭ᠎ᠠ ᠶᠢ ᠦᠷᠨᠢᠬᠦᠯᠦᠭᠰᠡᠨ ᠪᠠᠶᠢᠨ᠎ᠠ᠃ 36 ᠰᠢᠯᠢᠳᠡᠭ ᠴᠢᠳᠠᠪᠤᠷᠢᠲᠠᠨ ᠢ ᠲᠦᠷᠦᠭᠦᠦ ᠪᠦᠯᠦᠭ ᠤᠨ ᠳ᠋ᠦᠩᠱᠧᠩ ᠲᠣᠭᠤᠷᠢᠭ ᠤᠨ ︽ᠳ᠋ᠦ᠋ ᠱᠧᠩ ᠴᠢᠳᠠᠪᠤᠷᠢᠲᠠᠨ︾ ᠤ ᠴᠣᠯᠠ ᠪᠠᠷ ᠦᠨᠡᠯᠡᠵᠦ᠂ 5 ᠠᠵᠢᠯ ᠤᠨ ᠦᠷᠳᠡᠭᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠵᠢᠴᠢ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ ᠪᠠᠷ ᠲᠠᠨᠢᠯᠴᠠᠭᠤᠯᠤᠨ ᠮᠡᠳᠡᠬᠦᠯᠵᠦ᠂ 51 ᠬᠥᠮᠥᠨ ᠢ ᠬᠤᠳᠠ ᠶᠢᠨ ᠳᠡᠭᠡᠳᠦ ᠲᠡᠰ ᠤᠨ ᠴᠢᠳᠠᠪᠤᠷᠢᠲᠠᠨ ᠢᠶᠠᠷ ᠲᠠᠨᠢᠯᠴᠠᠭᠤᠯᠵᠤ᠂ 7 ᠪᠦᠯᠬᠦᠮ ᠢ ᠬᠤᠳᠠ ᠶᠢᠨ ᠲᠡᠰ ᠤᠨ ᠰᠢᠨ᠎ᠡ ᠶᠢ ᠡᠭᠦᠳᠬᠦ ᠦᠢᠯᠡᠰ ᠪᠣᠰᠬᠠᠬᠤ ᠪᠦᠯᠬᠦᠮ ᠢᠶᠠᠷ ᠲᠠᠨᠢᠯᠴᠠᠭᠤᠯᠤᠨ ᠮᠡᠳᠡᠬᠦᠯᠵᠡᠢ᠃     ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠦᠲᠦᠮᠵᠢᠲᠡᠶ ᠪᠠᠷ ᠳᠡᠭᠡᠭᠰᠢᠯᠡᠬᠦᠯᠪᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 227 ᠲᠦᠷᠦᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠢ ᠬᠠᠭᠤᠳᠠᠰᠤ᠂ 5871 ᠵᠦᠢᠯ ᠤᠨ ᠡᠷᠬᠡ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢ ᠨᠡᠶᠢᠲᠡᠯᠡᠪᠡ︔ ︽ᠦᠨᠡᠮᠯᠡᠯ ᠢ ᠴᠥᠭᠡᠳᠬᠡᠨ ᠠᠷᠠᠳ ᠲᠤ ᠲᠥᠬᠦᠮ ᠦᠵᠡᠭᠦᠯᠬᠦ︾ ᠠᠵᠢᠯᠯᠠᠭ᠎ᠠ ᠶᠢ ᠥᠷᠨᠢᠭᠦᠯᠵᠦ᠂ 221 ᠵᠦᠢᠯ ᠤᠨ ᠭᠡᠷᠡᠴᠢᠯᠡᠬᠦ ᠵᠦᠢᠯᠡᠰ ᠢ ᠡᠮᠬᠢᠯᠡᠨ ᠨᠡᠶᠢᠲᠡᠯᠡᠪᠡ᠃ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾     ︽ᠦᠨᠡᠮᠯᠡᠯ ᠪᠠ ᠭᠡᠷᠡᠴᠢ ᠶᠢ ᠰᠠᠯᠭᠠᠬᠤ︾ ᠳᠠᠩᠰᠠᠯᠠᠯᠲᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠰᠦᠯᠵᠢᠶᠡᠨ ᠳᠡᠭᠡᠷ᠎ᠡ ᠳᠡᠩᠰᠡᠯᠡᠨ ᠲᠡᠮᠳᠡᠭᠯᠡᠬᠦ ᠨᠣᠷᠮ᠎ᠠ ᠶᠢ 90% ᠠᠴᠠ ᠳᠡᠭᠡᠭᠰᠢ ᠪᠤᠯᠭᠠᠨ᠂ ᠠᠵᠤ ᠠᠬᠤᠶᠢᠯᠠᠯ ᠡᠷᠭᠢᠯᠡᠬᠦ ᠳᠠᠩᠰᠠᠯᠠᠯᠲᠠ ᠶᠢ 1 ᠠᠵᠢᠯᠯᠠᠬᠤ ᠡᠳᠦᠷ ᠪᠣᠯᠭᠠᠨ ᠪᠠᠭᠠᠰᠬᠠᠪᠠ᠃ ︽ᠳᠥᠷᠪᠡ ᠶᠢ ᠭᠦᠢᠴᠡᠳᠭᠡᠬᠦ︾ ᠠᠵᠢᠯ ᠤᠨ ᠭᠦᠨᠵᠡᠭᠡᠢ ᠥᠷᠨᠢᠯᠲᠡ ᠶᠢ ᠠᠬᠢᠭᠤᠯᠵᠤ᠂ 737 ᠵᠦᠢᠯ ᠤᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠤᠴᠢᠷ ᠶᠠᠪᠤᠳᠠᠯ ᠢ      ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠰᠢᠢᠳᠪᠦᠷᠢᠯᠡᠬᠦ︾ ᠪᠤᠯᠭᠠᠵᠤ᠂ ᠡᠨᠡ ᠵᠢᠯ ᠠᠴᠠ ᠨᠠᠰᠢ ᠶᠡᠷᠦᠩᠬᠡᠶᠢᠯᠡᠭᠰᠡᠨ ᠴᠤᠩᠬᠤᠪᠴᠢ ᠶᠢᠨ ᠬᠡᠷᠡᠭ ᠶᠠᠪᠤᠳᠠᠯ ᠭᠦᠢᠴᠡᠳᠭᠡᠭᠰᠡᠨ ᠬᠡᠮᠵᠢᠶ᠎ᠡ ᠨᠢ 13.4 ᠲᠦᠮᠡ ᠳᠤ ᠬᠦᠷᠴᠦ᠂ 66 ᠵᠦᠢᠯ ᠤᠨ ᠤᠴᠢᠷ ᠶᠠᠪᠤᠳᠠᠯ ᠢ ︽ᠨᠢᠭᠡ ᠦᠨᠡᠮᠯᠡᠯ ᠢᠶᠠᠷ ᠨᠡᠶᠢᠳᠡᠮ ᠭᠦᠢᠴᠡᠳᠬᠡᠬᠦ︾᠂ 100 ᠵᠦᠢᠯ ᠤᠨ ᠬᠡᠷᠡᠭ ᠶᠠᠪᠤᠳᠠᠯ ᠤᠨ ︽ᠭᠡᠷᠡᠴᠢ ᠦᠨᠡᠮᠯᠡᠯ ᠦᠬᠡᠢ ᠭᠦᠢᠴᠡᠳᠭᠡᠬᠦ︾ ᠶᠢ ᠪᠡᠶᠡᠯᠡᠭᠦᠯᠵᠦ᠂ 10 ᠵᠦᠢᠯ ᠤᠨ ᠥᠨᠳᠥᠷ ᠳᠠᠪᠲᠠᠮᠵᠢ ᠶᠢᠨ ︽ᠨᠢᠭᠡ ᠤᠴᠢᠷ︾ ᠤᠨ ᠨᠠᠶᠢᠳᠠᠪᠤᠷᠢᠵᠢᠭᠤᠯᠤᠯᠲᠠ ᠬᠡᠷᠡᠭᠵᠢᠬᠦᠯᠦᠯᠲᠡ ᠶᠢ ᠠᠬᠢᠭᠤᠯᠵᠤ᠂ ︽ᠨᠢᠭᠡ ᠤᠴᠢᠷ︾ ᠤᠨ ᠭᠦᠢᠴᠡᠳᠬᠡᠭᠰᠡᠨ ᠲᠤᠭ᠎ᠠ ᠬᠡᠮᠵᠢᠶ᠎ᠡ ᠨᠢ 4 ᠲᠦᠮᠡ ᠭᠠᠷᠤᠢ ᠶᠢ ᠳᠠᠪᠠᠨ ᠂ 276 ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ 340 ᠵᠤᠷᠪᠤᠰ ᠬᠢᠨᠠᠨ ᠵᠥᠪᠰᠢᠶᠡᠷᠡᠬᠦ ᠵᠦᠢᠯᠡᠰ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯ ᠢ ᠪᠡᠶᠡᠯᠡᠭᠦᠯᠵᠦ᠂ ᠭᠤᠷᠪᠠᠨ ᠱᠠᠲᠤᠨ ᠤ ᠠᠷᠠᠳ ᠲᠤ ᠲᠥᠬᠦᠮ ᠦᠵᠡᠭᠦᠯᠬᠦ ᠰᠢᠰᠲ᠋ᠧᠮ ᠤᠨ 15 ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠶᠡᠭᠡ ᠲᠢᠩᠬᠢᠮ ᠨᠢ ᠡᠯ᠎ᠡ ᠲᠥᠷᠥᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠬᠡᠷᠡᠭ ᠶᠠᠪᠤᠳᠠᠯ ᠢ ᠨᠡᠶᠢᠲᠡ 27.4 ᠲᠦᠮᠡ ᠭᠠᠷᠤᠢ ᠪᠡᠶᠡᠯᠡᠭᠦᠯᠪᠡ᠃ ︽ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠳᠤᠨᠢ ᠰᠢᠢᠳᠪᠦᠷᠢᠯᠡᠬᠦ︾ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠤᠳᠤ ᠪᠣᠯᠲᠠᠯ᠎ᠠ ᠰᠢᠯᠵᠢᠭᠦᠯᠦᠨ ᠰᠢᠢᠳᠪᠦᠷᠢᠯᠡᠭᠦᠯᠬᠦ ᠠᠵᠢᠯ ᠤᠨ ᠬᠠᠭᠤᠳᠠᠰᠤ ᠶᠢ 60277 ᠬᠤᠪᠢ ᠭᠥᠯᠢᠶᠡᠨ ᠠᠪᠴᠤ ᠰᠢᠢᠳᠪᠦᠷᠢᠯᠡᠭᠡᠳ᠂ ︽ᠭᠤᠷᠪᠠᠨ ᠨᠤᠷᠮ᠎ᠠ︾ ᠶᠢᠨ ᠶᠡᠷᠦᠩᠬᠡᠶᠢᠯᠡᠭᠰᠡᠨ ᠣᠯᠣᠭᠰᠠᠨ ᠬᠤᠪᠢ ᠨᠢ 99.61 ᠬᠤᠪᠢ ᠪᠣᠯᠵᠤ ᠳᠡᠭᠡᠭᠰᠢᠯᠡᠪᠡ᠃     ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠰᠢᠯᠢᠳᠡᠭᠵᠢᠬᠦᠯᠵᠡᠢ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠬᠤᠳᠠᠯᠳᠤᠭ᠎ᠠ ᠡᠵᠡᠩᠨᠡᠯᠲᠡ ᠶᠢᠨ ᠣᠷᠴᠢᠨ  ᠨᠦᠬᠦᠴᠡᠯ ᠤᠨ ᠲᠣᠮᠣ ᠳ᠋ᠠᠶᠢᠲ᠋ᠠ ᠶᠢᠨ ᠵᠠᠳᠠᠯᠤᠯᠲᠠ ᠶᠢᠨ ᠲᠠᠪᠴᠠᠩ︾ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠳᠦᠷᠢᠮ ᠢ ᠪᠠᠶᠢᠭᠤᠯᠬᠤ ᠶᠢ ᠠᠬᠢᠭᠤᠯᠤᠨ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠠᠯᠳᠠ ᠪᠠᠬᠢᠯᠡᠯᠲᠡ ᠶᠢ ᠡᠪᠳᠡᠵᠦ᠂ 14275 ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠢᠨ᠎ᠡ ᠪᠠᠷ ᠳᠠᠩᠰᠠᠯᠠᠭᠤᠯᠪᠠ᠃         ︽ᠳ᠋ᠦᠩᠱᠧᠩ ᠲᠣᠭᠤᠷᠢᠭ ᠤᠨ ︿ᠣᠷᠳᠣᠰ ᠬᠤᠲᠠ ᠶᠢᠨ ᠲᠡᠷᠢᠭᠦᠨ ᠤ ᠬᠢ ᠪᠠᠷ ᠪᠠᠷᠢᠮᠵᠢᠶ᠎ᠠ ᠪᠤᠯᠭᠠᠨ ᠬᠠᠮᠤᠭ ᠤᠨ ᠰᠢᠯᠢᠳᠡᠭ ᠡᠵᠡᠩᠨᠡᠯᠲᠡ ᠶᠢᠨ ᠣᠷᠴᠢᠨ ᠨᠦᠬᠦᠴᠡᠯ ᠢ ᠪᠦᠲᠦᠭᠡᠨ ᠪᠠᠶᠢᠭᠤᠯᠬᠤ ᠠᠵᠢᠯᠯᠠᠭᠠᠨ ᠤ ᠲᠥᠰᠥᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠵᠤ ᠬᠡᠷᠡᠭᠵᠢᠭᠦᠯᠬᠦ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ ᠬᠠᠤᠯᠢ ᠪᠠᠷ ᠵᠠᠰᠠᠬᠤ ᠣᠷᠴᠢᠨ ᠲᠣᠭᠤᠷᠢᠨ᠂ ᠨᠡᠶᠢᠭᠡᠮ ᠤᠨ ᠣᠷᠴᠢᠨ ᠲᠣᠭᠤᠷᠢᠨ ᠵᠡᠷᠭᠡ ᠳᠥᠷᠪᠡᠨ ᠲᠠᠯ᠎ᠠ ᠠᠴᠠ 27 ᠵᠦᠢᠯ ᠤᠨ ᠭᠦᠢᠴᠡᠳᠬᠡᠯ ᠲᠤᠭ᠎ᠠ᠂ 490 ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠭᠰᠠᠨ ᠪᠥᠭᠡᠳ ᠰᠠᠷ᠎ᠠ ᠪᠤᠯᠭᠠᠨ ᠳᠤ ︽ᠬᠤᠳᠠᠯᠳᠤᠭ᠎ᠠ ᠡᠵᠡᠩᠨᠡᠯᠲᠡ ᠶᠢᠨ ᠣᠷᠴᠢᠨ ᠠᠬᠤᠢ ᠶᠢ ᠰᠢᠯᠢᠳᠡᠭᠵᠢᠭᠦᠯᠬᠦ ᠠᠵᠢᠯ ᠤᠨ ᠲᠤᠰᠬᠠᠢ ᠮᠡᠳᠡᠭᠦᠯᠦᠯᠲᠡ︾ ᠶᠢ ᠨᠠᠶᠢᠷᠠᠭᠤᠯᠤᠨ ᠲᠠᠷᠬᠠᠭᠠᠬᠤ ᠪᠠᠷ ᠳᠠᠮᠵᠢᠨ ᠡᠭᠦᠷᠭᠡ ᠶᠢᠨ ᠠᠬᠢᠴᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠲᠣ ᠪᠣᠯᠲᠠᠯ᠎ᠠ ᠡᠯ᠎ᠡ ᠰᠠᠯᠠᠭ᠎ᠠ ᠮᠥᠴᠢᠷ ᠤᠳ ᠤᠨ 446 ᠵᠦᠢᠯ ᠤᠨ ᠡᠭᠦᠷᠭᠡ ᠶᠢ ᠪᠡᠶᠡᠯᠡᠭᠦᠯᠬᠦ ᠪᠠᠷ ᠭᠤᠶᠤᠴᠢᠯᠠᠵᠤ᠂ ᠪᠡᠶᠡᠯᠡᠭᠦᠯᠦᠭᠰᠡᠨ ᠨᠣᠷᠮ᠎ᠠ ᠨᠢ 91.02% ᠲᠤ ᠬᠦᠷᠴᠦ᠂ ᠶᠡᠷᠦᠩᠬᠡᠢ ᠳᠡᠭᠡᠨ ᠲᠥᠰᠥᠯ ᠤᠨ ᠠᠬᠢᠴᠠ ᠠᠴᠠ 16.73% ᠲᠦᠷᠭᠡᠨ ᠪᠣᠯᠤᠭᠰᠠᠨ ᠪᠠᠶᠢᠨ᠎ᠠ᠃     ︵ᠳᠥᠷᠪᠡ︶ ᠪᠣᠬᠢᠷᠳᠤᠯ ᠦᠭᠡᠢ ᠬᠥᠭᠵᠢᠯᠲᠡ ᠢᠯᠡᠳᠲᠡ ᠦᠷ᠎ᠡ ᠪᠦᠲᠦᠮᠵᠢ ᠣᠯᠪᠠ     ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠪᠠ᠃ ᠥᠪᠥᠷ ᠮᠣᠩᠭᠤᠯ ᠤᠨ ᠢ ᠯᠢ ᠡᠮ ᠦᠶᠯᠡᠳᠬᠦ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠳ᠋ᠦᠩᠱᠧᠩ ᠤᠨ ᠮᠧᠩ ᠰᠢ ᠱᠦᠢᠨᠢ ᠶᠢᠨ ᠬᠢᠵᠠᠭᠠᠷᠲᠤ ᠺᠣᠮᠫᠠᠨᠢ᠂ ᠷᠦᠢ ᠯᠦᠩ ᠮᠠᠰᠢᠨ ᠲᠡᠷᠭᠡᠨ ᠤ ᠬᠦᠳᠡᠯᠭᠡᠬᠦ ᠬᠦᠴᠦᠨ ᠤ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠪᠧᠢ ᠵᠢᠶᠣᠣ ᠢᠯᠴᠢ ᠶᠢᠨ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠤᠰ ᠤᠨ ᠴᠠᠬᠢᠯᠭᠠᠨ ᠤ ᠦᠢᠯᠡᠰ ᠤᠨ ᠥᠪᠥᠷ ᠮᠣᠩᠭᠤᠯ ᠤᠨ ᠳ᠋ᠦᠩᠱᠧᠩ ᠤᠨ ᠢᠯᠴᠢ ᠶᠢᠨ ᠴᠠᠬᠢᠯᠭᠠᠨ ᠤ ᠬᠢᠵᠠᠭᠠᠷᠲᠤ ᠺᠣᠮᠫᠠᠨᠢ ᠵᠡᠷᠭᠡ 5 ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠡᠨᠧᠷᠭᠢ ᠠᠷᠪᠢᠯᠠᠬᠤ ᠣᠨᠣᠰᠢᠯᠠᠯᠲᠠ ᠶᠢᠨ ᠦᠢᠯᠡᠴᠢᠯᠡᠭᠡᠨ ᠳᠤ ᠣᠷᠣᠯᠴᠠᠭᠤᠯᠵᠤ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠰᠠᠨᠠᠭᠤᠯᠭ᠎ᠠ ᠪᠠ ᠲᠥᠰᠥᠯ ᠢ ᠳᠤᠷᠠᠳᠤᠨ ᠭᠠᠷᠭᠠᠭᠰᠠᠨ ᠪᠠᠶᠢᠨ᠎ᠠ᠃ ᠳ᠋ᠦᠩᠱᠧᠩ ᠲᠣᠭᠤᠷᠢᠭ ᠤᠨ ᠡᠬᠢ ᠪᠠᠶᠠᠯᠢᠭ ᠭᠠᠵᠠᠷ ᠨᠤᠲᠤᠭ ᠤᠨ ᠪᠠᠶᠢᠳᠠᠯ᠂ ᠠᠵᠤ ᠦᠢᠯᠡᠰ ᠤᠨ   ᠪᠠᠶᠢᠷᠢᠰᠢᠭᠤᠯᠤᠯ᠂ ᠬᠥᠭᠵᠢᠯᠲᠡ ᠶᠢᠨ ᠱᠠᠲᠤ ᠦᠶ᠎ᠡ ᠵᠡᠷᠭᠡ ᠲᠠᠢ ᠤᠶᠠᠯᠳᠤᠭᠤᠯᠤᠨ᠂ ᠳ᠋ᠦᠩᠱᠧᠩ ᠲᠣᠭᠤᠷᠢᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ ᠠᠵᠢᠯᠯᠠᠭᠠᠨ ᠤ ᠲᠥᠰᠥᠯ ᠢ ᠲᠥᠯᠥᠪᠯᠡᠨ ᠲᠤᠭᠲᠠᠭᠠᠵᠠᠢ᠃ 2022 ᠣᠨ ᠤ ᠲᠦᠷᠦᠭᠦᠸ ᠭᠤᠷᠪᠠᠨ ᠤᠯᠠᠷᠢᠯ ᠳᠤ᠂ ᠳ᠋ᠦᠩᠱᠧᠩ ᠲᠣᠭᠤᠷᠢᠭ ᠤᠨ ᠪᠥᠬᠦ ᠨᠡᠶᠢᠭᠡᠮ ᠤᠨ ᠡᠨᠧᠷᠭᠢ ᠬᠡᠷᠡᠭᠯᠡᠭᠰᠡᠨ ᠶᠡᠷᠦᠩᠬᠡᠢ ᠬᠡᠮᠵᠢᠶ᠎ᠡ ᠨᠢ 148.88 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.37% ᠪᠠᠭᠤᠷᠠᠵᠤ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠠᠳᠠᠯᠢ ᠬᠤᠭᠤᠴᠠᠭᠠᠨ ᠤ  ᠬᠢ ᠠᠴᠠ 6.43% ᠪᠠᠭᠤᠷᠠᠪᠠ᠃     ᠠᠮᠢ ᠠᠬᠤᠢ ᠶᠢᠨ ᠬᠠᠮᠠᠭᠠᠯᠠᠯᠲᠠ ᠶᠢᠨ ᠡᠷᠴᠢᠮ ᠤᠯᠠᠮ ᠨᠢᠭᠡ ᠠᠯᠬᠤᠮ ᠴᠢᠩᠭᠠᠷᠠᠪᠠ᠃ ᠣᠶ ᠰᠢᠭᠤᠢ ᠶᠢᠨ ᠳᠠᠷᠤᠭ᠎ᠠ ᠶᠢᠨ ᠳᠦᠷᠢᠮ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠪᠡᠭᠡᠵᠢᠩ ᠲᠢᠶᠠᠨᠵᠢᠨ ᠤ ᠡᠯᠡᠰᠦᠨ ᠰᠢᠭᠤᠷᠭ᠎ᠠ ᠶᠢᠨ ᠡᠬᠢ ᠶᠢ ᠵᠠᠰᠠᠬᠤ᠂ ᠣᠶ ᠰᠢᠭᠤᠢ ᠶᠢᠨ ᠤᠷᠭᠤᠮᠠᠯ ᠬᠤᠴᠢᠯᠭ᠎ᠠ ᠶᠢ ᠰᠡᠷᠭᠦᠭᠡᠬᠦ᠂ ᠪᠥᠬᠦ ᠠᠷᠠᠳ ᠢᠶᠠᠷ ᠢᠶᠠᠨ ᠠᠯᠪᠠᠨ ᠵᠢᠷᠤᠮ ᠢᠶᠠᠷ ᠮᠣᠳᠣ ᠳᠠᠷᠢᠬᠤ ᠵᠡᠷᠭᠡ ᠭᠤᠣᠯᠳᠠᠯᠭ᠎ᠠ ᠲᠠᠢ ᠣᠶ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ᠂ ᠬᠠᠨᠲᠠᠢ ᠶᠢᠨ ᠭᠤᠤᠯ᠂ ᠬᠠᠰᠢᠯᠭ᠎ᠠ ᠶᠢᠨ ᠭᠤᠣᠯ ᠵᠡᠷᠭᠡ ᠶᠢᠨ ᠲᠠᠪᠤᠨ ᠶᠡᠭᠡ ᠭᠤᠯᠳᠤᠩ ᠤᠨ ᠪᠠᠷᠢᠯᠭ᠎ᠠ ᠪᠠ ᠭᠤᠣᠯ ᠤᠨ ᠵᠠᠮ ᠤᠨ ᠵᠠᠰᠠᠯᠲᠠ ᠶᠢᠨ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ︽ᠳᠥᠷᠪᠡᠨ ᠲᠢᠭᠯᠢᠮ ᠦᠬᠡᠢ︾ ᠠᠰᠠᠭᠤᠳᠠᠯ ᠢ 224 ᠴᠡᠭᠴᠡᠯᠡᠨ ᠵᠠᠰᠠᠪᠠ᠃ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠰᠡᠷᠭᠦᠭᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠵᠠᠳᠠᠭᠠᠢ ᠨᠡᠭᠦᠷᠡᠰᠦᠨ ᠠᠭᠤᠷᠬᠠᠢ ᠶᠢ ᠳᠠᠬᠢᠨ  ᠨᠣᠭᠤᠭᠠᠷᠠᠭᠤᠯᠬᠤ ᠶᠢ 500 ᠾᠧᠺᠲ᠋ᠠᠷ ᠪᠡᠶᠡᠯᠡᠭᠦᠯᠵᠦ᠂ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠢ ᠪᠠᠷᠤᠭ 150 ᠾᠧᠺᠲ᠋ᠠᠷ ᠶᠡᠷᠦᠩᠬᠡᠶᠢᠯᠡᠨ  ᠵᠠᠰᠠᠵᠤ᠂ 13 ᠠᠭᠤᠷᠬᠠᠢ ᠶᠢᠨ ᠬᠤᠳᠳᠤᠭ ᠤᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠡᠭᠡᠭᠦᠯᠦᠨ ᠪᠥᠭᠯᠡᠵᠦ ᠲᠡᠭᠰᠢᠯᠡᠬᠦ ᠶᠢᠨ ᠬᠠᠮᠲᠤ 5362 ᠾᠧᠺᠲ᠋ᠠᠷ ᠤᠷᠭᠤᠮᠠᠯ ᠬᠤᠴᠢᠯᠭ᠎ᠠ ᠶᠢ ᠰᠡᠷᠭᠦᠭᠡᠪᠡ᠃ ᠤᠯᠤᠰ ᠤᠨ ᠲᠠᠰ ᠤᠨ ᠪᠣᠬᠢᠷᠳᠤᠯ ᠦᠭᠡᠢ ᠠᠭᠤᠷᠬᠠᠢ ᠶᠢ 3 ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠳᠦᠷ ᠪᠠᠷᠢᠮᠵᠢᠶᠠᠨ ᠤ ᠪᠣᠬᠢᠷᠳᠤᠯ ᠦᠭᠡᠢ ᠠᠭᠤᠷᠬᠠᠢ ᠶᠢ 1 ᠡᠭᠦᠳᠦᠨ ᠪᠠᠶᠢᠭᠤᠯᠵᠤ᠂ ᠳ᠋ᠦᠩᠱᠧᠩ ᠲᠣᠭᠤᠷᠢᠭ ᠤᠨ ᠪᠣᠬᠢᠷᠳᠤᠯ ᠦᠭᠡᠢ ᠠᠭᠤᠷᠬᠠᠢ ᠶᠢᠨ ᠨᠡᠶᠢᠲᠡᠯᠢᠭ ᠵᠢᠱᠢᠶ᠎ᠡ ᠦᠵᠡᠭᠦᠯᠬᠦ ᠣᠷᠣᠨ ᠢ 5 ᠡᠭᠦᠳᠦᠨ ᠪᠠᠶᠢᠭᠤᠯᠵᠠᠢ᠃ ᠪᠥᠬᠦ ᠵᠢᠯ ᠤᠨ ᠰᠢᠨ᠎ᠡ ᠪᠠᠷ ᠣᠶᠢᠵᠢᠭᠤᠯᠤᠭᠰᠠᠨ ᠲᠠᠯᠠᠪᠠᠶ 1.2 ᠲᠦᠮᠡᠨ ᠮᠦ ᠪᠤᠯᠵᠤ᠂ ᠣᠶ ᠰᠢᠭᠤᠢ ᠶᠢᠨ ᠠᠷᠠᠴᠢᠯᠠᠨ ᠪᠣᠶᠢᠵᠢᠭᠤᠯᠤᠭᠰᠠᠨ ᠲᠠᠯᠠᠪᠠᠶ 1 ᠲᠦᠮᠡᠨ ᠮᠦ ᠳᠤ ᠬᠦᠷᠴᠦ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯ ᠢ 90.3 ᠲᠦᠮᠡᠨ ᠰᠠᠭᠤᠷᠢ ᠪᠡᠶᠡᠯᠡᠭᠦᠯᠵᠦ᠂ ᠲᠤᠰ ᠣᠨ ᠤ ᠣᠶᠢᠵᠢᠭᠤᠯᠬᠤ ᠡᠭᠦᠷᠭᠡ ᠪᠠᠨ ᠪᠥᠬᠦ ᠲᠠᠯ᠎ᠠ ᠪᠠᠷ ᠪᠡᠶᠡᠯᠡᠭᠦᠯᠪᠡ᠃     ᠪᠣᠬᠢᠷᠳᠤᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠪᠡ᠃ ᠴᠠᠬᠢᠯᠭᠠᠨ ᠬᠦᠴᠦᠨ ᠤ ᠠᠵᠢᠯ ᠲᠥᠷᠥᠯ ᠤᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠦᠭᠡᠷᠡᠴᠢᠯᠡᠯᠲᠡ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠥᠬᠦ ᠲᠤᠭᠤᠷᠢᠭ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠨᠢ 92.4% ᠳᠤ ᠬᠥᠷᠪᠡ᠃  ᠬᠠᠰᠢᠯᠭ᠎ᠠ ᠶᠢᠨ ᠭᠤᠣᠯ ᠤᠨ ᠣᠭᠲᠣᠯᠣᠭᠠᠰᠤ ᠨᠢᠭᠤᠷ ᠤᠨ ᠤᠰᠤᠨ ᠤ ᠴᠢᠨᠠᠷ ᠤᠨ ᠲᠣᠭᠲᠠᠭᠤᠨ ᠪᠤᠰᠤ ᠪᠠᠶᠢᠳᠠᠯ ᠢ ᠴᠡᠭᠴᠡᠯᠡᠨ ᠵᠠᠰᠠᠬᠤ ᠠᠵᠢᠯ ᠢ ᠲᠣᠭᠲᠠᠭᠤᠨ ᠢᠶᠠᠷ ᠠᠬᠢᠭᠤᠯᠤᠨ᠂ ᠬᠤᠶᠢᠲᠤ ᠲᠡᠭᠦᠷᠭᠡ ᠵᠡᠷᠭᠡ ᠶᠢᠨ ᠣᠰᠣ ᠴᠡᠪᠡᠷᠰᠢᠭᠦᠯᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢᠨ ᠲᠦᠷᠦᠯ ᠵᠦᠢᠯ ᠢ ᠲᠦᠷᠭᠡᠳᠬᠡᠨ ᠪᠠᠶᠢᠭᠤᠯᠵᠤ᠂  ᠲᠦᠪᠯᠡᠷᠡᠩᠬᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠠᠮᠤᠷ ᠲᠦᠪᠰᠢᠨ ᠪᠠ ᠵᠢᠷᠤᠮᠵᠢᠭᠤᠯᠬᠤ ᠠᠵᠢᠯᠯᠠᠭ᠎ᠠ ᠶᠢ ᠪᠠᠶᠠᠯᠡᠬᠦᠯᠵᠡᠢ︔ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠪᠠ ᠲᠠᠭᠤᠨ ᠤ ᠣᠷᠴᠢᠨ ᠲᠣᠭᠤᠷᠢᠨ ᠤ ᠶᠠᠰᠤ ᠴᠢᠨᠠᠷ ᠨᠢ ᠦᠷᠭᠦᠯᠵᠢᠯᠡᠨ ᠰᠠᠶᠢᠵᠢᠷᠠᠭᠰᠠᠨ ᠪᠠᠶᠢᠳᠠᠯ ᠲᠠᠢ᠃ ︽ᠬᠠᠶᠠᠭᠳᠠᠮᠠᠯ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠮᠡᠳᠡᠭᠡ ᠵᠠᠩᠭᠢᠵᠢᠭᠤᠯᠤᠨ ᠬᠡᠷᠡᠭᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ 185 ᠬᠠᠶᠠᠭᠳᠠᠮᠠᠯ ᠪᠣᠳᠠᠰ ᠤᠨ ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠳᠤᠮᠳᠠᠴᠢ ᠪᠠᠷ 70% ᠳᠤ ᠬᠦᠷᠦᠭᠦᠯᠵᠦ᠂ ᠠᠶᠤᠯᠲᠠᠢ ᠬᠠᠶᠠᠭᠳᠠᠮᠠᠯ ᠪᠣᠳᠠᠰ ᠭᠠᠷᠭᠠᠬᠤ ᠠᠵᠤ ᠠᠬᠤᠶᠢᠯᠠᠯ ᠪᠠ ᠠᠶᠤᠯᠲᠠᠢ ᠬᠠᠶᠠᠭᠳᠠᠮᠠᠯ ᠪᠣᠳᠠᠰ ᠢ ᠡᠵᠡᠩᠨᠡᠬᠦ ᠨᠢᠭᠡᠴᠡ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠢᠨᠠᠨ ᠰᠢᠯᠭᠠᠨ ᠦᠨᠠᠯᠠᠯᠲᠠ ᠬᠢᠵᠦ᠂ ᠠᠶᠤᠯᠲᠠᠢ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠰᠢᠢᠳᠪᠦᠷᠢᠯᠡᠬᠦ ᠨᠣᠷᠮ᠎ᠠ ᠶᠢ 100% ᠳᠤ ᠬᠦᠷᠦᠬᠦᠯᠪᠡ᠃     ︵ᠲᠠᠪᠤ︶ ᠬᠤᠲᠠ ᠬᠥᠳᠡᠭᠡ ᠶᠢᠨ ᠳᠦᠷᠰᠦ ᠪᠠᠶᠢᠳᠠᠯ ᠢ ᠨᠡᠩ ᠦᠵᠡᠰᠬᠦᠯᠡᠩᠲᠦ ᠰᠠᠶᠢᠬᠠᠨ ᠪᠤᠯᠭᠠᠵᠠᠢ     ᠰᠠᠭᠤᠷᠢ ᠲᠥᠬᠦᠭᠡᠷᠦᠮᠵᠢ ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠪᠠ᠃ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠶᠡᠬᠡᠪᠡᠷ ᠠᠬᠢᠭᠤᠯᠵᠤ᠂ ᠬᠠᠩᠬᠢᠨ ᠵᠠᠮ ᠵᠡᠷᠭᠡ 3 ᠵᠤᠷᠪᠤᠰ ᠬᠤᠲᠠ ᠶᠢᠨ ᠵᠠᠮ ᠢ ᠥᠭᠡᠷᠡᠴᠢᠯᠡᠨ ᠰᠠᠶᠢᠵᠢᠷᠠᠭᠤᠯᠵᠤ᠂ ᠶᠢᠰᠦᠳᠦᠭᠡᠷ ᠨᠣᠮᠧᠷᠲᠤ ᠵᠠᠮ ᠵᠡᠷᠭᠡ 7 ᠵᠤᠷᠪᠤᠰ ᠵᠠᠮ ᠢ ᠰᠢᠨ᠎ᠡ ᠪᠠᠷ ᠪᠠᠶᠢᠭᠤᠯᠵᠤ ᠬᠤᠲᠠ ᠲᠣᠭᠤᠷᠢᠭ ᠤᠨ ︽ᠲᠠᠰᠤᠷᠬᠠᠢ ᠵᠠᠮ︾ ᠢ ᠨᠠᠪᠲᠠᠷᠡᠭᠦᠯᠵᠦ᠂ ᠦᠦᠷ ᠵᠠᠮ᠂ ᠨᠠᠷᠠᠰᠤᠨ ᠵᠠᠮ ᠵᠡᠷᠭᠡ 6 ᠵᠤᠷᠪᠤᠰ ᠴᠠᠬᠢᠯᠭᠠᠨ ᠱᠤᠭᠤᠮ ᠤᠨ ᠰᠠᠭᠤᠷᠢ ᠪᠠᠷᠢᠯᠭ᠎ᠠ ᠶᠢᠨ ᠢᠨᠵᠧᠨᠧᠷᠢᠩ ᠢ ᠪᠡᠶᠡᠯᠡᠬᠦᠯᠦᠨ᠂ G210 ᠱᠤᠭᠤᠮ ᠤᠨ ᠲᠡᠭᠡᠷᠮ᠎ᠡ ᠶᠢᠨ ᠰᠢᠯᠢ ᠶᠢᠨ ᠬᠤᠶᠢᠲᠤ ᠬᠡᠰᠡᠭ ᠠᠴᠠ ᠶᠤᠸᠠᠢ ᠵᠢᠶᠠ ᠬᠤᠤ ᠬᠦᠷᠬᠦ ︵ᠴᠠᠭᠠᠨ︶ ᠬᠡᠰᠡᠭ ᠤᠨ ᠱᠤᠭᠤᠮ ᠢ ᠥᠭᠡᠷᠡᠴᠢᠯᠡᠨ ᠵᠠᠰᠠᠬᠤ ᠢᠨᠵᠧᠨᠧᠷᠢᠩ ᠪᠠ X606 ᠴᠧᠩ ᠯᠢᠶᠠᠩ ᠠᠴᠠ ᠪᠤᠷᠵᠠᠩ ᠨᠠᠭᠤᠷ ᠪᠠᠯᠭᠠᠰᠤ ᠬᠦᠷᠬᠦ ︵ᠴᠠᠶᠢᠳᠠᠮ  ᠠᠴᠠ ᠱᠢ ᠫᠠᠨ ᠬᠦᠷᠬᠦ ᠬᠡᠰᠡᠭ ᠤᠨ︶ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠲᠦᠷᠦᠯ ᠵᠦᠢᠯ ᠢ ᠬᠡᠷᠡᠭᠵᠢᠭᠦᠯᠪᠡ᠃ 64 ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠭᠦᠬᠦ ᠬᠤᠷᠢᠶᠠᠨ ᠤ ᠰᠠᠭᠤᠭᠠᠯᠢ ᠲᠤᠭᠤᠷᠢᠭ᠂ ᠳ᠋ᠦᠩ ᠹᠠᠩ ᠰᠠᠭᠤᠭᠠᠯᠢ ᠲᠤᠭᠤᠷᠢᠭ ᠵᠡᠷᠭᠡ 55 ᠬᠠᠭᠤᠴᠢᠨ ᠰᠠᠭᠤᠭᠠᠯᠢ ᠲᠤᠭᠤᠷᠢᠭ ᠤᠨ ᠭᠠᠵᠠᠷ ᠳᠣᠣᠷᠠᠬᠢ ᠭᠤᠷᠪᠠᠨ ᠲᠣᠣᠷ᠂ ᠵᠠᠮ ᠤᠨ ᠭᠠᠳᠠᠷᠭᠤ ᠶᠢ ᠬᠠᠲᠠᠭᠤᠷᠠᠭᠤᠯᠬᠤ ᠵᠢᠴᠢ ᠰᠠᠭᠤᠭᠠᠯᠢ ᠲᠤᠭᠤᠷᠢᠭ ᠤᠨ ᠤᠯᠠᠨ ᠨᠡᠶᠢᠲᠡ ᠶᠢᠨ ᠲᠣᠭᠤᠷᠢᠭ ᠢ ᠰᠡᠯᠪᠢᠨ ᠵᠠᠰᠠᠬᠤ ᠵᠡᠷᠭᠡ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢ ᠰᠡᠯᠪᠢᠨ ᠵᠠᠰᠠᠵᠤ ᠥᠭᠡᠷᠡᠴᠢᠯᠡᠨ᠂ ᠰᠢᠭᠦᠬᠦ ᠬᠤᠷᠢᠶᠠᠨ ᠤ ᠬᠤᠷᠢᠶᠠᠯᠠᠯ ᠵᠡᠷᠭᠡ 52 ᠬᠠᠭᠤᠴᠢᠨ ᠬᠤᠷᠢᠶᠠᠯᠠᠯ ᠳᠤ ᠡᠨᠧᠷᠭᠢ ᠠᠷᠪᠢᠯᠠᠬᠤ ᠥᠭᠡᠷᠡᠴᠢᠯᠡᠯᠲᠡ ᠬᠢᠵᠦ᠂ ᠭᠤᠤᠯᠳᠠᠯᠭᠠᠲᠤ ᠡᠮᠨᠡᠯᠭᠡ ᠶᠢᠨ ᠬᠤᠷᠢᠶᠠᠨ ᠤ ᠭᠡᠷ ᠪᠦᠯᠢ ᠶᠢᠨ ᠠᠰᠠᠷ᠂ ᠢ ᠯᠢ ᠬᠤᠳᠠ ᠶᠢᠨ ᠴᠡᠴᠡᠷᠯᠢᠭ ᠵᠡᠷᠭᠡ 4 ᠰᠠᠭᠤᠭᠠᠯᠢ ᠲᠤᠭᠤᠷᠢᠭ ᠤᠨ 11 ᠴᠠᠬᠢᠯᠭᠠᠨ ᠱᠠᠲᠤ ᠶᠢ ᠨᠡᠮᠡᠵᠦ ᠤᠭᠰᠠᠷᠠᠬᠤ ᠠᠵᠢᠯ ᠢ ᠪᠡᠶᠡᠯᠡᠭᠦᠯᠪᠡ᠃ ᠬᠤᠲᠠ ᠶᠢᠨ ᠬᠤᠷ᠎ᠠ ᠣᠰᠣᠨ ᠤ ᠲᠤᠬᠢᠲᠠᠢ ᠠᠰᠢᠭᠯᠠᠯᠲᠠ ᠶᠢᠨ ᠵᠢᠱᠢᠶ᠎ᠡ ᠦᠵᠡᠭᠦᠯᠬᠦ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠥᠷᠪᠡᠨ ᠬᠦᠨᠳᠡᠯᠡᠨ ᠵᠠᠮ ᠤᠨ ᠬᠤᠶᠠᠷ ᠬᠠᠵᠠᠭᠤ ᠶᠢᠨ ᠵᠦᠯᠭᠡᠯᠢᠭ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ 5 ᠬᠤᠲᠠ ᠶᠢᠨ ᠴᠡᠴᠡᠷᠯᠢᠭ ᠪᠠ ᠵᠦᠯᠭᠡᠯᠢᠭ ᠭᠠᠵᠠᠷ ᠤᠨ ᠥᠭᠡᠷᠡᠴᠢᠯᠡᠯᠲᠡ ᠶᠢᠨ ᠲᠥᠷᠥᠯ ᠵᠦᠢᠯ‌ᠢ ᠬᠡᠷᠡᠭᠵᠢᠬᠦᠯᠦᠨ᠂ ᠬᠤᠲᠠ ᠶᠢᠨ ᠰᠠᠭᠤᠷᠢᠰᠢᠬᠤ ᠳᠤ ᠲᠣᠬᠢᠷᠠᠮᠵᠢᠲᠠᠢ ᠴᠢᠨᠠᠷ ᠢ ᠪᠦᠲᠦᠮᠵᠢᠲᠡᠶ ᠳᠡᠭᠡᠭᠰᠢᠯᠡᠭᠦᠯᠪᠡ᠃     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠡᠭᠡᠷ᠎ᠡ ᠦᠷᠭᠦᠯᠵᠢᠯᠡᠨ ᠬᠦᠴᠦᠯᠡᠪᠡ᠃ 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠬᠦᠯᠵᠢᠯᠡᠨ ᠠᠬᠢᠭᠤᠯᠬᠤ ᠪᠡᠯᠡ ᠮᠥᠩᠭᠦ ᠶᠢᠨ ᠶᠡᠷᠦᠩᠬᠡᠢ ᠬᠡᠮᠵᠢᠶ᠎ᠡ ᠨᠢ 1956 ᠲᠦᠮᠡ ᠳᠤ ᠬᠦᠷᠴᠦ᠂ ᠠᠵᠤ ᠦᠢᠯᠡᠰ ᠤᠨ ᠲᠥᠷᠥᠯ ᠵᠦᠢᠯ ᠳᠤ ᠣᠷᠣᠭᠤᠯᠤᠭᠰᠠᠨ ᠪᠡᠯᠡ ᠮᠥᠩᠭᠦ ᠶᠢᠨ ᠬᠡᠮᠵᠢᠶ᠎ᠡ ᠨᠢ 1489.42 ᠲᠦᠮᠡᠨ ᠲᠥᠭᠦᠷᠢᠭ ᠪᠠᠶᠢᠵᠤ᠂ ᠣᠷᠣᠭᠤᠯᠤᠯᠲᠠ ᠶᠢᠨ ᠬᠠᠷᠢᠴᠠᠯ ᠨᠢ 76.1% ᠬᠦᠷᠦᠨ᠂ 84 ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠡᠵᠡᠩᠨᠡᠯᠲᠡ ᠶᠢᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ ᠲᠡᠳᠬᠦᠨ ᠪᠣᠶᠢᠵᠢᠭᠤᠯᠵᠤ᠂ ᠹᠧᠩ ᠢᠦᠢ ᠱᠧᠩ ᠤᠨ ᠭᠠᠭ᠋ᠠᠢ ᠲᠡᠵᠢᠭᠡᠨ ᠦᠷᠡᠵᠢᠭᠦᠯᠬᠦ ᠲᠥᠷᠥᠯ ᠵᠦᠢᠯ᠂ ᠸᠠᠨ ᠮᠦ ᠶᠤᠸᠠᠨ ᠪᠤᠷᠴᠠ ᠶᠢᠨ ᠦᠢᠯᠡᠳᠪᠦᠷᠢ ᠶᠢᠨ ᠲᠠᠰᠤᠭ ᠢ ᠦᠷᠭᠦᠯᠵᠢᠯᠡᠨ ᠪᠠᠶᠢᠭᠤᠯᠬᠤ ᠲᠥᠷᠥᠯ ᠵᠦᠢᠯ᠂ ᠳ᠋ᠦᠩᠱᠧᠩ ᠲᠣᠭᠤᠷᠢᠭ ᠤᠨ ᠣᠲᠣ ᠦᠶ᠎ᠡ ᠶᠢᠨ ᠥᠨᠳᠥᠷ ᠦᠷ᠎ᠡ ᠠᠰᠢᠭᠲᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠵᠡᠷᠭᠡ ᠭᠤᠷᠪᠠᠨ 500 ᠲᠦᠮᠡᠨ ᠲᠥᠭᠦᠷᠢᠭ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠲᠥᠷᠥᠯ ᠵᠦᠢᠯ‌‍ᠦᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠠᠢ᠃ ︽ᠤᠷᠢᠳᠴᠢᠯᠠᠨ ᠬᠢᠭᠰᠡᠨ ᠨᠣᠭᠤᠭ᠎ᠠ︾ ᠶᠢᠨ ᠠᠵᠤ ᠦᠢᠯᠡᠰ ᠢ ᠰᠢᠨ᠎ᠡ ᠪᠠᠷ ᠡᠬᠦᠳᠦᠨ ᠪᠠᠶᠢᠭᠤᠯᠪᠠ᠃ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠱᠧ ᠵᠢᠶᠠ ᠯᠢᠶᠠᠩ ᠲᠣᠰᠬᠤᠨ ᠢ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠪᠣᠯᠭᠠᠬᠤ ᠪᠠᠷ ᠲᠣᠭᠲᠠᠭᠠᠵᠤ᠂ 5000 ᠮᠦ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠨᠡᠶᠢᠯᠡᠭᠦᠯᠦᠨ ᠳᠡᠯᠭᠡᠷᠡᠭᠦᠯᠬᠦ ᠡᠭᠦᠷᠭᠡ ᠶᠢ ᠪᠡᠶᠡᠯᠡᠭᠦᠯᠵᠦ᠂ ᠪᠤᠷᠵᠠᠩ ᠨᠠᠭᠤᠷ ᠪᠠᠯᠭᠠᠰᠤᠨ ᠳᠤ 3000 ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠬᠦᠯᠦᠭᠰᠡᠨ ᠪᠠᠶᠢᠨ᠎ᠠ᠃ᠬᠤᠲᠠ ᠶᠢᠨ ᠬᠠᠮᠢᠶᠠᠷᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠪᠡ᠃ ᠴᠡᠴᠡᠷᠯᠢᠭᠵᠢᠬᠦᠯᠦᠯᠲᠡ ᠨᠣᠭᠤᠭᠠᠷᠠᠭᠤᠯᠤᠯᠲᠠ ᠶᠢ ᠨᠠᠷᠢᠯᠢᠭᠵᠢᠭᠤᠯᠤᠨ ᠴᠡᠭᠴᠡᠯᠡᠨ ᠵᠠᠰᠠᠵᠤ ᠱᠠᠲᠤ ᠬᠤᠪᠢᠶᠠᠨ ᠠᠷᠠᠴᠢᠯᠠᠨ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠵᠢᠩ ᠱᠠᠨ ᠴᠡᠴᠡᠷᠯᠢᠭ᠂ ᠪᠠᠶᠠᠨ ᠴᠡᠴᠡᠷᠯᠢᠭ ᠵᠢᠴᠢ ᠵᠡᠭᠦᠨ ᠪᠡᠶ᠎ᠡ ᠶᠢᠨ ᠥᠷᠭᠡᠷᠢᠭ ᠳᠥᠷᠪᠡᠨ ᠵᠠᠮ ᠤᠨ ᠬᠤᠶᠠᠷ ᠬᠠᠵᠠᠭᠤ ᠶᠢᠨ ᠵᠦᠯᠭᠡᠯᠢᠭ ᠭᠠᠵᠠᠷ ᠵᠡᠷᠭᠡ 3 ᠨᠡᠶᠢᠭᠡᠮ ᠲᠣᠭᠤᠷᠢᠭ ᠤᠨ ᠴᠡᠴᠡᠷᠯᠢᠭ‌‍ᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠳ᠋ᠥᠩ ᠮᠧᠢ  ᠰᠠᠭᠤᠭᠠᠯᠢ ᠲᠤᠭᠤᠷᠢᠭ᠂ ᠮᠧᠶ ᠵᠦ ᠴᠡᠴᠡᠷᠯᠢᠭ ᠲᠠᠬᠢ 2 ᠪᠦᠰᠡᠯᠢᠭ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠬᠦᠯᠦᠨ᠂ 200 ᠲᠦᠮᠡᠨ ᠲᠡᠭᠰᠢ ᠳᠥᠷᠪᠡᠯᠵᠢᠨ ᠮᠧᠲᠷ ᠤᠨ ᠵᠦᠯᠭᠡᠯᠢᠭ ᠭᠠᠵᠠᠷ ᠢ ᠰᠢᠨ᠎ᠡ ᠪᠠᠷ ᠨᠡᠮᠡᠭᠳᠡᠭᠦᠯᠦᠭᠰᠡᠨ ᠪᠠ ᠥᠭᠡᠷᠡᠴᠢᠯᠡᠨ ᠰᠠᠶᠢᠵᠢᠷᠠᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠥᠨᠳᠥᠷ ᠪᠠᠷᠢᠮᠵᠢᠶ᠎ᠠ ᠪᠠᠷ ᠲᠦᠯᠬᠢᠨ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢᠨ ᠴᠡᠭ ᠢ 200 ᠪᠠᠶᠢᠭᠤᠯᠤᠨ᠂ ᠬᠤᠭ ᠨᠣᠪᠰᠢ ᠶᠢ ᠲᠦᠷᠦᠯ ᠬᠤᠪᠢᠶᠠᠬᠤ ᠲᠤᠬᠠᠢ ᠣᠯᠠᠨ ᠲᠦᠮᠡᠨ ᠤ ᠨᠡᠶᠢᠳᠡᠮ ᠮᠡᠳᠡᠬᠦ ᠨᠣᠷᠮ᠎ᠠ ᠶᠢ 97% ᠳᠤ ᠬᠦᠷᠭᠡᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠣᠨᠣᠪᠴᠢ ᠶᠢᠨ ᠨᠣᠷᠮ᠎ᠠ ᠨᠢ 65% ᠪᠤᠯᠵᠤ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠨᠣᠷᠮ᠎ᠠ ᠨᠢ 100% ᠳᠤ ᠬᠦᠷᠴᠦ᠂ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠢ ᠪᠣᠯᠭᠠᠨ ᠰᠢᠢᠳᠪᠦᠷᠢᠯᠡᠬᠦ ᠨᠣᠷᠮ᠎ᠠ ᠨᠢ 100% ᠳᠤ ᠬᠦᠷᠦᠭᠰᠡᠨ ᠪᠠᠶᠢᠨ᠎ᠠ᠃ ᠰᠢᠨᠵᠢᠯᠡᠭᠡ ᠮᠡᠷᠭᠡᠵᠢᠯ ᠤᠨ ᠬᠤᠲᠠ ᠶᠢᠨ ᠬᠠᠮᠢᠶᠠᠷᠤᠯᠲᠠ ᠶᠢ ᠬᠠᠶᠢᠨ ᠰᠦᠪᠡᠭᠴᠢᠯᠡᠵᠦ᠂ ᠬᠤᠲᠠ ᠶᠢᠨ ︽ᠦᠵᠡᠭᠳᠡᠬᠦᠶᠢᠴᠡ︾ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ 2051 ᠵᠦᠢᠯ ᠢ ᠵᠠᠪᠳᠤᠨ ᠰᠡᠭᠦᠳᠡᠷᠯᠡᠬᠦ ᠪᠠᠷ ᠳᠠᠮᠵᠢᠭᠤᠯᠤᠨ ᠬᠡᠷᠡᠭ ᠪᠣᠯᠭᠠᠨ ᠳᠡᠩᠰᠡᠯᠡᠵᠦ᠂ 1949 ᠵᠦᠢᠯ ᠤᠨ ᠬᠡᠷᠡᠭ ᠢ ᠰᠢᠢᠳᠪᠦᠷᠢᠯᠷᠨ ᠳᠠᠭᠤᠰᠬᠠᠵᠤ᠂ ᠬᠡᠷᠡᠭ ᠪᠣᠯᠭᠠᠨ ᠳᠠᠩᠰᠠᠯᠠᠭᠰᠠᠨ ᠨᠣᠷᠮ᠎ᠠ ᠶᠢ 100% ᠳᠤ        ᠬᠦᠷᠭᠡᠪᠡ᠃     ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠶᠠᠷ ᠵᠢᠷᠭᠠᠯᠲᠤ ᠰᠡᠳᠬᠢᠭᠳᠡᠯ ᠢ ᠲᠣᠭᠲᠠᠭᠤᠨ ᠢᠶᠠᠷ ᠨᠡᠮᠡᠭᠳᠡᠬᠦᠯᠵᠡᠢ     ᠠᠵᠢᠯ ᠣᠯᠭᠤᠯᠲᠠ ᠦᠢᠯᠡᠰ ᠪᠤᠰᠬᠠᠯᠲᠠ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠬᠦᠯᠪᠡ᠃ ᠠᠵᠢᠯ ᠣᠯᠭᠤᠬᠤ ᠦᠢᠯᠡᠴᠢᠯᠡᠭᠡᠨ ᠤ ᠡᠭᠦᠯᠡᠨ ᠲᠠᠪᠴᠠᠩ ᠪᠠ ᠠᠵᠢᠯ  ᠣᠯᠭᠤᠯᠲᠠ ᠦᠢᠯᠡᠰ ᠪᠤᠰᠬᠠᠯᠲᠠ ᠶᠢᠨ ᠦᠢᠯᠡᠴᠢᠯᠡᠭᠡᠨ ᠤ ᠲᠥᠪ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠠᠢ᠃ ᠬᠠᠪᠤᠷ ᠤᠨ ᠣᠯᠠᠷᠢᠯ ᠤᠨ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠠᠵᠢᠯᠯᠠᠭ᠎ᠠ᠂ ᠠᠬᠤᠢ ᠲᠠᠯᠠᠪᠠᠢ ᠶᠢᠨ ᠠᠵᠢᠯᠲᠠᠨ ᠡᠯᠰᠡᠬᠦ ᠠᠵᠢᠯᠯᠠᠭ᠎ᠠ᠂ ᠣᠯᠠᠨ ᠨᠡᠶᠢᠲᠡ ᠶᠢᠨ ᠲᠠᠪᠴᠠᠩ ᠢᠶᠠᠷ ᠠᠵᠢᠯᠴᠢᠨ ᠡᠯᠰᠡᠬᠦ ᠠᠵᠢᠯ ᠤᠨ ᠪᠠᠶᠢᠷᠢ ᠶᠢ ᠨᠡᠶᠢᠲᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 4.7 ᠲᠦᠮᠡ ᠭᠠᠷᠤᠢ ᠠᠵᠢᠯ ᠤᠨ ᠪᠠᠶᠢᠷᠢ ᠶᠢ ᠬᠠᠩᠭᠠᠭᠰᠠᠨ ᠪᠠᠶᠢᠨ᠎ᠠ᠃ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠠᠩᠭᠢ ᠶᠢ 8 ᠬᠤᠭᠤᠴᠠᠭ᠎ᠠ ᠥᠷᠨᠢᠭᠦᠯᠵᠦ᠂ 233 ᠠᠵᠢᠯ ᠠᠯᠳᠠᠭᠰᠠᠳ ᠢ ᠪᠤᠯᠪᠠᠰᠣᠷᠠᠭᠤᠯᠤᠨ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠪᠠᠷᠤᠭ 1109.51 ᠲᠦᠮᠡᠨ ᠲᠥᠭᠦᠷᠢᠭ ᠲᠠᠷᠬᠠᠭᠠᠵᠤ᠂ ᠠᠵᠢᠯ ᠠᠯᠳᠠᠭᠰᠠᠳ ᠤᠨ ᠨᠥᠬᠦᠪᠦᠷᠢ ᠮᠥᠩᠭᠦ ᠶᠢ ᠪᠠᠷᠤᠭ 1028.08 ᠲᠦᠮᠡᠨ ᠲᠥᠭᠦᠷᠢᠭ  ᠲᠠᠷᠬᠠᠭᠠᠨ᠂ ᠠᠩᠬ᠎ᠠ ᠤᠳᠠᠭ᠎ᠠ ᠵᠡᠮᠳᠡᠭᠴᠦᠳ ᠲᠤ ᠬᠠᠨᠳᠤᠭᠤᠯᠤᠨ ᠰᠦᠯᠵᠢᠶ᠎ᠡ ᠳᠡᠭᠡᠷ᠎ᠡ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠠᠩᠭᠢ ᠶᠢ ᠥᠷᠨᠢᠭᠦᠯᠵᠦ᠂ ᠨᠡᠶᠢᠲᠡ 29 ᠵᠡᠮᠳᠡᠭ ᠬᠥᠮᠥᠨ ᠣᠷᠣᠯᠴᠠᠵᠠᠢ᠃ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠬᠦᠦ ᠮᠦᠩᠬᠦ ᠶᠢ ᠣᠷᠣᠯᠠᠨ ᠦᠭᠬᠦ ᠪᠠᠷ ᠳᠠᠮᠵᠢᠭᠤᠯᠤᠨ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠵᠦ᠂ 77 ᠠᠳᠠᠯ ᠦᠢᠯᠡᠰ ᠴᠣᠭᠴᠠᠯᠠᠭᠴᠢ ᠳᠤ 1430 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠵᠤ᠂ 2 ᠵᠢᠵᠢᠭ ᠠᠵᠤ ᠠᠬᠤᠶᠢᠯᠠᠯ ᠳᠤ 260 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠪᠠ᠃ 5217 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.19% ᠪᠤᠯᠭᠠᠨ ᠬᠢᠵᠠᠭᠠᠷᠯᠠᠪᠠ᠃     ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠭᠦᠢᠴᠡᠳ ᠪᠠᠲᠤᠯᠠᠭᠠᠵᠢᠭᠤᠯᠪᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠪᠥᠬᠦ ᠲᠤᠭᠤᠷᠢᠭ ᠤᠨ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ 14.18 ᠲᠦᠮᠡᠨ ᠬᠥᠮᠥᠨ ᠣᠷᠣᠯᠴᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ 3.94 ᠲᠦᠮᠡᠨ ᠬᠥᠮᠥᠨ ᠣᠷᠣᠯᠴᠠᠨ᠂ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ ᠳᠤ 8.92 ᠲᠦᠮᠡᠨ ᠬᠥᠮᠥᠨ ᠣᠷᠣᠯᠴᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠳᠤ 20.2 ᠲᠦᠮᠡᠨ ᠬᠥᠮᠥᠨ ᠣᠷᠣᠯᠴᠠᠵᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ 8.34 ᠲᠦᠮᠡᠨ ᠬᠥᠮᠥᠨ ᠣᠷᠣᠯᠴᠠᠵᠤ᠂ ᠠᠵᠢᠯ ᠠᠯᠳᠠᠭᠰᠠᠳ ᠤᠨ ᠳᠠᠭᠠᠳᠬᠠᠯ ᠳᠤ 7.1 ᠲᠦᠮᠡᠨ ᠬᠥᠮᠥᠨ ᠣᠷᠣᠯᠴᠠᠵᠠᠢ᠃ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠤᠲᠠ ᠶᠢᠨ  ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠭᠡᠳ ᠬᠥᠮᠥᠨ ᠪᠦᠷᠢ ᠰᠠᠷ᠎ᠠ ᠳᠤ 900 ᠲᠥᠭᠦᠷᠢᠭ ︵7.1%  ᠪᠠᠷ ᠨᠡᠮᠡᠭᠳᠡᠪᠡ︶ ᠪᠣᠯᠭᠠᠵᠤ᠂ ᠬᠥᠳᠡᠭᠡ ᠲᠣᠰᠬᠤᠨ ᠤ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠥᠨ ᠪᠦᠷᠢ ᠵᠢᠯ ᠳᠤ 7800 ᠲᠥᠭᠦᠷᠢᠭ ︵8.3% ᠪᠠᠷ ᠨᠡᠮᠡᠭᠳᠡᠪᠡ︶ ᠪᠣᠯᠭᠠᠨ ᠳᠡᠭᠡᠭᠰᠢᠯᠡᠭᠦᠯᠵᠦ᠂ ᠬᠤᠲᠠ ᠶᠢᠨ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠤᠨ ᠠᠰᠠᠷᠠᠮᠵᠢ ᠶᠢᠨ ᠪᠠᠷᠢᠮᠵᠢᠶ᠎ᠠ ᠶᠢ ᠬᠥᠮᠥᠨ ᠪᠦᠷᠢ ᠰᠠᠷ᠎ᠠ ᠳᠤ 1700 ᠲᠥᠭᠦᠷᠢᠭ ︵6.25% ᠪᠠᠷ ᠨᠡᠮᠡᠭᠳᠡᠪᠡ︶ ᠪᠣᠯᠭᠠᠵᠤ᠂ ᠬᠥᠳᠡᠭᠡ ᠲᠣᠰᠬᠤᠨ ᠤ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠤᠨ ᠠᠰᠠᠷᠠᠮᠵᠢ ᠶᠢᠨ ᠪᠠᠷᠢᠮᠵᠢᠶ᠎ᠠ ᠶᠢ ᠬᠥᠮᠥᠨ ᠪᠦᠷᠢ ᠵᠢᠯ ᠳᠤ 11700 ᠲᠥᠭᠦᠷᠢᠭ ︵7.14% ᠨᠡᠮᠡᠭᠳᠡᠪᠡ︶ ᠪᠤᠯᠭᠠᠨ᠂ ᠣᠨᠴᠠ ᠬᠦᠴᠢᠷᠳᠡᠯᠲᠡᠢ ᠬᠥᠮᠥᠰ ᠲᠤ 738.327 ᠲᠦᠮᠡᠨ ᠲᠥᠭᠦᠷᠢᠭ ᠤᠨ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠮᠥᠩᠭᠦ ᠶᠢ ᠲᠠᠷᠬᠠᠭᠠᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠦᠲᠦᠮᠵᠢᠲᠡᠶ ᠪᠠᠲᠤᠯᠠᠪᠠ᠃     ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠲᠠᠰᠤᠷᠠᠯᠲᠠ ᠦᠬᠡᠢ ᠲᠡᠬᠦᠯᠳᠡᠷᠵᠢᠬᠦᠯᠵᠡᠢ᠃ ᠪᠥᠬᠦ ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠠᠭᠤᠷᠢ ᠲᠦᠬᠦᠭᠡᠷᠦᠮᠵᠢ ᠶᠢᠨ ᠪᠠᠶᠢᠷᠢᠰᠢᠭᠤᠯᠤᠯᠲᠠ ᠶᠢ ᠳᠠᠬᠢᠨ ᠲᠥᠯᠥᠪᠵᠢᠭᠦᠯᠵᠦ᠂ ᠨᠡᠶᠢᠭᠡᠮ ᠲᠣᠭᠤᠷᠢᠭ ᠲᠤ ᠨᠠᠰᠤᠲᠠᠶᠢᠴᠤᠳ ᠲᠤ ᠦᠢᠯᠡᠴᠢᠯᠡᠬᠦ ᠲᠥᠪ᠂ ᠨᠠᠰᠤᠲᠠᠶᠢᠴᠤᠳ ᠤᠨ ᠡᠳᠦᠷ ᠲᠤᠲᠤᠮ ᠤᠨ ᠠᠰᠠᠷᠠᠨ ᠬᠠᠷᠠᠭᠠᠯᠵᠠᠬᠤ ᠲᠥᠪ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠬᠤᠭᠤᠯᠠ ᠲᠤᠰᠠᠯᠠᠬᠤ ᠦᠢᠯᠡᠴᠢᠯᠡᠭᠡᠨ ᠤ ᠴᠡᠭ ᠵᠡᠷᠭᠡ ᠳᠤ 1500 ᠮᠧᠲᠷ ᠤᠨ ᠬᠡᠪᠴᠢᠶᠡᠨ ᠲᠤᠲᠤᠷᠠᠬᠢ ᠦᠢᠯᠡᠴᠢᠯᠡᠭᠡ ᠲᠤᠬᠢᠷᠠᠭᠤᠯᠵᠠᠢ᠃ 15 ᠮᠢᠨᠦ᠋ᠲ ᠤᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠤᠷᠢᠭ ᠢ ᠪᠠᠶᠢᠭᠤᠯᠵᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠦᠢᠯᠡᠴᠢᠯᠡᠬᠦ ᠦᠢᠯᠡᠴᠢᠯᠡᠭᠡᠨ ᠤ ᠲᠥᠪ ᠢ ᠪᠠᠶᠢᠭᠤᠯᠬᠤ ᠶᠢ ᠰᠦᠪᠡᠭᠴᠢᠯᠡᠵᠦ᠂ ᠲᠣᠭᠤᠷᠢᠭ ᠤᠨ ᠲᠡᠰ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ 1 ᠪᠠᠶᠢᠭᠤᠯᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠰᠤᠲᠠᠶᠢᠴᠤᠳ ᠲᠤ ᠦᠢᠯᠡᠴᠢᠯᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ 12 ᠪᠠᠶᠢᠭᠤᠯᠵᠤ᠂ ᠪᠦᠬᠦ ᠲᠤᠭᠤᠷᠢᠭ ᠢ ᠬᠠᠮᠤᠷᠤᠭᠰᠠᠨ ︽1+12+N︾ ᠭᠤᠤᠯᠳᠠᠯᠭᠠᠲᠤ ᠬᠤᠳᠠ ᠲᠣᠭᠤᠷᠢᠭ ᠤᠨ ᠭᠤᠷᠪᠠᠨ ᠳᠡᠰ ᠤᠨ ᠨᠠᠰᠤᠵᠢᠯ ᠤᠨ ᠠᠰᠠᠷᠠᠮᠵᠢ ᠶᠢᠨ ᠰᠦᠯᠵᠢᠶᠡᠨ ᠤ ᠰᠢᠰᠲ᠋ᠧᠮ ᠢ ᠪᠠᠶᠢᠭᠤᠯᠪᠠ᠃ ᠤᠤᠯ ᠤᠨ ᠪᠤᠷᠵᠠᠩ ᠨᠠᠭᠤᠷ ᠤᠨ ᠨᠠᠰᠤᠲᠠᠨ ᠢ ᠠᠰᠠᠷᠠᠬᠤ ᠬᠦᠷᠢᠶᠡᠯᠡᠩ ᠢ ᠳ᠋ᠦᠩᠱᠧᠩ ᠲᠣᠭᠤᠷᠢᠭ ᠤᠨ  ᠪᠤᠷᠵᠠᠩ ᠨᠠᠭᠤᠷ ᠤᠨ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠬᠤ ᠲᠥᠪ ᠪᠣᠯᠭᠠᠨ ᠥᠭᠡᠷᠡᠴᠢᠯᠡᠨ ᠪᠠᠶᠢᠭᠤᠯᠵᠤ᠂ ᠬᠥᠳᠡᠭᠡ ᠲᠣᠰᠬᠤᠨ ᠤ ᠨᠠᠰᠤᠵᠢᠯ ᠤᠨ ᠦᠢᠯᠡᠴᠢᠯᠡᠭᠡᠨ ᠤ ᠦᠨᠳᠦᠰᠦᠨ ᠵᠦᠢᠯ ᠢ ᠪᠠᠲᠤᠯᠠᠬᠤ ᠲᠣᠣᠷ ᠢ ᠲᠡᠬᠦᠯᠳᠡᠷᠵᠢᠬᠦᠯᠦᠭᠰᠡᠨ ᠪᠠᠶᠢᠨ᠎ᠠ᠃     ︵ᠳᠣᠯᠤᠭ᠎ᠠ︶  ᠨᠡᠶᠢᠬᠡᠮ ᠤᠨ ᠦᠢᠯᠡᠰ ᠥᠷᠨᠢᠩᠭᠦᠢ ᠪᠠᠷ ᠬᠥᠭᠵᠢᠪᠡ     ᠰᠤᠷᠭᠠᠨ ᠬᠥᠮᠦᠵᠢᠯ ᠤᠨ ᠦᠢᠯᠡᠰ ᠯᠠᠪᠳᠠᠭᠤᠨ ᠢᠶᠠᠷ ᠬᠥᠭᠵᠢᠪᠡ᠃ ᠰᠤᠷᠭᠠᠨ ᠬᠥᠮᠦᠵᠢᠯ ᠤᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠰᠢᠨ᠎ᠡ ᠪᠠᠷ 3 ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠣᠨ᠂ ᠸᠠᠨ ᠵᠧᠩ ᠪᠠᠭ᠎ᠠ ᠰᠤᠷᠭᠠᠭᠤᠯᠢ‌‍ᠶᠢᠨ ᠶᠡᠷᠦᠩᠬᠡᠶᠢᠯᠡᠭᠰᠡᠨ ᠠᠰᠠᠷ ᠢ ᠥᠷᠭᠡᠳᠬᠡᠨ ᠪᠠᠶᠢᠭᠤᠯᠬᠤ ᠶᠢ ᠪᠡᠶᠡᠯᠡᠭᠦᠯᠵᠦ᠂ ᠰᠤᠷᠭᠠᠨ ᠬᠥᠮᠦᠵᠢᠯ ᠠᠷᠠᠳ ᠤᠨ ᠠᠮᠢᠳᠤᠷᠠᠯ ᠤᠨ 8 ᠪᠣᠳᠠᠲᠤ ᠶᠠᠪᠤᠳᠠᠯ ᠤᠨ ᠲᠦᠷᠦᠯ ᠵᠦᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠨ ᠴᠡᠴᠡᠷᠯᠢᠭ ᠲᠤ ᠰᠣᠷᠭᠠᠭᠤᠯᠢ ᠳᠤ ᠣᠷᠣᠬᠤ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠬᠠᠩᠭᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ ᠰᠢᠨ᠎ᠡ ᠪᠠᠷ 3 ᠪᠠᠶᠢᠭᠤᠯᠤᠨ᠂ ᠰᠤᠷᠬᠤ ᠨᠠᠰᠤᠨ ᠠᠴᠠ ᠡᠮᠦᠨᠡᠬᠢ ᠬᠡᠣᠬᠡᠳ ᠤᠨ ᠬᠠᠷᠠᠭᠠᠯᠵᠠᠯ ᠬᠦᠷᠲᠡᠭᠰᠡᠨ ᠨᠣᠷᠮ᠎ᠠ 78.72% ᠲᠤ ᠬᠥᠷᠪᠡ᠃ 1.26 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠣᠨ 66 ᠰᠤᠷᠭᠠᠭᠤᠯᠢ ᠂ ᠬᠡᠦᠬᠡᠳ ᠤᠨ ᠴᠡᠴᠡᠷᠯᠢᠭ ᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠢ ᠪᠡᠶᠡᠯᠡᠬᠦᠯᠵᠦ᠂ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ᠂ ᠠᠷᠪᠠᠨ ᠬᠤᠶᠠᠳᠤᠭᠠᠷ ᠪᠠᠭ᠎ᠠ ᠰᠤᠷᠭᠠᠭᠤᠯᠢ ᠶᠢᠨ ᠡᠮᠦᠨ᠎ᠡ ᠲᠣᠭᠤᠷᠢᠭ᠂ ᠴᠥᠩ ᠸᠧᠨ ᠬᠡᠦᠬᠡᠳ ᠤᠨ ᠴᠡᠴᠡᠷᠯᠢᠭ᠂ ᠵᠢᠷᠭᠤᠳᠤᠭᠠᠷ ᠪᠠᠭ᠎ᠠ ᠰᠤᠷᠭᠠᠭᠤᠯᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠢ ᠡᠮᠬᠢ ᠵᠢᠷᠤᠮ ᠲᠠᠢ ᠶᠠᠪᠤᠭᠳᠠᠭᠤᠯᠵᠤ᠂ 593 ᠨᠡᠷᠡᠰ ᠰᠤᠷᠭᠠᠨ ᠬᠥᠮᠦᠵᠢᠯ ᠤᠨ ᠴᠢᠳᠠᠪᠤᠷᠢᠲᠠᠨ ᠢ ᠰᠢᠯᠭᠠᠨ ᠡᠯᠰᠡᠪᠡ᠃ ᠰᠤᠷᠭᠠᠭᠤᠯᠢ ᠡᠷᠭᠢᠯᠡᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠨᠠᠷᠠᠲᠤ ᠰᠤᠷᠭᠠᠭᠤᠯᠢ ᠳᠤ ᠬᠤᠪᠢᠶᠠᠷᠢ ᠰᠤᠷᠭᠠᠭᠤᠯᠢ ᠪᠠᠶᠢᠭᠤᠯᠬᠤ︾ ᠵᠠᠭᠪᠤᠷ ᠢ ᠰᠢᠯᠢᠳᠡᠭᠵᠢᠭᠦᠯᠦᠨ᠂ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠳ᠋ᠦᠩᠱᠧᠩ ᠰᠤᠷᠭᠠᠭᠤᠯᠢ ᠶᠢᠨ ᠲᠣᠭᠤᠷᠢᠭ ᠢ ᠰᠢᠨ᠎ᠡ ᠪᠠᠷ ᠪᠠᠶᠢᠭᠤᠯᠵᠤ᠂ ᠪᠦᠯᠦᠭᠯᠡᠯᠵᠢᠭᠰᠡᠨ ᠰᠤᠷᠭᠠᠭᠤᠯᠢ ᠡᠷᠭᠢᠯᠡᠬᠦ ᠵᠠᠭᠪᠤᠷ ᠢ ᠠᠬᠢᠭᠤᠯᠤᠨ᠂ ᠨᠢᠭᠡᠳᠦᠭᠡᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠢ  ᠪᠠᠶᠢᠭᠤᠯᠪᠠ᠃ ᠤᠯᠤᠰ ᠤᠨ ︽ᠬᠤᠶᠠᠷ ᠢ ᠬᠦᠩᠭᠡᠷᠡᠬᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠳᠠᠰᠬᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠬᠢᠭᠡᠳ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ︽ᠬᠢᠴᠢᠶᠡᠯ ᠤᠨ ᠳᠠᠷᠠᠭᠠᠬᠢ ᠣᠯᠠᠨ ᠡᠰᠢᠴᠢᠯᠡᠭᠰᠡᠨ ᠦᠢᠯᠡᠴᠢᠯᠡᠭᠡ︾ ᠶᠢᠨ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠬᠢᠭᠡᠳ ︽ᠭᠦᠨᠵᠡᠭᠡᠢ ᠰᠤᠷᠤᠯᠴᠠᠬᠤ ᠳᠤ ᠠᠩᠬᠠᠷᠤᠯ ᠢᠶᠠᠨ     ᠲᠥᠪᠯᠡᠷᠡᠭᠦᠯᠵᠦ᠂ ᠥᠨᠳᠥᠷ ᠪᠦᠲᠦᠮᠵᠢᠲᠡᠶ ᠬᠢᠴᠢᠶᠡᠯ ᠤᠨ ᠲᠠᠩᠬᠢᠮ ᠢ ᠪᠣᠶ ᠪᠣᠯᠭᠠᠬᠤ︾ ᠶᠢ ᠨᠢᠭᠡ ᠴᠣᠭᠴᠠᠵᠢᠭᠤᠯᠤᠭᠰᠠᠨ ᠠᠵᠢᠯᠯᠠᠭᠠᠨ‌ᠢ ᠡᠭᠦᠳᠦᠨ ᠪᠠᠶᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠡᠮᠬᠢ ᠳᠢᠭᠯᠢᠮ ᠤᠨ ᠬᠠᠮᠢᠶᠠᠷᠤᠯᠲᠠ ᠶᠢ ᠴᠢᠩᠭᠠᠳᠬᠠᠨ᠂ 212 ᠬᠢᠴᠢᠶᠡᠯ ᠲᠦᠷᠦᠯ ᠤᠨ ᠰᠢᠨᠵᠢᠲᠡᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠦᠲᠦᠮᠵᠢᠲᠡᠶ ᠪᠠᠷ ᠬᠠᠰᠤᠵᠤ᠂ ᠬᠢᠴᠢᠶᠡᠯ ᠲᠦᠷᠦᠯ ᠤᠨ ᠰᠢᠨᠵᠢᠲᠡᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠤᠶᠢᠯᠪᠤᠷᠢᠲᠠᠢ ᠦᠭᠡᠶᠢᠰᠬᠡᠬᠦ ᠶᠢ  ᠪᠡᠶᠡᠯᠡᠬᠦᠯᠪᠡ᠃     ᠰᠣᠶᠣᠯ ᠲᠠᠮᠢᠷ ᠤᠨ ᠦᠢᠯᠡᠰ ᠡᠳᠦᠷ ᠢᠷᠡᠬᠦᠶ᠎ᠡ ᠴᠡᠴᠡᠭᠯᠡᠨ ᠬᠦᠭᠵᠢᠪᠡ᠃ ︽ᠳ᠋ᠥᠩᠱᠧᠩ ᠤᠨ ᠰᠤᠶᠤᠯ ᠵᠢᠭᠤᠯᠴᠢᠯᠠᠯ ᠤᠨ ᠡᠭᠦᠯᠡᠨ ᠲᠠᠪᠴᠠᠩ︾ ᠢ ᠪᠠᠶᠢᠭᠤᠯᠤᠨ ᠠᠵᠢᠯᠯᠠᠭᠤᠯᠪᠠ᠃ 119ᠰᠣᠶᠣᠯ ᠤᠨ ᠣᠷᠳᠣᠨ ᠤ ᠬᠤᠪᠢᠶᠠᠷᠢ ᠣᠷᠳᠣᠨ᠂ 150 ᠬᠤᠪᠢᠶᠠᠷᠢ ᠨᠣᠮ ᠤᠨ ᠰᠠᠩ ᠂ 1 ᠳ᠋ᠦᠩᠱᠧᠩ ᠤᠨ ᠤᠷᠠᠨ ᠵᠢᠷᠤᠭ ᠤᠨ ᠣᠷᠳᠣᠨ᠂ 2 ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠪᠠ᠃ ᠪᠦᠬᠦ ᠠᠷᠠᠳ ᠤᠨ ᠤᠩᠰᠢᠯᠭ᠎ᠠ ᠶᠢ ᠲᠦᠭᠡᠮᠡᠯᠵᠢᠬᠦᠯᠦᠨ ᠳᠡᠯᠭᠡᠷᠡᠭᠦᠯᠬᠦ ᠠᠵᠢᠯ ᠢ ᠶᠡᠬᠡᠪᠡᠷ ᠲᠦᠯᠬᠢᠨ ᠠᠬᠢᠭᠤᠯᠵᠤ᠂ ᠪᠦᠬᠦ ᠵᠢᠯ ᠳᠤ ︽4·23 ᠤ ᠳᠡᠯᠡᠬᠡᠢ ᠶᠢᠨ ᠨᠣᠮ ᠤᠩᠰᠢᠬᠤ ᠡᠳᠦᠷ︾ ᠵᠡᠷᠭᠡ ᠪᠦᠬᠦ ᠠᠷᠠᠳ ᠤᠨ ᠤᠩᠰᠢᠯᠭ᠎ᠠ ᠶᠢ ᠳᠡᠯᠭᠡᠷᠡᠭᠦᠯᠬᠦ ᠠᠵᠢᠯᠯᠠᠭ᠎ᠠ ᠶᠢ 272 ᠲᠠᠯᠠᠪᠤᠷ ᠤᠳᠠᠭ᠎ᠠ᠂ 6.2 ᠲᠦᠮᠡᠨ ᠬᠥᠮᠥᠨ ᠤᠷᠤᠯᠴᠠᠵᠦ᠂ ᠰᠣᠶᠣᠯ ᠤᠷᠠᠯᠢᠭ ᠤᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠢ 86 ᠲᠦᠷᠦᠯ ᠨᠡᠭᠡᠭᠡᠵᠦ᠂ 12.3 ᠲᠦᠮᠡᠨ ᠬᠥᠮᠥᠨ ᠪᠣᠯᠪᠠᠰᠤᠷᠠᠯ ᠳᠤ ᠣᠷᠣᠯᠴᠠᠪᠠ᠃ ᠤᠯᠠᠭᠠᠨᠮᠥ᠋ᠴᠢᠷ ᠤᠨ ᠰᠠᠶᠢᠨ ᠳᠤᠷ᠎ᠠ   ᠶᠢᠨ ᠦᠢᠯᠡᠴᠢᠯᠡᠭᠡᠨ ᠤ ᠠᠩᠭᠢ   ᠶᠢᠨ ᠦᠢᠯᠡᠳᠦᠯ   ᠢ ᠢᠳᠡᠪᠬᠢᠲᠡᠢ ᠪᠠᠳᠠᠷᠠᠭᠤᠯᠵᠤ᠂ ᠡᠯ᠎ᠡ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠭᠦᠨᠵᠡᠭᠡᠶᠢᠷᠡᠨ ᠣᠯᠠᠨ ᠨᠡᠶᠢᠳᠡ ᠶᠢᠨ ᠰᠣᠶᠣᠯ ᠤᠨ ᠠᠵᠢᠯᠯᠠᠭᠠᠨ ᠢ 22 ᠤᠳᠠᠭ᠎ᠠ ᠬᠠᠪᠰᠤᠷᠤᠨ ᠵᠢᠯᠤᠭᠤᠳᠴᠤ᠂ 5 ᠤᠷᠠᠨ ᠰᠠᠶᠢᠬᠠᠨ ᠤ ᠫᠷᠣᠭ᠍ᠷᠠᠮ   ᠢ ᠬᠠᠪᠰᠤᠷᠤᠨ ᠨᠠᠶᠢᠷᠠᠭᠤᠯᠵᠤ᠂ ᠸᠢᠳᠢᠤ᠋ ᠰᠢᠩᠭᠡᠭᠡᠯᠲᠡ᠂  ᠲᠢᠺ ᠲᠤᠺ᠂ ︽ᠦᠵᠡᠰᠬᠦᠯᠡᠩᠲᠦ ᠰᠠᠶᠢᠬᠠᠨ ᠳ᠋ᠦᠩᠱᠧᠩ ︱ ᠤᠯᠠᠭᠠᠨᠮᠥ᠋ᠴᠢᠷ ᠤᠨ ᠰᠦᠯᠵᠢᠶ᠎ᠡ︾ ᠵᠡᠷᠭᠡ ᠬᠠᠮ ᠵᠠᠭᠤᠴᠢᠯᠠᠭᠤᠷ ᠤᠨ ᠡᠬᠢ ᠪᠠᠶᠠᠯᠢᠭ ᠢᠶᠠᠷ ᠳᠠᠮᠵᠢᠭᠤᠯᠤᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠥᠷᠥᠯ ᠤᠨ ᠤᠷᠠᠨ ᠰᠠᠶᠢᠬᠠᠨ ᠤ ᠫᠷᠣᠭ᠍ᠷᠠᠮ ᠢ 25 ᠨᠡᠶᠢᠳᠡᠯᠡᠵᠦ᠂ ᠰᠤᠨᠢᠷᠬᠠᠵᠦ ᠦᠵᠡᠭᠰᠡᠨ ᠬᠡᠮᠵᠢᠶ᠎ᠡ ᠨᠢ ᠨᠡᠶᠢᠲᠡ 15 ᠲᠦᠮᠡᠨ ᠤᠳᠠᠭ᠎ᠠ ᠶᠢ ᠳᠠᠪᠠᠪᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ᠂ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠤᠭᠲᠤᠬᠤ ᠰᠢᠷᠢᠰ ᠤᠷᠤᠯᠳᠤᠭᠠᠨ ᠤ 18 ᠵᠦᠢᠯ ᠢ ᠳᠠᠭᠠᠭᠠᠨ ᠡᠷᠭᠢᠯᠡᠵᠦ᠂ ᠤᠮᠪᠠᠯᠲᠠ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ ᠵᠡᠷᠭᠡ 12 ᠵᠦᠢᠯ ᠤᠨ ᠪᠡᠶ᠎ᠡ ᠶᠢᠨ ᠲᠠᠮᠢᠷ ᠤᠨ ᠮᠡᠷᠭᠡᠵᠢᠯ ᠴᠢᠳᠠᠪᠤᠷᠢ ᠶᠢᠨ ᠨᠡᠶᠢᠲᠡ ᠶᠢᠨ ᠠᠰᠠᠷᠠᠮᠵᠢ ᠶᠢᠨ ᠪᠣᠯᠪᠠᠰᠤᠷᠠᠭᠤᠯᠤᠯ ᠢ 32 ᠬᠤᠭᠤᠴᠠᠭ᠎ᠠ ᠥᠷᠨᠢᠭᠦᠯᠵᠦ᠂ 2000 ᠭᠠᠷᠤᠢ ᠬᠤᠲᠠ ᠶᠢᠨ ᠠᠷᠠᠳ ᠢ ᠪᠣᠯᠪᠠᠰᠤᠷᠠᠭᠤᠯᠤᠯ ᠳᠤ ᠤᠷᠤᠯᠴᠠᠭᠤᠯᠪᠠ᠃     ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠨᠡᠩ ᠰᠢᠯᠢᠳᠡᠭ ᠪᠤᠯᠭᠠᠪᠠ᠃ ᠨᠢᠭᠳᠠᠷᠠᠭᠰᠠᠨ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠦᠲᠦᠭᠡᠨ ᠪᠠᠶᠢᠭᠤᠯᠤᠯᠲᠠ ᠶᠢ ᠬᠠᠶᠢᠨ ᠰᠦᠪᠡᠭᠴᠢᠯᠡᠵᠦ᠂ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠨᠢ 3 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ 4 ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠯᠤᠭ᠎ᠠ ᠡᠮᠴᠢᠯᠡᠭᠡᠨ ᠤ ᠬᠤᠯᠪᠣᠭᠠᠲᠤ ᠴᠣᠭᠴᠠ ᠶᠢ ᠪᠦᠷᠢᠯᠳᠦᠭᠦᠯᠵᠦ᠂ ᠣᠷᠣᠨ ᠪᠦᠰᠡ ᠨᠢᠭᠡ ᠴᠣᠭᠴᠠᠵᠢᠭᠰᠠᠨ ᠬᠡᠯᠪᠡᠷᠢ ᠶᠢᠨ ᠠᠵᠢᠯᠯᠠᠭᠠᠨ ᠢ ᠪᠠᠶᠠᠯᠡᠬᠦᠯᠪᠡ᠃ ᠡᠮᠴᠢᠯᠡᠭᠡᠨ ᠤ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢ     ᠭᠦᠨᠵᠡᠭᠡᠶᠢᠷᠡᠭᠦᠯᠵᠦ᠂ ᠳ᠋ᠦᠩᠱᠧᠩ ᠲᠣᠭᠤᠷᠢᠭ ᠤᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠬᠥᠮᠥᠷᠭᠡ ᠶᠢ ᠰᠢᠯᠭᠠᠨ ᠠᠪᠬᠤ ᠶᠢ ᠪᠡᠶᠡᠯᠡᠭᠦᠯᠵᠦ᠂ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠲᠣᠭᠤᠷᠢᠭ ᠪᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢᠨ ᠪᠥᠭᠡᠮ ᠬᠦᠴᠢᠯ ᠤᠨ ᠲᠤᠷᠰᠢᠯᠲᠠ ᠶᠢᠨ ᠲᠠᠰᠤᠭ ᠢ ᠲᠠᠰ ᠳᠡᠪᠰᠢᠭᠦᠯᠦᠨ ᠥᠭᠡᠷᠡᠴᠢᠯᠡᠬᠦ᠂ 2 ᠣᠷᠳᠣᠰ ᠬᠤᠲᠠ ᠶᠢᠨ ᠲᠤᠰᠠᠭᠠᠷᠯᠠᠬᠤ ᠥᠷᠥᠭᠡ ᠶᠢᠨ ᠡᠮᠨᠡᠯᠭᠡ ᠶᠢᠨ ᠬᠤᠷᠢᠶ᠎ᠠ ᠪᠠ 1 ᠰᠠᠭᠤᠷᠢ ᠳᠡᠳ᠋ ᠪᠠᠷᠢᠮᠵᠢᠶᠠᠲᠦ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠭᠠᠳᠠᠨ᠎ᠠ ᠠᠴᠠ ᠤᠷᠤᠵᠦ ᠢᠷᠡᠭᠰᠡᠨ ᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠬᠦ︾ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠰᠠᠬᠢᠪᠠ᠃ ᠦᠨᠳᠦᠰᠦᠨ ᠱᠠᠲᠤᠨ ᠤ ᠣᠨᠴᠠᠯᠢᠭᠲᠤ ᠬᠢᠲᠠᠳ ᠡᠮᠨᠡᠯᠭᠡ ᠶᠢᠨ ᠭᠠᠵᠠᠷ ᠢ ᠢᠳᠡᠪᠬᠢᠲᠡᠢ ᠪᠠᠶᠢᠭᠤᠯᠵᠤ᠂ ᠪᠦᠬᠦᠶᠢᠯᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ 95% ᠶᠢᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠬᠢᠲᠠᠳ ᠡᠮᠨᠡᠯᠭᠡ ᠶᠢᠨ ᠭᠠᠵᠠᠷ ︵ᠬᠢᠲᠠᠳ ᠡᠮᠨᠡᠯᠭᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ︶ ᠪᠣᠯᠭᠠᠨ ᠪᠠᠶᠢᠭᠤᠯᠵᠤ᠂ ᠴᠢᠰᠤᠨ ᠳᠠᠷᠤᠯᠲᠠ ᠥᠨᠳᠥᠷ ᠡᠪᠡᠳᠴᠢᠲᠡᠨ ᠢ 24154 ᠰᠤᠪᠢᠯᠠᠨ ᠬᠠᠮᠢᠶᠠᠷᠴᠤ᠂ ᠬᠠᠮᠢᠶᠠᠷᠤᠯᠲᠠ ᠶᠢᠨ ᠨᠤᠷᠮ᠎ᠠ ᠶᠢ 100 % ᠳᠤ ᠬᠦᠷᠭᠡᠵᠦ᠂ ᠰᠢᠬᠢᠷ ᠰᠢᠵᠢᠩ ᠡᠪᠡᠳᠴᠢᠲᠡᠨ ᠢ 9414 ᠰᠤᠪᠢᠯᠠᠨ ᠬᠠᠮᠢᠶᠠᠷᠴᠤ᠂ ᠬᠠᠮᠢᠶᠠᠷᠤᠯᠲᠠ ᠶᠢᠨ ᠨᠤᠷᠮ᠎ᠠ ᠶᠢ 100% ᠳᠤ ᠬᠦᠷᠭᠡᠵᠦ᠂ ᠭᠡᠷ ᠪᠦᠯᠢ ᠶᠢᠨ ᠡᠮᠴᠢ ᠶᠢᠨ ᠭᠤᠣᠯᠳᠠᠯᠭ᠎ᠠ ᠲᠠᠢ ᠬᠥᠮᠥᠰ ᠤᠨ ᠭᠡᠷ᠎ᠡ ᠲᠣᠭᠲᠠᠭᠰᠠᠨ ᠨᠤᠷᠮ᠎ᠠ ᠶᠢ 89.99% ᠳᠤ ᠬᠦᠷᠭᠡᠪᠡ᠃     ᠥᠩᠭᠡᠷᠡᠭᠰᠡᠨ ᠨᠢᠭᠡ ᠵᠢᠯ ᠳᠤ᠂ ᠮᠠᠨ ᠤ ᠲᠤᠭᠤᠷᠢᠭ ᠬᠢᠵᠢᠭ ᠤᠨ ᠳᠠᠭᠠᠷᠢᠯᠲᠠ ᠵᠡᠷᠭᠡ ᠵᠢᠱᠢᠯᠲᠡ ᠠᠴᠠ ᠳᠠᠪᠠᠭᠰᠠᠨ ᠬᠦᠴᠦᠨ ᠵᠦᠢᠯ ᠤᠨ ᠨᠥᠯᠥᠭᠡ ᠶᠢ ᠪᠦᠬᠦ ᠬᠦᠴᠦᠨ ᠢᠶᠠᠷ ᠢᠶᠠᠨ ᠢᠯᠠᠨ ᠳᠠᠪᠠᠵᠤ᠂ ᠪᠦᠬᠦ ᠲᠤᠭᠤᠷᠢᠭ ᠤᠨ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠰᠠᠶᠢᠵᠢᠷᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠡᠭᠦᠷᠭᠡ ᠶᠢ ᠦᠨᠳᠦᠰᠦᠨ ᠳᠡᠭᠡᠨ ᠪᠡᠶᠡᠯᠡᠬᠦᠯᠪᠡ᠃ ᠬᠡᠪᠡᠴᠦ ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠣᠭᠰᠠᠨ ᠪᠢᠰᠢ᠂ ᠡᠭᠦᠨ ᠤ ᠵᠡᠷᠭᠡ ᠳᠤ ᠣᠳᠣᠬᠠᠨ ᠳᠤ ᠤᠯᠤᠰ ᠤᠨ ᠳᠣᠲᠣᠭᠠᠳᠤ   ᠶᠢᠨ ᠠᠵᠤ ᠠᠬᠤᠢ ᠳᠤ ᠬᠡᠷᠡᠭᠯᠡᠭᠡ ᠪᠠᠭᠠᠰᠬᠤ᠂ ᠬᠠᠩᠭᠠᠯᠭ᠎ᠠ ᠬᠡᠷᠡᠭᠴᠡᠭᠡ ᠶᠢᠨ ᠳᠠᠭᠠᠷᠢᠯᠲᠠ ᠳᠤ ᠤᠴᠠᠷᠠᠬᠤ᠂ ᠵᠢᠱᠢᠯᠲᠡ ᠪᠠᠭᠤᠷᠠᠬᠤ ᠵᠡᠷᠭᠡ ᠭᠤᠷᠪᠠᠨ ᠳᠠᠪᠬᠤᠷ ᠳᠠᠷᠤᠯᠲᠠ ᠦᠷᠭᠦᠯᠵᠢᠯᠡᠨ ᠢᠯᠡᠷᠡᠵᠦ ᠪᠠᠶᠢᠬᠤ ᠶᠢ ᠤᠯᠵᠦ ᠲᠠᠨᠢᠵᠦ᠂ ᠵᠢᠱᠢᠯᠲᠡ ᠠᠴᠠ ᠳᠠᠪᠠᠭᠰᠠᠨ ᠭᠡᠨᠡᠳᠲᠡ ᠶᠢᠨ ᠬᠦᠴᠦᠨ ᠵᠦᠢᠯ ᠬᠦᠨᠳᠦ ᠨᠣᠴᠢᠲᠠᠢ ᠳᠠᠭᠠᠷᠢᠯᠲᠠ ᠶᠢ ᠠᠪᠴᠢᠷᠠᠵᠤ᠂ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠢᠯᠡᠳᠲᠡ ᠨᠡᠮᠡᠭᠳᠡᠵᠦ᠂ ᠮᠠᠨ ᠤ ᠲᠤᠭᠤᠷᠢᠭ  ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠮᠥᠨ ᠬᠦ ᠪᠠᠬᠢᠵᠢᠭᠦᠯᠬᠦ ᠴᠢᠬᠤᠯᠠᠲᠠᠢ ᠪᠠᠶᠢᠵᠤ᠂ ᠠᠵᠤ ᠦᠢᠯᠡᠰ ᠤᠨ ᠲᠠᠰ ᠳᠠᠪᠬᠤᠷᠭ᠎ᠠ ᠥᠨᠳᠥᠷ ᠪᠢᠰᠢ᠂ ᠠᠵᠤ ᠦᠢᠯᠡᠰ ᠤᠨ ᠬᠡᠯᠬᠢᠶᠡᠵᠢᠯ ᠣᠷᠳᠣ ᠪᠢᠰᠢ ᠵᠡᠷᠭᠡ ᠠᠰᠠᠭᠤᠳᠠᠯ ᠨᠡᠯᠢᠶᠡᠳ ᠲᠣᠪᠣᠶᠢᠮ᠎ᠠ ᠪᠠᠶᠢᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠠᠰᠠ ᠤᠯᠠᠮ ᠨᠢᠭᠡ ᠠᠯᠬᠤᠮ ᠰᠠᠶᠢᠵᠢᠷᠠᠭᠤᠯᠬᠤ ᠴᠢᠬᠤᠯᠠᠲᠠᠢ ᠪᠠᠶᠢᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠬᠠᠳᠠᠭᠠᠯᠠᠯᠲᠠ ᠬᠦᠷᠦᠯᠴᠡᠬᠦ ᠦᠭᠡᠢ᠂ ᠪᠡᠯᠡ ᠣᠷᠣᠭᠤᠯᠤᠯᠲᠠ ᠶᠢᠨ ᠳᠠᠶᠢᠴᠢᠯᠠᠬᠤ ᠴᠢᠳᠠᠪᠤᠷᠢ ᠬᠦᠷᠦᠯᠴᠡᠬᠦ ᠦᠭᠡᠢ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠢᠯᠭᠠᠷᠠᠭᠤᠯᠬᠤ ᠳᠠᠷᠤᠯᠲᠠ ᠨᠡᠯᠢᠶᠡᠳ ᠶᠡᠭᠡ ᠪᠠᠶᠢᠵᠤ᠂  ᠰᠢᠯᠢᠳᠡᠭ ᠰᠠᠶᠢᠨ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠬᠦᠷᠦᠯᠴᠡᠬᠦ ᠦᠭᠡᠢ  ᠪᠠᠶᠢᠬᠤ ᠶᠢ ᠲᠤᠳᠤᠷᠬᠠᠢ ᠲᠠᠨᠢᠬᠤ ᠴᠢᠬᠤᠯᠠᠲᠠᠢ᠃ ᠡᠳᠡᠭᠡᠷ ᠠᠰᠠᠭᠤᠳᠠᠯ ᠢ ᠳᠡᠭᠡᠳᠦ ᠬᠡᠮᠵᠢᠶ᠎ᠡ ᠪᠠᠷ ᠠᠩᠬᠠᠷᠬᠤ ᠬᠡᠷᠡᠭᠲᠡᠢ ᠪᠥᠭᠡᠳ ᠨᠡᠩ ᠶᠡᠭᠡ ᠡᠷᠴᠢ ᠵᠣᠷᠢᠭ ᠡᠪᠦᠷᠯᠡᠵᠦ ᠪᠠᠶᠢᠭᠠᠳ ᠢᠳᠡᠪᠬᠢᠲᠡᠢ ᠪᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠬᠦ ᠬᠡᠷᠡᠭᠲᠡᠢ᠃     ᠬᠤᠶᠠᠷ᠂ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ     2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂         ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠢᠯ ᠮᠥᠨ᠂ ᠪᠠᠰᠠ ᠴᠤ ᠣᠷᠳᠣᠰ ᠤᠨ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠲᠡᠶᠢᠰᠢ ᠤᠷᠤᠭᠰᠢᠯᠠᠬᠤ᠂ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠨᠢᠭᠡ ᠵᠢᠯ ᠮᠥᠨ᠂ ᠡᠶᠢᠮᠦ ᠠᠴᠠ ᠠᠵᠤ ᠠᠬᠤᠢ ᠨᠡᠶᠢᠭᠡᠮ ᠤᠨ ᠦᠷᠭᠦᠯᠵᠢᠯᠡᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠬᠦ ᠨᠢ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠷᠸ᠎ᠠ ᠠᠵᠤ ᠠᠬᠤᠢ ᠶᠢᠨ ᠪᠠᠶᠢᠳᠠᠯ ᠪᠣᠯᠣᠨ ᠣᠳᠣᠬᠠᠨ ᠤ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢᠨ ᠲᠠᠪᠤᠨ ᠶᠡᠭᠡ ᠡᠭᠦᠷᠭᠡ᠂ ᠣᠷᠳᠣᠰ ᠬᠤᠲᠠ ᠶᠢᠨ ᠭᠤᠷᠪᠠᠨ ︽ᠳᠥᠷᠪᠡ ᠶᠢ ᠪᠠᠶᠢᠭᠤᠯᠬᠤ︾ ᠡᠭᠦᠷᠭᠡ ᠶᠢᠨ ᠠᠷᠭ᠎ᠠ ᠬᠡᠮᠵᠢᠶ᠎ᠡ ᠵᠢᠴᠢ ᠳ᠋ᠦᠩᠱᠧᠩ ᠲᠣᠭᠤᠷᠢᠭ ᠤᠨ ︽ᠳᠥᠷᠪᠡᠨ ᠵᠢᠱᠢᠶ᠎ᠡ ᠦᠵᠡᠭᠦᠯᠬᠦ ᠣᠷᠣᠨ︾ ᠤ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ  ᠶᠢ ᠶᠡᠷᠦᠩᠬᠡᠶᠢᠯᠡᠨ ᠪᠣᠳᠣᠯᠬᠢᠯᠠᠵᠤ᠂ 2023 ᠣᠨ ᠤ ᠪᠥᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ ᠠᠩᠬ᠎ᠠ ᠠᠯᠬᠤᠮ ᠲᠣᠭᠲᠠᠭᠠᠪᠠ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 8% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 20% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 3% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ  ᠪᠤᠷᠤᠯᠠᠭᠤᠯᠬᠤ ᠶᠡᠷᠦᠩᠬᠡᠢ ᠲᠤᠭ᠎ᠠ ᠶᠢ 5% ᠣᠷᠴᠢᠮ ᠨᠡᠮᠡᠭᠳᠡᠭᠦᠯᠵᠦ᠂ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 6.5% ᠣᠷᠴᠢᠮ ᠨᠡᠮᠡᠭᠳᠡᠭᠦᠯᠦᠨ᠎ᠡ᠃     ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ 2023 ᠣᠨ ᠤ ᠳ᠋ᠦᠩᠱᠧᠩ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠤᠨ ᠰᠡᠳᠬᠢᠮᠵᠢ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ᠬᠤᠲᠠ ᠶᠢᠨ ᠨᠠᠮ ᠤᠨ ᠬᠤᠷᠢᠶᠠᠨ ᠤ ᠳᠤᠷᠠᠳᠤᠭᠰᠠᠨ ᠭᠤᠷᠪᠠᠨ ︽ᠲᠦᠷᠪᠡ ᠶᠢ ᠪᠠᠶᠢᠭᠤᠯᠬᠤ︾ ᠡᠭᠦᠷᠭᠡ ᠠᠷᠭ᠎ᠠ ᠬᠡᠮᠵᠢᠶ᠎ᠡ ᠶᠢ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠳᠠᠭᠠᠤ ᠳᠤ ᠤᠷᠤᠭᠰᠢᠯᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦᠯᠬᠦ᠂ ᠠᠮᠢ ᠠᠬᠤᠢ ᠶᠢᠨ ᠪᠣᠯᠪᠠᠰᠤᠨ ᠤ     ᠪᠠᠶᠢᠭᠤᠯᠤᠯᠲᠠ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ︽ᠳᠥᠷᠪᠡᠨ ᠵᠢᠱᠢᠶ᠎ᠡ ᠦᠵᠡᠭᠦᠯᠬᠦ ᠣᠷᠣᠨ︾ ᠢ ᠲᠦᠷᠭᠡᠳᠬᠡᠨ ᠪᠣᠶ ᠪᠣᠯᠭᠠᠵᠤ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠪᠠᠲᠤᠯᠠᠨ᠎ᠠ᠃     ︵ᠨᠢᠭᠡ︶ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ     ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠰᠠᠶᠢᠵᠢᠷᠠᠭᠤᠯᠤᠨ᠎ᠠ᠃ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠵᠤ᠂ 5G ᠮᠡᠷᠭᠡᠵᠢᠯ ᠤᠨ ᠨᠡᠭᠦᠷᠡᠰᠦᠨ ᠤ ᠠᠵᠤ ᠦᠢᠯᠡᠳᠪᠦᠷᠢ ᠶᠢᠨ ᠬᠦᠷᠢᠶᠡᠨ ᠳᠠᠬᠢ ᠬᠡᠷᠡᠭᠯᠡᠯᠲᠡ ᠶᠢ ᠨᠡᠮᠡᠭᠳᠡᠭᠦᠯᠵᠦ᠂ ᠣᠶᠤᠨᠴᠢᠯᠠᠭᠰᠠᠨ ᠨᠡᠭᠦᠷᠡᠰᠦᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠠᠭ ᠲᠤᠬᠠᠢ ᠳᠤᠨᠢ ᠪᠡᠶᠡᠯᠡᠭᠦᠯᠦᠨ᠎ᠡ᠃ ᠨᠡᠭᠦᠷᠡᠰᠦᠨ ᠤ ᠭᠠᠷᠤᠯᠲᠠ ᠶᠢ ᠨᠡᠮᠡᠭᠳᠡᠭᠦᠯᠦᠨ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠪᠦᠬᠦ ᠵᠢᠯ ᠤᠨ ᠨᠡᠭᠦᠷᠡᠰᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠡᠮᠵᠢᠶ᠎ᠡ ᠶᠢ 1.2 ᠳ᠋ᠦᠩᠰᠢᠭᠤᠷ ᠲᠣᠨ ︽ᠰᠠᠯᠬᠢ ᠭᠡᠷᠡᠯ ᠤᠨ ᠤᠰᠤᠲᠥ᠋ᠷᠥᠭᠴᠢ ᠬᠠᠳᠠᠭᠠᠯᠠᠬᠤ︾ ᠲᠦᠷᠦᠯ ᠵᠦᠢᠯ ᠢ ᠶᠡᠬᠡᠪᠡᠷ ᠬᠥᠭᠵᠢᠭᠦᠯᠵᠦ᠂ ᠰᠢᠨ᠎ᠡ ᠡᠨᠧᠷᠭᠢ ᠶᠢᠨ ᠳᠣᠲᠣᠭᠠᠳᠤ ᠬᠠᠭᠤᠷᠠᠢ ᠶᠢᠨ ᠭᠠᠷᠠᠮ ᠤᠨ 50MW ᠳᠠᠷᠬᠠᠶ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ᠂ ᠤᠯᠤᠰ ᠤᠨ ᠴᠠᠬᠢᠯᠭᠠᠨ ᠤ ᠠᠮᠢᠳᠤᠯᠢᠭ ᠴᠢᠨᠠᠷ ᠤᠨ ᠥᠭᠡᠷᠡᠴᠢᠯᠡᠯᠲᠡ ᠶᠢ ᠲᠦᠷᠭᠡᠳᠬᠡᠵᠦ᠂ ᠵᠠᠬ᠎ᠠ ᠳᠡᠯᠭᠡᠭᠦᠷᠴᠢᠯᠡᠨ ᠰᠢᠨ᠎ᠡ ᠡᠨᠧᠷᠭᠢ ᠶᠢ ᠰᠢᠩᠭᠡᠭᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠨᠣᠯᠤᠤᠷ ᠨᠡᠬᠡᠮᠡᠯ ᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠠᠬᠢᠭᠤᠯᠵᠤ᠂ ᠣᠷᠳᠣᠰ ᠪᠦᠯᠦᠭᠯᠡᠯ ᠨᠢ 4155 ᠲᠦᠮᠡᠨ ᠲᠥᠭᠦᠷᠢᠭ ᠤᠨ ᠪᠡᠯᠡ ᠣᠷᠣᠭᠤᠯᠵᠤ ᠮᠡᠷᠭᠡᠵᠢᠯ ᠤᠨ ᠥᠭᠡᠷᠡᠴᠢᠯᠡᠯᠲᠡ ᠬᠢᠬᠦ ᠪᠠᠷ ᠲᠥᠯᠥᠪᠯᠡᠵᠦ᠂ ᠰᠦᠯᠵᠢᠮᠡᠯ ᠨᠡᠬᠡᠮᠡᠯ ᠤᠨ ᠦᠢᠯᠡᠳᠪᠦᠷᠢᠯᠡᠯ ᠤᠨ ᠴᠢᠳᠠᠪᠤᠷᠢ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠠᠬᠢᠭᠤᠯᠤᠨ᠂ ᠣᠷᠳᠣᠰ ᠤᠨ ᠨᠣᠯᠤᠥᠷ ᠤᠨ ᠬᠤᠳᠠ᠂ ᠨᠣᠯᠤᠥᠷ ᠤᠨ ᠦᠢᠯᠡᠳᠪᠦᠷᠢ ᠶᠢᠨ ᠠᠵᠤ ᠦᠢᠯᠡᠰ ᠤᠨ ᠰᠦᠷᠦᠭᠵᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠣᠶᠤᠨᠲᠤ ᠨᠣᠯᠤᠥᠷ ᠤᠨ ᠦᠢᠯᠡᠳᠪᠦᠷᠢ ᠶᠢ ᠪᠦᠲᠦᠭᠡᠨ ᠪᠠᠶᠢᠭᠤᠯᠵᠤ᠂ ᠤᠤᠯ ᠤᠨ ᠨᠣᠯᠤᠥᠷ ᠤᠨ ᠬᠤᠷᠢᠶᠠᠨ ᠬᠠᠳᠠᠭᠠᠯᠠᠬᠤ ᠬᠡᠮᠵᠢᠶ᠎ᠡ᠂ ᠨᠣᠯᠤᠥᠷ ᠤᠨ ᠪᠦᠲᠦᠭᠡᠭᠳᠡᠬᠦᠨ ᠤ ᠦᠢᠯᠡᠳᠪᠦᠷᠢᠯᠡᠵᠦ ᠪᠣᠷᠣᠯᠠᠭᠤᠯᠬᠤ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠠᠷᠢᠬᠢᠨ ᠤ ᠦᠢᠯᠡᠰ᠂ ᠴᠢᠴᠠᠷᠭᠠᠨ᠎ᠠ᠂ ᠮᠢᠬᠠᠨ ᠤ ᠵᠦᠢᠯ ᠢ ᠨᠠᠷᠢᠯᠢᠭ ᠡᠳ᠋ᠰᠢᠭᠦᠯᠬᠦ ᠪᠠ ᠡᠮ ᠦᠶᠯᠡᠳᠬᠦ ᠠᠵᠤ ᠦᠢᠯᠡᠰ ᠢ ᠢᠳᠡᠪᠬᠢᠲᠡᠢ ᠪᠠᠷ ᠪᠣᠶᠢᠵᠢᠭᠤᠯᠤᠨ ᠪᠤᠵᠠᠭᠠᠶᠢᠷᠠᠭᠤᠯᠵᠤ᠂ ᠳ᠋ᠥᠩᠱᠧᠩ ᠤᠨ ᠠᠮᠤ ᠪᠤᠳᠠᠭ᠎ᠠ ᠬᠤᠨᠢ ᠢᠮᠠᠭᠠᠨ ᠤ ᠦᠢᠯᠡᠰ ᠤᠨ ᠡᠭᠦᠯᠡᠨ ᠲᠠᠪᠴᠠᠩ ᠢ ᠪᠠᠶᠢᠭᠤᠯᠤᠨ᠂ ᠠᠵᠤ ᠦᠢᠯᠡᠰ ᠤᠨ ᠶᠡᠷᠦᠩᠬᠡᠢ ᠬᠡᠪᠴᠢᠶ᠎ᠡ ᠪᠠ ᠠᠵᠢᠯ ᠲᠥᠷᠥᠯ ᠤᠨ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃     ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠴᠢ ᠷᠦᠢ᠂ ᠵᠢᠩ ᠳ᠋ᠦᠩ ᠹᠠᠩ᠂ ᠵᠥᠩ ᠴᠧ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠢ ᠬᠥᠭᠵᠢᠭᠦᠯᠦᠨ ᠪᠤᠵᠠᠭᠠᠶᠢᠷᠠᠭᠤᠯᠵᠤ᠂ ᠳᠤᠮᠳᠠᠳᠤ ᠤᠯᠤᠰ ᠤᠨ ᠮᠠᠰᠢᠨ ᠲᠡᠷᠭᠡᠨ ᠤ ᠪᠦᠬᠦᠯᠢ ᠮᠠᠰᠢᠨ ᠤ ᠲᠣᠮᠣ ᠸᠠᠲ ᠤᠨ ᠣᠶᠤᠨᠲᠤ ᠰᠠᠯᠬᠢᠨ ᠬᠦᠴᠦᠨ ᠤ ᠮᠠᠰᠢᠨ ᠤ ᠶᠡᠷᠦᠩᠬᠡᠢ ᠤᠭᠰᠠᠷᠠᠯᠲᠠ ᠶᠢᠨ ᠰᠠᠭᠤᠷᠢᠨ ᠭᠠᠵᠠᠷ᠂ ᠺᠠᠨᠠᠳᠠ ᠶᠢᠨ ᠡᠨᠧᠷᠭᠢ ᠶᠢᠨ ᠰᠤᠷᠪᠤᠯᠵᠢ ᠶᠢᠨ ᠣᠳᠣᠨ ᠪᠦᠯᠦᠭᠳᠡᠨ ᠤ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠠᠵᠤ ᠦᠢᠯᠡᠰ ᠤᠨ ᠬᠡᠯᠬᠢᠶ᠎ᠡ ᠵᠡᠷᠭᠡ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ ᠠᠵᠢᠯ ᠰᠡᠷᠭᠦᠭᠡᠬᠦ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠵᠦᠵᠸᠦ ᠶᠢᠨ ᠴᠠᠭ ᠡᠷᠡᠨ ᠤ ᠵᠠᠭᠤᠨ ᠮᠧᠲᠷ ᠤᠨ ᠲᠡᠰ ᠤᠨ ᠨᠠᠪᠴᠢᠨ ᠤ ᠢᠯᠲᠠᠰᠤ ᠶᠢᠨ ᠦᠢᠯᠡᠳᠪᠦᠷᠢᠯᠡᠯ ᠢ ᠲᠦᠷᠭᠡᠪᠴᠢᠯᠡᠨ ᠠᠬᠢᠭᠤᠯᠵᠤ᠂ ᠵᠢᠯ ᠳᠤ 200 ᠲᠦᠮᠡᠨ ᠮᠧᠲᠷ ᠤᠨ ᠥᠨᠳᠥᠷ ᠬᠦᠴᠦᠲᠦ ᠥᠨᠳᠥᠷ ᠬᠠᠷᠢᠮᠠᠬᠠᠢ ᠴᠢᠨᠠᠷᠲᠦ ᠨᠡᠭᠦᠷᠡᠰᠦᠲᠦ᠋ᠷᠦᠭᠴᠢᠲᠦ ᠰᠢᠷᠭᠡᠭ ᠤᠨ ᠲᠤᠰᠤᠨ ᠳᠠᠳᠠᠭᠤᠷ ᠤᠨ ᠦᠢᠯᠡᠳᠪᠦᠷᠢᠯᠡᠯ᠂ ᠴᠢᠩᠭᠡᠯᠢᠭ ᠮᠠᠶ᠋ᠢᠭ ᠤᠨ ᠴᠡᠨᠡᠭᠯᠡᠵᠦ ᠰᠣᠯᠢᠬᠤ ᠴᠠᠬᠢᠯᠭᠠᠨ ᠰᠲ᠋ᠠᠨᠼᠢ ᠶᠢᠨ ᠠᠵᠤ ᠦᠢᠯᠡᠰ ᠤᠨ ᠬᠡᠯᠬᠢᠶ᠎ᠡ ᠵᠡᠷᠭᠡ ᠰᠢᠨ᠎ᠡ ᠪᠠᠷ ᠪᠠᠶᠢᠭᠤᠯᠬᠤ ᠵᠦᠢᠯᠡᠰ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠥᠭᠵᠢᠯᠲᠡ ᠶᠢᠨ ᠨᠦᠬᠡᠴᠡ ᠬᠦᠴᠦᠨ ᠢ ᠲᠠᠰᠤᠷᠠᠯᠳᠠ ᠦᠭᠡᠢ ᠴᠢᠩᠭᠠᠷᠠᠭᠤᠯᠤᠨ᠎ᠠ᠃ ᠡᠭᠦᠨ ᠤ ᠵᠡᠷᠭᠡᠪᠡᠷ᠂ ᠠᠵᠤ ᠠᠬᠤᠶᠢᠯᠠᠯ ᠤᠨ ᠳᠦᠷᠢᠮ ᠢ ᠵᠢᠷᠤᠮᠵᠢᠭᠤᠯᠤᠨ ᠨᠢᠭᠡᠳᠦᠬᠦᠯᠬᠦ ᠶᠢ ᠲᠦᠯᠬᠢᠨ ᠠᠬᠢᠭᠤᠯᠵᠤ᠂ ᠦᠢᠯᠡᠳᠬᠦ ᠦᠢᠯᠡᠰ ᠤᠨ ᠬᠦᠷᠢᠶᠡᠨ ᠳᠤ ᠨᠢᠭᠡ ᠪᠦᠯᠦᠭ ᠳᠡᠭᠡᠳᠦ ᠮᠡᠷᠭᠡᠵᠢᠯ ᠤᠨ ᠥᠨᠳᠥᠷ ᠨᠡᠮᠡᠭᠳᠡᠯ ᠦᠷᠳᠡᠭ ᠲᠠᠢ᠂ ᠴᠢᠨᠠᠷ ᠰᠠᠶᠢᠲᠠᠢ ᠲᠦᠷᠦᠯ ᠵᠦᠢᠯ ᠪᠤᠯᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠪᠣᠶᠢᠵᠢᠭᠤᠯᠵᠤ᠂ ᠠᠵᠤ ᠦᠢᠯᠡᠳᠪᠦᠷᠢ ᠶᠢᠨ ᠠᠵᠢᠯ ᠲᠦᠷᠤᠯ ᠤᠨ ᠲᠦᠷᠤᠯ ᠵᠦᠢᠯ ᠢ ᠦᠷᠭᠦᠯᠵᠢᠯᠡᠨ ᠪᠠᠶᠠᠯᠢᠭᠵᠢᠭᠤᠯᠤᠨ᠎ᠠ᠃     ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠳᠡᠰ ᠳᠡᠪᠰᠢᠬᠦᠯᠦᠨ ᠰᠢᠯᠢᠳᠡᠭᠵᠢᠬᠦᠯᠦᠨ᠎ᠡ᠃ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠠᠷᠠᠳ ᠲᠤ ᠲᠥᠬᠦᠮ ᠦᠵᠡᠭᠦᠯᠬᠦ ᠬᠤᠳᠠᠯᠳᠤᠭᠠᠨ ᠤ ᠲᠣᠭᠤᠷᠢᠭ᠂ ᠣᠨᠴᠠᠯᠢᠭᠲᠤ ᠬᠤᠳᠠᠯᠳᠤᠭᠠᠨ ᠤ ᠵᠡᠭᠡᠯᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠠᠬᠢᠭᠤᠯᠤᠨ᠂ ᠸᠠᠨ ᠳ᠋ᠠ ᠬᠤᠳᠠᠯᠳᠤᠭᠠᠨ ᠤ ᠶᠡᠷᠦᠩᠬᠡᠶᠢᠯᠡᠭᠰᠡᠨ ᠴᠤᠭᠴᠠᠲᠦ ᠲᠦᠷᠦᠯ ᠵᠦᠢᠯ᠂ ᠳ᠋ᠠ ᠰᠢᠩ ᠳᠤᠮᠳᠠᠳᠤ ᠤᠯᠤᠰ ᠤᠨ ᠯᠠᠨ ᠴᠧᠩ ᠵᠢᠵᠢᠭ ᠪᠠᠯᠭᠠᠰᠤ ᠵᠡᠷᠭᠡ ᠠᠷᠠᠯᠵᠢᠶ᠎ᠠ ᠬᠤᠳᠠᠯᠳᠤᠭᠠᠨ ᠤ ᠲᠥᠷᠥᠯ ᠵᠦᠢᠯ ᠢ ᠤᠯᠠᠮ ᠨᠢᠭᠡ ᠠᠯᠬᠤᠮ ᠬᠡᠷᠡᠭᠵᠢᠭᠦᠯᠵᠦ᠂ ᠢ ᠺᠧ ᠷᠥᠩ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ 20 ᠪᠠᠶᠢᠭᠤᠯᠵᠤ᠂ ᠮᠠᠰᠢᠨ ᠲᠡᠷᠭᠡ᠂ ᠢᠳᠡᠭᠡᠨ ᠤᠮᠳᠠᠭᠠᠨ᠂ ᠭᠡᠷ ᠤᠨ ᠴᠠᠬᠢᠯᠭᠠᠨ ᠬᠡᠷᠡᠭᠰᠡᠯ᠂ ᠡᠷᠡᠭᠦᠯᠵᠢᠯ ᠰᠤᠪᠢᠯᠠᠯᠲᠠ ᠵᠡᠷᠭᠡ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠠᠭᠤᠳᠠᠯᠤᠨ᠎ᠠ᠃ ᠣᠲᠣ ᠦᠶ᠎ᠡ ᠶᠢᠨ ᠡᠳ᠋ ᠪᠠᠷᠠᠭᠠᠨ ᠤ ᠭᠦᠢᠯᠭᠡᠭᠡ ᠶᠢ ᠲᠦᠷᠭᠡᠳᠬᠡᠨ ᠬᠥᠭᠵᠢᠭᠦᠯᠵᠦ᠂ ᠰᠢᠨ᠎ᠡ ᠡᠨᠧᠷᠭᠢ ᠶᠢᠨ ᠳᠣᠲᠣᠭᠠᠳᠤ ᠬᠠᠭᠤᠷᠠᠢ ᠶᠢᠨ ᠭᠠᠷᠠᠮ ᠤᠨ ᠣᠶᠤᠨᠲᠤ ᠰᠢᠨᠵᠢᠯᠡᠬᠦ ᠤᠬᠠᠭᠠᠨ ᠮᠡᠷᠭᠡᠵᠢᠯ ᠤᠨ ᠡᠳ᠋ ᠪᠠᠷᠠᠭᠠᠨ ᠤ ᠭᠦᠢᠯᠭᠡᠭᠡ ᠶᠢᠨ ᠲᠥᠷᠥᠯ ᠵᠦᠢᠯ ᠢ ᠦᠷᠭᠦᠯᠵᠢᠯᠡᠨ ᠠᠬᠢᠭᠤᠯᠵᠤ᠂ ᠱᠠᠨᠰᠢ ᠶᠢᠨ ᠤᠯᠤᠰ ᠤᠨ ᠡᠮ ᠤᠨ ᠭᠦᠢᠯᠭᠡᠭᠡ ᠶᠢᠨ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠦᠵᠦᠭᠦᠷ ᠦᠢᠯᠡᠴᠢᠯᠡᠭᠡᠲᠦ ᠲᠣᠬᠢᠷᠠᠭᠤᠯᠤᠨ ᠬᠦᠷᠭᠡᠬᠦ ᠴᠡᠭ ᠢ 300 ᠳᠤ ᠬᠦᠷᠭᠡᠵᠦ᠂ ᠪᠠᠷᠢᠮᠵᠢᠶᠠᠲᠤ ᠡᠳ᠋ ᠪᠠᠷᠠᠭᠠᠨ ᠤ ᠭᠦᠢᠯᠭᠡᠭᠡ ᠶᠢᠨ ᠪᠠᠭᠠᠵᠢ ᠬᠡᠷᠡᠭᠰᠡᠯ ᠢ ᠬᠡᠷᠡᠭᠯᠡᠬᠦ ᠠᠷᠠᠯᠵᠢᠶ᠎ᠠ ᠬᠤᠳᠠᠯᠳᠤᠭᠠᠨ ᠤ ᠡᠳ᠋ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠢ 85% ᠳᠤ ᠬᠦᠷᠦᠭᠦᠯᠬᠦ ᠶᠢ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠠᠮᠢᠲᠠᠨ ᠤ ᠬᠦᠷᠢᠶᠡᠯᠡᠩ᠂ ᠤᠷᠭᠤᠮᠠᠯ ᠤᠨ ᠬᠦᠷᠢᠶᠡᠯᠡᠩ ᠤᠨ ᠵᠢᠭᠤᠯᠴᠢᠯᠠᠯ ᠤᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠂ ᠸᠠᠨ ᠵᠢᠶᠠ ᠬᠤᠶ ᠴᠡᠩᠭᠡᠯᠲᠦ ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ᠂ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠵᠡᠷᠭᠡ ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠡᠮᠦᠷ ᠵᠠᠮ ᠤᠨ ᠪᠠᠷᠠᠭᠤᠨ ᠰᠥᠨᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠲᠤᠭᠤᠷᠢᠭ ᠵᠡᠷᠭᠡ ᠰᠢᠨ᠎ᠡ ᠬᠡᠯᠪᠡᠷᠢ ᠶᠢᠨ ᠬᠡᠷᠡᠭᠯᠡᠭᠡᠨ ᠤ ᠠᠬᠤᠢ ᠪᠠᠶᠢᠳᠠᠯ ᠢ ᠳᠡᠭᠡᠭᠰᠢᠯᠡᠭᠦᠯᠦᠨ ᠲᠡᠭᠦᠯᠳᠡᠷᠵᠢᠭᠦᠯᠵᠦ᠂ ᠤᠯᠤᠰ ᠤᠨ ᠰᠣᠶᠣᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠠᠮᠵᠢᠯᠲᠠᠲᠠᠢ ᠲᠠᠢ ᠡᠷᠡᠮᠡᠯᠵᠡᠯᠡᠨ ᠮᠡᠳᠡᠭᠦᠯᠬᠦ ᠪᠠᠷ ᠴᠢᠷᠮᠠᠶᠢᠨ᠎ᠠ᠃     ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠳᠡᠭᠡᠳᠦ ᠳᠡᠰ ᠤᠨ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠡᠨᠧᠷᠭᠢ ᠵᠡᠷᠭᠡ 14 ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠡᠬᠦᠳᠡᠨ ᠳᠤ ᠬᠦᠷᠴᠦ ᠬᠤᠳᠠᠯᠳᠤᠭᠠᠴᠢᠨ ᠤᠷᠢᠬᠤ᠂ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠭᠤᠯᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠰᠢᠩ ᠢᠦᠢ ᠮᠠᠰᠢᠨ ᠴᠠᠬᠢᠯᠭᠠᠨ ᠤ ᠥᠨᠳᠥᠷ ᠳᠠᠬᠢᠯᠲᠠᠲᠦ ᠬᠡᠷᠡᠯ ᠲᠥᠪᠯᠡᠷᠡᠭᠦᠯᠬᠦ ᠬᠡᠷᠡᠯ ᠴᠡᠨᠡᠭ ᠤᠨ ᠰᠢᠰᠲ᠋ᠧᠮ ᠤᠨ ᠦᠶᠯᠡᠳᠬᠦ ᠰᠠᠭᠤᠷᠢᠨ ᠭᠠᠵᠠᠷ᠂ ᠵᠢᠦᠢ ᠱᠧᠩ ᠡᠨᠧᠷᠭᠢ ᠶᠢᠨ ᠯᠢᠲ᠋ᠢ ᠴᠠᠬᠢᠯᠭᠠᠨ ᠴᠡᠨᠡᠭ ᠢ ᠰᠤᠳᠤᠯᠤᠨ ᠨᠡᠭᠡᠭᠡᠵᠦ ᠦᠶᠯᠡᠳᠬᠦ ᠵᠢᠴᠢ ᠪᠣᠷᠣᠯᠠᠭᠤᠯᠬᠤ᠂ ᠬᠤᠸᠠ ᠰᠢᠶᠠᠩ ᠤᠨ ᠳᠠᠬᠢᠯᠲᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠡᠷᠭᠡ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠬᠤᠲᠠ ᠶᠢᠨ ᠱᠠᠲᠤᠨ ᠠᠴᠠ ᠪᠠᠭᠤᠯᠭᠠᠭᠰᠠᠨ ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠯᠲᠠ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠦᠨ᠎ᠡ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ 2023 ᠣᠨ ᠤ ᠪᠦᠬᠦ ᠵᠢᠯ ᠳᠤ 267 ᠵᠦᠢᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 1716.23 ᠳ᠋ᠦᠩᠰᠢᠭᠤᠷ ᠲᠥᠭᠦᠷᠢᠭ ᠲᠤ ᠬᠦᠷᠭᠡᠵᠦ᠂ ᠣᠨ ᠤ ᠲᠦᠯᠦᠪᠯᠡᠭᠰᠡᠨ ᠪᠡᠯᠡ ᠣᠷᠣᠭᠤᠯᠤᠯᠲᠠ ᠨᠢ 228.12 ᠳ᠋ᠦᠩᠰᠢᠭᠤᠷ ᠲᠥᠭᠦᠷᠢᠭ ᠲᠤ ᠬᠦᠷᠭᠡᠵᠦ᠂ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠶᠢᠨ ᠵᠦᠢ ᠵᠣᠬᠢᠰᠲᠠᠢ ᠨᠡᠮᠡᠭᠳᠡᠯ ᠢ ᠪᠠᠲᠤᠯᠠᠵᠤ᠂ ᠪᠡᠯᠡ ᠣᠷᠣᠭᠤᠯᠤᠯᠲᠠ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠬᠦᠯᠦᠨ᠎ᠡ᠃     ︵ᠬᠤᠶᠠᠷ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠳᠣᠲᠣᠭᠠᠳᠤ ᠬᠥᠳᠡᠯᠭᠡᠭᠦ ᠬᠦᠴᠦᠨ ᠢ ᠴᠢᠩᠭᠠᠳᠬᠠᠨ᠎ᠠ     ᠴᠢᠨᠠᠷ ᠳᠡᠰᠲᠦ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠪᠣᠶ ᠪᠣᠯᠭᠠᠨ᠎ᠠ᠃ ᠴᠢᠳᠠᠪᠤᠷᠢᠲᠠᠨ ᠡᠯᠰᠡᠬᠦ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠷ ᠭᠤᠣᠯᠳᠠᠯᠭ᠎ᠠ ᠪᠣᠯᠭᠠᠨ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠣᠷᠣᠨ ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠷᠠᠭᠤᠯᠤᠨ᠎ᠠ᠃ ᠣᠷᠳᠣᠰ ᠬᠤᠲᠠ ᠶᠢᠨ ᠢ ᠭᠤᠸ ᠲᠣᠭᠠᠴᠢᠯᠠᠭᠰᠠᠨ ᠰᠣᠶᠣᠯ ᠤᠨ ᠡᠭᠦᠳᠦᠯᠲᠡ ᠶᠢᠨ ᠠᠵᠤ ᠦᠢᠯᠡᠰ ᠤᠨ ᠬᠦᠷᠢᠶᠡᠯᠡᠩ ᠢ ᠣᠷᠣᠭᠤᠯᠤᠨ ᠠᠪᠴᠢᠷᠠᠵᠤ᠂ ︽ᠬᠤᠷᠰᠢᠭᠴᠢ ᠡᠷᠢᠬᠦ︾ ᠲᠥᠷᠥᠯ ᠵᠦᠢᠯ ᠢ ᠥᠷᠭᠡᠳᠬᠡᠨ᠂ ᠬᠡᠪᠴᠢᠶᠡᠵᠢᠭᠰᠡᠨ ᠠᠵᠤ ᠠᠬᠤᠶᠢᠯᠠᠯ ᠤᠨ ᠬᠥᠮᠥᠨ ᠬᠡᠷᠡᠭᠯᠡᠬᠦ ᠬᠠᠩᠭᠠᠯᠭ᠎ᠠ ᠬᠡᠷᠡᠭᠴᠡᠭᠡ ᠶᠢ ᠬᠥᠳᠡᠯᠦᠩᠭᠦᠢ ᠪᠠᠷ ᠬᠢᠨᠠᠨ ᠬᠡᠮᠵᠢᠬᠦ ᠪᠠ ᠲᠣᠮᠣ ᠲᠥᠷᠥᠯ ᠵᠦᠢᠯ ᠤᠨ ᠬᠥᠮᠥᠨ ᠬᠡᠷᠡᠭᠯᠡᠬᠦ ᠶᠢ ᠮᠥᠷᠳᠡᠨ ᠦᠢᠯᠡᠴᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠢ ᠭᠤᠸ ᠲᠣᠭᠠᠴᠢᠯᠠᠭᠰᠠᠨ ᠠᠵᠤ ᠦᠢᠯᠡᠰ ᠤᠨ ᠬᠦᠷᠢᠶᠡᠯᠡᠩ ᠳᠤ ᠲᠦᠰᠢᠭᠯᠡᠨ᠂ ᠲᠣᠭᠠᠴᠢᠯᠠᠭᠰᠠᠨ ᠰᠣᠶᠣᠯ ᠬᠢᠭᠡᠳ ᠨᠡᠶᠢᠭᠡᠮ ᠤᠨ ᠬᠠᠷᠢᠯᠴᠠᠭᠠᠨ ᠤ ᠡᠯᠧᠺᠲᠷᠣᠨ ᠬᠤᠳᠠᠯᠳᠤᠭ᠎ᠠ᠂ ᠰᠦᠯᠵᠢᠶᠡᠨ ᠤ ᠰᠢᠭᠤᠳ ᠨᠡᠪᠲᠡᠷᠡᠭᠦᠯᠭᠡ᠂ ᠣᠬᠤᠷ ᠬᠠᠷᠠᠭᠠᠨ ᠳᠠᠪᠲᠠᠮᠵᠢ ᠵᠡᠷᠭᠡ ᠰᠦᠯᠵᠢᠶᠡᠨ ᠳᠡᠭᠡᠷᠡᠬᠢ ᠰᠢᠨ᠎ᠡ ᠠᠵᠤ ᠠᠬᠤᠢ ᠶᠢᠨ ᠤᠶᠠᠯᠳᠤᠯ ᠢ ᠠᠬᠢᠭᠤᠯᠵᠤ᠂ ᠨᠠᠩ ᠰᠠᠶᠢᠨ ᠰᠠᠶᠢᠬᠠᠨ ᠠᠳᠠᠯ ᠦᠢᠯᠡᠰ ᠴᠣᠭᠴᠠᠯᠠᠬᠤ ᠣᠷᠴᠢᠨ ᠲᠣᠭᠤᠷᠢᠨ ᠢ ᠪᠣᠶ ᠪᠣᠯᠭᠠᠨ᠎ᠠ᠃     ᠥᠨᠳᠥᠷ ᠪᠦᠲᠦᠮᠵᠢᠲᠡᠶ ᠠᠷᠠᠳ ᠲᠤ ᠲᠥᠬᠦᠮ ᠦᠵᠡᠭᠦᠯᠬᠦ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠪᠣᠶ ᠪᠣᠯᠭᠠᠨ᠎ᠠ᠃ ︽15 ᠮᠢᠨᠦ᠋ᠲ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶ᠎ᠡ︾ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠷᠢᠴᠠᠩᠭᠤᠢ ᠪᠠᠷ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭ ᠤᠨ ᠡᠮᠦᠨ᠎ᠡ ᠬᠢᠨᠠᠨ ᠵᠥᠪᠰᠢᠶᠡᠷᠡᠬᠦ︾ ᠪᠠ ︽ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ︾ ᠶᠢ ᠬᠠᠷᠢᠴᠠᠩᠭᠤᠢ ᠪᠠᠷ ᠰᠠᠯᠭᠠᠬᠤ᠂ ᠬᠠᠷᠢᠯᠴᠠᠨ ᠬᠢᠵᠠᠭᠠᠷᠯᠠᠬᠤ᠂ ᠬᠠᠷᠢᠯᠴᠠᠨ ᠵᠣᠬᠢᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠬᠢᠭᠡᠳ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠ ᠵᠠᠭᠠᠭ ᠬᠢᠵᠠᠭᠠᠷ ᠢ ᠲᠣᠳᠣᠷᠬᠠᠶᠢᠯᠠᠨ᠂ ᠬᠤᠶᠠᠳᠤᠭᠠᠷ ᠪᠦᠯᠦᠭ ᠤᠨ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠵᠦᠢᠯᠡᠰ ᠢ ᠬᠤᠪᠢᠶᠠᠷᠢᠯᠠᠨ ᠰᠢᠯᠵᠢᠭᠦᠯᠬᠦ ᠠᠵᠢᠯ ᠢ ᠡᠬᠢᠯᠡᠭᠦᠯᠦᠨ᠎ᠡ᠃ ᠣᠶᠤᠨᠴᠢ ᠪᠠᠷ ᠥᠪᠡᠰᠦᠪᠡᠨ ᠦᠢᠯᠡᠴᠢᠯᠡᠬᠦ ᠰᠢᠨ᠎ᠡ ᠵᠠᠭᠪᠤᠷ ᠢ ᠪᠤᠶ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠵᠢᠴᠢ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠤᠨ ᠥᠪᠡᠰᠦᠪᠡᠨ ᠦᠢᠯᠡᠴᠢᠯᠡᠬᠦ ᠦᠵᠦᠭᠦᠷ ᠤᠨ ᠪᠡᠯᠡᠳᠬᠡᠮᠵᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂      ︽ᠴᠤᠩᠬᠤᠪᠴᠢ ᠦᠢᠯᠡᠴᠢᠯᠡᠭᠡ︾ ︽ᠠᠯᠠᠭᠠᠨ ᠳᠡᠭᠡᠷᠡᠬᠢ ᠦᠢᠯᠡᠴᠢᠯᠡᠭᠡ︾ ︽ᠰᠦᠯᠵᠢᠶᠡᠨ ᠦᠢᠯᠡᠴᠢᠯᠡᠭᠡ︾ ︽ᠠᠦ᠋ᠲ᠋ᠤ᠋ ᠦᠢᠯᠡᠴᠢᠯᠡᠭᠡ︾ ᠵᠡᠷᠭᠡ ᠭᠦᠢᠴᠡᠳᠬᠡᠬᠦ ᠵᠠᠭᠪᠤᠷ ᠢ ᠶᠡᠷᠦᠩᠬᠡᠶᠢᠯᠡᠨ ᠬᠡᠷᠡᠭᠯᠡᠵᠦ᠂ 24 ᠴᠠᠭ ᠢᠶᠠᠷ ᠥᠪᠡᠰᠦᠪᠡᠨ ᠦᠢᠯᠡᠴᠢᠯᠡᠬᠦ᠂ ︽ᠣᠶᠢᠷ᠎ᠠ ᠬᠠᠪᠢ ᠳᠠᠭᠠᠨ ᠭᠦᠢᠴᠡᠳᠬᠡᠬᠦ︾ ᠠᠵᠤ ᠠᠬᠤᠶᠢᠯᠠᠯ ᠪᠠ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠷᠲᠤᠳᠬᠠᠵᠤ᠂ ︽ᠰᠠᠶᠢᠨ ᠮᠠᠭᠤ ᠶᠢᠨ ᠦᠨᠡᠯᠡᠯᠲᠡ︾ ᠪᠠᠷ ᠠᠵᠤ ᠠᠬᠤᠶᠢᠯᠠᠯ ᠪᠠ ᠣᠯᠠᠨ ᠲᠦᠮᠡᠨ ᠤ ᠰᠠᠨᠠᠯ ᠢ ᠴᠠᠭ ᠲᠤᠬᠠᠢ ᠳᠤᠨᠢ ᠬᠠᠷᠢᠭᠤ ᠲᠤᠰᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠩ ᠣᠶᠤᠨᠴᠢ ᠪᠠᠷ ᠠᠷᠠᠳ ᠲᠤ ᠲᠥᠬᠦᠮ ᠦᠵᠡᠭᠦᠯᠦᠨ᠎ᠡ᠃ ︽ᠳᠥᠷᠪᠡ ᠶᠢ ᠭᠦᠢᠴᠡᠳᠬᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠡ ᠴᠣᠭᠴᠠᠵᠢᠭᠤᠯᠬᠤ ᠲᠠᠪᠴᠠᠩ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠳ᠋ᠠᠶᠢᠲ᠋ᠠ ᠶᠢ ᠬᠠᠮᠲᠤᠪᠠᠷ ᠭᠥᠷᠳᠡᠬᠦ ᠰᠠᠭᠤᠷᠢ ᠶᠢ ᠪᠠᠬᠢᠵᠢᠭᠦᠯᠵᠦ᠂ ︽ᠨᠢᠭᠡ ᠤᠳᠠᠭ᠎ᠠ ᠳᠤ ᠭᠦᠢᠴᠡᠳᠬᠡᠬᠦ︾ ︽ᠲᠠᠨ ᠢ ᠬᠠᠪᠰᠤᠷᠤᠨ ᠭᠦᠢᠴᠡᠳᠬᠡᠬᠦ︾ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠦᠨ᠂ ᠡᠯ᠎ᠡ ᠬᠡᠯᠬᠢᠶᠡᠵᠢᠭᠰᠡᠨ ᠨᠢᠭᠡᠴᠡ ᠶᠢ ᠢᠳᠡᠪᠬᠢᠲᠡᠢ ᠵᠣᠬᠢᠴᠠᠭᠤᠯᠵᠤ᠂ ︽ᠨᠢᠭᠡ ᠬᠦᠰᠦᠨᠦᠭᠲᠦ ᠬᠠᠭᠤᠳᠠᠰᠤ︾ ᠶᠢᠨ ᠭᠤᠶᠤᠴᠢᠯᠠᠯ᠂ ︽ᠨᠢᠭᠡ ᠢᠵᠢ ᠮᠠᠲ᠋ᠧᠷᠢᠶᠠᠯ︾ ᠤᠨ ᠭᠥᠯᠢᠶᠡᠨ ᠠᠪᠴᠤ ᠰᠢᠢᠳᠪᠦᠷᠢᠯᠡᠬᠦ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠂ 10 ᠥᠨᠳᠥᠷ ᠳᠠᠪᠲᠠᠮᠵᠢ ᠶᠢᠨ ︽ᠨᠢᠭᠡ ᠤᠴᠢᠷ ︾ ᠢ ᠨᠠᠶᠢᠳᠠᠪᠤᠷᠢᠵᠢᠭᠤᠯᠬᠤ ᠬᠡᠷᠡᠭᠵᠢᠬᠦᠯᠦᠯᠲᠡ ᠶᠢ ᠦᠷᠭᠦᠯᠵᠢᠯᠡᠨ ᠠᠬᠢᠭᠤᠯᠵᠤ᠂ ︽ᠨᠢᠭᠡ ᠤᠴᠢᠷ ᠢ ᠨᠢᠭᠡᠯᠡ ᠤᠳᠠᠭ᠎ᠠ ᠳᠤ︾ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ︽ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠳᠤᠨᠢ ᠰᠢᠢᠳᠪᠦᠷᠢᠯᠡᠬᠦ︾ ᠦᠢᠯᠡᠴᠢᠯᠡᠭᠡᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠲᠦᠷᠭᠡᠨ ᠰᠢᠢᠳᠪᠦᠷᠢᠯᠡᠨ᠎ᠡ᠃     ᠠᠵᠤ ᠠᠬᠤᠶᠢᠯᠠᠯ ᠳᠤ ᠠᠰᠢᠭ ᠬᠦᠷᠲᠡᠭᠡᠬᠦ ᠨᠡᠭᠡᠭᠡᠯᠲᠡ ᠲᠠᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠨ᠎ᠠ᠃ ᠳᠡᠭᠡᠳᠦ ᠱᠠᠲᠤᠨ ᠤ ᠠᠵᠤ ᠠᠬᠤᠢ ᠶᠢ ᠯᠠᠪᠳᠠᠭᠤᠨ ᠪᠠᠲᠤᠲᠠᠢ ᠲᠣᠭᠲᠠᠭᠤᠨ ᠪᠠᠶᠢᠯᠭᠠᠬᠤ ᠲᠤᠬᠠᠢ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠵᠡᠷᠭᠡ ᠬᠦᠴᠦᠨ ᠵᠦᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠠᠷᠪᠠᠨ ᠵᠦᠢᠯ ᠤᠨ ᠮᠥᠩᠭᠦᠨ ᠭᠦᠢᠯᠭᠡᠭᠡᠨ ᠤ ᠡᠨᠧᠷᠭᠢ ᠣᠯᠭᠤᠬᠤ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠪᠡᠯᠡ ᠲᠣᠬᠢᠷᠠᠭᠤᠯᠭ᠎ᠠ ᠪᠠᠷ ᠠᠵᠤ ᠠᠬᠤᠶᠢᠯᠠᠯ ᠢ ᠲᠤᠰᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠵᠠᠰᠠᠭ ᠤᠨ ᠤᠷᠳᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠠᠵᠤ ᠠᠬᠤᠶᠢᠯᠠᠯ ᠢ ᠵᠣᠯᠭᠠᠭᠤᠯᠬᠤ ᠶᠢ ᠴᠢᠩᠭᠠᠳᠬᠠᠵᠤ᠂ ᠰᠢᠨ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠪᠡᠯᠡ ᠲᠣᠬᠢᠷᠠᠭᠤᠯᠬᠤ ᠳᠤ ᠬᠦᠴᠢᠷᠲᠡᠢ᠂ ᠪᠡᠯᠡ ᠲᠣᠬᠢᠷᠠᠭᠤᠯᠬᠤ ᠳᠤ ᠦᠷᠳᠡᠭ ᠨᠢ ᠦᠨᠳᠦᠷ᠂ ᠪᠡᠯᠡ ᠲᠣᠬᠢᠷᠠᠭᠤᠯᠬᠤ ᠳᠤ ᠤᠳᠠᠭᠠᠨ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠠᠲ᠋ᠧᠷᠢᠶᠠᠯ ᠦᠬᠡᠶᠢᠵᠢᠬᠦᠯᠦᠨ ᠬᠢᠨᠠᠨ ᠵᠥᠪᠰᠢᠶᠡᠷᠡᠬᠦ ᠥᠨᠳᠥᠷ ᠪᠦᠲᠦᠮᠵᠢᠲᠡᠶ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠮᠵᠢ ᠶᠢ  ᠪᠠᠲᠤᠳᠬᠠᠨ᠎ᠠ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠳᠤ ᠡᠷᠬᠡ ᠲᠡᠭᠰᠢ ᠪᠠᠷ ᠣᠷᠤᠯᠴᠠᠬᠤ ᠶᠢ ᠲᠡᠮᠵᠢᠵᠤ᠂ ᠤᠯᠤᠰ ᠤᠨ ᠥᠮᠴᠢᠯᠡᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠡᠰᠢᠴᠢᠯᠡᠭᠰᠡᠨ ᠤᠷᠮᠠᠰᠢᠭᠤᠯᠬᠤ ᠳᠤᠭᠲᠠᠴᠠ  ᠶᠢ ᠳᠡᠬᠦᠯᠳᠡᠷᠵᠢᠬᠦᠯᠦᠨ ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠬᠤ ᠶᠢ ᠴᠢᠩᠭᠠᠳᠬᠠᠵᠤ᠂ ︽ᠬᠤᠪᠢ ᠶᠢᠨ ᠡᠵᠡᠩᠨᠡᠯᠳᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ︽ᠵᠢᠵᠢᠭ ᠪᠠᠭ᠎ᠠ ᠠᠵᠤ ᠠᠬᠤᠶᠢᠯᠠᠯ ᠢ ᠬᠡᠪᠴᠢᠶᠡᠵᠢᠭᠰᠡᠨ ᠠᠵᠤ ᠠᠬᠤᠶᠢᠯᠠᠯ ᠪᠤᠯᠭᠠᠬᠤ︾ ᠪᠣᠶᠢᠵᠢᠭᠤᠯᠤᠯᠲᠠ ᠶᠢᠨ ᠲᠥᠯᠥᠪᠯᠡᠭᠡ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ 1.5 ᠲᠦᠮᠡᠨ ᠡᠷᠦᠬᠡ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠰᠠᠨᠠᠭᠠᠴᠢᠯᠠᠭ᠎ᠠ ᠠᠴᠠ ᠪᠠᠨ ᠬᠠᠯᠠᠮᠵᠢᠯᠠᠵᠤ᠂ ᠢᠳᠡᠪᠬᠢᠲᠡᠢ ᠪᠠᠷ ᠬᠠᠷᠢᠭᠤ ᠥᠭᠴᠦ᠂ ᠠᠵᠤ ᠠᠬᠤᠶᠢᠯᠠᠯ ᠤᠨ ᠵᠦᠢ ᠵᠣᠬᠢᠰᠲᠠᠢ ᠬᠦᠰᠡᠯ ᠱᠠᠭᠠᠷᠳᠠᠯᠭ᠎ᠠ ᠪᠠ ᠬᠦᠴᠢᠷᠳᠡᠯ ᠲᠠᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠲᠥᠷᠥᠯ ᠵᠦᠢᠯ ᠤᠨ ᠬᠠᠮᠲᠤᠷᠠᠯᠴᠠᠭ᠎ᠠ ᠬᠢᠬᠦ ᠵᠡᠷᠭᠡ ᠨᠠᠷᠢᠯᠢᠭ ᠣᠨᠣᠴᠠᠲᠠᠢ ᠦᠢᠯᠡᠴᠢᠯᠡᠭᠡ ᠬᠠᠩᠭᠠᠨ᠎ᠠ᠃     ᠵᠢᠷᠤᠮᠵᠢᠭᠰᠠᠨ ᠲᠥᠪ ᠭᠤᠣᠯᠴᠢ ᠬᠠᠤᠯᠢ ᠪᠠᠷ ᠵᠠᠰᠠᠭᠰᠠᠨ ᠣᠷᠴᠢᠨ ᠨᠥᠬᠦᠴᠡᠯ ᠢ ᠪᠤᠢ ᠪᠣᠯᠭᠠᠨ᠎ᠠ᠃ ᠪᠥᠬᠦ ᠲᠤᠭᠤᠷᠢᠭ ᠤᠨ 15 ᠪᠠᠯᠭᠠᠰᠤ ᠵᠡᠭᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ ᠲᠤ ᠣᠯᠠᠨ ᠨᠡᠶᠢᠲᠡ ᠶᠢᠨ ᠬᠠᠤᠯᠢ ᠪᠠᠷ ᠵᠠᠰᠠᠬᠤ ᠰᠣᠶᠣᠯ ᠤᠨ ᠭᠤᠣᠯ ᠰᠡᠳᠦᠪᠲᠦ ᠲᠠᠯᠠᠪᠤᠷ ᠭᠠᠵᠠᠷ ᠪᠠᠶᠢᠭᠤᠯᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠠᠶᠢᠨ ᠳᠤᠷ᠎ᠠ ᠶᠢᠨ ᠠᠵᠢᠯᠯᠠᠭᠴᠢᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠶᠢᠭᠤᠯᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠤᠬᠠᠭᠤᠯᠭ᠎ᠠ ᠶᠢ ᠥᠷᠨᠢᠭᠦᠯᠦᠨ᠂ ᠨᠡᠶᠢᠭᠡᠮ ᠤᠨ ᠲᠤᠰᠬᠠᠢ ᠮᠡᠷᠭᠡᠵᠢᠯ ᠤᠨ ᠬᠠᠤᠯᠢᠴᠢ᠂ ᠬᠠᠤᠯᠢ ᠪᠠᠷ ᠲᠤᠰᠠᠯᠠᠬᠤ ᠬᠠᠤᠯᠢᠴᠢ ᠪᠤᠯᠤᠨ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠳ ᠢ ᠰᠤᠩᠭᠤᠨ ᠲᠤᠮᠢᠯᠠᠵᠦ᠂ ᠲᠣᠰᠬᠤᠨ᠂ ᠨᠡᠶᠢᠭᠡᠮ ᠲᠣᠭᠤᠷᠢᠭ ᠲᠤ ᠭᠦᠨᠵᠡᠭᠡᠶᠢᠷᠡᠭᠦᠯᠦᠨ᠂ ᠬᠠᠤᠯᠢ ᠴᠠᠭᠠᠵᠠ ᠶᠢᠨ ᠦᠢᠯᠡᠴᠢᠯᠡᠭᠡ ᠨᠢ ᠪᠦᠬᠦᠨ ᠢ ᠬᠠᠮᠤᠷᠤᠭᠰᠠᠨ ᠲᠤᠤᠷᠵᠢᠯ ᠢ ︽ᠡᠴᠦᠰ ᠤᠨ ᠨᠢᠭᠡ ᠺᠢᠯᠣᠮᠧᠲᠷ︾ ᠬᠦᠷᠳᠡᠯ᠎ᠡ ᠨᠡᠪᠲᠡᠷᠡᠭᠦᠯᠬᠦ ᠪᠠᠷ ᠴᠢᠷᠮᠠᠶᠢᠨ᠎ᠠ᠃ ᠬᠤᠳᠠ ᠶᠢᠨ ᠬᠡᠷᠡᠭᠵᠢᠬᠦᠯᠦᠯᠲᠡ ᠪᠠ ᠨᠡᠶᠢᠭᠡᠮ ᠤᠨ ᠵᠠᠰᠠᠯᠲᠠ ᠶᠢᠨ ︽ᠨᠢᠭᠡ ᠲᠣᠣᠷ ᠢᠶᠠᠷ ᠨᠢᠭᠡᠳᠦᠯᠲᠡᠢ ᠬᠠᠮᠢᠶᠠᠷᠬᠤ︾ ᠲᠠᠪᠴᠠᠩ᠂ ᠬᠤᠳᠠ ᠶᠢᠨ ᠡᠵᠡᠩᠨᠡᠯᠲᠡ ᠶᠢᠨ ᠵᠢᠯᠤᠭᠤᠳᠬᠤ ᠲᠥᠪ ᠤᠨ ᠲᠠᠪᠴᠠᠩ᠂ ᠲᠣᠭᠠᠵᠢᠭᠤᠯᠤᠭᠰᠠᠨ ᠣᠶᠤᠨᠲᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ︽ᠬᠤᠶᠠᠷ ᠢ ᠲᠣᠬᠢᠶᠠᠯᠳᠤᠯ ᠢᠶᠠᠷ ᠬᠢᠨᠠᠬᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠵᠡᠷᠭᠡ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠨᠠᠶᠢᠳᠠᠪᠤᠷᠢᠵᠢᠭᠤᠯᠵᠤ᠂ ᠪᠠᠭᠲᠠᠭᠠᠮᠵᠢᠲᠠᠢ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢ ᠥᠷᠨᠢᠭᠦᠯᠦᠨ᠂ ᠠᠵᠤ ᠠᠬᠤᠶᠢᠯᠠᠯ ᠳᠤ ᠦᠵᠡᠭᠦᠯᠬᠦ ᠬᠠᠷᠰᠢᠯᠠᠯ ᠢ ᠪᠠᠭᠠᠰᠬᠠᠨ᠎ᠠ᠃ ᠢᠲᠡᠭᠡᠮᠵᠢ ᠶᠢᠨ ︽ᠤᠯᠠᠭᠠᠨ ᠬᠠᠷ᠎ᠠ ᠲᠠᠩᠰᠠ︾ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃     ︵ᠭᠤᠷᠪᠠ︶ ᠨᠢᠭᠡᠳᠦᠯᠲᠡᠢ ᠲᠥᠯᠥᠪᠵᠢᠭᠦᠯᠦᠨ ᠵᠣᠬᠢᠴᠠᠩᠭᠤᠢ ᠬᠥᠭᠵᠢᠭᠦᠯᠵᠦ᠂ ᠦᠵᠡᠰᠬᠦᠯᠡᠩᠲᠦ ᠰᠠᠶᠢᠬᠠᠨ ᠬᠤᠳᠠ ᠬᠥᠳᠡᠭᠡ ᠶᠢᠨ ᠰᠢᠨ᠎ᠡ ᠲᠦᠰᠦᠯ ᠲᠥᠯᠥᠪᠯᠡᠭᠡ ᠶᠢ ᠵᠢᠷᠤᠭᠯᠠᠶ᠎ᠠ     ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠨᠠᠷ ᠳᠡᠰ ᠢ ᠳᠡᠭᠡᠭᠰᠢᠯᠡᠭᠦᠯᠦᠨ᠎ᠡ᠃ ᠪᠠᠶᠢᠭᠤᠯᠵᠤ ᠳᠠᠭᠤᠰᠤᠭᠠᠲᠦᠢ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢ ᠪᠥᠬᠦ ᠲᠠᠯ᠎ᠠ ᠪᠠᠷ ᠡᠬᠢᠯᠡᠨ ᠪᠠᠶᠢᠭᠤᠯᠵᠤ᠂ 2023 ᠣᠨ ᠳᠤ 945 ᠢᠵᠢ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢ ᠲᠤᠰᠢᠶᠠᠨ ᠥᠭᠴᠦ ᠬᠡᠷᠡᠭᠯᠡᠭᠦᠯᠬᠦ ᠪᠠᠷ ᠲᠥᠯᠥᠪᠯᠡᠵᠦ ᠪᠣᠶ︔ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠭᠤᠭᠠᠯᠢ ᠲᠣᠭᠤᠷᠢᠭ ᠵᠡᠷᠭᠡ 49 ᠬᠠᠭᠤᠴᠢᠨ ᠰᠠᠭᠤᠭᠠᠯᠢ ᠲᠣᠭᠤᠷᠢᠭ ᠢ ᠰᠡᠯᠪᠢᠨ ᠵᠠᠰᠠᠵᠤ ᠥᠭᠡᠷᠡᠴᠢᠯᠡᠵᠦ᠂ ᠡᠭᠦᠨ ᠤ ᠳᠣᠲᠣᠷᠠᠬᠢ 43 ᠰᠠᠭᠤᠭᠠᠯᠢ ᠲᠣᠭᠤᠷᠢᠭ ᠲᠤ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠦᠷᠨᠢᠬᠦᠯᠦᠨ᠎ᠡ︔ 20 ᠴᠠᠬᠢᠯᠭᠠᠨ ᠱᠠᠲᠤ ᠶᠢ ᠨᠡᠮᠡᠨ ᠤᠭᠰᠠᠷᠠᠵᠤ᠂ 298 ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠪᠠᠭᠠᠨ᠎ᠠ ᠶᠢ ᠰᠢᠨ᠎ᠡ ᠪᠠᠷ ᠤᠭᠰᠠᠷᠠᠨ᠎ᠠ︔ ᠴᠡᠴᠡᠷᠯᠢᠭ ᠵᠠᠮ ᠵᠡᠷᠭᠡ 21 ᠵᠤᠷᠪᠤᠰ ᠬᠤᠲᠠ ᠶᠢᠨ ᠶᠠᠪᠤᠳᠠᠯ ᠤᠨ ᠵᠠᠮ ᠢ ᠰᠢᠨ᠎ᠡ ᠪᠠᠷ ᠪᠠᠶᠢᠭᠤᠯᠵᠤ᠂ ᠬᠠᠭᠤᠴᠢᠨ ᠬᠤᠲᠠ ᠶᠢᠨ ᠲᠣᠭᠤᠷᠢᠭ ᠤᠨ ᠳᠠᠪᠤᠨ ᠵᠡᠭᠡᠯᠢ ᠳᠠᠪᠤᠨ ᠵᠠᠮ ᠢ ᠰᠡᠯᠪᠢᠨ ᠵᠠᠰᠠᠵᠤ ᠥᠭᠡᠷᠡᠴᠢᠯᠡᠬᠦ᠂ ᠬᠤᠲᠠ ᠲᠣᠭᠤᠷᠢᠭ ᠵᠡᠭᠡᠯᠢ ᠵᠠᠮ ᠳᠠᠭᠠᠤ ᠶᠢᠨ ᠠᠭᠠᠷ ᠲᠠᠬᠢ ᠴᠠᠬᠢᠯᠭᠠᠨ ᠱᠤᠭᠤᠮ ᠢ ᠭᠠᠵᠠᠷ ᠲᠤᠤᠷ᠎ᠠ ᠪᠤᠯᠠᠬᠤ ᠥᠭᠡᠷᠡᠴᠢᠯᠡᠯᠲᠡ᠂ ᠵᠢᠩ ᡁᠢ ᠲᠣᠭᠤᠷᠢᠯ ᠵᠠᠮ ᠵᠡᠷᠭᠡ 14 ᠵᠤᠷᠪᠤᠰ ᠭᠤᠣᠯᠳᠠᠯᠭ᠎ᠠ ᠲᠠᠢ ᠵᠠᠮ ᠤᠨ ᠬᠡᠰᠡᠭ ᠤᠨ ᠬᠤᠲᠠ ᠶᠢᠨ ᠶᠠᠪᠤᠳᠠᠯ ᠤᠨ ᠪᠡᠯᠡᠳᠬᠡᠮᠵᠢ ᠶᠢ ᠰᠢᠨᠡᠳᠬᠡᠨ ᠥᠭᠡᠷᠡᠴᠢᠯᠡᠬᠦ ᠶᠢ ᠲᠦᠷᠭᠡᠳᠬᠡᠨ ᠠᠬᠢᠭᠤᠯᠤᠨ᠎ᠠ︔ 9 ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠤᠰᠤ ᠬᠠᠩᠭᠠᠬᠤ ᠢᠨᠵᠧᠨᠧᠷᠢᠩ ᠵᠢᠴᠢ 1 ᠪᠠᠯᠭᠠᠰᠤᠨ ᠤ ᠲᠠᠰ ᠤᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠥᠭᠡᠷᠡᠴᠢᠯᠡᠬᠦ ᠪᠠᠷ ᠲᠥᠯᠥᠪᠵᠢᠭᠦᠯᠦᠨ᠎ᠡ︔ ᠰᠥᠩ ᠮᠠ ᠱᠤᠭᠤᠮ ᠠᠴᠠ ᠨᠢᠶᠠᠨ ᠬᠤᠩ ᠱᠤᠭᠤᠮ ᠬᠦᠷᠬᠦ ᠬᠡᠰᠡᠭ ᠤᠨ ᠵᠠᠰᠠᠮᠠᠯ ᠵᠠᠮ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠪᠡᠶᠢᠰᠡ  ᠶᠢᠨ ᠬᠤᠭᠤᠯᠠᠢ ᠠᠴᠠ ᠳᠠᠷᠬᠠᠨ ᠬᠤᠭᠤᠯᠠᠢ ᠬᠦᠷᠬᠦ ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠤ᠂ ᠬᠤᠲᠠ ᠶᠢᠨ ᠳᠠᠭᠠᠭᠠᠴᠠ ᠪᠠ ᠣᠷᠣᠰᠢᠨ ᠰᠠᠭᠤᠬᠤ ᠳᠤ ᠲᠣᠬᠢᠷᠠᠮᠵᠢᠲᠠᠢ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃     ᠬᠤᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠬᠦᠯᠦᠨ᠎ᠡ᠃ ︽5G + ᠣᠶᠤᠨᠲᠤ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠬᠦᠨᠵᠡᠭᠡᠶᠢᠷᠡᠬᠦᠯᠦᠨ᠂ ︽ᠨᠠᠮ ᠵᠠᠰᠠᠭ ᠢ ᠨᠡᠪᠲᠡᠷᠡᠭᠦᠯᠬᠦ︾ ᠲᠥᠷᠥᠯ ᠵᠦᠢᠯ ᠢ ᠡᠬᠢᠯᠡᠭᠦᠯᠵᠦ᠂ 20 ︽ᠣᠶᠤᠨᠲᠤ ᠠᠮᠤᠭᠤᠯᠠᠩ ᠵᠢᠵᠢᠭ ᠲᠣᠭᠤᠷᠢᠭ︾ ᠢ ᠪᠠᠶᠢᠭᠤᠯᠵᠤ᠂ 150 ᠵᠠᠮ ᠬᠠᠷᠢᠯᠴᠠᠭᠠᠨ ᠤ ᠣᠶᠤᠨᠲᠤ ᠳᠣᠬᠢᠶᠠᠨ ᠳ᠋ᠧᠩ ᠢ ᠥᠭᠡᠷᠡᠴᠢᠯᠡᠨ᠎ᠡ᠃ ᠲᠥᠷᠥᠯ ᠬᠤᠪᠢᠶᠠᠬᠤ ᠱᠠᠭᠠᠷᠳᠠᠯᠭ᠎ᠠ ᠳᠤ ᠨᠡᠶᠢᠴᠡᠭᠰᠡᠨ ᠠᠮᠢᠳᠤᠷᠠᠯ ᠤᠨ ᠬᠤᠭ ᠨᠣᠪᠰᠢ ᠶᠢ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭ ᠪᠤᠯᠭᠠᠨ ᠠᠰᠢᠭᠯᠠᠬᠤ ᠨᠣᠷᠮ᠎ᠠ ᠶᠢ 15% ᠠᠴᠠ ᠳᠡᠭᠡᠭᠰᠢ ᠳᠤ ᠬᠦᠷᠦᠭᠦᠯᠦᠨ᠎ᠡ᠃ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠴᠡᠴᠡᠷᠯᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠠᠷᠢᠯᠢᠭᠵᠢᠭᠤᠯᠤᠭᠰᠠᠨ ᠲᠠᠰ ᠬᠤᠪᠢᠶᠠᠨ  ᠠᠷᠠᠴᠢᠯᠠᠬᠤ ᠬᠠᠮᠢᠶᠠᠷᠤᠯᠲᠠ ᠶᠢᠨ ᠪᠠᠷᠢᠮᠵᠢᠶ᠎ᠠ ᠶᠣᠰᠣᠭᠠᠷ ᠪᠠᠶᠢᠭᠤᠯᠤᠭᠰᠠᠨ 3244 ᠲᠦᠮᠡᠨ ᠲᠡᠭᠰᠢ ᠳᠥᠷᠪᠡᠯᠵᠢᠨ ᠮᠧᠲᠷ ᠤᠨ ᠵᠦᠯᠭᠡᠯᠢᠭ ᠭᠠᠵᠠᠷ ᠢ ᠲᠠᠰ ᠬᠤᠪᠢᠶᠠᠨ ᠠᠷᠠᠴᠢᠯᠠᠵᠦ᠂ ᠮᠥᠩᠭᠦᠨ ᠭᠦᠢᠯᠭᠡᠭᠡᠨ ᠤ ᠵᠦᠯᠭᠡᠯᠢᠭ ᠭᠠᠵᠠᠷ᠂ ᠶᠤᠸᠠᠢ ᠱᠠᠨ ᠬᠤᠶᠠᠳᠤᠭᠠᠷ ᠵᠡᠭᠡᠯᠢ ᠶᠢᠨ ᠵᠦᠯᠭᠡᠯᠢᠭ ᠭᠠᠵᠠᠷ ᠵᠢᠴᠢ ᠵᠡᠭᠦᠨ ᠥᠷᠭᠡᠷᠢᠭ ᠤᠨ ᠳᠥᠷᠪᠡᠨ ᠵᠠᠮ ᠤᠨ ᠬᠤᠶᠠᠷ ᠬᠠᠵᠠᠭᠤ ᠶᠢᠨ ᠵᠦᠯᠭᠡᠯᠢᠭ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠰᠢᠪᠲᠤᠯᠤᠯᠲᠠ ᠶᠢᠨ ᠠᠵᠢᠯᠯᠠᠭ᠎ᠠ ᠶᠢ ᠥᠷᠨᠢᠭᠦᠯᠵᠦ᠂ 5 ︽ᠬᠤᠪᠢᠰᠬᠠᠯᠲᠤ ᠠᠳᠠᠯ ᠠᠬᠤᠢ︾ ᠶᠢᠨ ᠲᠤᠷᠰᠢᠯᠲᠠ ᠶᠢᠨ ᠲᠣᠭᠤᠷᠢᠭ᠂ 10 ︽ᠣᠶᠤᠨᠲᠤ ᠠᠳᠠᠯ ᠠᠬᠤᠢ︾ ᠶᠢᠨ ᠲᠤᠷᠰᠢᠯᠲᠠ ᠶᠢᠨ ᠲᠣᠭᠤᠷᠢᠭ ᠢ ᠪᠠᠶᠢᠭᠤᠯᠤᠨ᠎ᠠ᠃ ︽ᠳ᠋ᠦᠩᠱᠧᠩ ᠲᠣᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠣᠪᠣᠶᠢᠮ᠎ᠠ ᠵᠥᠷᠢᠴᠡᠯ ᠢ ᠰᠢᠢᠳᠪᠦᠷᠢᠯᠡᠬᠦ ᠲᠥᠷᠥᠯ ᠵᠦᠢᠯ ᠢ ᠲᠦᠷᠭᠡᠳᠬᠡᠨ ᠰᠢᠢᠳᠪᠦᠷᠢᠯᠡᠬᠦ ᠲᠤᠬᠠᠢ ᠬᠡᠷᠡᠭᠵᠢᠭᠦᠯᠬᠦ ᠰᠠᠨᠠᠯ︾ ᠢ ᠰᠤᠳᠤᠯᠤᠨ ᠨᠡᠶᠢᠲᠡᠯᠡᠵᠦ᠂ ᠨᠢᠭᠡᠳᠦᠯᠲᠡᠢ ᠵᠢᠭᠡᠯᠡᠭᠦᠯᠵᠦ ᠨᠢᠭᠡᠳᠦᠯᠲᠡᠢ ᠪᠤᠴᠠᠭᠠᠬᠤ᠂ ᠵᠠᠰᠠᠭ ᠤᠨ ᠣᠷᠳᠣᠨ ᠠᠴᠠ ᠡᠭᠡᠭᠦᠯᠦᠨ ᠬᠤᠳᠠᠯᠳᠤᠨ ᠠᠪᠬᠤ᠂ ᠲᠥᠷᠥᠯ ᠵᠦᠢᠯ ᠢ ᠨᠡᠶᠢᠯᠡᠭᠦᠯᠦᠨ ᠬᠤᠳᠠᠯᠳᠤᠨ ᠠᠪᠬᠤ᠂ ᠳᠠᠮᠫᠤᠷᠠᠭᠤᠯᠵᠤ ᠳᠠᠬᠢᠨ ᠨᠢᠭᠡᠳᠬᠡᠬᠦ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠪᠡᠯᠡ ᠮᠥᠩᠭᠦ ᠪᠠᠶᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠦᠪᠡᠭᠴᠢᠯᠡᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠬᠤᠲᠠ ᠶᠢᠨ ᠲᠡᠭᠦᠷᠭᠡ ᠶᠢᠨ ᠮᠠᠶ᠋ᠢᠭ ᠤᠨ ᠲᠠᠷᠢᠶᠠᠯᠠᠩ ᠤᠨ ᠰᠢᠰᠲ᠋ᠧᠮ ᠢ ᠪᠠᠶᠢᠭᠤᠯᠬᠤ ᠶᠢᠨ ᠲᠣᠭᠤᠷᠢᠨ ᠳᠤ᠂ ᠣᠲᠣ ᠦᠶ᠎ᠡ ᠶᠢᠨ ᠲᠠᠷᠢᠶᠠᠯᠠᠩ ᠬᠢᠭᠡᠳ ᠰᠤᠷᠭᠠᠨ ᠬᠥᠮᠦᠵᠢᠯ ᠰᠣᠶᠣᠯ᠂ ᠡᠷᠡᠭᠦᠯ ᠮᠡᠨᠳᠦ ᠪᠡᠶ᠎ᠡ ᠰᠤᠪᠢᠯᠠᠯᠲᠠ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠶᠢᠨ ᠭᠦᠨᠵᠡᠭᠡᠢ ᠠᠭᠤᠰᠤᠯᠴᠠᠯ ᠢ ᠬᠦᠴᠦᠯᠡᠨ ᠠᠬᠢᠭᠤᠯᠵᠤ᠂ ᠨᠢᠭᠡ ᠤᠳᠠᠭᠠᠨ ᠤ ᠠᠵᠤ ᠦᠢᠯᠡᠰ ᠤᠨ ︽ ᠵᠠᠯᠭᠠᠯᠳᠤᠯ︾ ᠪᠡᠶᠡᠯᠡᠭᠳᠡᠯ ᠢ ᠠᠬᠢᠭᠤᠯᠤᠨ᠎ᠠ᠃ ᠳ᠋ᠦᠩ ᠶᠠᠨ ᠮᠥᠭᠦ ᠳᠠᠷᠢᠬᠤ᠂ ᠵᠤᠤᠬ᠎ᠠ ᠶᠢᠨ ᠬᠤᠭᠤᠯᠠᠢ ᠲᠣᠰᠬᠤᠨ ᠤ ᠤᠶᠤᠨᠴᠢᠯᠠᠭᠰᠠᠨ ᠲᠠᠷᠢᠶᠠᠯᠠᠩ ᠤᠨ ᠬᠥᠨᠳᠡᠢ᠂ ᠶᠢᠨ ᠸᠠᠨ ᠠᠮᠢ ᠠᠬᠤᠢ ᠶᠢᠨ ᠬᠦᠷᠢᠶᠡᠯᠡᠩ᠂ ᠪᠣᠷᠳᠣᠵᠤ ᠲᠠᠷᠭᠤᠯᠠᠭᠤᠯᠤᠭᠰᠠᠨ ᠬᠤᠨᠢ ᠵᠢᠴᠢ ᠠᠮᠢᠳᠤ ᠬᠤᠨᠢᠨ ᠤ ᠠᠷᠠᠯᠵᠢᠶᠠᠨ ᠤ ᠵᠠᠬ᠎ᠠ ᠳᠡᠯᠭᠡᠭᠦᠷ᠂ ᠪᠤᠷᠵᠠᠩ ᠨᠠᠭᠤᠷ ᠪᠠᠯᠭᠠᠰᠤ ᠶᠢᠨ ᠬᠢᠲᠠᠳ ᠡᠪᠡᠰᠦᠨ ᠡᠮ ᠳᠠᠷᠢᠵᠤ ᠪᠤᠯᠪᠠᠰᠤᠷᠠᠭᠤᠯᠬᠤ ᠰᠠᠭᠤᠷᠢᠨ ᠭᠠᠵᠠᠷ᠂ ᠴᠠᠶᠢᠳᠠᠮ ᠲᠣᠰᠬᠤᠨ ᠤ 5MW ᠮᠠᠶ᠋ᠢᠭ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠵᠡᠷᠭᠡ ᠠᠵᠤ ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠤᠨ᠎ᠠ᠃ ᠵᠢᠵᠢᠭ ᠲᠠᠷᠢᠶᠠᠴᠢᠨ ᠡᠷᠦᠭᠡ ᠪᠣᠯᠣᠨ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠯᠦᠭᠡ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠵᠤ᠂ ᠲᠠᠷᠢᠶᠠᠴᠢᠳ ᠤᠨ ᠲᠤᠰᠬᠠᠢ ᠬᠤᠷᠰᠢᠶᠠᠵᠢᠯ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠠᠬᠤᠢ ᠶᠢ ᠴᠡᠭᠴᠡᠯᠡᠨ ᠵᠠᠰᠠᠵᠤ ᠰᠠᠶᠢᠵᠢᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠪᠣᠬᠢᠷ ᠤᠰᠤ ᠬᠤᠭ ᠨᠣᠪᠰᠢ ᠶᠢ ᠬᠤᠷᠢᠶᠠᠨ ᠰᠢᠢᠳᠪᠦᠷᠢᠯᠡᠬᠦ ᠪᠠ ᠲᠠᠷᠢᠮᠠᠯ ᠳᠡᠵᠢᠭᠡᠪᠤᠷᠢ  ᠠᠴᠠ ᠡᠬᠦᠰᠦᠭᠰᠡᠨ ᠬᠠᠶᠠᠭᠳᠠᠮᠠᠯ ᠪᠣᠳᠠᠰ ᠢ ᠡᠬᠢ ᠪᠠᠶᠠᠯᠢᠭ ᠪᠤᠯᠭᠠᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠶᠠᠳᠠᠭᠤ   ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ    ᠬᠢᠵᠦ᠂ ︽ᠬᠤᠪᠢ ᠬᠤᠷᠠᠮᠳᠤᠭᠤᠯᠬᠤ ᠳᠦᠷᠢᠮ︾ ︽ᠨᠠᠷᠢᠨ ᠲᠠᠩᠰᠠ ᠶᠢᠨ ᠳᠦᠷᠢᠮ︾ ᠤᠨ ᠬᠡᠷᠡᠭᠯᠡᠬᠦ ᠬᠡᠪᠴᠢᠶ᠎ᠡ ᠶᠢ ᠳᠡᠯᠭᠡᠷᠡᠭᠦᠯᠦᠨ᠂ ᠬᠥᠳᠡᠯᠦᠩᠭᠦᠢ ᠪᠠᠷ ᠬᠢᠨᠠᠨ ᠬᠡᠮᠵᠢᠯᠲᠡ ᠬᠢᠬᠦ ᠶᠢ ᠪᠠᠶᠢᠩᠭᠤᠵᠢᠭᠤᠯᠤᠨ ᠥᠷᠨᠢᠭᠦᠯᠵᠦ᠂ ᠣᠯᠠᠨ ᠡᠰᠢᠵᠢᠭᠰᠡᠨ᠂ ᠪᠠᠶᠢᠩᠭᠤᠵᠢᠭᠰᠠᠨ ᠬᠠᠪᠰᠤᠷᠤᠨ ᠳᠡᠳᠬᠦᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃     ︵ᠳᠥᠷᠪᠡ︶ ᠪᠣᠬᠢᠷᠳᠤᠯ ᠦᠭᠡᠢ ᠬᠥᠭᠵᠢᠯᠲᠡ ᠶᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠥᠯᠢᠭᠡᠷ ᠵᠢᠱᠢᠶ᠎ᠡ ᠶᠢ ᠡᠬᠦᠳᠦᠨ ᠴᠤᠭᠴᠠᠯᠠᠨ᠎ᠠ᠃     ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠠᠭᠠᠷ ᠮᠠᠨᠳᠠᠯ ᠤᠨ ᠪᠣᠬᠢᠷᠳᠤᠯ ᠪᠣᠳᠠᠰ ᠤᠨ ᠶᠡᠷᠦᠩᠬᠡᠢ ᠬᠡᠮᠵᠢᠶ᠎ᠡ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠪᠥᠬᠦ ᠬᠦᠴᠦᠨ ᠢᠶᠠᠷ ᠲᠦᠯᠬᠢᠨ ᠠᠬᠢᠭᠤᠯᠵᠤ᠂ ᠵᠢᠯ ᠤᠨ GDP ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠬᠠᠷᠠᠯᠲᠠ ᠶᠢᠨ ᠡᠭᠦᠷᠭᠡ ᠶᠢ ᠴᠢᠩᠭᠠᠷᠠᠭᠤᠯᠤᠨ᠂ ᠪᠥᠬᠦ ᠵᠢᠯ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠨᠣᠷᠮ᠎ᠠ ᠶᠢ 85% ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ᠭᠤᠤᠯᠳᠠᠯᠭᠠᠲᠦ ᠰᠠᠪᠠ ᠭᠠᠵᠠᠷ ᠤᠨ ᠣᠭᠲᠣᠯᠣᠭᠠᠰᠤ ᠶᠢᠨ ᠤᠰᠤᠨ ᠤ ᠴᠢᠨᠠᠷ ᠢ ᠰᠠᠶᠢᠵᠢᠷᠠᠭᠤᠯᠤᠨ᠂ ᠤᠯᠠᠭᠠᠨᠮᠦ᠋ᠷᠡᠨ ᠤ ᠰᠠᠪᠠ ᠭᠠᠵᠠᠷ᠂  ᠬᠠᠰᠢᠯᠭ᠎ᠠ ᠶᠢᠨ ᠭᠤᠣᠯ᠂ ᠰᠠᠶᠢᠨ ᠲᠠᠶᠢᠵᠢ ᠨᠠᠭᠤᠷ ᠤᠨ ᠣᠷᠴᠢᠨ ᠲᠣᠭᠤᠷᠢᠨ ᠤ ᠵᠠᠰᠠᠯᠲᠠ ᠶᠢ ᠦᠷᠭᠦᠯᠵᠢᠯᠡᠨ ᠠᠬᠢᠭᠤᠯᠵᠤ᠂ ᠠᠭᠤᠷᠬᠠᠢ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠵᠢᠴᠢ ᠠᠮᠢ ᠠᠬᠤᠢ ᠶᠢ ᠰᠡᠷᠭᠦᠭᠡᠬᠦ᠂ ᠬᠥᠳᠡᠭᠡ ᠲᠣᠰᠬᠤᠨ ᠤ ᠤᠰᠤᠨ ᠤ ᠬᠠᠩᠭᠠᠯᠭ᠎ᠠ ᠶᠢ ᠪᠠᠲᠤᠯᠠᠬᠤ ᠵᠡᠷᠭᠡ ᠲᠥᠷᠥᠯ ᠵᠦᠢᠯ ᠢ ᠶᠡᠬᠡᠪᠡᠷ ᠠᠬᠢᠭᠤᠯᠵᠤ᠂ ᠪᠣᠬᠢᠷ ᠤᠰᠤ ᠶᠢ ᠵᠠᠰᠠᠬᠤ᠂ ᠲᠤᠮᠳᠠ ᠶᠢᠨ ᠤᠰᠤ ᠶᠢ ᠠᠰᠢᠭᠯᠠᠬᠤ ᠪᠠ ᠤᠰᠤᠨ ᠤ ᠡᠬᠢ ᠪᠠᠶᠠᠯᠢᠭ ᠢ ᠠᠷᠪᠢᠯᠠᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠤᠨ᠂ ᠣᠯᠠᠨ ᠱᠤᠭᠤᠮ ᠢᠶᠠᠷ ᠬᠤᠯᠪᠣᠭᠰᠠᠨ᠂ ᠣᠯᠠᠨ ᠳᠠᠪᠬᠤᠷᠭ᠎ᠠ ᠪᠠᠷ ᠡᠷᠭᠢᠯᠳᠦᠭᠰᠡᠨ᠂ ᠠᠮᠢ ᠠᠬᠤᠢ ᠡᠷᠡᠭᠦᠯ ᠴᠢᠭᠢᠷᠠᠭ ᠤᠰᠤᠨ ᠤ ᠲᠣᠣᠷ ᠤᠨ ᠰᠢᠰᠲ᠋ᠧᠮᠵᠢ ᠶᠢ ᠪᠠᠶᠢᠭᠤᠯᠤᠨ᠎ᠠ᠃ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠵᠠᠰᠠᠬᠤ ᠠᠵᠢᠯ ᠢ ᠬᠦᠨᠵᠡᠭᠡᠶᠢᠷᠡᠬᠦᠯᠦᠨ᠂ ᠲᠠᠷᠢᠶᠠᠨ ᠤ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠨᠤᠷᠮ᠎ᠠ᠂  ᠪᠤᠷᠳᠤᠭᠤᠷᠵᠢᠭᠤᠯᠵᠦ ᠶᠠᠷᠦᠩᠬᠡᠶᠢᠯᠡᠨ ᠠᠰᠢᠭᠯᠠᠬᠤ ᠨᠤᠷᠮ᠎ᠠ ᠶᠢ ᠦᠨᠡᠨ ᠬᠦ ᠳᠡᠭᠡᠭᠰᠢᠯᠡᠭᠦᠯᠦᠨ᠎ᠡ᠃ ︽ᠬᠠᠶᠠᠭᠳᠠᠮᠠᠯ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠳᠠᠬᠢᠯᠲᠠ ᠡᠬᠢ ᠪᠠᠶᠠᠯᠢᠭ ᠢ ᠬᠤᠷᠢᠶᠠᠨ ᠠᠪᠬᠤ ᠪᠠ ᠬᠤᠭ ᠨᠣᠪᠰᠢ ᠶᠢ ᠲᠥᠷᠥᠯ ᠬᠤᠪᠢᠶᠠᠬᠤ ᠬᠤᠶᠠᠷ ᠲᠣᠣᠷ ᠢ ᠨᠡᠶᠢᠯᠡᠭᠦᠯᠬᠦ ᠲᠤᠷᠰᠢᠯᠲᠠ ᠶᠢᠨ ᠴᠡᠭ  ᠤᠨ ᠲᠥᠷᠥᠯ ᠵᠦᠢᠯ ᠢ ᠡᠬᠢᠯᠡᠭᠦᠯᠵᠦ᠂ ᠰᠢᠨ ᠷᠦᠢ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠪ ᠢ ᠨᠡᠬᠦᠯᠬᠡᠨ᠂ ︽ᠬᠠᠶᠠᠭᠳᠠᠮᠠᠯ ᠪᠣᠳᠠᠰ ᠢ ᠴᠡᠪᠡᠷᠯᠡᠬᠦ ᠠᠵᠢᠯᠯᠠᠭ᠎ᠠ︾ ᠶᠢ ᠥᠷᠨᠢᠭᠦᠯᠬᠦ ᠶᠢᠨ ᠬᠠᠮᠲᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠮᠡᠳᠡᠭᠡ ᠵᠠᠩᠭᠢᠵᠢᠭᠤᠯᠤᠨ ᠬᠡᠷᠡᠭᠯᠡᠬᠦ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃     ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠨ ᠰᠡᠷᠭᠦᠭᠡᠬᠦ ᠠᠵᠢᠯ ᠢ ᠰᠢᠨᠲᠠᠷᠠᠰᠢ ᠦᠭᠡᠢ ᠴᠢᠩᠭᠠᠳᠬᠠᠨ᠎ᠠ᠃ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ + ᠪᠠᠶᠢᠴᠠᠭᠠᠬᠤ ᠳᠠᠷᠤᠭ᠎ᠠ + ᠴᠠᠭᠳᠠᠭᠠᠨ ᠤ ᠳᠠᠷᠤᠭ᠎ᠠ︾ ᠶᠢᠨ ᠬᠤᠯᠪᠤᠭᠠᠯᠠᠨ ᠬᠠᠮᠵᠢᠯᠴᠠᠬᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠲᠢᠭᠯᠢᠮ ᠦᠬᠡᠢ ᠠᠰᠠᠭᠤᠳᠠᠯ ᠢ ᠠᠷᠢᠯᠭᠠᠬᠤ︾ ᠶᠢ ᠪᠠᠶᠢᠩᠭᠤᠵᠢᠭᠤᠯᠵᠤ ᠵᠢᠷᠤᠮᠵᠢᠭᠤᠯᠤᠨ ᠠᠬᠢᠭᠤᠯᠤᠨ᠎ᠠ᠃ ᠶᠡᠭᠡ ᠪᠤᠯᠠᠭ ᠤᠨ ᠭᠤᠤᠯ ᠵᠡᠷᠭᠡ 3 ᠲᠦᠷᠦᠯ ᠤᠨ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ᠂ ᠰᠦᠩ ᠵᠢᠶᠠ ᠴᠢᠦᠢ ᠰᠤᠪᠠᠭ ᠵᠡᠷᠭᠡ 3 ᠵᠤᠷᠪᠤᠰ ᠭᠤᠣᠯ ᠤᠨ ᠱᠤᠭᠤᠮ ᠢ ᠵᠠᠰᠠᠬᠤ ᠢᠨᠵᠧᠨᠧᠷᠢᠩ ᠵᠢᠴᠢ 15  ᠰᠢᠪᠠᠷᠲᠦ ᠭᠠᠵᠠᠷ ᠤᠨ ᠬᠠᠰᠢᠯᠭ᠎ᠠ ᠶᠢ ᠪᠠᠬᠢᠯᠡᠬᠦ ᠢᠨᠵᠧᠨᠧᠷᠢᠩ ᠢ ᠬᠡᠷᠡᠭᠵᠢᠭᠦᠯᠵᠦ᠂ ᠬᠥᠷᠥᠰᠥ ᠰᠢᠷᠣᠢ ᠶᠢ ᠰᠠᠶᠢᠲᠤᠷ ᠬᠠᠮᠠᠭᠠᠯᠠᠨ᠂ ᠦᠶᠡᠷ ᠤᠨ ᠵᠠᠮ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ︽ᠣᠶ ᠰᠢᠭᠤᠢ ᠶᠢᠨ ᠳᠠᠷᠤᠭ᠎ᠠ ᠶᠢᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠤᠨ᠂ ᠪᠡᠭᠡᠵᠢᠩ ᠲᠢᠶᠠᠨᠵᠢᠨ ᠤ ᠰᠠᠯᠬᠢ ᠰᠢᠭᠤᠷᠭ᠎ᠠ ᠶᠢᠨ ᠡᠬᠢ ᠪᠤᠯᠬᠤ ᠬᠥᠷᠥᠰᠥ ᠰᠢᠷᠣᠢ ᠶᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠲᠥᠷᠥᠯ ᠵᠦᠢᠯ ᠪᠠ ᠣᠶ ᠰᠢᠭᠤᠢ ᠡᠪᠡᠰᠦᠨ ᠤ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠲᠦᠯᠬᠢᠨ ᠠᠬᠢᠭᠤᠯᠵᠤ᠂ 1 ᠲᠦᠮᠡᠨ ᠮᠦ ᠴᠢᠨᠠᠷ ᠮᠠᠭᠤ ᠦᠷ᠎ᠡ ᠪᠦᠲᠦᠮᠵᠢ ᠪᠠᠷᠤᠭᠲᠠᠢ ᠣᠶ ᠰᠢᠭᠤᠢ ᠶᠢ ᠦᠬᠡᠷᠡᠴᠢᠯᠡᠨ ᠪᠠᠶᠢᠭᠤᠯᠵᠦ᠂ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠡᠭᠦᠯᠡᠨ ᠲᠠᠪᠴᠠᠩ ᠢ ᠪᠠᠶᠢᠭᠤᠯᠤᠨ᠂ ᠣᠶ ᠰᠢᠭᠤᠢ ᠶᠢᠨ ᠬᠠᠮᠢᠶᠠᠷᠴᠤ ᠬᠠᠮᠠᠭᠠᠯᠠᠬᠤ ᠶᠠᠰᠤ ᠴᠢᠨᠠᠷ ᠢ ᠳᠡᠭᠡᠭᠰᠢᠯᠡᠬᠦᠯᠵᠦ᠂ ᠬᠥᠮᠥᠨ ᠤ ᠬᠦᠴᠦ ᠪᠠᠷ 2000 ᠮᠦ ᠣᠶᠢᠵᠢᠭᠤᠯᠵᠤ᠂ 67000 ᠮᠦ ᠠᠮᠢ ᠠᠬᠤᠢ ᠶᠢ ᠵᠠᠰᠠᠨ ᠰᠡᠷᠭᠦᠭᠡᠵᠦ᠂ ᠬᠦᠪᠴᠢ︱ ᠮᠤᠤᠠᠤᠰᠤ ᠡᠯᠡᠰᠦᠷᠭᠡᠭ ᠭᠠᠵᠠᠷ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠥᠷᠥᠯ ᠵᠦᠢᠯ ᠢ 4000 ᠮᠦ ᠪᠡᠶᠡᠯᠡᠭᠦᠯᠦᠨ᠎ᠡ᠃ ᠭᠠᠵᠠᠷ ᠤᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦ ᠶᠢ ᠵᠢᠷᠤᠮᠵᠢᠭᠤᠯᠤᠨ ᠬᠡᠷᠡᠭᠯᠡᠵᠦ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠪᠠ ᠳᠠᠯᠳᠠ ᠬᠡᠮ ᠢ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ 500 ᠾᠧᠺᠲ᠋ᠠᠷ ᠠᠴᠠ ᠳᠡᠭᠡᠭᠰᠢ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠵᠤ ᠨᠣᠭᠤᠭᠠᠷᠠᠭᠤᠯᠬᠤ ᠶᠢ ᠪᠡᠶᠡᠯᠡᠬᠦᠯᠦᠨ᠂ 1 ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠳᠤᠯ ᠦᠭᠡᠢ ᠠᠭᠤᠷᠬᠠᠢ ᠶᠢ ᠰᠢᠨ᠎ᠡ ᠪᠠᠷ ᠪᠠᠶᠢᠭᠤᠯᠤᠨ᠎ᠠ᠃     ᠨᠡᠭᠦᠷᠡᠰᠦᠲᠥ᠋ᠷᠥᠭᠴᠢ ᠶᠢᠨ ᠭᠠᠳᠠᠭᠰᠢᠭᠤᠯᠤᠯ ᠢ ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠢᠳᠡᠪᠬᠢᠲᠡᠢ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠳ᠋ᠦᠩᠱᠧᠩ ᠲᠣᠭᠤᠷᠢᠭ ᠤᠨ ︽ᠨᠡᠭᠦᠷᠡᠰᠦᠲᠥ᠋ᠷᠥᠭᠴᠢ ᠶᠢᠨ ᠭᠠᠳᠠᠭᠰᠢᠭᠤᠯᠤᠯ ᠢ ᠣᠷᠭᠢᠯ ᠬᠡᠮᠵᠢᠭᠳᠡᠯ ᠳᠤ ᠬᠦᠷᠭᠡᠬᠦ ᠠᠵᠢᠯᠯᠠᠭ᠎ᠠ ᠶᠢᠨ ᠲᠥᠰᠥᠯ︾ ᠢ ᠨᠠᠶᠢᠷᠠᠭᠤᠯᠤᠨ ᠵᠣᠬᠢᠶᠠᠵᠤ᠂ ᠳ᠋ᠦᠩᠱᠧᠩ ᠤᠨ ᠪᠣᠳᠠᠲᠠᠢ ᠳᠤ ᠨᠡᠶᠢᠴᠡᠬᠦ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠵᠠᠮ ᠢ ᠰᠦᠪᠡᠭᠴᠢᠯᠡᠨ᠂ ᠡᠨᠧᠷᠭᠢ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷ᠎ᠠ ᠪᠠ ᠭᠤᠣᠯᠳᠠᠯᠭ᠎ᠠ ᠲᠠᠢ ᠠᠵᠢᠯ ᠲᠥᠷᠥᠯ ᠤᠨ ᠪᠣᠬᠢᠷᠳᠤᠯ ᠦᠭᠡᠢ ᠥᠭᠡᠷᠡᠴᠢᠯᠡᠯᠲᠡ ᠶᠢ ᠲᠦᠷᠭᠡᠳᠬᠡᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠦᠴᠦᠯᠡᠴᠡ ᠶᠢ ᠠᠯᠬᠤᠮ ᠠᠯᠬᠤᠮ ᠢᠶᠠᠷ ᠪᠠᠭᠤᠷᠠᠭᠤᠯᠤᠨ᠎ᠠ᠃ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ  ᠵᠢᠱᠢᠶ᠎ᠡ ᠦᠵᠡᠬᠦᠯᠬᠦ ᠲᠤᠷᠰᠢᠯᠲᠠ ᠶᠢᠨ ᠴᠡᠭ ᠤᠨ ᠡᠭᠦᠳᠦᠨ ᠪᠠᠶᠢᠭᠤᠯᠤᠯᠲᠠ ᠶᠢ ᠤᠯᠠᠮ ᠨᠢᠭᠡ ᠠᠯᠬᠤᠮ ᠥᠷᠨᠢᠭᠦᠯᠵᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠤᠨ᠎ᠠ᠃ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠨᠡᠭᠦᠷᠡᠰᠦᠲᠥ᠋ᠷᠥᠭᠴᠢ ᠦᠭᠡᠢ ᠡᠨᠧᠷᠭᠢ ᠶᠢᠨ ᠰᠤᠷᠪᠤᠯᠵᠢ ᠪᠠᠷ ᠣᠷᠣᠯᠠᠭᠤᠯᠬᠤ ᠶᠢ ᠵᠡᠷᠭᠡ ᠪᠠᠷ ᠬᠦᠴᠦᠯᠡᠬᠦ ᠶᠢ ᠪᠠᠷᠢᠮᠳᠠᠯᠠᠨ᠂ ᠠᠵᠤ ᠦᠢᠯᠡᠰ ᠤᠨ ᠪᠦᠲᠦᠴᠡ᠂ ᠡᠨᠧᠷᠭᠢ ᠶᠢᠨ ᠰᠤᠷᠪᠤᠯᠵᠢ ᠶᠢᠨ ᠪᠦᠲᠦᠴᠡ᠂ ᠵᠠᠮ ᠲᠡᠭᠡᠭᠡᠪᠦᠷᠢ ᠶᠢᠨ ᠪᠦᠲᠦᠴᠡ᠂ ᠭᠠᠵᠠᠷ ᠬᠡᠷᠡᠭᠯᠡᠬᠦ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠶᠢ ᠲᠦᠯᠬᠢᠨ ᠠᠬᠢᠭᠤᠯᠵᠤ᠂ ᠠᠮᠢ ᠠᠬᠤᠢ ᠶᠢᠨ ᠠᠰᠢᠭᠯᠠᠬᠤ ᠬᠡᠯᠪᠡᠷᠢ ᠂ ᠣᠷᠴᠢᠯ ᠡᠷᠬᠢᠯᠳᠡᠳᠦ ᠥᠨᠳᠥᠷ ᠪᠦᠲᠦᠮᠵᠢᠲᠡᠶ ᠬᠡᠯᠪᠡᠷᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠷᠢᠭᠤᠨ ᠴᠡᠪᠡᠷ ᠬᠡᠯᠪᠡᠷᠢ ᠪᠠ ᠣᠷᠴᠢᠨ ᠠᠬᠤᠢ ᠶᠢ ᠴᠡᠭᠴᠡᠯᠡᠨ ᠵᠠᠰᠠᠬᠤ ᠬᠡᠯᠪᠡᠷᠢ ᠵᠡᠷᠭᠡ ᠨᠡᠭᠦᠷᠡᠰᠦᠲᠥ᠋ᠷᠥᠭᠴᠢ ᠰᠠᠭᠠᠷᠮᠠᠭᠵᠢᠭᠤᠯᠬᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ︽ᠬᠤᠣᠰ ᠨᠡᠭᠦᠷᠡᠰᠦᠲᠥ᠋ᠷᠥᠭᠴᠢ︾ ᠲᠠᠢ ᠬᠤᠯᠪᠣᠭᠳᠠᠬᠤ ᠠᠵᠤ ᠦᠢᠯᠡᠰ ᠤᠨ ᠰᠢᠨ᠎ᠡ ᠬᠥᠳᠡᠯᠭᠡᠭᠴᠢ ᠡᠨᠧᠷᠭᠢ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃     ︵ᠲᠠᠪᠤ︶ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠬᠦᠴᠦᠨ ᠨᠢᠭᠲᠠᠷᠠᠭᠤᠯᠵᠤ᠂ ᠨᠡᠶᠢᠭᠡᠮ ᠤᠨ ᠠᠷᠠᠳ ᠤᠨ ᠠᠮᠢᠳᠤᠷᠠᠯ ᠤᠨ ᠦᠢᠯᠡᠰ ᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃     ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ᠎ᠡ᠃ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ ᠵᠡᠷᠭᠡ 5 ᠲᠥᠷᠥᠯ ᠵᠦᠢᠯ ᠢ ᠰᠢᠨ᠎ᠡ ᠪᠠᠷ ᠠᠵᠢᠯ ᠡᠬᠢᠯᠡᠭᠦᠯᠬᠦ ᠪᠠᠷ ᠴᠢᠷᠮᠠᠶᠢᠵᠤ᠂ ᠠᠷᠪᠠᠨ ᠬᠤᠶᠠᠳᠤᠭᠠᠷ ᠪᠠᠭ᠎ᠠ ᠰᠤᠷᠭᠠᠭᠤᠯᠢ ᠶᠢᠨ ᠡᠮᠦᠨ᠎ᠡ ᠰᠤᠷᠭᠠᠭᠤᠯᠢ ᠶᠢᠨ ᠲᠣᠭᠤᠷᠢᠭ ᠵᠡᠷᠭᠡ 5 ᠲᠥᠷᠥᠯ ᠵᠦᠢᠯ ᠢ ᠪᠠᠶᠢᠭᠤᠯᠵᠤ ᠳᠠᠭᠤᠰᠬᠠᠨ᠎ᠠ︔ ︽ᠬᠤᠶᠠᠷ ᠢ ᠬᠦᠩᠭᠡᠷᠡᠬᠦᠯᠬᠦ︾ ᠦᠷ᠎ᠡ ᠪᠦᠲᠦᠮᠵᠢ ᠶᠢ ᠪᠠᠬᠢᠵᠢᠭᠦᠯᠵᠦ᠂ ᠰᠤᠷᠭᠠᠭᠤᠯᠢ ᠶᠢᠨ ᠲᠣᠭᠤᠷᠢᠭ ᠤᠨ ᠳᠦᠷᠢᠮ ᠤᠨ ᠪᠠᠶᠢᠭᠤᠯᠤᠯᠲᠠ ᠶᠢ ᠰᠢᠯᠢᠳᠡᠭᠵᠢᠭᠦᠯᠦᠨ᠂ ᠪᠦᠯᠦᠭᠴᠢᠯᠡᠭᠰᠡᠨ ᠰᠤᠷᠭᠠᠭᠤᠯᠢ ᠡᠷᠭᠢᠯᠡᠬᠦ ᠶᠢ ᠤᠯᠠᠮ ᠨᠢᠭᠡ ᠠᠯᠬᠤᠮ ᠦᠷᠭᠡᠳᠬᠡᠨ᠂ ᠰᠤᠷᠭᠠᠭᠤᠯᠢ ᠶᠢᠨ ᠬᠤᠭᠤᠷᠣᠨᠳᠣᠬᠢ ᠬᠤᠯᠪᠣᠭᠠᠨ ᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠯᠪᠣᠭᠠᠨ ᠤ ᠰᠤᠷᠭᠠᠭᠤᠯᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠮᠵᠢᠯᠴᠠᠨ ᠬᠥᠭᠵᠢᠬᠦ ᠶᠢ ᠠᠬᠢᠭᠤᠯᠤᠨ᠎ᠠ︔ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ 510 ᠨᠡᠷᠡᠰ ᠪᠠᠭᠰᠢ ᠶᠢ ᠰᠢᠯᠭᠠᠨ ᠡᠯᠰᠡᠵᠦ᠂ ︽ᠲᠠᠪᠤᠨ ᠵᠦᠢᠯ ᠤᠨ ᠢᠨᠵᠧᠨᠧᠷᠢᠩ︾ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠵᠢᠭᠠᠨ ᠰᠤᠳᠤᠯᠬᠤ ᠬᠥᠭᠵᠢᠯᠲᠡ ᠶᠢᠨ ᠳᠠᠪᠠᠭᠤᠯᠢᠭ ᠢ ᠨᠡᠮᠡᠭᠳᠡᠭᠦᠯᠬᠦ ᠶᠢᠨ ᠬᠠᠮᠲᠤ ᠨᠡᠶᠢᠭᠡᠮ ᠤᠨ ᠭᠤᠷᠪᠠᠳᠠᠭᠢ ᠡᠲᠡᠭᠡᠳ ᠠᠴᠠ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠳᠤᠮᠳᠠᠳᠤ ᠪᠠᠭ᠎ᠠ ᠰᠤᠷᠭᠠᠭᠤᠯᠢ ᠶᠢᠨ ᠲᠦᠷ ᠴᠠᠭ ᠤᠨ ᠣᠷᠣᠯᠠᠨ ᠬᠢᠴᠢᠶᠡᠯᠯᠡᠬᠦ ᠪᠠᠭᠰᠢ ᠪᠠ ᠬᠡᠦᠬᠡᠳ ᠤᠨ ᠴᠡᠴᠡᠷᠯᠢᠭ ᠤᠨ ᠲᠤᠰᠬᠠᠢ ᠲᠤᠰᠢᠶᠠᠯᠲᠤ ᠠᠰᠠᠷᠠᠨ ᠬᠥᠮᠥᠵᠢᠭᠦᠯᠬᠦ ᠡᠩᠨᠡᠭᠡ ᠶᠢ ᠲᠣᠬᠢᠷᠠᠭᠤᠯᠬᠤ ᠶᠢ ᠰᠦᠪᠡᠭᠴᠢᠯᠡᠨ᠎ᠡ︔ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠶᠡᠬᠡᠪᠡᠷ ᠲᠦᠯᠬᠢᠨ ᠠᠬᠢᠭᠤᠯᠵᠤ᠂ ᠠᠵᠢᠯ ᠤᠨ ᠪᠠᠶᠢᠷᠢ ᠳᠤ ᠥᠷᠢᠰᠦᠯᠳᠦᠨ ᠭᠠᠷᠬᠤ ᠶᠢ ᠪᠦᠬᠦ ᠲᠠᠯ᠎ᠠ ᠪᠠᠷ ᠬᠡᠷᠡᠭᠵᠢᠬᠦᠯᠦᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃     ᠡᠮᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠷᠡᠭᠦᠯ ᠡᠩᠬᠡ ᠳ᠋ᠦᠩᠱᠧᠩ ᠤᠨ 14 ᠲᠤᠰᠬᠠᠢ ᠠᠵᠢᠯᠯᠠᠭ᠎ᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠡᠷᠡᠭᠦᠯ ᠡᠩᠬᠡ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢ ᠠᠬᠢᠭᠤᠯᠤᠨ᠂ ᠪᠥᠬᠦ ᠠᠷᠠᠳ ᠤᠨ ᠡᠷᠡᠭᠦᠯ ᠡᠩᠬᠡ ᠶᠢᠨ ᠬᠥᠮᠦᠵᠢᠯ ᠢ ᠥᠷᠨᠢᠭᠦᠯᠦᠨ᠎ᠡ᠃ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢᠨ ᠣᠲᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ ᠤᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠬᠤᠷᠰᠢᠭᠰᠠᠨ ᠡᠮᠨᠡᠯᠭᠡ ᠶᠢᠨ ᠠᠵᠤ ᠦᠢᠯᠡᠰ ᠤᠨ ᠬᠠᠮᠢᠶ᠎ᠠ ᠪᠦᠬᠦᠢ ᠲᠥᠷᠥᠯ ᠵᠦᠢᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠠᠬᠢᠭᠤᠯᠵᠤ᠂ ᠵᠣᠯ ᠵᠢᠷᠭᠠᠯ ᠨᠡᠶᠢᠭᠡᠮ ᠲᠣᠭᠤᠷᠢᠭ ᠵᠡᠷᠭᠡ 11 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠥᠭᠡᠷᠡᠴᠢᠯᠡᠬᠦ ᠪᠠ ᠲᠥᠬᠦᠭᠡᠷᠦᠮᠵᠢ ᠬᠤᠳᠠᠯᠳᠤᠨ ᠠᠪᠬᠤ ᠲᠥᠷᠥᠯ ᠵᠦᠢᠯ ᠢ ᠡᠬᠢᠯᠡᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠳᠠᠰᠤᠷᠠᠯᠳᠠ ᠦᠬᠡᠢ ᠳᠡᠬᠦᠯᠳᠡᠷᠵᠢᠬᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠠᠬᠢᠭᠤᠯᠵᠤ᠂ ᠬᠢᠲᠠᠳ ᠮᠣᠩᠭᠤᠯ ᠡᠮᠨᠡᠯᠭᠡ ᠶᠢᠨ ᠣᠨᠴᠠᠯᠢᠭᠲᠤ ᠳᠠᠪᠠᠭᠤᠯᠢᠭ ᠲᠤ ᠲᠦᠰᠢᠭᠯᠡᠨ᠂ ᠡᠷᠡᠭᠦᠯ ᠮᠡᠨᠳᠦ ᠶᠢᠨ ᠠᠵᠤ ᠦᠢᠯᠡᠰ ᠤᠨ ᠠᠭᠤᠰᠤᠯᠴᠠᠯ ᠬᠦᠭᠵᠢᠯᠲᠠ ᠶᠢ ᠠᠬᠢᠭᠤᠯᠤᠨ᠎ᠠ᠃ ᠣᠷᠳᠣᠰ ᠬᠤᠲᠠ ᠶᠢᠨ ︽ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ ᠶᠢᠨ 30 ᠵᠤᠷᠪᠤᠰ︾ ᠢ ᠨᠠᠶᠢᠳᠠᠪᠤᠷᠢᠵᠢᠭᠤᠯᠵᠤ᠂ ︽ᠰᠤᠷᠤᠯᠭ᠎ᠠ ᠶᠢᠨ ᠨᠠᠮᠳᠡᠷ ᠦᠨᠳᠦᠷ᠂ ᠮᠡᠷᠭᠡᠵᠢᠯ ᠳᠤ ᠪᠠᠨ ᠴᠠᠭᠠᠷᠠᠭᠰᠠᠨ᠂ ᠲᠡᠷᠢᠬᠦᠨ ᠤ ᠮᠡᠳᠡᠯᠭᠡ ᠮᠡᠷᠭᠡᠵᠢᠯ ᠡᠵᠡᠮᠰᠢᠭᠰᠡᠨ︾ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠴᠢᠳᠠᠪᠤᠷᠢᠲᠠᠨ ᠢᠶᠠᠷ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠬᠥᠭᠵᠢᠭᠦᠯᠬᠦ ᠶᠢ ᠪᠡᠶᠡᠯᠡᠭᠦᠯᠦᠨ᠎ᠡ᠃     ᠰᠣᠶᠣᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠤᠱᠯᠠᠭᠤᠯᠬᠤ ᠲᠠᠢ ᠤᠶᠠᠯᠳᠤᠭᠤᠯᠤᠨ᠂ 15 ᠠᠴᠠ ᠳᠡᠭᠡᠭᠰᠢ ᠰᠣᠳᠣᠨ ᠤᠷᠠᠨ ᠰᠠᠶᠢᠬᠠᠨ ᠤ ᠫᠷᠣᠭ᠍ᠷᠠᠮ ᠢ ᠨᠠᠶᠢᠷᠠᠭᠤᠯᠤᠨ ᠵᠣᠬᠢᠶᠠᠨ ᠪᠦᠲᠦᠭᠡᠵᠦ᠂ 40 ᠤᠳᠠᠭ᠎ᠠ ᠠᠴᠠ ᠳᠡᠭᠡᠭᠰᠢ ᠭᠤᠣᠯ ᠰᠡᠳᠦᠪᠲᠦ ᠤᠷᠠᠨ ᠰᠠᠶᠢᠬᠠᠨ ᠤ ᠲᠣᠭᠯᠠᠯᠲᠠ ᠶᠢ ᠦᠷᠨᠢᠬᠦᠯᠦᠨ᠎ᠡ︔ ᠲᠣᠭᠠᠴᠢᠯᠠᠭᠰᠠᠨ ᠰᠣᠶᠣᠯ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠂      ︽ᠤᠯᠠᠭᠠᠨᠮᠥ᠋ᠴᠢᠷ + ᠰᠣᠶᠣᠯ ᠵᠢᠭᠤᠯᠴᠢᠯᠠᠯ ᠤᠨ ᠠᠵᠤ ᠦᠢᠯᠡᠰ︾ ᠤᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠵᠦ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠮᠥᠩᠭᠦᠨ ᠭᠦᠢᠯᠭᠡᠭᠡᠨ ᠤ ᠴᠡᠴᠡᠷᠯᠢᠭ ᠢ ᠪᠡᠶ᠎ᠡ ᠶᠢᠨ ᠲᠠᠮᠢᠷ ᠤᠨ ᠴᠡᠴᠡᠷᠯᠢᠭ ᠪᠣᠯᠭᠠᠨ ᠥᠭᠡᠷᠡᠴᠢᠯᠡᠬᠦ ᠲᠥᠷᠥᠯ ᠵᠦᠢᠯ ᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠡᠯ᠎ᠡ ᠲᠣᠰᠬᠤᠨ ᠳᠤ ᠨᠠᠭᠠᠲᠤ ᠵᠠᠬ᠎ᠠ ᠳᠠᠭᠠᠨ ᠨᠢᠭᠡ ᠢᠵᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠦᠬᠦᠭᠡᠷᠦᠮᠵᠢ ᠶᠢ ᠲᠣᠬᠢᠷᠠᠭᠤᠯᠤᠨ᠂ ᠣᠷᠳᠣᠰ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ︽ᠲᠤᠯᠤᠭᠠᠨ ᠨᠢᠭᠡ ᠵᠠᠭᠤ︾ ᠰᠢᠷᠢᠰ ᠠᠵᠢᠯᠯᠠᠭ᠎ᠠ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠮᠡᠷᠭᠡᠵᠢᠯ ᠴᠢᠳᠠᠪᠤᠷᠢ ᠶᠢᠨ ᠨᠡᠶᠢᠲᠡ ᠶᠢᠨ ᠠᠰᠠᠷᠠᠮᠵᠢ ᠶᠢᠨ ᠪᠣᠯᠪᠠᠰᠤᠷᠠᠭᠤᠯᠤᠯ ᠢ ᠦᠷᠨᠢᠬᠦᠯᠦᠨ᠂ ᠦᠨᠳᠦᠰᠦᠨ ᠱᠠᠲᠤᠨ ᠳᠤ ᠭᠦᠨᠵᠡᠭᠡᠶᠢᠷᠡᠨ ᠮᠡᠷᠭᠡᠵᠢᠯ ᠴᠢᠳᠠᠪᠤᠷᠢ ᠶᠢᠨ ᠵᠢᠯᠣᠭᠤᠳᠤᠯᠭ᠎ᠠ ᠬᠢᠬᠦ᠂ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠤ ᠶᠠᠪᠤᠳᠠᠯ ᠢ ᠵᠣᠬᠢᠶᠠᠨ ᠪᠠᠶᠢᠭᠤᠯᠬᠤ ᠵᠡᠷᠭᠡ ᠠᠵᠢᠯᠯᠠᠭ᠎ᠠ ᠶᠢ ᠦᠷᠨᠢᠬᠦᠯᠦᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠨ᠎ᠡ ᠬᠡᠪ ᠰᠤᠷᠲᠠᠯ ᠢ ᠬᠥᠲᠥᠯᠥᠨ ᠵᠢᠯᠤᠭᠤᠳᠴᠤ ᠪᠣᠶ ᠪᠣᠯᠭᠠᠨ᠎ᠠ᠃     ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠨ᠎ᠠ᠃ ᠠᠵᠢᠯ ᠣᠯᠭᠤᠬᠤ ᠦᠢᠯᠡᠴᠢᠯᠡᠭᠡᠨ ᠤ ᠰᠢᠰᠲ᠋ᠧᠮᠵᠢ ᠪᠣᠯᠣᠨ ᠲᠤᠰᠠᠯᠠᠨ ᠲᠡᠳᠬᠦᠬᠦ ᠶᠢ ᠠᠬᠢᠭᠤᠯᠬᠤ ᠲᠣᠭᠲᠠᠴᠠ ᠶᠢ ᠪᠦᠷᠢᠨᠰᠢᠭᠦᠯᠦᠨ᠂ ᠠᠵᠢᠯ ᠮᠡᠷᠭᠡᠵᠢᠯ ᠤᠨ ᠪᠤᠯᠪᠠᠰᠤᠷᠠᠯ ᠢ ᠴᠢᠩᠭᠠᠳᠬᠠᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠲᠤᠬᠢᠷᠠᠭᠤᠯᠤᠯᠲᠠ ᠶᠢ ᠥᠷᠭᠡᠳᠬᠡᠵᠦ᠂ ᠳᠡᠭᠡᠳᠦ ᠰᠤᠷᠭᠠᠭᠤᠯᠢ ᠲᠡᠭᠦᠰᠦᠭᠰᠡᠳ᠂ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠨᠡᠶᠢᠳᠡ ᠴᠣᠭᠴᠠ   ᠳᠤ ᠠᠵᠢᠯ ᠣᠯᠭᠤᠬᠤ ᠶᠢ ᠠᠬᠢᠭᠤᠯᠤᠨ᠎ᠠ᠃ ᠨᠠᠰᠤᠵᠢᠯ ᠳᠤ ᠵᠣᠬᠢᠴᠠᠬᠤ ᠥᠭᠡᠷᠡᠴᠢᠯᠡᠯᠲᠡ ᠶᠢ ᠲᠦᠷᠭᠡᠳᠬᠡᠵᠦ᠂ ᠭᠡᠷ ᠲᠡᠭᠡᠨ ᠰᠠᠭᠤᠵᠦ ᠨᠠᠰᠤᠵᠢᠯ ᠤᠨ ᠠᠰᠠᠷᠠᠮᠵᠢ ᠬᠦᠷᠳᠡᠬᠦ ᠪᠠ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢᠳᠤᠯᠢᠭ ᠢᠶᠠᠷ ᠠᠵᠢᠯ ᠣᠯᠣᠭᠰᠠᠳ ᠪᠠ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠵᠢᠯ ᠡᠷᠬᠢᠯᠡᠭᠰᠡᠳ ᠢ ᠦᠨᠳᠦᠰᠦᠨ ᠡᠮᠴᠢᠯᠡᠭᠡᠨ ᠤ ᠳᠠᠭᠠᠳᠬᠠᠯ ᠳᠤ ᠢᠳᠡᠪᠬᠢᠲᠠᠢ ᠣᠷᠣᠯᠴᠠᠭᠤᠯᠵᠤ᠂ ᠡᠮᠴᠢᠯᠡᠭᠡᠨ ᠤ ᠳᠠᠭᠠᠳᠬᠠᠯ ᠤᠨ  ᠪᠦᠷᠬᠦᠴᠡ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢ ᠦᠨᠡᠯᠡᠨ ᠲᠣᠭᠲᠠᠭᠠᠬᠤ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠲᠤᠰᠬᠠᠶᠢᠵᠢᠭᠰᠠᠨ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢ ᠢᠳᠡᠪᠬᠢᠲᠡᠢ ᠪᠠᠷ ᠲᠡᠳᠡᠨ ᠣᠷᠣᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠳᠤ ᠤᠷᠤᠯᠴᠠᠭᠤᠯᠤᠨ᠎ᠠ᠃ ᠤᠨᠴᠠᠭᠠᠢ ᠬᠦᠴᠢᠷᠳᠡᠯᠲᠡᠢ ᠣᠯᠠᠨ ᠲᠦᠮᠡᠨ ᠤ ᠪᠠᠲᠤᠯᠠᠭ᠎ᠠ ᠪᠠ ᠳᠤᠰᠠᠯᠠᠨ ᠳᠡᠳᠬᠦᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠰᠠᠷᠠᠮᠵᠢ ᠳᠡᠳᠬᠦᠮᠵᠢ ᠪᠠᠷ ᠪᠠᠴᠢᠮ ᠱᠠᠭᠠᠷᠳᠠᠭᠳᠠᠵᠤ ᠪᠠᠶᠢᠭ᠎ᠠ ᠡᠯ᠎ᠡ ᠲᠥᠷᠥᠯ ᠤᠨ ᠲᠤᠰᠠᠯᠠᠨ ᠳᠡᠳᠬᠦᠬᠦ ᠡᠲᠡᠭᠡᠳ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠵᠦ᠂ ᠪᠠᠲᠤᠯᠠᠭ᠎ᠠ ᠬᠠᠩᠭᠠᠨ ᠠᠪᠤᠷᠠᠨ ᠲᠡᠳᠬᠦᠨ᠎ᠡ᠃     ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠤᠷᠢᠯᠡᠵᠦ᠂ ᠬᠠᠤᠯᠢ ᠪᠤᠰᠤ ᠪᠠᠷ ᠪᠡᠯᠡ ᠮᠥᠩᠭᠦ  ᠬᠤᠷᠠᠮᠳᠤᠭᠤᠯᠤᠭᠰᠠᠨ ᠬᠡᠷᠡᠭ ᠢ ᠰᠢᠢᠳᠪᠦᠷᠢᠯᠡᠬᠦ᠂ ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢ ᠰᠢᠢᠳᠪᠤᠷᠢᠯᠡᠬᠦ ᠣᠨ ᠤ ᠡᠭᠦᠷᠭᠡ ᠶᠢ ᠡᠷᠡᠰ ᠭᠤᠶᠢᠪᠢᠰᠢ ᠦᠬᠡᠢ ᠪᠡᠶᠡᠯᠡᠭᠦᠯᠦᠨ᠎ᠡ᠃ ᠠᠶᠤᠯ ᠦᠭᠡᠢ ᠦᠢᠯᠡᠳᠪᠦᠷᠢᠯᠡᠯ ᠤᠨ ︽ᠠᠷᠪᠠᠨ ᠲᠠᠪᠤᠨ ᠵᠦᠢᠯ ᠤᠨ ᠠᠷᠭ᠎ᠠ ᠬᠡᠮᠵᠢᠶ᠎ᠡ︾ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠨᠤᠭ ᠲᠥᠬᠦᠭᠡᠷᠦᠮᠵᠢ᠂ ᠡᠳ᠋ ᠪᠠᠷᠠᠭ᠎ᠠ ᠶᠢ ᠴᠠᠭ ᠲᠤᠬᠠᠢ ᠳᠤᠨᠢ ᠨᠥᠬᠦᠪᠦᠷᠢᠯᠡᠨ ᠰᠢᠨᠡᠳᠬᠡᠵᠦ᠂ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠢ ᠶᠡᠷᠦᠩᠬᠡᠢ ᠳᠡᠭᠡᠨ ᠲᠤᠭᠳᠠᠭᠤᠨ ᠪᠠᠶᠢᠯᠭᠠᠨ᠎ᠠ᠃ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠤᠯᠠᠨ ᠡᠰᠢᠴᠢᠯᠡᠭᠰᠡᠨ ᠠᠷᠭ᠎ᠠ ᠪᠠᠷᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ ︽ᠠᠮᠤᠭᠤᠯᠠᠩ ᠳ᠋ᠦᠩᠱᠧᠩ︾ ︽ᠪᠥᠬᠦ ᠤᠯᠤᠰ ᠤᠨ ᠬᠠᠮᠤᠭ ᠤᠨ ᠠᠮᠤᠷ ᠲᠦᠪᠰᠢᠨ ᠬᠤᠲᠠ︾ ᠶᠢᠨ ᠡᠬᠦᠳᠦᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠥᠬᠦ ᠲᠠᠯ᠎ᠠ ᠶᠢᠨ ᠴᠣᠬᠢᠯᠲᠠ ᠥᠭᠴᠦ᠂ ᠣᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠤᠭᠤᠷᠢᠭ ᠤᠨ ᠡᠭᠦᠳᠦᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ 2 ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠤᠨ ᠰᠠᠭᠤᠷᠢᠨ ᠭᠠᠵᠠᠷ᠂ 1 ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠥᠨ ᠠᠮᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠴᠣᠭᠴᠠᠯᠠᠨ ᠪᠠᠶᠢᠭᠤᠯᠤᠨ᠎ᠠ᠃ ᠬᠤᠲᠠ ᠶᠢᠨ ᠤᠷᠤᠨ ᠪᠦᠰᠡ ᠶᠢᠨ ᠨᠡᠶᠢᠭᠡᠮ ᠤᠨ ᠵᠠᠰᠠᠯᠲᠠ᠂ ᠡᠬᠡ ᠤᠷᠤᠨᠴᠢ ᠡᠷᠡᠭᠦᠯ ᠬᠠᠮᠠᠭᠠᠯᠠᠯ᠂ ᠬᠤᠶᠠᠷ ᠢ ᠬᠦᠷᠢᠶᠡᠯᠡᠬᠦ᠂ ᠨᠢᠭᠡᠳᠦᠮᠡᠯ ᠹᠷᠣᠨᠲ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ᠂ ᠣᠷᠣᠰᠢᠭᠤᠯᠭ᠎ᠠ ᠶᠢᠨ ᠠᠵᠢᠯ᠂ ᠲᠠᠩᠰᠠ ᠡᠪᠬᠡᠮᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠡᠶᠢᠭᠡᠮ ᠤᠨ ᠴᠡᠴᠡᠭᠯᠡᠨ ᠬᠦᠭᠵᠢᠯᠲᠡ ᠪᠠ  ᠠᠮᠤᠷ ᠲᠣᠭᠲᠠᠭᠤᠨ ᠤ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠨ᠎ᠠ᠃     ᠲᠥᠯᠥᠭᠡᠯᠡᠭᠴᠢᠳ ᠠ᠋᠂ 2023 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠳᠤ ᠡᠭᠦᠷᠭᠡ ᠬᠠᠷᠢᠭᠤᠴᠠᠯᠭ᠎ᠠ ᠬᠦᠨᠳᠦ ᠪᠠᠶᠢᠨ᠎ᠠ᠃ ᠪᠢᠳᠡ ᠲᠤᠭᠤᠷᠢᠭ ᠤᠨ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠳᠡᠮᠵᠢᠯᠭᠡ ᠳᠣᠣᠷ᠎ᠠ᠂ ᠵᠣᠷᠢᠭᠲᠠᠢ ᠪᠠᠷ ᠤᠷᠤᠭᠰᠢᠯᠠᠨ ᠳᠠᠪᠰᠢᠵᠤ ᠪᠣᠳᠠᠲᠠᠢ ᠠᠵᠢᠯᠯᠠᠨ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠳ᠋ᠦᠩᠱᠧᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ  ᠪᠠᠷ ᠵᠣᠷᠢᠭ ᠰᠢᠭᠤᠳᠴᠤ ᠪᠠᠶᠢᠨ᠎ᠠ︕
ᠢᠷᠡᠯᠲᠡ᠄ ᠳᠤᠰ ᠰᠦᠯᠵᠢᠶ᠎ᠡ